ᠮᠠᠨ ᠤ ᠠᠶᠢᠮᠠᠭ ᠤᠨ ᠡᠪᠤᠯ ᠤᠨ ᠤᠯᠠᠷᠢᠯ ᠤᠨ ᠮᠦᠰᠦ ᠴᠡᠰᠤᠨ ᠤ ᠳᠠᠮᠢᠷ ᠤᠨ ᠬᠦᠳᠡᠯᠭᠡᠭᠡᠨ ᠦᠷᠨᠢᠩᠬᠦᠢ ᠬᠦᠭᠵᠢᠵᠤ ᠪᠤᠢ
ᠨᠡᠶᠢᠲᠡᠯᠡᠭᠰᠡᠨ ᠴᠠᠭ᠄
2019/11/26
      ᠦᠢᠷ᠎ᠠ ᠶᠢᠨ ᠵᠢᠯ ᠳᠤ᠂ ᠮᠠᠨ ᠤ ᠠᠶᠢᠮᠠᠭ ᠰᠢᠯᠢ ᠶᠢᠨ ᠭᠤᠤᠯ ᠤᠨ ᠤᠨᠴᠠᠯᠢᠭ ᠲᠠᠢ ᠮᠦᠰᠦ ᠴᠠᠰᠤᠨ ᠤ ᠳᠠᠮᠢᠷ ᠤᠨ ᠬᠦᠳᠡᠯᠭᠡᠭᠡᠨ ᠢ ᠶᠠᠪᠤᠭᠳᠠᠭᠤᠯᠬᠤ ᠪᠠᠷ ᠲᠠᠮᠵᠢᠨ᠂ ᠤᠯᠠᠨ ᠲᠦᠮᠡᠨ ᠤ ᠮᠦᠰᠤ ᠴᠠᠰᠤᠨ ᠤ ᠲᠠᠮᠢᠷ ᠲᠤ ᠤᠷᠤᠯᠴᠠᠬᠤ ᠤᠬᠠᠮᠰᠠᠷ ᠢ ᠲᠡᠭᠡᠭᠰᠢᠯᠡᠬᠦᠯᠵᠤ᠂ ᠦᠷᠭᠡᠨ ᠤᠯᠠᠨ ᠲᠦᠮᠡᠨ ᠤᠨᠴᠠᠭᠠᠢᠢᠯᠠᠨ ᠵᠠᠯᠠᠭᠤᠴᠤᠳ ᠪᠠᠭᠠᠴᠤᠳ ᠲᠤ ᠮᠦᠰᠤ ᠴᠠᠰᠤᠨ ᠤ ᠲᠠᠮᠢᠷ ᠤᠨ ᠤᠷᠤᠯᠳᠤᠭᠠᠨ ᠢ ᠦᠢᠯᠠᠭᠠᠭᠤᠯᠵᠤ᠂ ᠪᠦᠬᠦ ᠠᠷᠠᠳ ᠤᠨ ᠡᠪᠤᠯ ᠤᠨ ᠤᠯᠠᠷᠢᠯ ᠳᠤ ᠪᠡᠶ᠎ᠠ ᠪᠠᠨ ᠪᠤᠯᠪᠠᠰᠤᠷᠠᠭᠤᠯᠬᠤ ᠬᠠᠯᠠᠭᠤᠨ ᠦᠷᠨᠢᠯᠳᠠ ᠶᠢ ᠭᠠᠷᠭᠠᠪᠠ᠃       ᠶᠡᠷᠦᠩᠭᠡᠢ ᠱᠦᠵᠢ ᠰᠢ ᠶᠢᠨ ᠫᠢᠩ ᠤᠨ ︽3 ᠳ᠋ᠦᠩᠰᠢᠭᠤᠷ ᠠᠷᠠᠳ ᠢ ᠮᠦᠰᠤ ᠴᠠᠰᠤᠨ ᠤ ᠲᠠᠮᠢᠷ ᠤᠨ ᠬᠦᠳᠡᠯᠭᠡᠭᠡᠨ ᠳᠤ ᠤᠷᠤᠯᠴᠠᠭᠤᠯᠬᠤ ᠶᠢ ᠲᠠᠶᠢᠴᠢᠯᠠᠬᠤ︾ ᠴᠢᠬᠤᠯᠠ ᠵᠢᠭᠠᠪᠤᠷᠢ ᠶᠢ ᠲᠤᠭᠤᠰᠢᠯᠠᠭᠤᠯᠵᠤ᠂ ᠦᠷᠭᠡᠨ ᠤᠯᠠᠨ ᠲᠦᠮᠡᠨ ᠤ ᠤᠯᠠᠨ ᠶᠠᠩᠵᠤᠳᠤ ᠪᠠᠶ᠎ᠠ ᠶᠢᠨ ᠲᠠᠮᠢᠷ ᠪᠠᠶ᠎ᠠ ᠴᠢᠬᠢᠷᠠᠭᠵᠢᠭᠤᠯᠬᠤ ᠱᠠᠭᠠᠷᠳᠠᠯᠭ᠎ᠠ ᠶᠢ ᠬᠠᠨᠭ᠍ᠭᠠᠬᠤ ᠶᠢᠨ ᠲᠦᠯᠦᠭᠡ᠂ ᠮᠠᠨ ᠤ ᠠᠶᠢᠮᠠᠭ ᠤᠯᠠᠨ ᠭᠡᠯᠪᠡᠷᠢ ᠶᠢᠨ ᠪᠠᠶᠠᠯᠢᠭ ᠠᠭᠤᠯᠭ᠎ᠠ ᠲᠠᠢ ᠮᠦᠰᠤ ᠴᠠᠰᠤᠨ ᠤ ᠲᠠᠮᠢᠷ ᠤᠨ ᠤᠷᠤᠯᠳᠤᠭᠠᠨ ᠨᠤᠭᠤᠳ ᠦᠷᠨᠢᠬᠦᠯᠵᠡᠢ᠃ ᠨᠢᠳᠤᠨᠤᠨ᠂ ᠠᠶᠢᠮᠠᠭ ᠤᠨ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠣ᠋ ᠲᠧᠯᠸᠢᠰ ᠤᠨ ᠲᠤᠪᠴᠢᠶ᠎ᠠ ᠰᠢᠯᠢ ᠶᠢᠨ ᠬᠤᠳᠠ ᠶᠢᠨ ᠰᠢᠯᠢ ᠶᠢᠨ ᠨᠠᠭᠤᠷ ᠤᠨ ᠮᠦᠰᠤ ᠲᠠᠰᠢᠬᠦ ᠲᠠᠯᠠᠪᠤᠷ ᠲᠤ 2018 ᠤᠨ ᠤ ᠪᠦᠬᠦ ᠠᠶᠢᠮᠠᠭ ᠤᠨ ᠡᠪᠤᠯ ᠤᠨ ᠤᠯᠠᠷᠢᠯ ᠵᠢᠴᠢ ᠤᠨᠴᠠᠯᠢᠭᠳᠤ ᠮᠦᠰᠤ ᠴᠠᠰᠤᠨ ᠤ ᠳᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠶᠠᠪᠤᠭᠳᠠᠭᠤᠯᠵᠤ᠂ ᠮᠦᠰᠤᠨ ᠳᠤ ᠲᠠᠰᠢᠬᠦ᠂ ᠮᠦᠰᠤᠨ ᠲᠡᠭᠡᠷᠡᠬᠢ ᠲᠤᠭᠤᠢ ᠲᠡᠷᠭᠡ᠂ ᠮᠦᠰᠤᠨ ᠲᠡᠭᠡᠷᠡᠬᠢ ᠯᠤᠤᠳᠤ ᠤᠩᠭᠤᠴᠠ ᠵᠡᠷᠭᠡ ᠰᠤᠨᠢᠷᠬᠠᠯ ᠲᠠᠢ ᠤᠷᠤᠯᠳᠤᠭᠠᠨ ᠢ ᠦᠷᠨᠢᠬᠦᠯᠵᠡᠢ᠃       ᠮᠠᠨ ᠤ ᠠᠶᠢᠮᠠᠭ ᠮᠦᠩᠬᠦᠨ ᠡᠪᠤᠯ ᠤᠨ ᠪᠠᠷᠠᠭᠤᠨ ᠦᠵᠦᠮᠦᠴᠢᠨ ᠬᠤᠰᠢᠭᠤ — ᠲᠠᠯ᠎ᠠ ᠨᠤᠳᠤᠭ ᠤᠨ ᠮᠦᠰᠤ ᠴᠠᠰᠤᠨ ᠤ ᠨᠠᠭᠠᠳᠤᠮ᠂ ᠲᠤᠯᠤᠨ ᠨᠤᠤᠷ ᠤᠨ ᠮᠦᠰᠤ ᠴᠠᠰᠤᠨ ᠤ ᠨᠠᠶᠢᠷ᠂ ᠰᠦᠨᠢᠳ ᠪᠠᠷᠠᠭᠤᠨ ᠬᠤᠰᠢᠭᠤᠨ ᠤ ᠡᠪᠤᠯ ᠤᠨ ᠤᠯᠠᠷᠢᠯ ᠤᠨ ᠲᠡᠮᠡᠭᠡᠨ ᠰᠤᠶᠤᠯ ᠤᠨ ᠨᠠᠶᠢᠷ ᠵᠡᠷᠭᠡ ᠡᠪᠤᠯ ᠤᠨ ᠤᠯᠠᠷᠢᠯ ᠤᠨ ᠮᠦᠰᠤ ᠴᠠᠰᠤᠨ ᠤ ᠰᠢᠷᠢᠰ ᠠᠵᠢᠯᠯᠠᠭ᠎ᠠ ᠶᠢ ᠶᠠᠪᠤᠭᠳᠠᠭᠤᠯᠵᠤ᠂ ᠠᠪᠠᠭ᠎ᠠ ᠬᠤᠰᠢᠭᠤᠨ ᠳᠤ ᠪᠦᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠲᠦᠷᠭᠡᠨ ᠲᠠᠰᠢᠬᠦ ᠤᠷᠢᠯᠭ᠎ᠠ ᠶᠢᠨ ᠤᠷᠤᠯᠳᠤᠭᠠᠨ᠂ ᠤᠯᠠᠭᠠᠢ ᠶᠢᠨ ᠴᠠᠰᠤᠳᠦ ᠭᠠᠵᠠᠷ ᠤᠨ ᠬᠦᠯ ᠪᠦᠮᠪᠦᠭᠡ ᠶᠢᠨ ᠤᠷᠤᠯᠳᠤᠭᠠᠨ ᠵᠡᠷᠭᠡ ᠤᠯᠠᠨ ᠰᠤᠨᠢᠷᠬᠠᠯ ᠲᠠᠢ ᠡᠪᠤᠯ ᠤᠨ ᠤᠯᠠᠷᠢᠯ ᠤᠨ ᠮᠦᠰᠤ ᠴᠠᠰᠤᠨ ᠤ ᠤᠷᠤᠯᠳᠤᠭᠠᠨ ᠢ ᠶᠠᠪᠤᠭᠳᠠᠭᠤᠯᠵᠠᠢ᠃       ᠠᠷᠪᠠᠨ ᠲᠦᠷᠪᠡᠲᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ 2020 ᠤᠨ ᠳᠤ ᠦᠪᠦᠷ ᠮᠤᠩᠭᠤᠯ ᠳᠤ ᠶᠠᠪᠤᠭᠳᠠᠨ᠎ᠠ᠃ ᠲᠤᠯᠤᠨ ᠨᠤᠤᠷ ᠰᠢᠶᠠᠨ ᠨᠢ ᠤᠷᠤᠨ ᠪᠠᠶᠢᠷᠢ ᠵᠠᠮ ᠬᠠᠷᠢᠯᠴᠠᠭ᠎ᠠ ᠶᠢᠨ ᠲᠠᠪᠠᠭᠤᠯᠢᠭ᠂ ᠮᠦᠰᠤ ᠴᠠᠰᠤᠨ ᠤ ᠡᠬᠢ ᠪᠠᠶᠠᠯᠢᠭ ᠤᠨ ᠲᠠᠪᠠᠭᠤᠯᠢᠭ ᠪᠠ ᠤᠷᠤᠯᠳᠤᠭᠠᠨ ᠡᠷᠬᠢᠯᠡᠭᠰᠡᠨ ᠲᠤᠷᠰᠢᠯᠭ᠎ᠠ ᠲᠠᠢ ᠪᠠᠷ ᠢᠶᠠᠨ ᠠᠷᠪᠠᠨ ᠲᠦᠷᠪᠡᠲᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠤᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠤ ᠴᠤᠷ ᠤᠨ ᠭᠠᠭᠴᠠ ᠤᠷᠤᠯᠳᠤᠭᠠᠨ ᠤ ᠲᠠᠯᠠᠪᠤᠷ ᠪᠤᠯᠵᠤ᠂ ᠮᠦᠰᠤᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠤ ᠲᠦᠷᠦᠯ ᠨᠢ ᠠᠷᠪᠠᠨ ᠲᠦᠷᠪᠡᠲᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠲᠤᠬᠢᠷᠠᠭᠤᠯᠤᠭᠰᠠᠨ ᠤᠯᠠᠨ ᠲᠦᠮᠡᠨᠴᠢ ᠴᠢᠨᠠᠷᠳᠠᠢ ᠤᠷᠤᠯᠳᠤᠭᠠᠨ ᠤ ᠲᠦᠷᠦᠯ ᠪᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号