ᠢᠰᠡᠬᠡᠢ ᠰᠢᠷᠡᠮᠡᠯ ᠳᠤ ᠰᠢᠩᠬᠡᠭᠰᠡᠨ ᠤᠷᠠᠨ ᠪᠦᠰᠡᠬᠦᠢ ᠶᠢᠨ ᠤᠬᠠᠭᠠᠨ
ᠨᠡᠶᠢᠲᠡᠯᠡᠭᠰᠡᠨ ᠴᠠᠭ᠄
2019-12-26
      ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠤᠯ ᠪᠠᠯᠭᠠᠰᠤᠨ ᠤ ᠪᠠᠶᠠᠨᠪᠤᠯᠠᠭ ᠭᠠᠴᠠᠭ᠎ᠠ ᠳᠤ ᠢᠰᠡᠭᠡᠢ ᠤᠷᠠᠯᠠᠯ ᠤᠨ ᠬᠤᠰᠢᠭᠤᠠ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠵᠠᠯᠭᠠᠮᠵᠢ ᠭᠠᠴᠠᠭᠠᠨ ᠤ ᠪᠠᠨ ᠡᠮᠡᠭᠳᠠᠶᠢᠴᠦᠳ ᠤᠨ ᠬᠤᠯᠪᠤᠭᠠᠲᠤ ᠬᠤᠷᠠᠯ ᠤᠨ ᠬᠢᠨ ᠲᠠᠢ ᠬᠠᠮᠳᠤᠷᠠᠨ᠂ ᠢᠰᠡᠭᠡᠢ ᠤᠷᠠᠯᠠᠯ ᠤᠨ ᠵᠢᠭᠠᠨ ᠰᠤᠷᠭᠠᠯᠲᠠ ᠶᠢᠨ ᠪᠤᠯᠪᠠᠰᠤᠷᠠᠯ ᠤᠨ ᠠᠩᠭᠢ ᠶᠢᠨ ᠭᠠᠷ ᠤᠷᠠᠯᠠᠯ ᠤᠨ ᠱᠠᠩᠨᠠᠯᠲᠤ ᠤᠷᠤᠯᠳᠤᠭᠠᠨ ᠬᠢᠵᠦ ᠪᠠᠶᠢᠨ᠎ᠠ ᠬᠡᠬᠦ ᠰᠠᠶᠢᠬᠠᠨ ᠰᠤᠨᠤᠰᠬᠠᠯ ᠢᠶᠠᠷ ᠰᠤᠷᠪᠤᠯᠵᠢᠯᠠᠬᠤ ᠪᠠᠷ ᠬᠦᠷᠬᠦ ᠳᠤ ᠲᠡᠷᠡ ᠶᠠᠭ ᠰᠠᠶᠢᠬᠠᠨ ᠤᠷᠤᠯᠳᠤᠭᠠᠨ ᠳᠤ ᠤᠷᠤᠯᠴᠠᠭᠰᠠᠳ ᠤᠨ ᠭᠠᠷ ᠤᠨ ᠤᠷᠠᠨ ᠰᠢᠯᠭᠠᠯᠴᠠᠭᠰᠠᠨ ᠢᠰᠡᠭᠡᠢ ᠤᠷᠠᠯᠠᠯ ᠤᠳ ᠢ ᠨᠠᠷᠢᠨ ᠬᠢᠨᠠᠮᠠᠭᠠᠢ ᠬᠢᠨᠠᠨ ᠰᠢᠯᠭᠠᠷᠠᠭᠤᠯᠤᠭᠠᠳ ᠶᠠᠭᠠᠷᠠᠵᠤ ᠪᠠᠶᠢᠯ᠎ᠠ᠃        ᠵᠠᠯᠭᠠᠮᠵᠢ ᠪᠤᠯ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠤᠯ ᠪᠠᠯᠭᠠᠰᠤᠨ ᠤ ᠪᠠᠶᠠᠨᠪᠤᠯᠠᠭ ᠭᠠᠴᠠᠭᠠᠨ ᠤ ᠡᠭᠡᠯ ᠵᠢᠷ ᠤᠨ ᠮᠠᠯᠴᠢᠨ ᠪᠦᠰᠡᠭᠦᠢ ᠶᠤᠮ᠃ ᠳᠠᠳᠠᠨᠠᠶᠢᠬᠢᠨ ᠠᠮᠠ ᠪᠦᠯᠢ ᠲᠦᠷᠪᠡᠭᠦᠯᠡ ᠪᠠᠶᠢᠵᠤ᠂ 2010 ᠤᠨ ᠳᠤ ᠪᠦᠬᠦ ᠭᠡᠷ ᠢᠶᠠᠷ ᠢᠶᠠᠨ ᠬᠤᠰᠢᠭᠤᠨ ᠲᠦᠪ ᠪᠠᠯᠭᠠᠷᠭᠤᠤᠯ ᠪᠠᠯᠭᠠᠰᠤᠨ ᠳᠤ ᠨᠡᠬᠦᠨ ᠢᠷᠡᠵᠦ᠂ ᠦᠨᠳᠦᠰᠦᠲᠡᠨ ᠤ ᠵᠠᠩ ᠵᠠᠩᠰᠢᠯ ᠤᠨ ᠵᠡᠭᠡᠯᠢ ᠠᠴᠠ 300 ᠬᠠᠪᠳᠠᠭᠠᠢ ᠲᠦᠷᠪᠡᠯᠵᠢᠨ  ᠮᠧᠲᠷ ᠲᠠᠯᠠᠪᠠᠢ ᠲᠠᠢ ᠠᠰᠠᠷ ᠲᠦᠷᠢᠶᠡᠰᠦᠯᠡᠨ ᠠᠪᠴᠤ᠂ ︽ᠠᠯᠲᠠᠨ ᠲᠤᠤᠷ ᠢᠰᠡᠭᠡᠢ ᠤᠷᠠᠯᠠᠯ︾ ᠤᠨ ᠲᠡᠯᠭᠡᠭᠦᠷ ᠢ ᠡᠷᠬᠢᠯᠡᠵᠦ᠂ ᠢᠰᠡᠭᠡᠢ ᠤᠷᠠᠯᠠᠯ ᠤᠨ ᠠᠩᠬᠠᠨ ᠤ ᠵᠠᠮ ᠢᠶᠠᠨ ᠡᠬᠢᠯᠡᠬᠦᠯᠦᠭᠰᠡᠨ ᠪᠠᠶᠢᠳᠠᠭ ᠪᠢᠯᠡ᠃       ᠲᠡᠭᠦᠨ ᠤ ᠤᠷᠠᠯᠠᠭᠰᠠᠨ ᠢᠰᠡᠭᠡᠢ ᠤᠷᠠᠯᠠᠯ ᠳᠤ ᠮᠤᠩᠭᠤᠯ ᠭᠡᠷ ᠢ ᠪᠦᠬᠦᠯᠢ ᠴᠤᠭᠴᠠ ᠪᠠᠷ ᠨᠢ ᠤᠷᠠᠯᠠᠵᠤ ᠤᠶᠤᠭᠰᠠᠨ ᠵᠦᠢᠯ᠂ ᠮᠤᠩᠭᠤᠯ ᠭᠡᠷ ᠲᠤ ᠲᠡᠪᠢᠰᠬᠦ ᠲᠤᠭᠤᠷᠢᠭᠤᠯᠭ᠎ᠠ᠂ ᠰᠢᠷᠢᠮᠡᠯ ᠰᠢᠷᠢᠳᠡᠭ᠂ ᠲᠠᠪᠤᠨ ᠬᠤᠰᠢᠭᠤ ᠮᠠᠯ᠂ ᠢᠰᠡᠭᠡᠢ ᠪᠠᠷ ᠤᠷᠠᠯᠠᠭᠰᠠᠨ ᠠᠮᠢᠳᠠᠨ ᠤ ᠵᠠᠭᠪᠤᠷ᠂ ᠮᠤᠩᠭᠤᠯ ᠭᠡᠷ ᠤᠨ ᠵᠠᠭᠪᠤᠷ᠂ ᠦᠯᠵᠡᠢ ᠤᠳᠠᠰᠤ ᠵᠡᠷᠭᠡ ᠡᠳᠦᠷ ᠲᠤᠳᠣᠮ ᠤᠨ ᠬᠡᠷᠡᠭᠯᠠᠬᠡᠨ ᠤ ᠵᠦᠢᠯᠠᠰ ᠪᠠᠶᠢᠬᠤ ᠠᠴᠠ ᠭᠠᠳᠠᠨ᠎ᠠ ᠮᠤᠩᠭᠤᠯ ᠭᠡᠷ ᠤᠨ ᠤᠯᠤᠩ ᠪᠦᠰᠡᠯᠡᠬᠦᠷ᠂ ᠡᠮᠡᠭᠡᠯ ᠤᠨ ᠤᠯᠤᠩ᠂ ᠡᠷᠦᠭᠡᠨ ᠤᠭᠤᠰᠤᠷ᠂ ᠬᠢᠯᠭᠠᠰᠤᠨ ᠲᠡᠭᠡᠰᠦ᠂ ᠲᠡᠮᠡᠭᠡᠨ ᠤ ᠤᠩᠭᠠᠰᠤ ᠪᠠᠷ ᠡᠭᠡᠷᠡᠭᠰᠡᠨ ᠤᠳᠠᠰᠤ ᠬᠡᠬᠦ ᠮᠡᠲᠦ ᠭᠤᠶᠤ ᠰᠠᠶᠢᠬᠠᠨ ᠬᠦᠷᠦᠵᠦ ᠲᠠᠮᠤᠭᠰᠠᠨ ᠲᠦᠷᠦᠯ ᠵᠦᠢᠯ ᠤᠯᠠᠨ ᠪᠦᠭᠡᠳ ᠦᠨ᠎ᠡ ᠬᠠᠩᠰᠢ ᠨᠢ ᠲᠤᠬᠢᠷᠠᠮᠵᠢᠲᠠᠢ ᠪᠠᠶᠢᠳᠠᠭ ᠠᠴᠠ ᠭᠡᠷᠡᠭᠯᠡᠭᠴᠢᠳ ᠤᠨ ᠲᠠᠭᠠᠰᠢᠶᠠᠯ ᠳᠤ ᠭᠦᠷᠤᠭ᠍ᠰᠡᠨ ᠪᠠᠶᠢᠨ᠎ᠠ᠃      ᠲᠡᠷᠡ ᠤᠷᠠᠯᠠᠯ ᠤᠨ ᠪᠦᠲᠦᠭᠡᠭᠳᠡᠭᠦᠨ ᠢᠶᠠᠨ ᠴᠦᠮ ᠨᠠᠷᠢᠨ ᠨᠢᠮᠪᠠᠢ ᠵᠢᠷᠤᠵᠤ ᠲᠦᠯᠦᠪᠯᠡᠵᠦ᠂ ᠤᠯᠠᠮᠵᠢᠯᠠᠯᠲᠤ ᠢᠰᠡᠭᠡᠢ ᠤᠷᠠᠯᠠᠯ ᠤᠨ ᠰᠠᠭᠤᠷᠢᠨ ᠲᠡᠭᠡᠷ᠎ᠡ ᠵᠤᠷᠢᠭᠲᠠᠢ ᠰᠢᠨᠠᠴᠢᠯᠠᠯᠲᠠ ᠦᠭᠡᠷᠡᠴᠢᠯᠡᠯᠲᠡ ᠬᠢᠵᠦ ᠲᠦᠷᠦᠯ ᠵᠦᠢᠯ ᠢᠶᠠᠨ ᠨᠡᠮᠡᠭᠳᠡᠭᠦᠯᠦᠭᠰᠡᠨ ᠠᠴᠠ ᠪᠦᠳᠦᠭᠡᠭᠳᠡᠭᠦᠨ ᠤ ᠪᠤᠷᠤᠯᠠᠭᠤᠯᠭ᠎ᠠ ᠨᠢ ᠮᠠᠰᠢ ᠰᠠᠶᠢᠨ ᠪᠠᠶᠢᠵᠤ᠂ ᠵᠢᠯ ᠪᠦᠷᠢ ᠶᠢᠨ ᠵᠢᠭᠤᠯᠴᠢᠯᠠᠯ ᠤᠨ ᠤᠯᠠᠷᠢᠯ ᠪᠤᠯᠤᠭᠰᠠᠭᠠᠷ ᠡᠯ᠎ᠡ ᠭᠠᠵᠠᠷ ᠤᠨ ᠵᠤᠭᠠᠴᠠᠯ ᠤᠨ ᠴᠡᠭ ᠡᠷᠬᠢᠯᠡᠵᠦ ᠪᠠᠶᠢᠭ᠎ᠠ ᠬᠦᠮᠦᠰ ᠠᠲᠡ ᠢᠷᠡᠵᠦ ᠤᠯᠠᠨ ᠲᠦᠷᠦᠯ ᠤᠨ ᠢᠰᠡᠭᠡᠢ ᠤᠷᠠᠯᠠᠯ ᠤᠨ ᠪᠦᠳᠦᠭᠡᠭᠳᠡᠭᠦᠨ ᠬᠤᠳᠠᠯᠳᠤᠨ ᠠᠪᠳᠠᠭ ᠠᠴᠠ ᠭᠠᠳᠠᠨ᠎ᠠ ᠪᠠᠶᠠᠠᠨᠠᠭᠤᠷ ᠬᠤᠳᠠ ᠵᠢᠴᠢ ᠬᠦᠷᠰᠢ ᠵᠡᠷᠭᠡᠯᠡᠳᠡᠭᠡ ᠬᠤᠰᠢᠭᠤ ᠨᠤᠳᠤᠭ ᠤᠨ ᠬᠡᠷᠡᠭᠯᠡᠭᠴᠢᠳ ᠠᠴᠠ ᠪᠠᠶᠢᠩᠭᠤ ᠶᠢᠨ ᠴᠢᠨᠠᠷᠲᠠᠢ ᠵᠠᠬᠢᠶᠠᠯᠠᠭ᠎ᠠ ᠢᠷᠡᠭᠦᠯᠳᠡᠭ᠃ ᠲᠡᠷᠡ ᠪᠠᠰᠠ ᠭᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠳᠤ ᠵᠤᠬᠢᠴᠠᠭᠤᠯᠵᠤ᠂ ᠲᠦᠭᠦᠭᠡᠢ ᠮᠠᠲ᠋ᠧᠷᠢᠶᠠᠯ ᠤᠨ ᠲᠠᠯ᠎ᠠ ᠪᠠᠷ ᠴᠢᠨᠠᠷ ᠰᠠᠶᠢᠲᠠᠢ ᠢᠰᠡᠭᠡᠢ ᠰᠤᠩᠭᠤᠵᠤ᠂ ᠵᠢᠷ ᠤᠨ ᠭᠤᠤᠯ ᠪᠠᠯᠭᠠᠰᠤᠨ ᠤ ᠢᠰᠡᠭᠡᠢ ᠦᠢᠯᠡᠳᠪᠦᠷᠢ ᠠᠴᠠ ᠪᠠᠶᠢᠩᠭᠤ ᠢᠰᠡᠭᠡᠢ ᠤᠷᠤᠭᠤᠯᠵᠤ ᠪᠠᠶᠢᠬᠤ ᠪᠦᠭᠡᠳ ᠡᠯ᠎ᠡ ᠰᠤᠮᠤ ᠪᠠᠯᠭᠠᠰᠤᠨ ᠤ ᠠᠳᠤᠭᠤ ᠮᠠᠯᠵᠢᠵᠤ ᠪᠠᠶᠢᠬᠤ ᠡᠷᠦᠭᠡ ᠨᠦᠭᠦᠳ ᠠᠴᠠ ᠴᠤᠯ ᠴᠡᠪᠡᠷᠬᠡᠨ ᠬᠢᠯᠭᠠᠰᠤ ᠬᠤᠳᠠᠯᠳᠤᠨ ᠠᠪᠴᠤ ᠪᠤᠷᠤ ᠮᠠᠲ᠋ᠧᠷᠢᠶᠠᠯ ᠤᠨ ᠬᠠᠩᠭᠠᠯᠭ᠎ᠠ ᠪᠠᠨ ᠪᠠᠳᠤᠯᠠᠵᠤ ᠪᠠᠶᠢᠳᠠᠭ᠃       ᠵᠠᠯᠭᠠᠮᠵᠢ ᠲᠤᠭᠳᠠᠮᠠᠯ ᠪᠤᠰᠤ ᠬᠤᠭᠤᠴᠠᠭ᠎ᠠ ᠲᠠᠢ ᠡᠲᠦᠷ ᠪᠦᠷᠢ ᠶᠢᠨ 50 ᠲᠦᠭᠦᠷᠢᠭ ᠤᠨ ᠬᠦᠯᠦᠰᠦ ᠤᠯᠭᠤᠮᠵᠢ ᠪᠠᠷ ᠠᠷᠪᠠᠭᠠᠳ ᠬᠦᠮᠦᠨ ᠬᠦᠯᠦᠰᠦᠯᠡᠵᠦ᠂ ᠭᠤᠤᠯᠳᠠᠭᠤ ᠬᠢᠯᠭᠠᠰᠤ ᠲᠡᠭᠡᠰᠦ ᠲᠠᠮᠤᠵᠤ ᠴᠢᠳᠠᠳᠠᠭ ᠬᠦᠳᠡᠭᠡ ᠠᠴᠠ ᠬᠤᠲᠠ ᠤᠷᠤᠭᠰᠠᠨ ᠪᠦᠰᠡᠭᠦ᠋ᠢᠴᠦᠳ ᠢ ᠭᠡᠷᠡᠭᠯᠡᠵᠦ᠂ ᠴᠦᠭᠡᠨ ᠪᠤᠰᠤ ᠬᠦᠮᠦᠰ ᠲᠤ ᠠᠰᠢᠭ ᠭᠦᠷᠳᠡᠭᠡᠭᠰᠡᠨ ᠶᠤᠮ᠃ ᠲᠡᠭᠦᠨ ᠤ ᠤᠷᠠᠯᠠᠵᠤ ᠰᠢᠷᠢᠭᠰᠡᠨ ᠢᠰᠡᠭᠡᠢ ᠪᠦᠳᠦᠭᠡᠭᠳᠡᠭᠦᠨ ᠨᠢ ᠴᠢᠨᠠᠷ ᠰᠠᠶᠢᠲᠠᠢ᠂ ᠦᠨ᠎ᠡ ᠬᠠᠩᠰᠢ ᠨᠢ ᠲᠤᠬᠢᠷᠠᠮᠵᠢᠲᠠᠢ ᠠᠴᠠ ᠠᠵᠢᠯᠴᠢᠨ ᠤ ᠪᠠᠨ ᠴᠠᠯᠢᠩ ᠬᠦᠯᠦᠰᠦ ᠠᠯᠢᠪᠠ ᠵᠠᠷᠤᠳᠠᠯ ᠢᠶᠠᠨ ᠬᠠᠰᠤᠭᠠᠳ ᠵᠢᠯ ᠤᠨ ᠴᠡᠪᠡᠷ ᠤᠷᠤᠯᠭ᠎ᠠ 5 ᠲᠦᠮᠡᠨ ᠲᠦᠭᠦᠷᠢᠭ ᠲᠤ ᠬᠦᠷᠴᠦ᠂ ᠤᠳᠤ ᠪᠤᠯᠬᠤ ᠳᠤ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠲᠡᠯᠭᠡᠭᠦᠷ ᠤᠨ ᠲᠤᠭᠤᠷᠢᠭ ᠠᠴᠠ 230 ᠬᠠᠪᠳᠠᠭᠠᠢ ᠲᠦᠷᠪᠡᠯᠵᠢᠨ  ᠮᠧᠲᠷ ᠲᠠᠯᠠᠪᠠᠢ ᠲᠠᠢ ᠬᠤᠶᠠᠷ ᠲᠠᠪᠬᠤᠷ ᠠᠰᠠᠷ ᠬᠤᠳᠠᠯᠳᠤᠨ ᠠᠪᠴᠤ ᠲᠡᠯᠭᠡᠭᠦᠷ ᠢᠶᠠᠨ ᠨᠡᠬᠦᠯᠬᠡᠨ ᠡᠵᠡᠩᠨᠡᠵᠦ ᠪᠠᠶᠢᠨ᠎ᠠ᠃       ᠵᠠᠯᠭᠠᠮᠵᠢ ᠤᠷᠢᠳ ᠬᠤᠵᠢᠳ 2011 ᠤᠨ ᠤ 8 ᠰᠠᠷ᠎ᠠ ᠳᠤ ᠪᠦᠬᠦ ᠠᠶᠢᠮᠠᠭ ᠤᠨ ᠦᠨᠳᠦᠰᠦᠲᠡᠨ ᠤ ᠭᠠᠷ ᠤᠷᠠᠯᠠᠯ ᠤᠨ ᠪᠦᠳᠦᠭᠡᠭᠳᠡᠬᠦᠨ ᠤ ᠠᠳᠠᠯᠢᠳᠬᠠᠨ ᠰᠢᠯᠭᠠᠷᠠᠭᠤᠯᠤᠯᠲᠠ ᠳᠤ ᠬᠤᠶᠠᠳᠤᠭᠠᠷ ᠲᠡᠰ ᠤᠨ ᠱᠠᠩᠨᠠᠯ᠂ 2012 ᠤᠨ ᠤ 5 ᠳ᠋ᠤᠭᠠᠷ ᠰᠠᠷ᠎ᠠ ᠳᠤ ︽ᠬᠤᠲᠠ ᠤᠷᠤᠵᠤ ᠦᠢᠯᠡᠰ ᠪᠦᠳᠦᠭᠡᠭᠰᠡᠨ ᠠᠷᠪᠠᠨ ᠰᠢᠯᠢᠳᠡᠭ ᠡᠮᠡᠭᠲᠠᠢ ᠴᠢᠳᠠᠪᠤᠷᠢᠲᠠᠨ︾ ᠤ ᠨᠢᠭᠡ ᠪᠠᠷ ᠱᠠᠩᠨᠠᠭᠳᠠᠵᠤ᠂ 2013 ᠤᠨ ᠤ 11 ᠰᠠᠷ᠎ᠡ ᠳᠤ ᠪᠦᠬᠦ ᠠᠶᠢᠮᠠᠭ ᠤᠨ ᠲᠠᠸᠠᠷ ᠤᠨ ᠲᠡᠯᠭᠡᠨ ᠦᠵᠡᠭᠦᠯᠬᠡ ᠶᠢᠨ ᠤᠷᠤᠯᠳᠣᠭᠠᠨ ᠳᠤ ᠬᠤᠶᠠᠳᠤᠭᠠᠷ ᠲᠡᠰ ᠤᠨ ᠱᠠᠩᠨᠠᠯ᠂ 2019 ᠤᠨ ᠤ ᠪᠦᠬᠦ ᠬᠤᠰᠢᠭᠤᠨ ᠤ ︽ᠮᠤᠩᠭᠤᠯ ᠭᠡᠦᠭᠡᠯᠳᠠᠢ︾ ᠶᠢᠨ ᠬᠤᠪᠴᠠᠰᠤ ᠵᠠᠰᠠᠯ ᠤᠨ ᠤᠷᠤᠯᠳᠤᠭᠠᠨ ᠳᠤ ᠬᠦᠷᠡᠯ ᠱᠠᠩᠨᠠᠯ ᠵᠡᠷᠭᠡ ᠤᠯᠠᠨ ᠰᠠᠶᠢᠬᠠᠨ ᠱᠠᠩᠨᠠᠯ ᠢᠶᠠᠷ ᠡᠩᠭᠡᠷ ᠢᠶᠠᠨ ᠮᠢᠯᠢᠶᠠᠯᠭᠠᠵᠤ ᠢᠷᠡᠭᠰᠡᠨ ᠪᠢᠯᠡ᠃ ᠤᠨᠴᠠᠭᠠᠶᠢᠯᠠᠨ ᠲᠤᠷᠠᠳᠤᠭᠤᠰᠢᠲᠠᠢ ᠨᠢ ᠡᠨᠡ ᠵᠢᠯ ᠤᠨ 6 ᠰᠠᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠤᠯᠬᠤ ᠦᠵᠦᠮᠦᠴᠢᠨ ᠬᠠᠳᠬᠤᠮᠠᠯ ᠤᠨ ᠲᠠᠪᠤᠳᠤᠭᠠᠷ ᠤᠳᠠᠭᠠᠨ ᠤ ᠬᠤᠰᠢᠭᠤᠠ ᠤ ᠲᠡᠰ ᠤᠨ ᠤᠯᠠᠮᠵᠢᠯᠠᠭᠴᠢ ᠪᠤᠯᠤᠭᠰᠠᠨ ᠪᠠᠶᠢᠳᠠᠭ᠃       ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠪᠤᠯᠤᠭᠰᠠᠨ ᠨᠢ ᠲᠡᠭᠦᠨ ᠤ ᠢᠰᠡᠭᠡᠢ ᠤᠷᠠᠯᠠᠯ ᠤᠨ ᠦᠢᠯᠡᠰ ᠤᠨ ᠤᠯᠠᠮ ᠡᠷᠴᠢᠯᠡᠬᠦ ᠬᠦᠴᠦᠨ ᠪᠤᠯᠵᠤ᠂ ᠠᠵᠢᠯ ᠤᠨ ᠴᠢᠯᠦᠭᠡ ᠵᠠᠪ ᠢᠶᠠᠷ ᠢᠶᠠᠨ ᠦᠪᠡᠷ ᠤᠨ ᠰᠠᠶᠢᠨ ᠲᠤᠷ᠎ᠠ ᠠᠴᠠ ᠪᠠᠨ ᠪᠤᠯᠪᠠᠰᠤᠷᠠᠯ ᠰᠤᠷᠭᠠᠯᠲᠠ ᠡᠷᠬᠢᠯᠡᠵᠦ᠂ ᠦᠨ᠎ᠡ ᠲᠦᠯᠦᠪᠦᠷᠢ ᠦᠭᠡᠢ ᠪᠠᠷ ᠦᠨᠳᠦᠰᠦᠲᠡᠨ ᠤ ᠪᠠᠨ ᠤᠯᠠᠮᠵᠢᠯᠠᠯᠲᠤ ᠢᠰᠡᠭᠡᠢ ᠤᠷᠠᠯᠠᠯ ᠢ ᠮᠤᠩᠭᠤᠯ ᠪᠦᠰᠡᠭᠦ᠋ᠢᠴᠦᠦᠯ᠂ ᠬᠡᠦᠬᠡᠳ ᠲᠠᠭᠦᠤᠨᠠᠷ ᠲᠡᠭᠡᠨ ᠲᠠᠨᠢᠭᠤᠯᠬᠤ ᠶᠢᠨ ᠬᠠᠮᠳᠤ ᠤᠯᠠᠮᠵᠢᠯᠠᠯᠲᠤ ᠢᠰᠡᠭᠡᠢ ᠶᠢᠨ ᠰᠤᠶᠤᠯ ᠢᠶᠠᠨ ᠤᠯᠠᠮ ᠴᠢᠨᠠᠭᠰᠢᠲᠠ ᠲᠡᠯᠭᠡᠷᠡᠭᠦᠯᠬᠦ ᠶᠢᠨ ᠲᠦᠯᠦᠭᠡ ᠴᠢᠷᠮᠠᠶᠢᠨ ᠠᠵᠢᠯᠯᠠᠭᠰᠠᠭᠠᠷ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号