ᠠᠷᠠᠳ ᠤᠨ ᠤᠷᠠᠯᠢᠭᠴᠢᠨ ︽  ᠮᠦᠩᠭᠦᠨ ᠡᠪᠦᠯ ᠤᠨ ᠳᠠᠮᠢᠷ ᠤᠨ ᠴᠤᠭᠯᠠᠭᠠᠨ︾᠎ ᠳᠤ ᠪᠡᠯᠡᠭ ᠪᠠᠷᠢᠵᠤ ᠪᠠᠶᠢᠨ᠎ᠠ
ᠨᠡᠶᠢᠲᠡᠯᠡᠭᠰᠡᠨ ᠴᠠᠭ᠄
2019/11/22
      ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠳᠠᠮᠢᠷ ᠤᠨ ᠴᠤᠭᠯᠠᠭᠠᠨ ᠦᠪᠦᠷ ᠮᠤᠩᠭᠤᠯ ᠳᠤ ᠶᠠᠪᠤᠭᠳᠠᠬᠤ ᠪᠠᠷ ᠪᠠᠶᠢᠭ᠎ᠠ ᠪᠠᠶᠠᠷᠳᠤ ᠴᠢᠮᠡᠭᠡ᠂ ᠳᠠᠯ᠎ᠠ ᠨᠤᠳᠤᠭ ᠤᠨ ᠦᠢ ᠲᠦᠮᠡᠨ ᠦᠬᠢᠳ ᠬᠦᠪᠡᠬᠦᠳ ᠤᠨ ᠬᠦᠰᠡᠯ ᠬᠦᠯᠶᠠᠯᠳᠡ ᠪᠤᠯᠵᠤ ᠪᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠠᠷᠠᠳ ᠤᠨ ᠤᠷᠠᠯᠢᠭᠴᠢᠨ ᠮᠠᠨᠳᠤᠬᠤ ᠴᠦ ᠳᠤᠰᠬᠠᠶᠢᠯᠠᠨ ᠡᠭᠦᠨ ᠳᠤ ᠵᠤᠷᠢᠭᠤᠯᠵᠤ ᠪᠦᠲᠦᠭᠡᠯ ᠤᠷᠠᠯᠠᠨ ᠬᠦᠰᠡᠯ ᠵᠦᠩᠨᠡᠯ ᠤᠨ ᠰᠡᠳᠬᠢᠯᠬᠡ ᠪᠠᠨ ᠢᠯᠡᠳᠭᠡᠵᠦ ᠪᠠᠶᠢᠭ᠎ᠠ ᠶᠤᠮ᠃      ᠮᠠᠨᠳᠤᠬᠤ ᠶᠢᠨ ᠠᠵᠢᠯᠯᠠᠬᠤ ᠦᠷᠦᠭᠡᠨ ᠳᠤ ᠬᠦᠷᠴᠦ ᠤᠴᠢᠬᠤ ᠳᠤ᠂ ᠲᠡᠷᠡ ᠶᠠᠭ ᠰᠠᠶᠢᠬᠠᠨ ︽ᠪᠦᠬᠦ ᠤᠯᠤᠰ ᠎ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ︾᠎ ᠳᠤ  ᠵᠤᠷᠢᠭᠤᠯᠤᠨ ᠪᠡᠯᠡᠳᠭᠡᠵᠦ ᠪᠠᠶᠢᠭ᠎ᠠ  ︽ᠠᠨᠳᠠ︾᠂ ︽ᠰᠠᠶᠢᠨᠠᠤ︾  ᠭᠡᠳᠡᠭ ᠬᠤᠶᠠᠷ ᠪᠦᠲᠦᠭᠡᠯ ᠢᠶᠠᠨ ᠤᠷᠠᠯᠠᠵᠤ ᠰᠠᠭᠤᠨ᠎ᠠ᠃  ᠵᠢᠷᠠᠨ ᠨᠠᠰᠤᠨ ᠤ ᠳᠠᠪᠠᠭᠠᠨ ᠳᠡᠭᠡᠷ᠎ᠡ ᠭᠠᠯᠬᠢᠭᠤᠯᠵᠤ ᠶᠠᠪᠤᠭ᠎ᠠ ᠮᠠᠨᠳᠤᠬᠤ ᠭᠤᠸᠠᠢ᠂ ᠦᠪᠡᠷᠳᠡᠭᠡᠨ ᠵᠠᠰᠠᠬᠤ ᠤᠷᠤᠨ  ᠎ ᠤ ᠳᠡᠰ ᠤᠨ ︽ᠠᠷᠠᠳ ᠤᠨ ᠰᠤᠳᠤᠨ ᠤᠷᠠᠯᠢᠭᠴᠢᠨ︾ ᠪᠤᠯᠤᠭᠰᠠᠨ ᠤ ᠬᠤᠪᠢ ᠳᠤ᠂ ︽ᠤᠷᠮ᠎ᠠ ᠵᠤᠷᠢᠭ ᠢ  ᠬᠦᠭᠵᠢᠭᠡᠭᠰᠡᠨ ᠮᠦᠩᠭᠦᠨ ᠡᠪᠦᠯ ᠤᠨ ᠴᠤᠭᠯᠠᠭᠠᠨ᠂ ᠠᠤᠭ᠎ᠠ ᠦᠢᠯᠡᠰ ᠢ ᠳᠠᠯᠠᠯᠤᠭᠰᠠᠨ ᠳᠤᠮᠳᠠᠳᠤ ᠶᠢᠨ ᠬᠦᠰᠡᠯ ᠵᠡᠬᠦᠳᠦ︾ ᠬᠡᠮᠡᠬᠦ ᠭᠤᠤᠯ ᠰᠡᠳᠦᠪᠳᠦ ᠤᠷᠢᠶ᠎ᠠ ᠪᠦᠬᠦᠢ᠂ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠳᠠᠮᠢᠷ ᠤᠨ ᠴᠤᠭᠯᠠᠭᠠᠨ ᠤ ᠬᠦᠭᠡᠷᠦᠭᠦᠨ ᠴᠤᠪᠤᠭᠤ ᠦᠯᠵᠡᠶᠢᠳᠦ ᠬᠡᠦᠬᠡᠯᠳᠡᠢ ︽ᠠᠨᠳᠠ︾ ᠪᠤᠯᠤᠨ ︽ᠰᠠᠶᠢᠨᠠᠤ︾᠎ ᠶᠢ ᠳᠠᠯᠠᠨ ᠶᠠᠰᠤᠨ ᠳᠡᠭᠡᠷ᠎ᠡ ᠰᠠᠶᠢᠯᠦᠨ ᠠᠮᠢᠯᠠᠭᠤᠯᠵᠤ᠂ ᠡᠨᠡᠬᠦ ᠦᠪᠡᠳᠡᠭᠰᠢ ᠴᠤᠭᠯᠠᠭᠠᠨ ᠤ ᠦᠪᠦᠷ ᠮᠤᠩᠭᠤᠯ ᠳᠤ ᠶᠠᠪᠤᠭᠳᠠᠬᠤ ᠪᠠᠷ ᠪᠠᠶᠢᠭ᠎ᠠ ᠶᠢ ᠪᠠᠶᠠᠷᠯᠠᠨ ᠤᠭᠳᠤᠵᠤ᠂ ᠳᠠᠯ᠎ᠠ ᠨᠤᠳᠤᠭ ᠤᠨ ᠦᠬᠢᠳ ᠬᠦᠪᠡᠭᠦᠳ ᠢᠶᠠᠨ ᠲᠦᠯᠦᠭᠡᠯᠡᠨ᠂ ᠦᠪᠡᠷ ᠤᠨ ᠭᠡᠰᠡᠨ ᠬᠦᠰᠡᠯ ᠵᠦᠩᠨᠡᠯ ᠢᠶᠠᠨ ᠢᠯᠡᠳᠬᠡᠵᠦ ᠪᠠᠶᠢᠭ᠎ᠠ ᠶᠤᠮ᠃      ︽ᠠᠨᠳᠠ︾ ᠪᠤᠯᠤᠨ  ︽ᠰᠠᠶᠢᠨᠠᠤ︾ ᠬᠡᠬᠦ ᠬᠤᠶᠠᠷ ᠦᠯᠵᠡᠶᠢᠳᠦ ᠭᠡᠦᠭᠡᠯᠳᠡᠢ ᠨᠢ ᠡᠯ᠎ᠡ ᠭᠠᠵᠠᠷ ᠤᠷᠤᠨ ᠎ ᠠᠴᠠ ᠬᠦᠷᠦᠯᠴᠡᠨ ᠢᠷᠡᠬᠦ ᠦᠷᠭᠡᠨ ᠤᠯᠠᠨ ᠳᠠᠮᠢᠷᠴᠢᠳ᠂ ᠵᠤᠴᠢᠳ ᠠᠨᠳᠠ ᠨᠦᠬᠦᠳ ᠢ ᠪᠠᠶᠠᠷᠯᠠᠨ ᠤᠭᠳᠤᠵᠤ᠂ ᠬᠦᠨᠳᠦᠳᠬᠡᠨ ᠮᠡᠨᠳᠦᠴᠢᠯᠡᠵᠦ  ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠲᠦᠮᠡᠨ ᠤ ᠲᠦᠷᠪᠡᠨ ᠵᠦᠭ ᠨᠠᠢᠮᠠᠨ ᠵᠤᠪᠬᠢᠰ ᠠᠴᠠ ᠬᠦᠷᠦᠯᠴᠡᠨ ᠢᠷᠡᠬᠦ ᠬᠦᠨᠳᠦᠳᠦ ᠵᠤᠴᠢᠳ ᠢᠶᠠᠨ ᠬᠠᠯᠠᠭᠤᠨ ᠢᠶᠠᠷ ᠤᠭᠳᠤᠵᠤ ᠪᠠᠶᠢᠬᠤ ᠶᠢ ᠢᠯᠡᠳᠭᠡᠭᠰᠡᠨ ᠪᠠᠶᠢᠳᠠᠭ᠃ ᠬᠠᠷᠢᠨ ᠠᠷᠠᠳ ᠤᠨ ᠭᠠᠷ ᠤᠷᠠᠯᠢᠭᠴᠢᠨ ᠮᠠᠳᠤᠬᠤ ᠭᠤᠸᠠᠢ ᠶᠠᠰᠤᠨ ᠳᠡᠭᠡᠷ᠎ᠡ ᠰᠡᠶᠢᠯᠵᠦ ᠪᠦᠲᠦᠭᠡᠭᠰᠡᠨ ᠨᠢ ᠤᠯᠠᠮ ᠬᠦᠭᠡᠷᠦᠬᠦᠨ᠂ ᠤᠯᠠᠮ ᠦᠵᠡᠮᠦᠷᠢ ᠲᠠᠢ᠂ ᠤᠯᠠᠮ ᠦᠪᠡᠷᠮᠢᠴᠡ ᠪᠤᠯᠬᠤ ᠨᠢ ᠳᠠᠮᠵᠢᠭ ᠦᠬᠡᠢ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号