ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠳᠡᠭᠡᠷᠡᠬᠢ ᠯᠤᠤᠲᠦ ᠤᠩᠭᠤᠴᠠ ᠶᠢᠨ ᠤᠷᠤᠯᠳᠤᠭᠠᠨ ᠤ ᠲᠦᠷᠦᠯ ᠵᠦᠢᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨ ᠬᠠᠲᠠᠭᠤᠵᠢᠯᠲᠠᠢ ᠪᠤᠯᠪᠠᠰᠤᠷᠠᠯ ᠢᠶᠠᠨ ᠬᠢᠵᠣ ᠪᠠᠶᠢᠨ᠎ᠠ
ᠨᠡᠶᠢᠲᠡᠯᠡᠭᠰᠡᠨ ᠴᠠᠭ᠄
2019/11/14
     ᠤᠳᠠᠯ ᠦᠬᠡᠢ ᠬᠦᠷᠴᠦ ᠢᠷᠡᠬᠦ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠠᠯᠠᠮᠰᠢᠯ ᠮᠡᠳᠡᠭᠡᠯᠡᠯ ᠬᠦᠮᠦᠰ ᠤᠨ ᠠᠩᠬᠠᠷᠤᠯ ᠳᠤ ᠬᠦᠷᠴᠦ ᠪᠠᠶᠢᠬᠤ ᠲᠠᠰᠢᠷᠠᠮ ᠢᠶᠠᠷ᠂ ᠰᠤᠷᠪᠤᠯᠵᠢᠯᠠᠭᠴᠢ ᠮᠦᠰᠦᠨ ᠳᠡᠭᠡᠷᠡᠬᠢ ᠯᠤᠤᠲᠦ ᠤᠩᠭᠤᠴᠠ ᠶᠢᠨ ᠤᠷᠤᠯᠳᠤᠭᠠᠨ ᠤ ᠲᠦᠷᠦᠯ ᠵᠦᠢᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠤᠯᠤᠨ ᠨᠤᠤᠷ ᠰᠢᠶᠠᠨ ᠳᠠᠬᠢ ᠪᠤᠯᠪᠠᠰᠤᠷᠠᠯ ᠎ ᠤᠨ ᠰᠠᠭᠤᠷᠢᠨ ᠭᠠᠵᠠᠷ ᠲᠤ ᠬᠦᠷᠬᠦ ᠳᠤ ᠲᠠᠮᠢᠷᠴᠢᠳ ᠶᠠᠭ ᠰᠠᠶ᠋ᠢᠬᠠᠨ ᠬᠠᠲᠠᠭᠤᠵᠢᠯᠲᠠᠢ ᠪᠦᠭᠡᠳ ᠶᠠᠭᠠᠷᠠᠯᠲᠠᠶᠢᠬᠠᠨ ᠰᠣᠷᠢᠯᠳᠠ ᠪᠠᠨ ᠬᠢᠵᠦ ᠪᠠᠶᠢᠯ᠎ᠠ᠃     ᠰᠤᠷᠪᠤᠯᠵᠢᠯᠠᠭᠴᠢ ᠳᠤᠯᠤᠨ ᠨᠤᠤᠷ ᠰᠢᠶᠠᠨ ᠳᠠᠬᠢ ᠪᠤᠯᠪᠠᠰᠤᠷᠠᠯ ᠤᠨ ᠰᠠᠭᠤᠷᠢᠨ ᠭᠠᠵᠠᠷ ᠲᠤ ᠬᠦᠷᠬᠦ ᠳᠤ᠂  ᠲᠠᠮᠢᠷᠴᠢᠳ ᠮᠦᠰᠦᠨ ᠳᠡᠭᠡᠷᠡᠬᠢ ᠯᠤᠤᠲᠦ ᠤᠩᠭᠤᠴᠠ ᠰᠡᠯᠢᠬᠦ ᠤᠷ᠎ᠠ ᠮᠡᠷᠭᠡᠵᠢᠯ ᠤᠨ ᠪᠤᠯᠪᠠᠰᠤᠷᠠᠯ ᠦᠷᠨᠢᠬᠦᠯᠵᠦ  ᠪᠠᠶᠢᠯ᠎ᠠ᠃ ᠲᠠᠮᠢᠷᠴᠢᠳ ᠪᠦᠬᠦ ᠰᠡᠳᠬᠢᠯ ᠢᠶᠠᠨ ᠲᠦᠪᠯᠡᠷᠡᠬᠦᠯᠤᠨ ᠪᠤᠯᠪᠠᠰᠤᠷᠠᠯ ᠳᠤ ᠬᠢᠨᠠᠮᠠᠭᠠᠢ ᠤᠷᠤᠯᠴᠠᠵᠦ᠂ ᠡᠷᠴᠢ ᠵᠤᠷᠢᠭ ᠳᠡᠬᠦᠯᠳᠡᠷ ᠪᠠᠶᠢᠯ᠎ᠠ᠂ ᠲᠤᠰᠠᠯᠠᠭᠴᠢ ᠰᠤᠷᠭᠠᠭᠴᠢ ᠶᠢᠨ ᠲᠠᠨᠢᠯᠴᠠᠭᠤᠯᠤᠭᠰᠠᠨ ᠢᠶᠠᠷ᠂ ᠪᠦᠬᠦᠶᠢᠯᠡ ᠪᠤᠯᠪᠠᠰᠤᠷᠠᠯ ᠎ ᠤᠨ ᠶᠠᠪᠤᠴᠠ ᠳᠤ᠂ ᠪᠦᠯᠬᠦᠮ ᠤᠨ ᠲᠠᠮᠢᠷᠴᠢᠳ ᠯᠤᠤᠲᠦ ᠤᠩᠭᠤᠴᠠ ᠰᠡᠯᠢᠬᠦ ᠤᠷ᠎ᠠ ᠮᠡᠷᠭᠡᠵᠢᠯ ᠤᠨ ᠪᠤᠯᠪᠠᠰᠤᠷᠠᠯ ᠬᠢᠬᠦ ᠎ ᠪᠠᠷ ᠪᠠᠷᠠᠬᠤ ᠦᠬᠡᠢ ᠪᠠᠰᠠ ᠮᠠᠰᠢ ᠴᠢᠩᠭ᠎ᠠ ᠬᠦᠴᠦᠨ ᠴᠢᠳᠠᠯ ᠤᠨ ᠪᠤᠯᠪᠠᠰᠤᠷᠠᠯ᠂ ᠲᠠᠮᠢᠷ ᠤᠨ ᠴᠢᠳᠠᠯ ᠤᠨ ᠪᠤᠯᠪᠠᠰᠤᠷᠠᠯ ᠵᠡᠷᠭᠡ ᠶᠢ ᠪᠠᠭᠲᠠᠭᠠᠭᠰᠠᠨ ᠬᠤᠷᠢ ᠭᠠᠷᠤᠢ ᠲᠦᠷᠦᠯ ᠤᠨ ᠪᠤᠯᠪᠠᠰᠤᠷᠠᠯ ᠦᠷᠨᠢᠬᠦᠯᠳᠡᠭ ᠪᠠᠶᠢᠨ᠎ᠠ ᠭᠡᠯ᠎ᠡ᠃ ᠤᠳᠤᠬᠠᠨ ᠲᠤᠰ ᠲᠦᠯᠦᠭᠡᠯᠡᠭᠴᠢᠳ ᠤᠨ ᠪᠦᠯᠬᠦᠮ ᠳᠤ ᠨᠡᠶᠢᠲᠡ18 ᠨᠡᠷ᠎ᠡ ᠬᠡᠰᠢᠬᠦᠨ ᠲᠠᠮᠢᠷᠴᠢᠳ ᠲᠠᠢ ᠪᠠᠶᠢᠵᠦ᠂ ᠴᠦᠮ ᠨᠡᠶᠢᠭᠡᠮ ᠤᠨ ᠡᠯ᠎ᠡ‌ᠠᠵᠢᠯ ᠲᠦᠷᠦᠯ ᠤᠨ ᠬᠦᠷᠢᠶ᠎ᠡ ᠴᠠᠷ᠎ᠠ‌ᠡᠴᠨ ᠬᠦᠷᠦᠯᠴᠡᠨ ᠢᠷᠡᠭᠰᠡᠨ ᠲᠠᠮᠢᠷ ᠤᠨ ᠬᠦᠳᠡᠯᠭᠡᠭᠡᠨ ᠤ ᠳᠤᠷ᠎ᠠ ᠪᠠᠭ᠋ᠠᠲᠠᠳ ᠢᠶᠠᠷ ᠪᠦᠷᠢᠯᠳᠦᠵᠡᠢ᠃     ᠡᠬᠡ ᠬᠠᠭᠤᠷᠠᠢ ᠶᠢᠨ ᠯᠤᠤᠲᠦ ᠤᠩᠭᠤᠴᠠᠨ ᠤ ᠲᠤᠰᠬᠠᠢ ᠪᠤᠯᠪᠠᠰᠤᠷᠠᠯ ᠳᠤᠮᠳᠠ᠂ ᠤᠳᠤᠬᠠᠨ ᠲᠤᠰ ᠲᠦᠯᠦᠭᠡᠯᠡᠭᠴᠢᠳ ᠤᠨ ᠪᠦᠯᠬᠦᠮ ᠤᠨ ᠲᠠᠮᠢᠷᠴᠢᠳ ᠤᠨ ᠬᠢᠷᠢ ᠪᠦᠲᠦᠮᠵᠢ ᠨᠢ ᠨᠢᠭᠡᠨᠲᠡ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠷᠡᠭᠲᠡᠢ ᠶᠢᠨ ᠳᠤᠭᠤᠶᠢᠯᠠᠩ ᠤᠨ 12 ᠬᠦᠮᠦᠨ ᠤ 100 ᠮᠧᠲᠷ ᠤᠨ ᠤᠷᠤᠯᠳᠤᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠳᠠᠪᠠᠭᠰᠠᠨ ᠪᠠᠶᠢᠨ᠎ᠠ᠃     ᠤᠶᠢᠯᠠᠭᠠᠭᠰᠠᠨ ᠢᠶᠠᠷ᠂ ᠲᠤᠰ ᠤᠳᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 7 ᠶᠡᠭᠡ ᠲᠦᠷᠦᠯ᠂ 15 ᠬᠤᠪᠢᠶᠠᠷᠢ ᠲᠦᠷᠦᠯ᠂141 ᠪᠠᠭ᠎ᠠ ᠲᠦᠷᠦᠯ ᠤᠨ ᠤᠷᠤᠯᠳᠤᠭᠠᠨ ᠤ ᠲᠦᠷᠦᠯ ᠵᠦᠢᠯ ᠢ ᠲᠤᠬᠢᠷᠠᠭᠤᠯᠵᠦ᠂ ᠡᠬᠦᠨ ᠳᠤ ᠰᠢᠨ᠎ᠡ ᠪᠠᠷ ᠨᠡᠮᠡᠵᠦ ᠲᠤᠬᠢᠷᠠᠭᠤᠯᠤᠭᠰᠠᠨ 32 ᠲᠦᠷᠦᠯ ᠤᠨ ᠵᠠᠯᠠᠭᠤᠴᠤᠳ ᠤᠨ ᠤᠷᠤᠯᠳᠤᠭᠠᠨ ᠤ ᠲᠦᠷᠦᠯ ᠵᠦᠢᠯ ᠢ ᠪᠠᠭᠲᠠᠭᠠᠨ᠎ᠠ᠃
   
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号