ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠮᠦᠰᠦᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ 2020 ᠤᠨ ᠤ 1 | ᠳ᠋ᠣᠭᠡᠷ ᠰᠠᠷ᠎ᠠ ᠶᠢᠨ 10 ᠠᠴᠠ 12 ᠤᠨ ᠡᠳᠦᠷ ᠪᠤᠯᠳᠠᠯ᠎ᠠ ᠲᠤᠯᠤᠨ ᠨᠤᠤᠷ ᠰᠢᠶᠠᠨ ᠳᠤ ᠶᠠᠪᠤᠭᠳᠠᠬᠤ ᠪᠠᠷ ᠪᠠᠶᠢᠨ᠎ᠠ᠃ | ᠤᠷᠤᠯᠳᠤᠭᠠᠨ ᠤ ᠪᠡᠯᠡᠳᠭᠡᠯ ᠠᠵᠢᠯ ᠢ ᠡᠬᠢᠯᠡᠬᠦᠯᠦᠭᠰᠡᠨ ᠠᠴᠠ ᠨᠠᠰᠢ᠂ ᠮᠠᠨ ᠤ ᠠᠶᠢᠮᠠᠭ ᠲᠡᠭᠡᠲᠦ ᠭᠡᠮᠵᠢᠶ᠎ᠠ ᠪᠠᠷ | ᠴᠢᠬᠤᠯᠠᠴᠢᠯᠠᠵᠤ᠂ ︽ᠠᠷᠪᠠᠨ ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ︾ ᠤ ᠡᠯ᠎ᠡ ᠲᠠᠯ᠎ᠠ ᠶᠢᠨ | ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ ᠪᠠᠶᠢᠨ᠎ᠠ᠃ | ᠰᠤᠷᠪᠤᠯᠵᠢᠯᠠᠭᠴᠢ ᠰᠢᠯᠢ ᠶᠢᠨ ᠭᠤᠤᠯ ᠤᠨ ᠤᠷᠤᠯᠳᠤᠭᠠᠨ ᠤ ᠲᠤᠭᠤᠷᠢᠭ ᠤᠨ ᠠᠬᠤᠢ ᠲᠠᠯᠠᠪᠠᠢ ᠶᠢ | ᠲᠤᠬᠢᠷᠠᠭᠤᠯᠬᠤ ᠬᠤᠷᠠᠯ ᠠᠴᠠ ᠦᠢᠯᠠᠭᠠᠭᠰᠠᠨ ᠢᠶᠠᠷ᠂ ᠮᠠᠨ ᠤ ᠠᠶᠢᠮᠠᠭ ︽ᠠᠷᠪᠠᠨ ᠲᠦᠷᠪᠡᠲᠡᠬᠢ ᠡᠪᠤᠯ ᠤᠨ ᠲᠠᠮᠢᠷ | ᠤᠨ ᠴᠤᠭᠯᠠᠭᠠᠨ︾ ᠤ ᠠᠵᠢᠯ ᠢ ᠠᠬᠢᠭᠤᠯᠬᠤ ᠲᠣᠮᠳᠠ᠂ ᠲᠦᠪᠯᠡᠷᠡᠩᠬᠦᠢ ᠠᠯᠪᠠᠯᠠᠬᠤ ᠲᠤᠭᠳᠠᠴᠠ ᠶᠢ | ᠨᠠᠶᠢᠳᠠᠪᠤᠷᠢᠵᠢᠭᠤᠯᠵᠤ᠂ ᠪᠡᠯᠡᠳᠭᠡᠯ ᠠᠵᠢᠯ ᠤᠨ ᠮᠡᠳᠡᠭᠡ ᠵᠠᠩᠬᠢ ᠶᠢ ᠡᠳᠦᠷ ᠲᠤ ᠮᠡᠳᠡᠬᠦᠯᠬᠦ ᠲᠦᠷᠢᠮ᠂ | ᠱᠠᠯᠠᠪᠳᠠᠭᠤᠯᠤᠨ ᠪᠠᠶᠢᠴᠠᠭᠠᠬᠤ ᠲᠦᠷᠢᠮ ᠢ ᠭᠡᠷᠡᠭᠵᠢᠬᠦᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ | ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠳᠥᠷ ᠪᠦᠲᠦᠮᠵᠢᠲᠡᠶ ᠪᠥᠭᠡᠳ ᠨᠠᠷᠢᠯᠢᠭ | ᠣᠨᠣᠪᠴᠢᠲᠠᠶ ᠪᠠᠶᠢᠬᠤ ᠶᠢ ᠪᠡᠶᠡᠯᠡᠬᠦᠯᠵᠣ ᠪᠠᠶᠢᠨ᠎ᠠ᠃ ᠤᠷᠤᠯᠳᠤᠭᠠᠨ ᠤ ᠪᠡᠯᠡᠳᠭᠡᠯ ᠠᠵᠢᠯ ᠤᠨ ᠲᠠᠯ᠎ᠠ ᠪᠠᠷ ︽ᠠᠷᠪᠠᠨ | ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ ᠤ ᠮᠦᠰᠤᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠤ | ᠲᠦᠷᠢᠮ︾ ᠢ ᠲᠠᠷᠤᠮᠠᠯᠯᠠᠨ ᠲᠠᠷᠬᠠᠭᠠᠵᠤ᠂ 20 ᠳᠦᠯᠦᠭᠡᠯᠡᠭᠴᠢᠳ ᠤᠨ ᠠᠩᠬᠢ ᠨᠠᠷᠠ ᠮᠡᠳᠡᠬᠦᠯᠦᠨ ᠤᠷᠤᠯᠳᠤᠭᠠᠨ ᠳᠤ | ᠤᠷᠤᠯᠴᠠᠬᠤ ᠪᠠᠷ ᠪᠠᠶᠢᠨ᠎ᠠ᠃ ᠤᠯᠤᠰ ᠤᠨ ᠪᠠᠶ᠎ᠠ ᠶᠢᠨ ᠲᠠᠮᠢᠷ ᠤᠨ ᠶᠠᠷᠦᠩᠭᠡᠢ ᠲᠤᠪᠴᠢᠶ᠎ᠠ ᠲᠤᠯᠤᠨ ᠨᠤᠤᠷ ᠰᠢᠶᠠᠨ ᠳᠤ | ᠬᠤᠶᠠᠷ ᠲᠤᠰᠬᠠᠢ ᠮᠡᠷᠭᠡᠵᠢᠯᠳᠠᠨ ᠢ ᠲᠤᠮᠢᠯᠠᠵᠤ ᠠᠵᠢᠯ ᠵᠢᠯᠤᠭᠤᠳᠤᠭᠤᠯᠵᠤ᠂ ᠤᠷᠤᠯᠳᠤᠭᠠᠨ ᠤ ᠵᠦᠪᠯᠡᠯ ᠪᠠᠶᠢᠭᠤᠯᠵᠤ᠂ | ᠤᠷᠤᠯᠳᠤᠭᠠᠨ ᠤ ᠲᠦᠰᠦᠪ᠂ ᠤᠷᠤᠯᠳᠤᠭᠠᠨ ᠤ ᠭᠡᠷᠡᠭᠵᠢᠬᠦᠯᠬᠦ ᠲᠦᠯᠦᠪᠯᠡᠭᠡ ᠲᠤᠭᠳᠠᠭᠠᠵᠠᠢ᠃ | ᠡᠬᠦᠨ ᠤ ᠬᠠᠮᠳᠤ᠂ ᠦᠪᠡᠷᠲᠡᠭᠡᠨ ᠵᠠᠰᠠᠬᠤ ᠤᠷᠤᠨ ᠠᠴᠠ ᠯᠤᠤᠳᠤ ᠤᠩᠭᠤᠴᠠ᠂ ᠪᠤᠯᠪᠠᠰᠤᠷᠠᠯ ᠤᠨ ᠲᠤᠨᠤᠭ | ᠲᠦᠬᠦᠭᠡᠷᠦᠮᠵᠢ ᠳᠤᠬᠢᠷᠠᠭᠤᠯᠤᠨ ᠦᠭᠴᠦ᠂ 5.6 ᠲᠦᠮᠡᠨ ᠬᠠᠪᠳᠠᠭᠠᠢ ᠲᠦᠷᠪᠡᠯᠵᠢᠨ ᠮᠧᠲᠷ ᠤᠨ ᠪᠤᠯᠪᠠᠰᠤᠷᠠᠯ ᠤᠨ | ᠲᠠᠯᠠᠪᠣᠷ ᠪᠠᠶᠢᠭᠤᠯᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ᠂ ᠬᠢᠷᠢᠨ ᠮᠤᠵᠢ ᠶᠢᠨ | ᠳᠦᠯᠦᠭᠡᠯᠡᠭᠴᠢᠳ ᠤᠨ ᠠᠩᠬᠢ ᠨᠢᠭᠡᠨᠲᠡ ᠬᠦᠷᠦᠯᠴᠡᠨ ᠢᠷᠡᠵᠤ ᠲᠦᠪᠯᠡᠷᠡᠩᠬᠦᠢ ᠪᠤᠯᠪᠡᠰᠤᠷᠠᠯ ᠬᠢᠵᠤ ᠪᠠᠶᠢᠨ᠎ᠠ᠃ ︽ | ᠠᠷᠪᠠᠨ ᠲᠦᠷᠪᠡᠲᠡᠬᠢ ᠡᠪᠤᠯ ᠤᠨ ᠲᠠᠮᠢᠷ ᠤᠨ ᠴᠤᠭᠯᠠᠭᠠᠨ︾ ᠤ ᠰᠣᠶᠣᠯ ᠤᠨ ᠪᠦᠲᠦᠭᠡᠭᠳᠡᠬᠦᠨ ᠤ ᠳᠡᠯᠭᠡᠭᠦᠷ ᠪᠣᠯᠤᠨ | ᠬᠠᠮᠢᠶ᠎ᠠ ᠪᠦᠬᠦᠢ ᠲᠤᠰᠬᠠᠶ ᠬᠤᠳᠠᠯᠳᠤᠭ᠎ᠠ ᠨᠢᠭᠡᠨᠲᠡ ᠡᠵᠡᠩᠨᠡᠯᠲᠡ ᠶᠢᠨ ᠱᠠᠲᠤᠨ ᠳᠤ ᠣᠷᠣᠵᠤ᠂ ᠢᠲᠡᠭᠡᠨ ᠤ ᠠᠶᠤᠯᠬᠦᠢ | ᠵᠢᠴᠢ ᠠᠷᠪᠠᠨ ᠲᠥᠷᠪᠡᠲᠡᠬᠢ ᠡᠪᠤᠯ ᠤᠨ ᠲᠠᠮᠢᠷ ᠤᠨ ᠴᠤᠭᠯᠠᠭᠠᠨ ᠤ ᠮᠥᠰᠥᠨ ᠲᠡᠭᠡᠷᠡᠬᠢ ᠯᠤᠤᠲᠤ ᠤᠡᠭᠭᠤᠴᠠ ᠶᠢᠨ | ᠤᠷᠤᠯᠲᠤᠭᠠᠨ ᠤ ᠢᠲᠡᠭᠡᠨ ᠤ ᠠᠶᠤᠯᠬᠦᠢ ᠶᠢᠨ ᠬᠡᠨᠡᠳᠲᠡ ᠶᠢᠨ ᠬᠡᠷᠡᠭ ᠤᠨ ᠪᠠᠴᠢᠮ ᠪᠠᠶᠢᠲᠠᠯ ᠢ ᠠᠷᠭᠠᠴᠠᠬᠤ ᠰᠤᠷᠢᠯᠲᠠ | ᠬᠢᠵᠠᠢ᠃ ᠣᠳᠣᠬᠠᠨ ᠳᠤ᠂ ︽ᠠᠷᠪᠠᠨ ᠳᠥᠷᠪᠡᠳᠦᠭᠡᠷ ᠡᠪᠦᠯ ᠤᠨ ᠲᠣᠯᠣᠨ ᠨᠣᠣᠷ ᠣᠷᠣᠨ ᠤ ᠠᠭᠤᠷ ᠠᠮᠢᠰᠬᠤᠯ ᠤᠨ | ᠣᠨᠴᠠᠯᠢᠭ ᠵᠢᠴᠢ ᠥᠨᠳᠥᠷ ᠨᠥᠯᠥᠭᠡ ᠲᠠᠢ ᠴᠠᠭ ᠠᠭᠤᠷ ᠤᠨ ᠰᠤᠳᠤᠯᠭᠠᠨ︾ ᠤ ᠪᠠᠶᠢᠭᠤᠯᠤᠯᠲᠠ ᠨᠢ ᠤᠷᠢᠳᠴᠢᠯᠠᠨ | ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠢ ᠨᠢᠭᠡᠨᠲᠡ ᠪᠡᠶᠡᠯᠡᠭᠦᠯᠵᠦ᠂ ᠣᠷᠣᠯᠳᠣᠭᠠᠨ ᠤ ᠤᠷᠤᠭᠰᠢᠲᠠᠶ | ᠶᠠᠪᠤᠭᠳᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ | |