ᠤᠢᠢᠷ᠎ᠠ ᠳᠤ᠂ ᠮᠠᠨ ᠤ ᠠᠶᠢᠮᠠᠭ ᠤᠨ ᠰᠢᠯᠢ ᠶᠢᠨ ᠭᠤᠤᠯ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠤᠢ | ᠰᠢᠭᠤᠢ ᠪᠤᠯᠤᠨ ᠲᠠᠯ᠎ᠠ ᠨᠤᠲᠤᠭ ᠤᠨ ᠲᠤᠪᠴᠢᠶ᠎ᠠ ᠶᠢᠨ ᠬᠢᠨᠠᠨ ᠰᠢᠯᠭᠠᠯᠲᠠ ᠪᠠᠷ ᠳᠠᠮᠵᠢᠭᠠᠳ ᠤᠯᠤᠰ ᠤᠨ ᠲᠡᠰ ᠤᠨ | ᠨᠤᠭᠤ ᠭᠠᠵᠠᠷ ᠤᠨ ᠴᠡᠴᠡᠷᠯᠢᠭ ᠤᠨ ᠪᠠᠷᠢᠮᠵᠢᠶᠠᠨ ᠳᠤ ᠬᠦᠷᠦᠭᠰᠡᠨ ᠢᠶᠠᠷ ᠲᠤᠰ ᠴᠡᠴᠡᠷᠯᠢᠭ ᠨᠢ ᠮᠠᠨ ᠤ ᠠᠶᠢᠮᠠᠭ ᠤᠨ | ᠠᠩᠬᠠᠳᠠᠭᠴᠢ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠪᠤᠯᠵᠠᠢ᠃ | ᠰᠢᠯᠢ ᠶᠢᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠰᠢᠯᠢ ᠶᠢᠨ ᠬᠤᠲᠠ ᠠᠴᠠ 9 ᠺᠢᠯᠤᠮᠧᠳ᠋ᠷ | ᠵᠠᠶᠢᠲᠠᠢ ᠪᠠᠶᠢᠵᠦ᠂ ᠮᠢᠷᠠᠯᠵᠠᠨ ᠤᠷᠤᠰᠬᠤ ᠰᠢᠯᠢ ᠶᠢᠨ ᠭᠤᠤᠯ ᠤᠨ ᠤᠷᠤᠰᠬᠠᠯ ᠢ ᠲᠠᠭᠠᠨ ᠪᠠᠶᠢᠷᠢᠯᠠᠵᠦ᠂ ᠨᠡᠶᠢᠳᠡ | 6556 ᠾᠧᠺᠲ᠋ᠡᠷ ᠲᠠᠯᠠᠪᠠᠢ ᠲᠠᠢ᠃ ᠨᠤᠭᠤ ᠭᠠᠵᠠᠷ ᠤᠨ ᠴᠡᠴᠡᠷᠯᠢᠭ ᠤᠨ ᠪᠠᠶᠢᠭᠠᠯᠢ ᠭᠠᠵᠠᠷ ᠵᠦᠢ ᠶᠢᠨ ᠪᠠᠶᠢᠷᠢᠰᠢᠯ | ᠪᠤᠯᠤᠨ ᠨᠤᠭᠤ ᠭᠠᠵᠠᠷ ᠤᠨ ᠡᠬᠢ ᠪᠠᠶᠠᠯᠢᠭ ᠤᠨ ᠨᠦᠬᠦᠴᠠᠯ ᠴᠢᠳᠠᠮᠵᠢ ᠶᠢ ᠦᠨᠳᠦᠰᠦᠯᠡᠨ᠂ ᠠᠮᠢ ᠠᠬᠤᠢ ᠶᠢᠨ | ᠬᠠᠮᠠᠭᠠᠯᠠᠯᠲᠠ ᠶᠢᠨ ᠲᠤᠭᠤᠷᠢᠭ᠂ ᠰᠡᠷᠭᠦᠭᠡᠨ ᠳᠠᠬᠢᠨ ᠪᠠᠶᠢᠭᠤᠯᠬᠤ ᠲᠤᠭᠤᠷᠢᠭ᠂ ᠤᠬᠠᠭᠤᠯᠭ᠎ᠠ ᠳᠡᠯᠭᠡᠨ | ᠦᠵᠡᠭᠦᠯᠭᠡ ᠶᠢᠨ ᠲᠤᠭᠤᠷᠢᠭ᠂ ᠵᠤᠬᠢᠰᠲᠠᠢ ᠠᠰᠢᠬᠯᠠᠬᠤ ᠲᠤᠭᠤᠷᠢᠭ ᠪᠠ ᠬᠠᠮᠢᠶᠠᠷᠤᠯᠲᠠ ᠦᠢᠯᠡᠴᠢᠯᠡᠭᠡ ᠶᠢᠨ | ᠲᠤᠭᠤᠷᠢᠭ ᠵᠡᠷᠭᠡ ᠲᠠᠪᠤᠨ ᠴᠢᠳᠠᠮᠵᠢ ᠶᠢᠨ ᠤᠷᠤᠨ ᠬᠤᠪᠢᠶᠠᠵᠠᠢ᠃ 2012 ᠤᠨ ᠤ 12 ᠰᠠᠷ᠎ᠠ ᠳᠤ᠂ ᠤᠯᠤᠰ ᠤᠨ | ᠤᠢ ᠰᠢᠭᠤᠢ ᠶᠢᠨ ᠲᠤᠪᠴᠢᠶ᠎ᠠ ᠠᠴᠠ ᠦᠪᠦᠷ ᠮᠤᠩᠭᠤᠯ ᠤᠨ ᠰᠢᠯᠢ ᠶᠢᠨ ᠭᠤᠤᠯ ᠨᠤᠭᠤ ᠭᠠᠵᠠᠷ ᠤᠨ ᠴᠡᠴᠡᠷᠯᠢᠭ ᠢ | ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠤᠨ ᠳᠤᠷᠰᠢᠯᠲᠠ ᠶᠢᠨ ᠴᠡᠭ ᠪᠤᠯᠭᠠᠨ ᠪᠠᠶᠢᠭᠤᠯᠬᠤ ᠪᠠᠷ | ᠵᠦᠪᠰᠢᠶᠡᠷᠡᠭᠰᠡᠨ ᠠᠴᠠ ᠨᠠᠭᠠᠰᠢ᠂ ᠵᠢᠷᠭᠤᠭᠠᠨ ᠵᠢᠯ ᠤᠨ ᠳᠤᠷᠰᠢ᠂ ᠰᠢᠯᠢ ᠶᠢᠨ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠨᠤᠭᠤ ᠭᠠᠵᠠᠷ ᠤᠨ ᠴᠡᠴᠡᠷᠯᠢᠭ ᠢ ᠪᠦᠲᠦᠭᠡᠨ ᠪᠠᠶᠢᠭᠤᠯᠬᠤ ᠠᠵᠢᠯ ᠢ ᠲᠡᠭᠡᠲᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠳᠤᠰᠬᠠᠶᠢᠯᠠᠨ ︽ᠦᠪᠦᠷ ᠮᠤᠩᠭᠤᠯ ᠤᠨ ᠰᠢᠯᠢ ᠶᠢᠨ ᠭᠤᠤᠯ ᠤᠯᠤᠰ ᠤᠨ ᠲᠡᠰ ᠤᠨ | ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ︾ ᠢ ᠪᠠᠶᠢᠭᠤᠯᠵᠦ᠂ ᠡᠯ᠎ᠠ ᠵᠦᠢᠯ ᠤᠨ ᠪᠦᠲᠦᠭᠡᠨ | ᠪᠠᠶᠢᠭᠤᠯᠤᠯᠲᠠ ᠪᠠ ᠦᠢᠯᠡᠴᠢᠯᠡᠭᠡ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠪᠠᠷᠢᠮᠵᠢᠶ᠎ᠠ ᠶᠤᠰᠤ ᠪᠠᠷ ᠱᠠᠯᠠᠪᠳᠠᠨ | ᠬᠢᠵᠦ ᠢᠷᠡᠭᠰᠡᠨ ᠢᠶᠠᠷ ᠤᠳᠤ ᠲᠤᠰ ᠴᠡᠴᠡᠷᠯᠢᠭ ᠨᠢ ᠠᠮᠢ ᠠᠬᠤᠢ᠂ ᠰᠤᠶᠤᠯ᠂ ᠵᠤᠭᠠᠴᠠᠯ ᠰᠡᠯᠡᠭᠦᠴᠡᠯ ᠢ ᠨᠢᠭᠡ | ᠴᠤᠬᠴᠠᠵᠢᠭᠤᠯᠤᠬᠰᠡᠨ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠤᠨ ᠡᠩᠨᠡᠬᠡᠨ ᠳᠤ ᠤᠷᠤᠭᠰᠠᠨ ᠪᠠᠶᠢᠨ᠎ᠠ | ᠃ | ᠦᠪᠦᠷ ᠮᠤᠩᠭᠤᠯ ᠤᠨ ᠰᠢᠯᠢ ᠶᠢᠨ ᠭᠤᠤᠯ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ | ᠪᠠᠶᠢᠭᠤᠯᠤᠬᠳᠠᠬᠰᠡᠨ ᠨᠢ ᠰᠢᠯᠢ ᠶᠢᠨ ᠭᠤᠤᠯ ᠤᠨ ᠤᠷᠤᠰᠬᠠᠯ ᠳᠠᠭᠠᠤ ᠤᠷᠤᠨ ᠤ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠶᠡᠬᠡᠬᠡᠨ ᠠᠴᠢ ᠬᠤᠯᠪᠤᠬᠳᠠᠯ ᠲᠠᠢ ᠪᠠᠶᠢᠵᠦ᠂ ᠨᠤᠭᠤ ᠭᠠᠵᠠᠷ ᠤᠨ ᠠᠮᠢ ᠠᠬᠤᠢ ᠶᠢᠨ ᠴᠢᠳᠠᠮᠵᠢ ᠶᠢ | ᠰᠢᠰᠲᠧᠮ ᠲᠠᠢ ᠪᠠᠷ ᠬᠠᠮᠠᠭᠠᠯᠠᠬᠤ ᠳᠤ ᠵᠢᠱᠢᠶ᠎ᠡ ᠲᠠᠭᠤᠷᠢᠶᠠᠯ ᠪᠤᠯᠵᠦ ᠴᠢᠳᠠᠬᠤ ᠪᠠᠷ ᠪᠠᠷᠠᠬᠤ ᠦᠬᠡᠢ ᠨᠡᠩ ᠴᠦ | ᠰᠢᠯᠢ ᠶᠢᠨ ᠬᠤᠲᠠ ᠶᠢᠨ ᠵᠤᠭᠠᠴᠠᠯ ᠤᠨ ᠰᠢᠨ᠎ᠠ ᠰᠤᠳᠤᠨ ᠨᠡᠷᠡᠲᠦ ᠲᠡᠮᠳᠡᠭ ᠪᠤᠯᠵᠦ᠂ ᠵᠤᠭᠠᠴᠠᠯ ᠤᠨ ᠨᠡᠷ᠎ᠡ | ᠠᠯᠳᠠᠷᠰᠢᠯ ᠢ ᠨᠡᠮᠡᠭᠳᠡᠭᠦᠯᠦᠨ᠂ ᠦᠷᠭᠡᠨ ᠤᠯᠠᠨ ᠬᠤᠲᠠ ᠶᠢᠨ ᠠᠷᠠᠳ ᠪᠤᠯᠤᠨ ᠬᠤᠯᠠ ᠤᠢᠢᠷ᠎ᠠ ᠶᠢᠨ | ᠵᠤᠭᠠᠴᠠᠭᠰᠠᠳ ᠲᠤ ᠵᠤᠭᠠᠴᠠᠨ ᠰᠡᠯᠡᠭᠦᠴᠡᠬᠦ ᠲᠠᠭᠠᠯᠠᠮᠵᠢᠲᠠᠢ ᠤᠷᠴᠢᠨ ᠲᠤᠭᠤᠷᠢᠨ ᠢ ᠬᠠᠩᠭᠠᠬᠤ ᠪᠤᠯᠤᠨ᠎ᠠ᠃ |