ᠤᠯᠠᠨ ᠤ ᠠᠩᠬᠠᠷᠤᠯ ᠳᠤ ᠬᠦᠷᠦᠭᠰᠡᠨ ᠮᠤᠩᠭᠤᠯ ᠱᠤᠭ ᠵᠦᠴᠦᠬᠡ—  ︿ᠡᠪᠦᠭᠡ ᠶᠢᠨ ᠦᠯᠢᠬᠡᠷ﹀
ᠨᠡᠶᠢᠲᠡᠯᠡᠭᠰᠡᠨ ᠴᠠᠭ᠄
2019/12/5
        ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠠᠮᠦ᠋ᠴᠢᠷ ᠲᠤ ᠢᠯᠡᠬᠡᠭᠰᠡᠨ ᠬᠠᠷᠢᠭᠤ ᠵᠠᠬᠢᠳᠠᠯ ᠨᠢ  ᠪᠦᠬᠦᠶᠢᠯᠡ‌ᠤᠯᠠᠭᠠᠠᠮᠦ᠋ᠴᠢᠷ ᠤᠨ ᠲᠤᠭᠯᠠᠭᠴᠢᠳ ᠢ ᠵᠤᠷᠢᠬᠵᠢᠭᠤᠯᠤᠨ᠂  ᠦᠨᠳᠣᠰᠣᠨ ᠱᠠᠲᠣᠨ ᠤ ᠤᠯᠠᠭᠠᠠᠮᠦᠴᠢᠷ ᠤᠨ ᠲᠣᠬᠯᠠᠬᠴᠢᠳ ᠤᠨ ᠡᠭᠦᠳᠣᠨ ᠪᠦᠲᠦᠭᠡᠬᠦ ᠣᠷᠮ᠎ᠠ ᠶᠢ ᠬᠦᠪᠴᠢᠯᠡᠭᠰᠡᠨ ᠪᠠᠶᠢᠨ᠎ᠠ᠃ ᠰᠦᠨᠢᠳ ᠵᠡᠬᠦᠨ ᠬᠤᠰᠢᠭᠤᠨ ᠤ ᠤᠯᠠᠭᠠᠠᠮᠦᠴᠢᠷ ᠤᠨ ᠲᠤᠭᠯᠠᠭᠴᠢ ᠪᠠᠶᠠᠠᠴᠡᠩᠬᠡᠯ ᠤᠨ ᠵᠤᠬᠢᠶᠠᠨ ᠪᠦᠲᠦᠭᠡᠭᠰᠡᠨ︿ᠡᠪᠦᠭᠡ ᠶᠢᠨ  ᠦᠯᠢᠬᠡᠷ﹀ ᠬᠡᠬᠦ ᠱᠤᠭ ᠵᠦᠴᠦᠬᠡ  ᠪᠤᠯ ᠡᠳᠡᠭᠡᠷ ᠣᠯᠠᠨ ᠰᠢᠯᠢᠳᠡᠭ ᠪᠦᠲᠦᠭᠡᠯ ᠤᠨ ᠨᠢᠭᠡ ᠪᠤᠯᠤᠨ᠎ᠠ᠃        ᠰᠤᠷᠪᠤᠯᠵᠢᠯᠠᠭᠴᠢ᠂  ᠰᠦᠨᠢᠳ ᠵᠡᠬᠦᠨ ᠬᠤᠰᠢᠭᠤᠨ ᠤ ᠤᠯᠠᠭᠠᠠᠮᠦ᠋ᠴᠢᠷ ᠶᠢᠨ ᠪᠤᠯᠪᠠᠰᠤᠷᠠᠯ ᠤᠨ ᠲᠠᠩᠬᠢᠮ ᠎ ᠳᠤ ᠬᠦᠷᠬᠦ ᠳᠤ ᠤᠯᠠᠭᠠᠠᠮᠦ᠋ᠴᠢᠷ ᠤᠨ ᠲᠤᠭᠯᠠᠭᠴᠢᠳ᠂ ᠪᠠᠶᠠᠠᠴᠡᠩᠬᠡᠯ ᠤᠨ ᠵᠢᠭᠠᠨ ᠵᠢᠯᠤᠭᠤᠳᠤᠯᠭ᠎ᠠ ᠪᠠᠷ ︿ᠡᠪᠦᠭᠡ ᠎ ᠶᠢᠨ ᠦᠯᠢᠬᠡᠷ﹀ ᠬᠡᠬᠦ ᠱᠤᠭ ᠵᠦᠴᠦᠬᠡ  ᠎ ᠶᠢ ᠲᠤᠬᠯᠠᠨ ᠪᠤᠯᠪᠠᠰᠤᠷᠠᠵᠦ ᠪᠠᠶᠢᠪᠠ᠃       ︿ᠡᠪᠦᠭᠡ ᠶᠢᠨ ᠦᠯᠢᠬᠡᠷ﹀ ᠬᠡᠬᠦ ᠱᠤᠭ ᠵᠦᠴᠦᠬᠡ ᠪᠤᠯ ᠰᠦᠨᠢᠳ ᠵᠡᠬᠦᠨ ᠬᠤᠰᠢᠭᠤᠨ ᠤ ᠤᠯᠠᠭᠠᠠᠮᠦᠴᠢᠷ ᠎ ᠤᠨ ᠲᠤᠭᠯᠠᠭᠴᠢ ᠪᠠᠶᠠᠠᠴᠡᠩᠬᠡᠯ ᠤᠨ ᠵᠤᠬᠢᠶᠠᠨ ᠪᠦᠲᠦᠭᠡᠭᠰᠡᠨ ᠪᠦᠳᠦᠬᠡᠯ ᠪᠤᠯᠤᠨ᠎ᠠ᠃ ᠡᠨᠡ ᠵᠢᠯ ᠤᠨ ᠡᠬᠢᠨ ᠳᠤ ᠪᠠᠶᠠᠠᠴᠡᠩᠬᠡᠯ ᠤᠯᠤᠰ ᠤᠨ ᠤᠷᠠᠯᠢᠭ ᠤᠨ ᠰᠠᠭᠤᠷᠢ ᠮᠦᠩᠬᠦᠨ ᠤ 2019 ᠤᠨ ᠤ ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠬᠦ ᠲᠡᠳᠬᠦᠮᠵᠢ ᠶᠢᠨ ᠲᠦᠷᠦᠯ ᠵᠤᠶᠢᠯ ᠤᠨ︿ᠤᠯᠠᠭᠠᠠᠮᠦ᠋ᠴᠢᠷ ᠤᠨ ᠱᠤᠭ ᠵᠦᠴᠦᠬᠡ ᠨᠠᠶᠢᠷᠠᠭᠤᠯᠵᠦ ᠵᠤᠬᠢᠶᠠᠬᠤ ᠠᠩᠬᠢ﹀᠎ ᠳᠤ ᠰᠤᠷᠤᠯᠴᠠᠨ᠂  ᠰᠤᠷᠤᠯᠭ᠎ᠠ ᠲᠡᠬᠦᠰᠦᠭᠰᠡᠨ ᠤ ᠲᠠᠷᠠᠭ᠎ᠠ ︿ᠡᠪᠦᠭᠡ ᠶᠢᠨ ᠦᠯᠢᠬᠡᠷ﹀ ᠬᠡᠬᠦ ᠱᠤᠭ ᠵᠦᠴᠦᠬᠡ ᠪᠠᠨ ᠨᠠᠶᠢᠷᠠᠭᠤᠯᠤᠨ ᠵᠤᠬᠢᠶᠠᠵᠤ᠂ ᠰᠤᠷᠤᠯᠴᠠᠯᠭ᠎ᠠ ᠶᠢᠨ ᠬᠠᠷᠢᠭᠤ ᠮᠡᠳᠡᠬᠦᠯᠦᠯᠳᠡ ᠶᠢᠨ ᠲᠤᠭᠯᠠᠯᠳᠠ ᠎ ᠳᠤ ᠤᠷᠤᠯᠴᠠᠭᠤᠯᠤᠨ ᠰᠠᠶᠢᠨ ᠦᠨᠡᠯᠡᠯᠳᠡ ᠶᠢ ᠤᠯᠤᠭᠰᠠᠨ ᠪᠠᠶᠢᠨ᠎ᠠ᠃ ︿ᠡᠪᠦᠭᠡ ᠶᠢᠨ ᠦᠯᠢᠬᠡᠷ﹀ ᠬᠡᠬᠦ ᠱᠤᠭ ᠵᠦᠴᠦᠬᠡ ᠳᠤ ᠡᠪᠦᠭᠡ ᠨᠢ ᠬᠤᠳᠠ ᠤᠷᠤᠵᠦ ᠤᠮᠪᠤᠯ ᠢᠶᠠᠨ ᠬᠠᠷᠠᠬᠤ ᠶᠠᠪᠤᠴᠠ ᠳᠤ ᠬᠤᠳᠠ ᠬᠦᠳᠡᠭᠡ ᠶᠢᠨ ᠠᠮᠢᠳᠤᠷᠠᠯ ᠤᠨ ᠬᠡᠯᠪᠡᠷᠢ ᠲᠠᠳᠬᠠᠯ ᠠᠳᠠᠯᠢ ᠪᠤᠰᠦ ᠠᠴᠠ ᠪᠤᠯᠵᠦ ᠬᠡᠤᠬᠡᠳ ᠨᠢ ᠲᠡᠬᠦᠨ ᠳᠤ ᠬᠠᠨᠤᠮᠵᠢ ᠦᠬᠡᠢ ᠠᠴᠠ ᠪᠤᠯᠤᠭᠰᠠᠨ ᠦᠯᠢᠬᠡᠷ ᠢᠶᠠᠷ ᠵᠠᠯᠠᠭᠤᠴᠤᠳ ᠢ ᠠᠪᠤ ᠡᠵᠢ ᠪᠠᠨ ᠣᠶᠢᠯᠠᠭᠠᠨ᠂ ᠠᠬᠠᠮᠠᠳ ᠢᠶᠠᠨ ᠬᠦᠨᠳᠦᠯᠡᠬᠦ ᠦᠨᠳᠦᠰᠦᠳᠡᠨ ᠤ ᠤᠯᠠᠮᠵᠢᠯᠠᠯᠳᠦ ᠰᠠᠶᠢᠨ ᠰᠠᠶᠢᠬᠠᠨ ᠵᠠᠩ ᠲᠠᠳᠬᠠᠯ ᠢ ᠤᠯᠠᠮᠵᠢᠯᠠᠨ ᠪᠠᠳᠠᠷᠠᠭᠤᠯᠬᠤ ᠶᠢ ᠤᠷᠢᠶᠠᠯᠠᠭᠰᠠᠨ ᠪᠠᠶᠢᠨ᠎ᠠ᠃        ᠡᠨᠡ ᠵᠢᠯ ᠪᠤᠯ ᠰᠢ ᠶᠢᠨ ᠫᠢᠩ ᠶᠡᠷᠦᠩᠬᠡᠢ ᠱᠦᠵᠢ᠂  ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠎ ᠲᠤ ᠬᠠᠷᠢᠭᠤ ᠵᠠᠬᠢᠳᠠᠯ ᠢᠯᠡᠬᠡᠭᠰᠡᠨ ᠬᠤᠶᠠᠷ ᠵᠢᠯ ᠤᠨ ᠤᠢ ᠪᠤᠯᠤᠨ᠎ᠠ᠂  ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠠᠮᠦ᠋ᠴᠢᠷ ᠲᠤ ᠢᠯᠡᠬᠡᠭᠰᠡᠨ ᠬᠠᠷᠢᠭᠤ ᠵᠠᠬᠢᠳᠠᠯ ᠨᠢ ᠪᠦᠬᠦᠶᠢᠯᠡ ᠤᠯᠠᠭᠠᠠᠮᠦ᠋ᠴᠢᠷ ᠤᠨ ᠲᠤᠭᠯᠠᠭᠴᠢᠳ ᠤᠨ ᠤᠷᠮ᠎ᠠ ᠵᠤᠷᠢᠭ ᠢ ᠬᠦᠪᠴᠢᠯᠠᠵᠦ᠂ ᠲᠡᠳᠡᠨ ᠢ ᠬᠤᠶᠢᠰᠢᠳᠡ ᠨᠡᠩ ᠠᠷᠪᠢᠨ ᠰᠢᠯᠢᠳᠡᠭ ᠪᠦᠳᠦᠬᠡᠯ ᠨᠠᠶᠢᠷᠠᠭᠤᠯᠤᠨ ᠦᠢᠯᠡᠳᠴᠦ᠂ ᠦᠷᠬᠡᠨ ᠤᠯᠠᠨ ᠮᠠᠯᠴᠢᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ︿ᠦᠨᠢ ᠡᠬᠦᠷᠢᠳᠡ ᠲᠠᠯ᠎ᠠ ᠨᠤᠳᠤᠭ ᠤᠨ ᠬᠤᠪᠢᠰᠬᠠᠯᠳᠣ ᠬᠦᠩᠬᠡᠨ ᠮᠤᠷᠢᠳᠦ ᠴᠡᠷᠢᠭ﹀ ᠪᠤᠯᠬᠤ ᠪᠠᠷ ᠴᠢᠷᠮᠠᠶᠢᠨ᠂ ᠦᠨᠳᠣᠰᠦᠨ ᠱᠠᠲᠣᠨ ᠤ ᠰᠤᠶᠤᠯ ᠤᠨ ᠦᠢᠯᠡᠰ ᠤᠨ ᠬᠦᠭᠵᠢᠯᠳᠠ ᠳᠤ ᠬᠤᠪᠢ ᠨᠠᠮᠠᠷᠢ ᠪᠠᠨ ᠦᠵᠡᠬᠦᠯᠬᠦ ᠳᠤ ᠢᠳᠡᠬᠡᠯ ᠲᠡᠬᠦᠯᠳᠡᠷ ᠪᠤᠯᠭᠠᠬᠰᠠᠨ ᠪᠠᠶᠢᠨ᠎ᠠ᠃  ︿ᠡᠪᠦᠭᠡ ᠶᠢᠨ ᠦᠯᠢᠬᠡᠷ﹀ ᠬᠡᠬᠦ ᠱᠤᠭ ᠵᠦᠴᠦᠬᠡ  ᠎ ᠨᠢ 2019 ᠤᠨ ᠤ ᠪᠦᠬᠦ ᠤᠷᠤᠨ ᠎ ᠤ ᠬᠤᠶᠠᠳᠤᠭᠠᠷ ᠬᠤᠭᠤᠴᠠᠭᠠᠨ ᠤ ᠮᠤᠩᠭᠤᠯ ᠱᠤᠭ ᠵᠦᠴᠦᠬᠡ ᠶᠢᠨ ᠨᠠᠭᠠᠳᠤᠮ  ᠎ ᠳᠤ ︿ᠱᠠᠭᠳᠠᠷ﹀ ᠨᠢᠬᠡᠳᠤᠬᠡᠷ ᠲᠡᠰ ᠎ ᠤᠨ ᠠᠯᠳᠠᠨ ᠬᠤᠨᠳᠠᠭᠠᠳᠦ ᠱᠠᠩᠨᠠᠯ ᠢ ᠬᠦᠷᠳᠡᠵᠦ᠂  ᠪᠠᠶᠠᠠᠴᠡᠩᠬᠡᠯ ᠬᠠᠮᠤᠭ ᠰᠢᠯᠢᠳᠡᠭ ᠤᠳᠤᠷᠢᠳᠤᠭᠠᠴᠢ ᠪᠠᠷ ᠱᠠᠩᠨᠠᠬᠳᠠᠵᠤ᠂ 2019 ᠤᠨ ᠤ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠮᠤᠩᠭᠤᠯ ᠱᠤᠭ ᠵᠦᠴᠦᠬᠡ ᠶᠢᠨ ᠲᠤᠭᠯᠠᠯᠳᠠ ᠳᠤ ᠵᠦᠴᠦᠭᠡ ᠨᠢ ᠪᠠᠰᠠ ᠨᠠᠶᠢᠷᠠᠭᠤᠯᠤᠨ  ᠵᠤᠬᠢᠶᠠᠬᠰᠠᠨ ᠱᠠᠩᠨᠠᠯ ᠬᠦᠷᠳᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号