ᠮᠥᠰᠥᠨ ᠳᠡᠭᠡᠷᠡᠬᠢ ᠯᠤᠤᠲᠤ ᠣᠩᠭᠤᠴᠠ ᠶᠢᠨ ᠮᠥᠰᠥᠨ ᠳᠡᠭᠡᠷᠡᠬᠢ ᠪᠣᠯᠪᠠᠰᠤᠷᠠᠯ ᠤᠨ ᠰᠠᠭᠤᠷᠢᠨ ᠭᠠᠵᠠᠷ ᠠᠰᠢᠭᠯᠠᠯᠲᠠ ᠳᠤ ᠣᠷᠣᠵᠠᠢ
ᠨᠡᠶᠢᠲᠡᠯᠡᠭᠰᠡᠨ ᠴᠠᠭ᠄
2019/12/30
    ᠠᠷᠪᠠᠨ ᠳᠦᠷᠪᠡᠳᠦᠬᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠎ ᠤ ᠮᠥᠰᠥᠨ ᠳᠡᠭᠡᠷᠡᠬᠢ ᠯᠤᠤᠲᠤ ᠣᠩᠭᠤᠴᠠ ᠶᠢᠨ ᠲᠥᠷᠥᠯ ᠵᠦᠶᠯ ᠤᠨ ᠤᠷᠤᠯᠳᠤᠭᠠᠨ ᠤᠳᠠᠯ ᠥᠬᠡᠶ ᠲᠤᠯᠤᠨ ᠨᠤᠤᠷ ᠰᠢᠶᠠᠨ ᠳᠤ  ᠶᠠᠪᠤᠭᠳᠠᠬᠤ ᠪᠠᠷ ᠪᠠᠶᠢᠵᠤ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ ᠬᠢᠨ ᠢ ᠤᠷᠤᠯᠳᠤᠭᠠᠨ ᠎ ᠠᠴᠠ ᠡᠮᠦᠨ᠎ᠠ ᠨᠠᠩ ᠰᠠᠶᠢᠨ ᠲᠠᠯᠠᠪᠤᠷ ᠤᠨ ᠭᠠᠵᠠᠷ ᠲᠤ ᠵᠤᠬᠢᠴᠠᠭᠤᠯᠬᠤ ᠶᠢᠨ ᠳᠤᠰᠠᠳᠠ᠂ ᠲᠤᠯᠤᠨ ᠨᠤᠤᠷ ᠰᠢᠶᠠᠨ ᠮᠥᠰᠥᠨ ᠳᠡᠭᠡᠷᠡᠬᠢ ᠪᠣᠯᠪᠠᠰᠤᠷᠠᠯ ᠤᠨ ᠲᠠᠯᠠᠪᠤᠷ ᠭᠠᠷᠭᠠᠨ᠂ ᠤᠷᠤᠯᠳᠤᠭᠠᠨ ᠤ ᠵᠠᠮ  ᠎ ᠢ ᠵᠠᠰᠠᠵᠤ᠂ ᠡᠯ᠎ᠡ ᠤᠷᠤᠯᠳᠤᠭᠠᠨ ᠎ ᠳᠤ ᠣᠷᠣᠯᠴᠠᠬᠤ ᠠᠩᠭᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠬᠡᠷᠡᠭᠴᠡᠭᠡ ᠶᠢ ᠬᠠᠩᠭᠠᠵᠤ᠂ ᠤᠷᠤᠯᠳᠤᠭᠠᠨ ᠎ ᠤ ᠮᠦᠷᠦᠶᠢᠴᠡᠬᠦ ᠬᠢᠷᠢ ᠲᠦᠪᠰᠢᠨ ᠢ ᠳᠡᠭᠡᠭᠰᠢᠯᠡᠭᠦᠯᠬᠦ  ᠎ ᠶᠢ ᠵᠤᠷᠢᠵᠤ ᠪᠠᠶᠢᠨ᠎ᠠ᠃     ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠤᠯᠤᠨ ᠨᠤᠤᠷ ᠰᠢᠶᠠᠨ 5 ᠲᠥᠮᠡ 6000  ᠬᠠᠪᠳᠠᠭᠠᠢ ᠳᠥᠷᠪᠡᠯᠵᠢᠨ ᠮᠧᠲᠷ ᠤᠨ ᠳᠠᠯᠠᠪᠠᠢ ᠲᠠᠢ ᠮᠥᠰᠥᠨ ᠳᠡᠭᠡᠷᠡᠬᠢ ᠪᠣᠯᠪᠠᠰᠤᠷᠠᠯ ᠤᠨ ᠳᠠᠯᠠᠪᠤᠷ ᠭᠠᠷᠭᠠᠨ᠂ 12 ᠵᠤᠷᠪᠤᠰ ᠪᠣᠯᠪᠠᠰᠤᠷᠠᠯ ᠤᠨ ᠵᠠᠮ  ᠎ ᠢ  ᠪᠠᠶᠢᠭᠤᠯᠵᠣ᠂  ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ  ᠪᠡᠯᠡᠳᠬᠡᠨ ᠪᠤᠯᠪᠠᠰᠤᠷᠠᠬᠤ ᠳᠤ 34 ᠮᠥᠰᠥᠨ ᠳᠡᠭᠡᠷᠡᠬᠢ ᠯᠤᠤᠲᠤ ᠣᠩᠭᠤᠴᠠ ᠶᠢ ᠬᠠᠩᠭᠠᠵᠤ᠂ ᠡᠯ᠎ᠡ ᠤᠷᠤᠯᠳᠤᠭᠠᠨ ᠤ ᠠᠩᠭᠢ ᠶᠢᠨ  ᠬᠡᠰᠢᠭᠦᠳ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ  ᠪᠡᠯᠡᠳᠬᠡᠬᠦ ᠳᠤ ᠪᠠᠲᠤᠯᠠᠭ᠎ᠠ  ᠬᠠᠩᠭᠠᠵᠠᠢ᠃     ᠮᠥᠰᠥᠨ ᠳᠡᠭᠡᠷᠡᠬᠢ ᠪᠣᠯᠪᠠᠰᠤᠷᠠᠯ ᠤᠨ ᠰᠠᠭᠤᠷᠢᠨ ᠳᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ ᠎ ᠶᠢᠨ ᠭᠡᠰᠢᠭᠦᠳ ᠬᠠᠨᠳᠤᠯᠭᠠᠲᠤ ᠴᠢᠨᠠᠷᠲᠠᠶ ᠪᠠᠷ ᠪᠣᠯᠪᠠᠰᠤᠷᠠᠯ ᠥᠷᠨᠢᠭᠦᠯᠵᠦ ᠪᠠᠶᠢᠨ᠎ᠠ᠃ ᠭᠢᠷᠢᠨ ᠮᠤᠵᠢ ᠶᠢᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠲᠥᠯᠥᠭᠡᠯᠡᠭᠴᠢᠳ ᠤᠨ ᠠᠩᠭᠢ ᠪᠣᠯ ᠪᠦᠬᠦᠶᠢᠯᠠ ᠡᠩᠨᠡᠭᠡ ᠳᠣᠲᠣᠷᠠᠬᠢ ᠲᠤᠯᠤᠨ ᠨᠤᠤᠷ ᠰᠢᠶᠠᠨ ᠳᠤ ᠣᠷᠣᠵᠤ ᠰᠠᠭᠤᠭᠰᠠᠨ ᠠᠩᠬᠠᠳᠠᠭᠴᠢ ᠡᠩᠨᠡᠭᠡ ᠮᠥᠨ᠃  ᠭᠢᠷᠢᠨ ᠮᠤᠵᠢ ᠶᠢᠨ ᠲᠥᠯᠥᠭᠡᠯᠡᠭᠴᠢᠳ ᠎ ᠤᠨ ᠠᠩᠭᠢ ᠶᠢᠨ ᠰᠤᠷᠭᠠᠭᠴᠢ ᠴᠧᠩ ᠪᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠣᠯᠠᠨ ᠳᠤ ᠬᠠᠩᠭᠠᠭᠰᠠᠨ ᠪᠣᠯᠪᠠᠰᠤᠷᠠᠯ ᠤᠨ ᠨᠥᠬᠦᠴᠡᠯ ᠮᠠᠰᠢ ᠰᠠᠶᠢᠨ᠂ ᠲᠠᠯᠠᠪᠤᠷ ᠨᠢ ᠮᠠᠰᠢ ᠲᠡᠭᠰᠢ ᠪᠥᠭᠡᠳ ᠡᠳᠦᠷ ᠪᠤᠯᠭᠠᠨ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠤᠷᠤᠯᠳᠤᠭᠠᠨ ᠤ ᠵᠠᠮ  ᠎ ᠢ ᠵᠠᠰᠠᠵᠤ᠂  ᠪᠤᠯᠪᠠᠰᠤᠷᠠᠯ ᠬᠢᠬᠦ ᠳᠤ ᠮᠠᠰᠢ ᠲᠦᠭᠦᠮ ᠭᠡᠵᠦ ᠪᠠᠶᠢᠯ᠎ᠠ᠃    ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠥᠨ ᠳᠡᠭᠡᠷᠡᠬᠢ ᠯᠤᠤᠲᠤ ᠤᠩᠭᠤᠴᠠ ᠶᠢᠨ ᠤᠷᠤᠯᠳᠤᠭᠠᠨ ᠳᠤ ᠡᠯ᠎ᠡ ᠮᠣᠵᠢ ᠬᠤᠲᠠ ᠣᠷᠣᠨ ᠤ 20 ᠲᠥᠯᠥᠭᠡᠯᠡᠭᠴᠢᠳ ᠤᠨ ᠠᠩᠭᠢ ᠠᠯᠲᠠᠨ ᠮᠧᠳᠠᠯ ᠳᠤ ᠰᠢᠪᠲᠤᠯᠤᠯᠲᠠ ᠬᠢᠬᠦ ᠪᠠᠷ ᠪᠠᠶᠢᠵᠤ᠂ ᠬᠤᠷᠳᠤᠴᠠ ᠪᠣᠯᠤᠨ ᠣᠷᠭᠢᠯᠤᠮ᠎ᠠ ᠰᠡᠳᠬᠢᠯᠭᠡ ᠪᠦᠬᠦᠢ ᠮᠥᠰᠥ ᠴᠠᠰᠤᠨ ᠤ ᠤᠷᠤᠯᠳᠤᠭᠠᠨ ᠤ ᠦᠪᠡᠳᠡᠭᠰᠢ ᠨᠠᠶᠢᠷ ᠢ  ᠤᠭᠳᠤᠨ‌ᠠᠪᠴᠢᠷᠠᠬᠤ ᠪᠣᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号