ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠳᠡᠭᠡᠷᠡᠬᠢ ᠯᠤᠤᠲᠦ ᠤᠩᠭᠤᠴᠠ ᠶᠢᠨ ᠤᠷᠤᠯᠳᠤᠭᠠᠨ ᠤ ᠲᠦᠷᠦᠯ ᠵᠦᠢᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨ ᠬᠠᠲᠠᠭᠤᠵᠢᠯᠲᠠᠢ ᠪᠤᠯᠪᠠᠰᠤᠷᠠᠯ ᠢᠶᠠᠨ ᠬᠢᠵᠣ ᠪᠠᠶᠢᠨ᠎ᠠ
ᠨᠡᠶᠢᠲᠡᠯᠡᠭᠰᠡᠨ ᠴᠠᠭ᠄
2019/11/14
     ᠤᠳᠠᠯ ᠦᠬᠡᠢ ᠬᠦᠷᠴᠦ ᠢᠷᠡᠬᠦ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠠᠯᠠᠮᠰᠢᠯ ᠮᠡᠳᠡᠭᠡᠯᠡᠯ ᠬᠦᠮᠦᠰ ᠤᠨ ᠠᠩᠬᠠᠷᠤᠯ ᠳᠤ ᠬᠦᠷᠴᠦ ᠪᠠᠶᠢᠬᠤ ᠲᠠᠰᠢᠷᠠᠮ ᠢᠶᠠᠷ᠂ ᠰᠤᠷᠪᠤᠯᠵᠢᠯᠠᠭᠴᠢ ᠮᠦᠰᠦᠨ ᠳᠡᠭᠡᠷᠡᠬᠢ ᠯᠤᠤᠲᠦ ᠤᠩᠭᠤᠴᠠ ᠶᠢᠨ ᠤᠷᠤᠯᠳᠤᠭᠠᠨ ᠤ ᠲᠦᠷᠦᠯ ᠵᠦᠢᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠤᠯᠤᠨ ᠨᠤᠤᠷ ᠰᠢᠶᠠᠨ ᠳᠠᠬᠢ ᠪᠤᠯᠪᠠᠰᠤᠷᠠᠯ  ᠤᠨ ᠰᠠᠭᠤᠷᠢᠨ ᠭᠠᠵᠠᠷ ᠲᠤ ᠬᠦᠷᠬᠦ ᠳᠤ ᠲᠠᠮᠢᠷᠴᠢᠳ ᠶᠠᠭ ᠰᠠᠶ᠋ᠢᠬᠠᠨ ᠬᠠᠲᠠᠭᠤᠵᠢᠯᠲᠠᠢ ᠪᠦᠭᠡᠳ ᠶᠠᠭᠠᠷᠠᠯᠲᠠᠶᠢᠬᠠᠨ ᠰᠣᠷᠢᠯᠳᠠ ᠪᠠᠨ ᠬᠢᠵᠦ ᠪᠠᠶᠢᠯ᠎ᠠ᠃     ᠰᠤᠷᠪᠤᠯᠵᠢᠯᠠᠭᠴᠢ ᠳᠤᠯᠤᠨ ᠨᠤᠤᠷ ᠰᠢᠶᠠᠨ ᠳᠠᠬᠢ ᠪᠤᠯᠪᠠᠰᠤᠷᠠᠯ ᠤᠨ ᠰᠠᠭᠤᠷᠢᠨ ᠭᠠᠵᠠᠷ ᠲᠤ ᠬᠦᠷᠬᠦ ᠳᠤ᠂  ᠲᠠᠮᠢᠷᠴᠢᠳ ᠮᠦᠰᠦᠨ ᠳᠡᠭᠡᠷᠡᠬᠢ ᠯᠤᠤᠲᠦ ᠤᠩᠭᠤᠴᠠ ᠰᠡᠯᠢᠬᠦ ᠤᠷ᠎ᠠ ᠮᠡᠷᠭᠡᠵᠢᠯ ᠤᠨ ᠪᠤᠯᠪᠠᠰᠤᠷᠠᠯ ᠦᠷᠨᠢᠬᠦᠯᠵᠦ  ᠪᠠᠶᠢᠯ᠎ᠠ᠃ ᠲᠠᠮᠢᠷᠴᠢᠳ ᠪᠦᠬᠦ ᠰᠡᠳᠬᠢᠯ ᠢᠶᠠᠨ ᠲᠦᠪᠯᠡᠷᠡᠬᠦᠯᠤᠨ ᠪᠤᠯᠪᠠᠰᠤᠷᠠᠯ ᠳᠤ ᠬᠢᠨᠠᠮᠠᠭᠠᠢ ᠤᠷᠤᠯᠴᠠᠵᠦ᠂ ᠡᠷᠴᠢ ᠵᠤᠷᠢᠭ ᠳᠡᠬᠦᠯᠳᠡᠷ ᠪᠠᠶᠢᠯ᠎ᠠ᠂ ᠲᠤᠰᠠᠯᠠᠭᠴᠢ ᠰᠤᠷᠭᠠᠭᠴᠢ ᠶᠢᠨ ᠲᠠᠨᠢᠯᠴᠠᠭᠤᠯᠤᠭᠰᠠᠨ ᠢᠶᠠᠷ᠂ ᠪᠦᠬᠦᠶᠢᠯᠡ ᠪᠤᠯᠪᠠᠰᠤᠷᠠᠯ  ᠤᠨ ᠶᠠᠪᠤᠴᠠ ᠳᠤ᠂ ᠪᠦᠯᠬᠦᠮ ᠤᠨ ᠲᠠᠮᠢᠷᠴᠢᠳ ᠯᠤᠤᠲᠦ ᠤᠩᠭᠤᠴᠠ ᠰᠡᠯᠢᠬᠦ ᠤᠷ᠎ᠠ ᠮᠡᠷᠭᠡᠵᠢᠯ ᠤᠨ ᠪᠤᠯᠪᠠᠰᠤᠷᠠᠯ ᠬᠢᠬᠦ  ᠪᠠᠷ ᠪᠠᠷᠠᠬᠤ ᠦᠬᠡᠢ ᠪᠠᠰᠠ ᠮᠠᠰᠢ ᠴᠢᠩᠭ᠎ᠠ ᠬᠦᠴᠦᠨ ᠴᠢᠳᠠᠯ ᠤᠨ ᠪᠤᠯᠪᠠᠰᠤᠷᠠᠯ᠂ ᠲᠠᠮᠢᠷ ᠤᠨ ᠴᠢᠳᠠᠯ ᠤᠨ ᠪᠤᠯᠪᠠᠰᠤᠷᠠᠯ ᠵᠡᠷᠭᠡ ᠶᠢ ᠪᠠᠭᠲᠠᠭᠠᠭᠰᠠᠨ ᠬᠤᠷᠢ ᠭᠠᠷᠤᠢ ᠲᠦᠷᠦᠯ ᠤᠨ ᠪᠤᠯᠪᠠᠰᠤᠷᠠᠯ ᠦᠷᠨᠢᠬᠦᠯᠳᠡᠭ ᠪᠠᠶᠢᠨ᠎ᠠ ᠭᠡᠯ᠎ᠡ᠃ ᠤᠳᠤᠬᠠᠨ ᠲᠤᠰ ᠲᠦᠯᠦᠭᠡᠯᠡᠭᠴᠢᠳ ᠤᠨ ᠪᠦᠯᠬᠦᠮ ᠳᠤ ᠨᠡᠶᠢᠲᠡ18 ᠨᠡᠷ᠎ᠡ ᠬᠡᠰᠢᠬᠦᠨ ᠲᠠᠮᠢᠷᠴᠢᠳ ᠲᠠᠢ ᠪᠠᠶᠢᠵᠦ᠂ ᠴᠦᠮ ᠨᠡᠶᠢᠭᠡᠮ ᠤᠨ ᠡᠯ᠎ᠡ‌ᠠᠵᠢᠯ ᠲᠦᠷᠦᠯ ᠤᠨ ᠬᠦᠷᠢᠶ᠎ᠡ ᠴᠠᠷ᠎ᠠ‌ᠡᠴᠨ ᠬᠦᠷᠦᠯᠴᠡᠨ ᠢᠷᠡᠭᠰᠡᠨ ᠲᠠᠮᠢᠷ ᠤᠨ ᠬᠦᠳᠡᠯᠭᠡᠭᠡᠨ ᠤ ᠳᠤᠷ᠎ᠠ ᠪᠠᠭ᠋ᠠᠲᠠᠳ ᠢᠶᠠᠷ ᠪᠦᠷᠢᠯᠳᠦᠵᠡᠢ᠃     ᠡᠬᠡ ᠬᠠᠭᠤᠷᠠᠢ ᠶᠢᠨ ᠯᠤᠤᠲᠦ ᠤᠩᠭᠤᠴᠠᠨ ᠤ ᠲᠤᠰᠬᠠᠢ ᠪᠤᠯᠪᠠᠰᠤᠷᠠᠯ ᠳᠤᠮᠳᠠ᠂ ᠤᠳᠤᠬᠠᠨ ᠲᠤᠰ ᠲᠦᠯᠦᠭᠡᠯᠡᠭᠴᠢᠳ ᠤᠨ ᠪᠦᠯᠬᠦᠮ ᠤᠨ ᠲᠠᠮᠢᠷᠴᠢᠳ ᠤᠨ ᠬᠢᠷᠢ ᠪᠦᠲᠦᠮᠵᠢ ᠨᠢ ᠨᠢᠭᠡᠨᠲᠡ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠷᠡᠭᠲᠡᠢ ᠶᠢᠨ ᠳᠤᠭᠤᠶᠢᠯᠠᠩ ᠤᠨ 12 ᠬᠦᠮᠦᠨ ᠤ 100 ᠮᠧᠲᠷ ᠤᠨ ᠤᠷᠤᠯᠳᠤᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠳᠠᠪᠠᠭᠰᠠᠨ ᠪᠠᠶᠢᠨ᠎ᠠ᠃     ᠤᠶᠢᠯᠠᠭᠠᠭᠰᠠᠨ ᠢᠶᠠᠷ᠂ ᠲᠤᠰ ᠤᠳᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 7 ᠶᠡᠭᠡ ᠲᠦᠷᠦᠯ᠂ 15 ᠬᠤᠪᠢᠶᠠᠷᠢ ᠲᠦᠷᠦᠯ᠂141 ᠪᠠᠭ᠎ᠠ ᠲᠦᠷᠦᠯ ᠤᠨ ᠤᠷᠤᠯᠳᠤᠭᠠᠨ ᠤ ᠲᠦᠷᠦᠯ ᠵᠦᠢᠯ ᠢ ᠲᠤᠬᠢᠷᠠᠭᠤᠯᠵᠦ᠂ ᠡᠬᠦᠨ ᠳᠤ ᠰᠢᠨ᠎ᠡ ᠪᠠᠷ ᠨᠡᠮᠡᠵᠦ ᠲᠤᠬᠢᠷᠠᠭᠤᠯᠤᠭᠰᠠᠨ 32 ᠲᠦᠷᠦᠯ ᠤᠨ ᠵᠠᠯᠠᠭᠤᠴᠤᠳ ᠤᠨ ᠤᠷᠤᠯᠳᠤᠭᠠᠨ ᠤ ᠲᠦᠷᠦᠯ ᠵᠦᠢᠯ ᠢ ᠪᠠᠭᠲᠠᠭᠠᠨ᠎ᠠ᠃
   
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号