ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ ᠳᠤ ᠠᠩᠬ᠎ᠠ ᠤᠳᠠᠭ᠎ᠠ ᠤᠯᠤᠰ ᠤᠨ ᠭᠠᠳᠠᠭᠠᠳᠤ ᠳᠤ ᠶᠠᠪᠤᠭᠳᠠᠭᠤᠯᠬᠤ ᠤᠷᠤᠯᠳᠤᠭᠠᠨ ᠤ ᠲᠦᠷᠦᠯ ᠵᠦᠢᠯ ᠎ ᠲᠠᠢ ᠪᠤᠯᠤᠭᠰᠠᠨ
ᠨᠡᠶᠢᠲᠡᠯᠡᠭᠰᠡᠨ ᠴᠠᠭ᠄
2019/11/5
     ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ  ᠡᠪᠦᠯ ᠤᠨ  ᠤᠯᠠᠷᠢᠯ ᠤᠨ  ᠲᠠᠮᠢᠷ ᠤᠨ  ᠴᠤᠭᠯᠠᠭᠠᠨ  ᠎ ᠤ ᠴᠢᠷᠭ᠎ᠠ᠂ ᠲᠠᠶᠢᠰᠠᠨ ᠠᠴᠠ ᠦᠰᠦᠷᠴᠤ ᠡᠪᠡᠰᠦᠨ ᠳᠤ ᠭᠤᠯᠭᠤᠬᠤ ᠵᠡᠷᠭᠡ ᠭᠡᠰᠡᠭ   ᠲᠦᠷᠦᠯ ᠵᠦᠢᠯ  ᠎ ᠤᠨ ᠤᠷᠤᠯᠳᠤᠭᠠᠨ ᠤ ᠲᠠᠯᠠᠪᠤᠷ ᠢ ᠤᠯᠤᠰ ᠤᠨ  ᠭᠠᠳᠠᠭᠠᠳᠤ ᠳᠤ ᠪᠠᠶᠢᠷᠢᠯᠠᠭᠤᠯᠵᠠᠢ᠂ ᠡᠨᠡ ᠨᠢ ᠮᠥᠨᠴᠦ ᠪᠦᠬᠦ ᠤᠯᠤᠰ ᠤᠨ  ᠡᠪᠦᠯ ᠤᠨ  ᠤᠯᠠᠷᠢᠯ ᠤᠨ  ᠲᠠᠮᠢᠷ ᠤᠨ  ᠴᠤᠭᠯᠠᠭᠠᠨ ᠤ  ᠲᠡᠤᠬᠡᠨ ᠲᠡᠭᠡᠷ᠎ᠡ ᠠᠩᠬ᠎ᠠ ᠤᠳᠠᠭ᠎ᠠ ᠶᠤᠮ᠃      ᠥᠪᠡᠷᠳᠡᠭᠡᠨ ᠵᠠᠰᠠᠬᠤ ᠤᠷᠤᠨ ᠤ  ᠪᠡᠶ᠎ᠡ ᠶᠢᠨ ᠲᠠᠮᠢᠷ ᠤᠨ  ᠲᠤᠪᠴᠢᠶᠠᠨ ᠤ ︿ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ  ᠡᠪᠦᠯ ᠤᠨ  ᠤᠯᠠᠷᠢᠯ ᠤᠨ  ᠲᠠᠮᠢᠷ ᠤᠨ  ᠴᠤᠭᠯᠠᠭᠠᠨ  ﹀᠎ ᠤ ᠪᠡᠯᠡᠳᠬᠡᠯ ᠠᠵᠢᠯ ᠎ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠰᠢᠩ ᠵᠢᠶᠦ᠋ᠨ ᠲᠠᠨᠢᠯᠴᠠᠭᠤᠯᠵᠦ ᠶᠠᠷᠢᠬᠤ ᠎ ᠳᠠᠭᠠᠨ᠂ ︿ᠲᠤᠰ ᠬᠤᠭᠤᠴᠠᠭᠠᠨ ᠤ  ᠲᠠᠮᠢᠷ ᠤᠨ  ᠴᠤᠭᠯᠠᠭᠠᠨ ᠨᠢ ᠪᠦᠬᠦ ᠲᠦᠷᠦᠯ ᠵᠦᠢᠯ  ᠎ ᠢ ᠤᠷᠤᠯᠳᠤᠭᠠᠨ ᠳᠤ  ᠤᠷᠤᠯᠴᠠᠭᠤᠯᠬᠤ ᠶᠢ ᠪᠡᠶᠡᠯᠡᠭᠦᠯᠦᠭᠰᠡᠨ᠂ ᠭᠡᠪᠡᠴᠦ ᠴᠠᠰᠤᠨ ᠴᠢᠷᠭ᠎ᠠ ᠵᠡᠷᠭᠡ ᠲᠦᠷᠦᠯ ᠵᠦᠢᠯ ᠳᠤ ᠠᠪᠴᠤ ᠬᠡᠯᠡᠪᠡᠯ ᠤᠯᠤᠰ ᠤᠨ  ᠲᠤᠳᠤᠭᠠᠳᠤ ᠶᠢᠨ ᠤᠳᠤ ᠶᠢᠨ ᠪᠠᠶᠢᠭ᠎ᠠ ᠤᠷᠤᠯᠳᠤᠭᠠᠨ ᠤ ᠲᠠᠯᠠᠪᠤᠷ ᠨᠢ ᠤᠷᠤᠯᠳᠤᠭᠠᠨ ᠶᠠᠪᠤᠭᠳᠠᠭᠤᠯᠬᠤ ᠨᠦᠬᠦᠴᠡᠯ ᠢ ᠪᠦᠷᠢᠯᠳᠦᠭᠦᠯᠦᠭᠰᠡᠨ ᠦᠭᠡᠢ ᠪᠤᠯᠬᠤᠷ ᠨᠦᠬᠦᠴᠡᠯ ᠲᠠᠢ ᠤᠯᠤᠰ ᠲᠤ ᠤᠴᠢᠵᠦ ᠤᠷᠤᠯᠳᠤᠭᠠᠨ ᠡᠷᠬᠢᠯᠡᠨ ᠶᠠᠪᠤᠭᠳᠠᠭᠤᠯᠬᠤ ᠪᠠᠷ ᠲᠤᠭᠳᠠᠭᠰᠠᠨ ᠪᠠᠶᠢᠨ᠎ᠠ᠃ ᠴᠠᠰᠤᠨ ᠴᠢᠷᠭ᠎ᠠ ᠶᠢᠨ ᠤᠷᠤᠯᠳᠤᠭᠠᠨ ᠢ ᠯᠠᠲᠸᠢᠶ᠎ᠠ ᠤᠯᠤᠰ ᠲᠤ  ᠂  ᠲᠠᠶᠢᠰᠠᠨ ᠠᠴᠠ ᠦᠰᠦᠷᠴᠦ ᠡᠪᠡᠰᠦᠨ ᠳᠤ ᠭᠤᠯᠭᠤᠬᠤ᠂ ᠲᠠᠶᠢᠰᠠᠨ ᠠᠴᠠ ᠦᠰᠦᠷᠴᠦ ᠴᠠᠰᠤᠨ ᠳᠤ ᠭᠤᠯᠭᠤᠬᠤ ᠵᠡᠷᠭᠡ ᠲᠦᠷᠦᠯ ᠵᠦᠢᠯ ᠢ ᠰᠯᠤᠸᠧᠢᠨᠢᠶ᠎ᠠ ᠤᠯᠤᠰ ᠲᠤ᠂ ᠭᠤᠯᠭᠤᠭᠤᠷ ᠬᠦᠷᠳᠦ  ᠎ ᠪᠠᠷ ᠡᠪᠡᠰᠦᠨ ᠳᠤ ᠭᠤᠯᠭᠤᠬᠤ ᠲᠦᠷᠦᠯ ᠵᠦᠢᠯ ᠢ ᠶᠠᠫᠤᠨ ᠤᠯᠤᠰ ᠲᠤ ᠲᠤᠬᠢᠷᠠᠭᠤᠯᠤᠭᠰᠠᠨ᠃ ᠤᠳᠤᠬᠠᠨ ᠳᠤ᠂  ᠴᠢᠷᠭ᠎ᠠ᠂ ᠡᠪᠡᠰᠦᠨ ᠳᠤ ᠭᠤᠯᠭᠤᠬᠤ᠂  ᠭᠤᠯᠭᠤᠭᠤᠷ ᠬᠦᠷᠳᠦ ᠪᠠᠷ  ᠡᠪᠡᠰᠦᠨ ᠳᠤ ᠭᠤᠯᠭᠤᠬᠤ ᠭᠤᠷᠪᠠᠨ ᠲᠦᠷᠦᠯ ᠎ ᠤᠨ  ᠤᠷᠤᠯᠳᠤᠭᠠᠨ ᠨᠢᠭᠡᠨᠳᠡ ᠲᠡᠭᠦᠰ ᠠᠮᠵᠢᠯᠳᠠ ᠲᠠᠢ  ᠲᠡᠭᠦᠰᠦᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号