ᠮᠥᠰᠥᠨ ᠳᠡᠭᠡᠷᠡᠬᠢ ᠯᠤᠤᠲᠤ ᠣᠩᠭᠤᠴᠠ ᠶᠢᠨ ᠮᠥᠰᠥᠨ ᠳᠡᠭᠡᠷᠡᠬᠢ ᠪᠣᠯᠪᠠᠰᠤᠷᠠᠯ ᠤᠨ ᠰᠠᠭᠤᠷᠢᠨ ᠭᠠᠵᠠᠷ ᠠᠰᠢᠭᠯᠠᠯᠲᠠ ᠳᠤ ᠣᠷᠣᠵᠠᠢ
ᠨᠡᠶᠢᠲᠡᠯᠡᠭᠰᠡᠨ ᠴᠠᠭ᠄
2019/12/30
    ᠠᠷᠪᠠᠨ ᠳᠦᠷᠪᠡᠳᠦᠬᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ  ᠤ ᠮᠥᠰᠥᠨ ᠳᠡᠭᠡᠷᠡᠬᠢ ᠯᠤᠤᠲᠤ ᠣᠩᠭᠤᠴᠠ ᠶᠢᠨ ᠲᠥᠷᠥᠯ ᠵᠦᠶᠯ ᠤᠨ ᠤᠷᠤᠯᠳᠤᠭᠠᠨ ᠤᠳᠠᠯ ᠥᠬᠡᠶ ᠲᠤᠯᠤᠨ ᠨᠤᠤᠷ ᠰᠢᠶᠠᠨ ᠳᠤ  ᠶᠠᠪᠤᠭᠳᠠᠬᠤ ᠪᠠᠷ ᠪᠠᠶᠢᠵᠤ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ ᠬᠢᠨ ᠢ ᠤᠷᠤᠯᠳᠤᠭᠠᠨ  ᠠᠴᠠ ᠡᠮᠦᠨ᠎ᠠ ᠨᠠᠩ ᠰᠠᠶᠢᠨ ᠲᠠᠯᠠᠪᠤᠷ ᠤᠨ ᠭᠠᠵᠠᠷ ᠲᠤ ᠵᠤᠬᠢᠴᠠᠭᠤᠯᠬᠤ ᠶᠢᠨ ᠳᠤᠰᠠᠳᠠ᠂ ᠲᠤᠯᠤᠨ ᠨᠤᠤᠷ ᠰᠢᠶᠠᠨ ᠮᠥᠰᠥᠨ ᠳᠡᠭᠡᠷᠡᠬᠢ ᠪᠣᠯᠪᠠᠰᠤᠷᠠᠯ ᠤᠨ ᠲᠠᠯᠠᠪᠤᠷ ᠭᠠᠷᠭᠠᠨ᠂ ᠤᠷᠤᠯᠳᠤᠭᠠᠨ ᠤ ᠵᠠᠮ   ᠢ ᠵᠠᠰᠠᠵᠤ᠂ ᠡᠯ᠎ᠡ ᠤᠷᠤᠯᠳᠤᠭᠠᠨ  ᠳᠤ ᠣᠷᠣᠯᠴᠠᠬᠤ ᠠᠩᠭᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠬᠡᠷᠡᠭᠴᠡᠭᠡ ᠶᠢ ᠬᠠᠩᠭᠠᠵᠤ᠂ ᠤᠷᠤᠯᠳᠤᠭᠠᠨ  ᠤ ᠮᠦᠷᠦᠶᠢᠴᠡᠬᠦ ᠬᠢᠷᠢ ᠲᠦᠪᠰᠢᠨ ᠢ ᠳᠡᠭᠡᠭᠰᠢᠯᠡᠭᠦᠯᠬᠦ   ᠶᠢ ᠵᠤᠷᠢᠵᠤ ᠪᠠᠶᠢᠨ᠎ᠠ᠃     ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠤᠯᠤᠨ ᠨᠤᠤᠷ ᠰᠢᠶᠠᠨ 5 ᠲᠥᠮᠡ 6000  ᠬᠠᠪᠳᠠᠭᠠᠢ ᠳᠥᠷᠪᠡᠯᠵᠢᠨ ᠮᠧᠲᠷ ᠤᠨ ᠳᠠᠯᠠᠪᠠᠢ ᠲᠠᠢ ᠮᠥᠰᠥᠨ ᠳᠡᠭᠡᠷᠡᠬᠢ ᠪᠣᠯᠪᠠᠰᠤᠷᠠᠯ ᠤᠨ ᠳᠠᠯᠠᠪᠤᠷ ᠭᠠᠷᠭᠠᠨ᠂ 12 ᠵᠤᠷᠪᠤᠰ ᠪᠣᠯᠪᠠᠰᠤᠷᠠᠯ ᠤᠨ ᠵᠠᠮ   ᠢ  ᠪᠠᠶᠢᠭᠤᠯᠵᠣ᠂  ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ  ᠪᠡᠯᠡᠳᠬᠡᠨ ᠪᠤᠯᠪᠠᠰᠤᠷᠠᠬᠤ ᠳᠤ 34 ᠮᠥᠰᠥᠨ ᠳᠡᠭᠡᠷᠡᠬᠢ ᠯᠤᠤᠲᠤ ᠣᠩᠭᠤᠴᠠ ᠶᠢ ᠬᠠᠩᠭᠠᠵᠤ᠂ ᠡᠯ᠎ᠡ ᠤᠷᠤᠯᠳᠤᠭᠠᠨ ᠤ ᠠᠩᠭᠢ ᠶᠢᠨ  ᠬᠡᠰᠢᠭᠦᠳ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ  ᠪᠡᠯᠡᠳᠬᠡᠬᠦ ᠳᠤ ᠪᠠᠲᠤᠯᠠᠭ᠎ᠠ  ᠬᠠᠩᠭᠠᠵᠠᠢ᠃     ᠮᠥᠰᠥᠨ ᠳᠡᠭᠡᠷᠡᠬᠢ ᠪᠣᠯᠪᠠᠰᠤᠷᠠᠯ ᠤᠨ ᠰᠠᠭᠤᠷᠢᠨ ᠳᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ  ᠶᠢᠨ ᠭᠡᠰᠢᠭᠦᠳ ᠬᠠᠨᠳᠤᠯᠭᠠᠲᠤ ᠴᠢᠨᠠᠷᠲᠠᠶ ᠪᠠᠷ ᠪᠣᠯᠪᠠᠰᠤᠷᠠᠯ ᠥᠷᠨᠢᠭᠦᠯᠵᠦ ᠪᠠᠶᠢᠨ᠎ᠠ᠃ ᠭᠢᠷᠢᠨ ᠮᠤᠵᠢ ᠶᠢᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠲᠥᠯᠥᠭᠡᠯᠡᠭᠴᠢᠳ ᠤᠨ ᠠᠩᠭᠢ ᠪᠣᠯ ᠪᠦᠬᠦᠶᠢᠯᠠ ᠡᠩᠨᠡᠭᠡ ᠳᠣᠲᠣᠷᠠᠬᠢ ᠲᠤᠯᠤᠨ ᠨᠤᠤᠷ ᠰᠢᠶᠠᠨ ᠳᠤ ᠣᠷᠣᠵᠤ ᠰᠠᠭᠤᠭᠰᠠᠨ ᠠᠩᠬᠠᠳᠠᠭᠴᠢ ᠡᠩᠨᠡᠭᠡ ᠮᠥᠨ᠃  ᠭᠢᠷᠢᠨ ᠮᠤᠵᠢ ᠶᠢᠨ ᠲᠥᠯᠥᠭᠡᠯᠡᠭᠴᠢᠳ  ᠤᠨ ᠠᠩᠭᠢ ᠶᠢᠨ ᠰᠤᠷᠭᠠᠭᠴᠢ ᠴᠧᠩ ᠪᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠣᠯᠠᠨ ᠳᠤ ᠬᠠᠩᠭᠠᠭᠰᠠᠨ ᠪᠣᠯᠪᠠᠰᠤᠷᠠᠯ ᠤᠨ ᠨᠥᠬᠦᠴᠡᠯ ᠮᠠᠰᠢ ᠰᠠᠶᠢᠨ᠂ ᠲᠠᠯᠠᠪᠤᠷ ᠨᠢ ᠮᠠᠰᠢ ᠲᠡᠭᠰᠢ ᠪᠥᠭᠡᠳ ᠡᠳᠦᠷ ᠪᠤᠯᠭᠠᠨ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠤᠷᠤᠯᠳᠤᠭᠠᠨ ᠤ ᠵᠠᠮ   ᠢ ᠵᠠᠰᠠᠵᠤ᠂  ᠪᠤᠯᠪᠠᠰᠤᠷᠠᠯ ᠬᠢᠬᠦ ᠳᠤ ᠮᠠᠰᠢ ᠲᠦᠭᠦᠮ ᠭᠡᠵᠦ ᠪᠠᠶᠢᠯ᠎ᠠ᠃    ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠥᠨ ᠳᠡᠭᠡᠷᠡᠬᠢ ᠯᠤᠤᠲᠤ ᠤᠩᠭᠤᠴᠠ ᠶᠢᠨ ᠤᠷᠤᠯᠳᠤᠭᠠᠨ ᠳᠤ ᠡᠯ᠎ᠡ ᠮᠣᠵᠢ ᠬᠤᠲᠠ ᠣᠷᠣᠨ ᠤ 20 ᠲᠥᠯᠥᠭᠡᠯᠡᠭᠴᠢᠳ ᠤᠨ ᠠᠩᠭᠢ ᠠᠯᠲᠠᠨ ᠮᠧᠳᠠᠯ ᠳᠤ ᠰᠢᠪᠲᠤᠯᠤᠯᠲᠠ ᠬᠢᠬᠦ ᠪᠠᠷ ᠪᠠᠶᠢᠵᠤ᠂ ᠬᠤᠷᠳᠤᠴᠠ ᠪᠣᠯᠤᠨ ᠣᠷᠭᠢᠯᠤᠮ᠎ᠠ ᠰᠡᠳᠬᠢᠯᠭᠡ ᠪᠦᠬᠦᠢ ᠮᠥᠰᠥ ᠴᠠᠰᠤᠨ ᠤ ᠤᠷᠤᠯᠳᠤᠭᠠᠨ ᠤ ᠦᠪᠡᠳᠡᠭᠰᠢ ᠨᠠᠶᠢᠷ ᠢ  ᠤᠭᠳᠤᠨ‌ᠠᠪᠴᠢᠷᠠᠬᠤ ᠪᠣᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号