ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ | ᠤᠨ ᠴᠤᠭᠯᠠᠭᠠᠨ 2020 ᠣᠨ ᠤ 2 ᠳ᠋ᠤᠭᠠᠷ ᠰᠠᠷ᠎ᠠ ᠶᠢᠨ 16 ᠳᠤ ᠬᠥᠯᠥᠨ ᠪᠣᠶᠢᠷ ᠬᠤᠲᠠ ᠳᠤ ᠡᠬᠢᠯᠡᠬᠦ ᠪᠠᠷ | ᠪᠠᠶᠢᠨ᠎ᠠ᠃ ᠬᠠᠶᠢᠯᠠᠷ ᠲᠤᠭᠤᠷᠢᠭ ᠲᠤ ᠪᠠᠶᠢᠭ᠎ᠠ ᠭᠤᠣᠯ ᠣᠷᠳᠣᠨ ᠲᠠᠯᠠᠪᠠᠢ ᠳᠤ ᠲᠤᠰ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠡᠬᠢᠯᠡᠬᠦ ᠲᠡᠬᠦᠰᠬᠦ ᠶᠤᠰᠣᠯᠠᠯ ᠪᠣᠯᠣᠨ ᠮᠥᠰᠥᠨ ᠳᠡᠭᠡᠷᠡᠬᠢ ᠲᠦᠷᠭᠡᠨ ᠲᠠᠰᠢᠯᠳᠠ᠂ ᠤᠶᠢᠷ᠎ᠠ | ᠵᠠᠢ ᠶᠢᠨ ᠲᠦᠷᠭᠡᠨ ᠲᠡᠰᠢᠯᠳᠠ᠂ ᠮᠦᠰᠦᠨ ᠪᠦᠮᠪᠦᠭᠡ ᠵᠡᠷᠭᠡ ᠮᠦᠰᠦᠨ ᠲᠡᠭᠡᠷᠡᠬᠢ ᠤᠷᠤᠯᠳᠣᠭᠠᠨ ᠢ ᠶᠠᠪᠤᠭᠳᠠᠭᠤᠯᠬᠤ | ᠪᠣᠯᠣᠨ᠎ᠠ᠃ | ᠶᠡᠷᠦᠩᠬᠡᠢ ᠲᠠᠯᠠᠪᠠᠢ ᠨᠢ 18.3 ᠲᠦᠮᠡᠨ ᠬᠠᠪᠲᠠᠭᠠᠢ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠢ ᠪᠡᠯᠡ | ᠣᠷᠤᠭᠤᠯᠤᠯᠲᠠ ᠨᠢ 10.1 ᠳ᠋ᠦᠩᠰᠢᠭᠤᠷ ᠲᠥᠭᠦᠷᠢᠭ ᠲᠤ ᠬᠦᠷᠦᠭᠰᠡᠨ ᠭᠤᠣᠯ ᠣᠷᠳᠣᠨ ᠲᠠᠯᠠᠪᠠᠢ ᠶᠢᠨ ᠪᠠᠷᠢᠯᠭ᠎ᠠ | ᠪᠠᠶᠢᠭᠤᠯᠤᠯᠲᠠ ᠶᠢᠨ ᠠᠵᠢᠯ ᠣᠳᠣ ᠦᠨᠳᠦᠰᠦᠨ ᠳᠡᠭᠡᠨ ᠳᠠᠭᠤᠰᠴᠤ᠂ ᠲᠠᠯᠠᠪᠠᠢ ᠳᠣᠲᠣᠷᠠᠬᠢ ᠡᠯ᠎ᠡ ᠵᠦᠢᠯ ᠤᠨ | ᠭᠡᠷᠡᠯᠲᠦᠭᠦᠯᠦᠭᠡ ᠤᠭᠰᠠᠷᠠᠬᠤ ᠠᠵᠢᠯ ᠡᠷᠴᠢᠮᠲᠡᠢ ᠶᠠᠪᠤᠭᠳᠠᠵᠤ ᠪᠠᠶᠢᠨ᠎ᠠ᠃ | ᠣᠶᠢᠯᠠᠭᠠᠭᠰᠠᠨ ᠢᠶᠠᠷ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠣᠷᠳᠣᠨ ᠲᠠᠯᠠᠪᠠᠢ ᠶᠢᠨ ᠭᠤᠷᠪᠠᠨ ᠲᠤᠮᠤ ᠪᠠᠷᠢᠯᠭ᠎ᠠ ᠨᠢ ︽ᠡᠪᠬᠡᠮᠡᠯ | ᠡᠭᠦᠯᠡ︾᠂ ︽ᠲᠡᠯᠬᠡᠭᠰᠡᠨ ᠬᠠᠳᠠᠭ︾ ᠤᠨ ᠡᠯᠧᠮᠧᠨ᠋ᠲ ᠢ ᠲᠣᠪᠣᠶᠢᠯᠭᠠᠭᠰᠠᠨ ᠪᠥᠭᠡᠳ ᠣᠯᠠᠨ ᠵᠦᠢᠯ ᠤᠨ ᠴᠢᠳᠠᠪᠬᠢ | ᠪᠣᠯᠣᠨ ᠪᠡᠶ᠎ᠡ ᠶᠢᠨ ᠲᠠᠮᠢᠷ ᠤᠨ ᠲᠤᠰᠬᠠᠢ ᠲᠥᠷᠥᠯ ᠤᠨ ᠵᠢᠭᠠᠯᠲᠠ ᠲᠤᠭ᠎ᠠ ᠨᠢ ᠪᠦᠷ ᠪᠦᠬᠦ ᠤᠯᠤᠰ ᠲᠤ ᠣᠷᠣᠶᠢᠯᠠᠵᠤ | ᠂ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠳᠡᠶᠢᠯᠬᠦ ᠪᠠᠷ ᠪᠠᠷᠠᠬᠤ ᠦᠭᠡᠢ ᠤᠳᠠᠯ ᠦᠭᠡᠢ ᠮᠠᠨ ᠤ ᠤᠯᠤᠰ ᠤᠨ ᠲᠠᠮᠢᠷᠴᠢᠳ ᠤᠨ 2022 ᠣᠨ ᠤ | ᠪᠡᠭᠡᠵᠢᠩ ᠤᠨ ᠡᠪᠦᠯ ᠤᠨ ᠣᠯᠧᠮᠫᠢᠺ ᠤᠨ ᠴᠤᠭᠯᠠᠭᠠᠨ ᠳᠤ ᠪᠡᠯᠡᠳᠬᠡᠯ ᠬᠢᠬᠦ ᠴᠢᠬᠤᠯᠠ ᠰᠠᠭᠤᠷᠢᠨ ᠭᠠᠵᠠᠷ ᠪᠣᠯᠬᠤ | ᠪᠣᠯᠣᠨ᠎ᠠ᠃ |