ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠤᠶᠤᠯ ᠤᠨ ᠪᠦᠲᠦᠭᠡᠭᠳᠡᠬᠦᠨ ᠵᠠᠬ᠎ᠠ ᠳᠡᠯᠭᠡᠭᠦᠷ ᠲᠤ ᠵᠠᠯᠭ᠎ᠠ ᠪᠠᠷ ᠭᠠᠷᠴᠦ ᠢᠷᠡᠨ ᠬᠦᠮᠦᠰ ᠤᠨ ᠪᠠᠭ᠋ᠠᠷᠬᠠᠯ ᠢ ᠤᠯᠵᠦ ᠪᠠᠶᠢᠭ᠎ᠠ
ᠨᠡᠶᠢᠲᠡᠯᠡᠭᠰᠡᠨ ᠴᠠᠭ᠄
2019/12/11
     ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤᠶᠢᠷᠠᠳᠤᠬᠤ ᠶᠢ ᠳᠠᠭᠠᠯᠳᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠤᠶᠤᠯ ᠤᠨ ᠪᠦᠲᠦᠭᠡᠭᠳᠡᠬᠦᠨ ᠵᠠᠬ᠎ᠠ ᠳᠡᠯᠭᠡᠭᠦᠷ ᠲᠤ ᠵᠠᠯᠭ᠎ᠠ ᠪᠠᠷ ᠭᠠᠷᠴᠦ ᠢᠷᠡᠨ᠂ ᠡᠯ᠎ᠡ ᠲᠦᠷᠦᠯ ᠬᠡᠯᠪᠡᠷᠢ ᠶᠢᠨ ᠰᠤᠶᠤᠯ ᠤᠨ ᠪᠦᠲᠦᠭᠡᠭᠳᠡᠬᠦᠨ ᠨᠢ ᠬᠦᠮᠦᠰ ᠤᠨ ᠪᠠᠭ᠋ᠠᠷᠬᠠᠯ ᠢ ᠶᠡᠬᠡᠳᠡ ᠤᠯᠵᠦ ᠪᠠᠶᠢᠨ᠎ᠠ᠃      ᠰᠢᠯᠢ ᠶᠢᠨ ᠬᠤᠲᠠ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠯᠪᠠᠨ ᠤ ᠤᠨᠴᠠ ᠵᠦᠪᠰᠢᠶᠡᠷᠡᠯ ᠢ ᠤᠯᠤᠭᠰᠠᠨ ᠵᠢᠵᠢᠭᠯᠡᠨ ᠪᠤᠷᠤᠯᠠᠭᠤᠯᠬᠤ ᠳᠡᠯᠭᠡᠭᠦᠷ ᠲᠤ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠤᠶᠤᠯ ᠤᠨ ᠪᠦᠲᠦᠭᠡᠭᠳᠡᠬᠦᠨ ᠪᠤᠯᠬᠤ ᠦᠯᠵᠡᠶᠢᠲᠦ ᠬᠡᠤᠬᠡᠯᠳᠡᠢ᠂ ᠲᠠᠮᠢᠷ ᠤᠨ ᠴᠤᠭᠯᠠᠭᠠᠨ ᠤ ᠰᠦᠯᠳᠡ ᠳᠡᠮᠳᠡᠭ᠂ ᠲᠦᠯᠬᠢᠬᠦᠷ ᠤᠨ ᠤᠭᠤᠰᠤᠷ᠂ ᠡᠩᠭᠡᠷ ᠤᠨ ᠰᠦᠯᠳᠡ ᠬᠠᠳᠬᠤᠭᠤᠷ᠂ ᠬᠦᠵᠦᠬᠦᠨ ᠤᠷᠢᠶᠠᠯᠲᠠ᠂ ᠪᠦᠴᠡ ᠵᠡᠷᠭᠡ ᠤᠯᠠᠨ ᠲᠦᠷᠦᠯ ᠵᠦᠢᠯ ᠤᠨ ᠰᠤᠶᠤᠯ ᠤᠨ ᠦᠷᠲᠡᠭ ᠪᠦᠬᠦᠢ ᠰᠤᠶᠤᠯ ᠤᠨ ᠪᠦᠲᠦᠭᠡᠭᠳᠡᠬᠦᠨ ᠢ ᠬᠤᠳᠠᠯᠳᠤᠨ ᠪᠤᠷᠤᠯᠠᠭᠤᠯᠵᠦ᠂ ᠡᠳᠡᠭᠡᠷ ᠤᠯᠠᠨ  ᠲᠦᠷᠦᠯ ᠤᠨ ᠰᠤᠶᠤᠯ ᠤᠨ ᠪᠦᠲᠦᠭᠡᠭᠳᠡᠬᠦᠨ ᠨᠢ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠶ᠎ᠡ ᠲᠠᠮᠢᠷ ᠤᠨ ᠵᠤᠷᠢᠭ ᠰᠠᠨᠠᠭ᠎ᠠ ᠶᠢ ᠬᠦᠢᠴᠡᠳ ᠬᠠᠷᠠᠭᠤᠯᠤᠭᠰᠠᠨ ᠪᠠᠶᠢᠨ᠎ᠠ᠃       ᠤᠶᠢᠯᠠᠭᠠᠭᠰᠠᠨ ᠢᠶᠠᠷ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠎ ᠤᠨ ᠲᠠᠮᠢᠷ ᠤᠨ ᠴᠤᠭᠯᠠᠭᠠᠨ ᠤ ᠰᠤᠶᠤᠯ ᠤᠨ ᠪᠦᠲᠦᠭᠡᠭᠳᠡᠬᠦᠨ ᠨᠢ ᠲᠠᠮᠢᠷ ᠤᠨ ᠴᠤᠭᠯᠠᠭᠠᠨ ᠤ ᠰᠦᠯᠳᠡ ᠳᠡᠮᠳᠡᠭ᠂ ᠦᠯᠵᠡᠶᠢᠲᠦ ᠬᠡᠤᠬᠡᠯᠳᠡᠢ ᠵᠡᠷᠭᠡ ᠪᠠᠷ ᠵᠢᠷᠤᠭ ᠲᠦᠰᠦᠯ ᠤᠨ ᠭᠤᠤᠯ ᠡᠯᠧᠮᠧᠨ᠋ᠲ ᠢᠶᠠᠨ ᠪᠤᠯᠭᠠᠵᠦ᠂  ᠡᠬᠦᠨ ᠳᠤ ᠠᠩᠬᠠᠳᠤᠭᠠᠷ ᠪᠦᠯᠦᠭ ᠡᠬᠦᠳᠦᠨ ᠦᠢᠯᠡᠳᠦᠭᠰᠡᠨ ᠲᠠᠮᠢᠷ ᠤᠨ  ᠴᠤᠭᠯᠠᠭᠠᠨ ᠤ ᠳᠤᠷᠠᠰᠬᠠᠯ ᠤᠨ ᠪᠤᠳᠠᠰ᠂ ᠰᠤᠶᠤᠯ ᠤᠨ ᠬᠡᠷᠡᠭᠯᠡᠭᠡᠨ ᠤ ᠪᠤᠳᠠᠰ᠂ ᠡᠯᠧᠺᠲᠷᠤᠨ ᠪᠦᠲᠦᠭᠡᠭᠳᠡᠬᠦᠨ ᠵᠡᠷᠭᠡ11 ᠶᠡᠭᠡ ᠲᠦᠷᠦᠯ ᠤᠨ 35 ᠵᠦᠢᠯ ᠤᠨ ᠰᠤᠶᠤᠯ ᠤᠨ ᠪᠦᠲᠦᠭᠡᠭᠳᠡᠬᠦᠨ ᠢ ᠪᠠᠭᠳᠠᠭᠠᠨ᠎ᠠ᠃ ᠤᠳᠤᠬᠠᠨ ᠳᠤ᠂ ᠡᠳᠡᠭᠡᠷ ᠰᠤᠶᠤᠯ ᠤᠨ ᠪᠦᠲᠦᠭᠡᠭᠳᠡᠬᠦᠨ ᠤᠳ ᠨᠢᠭᠡᠨᠲᠡ ᠬᠦᠬᠡᠬᠤᠳᠠ᠂ ᠬᠦᠯᠦᠨ ᠪᠤᠶᠢᠷ᠂ ᠤᠯᠠᠭᠠᠨᠬᠠᠳᠠ᠂ ᠤᠯᠠᠭᠠᠨᠴᠠᠪ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠵᠡᠷᠭᠡ ᠭᠠᠵᠠᠷ ᠤᠷᠤᠨ ᠤ ᠵᠠᠬ᠎ᠠ ᠳᠡᠯᠭᠡᠭᠦᠷ ᠲᠤ ᠵᠠᠯᠭ᠎ᠠ ᠪᠠᠷ ᠭᠠᠷᠴᠦ᠂ ᠬᠤᠳᠠᠯᠳᠤᠨ ᠪᠤᠷᠤᠯᠠᠭᠤᠯᠵᠦ ᠡᠬᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号