ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠡᠰᠢᠬᠦᠳ ᠬᠠᠲᠠᠭᠤᠵᠢᠯᠲᠠᠢ ᠪᠤᠯᠪᠠᠰᠤᠷᠠᠵᠦ ᠪᠠᠶᠢᠨ᠎ᠠ
ᠨᠡᠶᠢᠲᠡᠯᠡᠭᠰᠡᠨ ᠴᠠᠭ᠄
2019/12/3
    ᠡᠨᠡ ᠵᠢᠯ ᠤᠨ5 ᠳ᠋ᠤᠭᠠᠷ ᠰᠠᠷ᠎ᠠ ᠠᠴᠠ ᠨᠠᠰᠢ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ  ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠡᠰᠢᠬᠦᠳ ᠴᠠᠭ ᠮᠦᠴᠡ ᠶᠢ ᠠᠯᠳᠠᠯ ᠦᠬᠡᠢ ᠬᠠᠲᠠᠭᠤᠵᠢᠯᠲᠠᠢ ᠰᠤᠷᠢᠯᠲᠠ ᠪᠤᠯᠪᠠᠰᠤᠷᠠᠯ ᠦᠷᠨᠢᠬᠦᠯᠦᠭᠰᠡᠨ ᠢᠶᠠᠷ ᠲᠠᠮᠢᠷᠴᠢᠳ ᠤᠨ ᠬᠢᠷᠢ ᠪᠦᠲᠦᠮᠵᠢ ᠢᠯᠡᠷᠬᠡᠢ  ᠳᠡᠭᠡᠭᠰᠢᠯᠡᠭᠰᠡᠨ ᠪᠠᠶᠢᠨ᠎ᠠ᠃     ᠵᠤᠤ ᠰᠢᠶᠠᠩ ᠲᠦᠩ ᠪᠤᠯ ᠳᠤᠯᠤᠨ ᠨᠤᠤᠷ ᠰᠢᠶᠠᠨ ᠤ ᠤᠢ ᠰᠢᠭᠤᠢ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠠᠵᠢᠯᠲᠠᠨ ᠪᠤᠯᠤᠨ᠎ᠠ᠂ ᠲᠡᠷᠡ ᠡᠨᠡ ᠵᠢᠯ ᠤᠨ5 ᠳ᠋ᠤᠭᠠᠷ ᠰᠠᠷ᠎ᠠ ᠳᠤ᠂ ᠰᠦᠯᠵᠢᠶᠡᠨ ᠳᠡᠭᠡᠷ᠎ᠡ ᠠᠴᠠ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨ ᠲᠠᠮᠢᠷᠴᠢᠨ ᠡᠯᠰᠡᠵᠦ ᠪᠠᠶᠢᠬᠤ ᠮᠡᠳᠡᠭᠡ ᠶᠢ ᠤᠯᠵᠦ ᠬᠠᠷᠠᠭᠰᠠᠨ ᠢᠶᠠᠷ ᠳᠠᠷᠤᠶᠢᠬᠠᠨ ᠨᠡᠷ᠎ᠡ ᠮᠡᠳᠡᠬᠦᠯᠦᠨ ᠤᠷᠤᠯᠴᠠᠭᠰᠠᠨ ᠪᠠᠶᠢᠨ᠎ᠠ᠃ ᠴᠢᠩᠭ᠎ᠠ ᠬᠢᠨᠠᠮᠠᠭᠠᠢ ᠰᠤᠩᠭᠤᠨ ᠰᠢᠯᠭᠠᠷᠠᠭᠤᠯᠤᠯᠲᠠ ᠪᠠᠷ ᠳᠠᠮᠵᠢᠨ ᠵᠤᠤ ᠰᠢᠶᠠᠩ ᠲᠦᠩ ᠡᠴᠦᠰ ᠲᠤ ᠪᠠᠨ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ ᠤᠨ ᠪᠤᠯᠪᠠᠰᠤᠷᠠᠯ  ᠤᠨ ᠠᠩᠬᠢ ᠳᠤ ᠰᠤᠩᠭᠤᠭᠳᠠᠭᠰᠠᠨ ᠪᠠᠶᠢᠨ᠎ᠠ᠃ ᠬᠠᠭᠠᠰ ᠵᠢᠯ ᠭᠠᠷᠤᠢ ᠶᠢᠨ ᠬᠠᠲᠠᠭᠤᠵᠢᠯᠲᠠᠢ ᠪᠤᠯᠪᠠᠰᠤᠷᠠᠯ ᠢᠶᠠᠷ ᠳᠠᠮᠵᠢᠨ᠂ ᠤᠳᠤᠬᠠᠨ ᠳᠤ ᠵᠤᠤ ᠰᠢᠶᠠᠩ ᠲᠦᠩ ᠤᠨ ᠪᠡᠶ᠎ᠡ ᠮᠠᠬᠠᠪᠤᠳ ᠤᠨ ᠶᠡᠷᠦᠩᠬᠡᠶᠢᠯᠡᠭᠰᠡᠨ ᠬᠡᠪ ᠴᠢᠨᠠᠷ ᠵᠢᠴᠢ ᠡᠯ᠎ᠡ ᠲᠦᠷᠦᠯ ᠤᠨ ᠪᠤᠯᠪᠠᠰᠤᠷᠠᠯ ᠨᠢ ᠴᠦᠮ‌‍ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃     ᠴᠦᠩ ᠸᠧᠨ ᠵᠢᠩ ᠪᠤᠯ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ ᠤᠨ ᠡᠮᠡᠭᠲᠡᠢ ᠶᠢᠨ ᠲᠦᠯᠦᠭᠡᠯᠡᠭᠴᠢᠳ ᠤᠨ ᠪᠦᠯᠬᠦᠮ ᠤᠨ ᠬᠡᠰᠢᠬᠦᠨ ᠪᠤᠯᠤᠨ᠎ᠠ᠂ ᠲᠡᠷᠡ ᠤᠳᠤᠬᠠᠨ‌‍ᠶᠡᠭᠡ ᠰᠤᠷᠭᠠᠭᠤᠯᠢ ᠶᠢᠨ ᠤᠶᠤᠲᠠᠨ ᠪᠠᠶᠢᠵᠦ᠂ ᠲᠠᠮᠢᠷ ᠤᠨ ᠬᠦᠳᠡᠯᠭᠡᠭᠡᠨ ᠳᠤ ᠳᠤᠷ᠎ᠠ ᠪᠠᠭ᠋ᠠᠲᠠᠢ ᠲᠡᠷᠡ ᠦᠩᠭᠡᠷᠡᠭᠰᠡᠨ ᠳᠤ ᠰᠤᠷᠭᠠᠭᠤᠯᠢ ᠪᠠᠨ ᠲᠦᠯᠦᠭᠡᠯᠡᠨ ᠪᠦᠬᠦ ᠤᠯᠤᠰ ᠤᠨ ᠤᠶᠤᠲᠠᠳ ᠤᠨ ᠲᠠᠮᠢᠷ ᠤᠨ ᠴᠤᠭᠯᠠᠭᠠᠨ ᠤ ᠡᠮᠡᠭᠲᠡᠢ ᠶᠢᠨ ᠳᠤᠭᠤᠶᠢᠯᠠᠩ ᠤᠨ ᠰᠠᠭᠰᠤᠨ ᠪᠦᠮᠪᠦᠭᠡᠨ ᠤ ᠤᠷᠤᠯᠳᠤᠭᠠᠨ ᠳᠤ ᠤᠷᠤᠯᠴᠠᠭᠰᠠᠨ ᠦᠩᠭᠡᠷᠡᠯᠲᠡ ᠲᠠᠢ ᠪᠠᠶᠢᠳᠠᠭ᠃ ᠡᠨᠡ ᠤᠳᠠᠭ᠎ᠠ ᠴᠦᠩ ᠸᠧᠨ ᠵᠢᠩ ᠰᠤᠷᠭᠠᠭᠴᠢ ᠶᠢᠨ ᠲᠠᠨᠢᠯᠴᠠᠭᠤᠯᠭ᠎ᠠ ᠪᠠᠷ ᠲᠤᠰ ᠤᠳᠠᠭᠠᠨ ᠤ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ ᠳᠤ ᠨᠡᠷ᠎ᠡ ᠮᠡᠳᠡᠬᠦᠯᠦᠨ ᠤᠷᠤᠯᠴᠠᠵᠦ᠂ ᠴᠢᠩᠭ᠎ᠠ ᠨᠢᠮᠪᠠᠢ ᠲᠠᠮᠢᠷᠴᠢᠳ ᠤᠨ ᠰᠤᠩᠭᠤᠨ ᠰᠢᠯᠭᠠᠷᠠᠭᠤᠯᠤᠯᠲᠠ ᠪᠠᠷ ᠳᠠᠮᠵᠢᠨ ᠮᠦᠰᠦᠨ ᠳᠡᠭᠡᠷᠡᠬᠢ ᠯᠤᠤᠲᠦ ᠤᠩᠭᠤᠴᠠᠨ ᠤ ᠲᠦᠷᠦᠯ ᠵᠦᠢᠯ ᠤᠨ ᠪᠤᠯᠪᠠᠰᠤᠷᠠᠯ ᠤᠨ ᠠᠩᠬᠢ ᠳᠤ ᠠᠮᠵᠢᠯᠲᠠ  ᠲᠠᠢ ᠪᠠᠷ ᠰᠤᠩᠭᠤᠭᠳᠠᠭᠰᠠᠨ ᠪᠠᠶᠢᠨ᠎ᠠ᠃ ᠴᠦᠩ ᠸᠧᠨ ᠵᠢᠩ‌ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠢ ᠲᠦᠯᠦᠭᠡᠯᠡᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠠᠵᠠ ᠵᠠᠪᠰᠢᠶᠠᠨ ᠢᠶᠠᠨ ᠮᠠᠰᠢ ᠨᠠᠨᠳᠢᠩᠨᠠᠵᠦ᠂ ᠴᠠᠭ ᠮᠦᠴᠡ ᠶᠢ ᠠᠯᠳᠠᠯ ᠦᠬᠡᠢ ᠰᠢᠷᠭᠠᠭᠤ ᠬᠠᠲᠠᠭᠤᠵᠢᠯᠲᠠᠢ ᠪᠤᠯᠪᠠᠰᠤᠷᠠᠵᠦ᠂ ᠤᠳᠤᠬᠠᠨ ᠲᠡᠬᠦᠨ ᠤ ᠪᠤᠯᠪᠠᠰᠤᠷᠠᠯ ᠤᠨ ᠬᠢᠷᠢ ᠪᠦᠲᠦᠮᠵᠢ ᠨᠢ ᠢᠯᠡᠷᠬᠡᠢ ᠳᠡᠭᠡᠭᠰᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号