ᠰᠢᠯᠢ ᠶᠢᠨ ᠭᠤᠤᠯ ᠨᠤᠭᠤ ᠭᠠᠵᠠᠷ ᠤᠨ ᠴᠡᠴᠡᠷᠯᠢᠭ ᠮᠠᠨ ᠤ ᠠᠶᠢᠮᠠᠭ ᠤᠨ ᠠᠩᠬᠠᠳᠠᠭᠴᠢ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠪᠤᠯᠪᠠ
ᠨᠡᠶᠢᠲᠡᠯᠡᠭᠰᠡᠨ ᠴᠠᠭ᠄
2019/2/20
    ᠤᠢᠢᠷ᠎ᠠ ᠳᠤ᠂ ᠮᠠᠨ ᠤ ᠠᠶᠢᠮᠠᠭ ᠤᠨ ᠰᠢᠯᠢ ᠶᠢᠨ ᠭᠤᠤᠯ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠤᠢ ᠰᠢᠭᠤᠢ ᠪᠤᠯᠤᠨ ᠲᠠᠯ᠎ᠠ ᠨᠤᠲᠤᠭ ᠤᠨ ᠲᠤᠪᠴᠢᠶ᠎ᠠ ᠶᠢᠨ ᠬᠢᠨᠠᠨ ᠰᠢᠯᠭᠠᠯᠲᠠ ᠪᠠᠷ ᠳᠠᠮᠵᠢᠭᠠᠳ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠤᠨ ᠪᠠᠷᠢᠮᠵᠢᠶᠠᠨ ᠳᠤ ᠬᠦᠷᠦᠭᠰᠡᠨ ᠢᠶᠠᠷ ᠲᠤᠰ ᠴᠡᠴᠡᠷᠯᠢᠭ ᠨᠢ ᠮᠠᠨ ᠤ ᠠᠶᠢᠮᠠᠭ ᠤᠨ ᠠᠩᠬᠠᠳᠠᠭᠴᠢ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠪᠤᠯᠵᠠᠢ᠃         ᠰᠢᠯᠢ ᠶᠢᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠰᠢᠯᠢ ᠶᠢᠨ ᠬᠤᠲᠠ ᠠᠴᠠ 9 ᠺᠢᠯᠤᠮᠧᠳ᠋ᠷ ᠵᠠᠶᠢᠲᠠᠢ ᠪᠠᠶᠢᠵᠦ᠂ ᠮᠢᠷᠠᠯᠵᠠᠨ ᠤᠷᠤᠰᠬᠤ ᠰᠢᠯᠢ ᠶᠢᠨ ᠭᠤᠤᠯ ᠤᠨ ᠤᠷᠤᠰᠬᠠᠯ ᠢ ᠲᠠᠭᠠᠨ ᠪᠠᠶᠢᠷᠢᠯᠠᠵᠦ᠂ ᠨᠡᠶᠢᠳᠡ 6556 ᠾᠧᠺᠲ᠋ᠡᠷ ᠲᠠᠯᠠᠪᠠᠢ ᠲᠠᠢ᠃ ᠨᠤᠭᠤ ᠭᠠᠵᠠᠷ ᠤᠨ ᠴᠡᠴᠡᠷᠯᠢᠭ ᠤᠨ ᠪᠠᠶᠢᠭᠠᠯᠢ ᠭᠠᠵᠠᠷ ᠵᠦᠢ ᠶᠢᠨ ᠪᠠᠶᠢᠷᠢᠰᠢᠯ ᠪᠤᠯᠤᠨ ᠨᠤᠭᠤ ᠭᠠᠵᠠᠷ ᠤᠨ ᠡᠬᠢ ᠪᠠᠶᠠᠯᠢᠭ ᠤᠨ ᠨᠦᠬᠦᠴᠠᠯ ᠴᠢᠳᠠᠮᠵᠢ ᠶᠢ ᠦᠨᠳᠦᠰᠦᠯᠡᠨ᠂ ᠠᠮᠢ ᠠᠬᠤᠢ ᠶᠢᠨ ᠬᠠᠮᠠᠭᠠᠯᠠᠯᠲᠠ ᠶᠢᠨ ᠲᠤᠭᠤᠷᠢᠭ᠂ ᠰᠡᠷᠭᠦᠭᠡᠨ ᠳᠠᠬᠢᠨ ᠪᠠᠶᠢᠭᠤᠯᠬᠤ ᠲᠤᠭᠤᠷᠢᠭ᠂ ᠤᠬᠠᠭᠤᠯᠭ᠎ᠠ ᠳᠡᠯᠭᠡᠨ ᠦᠵᠡᠭᠦᠯᠭᠡ ᠶᠢᠨ ᠲᠤᠭᠤᠷᠢᠭ᠂ ᠵᠤᠬᠢᠰᠲᠠᠢ ᠠᠰᠢᠬᠯᠠᠬᠤ ᠲᠤᠭᠤᠷᠢᠭ ᠪᠠ ᠬᠠᠮᠢᠶᠠᠷᠤᠯᠲᠠ ᠦᠢᠯᠡᠴᠢᠯᠡᠭᠡ ᠶᠢᠨ ᠲᠤᠭᠤᠷᠢᠭ ᠵᠡᠷᠭᠡ ᠲᠠᠪᠤᠨ ᠴᠢᠳᠠᠮᠵᠢ ᠶᠢᠨ ᠤᠷᠤᠨ ᠬᠤᠪᠢᠶᠠᠵᠠᠢ᠃ 2012 ᠤᠨ ᠤ 12 ᠰᠠᠷ᠎ᠠ ᠳᠤ᠂ ᠤᠯᠤᠰ ᠤᠨ ᠤᠢ ᠰᠢᠭᠤᠢ ᠶᠢᠨ ᠲᠤᠪᠴᠢᠶ᠎ᠠ ᠠᠴᠠ ᠦᠪᠦᠷ ᠮᠤᠩᠭᠤᠯ ᠤᠨ ᠰᠢᠯᠢ ᠶᠢᠨ ᠭᠤᠤᠯ ᠨᠤᠭᠤ ᠭᠠᠵᠠᠷ ᠤᠨ ᠴᠡᠴᠡᠷᠯᠢᠭ ᠢ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠤᠨ ᠳᠤᠷᠰᠢᠯᠲᠠ ᠶᠢᠨ ᠴᠡᠭ ᠪᠤᠯᠭᠠᠨ ᠪᠠᠶᠢᠭᠤᠯᠬᠤ ᠪᠠᠷ ᠵᠦᠪᠰᠢᠶᠡᠷᠡᠭᠰᠡᠨ ᠠᠴᠠ ᠨᠠᠭᠠᠰᠢ᠂ ᠵᠢᠷᠭᠤᠭᠠᠨ ᠵᠢᠯ ᠤᠨ ᠳᠤᠷᠰᠢ᠂ ᠰᠢᠯᠢ ᠶᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠤᠭᠤ ᠭᠠᠵᠠᠷ ᠤᠨ ᠴᠡᠴᠡᠷᠯᠢᠭ ᠢ ᠪᠦᠲᠦᠭᠡᠨ ᠪᠠᠶᠢᠭᠤᠯᠬᠤ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠰᠬᠠᠶᠢᠯᠠᠨ ︽ᠦᠪᠦᠷ ᠮᠤᠩᠭᠤᠯ ᠤᠨ ᠰᠢᠯᠢ ᠶᠢᠨ ᠭᠤᠤᠯ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ︾ ᠢ ᠪᠠᠶᠢᠭᠤᠯᠵᠦ᠂ ᠡᠯ᠎ᠠ ᠵᠦᠢᠯ ᠤᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠪᠠᠷᠢᠮᠵᠢᠶ᠎ᠠ ᠶᠤᠰᠤ ᠪᠠᠷ ᠱᠠᠯᠠᠪᠳᠠᠨ ᠬᠢᠵᠦ ᠢᠷᠡᠭᠰᠡᠨ ᠢᠶᠠᠷ ᠤᠳᠤ ᠲᠤᠰ ᠴᠡᠴᠡᠷᠯᠢᠭ ᠨᠢ ᠠᠮᠢ ᠠᠬᠤᠢ᠂ ᠰᠤᠶᠤᠯ᠂ ᠵᠤᠭᠠᠴᠠᠯ ᠰᠡᠯᠡᠭᠦᠴᠡᠯ ᠢ ᠨᠢᠭᠡ ᠴᠤᠬᠴᠠᠵᠢᠭᠤᠯᠤᠬᠰᠡᠨ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠤᠨ ᠡᠩᠨᠡᠬᠡᠨ ᠳᠤ ᠤᠷᠤᠭᠰᠠᠨ ᠪᠠᠶᠢᠨ᠎ᠠ ᠃         ᠦᠪᠦᠷ ᠮᠤᠩᠭᠤᠯ ᠤᠨ ᠰᠢᠯᠢ ᠶᠢᠨ ᠭᠤᠤᠯ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠪᠠᠶᠢᠭᠤᠯᠤᠬᠳᠠᠬᠰᠡᠨ ᠨᠢ ᠰᠢᠯᠢ ᠶᠢᠨ ᠭᠤᠤᠯ ᠤᠨ ᠤᠷᠤᠰᠬᠠᠯ ᠳᠠᠭᠠᠤ ᠤᠷᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠶᠡᠬᠡᠬᠡᠨ ᠠᠴᠢ ᠬᠤᠯᠪᠤᠬᠳᠠᠯ ᠲᠠᠢ ᠪᠠᠶᠢᠵᠦ᠂ ᠨᠤᠭᠤ ᠭᠠᠵᠠᠷ ᠤᠨ ᠠᠮᠢ ᠠᠬᠤᠢ ᠶᠢᠨ ᠴᠢᠳᠠᠮᠵᠢ ᠶᠢ ᠰᠢᠰᠲᠧᠮ ᠲᠠᠢ ᠪᠠᠷ ᠬᠠᠮᠠᠭᠠᠯᠠᠬᠤ ᠳᠤ ᠵᠢᠱᠢᠶ᠎ᠡ ᠲᠠᠭᠤᠷᠢᠶᠠᠯ ᠪᠤᠯᠵᠦ ᠴᠢᠳᠠᠬᠤ ᠪᠠᠷ ᠪᠠᠷᠠᠬᠤ ᠦᠬᠡᠢ ᠨᠡᠩ ᠴᠦ ᠰᠢᠯᠢ ᠶᠢᠨ ᠬᠤᠲᠠ ᠶᠢᠨ ᠵᠤᠭᠠᠴᠠᠯ ᠤᠨ ᠰᠢᠨ᠎ᠠ ᠰᠤᠳᠤᠨ ᠨᠡᠷᠡᠲᠦ ᠲᠡᠮᠳᠡᠭ ᠪᠤᠯᠵᠦ᠂ ᠵᠤᠭᠠᠴᠠᠯ ᠤᠨ ᠨᠡᠷ᠎ᠡ ᠠᠯᠳᠠᠷᠰᠢᠯ ᠢ ᠨᠡᠮᠡᠭᠳᠡᠭᠦᠯᠦᠨ᠂ ᠦᠷᠭᠡᠨ ᠤᠯᠠᠨ ᠬᠤᠲᠠ ᠶᠢᠨ ᠠᠷᠠᠳ ᠪᠤᠯᠤᠨ ᠬᠤᠯᠠ ᠤᠢᠢᠷ᠎ᠠ ᠶᠢᠨ ᠵᠤᠭᠠᠴᠠᠭᠰᠠᠳ ᠲᠤ ᠵᠤᠭᠠᠴᠠᠨ ᠰᠡᠯᠡᠭᠦᠴᠡᠬᠦ ᠲᠠᠭᠠᠯᠠᠮᠵᠢᠲᠠᠢ ᠤᠷᠴᠢᠨ ᠲᠤᠭᠤᠷᠢᠨ ᠢ ᠬᠠᠩᠭᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号