ᠮᠠᠨ ᠤ ᠠᠶᠢᠮᠠᠭ ︽ᠠᠷᠪᠠᠨ ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ︾᠎ ᠤ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2019/12/31
   ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ 2020 ᠤᠨ ᠤ 1 ᠳ᠋ᠣᠭᠡᠷ ᠰᠠᠷ᠎ᠠ ᠶᠢᠨ 10᠎ ᠠᠴᠠ 12᠎ ᠤᠨ ᠡᠳᠦᠷ ᠪᠤᠯᠳᠠᠯ᠎ᠠ ᠲᠤᠯᠤᠨ ᠨᠤᠤᠷ ᠰᠢᠶᠠᠨ ᠳᠤ ᠶᠠᠪᠤᠭᠳᠠᠬᠤ ᠪᠠᠷ ᠪᠠᠶᠢᠨ᠎ᠠ᠃ ᠤᠷᠤᠯᠳᠤᠭᠠᠨ ᠤ ᠪᠡᠯᠡᠳᠭᠡᠯ ᠠᠵᠢᠯ ᠢ ᠡᠬᠢᠯᠡᠬᠦᠯᠦᠭᠰᠡᠨ ᠠᠴᠠ ᠨᠠᠰᠢ᠂ ᠮᠠᠨ ᠤ ᠠᠶᠢᠮᠠᠭ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ︽ᠠᠷᠪᠠᠨ ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ︾  ᠎ ᠤ ᠡᠯ᠎ᠡ ᠲᠠᠯ᠎ᠠ ᠶᠢᠨ ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ ᠪᠠᠶᠢᠨ᠎ᠠ᠃         ᠰᠤᠷᠪᠤᠯᠵᠢᠯᠠᠭᠴᠢ ᠰᠢᠯᠢ ᠶᠢᠨ ᠭᠤᠤᠯ ᠤᠨ ᠤᠷᠤᠯᠳᠤᠭᠠᠨ ᠤ ᠲᠤᠭᠤᠷᠢᠭ ᠤᠨ ᠠᠬᠤᠢ ᠲᠠᠯᠠᠪᠠᠢ ᠶᠢ ᠲᠤᠬᠢᠷᠠᠭᠤᠯᠬᠤ ᠬᠤᠷᠠᠯ ᠠᠴᠠ ᠦᠢᠯᠠᠭᠠᠭᠰᠠᠨ ᠢᠶᠠᠷ᠂ ᠮᠠᠨ ᠤ ᠠᠶᠢᠮᠠᠭ ︽ᠠᠷᠪᠠᠨ ᠲᠦᠷᠪᠡᠲᠡᠬᠢ ᠡᠪᠤᠯ ᠤᠨ ᠲᠠᠮᠢᠷ ᠎ ᠤᠨ ᠴᠤᠭᠯᠠᠭᠠᠨ︾᠎ ᠤ ᠠᠵᠢᠯ ᠢ ᠠᠬᠢᠭᠤᠯᠬᠤ ᠲᠣᠮᠳᠠ᠂ ᠲᠦᠪᠯᠡᠷᠡᠩᠬᠦᠢ ᠠᠯᠪᠠᠯᠠᠬᠤ ᠲᠤᠭᠳᠠᠴᠠ ᠶᠢ ᠨᠠᠶᠢᠳᠠᠪᠤᠷᠢᠵᠢᠭᠤᠯᠵᠤ᠂ ᠪᠡᠯᠡᠳᠭᠡᠯ ᠠᠵᠢᠯ ᠤᠨ ᠮᠡᠳᠡᠭᠡ ᠵᠠᠩᠬᠢ ᠶᠢ ᠡᠳᠦᠷ ᠲᠤ ᠮᠡᠳᠡᠬᠦᠯᠬᠦ ᠲᠦᠷᠢᠮ᠂ ᠱᠠᠯᠠᠪᠳᠠᠭᠤᠯᠤᠨ ᠪᠠᠶᠢᠴᠠᠭᠠᠬᠤ ᠲᠦᠷᠢᠮ ᠢ ᠭᠡᠷᠡᠭᠵᠢᠬᠦᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠳᠥᠷ ᠪᠦᠲᠦᠮᠵᠢᠲᠡᠶ ᠪᠥᠭᠡᠳ ᠨᠠᠷᠢᠯᠢᠭ ᠣᠨᠣᠪᠴᠢᠲᠠᠶ ᠪᠠᠶᠢᠬᠤ ᠶᠢ ᠪᠡᠶᠡᠯᠡᠬᠦᠯᠵᠣ ᠪᠠᠶᠢᠨ᠎ᠠ᠃ ᠤᠷᠤᠯᠳᠤᠭᠠᠨ ᠤ ᠪᠡᠯᠡᠳᠭᠡᠯ ᠠᠵᠢᠯ ᠤᠨ ᠲᠠᠯ᠎ᠠ ᠪᠠᠷ ︽ᠠᠷᠪᠠᠨ ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ ᠤ ᠮᠦᠰᠤᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠤ ᠲᠦᠷᠢᠮ︾᠎ ᠢ ᠲᠠᠷᠤᠮᠠᠯᠯᠠᠨ ᠲᠠᠷᠬᠠᠭᠠᠵᠤ᠂ 20 ᠳᠦᠯᠦᠭᠡᠯᠡᠭᠴᠢᠳ ᠤᠨ ᠠᠩᠬᠢ ᠨᠠᠷ᠎ᠠ ᠮᠡᠳᠡᠬᠦᠯᠦᠨ ᠤᠷᠤᠯᠳᠤᠭᠠᠨ ᠳᠤ ᠤᠷᠤᠯᠴᠠᠬᠤ ᠪᠠᠷ ᠪᠠᠶᠢᠨ᠎ᠠ᠃ ᠤᠯᠤᠰ ᠤᠨ ᠪᠠᠶ᠎ᠠ ᠶᠢᠨ ᠲᠠᠮᠢᠷ ᠤᠨ ᠶᠠᠷᠦᠩᠭᠡᠢ ᠲᠤᠪᠴᠢᠶ᠎ᠠ ᠲᠤᠯᠤᠨ ᠨᠤᠤᠷ ᠰᠢᠶᠠᠨ ᠳᠤ ᠬᠤᠶᠠᠷ ᠲᠤᠰᠬᠠᠢ ᠮᠡᠷᠭᠡᠵᠢᠯᠳᠠᠨ ᠢ ᠲᠤᠮᠢᠯᠠᠵᠤ ᠠᠵᠢᠯ ᠵᠢᠯᠤᠭᠤᠳᠤᠭᠤᠯᠵᠤ᠂ ᠤᠷᠤᠯᠳᠤᠭᠠᠨ ᠤ ᠵᠦᠪᠯᠡᠯ ᠪᠠᠶᠢᠭᠤᠯᠵᠤ᠂ ᠤᠷᠤᠯᠳᠤᠭᠠᠨ ᠤ ᠲᠦᠰᠦᠪ᠂ ᠤᠷᠤᠯᠳᠤᠭᠠᠨ ᠤ ᠭᠡᠷᠡᠭᠵᠢᠬᠦᠯᠬᠦ ᠲᠦᠯᠦᠪᠯᠡᠭᠡ ᠲᠤᠭᠳᠠᠭᠠᠵᠠᠢ᠃    ᠡᠬᠦᠨ ᠤ ᠬᠠᠮᠳᠤ᠂ ᠦᠪᠡᠷᠲᠡᠭᠡᠨ ᠵᠠᠰᠠᠬᠤ ᠤᠷᠤᠨ ᠠᠴᠠ ᠯᠤᠤᠳᠤ ᠤᠩᠭᠤᠴᠠ᠂ ᠪᠤᠯᠪᠠᠰᠤᠷᠠᠯ ᠤᠨ ᠲᠤᠨᠤᠭ ᠲᠦᠬᠦᠭᠡᠷᠦᠮᠵᠢ ᠳᠤᠬᠢᠷᠠᠭᠤᠯᠤᠨ ᠦᠭᠴᠦ᠂ 5.6 ᠲᠦᠮᠡᠨ ᠬᠠᠪᠳᠠᠭᠠᠢ ᠲᠦᠷᠪᠡᠯᠵᠢᠨ ᠮᠧᠲᠷ ᠤᠨ ᠪᠤᠯᠪᠠᠰᠤᠷᠠᠯ ᠤᠨ ᠲᠠᠯᠠᠪᠣᠷ ᠪᠠᠶᠢᠭᠤᠯᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ᠂ ᠬᠢᠷᠢᠨ ᠮᠤᠵᠢ ᠶᠢᠨ ᠳᠦᠯᠦᠭᠡᠯᠡᠭᠴᠢᠳ ᠤᠨ ᠠᠩᠬᠢ ᠨᠢᠭᠡᠨᠲᠡ ᠬᠦᠷᠦᠯᠴᠡᠨ ᠢᠷᠡᠵᠤ ᠲᠦᠪᠯᠡᠷᠡᠩᠬᠦᠢ ᠪᠤᠯᠪᠡᠰᠤᠷᠠᠯ ᠬᠢᠵᠤ ᠪᠠᠶᠢᠨ᠎ᠠ᠃ ︽ᠠᠷᠪᠠᠨ ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ︾᠎ ᠎ ᠤ ᠰᠣᠶᠣᠯ ᠤᠨ ᠪᠦᠲᠦᠭᠡᠭᠳᠡᠬᠦᠨ ᠤ ᠳᠡᠯᠭᠡᠭᠦᠷ ᠪᠣᠯᠤᠨ ᠬᠠᠮᠢᠶ᠎ᠠ ᠪᠦᠬᠦᠢ ᠲᠤᠰᠬᠠᠶ ᠬᠤᠳᠠᠯᠳᠤᠭ᠎ᠠ ᠨᠢᠭᠡᠨᠲᠡ ᠡᠵᠡᠩᠨᠡᠯᠲᠡ ᠶᠢᠨ ᠱᠠᠲᠤᠨ ᠳᠤ ᠣᠷᠣᠵᠤ᠂ ᠢᠲᠡᠭᠡᠨ ᠤ ᠠᠶᠤᠯᠬᠦᠢ ᠵᠢᠴᠢ ᠠᠷᠪᠠᠨ ᠲᠥᠷᠪᠡᠲᠡᠬᠢ ᠡᠪᠤᠯ ᠤᠨ ᠲᠠᠮᠢᠷ ᠤᠨ ᠴᠤᠭᠯᠠᠭᠠᠨ ᠤ ᠮᠥᠰᠥᠨ ᠲᠡᠭᠡᠷᠡᠬᠢ ᠯᠤᠤᠲᠤ ᠤᠡᠭᠭᠤᠴᠠ ᠶᠢᠨ ᠤᠷᠤᠯᠲᠤᠭᠠᠨ ᠤ ᠢᠲᠡᠭᠡᠨ ᠤ ᠠᠶᠤᠯᠬᠦᠢ ᠶᠢᠨ ᠬᠡᠨᠡᠳᠲᠡ ᠶᠢᠨ ᠬᠡᠷᠡᠭ ᠤᠨ ᠪᠠᠴᠢᠮ ᠪᠠᠶᠢᠲᠠᠯ ᠢ ᠠᠷᠭᠠᠴᠠᠬᠤ ᠰᠤᠷᠢᠯᠲᠠ ᠬᠢᠵᠠᠢ᠃ ᠣᠳᠣᠬᠠᠨ ᠳᠤ᠂ ︽ᠠᠷᠪᠠᠨ ᠳᠥᠷᠪᠡᠳᠦᠭᠡᠷ ᠡᠪᠦᠯ ᠤᠨ ᠲᠣᠯᠣᠨ ᠨᠣᠣᠷ ᠣᠷᠣᠨ ᠤ ᠠᠭᠤᠷ ᠠᠮᠢᠰᠬᠤᠯ ᠤᠨ ᠣᠨᠴᠠᠯᠢᠭ ᠵᠢᠴᠢ ᠥᠨᠳᠥᠷ ᠨᠥᠯᠥᠭᠡ ᠲᠠᠢ ᠴᠠᠭ ᠠᠭᠤᠷ ᠤᠨ ᠰᠤᠳᠤᠯᠭᠠᠨ︾᠎ ᠤ ᠪᠠᠶᠢᠭᠤᠯᠤᠯᠲᠠ ᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠢ ᠨᠢᠭᠡᠨᠲᠡ ᠪᠡᠶᠡᠯᠡᠭᠦᠯᠵᠦ᠂ ᠣᠷᠣᠯᠳᠣᠭᠠᠨ ᠤ ᠤᠷᠤᠭᠰᠢᠲᠠᠶ ᠶᠠᠪᠤᠭᠳᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号