—— ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ︵2019 ᠣᠨ ᠤ 3 ᠰᠠᠷᠠᠶᠢᠨ 7 ᠤ ᠡᠳᠦᠷ︶ | | | ᠬᠡᠤ ᠴᠧᠩ ᠳ᠋ᠦᠩ | ᠲᠦᠯᠦᠭᠡᠯᠡᠭᠴᠢᠳ ᠡ ᠄ | ᠳᠣᠣᠷ᠎ᠠ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ ᠂ ᠬᠢᠨᠠᠨ ᠵᠥᠪᠯᠡᠬᠦ ᠪᠣᠯᠪᠠᠤ ᠃ ᠮᠦᠨ ᠴᠤ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠣᠨ ᠬᠤᠷᠠᠯ ᠳᠤ ᠰᠤᠯᠨ ᠣᠷᠣᠯᠴᠠᠭᠰᠠᠨ ᠨᠦᠬᠦᠳ ᠠᠴᠠ ᠰᠠᠨᠠᠯ ᠢᠶᠠᠨ ᠲᠤᠷᠠᠳᠬᠤ ᠶᠢ | ᠬᠦᠰᠡᠵᠦ ᠪᠠᠶᠢᠨ᠎ᠠ ᠃ | ᠨᠢᠭᠡ ᠂ 2018 ᠤᠨ ᠤ ᠠᠵᠢᠯ ᠤᠨ ᠡᠷᠬᠢᠴᠡᠬᠦᠯᠦᠯ | 2018 ᠤᠨ ᠪᠤᠯ ᠲᠠᠶᠢᠹᠤᠰᠧ ᠬᠤᠰᠢᠭᠤᠨ ᠤ ᠬᠦᠭᠵᠢᠯᠳᠡ ᠶᠢᠨ ᠲᠡᠦᠬᠡᠨ ᠲᠡᠭᠡᠷᠡᠬᠢ ᠦᠷᠢᠰᠦᠯᠳᠦᠬᠡᠨ | ᠶᠡᠭᠡᠳᠡᠢ᠂ ᠡᠭᠡᠯ ᠪᠤᠰᠤ ᠨᠢᠬᠡᠨ ᠵᠢᠯ ᠪᠤᠯᠤᠨ᠎ᠠ᠃ ᠨᠢᠬᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠮᠵᠢ ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠳᠤ ᠴᠢᠩᠭ᠎ᠠ | ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠦᠪᠯᠡᠯᠬᠡᠨ ᠤ ᠬᠢᠨᠠᠯᠳᠠ ᠪᠠ ᠲᠡᠮᠵᠢᠯᠬᠡ ᠲᠤᠤᠷ᠎ᠠ᠂ ᠬᠦᠴᠢᠷ ᠢ ᠲᠠᠪᠠᠨ ᠡᠷᠡᠮᠡᠬᠡᠶᠢᠯᠡᠨ ᠤᠷᠤᠭᠰᠢᠯᠠᠵᠤ᠂ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠡᠷ᠎ᠡ | ᠲᠤᠭᠳᠠᠭᠰᠠᠨ ᠡᠯ᠎ᠡ ᠲᠦᠷᠦᠯ ᠤᠨ ᠡᠬᠦᠷᠭᠡ ᠬᠠᠷᠠᠯᠳᠠ ᠪᠠᠨ ᠨᠡᠯᠢᠶᠡᠳ ᠰᠠᠶᠢᠨ ᠪᠡᠶᠡᠯᠡᠬᠦᠯᠦᠭᠰᠡᠨ ᠪᠠᠶᠢᠨ᠎ᠠ᠃ ᠪᠦᠬᠦ | ᠵᠢᠯ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 5 % ᠪᠠᠷ ᠨᠡᠮᠡᠭᠳᠡᠨ ᠂ | ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 21.4 % ᠪᠠᠷ ᠨᠡᠮᠡᠭᠳᠡᠵᠦ᠂ ᠨᠡᠶᠢᠬᠡᠮ ᠤᠨ | ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 6.8 % ᠪᠠᠷ ᠨᠡᠮᠡᠭᠳᠡᠵᠦ᠂ | ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ | ᠪᠤᠯᠬᠤᠶᠢᠴᠠ ᠤᠷᠤᠯᠭ᠎ᠠ ᠲᠤᠰᠪᠤᠷᠢ 7.1 % ᠪᠠ 9.9 % ᠪᠠᠷ ᠨᠡᠮᠡᠭᠳᠡᠨ᠂ ᠠᠵᠤ ᠠᠬᠤᠢ ᠨᠡᠶᠢᠬᠡᠮ ᠨᠢ | ᠡᠷᠡᠬᠦᠯ ᠲᠤᠭᠳᠠᠭᠤᠨ ᠬᠦᠭᠵᠢᠯᠳᠡ ᠶᠢᠨ ᠪᠠᠶᠢᠳᠠᠯ ᠢᠶᠠᠨ ᠬᠠᠳᠠᠭᠠᠯᠠᠵᠠᠢ᠃ | ︵ᠨᠢᠭᠡ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠠᠮᠵᠢᠯᠳᠠ ᠰᠠᠶᠢᠳᠠᠢ ᠶᠠᠪᠤᠭᠳᠠᠵᠤ᠂ | ᠬᠦᠨᠳᠦ ᠶᠡᠭᠡ ᠲᠦᠭᠰᠢᠬᠦᠷᠢ ᠶᠢ ᠪᠦᠳᠦᠮᠵᠢᠳᠡᠢ ᠨᠠᠮᠳᠠᠭᠤᠯᠪᠡ᠃ ᠦᠷᠢ ᠰᠢᠷᠢ ᠶᠢᠨ ᠴᠤᠬᠤᠮ ᠪᠠᠶᠢᠳᠠᠯ ᠢ | ᠤᠶᠢᠯᠠᠭᠠᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠦᠷᠢᠯᠡᠬᠦ ᠠᠷᠭ᠎ᠠ ᠲᠦᠰᠦᠪ ᠢ ᠲᠤᠭᠳᠠᠭᠠᠨ᠂ | ᠤᠯᠠᠨ ᠵᠦᠢᠯ ᠤᠨ ᠠᠷᠭ᠎ᠠ ᠵᠠᠮ ᠢᠶᠠᠷ ᠪᠡᠯᠡ ᠮᠦᠩᠬᠦ ᠬᠤᠷᠠᠮᠳᠤᠭᠤᠯᠤᠨ᠂ ᠪᠦᠬᠦ ᠵᠢᠯ ᠳᠤ ᠵᠠᠰᠠᠭ ᠤᠨ ᠤᠷᠳᠤᠨ | ᠤ ᠦᠷᠢ ᠦᠭᠴᠡᠭᠡ 5.7 ᠳ᠋ᠦᠩᠰᠢᠭᠤᠷ ᠲᠦᠬᠦᠷᠢᠭ ᠢ ᠰᠢᠢᠳᠪᠦᠷᠢᠯᠡᠵᠦ᠂ ᠰᠢᠰᠲ᠋ᠧᠮ ᠤᠨ ᠲᠤᠳᠤᠭᠠᠳᠤ ᠶᠢᠨ | ᠦᠷᠢ ᠦᠭᠴᠡᠭᠡ ᠶᠢᠨ ᠨᠤᠷᠮ᠎ᠠ ᠶᠢ 59.3% ᠪᠤᠯᠭᠠᠨ ᠪᠠᠭᠤᠷᠠᠭᠤᠯᠵᠤ᠂ ︽ᠠᠷᠪᠠ ᠶᠢ ᠪᠦᠷᠬᠦᠬᠦᠯᠬᠦ︾ | ᠢᠨᠵᠧᠨᠧᠷᠢᠩ ᠤᠨ ᠦᠷᠢ ᠶᠢ ᠴᠡᠪᠡᠷᠯᠡᠨ ᠲᠦᠯᠦᠭᠰᠡᠨ ᠪᠠᠶᠢᠨ᠎ᠠ᠃ ᠲᠦᠪ ᠬᠤᠷᠢᠶᠠᠨ ᠤ ﹇2018﹈ 27 ᠲᠤᠭᠠᠳᠤ | ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ ᠵᠠᠰᠠᠭ ᠤᠨ ᠤᠷᠳᠤᠨ ᠤ ᠪᠡᠯᠡ | ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ︾ ᠶᠢ ᠵᠠᠰᠠᠪᠤᠷᠢ ᠤᠷᠤᠭᠤᠯᠤᠨ ᠲᠤᠭᠳᠠᠵᠤ᠂ ᠵᠠᠰᠠᠭ | ᠤᠨ ᠤᠷᠳᠤᠨ ᠤ ᠨᠢᠭᠤᠭᠳᠠᠮᠠᠯ ᠴᠢᠨᠠᠷᠳᠠᠢ ᠦᠷᠢ ᠶᠢ ᠴᠢᠩᠭ᠎ᠠ ᠬᠢᠵᠠᠭᠠᠷᠯᠠᠨ᠂ ᠤᠷᠤᠨ ᠨᠤᠳᠤᠭ ᠤᠨ ᠵᠠᠰᠠᠭ ᠤᠨ | ᠤᠷᠳᠤᠨ ᠤ ᠡᠩ ᠤᠨ ᠵᠢᠬᠡᠯᠡᠯᠬᠡ ᠶᠢᠨ ᠲᠡᠮᠳᠡᠭ 2.67 ᠳ᠋ᠦᠩᠰᠢᠭᠤᠷ ᠲᠦᠬᠦᠷᠢᠭ ᠢ ᠡᠷᠡᠮᠡᠯᠵᠡᠯᠡᠨ ᠤᠯᠵᠤ᠂ | ᠭᠤᠤᠯᠳᠠᠯᠭᠠᠳᠠᠢ ᠠᠷᠠᠳ ᠤᠨ ᠠᠮᠢᠳᠤᠷᠠᠯ᠂ ᠨᠡᠶᠢᠬᠡᠮ ᠤᠨ ᠠᠰᠠᠷᠠᠮᠵᠢ ᠶᠢᠨ ᠲᠦᠷᠦᠯ ᠵᠦᠢᠯ ᠤᠨ ᠪᠡᠯᠡ ᠮᠦᠩᠬᠦᠨ ᠤ | ᠭᠡᠷᠡᠭᠴᠡᠭᠡ ᠶᠢ ᠪᠠᠳᠤᠯᠠᠪᠠ᠃ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠯᠠᠪᠳᠠᠭᠤᠨ ᠢᠶᠠᠷ | ᠠᠬᠢᠭᠰᠠᠨ᠃ ᠪᠦᠬᠦ ᠵᠢᠯ ᠳᠤ 4.5 ᠳ᠋ᠦᠩᠰᠢᠭᠤᠷ ᠲᠦᠬᠦᠷᠢᠭ ᠶᠠᠳᠠᠭᠤ ᠶᠢ ᠳᠡᠳᠬᠦᠬᠦ ᠪᠡᠯᠡ ᠮᠦᠩᠬᠦ | ᠤᠷᠤᠭᠤᠯᠵᠤ ᠂ ᠡᠬᠦᠨ ᠳᠤ ᠬᠤᠰᠢᠭᠤ ᠱᠠᠳᠤᠨ ᠤ ᠲᠦᠰᠦᠪ ᠢᠶᠠᠷ ᠪᠠᠶᠢᠷᠢᠯᠠᠭᠤᠯᠤᠭᠰᠠᠨ ᠨᠢ 1774 ᠲᠦᠮᠡᠨ | ᠲᠦᠬᠦᠷᠢᠭ ᠲᠤ ᠬᠦᠷᠴᠦ᠂ ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠬᠡ ᠪᠦᠯᠦᠭ︾ ᠲᠦᠷᠦ | ᠶᠢᠨ ᠪᠤᠳᠤᠯᠭ᠎ᠠ ᠶᠢᠨ ᠦᠷ᠎ᠡ ᠨᠦᠯᠦᠬᠡ ᠬᠦᠢᠴᠡᠳ ᠢᠯᠡᠷᠡᠭᠰᠡᠨ ᠪᠠᠶᠢᠨ᠎ᠠ᠃ ︽3 +3︾ ᠠᠵᠤ ᠦᠢᠯᠡᠰ ᠢᠶᠠᠷ | ᠶᠠᠳᠠᠭᠤ ᠶᠢ ᠳᠡᠳᠬᠦᠬᠦ ᠲᠤᠭᠳᠠᠴᠠ ᠶᠢ ᠬᠦᠨᠵᠡᠬᠡᠢ ᠭᠡᠷᠡᠭᠵᠢᠬᠦᠯᠦᠨ᠂ ᠶᠠᠳᠠᠭᠤ ᠶᠢ ᠳᠡᠳᠬᠦᠬᠦ ᠠᠵᠤ ᠠᠬᠤᠶᠢᠯᠠᠯ ᠤᠳ | ᠨᠢ ᠲᠠᠶᠢᠴᠢᠯᠠᠨ ᠲᠡᠭᠵᠢᠷᠡᠬᠦᠯᠬᠦ ᠠᠮᠠᠯᠠᠯᠳᠠ ᠪᠠᠨ ᠪᠡᠶᠡᠯᠡᠬᠦᠯᠵᠦ᠂ ᠮᠢᠬᠠᠨ ᠤ ᠦᠬᠡᠷ ᠬᠤᠨᠢ ᠨᠠᠶᠢᠳᠠᠵᠤ ᠮᠠᠯᠵᠢᠬᠤ᠂ ︽ | ᠨᠢᠬᠡ ᠮᠤ᠋ ᠲᠦᠮᠦᠰᠦ ᠬᠤᠶᠠᠷ ᠲᠤᠯᠤᠭᠠᠢ ᠭᠠᠭ᠋ᠠᠢ︾ ᠵᠡᠷᠭᠡ ᠲᠦᠷᠦᠯ ᠵᠦᠢᠯ ᠨᠢ 1778 ᠶᠠᠳᠠᠭᠤ ᠬᠦᠴᠢᠷᠳᠡᠢ | ᠡᠷᠦᠬᠡ ᠶᠢ ᠲᠠᠶᠢᠴᠢᠯᠠᠨ ᠤᠷᠤᠯᠭ᠎ᠠ ᠶᠢ ᠨᠢ 3000 ᠢᠯᠡᠬᠦᠦ ᠲᠦᠬᠦᠷᠢᠭ ᠨᠡᠮᠡᠭᠳᠡᠬᠦᠯᠵᠦ᠂ 4 ᠲᠦᠮᠡᠨ ᠺᠢᠯᠤᠸᠠᠲ | ᠤᠨ ᠭᠡᠷᠡᠯ ᠸᠤᠯᠲ ᠪᠠᠷ ᠶᠠᠳᠠᠭᠤ ᠶᠢ ᠳᠡᠳᠬᠦᠬᠦ ᠴᠠᠬᠢᠯᠭᠠᠨ ᠦᠷᠳᠡᠭᠡ ᠰᠦᠯᠵᠢᠶ᠎ᠡ ᠳᠤ ᠤᠷᠤᠵᠤ ᠴᠠᠬᠢᠯᠭᠠᠨ ᠡᠬᠦᠰᠭᠡᠨ | ᠂ 182 ᠡᠷᠦᠬᠡ ᠶᠢᠨ 339 ᠬᠦᠮᠦᠨ ᠢ ᠤᠨᠳᠤᠤ ᠭᠠᠵᠠᠷ ᠲᠤ ᠨᠡᠬᠦᠯᠬᠡᠬᠦ ᠭᠤᠤᠯ ᠴᠤᠭᠴᠠ ᠶᠢᠨ ᠪᠠᠷᠢᠯᠭ᠎ᠠ | ᠲᠡᠬᠦᠰᠦᠭᠰᠡᠨ ᠪᠠᠶᠢᠨ᠎ᠠ᠃ ᠬᠤᠷᠰᠢᠭᠰᠠᠨ ᠡᠮᠨᠡᠯᠬᠡ ᠳᠤ ᠤᠷᠤᠯᠴᠠᠬᠤ ᠬᠤᠪᠢ ᠶᠢᠨ ᠰᠦᠢᠳᠭᠡᠯ ᠢ ᠨᠦᠬᠦᠪᠦᠷᠢᠯᠡᠬᠦ᠂ | ︽ᠭᠤᠷᠪᠠᠨ ᠨᠢᠬᠡ ᠪᠦᠯᠦᠭ︾ ᠢᠶᠠᠷ ᠲᠦᠷᠦᠯ ᠬᠤᠪᠢᠶᠠᠵᠤ ᠡᠮᠨᠡᠨ ᠵᠠᠰᠠᠬᠤ᠂ ᠦᠨᠳᠦᠰᠦᠨ ᠠᠴᠠ ᠪᠠᠳᠤᠯᠠᠬᠤ᠂ | ᠡᠮᠨᠡᠬᠦᠯᠦᠭᠰᠡᠨ ᠤ ᠲᠠᠷᠠᠭ᠎ᠠ ᠮᠦᠩᠬᠦ ᠶᠢ ᠨᠢ ᠲᠦᠯᠦᠬᠦ ᠵᠡᠷᠭᠡ ᠡᠮ ᠡᠮᠨᠡᠯᠬᠡ ᠪᠠᠷ ᠶᠠᠳᠠᠭᠤ ᠶᠢ ᠳᠡᠳᠬᠦᠬᠦ ᠠᠷᠭ᠎ᠠ | ᠠᠪᠴᠢᠯ ᠢ ᠤᠨᠢᠨ ᠲᠡᠭᠡᠷ᠎ᠡ ᠨᠢ ᠨᠠᠶᠢᠳᠠᠪᠤᠷᠵᠢᠭᠤᠯᠪᠠ᠃ ᠶᠠᠳᠠᠭᠤ ᠬᠦᠴᠢᠷᠳᠡᠢ ᠰᠤᠷᠤᠭᠴᠢ ᠶᠢᠨ ᠲᠤᠰᠠᠯᠠᠮᠵᠢ | ᠶᠢᠨ ᠮᠦᠩᠬᠦ 1071 ᠲᠦᠮᠡᠨ ᠲᠦᠬᠦᠷᠢᠭ᠂ ᠵᠢᠬᠡᠯᠡᠯᠬᠡ ᠶᠢᠨ ᠮᠦᠩᠬᠦ 913 ᠲᠦᠮᠡᠨ ᠲᠦᠬᠦᠷᠢᠭ᠂ ᠡᠯ᠎ᠡ ᠲᠦᠷᠦᠯ | ᠤᠨ ᠨᠡᠶᠢᠬᠡᠮ ᠤᠨ ᠲᠤᠰᠠᠯᠠᠮᠵᠢ 60 ᠭᠠᠷᠤᠢ ᠲᠦᠮᠡᠨ ᠲᠦᠬᠦᠷᠢᠭ ᠢ ᠲᠠᠷᠬᠠᠭᠠᠵᠤ᠂ ᠨᠠᠭᠠᠳᠤ ᠵᠠᠬ᠎ᠠ ᠶᠢᠨ ᠠᠮᠢᠳᠤᠷᠠᠯ | ᠤᠨ ᠪᠠᠳᠤᠯᠠᠭᠠᠳᠤ ᠡᠷᠦᠬᠡ ᠪᠠ ᠶᠠᠳᠠᠭᠤ ᠬᠦᠴᠢᠷᠳᠡᠢ ᠡᠷᠦᠬᠡ ᠶᠢᠨ 2136 ᠰᠤᠷᠤᠭᠴᠢ ᠠᠰᠢᠭ ᠬᠦᠷᠳᠡᠭᠰᠡᠨ | ᠪᠠᠶᠢᠨ᠎ᠠ᠃ 176 ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠ 1875 ᠬᠠᠪᠰᠤᠷᠤᠨ ᠲᠡᠳᠬᠦᠬᠦ | ᠠᠵᠢᠯᠳᠠᠨ ᠢ ᠰᠢᠨ᠎ᠡ ᠪᠠᠷ ᠲᠤᠬᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠬᠢᠨᠠᠨ ᠰᠢᠯᠭᠠᠬᠤ ᠲᠤᠪᠴᠢᠶ᠎ᠠ ᠶᠢ ᠪᠠᠶᠢᠭᠤᠯᠤᠨ᠂ ᠱᠠᠭᠠᠷᠳᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠵᠤ᠂ ᠡᠪᠦᠯ | ᠬᠠᠪᠤᠷ ᠤᠨ ᠲᠤᠳᠠᠭᠤᠳᠠᠯ ᠢᠶᠠᠨ ᠨᠦᠬᠦᠬᠦ ᠲᠤᠰᠬᠠᠢ ᠲᠦᠷᠦᠯ ᠤᠨ ᠠᠵᠢᠯᠯᠠᠭ᠎ᠠ ᠪᠦᠳᠦᠮᠵᠢᠳᠡᠢ ᠶᠠᠪᠤᠭᠳᠠᠨ᠂ ᠲᠠᠩᠰᠠ | ᠡᠪᠬᠡᠮᠡᠯ ᠡᠳᠦᠷ ᠢᠷᠡᠬᠦᠶ᠎ᠡ ᠪᠦᠷᠢᠨᠰᠢᠵᠦ᠂ ᠡᠯ᠎ᠡ ᠱᠠᠳᠤᠨ ᠤ ᠺᠠᠳᠠᠷ ᠤᠨ ᠬᠠᠪᠰᠤᠷᠤᠨ ᠲᠡᠳᠬᠦᠬᠦ ᠬᠠᠷᠢᠭᠤᠴᠠᠯᠭᠠᠳᠤ | ᠰᠡᠳᠬᠢᠯ ᠮᠡᠳᠡᠭᠳᠡᠮ᠎ᠡ ᠴᠢᠩᠭᠠᠷᠠᠭᠰᠠᠨ ᠪᠠᠶᠢᠨ᠎ᠠ᠃ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭ᠎ᠠ ᠪᠠ ᠲᠦᠪ | ᠬᠤᠷᠢᠶᠠᠨ ᠤ ᠴᠡᠭ ᠲᠤᠭᠳᠠᠵᠤ ᠬᠠᠪᠰᠤᠷᠤᠨ ᠲᠡᠳᠬᠦᠬᠦ ᠠᠵᠢᠯ ᠴᠢᠨᠠᠷ ᠰᠠᠶᠢᠳᠠᠢ ᠶᠠᠪᠤᠭᠳᠠᠨ᠂ ᠪᠡᠭᠡᠵᠢᠩ ᠬᠤᠳᠠ | ᠪᠤᠯᠤᠨ ᠴᠠᠩ ᠫᠢᠩ ᠲᠤᠭᠤᠷᠢᠭ ᠤᠨ ᠡᠯ᠎ᠡ ᠲᠦᠷᠦᠯ ᠤᠨ ᠬᠠᠪᠰᠤᠷᠤᠨ ᠲᠡᠳᠬᠦᠬᠦ ᠪᠡᠯᠡ ᠮᠦᠩᠬᠦ 2600 ᠭᠠᠷᠤᠢ | ᠲᠦᠮᠡᠨ ᠲᠦᠬᠦᠷᠢᠭ ᠢ ᠤᠯᠵᠤ᠂ ᠪᠡᠭᠡᠵᠢᠩ ᠳᠠᠬᠢ ᠲᠠᠷᠢᠶᠠᠯᠠᠩ ᠤᠨ ᠤᠨᠴᠠᠯᠢᠭᠳᠤ ᠪᠦᠳᠦᠭᠡᠭᠳᠡᠬᠦᠨ ᠤ ᠰᠢᠭᠤᠳ | ᠪᠤᠷᠤᠯᠠᠭᠤᠯᠭ᠎ᠠ 1280 ᠲᠦᠮᠡᠨ ᠲᠦᠬᠦᠷᠢᠭ ᠲᠤ ᠬᠦᠷᠴᠡᠢ᠃ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠪᠰᠤᠷᠤᠯᠭ᠎ᠠ ᠪᠠᠷ ᠮᠠᠯ ᠲᠠᠷᠢᠶᠠᠯᠠᠩ ᠤᠨ ᠤᠨᠴᠠᠯᠢᠭᠳᠤ ᠪᠦᠳᠦᠭᠡᠭᠳᠡᠬᠦᠨ | ᠢ ᠰᠦᠯᠵᠢᠶ᠎ᠡ ᠲᠡᠭᠡᠷ᠎ᠡ ᠪᠤᠷᠤᠯᠠᠭᠤᠯᠤᠨ᠂ ᠪᠤᠷᠤᠯᠠᠭᠤᠯᠭ᠎ᠠ ᠶᠢᠨ ᠬᠡᠮᠵᠢᠶ᠎ᠡ 280 ᠢᠯᠡᠬᠦᠦ ᠲᠦᠮᠡᠨ ᠲᠦᠬᠦᠷᠢᠭ ᠲᠤ | ᠬᠦᠷᠴᠦ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ | ᠬᠠᠪᠰᠤᠷᠤᠨ ᠲᠡᠳᠬᠦᠬᠦ ᠪᠡᠯᠡ ᠮᠦᠩᠬᠦ 500 ᠭᠠᠷᠤᠢ ᠲᠦᠮᠡᠨ ᠲᠦᠬᠦᠷᠢᠭ ᠲᠤ ᠬᠦᠷᠪᠡ᠃ ᠶᠠᠳᠠᠭᠤ ᠶᠢ | ᠲᠡᠳᠬᠦᠬᠦ ᠠᠵᠢᠯ ᠤᠨ ︽ᠶᠡᠭᠡ ᠪᠠᠶᠢᠴᠠᠭᠠᠯᠳᠠ᠂ ᠶᠡᠭᠡ ᠴᠡᠭᠴᠡᠯᠡᠯᠳᠡ᠂ ᠶᠡᠭᠡ ᠨᠠᠶᠢᠳᠠᠪᠤᠷᠢᠵᠢᠭᠤᠯᠤᠯᠳᠠ︾ ᠶᠢᠨ | ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠠᠷᠭ᠎ᠠ ᠠᠪᠴᠢᠯ | ᠤᠨ ᠲᠠᠰᠤᠷᠠᠯᠳᠠ ᠦᠬᠡᠢ ᠪᠤᠳᠠᠳᠠᠶᠢᠵᠢᠵᠤ ᠨᠠᠷᠢᠯᠢᠭᠵᠢᠬᠤ ᠶᠢ ᠲᠦᠯᠬᠢᠨ ᠠᠬᠢᠭᠤᠯᠤᠭᠰᠠᠨ ᠪᠠᠶᠢᠨ᠎ᠠ᠃ ᠪᠦᠬᠦ | ᠬᠤᠰᠢᠭᠤ ᠪᠠᠷ ᠢᠶᠠᠨ ᠴᠢᠷᠮᠠᠶᠢᠨ ᠲᠡᠮᠡᠴᠡᠭᠰᠡᠨ ᠤ ᠳ᠋ᠦᠩ ᠳᠤ᠂ 2018 ᠤᠨ ᠳᠤ 1663 ᠡᠷᠦᠬᠡ 3100 | ᠬᠦᠮᠦᠨ ᠶᠠᠳᠠᠭᠤ ᠠᠴᠠ ᠠᠩᠬᠢᠵᠢᠷᠠᠨ᠂ 55 ᠭᠠᠴᠠᠭ᠎ᠠ ᠲᠤᠰᠬᠤᠨ ᠶᠠᠳᠠᠭᠤ ᠶᠢᠨ ᠡᠩᠨᠡᠭᠡ ᠠᠴᠠ ᠭᠠᠷᠴᠤ᠂ | ᠶᠠᠳᠠᠭᠤᠷᠠᠯ ᠤᠨ ᠡᠬᠦᠰᠦᠯ ᠤᠨ ᠨᠤᠷᠮ᠎ᠠ 2.79 % ᠪᠠᠶᠢᠭᠰᠠᠨ ᠠᠴᠠ ᠪᠠᠨ 1.33 % ᠪᠤᠯᠵᠤ ᠪᠠᠭᠤᠷᠠᠭᠠᠳ᠂ | ᠴᠢᠨᠠᠷ ᠰᠠᠶᠢᠳᠠᠢ ᠪᠠᠷ ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ ᠳᠤ ᠪᠠᠳᠤ ᠰᠠᠭᠤᠷᠢ ᠲᠠᠯᠪᠢᠭᠰᠠᠨ ᠪᠠᠶᠢᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠬᠦᠨᠵᠡᠬᠡᠢ ᠦᠷᠨᠢᠭᠰᠡᠨ᠃ ᠴᠡᠯᠮᠡᠭ ᠠᠭᠠᠷ᠂ ᠴᠡᠩᠬᠡᠷ ᠤᠰᠤ᠂ | ᠴᠡᠪᠡᠷ ᠬᠦᠷᠦᠰᠦ ᠪᠠᠨ ᠪᠠᠳᠤᠯᠠᠨ ᠬᠠᠮᠠᠭᠠᠯᠠᠬᠤ ᠲᠠᠶᠢᠯᠠᠯᠳᠤᠭᠠᠨ ᠤᠷᠤᠭᠰᠢᠳᠠᠢ ᠠᠬᠢᠵᠤ᠂ ᠢᠯᠴᠢ ᠴᠠᠬᠢᠯᠭᠠᠨ ᠤ ᠬᠠᠮ | ᠦᠢᠯᠡᠳᠪᠦᠷᠢᠯᠡᠯ ᠤᠨ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠲᠡᠬᠦᠰᠴᠦ᠂ 8 ᠡᠷᠦᠬᠡ ᠤᠬᠢᠶᠠᠯᠭ᠎ᠠ | ᠶᠢᠨ ᠭᠠᠵᠠᠷ ᠤᠨ ᠨᠡᠬᠦᠷᠡᠰᠦ ᠰᠢᠳᠠᠭᠠᠬᠤ ᠵᠤᠤᠬ᠎ᠠ ᠶᠢ ᠴᠠᠬᠢᠯᠭᠠᠨ ᠵᠤᠤᠬ᠎ᠠ ᠪᠤᠯᠭᠠᠨ ᠦᠬᠡᠷᠡᠴᠢᠯᠡᠵᠦ᠂ 3 ᠡᠷᠦᠬᠡ | ᠢᠯᠴᠢ ᠬᠠᠩᠭᠠᠬᠤ ᠺᠤᠮᠫᠠᠨᠢ ᠲᠤᠭᠤᠰᠤ ᠠᠷᠢᠯᠭᠠᠵᠦ ᠬᠦᠬᠦᠷ ᠦᠬᠡᠶᠢᠵᠢᠬᠦᠯᠬᠦ ᠮᠡᠷᠭᠡᠵᠢᠯ ᠤᠨ ᠦᠬᠡᠷᠡᠴᠢᠯᠡᠯᠳᠡ ᠬᠢᠵᠦ᠂ | ᠬᠤᠳᠠ ᠪᠠᠯᠭᠠᠰᠤᠨ ᠤ 4000 ᠡᠷᠦᠬᠡ ᠶᠢᠨ ᠪᠠᠶᠢᠰᠢᠩ ᠢ ᠠᠰᠠᠷ ᠪᠤᠯᠭᠠᠵᠤ ᠦᠬᠡᠷᠡᠴᠢᠯᠡᠪᠡ᠃ ᠪᠤᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ ᠦᠬᠡᠷᠡᠴᠢᠯᠡᠯᠳᠡ ᠶᠢᠨ ᠠᠵᠢᠯ ᠢ ᠬᠢᠵᠦ᠂ 17 | ᠡᠷᠦᠬᠡ ᠲᠤᠰᠤ ᠨᠡᠮᠡᠬᠦ ᠦᠷᠳᠡᠭᠡᠨ ᠤ 78 ᠰᠠᠭᠤᠷᠢ ᠭᠠᠵᠠᠷ ᠲᠤᠤᠷᠠᠬᠢ ᠲᠤᠰᠤ ᠬᠠᠳᠠᠭᠠᠯᠠᠬᠤ ᠰᠠᠪᠠ ᠳᠤ | ᠭᠤᠭᠤᠵᠢᠬᠤ ᠶᠢ ᠰᠡᠷᠭᠡᠶᠢᠯᠡᠬᠦ ᠦᠬᠡᠷᠡᠴᠢᠯᠡᠯᠳᠡ ᠬᠢᠭᠰᠡᠨ ᠪᠠᠶᠢᠨ᠎ᠠ᠃ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ | ᠬᠠᠩᠰᠢ ᠶᠢᠨ ᠦᠬᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠦᠷᠦᠰᠦ ᠰᠢᠷᠤᠢ ᠶᠢᠨ ᠪᠤᠬᠢᠷᠳᠤᠯ ᠢ | ᠰᠡᠷᠭᠡᠶᠢᠯᠡᠬᠦ ᠡᠷᠴᠢᠮ ᠢ ᠴᠢᠩᠭᠠᠷᠠᠭᠤᠯᠤᠨ᠂ 5 ᠲᠦᠮᠡᠨ ᠮᠤ᠋ ᠲᠠᠷᠢᠶᠠᠨ ᠭᠠᠵᠠᠷ ᠲᠤ ᠰᠡᠯᠬᠦᠵᠦ ᠲᠠᠷᠢᠬᠤ᠂ 120 | ᠲᠦᠮᠡᠨ ᠮᠤ᠋ ᠲᠠᠷᠢᠶᠠᠨ ᠭᠠᠵᠠᠷ ᠲᠤ ᠨᠠᠶᠢᠷᠠᠯᠭ᠎ᠠ ᠶᠢᠨ ᠪᠤᠷᠳᠤᠭᠤᠷ ᠭᠡᠷᠡᠭᠯᠡᠬᠦ ᠂ 15 ᠲᠦᠮᠡᠨ ᠮᠤ᠋ ᠲᠠᠷᠢᠶᠠᠨ ᠭᠠᠵᠠᠷ | ᠲᠤ ᠤᠰᠤ ᠪᠤᠷᠳᠤᠭᠤᠷ ᠢ ᠨᠢᠬᠡ ᠴᠤᠭᠴᠠᠵᠢᠭᠤᠯᠬᠤ᠂ 7 ᠲᠦᠮᠡᠨ ᠮᠤ᠋ ᠲᠠᠷᠢᠶᠠᠨ ᠭᠠᠵᠠᠷ ᠲᠤ ᠬᠦᠨ ᠬᠠᠭᠠᠯᠪᠤᠷᠢᠯᠠᠵᠤ | ᠲᠠᠷᠢᠬᠤ ᠠᠷᠭ᠎ᠠ ᠬᠡᠮᠵᠢᠶ᠎ᠡ ᠠᠪᠤᠭᠰᠠᠨ ᠪᠦᠬᠡᠳ ︽ᠭᠤᠷᠪᠠᠨ ᠤᠷᠤᠨ ᠬᠤᠶᠠᠷ ᠱᠤᠭᠤᠮ︾ ᠠᠭᠤᠷᠬᠠᠢ ᠶᠢᠨ ᠤᠷᠴᠢᠨ | ᠲᠤᠭᠤᠷᠢᠨ ᠤ ᠵᠠᠰᠠᠯᠳᠠ ᠶᠢ 24 ᠭᠠᠵᠠᠷ ᠲᠤ ᠬᠢᠭᠰᠡᠨ ᠪᠠᠶᠢᠨ᠎ᠠ ᠃ 2018 ᠤᠨ ᠳᠤ ᠤᠯᠤᠰ ᠤᠨ | ᠭᠤᠤᠯᠳᠠᠯᠭᠠᠳᠠᠢ ᠠᠮᠢ ᠠᠬᠤᠢ ᠶᠢᠨ ᠴᠢᠳᠠᠪᠬᠢᠳᠤ ᠤᠷᠤᠨ ᠤ ᠬᠤᠰᠢᠭᠤ ᠰᠢᠶᠠᠨ ᠭᠡᠪᠴᠢᠶᠡᠨ ᠤ ᠠᠮᠢ ᠠᠬᠤᠢ ᠶᠢᠨ | ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠰᠢᠯᠭᠠᠨ ᠪᠠᠶᠢᠴᠠᠭᠠᠯᠳᠠ ᠳᠤ ᠮᠠᠨ ᠤ ᠬᠤᠰᠢᠭᠤ ᠨᠢ ᠲᠦᠷᠪᠡᠳᠦᠬᠡᠷ | ᠲᠤ ᠪᠠᠶᠢᠷᠢᠯᠠᠵᠤ᠂ 450 ᠲᠦᠮᠡᠨ ᠲᠦᠬᠦᠷᠢᠭ ᠱᠠᠩᠨᠠᠯ ᠤᠨ ᠮᠦᠩᠬᠦ ᠶᠢ ᠤᠯᠵᠠᠢ᠃ ᠮᠠᠯᠵᠢᠬᠤ ᠤᠷᠤᠨ ᠳᠤ | ᠮᠠᠯ ᠪᠡᠯᠴᠢᠬᠡᠷ ᠤᠨ ᠲᠡᠩᠴᠡᠬᠦᠷᠢ ᠶᠢᠨ ᠲᠦᠷᠢᠮ ᠢ ᠭᠡᠷᠡᠭᠵᠢᠬᠦᠯᠦᠨ᠂ ᠲᠠᠷᠢᠶᠠᠯᠠᠬᠤ ᠤᠷᠤᠨ ᠳᠤ ᠪᠤᠭ ᠮᠠᠯ ᠢ ᠵᠢᠯ | ᠢᠶᠠᠷ ᠬᠠᠰᠢᠶᠠᠯᠠᠬᠤ ᠲᠦᠷᠢᠮ ᠢ ᠭᠡᠷᠡᠭᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ 3 ᠤᠳᠠᠭᠠᠨ | ᠤ ᠭᠡᠷᠡᠭ᠂ 270 ᠤᠳᠠᠭᠠᠨ ᠤ ᠤᠢ ᠰᠢᠭᠤᠢ ᠶᠢᠨ ᠵᠠᠰᠠᠭ ᠵᠠᠬᠢᠷᠭᠠᠨ ᠤ ᠭᠡᠷᠡᠭ ᠢ ᠪᠠᠶᠢᠴᠠᠭᠠᠨ ᠰᠢᠢᠳᠪᠦᠷᠢᠯᠡᠵᠦ᠂ | ᠨᠤᠳᠤᠭ ᠪᠡᠯᠴᠢᠭᠡᠷ ᠲᠠᠳᠠᠪᠤᠷᠢᠯᠠᠨ ᠭᠡᠷᠡᠭᠯᠡᠬᠦ ᠬᠦᠢᠴᠡᠳᠭᠡᠯ ᠬᠢᠭᠰᠡᠨ ᠦᠬᠡᠢ 24 ᠲᠦᠷᠦᠯ ᠵᠦᠢᠯ ᠳᠤ | ᠴᠡᠭᠴᠡᠯᠡᠯᠳᠡ ᠬᠢᠭᠰᠡᠨ ᠪᠠᠶᠢᠨ᠎ᠠ᠃ ᠡᠯᠡᠰᠦᠨ ᠤ ᠡᠬᠢ ᠵᠠᠰᠠᠬᠤ ᠢᠨᠵᠧᠨᠧᠷᠢᠩ ᠢ ᠬᠦᠨᠵᠡᠭᠡᠢ ᠦᠷᠨᠢᠬᠦᠯᠵᠦ᠂ ᠬᠦᠮᠦᠨ | ᠤ ᠬᠦᠴᠦ ᠪᠠᠷ ᠮᠤᠳᠤ ᠲᠠᠷᠢᠬᠤ ᠲᠠᠯᠠᠪᠠᠢ 7000 ᠮᠤ᠋᠂ ᠭᠤᠤᠯᠳᠠᠯᠭᠠᠳᠠᠢ ᠤᠷᠤᠨ ᠪᠦᠰᠡ ᠶᠢᠨ | ᠨᠤᠭᠤᠭᠠᠷᠠᠭᠤᠯᠤᠯᠳᠠ 2025 ᠮᠤ᠋ ᠶᠢ ᠪᠡᠶᠡᠯᠡᠬᠦᠯᠵᠡᠢ᠃ ᠲᠦᠪ ᠬᠤᠷᠢᠶᠠᠨ ᠤ ᠤᠷᠴᠢᠨ ᠲᠤᠭᠤᠷᠢᠨ ᠤ | ᠪᠠᠶᠢᠴᠠᠭᠠᠯᠳᠠ ᠪᠠᠷ ᠢᠯᠡᠷᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠨ᠎ᠠ᠃ | ︵ᠬᠤᠶᠠᠷ︶ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠤᠯᠠᠮ ᠪᠠᠬᠢᠵᠢᠪᠡ᠃ ᠠᠵᠤ ᠦᠢᠯᠡᠳᠪᠦᠷᠢ | ᠶᠢᠨ ᠠᠵᠤ ᠠᠬᠤᠢ ᠶᠢᠨ ᠨᠦᠬᠡᠴᠡ ᠬᠦᠴᠦᠨ ᠮᠡᠳᠡᠭᠳᠡᠮ᠎ᠡ ᠴᠢᠩᠭᠠᠷᠠᠭᠰᠠᠨ᠃ ᠪᠦᠬᠦ ᠵᠢᠯ ᠳᠤ ᠬᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠳᠡᠭ 14.34 ᠳ᠋ᠦᠩᠰᠢᠭᠤᠷ | ᠲᠦᠬᠦᠷᠢᠭ ᠢ ᠪᠡᠶᠡᠯᠡᠬᠦᠯᠵᠦ᠂ 7.8 % ᠪᠠᠷ ᠨᠡᠮᠡᠭᠳᠡᠪᠡ᠃ ᠨᠡᠶᠢᠳᠡ 6.8 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠵᠤ᠂ ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠤᠰᠤ | ᠴᠠᠬᠢᠯᠭᠠᠨ ᠵᠠᠮ ᠵᠡᠷᠭᠡ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠪᠦᠷᠢᠨᠰᠢᠬᠦᠯᠵᠦ᠂ ᠲᠤᠰ ᠵᠢᠯ ᠳᠤ 17 ᠡᠷᠦᠬᠡ | ᠠᠵᠤ ᠠᠬᠤᠶᠢᠯᠠᠯ ᠤᠷᠤᠨ ᠲᠤᠭᠤᠷᠢᠭ ᠲᠤ ᠰᠢᠨ᠎ᠡ ᠪᠠᠷ ᠤᠷᠤᠵᠤ ᠨᠤᠳᠤᠭᠰᠢᠭᠠᠳ᠂ ᠨᠡᠶᠢᠳᠡ 55 ᠡᠷᠦᠬᠡ ᠪᠤᠯᠵᠤ᠂ | ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ 20 ᠡᠷᠦᠬᠡ ᠳᠤ ᠬᠦᠷᠴᠡᠢ᠃ ᠭᠤᠤᠯᠳᠠᠯᠭᠠᠳᠠᠢ ᠲᠦᠷᠦᠯ | ᠵᠦᠢᠯ ᠤᠨ ᠪᠦᠳᠦᠬᠡᠨ ᠪᠠᠶᠢᠭᠤᠯᠤᠯᠳᠠ ᠢᠯᠡᠷᠬᠡᠢ ᠠᠮᠵᠢᠯᠳᠠ ᠤᠯᠵᠤ᠂ ᠪᠦᠬᠦ ᠵᠢᠯ ᠳᠤ 41 ᠭᠤᠤᠯᠳᠠᠯᠭᠠᠳᠠᠢ | ᠲᠦᠷᠦᠯ ᠵᠦᠢᠯ ᠢ ᠡᠬᠢᠯᠡᠬᠦᠯᠬᠦ ᠪᠤᠶᠤ ᠰᠡᠷᠬᠦᠬᠡᠵᠦ᠂ ᠪᠡᠯᠡ ᠤᠷᠤᠭᠤᠯᠤᠯᠳᠠ19.24 ᠳ᠋ᠦᠩᠰᠢᠭᠤᠷ ᠲᠦᠬᠦᠷᠢᠭ | ᠲᠤ ᠬᠦᠷᠪᠡ᠃ ᠡᠬᠦᠨ ᠳᠤ ᠠᠶᠢᠮᠠᠭ ᠤᠨ ᠱᠠᠳᠤᠨ ᠤ ᠭᠤᠤᠯᠳᠠᠯᠭᠠᠳᠠᠢ ᠲᠦᠷᠦᠯ ᠵᠦᠢᠯ 11 ᠪᠠᠶᠢᠵᠤ 16.78 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠠᠢ᠃ ᠦᠢᠯᠡᠳᠪᠦᠷᠢᠯᠡᠯ ᠤᠨ ᠴᠢᠳᠠᠮᠵᠢ ᠪᠠᠷ ᠪᠦᠬᠦ ᠤᠯᠤᠰ ᠲᠤ | ᠬᠠᠮᠤᠭ ᠶᠡᠭᠡ ᠪᠤᠯᠬᠤ ᠪᠠᠢ ᠬᠤᠢ ᠱᠧᠩ ᠰᠢᠬᠢᠷ ᠤᠨ ᠦᠢᠯᠡᠳᠪᠦᠷᠢ ᠶᠢ ᠲᠦᠰᠦᠪᠯᠡᠨ ᠪᠠᠶᠢᠭᠤᠯᠵᠤ᠂ ᠦᠢᠯᠡᠳᠪᠦᠷᠢ | ᠨᠢ ᠪᠦᠳᠦᠬᠡᠨ ᠪᠠᠶᠢᠭᠤᠯᠤᠯᠳᠠ ᠡᠬᠢᠯᠡᠭᠰᠡᠨ ᠠᠴᠠ ᠦᠢᠯᠡᠳᠪᠦᠷᠢᠯᠡᠯ ᠡᠬᠢᠯᠡᠳᠡᠯ᠎ᠡ ᠵᠦᠪᠬᠡᠨ 17 ᠰᠠᠷ᠎ᠠ ᠯᠠ | ᠭᠡᠷᠡᠭᠰᠡᠵᠦ᠂ ᠠᠵᠢᠯ ᠲᠦᠷᠦᠯ ᠤᠨ ᠪᠦᠳᠦᠬᠡᠨ ᠪᠠᠶᠢᠭᠤᠯᠤᠯᠳᠠ ᠶᠢᠨ ᠲᠡᠦᠬᠡᠨ ᠳᠤ ᠰᠢᠨ᠎ᠡ ᠲᠡᠮᠳᠡᠭᠯᠡᠯ ᠡᠬᠦᠳᠦᠭᠡᠳ᠂ | 600 ᠭᠠᠷᠤᠢ ᠬᠦᠮᠦᠨ ᠳᠤ ᠠᠵᠢᠯ ᠤᠯᠭᠤᠵᠤ᠂ 55 ᠲᠦᠮᠡᠨ ᠲᠤᠨ ᠰᠢᠬᠢᠷ ᠤᠨ ᠯᠤᠤᠪᠠᠩ ᠡᠳ᠋ᠰᠢᠬᠦᠯᠵᠦ᠂ 6 | ᠲᠦᠮᠡᠨ ᠲᠤᠨ ᠴᠠᠭᠠᠨ ᠰᠢᠬᠢᠷ ᠦᠢᠯᠡᠳᠪᠦᠷᠢᠯᠡᠨ᠂ 4.5 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ | ᠦᠷᠳᠡᠭ ᠪᠡᠶᠡᠯᠡᠬᠦᠯᠵᠦ᠂ ᠪᠦᠬᠦ ᠠᠶᠢᠮᠠᠭ ᠤᠨ ᠰᠢᠬᠢᠷ ᠤᠨ ᠠᠵᠤ ᠦᠢᠯᠡᠰ ᠤᠨ ᠬᠤᠭᠤᠰᠤᠨ ᠢ ᠪᠦᠭᠯᠡᠭᠰᠡᠨ ᠪᠦᠬᠡᠳ | ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠲᠠᠶᠢᠴᠢᠯᠠᠬᠤ ᠰᠢᠨ᠎ᠡ ᠵᠠᠯᠠᠭᠤᠷ ᠪᠤᠯᠤᠭᠰᠠᠨ ᠪᠠᠶᠢᠨ᠎ᠠ᠃ | ᠰᠢᠶᠦ᠋ᠩ ᠠᠨ ᠴᠠᠭᠠᠰᠤ ᠰᠦᠯᠢᠶᠤᠤ ᠶᠢᠨ ᠠᠵᠤ ᠦᠢᠯᠡᠰ ᠤᠨ ᠤᠷᠤᠨ ᠲᠤᠭᠤᠷᠢᠭ ᠤᠨ ᠨᠢᠬᠡᠳᠦᠬᠡᠷ ᠬᠤᠭᠤᠴᠠᠭᠠᠨ | ᠤ ᠪᠦᠳᠦᠬᠡᠨ ᠪᠠᠶᠢᠭᠤᠯᠤᠯᠳᠠ ᠠᠮᠵᠢᠯᠳᠠᠳᠠᠢ ᠪᠡᠶᠡᠯᠡᠭᠳᠡᠵᠦ᠂ 18 ᠡᠷᠦᠬᠡ ᠠᠵᠤ ᠠᠬᠤᠶᠢᠯᠠᠯ ᠤᠷᠤᠵᠤ | ᠨᠤᠳᠤᠭᠰᠢᠭᠠᠳ᠂ ᠦᠢᠯᠡᠳᠪᠦᠷᠢᠯᠡᠯ ᠡᠵᠡᠩᠨᠡᠯᠳᠡ ᠨᠢ ᠠᠯᠬᠤᠮ ᠠᠯᠬᠤᠮ ᠢᠶᠠᠷ ᠵᠢᠷᠤᠮᠵᠢᠪᠠ᠃ ᠱᠧᠩ ᠲᠠᠢ ᠡᠯ ᠡᠮ | ᠤᠨ ᠦᠢᠯᠡᠳᠪᠦᠷᠢ ᠤᠨ ᠨᠢᠬᠡᠳᠦᠬᠡᠷ ᠬᠤᠭᠤᠴᠠᠭ᠎ᠠ᠂ ᠵᠦᠩ ᠴᠧ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠮᠠᠰᠢᠨ ᠤ ᠦᠢᠯᠡᠳᠪᠦᠷᠢ᠂ ᠵᠦᠩ ᠪᠧᠨ ᠼᠦᠩ ᠡᠬᠦᠯᠡᠨ ᠪᠤᠳᠤᠯᠳᠠ ᠶᠢᠨ ᠲᠦᠪ ᠵᠡᠷᠭᠡ ᠲᠦᠷᠦᠯ ᠵᠦᠢᠯ | ᠠᠰᠢᠭᠯᠠᠯᠳᠠ ᠳᠤ ᠤᠷᠤᠭᠰᠠᠨ ᠪᠠᠶᠢᠨ᠎ᠠ᠃ ᠵᠤᠬᠢᠶᠠᠮᠠᠯ ᠠᠯᠮᠠᠰ ᠴᠢᠯᠠᠭᠤ ᠂ 85 ᠲᠦᠮᠡᠨ ᠺᠢᠯᠤᠸᠠᠲ ᠤᠨ | ᠰᠠᠯᠬᠢᠨ ᠬᠦᠴᠦᠨ ᠢᠶᠠᠷ ᠴᠠᠬᠢᠯᠭᠠᠨ ᠡᠬᠦᠰᠬᠡᠬᠦ᠂ ᠱᠧᠩ ᠲᠠᠢ ᠡᠯ ᠡᠮ ᠤᠨ ᠦᠢᠯᠡᠳᠪᠦᠷᠢ ᠤᠨ ᠬᠤᠶᠠᠳᠤᠭᠠᠷ | ᠬᠤᠭᠤᠴᠠᠭ᠎ᠠ᠂ ᠯᠢᠤᠢ ᠼᠤᠤ ᠲᠠᠩ ᠬᠢᠳᠠᠳ ᠡᠮ ᠤᠨ ᠦᠢᠯᠡᠳᠪᠦᠷᠢᠯᠡᠯ᠂ ᠺᠧ ᠲᠠᠢ ᠯᠦᠩ ᠳ᠋ᠠ ᠺᠤᠮᠫᠠᠨᠢ ᠶᠢᠨ | ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠤᠨ ᠲᠦᠷᠦᠬᠦᠴᠢ ᠬᠤᠭᠤᠴᠠᠭᠠᠨ ᠤ ᠠᠵᠢᠯ ᠤᠳ ᠠᠮᠵᠢᠯᠳᠠᠳᠠᠢ | ᠶᠠᠪᠤᠭᠳᠠᠭᠰᠠᠨ ᠪᠠᠶᠢᠨ᠎ᠠ᠃ ᠪᠠᠢ ᠬᠤᠢ ᠱᠧᠩ ᠰᠢᠬᠢᠷ ᠤᠨ ᠦᠢᠯᠡᠳᠪᠦᠷᠢ᠂ ᠲᠠᠯ᠎ᠠ ᠨᠤᠳᠤᠭ ᠠᠷᠢᠬᠢᠨ ᠦᠢᠯᠡᠳᠪᠦᠷᠢ᠂ | ᠬᠤᠩ ᠵᠢᠩ ᠶᠤᠸᠠᠨ ᠲᠤᠰᠤᠨ ᠤ ᠦᠢᠯᠡᠳᠪᠦᠷᠢ ᠵᠡᠷᠭᠡ ᠭᠤᠷᠪᠠᠨ ᠠᠵᠤ ᠠᠬᠤᠶᠢᠯᠠᠯ ᠨᠢ ᠦᠪᠦᠷ ᠮᠤᠩᠭᠤᠯ ᠤᠨ | ᠲᠦᠷᠦᠬᠦᠦ ᠪᠦᠯᠦᠭ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠳᠤ ᠤᠷᠤᠵᠤ᠂ ︽ᠲᠠᠯ᠎ᠠ ᠶᠢᠨ ᠸᠠᠩ︾ | ᠲᠠᠸᠠᠷ ᠤᠨ ᠲᠡᠮᠳᠡᠭ ᠨᠢ ᠤᠯᠤᠰ ᠤᠨ ᠮᠡᠳᠡᠯᠬᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ᠂ ᠲᠠᠸᠠᠷ ᠤᠨ | ᠲᠡᠮᠳᠡᠭ ᠤᠨ ᠲᠤᠪᠴᠢᠶ᠎ᠠ ᠳᠤ ᠲᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠢᠶᠠᠷ | ᠲᠤᠭᠳᠠᠭᠠᠭᠳᠠᠪᠠ᠃ ᠱᠧᠩ ᠲᠠᠢ ᠡᠯ ᠡᠮ ᠤᠨ ᠦᠢᠯᠡᠳᠪᠦᠷᠢ ᠨᠢ ᠲᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠵᠦᠪᠰᠢᠶᠡᠷᠡᠭᠳᠡᠵᠦ᠂ ᠪᠦᠬᠦ ᠬᠤᠰᠢᠭᠤᠨ ᠤ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3 | ᠡᠷᠦᠬᠡ ᠪᠤᠯᠤᠭᠠᠳ᠂ ᠪᠦᠬᠦ ᠠᠶᠢᠮᠠᠭ ᠲᠠᠭᠠᠨ ᠲᠡᠭᠡᠬᠦᠷ ᠪᠠᠶᠢᠷᠢ ᠳᠤ ᠤᠷᠤᠪᠠ᠃ ᠲᠠᠯ᠎ᠠ ᠨᠤᠳᠤᠭ ᠠᠷᠢᠬᠢᠨ | ᠦᠢᠯᠡᠳᠪᠦᠷᠢ ᠠᠺᠠᠳᠢᠮᠢᠴᠢ ᠶᠢᠨ ᠠᠵᠢᠯᠯᠠᠬᠤ ᠦᠷᠳᠡᠭᠡ ᠪᠠᠶᠢᠭᠤᠯᠤᠭᠰᠠᠨ ᠤ ᠲᠠᠷᠠᠭ᠎ᠠ᠂ ᠬᠤᠩ ᠵᠢᠩ ᠶᠤᠸᠠᠨ | ᠲᠤᠰᠤᠨ ᠤ ᠦᠢᠯᠡᠳᠪᠦᠷᠢ ᠨᠢ ᠵᠢᠩ ᠯᠢᠶᠠᠩ ᠪᠦᠯᠦᠭᠯᠡᠯ ᠲᠠᠢ ᠬᠠᠮᠳᠤᠷᠠᠨ ᠶᠠᠮᠠ ᠶᠢᠨ ᠦᠷ᠎ᠡ ᠤᠨ ᠠᠵᠤ ᠦᠢᠯᠡᠰ | ᠤᠨ ᠰᠤᠳᠤᠯᠤᠨ ᠬᠦᠭᠵᠢᠬᠦᠯᠬᠦ ᠲᠦᠪ ᠢ ᠪᠠᠶᠢᠭᠤᠯᠤᠭᠠᠳ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠬᠦᠳᠬᠦ ᠴᠢᠳᠠᠪᠤᠷᠢ ᠢᠯᠡᠳᠳᠡ ᠴᠢᠩᠭᠠᠷᠠᠭᠰᠠᠨ ᠪᠠᠶᠢᠨ᠎ᠠ᠃ ᠪᠦᠬᠦ ᠠᠶᠢᠮᠠᠭ ᠤᠨ ᠠᠵᠤ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠶᠢᠨ ᠠᠬᠤᠢ ᠲᠠᠯᠠᠪᠠᠢ ᠶᠢᠨ ᠬᠤᠷᠠᠯ ᠢ ᠠᠮᠵᠢᠯᠳᠠᠳᠠᠢ ᠬᠠᠷᠢᠭᠤᠴᠠᠨ ᠡᠷᠬᠢᠯᠡᠵᠦ᠂ ᠪᠦᠬᠦ | ᠵᠢᠯ ᠳᠤ 16 ᠪᠦᠯᠦᠭ 300 ᠭᠠᠷᠤᠢ ᠬᠦᠮᠦᠨ ᠤ ᠲᠤᠭᠤᠷᠢᠨ ᠪᠠᠶᠢᠴᠠᠭᠠᠬᠤ ᠪᠦᠯᠬᠦᠮ ᠢ ᠤᠭᠳᠤᠨ ᠵᠤᠴᠢᠯᠠᠵᠤ᠂ | ᠮᠠᠨ ᠤ ᠬᠤᠰᠢᠭᠤᠨ ᠤ ᠭᠤᠤᠯᠳᠠᠯᠭᠠᠳᠠᠢ ᠲᠦᠷᠦᠯ ᠵᠦᠢᠯ ᠤᠨ ᠠᠵᠢᠯ ᠪᠦᠬᠦ ᠠᠶᠢᠮᠠᠭ ᠤᠨ 2018 ᠤᠨ ᠤ ᠠᠵᠢᠯ | ᠤᠨ ᠪᠦᠳᠦᠮᠵᠢ ᠶᠢᠨ ᠬᠢᠨᠠᠨ ᠰᠢᠯᠭᠠᠯᠳᠠ ᠳᠤ ᠡᠯ᠎ᠡ ᠬᠤᠰᠢᠭᠤ ᠰᠢᠶᠠᠨ ᠬᠤᠳᠠ ᠶᠢᠨ ᠢᠶᠠᠨ ᠲᠡᠷᠢᠬᠦᠨ ᠳᠤ ᠤᠷᠤᠵᠠᠢ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠲᠦᠷᠭᠡᠰᠦᠭᠰᠡᠨ᠃ ᠲᠠᠷᠢᠵᠤ ᠮᠠᠯᠵᠢᠬᠤ | ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ᠡᠷᠴᠢᠮ ᠴᠢᠩᠭᠠᠷᠠᠵᠤ᠂ ᠲᠠᠸᠠᠷ ᠤᠨ ᠲᠦᠮᠦᠰᠦ ᠲᠠᠷᠢᠬᠤ | ᠲᠠᠯᠠᠪᠠᠢ 35 ᠲᠦᠮᠡᠨ ᠮᠤ᠋ ᠪᠤᠯᠵᠤ᠂ 15 ᠲᠦᠮᠡᠨ ᠮᠤ᠋ ᠬᠠᠰᠤᠭᠳᠠᠨ ᠂ ᠦᠷ᠎ᠡ ᠶᠢᠨ ᠲᠦᠮᠦᠰᠦ᠂ ᠰᠢᠬᠢᠷ ᠤᠨ | ᠯᠤᠤᠪᠠᠩ᠂ ᠢᠳᠡᠰᠢᠨ ᠨᠤᠭᠤᠭ᠎ᠠ᠂ ᠡᠮ ᠤᠨ ᠮᠠᠲ᠋ᠧᠷᠢᠶᠠᠯ᠂ ᠡᠪᠡᠰᠦ ᠪᠤᠷᠳᠤᠭ᠎ᠠ ᠵᠡᠷᠭᠡ ᠠᠵᠤ ᠠᠬᠤᠢ ᠶᠢᠨ ᠲᠠᠷᠢᠮᠠᠯ | ᠤᠨ ᠲᠠᠯᠠᠪᠠᠢ 50 ᠲᠦᠮᠡᠨ ᠮᠤ᠋ ᠳᠤ ᠬᠦᠷᠪᠡ᠃ ᠴᠡᠪᠡᠷ ᠡᠬᠦᠯᠳᠡᠷ ᠤᠨ ᠠᠩᠬᠢᠰ ᠬᠠᠷ᠎ᠠ᠂ ᠰᠢᠮᠧᠨ᠋ᠲ᠋ᠠᠷ ᠦᠬᠡᠷ᠂ | ᠡᠷᠯᠢᠰᠡᠵᠢᠬᠦᠯᠦᠭᠰᠡᠨ ᠶᠠᠫᠤᠨ ᠬᠠᠷ᠎ᠠ ᠦᠬᠡᠷ ᠵᠡᠷᠭᠡ ᠰᠠᠶᠢᠨ ᠡᠬᠦᠯᠳᠡᠷ ᠤᠨ ᠮᠢᠬᠠᠨ ᠤ ᠦᠬᠡᠷ 6.8 ᠲᠦᠮᠡᠨ | ᠲᠤᠯᠤᠭᠠᠢ ᠳᠤ ᠬᠦᠷᠦᠭᠰᠡᠨ ᠪᠠᠶᠢᠨ᠎ᠠ᠃ ᠵᠦᠩ ᠰᠢᠤᠢ ᠷᠦᠩ ᠲᠠᠢ᠂ ᠡᠤ ᠹᠧᠩ 2 ᠠᠵᠤ ᠠᠬᠤᠶᠢᠯᠠᠯ ᠤᠨ 2000 | ᠦᠬᠡᠷ ᠠᠴᠠ ᠲᠡᠭᠡᠭᠰᠢ ᠭᠡᠪᠴᠢᠶ᠎ᠠ ᠲᠠᠢ ᠮᠠᠯᠵᠢᠯ ᠤᠨ ᠲᠠᠯᠠᠪᠠᠢ ᠲᠤᠰᠪᠤᠷᠢ ᠪᠠᠶᠢᠭᠤᠯᠤᠭᠳᠠᠭᠰᠠᠨ ᠪᠦᠬᠡᠳ ᠮᠢᠬᠠᠨ ᠤ | ᠦᠬᠡᠷ ᠤᠨ ᠪᠠᠷᠢᠮᠵᠢᠶᠠᠳᠤ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠮᠠᠯᠵᠢᠯ ᠤᠨ ᠲᠠᠯᠠᠪᠠᠢ 2 ᠪᠠᠶᠢᠭᠤᠯᠤᠭᠳᠠᠵᠤ᠂ | ᠰᠠᠶᠢᠨ ᠡᠬᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 25 ᠪᠠᠶᠢᠭᠤᠯᠤᠭᠳᠠᠨ᠂ ᠭᠡᠪᠴᠢᠶᠡᠵᠢᠭᠰᠡᠨ | ᠮᠢᠬᠠᠨ ᠤ ᠦᠬᠡᠷ ᠤᠨ ᠮᠠᠯᠵᠢᠯ ᠤᠨ ᠲᠠᠯᠠᠪᠠᠢ 69 ᠪᠤᠯᠵᠤ ᠬᠦᠭᠵᠢᠭᠡᠳ᠂ ᠪᠦᠬᠦ ᠠᠶᠢᠮᠠᠭ ᠲᠠᠭᠠᠨ ᠰᠠᠶᠢᠨ | ᠡᠬᠦᠯᠳᠡᠷ ᠤᠨ ᠮᠢᠬᠠᠨ ᠤ ᠦᠬᠡᠷ ᠤᠨ ᠨᠡᠮᠡᠭᠳᠡᠯ ᠬᠠᠮᠤᠭ ᠲᠦᠷᠭᠡᠨ ᠭᠠᠵᠠᠷ ᠤᠷᠤᠨ ᠪᠤᠯᠤᠭᠰᠠᠨ ᠪᠠᠶᠢᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠳ᠋ᠧ ᠴᠢᠩ ᠶᠤᠸᠠᠨ ᠲᠠᠬᠢᠶ᠎ᠠ ᠲᠡᠵᠢᠬᠡᠬᠦ ᠠᠵᠤ ᠦᠢᠯᠡᠰ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠲᠦᠷᠭᠡᠳᠭᠡᠨ᠂ ᠡᠤ ᠹᠧᠩ ᠰᠠᠶᠢᠨ ᠡᠬᠦᠯᠳᠡᠷ ᠤᠨ ᠮᠢᠬᠠᠨ ᠤ ᠦᠬᠡᠷ ᠡᠳ᠋ᠰᠢᠬᠦᠯᠦᠨ ᠪᠤᠯᠪᠠᠰᠤᠷᠠᠭᠤᠯᠬᠤ ᠲᠦᠷᠦᠯ | ᠵᠦᠢᠯ ᠤᠷᠤᠭᠰᠢᠳᠠᠢ ᠶᠠᠪᠤᠭᠳᠠᠵᠤ᠂ ᠪᠦᠬᠦ ᠬᠤᠰᠢᠭᠤᠨ ᠤ ᠲᠠᠷᠢᠶᠠᠯᠠᠩ ᠮᠠᠯᠵᠢᠯ ᠤᠨ ᠲᠤᠯᠤᠭᠠᠶᠢᠯᠠᠭᠴᠢ ᠠᠵᠤ | ᠠᠬᠤᠶᠢᠯᠠᠯ 7᠂ ᠲᠦᠷᠢᠮᠵᠢᠭᠰᠡᠨ ᠠᠵᠢᠯᠯᠠᠭ᠎ᠠ ᠲᠠᠢ ᠲᠤᠰᠬᠠᠢ ᠬᠤᠷᠰᠢᠶᠠᠵᠢᠯ 300᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ 336 ᠳᠤ ᠬᠦᠷᠴᠦ᠂ ᠵᠤᠬᠢᠶᠠᠨ ᠪᠠᠶᠢᠭᠤᠯᠤᠯᠵᠢᠭᠰᠠᠨ᠂ ᠭᠡᠪᠴᠢᠶᠡᠵᠢᠭᠰᠡᠨ ᠡᠵᠡᠩᠨᠡᠯᠳᠡ ᠶᠢᠨ | ᠠᠯᠬᠤᠭ᠎ᠠ ᠤᠯᠠᠮ ᠬᠤᠷᠳᠤᠯᠠᠵᠠᠢ᠃ ᠪᠦᠬᠦ ᠬᠤᠰᠢᠭᠤᠨ ᠤ ᠤᠷᠭᠠᠨᠢᠭ ᠪᠦᠳᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠬᠦ ᠲᠠᠯᠠᠪᠠᠢ 1742 ᠮᠤ᠋᠂ ᠰᠢᠯᠭᠠᠨ ᠭᠡᠷᠡᠴᠢᠯᠡᠬᠦᠯᠦᠭᠰᠡᠨ ᠲᠠᠯᠠᠪᠠᠢ | 520 ᠮᠤ᠋᠂ ᠬᠤᠤᠷᠳᠠᠯ ᠦᠬᠡᠢ ᠪᠦᠳᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠰᠢᠯᠭᠠᠨ | ᠭᠡᠷᠡᠴᠢᠯᠡᠬᠦᠯᠦᠭᠰᠡᠨ ᠲᠠᠯᠠᠪᠠᠢ 2320 ᠮᠤ᠋ ᠳᠤ ᠬᠦᠷᠴᠦ᠂ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠪᠠ | ᠵᠠᠬ᠎ᠠ ᠲᠡᠯᠬᠡᠬᠦᠷ ᠤᠨ ᠦᠷᠢᠰᠦᠯᠳᠦᠬᠦ ᠴᠢᠳᠠᠪᠤᠷᠢ ᠤᠯᠠᠮ ᠨᠢᠬᠡ ᠠᠯᠬᠤᠮ ᠲᠡᠭᠡᠭᠰᠢᠯᠡᠭᠰᠡᠨ ᠪᠠᠶᠢᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠠᠶᠤᠯᠬᠦᠢ ᠶᠢᠨ ᠬᠢᠨᠠᠨ ᠬᠠᠮᠢᠶᠠᠷᠤᠯᠳᠠ ᠶᠢ ᠪᠦᠬᠦ ᠲᠠᠯᠠᠪᠠᠷ | ᠴᠢᠩᠭᠠᠳᠬᠠᠵᠤ᠂ ᠠᠹᠠᠷᠢᠺᠠ ᠲᠢᠪ ᠤᠨ ᠭᠠᠭ᠋ᠠᠢ ᠶᠢᠨ ᠬᠢᠵᠢᠭ ᠢ ᠪᠦᠳᠦᠮᠵᠢᠳᠡᠢ ᠰᠡᠷᠭᠡᠶᠢᠯᠡᠨ ᠬᠤᠷᠢᠭᠯᠠᠪᠠ᠃ ︽ | ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠲᠤᠰᠬᠠᠢ ᠴᠡᠭᠴᠡᠯᠡᠯᠳᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ 660 ᠰᠠᠭᠤᠷᠢ ᠪᠠᠷᠢᠯᠭ᠎ᠠ ᠶᠢᠨ ᠭᠠᠷ ᠬᠦᠢᠴᠡᠳᠭᠡᠯ ᠢ ᠨᠦᠬᠦᠵᠦ | ᠲᠠᠩᠰᠠᠯᠠᠵᠠᠢ᠃ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢᠨ ᠬᠠᠨᠳᠤᠰᠢ ᠤᠯᠠᠮ ᠰᠠᠶᠢᠵᠢᠷᠠᠭᠰᠠᠨ᠃ ︽ | ᠬᠠᠭᠠᠨ ᠤ ᠠᠳᠤᠭᠤᠨ ᠵᠤᠰᠠᠭᠠᠯ︾ ᠂ ︽ᠰᠢᠨᠠᠭᠠᠨ ᠪᠤᠯᠠᠭ︾ ᠵᠡᠷᠭᠡ 7 ᠭᠤᠤᠯᠳᠠᠯᠭᠠᠳᠠᠢ ᠵᠢᠭᠤᠯᠴᠢᠯᠠᠯ ᠤᠨ | ᠲᠦᠷᠦᠯ ᠵᠦᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂ ᠵᠢᠭᠤᠯᠴᠢᠯᠠᠯ ᠳᠤ ᠭᠡᠷᠡᠭᠯᠡᠬᠦ ᠵᠤᠷᠯᠤᠩ 25 ᠶᠢ | ᠪᠠᠶᠢᠭᠤᠯᠪᠠ᠂ ᠤᠶᠤᠯᠢᠭ ᠵᠢᠭᠤᠯᠴᠢᠯᠠᠯ ᠤᠨ ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠱᠠᠳᠤᠴᠢ ᠴᠢᠨᠠᠷᠳᠠᠢ | ᠠᠮᠵᠢᠯᠳᠠ ᠤᠯᠵᠤ᠂ ︽ᠲᠠᠶᠢᠹᠤᠰᠧ ᠬᠤᠰᠢᠭᠤᠨ ᠤ ᠤᠶᠤᠯᠢᠭ ᠵᠢᠭᠤᠯᠴᠢᠯᠠᠯ ᠤᠨ ᠲᠠᠪᠴᠠᠩ︾ ᠢ ᠵᠢᠩᠬᠢᠨᠢ ᠪᠠᠷ | ᠨᠡᠪᠳᠡᠷᠡᠬᠦᠯᠵᠡᠢ᠃ ᠬᠦᠢᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ᠂ ᠪᠠᠶᠠᠰᠬᠤᠯᠠᠩᠳᠤ ᠲᠦᠮᠦᠰᠦᠨ ᠤ ᠨᠠᠶᠢᠷ᠂ | ᠲᠠᠯ᠎ᠠ ᠨᠤᠳᠤᠭ ᠤᠨ ᠮᠦᠩᠬᠦᠨ ᠡᠪᠦᠯ ᠤᠨ ᠨᠠᠭᠠᠳᠤᠮ ᠵᠡᠷᠭᠡ ᠰᠤᠶᠤᠯ ᠵᠢᠭᠤᠯᠴᠢᠯᠠᠯ ᠤᠨ ᠨᠠᠶᠢᠷ ᠨᠠᠭᠠᠳᠤᠮ ᠢ | ᠠᠮᠵᠢᠯᠳᠠᠳᠠᠢ ᠡᠷᠬᠢᠯᠡᠵᠦ᠂ ᠪᠦᠬᠦ ᠵᠢᠯ ᠳᠤ 42 ᠲᠦᠮᠡᠨ ᠵᠢᠭᠤᠯᠴᠢᠯᠠᠭᠴᠢ ︵ᠤᠳᠠᠭ᠎ᠠ︶ ᠶᠢ ᠤᠭᠳᠤᠨ ᠵᠤᠴᠢᠯᠠᠪᠠ᠃ | ᠲᠡᠭᠡᠭᠡᠪᠦᠷᠢ ᠶᠢᠨ ᠦᠢᠯᠡᠰ ᠪᠠ ᠪᠤᠳᠠᠰ ᠤᠨ ᠬᠦᠢᠯᠬᠡᠬᠡᠨ ᠤ ᠦᠢᠯᠡᠰ ᠤᠨ ᠬᠦᠭᠵᠢᠯᠳᠡ ᠲᠦᠷᠭᠡᠰᠴᠦ᠂ ᠪᠦᠬᠦ ᠵᠢᠯ | ᠳᠤ 322.9 ᠲᠦᠮᠡᠨ ᠲᠤᠨ ᠪᠠᠷᠠᠭᠠᠨ ᠤ ᠲᠡᠭᠡᠭᠡᠪᠦᠷᠢ ᠪᠠ 201.8 ᠲᠦᠮᠡᠨ ᠬᠦᠮᠦᠨ ᠤᠳᠠᠭ᠎ᠠ ᠶᠢᠨ ᠠᠶᠠᠨᠴᠢᠨ ᠤ | ᠵᠦᠬᠡᠬᠡᠪᠦᠷᠢ ᠶᠢ ᠪᠡᠶᠡᠯᠡᠬᠦᠯᠵᠦ᠂ ᠲᠤᠰᠪᠤᠷᠢ 3% ᠪᠠ 7% ᠪᠠᠷ ᠨᠡᠮᠡᠭᠳᠡᠵᠡᠢ᠃ ᠤᠯᠤᠰ ᠤᠨ ᠲᠡᠰ ᠤᠨ | ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠬᠤ ᠵᠢᠱᠢᠶ᠎ᠡ ᠦᠵᠡᠬᠦᠯᠬᠦ ᠬᠤᠰᠢᠭᠤ | ᠶᠢᠨ ᠲᠦᠷᠦᠯ ᠵᠦᠢᠯ ᠢ ᠤᠷᠤᠭᠰᠢᠳᠠᠢ ᠭᠡᠷᠡᠭᠵᠢᠬᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠳᠡ ᠶᠢᠨ | ᠦᠢᠯᠡᠴᠢᠯᠡᠬᠡᠨ ᠤ ᠲᠦᠪ᠂ ᠬᠦᠮᠦᠷᠭᠡᠯᠡᠨ ᠬᠠᠳᠠᠭᠠᠯᠠᠬᠤ ᠪᠠ ᠬᠦᠯᠳᠡᠭᠡᠯᠳᠡ ᠪᠠᠷ ᠬᠦᠷᠭᠡᠬᠦ ᠴᠢᠳᠠᠮᠵᠢ ᠲᠠᠢ ᠪᠤᠳᠠᠰ | ᠤᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠲᠦᠪ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ 124 | ᠭᠠᠴᠠᠭ᠎ᠠ ᠲᠤᠰᠬᠤᠨ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠷᠳᠡᠭᠡ ᠶᠢ | ᠪᠠᠶᠢᠭᠤᠯᠤᠭᠰᠠᠨ ᠪᠠ ᠲᠡᠰ ᠲᠡᠪᠰᠢᠬᠦᠯᠬᠦ ᠦᠬᠡᠷᠡᠴᠢᠯᠡᠯᠳᠡ ᠬᠢᠵᠦ᠂ ᠪᠦᠬᠦ ᠬᠤᠰᠢᠭᠤᠨ ᠤ ᠲᠠᠩᠰᠠᠯᠠᠭᠤᠯᠤᠭᠰᠠᠨ | ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ 37 ᠡᠷᠦᠬᠡ᠂ ᠰᠦᠯᠵᠢᠶ᠎ᠡ ᠲᠡᠭᠡᠷ᠎ᠡ ᠪᠤᠷᠤᠯᠠᠭᠤᠯᠤᠭᠴᠢ | 586 ᠡᠷᠦᠬᠡ ᠪᠤᠯᠵᠤ ᠨᠡᠮᠡᠭᠳᠡᠨ᠂ ᠠᠷᠠᠯᠵᠢᠶ᠎ᠠ ᠰᠤᠯᠢᠯᠴᠠᠭᠠᠨ ᠤ ᠬᠡᠮᠵᠢᠶ᠎ᠡ 1.27 ᠳ᠋ᠦᠩᠰᠢᠭᠤᠷ ᠲᠦᠬᠦᠷᠢᠭ ᠲᠤ | ᠬᠦᠷᠴᠡᠢ᠃ ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠬᠡᠯᠡᠯᠬᠡ ᠶᠢᠨ | ᠦᠯᠡᠳᠡᠪᠦᠷᠢ ᠲᠤᠰᠪᠤᠷᠢ 62.74 ᠳ᠋ᠦᠩᠰᠢᠭᠤᠷ ᠲᠦᠬᠦᠷᠢᠭ ᠪᠠ 38.51 ᠳ᠋ᠦᠩᠰᠢᠭᠤᠷ ᠲᠦᠬᠦᠷᠢᠭ ᠲᠤ ᠬᠦᠷᠴᠦ | ᠂ 3 % ᠪᠠ 2.5 % ᠪᠠᠷ ᠨᠡᠮᠡᠭᠳᠡᠪᠡ᠃ | ︵ᠭᠤᠷᠪᠠ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠲᠠᠰᠤᠷᠠᠯᠳᠠ ᠦᠬᠡᠢ | ᠲᠡᠭᠡᠭᠰᠢᠯᠡᠪᠡ᠃ ᠬᠤᠳᠠ ᠰᠠᠭᠤᠷᠢᠨ ᠤ ᠪᠦᠳᠦᠬᠡᠨ ᠪᠠᠶᠢᠭᠤᠯᠤᠯᠳᠠ ᠯᠠᠪᠳᠠᠭᠤᠨ ᠢᠶᠠᠷ ᠠᠬᠢᠭᠰᠠᠨ᠃ ᠪᠤᠤᠴᠠᠩ ᠤᠨ | ᠰᠢᠨ᠎ᠡ ᠲᠤᠭᠤᠷᠢᠭ ᠤᠨ ᠪᠤᠤᠴᠠᠩ ᠵᠡᠬᠡᠯᠢ᠂ ᠶᠢᠩ ᠪᠢᠨ ᠵᠠᠮ ᠵᠡᠷᠭᠡ ᠵᠠᠮ ᠵᠡᠬᠡᠯᠢ ᠶᠢᠨ ᠨᠤᠭᠤᠭᠠᠷᠠᠭᠤᠯᠤᠯᠳᠠ ᠪᠠ | ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠶᠢ ᠬᠢᠵᠦ᠂ 92 ᠲᠦᠮᠡᠨ ᠪᠤᠳᠠ ᠨᠢᠯᠬ᠎ᠠ | ᠮᠤᠳᠤ ᠲᠠᠷᠢᠪᠠ᠃ ᠬᠤᠳᠠ ᠶᠢᠨ ᠲᠤᠳᠤᠷᠠᠬᠢ 17 ᠲᠦᠮᠡᠨ ᠬᠠᠪᠳᠠᠭᠠᠢ ᠲᠦᠷᠪᠡᠯᠵᠢᠨ ᠮᠧᠲᠷ ᠵᠠᠮ ᠢ ᠵᠠᠰᠠᠨ | ᠰᠠᠶᠢᠵᠢᠷᠠᠭᠤᠯᠵᠤ᠂ 1 ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠲᠡᠪᠢᠰᠴᠦ ᠬᠠᠳᠠᠭᠤᠷᠠᠭᠤᠯᠤᠨ᠂ | ᠵᠡᠬᠡᠯᠢ ᠶᠢᠨ ᠳ᠋ᠧᠩ 400 ᠶᠢ ᠤᠭᠰᠠᠷᠠᠵᠠᠢ᠃ ᠢᠯᠴᠢ ᠬᠠᠩᠭᠠᠬᠤ ᠲᠤᠤᠷ ᠬᠤᠭᠤᠯᠠᠢ ᠶᠢ ᠰᠠᠶᠢᠵᠢᠷᠠᠭᠤᠯᠬᠤ PPP | ᠲᠦᠷᠦᠯ ᠵᠦᠢᠯ ᠢ ᠯᠠᠪᠳᠠᠭᠤᠨ ᠵᠨᠷ ᠲᠦᠯᠬᠢᠨ ᠠᠬᠢᠭᠤᠯᠵᠤ᠂ 12 ᠺᠢᠯᠤᠮᠧᠲᠷ ᠢᠯᠴᠢ ᠬᠠᠩᠭᠠᠬᠤ ᠲᠤᠤᠷ | ᠬᠤᠭᠤᠯᠠᠢ ᠶᠢ ᠤᠭᠰᠠᠷᠠᠨ᠂ 2 ᠰᠠᠭᠤᠷᠢ ᠢᠯᠴᠢ ᠰᠤᠯᠢᠭᠳᠠᠭᠤᠯᠬᠤ ᠦᠷᠳᠡᠭᠡ ᠶᠢ ᠰᠢᠨ᠎ᠡ ᠪᠠᠷ ᠪᠠᠶᠢᠭᠤᠯᠪᠠ᠃ ᠰᠢᠨ᠎ᠡ | ᠲᠤᠭᠤᠷᠢᠭ ᠤᠨ ᠤᠰᠤ ᠬᠠᠩᠭᠠᠬᠤ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠦᠨᠳᠦᠰᠦᠨ ᠳᠡᠭᠡᠨ ᠲᠠᠬᠦᠰᠴᠦ | ᠂ 1 ᠬᠤᠳᠳᠤᠭ ᠨᠢ ᠠᠰᠢᠭᠯᠠᠯᠳᠠ ᠳᠤ ᠤᠷᠤᠭᠠᠳ᠂ ᠬᠤᠳᠠ ᠪᠠᠯᠭᠠᠰᠤᠨ ᠤ ᠤᠰᠤᠨ ᠤ ᠬᠠᠩᠭᠠᠯᠭ᠎ᠠ ᠢᠯᠡᠳᠳᠡ | ᠰᠠᠶᠢᠵᠢᠷᠠᠭᠰᠠᠨ ᠪᠠᠶᠢᠨ᠎ᠠ᠃ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤ ᠴᠡᠪᠡᠷᠰᠢᠬᠦᠯᠬᠦ ᠮᠡᠷᠭᠡᠵᠢᠯ ᠤᠨ | ᠦᠬᠡᠷᠡᠴᠢᠯᠡᠯᠳᠡ ᠪᠠ ᠰᠢᠪᠠᠷ ᠰᠢᠷᠤᠢ ᠰᠢᠢᠳᠪᠦᠷᠢᠯᠡᠬᠦ ᠲᠦᠷᠦᠯ ᠵᠦᠢᠯ ᠤᠨ ᠪᠠᠷᠢᠯᠭ᠎ᠠ ᠲᠠᠭᠤᠰᠴᠤ ᠠᠰᠢᠭᠯᠠᠯᠳᠠ ᠳᠤ | ᠤᠷᠤᠭᠠᠳ᠂ ᠴᠡᠪᠡᠷᠰᠢᠬᠦᠯᠦᠭᠰᠡᠨ ᠤᠰᠤ ᠶᠢ ᠲᠠᠬᠢᠨ ᠭᠡᠷᠡᠭᠯᠡᠬᠦ 5 ᠺᠢᠯᠤᠮᠧᠲᠷ ᠭᠠᠵᠠᠷ ᠲᠤᠤᠷᠠᠬᠢ ᠤᠰᠤᠨ ᠤ ᠰᠤᠪᠠᠭ | ᠤᠨ ᠪᠠᠷᠢᠯᠭ᠎ᠠ ᠶᠢ ᠲᠠᠭᠤᠰᠬᠠᠪᠠ ᠃ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ | ᠬᠦᠨᠵᠡᠭᠡᠢ ᠲᠦᠯᠬᠢᠨ ᠠᠬᠢᠭᠤᠯᠵᠤ᠂ ᠭᠡᠷ ᠪᠠᠶᠢᠰᠢᠩ ᠤᠨ ᠲᠦᠷᠢᠶᠡᠰᠦᠨ ᠤ ᠨᠦᠬᠦᠪᠦᠷᠢ 294 ᠲᠦᠮᠡᠨ ᠲᠦᠬᠦᠷᠢᠭ | ᠲᠠᠷᠬᠠᠭᠠᠨ᠂ 4 ᠰᠠᠭᠤᠷᠢ ᠬᠠᠭᠤᠴᠢᠷᠠᠭᠰᠠᠨ ᠰᠠᠭᠤᠭᠠᠯᠢ ᠲᠤᠭᠤᠷᠢᠭ ᠲᠤ ᠦᠬᠡᠷᠡᠴᠢᠯᠡᠯᠳᠡ ᠬᠢᠵᠦ᠂ ᠲᠦᠬᠦᠮ | ᠪᠦᠳᠦᠬᠦᠯᠢᠭ ᠤᠷᠤᠨ ᠰᠠᠭᠤᠴᠠ ᠶᠢᠨ ᠲᠤᠭᠤᠷᠢᠭ ᠤᠨ ᠦᠬᠡᠷᠡᠴᠢᠯᠡᠯᠳᠡ ᠶᠢᠨ ᠲᠦᠷᠦᠯ ᠵᠦᠢᠯ ᠢ ᠬᠦᠴᠦ ᠲᠠᠯᠪᠢᠵᠤ | ᠭᠡᠷᠡᠭᠵᠢᠬᠦᠯᠦᠨ᠂ 731 ᠡᠷᠦᠬᠡ ᠲᠠᠢ ᠭᠡᠷ ᠪᠠᠶᠢᠰᠢᠩ ᠲᠠᠳᠠᠪᠤᠷᠢᠯᠠᠨ ᠭᠡᠷᠡᠭᠯᠡᠬᠦ ᠭᠡᠷ᠎ᠡ ᠲᠤᠭᠳᠠᠵᠤ᠂ ᠨᠦᠬᠦᠪᠦᠷᠢ | ᠮᠦᠩᠬᠦ 1.48 ᠳ᠋ᠦᠩᠰᠢᠭᠤᠷ ᠲᠦᠬᠦᠷᠢᠭ ᠢ ᠲᠠᠷᠬᠠᠭᠠᠨ᠂ ᠶᠠᠩ ᠭᠤᠸᠠᠩ ᠰᠠᠭᠤᠭᠠᠯᠢ ᠲᠤᠭᠤᠷᠢᠭ ᠤᠨ | ᠨᠢᠬᠡᠳᠦᠭᠡᠷ ᠪᠦᠯᠦᠭ ᠪᠠᠷᠢᠯᠭ᠎ᠠ ᠢ ᠲᠤᠭᠳᠠᠭᠰᠠᠨ ᠬᠤᠭᠤᠴᠠᠭᠠᠨ ᠳᠤ ᠲᠠᠭᠤᠰᠬᠠᠵᠤ᠂ 436 ᠡᠷᠦᠬᠡ ᠶᠢ ᠠᠰᠠᠷ ᠲᠤ | ᠨᠡᠬᠦᠯᠭᠡᠭᠰᠡᠨ ᠪᠦᠬᠡᠳ ᠬᠤᠶᠠᠳᠤᠭᠠᠷ ᠪᠦᠯᠦᠭ ᠤᠨ ᠪᠦᠳᠦᠬᠡᠨ ᠪᠠᠶᠢᠭᠤᠯᠤᠯᠳᠠ ᠶᠢ ᠡᠬᠢᠯᠡᠭᠰᠡᠨ ᠪᠠᠶᠢᠨ᠎ᠠ᠃ ᠠᠭᠠᠷ | ᠤᠨ ᠰᠡᠷᠭᠡᠶᠢᠯᠡᠯᠳᠡ ᠶᠢᠨ ᠠᠵᠢᠯ ᠦᠢᠯᠡᠰ ᠲᠠᠪᠠᠯᠳᠠᠳᠤ ᠬᠦᠭᠵᠢᠯᠳᠡ ᠶᠢ ᠪᠡᠶᠡᠯᠡᠬᠦᠯᠵᠦ᠂ ᠭᠤᠤᠯᠳᠠᠯᠭᠠᠳᠠᠢ ᠠᠭᠠᠷ ᠤᠨ | ᠰᠡᠷᠭᠡᠶᠢᠯᠡᠯᠳᠡ ᠶᠢᠨ ᠪᠠᠷᠢᠯᠭ᠎ᠠ ᠤᠷᠤᠭᠰᠢᠳᠠᠢ ᠶᠠᠪᠤᠭᠳᠠᠨ᠂ ᠵᠢᠯᠤᠭᠤᠳᠤᠯᠭ᠎ᠠ ᠴᠢᠮᠡᠭᠡ ᠬᠤᠯᠪᠤᠭᠠᠨ ᠤ ᠲᠠᠪᠴᠠᠩ ᠤᠨ | ᠪᠠᠶᠢᠭᠤᠯᠤᠯᠳᠠ ᠡᠬᠢᠯᠡᠵᠦ᠂ ᠬᠤᠳᠠ ᠶᠢᠨ ᠰᠡᠷᠭᠡᠶᠢᠯᠡᠨ ᠬᠠᠮᠠᠭᠠᠯᠠᠯᠳᠠ ᠪᠠ ᠮᠡᠳᠡᠭᠡ ᠵᠠᠩᠬᠢᠵᠢᠭᠰᠠᠨ ᠵᠢᠯᠤᠭᠤᠳᠬᠤ | ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠠᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠡᠬᠢᠯᠡᠯᠳᠡ ᠰᠠᠶᠢᠨ ᠪᠠᠶᠢᠭ᠎ᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠭᠤᠷᠪᠠᠨ ᠵᠢᠯ ᠤᠨ ᠠᠵᠢᠯ ᠤᠨ ᠲᠦᠯᠦᠪᠯᠡᠭᠡ ᠪᠠ 2019 ᠤᠨ ᠤ ᠭᠡᠷᠡᠭᠵᠢᠬᠦᠯᠬᠦ ᠲᠦᠰᠦᠪ ᠢ ᠰᠤᠳᠤᠯᠤᠨ | ᠲᠤᠭᠳᠠᠭᠠᠵᠤ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ | ᠦᠬᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠤᠨ᠂ ᠭᠠᠵᠠᠷ ᠰᠢᠷᠤᠢ᠂ ᠨᠤᠳᠤᠭ ᠪᠡᠯᠴᠢᠬᠡᠷ ᠤᠨ ᠦᠮᠴᠢᠯᠡᠯ ᠤᠨ | ᠡᠷᠭᠡ ᠶᠢ ᠲᠤᠳᠤᠯᠠᠬᠤ ᠠᠵᠢᠯ ᠢ ᠪᠦᠬᠦ ᠲᠠᠯᠠᠪᠠᠷ ᠪᠡᠶᠡᠯᠡᠬᠦᠯᠵᠦ᠂ 15000 ᠦᠨᠡᠮᠯᠡᠯ ᠢ ᠲᠠᠷᠬᠠᠭᠠᠪᠠ᠃ ᠮᠠᠯᠵᠢᠬᠤ | ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠦᠵᠡᠰᠬᠦᠯᠡᠩᠳᠦ ᠬᠦᠳᠡᠭᠡ | ᠲᠤᠰᠬᠤᠨ ᠤ ᠲᠦᠷᠦᠯ ᠵᠦᠢᠯ 4᠂ ︽ᠲᠤᠰᠬᠠᠢ ᠲᠦᠷᠦᠯ ᠢᠶᠠᠷ ᠵᠦᠪᠯᠡᠬᠦ︾ ᠡᠳ᠋ ᠤᠨ ᠵᠠᠰᠠᠭ ᠤᠨ ᠱᠠᠩᠨᠠᠯ | ᠨᠦᠬᠦᠪᠦᠷᠢ ᠶᠢᠨ ᠲᠦᠷᠦᠯ ᠵᠦᠢᠯ 32 ᠢ ᠭᠡᠷᠡᠭᠵᠢᠬᠦᠯᠦᠨ᠂ 7 ᠭᠠᠴᠠᠭ᠎ᠠ ᠲᠤᠰᠬᠤᠨ ᠢ ᠬᠠᠪᠰᠤᠷᠴᠤ ᠬᠠᠮᠳᠤ ᠶᠢᠨ | ᠠᠵᠤ ᠠᠬᠤᠢ ᠶᠢ ᠨᠢ ᠬᠦᠭᠵᠢᠬᠦᠯᠵᠦ᠂ ᠪᠢᠶᠠᠨ ᠴᠢᠶᠠᠩ ᠲᠤᠰᠬᠤᠨ ᠢᠶᠠᠷ ᠭᠤᠤᠯ ᠪᠤᠯᠭᠠᠭᠰᠠᠨ ᠲᠠᠷᠢᠶᠠᠯᠠᠩ ᠤᠨ | ᠲᠤᠷᠰᠢᠯᠳᠠ ᠶᠢᠨ ᠲᠦᠷᠦᠯ ᠵᠦᠢᠯ ᠯᠠᠪᠳᠠᠭᠤᠨ ᠢᠶᠠᠷ ᠡᠬᠢᠯᠡᠪᠡ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯ ᠤᠨ ᠲᠦᠯᠦᠪᠯᠡᠭᠡ ᠶᠢ | ᠲᠤᠭᠳᠠᠭᠠᠵᠤ᠂ ᠬᠤᠳᠠ ᠬᠦᠳᠡᠭᠡ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠪᠠ ᠨᠡᠶᠢᠳᠡ ᠶᠢᠨ ᠲᠦᠬᠦᠭᠡᠷᠦᠮᠵᠢ | ᠶᠢᠨ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠤᠨ᠂ 283 ᠲᠦᠮᠡᠨ ᠲᠦᠬᠦᠷᠢᠭ ᠤᠨ ᠪᠡᠯᠡ ᠮᠦᠩᠬᠦ ᠶᠢ | ᠨᠢᠬᠡᠳᠬᠡᠨ ᠲᠤᠬᠢᠷᠠᠭᠤᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢᠨ ᠵᠢᠱᠢᠶ᠎ᠡ | ᠦᠵᠡᠬᠦᠯᠬᠦ ᠭᠠᠴᠠᠭ᠎ᠠ ᠲᠤᠰᠬᠤᠨ 82 ᠪᠠᠶᠢᠭᠰᠠᠨ ᠠᠴᠠ ᠪᠠᠨ 106 ᠪᠤᠯᠵᠤ ᠨᠡᠮᠡᠭᠳᠡᠪᠡ᠃ ᠨᠤᠷᠠᠬᠤ ᠠᠶᠤᠯᠳᠠᠢ | ᠭᠡᠷ ᠪᠠᠶᠢᠰᠢᠩ ᠤᠨ ᠦᠬᠡᠷᠡᠴᠢᠯᠡᠯᠳᠡ ᠶᠢ ᠬᠦᠴᠦᠯᠡᠨ ᠭᠡᠷᠡᠭᠵᠢᠬᠦᠯᠵᠦ᠂ 3545 ᠡᠷᠦᠬᠡ ᠲᠠᠢ ᠰᠢᠨᠡᠳᠬᠡᠨ | ᠪᠠᠶᠢᠭᠤᠯᠬᠤ ᠭᠡᠷ᠎ᠡ ᠲᠤᠭᠳᠠᠭᠠᠳ᠂ ᠲᠤᠰ ᠵᠢᠯ ᠳᠡᠭᠡᠨ 1890 ᠡᠷᠦᠬᠡ ᠶᠢᠨ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠭᠰᠠᠨ ᠪᠠᠶᠢᠨ᠎ᠠ᠃ ᠰᠠᠭᠤᠷᠢ ᠲᠦᠬᠦᠭᠡᠷᠦᠮᠵᠢ ᠶᠢᠨ ᠪᠠᠳᠤᠯᠠᠭ᠎ᠠ ᠲᠠᠰᠤᠷᠠᠯᠳᠠ ᠦᠬᠡᠢ ᠴᠢᠩᠭᠠᠷᠠᠭᠰᠠᠨ᠃ ︽ | ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠪᠦᠬᠦ ᠠᠶᠢᠮᠠᠭ ᠲᠠᠭᠠᠨ ᠬᠠᠮᠤᠭ ᠤᠷᠢᠳᠠᠪᠠᠷ ︽ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ | ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ ᠶᠢ ᠲᠤᠭᠳᠠᠭᠠᠭᠰᠠᠨ ᠪᠠᠶᠢᠨ᠎ᠠ ᠃ ᠴᠢᠶᠠᠨ ᠫᠤᠤ ᠱᠤᠭᠤᠮ᠂ | ᠪᠤᠤ ᠮᠤ᠋ ᠱᠤᠭᠤᠮ᠂ ᠪᠤᠤ ᠴᠢ ᠱᠤᠭᠤᠮ᠂ ᠬᠤᠩ ᠪᠤᠤ ᠱᠤᠭᠤᠮ 4 ᠵᠤᠷᠪᠤᠰ ᠬᠤᠰᠢᠭᠤ ᠰᠤᠮᠤᠨ ᠤ ᠵᠠᠰᠠᠮᠠᠯ ᠵᠠᠮ | ᠪᠠᠶᠢᠭᠤᠯᠤᠭᠳᠠᠵᠤ ᠲᠡᠷᠭᠡ ᠨᠡᠪᠳᠡᠷᠡᠨ᠂ ᠬᠤᠰᠢᠭᠤ ᠰᠤᠮᠤᠨ ᠤ ᠭᠤᠤᠯ ᠵᠠᠮ ᠪᠦᠬᠦ ᠲᠠᠯᠠᠪᠠᠷ ᠲᠡᠰ ᠲᠡᠪᠰᠢᠵᠦ᠂ ︽ | 304︾ ᠮᠤᠵᠢ ᠶᠢᠨ ᠵᠠᠮ ᠢ ᠵᠠᠰᠠᠨ ᠰᠠᠶᠢᠵᠢᠷᠠᠭᠤᠯᠬᠤ ᠢᠨᠵᠧᠨᠧᠷᠢᠩ ᠤᠨ ᠲᠦᠷᠦᠬᠦᠴᠢ ᠬᠤᠭᠤᠴᠠᠭᠠᠨ ᠤ ᠠᠵᠢᠯ | ᠦᠨᠳᠦᠰᠦᠨ ᠳᠡᠭᠡᠨ ᠪᠡᠶᠡᠯᠡᠭᠳᠡᠪᠡ᠃ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ | ᠲᠠᠶᠢᠹᠤᠰᠧ ᠬᠤᠰᠢᠭᠤᠨ ᠳᠤ ᠦᠷᠳᠡᠭᠡ ᠪᠠᠶᠢᠭᠤᠯᠬᠤ ᠡᠷᠡᠮᠡᠯᠵᠡᠯ ᠤᠨ ᠠᠵᠢᠯ ᠮᠡᠳᠡᠭᠳᠡᠮ᠎ᠡ ᠠᠬᠢᠯᠳᠠ ᠲᠠᠢ ᠪᠠᠶᠢᠭ᠎ᠠ᠃ | ᠬᠤ᠋ ᠯᠤ᠋ ᠢᠤᠢ ᠭᠤᠤᠯ ᠤᠨ ᠦᠶ᠎ᠡ ᠰᠡᠷᠭᠡᠶᠢᠯᠡᠬᠦ ᠨᠢᠬᠡᠳᠦᠭᠡᠷ ᠬᠤᠭᠤᠴᠠᠭᠠᠨ ᠤ ᠢᠨᠵᠧᠨᠧᠷᠢᠩ ᠲᠠᠭᠤᠰᠴᠤ᠂ | ᠠᠶᠤᠯᠬᠦᠢ ᠤᠰᠤ ᠤᠮᠳᠠ ᠶᠢ ᠪᠠᠬᠢᠵᠢᠬᠦᠯᠦᠨ ᠴᠢᠨᠠᠷᠵᠢᠭᠤᠯᠬᠤ ᠢᠨᠵᠧᠨᠧᠷᠢᠩ 25 ᠭᠠᠵᠠᠷ ᠲᠤ ᠭᠡᠷᠡᠭᠵᠢᠬᠦᠯᠵᠦ᠂ | 6828 ᠬᠦᠮᠦᠨ᠂ 2.4 ᠲᠦᠮᠡᠨ ᠮᠠᠯ ᠤᠨ ᠤᠰᠤ ᠤᠮᠳᠠ ᠶᠢ ᠰᠢᠢᠳᠪᠦᠷᠢᠯᠡᠭᠰᠡᠨ ᠪᠠᠶᠢᠨ᠎ᠠ᠃ ᠰᠦᠷᠴᠢᠨ | ᠤᠰᠤᠯᠠᠬᠤ ᠠᠷᠭ᠎ᠠ ᠶᠢ ᠲᠤᠰᠤᠯᠠᠭᠤᠯᠤᠨ ᠤᠰᠤᠯᠠᠬᠤ ᠠᠷᠭ᠎ᠠ ᠪᠠᠷ ᠦᠬᠡᠷᠡᠴᠢᠯᠡᠬᠦ ᠲᠠᠯᠠᠪᠠᠢ 1.8 ᠲᠦᠮᠡᠨ ᠮᠤ᠋ | ᠨᠡᠮᠡᠭᠳᠡᠵᠦ᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠦᠬᠡᠷᠡᠴᠢᠯᠡᠯᠳᠡ ᠶᠢᠨ ᠲᠦᠷᠦᠯ ᠵᠦᠢᠯ ᠢ 5.2 | ᠲᠦᠮᠡᠨ ᠮᠤ᠋ ᠳᠤ ᠭᠡᠷᠡᠭᠵᠢᠬᠦᠯᠦᠨ᠂ 35 ᠬᠠᠪᠳᠠᠭᠠᠢ ᠲᠦᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠳᠠ | ᠶᠢ ᠬᠢᠪᠡ᠃ 10 ᠺᠢᠯᠤᠸᠤᠯᠲ ᠪᠠ ᠲᠡᠬᠦᠨ ᠠᠴᠠ ᠪᠠᠭ᠎ᠠ ᠬᠦᠴᠦᠳᠡᠯᠳᠦ ᠴᠠᠬᠢᠯᠭᠠᠨ ᠱᠤᠭᠤᠮ ᠢ 91.6 | ᠺᠢᠯᠤᠮᠧᠲᠷ ᠪᠠᠶᠢᠭᠤᠯᠵᠤ᠂ 27 ᠰᠠᠤᠷᠢ ᠴᠠᠬᠢᠯᠭᠠᠨ ᠬᠤᠪᠢᠰᠬᠠᠭᠤᠷ ᠤᠭᠰᠠᠷᠠᠨ᠂ ᠪᠦᠬᠦ ᠵᠢᠯ ᠤᠨ ᠴᠠᠬᠢᠯᠭᠠᠨ ᠤ | ᠪᠤᠷᠤᠯᠠᠭᠤᠯᠭ᠎ᠠ 3.88 ᠳ᠋ᠦᠩᠰᠢᠭᠤᠷ ᠺᠢᠯᠤᠸᠠᠲ ᠳᠤ ᠬᠦᠷᠴᠡᠢ᠃ 140 ᠭᠠᠴᠠᠭ᠎ᠠ ᠲᠤᠰᠬᠤᠨ ᠳᠤ ᠴᠠᠬᠢᠯᠭᠠᠨ | ᠬᠤᠯᠪᠤᠭ᠎ᠠ ᠲᠦᠭᠡᠮᠡᠯᠵᠢᠬᠦᠯᠬᠦ ᠠᠵᠢᠯ ᠢ ᠬᠢᠵᠦ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠭᠠᠴᠠᠭ᠎ᠠ ᠲᠤᠰᠬᠤᠨ | ᠳᠤ ᠰᠦᠯᠵᠢᠶ᠎ᠡ ᠨᠡᠪᠳᠡᠷᠡᠬᠦ ᠨᠤᠷᠮ᠎ᠠ 100 % ᠳᠤ ᠬᠦᠷᠦᠭᠰᠡᠨ ᠪᠠᠶᠢᠨ᠎ᠠ᠃ | ︵ᠲᠦᠷᠪᠡ︶ ᠠᠷᠠᠳ ᠲᠦᠮᠡᠨ ᠤ ᠠᠵᠠ ᠵᠢᠷᠭᠠᠯ ᠦᠷᠬᠦᠯᠵᠢᠯᠡᠨ ᠨᠡᠮᠡᠭᠳᠡᠪᠡ᠃ ᠠᠷᠠᠳ ᠤᠨ ᠠᠮᠢᠳᠤᠷᠠᠯ | ᠤᠨ ᠪᠠᠳᠤᠯᠠᠭ᠎ᠠ ᠲᠠᠰᠤᠷᠠᠯᠳᠠ ᠦᠬᠡᠢ ᠲᠡᠬᠦᠯᠳᠡᠷᠵᠢᠭᠰᠡᠨ᠃ ᠪᠦᠬᠦ ᠵᠢᠯ ᠳᠤ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠭᠡᠷᠡᠭᠯᠡᠭᠰᠡᠨ ᠵᠠᠷᠤᠳᠠᠯ 18.6 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠨᠡᠶᠢᠳᠡ | ᠶᠢᠨ ᠲᠦᠰᠦᠪ ᠤᠨ ᠵᠠᠷᠤᠯᠭ᠎ᠠ ᠶᠢᠨ 88.4 % ᠶᠢ ᠡᠵᠡᠯᠡᠨ᠂ ᠵᠢᠯ ᠤᠨ ᠡᠬᠢᠨ ᠳᠤ ᠠᠮᠠᠯᠳᠠᠭᠰᠠᠨ ᠠᠷᠠᠳ ᠤᠨ | ᠠᠮᠢᠳᠤᠷᠠᠯ ᠤᠨ ᠪᠤᠳᠠᠳᠠᠢ ᠠᠵᠢᠯ ᠤᠳ ᠦᠷ᠎ᠡ ᠪᠦᠳᠦᠮᠵᠢ ᠲᠠᠢ ᠨᠠᠶᠢᠳᠠᠪᠤᠷᠢᠵᠢᠭᠰᠠᠨ ᠪᠠᠶᠢᠨ᠎ᠠ᠃ 10105 ᠠᠵᠢᠯ | ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ ᠠᠵᠢᠯ ᠤᠯᠤᠭᠰᠠᠨ ᠬᠦᠮᠦᠨ 1649 ᠨᠡᠮᠡᠭᠳᠡᠵᠦ᠂ ᠦᠢᠯᠡᠰ | ᠪᠦᠳᠦᠬᠡᠬᠦ ᠪᠠᠳᠤᠯᠠᠭᠠᠳᠤ ᠵᠢᠬᠡᠯᠡᠯᠬᠡ 378 ᠲᠦᠮᠡᠨ ᠲᠦᠬᠦᠷᠢᠭ ᠲᠠᠷᠬᠠᠭᠠᠨ᠂ ᠬᠤᠳᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ 3.09 % ᠳᠤ ᠬᠢᠵᠠᠭᠠᠷᠯᠠᠭᠳᠠᠵᠠᠢ᠃ ᠵᠢᠶᠠᠨ ᠰᠢᠩ ᠨᠡᠶᠢᠬᠡᠮ | ᠲᠤᠭᠤᠷᠢᠭ ᠤᠨ ᠦᠢᠯᠡᠴᠢᠯᠡᠭᠡᠨ ᠤ ᠲᠦᠪ᠂ ᠭᠠᠯ ᠰᠡᠷᠭᠡᠶᠢᠯᠡᠬᠦ ᠶᠡᠭᠡ ᠠᠩᠬᠢ ᠶᠢᠨ ᠭᠡᠷ ᠪᠠᠷᠢᠯᠭ᠎ᠠ ᠠᠰᠢᠭᠯᠠᠯᠳᠠ ᠳᠤ | ᠤᠷᠤᠵᠤ᠂ ᠪᠦᠬᠦ ᠠᠶᠢᠮᠠᠭ ᠤᠨ ᠠᠩᠬᠠᠳᠠᠭᠴᠢ ᠤᠷᠤᠨ ᠪᠦᠰᠡᠴᠢ ᠴᠢᠨᠠᠷᠳᠠᠢ ᠶᠡᠷᠦᠩᠬᠡᠶᠢᠯᠡᠭᠰᠡᠨ ᠨᠠᠰᠤᠳᠠᠶᠢᠴᠤᠳ ᠤᠨ | ᠠᠰᠠᠷᠠᠮᠵᠢ ᠶᠢᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠦᠨᠳᠦᠰᠦᠨ ᠳᠡᠭᠡᠨ ᠲᠠᠭᠤᠰᠤᠭᠰᠠᠨ ᠪᠠᠶᠢᠨ᠎ᠠ᠃ | ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠪᠠᠷᠢᠮᠵᠢᠶ᠎ᠠ ᠲᠤᠰᠪᠤᠷᠢ 1.7 % ᠪᠠ 2 | % ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠤᠷᠤᠨ ᠤ ᠤᠨᠴᠠ ᠬᠦᠴᠢᠷᠳᠡᠢ ᠬᠦᠮᠦᠰ᠂ ᠬᠤᠳᠠ ᠪᠠᠯᠭᠠᠰᠤᠨ ᠤ ︽ | ᠭᠤᠷᠪᠠ ᠦᠬᠡᠢ︾ ᠬᠦᠮᠦᠰ᠂ ᠦᠨᠦᠴᠢᠨ ᠬᠡᠦᠭᠡᠳ ᠤᠨ ᠠᠰᠠᠷᠠᠮᠵᠢ ᠶᠢᠨ ᠮᠦᠩᠬᠦᠨ ᠤ ᠪᠠᠷᠢᠮᠵᠢᠶ᠎ᠠ ᠵᠢᠯ ᠲᠠᠷᠠᠭᠠᠯᠠᠨ | ᠦᠰᠴᠡᠢ᠃ ᠨᠠᠰᠤᠵᠢᠯ ᠤᠨ ᠠᠰᠠᠷᠠᠮᠵᠢ ᠶᠢᠨ ᠤᠯᠭᠤᠮᠵᠢ ᠶᠢ ᠲᠤᠬᠢᠷᠠᠭᠤᠯᠬᠤ ᠠᠵᠢᠯ ᠢ ᠨᠢᠮᠪᠠᠢ | ᠨᠠᠶᠢᠳᠠᠪᠤᠷᠢᠵᠢᠭᠤᠯᠵᠤ᠂ ᠦᠨᠳᠦᠰᠦᠨ ᠡᠮᠨᠡᠯᠬᠡ ᠶᠢᠨ ᠲᠠᠭᠠᠳᠬᠠᠯ ᠤᠨ ᠦᠬᠡᠷᠡᠴᠢᠯᠡᠯᠳᠡ ᠶᠢ ᠪᠦᠬᠦ ᠲᠠᠯᠠᠪᠠᠷ | ᠬᠦᠨᠵᠡᠭᠡᠶᠢᠷᠡᠬᠦᠯᠪᠡ᠃ 2760 ᠨᠡᠷ᠎ᠡ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠠᠩᠰᠠᠯᠠᠨ ᠬᠠᠷᠭᠤᠭᠤᠯᠵᠤ | ᠲᠡᠭᠡᠭᠰᠢ ᠮᠡᠳᠡᠬᠦᠯᠦᠨ᠂ 207 ᠨᠡᠷ᠎ᠡ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ | ᠲᠤ ᠠᠵᠢᠯ ᠲᠤᠬᠢᠷᠠᠭᠤᠯᠵᠤ᠂ ᠡᠯ᠎ᠡ ᠲᠦᠷᠦᠯ ᠤᠨ ᠠᠰᠠᠷᠠᠨ ᠬᠠᠷᠠᠭᠠᠯᠵᠠᠬᠤ ᠮᠦᠩᠬᠦ ᠪᠠ ᠠᠮᠢᠳᠤᠷᠠᠯ ᠤᠨ ᠨᠦᠬᠦᠪᠦᠷᠢ | ᠶᠢᠨ ᠪᠠᠷᠢᠮᠵᠢᠶ᠎ᠠ ᠦᠷᠬᠦᠯᠵᠢᠯᠡᠨ ᠲᠡᠭᠡᠭᠰᠢᠯᠡᠪᠡ᠃ ᠬᠦᠯᠦᠰᠦᠨ ᠠᠵᠢᠯᠴᠢᠨ ᠤ ᠴᠠᠯᠢᠩ ᠢ ᠪᠠᠳᠤᠯᠠᠬᠤ ᠠᠵᠢᠯᠯᠠᠭ᠎ᠠ ᠶᠢ | ᠡᠷᠴᠢᠮᠳᠡᠢ ᠦᠷᠨᠢᠬᠦᠯᠵᠦ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠪᠦᠳᠦᠮᠵᠢᠳᠡᠢ ᠰᠠᠶᠢᠨ | ᠬᠠᠮᠠᠭᠠᠯᠠᠭᠰᠠᠨ ᠪᠠᠶᠢᠨ᠎ᠠ᠃ ᠨᠡᠶᠢᠬᠡᠮ ᠤᠨ ᠦᠢᠯᠡᠰ ᠲᠦᠷᠭᠡᠨ ᠬᠦᠭᠵᠢᠭᠰᠡᠨ᠃ ᠠᠷᠠᠳ ᠲᠦᠮᠡᠨ ᠤ ᠰᠠᠨᠠᠭᠠᠨ ᠳᠤ | ᠲᠠᠭᠠᠯᠠᠭᠳᠠᠭᠰᠠᠨ ᠰᠤᠷᠭᠠᠨ ᠬᠦᠮᠦᠵᠢᠯ ᠤᠨ ᠠᠵᠢᠯ ᠢ ᠬᠢᠵᠦ᠂ ᠴᠧᠩ ᠪᠸᠢ ᠬᠡᠦᠭᠡᠳ ᠤᠨ ᠴᠡᠴᠡᠷᠯᠢᠭ ᠢ | ᠪᠠᠶᠢᠭᠤᠯᠤᠨ᠂ 9 ᠰᠤᠷᠭᠠᠭᠤᠯᠢ ᠶᠢᠨ ᠵᠤᠷᠯᠤᠩ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠠᠶᠢᠵᠢᠷᠠᠭᠤᠯᠵᠤ᠂ | ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠨ᠂ ᠮᠤᠩᠭᠤᠯ ᠦᠨᠳᠦᠰᠦᠳᠡᠨ ᠤ ᠬᠡᠦᠭᠡᠳ ᠤᠨ ᠴᠡᠴᠡᠷᠯᠢᠭ ᠪᠠ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠲᠦᠪ ᠤᠨ ᠶᠡᠷᠦᠩᠬᠡᠶᠢᠯᠡᠭᠰᠡᠨ ᠠᠰᠠᠷ ᠤᠨ ᠲᠦᠷᠦᠬᠦᠴᠢ ᠬᠤᠭᠤᠴᠠᠭᠠᠨ ᠤ ᠠᠵᠢᠯ ᠢ ᠡᠬᠢᠯᠡᠬᠦ ᠪᠠᠷ | ᠪᠡᠯᠡᠬᠡᠨ ᠪᠤᠯᠪᠠ᠃ 86 ᠨᠡᠷ᠎ᠡ ᠪᠠᠭᠰᠢ ᠡᠯᠰᠡᠵᠦ᠂ ᠰᠤᠷᠭᠠᠨ ᠬᠦᠮᠦᠵᠢᠯ ᠤᠨ ᠠᠵᠢᠯ ᠤᠨ ᠪᠦᠳᠦᠮᠵᠢ ᠶᠢᠨ ᠱᠠᠩᠨᠠᠯ | ᠤᠨ ᠮᠦᠩᠬᠦ 100 ᠲᠦᠮᠡᠨ ᠲᠦᠬᠦᠷᠢᠭ ᠢ ᠲᠠᠷᠬᠠᠭᠠᠨ᠂ ᠮᠤᠩᠭᠤᠯ ᠦᠨᠳᠦᠰᠦᠳᠡᠨ ᠤ ᠰᠤᠷᠭᠠᠭᠤᠯᠢ ᠶᠢᠨ | ᠦᠨᠳᠦᠷ ᠲᠤᠮᠳᠠᠳᠤ ᠳᠤ ᠲᠡᠪᠰᠢᠬᠦ ᠰᠢᠯᠭᠠᠯᠳᠠ ᠶᠢᠨ ᠬᠢᠷᠢ ᠪᠦᠳᠦᠮᠵᠢ ᠪᠦᠬᠦ ᠠᠶᠢᠮᠠᠭ ᠲᠤ ᠲᠡᠳ᠋ᠯᠡᠵᠦ᠂ ᠪᠤᠤᠴᠠᠩ | ᠤᠨ ᠨᠢᠬᠡᠳᠦᠭᠡᠷ ᠲᠤᠮᠳᠠᠳᠤ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠨ ᠤᠷᠤᠭᠰᠠᠨ | ᠨᠤᠷᠮ᠎ᠠ 53.71% ᠳᠤ ᠬᠦᠷᠴᠦ᠂ ᠲᠡᠭᠡᠷ᠎ᠡ ᠵᠢᠯ ᠠᠴᠠ ᠪᠠᠨ 2.4 ᠵᠠᠭᠤᠨ ᠤ ᠬᠤᠪᠢ ᠶᠢᠨ ᠴᠡᠭ ᠲᠡᠭᠡᠭᠰᠢᠯᠡᠵᠡᠢ | ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠮᠤᠵᠢ | ᠤᠷᠤᠨ ᠠᠯᠤᠰᠯᠠᠨ ᠡᠮᠨᠡᠬᠦᠯᠬᠦ ᠳᠤ ᠰᠢᠭᠤᠳ ᠲᠠᠩᠰᠠ ᠴᠠᠶᠢᠷᠠᠭᠤᠯᠬᠤ ᠠᠷᠭ᠎ᠠ ᠶᠢ ᠪᠦᠬᠦ ᠲᠠᠯᠠᠪᠠᠷ ᠭᠡᠷᠡᠭᠵᠢᠬᠦᠯᠦᠨ᠂ | ᠡᠮᠴᠢᠯᠡᠬᠡᠨ ᠤ ᠦᠢᠯᠡᠴᠢᠯᠡᠭᠡ ᠶᠢᠨ ᠴᠢᠳᠠᠪᠤᠷᠢ ᠲᠠᠰᠤᠷᠠᠯᠳᠠ ᠦᠬᠡᠢ ᠴᠢᠩᠭᠠᠷᠠᠵᠤ᠂ ᠬᠢᠳᠠᠳ ᠮᠤᠩᠭᠤᠯ ᠡᠮᠨᠡᠯᠬᠡ | ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠲᠦᠪ | ᠂ ᠵᠦᠩ ᠾᠧ ᠡᠮᠨᠡᠯᠬᠡ ᠶᠢᠨ ᠬᠤᠷᠢᠶ᠎ᠠ᠂ 18 ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠦᠷᠦᠭᠡ᠂ 5 | ᠡᠷᠦᠬᠡ ᠮᠤᠩᠭᠤᠯ ᠬᠢᠳᠠᠳ ᠡᠮᠨᠡᠯᠬᠡ ᠶᠢᠨ ᠭᠠᠵᠠᠷ ᠬᠢᠭᠡᠳ ᠬᠤᠰᠢᠭᠤ ᠡᠮᠨᠡᠯᠬᠡ ᠶᠢᠨ ᠬᠤᠷᠢᠶᠠᠨ ᠤ ᠴᠦᠮ᠎ᠡ ᠶᠢᠨ | ᠰᠤᠷᠢᠨᠵᠢᠨ ᠢᠶᠠᠷ ᠪᠠᠶᠢᠴᠠᠭᠠᠬᠤ ᠲᠦᠪ᠂ ᠴᠢᠰᠤ ᠴᠡᠪᠡᠷᠰᠢᠬᠦᠯᠬᠦ ᠰᠠᠯᠠᠭ᠎ᠠ ᠵᠡᠷᠭᠡ ᠨᠢ ᠠᠰᠢᠭᠯᠠᠯᠳᠠ ᠳᠤ ᠤᠷᠤᠵᠤ᠂ | ᠡᠮᠨᠡᠯᠬᠡ ᠶᠢᠨ ᠪᠠᠶᠢᠭᠤᠯᠤᠮᠵᠢ ᠶᠢᠨ ᠡᠬᠦᠳᠡᠨ ᠡᠮᠨᠡᠯᠬᠡ ᠳᠤ ᠡᠮᠨᠡᠬᠦᠯᠦᠭᠰᠡᠨ ᠬᠦᠮᠦᠨ ᠲᠤᠭ᠎ᠠ 14.3 ᠲᠦᠮᠡ ᠳᠤ | ᠬᠦᠷᠴᠦ᠂ 10.7 % ᠪᠠᠷ ᠨᠡᠮᠡᠭᠳᠡᠨ᠂ ᠡᠮᠨᠡᠯᠬᠡ ᠳᠤ ᠰᠠᠭᠤᠭᠰᠠᠨ ᠬᠦᠮᠦᠨ ᠲᠤᠭ᠎ᠠ 6974 ᠳᠤ ᠬᠦᠷᠴᠦ᠂ | 28.6% ᠪᠠᠷ ᠨᠡᠮᠡᠭᠳᠡᠭᠰᠡᠨ ᠪᠠᠶᠢᠨ᠎ᠠ᠃ ᠲᠠᠶᠢᠹᠤᠰᠧ ᠵᠡᠬᠦᠨ ᠭᠠᠷ ᠬᠤᠰᠢᠭᠤ ᠶᠠᠮᠤᠨ ᠤ ᠮᠦᠽᠸᠢ ᠳᠤ ᠵᠠᠰᠠᠯᠳᠠ | ᠬᠢᠵᠦ᠂ ᠬᠤᠰᠢᠭᠤᠨ ᠤ ᠤᠯᠠᠨ ᠨᠡᠶᠢᠳᠡ ᠶᠢᠨ ᠨᠤᠮ ᠤᠨ ᠤᠷᠳᠤᠨ ᠨᠢ ᠲᠡᠰ ᠲᠡᠪᠰᠢᠵᠦ ᠤᠯᠤᠰ ᠤᠨ ᠬᠤᠶᠠᠳᠤᠭᠠᠷ | ᠲᠡᠰ ᠤᠨ ᠨᠤᠮ ᠤᠨ ᠤᠷᠳᠤᠨ ᠪᠤᠯᠵᠠᠢ᠃ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ | ᠬᠤᠪᠢᠰᠬᠠᠯᠳᠤ ᠰᠤᠶᠤᠯ ᠤᠨ ᠤᠳᠤᠮᠰᠢᠯ ᠢ ᠵᠠᠯᠭᠠᠮᠵᠢᠯᠠᠬᠤ ᠪᠠᠷ ᠭᠤᠤᠯ ᠰᠡᠳᠦᠪ ᠪᠤᠯᠭᠠᠨ᠂ ᠤᠯᠠᠭᠠᠨᠮᠦ᠋ᠴᠢᠷ ᠤᠨ ︽ | ᠵᠢᠷᠭᠤᠭ᠎ᠠ ᠳᠤ ᠤᠷᠤᠵᠤ︾ ᠠᠷᠠᠳ ᠲᠦᠮᠡᠨ ᠳᠤ ᠦᠢᠯᠡᠴᠢᠯᠡᠬᠦ ᠲᠤᠭᠯᠠᠯᠳᠠ ᠶᠢ 100 ᠭᠠᠷᠤᠢ ᠲᠠᠯᠠᠪᠠᠢ ᠭᠠᠷᠭᠠᠵᠤ | ᠰᠤᠨᠢᠷᠬᠠᠭᠤᠯᠪᠠ᠃ ᠡᠬᠦᠨ ᠤ ᠬᠠᠮᠳᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ | ᠬᠤᠯᠪᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠵᠡᠮᠳᠡᠭᠴᠤᠳ | ᠤᠨ ᠬᠤᠯᠪᠤᠭ᠎ᠠ ᠵᠡᠷᠭᠡ ᠡᠪᠯᠡᠯ ᠬᠤᠯᠪᠤᠭᠠᠨ ᠤ ᠵᠤᠬᠢᠶᠠᠨ ᠪᠠᠶᠢᠭᠤᠯᠤᠯᠳᠠ ᠤᠨ ᠦᠢᠯᠡᠳᠦᠯ ᠮᠡᠳᠡᠭᠳᠡᠮ᠎ᠡ ᠴᠢᠩᠭᠠᠷᠠᠵᠤ | ᠢᠷᠡᠭᠰᠡᠨ ᠪᠠᠶᠢᠨ᠎ᠠ᠃ | ︵ᠲᠠᠪᠤ︶ ᠨᠡᠶᠢᠬᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠳᠡᠢ ᠲᠦᠯᠬᠢᠨ ᠠᠬᠢᠭᠤᠯᠵᠤ᠂ 1 | ᠤᠳᠠᠭᠠᠨ ᠤ ᠬᠠᠷ᠎ᠠ ᠪᠦᠯᠦᠭ ᠤᠨ ᠭᠡᠷᠡᠭ ᠢ ᠢᠯᠡᠷᠡᠬᠦᠯᠦᠨ᠂ 8 ᠬᠦᠮᠦᠨ ᠢ ᠪᠠᠷᠢᠪᠴᠢᠯᠠᠵᠤ᠂ ᠪᠤᠰᠤᠳ ᠬᠠᠷ᠎ᠠ | ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠭᠡᠷᠡᠭ 6᠂ ᠡᠷᠡᠬᠦᠦ ᠶᠢᠨ ᠬᠡᠷᠡᠭ 115᠂ ᠠᠮᠤᠷ | ᠲᠦᠪᠰᠢᠨ ᠤ ᠭᠡᠷᠡᠭ 343 ᠶᠢ ᠢᠯᠡᠷᠡᠬᠦᠯᠦᠨ ᠰᠢᠳᠭᠡᠭᠰᠡᠨ ᠪᠠᠶᠢᠨ᠎ᠠ᠃ ᠶᠦᠩ ᠹᠧᠩ ᠲᠤᠮᠢᠯᠠᠭᠰᠠᠨ ᠰᠠᠯᠪᠤᠷᠢ ᠶᠢᠨ | ᠠᠯᠪᠠᠨ ᠠᠰᠠᠷ ᠠᠰᠢᠭᠯᠠᠯᠳᠠ ᠳᠤ ᠤᠷᠤᠵᠤ᠂ ᠲᠤᠳᠤᠭᠠᠳᠤ ᠶᠢ ᠬᠠᠮᠠᠭᠠᠯᠠᠬᠤ ᠲᠤᠰᠠᠯᠠᠭᠴᠢ ᠴᠠᠭᠳᠠᠭ᠎ᠠ 41 ᠶᠢ | ᠡᠯᠰᠡᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠭᠳᠠᠴᠠ ᠶᠢ ᠲᠠᠰᠤᠷᠠᠯᠳᠠ ᠦᠬᠡᠢ ᠰᠢᠨᠡᠴᠢᠯᠡᠵᠦ᠂ ᠤᠯᠠᠨ | ᠲᠦᠮᠡᠨ ᠤ ᠵᠦᠢ ᠵᠤᠬᠢᠰᠳᠠᠢ ᠬᠦᠰᠡᠯ ᠱᠠᠭᠠᠷᠳᠠᠯᠭ᠎ᠠ ᠶᠢ ᠬᠦᠴᠦ ᠲᠠᠯᠪᠢᠵᠤ ᠰᠢᠢᠳᠪᠦᠷᠢᠯᠡᠨ᠂ ᠤᠯᠠᠨ ᠢ | ᠴᠤᠭᠯᠠᠭᠤᠯᠤᠨ ᠭᠡᠷᠡᠭ ᠡᠳᠦᠵᠦ ᠨᠡᠶᠢᠬᠡᠮ ᠤᠨ ᠠᠮᠤᠷ ᠲᠦᠪᠰᠢᠨ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ | ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠪᠦᠬᠦ ᠵᠢᠯ ᠳᠤ ᠵᠠᠬᠢᠳᠠᠯ ᠰᠤᠷᠪᠤᠯᠵᠢᠯᠠᠭ᠎ᠠ ᠶᠢᠨ ᠭᠡᠷᠡᠭ 129 | ᠭᠡᠷᠡᠭ ᠢ ᠬᠦᠯᠢᠶᠡᠨ ᠠᠪᠴᠤ᠂ 107 ᠶᠢ ᠨᠢ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ᠂ | ᠭᠡᠷ ᠪᠠᠶᠢᠰᠢᠩ ᠨᠤᠷᠠᠭᠠᠵᠤ ᠨᠡᠬᠦᠯᠬᠡᠬᠦ᠂ ᠭᠠᠵᠠᠷ ᠨᠤᠳᠤᠭ ᠤᠨ ᠵᠢᠭᠤᠷᠠᠭᠠᠨ ᠵᠡᠷᠭᠡ ᠨᠢᠬᠡ ᠪᠦᠯᠦᠭ ᠲᠤᠪᠤᠶᠢᠮ᠎ᠠ | ᠠᠰᠠᠭᠤᠳᠠᠯ ᠪᠦᠳᠦᠮᠵᠢᠳᠡᠢ ᠰᠢᠢᠳᠪᠦᠷᠢᠯᠡᠭᠳᠡᠪᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ | ᠠᠵᠢᠯ ᠢ ᠪᠦᠬᠦ ᠲᠠᠯᠠᠪᠠᠷ ᠲᠦᠯᠬᠢᠨ ᠠᠬᠢᠭᠤᠯᠵᠤ᠂ ᠤᠯᠠᠨ ᠲᠡᠰ ᠲᠠᠪᠬᠤᠷᠭ᠎ᠠ᠂ ᠤᠯᠠᠨ ᠬᠦᠷᠢᠶ᠎ᠠ ᠴᠠᠷ᠎ᠠ ᠳᠠᠬᠢ | ᠬᠠᠤᠯᠢ ᠪᠠᠷ ᠵᠠᠰᠠᠬᠤ ᠬᠢᠷᠢ ᠲᠦᠪᠰᠢᠨ ᠢ ᠲᠡᠭᠡᠭᠰᠢᠯᠡᠬᠦᠯᠦᠨ᠂ ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ | ᠲᠤᠰᠬᠤᠨ ᠢ ᠤᠯᠤᠰ ᠤᠨ ᠬᠠᠤᠯᠢ ᠴᠠᠭᠠᠵᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ ᠠᠴᠠ ᠪᠦᠬᠦ ᠤᠯᠤᠰ | ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠬᠦᠯᠬᠦ ᠲᠤᠰᠬᠤᠨ ᠪᠤᠯᠭᠠᠭᠰᠠᠨ ᠪᠠᠶᠢᠨ᠎ᠠ᠃ ᠵᠦᠷᠢᠴᠡᠯ ᠵᠢᠭᠤᠷᠠᠭᠠᠨ | ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠤᠭᠳᠠᠴᠠ ᠶᠢ ᠤᠯᠠᠮ ᠴᠢᠨᠠᠭᠰᠢᠳᠠ ᠪᠦᠷᠢᠨᠰᠢᠬᠦᠯᠦᠨ ᠲᠡᠬᠦᠯᠳᠡᠷᠵᠢᠬᠦᠯᠵᠦ | ᠂ 233 ᠤᠳᠠᠭᠠᠨ ᠤ ᠵᠦᠷᠢᠴᠡᠯ ᠵᠢᠭᠤᠷᠠᠭᠠᠨ ᠢ ᠡᠶᠡᠳᠡᠬᠦᠯᠦᠨ ᠰᠢᠢᠳᠪᠦᠷᠢᠯᠡᠪᠡ᠃ ᠭᠠᠴᠠᠭ᠎ᠠ ᠲᠤᠰᠬᠤᠨ ᠤ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢ ᠲᠤᠭᠳᠠᠭᠰᠠᠨ ᠴᠠᠭ ᠲᠤ ᠪᠡᠶᠡᠯᠡᠬᠦᠯᠵᠦ᠂ | ᠦᠨᠳᠦᠰᠦᠨ ᠱᠠᠳᠤᠨ ᠤ ᠵᠠᠰᠠᠭ ᠤᠨ ᠡᠷᠭᠡ ᠶᠢᠨ ᠪᠠᠶᠢᠭᠤᠯᠤᠯᠳᠠ ᠴᠢᠩᠭᠠᠷᠠᠭᠰᠠᠨ ᠪᠠᠶᠢᠨ᠎ᠠ᠃ ᠪᠡᠭᠡᠵᠢᠩ ᠤᠨ | ᠲᠤᠭᠤᠷᠢᠨ ᠳᠠᠬᠢ ︽ᠬᠠᠮᠠᠭᠠᠯᠠᠯᠳᠠ ᠶᠢᠨ ᠭᠤᠤᠯ︾ ᠤᠨ ᠢᠨᠵᠧᠨᠧᠷᠢᠩ ᠢ ᠨᠠᠷᠢᠨ ᠨᠢᠮᠪᠠᠢ ᠭᠡᠷᠡᠭᠵᠢᠬᠦᠯᠵᠦ᠂ ᠪᠦᠬᠦ | ᠤᠯᠤᠰ᠂ ᠪᠦᠬᠦ ᠤᠷᠤᠨ ᠤ ︽ᠬᠤᠶᠠᠷ ᠬᠤᠷᠠᠯ︾ ᠵᠡᠷᠭᠡ ᠴᠢᠬᠤᠯᠠ ᠴᠠᠭ ᠡᠷᠡᠨ ᠤ ᠠᠮᠤᠷ ᠢ ᠬᠠᠮᠠᠭᠠᠯᠠᠬᠤ ᠠᠵᠢᠯ | ᠡᠬᠦᠷᠭᠡ ᠶᠢ ᠠᠮᠵᠢᠯᠳᠠᠳᠠᠢ ᠪᠡᠶᠡᠯᠡᠬᠦᠯᠪᠡ᠃ ᠬᠤᠳᠠ ᠶᠢᠨ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠨ ᠭᠡᠷᠡᠭᠯᠡᠵᠦ᠂ | ᠬᠤᠳᠠ ᠶᠢᠨ ᠵᠠᠮ ᠬᠠᠷᠢᠯᠴᠠᠭᠠᠨ ᠤ ᠡᠮᠬᠢ ᠲᠢᠭᠯᠡᠮ ᠮᠡᠳᠡᠭᠳᠡᠬᠦᠶᠢᠴᠡ ᠰᠠᠶᠢᠵᠢᠷᠠᠪᠠ᠃ ᠠᠶᠤᠯᠬᠦᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠡᠬᠦᠰᠬᠦ ᠶᠢ ᠡᠷᠡᠰ | ᠬᠤᠷᠢᠭᠯᠠᠪᠠ᠃ ᠦᠨᠳᠦᠰᠦᠳᠡᠨ ᠤ ᠪᠦᠯᠬᠦᠮᠳᠡᠯ ᠤᠨ ᠤᠬᠠᠭᠤᠯᠭ᠎ᠠ ᠬᠦᠮᠦᠵᠢᠯ ᠪᠠ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠨᠡᠶᠢᠬᠡᠮ ᠤᠨ ᠡᠶ᠎ᠡ ᠵᠤᠬᠢᠴᠠᠯ | ᠤᠯᠠᠮ ᠨᠢᠬᠡ ᠠᠯᠬᠤᠮ ᠪᠠᠬᠢᠵᠢᠭ᠍ᠰᠡᠨ ᠪᠠᠶᠢᠨ᠎ᠠ᠃ | ︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ | ᠴᠢᠩᠭᠠᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠦᠢᠯᠡᠳᠦᠯᠬᠡ ᠪᠠᠨ ᠵᠢᠯᠤᠭᠤᠳᠤᠭᠤᠯᠬᠤ ᠪᠠ | ᠠᠵᠢᠯ ᠢᠶᠠᠨ ᠠᠬᠢᠭᠤᠯᠬᠤ ᠶᠢ ᠪᠠᠷᠢᠮᠳᠠᠯᠠᠨ᠂ ︽ᠲᠦᠷᠪᠡᠨ ᠤᠬᠠᠮᠰᠠᠷ︾ ᠢ ᠪᠠᠳᠤᠳᠬᠠᠵᠤ᠂ ︽ᠲᠦᠷᠪᠡᠨ ᠢᠳᠡᠭᠡᠯ︾ | ᠢ ᠪᠠᠬᠢᠵᠢᠬᠦᠯᠦᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠬᠡᠵᠢᠬᠦᠯᠵᠦ᠂ ᠤᠯᠤᠰ ᠲᠦᠷᠦ ᠲᠡᠭᠡᠷ᠎ᠡ ᠪᠠᠨ ᠡᠷᠡᠰ | ᠪᠠᠳᠤ ᠵᠦᠪ ᠤᠨᠤᠪᠴᠢᠳᠠᠢ ᠪᠠᠶᠢᠬᠤ ᠶᠢ ᠴᠠᠭ ᠢᠮᠠᠭᠳᠠ ᠪᠠᠷᠢᠮᠳᠠᠯᠠᠭᠰᠠᠨ ᠪᠠᠶᠢᠨ᠎ᠠ᠃ ᠬᠠᠤᠯᠢ ᠶᠤᠰᠤᠭᠠᠷ ᠵᠠᠰᠠᠭ | ᠶᠠᠪᠤᠭᠤᠯᠬᠤ ᠶᠢ ᠪᠦᠬᠦ ᠲᠠᠯᠠᠪᠠᠷ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠬᠠᠤᠯᠢ ᠶᠢᠨ ᠵᠦᠪᠯᠡᠭᠴᠢ ᠶᠢᠨ | ᠲᠦᠷᠢᠮ ᠢ ᠭᠡᠷᠡᠭᠵᠢᠬᠦᠯᠦᠨ᠂ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢ ᠲᠤᠭᠳᠠᠭᠠᠬᠤ ᠳᠤ ᠲᠤᠰᠬᠠᠢ | ᠮᠡᠷᠭᠡᠵᠢᠯᠳᠡᠨ ᠨᠤᠳ᠋ᠯᠠᠬᠤ᠂ ᠲᠦᠭᠰᠢᠬᠦᠷᠢ ᠶᠢ ᠦᠨᠡᠯᠡᠬᠦ᠂ ᠬᠠᠤᠯᠢ ᠶᠢᠨ ᠲᠠᠭᠠᠤ ᠬᠢᠨᠠᠨ ᠪᠠᠶᠢᠴᠠᠭᠠᠬᠤ᠂ ᠬᠠᠮᠳᠤ | ᠤᠯᠠᠨ ᠢᠶᠠᠷ ᠢᠶᠠᠨ ᠰᠢᠢᠳᠪᠦᠷᠢ ᠭᠠᠷᠭᠠᠬᠤ ᠵᠡᠷᠭᠡ ᠬᠠᠤᠯᠢ ᠶᠢᠨ ᠶᠠᠪᠤᠴᠠ ᠶᠢ ᠭᠡᠷᠡᠭᠵᠢᠬᠦᠯᠪᠡ᠃ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠪᠦᠯᠬᠦᠮ ᠤᠨ ᠬᠠᠷᠢᠭᠤ ᠲᠤᠰᠬᠠᠭᠰᠠᠨ ᠰᠠᠨᠠᠯ | ᠶᠤᠰᠤᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠠᠳᠬᠤᠵᠤ ᠨᠠᠶᠢᠳᠠᠪᠤᠷᠢᠵᠢᠭᠤᠯᠵᠠᠢ᠃ ᠡᠷᠭᠡ | ᠲᠤᠰᠢᠶᠠᠯ ᠳᠤ ᠬᠢᠨᠠᠯᠳᠠ ᠲᠠᠯᠪᠢᠬᠤ ᠪᠠᠨ ᠲᠠᠰᠤᠷᠠᠯᠳᠠ ᠦᠬᠡᠢ ᠴᠢᠩᠭᠠᠳᠬᠠᠵᠤ᠂ ᠲᠦᠰᠦᠪ ᠤᠨ ᠭᠡᠷᠡᠭᠵᠢᠬᠦᠯᠦᠯᠳᠡ᠂ | ᠠᠷᠠᠳ ᠤᠨ ᠠᠮᠢᠳᠤᠷᠠᠯ ᠲᠤ ᠭᠡᠷᠡᠭᠰᠡᠬᠦ ᠪᠡᠯᠡ ᠮᠦᠩᠬᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ᠂ | ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠵᠡᠷᠭᠡ ᠶᠢ ᠴᠢᠩᠭᠠᠳᠬᠠᠨ᠂ ᠵᠠᠰᠠᠭ ᠵᠠᠬᠢᠷᠭ᠎ᠠ ᠠᠵᠢᠯ | ᠦᠢᠯᠡᠰ ᠤᠨ ᠨᠢᠬᠡᠴᠡ ᠶᠢᠨ ᠡᠳ᠋ ᠤᠨ ᠶᠠᠪᠤᠳᠠᠯ ᠤᠨ ᠲᠤᠳᠤᠭᠠᠳᠤ ᠡᠵᠡᠮᠰᠢᠯ ᠤᠨ ᠲᠦᠷᠢᠮ ᠢ ᠲᠡᠬᠦᠯᠳᠡᠷᠵᠢᠬᠦᠯᠪᠡ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠳᠠ᠂ ᠬᠠᠤᠯᠢ ᠶᠢᠨ ᠬᠢᠨᠠᠯᠳᠠ ᠬᠢᠭᠡᠳ | ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ 140 ᠬᠤᠪᠢ᠂ ᠤᠯᠤᠰ ᠲᠦᠷᠦ ᠶᠢᠨ ᠵᠦᠪᠯᠡᠯᠬᠡᠨ ᠤ | ᠭᠡᠰᠢᠬᠦᠳ ᠤᠨ ᠰᠠᠨᠠᠯ ᠲᠤᠷᠠᠳᠤᠯᠭ᠎ᠠ 103 ᠬᠤᠪᠢ ᠶᠢ ᠬᠦᠯᠢᠶᠡᠨ ᠠᠪᠴᠤ ᠬᠦᠢᠴᠡᠳᠭᠡᠭᠡᠳ᠂ ᠬᠦᠢᠴᠡᠳᠭᠡᠭᠰᠡᠨ | ᠨᠤᠷᠮ᠎ᠠ 100 % ᠳᠤ ᠬᠦᠷᠴᠡᠢ᠃ ᠵᠠᠰᠠᠭ ᠤᠨ ᠶᠠᠪᠤᠳᠠᠯ ᠤᠨ ᠨᠡᠶᠢᠳᠡᠯᠡᠯ ᠢ ᠴᠢᠩᠭᠠᠳᠬᠠᠵᠤ᠂ ᠴᠢᠬᠤᠯᠠ ᠶᠡᠭᠡ | ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠬᠦ ᠪᠠ ᠭᠡᠷᠡᠭᠵᠢᠬᠦᠯᠬᠦ᠂ ᠨᠡᠶᠢᠳᠡ ᠶᠢᠨ ᠡᠬᠢ ᠪᠠᠶᠠᠯᠢᠭ | ᠢ ᠬᠤᠪᠢᠶᠠᠷᠢᠯᠠᠨ ᠲᠤᠬᠢᠷᠠᠭᠤᠯᠬᠤ᠂ ᠨᠡᠶᠢᠬᠡᠮ ᠤᠨ ᠠᠰᠠᠷᠠᠮᠵᠢ ᠶᠢᠨ ᠦᠢᠯᠡᠰ ᠢ ᠭᠡᠷᠡᠭᠵᠢᠬᠦᠯᠬᠦ ᠵᠡᠷᠭᠡ ᠳᠤ ᠪᠦᠬᠦ | ᠶᠠᠪᠤᠴᠠ ᠶᠢᠨ ᠨᠡᠶᠢᠳᠡᠯᠡᠯ ᠬᠢᠵᠡᠢ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠲᠦᠷᠭᠡᠳᠭᠡᠨ ᠠᠬᠢᠭᠤᠯᠵᠤ᠂ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠲᠤᠬᠢᠷᠠᠭᠤᠯᠵᠤ ᠰᠢᠯᠢᠳᠡᠭᠵᠢᠬᠦᠯᠦᠨ᠂ | ᠠᠷᠠᠳ ᠤᠨ ᠲᠦᠯᠦᠬᠡ ᠵᠠᠰᠠᠭ ᠶᠠᠪᠤᠭᠤᠯᠬᠤ ᠦᠢᠯᠡᠳᠦᠯ ᠢ ᠤᠯᠠᠮ ᠰᠠᠶᠢᠨ ᠪᠠᠳᠠᠷᠠᠭᠤᠯᠪᠠ᠃ ᠰᠡᠯᠬᠦᠵᠦ ᠲᠠᠷᠢᠬᠤ᠂ | ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ᠂ ᠬᠤᠳᠠ ᠶᠢᠨ ᠬᠤᠤᠰ ᠵᠠᠰᠠᠯᠳᠠ᠂ ᠬᠢᠴᠢᠶᠡᠯ ᠤᠨ ᠲᠢᠩᠬᠢᠮ | ᠤᠨ ᠵᠢᠭᠠᠨ ᠰᠤᠷᠭᠠᠯᠳᠠ᠂ ᠡᠯᠧᠺᠲᠷᠤᠨᠴᠢᠯᠡᠭᠰᠡᠨ ᠲᠠᠭᠠᠭᠠᠴᠢᠯᠠᠯ ᠵᠠᠷᠯᠠᠯᠳᠠ ᠵᠡᠷᠭᠡ ᠳᠤ ᠦᠬᠡᠷᠡᠴᠢᠯᠡᠯᠳᠡ ᠬᠢᠬᠦ | ᠲᠤᠷᠰᠢᠯᠳᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ﹈ | ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠠᠷᠠᠳ ᠲᠤ ᠲᠦᠬᠦᠮ | ᠦᠵᠡᠬᠦᠯᠬᠦ ᠶᠢ ᠴᠢᠨᠠᠭᠰᠢᠳᠠ ᠠᠬᠢᠭᠤᠯᠤᠨ᠂ ᠠᠵᠤ ᠠᠬᠤᠶᠢᠯᠠᠯ ᠪᠠ ᠤᠯᠠᠨ ᠲᠦᠮᠡᠨ ᠳᠤ ᠨᠢᠬᠡ ᠴᠤᠩᠬᠤᠪᠴᠢ ᠪᠠᠷ | ᠦᠢᠯᠡᠴᠢᠯᠡᠵᠦ᠂ ᠪᠦᠬᠦ ᠵᠢᠯ ᠳᠤ ᠡᠯ᠎ᠡ ᠲᠦᠷᠦᠯ ᠤᠨ ᠬᠢᠨᠠᠨ ᠵᠦᠪᠰᠢᠶᠡᠷᠡᠬᠦ ᠵᠦᠢᠯ 73857 ᠶᠢ ᠬᠦᠯᠢᠶᠡᠨ | ᠠᠪᠴᠤ᠂ 70547 ᠶᠢ ᠨᠢ ᠬᠦᠢᠴᠡᠳᠭᠡᠭᠡᠳ᠂ ᠬᠦᠢᠴᠡᠳᠭᠡᠭᠰᠡᠨ ᠨᠤᠷᠮ᠎ᠠ 95.5 % ᠳᠤ ᠬᠦᠷᠴᠦ᠂ ᠪᠦᠬᠦ | ᠵᠢᠯ ᠳᠤ ᠠᠵᠤ ᠠᠬᠤᠶᠢᠯᠠᠯ ᠪᠠ ᠬᠤᠪᠢ ᠬᠦᠮᠦᠨ ᠳᠤ 547 ᠲᠦᠮᠡᠨ ᠲᠦᠬᠦᠷᠢᠭ ᠤᠨ ᠭᠠᠶᠢᠯᠢ ᠰᠦᠢᠳᠭᠡᠯ ᠢ | ᠪᠠᠭᠠᠰᠬᠠᠨ ᠦᠭᠴᠡᠢ᠃ | ᠲᠦᠯᠦᠭᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ ᠪᠢᠳᠡ ᠬᠠᠷᠢᠭᠤᠴᠠᠯᠭ᠎ᠠ ᠡᠬᠦᠷᠭᠡᠯᠡᠬᠦ ᠤᠪᠤᠷ ᠢᠶᠠᠷ | ᠴᠢᠷᠮᠠᠶᠢᠨ ᠠᠵᠢᠯᠯᠠᠵᠤ᠂ ᠡᠯ᠎ᠡ ᠲᠦᠷᠦᠯ ᠤᠨ ᠦᠷᠢᠰᠦᠯᠳᠦᠬᠡᠨ ᠪᠠ ᠲᠦᠭᠰᠢᠬᠦᠷᠢ ᠶᠢ ᠪᠦᠳᠦᠮᠵᠢᠳᠡᠢ ᠲᠤᠯᠵᠤ | ᠠᠷᠭᠠᠴᠠᠭᠠᠨ᠂ ᠤᠶᠤᠨ ᠤᠬᠠᠭᠠᠨ ᠪᠠ ᠬᠦᠴᠦᠨ ᠴᠢᠳᠠᠯ ᠢᠶᠠᠷ ᠢᠶᠠᠨ ᠡᠯ᠎ᠡ ᠵᠦᠢᠯ ᠤᠨ ᠬᠦᠴᠢᠷᠳᠡᠯ ᠢ | ᠰᠢᠢᠳᠪᠦᠷᠢᠯᠡᠵᠦ᠂ ᠬᠠᠯᠠᠭᠤᠨ ᠰᠡᠳᠬᠢᠯ ᠪᠠ ᠬᠦᠯᠦᠰᠦ ᠬᠦᠳᠡᠯᠮᠦᠷᠢ ᠪᠠᠷ ᠢᠶᠠᠨ ᠡᠯ᠎ᠡ ᠵᠦᠢᠯ ᠤᠨ ᠠᠮᠠᠯᠠᠯᠳᠠ ᠪᠠᠨ | ᠪᠡᠶᠡᠯᠡᠬᠦᠯᠦᠨ᠂ ᠠᠵᠤ ᠠᠬᠤᠢ ᠶᠢᠨ ᠤᠷᠤᠭᠤᠳᠠᠯ ᠤᠨ ᠲᠠᠷᠤᠯᠳᠠ ᠶᠢ ᠲᠤᠯᠵᠤ᠂ ᠡᠯ᠎ᠡ ᠲᠦᠷᠦᠯ ᠤᠨ ᠲᠦᠭᠰᠢᠬᠦᠷᠢ | ᠶᠢ ᠰᠡᠷᠭᠡᠶᠢᠯᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠱᠠᠳᠤᠴᠢ | ᠴᠢᠨᠠᠷᠳᠠᠢ ᠢᠯᠠᠯᠳᠠ ᠶᠢ ᠤᠯᠵᠤ᠂ ᠮᠠᠰᠢ ᠤᠯᠠᠨ ᠨᠡᠶᠢᠬᠡᠮ ᠤᠨ ᠵᠦᠷᠢᠴᠡᠯ ᠢ ᠰᠢᠢᠳᠪᠦᠷᠢᠯᠡᠬᠡᠳ᠂ ᠠᠵᠤ ᠠᠬᠤᠢ | ᠨᠡᠶᠢᠬᠡᠮ ᠤᠨ ᠬᠦᠭᠵᠢᠯᠳᠡ ᠨᠡᠩ ᠦᠷᠭᠡᠨ ᠲᠡᠯᠬᠡᠷ ᠤᠷᠤᠨ ᠵᠠᠢ ᠬᠢᠭᠡᠳ ᠨᠡᠩ ᠬᠡᠬᠡᠨ ᠰᠠᠷᠠᠭᠤᠯ ᠠᠯᠤᠰ ᠢᠷᠡᠭᠡᠳᠦᠢ | ᠶᠢ ᠤᠭᠳᠤᠭᠰᠠᠨ ᠶᠤᠮ᠃ ᠡᠳᠡᠭᠡᠷ ᠠᠮᠵᠢᠯᠳᠠ ᠪᠦᠳᠦᠮᠵᠢ ᠪᠤᠯ ᠰᠢ ᠶᠢᠨ ᠫᠢᠩ ᠨᠦᠬᠦᠷ ᠢᠶᠠᠷ ᠭᠤᠤᠯᠯᠠᠭᠴᠢ | ᠪᠤᠯᠭᠠᠭᠰᠠᠨ ᠨᠠᠮ ᠤᠨ ᠲᠦᠪ ᠬᠤᠷᠢᠶ᠎ᠠ ᠬᠢᠭᠡᠳ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠰᠠᠭ ᠤᠨ ᠤᠷᠳᠤᠨ ᠤ | ᠪᠠᠳᠤ ᠤᠳᠤᠷᠢᠳᠤᠯᠭ᠎ᠠ᠂ ᠬᠠᠯᠠᠭᠤᠨ ᠬᠠᠯᠠᠮᠵᠢᠯᠠᠯ ᠠᠴᠠ ᠢᠷᠡᠭᠰᠡᠨ ᠦᠷ᠎ᠡ ᠪᠦᠳᠦᠬᠡᠯ᠂ ᠬᠤᠰᠢᠭᠤ ᠨᠠᠮ ᠤᠨ | ᠬᠤᠷᠢᠶᠠᠨ ᠤ ᠪᠦᠬᠦ ᠲᠠᠯ᠎ᠠ ᠪᠠᠷ ᠤᠳᠤᠷᠢᠳᠤᠨ ᠬᠠᠮᠢᠶᠠᠷᠴᠤ᠂ ᠰᠢᠨᠵᠢᠯᠡᠬᠦ ᠤᠠᠬᠠᠭᠠᠨᠴᠢ ᠪᠠᠷ ᠰᠢᠢᠳᠪᠦᠷᠢ | ᠲᠤᠭᠳᠠᠭᠰᠠᠨ ᠤ ᠦᠷ᠎ᠡ ᠪᠦᠳᠦᠬᠡᠯ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠦᠪᠯᠡᠯᠬᠡᠨ ᠤ ᠬᠦᠴᠦᠳᠡᠢ ᠲᠡᠮᠵᠢᠯᠬᠡ ᠦᠵᠡᠬᠦᠯᠵᠦ᠂ ᠪᠦᠳᠦᠮᠵᠢᠳᠡᠢ ᠬᠢᠨᠠᠯᠳᠠ ᠲᠠᠯᠪᠢᠭᠰᠠᠨ ᠤ ᠦᠷ᠎ᠡ | ᠪᠦᠳᠦᠬᠡᠯ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠤᠯᠠᠨ ᠲᠦᠮᠡᠨ ᠤ ᠬᠦᠴᠢᠷ ᠪᠡᠷᠭᠡ ᠶᠢ ᠲᠠᠪᠠᠵᠤ᠂ | ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠤ ᠦᠷ᠎ᠡ ᠪᠦᠳᠦᠬᠡᠯ ᠪᠤᠯᠤᠨ᠎ᠠ᠃ ᠠᠳᠡ ᠪᠢ ᠬᠤᠰᠢᠭᠤ ᠵᠠᠰᠠᠭ ᠤᠨ | ᠣᠷᠳᠤᠨ ᠢ ᠲᠦᠯᠦᠭᠡᠯᠡᠵᠦ᠂ ᠦᠪᠡᠷ ᠦᠪᠡᠷ ᠤᠨ ᠠᠵᠢᠯ ᠤᠨ ᠪᠠᠶᠢᠷᠢ ᠲᠡᠭᠡᠷ᠎ᠡ ᠪᠠᠨ ᠬᠦᠴᠦ ᠬᠦᠯᠦᠰᠦ ᠪᠠᠨ | ᠰᠢᠪᠬᠠᠵᠤ᠂ ᠤᠬᠠᠭᠠᠨ ᠴᠢᠳᠠᠯ ᠢᠶᠠᠨ ᠡᠷᠬᠦᠵᠦ ᠪᠠᠶᠢᠭ᠎ᠠ ᠪᠦᠬᠦ ᠬᠤᠰᠢᠭᠤᠨ ᠤ ᠺᠠᠳᠠᠷ ᠤᠯᠠᠨ ᠲᠦᠮᠡᠨ᠂ ᠠᠷᠠᠳ | ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠂ ᠴᠡᠷᠢᠭ ᠴᠠᠭᠳᠠᠭ᠎ᠠ ᠂ ᠲᠠᠶᠢᠹᠤᠰᠧ | ᠬᠤᠰᠢᠭᠤᠨ ᠤ ᠪᠦᠳᠦᠬᠡᠨ ᠪᠠᠶᠢᠭᠤᠯᠤᠯᠳᠠ ᠳᠤ ᠬᠠᠯᠠᠮᠵᠢ ᠲᠡᠮᠵᠢᠯᠬᠡ ᠦᠵᠡᠬᠦᠯᠦᠭᠰᠡᠨ ᠨᠡᠶᠢᠬᠡᠮ ᠤᠨ ᠡᠯ᠎ᠡ ᠡᠳᠡᠭᠡᠳ | ᠤᠨ ᠬᠦᠮᠦᠰ ᠲᠤ ᠴᠢᠩ ᠰᠡᠳᠬᠢᠯ ᠤᠨ ᠬᠦᠨᠳᠦᠳᠬᠡᠯ ᠪᠠ ᠲᠠᠯᠠᠷᠬᠠᠯ ᠲᠡᠪᠰᠢᠬᠦᠯᠦᠶ᠎ᠡ︕ | ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠲᠠᠭᠠᠤ᠂ ᠪᠢᠳᠡ ᠪᠠᠰᠠ ᠮᠠᠨ ᠤ ᠬᠤᠰᠢᠭᠤᠨ ᠤ | ᠬᠦᠭᠵᠢᠯᠳᠡ ᠳᠤ ᠲᠡᠩᠴᠡᠬᠦᠷᠢ ᠦᠬᠡᠢ ᠬᠠᠩᠭᠠᠯᠳᠠ ᠦᠬᠡᠢ ᠠᠰᠠᠭᠤᠳᠠᠯ ᠲᠤᠪᠤᠶᠢᠮ᠎ᠠ ᠤᠷᠤᠰᠢᠵᠤ᠂ ᠠᠷᠠᠳ ᠲᠦᠮᠡᠨ | ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠲᠠᠢ ᠨᠡᠯᠢᠶᠡᠳ ᠶᠡᠭᠡ | ᠵᠦᠷᠢᠶ᠎ᠠ ᠲᠠᠢ ᠪᠠᠶᠢᠭ᠎ᠠ ᠭᠡᠳᠡᠭ ᠢ ᠰᠡᠷᠭᠡᠭ ᠢᠶᠠᠷ ᠤᠯᠵᠤ ᠲᠠᠨᠢᠭᠤᠰᠢᠳᠠᠢ ᠪᠠᠶᠢᠨ᠎ᠠ᠃ ᠨᠢᠬᠡ ᠳᠤ᠂ ᠠᠵᠤ ᠠᠬᠤᠢ ᠶᠢᠨ | ᠤᠷᠤᠭᠤᠳᠠᠯ ᠤᠨ ᠲᠠᠷᠤᠯᠳᠠ ᠦᠷᠬᠦᠯᠵᠢᠯᠡᠨ ᠨᠡᠮᠡᠭᠳᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ | ᠲᠡᠪᠰᠢᠬᠦᠯᠬᠦ ᠬᠤᠷᠳᠤᠴᠠ ᠤᠳᠠᠭᠠᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠭᠡᠬᠦ ᠶᠢᠨ ᠲᠠᠭᠠᠤ | ᠬᠦᠭᠵᠢᠯᠳᠡ ᠶᠢᠨ ᠶᠠᠰᠤ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠡᠬᠦᠷᠭᠡ ᠬᠦᠨᠳᠦ ᠵᠠᠮ ᠬᠤᠯᠠ ᠪᠠᠶᠢᠭ᠎ᠠ᠃ | ᠬᠤᠶᠠᠷ ᠲᠤ᠂ ᠬᠦᠭᠵᠢᠯᠳᠡ ᠶᠢᠨ ᠨᠦᠬᠡᠴᠡ ᠬᠦᠴᠦᠨ ᠢ ᠦᠷᠬᠦᠯᠵᠢᠯᠡᠨ ᠴᠢᠩᠭᠠᠷᠠᠭᠤᠯᠬᠤ ᠴᠢᠬᠤᠯᠠᠳᠠᠢ ᠪᠠᠶᠢᠵᠤ᠂ | ᠤᠷᠤᠨ ᠲᠤᠭᠤᠷᠢᠭ ᠤᠨ ᠲᠠᠭᠠᠭᠠᠴᠠ ᠬᠦᠷᠦᠯᠴᠡᠬᠦ ᠦᠬᠡᠢ᠂ ᠨᠤᠳᠤᠭᠰᠢᠭᠰᠠᠨ ᠲᠦᠷᠦᠯ ᠵᠦᠢᠯ ᠲᠠᠢ ᠬᠤᠯᠪᠤᠭᠳᠠᠬᠤ | ᠢᠵᠢ ᠪᠦᠷᠢᠳᠦᠭᠰᠡᠨ ᠠᠵᠤ ᠦᠢᠯᠡᠰ ᠤᠨ ᠰᠤᠨᠤᠯᠳᠠ ᠬᠦᠷᠦᠯᠴᠡᠬᠦ ᠦᠬᠡᠢ᠂ ᠠᠵᠤ ᠠᠬᠤᠶᠢᠯᠠᠯ ᠤᠨ ᠦᠷᠢᠰᠦᠯᠳᠦᠬᠦ | ᠬᠦᠴᠦᠨ ᠴᠢᠩᠭ᠎ᠠ ᠪᠤᠰᠤ ᠪᠠᠶᠢᠭ᠎ᠠ᠃ ᠭᠤᠷᠪᠠ ᠳᠤ᠂ ᠬᠦᠳᠡᠭᠡ ᠲᠤᠰᠬᠤᠨ ᠤ ᠦᠨᠳᠦᠰᠦᠨ ᠠᠵᠢᠯ ᠪᠠᠭᠤᠷᠠᠢ᠂ | ᠲᠠᠷᠢᠶᠠᠯᠠᠩ ᠤᠨ ᠬᠦᠭᠵᠢᠯᠳᠡ ᠶᠢᠨ ᠬᠦᠳᠡᠯᠭᠡᠭᠴᠢ ᠬᠦᠴᠦ ᠴᠢᠩᠭ᠎ᠠ ᠪᠤᠰᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠡᠬᠦᠷᠭᠡ ᠬᠦᠨᠳᠦ ᠪᠠᠶᠢᠭ᠎ᠠ᠃ ᠲᠦᠷᠪᠡ ᠳᠤ᠂ ᠡᠳ᠋ ᠤᠨ ᠵᠠᠰᠠᠭ ᠤᠨ ᠤᠷᠤᠯᠭ᠎ᠠ ᠶᠢᠨ | ᠨᠡᠮᠡᠭᠳᠡᠯ ᠤᠨ ᠬᠤᠷᠳᠤᠴᠠ ᠤᠳᠠᠭᠠᠨ᠂ ᠲᠤᠭᠳᠠᠮᠠᠯ ᠵᠠᠷᠤᠯᠭ᠎ᠠ ᠵᠢᠯ ᠠᠴᠠ ᠵᠢᠯ ᠨᠡᠮᠡᠭᠳᠡᠵᠦ᠂ ᠤᠷᠤᠯᠭ᠎ᠠ ᠵᠠᠷᠤᠯᠭ᠎ᠠ | ᠶᠢᠨ ᠵᠦᠷᠢᠴᠡᠯ ᠲᠤᠪᠤᠶᠢᠮ᠎ᠠ ᠪᠠᠶᠢᠭ᠎ᠠ᠃ ᠲᠠᠪᠤ ᠳᠤ᠂ ᠨᠡᠶᠢᠬᠡᠮ ᠪᠠ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ | ᠳᠠᠬᠢ ᠲᠤᠳᠠᠭᠤᠳᠠᠯ ᠪᠠᠰᠠ ᠮᠠᠰᠢ ᠠᠷᠪᠢᠨ ᠪᠠᠶᠢᠵᠤ᠂ ᠢᠯᠠᠩᠭᠤᠶ᠎ᠠ ᠰᠤᠷᠭᠠᠨ ᠬᠦᠮᠦᠵᠢᠯ᠂ ᠡᠮ ᠡᠮᠨᠡᠯᠬᠡ᠂ | ᠰᠠᠭᠤᠭᠠᠯᠢ ᠲᠤᠭᠤᠷᠢᠭ ᠤᠨ ᠬᠠᠮᠢᠶᠠᠷᠤᠯᠳᠠ᠂ ᠵᠠᠮ ᠬᠠᠷᠢᠯᠴᠠᠭᠠᠨ ᠤ ᠬᠠᠮᠢᠶᠠᠷᠤᠯᠳᠠ᠂ ᠢᠳᠡᠭᠡᠨ ᠤ ᠠᠮᠤᠷ ᠲᠦᠪᠰᠢᠨ᠂ | ᠬᠤᠳᠠ ᠪᠠᠯᠭᠠᠰᠤᠨ ᠤ ᠰᠠᠭᠤᠷᠢ ᠪᠦᠳᠦᠬᠡᠨ ᠪᠠᠶᠢᠭᠤᠯᠤᠯᠳᠠ ᠪᠠ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ | ᠦᠢᠯᠡᠴᠢᠯᠡᠬᠡᠨ ᠤ ᠲᠠᠯᠠᠪᠠᠷ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠯᠤᠭ᠎ᠠ ᠪᠠᠰᠠ ᠮᠡᠳᠡᠭᠳᠡᠮ᠎ᠡ ᠵᠦᠷᠢᠶ᠎ᠠ ᠲᠠᠢ | ᠪᠠᠶᠢᠭ᠎ᠠ᠃ ᠵᠢᠷᠭᠤᠭ᠎ᠠ ᠳᠤ᠂ ᠬᠦᠭᠵᠢᠯᠳᠡ ᠶᠢᠨ ᠤᠷᠴᠢᠨ ᠲᠤᠭᠤᠷᠢᠨ ᠤᠨ ᠰᠢᠯᠢᠳᠡᠭᠵᠢᠯᠳᠡ ᠪᠠᠰᠠ ᠬᠦᠷᠦᠯᠴᠡᠬᠦ | ᠦᠬᠡᠢ ᠪᠠᠶᠢᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ᠂ ᠦᠢᠯᠡᠴᠢᠯᠡᠬᠦ ᠬᠢᠷᠢ ᠲᠦᠪᠰᠢᠨ ᠪᠠ ᠠᠵᠢᠯ ᠤᠨ | ᠬᠢᠷᠢ ᠴᠢᠳᠠᠪᠤᠷᠢ ᠬᠡᠪ ᠪᠤᠯᠪᠠᠰᠤᠷᠠᠯ ᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠴᠢᠬᠤᠯᠠᠳᠠᠢ ᠪᠠᠶᠢᠭ᠎ᠠ᠃ ᠡᠳᠡᠭᠡᠷ | ᠠᠰᠠᠭᠤᠳᠠᠯ ᠢ ᠪᠢᠳᠡ ᠡᠷᠭᠡᠪᠰᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠶᠢᠯᠠᠵᠤ ᠲᠠᠳᠠᠭᠠᠯᠵᠠᠬᠤ ᠦᠬᠡᠢ᠂ | ᠨᠢᠭᠤᠵᠤ ᠬᠠᠯᠬᠠᠯᠠᠬᠤ ᠦᠬᠡᠢ ᠪᠠᠶᠢᠵᠤ᠂ ᠡᠷᠡᠰ ᠴᠢᠩᠭ᠎ᠠ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠭᠡᠷᠡᠭᠳᠡᠢ᠃ | ᠨᠢᠳᠦᠨ ᠡᠮᠦᠨᠡᠬᠢ ᠬᠦᠭᠵᠢᠯᠳᠡ ᠶᠢᠨ ᠪᠠᠶᠢᠳᠠᠯ ᠢ ᠠᠵᠢᠭᠯᠠᠪᠠᠯ᠂ ᠭᠡᠳᠦᠶᠢᠪᠡᠷ ᠬᠤᠷᠸ᠎ᠠ ᠠᠵᠤ ᠠᠬᠤᠢ ᠶᠢᠨ | ᠤᠷᠤᠭᠤᠳᠠᠯ ᠤᠨ ᠲᠠᠷᠤᠭᠠᠰᠤ ᠲᠤᠯᠭᠠᠷᠠᠵᠤ ᠪᠠᠶᠢᠪᠠᠴᠤ᠂ ᠮᠠᠨ ᠤ ᠬᠤᠰᠢᠭᠤᠨ ᠤ ᠭᠡᠯᠪᠡᠷᠢ ᠪᠠᠨ ᠬᠤᠪᠢᠷᠠᠭᠤᠯᠵᠤ | ᠬᠦᠭᠵᠢᠬᠦ ᠳᠤ ᠠᠰᠢᠭᠳᠠᠢ ᠴᠢᠬᠤᠯᠠ ᠶᠡᠭᠡ ᠠᠵᠠ ᠲᠤᠬᠢᠶᠠᠯ ᠬᠤᠪᠢᠷᠠᠭ᠎ᠠ ᠦᠬᠡᠢ᠂ ᠮᠠᠨ ᠤ ᠬᠤᠰᠢᠭᠤᠨ ᠤ | ᠬᠦᠭᠵᠢᠯᠳᠡ ᠶᠢᠨ ᠡᠷᠡᠬᠦᠯ ᠲᠤᠭᠳᠠᠭᠤᠨ ᠦᠨᠳᠦᠰᠦᠨ ᠪᠠᠶᠢᠳᠠᠯ ᠬᠤᠪᠢᠷᠠᠭ᠎ᠠ ᠦᠬᠡᠢ᠂ ᠴᠢᠨᠠᠷ ᠰᠠᠶᠢᠳᠠᠢ ᠬᠦᠭᠵᠢᠯᠳᠡ | ᠳᠤ ᠲᠤᠯᠭᠠᠭᠤᠷᠢ ᠪᠤᠯᠬᠤ ᠤᠷᠴᠢᠨ ᠠᠬᠤᠢ ᠶᠢᠨ ᠨᠦᠬᠦᠴᠡᠯ ᠬᠤᠪᠢᠷᠠᠭ᠎ᠠ ᠦᠬᠡᠢ᠂ ᠤᠷᠳᠤ ᠬᠤᠭᠤᠴᠠᠭ᠎ᠠ ᠪᠠᠷ | ᠲᠤᠭᠳᠠᠭᠤᠨ ᠪᠠᠶᠢᠬᠤ ᠶᠡᠷᠦᠩᠬᠡᠢ ᠪᠠᠶᠢᠳᠠᠯ ᠬᠤᠪᠢᠷᠠᠭ᠎ᠠ ᠦᠬᠡᠢ ᠶᠤᠮ᠃ ᠢᠯᠠᠩᠭᠤᠶ᠎ᠠ᠂ ᠤᠶᠢᠷ᠎ᠠ ᠶᠢᠨ ᠬᠡᠳᠦᠨ ᠵᠢᠯ | ᠤᠨ ᠴᠢᠷᠮᠠᠶᠢᠯᠭ᠎ᠠ ᠪᠠᠷ ᠲᠠᠮᠵᠢᠭᠠᠳ ᠮᠠᠨ ᠤ ᠬᠤᠰᠢᠭᠤᠨ ᠤ ᠠᠵᠤ ᠦᠢᠯᠡᠰ ᠤᠨ ᠰᠠᠭᠤᠷᠢ ᠠᠯᠭᠤᠷ ᠢᠶᠠᠷ ᠵᠤᠵᠠᠭᠠᠷᠠᠵᠤ | ᠂ ᠬᠠᠳᠠᠭᠤ ᠵᠦᠬᠡᠯᠡᠨ ᠤᠷᠴᠢᠨ ᠲᠤᠭᠤᠷᠢᠨ ᠲᠠᠰᠤᠷᠠᠯᠳᠠ ᠦᠬᠡᠢ ᠰᠠᠶᠢᠵᠢᠷᠠᠨ᠂ ᠬᠦᠭᠵᠢᠯᠳᠡ ᠶᠢᠨ ᠬᠦᠳᠡᠯᠭᠡᠭᠴᠢ | ᠬᠦᠴᠦᠨ ᠦᠷᠬᠦᠯᠵᠢᠯᠡᠨ ᠴᠢᠩᠭᠠᠷᠠᠵᠤ᠂ ᠤᠯᠤᠰ ᠲᠦᠷᠦ ᠶᠢᠨ ᠠᠮᠢ ᠠᠬᠤᠢ ᠤᠯᠠᠮ ᠰᠠᠶᠢᠨ ᠪᠤᠯᠤᠭᠰᠠᠨ ᠭᠡᠳᠡᠭ ᠢ | ᠤᠯᠵᠤ ᠬᠠᠷᠠᠭᠤᠰᠢᠳᠠᠢ᠃ ᠪᠢᠳᠡ ᠵᠦᠪᠬᠡᠨ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠳᠠᠯ ᠢᠶᠠᠨ ᠨᠦᠬᠦᠪᠦᠷᠢᠯᠡᠵᠦ᠂ | ᠠᠵᠠ ᠲᠤᠬᠢᠶᠠᠯ ᠢ ᠡᠵᠡᠮᠳᠡᠨ᠂ ᠪᠦᠬᠦ ᠬᠦᠴᠦᠨ ᠢᠶᠠᠷ ᠴᠢᠷᠮᠠᠶᠢᠪᠠᠯ᠂ ᠨᠢᠬᠡᠨ ᠵᠤᠷᠪᠤᠰ ᠴᠢᠨᠠᠷ ᠰᠠᠶᠢᠳᠠᠢ | ᠬᠦᠭᠵᠢᠯᠳᠡ ᠶᠢᠨ ᠵᠠᠮ ᠢᠶᠠᠷ ᠴᠢᠮᠪᠠᠢ ᠯᠠᠪᠳᠠᠭᠤᠨ ᠠᠯᠬᠤᠵᠤ ᠲᠡᠶᠢᠯᠬᠦ ᠶᠤᠮ᠃ | ᠬᠤᠶᠠᠷ᠂ 2019 ᠤᠨ ᠤ ᠠᠵᠢᠯ ᠤᠨ ᠪᠠᠶᠢᠷᠢᠯᠠᠭᠤᠯᠤᠯᠳᠠ | 2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠠᠨ ᠤ | ᠬᠤᠰᠢᠭᠤ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠦ | ᠢᠯᠠᠯᠳᠠ ᠶᠢ ᠤᠯᠬᠤ ᠵᠢᠯ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠵᠠᠩᠭᠢᠯᠠᠭ᠎ᠠ ᠶᠢᠨ ᠵᠢᠯ ᠪᠤᠯᠤᠨ᠎ᠠ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠬᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠵᠤ᠂ ︽ | ᠲᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠲᠦᠯᠦᠪᠯᠡᠨ ᠲᠦᠯᠬᠢᠨ | ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠬᠢᠴᠠᠩᠭᠤᠢ ᠪᠠᠷ ᠠᠬᠢᠭᠤᠯᠤᠨ ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ | ᠤᠨ ᠵᠠᠬᠢᠷᠭ᠎ᠠ ᠬᠢᠭᠡᠳ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠬᠦᠨᠵᠡᠬᠡᠢ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠪᠠ ᠲᠤᠭᠳᠠᠭᠤᠨ ᠤ ᠲᠤᠮᠳᠠ | ᠤᠷᠤᠭᠰᠢᠯᠠᠨ ᠲᠠᠪᠰᠢᠬᠤ ᠬᠦᠭ ᠠᠶᠠᠰ ᠢ ᠪᠠᠷᠢᠮᠳᠠᠯᠠᠨ᠂ ︽ ᠠᠵᠤ ᠦᠢᠯᠡᠰ ᠤᠨ ᠰᠠᠭᠤᠷᠢ ᠶᠢ ᠤᠯᠠᠮ | ᠪᠠᠬᠢᠵᠢᠬᠦᠯᠬᠦ᠂ ᠬᠦᠭᠵᠢᠯᠳᠡ ᠶᠢᠨ ᠨᠦᠬᠦᠴᠡᠯ ᠢ ᠤᠯᠠᠮ ᠪᠦᠷᠢᠨᠰᠢᠬᠦᠯᠬᠦ᠂ ᠠᠷᠠᠳ ᠤᠨ ᠠᠮᠢᠳᠤᠷᠠᠯ ᠢ ᠤᠯᠠᠮ | ᠰᠠᠶᠢᠵᠢᠷᠠᠭᠤᠯᠬᠤ᠂ ᠨᠡᠶᠢᠬᠡᠮ ᠤᠨ ᠤᠷᠴᠢᠨ ᠠᠬᠤᠢ ᠶᠢ ᠤᠯᠠᠮ ᠡᠶ᠎ᠡ ᠵᠤᠬᠢᠴᠠᠯ ᠲᠠᠢ ᠪᠤᠯᠭᠠᠬᠤ︾ ᠬᠠᠷᠠᠯᠳᠠ ᠶᠢᠨ | ᠲᠤᠭᠤᠷᠢᠨ ᠳᠤ᠂ ᠴᠢᠨᠠᠷ ᠰᠠᠶᠢᠳᠠᠢ ᠬᠦᠭᠵᠢᠯᠳᠡ ᠪᠠ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ | ᠦᠬᠡᠷᠡᠴᠢᠯᠡᠯᠳᠡ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ ᠲᠠᠯ᠎ᠠ ᠶᠢ ᠤᠳᠤᠷᠢᠳᠤᠭᠤᠯᠵᠤ᠂ | ᠨᠡᠮᠡᠭᠳᠡᠯ ᠢ ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠷᠢᠯᠳᠦᠴᠡ ᠶᠢ ᠲᠤᠬᠢᠷᠠᠭᠤᠯᠬᠤ᠂ | ᠠᠷᠠᠳ ᠲᠤ ᠠᠰᠢᠭ ᠬᠦᠷᠳᠡᠭᠡᠬᠦ᠂ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠬᠠᠮᠠᠭᠠᠯᠠᠬᠤ ᠡᠯ᠎ᠡ ᠲᠦᠷᠦᠯ ᠤᠨ | ᠠᠵᠢᠯ ᠢ ᠨᠢᠬᠡᠳᠦᠯᠳᠡᠢ ᠲᠦᠯᠦᠪᠯᠡᠨ ᠠᠬᠢᠭᠤᠯᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ | ᠰᠠᠶᠢᠨ ᠬᠢᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ | ᠢᠶᠠᠷ ᠭᠡᠷᠡᠭᠵᠢᠬᠦᠯᠦᠨ᠂ ᠦᠨᠳᠦᠷ ᠴᠢᠨᠰᠠᠭ᠎ᠠ ᠲᠠᠢ ᠪᠠᠷ ᠶᠠᠳᠠᠭᠤ ᠠᠴᠠ ᠠᠩᠬᠢᠵᠢᠠᠷᠠᠬᠤ ᠶᠢ ᠪᠠᠳᠤᠯᠠᠵᠤ᠂ ᠴᠢᠨᠡᠭᠡᠯᠢᠭ | ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠡᠴᠦᠰ ᠤᠨ ᠢᠯᠠᠯᠳᠠ ᠶᠢ ᠤᠯᠬᠤ ᠳᠤ ᠰᠢᠢᠳᠪᠦᠷᠢᠳᠦ ᠴᠢᠨᠠᠷᠳᠠᠢ ᠰᠠᠭᠤᠷᠢ | ᠶᠢ ᠲᠠᠯᠪᠢᠨ᠂ ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠤᠢ ᠶᠢ ᠪᠠᠶᠠᠷᠯᠠᠨ ᠪᠡᠯᠬᠡᠯᠡᠨ᠎ᠡ᠃ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ | ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 5.8 % ᠪᠠᠷ ᠂ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠶᠢ 13.6 % ᠪᠠᠷ ᠂ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ | ᠶᠡᠷᠦᠩᠬᠡᠢ ᠬᠡᠮᠵᠢᠶ᠎ᠡ ᠶᠢ 6.1 % ᠪᠠᠷ ᠨᠡᠮᠡᠭᠳᠡᠬᠦᠯᠵᠦ ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 1.58 ᠳ᠋ᠦᠩᠰᠢᠭᠤᠷ ᠲᠦᠬᠦᠷᠢᠭ ᠲᠤ ᠬᠦᠷᠭᠡᠵᠦ᠂ ᠨᠢᠳᠤᠨᠤᠨ ᠲᠠᠢ ᠲᠡᠩᠴᠡᠬᠦᠦ ᠪᠠᠶᠢᠬᠤ ᠶᠢ | ᠪᠠᠳᠤᠯᠠᠨ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3% ᠳᠤ ᠬᠢᠵᠠᠭᠠᠷᠯᠠᠵᠤ᠂ | ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ | ᠪᠤᠯᠬᠤᠶᠢᠴᠠ ᠤᠷᠤᠯᠭ᠎ᠠ ᠶᠢ ᠲᠤᠰᠪᠤᠷᠢ 5% ᠪᠠ 6% ᠪᠠᠷ ᠨᠡᠮᠡᠭᠳᠡᠬᠦᠯᠦᠨ᠂ ᠭᠤᠤᠯ ᠪᠤᠯᠬᠤ ᠪᠤᠬᠢᠷ ᠪᠤᠳᠠᠰ | ᠤᠨ ᠭᠠᠳᠠᠭᠰᠢᠯᠠᠭᠤᠯᠤᠯᠳᠠ ᠶᠢᠨ ᠬᠡᠮᠵᠢᠶ᠎ᠡ ᠶᠢ ᠦᠷᠬᠦᠯᠵᠢᠯᠡᠨ ᠪᠠᠭᠠᠰᠬᠠᠨ᠎ᠠ᠃ | ᠪᠢᠳᠡ ᠡᠷᠭᠡᠪᠰᠢ ᠬᠠᠳᠠᠭᠤ ᠲᠠᠶᠢᠨ ᠤ ᠪᠡᠯᠡᠳᠭᠡᠯ ᠢ ᠰᠠᠶᠢᠨ ᠬᠢᠵᠦ᠂ ᠲᠤᠤᠷᠠᠬᠢ ᠬᠡᠳᠦᠨ ᠲᠠᠯ᠎ᠠ ᠶᠢᠨ | ᠠᠵᠢᠯ ᠢ ᠰᠠᠶᠢᠳᠤᠷ ᠠᠳᠬᠤᠬᠤ ᠭᠡᠷᠡᠭᠳᠡᠢ᠄ | ︵ᠨᠢᠬᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠰᠠᠶᠢᠨ ᠬᠢᠵᠦ᠂ ᠴᠢᠨᠠᠷ | ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠲᠦᠭᠰᠢᠬᠦᠷᠢ ᠶᠢ ᠴᠢᠩᠭ᠎ᠠ ᠰᠡᠷᠭᠡᠶᠢᠯᠡᠨ ᠨᠠᠮᠳᠠᠭᠤᠯᠬᠤ | ᠭᠡᠷᠡᠭᠳᠡᠢ᠃ ᠵᠠᠰᠠᠭ ᠤᠨ ᠤᠷᠳᠤᠨ ᠤ ᠦᠷᠢ ᠰᠢᠷᠢ ᠶᠢᠨ ᠲᠦᠭᠰᠢᠬᠦᠷᠢ ᠶᠢ ᠢᠳᠡᠪᠬᠢᠳᠡᠢ ᠰᠡᠷᠭᠡᠶᠢᠯᠡᠵᠦ ᠂ ᠡᠳ᠋ | ᠤᠨ ᠵᠠᠰᠠᠭ ᠠᠴᠠ ᠪᠡᠯᠡ ᠤᠷᠤᠭᠤᠯᠤᠭᠰᠠᠨ ᠰᠢᠨ᠎ᠡ ᠲᠦᠷᠦᠯ ᠵᠦᠢᠯ ᠨᠢᠬᠡᠪᠦᠷᠢ ᠳᠤ ᠪᠦᠷ ᠦᠷᠢ ᠦᠭᠴᠡᠭᠡᠨ ᠤ | ᠲᠦᠭᠰᠢᠬᠦᠷᠢ ᠶᠢᠨ ᠦᠨᠡᠯᠡᠯᠳᠡ ᠬᠢᠨ᠎ᠡ᠃ ᠦᠷᠢ ᠰᠢᠷᠢ ᠶᠢ ᠰᠢᠢᠳᠪᠦᠷᠢᠯᠡᠬᠦ ᠠᠷᠭ᠎ᠠ ᠲᠦᠰᠦᠪ ᠢ ᠤᠯᠠᠮ ᠨᠢᠬᠡ | ᠠᠯᠬᠤᠮ ᠲᠡᠬᠦᠯᠳᠡᠷᠵᠢᠬᠦᠯᠦᠨ ᠨᠠᠷᠢᠯᠢᠬᠵᠢᠭᠤᠯᠵᠤ᠂ ᠡᠳ᠋ ᠤᠨ ᠵᠠᠰᠠᠭ ᠤᠨ ᠬᠠᠳᠠᠭᠠᠯᠠᠮᠵᠢ ᠮᠦᠩᠬᠦ ᠶᠢ ᠡᠷᠬᠢᠯᠳᠡ ᠳᠤ | ᠤᠷᠤᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠬᠦ ᠵᠡᠷᠭᠡ ᠠᠷᠭ᠎ᠠ ᠪᠠᠷ ᠦᠷᠢ | ᠰᠢᠷᠢ ᠶᠢ ᠢᠳᠡᠪᠬᠢᠳᠡᠢ ᠰᠢᠢᠳᠪᠦᠷᠢᠯᠡᠨ᠎ᠡ ᠃ ᠮᠦᠩᠬᠦᠨ ᠬᠦᠢᠯᠬᠡᠬᠡᠨ ᠤ ᠢᠳᠡᠭᠡᠮᠵᠢᠳᠦ ᠵᠢᠬᠡᠯᠡᠯᠬᠡ ᠶᠢᠨ ᠵᠦᠷᠢᠴᠡᠯ | ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠂ ᠠᠷᠠᠳ ᠤᠨ ᠬᠤᠭᠤᠷᠤᠨᠳᠤᠬᠢ ᠦᠨᠳᠦᠷ ᠬᠦᠦ ᠲᠠᠢ ᠵᠢᠬᠡᠯᠡᠯᠬᠡ ᠶᠢ | ᠪᠠᠶᠢᠴᠠᠭᠠᠨ ᠴᠡᠭᠴᠡᠯᠡᠬᠦ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠮᠦᠩᠬᠦᠨ | ᠬᠦᠢᠯᠬᠡᠬᠡᠨ ᠤ ᠪᠠᠶᠢᠭᠤᠯᠤᠮᠵᠢ ᠶᠢᠨ ᠬᠠᠤᠯᠢ ᠶᠤᠰᠤᠭᠠᠷ ᠡᠷᠡᠬᠦᠯ ᠪᠤᠰᠤ ᠵᠢᠬᠡᠯᠡᠯᠬᠡ ᠶᠢ ᠰᠢᠢᠳᠪᠦᠷᠢᠯᠡᠬᠦ ᠳᠤ ᠲᠡᠮᠵᠢᠯᠬᠡ | ᠦᠵᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠦ | ᠢᠯᠠᠯᠳᠠ ᠶᠢ ᠲᠡᠮᠡᠴᠡᠨ ᠤᠯᠬᠤ ᠭᠡᠷᠡᠭᠳᠡᠢ᠃ ︽3 +3︾ ᠠᠵᠤ ᠦᠢᠯᠡᠰ ᠢᠶᠠᠷ ᠶᠠᠳᠠᠭᠤ ᠶᠢ ᠳᠡᠳᠬᠦᠬᠦ | ᠲᠤᠭᠳᠠᠴᠠ ᠶᠢ ᠤᠯᠠᠮ ᠨᠢᠬᠡ ᠠᠯᠬᠤᠮ ᠨᠠᠷᠢᠯᠢᠬᠵᠢᠭᠤᠯᠤᠨ ᠲᠡᠬᠦᠯᠳᠡᠷᠵᠢᠬᠦᠯᠵᠦ᠂ ᠤᠷᠳᠤ ᠬᠤᠭᠤᠴᠠᠭᠠᠨ ᠤ ᠦᠷ᠎ᠡ | ᠪᠦᠳᠦᠮᠵᠢ ᠲᠠᠢ ᠶᠠᠳᠠᠭᠤ ᠶᠢ ᠳᠡᠳᠬᠦᠬᠦ ᠠᠵᠤ ᠦᠢᠯᠡᠰ ᠢ ᠴᠢᠬᠤᠯᠠᠴᠢᠯᠠᠨ ᠬᠦᠭᠵᠢᠬᠦᠯᠵᠦ᠂ ᠦᠢᠯᠡᠳᠪᠦᠷᠢᠯᠡᠯ | ᠪᠤᠷᠤᠯᠠᠭᠤᠯᠭ᠎ᠠ ᠬᠦᠨᠳᠡᠶᠢᠷᠡᠬᠦ᠂ ᠲᠦᠭᠰᠢᠬᠦᠷᠢ ᠶᠢᠨ ᠪᠠᠳᠤᠯᠠᠭ᠎ᠠ ᠲᠤᠳᠠᠭᠳᠠᠬᠤ ᠵᠡᠷᠭᠡ ᠠᠰᠠᠭᠤᠳᠠᠯ ᠢ ᠴᠢᠷᠮᠠᠶᠢᠨ | ᠰᠢᠢᠳᠪᠦᠷᠢᠯᠡᠵᠦ᠂ ᠶᠠᠳᠠᠭᠤ ᠬᠦᠴᠢᠷᠳᠡᠢ ᠬᠦᠮᠦᠨ ᠠᠮᠠ ᠶᠢᠨ ᠤᠷᠤᠯᠴᠠᠯᠭ᠎ᠠ ᠶᠢᠨ ᠬᠡᠮᠵᠢᠶ᠎ᠡ ᠪᠠ ᠰᠢᠭᠤᠳ ᠠᠰᠢᠭ | ᠬᠦᠷᠳᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠳ᠋ᠧ ᠴᠢᠩ ᠶᠤᠸᠠᠨ ᠲᠠᠬᠢᠶ᠎ᠠ ᠲᠡᠵᠢᠬᠡᠬᠦ ᠦᠢᠯᠡᠰ᠂ ᠬᠤᠸᠠ | ᠱᠧᠩ ᠯᠤᠢ ᠨᠧᠩ ᠵᠠᠭᠤᠨ ᠲᠤᠰᠬᠤᠨ ᠤ ᠠᠵᠤ ᠦᠢᠯᠡᠰ ᠤᠨ ᠲᠤᠭᠤᠷᠢᠭ᠂ ᠬᠤᠶᠠᠳᠤᠭᠠᠷ ᠬᠤᠭᠤᠴᠠᠭᠠᠨ ᠤ ᠭᠡᠷᠡᠯ | ᠸᠤᠯᠲ ᠤᠨ ᠴᠠᠬᠢᠯᠭᠠᠨ ᠦᠷᠳᠡᠭᠡ᠂ ᠴᠠᠭᠠᠰᠤ ᠰᠦᠯᠢᠶᠤᠤ ᠶᠢᠨ ᠦᠢᠯᠡᠳᠪᠦᠷᠢᠯᠡᠯ᠂ ᠶᠠᠫᠤᠨ ᠮᠠᠶ᠋ᠢᠭ ᠤᠨ ᠴᠢᠷᠦᠬᠦᠯ | ᠱᠠᠬᠠᠢ ᠶᠢᠨ ᠦᠢᠯᠡᠳᠪᠦᠷᠢᠯᠡᠯ ᠵᠡᠷᠭᠡ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠪᠦᠬᠦ | ᠬᠦᠴᠦᠨ ᠢᠶᠠᠷ ᠲᠦᠯᠬᠢᠨ ᠠᠬᠢᠭᠤᠯᠵᠤ᠂ ᠲᠤᠰ ᠵᠢᠯ ᠳᠡᠭᠡᠨ ᠠᠰᠢᠭ ᠬᠦᠷᠳᠡᠬᠦ ᠶᠢ ᠪᠠᠳᠤᠯᠠᠨ᠎ᠠ᠃ ︽ᠬᠤᠶᠠᠷ ᠳᠤ | ᠦᠯᠦ ᠵᠤᠪᠠᠵᠤ ᠭᠤᠷᠪᠠ ᠶᠢ ᠵᠠᠪᠠᠯ ᠪᠠᠳᠤᠯᠠᠬᠤ︾ ᠳᠤ ᠨᠦᠯᠦᠬᠡ ᠪᠤᠯᠬᠤ ᠲᠤᠪᠤᠶᠢᠮ᠎ᠠ ᠠᠰᠠᠭᠤᠳᠠᠯ ᠢ ᠠᠩᠬᠠᠷᠤᠯ | ᠲᠠᠯᠪᠢᠨ ᠰᠢᠢᠳᠪᠦᠷᠢᠯᠡᠵᠦ᠂ ᠠᠷᠪᠠᠨ ᠲᠦᠷᠦᠯ ᠤᠨ ︽ᠦᠬᠡᠶᠢᠰᠬᠡᠨ ᠴᠡᠪᠡᠷᠯᠡᠵᠦ ᠪᠠᠷᠢᠮᠵᠢᠶ᠎ᠠ ᠳᠤ ᠬᠦᠷᠭᠡᠬᠦ︾ | ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠪᠦᠬᠦᠶᠢᠯᠡ ᠠᠵᠢᠯ ᠤᠨ ᠬᠢᠷᠢ ᠲᠦᠪᠰᠢᠨ ᠤ | ᠲᠡᠭᠡᠭᠰᠢᠯᠡᠯᠳᠡ ᠶᠢ ᠠᠬᠢᠭᠤᠯᠤᠨ᠎ᠠ᠃ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ ᠶᠢ | ᠬᠦᠨᠵᠡᠭᠡᠶᠢᠷᠡᠬᠦᠯᠦᠨ᠂ ᠨᠢᠬᠡ ᠪᠦᠯᠦᠭ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠤᠷᠤᠭᠤᠯᠬᠤ | ᠪᠠᠷ ᠴᠢᠷᠮᠠᠶᠢᠵᠤ᠂ ᠰᠤᠷᠭᠠᠨ ᠬᠦᠮᠦᠵᠢᠯ᠂ ᠡᠮ ᠡᠮᠨᠡᠯᠬᠡ᠂ ᠬᠦᠳᠡᠯᠮᠦᠷᠢ ᠶᠢᠨ ᠶᠠᠪᠤᠳᠠᠯ ᠵᠡᠷᠭᠡ ᠬᠦᠷᠢᠶ᠎ᠡ ᠴᠠᠷ᠎ᠠ ᠶᠢᠨ | ᠬᠠᠮᠳᠤᠷᠠᠯᠴᠠᠭ᠎ᠠ ᠶᠢ ᠪᠠᠶᠢᠩᠭᠤᠵᠢᠭᠤᠯᠬᠤ ᠭᠡᠷᠡᠭᠳᠡᠢ᠃ ᠲᠦᠪ ᠤᠨ ᠲᠤᠭᠤᠷᠢᠨ ᠪᠠᠶᠢᠴᠠᠭᠠᠯᠳᠠ ᠶᠢᠨ ᠪᠦᠯᠬᠦᠮ ᠤᠨ | ᠬᠠᠷᠢᠭᠤ ᠲᠤᠰᠬᠠᠭᠰᠠᠨ ᠰᠠᠨᠠᠯ ᠶᠤᠰᠤᠭᠠᠷ ᠠᠰᠠᠭᠤᠳᠠᠯ ᠢ ᠨᠠᠷᠢᠨ ᠨᠢᠮᠪᠠᠢ ᠴᠡᠭᠴᠡᠯᠡᠨ ᠰᠠᠶᠢᠵᠢᠷᠠᠭᠤᠯᠵᠤ᠂ ᠶᠠᠳᠠᠭᠤ | ᠠᠴᠠ ᠭᠠᠷᠬᠤ ᠡᠷᠡᠮᠡᠯᠵᠡᠯ ᠲᠡᠪᠰᠢᠬᠦᠯᠬᠦ᠂ ᠰᠢᠯᠭᠠᠨ ᠪᠠᠶᠢᠴᠠᠭᠠᠯᠳᠠ ᠶᠢ ᠤᠭᠳᠤᠬᠤ ᠵᠡᠷᠭᠡ ᠡᠯ᠎ᠡ ᠲᠦᠷᠦᠯ ᠤᠨ ᠠᠵᠢᠯ ᠢ | ᠪᠦᠬᠦ ᠬᠦᠴᠦᠨ ᠢᠶᠠᠷ ᠰᠠᠶᠢᠨ ᠬᠢᠨ᠎ᠡ᠃ ᠡᠨᠡ ᠵᠢᠯ 2300 ᠬᠦᠮᠦᠨ᠂ 14 ᠭᠠᠴᠠᠭ᠎ᠠ ᠲᠤᠰᠬᠤᠨ ᠤ ᠪᠦᠬᠦᠨ | ᠢᠶᠠᠷ ᠢᠶᠠᠨ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠂ ︽ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ︾ | ᠬᠠᠷᠠᠯᠳᠠ ᠶᠢ ᠴᠢᠨᠠᠷ ᠰᠠᠶᠢᠳᠠᠢ ᠪᠡᠶᠡᠯᠡᠬᠦᠯᠦᠨ᠎ᠡ᠃ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ | ᠠᠬᠢᠭᠤᠯᠵᠤ᠂ ᠨᠡᠩ ᠶᠡᠭᠡ ᠦᠷ᠎ᠡ ᠪᠦᠳᠦᠮᠵᠢ ᠳᠤ ᠬᠦᠷᠭᠡᠬᠦ ᠭᠡᠷᠡᠭᠳᠡᠢ᠃ ᠨᠡᠬᠦᠷᠡᠰᠦᠨ ᠤ ᠪᠤᠬᠢᠷᠳᠤᠯ ᠤᠨ ᠵᠠᠰᠠᠯᠳᠠ | ᠶᠢ ᠴᠢᠩᠭᠠᠳᠬᠠᠵᠤ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠢ ᠠᠰᠢᠭᠯᠠᠯᠳᠠ ᠳᠤ | ᠤᠷᠤᠭᠤᠯᠤᠨ᠂ ᠵᠠᠮ᠂ ᠪᠠᠷᠢᠯᠭ᠎ᠠ ᠶᠢᠨ ᠭᠠᠵᠠᠷ ᠤᠨ ᠲᠤᠭᠤᠰᠤ ᠰᠢᠷᠤᠢ ᠶᠢᠨ ᠰᠡᠷᠭᠡᠶᠢᠯᠡᠯᠳᠡ ᠶᠢ ᠴᠢᠩᠭᠠᠳᠬᠠᠵᠤ᠂ | ᠠᠭᠠᠷ ᠮᠠᠨᠳᠠᠯ ᠤᠨ ᠬᠠᠮᠠᠭᠠᠯᠠᠯᠳᠠ ᠶᠢᠨ ᠲᠠᠶᠢᠨ ᠤ ᠢᠯᠠᠯᠳᠠ ᠶᠢ ᠤᠯᠤᠨ᠎ᠠ᠃ ᠨᠠᠭᠤᠷ ᠭᠤᠤᠯ ᠤᠨ ᠲᠠᠷᠤᠭ᠎ᠠ ᠶᠢᠨ | ᠲᠦᠷᠢᠮ ᠢ ᠬᠦᠨᠵᠡᠬᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠬᠦᠷᠦᠰᠦᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ | ᠬᠢᠭᠡᠳ ᠤᠤᠭᠤᠬᠤ ᠤᠰᠤᠨ ᠤ ᠰᠤᠷᠪᠤᠯᠵᠢ ᠶᠢᠨ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠵᠤ᠂ ᠠᠵᠤ | ᠦᠢᠯᠡᠳᠪᠦᠷᠢ ᠶᠢᠨ ᠤᠷᠤᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ᠂ | ᠴᠡᠪᠡᠷ ᠤᠰᠤᠨ ᠤ ᠬᠠᠮᠠᠭᠠᠯᠠᠯᠳᠠ ᠶᠢᠨ ᠲᠠᠶᠢᠨ ᠢ ᠰᠠᠶᠢᠨ ᠬᠢᠨ᠎ᠡ ᠃ ᠬᠦᠷᠦᠰᠦ ᠰᠢᠷᠤᠢ ᠶᠢᠨ ᠪᠤᠬᠢᠷᠳᠤᠯ ᠶᠢᠨ | ᠤᠳᠤᠬᠢ ᠪᠠᠶᠢᠳᠠᠯ ᠤᠨ ᠪᠠᠶᠢᠴᠠᠭᠠᠯᠳᠠ ᠶᠢ ᠬᠢᠵᠦ᠂ ᠬᠦᠨᠳᠦ ᠲᠡᠮᠦᠷᠯᠢᠭ ᠤᠨ ᠲᠠᠷᠢᠶᠠᠨ ᠭᠠᠵᠠᠷ ᠢ ᠪᠤᠬᠢᠷᠳᠤᠭᠤᠯᠬᠤ | ᠲᠦᠭᠰᠢᠬᠦᠷᠢ ᠶᠢ ᠪᠠᠶᠢᠴᠠᠭᠠᠨ ᠴᠡᠭᠴᠡᠯᠡᠵᠦ᠂ ᠰᠦᠯᠢᠶᠤᠤ ᠪᠦᠷᠬᠦᠪᠴᠢ᠂ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ | ᠪᠠᠭᠠᠰᠬᠠᠨ᠂ ᠠᠷᠭᠠᠯ ᠬᠤᠮᠤᠯ ᠢ ᠡᠬᠢ ᠪᠠᠶᠠᠯᠢᠬᠵᠢᠭᠤᠯᠤᠨ ᠭᠡᠷᠡᠭᠯᠡᠵᠦ᠂ ᠠᠵᠤ ᠦᠢᠯᠡᠳᠪᠦᠷᠢ ᠶᠢᠨ ᠬᠠᠳᠠᠭᠤ ᠪᠡᠶᠡᠳᠦ | ᠬᠠᠶᠠᠭᠳᠠᠮᠠᠯ ᠪᠤᠳᠠᠰ ᠢ ᠲᠤᠷ᠎ᠠ ᠪᠠᠷ ᠬᠠᠶᠠᠬᠤ ᠳᠤ ᠲᠤᠰᠬᠠᠢ ᠴᠡᠭᠴᠡᠯᠡᠯᠳᠡ ᠬᠢᠬᠦ ᠪᠠᠨ ᠴᠢᠩᠭᠠᠳᠬᠠᠨ᠂ ᠬᠦᠷᠦᠰᠦ | ᠰᠢᠷᠤᠢ ᠶᠢᠨ ᠬᠠᠮᠠᠭᠠᠯᠠᠯᠳᠠ ᠶᠢᠨ ᠲᠠᠶᠢᠨ ᠢ ᠰᠠᠶᠢᠨ ᠬᠢᠨ᠎ᠡ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠴᠢᠩᠭᠠᠳᠬᠠᠵᠤ᠂ ᠠᠭᠤᠯᠠ ᠲᠤᠪᠤ ᠶᠢᠨ ᠨᠤᠭᠤᠭᠠᠷᠠᠭᠤᠯᠤᠯᠳᠠ᠂ ᠡᠯᠡᠰᠦᠨ ᠤ ᠡᠬᠢ ᠶᠢᠨ ᠵᠠᠰᠠᠯᠳᠠ᠂ | ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢᠨ ᠪᠦᠳᠦᠬᠡᠨ ᠪᠠᠶᠢᠭᠤᠯᠤᠯᠳᠠ | ᠶᠢᠨ ᠢᠨᠵᠧᠨᠧᠷᠢᠩ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂ ᠤᠶᠢᠵᠢᠭᠤᠯᠤᠯᠳᠠ ᠶᠢᠨ ᠲᠠᠯᠠᠪᠠᠢ 6.6 ᠲᠦᠮᠡᠨ ᠮᠤ᠋ | ᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 3000 ᠮᠤ᠋᠂ ᠭᠤᠤᠯᠳᠠᠯᠭᠠᠳᠠᠢ ᠤᠷᠤᠨ ᠪᠦᠰᠡ ᠶᠢᠨ | ᠨᠤᠭᠤᠭᠠᠷᠠᠭᠤᠯᠤᠯᠳᠠ 1000 ᠮᠤ᠋ ᠶᠢ ᠪᠡᠶᠡᠯᠡᠬᠦᠯᠦᠨ᠎ᠡ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ | ᠨᠦᠬᠦᠪᠦᠷᠢ ᠶᠢᠨ ᠮᠦᠩᠬᠦ ᠶᠢ ᠲᠠᠷᠬᠠᠭᠠᠬᠤ ᠪᠠ ᠮᠡᠯ ᠪᠡᠯᠴᠢᠭᠡᠷ ᠤᠨ ᠲᠡᠩᠴᠡᠬᠦᠷᠢ ᠶᠢᠨ ᠬᠠᠷᠢᠭᠤᠴᠠᠯᠭ᠎ᠠ ᠶᠢ | ᠬᠦᠢᠴᠡᠳᠭᠡᠬᠦ ᠬᠤᠯᠪᠤᠭᠳᠠᠯ ᠤᠨ ᠲᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠳᠤᠭ ᠪᠡᠯᠴᠢᠬᠡᠷ ᠢ ᠰᠢᠯᠭᠠᠨ | ᠦᠨᠡᠯᠡᠬᠦ ᠪᠠ ᠤᠷᠢᠳᠴᠢᠯᠠᠨ ᠰᠡᠷᠡᠮᠵᠢᠯᠡᠬᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠪᠡᠯᠴᠢᠬᠡᠷᠯᠡᠬᠦᠯᠬᠦ ᠶᠢ | ᠴᠠᠭᠠᠵᠠᠯᠠᠬᠤ ᠤᠷᠤᠨ ᠳᠤ ᠨᠢᠬᠡ ᠮᠠᠯ ᠴᠤ ᠪᠡᠯᠴᠢᠬᠡᠬᠦ ᠦᠬᠡᠢ᠂ ᠮᠡᠯ ᠪᠡᠯᠴᠢᠬᠡᠷ ᠢ ᠲᠡᠩᠴᠡᠬᠦᠯᠬᠦ ᠤᠷᠤᠨ ᠳᠤ ᠨᠢᠬᠡ | ᠮᠠᠯ ᠴᠤ ᠭᠡᠳᠦᠷᠡᠬᠦᠯᠬᠦ ᠦᠬᠡᠢ ᠪᠠᠶᠢᠯᠠᠭᠠᠨ᠎ᠠ᠃ | ︵ᠬᠤᠶᠠᠷ︶ ᠠᠵᠤ ᠦᠢᠯᠡᠰ ᠤᠨ ᠪᠦᠳᠦᠴᠡ ᠶᠢᠨ ᠰᠢᠯᠢᠳᠡᠭᠵᠢᠵᠦ ᠲᠡᠰ ᠲᠡᠪᠰᠢᠬᠦ ᠶᠢ ᠠᠬᠢᠭᠤᠯᠤᠨ᠂ | ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠬᠡᠬᠡᠨ ᠤ ᠡᠨᠧᠷᠬᠢ ᠶᠢ ᠪᠤᠶᠢᠵᠢᠭᠤᠯᠤᠨ᠎ᠠ᠃ ᠠᠵᠤ ᠦᠢᠯᠡᠳᠪᠦᠷᠢ | ᠶᠢᠨ ᠰᠢᠨ᠎ᠡ ᠭᠡᠯᠪᠡᠷᠢᠵᠢᠭᠰᠡᠨ ᠬᠢᠷᠢ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ᠦᠢᠯᠡᠳᠪᠦᠷᠢᠯᠡᠯ ᠡᠬᠢᠯᠡᠭᠰᠡᠨ | ᠲᠦᠷᠦᠯ ᠵᠦᠢᠯ ᠤᠨ ᠲᠤᠭᠳᠠᠭᠤᠨ ᠶᠠᠪᠤᠭᠳᠠᠬᠤ ᠶᠢ ᠠᠬᠢᠭᠤᠯᠵᠤ᠂ ᠲᠤᠰ ᠵᠢᠯ ᠳᠤ 3 ᠠᠴᠠ ᠲᠡᠭᠡᠭᠰᠢ ᠠᠵᠤ | ᠠᠬᠤᠶᠢᠯᠠᠯ ᠤᠨ ᠬᠡᠪᠴᠢᠶᠡᠵᠢᠯ ᠢ ᠲᠡᠭᠡᠭᠰᠢᠯᠡᠬᠦᠯᠦᠨ᠎ᠡ᠃ ᠲᠠᠯ᠎ᠠ ᠨᠤᠳᠤᠭ ᠠᠷᠢᠬᠢᠨ ᠦᠯᠡᠳᠪᠦᠷᠢ ᠶᠢᠨ | ᠶᠡᠷᠦᠩᠬᠡᠶᠢᠯᠡᠭᠰᠡᠨ ᠠᠰᠠᠷ ᠪᠠ ᠵᠤᠭᠤᠷᠢ ᠶᠢᠨ ᠪᠠᠶᠢᠭᠤᠯᠤᠯᠳᠠ ᠶᠢ ᠬᠢᠵᠦ᠂ ᠪᠦᠳᠦᠭᠡᠭᠳᠡᠬᠦᠨ ᠤ ᠴᠢᠨᠠᠷ ᠴᠢᠨᠰᠠᠭ᠎ᠠ ᠶᠢ | ᠦᠷᠬᠦᠯᠵᠢᠯᠡᠨ ᠪᠠᠳᠤᠳᠬᠠᠵᠤ ᠲᠡᠭᠡᠰᠢᠯᠡᠬᠦᠯᠦᠭᠰᠡᠨ ᠰᠠᠭᠤᠷᠢᠨ ᠲᠡᠭᠡᠷ᠎ᠡ ᠪᠤᠷᠤᠯᠠᠭᠤᠯᠭ᠎ᠠ ᠶᠢᠨ ᠵᠠᠬ᠎ᠠ ᠶᠢ | ᠲᠠᠰᠤᠷᠠᠯᠳᠠ ᠦᠬᠡᠢ ᠦᠷᠭᠡᠳᠭᠡᠨ᠎ᠡ᠃ ᠬᠤᠩ ᠵᠢᠩ ᠶᠤᠸᠠᠨ ᠲᠤᠰᠤᠨ ᠤ ᠦᠢᠯᠡᠳᠪᠦᠷᠢ ᠶᠢᠨ ᠨᠡᠷᠡᠳᠦ ᠲᠡᠮᠳᠡᠭ | ᠤᠨ ᠡᠬᠦᠳᠦᠯᠳᠡ ᠪᠠ ᠵᠠᠬ᠎ᠠ ᠲᠡᠯᠬᠡᠬᠦᠷ ᠤᠨ ᠪᠤᠷᠤᠯᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠳᠤ ᠲᠡᠮᠵᠢᠯᠬᠡ | ᠦᠵᠡᠬᠦᠯᠦᠨ᠂ ᠬᠤᠪᠢᠴᠠᠭᠠᠨ ᠤ ᠲᠦᠷᠢᠮ ᠤᠨ ᠦᠬᠡᠷᠡᠴᠢᠯᠡᠯᠳᠡ ᠶᠢ ᠢᠳᠡᠪᠬᠢᠳᠡᠢ ᠲᠦᠯᠦᠪᠯᠡᠨ ᠠᠬᠢᠭᠤᠯᠵᠤ᠂ | ᠦᠷᠢᠰᠦᠯᠳᠦᠬᠡᠨ ᠤ ᠬᠦᠴᠦᠨ ᠪᠠ ᠵᠠᠬ᠎ᠠ ᠲᠡᠯᠬᠡᠬᠦᠷ ᠤᠨ ᠡᠵᠡᠯᠡᠪᠦᠷᠢ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ ᠪᠠᠢ | ᠬᠤᠢ ᠱᠧᠩ ᠰᠢᠬᠢᠷ ᠤᠨ ᠦᠢᠯᠡᠳᠪᠦᠷᠢ ᠶᠢᠨ ᠰᠡᠬᠦᠯ ᠬᠤᠷᠢᠶᠠᠬᠤ ᠢᠨᠵᠧᠨᠧᠷᠢᠩ ᠪᠠ ᠦᠢᠯᠡᠳᠪᠦᠷᠢ ᠶᠢᠨ ᠲᠤᠭᠤᠷᠢᠭ | ᠤᠨ ᠬᠠᠳᠠᠭᠤᠷᠠᠭᠤᠯᠤᠯᠳᠠ ᠨᠤᠭᠤᠭᠠᠷᠠᠭᠤᠯᠤᠯᠳᠠ ᠭᠤᠶᠤᠵᠢᠭᠤᠯᠤᠯᠳᠠ ᠶᠢᠨ ᠢᠨᠵᠧᠨᠧᠷᠢᠩ ᠢ ᠲᠦᠷᠭᠡᠨ ᠪᠡᠶᠡᠯᠡᠬᠦᠯᠵᠦ᠂ | ᠵᠠᠬᠢᠶᠠᠯᠠᠭ᠎ᠠ ᠪᠠᠷ ᠰᠢᠬᠢᠷ ᠤᠨ ᠯᠤᠤᠪᠠᠩ ᠲᠠᠷᠢᠬᠤ ᠲᠠᠯᠠᠪᠠᠢ ᠶᠢ ᠦᠷᠭᠡᠳᠬᠡᠨ᠂ ᠶᠡᠷᠦᠩᠬᠡᠢ ᠺᠤᠮᠫᠠᠨᠢ ᠶᠢ ᠡᠨᠡ ᠵᠢᠯ | ᠭᠤᠤᠯ ᠵᠠᠬ᠎ᠠ ᠲᠡᠯᠬᠡᠬᠦᠷ ᠲᠤ ᠭᠠᠷᠭᠠᠬᠤ ᠪᠠᠷ ᠴᠢᠷᠮᠠᠶᠢᠵᠤ᠂ ᠱᠧᠩ ᠲᠠᠢ ᠡᠯ ᠺᠤᠮᠫᠠᠨᠢ ᠶᠢᠨ ᠦᠢᠯᠡᠳᠪᠦᠷᠢᠯᠡᠯ ᠢᠶᠠᠨ | ᠶᠡᠬᠡᠰᠬᠡᠵᠦ ᠦᠷ᠎ᠡ ᠠᠰᠢᠭ ᠢᠶᠠᠨ ᠨᠡᠮᠡᠭᠳᠡᠬᠦᠯᠬᠦ ᠶᠢ ᠠᠬᠢᠭᠤᠯᠤᠨ᠂ ᠶᠡᠷᠦᠩᠬᠡᠢ ᠺᠤᠮᠫᠠᠨᠢ ᠶᠢ ᠲᠡᠳᠬᠦᠵᠦ ᠡᠨᠡ ᠵᠢᠯ | ᠦᠢᠯᠡᠰ ᠪᠦᠳᠦᠬᠡᠬᠦ ᠵᠠᠬ᠎ᠠ ᠲᠡᠯᠬᠡᠬᠦᠷ ᠲᠤ ᠭᠠᠷᠭᠠᠨ᠎ᠠ᠃ ᠴᠠᠭᠠᠰᠤ ᠰᠦᠯᠢᠶᠤᠤ ᠶᠢᠨ ᠠᠵᠤ ᠦᠢᠯᠡᠰ ᠤᠨ ᠲᠤᠭᠤᠷᠢᠭ | ᠤᠨ ᠲᠦᠷᠦᠬᠦᠦ ᠪᠦᠯᠦᠭ ᠤᠷᠤᠵᠤ ᠨᠤᠳᠤᠭᠰᠢᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢ | ᠲᠦᠷᠢᠮᠵᠢᠬᠦᠯᠦᠨ᠂ ᠨᠢᠷᠤᠭᠤᠪᠴᠢ ᠠᠵᠤ ᠠᠬᠤᠶᠢᠯᠠᠯ ᠢ ᠲᠡᠳᠬᠦᠨ ᠬᠦᠴᠦᠷᠭᠡᠭᠵᠢᠬᠦᠯᠵᠦ᠂ ᠲᠡᠭᠡᠳᠦ ᠰᠢᠨ᠎ᠡ ᠮᠡᠷᠭᠡᠵᠢᠯ | ᠤᠨ ᠤᠷᠤᠨ ᠲᠤᠭᠤᠷᠢᠭ ᠤᠨ ᠬᠠᠮᠢᠶᠠᠷᠤᠯᠳᠠ ᠶᠢᠨ ᠲᠦᠪᠰᠢᠨ ᠢ ᠲᠠᠰᠤᠷᠠᠯᠳᠠ ᠦᠬᠡᠢ ᠲᠡᠭᠡᠰᠢᠯᠡᠬᠦᠯᠦᠨ᠎ᠡ᠃ | ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠶᠢ ᠲᠦᠷᠭᠡᠳᠬᠡᠨ᠂ ᠱᠧᠩ ᠲᠠᠢ ᠡᠯ ᠺᠤᠮᠫᠠᠨᠢ ᠶᠢᠨ ᠬᠤᠶᠠᠳᠤᠭᠠᠷ | ᠬᠤᠭᠤᠴᠠᠭ᠎ᠠ᠂ ᠳ᠋ᠧ ᠴᠢᠩ ᠶᠤᠸᠠᠨ ᠦᠨᠳᠡᠭᠡ ᠮᠢᠬᠠᠨ ᠤ ᠦᠢᠯᠡᠳᠪᠦᠷᠢᠯᠡᠯ ᠵᠡᠷᠭᠡ ᠲᠦᠷᠦᠯ ᠵᠦᠢᠯ ᠢ ᠡᠨᠡ ᠳᠡᠭᠡᠨ | ᠦᠢᠯᠡᠳᠪᠦᠷᠢᠯᠡᠯ ᠡᠬᠢᠯᠡᠬᠦᠯᠬᠦ ᠪᠠᠷ ᠴᠢᠷᠮᠠᠶᠢᠨ᠎ᠠ᠃ ᠵᠣᠬᠢᠶᠠᠮᠠᠯ ᠠᠯᠮᠠᠰ ᠴᠢᠯᠠᠭᠤ ᠂ 85 ᠲᠦᠮᠡᠨ ᠺᠢᠯᠤᠸᠠᠲ ᠤᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠯᠢᠤᠢ ᠼᠤᠤ ᠲᠠᠩ ᠬᠢᠳᠠᠳ ᠡᠮ ᠤᠨ | ᠦᠢᠯᠡᠳᠪᠦᠷᠢᠯᠡᠯ᠂ ᠺᠧ ᠲᠠᠢ ᠯᠦᠩ ᠳ᠋ᠠ ᠺᠤᠮᠫᠠᠨᠢ ᠶᠢᠨ ᠬᠤᠶᠠᠳᠤᠭᠠᠷ ᠬᠤᠭᠤᠴᠠᠭ᠎ᠠ᠂ ᠴᠠᠭᠠᠰᠤ ᠰᠦᠯᠢᠶᠤᠤ ᠶᠢᠨ | ᠠᠵᠤ ᠦᠢᠯᠡᠰ ᠤᠨ ᠲᠤᠭᠤᠷᠢᠭ ᠤᠨ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠤᠨ ᠬᠦᠢᠴᠡᠳᠭᠡᠯ ᠢ | ᠲᠦᠷᠭᠡᠨ ᠬᠢᠵᠦ᠂ 5 ᠰᠠᠷ᠎ᠠ ᠶᠢᠨ ᠡᠬᠢ ᠪᠠᠷ ᠪᠦᠳᠦᠬᠡᠨ ᠪᠠᠶᠢᠭᠤᠯᠤᠯᠳᠠ ᠡᠬᠢᠯᠡᠬᠦ ᠶᠢ ᠪᠠᠳᠤᠯᠠᠨ᠎ᠠ᠃ ᠵᠤᠬᠢᠶᠠᠮᠠᠯ | ᠠᠯᠮᠠᠰ ᠴᠢᠯᠠᠭᠤ ᠦᠢᠯᠡᠳᠬᠦ ᠲᠦᠷᠦᠯ ᠵᠦᠢᠯ ᠳᠤ ᠲᠦᠰᠢᠭᠯᠡᠨ᠂ ᠬᠡᠳᠦ ᠬᠠᠳᠠᠭᠤ ᠮᠠᠲ᠋ᠧᠷᠢᠶᠠᠯ ᠤᠨ ᠠᠵᠤ ᠦᠢᠯᠡᠰ | ᠤᠨ ᠬᠦᠭᠵᠢᠯᠳᠡ ᠶᠢᠨ ᠲᠦᠯᠦᠪᠵᠢᠬᠦᠯᠬᠡ ᠶᠢ ᠱᠠᠯᠠᠪᠳᠠᠨ ᠲᠤᠭᠳᠠᠭᠠᠵᠤ᠂ ᠲᠡᠬᠦᠨ ᠲᠠᠢ ᠢᠵᠢ ᠪᠦᠷᠢᠳᠦᠭᠰᠡᠨ | ᠬᠤᠯᠪᠤᠭᠳᠠᠬᠤ ᠠᠵᠤ ᠦᠢᠯᠡᠰ ᠤᠨ ᠬᠡᠯᠬᠢᠶᠡᠰᠦ ᠶᠢ ᠰᠤᠨᠤᠭᠠᠨ᠎ᠠ᠃ ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠲᠤᠭᠤᠷᠢᠭ ᠤᠨ ᠶᠡᠷᠦᠩᠬᠡᠢ ᠲᠦᠯᠦᠪᠵᠢᠬᠦᠯᠬᠡ ᠪᠠ ᠠᠵᠤ ᠦᠢᠯᠡᠰ ᠤᠨ ᠲᠦᠯᠦᠪᠵᠢᠬᠦᠯᠬᠡ ᠶᠢ | ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ 1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠤᠷᠤᠨ | ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠪᠦᠷᠢᠨᠰᠢᠬᠦᠯᠦᠨ᠎ᠡ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠪᠤᠯᠪᠠᠰᠤᠷᠠᠭᠤᠯᠤᠯᠳᠠ᠂ ᠬᠠᠳᠠᠭᠤᠯᠢᠭ ᠮᠠᠲ᠋ᠧᠷᠢᠶᠠᠯ ᠤᠨ | ᠨᠠᠷᠢᠯᠢᠭ ᠪᠤᠯᠪᠠᠰᠤᠷᠠᠭᠤᠯᠤᠯᠳᠠ᠂ ᠠᠮᠢᠳᠤ ᠪᠤᠳᠠᠰ ᠤᠨ ᠡᠮ ᠲᠠᠩ ᠦᠢᠯᠡᠳᠪᠦᠷᠢᠯᠡᠬᠦ ᠵᠡᠷᠭᠡ ᠭᠤᠤᠯᠳᠠᠯᠭᠠᠳᠠᠢ ᠬᠦᠷᠢᠶ᠎ᠡ | ᠴᠠᠷ᠎ᠠ ᠶᠢᠨ ᠲᠤᠭᠤᠷᠢᠨ ᠳᠤ᠂ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠦᠯᠦᠪᠯᠡᠨ | ᠤᠷᠤᠭᠤᠯᠵᠤ᠂ ᠪᠦᠬᠦ ᠵᠢᠯ ᠳᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠡᠮᠵᠢᠶ᠎ᠡ ᠶᠢ 30 ᠳ᠋ᠦᠩᠰᠢᠭᠤᠷ | ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ | ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ︽ᠲᠦᠮᠦᠰᠦ ᠶᠢ ᠪᠠᠭᠠᠰᠬᠠᠵᠤ ᠨᠤᠭᠤᠭ᠎ᠠ ᠡᠮ ᠡᠪᠡᠰᠦ ᠶᠢ ᠶᠡᠬᠡᠰᠭᠡᠬᠦ︾ | ᠰᠡᠳᠬᠢᠴᠡ ᠪᠠᠷ᠂ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ ᠤᠨᠴᠠᠯᠢᠭᠳᠤ ᠲᠠᠷᠢᠮᠠᠯ ᠤᠨ ᠲᠠᠯᠠᠪᠠᠢ ᠶᠢ | ᠦᠷᠭᠡᠳᠭᠡᠵᠦ᠂ ᠡᠨᠡ ᠵᠢᠯ 12 ᠲᠦᠮᠡᠨ ᠮᠤ᠋ ᠰᠢᠬᠢᠷ ᠤᠨ ᠯᠤᠤᠪᠠᠩ᠂ 5 ᠲᠦᠮᠡᠨ ᠮᠤ᠋ ᠲᠦᠮᠦᠰᠦ᠂ 5 ᠲᠦᠮᠡᠨ | ᠮᠤ᠋ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭ᠎ᠠ᠂ 3 ᠲᠦᠮᠡᠨ ᠮᠤ᠋ ᠡᠮ ᠤᠨ ᠮᠠᠲ᠋ᠧᠷᠢᠶᠠᠯ᠂ 2 ᠲᠦᠮᠡᠨ ᠮᠤ᠋ | ᠨᠤᠶᠢᠯ ᠠᠷᠪᠠᠢ᠂ 20 ᠲᠦᠮᠡᠨ ᠮᠤ᠋ ᠡᠪᠡᠰᠦ ᠪᠤᠷᠳᠤᠭ᠎ᠠ ᠲᠠᠷᠢᠨ᠎ᠠ᠃ ᠰᠠᠶᠢᠨ ᠡᠬᠦᠯᠳᠡᠷ ᠤᠨ ᠮᠢᠬᠠᠨ ᠤ ᠦᠬᠡᠷ ᠤᠨ | ᠠᠵᠤ ᠦᠢᠯᠡᠰ ᠢ ᠦᠷᠬᠦᠯᠵᠢᠯᠡᠨ ᠬᠦᠭᠵᠢᠬᠦᠯᠵᠦ᠂ ᠵᠢᠯ ᠳᠤ 5000 ᠲᠤᠯᠤᠭᠠᠢ ᠰᠠᠶᠢᠨ ᠡᠬᠦᠯᠳᠡᠷ ᠤᠨ ᠮᠢᠬᠠᠨ ᠤ | ᠦᠬᠡᠷ ᠤᠷᠤᠭᠤᠯᠤᠨ᠂ 2 ᠰᠠᠭᠤᠷᠢ ᠭᠡᠪᠴᠢᠶᠡᠵᠢᠭᠰᠡᠨ ᠪᠤᠬ᠎ᠠ ᠮᠠᠯᠵᠢᠬᠤ ᠲᠠᠯᠠᠪᠠᠢ ᠶᠢ ᠪᠠᠶᠢᠭᠤᠯᠬᠤ ᠪᠠᠷ | ᠡᠷᠡᠮᠡᠯᠵᠡᠯᠡᠨ ᠮᠡᠳᠡᠬᠦᠯᠵᠦ᠂ ᠠᠩᠬᠢᠰ ᠦᠬᠡᠷ ᠪᠠ ᠰᠢᠮᠧᠨᠲ᠋ᠠᠷ ᠦᠬᠡᠷ ᠤᠨ ᠭᠤᠤᠯᠳᠠᠯᠭᠠᠳᠤ ᠰᠦᠷᠦᠭ 5 ᠶᠢ | ᠪᠠᠶᠢᠭᠤᠯᠤᠨ᠎ᠠ᠃ ᠡᠤ ᠹᠧᠩ ᠺᠤᠮᠫᠠᠨᠢ ᠶᠢᠨ ᠮᠢᠬᠠᠨ ᠤ ᠦᠬᠡᠷ ᠤᠨ ᠨᠠᠷᠢᠯᠢᠭ ᠪᠤᠯᠪᠠᠰᠤᠷᠠᠭᠤᠯᠤᠯᠳᠠ᠂ ᠴᠠᠩ ᠫᠢᠩ | ᠤᠨ ᠬᠦᠵᠡᠯᠵᠡᠬᠡᠨ᠎ᠡ ᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ᠂ ᠼᠠᠨ ᠶᠤᠸᠠᠨ ᠬᠢᠳᠠᠳ ᠡᠮ ᠤᠨ ᠮᠠᠲ᠋ᠧᠷᠢᠶᠠᠯ | ᠤᠨ ᠵᠠᠬ᠎ᠠ ᠲᠡᠯᠬᠡᠬᠦᠷ ᠵᠡᠷᠭᠡ ᠲᠦᠷᠦᠯ ᠵᠦᠢᠯ ᠢ ᠡᠨᠡ ᠵᠢᠯ ᠦᠢᠯᠡᠳᠪᠦᠷᠢᠯᠡᠯ ᠡᠬᠢᠯᠡᠬᠦᠯᠬᠦ ᠪᠠᠷ ᠴᠢᠷᠮᠠᠶᠢᠨ᠎ᠠ᠃ ᠠᠷᠭᠠᠯ | ᠬᠤᠭ ᠢ ᠡᠬᠢ ᠪᠠᠶᠠᠯᠢᠬᠵᠢᠭᠤᠯᠤᠨ ᠠᠰᠢᠭᠯᠠᠬᠤ ᠲᠤᠷᠰᠢᠯᠳᠠ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ | ᠨᠠᠮᠤᠭ ᠤᠨ ᠭᠡᠢ ᠪᠠᠷ ᠴᠠᠬᠢᠯᠭᠠᠨ ᠭᠠᠷᠭᠠᠬᠤ ᠦᠢᠯᠡᠳᠪᠦᠷᠢ ᠢ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠪᠠᠷ | ᠴᠢᠷᠮᠠᠶᠢᠨ᠎ᠠ᠃ ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠴᠤᠭᠴᠠ ᠶᠢ ᠲᠡᠳᠬᠦᠨ | ᠬᠦᠭᠵᠢᠬᠦᠯᠵᠦ᠂ 200 ᠡᠷᠦᠬᠡ ᠲᠤᠰᠬᠠᠢ ᠬᠤᠷᠰᠢᠶᠠᠵᠢᠯ ᠢ ᠱᠠᠭᠠᠷᠳᠠᠯᠭ᠎ᠠ ᠶᠤᠰᠤᠭᠠᠷ ᠴᠡᠭᠴᠡᠯᠡᠨ ᠲᠦᠷᠢᠮᠵᠢᠬᠦᠯᠵᠦ᠂ | ᠪᠠᠷᠢᠮᠵᠢᠶᠠᠳᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 150 ᠶᠢ ᠰᠢᠨ᠎ᠡ ᠪᠠᠷ ᠬᠢᠨᠠᠨ ᠲᠤᠭᠳᠠᠭᠠᠨ᠎ᠠ᠃ | ᠵᠢᠵᠢᠭ ᠲᠠᠷᠢᠶᠠᠴᠢᠨ ᠡᠷᠦᠬᠡ ᠶᠢ ᠲᠡᠳᠬᠦᠬᠦ ᠪᠠ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢ ᠤᠷᠭᠠᠨᠢᠭ ᠢᠶᠠᠷ | ᠵᠤᠯᠭᠠᠭᠤᠯᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠲᠠᠷᠢᠶᠠᠴᠢᠨ ᠡᠷᠦᠬᠡ + | ᠬᠤᠷᠰᠢᠶᠠᠵᠢᠯ︾᠂ ︽ᠲᠠᠷᠢᠶᠠᠴᠢᠨ ᠡᠷᠦᠬᠡ + ᠺᠤᠮᠫᠠᠨᠢ︾ ᠵᠡᠷᠭᠡ ᠠᠰᠢᠭ ᠲᠤᠰᠠ ᠶᠢᠨ ᠬᠤᠯᠪᠤᠭᠳᠠᠯ ᠤᠨ | ᠲᠤᠭᠳᠠᠴᠠ ᠶᠢ ᠲᠡᠬᠦᠯᠳᠡᠷᠵᠢᠬᠦᠯᠦᠨ᠎ᠡ᠃ ︽ᠭᠤᠷᠪᠠᠨ ᠪᠦᠳᠦᠭᠡᠭᠳᠡᠬᠦᠨ ᠨᠢᠬᠡ ᠲᠡᠮᠳᠡᠭ︾ ᠢᠶᠠᠷ ᠰᠢᠯᠭᠠᠨ | ᠭᠡᠷᠡᠴᠢᠯᠡᠬᠦᠯᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠢ ᠲᠡᠭᠡᠭᠰᠢᠯᠡᠬᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠭᠡᠳᠬᠡᠨ᠂ | ᠲᠠᠷᠢᠶᠠᠨ ᠡᠮ ᠤᠨ ᠬᠤᠤᠷ ᠤᠨ ᠪᠠᠶᠢᠴᠠᠭᠠᠯᠳᠠ᠂ ᠠᠮᠢᠳᠠᠨ ᠤ ᠡᠪᠡᠳᠴᠢᠨ ᠬᠢᠵᠢᠭ ᠤᠨ ᠰᠡᠷᠭᠡᠶᠢᠯᠡᠯᠳᠡ ᠶᠢ | ᠴᠢᠩᠭᠠᠳᠬᠠᠨ᠎ᠠ᠃ ᠦᠢᠯᠡᠴᠢᠯᠡᠬᠡᠨ ᠤ ᠦᠢᠯᠡᠰ ᠤᠨ ᠠᠭᠤᠰᠤᠯᠵᠢᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ | ᠦᠢᠯᠡᠴᠢᠯᠡᠬᠡᠨ ᠤ ᠦᠢᠯᠡᠰ ᠤᠨ ᠭᠤᠤᠯᠳᠠᠯᠭᠠᠳᠠᠢ ᠬᠦᠷᠢᠶ᠎ᠡ ᠴᠠᠷ᠎ᠠ ᠶᠢ ᠴᠢᠨᠠᠷ ᠰᠠᠶᠢᠳᠠᠢ ᠬᠦᠭᠵᠢᠬᠦᠯᠬᠦ ᠠᠵᠢᠯᠯᠠᠭ᠎ᠠ | ᠶᠢ ᠦᠷᠨᠢᠬᠦᠯᠦᠨ᠂ ᠪᠡᠭᠡᠵᠢᠩ ᠲᠢᠶᠠᠨᠵᠢᠨ ᠾᠧᠪᠸᠢ ᠶᠢᠨ ᠵᠤᠴᠢᠨ ᠤ ᠢᠷᠡᠯᠳᠡ ᠶᠢᠨ ᠵᠠᠬ᠎ᠠ ᠵᠡᠬᠡᠯᠢ ᠳᠤ ᠬᠠᠨᠳᠤᠵᠤ᠂ | ᠬᠤᠭᠤᠯᠠ ᠤᠮᠳᠠ ᠬᠤᠨᠤᠭ ᠰᠠᠭᠤᠴᠠ᠂ ᠰᠤᠶᠤᠯ ᠤᠨ ᠤᠶᠢᠯᠠᠭᠠᠯᠳᠠ᠂ ᠪᠡᠶ᠎ᠡ ᠰᠤᠪᠢᠯᠠᠯᠳᠠ᠂ ᠰᠡᠯᠡᠬᠦᠴᠡᠯ | ᠵᠡᠷᠭᠡ ᠦᠢᠯᠡᠴᠢᠯᠡᠬᠡᠨ ᠤ ᠦᠢᠯᠡᠰ ᠤᠨ ᠲᠦᠷᠭᠡᠨ ᠬᠦᠭᠵᠢᠬᠦ ᠶᠢ ᠠᠬᠢᠭᠤᠯᠤᠨ᠂ ᠪᠡᠭᠡᠵᠢᠩ ᠲᠢᠶᠠᠨᠵᠢᠨ ᠾᠧᠪᠸᠢ | ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠠᠮᠢ ᠠᠬᠤᠢ ᠶᠢᠨ ᠰᠤᠶᠤᠯ ᠵᠢᠭᠤᠯᠴᠢᠯᠠᠯ ᠤᠨ ᠤᠷᠤᠨ ᠢ ᠡᠬᠦᠳᠦᠨ | ᠪᠠᠶᠢᠭᠤᠯᠤᠨ᠎ᠠ᠃ ᠬᠠᠭᠠᠨ ᠤ ᠠᠳᠤᠭᠤᠨ ᠵᠤᠰᠠᠭᠠᠯ᠂ ᠦᠨᠳᠦᠰᠦᠳᠡᠨ ᠤ ᠤᠨᠴᠠᠯᠢᠭᠳᠤ ᠠᠳᠤᠭᠤᠳᠤ ᠪᠠᠯᠭᠠᠰᠤ᠂ | ᠰᠢᠨᠠᠭᠠᠨ ᠪᠤᠯᠠᠭ᠂ ᠪᠢᠶᠠᠨ ᠴᠢᠶᠠᠩ ᠲᠤᠰᠬᠤᠨ᠂ ᠰᠠᠶᠢᠨᠬᠠᠨᠨᠠᠭᠤᠷ ᠵᠡᠷᠭᠡ ᠵᠢᠭᠤᠯᠴᠢᠯᠠᠯ ᠤᠨ ᠤᠷᠤᠨ ᠤ | ᠭᠤᠤᠯᠳᠠᠯᠭᠠᠳᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠠᠶᠢᠨ ᠠᠳᠬᠤᠵᠤ ︽ᠰᠢᠨ᠎ᠡ ᠭᠤᠷᠪᠠᠨ ᠵᠢᠯ | ᠤᠨ ᠵᠤᠷᠯᠤᠩ ᠤᠨ ᠦᠬᠡᠷᠡᠴᠢᠯᠡᠯᠳᠡ︾ ᠶᠢ ᠢᠳᠡᠪᠬᠢᠳᠡᠢ ᠲᠦᠯᠬᠢᠨ ᠠᠬᠢᠭᠤᠯᠵᠤ᠂ ᠵᠢᠭᠤᠯᠴᠢᠯᠠᠯ ᠳᠤ ᠭᠡᠷᠡᠭᠯᠡᠬᠦ | ᠵᠤᠷᠯᠤᠩ 23 ᠶᠢ ᠰᠢᠨ᠎ᠡ ᠪᠷ ᠪᠠᠶᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ | ᠳᠤ ᠤᠷᠤᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ ᠢ ᠲᠦᠷᠭᠡᠨ ᠭᠡᠷᠡᠭᠵᠢᠬᠦᠯᠵᠦ᠂ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂ ︽ | ᠬᠤᠰᠢᠭᠤ ᠰᠤᠮᠤ ᠭᠠᠴᠠᠭ᠎ᠠ︾ ᠭᠤᠷᠪᠠᠨ ᠱᠠᠳᠤᠨ ᠤ ᠪᠤᠳᠠᠰ ᠤᠨ ᠬᠦᠢᠯᠬᠡᠬᠡᠨ ᠤ ᠰᠢᠰᠲ᠋ᠧᠮᠵᠢ ᠶᠢ | ᠲᠡᠬᠦᠯᠳᠡᠷᠵᠢᠬᠦᠯᠦᠨ᠎ᠡ᠃ ᠡᠯᠧᠺᠲᠷᠤᠨ ᠬᠤᠳᠠᠯᠳᠤᠭᠠᠨ ᠤ ᠨᠡᠷᠡᠳᠦ ᠲᠡᠮᠳᠡᠭ ᠤᠨ ᠪᠤᠶᠢᠵᠢᠭᠤᠯᠤᠯᠳᠠ᠂ ᠤᠬᠠᠭᠤᠯᠭ᠎ᠠ | ᠪᠤᠯᠪᠠᠰᠤᠷᠠᠯ ᠵᠡᠷᠭᠡ ᠠᠵᠢᠯ ᠢ ᠰᠠᠶᠢᠨ ᠬᠢᠵᠦ᠂ ᠲᠠᠶᠢᠹᠤᠰᠧ ᠬᠤᠰᠢᠭᠤᠨ ᠤ ᠪᠠᠨ ᠡᠯᠧᠺᠲᠷᠤᠨ ᠬᠤᠳᠠᠯᠳᠤᠭᠠᠨ ᠤ | ᠨᠡᠶᠢᠳᠡ ᠶᠢᠨ ᠨᠡᠷᠡᠳᠦ ᠲᠡᠮᠳᠡᠭ ᠢ ᠲᠠᠩᠰᠠᠯᠠᠭᠤᠯᠵᠤ ᠠᠰᠢᠭᠯᠠᠯᠳᠠ ᠳᠤ ᠤᠷᠤᠭᠤᠯᠤᠨ᠎ᠠ᠃ | ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ | ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠶᠢ ᠲᠡᠮᠵᠢᠬᠦ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ | ᠨᠢᠮᠪᠠᠢ ᠨᠠᠶᠢᠳᠠᠪᠤᠷᠢᠵᠢᠭᠤᠯᠵᠤ᠂ ︽ᠲᠤᠮᠤ ᠶᠢ ᠠᠳᠬᠤᠬᠤ᠂ ᠪᠠᠭ᠎ᠠ ᠶᠢ ᠲᠡᠳᠬᠦᠬᠦ᠂ ᠬᠤᠬᠢᠷᠠᠯ ᠢ ᠡᠭᠡᠬᠦᠯᠬᠦ᠂ | ᠰᠢᠨ᠎ᠡ ᠶᠢ ᠪᠤᠶᠢᠵᠢᠭᠤᠯᠬᠤ᠂ ᠬᠡᠯᠬᠢᠶᠡᠰᠦ ᠶᠢ ᠤᠷᠳᠤᠳᠬᠠᠬᠤ︾ ᠳᠤ ᠰᠠᠭᠤᠷᠢᠯᠠᠨ᠂ ᠤᠳᠤᠷᠢᠳᠬᠤ ᠺᠠᠳᠠᠷ | ᠲᠠᠭᠠᠭᠠᠴᠢᠯᠠᠨ ᠬᠠᠷᠢᠴᠠᠬᠤ ᠲᠦᠷᠢᠮ ᠢ ᠲᠤᠭᠳᠠᠵᠤ᠂ ᠠᠷᠭ᠎ᠠ ᠬᠡᠮᠵᠢᠶ᠎ᠡ ᠠᠪᠴᠤ ᠠᠵᠤ ᠠᠬᠤᠶᠢᠯᠠᠯ ᠤᠨ ᠦᠪᠡᠷᠦᠨ | ᠦᠷᠳᠡᠭ ᠢ ᠪᠠᠭᠤᠷᠠᠭᠤᠯᠤᠨ᠂ ᠪᠡᠯᠡ ᠬᠤᠷᠠᠮᠳᠤᠭᠤᠯᠬᠤ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ | ᠠᠷᠠᠯᠵᠢᠶᠠᠴᠢᠨ ᠢ ᠬᠠᠯᠠᠮᠵᠢᠯᠠᠵᠤ ᠠᠷᠠᠯᠵᠢᠶᠠᠴᠢᠨ ᠢ ᠠᠮᠤᠷᠵᠢᠭᠤᠯᠵᠤ ᠠᠷᠠᠯᠵᠢᠶᠠᠴᠢᠨ ᠳᠤ ᠠᠰᠢᠭ ᠬᠦᠷᠳᠡᠭᠡᠬᠦ ᠠᠬᠤᠢ | ᠪᠠᠶᠢᠳᠠᠯ ᠢ ᠦᠷᠬᠦᠯᠵᠢᠯᠡᠨ ᠡᠬᠦᠳᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠪᠠ ᠠᠷᠠᠯᠵᠢᠶᠠᠨ ᠤ ᠶᠠᠪᠤᠳᠠᠯ | ᠤᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠵᠤ᠂ ᠬᠢᠨᠠᠨ ᠵᠦᠪᠰᠢᠶᠡᠷᠡᠬᠦ ᠵᠦᠢᠯᠡᠰ ᠢ ᠤᠯᠠᠮ | ᠨᠢᠬᠡ ᠠᠯᠬᠤᠮ ᠴᠤᠮᠬᠠᠳᠬᠠᠨ ᠲᠦᠬᠦᠮᠴᠢᠯᠡᠵᠦ᠂ ᠬᠢᠨᠠᠨ ᠵᠦᠪᠰᠢᠶᠡᠷᠡᠬᠦ ᠶᠠᠪᠤᠴᠠ ᠶᠢ ᠰᠢᠯᠢᠳᠡᠭᠵᠢᠬᠦᠯᠦᠨ᠂ ︽ᠤᠯᠠᠨ | ᠦᠨᠡᠮᠯᠡᠯ ᠢ ᠨᠢᠬᠡᠳᠭᠡᠬᠦ︾᠂ ︽ ᠦᠨᠡᠮᠯᠡᠯ ᠲᠡᠮᠳᠡᠭ ᠢ ᠰᠠᠯᠭᠠᠬᠤ︾᠂ ︽ᠦᠨᠡᠮᠯᠡᠯ ᠠᠪᠤᠭᠰᠠᠨ ᠤ ᠲᠠᠷᠠᠭ᠎ᠠ | ᠲᠡᠮᠳᠡᠭ ᠢ ᠪᠠᠭᠠᠰᠬᠠᠬᠤ︾ ᠲᠦᠷᠢᠮ ᠢ ᠭᠡᠷᠡᠭᠵᠢᠬᠦᠯᠵᠦ᠂ ︽ᠨᠢᠬᠡ ᠰᠦᠯᠵᠢᠶ᠎ᠡ ᠨᠢᠬᠡ ᠡᠬᠦᠳᠡ ᠨᠢᠬᠡ ᠤᠳᠠᠭ᠎ᠠ︾ | ᠶᠢᠨ ᠦᠬᠡᠷᠡᠴᠢᠯᠡᠯᠳᠡ ᠪᠠ ᠤᠷᠤᠯᠠᠨ ᠬᠦᠢᠴᠡᠳᠭᠡᠬᠦ ᠲᠦᠷᠢᠮ ᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ | ᠬᠢᠨᠠᠨ ᠵᠦᠪᠰᠢᠶᠡᠷᠡᠬᠦᠯᠬᠦ ᠶᠠᠪᠤᠳᠠᠯ ᠳᠤ ᠲᠤᠳᠠᠭᠤ ᠬᠦᠶᠦᠯᠬᠡᠨ᠂ ᠵᠠᠬ᠎ᠠ ᠲᠡᠯᠬᠡᠬᠦᠷ ᠲᠤ ᠢᠯᠡᠬᠦᠦ ᠬᠦᠶᠦᠬᠦ ᠴᠠᠭ | ᠤᠯᠭᠤᠨ᠎ᠠ᠃ | ︵ᠭᠤᠷᠪᠠ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠢ ᠲᠡᠭᠡᠭᠰᠢᠯᠡᠬᠦᠯᠵᠦ᠂ | ᠴᠢᠨᠠᠷ ᠰᠠᠶᠢᠳᠠᠢ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠨ᠎ᠡ᠃ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠭᠡᠷᠡᠭᠳᠡᠢ᠃ ᠬᠤᠰᠢᠭᠤ ᠱᠠᠳᠤ | ᠤᠷᠤᠨ ᠲᠤᠭᠤᠷᠢᠭ ᠤᠨ ᠬᠦᠭᠵᠢᠯᠳᠡ ᠶᠢ ᠭᠤᠤᠯᠳᠠᠯᠭᠠᠳᠠᠢ ᠠᠳᠬᠤᠬᠤ᠂ ᠰᠤᠮᠤ ᠰᠢᠶᠠᠩ ᠪᠠᠯᠭᠠᠰᠤ ᠤᠨᠴᠠᠯᠢᠭᠳᠤ | ᠠᠵᠤ ᠦᠢᠯᠡᠰ ᠢ ᠭᠤᠤᠯᠳᠠᠯᠭᠠᠳᠠᠢ ᠠᠳᠬᠤᠬᠤ᠂ ᠭᠠᠴᠠᠭ᠎ᠠ ᠲᠤᠰᠬᠤᠨ ᠬᠠᠮᠳᠤ ᠶᠢᠨ ᠠᠵᠤ ᠠᠬᠤᠢ ᠶᠢ | ᠭᠤᠤᠯᠳᠠᠯᠭᠠᠳᠠᠢ ᠠᠳᠬᠤᠬᠤ ᠶᠢ ᠪᠠᠷᠢᠮᠳᠠᠯᠠᠨ᠂ ᠬᠤᠰᠢᠭᠤ ᠰᠢᠶᠠᠨ ᠪᠠ ᠬᠦᠳᠡᠭᠡ ᠲᠤᠰᠬᠤᠨ ᠤ ᠠᠵᠤ ᠠᠬᠤᠢ ᠶᠢ | ᠠᠯᠬᠤᠮ ᠠᠯᠬᠤᠮ ᠢᠶᠠᠷ ᠪᠤᠵᠠᠭᠠᠶᠢᠷᠠᠭᠤᠯᠵᠤ ᠰᠢᠯᠢᠳᠡᠭᠵᠢᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠨᠢᠬᠡ | ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠬᠤ ᠬᠡᠯᠪᠡᠷᠢ ᠶᠢᠨ ᠰᠢᠨ᠎ᠡ ᠶᠢ ᠡᠬᠦᠳᠴᠦ᠂ ᠲᠠᠷᠢᠶᠠᠯᠠᠩ ᠮᠠᠯ | ᠠᠵᠤ ᠠᠬᠤᠢ ᠶᠢᠨ ᠰᠤᠶᠤᠯ ᠵᠢᠭᠤᠯᠴᠢᠯᠠᠯ᠂ ᠠᠰᠠᠷᠠᠮᠵᠢ ᠰᠤᠪᠢᠯᠠᠯᠳᠠ ᠵᠡᠷᠭᠡ ᠠᠵᠤ ᠦᠢᠯᠡᠰ ᠲᠠᠢ ᠬᠦᠨ | ᠠᠭᠤᠰᠤᠯᠴᠠᠬᠤ ᠶᠢ ᠲᠦᠯᠬᠢᠨ ᠠᠬᠢᠭᠤᠯᠤᠨ᠎ᠠ᠃ ᠦᠵᠡᠰᠬᠦᠯᠡᠩᠳᠦ ᠬᠦᠳᠡᠭᠡ ᠶᠢᠨ ᠪᠦᠳᠦᠬᠡᠨ ᠪᠠᠶᠢᠭᠤᠯᠤᠯᠳᠠ ᠪᠠᠷ | ᠭᠠᠷᠳᠠᠴᠠ ᠪᠤᠯᠭᠠᠨ᠂ ᠬᠤᠳᠠ ᠤᠰᠤᠨ ᠤ ︽ᠭᠤᠷᠪᠠ ᠶᠢ ᠴᠡᠪᠡᠷᠯᠡᠵᠦ ᠨᠢᠬᠡ ᠶᠢ ᠴᠡᠭᠴᠡᠯᠡᠬᠦ︾ ᠠᠵᠢᠯᠯᠠᠭ᠎ᠠ ᠶᠢ ᠪᠦᠬᠦ | ᠲᠠᠯᠠᠪᠠᠷ ᠡᠬᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ | ᠶᠢ ᠬᠦᠨᠵᠡᠬᠡᠢ ᠦᠷᠨᠢᠬᠦᠯᠦᠨ᠂ ᠨᠢᠬᠡ ᠪᠦᠯᠦᠭ ᠦᠪᠡᠷᠳᠡᠭᠡᠨ ᠵᠠᠰᠠᠬᠤ ᠤᠷᠤᠨ ᠤ ᠲᠡᠰ ᠤᠨ ᠦᠵᠡᠰᠬᠦᠯᠡᠩᠳᠦ ᠬᠦᠳᠡᠭᠡ | ᠶᠢᠨ ᠵᠢᠱᠢᠶ᠎ᠡ ᠦᠵᠡᠬᠦᠯᠬᠦ ᠴᠡᠭ ᠢ ᠡᠬᠦᠳᠦᠨ ᠪᠠᠶᠢᠭᠤᠯᠤᠨ᠎ᠠ᠃ ᠭᠠᠵᠠᠷ ᠰᠢᠷᠤᠢ ᠨᠤᠳᠤᠭ ᠪᠡᠯᠴᠢᠭᠡᠷ ᠤᠨ ᠲᠦᠷᠢᠮ | ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠭᠤᠷᠪᠠ ᠡᠷᠭᠡ ᠶᠢ ᠰᠠᠯᠭᠠᠬᠤ︾ ᠤᠯᠠᠨ ᠵᠦᠢᠯ ᠤᠨ ᠪᠡᠶᠡᠯᠡᠭᠳᠡᠯ | ᠤᠨ ᠭᠡᠯᠪᠡᠷᠢ ᠶᠢ ᠰᠦᠪᠡᠭᠴᠢᠯᠡᠨ᠂ ᠭᠠᠴᠠᠭ᠎ᠠ ᠲᠤᠰᠬᠤᠨ ᠤ ᠬᠠᠮᠳᠤ ᠶᠢᠨ ᠭᠠᠵᠠᠷ ᠰᠢᠷᠤᠢ᠂ ᠨᠤᠳᠤᠭ ᠪᠡᠯᠴᠢᠬᠡᠷ᠂ | ᠤᠢ ᠮᠤᠳᠤ᠂ ᠰᠤᠯᠠ ᠰᠡᠯᠡᠬᠦᠦ ᠭᠡᠷ ᠪᠠᠶᠢᠰᠢᠩ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠪᠠ ᠡᠳ᠋ ᠬᠦᠷᠦᠩᠬᠡ ᠶᠢ | ᠡᠷᠬᠢᠯᠳᠡ ᠳᠤ ᠤᠷᠤᠭᠤᠯᠵᠤ ᠂ ᠬᠠᠮᠳᠤ ᠶᠢᠨ ᠡᠬᠢ ᠪᠠᠶᠠᠯᠢᠭ᠂ ᠡᠳ᠋ ᠬᠦᠷᠦᠩᠬᠡ᠂ ᠪᠡᠯᠡ ᠮᠦᠩᠬᠦ ᠶᠢᠨ | ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠵᠡᠩᠨᠡᠯᠳᠡ | ᠶᠢᠨ ᠡᠷᠭᠡ ᠶᠢ ᠰᠢᠯᠵᠢᠬᠦᠯᠬᠦ ᠲᠠᠪᠴᠠᠩ ᠤᠨ ᠪᠠᠶᠢᠭᠤᠯᠤᠯᠳᠠ ᠶᠢ ᠠᠬᠢᠭᠤᠯᠤᠨ᠂ ᠡᠬᠢ ᠪᠠᠶᠠᠯᠢᠭ ᠢ ᠡᠳ᠋ ᠬᠦᠷᠦᠩᠬᠡ | ᠪᠤᠯᠭᠠᠬᠤ᠂ ᠪᠡᠯᠡ ᠮᠦᠩᠬᠦ ᠶᠢ ᠬᠤᠪᠢᠴᠠᠭ᠎ᠠ ᠮᠦᠩᠬᠦ ᠪᠤᠯᠭᠠᠬᠤ ᠂ ᠮᠠᠯᠴᠢᠨ ᠲᠠᠷᠢᠶᠠᠴᠢᠨ ᠢ ᠬᠤᠪᠢᠴᠠᠭᠠᠨ ᠤ | ᠡᠵᠡᠨ ᠪᠤᠯᠭᠠᠬᠤ ᠪᠠᠷ ᠴᠢᠷᠮᠠᠶᠢᠨ᠎ᠠ᠃ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠲᠠᠭᠠᠭᠠᠴᠠ ᠴᠢᠳᠠᠪᠤᠷᠢ ᠶᠢ | ᠯᠠᠪᠳᠠᠭᠤᠨ ᠢᠶᠠᠷ ᠲᠡᠭᠡᠭᠰᠢᠯᠡᠬᠦᠯᠬᠦ ᠭᠡᠷᠡᠭᠳᠡᠢ᠃ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢᠨ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ 4 ᠺᠢᠯᠤᠮᠧᠲᠷ ᠲᠤᠰᠤᠨ ᠵᠠᠮ ᠢ | ᠰᠢᠨ᠎ᠡ ᠪᠠᠷ ᠪᠠᠶᠢᠭᠤᠯᠤᠨ᠂ 4.2 ᠲᠦᠮᠡᠨ ᠬᠠᠪᠳᠠᠭᠠᠢ ᠲᠦᠷᠪᠡᠯᠵᠢᠨ ᠮᠧᠲᠷ ᠶᠠᠪᠠᠭᠠᠨ ᠤ ᠵᠠᠮ ᠢ | ᠬᠠᠳᠠᠭᠤᠷᠠᠭᠤᠯᠵᠤ᠂ 13 ᠺᠢᠯᠤᠮᠧᠲᠷ ᠭᠤᠤᠯ ᠵᠠᠮ ᠢ ᠴᠠᠷᠳᠠᠨ ᠰᠠᠶᠢᠵᠢᠷᠠᠭᠤᠯᠵᠤ᠂ ᠵᠠᠮ ᠤᠨ ᠳ᠋ᠧᠩ 95 ᠶᠢ | ᠤᠭᠰᠠᠷᠠᠨ᠎ᠠ᠃ ᠴᠡᠪᠡᠷᠰᠢᠬᠦᠯᠦᠭᠰᠡᠨ ᠤᠰᠤ ᠶᠢ ᠲᠠᠬᠢᠨ ᠠᠰᠢᠭᠯᠠᠬᠤ ᠠᠮᠢ ᠠᠬᠤᠢ ᠶᠢᠨ ᠴᠡᠴᠡᠷᠯᠢᠭ ᠤᠨ PPP | ᠲᠦᠷᠦᠯ ᠵᠦᠢᠯ ᠢ ᠡᠬᠢᠯᠡᠵᠦ᠂ ᠰᠢᠨ᠎ᠡ ᠲᠤᠭᠤᠷᠢᠭ ᠤᠨ 6 ᠵᠤᠷᠪᠤᠰ ᠵᠠᠮ ᠤᠨ ᠨᠤᠭᠤᠭᠠᠷᠠᠭᠤᠯᠤᠯᠳᠠ ᠪᠠ ᠪᠤᠤᠴᠠᠩ | ᠤᠨ ᠬᠤᠶᠢᠳᠤ ᠡᠬᠦᠳᠡᠨ ᠤ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠬᠢᠨ᠎ᠡ᠃ ᠪᠤᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠵᠠᠰᠠᠨ ᠦᠬᠡᠷᠡᠴᠢᠯᠡᠬᠦ ᠢᠨᠵᠧᠨᠧᠷᠢᠩ ᠢ ᠪᠡᠶᠡᠯᠡᠬᠦᠯᠵᠦ᠂ 5 ᠺᠢᠯᠤᠮᠧᠲᠷ ᠤᠰᠤ ᠬᠠᠩᠭᠠᠬᠤ ᠲᠤᠤᠷ | ᠬᠤᠭᠤᠯᠠᠢ ᠶᠢ ᠰᠢᠨ᠎ᠡ ᠪᠠᠷ ᠤᠭᠰᠠᠷᠠᠬᠤ ᠪᠤᠶᠤ ᠦᠬᠡᠷᠡᠴᠢᠯᠡᠨ ᠰᠠᠶᠢᠵᠢᠷᠠᠭᠤᠯᠵᠤ᠂ ᠪᠤᠷᠤᠭᠠᠨ ᠤ ᠤᠰᠤ ᠤᠷᠤᠰᠬᠠᠬᠤ | ᠲᠤᠤᠷ ᠬᠤᠭᠤᠯᠠᠢ 7 ᠺᠢᠯᠤᠮᠧᠲᠷ᠂ ᠪᠤᠬᠢᠷ ᠤᠰᠤ ᠭᠠᠳᠠᠭᠰᠢᠯᠠᠭᠤᠯᠬᠤ ᠲᠤᠤᠷ ᠬᠤᠭᠤᠯᠠᠢ 3.5 ᠺᠢᠯᠤᠮᠧᠲᠷ | ᠤᠭᠰᠠᠷᠠᠨ᠎ᠠ᠃ ᠢᠯᠴᠢ ᠰᠤᠯᠢᠭᠳᠠᠭᠤᠯᠬᠤ ᠦᠷᠳᠡᠭᠡ 3 ᠶᠢ ᠪᠠᠶᠢᠭᠤᠯᠵᠤ᠂ 7 ᠺᠢᠯᠤᠮᠧᠲᠷ ᠢᠯᠴᠢ ᠬᠠᠩᠭᠠᠬᠤ | ᠲᠤᠤᠷ ᠬᠤᠭᠤᠯᠠᠢ ᠶᠢ ᠦᠬᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠪᠦᠯ ᠤᠨ ᠲᠤᠯᠠᠭᠠᠯᠠᠭ᠎ᠠ ᠶᠢ | ᠪᠠᠳᠤᠯᠠᠨ᠎ᠠ᠃ ᠪᠤᠤᠴᠠᠩ ᠪᠠᠯᠭᠠᠰᠤᠨ ᠤ ᠪᠤᠬᠢᠷᠳᠤᠯ ᠬᠤᠤᠷᠳᠠᠯ ᠦᠬᠡᠢ ᠬᠤᠭ ᠨᠤᠪᠰᠢ ᠰᠢᠢᠳᠪᠦᠷᠢᠯᠡᠬᠦ ᠲᠠᠯᠠᠪᠠᠢ ᠶᠢ | ᠡᠨᠡ ᠵᠢᠯ ᠠᠰᠢᠭᠯᠠᠯᠳᠠ ᠳᠤ ᠤᠷᠤᠭᠤᠯᠤᠨ᠎ᠠ᠃ 500 ᠡᠷᠦᠬᠡ ᠶᠢᠨ ᠲᠦᠬᠦᠮ ᠪᠦᠳᠦᠬᠦᠯᠢᠭ ᠤᠷᠤᠨ ᠰᠠᠭᠤᠴᠠ ᠳᠤ | ᠦᠬᠡᠷᠡᠴᠢᠯᠡᠯᠳᠡ ᠬᠢᠵᠦ᠂ ᠶᠠᠩ ᠭᠤᠸᠠᠩ ᠲᠤᠭᠤᠷᠢᠭ ᠤᠨ ᠬᠤᠶᠠᠳᠤᠭᠠᠷ ᠪᠦᠯᠦᠭ ᠤᠨ 500 ᠭᠡᠷ ᠢ ᠪᠠᠶᠢᠭᠤᠯᠤᠨ | ᠠᠰᠢᠭᠯᠠᠯᠳᠠ ᠳᠤ ᠤᠷᠤᠭᠤᠯᠤᠨ᠎ᠠ᠃ ᠪᠠᠷᠠᠭᠤᠨ ᠬᠦᠳᠦᠯ ᠳᠠᠬᠢ ᠭᠡᠷ ᠪᠠᠶᠢᠰᠢᠩ ᠤᠨ ᠨᠤᠷᠠᠭᠠᠵᠤ ᠨᠡᠬᠦᠯᠬᠡᠬᠦ ᠠᠬᠢᠴᠠ | ᠶᠢ ᠲᠦᠷᠭᠡᠳᠭᠡᠨ᠂ ᠰᠢ ᠱᠠᠨ ᠵᠠᠮ ᠤᠨ ᠪᠠᠶᠢᠭᠤᠯᠤᠯᠳᠠ ᠶᠢ ᠡᠬᠢᠯᠡᠨ᠂ ᠯᠦᠸᠧ ᠲᠦᠸᠧ ᠱᠠᠨ ᠵᠠᠮ ᠢ | ᠨᠡᠪᠳᠡᠷᠡᠬᠦᠯᠵᠦ᠂ ᠬᠤᠳᠠ ᠶᠢᠨ ᠲᠤᠭᠤᠷᠢᠭ ᠤᠨ ᠵᠠᠮ ᠬᠠᠷᠢᠯᠴᠠᠭᠠᠨ ᠤ ᠲᠠᠷᠤᠯᠳᠠ ᠶᠢ ᠬᠦᠩᠬᠡᠷᠡᠬᠦᠯᠦᠨ᠎ᠡ᠃ ᠬᠤᠳᠠ | ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠬᠤ ᠭᠡᠷᠡᠭᠳᠡᠢ᠃ | ᠮᠠᠯᠵᠢᠬᠤ ᠲᠠᠷᠢᠶᠠᠯᠠᠬᠤ ᠤᠷᠤᠨ ᠤ 170.2 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠ ᠵᠠᠰᠠᠨ | ᠰᠠᠶᠢᠵᠢᠷᠠᠭᠤᠯᠵᠤ᠂ 123.4 ᠺᠢᠯᠤᠮᠧᠲᠷ ᠵᠠᠰᠠᠮᠠᠯ ᠵᠠᠮ ᠳᠤ ᠠᠮᠤᠷ ᠲᠦᠪᠰᠢᠨ ᠤ ᠬᠠᠮᠠᠭᠠᠯᠠᠯᠳᠠ ᠬᠢᠵᠦ᠂ ︽ | 304︾ ᠮᠤᠵᠢ ᠶᠢᠨ ᠵᠠᠮ ᠤᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠬᠦᠯᠬᠦ ᠪᠠᠷ ᠴᠢᠷᠮᠠᠶᠢᠨ᠎ᠠ᠃ | ︽ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ ᠪᠦᠳᠦᠬᠡᠨ ᠪᠠᠶᠢᠭᠤᠯᠤᠯᠳᠠ ᠶᠢ ᠪᠦᠬᠦ ᠲᠠᠯᠠᠪᠠᠷ ᠲᠦᠯᠬᠢᠨ | ᠠᠬᠢᠭᠤᠯᠵᠤ᠂ ︽ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠬᠤ | ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠴᠢᠩᠭ᠎ᠠ ᠲᠦᠷᠢᠮ ᠢ | ᠨᠠᠶᠢᠳᠠᠪᠤᠷᠢᠵᠢᠭᠤᠯᠵᠤ᠂ ︽ᠭᠤᠷᠪᠠᠨ ᠵᠤᠷᠪᠤᠰ ᠬᠤᠷᠢᠭ᠎ᠠ ᠱᠤᠭᠤᠮ︾ ᠤᠨ ᠪᠤᠭᠤᠮᠳᠠ ᠶᠢ ᠴᠢᠩᠭ᠎ᠠ ᠰᠠᠬᠢᠨ᠎ᠠ᠃ | ᠤᠰᠤᠨ ᠠᠰᠢᠭᠯᠠᠯᠳᠠ ᠶᠢᠨ ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ | 40 ᠬᠠᠪᠳᠠᠭᠠᠢ ᠲᠦᠷᠪᠡᠯᠵᠢᠨ ᠺᠢᠯᠤᠮᠧᠲᠷ ᠲᠤ ᠪᠠᠭ᠎ᠠ ᠰᠠᠪᠠ ᠭᠠᠵᠠᠷ ᠤᠨ ᠵᠠᠰᠠᠯᠳᠠ ᠬᠢᠵᠦ᠂ ᠬᠤ᠋ ᠯᠤ᠋ ᠢᠤᠢ | ᠭᠤᠤᠯ ᠤᠨ ᠦᠶᠡᠷ ᠰᠡᠷᠭᠡᠶᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠬᠦᠯᠦᠨ᠎ᠡ᠃ 110 | ᠺᠢᠯᠤᠸᠤᠯᠲ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠲᠤᠰᠪᠤᠷᠢ 1 ᠶᠢ ᠪᠠᠶᠢᠭᠤᠯᠵᠤ᠂ 10 | ᠺᠢᠯᠤᠸᠤᠯᠲ ᠪᠠ ᠲᠡᠬᠦᠨ ᠠᠴᠠ ᠪᠠᠭ᠎ᠠ ᠬᠦᠴᠦᠳᠡᠯᠳᠦ ᠴᠠᠬᠢᠯᠭᠠᠨ ᠱᠤᠭᠤᠮ ᠢ 172 ᠺᠢᠯᠤᠮᠧᠲᠷ ᠪᠠᠶᠢᠭᠤᠯᠤᠨ᠂ 22 | ᠰᠠᠤᠷᠢ ᠴᠠᠬᠢᠯᠭᠠᠨ ᠬᠤᠪᠢᠰᠬᠠᠭᠤᠷ ᠤᠭᠰᠠᠷᠠᠵᠤ᠂ 2.6 ᠲᠦᠮᠡᠨ ᠢᠵᠢ ᠬᠠᠭᠤᠴᠢᠨ ᠬᠡᠮᠵᠢᠯᠳᠡ ᠶᠢᠨ ᠲᠦᠬᠦᠭᠡᠷᠦᠮᠵᠢ | ᠶᠢ ᠦᠬᠡᠷᠡᠴᠢᠯᠡᠨ ᠰᠠᠶᠢᠵᠢᠷᠠᠭᠤᠯᠤᠨ᠎ᠠ᠃ 5G ᠰᠦᠯᠵᠢᠶ᠎ᠡ ᠶᠢᠨ ᠲᠤᠷᠰᠢᠯᠳᠠ ᠶᠢᠨ ᠠᠵᠢᠯ ᠢ ᠪᠦᠬᠦ ᠠᠶᠢᠮᠠᠭ ᠲᠤ | ᠬᠠᠮᠤᠭ ᠤᠷᠢᠳᠠᠪᠠᠷ ᠬᠢᠬᠦ ᠪᠠᠷ ᠴᠢᠷᠮᠠᠶᠢᠨ᠎ᠠ᠃ | ︵ᠲᠦᠷᠪᠡ︶ ᠨᠡᠶᠢᠬᠡᠮ ᠤᠨ ᠦᠢᠯᠡᠰ ᠠᠷᠠᠳ ᠤᠨ ᠠᠮᠢᠳᠤᠷᠠᠯ ᠤᠨ ᠪᠦᠳᠦᠬᠡᠨ ᠪᠠᠶᠢᠭᠤᠯᠤᠯᠳᠠ ᠶᠢ | ᠬᠦᠴᠦᠯᠡᠨ ᠴᠢᠩᠭᠠᠳᠬᠠᠵᠤ᠂ ᠠᠷᠠᠳ ᠲᠦᠮᠡᠨ ᠤ ᠴᠢᠨᠠᠷ ᠰᠠᠶᠢᠳᠠᠢ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ | ᠭᠡᠷᠡᠭᠳᠡᠢ᠃ ᠠᠵᠢᠯ ᠤᠯᠵᠤ ᠦᠢᠯᠡᠰ ᠪᠦᠳᠦᠬᠡᠬᠦ ᠶᠢ ᠠᠬᠢᠭᠤᠯᠬᠤ ᠠᠵᠢᠯᠯᠠᠭ᠎ᠠ ᠶᠢ ᠭᠡᠷᠡᠭᠵᠢᠬᠦᠯᠦᠨ᠎ᠡ᠃ | ᠲᠡᠬᠦᠰᠦᠭᠰᠡᠨ ᠤᠶᠤᠳᠠᠨ᠂ ᠬᠠᠯᠠᠭᠳᠠᠭᠰᠠᠨ ᠴᠡᠷᠢᠭ᠂ ᠮᠠᠯᠵᠢᠬᠤ ᠲᠠᠷᠢᠶᠠᠯᠠᠬᠤ ᠤᠷᠤᠨ ᠤ ᠢᠯᠡᠬᠦᠴᠡ ᠬᠦᠳᠡᠯᠮᠦᠷᠢ | ᠬᠦᠴᠦᠨ᠂ ᠠᠵᠢᠯ ᠤᠯᠬᠤ ᠳᠤ ᠬᠦᠴᠢᠷᠳᠡᠢ ᠬᠦᠮᠦᠰ ᠵᠡᠷᠭᠡ ᠭᠤᠤᠯᠳᠠᠯᠭᠠᠳᠠᠢ ᠴᠤᠭᠴᠠᠰ ᠤᠨ ᠠᠵᠢᠯ ᠤᠯᠭᠤᠯᠳᠠ | ᠶᠢ ᠯᠠᠪᠳᠠᠭᠤᠨ ᠰᠠᠶᠢᠨ ᠬᠢᠵᠦ᠂ ᠵᠢᠯ ᠳᠤ 1 ᠲᠦᠮᠡᠨ ᠠᠵᠢᠯ ᠤᠨ ᠪᠠᠶᠢᠷᠢ ᠡᠯᠰᠡᠨ᠂ ᠰᠢᠬᠢᠷ ᠤᠨ ᠦᠢᠯᠡᠳᠪᠦᠷᠢ᠂ | ᠡᠮ ᠤᠨ ᠦᠢᠯᠡᠳᠪᠦᠷᠢ᠂ ᠴᠠᠭᠠᠰᠤ ᠰᠦᠯᠢᠶᠤᠤ ᠶᠢᠨ ᠦᠢᠯᠡᠳᠪᠦᠷᠢ ᠵᠡᠷᠭᠡ ᠰᠢᠨ᠎ᠡ ᠪᠠᠷ ᠠᠰᠢᠭᠯᠠᠯᠳᠠ ᠳᠤ | ᠤᠷᠤᠭᠰᠠᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠠᠴᠠ ᠬᠦᠮᠦᠨ ᠡᠯᠰᠡᠬᠦ ᠬᠠᠷᠢᠴᠠᠯ ᠢ ᠨᠡᠮᠡᠭᠳᠡᠬᠦᠯᠵᠦ᠂ | ᠪᠦᠬᠦ ᠵᠢᠯ ᠳᠤ 1500 ᠨᠡᠷ᠎ᠡ ᠬᠤᠳᠠ ᠪᠠᠯᠭᠠᠰᠤᠨ ᠤ ᠡᠯ᠎ᠡ ᠲᠦᠷᠦᠯ ᠤᠨ ᠬᠦᠮᠦᠨ ᠳᠤ ᠠᠵᠢᠯ ᠲᠤᠬᠢᠷᠠᠭᠤᠯᠤᠨ᠎ᠠ | ᠃ ᠦᠢᠯᠡᠰ ᠪᠦᠳᠦᠬᠡᠬᠦ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ 1500 ᠲᠦᠮᠡᠨ ᠲᠦᠬᠦᠷᠢᠭ ᠤᠨ | ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ ᠶᠢ ᠲᠠᠷᠠᠬᠠᠭᠠᠨ᠂ ᠦᠢᠯᠡᠰ ᠪᠦᠳᠦᠬᠡᠬᠦ ᠪᠠᠷ 500 ᠬᠦᠮᠦᠨ ᠢ | ᠲᠠᠶᠢᠴᠢᠯᠠᠵᠤ ᠠᠵᠢᠯ ᠤᠯᠭᠤᠨ᠎ᠠ᠃ ᠰᠤᠷᠭᠠᠨ ᠬᠦᠮᠦᠵᠢᠯ ᠤᠨ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ ᠶᠢ | ᠭᠡᠷᠡᠭᠵᠢᠬᠦᠯᠦᠨ᠎ᠡ᠃ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯᠠᠪᠠᠷ ᠰᠠᠶᠢᠵᠢᠷᠠᠭᠤᠯᠬᠤ | ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ ᠨᠢᠮᠪᠠᠢ ᠨᠠᠶᠢᠳᠠᠪᠤᠷᠢᠵᠢᠭᠤᠯᠵᠤ᠂ ᠬᠢᠴᠢᠶᠡᠯ | ᠲᠦᠷᠦᠯ ᠳᠤ ᠪᠠᠴᠢᠮ ᠱᠠᠭᠠᠷᠳᠠᠭᠳᠠᠵᠤ ᠪᠠᠶᠢᠭ᠎ᠠ ᠪᠠᠭᠰᠢ 30 ᠬᠦᠮᠦᠨ ᠢ ᠡᠯᠰᠡᠨ᠎ᠡ᠃ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠲᠦᠪ᠂ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ | 2 ᠪᠠᠭ᠎ᠠ ᠰᠤᠷᠭᠠᠭᠤᠯᠢ ᠶᠢᠨ ᠬᠤᠪᠠᠨᠴᠠᠷ ᠲᠠᠮᠢᠷ ᠤᠨ ᠲᠠᠯᠠᠪᠠᠢ ᠂ 3 ᠲᠤᠮᠳᠠᠳᠤ ᠰᠤᠷᠭᠠᠭᠤᠯᠢ ᠶᠢᠨ ᠤᠰᠤᠨ | ᠲᠠᠳᠠᠭᠤᠷᠳᠤ ᠵᠤᠷᠯᠤᠩ ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂ 7 ᠰᠤᠷᠭᠠᠭᠤᠯᠢ ᠶᠢᠨ ᠲᠠᠮᠢᠷ ᠤᠨ ᠤᠷᠳᠤᠨ | ᠪᠠ ᠤᠯᠤᠰ ᠤᠨ ᠲᠡᠰ ᠤᠨ ᠨᠡᠶᠢᠳᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠲᠦᠯᠦᠪᠵᠢᠬᠦᠯᠦᠨ ᠪᠠᠶᠢᠭᠤᠯᠤᠨ᠎ᠠ | ᠃ ᠠᠷᠠᠳ ᠠᠴᠠ ᠡᠷᠬᠢᠯᠡᠭᠰᠡᠨ ᠴᠡᠴᠡᠷᠯᠢᠭ ᠤᠨ ᠵᠦᠪᠰᠢᠶᠡᠷᠡᠬᠦ ᠪᠠᠷᠢᠮᠵᠢᠶ᠎ᠠ ᠪᠠ ᠡᠷᠬᠢᠯᠡᠬᠦ ᠠᠵᠢᠯᠯᠠᠭ᠎ᠠ ᠶᠢ ᠤᠯᠠᠮ | ᠨᠢᠬᠡ ᠠᠯᠬᠤᠮ ᠲᠦᠷᠢᠮᠵᠢᠬᠦᠯᠵᠦ᠂ ᠪᠤᠤᠴᠠᠩ ᠤᠨ ᠬᠤᠶᠠᠳᠤᠭᠠᠷ ᠴᠡᠴᠡᠷᠯᠢᠭ ᠪᠠ ᠶᠠᠩ ᠭᠤᠸᠠᠩ ᠰᠠᠭᠤᠭᠠᠯᠢ | ᠲᠤᠭᠤᠷᠢᠭ ᠤᠨ ᠢᠵᠢ ᠪᠦᠷᠢᠳᠦᠭᠰᠡᠨ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂ ᠴᠧᠩ ᠪᠸᠢ | ᠴᠡᠴᠡᠷᠯᠢᠭ ᠢ ᠠᠰᠢᠭᠯᠠᠯᠳᠠ ᠳᠤ ᠤᠷᠤᠭᠤᠯᠤᠨ᠎ᠠ᠃ ᠡᠷᠡᠬᠦᠯ ᠮᠡᠨᠳᠦ ᠡᠮ ᠡᠮᠨᠡᠯᠬᠡ ᠶᠢᠨ ᠪᠦᠳᠦᠬᠡᠨ ᠪᠠᠶᠢᠭᠤᠯᠤᠯᠳᠠ | ᠶᠢᠨ ᠠᠵᠢᠯᠯᠠᠭ᠎ᠠ ᠶᠢ ᠭᠡᠷᠡᠭᠵᠢᠬᠦᠯᠦᠨ᠎ᠡ᠃ 2 ᠰᠠᠭᠤᠷᠢ ᠡᠷᠡᠬᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ | ᠠᠵᠢᠯ ᠳᠤ ᠭᠡᠷᠡᠭᠯᠡᠬᠦ ᠭᠡᠷ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢ ᠬᠢᠵᠦ᠂ 20 ᠰᠠᠭᠤᠷᠢ ᠪᠠᠷᠢᠮᠵᠢᠶᠠᠳᠤ | ᠡᠷᠡᠬᠦᠯ ᠬᠠᠮᠠᠭᠠᠯᠠᠯ ᠤᠨ ᠦᠷᠦᠭᠡ ᠶᠢ ᠰᠢᠨ᠎ᠡ ᠪᠠᠷ ᠪᠠᠶᠢᠭᠤᠯᠤᠨ᠂ 42 ᠰᠠᠭᠤᠷᠢ ᠶᠢ ᠰᠡᠯᠪᠢᠨ ᠵᠠᠰᠠᠵᠤ᠂ ᠶᠠᠩ | ᠭᠤᠸᠠᠩ ᠰᠠᠭᠤᠭᠠᠯᠢ ᠲᠤᠭᠤᠷᠢᠭ ᠲᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠪᠠᠶᠢᠭᠤᠯᠤᠨ᠂ ᠬᠤᠰᠢᠭᠤ | ᠡᠮᠨᠡᠯᠬᠡ ᠶᠢᠨ ᠬᠤᠷᠢᠶᠠᠨ ᠤ ᠤᠢ ᠮᠡᠳᠡᠷᠡᠯ ᠤᠨ ᠰᠠᠯᠠᠭ᠎ᠠ᠂ ᠴᠡᠭᠡᠵᠢᠨ ᠤ ᠰᠠᠯᠠᠭ᠎ᠠ᠂ ᠬᠢᠳᠠᠳ ᠮᠤᠩᠭᠤᠯ ᠡᠮᠨᠡᠯᠬᠡ ᠶᠢᠨ | ᠬᠤᠷᠢᠶᠠᠨ ᠤ ᠡᠷᠡᠬᠦᠯᠵᠢᠬᠦᠯᠦᠯᠳᠡ ᠰᠤᠪᠢᠯᠠᠯᠳᠠ ᠶᠢᠨ ᠰᠠᠯᠠᠭ᠎ᠠ ᠶᠢ ᠠᠰᠢᠭᠯᠠᠯᠳᠠ ᠳᠤ ᠤᠷᠤᠭᠤᠯᠤᠨ᠎ᠠ᠃ ᠡᠤ ᠮᠢᠶᠠᠨ | ᠵᠢᠩ ᠤᠨ ᠡᠷᠡᠬᠦᠯ ᠬᠠᠮᠠᠭᠠᠯᠠᠯ ᠤᠨ ᠬᠤᠷᠢᠶᠠᠨ ᠳᠤ ︽ᠡᠮᠨᠡᠯᠬᠡ ᠰᠤᠪᠢᠯᠠᠯᠳᠠ ᠶᠢ ᠤᠶᠠᠯᠳᠤᠭᠤᠯᠬᠤ︾ ᠲᠤᠷᠰᠢᠯᠳᠠ | ᠬᠢᠨ᠎ᠡ᠃ 60 ᠨᠡᠷ᠎ᠡ ᠡᠮᠨᠡᠯᠬᠡ ᠶᠢᠨ ᠠᠵᠢᠯᠳᠠᠨ ᠢ ᠭᠠᠳᠠᠭᠰᠢ ᠲᠤᠮᠢᠯᠠᠨ ᠪᠤᠯᠪᠠᠰᠤᠷᠠᠭᠤᠯᠵᠤ᠂᠂20 ᠲᠤᠰᠬᠠᠢ | ᠮᠡᠷᠭᠡᠵᠢᠯ ᠤᠨ ᠠᠵᠢᠯᠳᠠᠨ ᠢ ᠡᠯᠰᠡᠵᠦ ᠭᠡᠷᠡᠭᠯᠡᠨ᠎ᠡ᠃ ᠱᠠᠳᠤ ᠬᠤᠪᠢᠶᠠᠵᠤ ᠡᠮᠴᠢᠯᠡᠬᠦ ᠲᠦᠷᠢᠮ ᠢ ᠤᠯᠠᠮ ᠨᠢᠬᠡ | ᠠᠯᠬᠤᠮ ᠲᠡᠬᠦᠯᠳᠡᠷᠵᠢᠬᠦᠯᠵᠦ᠂ ᠲᠤᠭᠳᠠᠮᠠᠯ ᠡᠮᠨᠡᠯᠬᠡ ᠶᠢᠨ ᠪᠠᠶᠢᠭᠤᠯᠤᠮᠵᠢ ᠶᠢᠨ ᠪᠦᠷᠬᠦᠴᠡ ᠶᠢ ᠦᠷᠭᠡᠳᠭᠡᠨ᠂ | ᠤᠨᠳᠤᠤ ᠭᠠᠵᠠᠷ ᠲᠤ ᠡᠮᠨᠡᠬᠦᠯᠬᠦ ᠳᠤ ᠰᠢᠭᠤᠳ ᠲᠠᠩᠰᠠ ᠴᠠᠶᠢᠷᠠᠭᠤᠯᠬᠤ ᠠᠵᠢᠯ ᠢ ᠪᠦᠬᠦ ᠲᠠᠯᠠᠪᠠᠷ ᠲᠦᠯᠬᠢᠨ | ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠤ᠂ ᠦᠪᠡᠷᠳᠡᠭᠡᠨ | ᠵᠠᠰᠠᠬᠤ ᠤᠷᠤᠨ ᠤ ᠡᠷᠡᠬᠦᠯ ᠮᠡᠨᠳᠦ ᠶᠢ ᠠᠬᠢᠭᠤᠯᠬᠤ ᠵᠢᠱᠢᠶ᠎ᠡ ᠦᠵᠡᠬᠦᠯᠬᠦ ᠬᠤᠰᠢᠭᠤ ᠰᠢᠶᠠᠨ ᠬᠢᠭᠡᠳ ᠦᠪᠡᠷᠳᠡᠭᠡᠨ | ᠵᠠᠰᠠᠬᠤ ᠤᠷᠤᠨ ᠤ ᠤᠳᠠᠭᠠᠨ ᠴᠢᠨᠠᠷᠳᠠᠢ ᠡᠪᠡᠳᠴᠢᠨ ᠤ ᠵᠢᠱᠢᠶ᠎ᠡ ᠦᠵᠡᠬᠦᠯᠬᠦ ᠬᠤᠰᠢᠭᠤ ᠰᠢᠶᠠᠨ ᠤ ᠡᠬᠦᠳᠦᠨ | ᠪᠠᠶᠢᠭᠤᠯᠤᠯᠳᠠ ᠶᠢ ᠬᠢᠬᠦ ᠪᠠᠷ ᠢᠳᠡᠪᠬᠢᠳᠡᠢ ᠡᠷᠡᠮᠡᠯᠵᠡᠯᠡᠨ᠎ᠡ᠃ ᠨᠡᠶᠢᠬᠡᠮ ᠤᠨ ᠪᠠᠳᠤᠯᠠᠭᠠᠨ ᠤ ᠦᠨᠳᠦᠰᠦᠨ ᠠᠴᠠ ᠨᠢ | ᠪᠠᠳᠤᠯᠠᠬᠤ ᠠᠵᠢᠯᠯᠠᠭ᠎ᠠ ᠶᠢ ᠭᠡᠷᠡᠭᠵᠢᠬᠦᠯᠦᠨ᠎ᠡ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ | ᠲᠦᠯᠦᠪᠯᠡᠭᠡ ᠶᠢ ᠪᠦᠬᠦ ᠲᠠᠯᠠᠪᠠᠷ ᠭᠡᠷᠡᠭᠵᠢᠬᠦᠯᠵᠦ᠂ ᠡᠯ᠎ᠡ ᠲᠦᠷᠦᠯ ᠤᠨ ᠨᠡᠶᠢᠬᠡᠮ ᠤᠨ ᠲᠠᠭᠠᠳᠬᠠᠯ ᠳᠤ ᠤᠷᠤᠯᠴᠠᠬᠤ | ᠬᠦᠮᠦᠨ ᠲᠤᠭ᠎ᠠ ᠶᠢ 1500 ᠠᠴᠠ ᠲᠡᠭᠡᠭᠰᠢ ᠨᠡᠮᠡᠭᠳᠡᠬᠦᠯᠦᠨ᠎ᠡ᠃ ᠡᠳ᠋ ᠤᠨ ᠵᠠᠰᠠᠭ ᠤᠨ ᠪᠠᠶᠢᠳᠠᠯ ᠢᠶᠠᠨ ᠦᠵᠡᠵᠦ | ᠪᠠᠶᠢᠭᠠᠳ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠠ ᠡᠯ᠎ᠡ ᠲᠦᠷᠦᠯ ᠤᠨ | ᠠᠰᠠᠷᠠᠮᠵᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠨᠴᠠ ᠬᠦᠴᠢᠷᠳᠡᠢ ᠬᠦᠮᠦᠰ᠂ | ᠠᠰᠠᠷᠠᠨ ᠬᠠᠷᠠᠭᠠᠯᠵᠠᠬᠤ ᠨᠢᠭᠤᠷᠯᠠᠯ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠳᠤᠯᠠᠭ᠎ᠠ | ᠶᠢ ᠴᠢᠩᠭᠠᠳᠬᠠᠵᠤ᠂ ᠤᠨᠴᠠ ᠬᠦᠴᠢᠷᠳᠡᠢ ᠪᠦᠯᠦᠭᠯᠡᠯ ᠤᠨ ᠠᠪᠤᠷᠠᠨ ᠲᠤᠰᠠᠯᠠᠬᠤ ᠠᠵᠢᠯ ᠢ ᠰᠠᠶᠢᠨ ᠬᠢᠨ᠎ᠡ᠃ ᠤᠷᠤᠨ | ᠪᠦᠰᠡ ᠶᠢᠨ ᠴᠢᠨᠠᠷᠳᠠᠢ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠠᠰᠢᠭᠯᠠᠯᠳᠠ ᠳᠤ | ᠤᠷᠤᠭᠤᠯᠵᠤ᠂ ᠤᠷᠤᠰᠢᠭᠤᠯᠭ᠎ᠠ ᠶᠢᠨ ᠦᠢᠯᠡᠴᠢᠯᠡᠬᠡᠨ ᠤ ᠲᠦᠪ ᠪᠠ ᠵᠡᠮᠳᠡᠭᠴᠤᠳ ᠤᠨ ᠨᠠᠶᠢᠳᠠᠵᠤ ᠠᠰᠠᠷᠠᠬᠤ ᠲᠦᠪ | ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠡᠶ᠎ᠡ ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ | ᠪᠠᠶᠢᠭᠤᠯᠤᠨ᠎ᠠ᠃ ᠰᠤᠶᠤᠯ ᠲᠠᠮᠢᠷ ᠢᠶᠠᠷ ᠠᠷᠠᠳ ᠲᠤ ᠠᠰᠢᠭ ᠬᠦᠷᠳᠡᠭᠡᠬᠦ ᠠᠵᠢᠯᠯᠠᠭ᠎ᠠ ᠶᠢ ᠭᠡᠷᠡᠭᠵᠢᠬᠦᠯᠦᠨ᠎ᠡ᠃ | ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢ ᠲᠡᠬᠦᠯᠳᠡᠷᠵᠢᠬᠦᠯᠵᠦ᠂ ᠰᠤᠶᠤᠯ ᠤᠨ ᠤᠷᠳᠤᠨ | ᠂ ᠨᠤᠮ ᠤᠩᠰᠢᠬᠤ ᠤᠷᠳᠤᠨ ᠤ ᠬᠤᠪᠢᠶᠠᠷᠢ ᠤᠷᠳᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠨ᠂ | ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ | ᠠᠰᠢᠭᠯᠠᠯᠳᠠ ᠳᠤ ᠤᠷᠤᠭᠤᠯᠤᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠵᠦ ᠠᠷᠠᠳ ᠢ ᠪᠠᠶᠠᠰᠬᠠᠬᠤ | ᠢᠨᠵᠧᠨᠧᠷᠢᠩ ᠢ ᠬᠦᠨᠵᠡᠬᠡᠢ ᠭᠡᠷᠡᠭᠵᠢᠬᠦᠯᠦᠨ᠂ ᠨᠡᠷᠡᠳᠦ ᠲᠡᠮᠳᠡᠭᠳᠦ ᠰᠤᠶᠤᠯ ᠤᠨ ᠠᠵᠢᠯᠯᠠᠭ᠎ᠠ ᠪᠠ ᠲᠠᠮᠢᠷ ᠤᠨ | ᠬᠦᠳᠡᠯᠪᠦᠷᠢ ᠶᠢ ᠭᠤᠤᠯᠳᠠᠯᠭᠠᠳᠠᠢ ᠡᠬᠦᠳᠦᠨ ᠶᠠᠪᠤᠭᠳᠠᠭᠤᠯᠤᠨ᠎ᠠ᠃ ᠤᠯᠠᠭᠠᠨᠮᠦ᠋ᠴᠢᠷ ᠤᠨ ᠤᠷᠠᠯᠢᠭ ᠤᠨ ᠲᠦᠪ ᠤᠨ | ᠪᠦᠳᠦᠬᠡᠨ ᠪᠠᠶᠢᠭᠤᠯᠤᠯᠳᠠ ᠶᠢ ᠡᠬᠢᠯᠡᠵᠦ᠂ ︽ ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ | ᠤᠨ ᠦᠢᠯᠡᠳᠦᠯ ᠢ ᠤᠯᠠᠮ ᠰᠠᠶᠢᠨ ᠪᠠᠳᠠᠷᠠᠭᠤᠯᠤᠨ᠎ᠠ᠃ ᠨᠡᠶᠢᠬᠡᠮ ᠤᠨ ᠵᠠᠰᠠᠯᠳᠠ ᠶᠢᠨ ᠰᠢᠨ᠎ᠡ ᠶᠢ ᠡᠬᠦᠳᠬᠦ | ᠠᠵᠢᠯᠯᠠᠭ᠎ᠠ ᠶᠢ ᠭᠡᠷᠡᠭᠵᠢᠬᠦᠯᠦᠨ᠎ᠡ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠬᠦᠨᠵᠡᠭᠡᠶᠢᠷᠡᠬᠦᠯᠦᠨ᠂ ᠲᠠᠷᠤᠭᠳᠠᠭᠰᠠᠨ ᠭᠡᠷᠡᠭ ᠢ ᠲᠦᠪᠯᠡᠷᠡᠬᠦᠯᠦᠨ ᠰᠢᠢᠳᠪᠦᠷᠢᠯᠡᠵᠦ᠂ ︽ᠬᠠᠮᠠᠭᠠᠯᠠᠯᠳᠠ ᠶᠢᠨ ᠰᠢᠬᠦᠷ | ︾ ᠢ ᠡᠷᠡᠰ ᠪᠠᠶᠢᠴᠠᠭᠠᠵᠤ ᠰᠢᠳᠬᠡᠨ᠂ ︽ᠱᠠᠯᠢᠭ ᠵᠦᠢᠯ᠂ ᠮᠦᠷᠦᠢ ᠲᠠᠢ ᠲᠤᠭᠯᠠᠭᠠᠮ᠂ ᠬᠤᠤᠷᠠᠳᠤ ᠡᠳ᠋︾᠂ ︽ | ᠬᠤᠯᠠᠭᠠᠢ ᠲᠡᠭᠡᠷᠡᠮ ᠮᠡᠭᠡᠯᠡᠯ︾ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠭᠡᠷᠡᠭ ᠪᠠᠶᠢᠪᠠᠯ | ᠰᠢᠢᠳᠪᠦᠷᠢᠯᠡᠬᠦ ᠶᠢ ᠪᠠᠷᠢᠮᠳᠠᠯᠠᠨ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ | ᠳᠤᠨᠢ ᠬᠠᠤᠯᠢ ᠶᠢᠨ ᠲᠠᠭᠠᠤ ᠰᠢᠢᠳᠪᠦᠷᠢᠯᠡᠵᠦ᠂ ᠬᠠᠤᠯᠢᠵᠢᠭᠰᠠᠨ ᠵᠠᠬᠢᠳᠠᠯ ᠰᠤᠷᠪᠤᠯᠵᠢᠯᠠᠭ᠎ᠠ᠂ ᠢᠯᠡ ᠲᠤᠳᠤ ᠵᠠᠬᠢᠳᠠᠯ | ᠰᠤᠷᠪᠤᠯᠵᠢᠯᠠᠭ᠎ᠠ ᠶᠢ ᠡᠬᠦᠳᠦᠨ᠎ᠡ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠶ᠎ᠠ ᠤᠷᠤᠨ ᠤ ᠬᠠᠮᠢᠶᠠᠷᠤᠯᠳᠠ ᠶᠢ ᠴᠢᠩᠭᠠᠳᠬᠠᠨ᠂ ᠬᠦᠨᠳᠦ ᠶᠡᠭᠡ ᠠᠳᠡᠯ ᠭᠠᠷᠬᠤ ᠶᠢ | ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠩᠨᠡᠬᠡᠨ ᠤ ᠪᠠᠶᠢᠭᠤᠯᠤᠯᠳᠠ ᠪᠠ ᠡᠳ᠋ ᠪᠤᠳᠠᠰ | ᠤᠨ ᠪᠡᠯᠡᠳᠭᠡᠯ ᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠪᠠ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠢᠷᠢ ᠴᠢᠳᠠᠪᠤᠷᠢ ᠶᠢ ᠲᠡᠭᠡᠭᠰᠢᠯᠡᠬᠦᠯᠦᠨ᠎ᠡ᠃ ᠦᠨᠳᠦᠰᠦᠳᠡᠨ ᠱᠠᠰᠢᠨ ᠰᠤᠷᠳᠠᠬᠤᠨ | ᠤ ᠶᠠᠪᠤᠳᠠᠯ ᠤᠨ ᠦᠢᠯᠡᠴᠢᠯᠡᠭᠡ ᠬᠠᠮᠢᠶᠠᠷᠤᠯᠳᠠ ᠶᠢ ᠪᠠᠳᠤᠳᠠᠢ ᠰᠠᠶᠢᠨ ᠬᠢᠵᠦ᠂ ᠠᠵᠢᠯᠴᠢᠨ ᠤ ᠡᠪᠯᠡᠯ᠂ ᠤᠯᠠᠭᠠᠨ | ᠵᠠᠭᠠᠯᠮᠠᠶᠢᠳᠠᠨ ᠤ ᠨᠡᠶᠢᠬᠡᠮᠯᠢᠭ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ | ᠵᠡᠮᠳᠡᠭᠴᠤᠳ ᠤᠨ ᠬᠤᠯᠪᠤᠭ᠎ᠠ ᠵᠡᠷᠭᠡ ᠡᠪᠯᠡᠯ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢ ᠲᠡᠳᠬᠦᠵᠦ᠂ ᠦᠢᠯᠡᠳᠦᠯ ᠢ | ᠨᠢ ᠤᠯᠠᠮ ᠰᠠᠶᠢᠨ ᠪᠠᠳᠠᠷᠠᠭᠤᠯᠤᠨ᠎ᠠ᠃ | ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ | ᠤᠨᠤᠭ᠎ᠠ ᠪᠠᠷ ᠰᠢᠢᠳᠬᠦ ᠲᠦᠷᠢᠮ ᠤᠨ ᠲᠤᠷᠰᠢᠨ ᠭᠡᠷᠡᠭᠵᠢᠬᠦᠯᠬᠦ ᠠᠵᠢᠯ ᠢ ᠢᠳᠡᠪᠬᠢᠳᠡᠢ ᠰᠠᠶᠢᠨ ᠠᠳᠬᠤᠵᠤ᠂ ᠤᠯᠠᠨ | ᠲᠦᠮᠡᠨ ᠤ ᠠᠰᠢᠭ ᠲᠤᠰᠠ ᠳᠤ ᠬᠤᠯᠪᠤᠭᠳᠠᠭᠰᠠᠨ ᠠᠷᠠᠳ ᠲᠦ᠋ ᠲᠦᠬᠦᠮ ᠦᠵᠡᠬᠦᠯᠬᠦ ᠪᠤᠳᠠᠳᠠᠢ ᠠᠵᠢᠯ ᠢ ᠰᠠᠶᠢᠨ | ᠬᠢᠬᠦ ᠪᠠᠷ ᠴᠢᠷᠮᠠᠶᠢᠨ᠎ᠠ᠄ ᠨᠢᠬᠡ ᠳᠤ᠂ ᠪᠤᠤᠴᠠᠩ ᠤᠨ ᠰᠢᠨ᠎ᠡ ᠲᠤᠭᠤᠷᠢᠭ ᠲᠤ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ | ᠴᠢᠯᠦᠬᠡᠳᠦ ᠲᠡᠯᠬᠡᠬᠦᠷ 1 ᠶᠢ ᠪᠠᠶᠢᠭᠤᠯᠵᠤ᠂ ᠰᠢᠨ᠎ᠡ ᠲᠤᠭᠤᠷᠢᠭ ᠲᠤ ᠴᠢᠯᠦᠬᠡᠳᠦ ᠲᠡᠯᠬᠡᠬᠦᠷ ᠦᠬᠡᠢ ᠪᠠᠶᠢᠭ᠎ᠠ | ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂ ᠰᠢᠨ ᠬᠤᠸᠠ ᠨᠡᠶᠢᠬᠡᠮ ᠲᠤᠭᠤᠷᠢᠭ ᠤᠨ ᠦᠢᠯᠡᠴᠢᠯᠡᠬᠡᠨ ᠤ | ᠲᠦᠪ ᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠲᠤ ᠨᠡᠶᠢᠳᠡ ᠶᠢᠨ ᠦᠢᠯᠡᠴᠢᠯᠡᠬᠡᠨ ᠤ ᠲᠠᠯᠠᠪᠤᠷ | ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠪᠤᠤᠴᠠᠩ ᠪᠠᠯᠭᠠᠰᠤᠨ ᠳᠤ ᠤᠰᠤᠨ | ᠲᠠᠳᠠᠭᠤᠷᠳᠤ ᠵᠤᠷᠯᠤᠩ 10 ᠶᠢ ᠰᠢᠨ᠎ᠡ ᠪᠠᠷ ᠪᠠᠶᠢᠭᠤᠯᠵᠤ᠂ ᠬᠠᠭᠤᠴᠢᠨ ᠲᠤᠭᠤᠷᠢᠭ ᠤᠨ ᠵᠤᠷᠯᠤᠩ ᠤᠨ ᠰᠠᠯᠠᠩ | ᠪᠤᠵᠠᠷ ᠦᠵᠡᠭᠳᠡᠯ ᠪᠠ ᠰᠢᠨ᠎ᠡ ᠲᠤᠭᠤᠷᠢᠭ ᠲᠤ ᠤᠰᠤᠨ ᠲᠠᠳᠠᠭᠤᠷᠳᠤ ᠵᠤᠷᠯᠤᠩ ᠦᠬᠡᠢ ᠪᠠᠶᠢᠭ᠎ᠠ ᠠᠰᠠᠭᠤᠳᠠᠯ ᠢ | ᠰᠢᠢᠳᠪᠦᠷᠢᠯᠡᠨ᠎ᠡ᠃ ᠲᠦᠷᠪᠡ ᠳᠤ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ | ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠵᠤ᠂ ᠪᠦᠬᠦ ᠬᠤᠰᠢᠭᠤᠨ ᠳᠤ ᠡᠮᠡᠭᠳᠡᠶᠢᠴᠤᠳ ᠬᠡᠦᠬᠡᠳ ᠤᠨ | ᠦᠨᠳᠦᠰᠦᠨ ᠡᠮᠴᠢᠯᠡᠬᠡᠨ ᠤ ᠦᠢᠯᠡᠴᠢᠯᠡᠭᠡ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ | 5 ᠬᠠᠭᠤᠴᠢᠨ ᠰᠠᠭᠤᠭᠠᠯᠢ ᠲᠤᠭᠤᠷᠢᠭ ᠲᠤ ᠲᠡᠰ ᠲᠡᠪᠰᠢᠬᠦᠯᠵᠦ ᠰᠢᠨᠡᠳᠭᠡᠬᠦ ᠢᠨᠵᠧᠨᠧᠷᠢᠩ ᠭᠡᠷᠡᠭᠵᠢᠬᠦᠯᠵᠦ ᠂ | ᠭᠡᠰᠡᠭ ᠰᠠᠭᠤᠭᠠᠯᠢ ᠲᠤᠭᠤᠷᠢᠭ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠮᠠᠭᠤ ᠪᠠᠶᠢᠭ᠎ᠠ ᠠᠰᠠᠭᠤᠳᠠᠯ ᠢ | ᠰᠢᠢᠳᠪᠦᠷᠢᠯᠡᠨ᠎ᠡ᠃ ᠵᠢᠷᠭᠤᠭ᠎ᠠ ᠳᠤ᠂ 53 ᠭᠠᠴᠠᠭ᠎ᠠ ᠲᠤᠰᠬᠤᠨ ᠳᠤ ᠲᠦᠭᠡᠭᠡᠯ ᠤᠰᠤᠨ ᠤ ᠦᠬᠡᠷᠡᠴᠢᠯᠡᠯᠳᠡ | ᠵᠠᠰᠠᠯᠳᠠ ᠶᠢᠨ ᠢᠨᠵᠧᠨᠧᠷᠢᠩ ᠢ ᠭᠡᠷᠡᠭᠵᠢᠬᠦᠯᠵᠦ᠂ 23 ᠭᠠᠴᠠᠭ᠎ᠠ ᠲᠤᠰᠬᠤᠨ ᠳᠤ ᠹᠯᠤᠷ ᠠᠷᠢᠯᠭᠠᠬᠤ ᠲᠦᠬᠦᠭᠡᠷᠦᠮᠵᠢ | ᠤᠭᠰᠠᠷᠠᠨ᠂ ᠴᠡᠪᠡᠷ ᠲᠤᠩᠭᠠᠯᠠᠭ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃ | ᠲᠦᠯᠦᠭᠡᠯᠡᠭᠴᠢᠳ ᠡ᠂ ᠬᠠᠳᠠᠨ ᠵᠤᠷᠢᠭ ᠪᠠᠶᠢᠮᠠᠨᠵᠢᠨ ᠬᠠᠳᠠᠭᠤ ᠪᠤᠯᠤᠳ ᠢ ᠲᠠᠪᠳᠠᠵᠤ ᠴᠢᠳᠠᠮᠤᠢ ᠃ ᠲᠤᠰ | ᠬᠤᠭᠤᠴᠠᠭᠠᠨ ᠤ ᠵᠠᠰᠠᠭ ᠤᠨ ᠤᠷᠳᠤᠨ ᠨᠢ ᠨᠠᠮ ᠳᠠᠭᠠᠨ ᠦᠨᠡᠨᠴᠢ ᠪᠠᠶᠢᠬᠤ ᠤᠯᠤᠰ ᠲᠦᠷᠦ ᠶᠢᠨ ᠵᠠᠩ ᠴᠢᠨᠠᠷ᠂ | ᠪᠤᠳᠠᠳᠠᠢ ᠶᠢ ᠡᠷᠬᠢᠮᠯᠡᠵᠦ ᠬᠠᠳᠠᠭᠤᠵᠢᠯᠳᠠᠢ ᠴᠢᠷᠮᠠᠶᠢᠬᠤ ᠠᠵᠢᠯ ᠤᠨ ᠰᠤᠷᠳᠠᠯ ᠢᠶᠠᠷ᠂ ᠡᠬᠦᠷᠭᠡ ᠬᠠᠷᠢᠭᠤᠴᠠᠯᠭ᠎ᠠ ᠪᠠᠨ | ᠬᠦᠢᠴᠡᠳᠭᠡᠵᠦ᠂ ᠵᠢᠳᠬᠦᠯ ᠴᠢᠷᠮᠠᠶᠢᠯᠭ᠎ᠠ ᠭᠠᠷᠭᠠᠨ᠂ ᠠᠷᠠᠳ ᠲᠦᠮᠡᠨ ᠤ ᠰᠡᠳᠬᠢᠯ ᠳᠤ ᠲᠠᠭᠠᠯᠠᠳᠠᠭᠰᠠᠨ | ᠦᠢᠯᠡᠴᠢᠯᠡᠬᠦ ᠬᠡᠯᠪᠡᠷᠢ ᠶᠢᠨ ᠵᠠᠰᠠᠭ ᠤᠨ ᠤᠷᠳᠤᠨ ᠢ ᠪᠠᠶᠢᠭᠤᠯᠬᠤ ᠪᠠᠷ ᠴᠢᠷᠮᠠᠶᠢᠬᠤ ᠶᠤᠮ᠃ ᠲᠤᠭ ᠲᠡᠮᠳᠡᠭ | ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠬᠦ ᠭᠡᠷᠡᠭᠳᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ | ᠴᠢᠩᠭᠠᠳᠬᠠᠬᠤ ᠶᠢ ᠲᠡᠷᠢᠬᠦᠨ ᠪᠠᠶᠢᠷᠢᠨ ᠳᠤ ᠲᠠᠯᠪᠢᠵᠤ᠂ ︽ᠲᠦᠷᠪᠡᠨ ᠤᠬᠠᠮᠰᠠᠷ︾ ᠢ ᠪᠠᠳᠤᠳᠬᠠᠨ᠂ ︽ᠲᠦᠷᠪᠡᠨ | ᠢᠳᠡᠭᠡᠯ︾ ᠢ ᠪᠠᠬᠢᠵᠢᠬᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠂ ᠦᠵᠡᠯ ᠰᠠᠨᠠᠭ᠎ᠠ᠂ ᠤᠯᠤᠰ | ᠲᠦᠷᠦ᠂ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ | ᠬᠤᠷᠢᠶ᠎ᠠ ᠯᠤᠭ᠎ᠠ ᠲᠡᠭᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠯᠭᠠᠵᠤ᠂ ᠲᠡᠭᠡᠳᠦ ᠱᠠᠳᠤᠨ ᠤ ᠨᠠᠮ ᠵᠠᠰᠠᠭ ᠪᠤᠯᠤᠨ | ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠦᠨᠳᠦᠰᠦᠯᠡᠵᠦ | ᠴᠡᠴᠡᠭᠯᠡᠨ ᠦᠷᠡᠯᠡᠵᠦ ᠵᠢᠮᠢᠰᠯᠡᠬᠦ ᠶᠢ ᠪᠦᠬᠦ ᠲᠠᠯᠠᠪᠠᠷ ᠲᠦᠯᠬᠢᠨ ᠠᠬᠢᠭᠤᠯᠤᠨ᠎ᠠ᠃ ᠬᠠᠤᠯᠢ ᠶᠤᠰᠤᠭᠠᠷ ᠵᠠᠰᠠᠭ | ᠶᠠᠪᠤᠭᠤᠯᠵᠤ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠬᠦ ᠭᠡᠷᠡᠭᠳᠡᠢ᠃ ᠬᠠᠤᠯᠢ ᠴᠠᠭᠠᠵᠠ ᠶᠢᠨ ᠤᠬᠠᠮᠰᠠᠷ | ᠲᠠᠨᠢᠯᠳᠠ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂ ᠬᠠᠤᠯᠢ ᠶᠤᠰᠤᠭᠠᠷ ᠡᠷᠭᠡ ᠲᠤᠰᠢᠶᠠᠯ ᠢᠶᠠᠨ ᠭᠡᠷᠡᠭᠵᠢᠬᠦᠯᠦᠨ | ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠢᠯ ᠦᠢᠯᠡᠰ ᠢᠶᠠᠨ ᠦᠷᠨᠢᠬᠦᠯᠦᠨ᠂ ᠴᠢᠬᠤᠯᠠ ᠶᠡᠭᠡ ᠭᠡᠷᠡᠭ | ᠶᠠᠪᠤᠳᠠᠯ ᠳᠤ ᠬᠠᠤᠯᠢ ᠶᠢᠨ ᠲᠠᠭᠠᠤ ᠬᠢᠨᠠᠨ ᠪᠠᠶᠢᠴᠠᠭᠠᠯᠳᠠ ᠬᠢᠬᠦ ᠶᠢ ᠪᠠᠷᠢᠮᠳᠠᠯᠠᠨ᠎ᠠ᠃ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠠ ᠲᠡᠬᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠤᠭᠳᠠᠭᠠᠯ ᠢ ᠨᠢᠮᠪᠠᠢ | ᠭᠡᠷᠡᠭᠵᠢᠬᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠳᠠ ᠲᠠᠯᠪᠢᠬᠤ ᠪᠠ | ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠰᠠᠨᠠᠯ ᠰᠠᠨᠠᠭᠤᠯᠭ᠎ᠠ ᠰᠠᠨᠠᠯ ᠲᠤᠷᠠᠳᠤᠯᠭ᠎ᠠ ᠶᠢ ᠴᠢᠨᠠᠷ ᠰᠠᠶᠢᠳᠠᠢ ᠬᠦᠢᠴᠡᠳᠭᠡᠨ᠂ ᠵᠠᠰᠠᠭ ᠤᠨ ᠶᠠᠪᠤᠳᠠᠯ ᠤᠨ ᠨᠡᠶᠢᠳᠡᠯᠡᠯ | ᠢ ᠪᠦᠬᠦ ᠲᠠᠯᠠᠪᠠᠷ ᠴᠢᠩᠭᠠᠳᠬᠠᠵᠤ᠂ ᠡᠷᠭᠡ ᠲᠤᠰᠢᠶᠠᠯ ᠢ ᠢᠯᠡ ᠲᠤᠳᠤ ᠭᠡᠷᠡᠭᠵᠢᠬᠦᠯᠦᠨ᠎ᠡ᠃ ᠪᠤᠳᠠᠳᠠᠢ ᠶᠢ ᠡᠷᠬᠢᠮᠯᠡᠨ | ᠬᠠᠷᠢᠭᠤᠴᠠᠯᠭ᠎ᠠ ᠡᠬᠦᠷᠭᠡᠯᠡᠵᠦ ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠳᠡᠢ᠃ ᠬᠠᠳᠠᠭᠤᠵᠢᠯᠳᠠᠢ | ᠴᠢᠷᠮᠠᠶᠢᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠪᠤᠳᠠᠳᠠᠢ ᠠᠵᠢᠯᠯᠠᠬᠤ ᠭᠡᠪ ᠰᠤᠷᠳᠠᠯ ᠢ ᠴᠢᠩᠭᠠᠳᠬᠠᠵᠤ᠂ | ᠡᠬᠦᠷᠭᠡ ᠶᠢ ᠨᠠᠷᠢᠯᠢᠭᠵᠢᠭᠤᠯᠤᠨ᠂ ᠴᠠᠭ ᠢ ᠲᠤᠭᠳᠠᠵᠤ᠂ ᠬᠠᠷᠢᠭᠤᠴᠠᠭᠴᠢ ᠶᠢ ᠲᠤᠳᠤᠷᠬᠠᠶᠢᠯᠠᠨ᠂ ᠡᠯ᠎ᠡ ᠲᠦᠷᠦᠯ ᠤᠨ | ᠠᠵᠢᠯ ᠢ ᠠᠬᠢᠭᠤᠯᠬᠤ ᠳᠠᠭᠠᠨ ᠠᠷᠭ᠎ᠠ ᠲᠠᠢ᠂ ᠨᠠᠶᠢᠳᠠᠪᠤᠷᠢᠵᠢᠭᠤᠯᠬᠤ ᠳᠠᠭᠠᠨ ᠬᠦᠴᠦᠨ ᠲᠠᠢ ᠪᠠᠶᠢᠵᠤ᠂ ᠵᠠᠰᠠᠭ ᠤᠨ | ᠤᠷᠳᠤᠨ ᠤ ᠰᠢᠰᠲ᠋ᠧᠮ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠡᠬᠦᠷᠭᠡ ᠶᠢ ᠴᠢᠨᠠᠷ ᠰᠠᠶᠢᠳᠠᠢ ᠪᠡᠶᠡᠯᠡᠬᠦᠯᠦᠨ᠂ | ᠠᠮᠢ ᠠᠬᠤᠢ ᠶᠢᠨ ᠪᠤᠯᠪᠠᠰᠤᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠦᠩᠬᠦᠨ ᠬᠦᠢᠯᠬᠡᠬᠡ᠂ ᠤᠯᠤᠰ ᠤᠨ | ᠦᠮᠴᠢᠯᠡᠯᠳᠦ ᠡᠳ᠋ ᠬᠦᠷᠦᠩᠬᠡ ᠶᠢᠨ ᠬᠢᠨᠠᠨ ᠬᠠᠮᠢᠶᠠᠷᠤᠯᠳᠠ ᠂ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠂ | ᠵᠠᠭᠤᠴᠢᠯᠠᠭᠤᠷ ᠤᠨ ᠠᠭᠤᠰᠤᠯᠴᠠᠯ ᠵᠡᠷᠭᠡ ᠲᠠᠯᠠᠪᠠᠷ ᠬᠢ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠢ ᠠᠬᠢᠭᠤᠯᠤᠨ᠎ᠠ | ᠃ ᠴᠠᠯᠢᠩ ᠲᠠᠢ ᠠᠮᠠᠷᠠᠯᠳᠠ ᠶᠢᠨ ᠠᠷᠭ᠎ᠠ ᠲᠦᠷᠢᠮ ᠢ ᠲᠤᠭᠳᠠᠭᠠᠵᠤ᠂ ᠺᠠᠳᠠᠷ ᠠᠵᠢᠯᠳᠠᠳ ᠤᠨ ᠠᠮᠠᠷᠠᠯᠳᠠ ᠴᠢᠯᠦᠬᠡᠨ | ᠤ ᠡᠷᠭᠡ ᠠᠰᠢᠭ ᠢ ᠬᠠᠮᠠᠭᠠᠯᠠᠨ᠂ ᠱᠠᠩᠨᠠᠨ ᠵᠤᠷᠢᠬᠵᠢᠭᠤᠯᠬᠤ ᠪᠠ ᠵᠠᠰᠠᠨ ᠵᠠᠯᠠᠷᠠᠭᠤᠯᠬᠤ ᠲᠤᠭᠳᠠᠴᠠ ᠶᠢ | ᠲᠡᠬᠦᠯᠳᠡᠷᠵᠢᠬᠦᠯᠵᠦ᠂ ᠦᠨᠡᠨ ᠠᠵᠢᠯᠯᠠᠭᠰᠠᠳ ᠲᠤ ᠲᠦᠰᠢᠭ ᠪᠤᠯᠵᠤ᠂ ᠰᠠᠶᠢᠨ ᠠᠵᠢᠯᠯᠠᠭᠰᠠᠳ ᠲᠤ ᠵᠤᠷᠢᠭ ᠨᠡᠮᠡᠨ᠎ᠡ | ᠃ ᠠᠷᠢᠭᠤᠨ ᠴᠢᠭᠡᠴᠢ ᠲᠦᠪ ᠭᠤᠤᠯᠴᠢ ᠶᠢ ᠪᠠᠷᠢᠮᠳᠠᠯᠠᠵᠤ᠂ ᠰᠢᠯᠢᠳᠡᠭ ᠰᠠᠶᠢᠨ ᠬᠡᠪ ᠲᠦᠷᠬᠦ ᠶᠢ ᠱᠤᠭᠤᠬᠤ | ᠭᠡᠷᠡᠭᠳᠡᠢ᠃ ᠪᠦᠬᠦ ᠲᠠᠯᠠᠪᠠᠷ ᠨᠠᠮ ᠢ ᠴᠢᠩᠭ᠎ᠠ ᠵᠠᠰᠠᠬᠤ ᠭᠤᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ | ᠬᠦᠢᠴᠡᠳᠭᠡᠵᠦ᠂ ᠰᠠᠬᠢᠯᠭ᠎ᠠ ᠪᠠᠳᠤ ᠶᠤᠰᠤ ᠲᠦᠷᠢᠮ ᠢ ᠬᠠᠮᠤᠭ ᠡᠮᠦᠨ᠎ᠡ ᠲᠠᠯᠪᠢᠵᠤ᠂ ᠤᠬᠢ ᠰᠠᠶᠢᠨ ᠤᠯᠤᠰ ᠲᠦᠷᠦ | ᠶᠢᠨ ᠠᠮᠢ ᠠᠬᠤᠢ ᠶᠢ ᠡᠬᠦᠳᠦᠨ᠎ᠡ᠃ ᠲᠦᠪ ᠬᠤᠷᠢᠶᠠᠨ ᠤ ᠨᠠᠢᠮᠠᠨ ᠲᠤᠭᠳᠠᠭᠠᠯ ᠪᠠ ᠭᠡᠷᠡᠭᠵᠢᠬᠦᠯᠬᠦ ᠨᠠᠷᠢᠨ ᠲᠦᠷᠢᠮ | ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ︽ᠲᠦᠷᠪᠡᠨ ᠰᠤᠷᠳᠠᠯ︾ ᠢ ᠡᠷᠡᠰ ᠵᠠᠯᠠᠷᠠᠭᠤᠯᠤᠨ᠂ ᠡᠳ᠋ | ᠤᠨ ᠵᠠᠰᠠᠭ ᠠᠵᠤ ᠠᠬᠤᠢ ᠶᠢᠨ ᠰᠠᠬᠢᠯᠭ᠎ᠠ ᠲᠦᠷᠢᠮ ᠢ ᠴᠢᠩᠭᠠᠳᠬᠠᠵᠤ᠂ ᠠᠷᠪᠢᠯᠠᠨ ᠭᠠᠮᠨᠠᠵᠤ ᠠᠷᠠᠳ ᠢᠶᠠᠨ | ᠪᠠᠶᠠᠵᠢᠭᠤᠯᠬᠤ ᠶᠢ ᠪᠠᠷᠢᠮᠳᠠᠯᠠᠨ᠂ ᠬᠡᠮᠵᠢᠶ᠎ᠡ ᠲᠠᠢ ᠮᠦᠩᠬᠦ ᠪᠠᠨ ᠭᠡᠷᠡᠭᠴᠡᠭᠡ ᠲᠠᠢ ᠭᠠᠵᠠᠷ ᠲᠤᠨᠢ ᠵᠠᠷᠤᠬᠤ ᠭᠡᠷᠡᠭᠳᠡᠢ᠃ | ᠵᠠᠰᠠᠭ ᠤᠨ ᠤᠷᠳᠤᠨ ᠤ ᠰᠢᠰᠲ᠋ᠧᠮ ᠤᠨ ᠪᠦᠬᠦᠶᠢᠯᠡ ᠺᠠᠳᠠᠷ ᠠᠵᠢᠯᠳᠠᠨ ᠡᠷᠭᠡᠪᠰᠢ ᠦᠢᠯᠡ ᠠᠵᠢᠯᠯᠠᠭ᠎ᠠ ᠪᠠᠷ ᠢᠶᠠᠨ | ᠦᠨᠡᠨᠴᠢ ᠰᠡᠳᠬᠢᠯ ᠢᠶᠠᠨ ᠬᠠᠷᠠᠭᠤᠯᠵᠤ᠂ ᠵᠢᠳᠬᠦᠯ ᠴᠢᠷᠮᠠᠶᠢᠯᠭ᠎ᠠ ᠪᠠᠷ ᠢᠶᠠᠨ ᠠᠮᠵᠢᠯᠳᠠ ᠪᠦᠳᠦᠮᠵᠢ ᠭᠠᠷᠭᠠᠨ᠂ ᠠᠵᠢᠯ | ᠬᠢᠵᠦ ᠦᠢᠯᠡᠰ ᠪᠦᠳᠦᠬᠡᠬᠦ ᠤᠷᠮ᠎ᠠ ᠵᠤᠷᠢᠭ ᠪᠠ ᠬᠦᠴᠢᠷ ᠢ ᠲᠠᠪᠠᠵᠤ ᠪᠡᠷᠭᠡ ᠶᠢ ᠢᠯᠠᠬᠤ ᠡᠷᠴᠢ ᠬᠦᠴᠦᠨ ᠢᠶᠠᠨ ᠴᠠᠭ | ᠢᠮᠠᠭᠳᠠ ᠪᠠᠳᠤᠯᠠᠬᠤ ᠭᠡᠷᠡᠭᠳᠡᠢ᠃ | ᠲᠦᠯᠦᠭᠡᠯᠡᠭᠴᠢᠳ ᠡ᠂ ᠨᠦᠬᠦᠳ ᠡ᠂ ︽ᠵᠤᠯ ᠵᠢᠷᠭᠠᠯ ᠨᠢ ᠪᠦᠷ ᠴᠢᠷᠮᠠᠶᠢᠯᠭ᠎ᠠ ᠪᠠᠷ ᠲᠠᠮᠵᠢᠭᠠᠳ | ᠢᠷᠡᠳᠡᠭ ᠶᠤᠮ︾᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠢᠬᠳᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ | ᠲᠤᠤᠷ᠎ᠠ᠂ ᠦᠵᠡᠯ ᠰᠠᠨᠠᠭ᠎ᠠ ᠪᠠᠨ ᠴᠢᠯᠦᠬᠡᠯᠡᠨ᠂ ᠵᠠᠮ ᠨᠡᠬᠡᠬᠡᠨ ᠰᠢᠨ᠎ᠡ ᠶᠢ ᠡᠬᠦᠳᠴᠦ᠂ ᠡᠷᠡᠰ ᠰᠢᠢᠳᠮᠡᠬᠡᠢ | ᠤᠷᠤᠭᠰᠢᠯᠠᠨ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠵᠤᠷᠢᠭᠰᠠᠨ ᠳᠠᠭᠠᠨ ᠬᠦᠷᠳᠡᠭ ᠵᠤᠷᠢᠭᠳᠠᠢ | ᠬᠦᠮᠦᠨ ᠪᠤᠯᠬᠤ ᠪᠠᠷ ᠴᠢᠷᠮᠠᠶᠢᠵᠤ᠂ ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠰᠢᠨ᠎ᠡ ᠲᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠲᠤ ᠪᠡᠯᠡᠭ ᠡᠷᠬᠦᠵᠡᠬᠡᠶ᠎ᠡ︕ | | |