ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠠᠩᠬ᠎ᠠ ᠤᠳᠠᠭ᠎ᠠ ᠡᠪᠦᠯ ᠤᠨ ᠤᠯᠠᠷᠢᠯ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠎ ᠤ ᠪᠠᠶᠢᠷᠢᠯᠠᠭᠤᠯᠤᠯᠳᠠ ᠲᠠᠢ ᠪᠦᠬᠦ ᠲᠠᠯ᠎ᠠ ᠪᠠᠷ ᠠᠯᠬᠤᠮ ᠨᠡᠶᠢᠴᠡᠭᠰᠡᠨ
ᠨᠡᠶᠢᠲᠡᠯᠡᠭᠰᠡᠨ ᠴᠠᠭ᠄
2019/10/31
  ︿ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ﹀  ᠎ ᠤ ᠲᠦᠷᠦᠯ ᠵᠦᠢᠯ ᠢ ᠪᠠᠶᠢᠷᠢᠯᠠᠭᠤᠯᠬᠤ ᠲᠠᠯ᠎ᠠ ᠪᠠᠷ  ᠡᠪᠦᠯ ᠤᠨ ᠤᠯᠠᠷᠢᠯ ᠤᠨ ᠤᠯᠢᠮᠫᠢᠺ ᠤᠨ ᠪᠡᠶ᠎ᠡ ᠎ ᠶᠢᠨ ᠲᠠᠮᠢᠷ ᠤᠨ  ᠴᠤᠭᠯᠠᠭᠠᠨ ᠤ ᠲᠦᠷᠦᠯ ᠵᠦᠢᠯ ᠲᠠᠢ ᠪᠦᠬᠦ ᠲᠠᠯ᠎ᠠ ᠪᠠᠷ ᠨᠡᠶᠢᠴᠡᠭᠦᠯᠵᠦ᠂ ᠠᠩᠬ᠎ᠠ ᠤᠳᠠᠭ᠎ᠠ ᠪᠦᠬᠦ ᠲᠦᠷᠦᠯ ᠵᠦᠢᠯ ᠢ ᠤᠷᠤᠯᠳᠤᠭᠠᠨ ᠳᠤ ᠤᠷᠤᠯᠴᠠᠭᠤᠯᠬᠤ ᠶᠢ ᠪᠡᠶᠡᠯᠡᠭᠦᠯᠬᠦ ᠪᠤᠯᠤᠨ᠎ᠠ᠃   2022 ᠤᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠪᠡᠶ᠎ᠡ ᠶᠢᠨ ᠲᠠᠮᠢᠷ ᠤᠨ  ᠴᠤᠭᠯᠠᠭᠠᠨ ᠎ ᠠᠴᠠ ᠡᠮᠦᠨᠡᠬᠢ ᠪᠦᠬᠦ ᠤᠯᠤᠰ ᠤᠨ ᠬᠡᠪᠴᠢᠶᠡᠨ‌‍ᠳᠡᠬᠢ ᠬᠠᠮᠤᠭ ᠥᠨᠳᠦᠷ ᠪᠠᠷᠢᠮᠵᠢᠶᠠᠨ ᠤ ᠡᠪᠦᠯ ᠤᠨ  ᠤᠯᠠᠷᠢᠯ ᠤᠨ ᠲᠤᠮᠤ ᠬᠡᠯᠪᠡᠷᠢ ᠶᠢᠨ ᠶᠡᠷᠦᠩᠭᠡᠶᠢᠯᠡᠭᠰᠡᠨ‌‍ᠬᠡᠯᠪᠡᠷᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠪᠤᠯᠤᠭᠰᠠᠨ ᠤ  ᠬᠤᠪᠢ ᠳᠤ ᠂ ︿ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ﹀ ᠎ ᠨᠢ ᠤᠷᠤᠯᠳᠤᠭᠠᠨ ᠤ ᠲᠦᠷᠦᠯ ᠵᠦᠢᠯ ᠢ ᠲᠤᠬᠢᠷᠠᠭᠤᠯᠬᠤ ᠪᠠ ᠤᠷᠤᠯᠳᠤᠭᠠᠨ ᠤ ᠲᠠᠯᠠᠪᠤᠷ ᠢ ᠪᠠᠶᠢᠷᠢᠯᠠᠭᠤᠯᠬᠤ ᠵᠡᠷᠭᠡ ᠡᠯ᠎ᠡ ᠲᠠᠯ᠎ᠠ ᠪᠠᠷ 2022 ᠤᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ  ᠎ ᠤᠨ ᠪᠡᠶ᠎ᠡ ᠶᠢᠨ ᠲᠠᠮᠢᠷ ᠤᠨ  ᠴᠤᠭᠯᠠᠭᠠᠨ ᠤ ᠪᠠᠷᠢᠮᠵᠢᠶᠠᠨ ᠳᠤ ᠬᠦᠷᠬᠦ ᠶᠢ ᠬᠢᠴᠢᠶᠡᠵᠦ ᠪᠠᠶᠢᠨ᠎ᠠ᠃   ︿ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ﹀᠎ ᠤ ᠤᠷᠤᠯᠳᠤᠭᠠᠨ ᠤ ᠲᠦᠷᠦᠯ ᠵᠦᠢᠯ ᠤᠨ ᠪᠠᠶᠢᠷᠢᠯᠠᠭᠤᠯᠤᠯᠳᠠ ᠶᠢ 2022 ᠤᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠨᠢᠭᠡᠳᠦᠯᠳᠠᠢ ᠪᠠᠶᠢᠯᠭᠠᠬᠤ ᠠᠴᠠ ᠭᠠᠳᠠᠨ᠎ᠠ ᠪᠠᠰᠠ ᠰᠢᠨ᠎ᠡ ᠪᠠᠷ 32 ᠲᠦᠷᠦᠯ ‍ᠤᠨ‌ᠵᠠᠯᠠᠭᠤᠴᠤᠳ ᠤᠨ ᠤᠷᠤᠯᠳᠤᠭᠠᠨ ᠤ ᠲᠦᠷᠦᠯ ᠵᠦᠢᠯ ᠢ ᠨᠡᠮᠡᠵᠠᠢ᠃ ᠡᠶᠢᠮᠦ ᠠᠴᠠ ᠲᠤᠰ ᠤᠳᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠳᠡ 7  ᠶᠡᠭᠡ ᠲᠦᠷᠦᠯ ᠂ 15 ᠬᠤᠪᠢᠶᠠᠷᠢ ᠲᠦᠷᠦᠯ ᠪᠤᠯᠤᠨ141 ᠪᠠᠭ᠎ᠠ ᠲᠦᠷᠦᠯ ᠢ ᠲᠤᠬᠢᠷᠠᠭᠤᠯᠵᠦ᠂ ᠪᠦᠬᠦ ᠲᠦᠷᠦᠯ ᠵᠦᠢᠯ  ᠤᠷᠤᠯᠳᠤᠭᠠᠨ ᠳᠤ ᠤᠷᠤᠯᠴᠠᠬᠤ ᠶᠢ ᠪᠡᠶᠡᠯᠡᠭᠦᠯᠬᠦ ᠪᠤᠯᠤᠨ᠎ᠠ᠃   ︿ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ﹀  ᠎ ᠤ  ᠤᠷᠤᠯᠳᠤᠭᠠᠨ ᠤ ᠲᠦᠷᠦᠯ ᠵᠦᠢᠯ ᠤᠨ ᠪᠠᠶᠢᠷᠢᠯᠠᠭᠤᠯᠤᠯᠳᠠ ᠪᠦᠬᠦ ᠲᠠᠯ᠎ᠠ ᠪᠠᠷ ᠶᠠᠪᠤᠭᠳᠠᠵᠦ᠂  ᠲᠠᠮᠢᠷᠴᠢᠳ 2022 ᠤᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠪᠡᠶ᠎ᠡ ᠶᠢᠨ ᠲᠠᠮᠢᠷ ᠤᠨ  ᠴᠤᠭᠯᠠᠭᠠᠨ ᠠᠴᠠ ᠡᠮᠦᠨᠡᠬᠢ ᠬᠠᠮᠤᠭ ᠴᠢᠬᠤᠯᠠ᠂ ᠬᠠᠮᠤᠭ ᠤᠨ ᠦᠷ᠎ᠡ ᠪᠦᠳᠦᠮᠵᠢᠳᠠᠢ ᠨᠢᠭᠡᠨ ᠤᠳᠠᠭᠠᠨ ᠤ  ᠪᠤᠳᠠᠳᠤ ᠰᠤᠷᠢᠯᠳᠠ ᠶᠢ ᠶᠠᠪᠤᠭᠳᠠᠭᠤᠯᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号