ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠰᠢᠪᠳᠣᠷᠭᠠᠨ ᠳᠠᠭᠠᠨ ᠣᠷᠣᠵᠠᠢ
ᠨᠡᠶᠢᠲᠡᠯᠡᠭᠰᠡᠨ ᠴᠠᠭ᠄
2019/12/18
      ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠎ ᠤᠨ ᠴᠤᠭᠯᠠᠭᠠᠨ 2020 ᠣᠨ ᠤ 2 ᠳ᠋ᠤᠭᠠᠷ ᠰᠠᠷ᠎ᠠ ᠶᠢᠨ 16᠎ ᠳᠤ ᠬᠥᠯᠥᠨ ᠪᠣᠶᠢᠷ ᠬᠤᠲᠠ ᠳᠤ ᠡᠬᠢᠯᠡᠬᠦ ᠪᠠᠷ ᠪᠠᠶᠢᠨ᠎ᠠ᠃ ᠬᠠᠶᠢᠯᠠᠷ ᠲᠤᠭᠤᠷᠢᠭ ᠲᠤ ᠪᠠᠶᠢᠭ᠎ᠠ ᠭᠤᠣᠯ ᠣᠷᠳᠣᠨ ᠲᠠᠯᠠᠪᠠᠢ ᠳᠤ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠬᠦ ᠲᠡᠬᠦᠰᠬᠦ ᠶᠤᠰᠣᠯᠠᠯ ᠪᠣᠯᠣᠨ ᠮᠥᠰᠥᠨ ᠳᠡᠭᠡᠷᠡᠬᠢ ᠲᠦᠷᠭᠡᠨ ᠲᠠᠰᠢᠯᠳᠠ᠂ ᠤᠶᠢᠷ᠎ᠠ ᠵᠠᠢ ᠶᠢᠨ ᠲᠦᠷᠭᠡᠨ ᠲᠡᠰᠢᠯᠳᠠ᠂ ᠮᠦᠰᠦᠨ ᠪᠦᠮᠪᠦᠭᠡ ᠵᠡᠷᠭᠡ ᠮᠦᠰᠦᠨ ᠲᠡᠭᠡᠷᠡᠬᠢ ᠤᠷᠤᠯᠳᠣᠭᠠᠨ ᠢ ᠶᠠᠪᠤᠭᠳᠠᠭᠤᠯᠬᠤ ᠪᠣᠯᠣᠨ᠎ᠠ᠃       ᠶᠡᠷᠦᠩᠬᠡᠢ ᠲᠠᠯᠠᠪᠠᠢ ᠨᠢ 18.3 ᠲᠦᠮᠡᠨ ᠬᠠᠪᠲᠠᠭᠠᠢ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠢ ᠪᠡᠯᠡ ᠣᠷᠤᠭᠤᠯᠤᠯᠲᠠ ᠨᠢ 10.1 ᠳ᠋ᠦᠩᠰᠢᠭᠤᠷ ᠲᠥᠭᠦᠷᠢᠭ ᠲᠤ ᠬᠦᠷᠦᠭᠰᠡᠨ ᠭᠤᠣᠯ ᠣᠷᠳᠣᠨ ᠲᠠᠯᠠᠪᠠᠢ ᠶᠢᠨ ᠪᠠᠷᠢᠯᠭ᠎ᠠ ᠪᠠᠶᠢᠭᠤᠯᠤᠯᠲᠠ ᠶᠢᠨ ᠠᠵᠢᠯ ᠣᠳᠣ ᠦᠨᠳᠦᠰᠦᠨ ᠳᠡᠭᠡᠨ ᠳᠠᠭᠤᠰᠴᠤ᠂ ᠲᠠᠯᠠᠪᠠᠢ ᠳᠣᠲᠣᠷᠠᠬᠢ ᠡᠯ᠎ᠡ ᠵᠦᠢᠯ ᠤᠨ ᠭᠡᠷᠡᠯᠲᠦᠭᠦᠯᠦᠭᠡ ᠤᠭᠰᠠᠷᠠᠬᠤ ᠠᠵᠢᠯ ᠡᠷᠴᠢᠮᠲᠡᠢ ᠶᠠᠪᠤᠭᠳᠠᠵᠤ ᠪᠠᠶᠢᠨ᠎ᠠ᠃      ᠣᠶᠢᠯᠠᠭᠠᠭᠰᠠᠨ ᠢᠶᠠᠷ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠣᠷᠳᠣᠨ ᠲᠠᠯᠠᠪᠠᠢ ᠶᠢᠨ ᠭᠤᠷᠪᠠᠨ ᠲᠤᠮᠤ ᠪᠠᠷᠢᠯᠭ᠎ᠠ ᠨᠢ ︽ᠡᠪᠬᠡᠮᠡᠯ ᠡᠭᠦᠯᠡ︾᠂ ︽ᠲᠡᠯᠬᠡᠭᠰᠡᠨ ᠬᠠᠳᠠᠭ︾᠎ ᠤᠨ ᠡᠯᠧᠮᠧᠨ᠋ᠲ ᠢ ᠲᠣᠪᠣᠶᠢᠯᠭᠠᠭᠰᠠᠨ ᠪᠥᠭᠡᠳ ᠣᠯᠠᠨ ᠵᠦᠢᠯ ᠤᠨ ᠴᠢᠳᠠᠪᠬᠢ ᠪᠣᠯᠣᠨ ᠪᠡᠶ᠎ᠡ ᠶᠢᠨ ᠲᠠᠮᠢᠷ ᠤᠨ ᠲᠤᠰᠬᠠᠢ ᠲᠥᠷᠥᠯ ᠤᠨ ᠵᠢᠭᠠᠯᠲᠠ ᠲᠤᠭ᠎ᠠ ᠨᠢ ᠪᠦᠷ ᠪᠦᠬᠦ ᠤᠯᠤᠰ ᠲᠤ ᠣᠷᠣᠶᠢᠯᠠᠵᠤ ᠂ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠠᠷ ᠪᠠᠷᠠᠬᠤ ᠦᠭᠡᠢ ᠤᠳᠠᠯ ᠦᠭᠡᠢ ᠮᠠᠨ ᠤ ᠤᠯᠤᠰ ᠤᠨ ᠲᠠᠮᠢᠷᠴᠢᠳ ᠤᠨ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠤᠨ ᠴᠤᠭᠯᠠᠭᠠᠨ ᠳᠤ ᠪᠡᠯᠡᠳᠬᠡᠯ ᠬᠢᠬᠦ ᠴᠢᠬᠤᠯᠠ ᠰᠠᠭᠤᠷᠢᠨ ᠭᠠᠵᠠᠷ ᠪᠣᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号