ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠠᠮᠦ᠋ᠴᠢᠷ ᠲᠤ ᠢᠯᠡᠬᠡᠭᠰᠡᠨ ᠬᠠᠷᠢᠭᠤ ᠵᠠᠬᠢᠳᠠᠯ ᠨᠢ | ᠪᠦᠬᠦᠶᠢᠯᠡᠤᠯᠠᠭᠠᠠᠮᠦ᠋ᠴᠢᠷ ᠤᠨ ᠲᠤᠭᠯᠠᠭᠴᠢᠳ ᠢ ᠵᠤᠷᠢᠬᠵᠢᠭᠤᠯᠤᠨ᠂ ᠦᠨᠳᠣᠰᠣᠨ ᠱᠠᠲᠣᠨ ᠤ ᠤᠯᠠᠭᠠᠠᠮᠦᠴᠢᠷ ᠤᠨ | ᠲᠣᠬᠯᠠᠬᠴᠢᠳ ᠤᠨ ᠡᠭᠦᠳᠣᠨ ᠪᠦᠲᠦᠭᠡᠬᠦ ᠣᠷᠮ᠎ᠠ ᠶᠢ ᠬᠦᠪᠴᠢᠯᠡᠭᠰᠡᠨ ᠪᠠᠶᠢᠨ᠎ᠠ᠃ ᠰᠦᠨᠢᠳ ᠵᠡᠬᠦᠨ ᠬᠤᠰᠢᠭᠤᠨ ᠤ | ᠤᠯᠠᠭᠠᠠᠮᠦᠴᠢᠷ ᠤᠨ ᠲᠤᠭᠯᠠᠭᠴᠢ ᠪᠠᠶᠠᠠᠴᠡᠩᠬᠡᠯ ᠤᠨ ᠵᠤᠬᠢᠶᠠᠨ ᠪᠦᠲᠦᠭᠡᠭᠰᠡᠨ︿ᠡᠪᠦᠭᠡ ᠶᠢᠨ ᠦᠯᠢᠬᠡᠷ﹀ ᠬᠡᠬᠦ ᠱᠤᠭ | ᠵᠦᠴᠦᠬᠡ ᠪᠤᠯ ᠡᠳᠡᠭᠡᠷ ᠣᠯᠠᠨ ᠰᠢᠯᠢᠳᠡᠭ ᠪᠦᠲᠦᠭᠡᠯ ᠤᠨ ᠨᠢᠭᠡ ᠪᠤᠯᠤᠨ᠎ᠠ᠃ | ᠰᠤᠷᠪᠤᠯᠵᠢᠯᠠᠭᠴᠢ᠂ ᠰᠦᠨᠢᠳ ᠵᠡᠬᠦᠨ ᠬᠤᠰᠢᠭᠤᠨ ᠤ ᠤᠯᠠᠭᠠᠠᠮᠦ᠋ᠴᠢᠷ ᠶᠢᠨ ᠪᠤᠯᠪᠠᠰᠤᠷᠠᠯ ᠤᠨ ᠲᠠᠩᠬᠢᠮ | ᠳᠤ ᠬᠦᠷᠬᠦ ᠳᠤ ᠤᠯᠠᠭᠠᠠᠮᠦ᠋ᠴᠢᠷ ᠤᠨ ᠲᠤᠭᠯᠠᠭᠴᠢᠳ᠂ ᠪᠠᠶᠠᠠᠴᠡᠩᠬᠡᠯ ᠤᠨ ᠵᠢᠭᠠᠨ ᠵᠢᠯᠤᠭᠤᠳᠤᠯᠭ᠎ᠠ ᠪᠠᠷ ︿ᠡᠪᠦᠭᠡ | ᠶᠢᠨ ᠦᠯᠢᠬᠡᠷ﹀ ᠬᠡᠬᠦ ᠱᠤᠭ ᠵᠦᠴᠦᠬᠡ ᠶᠢ ᠲᠤᠬᠯᠠᠨ ᠪᠤᠯᠪᠠᠰᠤᠷᠠᠵᠦ ᠪᠠᠶᠢᠪᠠ᠃ | ︿ᠡᠪᠦᠭᠡ ᠶᠢᠨ ᠦᠯᠢᠬᠡᠷ﹀ ᠬᠡᠬᠦ ᠱᠤᠭ ᠵᠦᠴᠦᠬᠡ ᠪᠤᠯ ᠰᠦᠨᠢᠳ ᠵᠡᠬᠦᠨ ᠬᠤᠰᠢᠭᠤᠨ ᠤ ᠤᠯᠠᠭᠠᠠᠮᠦᠴᠢᠷ | ᠤᠨ ᠲᠤᠭᠯᠠᠭᠴᠢ ᠪᠠᠶᠠᠠᠴᠡᠩᠬᠡᠯ ᠤᠨ ᠵᠤᠬᠢᠶᠠᠨ ᠪᠦᠲᠦᠭᠡᠭᠰᠡᠨ ᠪᠦᠳᠦᠬᠡᠯ ᠪᠤᠯᠤᠨ᠎ᠠ᠃ ᠡᠨᠡ ᠵᠢᠯ ᠤᠨ ᠡᠬᠢᠨ ᠳᠤ | ᠪᠠᠶᠠᠠᠴᠡᠩᠬᠡᠯ ᠤᠯᠤᠰ ᠤᠨ ᠤᠷᠠᠯᠢᠭ ᠤᠨ ᠰᠠᠭᠤᠷᠢ ᠮᠦᠩᠬᠦᠨ ᠤ 2019 ᠤᠨ ᠤ ᠤᠷᠠᠯᠢᠭ ᠤᠨ ᠴᠢᠳᠠᠪᠤᠷᠢᠳᠠᠨ ᠢ | ᠬᠦᠮᠦᠵᠢᠬᠦᠯᠬᠦ ᠲᠡᠳᠬᠦᠮᠵᠢ ᠶᠢᠨ ᠲᠦᠷᠦᠯ ᠵᠤᠶᠢᠯ ᠤᠨ︿ᠤᠯᠠᠭᠠᠠᠮᠦ᠋ᠴᠢᠷ ᠤᠨ ᠱᠤᠭ ᠵᠦᠴᠦᠬᠡ ᠨᠠᠶᠢᠷᠠᠭᠤᠯᠵᠦ | ᠵᠤᠬᠢᠶᠠᠬᠤ ᠠᠩᠬᠢ﹀ ᠳᠤ ᠰᠤᠷᠤᠯᠴᠠᠨ᠂ ᠰᠤᠷᠤᠯᠭ᠎ᠠ ᠲᠡᠬᠦᠰᠦᠭᠰᠡᠨ ᠤ ᠲᠠᠷᠠᠭ᠎ᠠ ︿ᠡᠪᠦᠭᠡ ᠶᠢᠨ ᠦᠯᠢᠬᠡᠷ﹀ ᠬᠡᠬᠦ | ᠱᠤᠭ ᠵᠦᠴᠦᠬᠡ ᠪᠠᠨ ᠨᠠᠶᠢᠷᠠᠭᠤᠯᠤᠨ ᠵᠤᠬᠢᠶᠠᠵᠤ᠂ ᠰᠤᠷᠤᠯᠴᠠᠯᠭ᠎ᠠ ᠶᠢᠨ ᠬᠠᠷᠢᠭᠤ ᠮᠡᠳᠡᠬᠦᠯᠦᠯᠳᠡ ᠶᠢᠨ ᠲᠤᠭᠯᠠᠯᠳᠠ | ᠳᠤ ᠤᠷᠤᠯᠴᠠᠭᠤᠯᠤᠨ ᠰᠠᠶᠢᠨ ᠦᠨᠡᠯᠡᠯᠳᠡ ᠶᠢ ᠤᠯᠤᠭᠰᠠᠨ ᠪᠠᠶᠢᠨ᠎ᠠ᠃ ︿ᠡᠪᠦᠭᠡ ᠶᠢᠨ ᠦᠯᠢᠬᠡᠷ﹀ ᠬᠡᠬᠦ ᠱᠤᠭ | ᠵᠦᠴᠦᠬᠡ ᠳᠤ ᠡᠪᠦᠭᠡ ᠨᠢ ᠬᠤᠳᠠ ᠤᠷᠤᠵᠦ ᠤᠮᠪᠤᠯ ᠢᠶᠠᠨ ᠬᠠᠷᠠᠬᠤ ᠶᠠᠪᠤᠴᠠ ᠳᠤ ᠬᠤᠳᠠ ᠬᠦᠳᠡᠭᠡ ᠶᠢᠨ | ᠠᠮᠢᠳᠤᠷᠠᠯ ᠤᠨ ᠬᠡᠯᠪᠡᠷᠢ ᠲᠠᠳᠬᠠᠯ ᠠᠳᠠᠯᠢ ᠪᠤᠰᠦ ᠠᠴᠠ ᠪᠤᠯᠵᠦ ᠬᠡᠤᠬᠡᠳ ᠨᠢ ᠲᠡᠬᠦᠨ ᠳᠤ ᠬᠠᠨᠤᠮᠵᠢ ᠦᠬᠡᠢ ᠠᠴᠠ | ᠪᠤᠯᠤᠭᠰᠠᠨ ᠦᠯᠢᠬᠡᠷ ᠢᠶᠠᠷ ᠵᠠᠯᠠᠭᠤᠴᠤᠳ ᠢ ᠠᠪᠤ ᠡᠵᠢ ᠪᠠᠨ ᠣᠶᠢᠯᠠᠭᠠᠨ᠂ ᠠᠬᠠᠮᠠᠳ ᠢᠶᠠᠨ ᠬᠦᠨᠳᠦᠯᠡᠬᠦ | ᠦᠨᠳᠦᠰᠦᠳᠡᠨ ᠤ ᠤᠯᠠᠮᠵᠢᠯᠠᠯᠳᠦ ᠰᠠᠶᠢᠨ ᠰᠠᠶᠢᠬᠠᠨ ᠵᠠᠩ ᠲᠠᠳᠬᠠᠯ ᠢ ᠤᠯᠠᠮᠵᠢᠯᠠᠨ ᠪᠠᠳᠠᠷᠠᠭᠤᠯᠬᠤ ᠶᠢ ᠤᠷᠢᠶᠠᠯᠠᠭᠰᠠᠨ | ᠪᠠᠶᠢᠨ᠎ᠠ᠃ | ᠡᠨᠡ ᠵᠢᠯ ᠪᠤᠯ ᠰᠢ ᠶᠢᠨ ᠫᠢᠩ ᠶᠡᠷᠦᠩᠬᠡᠢ ᠱᠦᠵᠢ᠂ ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ | ᠲᠤ ᠬᠠᠷᠢᠭᠤ ᠵᠠᠬᠢᠳᠠᠯ ᠢᠯᠡᠬᠡᠭᠰᠡᠨ ᠬᠤᠶᠠᠷ ᠵᠢᠯ ᠤᠨ ᠤᠢ ᠪᠤᠯᠤᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ | ᠤᠯᠠᠭᠠᠠᠮᠦ᠋ᠴᠢᠷ ᠲᠤ ᠢᠯᠡᠬᠡᠭᠰᠡᠨ ᠬᠠᠷᠢᠭᠤ ᠵᠠᠬᠢᠳᠠᠯ ᠨᠢ ᠪᠦᠬᠦᠶᠢᠯᠡ ᠤᠯᠠᠭᠠᠠᠮᠦ᠋ᠴᠢᠷ ᠤᠨ ᠲᠤᠭᠯᠠᠭᠴᠢᠳ ᠤᠨ ᠤᠷᠮ᠎ᠠ | ᠵᠤᠷᠢᠭ ᠢ ᠬᠦᠪᠴᠢᠯᠠᠵᠦ᠂ ᠲᠡᠳᠡᠨ ᠢ ᠬᠤᠶᠢᠰᠢᠳᠡ ᠨᠡᠩ ᠠᠷᠪᠢᠨ ᠰᠢᠯᠢᠳᠡᠭ ᠪᠦᠳᠦᠬᠡᠯ ᠨᠠᠶᠢᠷᠠᠭᠤᠯᠤᠨ ᠦᠢᠯᠡᠳᠴᠦ᠂ | ᠦᠷᠬᠡᠨ ᠤᠯᠠᠨ ᠮᠠᠯᠴᠢᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ︿ᠦᠨᠢ | ᠡᠬᠦᠷᠢᠳᠡ ᠲᠠᠯ᠎ᠠ ᠨᠤᠳᠤᠭ ᠤᠨ ᠬᠤᠪᠢᠰᠬᠠᠯᠳᠣ ᠬᠦᠩᠬᠡᠨ ᠮᠤᠷᠢᠳᠦ ᠴᠡᠷᠢᠭ﹀ ᠪᠤᠯᠬᠤ ᠪᠠᠷ ᠴᠢᠷᠮᠠᠶᠢᠨ᠂ ᠦᠨᠳᠣᠰᠦᠨ | ᠱᠠᠲᠣᠨ ᠤ ᠰᠤᠶᠤᠯ ᠤᠨ ᠦᠢᠯᠡᠰ ᠤᠨ ᠬᠦᠭᠵᠢᠯᠳᠠ ᠳᠤ ᠬᠤᠪᠢ ᠨᠠᠮᠠᠷᠢ ᠪᠠᠨ ᠦᠵᠡᠬᠦᠯᠬᠦ ᠳᠤ ᠢᠳᠡᠬᠡᠯ ᠲᠡᠬᠦᠯᠳᠡᠷ | ᠪᠤᠯᠭᠠᠬᠰᠠᠨ ᠪᠠᠶᠢᠨ᠎ᠠ᠃ ︿ᠡᠪᠦᠭᠡ ᠶᠢᠨ ᠦᠯᠢᠬᠡᠷ﹀ ᠬᠡᠬᠦ ᠱᠤᠭ ᠵᠦᠴᠦᠬᠡ ᠨᠢ 2019 ᠤᠨ ᠤ ᠪᠦᠬᠦ ᠤᠷᠤᠨ | ᠤ ᠬᠤᠶᠠᠳᠤᠭᠠᠷ ᠬᠤᠭᠤᠴᠠᠭᠠᠨ ᠤ ᠮᠤᠩᠭᠤᠯ ᠱᠤᠭ ᠵᠦᠴᠦᠬᠡ ᠶᠢᠨ ᠨᠠᠭᠠᠳᠤᠮ ᠳᠤ ︿ᠱᠠᠭᠳᠠᠷ﹀ ᠨᠢᠬᠡᠳᠤᠬᠡᠷ ᠲᠡᠰ | ᠤᠨ ᠠᠯᠳᠠᠨ ᠬᠤᠨᠳᠠᠭᠠᠳᠦ ᠱᠠᠩᠨᠠᠯ ᠢ ᠬᠦᠷᠳᠡᠵᠦ᠂ ᠪᠠᠶᠠᠠᠴᠡᠩᠬᠡᠯ ᠬᠠᠮᠤᠭ ᠰᠢᠯᠢᠳᠡᠭ ᠤᠳᠤᠷᠢᠳᠤᠭᠠᠴᠢ ᠪᠠᠷ | ᠱᠠᠩᠨᠠᠬᠳᠠᠵᠤ᠂ 2019 ᠤᠨ ᠤ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠮᠤᠩᠭᠤᠯ ᠱᠤᠭ ᠵᠦᠴᠦᠬᠡ ᠶᠢᠨ | ᠲᠤᠭᠯᠠᠯᠳᠠ ᠳᠤ ᠵᠦᠴᠦᠭᠡ ᠨᠢ ᠪᠠᠰᠠ ᠨᠠᠶᠢᠷᠠᠭᠤᠯᠤᠨ ᠵᠤᠬᠢᠶᠠᠬᠰᠠᠨ ᠱᠠᠩᠨᠠᠯ ᠬᠦᠷᠳᠡᠭᠰᠡᠨ ᠪᠠᠶᠢᠨ᠎ᠠ᠃ | | | | | | | | | | | | | | | | | | | | | | |