ᠪᠠᠷᠠᠭᠤᠨ ᠦᠵᠦᠮᠦᠴᠢᠨ ᠬᠤᠰᠢᠭᠤᠨ ᠤ 2018 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019/3/27
      —  2019 ᠤᠨ ᠤ 3 ᠰᠠᠷ᠎ᠠ ᠶᠢᠨ 26᠎ ᠤ ᠡᠳᠦᠷ  ᠪᠠᠷᠠᠭᠤᠨ ᠦᠵᠦᠮᠦᠴᠢᠨ ᠬᠤᠰᠢᠭᠤᠨ ᠤ  ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                                        ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ    ᠴᠢᠯᠠᠭᠤ ᠲᠦᠯᠦᠭᠡᠯᠡᠭᠴᠢᠳ ᠡ᠄     ᠤᠳᠤ᠂ ᠪᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠠ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠲᠠ ᠪᠦᠭᠦᠨ ᠬᠢᠨᠠᠨ ᠵᠦᠪᠯᠡᠭᠦ ᠪᠤᠯᠪᠠᠤ᠃ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠶᠢ ᠭᠦᠰᠡᠵᠤ ᠪᠠᠶᠢᠨ᠎ᠠ᠃     ᠨᠢᠭᠡ᠂ 2018 ᠣᠨ ᠤ ᠠᠵᠢᠯ ᠤᠨ ᠡᠷᠬᠢᠴᠡᠭᠦᠯᠦᠯ     2018 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠦᠵᠡᠯ ᠣᠬᠠᠮᠰᠠᠷ︾᠎ ᠢ ᠪᠠᠲᠦ ᠪᠠᠬᠢ ᠪᠤᠢ ᠪᠤᠯᠭᠠᠨ᠂ ︽ᠳᠦᠷᠪᠡᠨ ᠢᠳᠡᠬᠡᠯ︾᠎ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠬᠦᠢᠴᠡᠳᠬᠡᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠳᠤ ᠪᠤᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ᠡᠯ᠎ᠡ ᠵᠦᠢᠯ ᠤᠨ ᠬᠦᠴᠢᠷᠳᠡᠯ ᠪᠣᠯᠣᠨ ᠥᠷᠢᠰᠦᠯᠳᠦᠭᠡᠨ ᠢ ᠢᠳᠡᠪᠬᠢᠲᠡᠢ ᠳᠠᠪᠠᠵᠦ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢ ᠠᠵᠢᠯᠯᠠᠭᠰᠠᠨ ᠠᠴᠠ ᠪᠥᠬᠦ ᠬᠤᠰᠢᠭᠤᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ 2018 ᠣᠨ ᠳᠤ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 9.3%᠎ ᠪᠠᠷ ᠨᠡᠮᠡᠭᠳᠡᠨ᠂ ᠪᠦᠭᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ 3.3%᠎ ᠪᠠᠷ ᠪᠠᠭᠤᠷᠠᠪᠠ᠃ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ 20.45 ᠳ᠋ᠥᠩᠰᠢᠭᠤᠷ ᠳᠦᠭᠦᠷᠢᠭ ᠢ ᠪᠡᠶᠡᠯᠡᠬᠦᠯᠵᠦ᠂ ᠪᠦᠬᠦ ᠤᠷᠤᠨ ᠤ103 ᠬᠤᠰᠢᠭᠤ ᠰᠢᠶᠠᠨ ᠤ ᠳᠤᠮᠳᠠ 11 ᠳ᠋ᠦ᠋ᠭᠡᠷ ᠳᠤ ᠵᠢᠭᠰᠠᠭᠠᠭᠳᠠᠨ᠂ 11.2%᠎ ᠢᠶᠠᠷ ᠨᠡᠮᠡᠭᠳᠡᠭᠰᠡᠨ ᠪᠠᠶᠢᠨ᠎ᠠ᠃ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ 23.5 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ 7.6%᠎ ᠪᠠᠷ ᠨᠡᠮᠡᠭᠳᠡᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠤᠪᠢᠶᠠᠷᠢᠯᠠᠵᠦ ᠪᠣᠯᠬᠤᠶᠢᠴᠠ ᠣᠷᠣᠯᠭ᠎ᠠ ᠲᠤᠰᠪᠤᠷᠢ 39117 ᠳᠦᠭᠦᠷᠢᠭ ᠪᠠ 25934 ᠳᠦᠭᠦᠷᠢᠭ ᠢ ᠪᠡᠶᠡᠯᠡᠬᠦᠯᠵᠦ᠂ ᠲᠤᠰ ᠲᠤᠰ 7.5% ᠪᠠ 9.6%᠎ ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠤᠤᠷᠠᠬᠢ ᠬᠡᠳᠦᠨ ᠲᠠᠯ᠎ᠠ ᠶᠢᠨ ᠠᠵᠢᠯ ᠢ ᠬᠢᠪᠡ᠄     ︵ᠨᠢᠭᠡ︶ ᠬᠦᠴᠦᠨ ᠢᠶᠠᠨ ᠲᠥᠪᠯᠡᠷᠡᠭᠦᠯᠦᠨ᠂ ᠨᠠᠷᠢᠯᠢᠭ ᠣᠨᠣᠪᠴᠢᠲᠠᠢ ᠪᠠᠷ ᠳᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠦ᠂ ︽ᠭᠤᠷᠪᠠᠨ ᠶᠡᠭᠡ ᠪᠤᠭᠤᠮᠲᠠ ᠰᠢᠪᠳᠤᠯᠬᠤ ᠳᠠᠶᠢᠯᠠᠯᠳᠤᠭᠠᠨ︾᠎ ᠢ ᠪᠥᠬᠦ ᠬᠦᠴᠦᠨ ᠢᠶᠠᠷ ᠢᠶᠠᠨ ᠰᠠᠶᠢᠳᠤᠷ ᠬᠢᠪᠡ᠃     ᠭᠦᠨᠳᠤ ᠶᠡᠭᠡ ᠠᠶᠤᠯ ᠳᠦᠭᠰᠢᠬᠦᠷᠢ ᠶᠢ ᠪᠦᠳᠦᠮᠵᠢᠳᠠᠢ ᠰᠡᠷᠭᠡᠶᠢᠯᠡᠨ ᠬᠤᠷᠢᠭᠯᠠᠪᠠ᠃ ᠵᠠᠰᠠᠭ ᠤᠨ ᠤᠷᠳᠤᠨ ᠤ ᠥᠷᠢ ᠥᠭᠴᠡᠭᠡ ᠶᠢ ᠰᠢᠢᠳᠪᠤᠷᠢᠯᠡᠬᠦ ᠳᠦᠰᠦᠪ ᠢ ᠴᠢᠩᠭ᠎ᠠ ᠨᠠᠶᠢᠳᠠᠪᠤᠷᠢᠵᠢᠭᠤᠯᠤᠨ᠂ ᠳᠦᠰᠦᠪ ᠢ ᠪᠠᠶᠢᠷᠢᠯᠠᠭᠤᠯᠬᠤ᠂ ᠡᠩ ᠤᠨ ᠴᠢᠨᠠᠷᠳᠠᠢ ᠵᠠᠷᠤᠯᠭ᠎ᠠ ᠶᠢ ᠪᠠᠭᠠᠰᠬᠠᠬᠤ᠂ ᠨᠦᠭᠡᠴᠡ ᠪᠡᠯᠡ ᠮᠦᠩᠭᠦ ᠶᠢ ᠡᠷᠬᠢᠯᠲᠡ ᠳᠤ ᠤᠷᠤᠭᠤᠯᠬᠤ ᠵᠡᠷᠭᠡ ᠠᠷᠭ᠎ᠠ ᠠᠪᠴᠠᠯ ᠢ ᠠᠪᠴᠦ᠂ ᠨᠢᠳᠤᠨᠤᠨ 9.88 ᠳ᠋ᠦᠩᠰᠢᠭᠤᠷ ᠲᠦᠭᠦᠷᠢᠭ ᠤᠨ ᠵᠠᠰᠠᠭ ᠤᠨ ᠤᠷᠳᠤᠨ ᠤ ᠥᠷᠢ ᠥᠭᠴᠡᠭᠡ ᠶᠢ ᠳᠦᠯᠦᠵᠦ᠂ ᠪᠦᠬᠦ ᠵᠢᠯ ᠤᠨ ᠡᠭᠦᠷᠬᠡ ᠪᠠᠨ 106%᠎ ᠪᠠᠷ ᠳᠠᠪᠠᠭᠤᠯᠤᠨ ᠪᠡᠶᠡᠯᠡᠬᠦᠯᠪᠡ᠃ ᠡᠭᠦᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠦᠷᠢ ᠦᠭᠴᠡᠭᠡ 4.6 ᠳ᠋ᠦᠩᠰᠢᠭᠤᠷ ᠲᠦᠭᠦᠷᠢᠭ ᠢ ᠪᠦᠬᠦᠨ ᠢ ᠳᠦᠯᠦᠵᠦ ᠳᠠᠭᠤᠰᠬᠠᠪᠠ᠃ ᠦᠪᠡᠷᠳᠡᠭᠡᠨ ᠵᠠᠰᠠᠬᠤ ᠤᠷᠤᠨ ᠠᠴᠠ ᠥᠷᠢ ᠥᠭᠴᠡᠭᠡ ᠶᠢ ᠰᠢᠢᠳᠪᠤᠷᠢᠯᠡᠭᠰᠡᠨ ᠱᠠᠩᠨᠠᠯ ᠤᠨ ᠮᠦᠩᠭᠦ 1.1 ᠳ᠋ᠦᠩᠰᠢᠭᠤᠷ ᠳᠦᠭᠦᠷᠢᠭ ᠢ ᠡᠷᠡᠮᠡᠯᠵᠡᠯᠡᠨ ᠤᠯᠵᠠᠢ᠃ ᠨᠠᠷᠢᠨ ᠳᠤᠳᠤᠷᠬᠠᠢ ᠪᠠᠶᠢᠴᠠᠭᠠᠨ ᠳᠤᠳᠤᠯᠠᠭᠰᠠᠨ ᠰᠠᠭᠤᠷᠢᠨ ᠳᠡᠭᠡᠷ᠎ᠡ᠂ ᠵᠠᠰᠠᠭ ᠤᠨ ᠤᠷᠳᠤᠨ ᠤ ᠳᠠᠯᠳᠠ ᠴᠢᠨᠠᠷ ᠤᠨ ᠥᠷᠢ ᠥᠭᠴᠡᠭᠡ ᠶᠢ ᠰᠢᠢᠳᠪᠤᠷᠢᠯᠡᠬᠦ ᠳᠦᠰᠦᠪ ᠢ ᠲᠤᠭᠳᠠᠭᠠᠪᠠ᠃ ᠵᠠᠰᠠᠭ ᠤᠨ ᠤᠷᠳᠤᠨ ᠪᠠ ᠨᠡᠶᠢᠭᠡᠮ ᠤᠨ ᠪᠡᠯᠡ ᠬᠦᠷᠦᠩᠭᠡ ᠶᠢᠨ ᠬᠠᠮᠳᠤᠷᠠᠯᠴᠠᠭ᠎ᠠ᠂ ᠵᠠᠰᠠᠭ ᠤᠨ ᠤᠷᠳᠤᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠶᠢ ᠬᠠᠤᠯᠢ ᠶᠤᠰᠤᠭᠠᠷ ᠳᠦᠷᠢᠮᠵᠢᠬᠦᠯᠦᠨ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠪᠠ᠃ ᠮᠠᠯᠵᠢᠬᠤ ᠤᠷᠤᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠳᠦᠭᠰᠢᠬᠦᠷᠢ ᠶᠢ ᠦᠷᠭᠦᠯᠵᠢᠯᠡᠨ ᠰᠡᠷᠭᠡᠶᠢᠯᠡᠨ ᠰᠢᠢᠳᠪᠤᠷᠢᠯᠡᠵᠦ᠂ ᠵᠢᠭᠡᠯᠡᠯᠭᠡ ᠠᠪᠤᠭᠰᠠᠨ ᠡᠷᠦᠬᠡ ᠶᠢᠨ ᠲᠤᠭ᠎ᠠ ᠪᠠ ᠵᠢᠭᠡᠯᠡᠯᠭᠡ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 63% ᠪᠠ 42%᠎ ᠢᠶᠠᠷ ᠪᠠᠭᠤᠷᠠᠵᠠᠢ᠃     ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠪᠠ᠃ ︽ᠪᠠᠷᠠᠭᠤᠨ ᠦᠵᠦᠮᠦᠴᠢᠨ ᠬᠤᠰᠢᠭᠤᠨ ᠤ 2018 — 2020 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ ᠭᠤᠷᠪᠠᠨ ᠵᠢᠯ ᠤᠨ ᠠᠵᠢᠯᠯᠠᠭᠠᠨ ᠤ ᠲᠦᠰᠦᠪ︾᠎ ᠢ ᠲᠤᠭᠲᠠᠭᠠᠨ᠂ ᠳᠤᠰᠬᠠᠢ ᠳᠦᠷᠦᠯ ᠤᠨ ᠠᠬᠢᠭᠤᠯᠬᠤ ᠳᠤᠭᠤᠶᠢᠯᠠᠩ 16 ᠪᠠ ᠱᠠᠭᠠᠷᠳᠠᠨ ᠪᠠᠶᠢᠴᠠᠭᠠᠬᠤ ᠳᠤᠭᠤᠶᠢᠯᠠᠩ 6᠎ ᠶᠢ ᠪᠠᠶᠢᠭᠤᠯᠵᠦ᠂ ᠤᠯᠠᠨ ᠤᠳᠠᠭ᠎ᠠ ᠲᠤᠰᠬᠠᠢ ᠠᠵᠢᠯ ᠤᠨ ᠬᠤᠷᠠᠯ ᠬᠤᠷᠠᠯᠳᠤᠭᠤᠯᠤᠨ᠂ ᠤᠷᠢᠳ ᠬᠤᠵᠢᠳ 4 ᠡᠭᠡᠯᠵᠢ ᠶᠢᠨ ᠱᠠᠭᠠᠷᠳᠠᠨ ᠪᠠᠶᠢᠴᠠᠭᠠᠯᠳᠠ ᠶᠢ ᠦᠷᠨᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠡᠯ᠎ᠡ ᠲᠦᠷᠦᠯ ᠤᠨ ᠠᠵᠢᠯ ᠢ ᠪᠦᠳᠦᠮᠵᠢᠳᠠᠢ ᠨᠠᠶᠢᠳᠠᠪᠤᠷᠢᠵᠢᠭᠤᠯᠪᠠ᠃ ᠪᠦᠬᠦ ᠵᠢᠯ ᠳᠤ ᠶᠠᠳᠠᠭᠤ ᠶᠢ ᠳᠡᠳᠬᠦᠬᠦ ᠠᠵᠢᠯ ᠳᠤ ᠨᠡᠶᠢᠲᠡ 1038.55 ᠳᠦᠮᠡᠨ ᠳᠦᠭᠦᠷᠢᠭ ᠤᠨ ᠪᠡᠯᠡ ᠵᠠᠷᠤᠴᠠᠭᠤᠯᠵᠦ᠂ ᠲᠠᠩᠰᠠ ᠺᠠᠷᠲ ᠪᠠᠶᠢᠭᠤᠯᠤᠭᠰᠠᠨ 121 ᠶᠠᠳᠠᠭᠤ ᠬᠦᠴᠢᠷᠳᠡᠯᠳᠡᠢ ᠡᠷᠦᠬᠡ ᠶᠢᠨ 372 ᠬᠦᠮᠦᠨ ᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠠ᠃ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠰᠠᠶᠢᠳᠤᠷ ᠠᠳᠬᠤᠵᠦ᠂ ︽ᠰᠦᠷᠦᠭ ᠲᠠᠯᠪᠢᠬᠤ︾ ᠬᠡᠯᠪᠡᠷᠢ ᠪᠠᠷ ᠶᠠᠳᠠᠭᠤ ᠬᠦᠴᠢᠷᠳᠡᠯᠳᠡᠢ ᠡᠷᠦᠬᠡ ᠳᠤ 2909 ᠳᠤᠯᠤᠭᠠᠢ ᠰᠠᠭᠤᠷᠢ ᠡᠬᠡ ᠮᠠᠯ᠂ 205 ᠳᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠬᠠᠩᠭᠠᠪᠡ᠃ ᠡᠮᠴᠢᠯᠡᠭᠡᠨ ᠤ ᠤᠶᠢᠯᠡᠴᠢᠯᠡᠭᠡ ᠪᠠᠷ ᠶᠠᠳᠠᠭᠤ ᠶᠢ ᠳᠡᠳᠬᠦᠬᠦ ᠠᠵᠢᠯ ᠤᠨ ᠦᠷ᠎ᠡ ᠪᠦᠳᠦᠮᠵᠢ ᠪᠠᠨ ᠴᠢᠩᠭᠠᠳᠬᠠᠨ᠂ ᠶᠠᠳᠠᠭᠤ ᠬᠦᠴᠢᠷᠳᠡᠯᠳᠡᠢ 292 ᠬᠦᠮᠦᠨ ︵ᠤᠳᠠᠭ᠎ᠠ︶᠎ ᠳᠤ ᠦᠨ᠎ᠡ ᠳᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠦ᠂ 15.3 ᠳᠦᠮᠡᠨ ᠳᠦᠭᠦᠷᠢᠭ ᠤᠨ ᠡᠮ ᠡᠮᠨᠡᠯᠭᠡ ᠶᠢᠨ ᠰᠦᠢᠳᠬᠡᠯ ᠢ ᠴᠠᠶᠢᠷᠠᠭᠤᠯᠤᠨ ᠥᠭᠴᠦ᠂ ᠶᠠᠳᠠᠭᠤ ᠬᠦᠴᠢᠷᠳᠡᠯᠳᠡᠢ ᠡᠷᠦᠬᠡ ᠳᠤ ᠭᠡᠷ ᠪᠦᠯᠢ ᠶᠢᠨ ᠡᠮᠴᠢ ᠭᠡᠷ᠎ᠡ ᠳᠤᠭᠲᠠᠨ ᠦᠢᠯᠡᠴᠢᠯᠡᠭᠰᠡᠨ ᠨᠣᠷᠮ᠎ᠠ 100%᠎ ᠳᠤ ᠭᠦᠷᠴᠠᠢ᠃ ᠶᠠᠳᠠᠭᠤ ᠬᠦᠴᠢᠷᠳᠡᠯᠳᠡᠢ ᠡᠷᠦᠬᠡ ᠶᠢᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠂ 41 ᠤᠷᠤᠨ ᠰᠠᠭᠤᠴᠠ᠂ 26 ᠫᠧᠩ ᠬᠤᠷᠤᠭ᠎ᠠ ᠶᠢ ᠨᠦᠬᠦᠪᠦᠷᠢ ᠤᠯᠭᠤᠨ ᠪᠠᠶᠢᠭᠤᠯᠵᠤ᠂ 120 ᠳᠦᠮᠡᠨ ᠳᠦᠭᠦᠷᠢᠭ ᠤᠨ ᠪᠡᠯᠡ ᠵᠠᠷᠤᠴᠠᠭᠤᠯᠤᠨ᠂ ᠶᠠᠳᠠᠭᠤ ᠬᠦᠴᠢᠷᠳᠡᠯᠳᠡᠢ ᠡᠷᠦᠬᠡ ᠶᠢᠨ ᠤᠰᠤ ᠤᠮᠳᠠ ᠶᠢᠨ ᠠᠮᠦᠷ ᠳᠦᠪᠰᠢᠨ ᠤ ᠠᠰᠠᠭᠤᠳᠠᠯ ᠢ ᠰᠢᠢᠳᠪᠤᠷᠢᠯᠡᠪᠡ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠵᠢᠯ ᠢ ᠦᠷᠭᠦᠯᠵᠢᠯᠡᠨ ᠥᠷᠨᠢᠬᠦᠯᠵᠦ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ᠂ ᠳᠤᠤᠷ᠎ᠠ ᠪᠠᠳᠤᠯᠠᠭᠠᠳᠤ ᠡᠷᠦᠬᠡ ᠪᠠ ᠠᠵᠤ ᠠᠬᠤᠢ ᠶᠢᠨ ᠬᠦᠴᠢᠷᠳᠡᠯ ᠲᠠᠢ ᠭᠡᠷ ᠪᠦᠯᠢ ᠶᠢᠨ ᠰᠤᠷᠤᠭᠴᠢ ᠳᠤ 208.2 ᠳᠦᠮᠡᠨ ᠳᠦᠭᠦᠷᠢᠭ ᠤᠨ ᠨᠦᠬᠦᠪᠦᠷᠢ ᠤᠯᠭᠤᠵᠠᠢ᠃ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠠᠵᠢᠯ ᠢ ᠳᠦᠯᠬᠢᠨ ᠠᠬᠢᠭᠤᠯᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠨ᠂ 1350.5 ᠳᠦᠮᠡᠨ ᠳᠦᠭᠦᠷᠢᠭ ᠤᠨ ᠶᠠᠳᠠᠭᠤ ᠶᠢ ᠳᠡᠳᠬᠦᠬᠦ ᠵᠢᠭᠡᠯᠡᠯᠭᠡ ᠲᠠᠯᠪᠢᠪᠠ᠃ ᠡᠳ᠋ ᠬᠦᠷᠦᠩᠭᠡ ᠶᠢᠨ ᠠᠰᠢᠭ ᠤᠷᠤᠯᠭ᠎ᠠ ᠪᠠᠷ ᠶᠠᠳᠠᠭᠤ ᠶᠢ ᠳᠡᠳᠬᠦᠬᠦ ᠲᠠᠯ᠎ᠠ ᠪᠠᠷ ᠰᠢᠨ᠎ᠡ ᠶᠢ ᠡᠭᠦᠳᠴᠦ᠂ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠳᠡᠢ 45 ᠬᠦᠮᠦᠨ ᠳᠤ ᠬᠦᠮᠦᠨ ᠪᠦᠷᠢ ᠳᠤ ᠰᠠᠷ᠎ᠠ ᠪᠤᠯᠭᠠᠨ 555 ᠳᠦᠭᠦᠷᠢᠭ ᠤᠨ ᠠᠰᠢᠭ ᠬᠤᠪᠢᠶᠠᠪᠠ᠃ ᠨᠡᠶᠢᠭᠡᠮ ᠤᠨ ᠪᠠᠳᠤᠯᠠᠭ᠎ᠠ ᠶᠢ ᠴᠢᠩᠭᠠᠳᠬᠠᠨ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠳᠤ 9.11 ᠳᠦᠮᠡᠨ ᠳᠦᠭᠦᠷᠢᠭ ᠤᠨ ᠨᠡᠶᠢᠭᠡᠮ ᠤᠨ ᠳᠠᠭᠠᠳᠬᠠᠯ ᠢ ᠳᠤᠰᠢᠶᠠᠨ ᠥᠭᠴᠦ᠂ 28 ᠶᠠᠳᠠᠭᠤ ᠬᠦᠴᠢᠷᠳᠡᠯᠳᠡᠢ ᠡᠷᠦᠬᠡ ᠶᠢᠨ 80 ᠬᠦᠮᠦᠨ ᠠᠮᠠ ᠶᠢ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠵᠠᠢ᠃ ᠦᠪᠡᠷᠳᠡᠭᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠯᠳᠠ ᠳᠤ ᠳᠤᠰᠬᠠᠭᠰᠠᠨ 2 ᠲᠠᠯ᠎ᠠ ᠶᠢᠨ 3 ᠠᠰᠠᠭᠤᠳᠠᠯ ᠢ ᠪᠦᠬᠦᠨ ᠢ ᠵᠠᠰᠠᠨ ᠴᠡᠭᠴᠡᠯᠡᠪᠡ᠃     ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠳᠦᠮᠵᠢ ᠣᠯᠪᠠ᠃ ᠴᠡᠯᠮᠡᠭ ᠤᠭᠳᠠᠷᠭᠤᠢ᠂ ᠴᠡᠩᠭᠡᠭ ᠤᠰᠤ᠂ ᠥᠩ ᠰᠢᠮᠡᠯᠢᠭ ᠬᠦᠷᠦᠰᠤ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠤ ᠠᠵᠢᠯ ᠢ ᠰᠠᠶᠢᠳᠤᠷ ᠬᠢᠪᠡ᠃ ᠪᠠᠶᠠᠨᠬᠤᠸᠠ ᠶᠢᠨ ᠱᠠᠨ ᠴᠠᠬᠢᠯᠭᠠᠨ ᠦᠢᠯᠡᠳᠪᠦᠷᠢ ᠶᠢᠨ 2 ᠨᠤᠮᠧᠷᠲᠤ ᠮᠠᠰᠢᠨ ᠴᠤᠭᠴᠠᠯᠠᠪᠤᠷᠢ ᠶᠢᠨ ᠴᠡᠪᠡᠷᠰᠢᠬᠦᠯᠦᠨ ᠭᠠᠳᠠᠭᠰᠢᠯᠠᠭᠤᠯᠬᠤ ᠦᠭᠡᠷᠡᠴᠢᠯᠡᠯᠳᠡ ᠶᠢ ᠪᠡᠶᠡᠯᠡᠬᠦᠯᠵᠦ᠂ ᠢᠯᠡᠬᠦᠳᠡᠯ ᠢᠯᠴᠢ ᠶᠢ ᠠᠰᠢᠭᠯᠠᠨ᠂ 6 ᠰᠢᠲᠠᠭᠠᠯᠭ᠎ᠠ ᠶᠢᠨ ᠵᠤᠤᠬ᠎ᠠ ᠶᠢ ᠤᠷᠤᠯᠠᠭᠤᠯᠪᠠ᠃ ᠪᠠᠯᠭᠠᠷᠭᠤᠤᠯ ᠪᠠᠯᠭᠠᠰᠤᠨ ᠤ 10 ᠲᠣᠨ ᠠᠴᠠ ᠳᠤᠷᠤᠭᠰᠢ ᠠᠭᠤᠷᠰᠢᠭᠤᠯᠬᠤ 35 ᠰᠢᠲᠠᠭᠠᠯᠭ᠎ᠠ ᠶᠢᠨ ᠵᠤᠤᠬ᠎ᠠ ᠶᠢ ᠰᠢᠭᠰᠢᠭᠳᠡᠬᠦᠯᠦᠨ᠂ ᠪᠠᠶᠠᠨᠬᠤᠸᠠ ᠠᠵᠤ ᠦᠢᠯᠡᠳᠪᠤᠷᠢ ᠶᠢᠨ ᠳᠤᠭᠤᠷᠢᠭ ᠤᠨ 10 ᠲᠣᠨ ᠠᠴᠠ ᠳᠡᠭᠡᠭᠰᠢ ᠠᠭᠤᠷᠰᠢᠭᠤᠯᠬᠤ 24 ᠰᠢᠲᠠᠭᠠᠯᠭ᠎ᠠ ᠶᠢᠨ ᠵᠤᠤᠬ᠎ᠠ ᠶᠢ ᠪᠠᠷᠢᠮᠵᠢᠶ᠎ᠠ ᠳᠤ ᠭᠦᠷᠭᠡᠭᠰᠡᠨ ᠪᠠᠶᠢᠨ᠎ᠠ᠃ ᠪᠠᠯᠭᠠᠷᠭᠤᠤᠯ ᠪᠠᠯᠭᠠᠰᠤᠨ ᠤ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠭᠦᠨᠵᠡᠭᠡᠢ ᠰᠢᠢᠳᠪᠤᠷᠢᠯᠡᠬᠦ ᠳᠦᠷᠦᠯ ᠵᠦᠢᠯ ᠨᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠢᠨᠠᠨ ᠰᠢᠯᠭᠠᠯᠳᠠ ᠶᠢ ᠦᠩᠭᠡᠷᠡᠭᠡᠵᠦ᠂ ᠪᠠᠶᠠᠨᠬᠤᠸᠠ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠳᠦᠬᠦᠭᠡᠷᠦᠮᠵᠢ ᠨᠢ ᠠᠶᠢᠮᠠᠭ ᠤᠨ ᠤᠷᠴᠢᠨ ᠳᠤᠭᠤᠷᠢᠨ ᠢ ᠬᠠᠮᠠᠭᠠᠯᠠᠬᠤ ᠳᠤᠪᠴᠢᠶ᠎ᠠ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠳᠠᠪᠴᠠᠩ ᠲᠠᠢ ᠬᠤᠯᠪᠤᠯᠳᠤᠬᠤ ᠶᠢ ᠪᠡᠶᠡᠯᠡᠬᠦᠯᠪᠡ᠃ ᠬᠤᠰᠢᠭᠤᠨ ᠳᠤᠳᠤᠷᠠᠬᠢ 32 ᠰᠠᠭᠤᠷᠢ ᠲᠤᠰᠤ ᠨᠡᠮᠡᠬᠦ ᠦᠷᠲᠡᠭᠡ ᠶᠢᠨ 147 ᠭᠠᠵᠠᠷ ᠳᠤᠤᠷᠠᠬᠢ ᠳᠤᠰᠤᠨ ᠰᠠᠪᠠ ᠳᠤ ᠭᠤᠭᠤᠵᠢᠬᠤ ᠠᠴᠠ ᠰᠡᠷᠭᠡᠶᠢᠯᠡᠬᠦ ᠦᠭᠡᠷᠡᠴᠢᠯᠡᠯᠳᠡ ᠶᠢ ᠪᠡᠶᠡᠯᠡᠭᠦᠯᠵᠠᠢ᠃ ᠪᠠᠯᠭᠠᠷᠭᠤᠤᠯ ᠪᠠᠯᠭᠠᠰᠤᠨ ᠤ ᠤᠰᠤ ᠤᠮᠳᠠ ᠶᠢᠨ ᠡᠬᠢ ᠰᠤᠷᠪᠤᠯᠵᠢ ᠶᠢᠨ ᠪᠠᠷᠢᠮᠵᠢᠶᠠᠵᠢᠭᠰᠠᠨ ᠪᠠᠶᠢᠭᠤᠯᠤᠯᠳᠠ ᠶᠢ ᠪᠡᠶᠡᠯᠡᠬᠦᠯᠪᠡ᠃ ᠬᠤᠰᠢᠭᠤᠨ ᠲᠤᠳᠤᠷᠠᠬᠢ 7 ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠭᠤᠴᠠᠯᠭ᠎ᠠ ᠶᠢᠨ ᠪᠢᠴᠢᠭ ᠲᠤᠭᠲᠠᠨ᠂ ᠬᠠᠲᠠᠭᠤ ᠪᠡᠶᠡᠳᠤ ᠬᠠᠶᠠᠭᠳᠠᠮᠠᠯ ᠪᠤᠳᠠᠰ᠂ ᠠᠶᠤᠯᠳᠠᠢ ᠬᠠᠶᠠᠭᠳᠠᠮᠠᠯ ᠪᠤᠳᠠᠰ ᠢ ᠬᠠᠤᠯᠢ ᠪᠤᠰᠤ ᠪᠠᠷ ᠰᠢᠯᠵᠢᠬᠦᠯᠬᠦ ᠪᠠ ᠬᠠᠶᠠᠬᠤ ᠶᠢ ᠲᠤᠰᠬᠠᠢ ᠴᠡᠭᠴᠡᠯᠡᠬᠦ ᠠᠵᠢᠯᠯᠠᠭ᠎ᠠ ᠶᠢ ᠦᠷᠨᠢᠬᠦᠯᠵᠦ᠂ ᠬᠦᠷᠦᠰᠤ ᠰᠢᠷᠤᠢ ᠶᠢᠨ ᠪᠤᠬᠢᠷᠳᠤᠯ ᠢ ᠴᠢᠩᠭ᠎ᠠ ᠰᠡᠷᠭᠡᠶᠢᠯᠡᠨ ᠬᠤᠷᠢᠭᠯᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ︽ᠡᠷᠬᠢᠨ ᠬᠠᠷᠠᠬᠤ︾ ᠪᠠᠶᠢᠴᠠᠭᠠᠯᠳᠠ ᠶᠢᠨ ᠠᠵᠢᠯ ᠢ ᠠᠮᠵᠢᠯᠳᠠ ᠎ ᠲᠠᠢ ᠪᠡᠶᠡᠯᠡᠬᠦᠯᠵᠦ᠂ ᠰᠢᠯᠵᠢᠬᠦᠯᠦᠨ ᠥᠭᠬᠦᠭᠰᠡᠨ 18 ᠪᠦᠯᠦᠭ 38 ᠬᠤᠪᠢ ᠠᠰᠠᠭᠤᠳᠠᠯ ᠢ ᠰᠢᠢᠳᠪᠤᠷᠢᠯᠡᠪᠡ᠃ ᠬᠢᠨᠠᠨ ᠵᠦᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ ᠪᠠᠷ ᠨᠤᠲᠤᠭ ᠪᠡᠯᠴᠢᠭᠡᠷ ᠢ ᠲᠠᠳᠠᠪᠤᠷᠢᠯᠠᠨ ᠬᠡᠷᠡᠭᠯᠡᠭᠰᠡᠨ 135 ᠬᠤᠪᠢ ᠠᠰᠠᠭᠤᠳᠠᠯ ᠢ ᠵᠠᠰᠠᠨ ᠴᠡᠭᠴᠡᠯᠡᠬᠦ ᠶᠢ ᠪᠡᠶᠡᠯᠡᠬᠦᠯᠵᠦ᠂ ᠨᠤᠲᠤᠭ ᠪᠡᠯᠴᠢᠭᠡᠷ ᠢ ᠡᠪᠳᠡᠭᠰᠡᠨ 53 ᠬᠡᠷᠡᠭ ᠵᠠᠷᠭᠤ ᠶᠢ ᠪᠦᠬᠦᠨ ᠢ ᠰᠢᠢᠳᠪᠤᠷᠢᠯᠡᠭᠰᠡᠨ ᠪᠠᠶᠢᠨ᠎ᠠ  ᠃     ︵ᠬᠤᠶᠠᠷ︶ ᠴᠢᠨᠠᠷᠯᠢᠭ ᠬᠦᠭᠵᠢᠯᠳᠡ ᠶᠢ ᠪᠠᠷᠢᠮᠲᠠᠯᠠᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰᠵᠢᠬᠦᠯᠬᠦ ᠶᠢ ᠳᠦᠷᠭᠡᠳᠬᠡᠪᠡ᠃ ᠭᠤᠷᠪᠠᠨ ᠠᠵᠦ ᠦᠢᠯᠡᠰ ᠤᠨ ᠨᠡᠮᠡᠭᠳᠡᠯ ᠦᠷᠲᠡᠭ ᠲᠤᠰᠪᠤᠷᠢ5.4%᠂ 9.7% ᠪᠠ 11.2%᠎ ᠢᠶᠠᠷ ᠨᠡᠮᠡᠭᠳᠡᠵᠦ᠂ ᠠᠵᠤ ᠦᠢᠯᠡᠰ ᠤᠨ ᠪᠦᠳᠦᠴᠡ ᠨᠡᠩ ᠵᠤᠬᠢᠰᠳᠠᠢ ᠪᠤᠯᠪᠠ᠃     ᠤᠳᠤᠬᠢᠴᠢᠯᠠᠭᠰᠠᠨ ᠮᠠᠯ ᠠᠵᠤ ᠠᠬᠤᠢ ᠶᠢ ᠲᠤᠭᠳᠠᠭᠤᠨ ᠢᠶᠠᠷ ᠬᠦᠭᠵᠢᠭᠦᠯᠪᠡ᠃ ᠮᠠᠯ ᠠᠵᠤ ᠠᠬᠤᠢ ᠶᠢᠨ ᠵᠢᠯ ᠤᠨ ᠡᠴᠦᠰ ᠤᠨ ᠮᠠᠯ ᠤᠨ ᠲᠤᠭ᠎ᠠ 237 ᠳᠦᠮᠡᠨ ᠲᠤᠯᠤᠭᠠᠢ ᠪᠠᠶᠢᠵᠦ᠂ ᠪᠦᠬᠦ ᠵᠢᠯ ᠳᠤ 137 ᠳᠦᠮᠡᠨ ᠲᠤᠯᠤᠭᠠᠢ ᠮᠠᠯ ᠢ ᠪᠤᠷᠤᠯᠠᠭᠤᠯᠵᠠᠢ᠃ ︽ᠬᠤᠨᠢ ᠶᠢ ᠴᠢᠨᠠᠷᠵᠢᠭᠤᠯᠵᠦ᠂ ᠦᠬᠡᠷ ᠢ ᠨᠡᠮᠡᠭᠳᠡᠬᠦᠯᠬᠦ︾ ᠪᠠᠶᠢᠯᠳᠤᠬᠤ ᠪᠤᠳᠣᠯᠭ᠎ᠠ ᠶᠢ ᠭᠦᠨᠵᠡᠭᠡᠢ ᠬᠡᠷᠡᠭᠵᠢᠬᠦᠯᠵᠦ᠂ ᠪᠦᠬᠦ ᠵᠢᠯ ᠳᠤ 2797 ᠳᠤᠯᠤᠭᠠᠢ ᠰᠢᠯᠢᠳᠡᠭ ᠡᠭᠦᠯᠳᠡᠷ ᠤᠨ ᠦᠬᠡᠷ ᠤᠷᠤᠭᠤᠯᠵᠦ᠂ 9.8 ᠳᠦᠮᠡᠨ ᠲᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠪᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠡᠪᠴᠢᠶᠡᠵᠢᠭᠰᠡᠨ ᠮᠠᠯᠵᠢᠯ ᠤᠨ ᠡᠷᠦᠬᠡ ᠪᠠ ᠬᠤᠷᠰᠢᠶᠠᠵᠢᠯ ᠢ ᠶᠡᠬᠡᠪᠡᠷ ᠬᠦᠭᠵᠢᠬᠦᠯᠦᠨ᠂ ᠠᠶᠢᠮᠠᠭ ᠤᠨ ᠳᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 21᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 58 ᠡᠷᠦᠬᠡ ᠳᠤ ᠭᠦᠷᠭᠡᠭᠰᠡᠨ ᠪᠠᠶᠢᠨ᠎ᠠ᠃ ᠦᠵᠦᠮᠦᠴᠢᠨ ᠮᠢᠬᠠᠨ ᠤ ᠬᠤᠨᠢᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ᠂ ︽ᠦᠵᠦᠮᠦᠴᠢᠨ ᠬᠤᠨᠢᠨ ᠤ ᠠᠵᠦ ᠦᠢᠯᠡᠰ ᠤᠨ ᠬᠦᠭᠵᠢᠯᠳᠡ ᠶᠢᠨ ᠬᠡᠷᠡᠭᠵᠢᠬᠦᠯᠬᠦ ᠳᠦᠰᠦᠪ︾ ᠵᠢᠴᠢ ᠪᠠᠷᠢᠮᠵᠢᠶ᠎ᠠ᠂ ᠬᠢᠨᠠᠨ ᠲᠤᠭᠳᠠᠭᠠᠬᠤ ᠠᠷᠭ᠎ᠠ ᠵᠡᠷᠭᠡ ᠶᠢ ᠲᠤᠭᠳᠠᠭᠠᠨ᠂ 3407 ᠳᠤᠯᠤᠭᠠᠢ ᠦᠵᠦᠮᠦᠴᠢᠨ ᠬᠤᠴᠠ᠂ 4 ᠳᠦᠮᠡ ᠢᠯᠡᠭᠦᠦ ᠳᠤᠯᠤᠭᠠᠢ ᠦᠬᠢᠨ ᠳᠦᠯᠦᠭᠡ ᠶᠢ ᠰᠤᠩᠭᠤᠨ ᠦᠯᠡᠳᠡᠭᠡᠵᠦ᠂ ᠰᠢᠯᠢᠳᠡᠭ ᠡᠭᠦᠯᠳᠡᠷ ᠤᠨ ᠬᠤᠴᠠ ᠮᠠᠯᠵᠢᠬᠤ ᠳᠤᠰᠬᠠᠢ ᠡᠷᠦᠬᠡ 200᠎ ᠳᠤ ᠬᠦᠷᠭᠡᠵᠦ᠂ ᠪᠠᠷᠢᠮᠵᠢᠶᠠᠵᠢᠭᠰᠠᠨ ᠰᠦᠷᠦᠭ ᠢ 2000 ᠪᠤᠯᠭᠠᠪᠠ᠃ ᠠᠳᠤᠭᠤᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠤᠨ᠂ ᠦᠵᠦᠮᠦᠴᠢᠨ ᠴᠠᠭᠠᠨ ᠠᠳᠤᠭᠤᠨ ᠤ ᠰᠠᠭᠤᠷᠢᠨ ᠭᠠᠵᠠᠷ ᠤᠨ ᠰᠢᠯᠭᠠᠨ ᠪᠠᠶᠢᠴᠠᠭᠠᠬᠤ ᠲᠠᠰᠤᠭ᠂ ᠮᠠᠯ ᠤᠨ ᠡᠮᠴᠢ ᠶᠢᠨ ᠳᠠᠰᠤᠭ᠂ ᠬᠢᠵᠢᠭ ᠤᠨ ᠲᠠᠷᠢᠯᠭ᠎ᠠ ᠶᠢᠨ ᠬᠦᠮᠦᠷᠭᠡ᠂ ᠴᠡᠭᠡ ᠶᠢ ᠪᠤᠯᠪᠠᠰᠤᠷᠠᠭᠤᠯᠬᠤ ᠳᠠᠰᠤᠭ ᠵᠡᠷᠭᠡ ᠰᠠᠭᠤᠷᠢ ᠳᠦᠬᠦᠭᠡᠷᠦᠮᠵᠢ ᠶᠢ ᠰᠢᠨ᠎ᠡ ᠪᠠᠷ ᠪᠠᠶᠢᠭᠤᠯᠵᠦ᠂ ᠴᠠᠭᠠᠨ ᠠᠳᠤᠭᠤᠨ ᠤ ᠭᠤᠤᠯᠳᠠᠯᠭᠠᠳᠤ ᠰᠦᠷᠦᠭ ᠢ 25᠎ ᠳᠤ ᠭᠦᠷᠭᠡᠭᠰᠡᠨ ᠪᠠᠶᠢᠨ᠎ᠠ᠃ ᠦᠵᠦᠮᠦᠴᠢᠨ ᠬᠤᠨᠢᠨ ᠤ ᠠᠵᠤ ᠦᠢᠯᠡᠰ ᠤᠨ ᠬᠡᠯᠬᠢᠶᠡᠵᠢᠯ ᠢ ᠮᠦᠷᠳᠡᠨ ᠬᠠᠶᠢᠬᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠪᠠ᠃ 820.5 ᠳᠦᠮᠡᠨ ᠳᠦᠭᠦᠷᠢᠭ ᠎ ᠤᠨ ᠪᠡᠯᠡ ᠵᠠᠷᠤᠴᠠᠭᠤᠯᠵᠤ᠂ ᠡᠳ᠋ᠰᠢᠬᠦᠯᠬᠦ ᠪᠠᠷᠢᠮᠵᠢᠶᠠᠨ ᠳᠤ ᠬᠦᠷᠦᠭᠰᠡᠨ 13.25 ᠳᠦᠮᠡᠨ ᠲᠤᠯᠤᠭᠠᠢ ᠮᠦᠷᠲᠡᠨ ᠬᠠᠶᠢᠬᠤ ᠡᠭᠡᠮᠦᠭ ᠵᠡᠭᠦᠯᠭᠡᠭᠰᠡᠨ ᠬᠤᠷᠠᠭ᠎ᠠ ᠶᠢ ᠠᠷᠠᠴᠢᠯᠠᠵᠦ ᠮᠠᠯᠵᠢᠬᠤ ᠠᠴᠠ ᠡᠳ᠋ᠰᠢᠬᠦᠯᠬᠦ᠂ ᠡᠳ᠋ᠰᠢᠬᠦᠯᠬᠦ ᠠᠴᠠ ᠬᠤᠭᠤᠯᠠᠨ ᠰᠢᠷᠡᠭᠡᠨ ᠳᠤ ᠭᠠᠷᠭᠠᠬᠤ ᠬᠦᠷᠳᠡᠯᠡᠬᠢ ᠪᠦᠬᠦ ᠶᠠᠪᠤᠴᠠ ᠶᠢ ᠮᠦᠷᠳᠡᠨ ᠬᠠᠶᠢᠬᠤ ᠶᠢ ᠠᠩᠬ᠎ᠠ ᠠᠯᠬᠤᠮ ᠪᠡᠶᠡᠯᠡᠬᠦᠯᠪᠡ᠃ 2018 ᠣᠨ ᠳᠤ᠂ ᠦᠵᠦᠮᠦᠴᠢᠨ ᠬᠤᠨᠢᠨ ᠮᠢᠬ᠎ᠠ ᠨᠢ ᠭᠠᠷᠤᠯᠳᠠ ᠶᠢᠨ ᠤᠷᠤᠨ ᠤ ᠭᠠᠵᠠᠷ ᠵᠦᠢ ᠶᠢᠨ ᠰᠢᠨᠵᠢ ᠳᠡᠮᠳᠡᠭ ᠤᠨ ᠤᠯᠤᠰ ᠤᠨ ᠬᠠᠮᠠᠭᠠᠯᠠᠯᠳᠠ ᠶᠢᠨ ᠪᠦᠳᠦᠭᠡᠭᠳᠡᠬᠦᠨ ᠢᠶᠠᠷ ᠵᠦᠪᠰᠢᠶᠡᠷᠡᠭᠳᠡᠪᠡ᠃ ᠮᠠᠯ ᠠᠵᠤ ᠠᠬᠤᠢ ᠶᠢᠨ ᠮᠧᠬᠠᠨᠢᠭᠴᠢᠯᠠᠭᠰᠠᠨ ᠵᠢᠱᠢᠶ᠎ᠡ ᠦᠵᠡᠬᠦᠯᠬᠦ ᠤᠷᠤᠨ ᠤ ᠪᠠᠶᠢᠭᠤᠯᠤᠯᠲᠠ ᠶᠢ ᠳᠦᠷᠭᠡᠳᠬᠡᠵᠦ᠂ 715 ᠳᠦᠮᠡᠨ ᠳᠦᠭᠦᠷᠢᠭ ᠤᠨ ᠲᠠᠷᠢᠶᠠᠯᠠᠩ ᠤᠨ ᠮᠠᠰᠢᠨ ᠤ ᠨᠦᠬᠦᠪᠦᠷᠢ ᠤᠯᠭᠤᠨ᠂ 414 ᠮᠠᠯᠵᠢᠬᠤ ᠡᠷᠦᠬᠡ ᠳᠤ ᠠᠰᠢᠭ ᠭᠦᠷᠳᠡᠭᠡᠵᠠᠢ᠃ ᠬᠦᠨᠳᠤ ᠨᠤᠴᠢᠳᠠᠢ ᠭᠠᠩ ᠤᠨ ᠪᠠᠶᠢᠳᠠᠯ ᠢ ᠢᠳᠡᠪᠬᠢᠳᠠᠢ ᠠᠷᠭᠠᠴᠠᠭᠠᠵᠦ᠂ ᠭᠠᠮᠰᠢᠭᠳᠠᠭᠰᠠᠨ 1187 ᠮᠠᠯᠵᠢᠬᠤ ᠡᠷᠦᠬᠡ ᠳᠤ 9410 ᠲᠣᠨ ᠡᠪᠡᠰᠦ ᠪᠤᠷᠳᠤᠭ᠎ᠠ ᠲᠠᠷᠬᠠᠭᠠᠪᠠ᠃ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠬᠠᠯᠳᠠᠪᠤᠷᠢᠯᠠᠬᠤ ᠵᠠᠮ ᠢ ᠡᠷᠡᠰ ᠬᠤᠷᠢᠭᠯᠠᠪᠠ᠃ ᠭᠡᠰᠡᠭ ᠭᠠᠴᠠᠭᠠᠨ ᠳᠤ ᠢᠯᠡᠷᠡᠭᠰᠡᠨ ᠬᠤᠨᠢᠨ ᠤ ᠤᠷᠬᠢᠴᠠ ᠪᠠᠺᠲ᠋ᠧᠷᠢ ᠶᠢᠨ ᠡᠪᠡᠳᠴᠢᠨ ᠢ ᠪᠦᠳᠦᠮᠵᠢᠳᠠᠢ ᠬᠤᠷᠢᠭᠯᠠᠭᠰᠠᠨ ᠪᠠᠶᠢᠨ᠎ᠠ᠃ ᠪᠦᠬᠦ ᠤᠯᠤᠰ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠬᠤᠢ ᠲᠠᠯᠠᠪᠤᠷ ᠤᠨ ᠲᠤᠷᠰᠢᠯᠭ᠎ᠠ ᠰᠤᠯᠢᠯᠴᠠᠬᠤ ᠬᠤᠷᠠᠯ ᠢ ᠠᠮᠵᠢᠯᠳᠠᠳᠠᠢ ᠡᠷᠬᠢᠯᠡᠨ ᠶᠠᠪᠤᠭᠲᠠᠭᠤᠯᠵᠣ᠂ ᠮᠠᠨ ᠤ ᠬᠤᠰᠢᠭᠤᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ ᠦᠷ᠎ᠡ ᠪᠦᠳᠦᠮᠵᠢ ᠶᠢ ᠪᠦᠬᠦ ᠲᠠᠯ᠎ᠠ ᠪᠠᠷ ᠲᠡᠯᠭᠡᠨ ᠦᠵᠡᠭᠦᠯᠪᠡ᠃     ᠠᠵᠦ ᠦᠢᠯᠡᠳᠪᠤᠷᠢ ᠶᠢᠨ ᠠᠵᠤ ᠠᠬᠤᠢ ᠶᠢᠨ ᠶᠠᠰᠤ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 25 ᠠᠵᠦ ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠳᠪᠤᠷᠢᠯᠡᠯ ᠤᠨ ᠦᠷᠲᠡᠭ 158.15 ᠳ᠋ᠦᠩᠰᠢᠭᠤᠷ ᠳᠦᠭᠦᠷᠢᠭ ᠢ ᠪᠡᠶᠡᠯᠡᠬᠦᠯᠵᠦ᠂ 20.98%᠎ ᠪᠠᠷ ᠨᠡᠮᠡᠭᠳᠡᠨ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ 104.7%᠎ ᠪᠠᠷ ᠲᠠᠪᠠᠭᠤᠯᠤᠨ ᠪᠡᠶᠡᠯᠡᠭᠦᠯᠵᠠᠢ᠃ ᠵᠢᠩ ᠨᠧᠩ ᠴᠠᠬᠢᠯᠭᠠᠨ ᠭᠠᠷᠭᠠᠬᠤ ᠦᠢᠯᠡᠳᠪᠤᠷᠢ ᠶᠢᠨ ᠳᠤᠤᠷ ᠨᠢᠭᠡᠳᠦᠭᠦᠯᠦᠨ ᠴᠠᠬᠢᠯᠭᠠᠨ ᠭᠠᠷᠭᠠᠬᠤ ᠲᠦᠷᠦᠯ ᠵᠤᠶᠢᠯ ᠪᠠ ᠬᠤᠸᠠ ᠷᠦᠨ ᠴᠠᠬᠢᠯᠭᠠᠨ ᠭᠠᠷᠭᠠᠬᠤ ᠦᠢᠯᠡᠳᠪᠤᠷᠢ ᠶᠢᠨ ᠴᠠᠬᠢᠯᠭᠠᠨ ᠭᠠᠷᠭᠠᠬᠤ ᠠᠵᠢᠯ ᠢ ᠡᠬᠢᠯᠡᠭᠦᠯᠦᠨ᠂ ᠪᠠᠶᠠᠨᠬᠤᠸᠠ ᠳᠠᠬᠢ ᠨᠠᠷᠢᠯᠢᠭᠵᠢᠭᠤᠯᠣᠭᠰᠠᠨ ᠬᠦᠩᠭᠡᠨᠴᠠᠭᠠᠨ ᠤ ᠬᠠᠪᠳᠠᠰᠣ ᠵᠢᠴᠢ ᠥᠪᠡᠷ ᠢ ᠪᠠᠨ ᠬᠠᠩᠭᠠᠬᠤ ᠴᠠᠬᠢᠯᠭᠠᠨ ᠭᠠᠷᠭᠠᠬᠤ ᠦᠢᠯᠡᠳᠪᠤᠷᠢ ᠶᠢᠨ ᠪᠠᠶᠢᠭᠤᠯᠤᠯᠳᠠ ᠶᠢ ᠳᠦᠷᠭᠡᠳᠬᠡᠨ᠂ ᠵᠢᠷ ᠤᠨ ᠭᠤᠣᠯ ᠬᠤᠶᠠᠳᠤᠭᠠᠷ ᠨᠡᠭᠦᠷᠡᠰᠦᠨ ᠠᠭᠤᠷᠬᠠᠢ᠂ ᠡᠣ ᠵᠢᠶᠠᠨ ᠹᠠᠩ ᠳᠠᠬᠢ ᠴᠠᠬᠢᠯᠭᠠᠨ ᠭᠠᠷᠭᠠᠬᠤ ᠦᠢᠯᠡᠳᠪᠤᠷᠢ ᠶᠢᠨ ᠪᠠᠷᠠᠭᠤᠨ ᠨᠢᠭᠡᠳᠦᠭᠡᠷ ᠬᠤᠳᠳᠤᠭ ᠎ ᠤᠨ ᠲᠦᠷᠦᠯ ᠵᠤᠶᠢᠯ ᠤᠨ ᠪᠡᠯᠡᠳᠬᠡᠯ ᠬᠤᠭᠤᠴᠠᠭᠠᠨ ᠤ ᠭᠠᠷ ᠭᠦᠢᠴᠡᠳᠬᠡᠯ ᠢ ᠤᠷᠤᠭᠰᠢᠳᠠᠢ ᠠᠬᠢᠭᠤᠯᠪᠠ᠃ ᠪᠦᠬᠦ ᠵᠢᠯ ᠳᠤ 4806 ᠲᠦᠮᠡᠨ ᠲᠤᠨ ᠭᠦᠷᠡᠩ ᠨᠡᠭᠦᠷᠡᠰᠦ ᠤᠶᠢᠯᠠᠳᠪᠤᠷᠢᠯᠠᠵᠤ᠂ 21.9%᠎ ᠪᠠᠷ ᠨᠡᠮᠡᠭᠳᠡᠨ᠂ 78.3 ᠳ᠋ᠦᠡᠭᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ 12.2%᠎ ᠢᠶᠠᠷ ᠨᠡᠮᠡᠭᠳᠡᠪᠠ᠃ 60016 ᠲᠤᠨ ᠲᠡᠮᠦᠷᠯᠢᠭ ᠎ ᠢ ᠰᠤᠩᠭᠤᠨ ᠪᠤᠯᠪᠠᠰᠤᠷᠠᠭᠤᠯᠵᠦ᠂ 2.9%᠎ ᠪᠠᠷ ᠨᠡᠮᠡᠭᠳᠡᠨ᠂ 12.4 ᠳᠦᠮᠡᠨ ᠲᠤᠨ ᠴᠠᠶᠢᠷ ᠢ ᠬᠠᠶᠢᠯᠤᠭᠤᠯᠤᠨ ᠪᠤᠯᠪᠠᠰᠤᠷᠠᠭᠤᠯᠵᠦ᠂ 19.1%᠎ ᠪᠠᠷ ᠨᠡᠮᠡᠭᠳᠡᠨ᠂ 2.49 ᠳᠦᠮᠡᠨ ᠲᠣᠨ ᠹᠯᠤᠷᠲᠤ ᠤᠰᠤᠳᠦ᠋ᠷᠦᠭᠴᠢ ᠶᠢᠨ ᠬᠦᠴᠢᠯ ᠦᠢᠯᠡᠳᠪᠤᠷᠢᠯᠡᠵᠦ᠂ 23.5%᠎ ᠪᠠᠷ ᠨᠡᠮᠡᠭᠳᠡᠨ᠂ 51.6 ᠳᠦᠮᠡᠨ ᠲᠤᠨ ᠱᠦᠢᠨᠢ ᠦᠢᠯᠡᠳᠪᠤᠷᠢᠯᠡᠵᠦ᠂ 56.8% ᠎ ᠪᠠᠷ ᠨᠡᠮᠡᠭᠳᠡᠨ᠂ 20.8 ᠳᠦᠮᠡᠨ ᠲᠤᠨ ᠬᠦᠬᠦᠷ ᠤᠨ ᠬᠦᠴᠢᠯ ᠦᠢᠯᠡᠳᠪᠤᠷᠢᠯᠡᠵᠦ᠂ 50.5%᠎ ᠪᠠᠷ ᠨᠡᠮᠡᠭᠳᠡᠭᠰᠡᠨ ᠪᠠᠶᠢᠨ᠎ᠠ᠃ 54.7 ᠳᠦᠮᠡᠨ ᠲᠤᠯᠤᠭᠠᠢ ᠬᠤᠨᠢ ᠶᠢ ᠡᠳ᠋ᠰᠢᠭᠦᠯᠦᠨ ᠪᠤᠯᠪᠠᠰᠤᠷᠠᠭᠤᠯᠵᠦ᠂ 29.7%᠎ ᠪᠠᠷ ᠪᠠᠭᠤᠷᠠᠵᠠᠢ᠃ ᠠᠵᠦ ᠦᠢᠯᠡᠳᠪᠤᠷᠢ ᠶᠢᠨ ᠳᠤᠭᠤᠷᠢᠭ ᠤᠨ ᠬᠦᠭᠵᠢᠯᠲᠡ ᠶᠢ ᠠᠬᠢᠭᠤᠯᠤᠨ᠂ ︽ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠳᠪᠤᠷᠢ ᠶᠢᠨ ᠳᠤᠭᠤᠷᠢᠭ ᠢ ᠨᠢᠭᠡᠳᠦᠯᠳᠡᠢ ᠳᠦᠯᠦᠪᠵᠢᠬᠦᠯᠦᠨ ᠨᠢᠭᠡᠳᠬᠡᠬᠦ ᠳᠦᠰᠦᠪ︾᠎ ᠢ ᠲᠤᠭᠳᠠᠭᠠᠵᠤ᠂ ︽ᠨᠢᠭᠡ ᠤᠷᠤᠨ ᠭᠤᠷᠪᠠᠨ ᠳᠤᠭᠤᠷᠢᠭ︾᠎ ᠤᠨ ᠬᠦᠭᠵᠢᠯᠳᠡ ᠶᠢᠨ ᠪᠠᠶᠢᠷᠢᠰᠢᠯ ᠢ ᠳᠤᠳᠤᠷᠬᠠᠶᠢᠯᠠᠨ᠂ ᠪᠠᠯᠭᠠᠷᠭᠤᠤᠯ ᠪᠤᠳᠠᠰ ᠤᠨ ᠭᠦᠢᠯᠭᠡᠭᠡᠨ ᠤ ᠳᠤᠭᠤᠷᠢᠭ ᠤᠨ PPP ᠳᠦᠷᠦᠯ ᠵᠦᠢᠯ ᠨᠢ ᠤᠯᠤᠰ ᠤᠨ ᠡᠳ᠋ ᠤᠨ ᠵᠠᠰᠠᠭ ᠤᠨ ᠶᠠᠮᠤᠨ ᠤ ᠬᠢᠨᠠᠨ ᠪᠠᠶᠢᠴᠠᠭᠠᠯᠳᠠ ᠳᠤ ᠬᠢᠷᠢ ᠲᠡᠩᠴᠡᠪᠡ᠃ ᠠᠷᠠᠯᠵᠢᠶᠠᠴᠢᠨ ᠤᠷᠢᠵᠦ ᠪᠡᠯᠡ ᠲᠠᠲᠠᠬᠤ ᠠᠵᠢᠯ ᠢ ᠢᠳᠡᠪᠬᠢᠳᠡᠢ ᠦᠷᠨᠢᠬᠦᠯᠵᠦ᠂ ᠳ᠋ᠦᠩ ᠹᠠᠩ ᠯᠥᠩ ︵ᠪᠡᠭᠡᠵᠢᠩ︶ ᠬᠤᠳᠠᠯᠳᠤᠭᠠᠨ ᠤ ᠶᠠᠪᠤᠳᠠᠯ ᠤᠨ ᠠᠰᠠᠭᠤᠨ ᠯᠠᠪᠯᠠᠬᠤ ᠺᠤᠮᠫᠠᠨᠢ ᠳᠤ ᠨᠠᠶᠢᠲᠠᠨ᠂ ᠨᠠᠷᠢᠯᠢᠭ ᠤᠨᠤᠪᠴᠢᠳᠠᠢ ᠪᠠᠷ ᠠᠷᠠᠯᠵᠢᠶᠠᠴᠢᠨ ᠤᠷᠢᠵᠤ᠂ ᠵᠧᠵᠢᠶᠠᠩ ᠤᠨ ᠰᠢᠶᠧ ᠱᠢ ᠰᠢᠨ᠎ᠡ ᠮᠠᠲ᠋ᠧᠷᠢᠶᠠᠯ᠂ ᠦᠪᠦᠷ ᠮᠣᠩᠭᠤᠯ ᠤᠨ ᠰᠢᠨ ᠤᠤ ᠰᠢᠨ᠎ᠡ ᠡᠨᠧᠷᠬᠢ ᠵᠡᠷᠭᠡ ᠤᠯᠠᠨ ᠠᠵᠤ ᠠᠬᠤᠶᠢᠯᠠᠯ ᠲᠠᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠬᠢᠷᠠᠯᠴᠠᠪᠠ᠃     ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠳᠠᠰᠤᠷᠠᠯᠳᠠ ᠦᠭᠡᠢ ᠪᠤᠵᠠᠭᠠᠶᠢᠷᠠᠭᠤᠯᠪᠠ᠃ ᠪᠦᠭᠦᠶᠢᠯᠠ ᠤᠷᠤᠨ ᠪᠦᠰᠠ ᠶᠢᠨ ᠵᠢᠭᠤᠯᠴᠢᠯᠠᠯ᠂ ᠲᠦᠷᠪᠠᠨ ᠤᠯᠠᠷᠢᠯ ᠤᠨ ᠵᠢᠭᠤᠯᠴᠢᠯᠠᠯ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠠᠬᠢᠭᠤᠯᠪᠠ᠃ 1450 ᠳᠦᠮᠡᠨ ᠳᠦᠭᠦᠷᠢᠭ ᠤᠨ ᠪᠡᠯᠡ ᠵᠠᠷᠤᠴᠠᠭᠤᠯᠵᠦ᠂ 99 ᠺᠢᠯᠤᠮᠧᠲᠷ ᠤᠨ ᠲᠠᠯ᠎ᠠ ᠨᠤᠲᠤᠭ ᠤᠨ ᠨᠡᠬᠦᠳᠡᠯ ᠰᠤᠶᠤᠯ ᠤᠨ ᠵᠢᠭᠤᠯᠴᠢᠯᠠᠯ ᠤᠨ ᠦᠵᠡᠮᠵᠢ ᠶᠢᠨ ᠪᠦᠰᠡ ᠶᠢᠨ ᠳᠦᠷᠦᠯ ᠵᠦᠢᠯ ᠢ ᠪᠡᠶᠡᠯᠡᠬᠦᠯᠵᠦ᠂ ᠦᠵᠡᠮᠵᠢ ᠶᠢᠨ ᠤᠷᠤᠨ ᠤ ᠰᠠᠭᠤᠷᠢ ᠳᠦᠬᠦᠭᠡᠷᠦᠮᠵᠢ ᠶᠢ ᠨᠡᠩ ᠳᠡᠭᠦᠯᠳᠡᠷᠵᠢᠭᠦᠯᠪᠡ᠃ ᠠᠷᠪᠠᠨ ᠲᠠᠪᠤᠳᠤᠭᠠᠷ ᠬᠤᠭᠤᠴᠠᠭᠠᠨ ᠤ ᠮᠦᠩᠭᠦᠨ ᠡᠪᠦᠯ ᠤᠨ ᠨᠠᠭᠠᠳᠤᠮ ᠪᠠ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ — ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠤᠨ ᠨᠠᠶᠢᠷ ᠵᠢᠴᠢ ᠲᠠᠪᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠰᠤᠶᠤᠯ ᠤᠨ ᠨᠠᠶᠢᠷ ᠵᠡᠷᠭᠡ ᠬᠤᠶᠠᠷ ᠭᠤᠣᠯ ᠰᠡᠳᠦᠪᠳᠤ ᠠᠵᠢᠯᠯᠠᠭ᠎ᠠ ᠶᠢ ᠠᠮᠵᠢᠯᠳᠠᠳᠠᠢ ᠡᠷᠬᠢᠯᠡᠨ ᠶᠠᠪᠤᠭᠳᠠᠭᠤᠯᠵᠤ᠂ ᠵᠢᠭᠤᠯᠴᠢᠯᠠᠯ ᠤᠨ ᠰᠤᠶᠤᠯ ᠤᠨ ᠨᠡᠷᠡᠳᠤ ᠳᠡᠮᠳᠡᠭ ᠪᠠ ᠵᠢᠭᠤᠯᠴᠢᠯᠠᠯ ᠤᠨ ᠬᠠᠷᠠᠯᠲᠠᠳᠤ ᠤᠷᠤᠨ ᠤ ᠨᠡᠷ᠎ᠡ ᠠᠯᠳᠠᠷᠰᠢᠯ ᠢᠶᠠᠨ ᠤᠯᠠᠮ ᠠᠯᠳᠠᠷᠰᠢᠭᠤᠯᠪᠠ᠃ ᠪᠦᠭᠦ ᠵᠢᠯ ᠤᠨ ᠭᠦᠯᠢᠶᠠᠨ ᠵᠤᠴᠢᠯᠠᠭᠰᠠᠨ ᠵᠢᠭᠤᠯᠴᠢᠯᠠᠭᠰᠠᠳ ᠤᠨ ᠲᠤᠭ᠎ᠠ 98 ᠲᠦᠮᠡᠨ ᠭᠦᠮᠦᠨ ᠤᠳᠠᠭ᠎ᠠ ᠳᠤ ᠭᠦᠷᠴᠦ᠂ 5.88 ᠳ᠋ᠦᠡᠭᠰᠢᠭᠤᠷ ᠲᠦᠭᠦᠷᠢᠭ ᠤᠨ ᠤᠷᠤᠯᠭ᠎ᠠ ᠶᠢ ᠪᠡᠶᠡᠯᠡᠬᠦᠯᠵᠦ᠂ ᠲᠤᠰᠪᠤᠷᠢ 7.6% ᠪᠠ 8%᠎ ᠪᠠᠷ ᠨᠡᠮᠡᠭᠳᠡᠭᠰᠡᠨ ᠪᠠᠶᠢᠨ᠎ᠠ᠃ ᠠᠩᠬᠠᠳᠤᠭᠠᠷ ᠤᠳᠠᠭᠠᠨ ᠤ ᠲᠤᠷᠭᠠᠨ ᠵᠠᠮ ︵ᠳ᠋ᠦᠡᠬᠤᠸᠠᠩ︶ ᠤᠯᠠᠨ ᠤᠯᠤᠰ ᠤᠨ ᠶᠠᠪᠠᠭᠠᠨ ᠠᠶᠠᠯᠠᠯ ᠤᠨ ᠨᠠᠶᠢᠷ ᠤᠨ ᠡᠬᠢᠯᠡᠯᠳᠡ ᠶᠢᠨ ᠶᠤᠰᠤᠯᠠᠯ ᠵᠢᠴᠢ ︽ᠨᠢᠭᠡ ᠪᠦᠰᠡ ᠨᠢᠭᠡ ᠵᠠᠮ︾ ᠪᠡᠶ᠎ᠡ ᠲᠠᠮᠢᠷ ᠵᠢᠭᠤᠯᠴᠢᠯᠠᠯ ᠪᠠ ᠰᠤᠶᠤᠯ ᠤᠨ ᠰᠤᠯᠢᠯᠴᠠᠭᠠᠨ ᠤ ᠳᠡᠭᠡᠳᠤ ᠳᠡᠰ ᠤᠨ ᠶᠠᠷᠢᠶᠠᠨ ᠤ ᠲᠠᠪᠴᠠᠩ ᠳᠡᠭᠡᠷ᠎ᠡ ᠮᠠᠨ ᠤ ᠬᠤᠰᠢᠭᠤ ᠨᠢ ︽ᠠᠷᠪᠠᠨ ᠶᠡᠭᠡ ᠬᠠᠮᠤᠭ ᠰᠠᠶᠢᠬᠠᠨ ᠶᠠᠪᠠᠭᠠᠨ ᠠᠶᠠᠯᠠᠯ ᠤᠨ ᠬᠤᠲᠠ︾ ᠬᠡᠮᠡᠬᠦ ᠨᠡᠷᠡᠶᠢᠳᠦᠯ ᠢ ᠬᠦᠷᠲᠡᠪᠡ᠃ ᠮᠦᠩᠭᠦᠨ ᠭᠦᠢᠯᠭᠡᠭᠡ ᠪᠠᠷ ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠨ ᠵᠢᠯᠤᠭᠤᠳᠪᠠ᠃ 2018 ᠣᠨ ᠤ ᠵᠢᠯ ᠤᠨ ᠡᠴᠦᠰ ᠪᠤᠯᠲᠠᠯ᠎ᠠ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠰᠪᠤᠷᠢ 55.31 ᠳ᠋ᠦᠩᠰᠢᠭᠤᠷ ᠳᠦᠭᠦᠷᠢᠭ ᠪᠠ 69.08 ᠳ᠋ᠦᠩᠰᠢᠭᠤᠷ ᠳᠦᠭᠦᠷᠢᠭ ᠪᠠᠶᠢᠵᠦ᠂ ᠲᠤᠰᠪᠤᠷᠢ 5.44% ᠪᠠ 13.17%᠎ ᠪᠠᠷ ᠨᠡᠮᠡᠭᠳᠡᠭᠰᠡᠨ ᠪᠠᠶᠢᠨ᠎ᠠ᠃ ᠤᠳᠤᠬᠢᠴᠢᠯᠠᠭᠰᠠᠨ ᠪᠤᠳᠠᠰ ᠤᠨ ᠭᠦᠢᠯᠭᠡᠭᠡᠨ ᠢ ᠢᠳᠡᠪᠬᠢᠳᠠᠢ ᠬᠦᠭᠵᠢᠭᠦᠯᠪᠡ᠃ ᠪᠦᠬᠦ ᠵᠢᠯ ᠳᠤ 99.12 ᠳᠦᠮᠡᠨ ᠬᠦᠮᠦᠨ ᠤᠳᠠᠭ᠎ᠠ ᠠᠶᠠᠨᠴᠢᠳ ᠵᠦᠭᠡᠭᠡᠪᠤᠷᠢᠯᠡᠵᠦ᠂ 8.4%᠎ ᠪᠠᠷ ᠨᠡᠮᠡᠭᠳᠡᠪᠡ᠃ 3804 ᠳᠦᠮᠡᠨ ᠲᠣᠨ ᠪᠠᠷᠠᠭ᠎ᠠ ᠵᠦᠭᠡᠭᠡᠪᠦᠷᠢᠯᠡᠬᠦ ᠶᠢ ᠪᠡᠶᠡᠯᠡᠬᠦᠯᠵᠦ᠂ 12.1%᠎ ᠪᠠᠷ ᠨᠡᠮᠡᠭᠳᠡᠭᠰᠡᠨ ᠪᠠᠶᠢᠨ᠎ᠠ᠃     ︵ᠭᠤᠷᠪᠠ︶ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠪᠤᠯᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠪᠡ᠃     ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠭᠦᠪᠤᠷᠢ ᠱᠠᠩᠨᠠᠯ ᠎ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 8563.28 ᠲᠦᠮᠡᠨ ᠲᠦᠭᠦᠷᠢᠭ ᠤᠨ ᠨᠦᠭᠦᠪᠤᠷᠢ ᠱᠠᠩᠨᠠᠯ ᠤᠨ ᠪᠡᠯᠡ ᠮᠦᠩᠭᠦ ᠶᠢ ᠲᠠᠷᠬᠠᠭᠠᠵᠠᠢ᠃ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠭᠦ ᠠᠵᠢᠯ ᠢ ᠭᠡᠷᠡᠭᠵᠢᠭᠦᠯᠵᠤ᠂ 1668.27 ᠲᠦᠮᠡᠨ ᠲᠦᠭᠦᠷᠢᠭ ᠤᠨ ᠨᠦᠭᠦᠪᠤᠷᠢ ᠲᠠᠷᠬᠠᠭᠠᠪᠠ᠃ 2775.3 ᠳᠦᠮᠡᠨ ᠳᠦᠭᠦᠷᠢᠭ ᠤᠨ ᠨᠠᠶᠢᠳᠡ ᠶᠢᠨ ᠠᠰᠢᠭᠳᠣ ᠤᠢ ᠰᠢᠭᠤᠢ ᠶᠢᠨ ᠨᠦᠬᠦᠪᠦᠷᠢ ᠶᠢ ᠲᠠᠷᠬᠠᠭᠠᠵᠠᠢ᠃ ︽ᠭᠤᠷᠪᠠᠨ ᠤᠷᠤᠨ ᠬᠤᠶᠠᠷ ᠱᠤᠭᠤᠮ︾᠎ ᠤᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠬᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠢᠨᠵᠧᠨᠧᠷᠢᠩ ᠢ ᠠᠮᠵᠢᠯᠳᠠᠳᠠᠢ ᠭᠡᠷᠡᠭᠵᠢᠭᠦᠯᠵᠤ᠂ 1.13 ᠲᠦᠮᠡᠨ ᠮᠤ᠋ ᠠᠭᠤᠷᠬᠠᠢ ᠶᠢᠨ ᠤᠷᠤᠨ ᠤ ᠤᠷᠴᠢᠨ ᠲᠤᠭᠤᠷᠢᠨ᠂ 1.2 ᠲᠦᠮᠡᠨ ᠮᠤ᠋ ᠡᠯᠡᠰᠦᠨ ᠤ ᠡᠬᠢ ᠭᠠᠵᠠᠷ᠂ 1.35 ᠳᠦᠮᠡᠨ ᠮᠤ᠋ ᠪᠠᠭ᠎ᠠ ᠰᠠᠪᠠ ᠭᠠᠵᠠᠷ᠂ 3.8 ᠲᠦᠮᠡᠨ ᠮᠤ᠋ ᠪᠢᠳᠡᠭᠦᠮᠵᠢᠯᠡᠨ ᠤᠶᠢᠵᠢᠭᠤᠯᠤᠭᠰᠠᠨ ᠤᠢ᠂ 2000 ᠮᠤ᠋ ᠭᠦᠮᠦᠨ ᠤ ᠭᠦᠴᠦ ᠪᠠᠷ ᠤᠶᠢᠵᠢᠭᠤᠯᠤᠭᠰᠠᠨ ᠤᠢ᠂ 25 ᠳᠦᠮᠡᠨ ᠮᠦ ᠪᠢᠳᠡᠬᠦᠮᠵᠢᠯᠡᠨ ᠤᠶᠢᠵᠢᠭᠤᠯᠤᠭᠰᠠᠨ ᠨᠤᠲᠤᠭ ᠪᠡᠯᠴᠢᠭᠡᠷ ᠤᠨ ᠵᠠᠰᠠᠯᠳᠠ ᠶᠢ ᠪᠡᠶᠡᠯᠡᠭᠦᠯᠪᠡ᠃ ᠠᠮᠢ ᠠᠬᠤᠢ ᠎ ᠶᠢᠨ ᠰᠡᠷᠡᠮᠵᠢ ᠶᠢᠨ ᠱᠤᠭᠤᠮ ᠤᠨ ᠵᠠᠭᠠᠭ ᠲᠤᠭᠳᠠᠭᠠᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ᠃ ᠨᠤᠳᠤᠭ ᠪᠡᠯᠴᠢᠭᠡᠷ ᠢ ᠲᠠᠳᠠᠪᠤᠷᠢᠯᠠᠨ ᠭᠡᠷᠡᠭᠯᠡᠭᠦ ᠬᠢᠨᠠᠨ ᠵᠦᠪᠰᠢᠶᠡᠷᠡᠯ ᠢ ᠴᠢᠩᠭᠠᠳᠬᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠲᠦᠭᠦᠭᠡᠷᠦᠮᠵᠢᠳᠤ ᠲᠠᠷᠢᠶᠠᠯᠠᠩ ᠮᠠᠯ ᠠᠵᠤ ᠠᠬᠤᠢ ᠳᠤ ᠭᠠᠵᠠᠷ ᠬᠡᠷᠡᠭᠯᠡᠬᠦ ᠬᠠᠮᠢᠶᠠᠷᠤᠯᠳᠠ ᠶᠢᠨ ᠠᠷᠭ᠎ᠠ ︵ᠲᠤᠷᠰᠢᠨ ᠭᠡᠷᠡᠭᠵᠢᠭᠦᠯᠭᠦ︶︾᠎ ᠶᠢ ᠲᠤᠭᠳᠠᠭᠠᠨ ᠭᠡᠷᠡᠭᠵᠢᠭᠦᠯᠵᠠᠢ᠃ ᠨᠤᠳᠤᠭ ᠪᠡᠯᠴᠢᠭᠡᠷ ᠢ ᠰᠢᠯᠵᠢᠭᠦᠯᠦᠨ ᠭᠡᠷᠡᠭᠯᠡᠭᠦ ᠬᠠᠮᠢᠶᠠᠷᠤᠯᠳᠠ ᠶᠢ ᠲᠦᠷᠢᠮᠵᠢᠭᠦᠯᠵᠤ᠂ ᠭᠠᠳᠠᠨ᠎ᠠ ᠶᠢᠨ ᠮᠠᠯ ᠰᠦᠷᠦᠭ ᠢ ᠪᠦᠭᠦ ᠭᠦᠴᠦᠨ ᠢᠶᠠᠷ ᠢᠶᠠᠨ ᠴᠡᠪᠡᠷᠯᠡᠨ᠂ ᠭᠡᠭᠡᠷ᠎ᠡ ᠶᠢᠨ ᠡᠮᠳᠤ ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃ ᠬᠠᠪᠴᠢᠭᠠᠢ ᠡᠯᠡᠰᠤ ᠶᠢ ᠵᠠᠰᠠᠬᠤ ᠦᠷᠲᠡᠭᠡ ᠨᠢ ᠤᠯᠤᠰ ᠤᠨ ᠳᠡᠰ ᠤᠨ ᠡᠯᠡᠰᠤ ᠮᠠᠩᠬᠠᠨ ᠤ ᠴᠡᠴᠡᠷᠯᠢᠭ ᠤᠨ ᠪᠠᠶᠢᠭᠤᠯᠤᠯᠳᠠ ᠶᠢᠨ ᠳᠦᠷᠦᠯ ᠵᠦᠢᠯ ᠢ ᠠᠮᠵᠢᠯᠳᠠᠳᠠᠢ ᠡᠷᠡᠮᠡᠯᠵᠡᠯᠡᠨ ᠤᠯᠵᠠᠢ᠃ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ ᠬᠠᠮᠢᠶᠠᠷᠤᠨ ᠬᠠᠮᠠᠭᠠᠯᠠᠬᠤ ᠭᠦᠴᠦᠯᠡᠴᠠ ᠪᠠᠨ ᠴᠢᠩᠭᠠᠳᠬᠠᠵᠤ᠂ 3 ᠬᠠᠶᠢᠨ ᠰᠢᠨᠵᠢᠭᠦ ᠠᠭᠤᠷᠬᠠᠢ᠂ 2600 ᠭᠠᠷᠤᠢ ᠲᠤᠯᠤᠭᠠᠢ ᠮᠠᠯ ᠰᠦᠷᠦᠭ ᠢ ᠬᠠᠮᠠᠭᠠᠯᠠᠯᠳᠠ ᠶᠢᠨ ᠤᠷᠤᠨ ᠠᠴᠠ ᠭᠠᠷᠭᠠᠪᠠ᠃ ᠠᠭᠤᠷᠬᠠᠢ ᠶᠢᠨ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 7 ᠠᠵᠤ ᠠᠬᠤᠶᠢᠯᠠᠯ ᠢ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠭᠡᠢ ᠠᠭᠤᠷᠬᠠᠢ ᠶᠢᠨ ᠤᠷᠤᠨ ᠪᠤᠯᠭᠠᠨ ᠪᠠᠶᠢᠭᠤᠯᠬᠤ ᠶᠢ ᠭᠦᠳᠦᠯᠦᠨ ᠵᠢᠯᠤᠭᠤᠳᠪᠠ᠃ ᠭᠤᠤᠯ ᠮᠦᠷᠡᠨ ᠤ ᠪᠤᠬᠢᠷᠳᠤᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠪᠦᠭᠦ ᠲᠠᠯ᠎ᠠ ᠪᠠᠷ ᠬᠡᠷᠡᠭᠵᠢᠬᠦᠯᠦᠨ᠂ ᠭᠤᠤᠯ ᠲᠠᠭᠠᠤ ᠪᠠᠶᠢᠩᠭᠤ ᠴᠠᠭᠳᠠᠨ ᠪᠠᠶᠢᠴᠠᠭᠠᠯᠳᠠ ᠬᠢᠭᠦ ᠪᠠ ᠤᠰᠤᠨ ᠎ ᠤ ᠴᠢᠨᠠᠷ ᠤᠨ ᠪᠠᠶᠢᠴᠠᠭᠠᠯᠳᠠ ᠶᠢᠨ ᠶᠡᠷᠦᠩᠭᠡᠶᠢᠯᠡᠨ ᠬᠠᠤᠯᠢ ᠭᠡᠷᠡᠭᠵᠢᠭᠦᠯᠭᠦ ᠶᠢ ᠪᠡᠶᠡᠯᠡᠭᠦᠯᠵᠠᠢ᠃     ︵ᠲᠦᠷᠪᠡ︶ ᠬᠤᠲᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠶᠢ ᠪᠠᠷᠢᠮᠳᠠᠯᠠᠵᠦ᠂ ᠬᠤᠲᠠ ᠪᠠᠯᠭᠠᠰᠤ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠪᠠ᠃     ᠬᠦᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠠᠬᠢᠭᠤᠯᠵᠦ᠂ ᠬᠥᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠳᠦᠯᠦᠪᠵᠢᠭᠦᠯᠭᠡ ᠪᠠ ᠬᠡᠷᠡᠭᠵᠢᠭᠦᠯᠬᠦ ᠳᠦᠰᠦᠪ ᠢ ᠨᠠᠶᠢᠷᠠᠭᠤᠯᠬᠤ ᠠᠵᠢᠯ ᠢ ᠠᠩᠬ᠎ᠠ ᠠᠯᠬᠤᠮ ᠪᠡᠶᠡᠯᠡᠬᠦᠯᠪᠡ᠃ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠭᠦᠭᠡᠷᠦᠮᠵᠢ ᠎ ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠪᠠ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠪᠦᠬᠦ ᠵᠢᠯ ᠳᠤ ᠤᠷᠳᠤ ᠨᠢ 51.58 ᠺᠢᠯᠤᠮᠧᠲᠷ ᠪᠦᠭᠦᠢ 2 ᠵᠤᠷᠪᠤᠰ ᠱᠤᠶᠢᠨᠢ ᠵᠠᠮ᠂ ᠤᠷᠳᠤ ᠨᠢ 47 ᠺᠢᠯᠤᠮᠧᠲᠷ ᠪᠦᠭᠦᠢ 6 ᠵᠤᠷᠪᠤᠰ ᠬᠠᠶᠢᠷ ᠴᠢᠯᠠᠭᠤᠨ ᠵᠠᠮ ᠢ ᠵᠠᠰᠠᠨ᠂ 41 ᠡᠷᠦᠭᠡ ᠶᠢᠨ ᠠᠶᠤᠯᠳᠠᠢ ᠭᠡᠷ ᠪᠠᠶᠢᠰᠢᠩ ᠢ ᠰᠡᠯᠪᠢᠨ ᠵᠠᠰᠠᠵᠤ᠂ 3.71 ᠳᠦᠮᠡᠨ ᠳᠡᠭᠰᠢ ᠳᠦᠷᠪᠡᠯᠵᠢᠨ ᠮᠧᠲᠷ ᠤᠨ ᠳᠤᠯᠠᠭᠠᠨ ᠫᠧᠩ᠂ 0.74 ᠳᠦᠮᠡᠨ ᠳᠡᠭᠰᠢ ᠳᠦᠷᠪᠡᠯᠵᠢᠨ ᠮᠧᠲᠷ ᠤᠨ ᠡᠪᠡᠰᠤ ᠨᠦᠭᠡᠴᠡᠯᠡᠬᠦ ᠫᠧᠩ ᠢ ᠪᠠᠶᠢᠭᠤᠯᠤᠨ᠂ 999 ᠡᠷᠦᠭᠡ ᠳᠤ ᠴᠠᠬᠢᠯᠭᠠᠨ ᠨᠡᠪᠳᠡᠷᠡᠭᠦᠯᠵᠦ᠂ 55 ᠬᠤᠳᠳᠤᠭ ᠰᠢᠨ᠎ᠠ ᠪᠠᠷ ᠮᠠᠯᠳᠠᠨ᠂ 200 ᠤᠰᠤ ᠬᠠᠳᠠᠭᠠᠯᠠᠬᠤ ᠵᠤᠭᠤᠷᠢ ᠪᠠᠶᠢᠭᠤᠯᠵᠤ᠂ 93 ᠭᠠᠴᠠᠭᠠᠨ ᠤ ᠠᠯᠪᠠᠨ ᠭᠡᠷ ᠲᠤ ᠴᠦᠮ ᠦᠷᠭᠡᠨ ᠪᠦᠰᠡᠳᠤ ᠲᠤᠤᠷ ᠰᠦᠯᠵᠢᠶ᠎ᠠ ᠶᠢ ᠨᠡᠪᠳᠡᠷᠡᠭᠦᠯᠵᠠᠢ᠃ ᠮᠠᠯᠵᠢᠯ ᠤᠨ ᠲᠠᠯᠠᠪᠠᠢ ᠶᠢᠨ ᠦᠭᠡᠷᠡᠴᠢᠯᠠᠯᠳᠠ ᠪᠠ ᠨᠤᠳᠤᠭ ᠪᠡᠯᠴᠢᠭᠡᠷ ᠤᠨ ᠡᠷᠭᠡ ᠶᠢ ᠲᠤᠳᠤᠷᠬᠠᠶᠢᠯᠠᠬᠤ ᠠᠵᠢᠯ ᠰᠢᠨ᠎ᠠ ᠠᠬᠢᠯᠳᠠ ᠎ ᠲᠠᠢ ᠪᠤᠯᠪᠠ᠃ 233 ᠲᠦᠮᠡᠨ ᠮᠤ᠋ ᠤᠯᠤᠰ ᠤᠨ ᠦᠮᠴᠢᠯᠠᠯᠳᠤ ᠮᠠᠯᠵᠢᠯ ᠤᠨ ᠲᠠᠯᠠᠪᠠᠢ ᠶᠢᠨ ᠭᠡᠷᠡᠭᠯᠡᠭᠦ ᠡᠷᠭᠡ ᠶᠢ ᠲᠤᠳᠤᠷᠬᠠᠶᠢᠯᠠᠨ ᠲᠠᠩᠰᠠᠯᠠᠵᠤ ᠦᠨᠡᠮᠯᠡᠯ ᠲᠠᠷᠬᠠᠭᠠᠨ᠂ ᠨᠤᠳᠤᠭ ᠪᠡᠯᠴᠢᠭᠡᠷ ᠤᠨ ᠦᠮᠴᠢᠯᠡᠭᠦ ᠡᠷᠭᠡ ᠶᠢᠨ ᠦᠨᠡᠮᠯᠡᠯ ᠲᠠᠷᠬᠠᠭᠠᠬᠤ ᠨᠦᠭᠦᠴᠡᠯ ᠳᠤ ᠨᠡᠶᠢᠴᠡᠭᠰᠡᠨ ᠭᠠᠴᠠᠭ᠎ᠠ 51 ᠪᠠᠶᠢᠵᠤ᠂ ᠡᠵᠡᠩᠨᠡᠯᠳᠠ ᠶᠢᠨ ᠡᠷᠭᠡ ᠶᠢᠨ ᠦᠨᠡᠮᠯᠡᠯ ᠲᠠᠷᠬᠠᠭᠠᠬᠤ ᠨᠦᠭᠦᠴᠡᠯ ᠳᠤ ᠨᠡᠶᠢᠴᠡᠭᠰᠡᠨ ᠭᠠᠴᠠᠭ᠎ᠠ 48᠎ ᠳᠤ ᠭᠦᠷᠴᠠᠢ᠃     ᠬᠤᠳᠠ ᠪᠠᠯᠭᠠᠰᠤᠨ ᠤ ᠪᠠᠶᠢᠭᠤᠯᠤᠯᠳᠠ ᠬᠠᠮᠢᠶᠠᠷᠤᠯᠳᠠ ᠶᠢᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠭᠦᠯᠪᠡ᠃ ︽ᠪᠠᠷᠠᠭᠤᠨ ᠦᠵᠦᠮᠦᠴᠢᠨ ᠬᠤᠰᠢᠭᠤᠨ ᠤ 2018 — 2020 ᠣᠨ ᠤ ᠬᠤᠲᠠ ᠪᠠᠯᠭᠠᠰᠤᠨ ᠤ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠶᠢ ᠲᠡᠰᠵᠢᠭᠦᠯᠭᠦ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠬᠦᠯᠬᠦ ᠲᠦᠰᠦᠪ︾᠎ ᠢ ᠨᠠᠶᠢᠷᠠᠭᠤᠯᠵᠤ ᠲᠠᠭᠤᠰᠬᠠᠨ᠂ ︽ᠪᠠᠯᠭᠠᠷᠭᠤᠤᠯ ᠪᠤᠳᠠᠰ ᠤᠨ ᠭᠦᠢᠯᠭᠡᠭᠡᠨ ᠤ ᠳᠤᠭᠤᠷᠢᠭ ᠤᠨ ᠶᠡᠷᠤᠩᠬᠡᠢ ᠳᠦᠯᠦᠪᠵᠢᠭᠦᠯᠭᠡ︾᠎ ᠨᠢ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠴᠤᠬᠤᠯᠠᠪᠤᠷᠢ ᠶᠢ ᠤᠯᠪᠠ᠃ ᠬᠤᠳᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ 6139.4 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠤᠨ᠂ 6.3 ᠺᠢᠯᠤᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ ᠶᠢ ᠰᠢᠨ᠎ᠡ ᠪᠠᠷ ᠣᠭᠰᠠᠷᠠᠵᠤ᠂ ᠪᠤᠬᠢᠷ ᠤᠰᠤ ᠶᠢ ᠰᠢᠢᠳᠪᠤᠷᠢᠯᠡᠬᠦ ᠤᠶᠢᠯᠠᠳᠪᠤᠷᠢ ᠶᠢ ᠪᠠᠷᠢᠮᠵᠢᠶᠠᠨ ᠳᠤ ᠬᠦᠷᠭᠡᠵᠦ ᠦᠷᠭᠡᠳᠬᠡᠨ ᠪᠠᠶᠢᠭᠤᠯᠬᠤ ᠢᠨᠵᠧᠨᠧᠷᠢᠩ ᠤᠨ ᠪᠡᠯᠡᠳᠬᠡᠯ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠭᠡᠨ᠂ ᠬᠤᠳᠠ ᠪᠠᠯᠭᠠᠰᠤᠨ ᠤ ᠤᠶᠢᠵᠢᠭᠤᠯᠤᠯᠳᠠ᠂ ᠬᠡᠷᠡᠯᠳᠦᠭᠦᠯᠦᠯᠳᠡ᠂ ᠬᠠᠳᠠᠭᠤᠷᠠᠭᠤᠯᠤᠯᠳᠠ᠂ ᠭᠤᠶᠤᠵᠢᠭᠤᠯᠳᠠ ᠶᠢᠨ ᠬᠢᠷᠢ ᠳᠦᠪᠰᠢᠨ ᠢ ᠤᠯᠠᠮ ᠲᠡᠭᠡᠭᠰᠢᠯᠡᠭᠦᠯᠵᠠᠢ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠢᠵᠢ ᠪᠦᠷᠢᠳᠦᠭᠦᠯᠦᠨ ᠪᠠᠶᠢᠭᠤᠯᠬᠤ ᠶᠢ ᠲᠦᠷᠭᠡᠳᠭᠡᠵᠤ᠂ 296 ᠢᠵᠢ ᠨᠠᠶᠢᠳᠠ ᠶᠢᠨ ᠲᠦᠷᠢᠶᠠᠰᠦᠨ ᠭᠡᠷ ᠢ ᠬᠤᠪᠢᠶᠠᠷᠢᠯᠠᠪᠠ᠃ 1324 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠵᠤ᠂ ᠬᠠᠭᠤᠴᠢᠨ ᠤᠷᠤᠨ ᠰᠠᠭᠤᠴᠠ ᠶᠢᠨ ᠲᠤᠭᠤᠷᠢᠭ ᠤᠨ 22 ᠠᠰᠠᠷ ᠢ ᠦᠭᠡᠷᠡᠴᠢᠯᠠᠨ ᠵᠠᠰᠠᠪᠠ᠃ ᠲᠦᠭᠦᠮ ᠪᠦᠳᠦᠴᠠᠳᠤ ᠲᠤᠭᠤᠷᠢᠭ ᠢ ᠦᠭᠡᠷᠡᠴᠢᠯᠡᠭᠦ ᠠᠵᠢᠯ ᠢ ᠯᠠᠪᠳᠠᠭᠤᠨ ᠪᠠᠳᠤᠳᠠᠢ ᠦᠷᠨᠢᠭᠦᠯᠵᠤ᠂ 787 ᠡᠷᠦᠭᠡ ᠶᠢᠨ ᠭᠡᠷ ᠪᠠᠶᠢᠰᠢᠩ ᠢ ᠲᠠᠳᠠᠪᠤᠷᠢᠯᠠᠬᠤ ᠠᠵᠢᠯ ᠢ ᠪᠡᠶᠡᠯᠡᠭᠦᠯᠵᠠᠢ᠃ ᠭᠡᠷ ᠭᠦᠷᠦᠩᠭᠡ ᠎ ᠶᠢᠨ ᠲᠦᠷᠦᠯ ᠵᠤᠶᠢᠯ ᠤᠨ ᠦᠯᠦ ᠭᠦᠳᠡᠯᠭᠦ ᠭᠦᠷᠦᠩᠭᠡ ᠶᠢ ᠲᠠᠩᠰᠠᠯᠠᠬᠤ ᠦᠯᠡᠳᠡᠭᠳᠡᠯ ᠠᠰᠠᠭᠤᠳᠠᠯ ᠢ ᠭᠦᠴᠦᠯᠠᠨ ᠰᠢᠢᠳᠪᠤᠷᠢᠯᠡᠵᠤ᠂ ᠭᠡᠷ ᠪᠠᠶᠢᠰᠢᠩ ᠤᠨ ᠦᠯᠦ ᠭᠦᠳᠡᠯᠭᠦ ᠭᠦᠷᠦᠩᠭᠡ ᠶᠢ 815 ᠲᠡᠪᠳᠡᠷ ᠲᠠᠩᠰᠠᠯᠠᠪᠠ᠃ ᠤᠯᠤᠰ ᠤᠨ ᠵᠠᠮ ᠤᠨ 306 ᠱᠤᠭᠤᠮ ᠤᠨ ᠲᠠᠰᠢᠭᠤᠷ ᠤᠨ ᠪᠤᠯᠠᠭ ᠠᠴᠠ ᠪᠠᠯᠭᠠᠷᠭᠤᠤᠯ ᠪᠠᠯᠭᠠᠰᠤ ᠭᠦᠷᠭᠦ ᠵᠠᠰᠠᠮᠠᠯ ᠵᠠᠮ ᠤᠨ ᠲᠦᠷᠦᠯ ᠵᠤᠶᠢᠯ ᠳᠤ ᠨᠠᠶᠢᠳᠠ 6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠠᠢ᠃ ᠪᠠᠶ᠋ᠬᠠᠭᠤᠯᠠ ᠨᠢᠰᠭᠡᠯ ᠤᠨ ᠪᠠᠭᠤᠳᠠᠯ ᠢ ᠪᠠᠶᠢᠭᠤᠯᠬᠤ ᠭᠠᠵᠠᠷ ᠢ ᠨᠢᠭᠡᠨᠳᠠ ᠰᠤᠩᠭᠤᠵᠤ᠂ ᠤᠯᠤᠰ ᠤᠨ ᠦᠮᠴᠢᠯᠠᠯᠳᠤ ᠺᠣᠮᠫᠠᠨᠢ ᠶᠢ ᠪᠠᠶᠢᠭᠤᠯᠬᠤ ᠠᠵᠢᠯ ᠢ ᠠᠬᠢᠭᠤᠯᠪᠠ᠃     ︵ᠲᠠᠪᠤ︶ ᠦᠭᠡᠷᠡᠴᠢᠯᠠᠯᠳᠠ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠵᠦ᠂ ᠠᠵᠤ ᠠᠬᠤᠢ ᠶᠢᠨ ᠭᠦᠭᠵᠢᠯᠳᠠ ᠶᠢᠨ ᠠᠮᠢᠵᠢᠷᠠᠯ ᠤᠨ ᠭᠦᠴᠦᠨ ᠢ ᠭᠦᠭᠵᠢᠭᠡᠪᠡ᠃     ᠠᠵᠤ ᠠᠬᠤᠢ᠂ ᠠᠮᠢ ᠠᠬᠤᠢ ᠶᠢᠨ ᠪᠤᠯᠪᠠᠰᠤᠨ᠂ ᠨᠡᠶᠢᠭᠡᠮ ᠤᠨ ᠪᠠᠶᠢᠭᠤᠯᠤᠮᠵᠢ ᠵᠡᠷᠭᠡ 46 ᠳᠦᠷᠦᠯ ᠤᠨ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠡᠭᠦᠷᠭᠡ᠂ ᠲᠤᠷᠰᠢᠯᠳᠠ ᠶᠢᠨ ᠴᠡᠭ ᠤᠨ 6 ᠳᠦᠷᠦᠯ ᠤᠨ ᠦᠭᠡᠷᠡᠴᠢᠯᠡᠯᠳᠡ ᠶᠢᠨ ᠡᠭᠦᠷᠬᠡ᠂ 141 ᠳᠦᠷᠦᠯ ᠤᠨ ᠦᠷᠭᠦᠯᠵᠢᠯᠡᠨ ᠠᠬᠢᠭᠤᠯᠬᠤ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠵᠦ᠂ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠦᠭᠰᠡᠨ ᠨᠤᠷᠮ᠎ᠠ 88.53%᠎ ᠳᠤ ᠭᠦᠷᠴᠠᠢ᠃ ︽ᠲᠠᠯᠪᠢᠬᠤ ᠬᠠᠮᠢᠶᠠᠷᠬᠤ ᠤᠶᠢᠯᠡᠴᠢᠯᠡᠭᠦ︾ ᠦᠭᠡᠷᠡᠴᠢᠯᠠᠯᠳᠠ ᠶᠢ ᠭᠦᠨᠵᠡᠭᠡᠢ ᠠᠬᠢᠭᠤᠯᠪᠠ᠃ 6608 ᠵᠤᠷᠪᠤᠰ ᠵᠠᠰᠠᠭ ᠤᠨ ᠤᠷᠳᠤᠨ ᠤ ᠡᠷᠭᠡ ᠪᠠ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ᠂ 305 ᠵᠤᠷᠪᠤᠰ ᠤᠯᠠᠨ ᠨᠠᠶᠢᠳᠠ ᠶᠢᠨ ᠤᠶᠢᠯᠡᠴᠢᠯᠡᠭᠡᠨ ᠤ ᠶᠠᠪᠤᠳᠠᠯ ᠤᠨ ᠨᠠᠷᠢᠨ ᠲᠠᠩᠰᠠ ᠶᠢ ᠨᠡᠶᠢᠭᠡᠮ ᠳᠤ ᠢᠯᠡ ᠨᠡᠶᠢᠳᠡᠯᠡᠪᠡ᠃ ᠬᠠᠷᠢᠴᠠᠩᠭᠤᠢ ᠲᠦᠪᠯᠡᠷᠡᠭᠭᠦᠢ ᠵᠠᠰᠠᠭ ᠤᠨ ᠶᠠᠪᠤᠳᠠᠯ ᠤᠨ ᠬᠢᠨᠠᠨ ᠵᠦᠪᠰᠢᠶᠡᠷᠡᠭᠦ ᠡᠷᠭᠡ ᠶᠢᠨ ᠦᠭᠡᠷᠡᠴᠢᠯᠠᠯᠳᠠ ᠶᠢ ᠠᠬᠢᠭᠤᠯᠵᠤ᠂ ᠬᠤᠰᠢᠭᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪ ᠠᠴᠠ ᠬᠢᠨᠠᠨ ᠵᠦᠪᠰᠢᠶᠡᠷᠡᠭᠦ ᠭᠡᠷᠡᠭ ᠶᠠᠪᠤᠳᠠᠯ ᠨᠠᠶᠢᠳᠠ 439 ᠵᠤᠷᠪᠤᠰ ᠪᠠᠶᠢᠵᠤ᠂ ᠪᠦᠭᠦᠶᠢᠯᠡ ᠬᠢᠨᠠᠨ ᠵᠦᠪᠰᠢᠶᠡᠷᠡᠭᠦ ᠭᠡᠷᠡᠭ ᠶᠠᠪᠤᠳᠠᠯ ᠤᠨ 96.9%᠎ ᠶᠢ ᠡᠵᠡᠯᠡᠵᠤ ᠪᠤᠢ᠃ ︽ᠤᠯᠠᠨ ᠦᠨᠡᠮᠯᠡᠯ ᠢ ᠨᠢᠭᠡᠳᠬᠡᠬᠦ︾᠂ ᠪᠦᠭᠦᠶᠢᠯᠡ ᠶᠠᠪᠤᠴᠠ ᠳᠤ ᠡᠯᠧᠺᠲᠷᠤᠨᠴᠢᠯᠡᠭᠦ᠂ ᠦᠨᠡᠮᠯᠡᠯ ᠢ ᠭᠦᠴᠦᠨ ᠦᠭᠡᠢ ᠪᠤᠯᠭᠠᠬᠤ ᠭᠠᠷᠳᠠᠮ ᠢ ᠳᠦᠭᠦᠮᠴᠢᠯᠡᠬᠦ ᠵᠡᠷᠭᠡ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠠᠯᠳᠠ ᠶᠢ ᠪᠦᠭᠦ ᠲᠠᠯ᠎ᠠ ᠪᠠᠷ ᠭᠡᠷᠡᠭᠵᠢᠭᠦᠯᠦᠭᠰᠡᠨ ᠠᠴᠠ ᠰᠢᠨ᠎ᠠ ᠪᠠᠷ ᠲᠠᠩᠰᠠᠯᠠᠭᠰᠠᠨ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ 1897 ᠡᠷᠦᠭᠡ ᠳᠤ ᠭᠦᠷᠪᠡ᠃ ︽ᠬᠤᠶᠠᠷ ᠢ ᠮᠡᠳᠡᠭᠳᠡᠬᠦ ᠳᠦᠷᠢᠮ︾᠂ ︽ᠬᠢᠨᠠᠨ ᠪᠠᠶᠢᠴᠠᠭᠠᠬᠤ ᠪᠠ ᠬᠢᠨᠠᠨ ᠬᠠᠷᠭᠤᠭᠤᠯᠬᠤ ᠶᠢ ᠨᠢᠭᠡᠳᠦᠭᠦᠯᠵᠤ᠂ ᠭᠠᠭᠴᠠ ᠭᠦᠮᠦᠨ ᠪᠦᠭᠦᠨ ᠢ ᠭᠦᠢᠴᠡᠳᠭᠡᠭᠦ︾ ᠵᠡᠷᠭᠡ ᠤᠶᠢᠯᠡᠴᠢᠯᠡᠭᠡᠨ ᠤ ᠵᠠᠬᠪᠤᠷ ᠢ ᠴᠢᠩᠭ᠎ᠠ ᠭᠡᠷᠡᠭᠵᠢᠭᠦᠯᠵᠤ᠂ ᠬᠢᠨᠠᠨ ᠵᠦᠪᠰᠢᠶᠡᠷᠡᠭᠦ ᠭᠡᠷᠡᠭ ᠶᠠᠪᠤᠳᠠᠯ ᠢ ᠭᠦᠢᠴᠡᠳᠭᠡᠭᠦ ᠴᠠᠭ ᠢ ᠬᠠᠭᠠᠰ ᠢᠶᠠᠷ ᠪᠤᠭᠤᠨᠢᠰᠬᠠᠭᠰᠠᠨ ᠪᠠᠶᠢᠨ᠎ᠠ᠃ ᠬᠢᠨᠠᠨ ᠬᠠᠮᠢᠶᠠᠷᠤᠯᠳᠠ ᠶᠢ ᠰᠢᠨᠡᠴᠢᠯᠡᠵᠤ᠂ ︽ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠨᠠᠶᠢᠳᠡᠯᠡᠭᠦ︾ ᠲᠤᠭᠳᠠᠴᠠ ᠶᠢ ᠪᠦᠭᠦᠶᠢᠯᠡ ᠵᠠᠬ᠎ᠠ ᠲᠡᠯᠭᠡᠭᠦᠷ ᠎ ᠤᠨ ᠭᠤᠤᠯ ᠴᠤᠭᠴᠠ ᠶᠢ ᠪᠠᠶᠢᠴᠠᠭᠠᠬᠤ ᠠᠵᠢᠯ ᠳᠤᠮᠳᠠ ᠪᠦᠷᠭᠦᠭᠦᠯᠪᠡ᠃ ᠭᠡᠷ ᠬᠦᠷᠦᠩᠭᠡ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠠᠬᠢᠭᠤᠯᠵᠦ᠂ 13.02 ᠳᠦᠮᠡᠨ ᠲᠡᠭᠰᠢ ᠳᠦᠷᠪᠡᠯᠵᠢᠨ ᠮᠧᠲᠷ ᠤᠨ 1372 ᠢᠵᠢ ᠰᠤᠯᠠ ᠤᠷᠤᠨ ᠰᠠᠭᠤᠴᠠ ᠶᠢ ᠰᠢᠢᠳᠪᠦᠷᠢᠯᠡᠪᠡ᠃ ᠴᠠᠬᠢᠯᠭᠠᠨ ᠭᠦᠴᠦᠨ ᠤ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠠᠯᠳᠠ ᠶᠢᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠴᠠᠬᠢᠯᠭᠠᠨ ᠭᠡᠷᠡᠭᠯᠡᠭᠦ ᠦᠪᠡᠷ ᠤᠨ ᠦᠷᠳᠡᠭ ᠢ 2224 ᠲᠦᠮᠡᠨ ᠲᠦᠭᠦᠷᠢᠭ ᠲᠤᠷᠤᠭᠰᠢᠯᠠᠭᠤᠯᠤᠨ᠂ ᠠᠵᠤ ᠠᠬᠤᠶᠢᠯᠠᠯ ᠤᠨ ᠰᠤᠯᠢᠯᠴᠠᠭᠠᠨ ᠤ ᠴᠠᠬᠢᠯᠭᠠᠨ ᠤ ᠭᠡᠮᠵᠢᠶ᠎ᠠ 35.38 ᠳ᠋ᠦᠩᠰᠢᠭᠤᠷ ᠺᠢᠯᠤᠸᠠᠲ ᠴᠠᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 23.22%᠎ ᠢᠶᠠᠷ ᠨᠡᠮᠡᠭᠳᠡᠭᠰᠡᠨ ᠪᠠᠶᠢᠨ᠎ᠠ᠃ ᠵᠠᠰᠠᠭ ᠤᠨ ᠶᠠᠪᠤᠳᠠᠯ ᠤᠨ ᠶᠡᠷᠦᠩᠭᠡᠶᠢᠯᠡᠨ ᠬᠠᠤᠯᠢ ᠭᠡᠷᠡᠭᠵᠢᠭᠦᠯᠭᠦ ᠦᠭᠡᠷᠡᠴᠢᠯᠠᠯᠳᠠ ᠶᠢ ᠭᠦᠨᠵᠡᠭᠡᠶᠢᠷᠡᠭᠦᠯᠵᠤ᠂ ᠦᠨᠳᠤᠰᠦᠨ ᠱᠠᠳᠤᠨ ᠤ ᠬᠠᠤᠯᠢ ᠭᠡᠷᠡᠭᠵᠢᠭᠦᠯᠭᠦ ᠭᠦᠴᠦᠨ ᠢ ᠨᠡᠮᠡᠭᠳᠡᠭᠦᠯᠪᠡ᠃ ᠪᠦᠭᠦ ᠬᠤᠰᠢᠭᠤᠨ ᠤ 7 ᠰᠤᠮᠤ ᠪᠠᠯᠭᠠᠰᠤᠨ ᠳᠤ ᠲᠤᠰᠪᠤᠷᠢ ᠶᠡᠷᠦᠩᠭᠡᠶᠢᠯᠡᠨ ᠬᠠᠤᠯᠢ ᠭᠡᠷᠡᠭᠵᠢᠭᠦᠯᠭᠦ ᠡᠩᠨᠡᠭᠡ ᠪᠠᠶᠢᠭᠤᠯᠵᠤ᠂ ᠪᠠᠯᠭᠠᠷᠭᠤᠤᠯ ᠪᠠᠯᠭᠠᠰᠤᠨ ᠎ ᠳᠤ ᠳᠤᠰᠬᠠᠢ ᠡᠩᠨᠡᠭᠡ ᠪᠠᠷ ᠬᠠᠤᠯᠢ ᠭᠡᠷᠡᠭᠵᠢᠭᠦᠯᠦᠨ ᠬᠠᠮᠢᠶᠠᠷᠬᠤ ᠶᠢ ᠪᠡᠶᠡᠯᠡᠭᠦᠯᠵᠠᠢ᠃     ︵ᠵᠢᠷᠭᠤᠭ᠎ᠠ︶ ᠠᠷᠠᠳ ᠳᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠳᠤᠯᠠᠨ ᠰᠠᠶᠢᠵᠢᠷᠠᠭᠤᠯᠪᠠ᠃     ᠰᠤᠷᠭᠠᠨ ᠭᠦᠮᠦᠵᠢᠯ᠂ ᠡᠮ ᠡᠮᠨᠡᠯᠭᠡ᠂ ᠨᠡᠶᠢᠭᠡᠮ ᠤᠨ ᠪᠠᠳᠤᠯᠠᠭ᠎ᠠ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ ᠤᠶᠢᠯᠠᠰ ᠲᠤ ᠨᠡᠶᠢᠳᠠ 22.83 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠵᠠᠷᠤᠴᠠᠭᠤᠯᠵᠤ᠂ ᠡᠩ ᠤᠨ ᠤᠯᠠᠨ ᠨᠠᠶᠢᠳᠠ ᠶᠢᠨ ᠲᠦᠰᠦᠪ ᠤᠨ ᠵᠠᠷᠤᠯᠭ᠎ᠠ ᠶᠢᠨ 83.54%᠎ ᠶᠢ ᠡᠵᠡᠯᠡᠭᠰᠡᠨ ᠪᠠᠶᠢᠨ᠎ᠠ᠃ ᠬᠤᠳᠠ ᠬᠦᠳᠡᠭᠡᠨ ᠤ ᠰᠢᠨ᠎ᠠ ᠪᠠᠷ ᠠᠵᠢᠯ ᠤᠯᠤᠭᠰᠠᠨ ᠭᠦᠮᠦᠨ 1183 ᠨᠡᠷ᠎ᠡ ᠪᠠᠶᠢᠵᠤ᠂ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠤᠯᠭᠤᠯᠳᠠ ᠶᠢᠨ ᠨᠤᠷᠮ᠎ᠠ ᠶᠢ 3.55%᠎ ᠶᠢᠨ ᠲᠤᠳᠤᠷ᠎ᠠ ᠬᠢᠵᠠᠭᠠᠷᠯᠠᠪᠠ᠃     ᠰᠤᠷᠭᠠᠨ ᠬᠦᠮᠦᠵᠢᠯ ᠤᠨ ᠦᠢᠯᠡᠰ ᠢ ᠡᠩ ᠳᠡᠷᠢᠬᠦᠨ ᠳᠤ ᠬᠦᠭᠵᠢᠬᠦᠯᠪᠡ᠃ ᠵᠢᠷ ᠤᠨ ᠭᠤᠤᠯ ᠭᠡᠤᠭᠡᠳ ᠤᠨ ᠴᠡᠴᠡᠷᠯᠢᠭ ᠨᠢ ᠠᠰᠢᠭᠯᠠᠯᠳᠠ ᠳᠤ ᠤᠷᠤᠵᠤ᠂ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠪᠤᠯᠤᠨ ᠰᠤᠷᠭᠠᠨ ᠭᠦᠮᠦᠵᠢᠯ ᠎ ᠤᠨ ᠮᠡᠳᠡᠭᠡ ᠵᠠᠩᠬᠢᠴᠢᠯᠠᠯᠳᠠ ᠵᠡᠷᠭᠡ 3 ᠲᠦᠷᠦᠯ ᠵᠤᠶᠢᠯ ᠢ ᠪᠦᠳᠦᠮᠵᠢᠳᠡᠢ ᠠᠬᠢᠭᠤᠯᠪᠠ᠃ 24 ᠨᠡᠷ᠎ᠡ ᠠᠵᠢᠯ ᠤᠶᠢᠯᠠᠰ ᠤᠨ ᠤᠷᠤᠨ ᠲᠤᠭᠠᠨ ᠤ ᠪᠠᠭᠰᠢ ᠡᠯᠰᠡᠨ ᠭᠡᠷᠡᠭᠯᠡᠵᠤ᠂ 84 ᠨᠡᠷ᠎ᠡ ᠤᠷᠤᠨ ᠲᠤᠭᠠᠨ ᠠᠴᠠ ᠭᠠᠳᠠᠨᠠᠬᠢ ᠭᠡᠤᠭᠡᠳ ᠤᠨ ᠴᠡᠴᠡᠷᠯᠢᠭ ᠤᠨ ᠪᠠᠭᠰᠢ ᠡᠯᠰᠡᠨ᠂ ᠪᠠᠭᠰᠢ ᠨᠠᠷ ᠲᠤ 3100 ᠭᠠᠷᠤᠢ ᠭᠦᠮᠦᠨ ︵ᠤᠳᠠᠭ᠎ᠠ︶᠎ ᠳᠤ ᠪᠤᠯᠪᠠᠰᠤᠷᠠᠯ ᠭᠦᠷᠳᠡᠭᠡᠭᠰᠡᠨ ᠪᠠᠶᠢᠨ᠎ᠠ᠃ ᠠᠩᠭᠢ ᠶᠢᠨ ᠡᠷᠬᠢᠯᠡᠭᠴᠢ ᠶᠢᠨ ᠨᠦᠭᠦᠪᠤᠷᠢ ᠶᠢᠨ ᠪᠠᠷᠢᠮᠵᠢᠶ᠎ᠠ ᠶᠢ ᠭᠦᠮᠦᠨ ᠪᠦᠷᠢ ᠰᠠᠷ᠎ᠠ ᠪᠤᠯᠭᠠᠨ 300 ᠲᠦᠭᠦᠷᠢᠭ ᠪᠠᠶᠢᠭᠰᠠᠨ ᠠᠴᠠ 800 — 1200 ᠲᠦᠭᠦᠷᠢᠭ ᠪᠤᠯᠭᠠᠨ ᠨᠡᠮᠡᠭᠳᠡᠭᠦᠯᠪᠠ ᠃ ᠨᠢᠭᠡᠳᠦᠭᠡᠷ ᠪᠠᠭ᠎ᠠ ᠰᠤᠷᠭᠠᠭᠤᠯᠢ ᠪᠤᠯᠤᠨ ᠮᠤᠩᠭᠤᠯ ᠦᠨᠳᠤᠰᠦᠳᠠᠨ ᠤ ᠨᠢᠭᠡᠳᠦᠭᠡᠷ ᠪᠠᠭ᠎ᠠ ᠰᠤᠷᠭᠠᠭᠤᠯᠢ ᠨᠢ ᠤᠯᠤᠰ ᠎ ᠤᠨ ᠲᠡᠰ ᠤᠨ ᠰᠤᠷᠭᠠᠭᠤᠯᠢ ᠶᠢᠨ ᠭᠦᠷᠢᠶᠠᠨ ᠤ ᠭᠦᠯ ᠪᠦᠮᠪᠦᠭᠡᠨ ᠤ ᠤᠨᠴᠠᠯᠢᠭᠳᠤ ᠰᠤᠷᠭᠠᠭᠤᠯᠢ ᠪᠠᠷ ᠲᠤᠭᠳᠠᠭᠠᠭᠳᠠᠪᠠ᠃     ᠡᠷᠡᠭᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠢᠯᠡᠰ ᠰᠢᠨ᠎ᠡ ᠬᠦᠭᠵᠢᠯᠳᠡ ᠲᠠᠢ ᠪᠤᠯᠪᠠ᠃ ᠬᠤᠰᠢᠭᠤ ᠡᠮᠨᠡᠯᠭᠡ ᠶᠢᠨ ᠬᠤᠷᠢᠶ᠎ᠡ ᠨᠢ ᠠᠶᠢᠮᠠᠭ ᠤᠨ ᠡᠮᠨᠡᠯᠭᠡ ᠶᠢᠨ ᠬᠤᠷᠢᠶ᠎ᠡ ᠲᠠᠢ ᠡᠮᠴᠢᠯᠡᠭᠡᠨ ᠤ ᠬᠤᠯᠪᠤᠭᠠᠯᠠᠭᠰᠠᠨ ᠲᠤᠭᠲᠠᠴᠠ ᠶᠢ ᠪᠠᠶᠢᠭᠤᠯᠵᠦ᠂ ᠬᠠᠮᠳᠤᠷᠠᠯᠴᠠᠭ᠎ᠠ ᠪᠠᠷ ᠲᠠᠮᠵᠢᠨ᠂ ᠰᠢᠯᠭᠠᠨ ᠪᠠᠶᠢᠴᠠᠭᠠᠬᠤ ᠳᠦᠷᠦᠯ ᠵᠦᠢᠯ ᠢ ᠦᠷᠭᠡᠳᠬᠡᠨ 50 ᠳᠦᠷᠦᠯ ᠳᠤ ᠭᠦᠷᠭᠡᠭᠰᠡᠨ ᠪᠠᠶᠢᠨ᠎ᠠ᠃ ᠮᠤᠩᠭᠤᠯ ᠬᠢᠲᠡᠳ ᠡᠮ ᠡᠮᠨᠡᠯᠭᠡ ᠶᠢᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠤᠨ᠂ ᠮᠣᠩᠭᠤᠯ ᠡᠮᠨᠡᠯᠭᠡ ᠶᠢᠨ ᠬᠤᠷᠢᠶᠠᠨ ᠤ ︽ᠶᠠᠰᠤᠨ ᠤ ᠭᠡᠮᠳᠤᠯ ᠢ ᠵᠠᠰᠠᠬᠤ ᠰᠠᠯᠠᠭ᠎ᠠ︾ ᠎ ᠨᠢ ᠠᠶᠢᠮᠠᠭ ᠤᠨ ᠱᠠᠳᠤᠨ ᠤ ᠮᠤᠩᠭᠤᠯ ᠬᠢᠲᠡᠳ ᠡᠮ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠢ ᠰᠠᠯᠠᠭᠠᠨ ᠤ ᠬᠢᠨᠠᠨ ᠦᠨᠡᠯᠡᠯᠳᠡ ᠳᠤ ᠬᠢᠷᠢ ᠲᠡᠩᠴᠡᠵᠤ ᠫᠠᠶᠢᠰᠠ ᠡᠯᠭᠦᠪᠡ᠃ ᠬᠤᠰᠢᠭᠤ ᠡᠭᠡ ᠨᠢᠯᠬᠠᠰ ᠤᠨ ᠡᠷᠡᠭᠦᠯᠵᠢᠯ ᠳᠦᠯᠦᠪᠯᠡᠭᠡᠳᠤ ᠦᠷᠡᠵᠢᠯ ᠤᠨ ᠦᠢᠯᠡᠴᠢᠯᠡᠭᠡᠨ ᠤ ᠲᠥᠪ ᠤᠨ ᠶᠡᠷᠦᠩᠭᠡᠶᠢᠯᠡᠭᠰᠡᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠠᠵᠢᠯ ᠲᠠᠭᠤᠰᠪᠠ᠃ ᠦᠨᠳᠦᠰᠦᠨ ᠱᠠᠳᠤᠨ ᠤ ᠡᠮ ᠡᠮᠨᠡᠯᠭᠡ ᠶᠢᠨ ᠤᠶᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ 113 ᠳᠦᠮᠡᠨ ᠳᠦᠭᠦᠷᠢᠭ ᠤᠨ ᠪᠡᠯᠡ ᠵᠠᠷᠤᠴᠠᠭᠤᠯᠵᠦ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠎ ᠤᠨ ᠬᠤᠷᠢᠶ᠎ᠡ ᠪᠠ ᠨᠡᠶᠢᠭᠡᠮ ᠳᠤᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠤ ᠳᠦᠬᠦᠭᠡᠷᠦᠮᠵᠢ ᠬᠤᠳᠠᠯᠳᠤᠨ ᠠᠪᠴᠦ ᠥᠭᠪᠡ᠃ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯ ᠢ ᠭᠦᠨᠵᠡᠭᠡᠢ ᠦᠷᠨᠢᠬᠦᠯᠦᠨ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ ᠨᠢ ᠴᠦᠮ ᠦᠪᠡᠷᠳᠡᠭᠡᠨ ᠵᠠᠰᠠᠬᠤ ᠤᠷᠤᠨ ᠤ ᠳᠡᠰ ᠤᠨ ᠡᠷᠡᠬᠦᠯ ᠬᠠᠮᠠᠭᠠᠯᠠᠯ ᠤᠨ ᠰᠤᠮᠤ ᠪᠠᠯᠭᠠᠰᠤ᠂ ᠭᠠᠴᠠᠭ᠎ᠠ ᠪᠤᠯᠪᠠ᠃     ᠰᠤᠶᠤᠯ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠬᠦᠯᠪᠡ᠃ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠠᠶᠢᠭᠤᠯᠤᠯᠳᠠ ᠶᠢ ᠠᠬᠢᠭᠤᠯᠵᠦ᠂ ᠤᠯᠠᠨ ᠨᠡᠶᠢᠲᠡ ᠶᠢᠨ ᠰᠤᠶᠤᠯ ᠤᠨ ᠲᠠᠯᠠᠪᠤᠷ ᠰᠦᠢᠳᠬᠡᠯ ᠬᠤᠷᠢᠶᠠᠬᠤ ᠦᠭᠡᠢ ᠪᠤᠶᠤ ᠳᠤᠤᠷ᠎ᠠ ᠦᠨ᠎ᠡ ᠪᠠᠷ ᠰᠦᠢᠳᠬᠡᠯ ᠬᠤᠷᠢᠶᠠᠵᠦ ᠤᠶᠢᠯᠡᠴᠢᠯᠡᠪᠡ᠃ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠰᠠᠶᠢᠳᠤᠷ ᠬᠢᠵᠦ᠂ ᠮᠣᠩᠭᠤᠯ ᠡᠮᠨᠡᠯᠭᠡ ᠶᠢᠨ ᠶᠠᠰᠤ ᠪᠠᠷᠢᠬᠤ ᠠᠷᠭ᠎ᠠ ᠵᠡᠷᠭᠡ 3 ᠳᠦᠷᠦᠯ ᠵᠦᠢᠯ ᠢ ᠠᠶᠢᠮᠠᠭ ᠤᠨ ᠱᠠᠳᠤᠨ ᠤ ᠪᠤᠳᠠᠰ ᠤᠨ ᠪᠤᠰᠤ ᠰᠤᠶᠤᠯ ᠤᠨ ᠥᠪ ᠤᠨ ᠳᠦᠷᠦᠯ ᠵᠦᠢᠯ ᠳᠤ ᠮᠡᠳᠡᠭᠦᠯᠵᠦ᠂ 4 ᠨᠡᠷ᠎ᠡ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠎ ᠨᠢ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠥᠪ ᠤᠨ ᠳᠦᠯᠦᠭᠡᠯᠡᠬᠦ ᠴᠢᠨᠠᠷᠳᠠᠢ ᠤᠯᠠᠮᠵᠢᠯᠠᠭᠴᠢ ᠪᠠᠷ ᠦᠨᠡᠯᠡᠭᠳᠡᠭᠰᠡᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ ᠬᠠᠮ ᠵᠠᠭᠤᠴᠢᠯᠠᠭᠤᠷ ᠤᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠪᠠᠶᠢᠭᠤᠯᠤᠯᠳᠠ ᠶᠢ ᠠᠬᠢᠭᠤᠯᠵᠦ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠫᠠᠶᠢᠰᠠ ᠡᠯᠭᠦᠨ ᠪᠠᠶᠢᠭᠤᠯᠤᠭᠳᠠᠵᠦ᠂ ᠪᠦᠬᠦ ᠤᠷᠤᠨ ᠤ ᠬᠠᠮ ᠵᠠᠭᠤᠴᠢᠯᠠᠭᠤᠷ ᠤᠨ ᠨᠡᠪᠳᠡᠷᠡᠬᠦᠯᠭᠡ ᠳᠤᠮᠳᠠ᠂ ᠮᠠᠨ ᠤ ᠬᠤᠰᠢᠭᠤ ᠨᠢ ᠡᠮᠦᠨ᠎ᠡ ᠨᠡᠷᠡᠰ ᠲᠤ ᠵᠢᠬᠰᠠᠭᠠᠭᠳᠠᠵᠠᠢ᠃ ᠤᠯᠠᠭᠠᠨᠮᠦ᠋ᠴᠢᠷ ᠤᠨ ᠠᠵᠢᠯ ᠤᠶᠢᠯᠠᠰ ᠤᠨ ᠴᠡᠴᠡᠭᠯᠡᠨ ᠭᠦᠭᠵᠢᠯᠳᠠ ᠶᠢ ᠠᠬᠢᠭᠤᠯᠪᠠ᠃ ︽ᠤᠯᠠᠭᠠᠨᠮᠦ᠋ᠴᠢᠷ ᠤᠨ ᠤᠶᠢᠯᠠᠰ ᠤᠨ ᠴᠡᠴᠡᠭᠯᠡᠨ ᠭᠦᠭᠵᠢᠭᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ︾ ᠎ ᠢ ᠲᠤᠭᠳᠠᠭᠠᠨ᠂ ᠤᠯᠠᠭᠠᠨᠮᠦ᠋ᠴᠢᠷ ᠲᠤ 6 ᠠᠵᠢᠯ ᠤᠶᠢᠯᠠᠰ ᠤᠨ ᠤᠷᠤᠨ ᠲᠤᠭ᠎ᠠ ᠶᠢ ᠨᠡᠮᠡᠵᠤ᠂ ᠨᠡᠶᠢᠭᠡᠮ ᠠᠴᠠ 18 ᠨᠡᠷ᠎ᠡ ᠤᠷᠤᠨ ᠲᠤᠭᠠᠨ ᠤ ᠪᠤᠰᠤ ᠲᠤᠭᠯᠠᠭᠴᠢ ᠡᠯᠰᠡᠪᠡ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠭᠦ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠠᠢ᠃ ᠤᠯᠠᠭᠠᠨᠮᠦ᠋ᠴᠢᠷ ᠢ ᠵᠤᠬᠢᠶᠠᠨ ᠪᠠᠶᠢᠭᠤᠯᠵᠤ᠂ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠎ ᠤᠨ ᠲᠤᠮᠳᠠ ᠭᠦᠨᠵᠡᠭᠡᠶᠢᠷᠡᠭᠦ︾ ᠵᠡᠷᠭᠡ ᠦᠨᠳᠤᠰᠦᠨ ᠱᠠᠳᠤᠨ ᠳᠤ ᠲᠤᠭᠯᠠᠯᠳᠠ ᠭᠠᠷᠭᠠᠬᠤ ᠠᠵᠢᠯᠯᠠᠭ᠎ᠠ ᠶᠢ ᠦᠷᠨᠢᠭᠦᠯᠦᠨ᠂ ᠪᠦᠭᠦ ᠵᠢᠯ ᠳᠤ ᠦᠨᠳᠤᠰᠦᠨ ᠱᠠᠳᠤᠨ ᠳᠤ ᠨᠠᠶᠢᠳᠠ 110 ᠲᠠᠯᠠᠪᠠᠢ  ︵ᠤᠳᠠᠭ᠎ᠠ︶ ᠲᠤᠭᠯᠠᠯᠳᠠ ᠭᠠᠷᠭᠠᠵᠤ᠂ 4.5 ᠲᠦᠮᠡ ᠭᠠᠷᠤᠢ ᠭᠦᠮᠦᠨ ᠤᠳᠠᠭ᠎ᠠ ᠤᠯᠠᠨ ᠲᠦᠮᠡᠨ ᠳᠤ ᠤᠶᠢᠯᠡᠴᠢᠯᠡᠭᠰᠡᠨ ᠪᠠᠶᠢᠨ᠎ᠠ᠃ ᠮᠣᠩᠭᠤᠯ ᠵᠦᠴᠦᠭᠡ ︽ᠡᠭᠦᠷ ᠰᠡᠭᠦᠯᠳᠤ︾᠎ ᠨᠢ 2018 ᠣᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠶᠢᠰᠠᠨ ᠤ ᠤᠷᠠᠯᠢᠭ ᠤᠨ ᠰᠢᠯᠢᠳᠡᠭ ᠢᠨᠵᠧᠨᠧᠷᠢᠩ ᠢᠶᠠᠷ ᠰᠤᠩᠭᠤᠭᠳᠠᠪᠠ᠃ ᠪᠦᠭᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠦ᠂ ᠡᠯ᠎ᠡ ᠲᠦᠷᠦᠯ ᠤᠨ ᠭᠦᠳᠡᠯᠭᠡᠭᠡᠨ ᠢ 60 ᠭᠠᠷᠤᠢ ᠤᠳᠠᠭ᠎ᠠ ᠡᠷᠬᠢᠯᠡᠨ ᠶᠠᠪᠤᠭᠳᠠᠭᠤᠯᠵᠤ᠂ ᠤᠯᠠᠨ ᠲᠦᠮᠡᠨ 1.5 ᠲᠦᠮᠡ ᠭᠠᠷᠤᠢ ᠭᠦᠮᠦᠨ ︵ᠤᠳᠠᠭ᠎ᠠ︶ ᠤᠷᠤᠯᠴᠠᠪᠠ᠃     ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠪᠡ᠃ 1748 ᠲᠦᠮᠡᠨ ᠲᠦᠭᠦᠷᠢᠭ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠨᠦᠭᠦᠪᠤᠷᠢ ᠶᠢ ᠨᠠᠶᠢᠳᠠᠪᠤᠷᠢᠵᠢᠭᠤᠯᠵᠤ᠂ 3936 ᠨᠡᠷ᠎ᠡ ᠬᠠᠤᠯᠢ ᠳᠤ ᠲᠤᠭᠳᠠᠭᠠᠭᠰᠠᠨ ᠠᠵᠢᠯ ᠠᠴᠠ ᠠᠮᠠᠷᠠᠬᠤ ᠨᠠᠰᠤ ᠨᠢ 10 ᠵᠢᠯ ᠭᠦᠷᠭᠦ ᠦᠭᠡᠢ᠂ ᠤᠤᠯ ᠤᠨ ᠤᠯᠤᠰ ᠤᠨ ᠦᠮᠴᠢᠯᠠᠯᠳᠤ ᠠᠵᠤ ᠠᠬᠤᠶᠢᠯᠠᠯ᠂ ᠬᠠᠮᠳᠤ ᠶᠢᠨ ᠦᠮᠴᠢᠯᠠᠯᠳᠤ ᠠᠵᠤ ᠠᠬᠤᠶᠢᠯᠠᠯ ᠤᠨ ᠠᠵᠢᠯ ᠠᠯᠳᠠᠭᠰᠠᠨ ᠠᠵᠢᠯᠳᠠᠳ ᠲᠤ 1773 ᠲᠦᠮᠡᠨ ᠲᠦᠭᠦᠷᠢᠭ ᠤᠨ ᠨᠡᠶᠢᠭᠡᠮ ᠤᠨ ᠲᠠᠭᠠᠳᠬᠠᠯ ᠎ ᠤᠨ ᠨᠦᠭᠦᠪᠤᠷᠢ ᠤᠯᠭᠤᠨ᠂ ᠭᠦᠨᠳᠤ ᠲᠡᠰ ᠤᠨ ᠵᠡᠮᠳᠡᠭ᠂ ᠬᠤᠳᠠ ᠪᠠᠯᠭᠠᠰᠤᠨ ᠤ ᠲᠤᠤᠷ᠎ᠠ ᠪᠠᠳᠤᠯᠠᠭᠠᠳᠤ ᠡᠷᠦᠭᠡ ᠵᠡᠷᠭᠡ ᠭᠦᠴᠢᠷᠳᠠᠯᠳᠠᠢ ᠤᠯᠠᠨ ᠲᠦᠮᠡᠨ ᠳᠤ 143 ᠲᠦᠮᠡᠨ ᠲᠦᠭᠦᠷᠢᠭ ᠤᠨ ᠨᠡᠶᠢᠭᠡᠮ ᠤᠨ ᠲᠠᠭᠠᠳᠬᠠᠯ ᠢ ᠲᠤᠰᠢᠶᠠᠨ ᠦᠭᠴᠠᠢ᠃ ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡ ᠬᠠᠮᠢᠶᠠᠷᠤᠯᠳᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠤᠰᠤᠨ ᠤ ᠡᠷᠭᠡ ᠠᠰᠢᠭ ᠢ ᠪᠦᠭᠦ ᠭᠦᠴᠦᠨ ᠢᠶᠠᠷ ᠢᠶᠠᠨ ᠪᠠᠳᠤᠯᠠᠨ᠂ 64 ᠨᠡᠷ᠎ᠡ ᠠᠵᠤ ᠠᠬᠤᠶᠢᠯᠠᠯ ᠠᠴᠠ ᠠᠵᠢᠯ ᠠᠯᠳᠠᠭᠰᠠᠨ ᠨᠦᠭᠦᠴᠡᠯ ᠳᠤ ᠨᠡᠶᠢᠴᠡᠭᠦ ᠴᠡᠷᠢᠭ ᠠᠴᠠ ᠬᠠᠯᠠᠭᠳᠠᠭᠰᠠᠳ ᠢ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢᠨ ᠳᠤ ᠠᠵᠢᠯ ᠤᠯᠭᠤᠪᠠ᠃ ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠶᠢ ᠲᠡᠭᠡᠭᠰᠢᠯᠡᠭᠦᠯᠵᠦ᠂ ᠨᠡᠶᠢᠭᠡᠮ ᠤᠨ ᠲᠠᠭᠠᠳᠬᠠᠯ ᠲᠤᠰᠢᠶᠠᠬᠤ ᠰᠤᠶᠢᠳᠭᠡᠯ ᠤᠨ ᠨᠤᠷᠮ᠎ᠠ ᠶᠢ ᠲᠤᠷᠤᠭᠰᠢᠯᠠᠭᠤᠯᠪᠠ᠃ ᠠᠯᠪᠠᠨ ᠪᠠᠶᠢᠭᠤᠯᠭ᠎ᠠ ᠶᠢᠨ ᠠᠵᠢᠯᠳᠠᠨ ᠤ ᠴᠡᠯᠢᠩ ᠤᠨ ᠭᠡᠪ ᠤᠨ ᠦᠰᠦᠯᠳᠠ ᠶᠢᠨ ᠲᠦᠷᠦ ᠎ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠠᠢ᠃ 2659 ᠲᠦᠮᠡᠨ ᠲᠦᠭᠦᠷᠢᠭ ᠤᠨ ᠤᠶᠢᠯᠠᠰ ᠪᠦᠳᠦᠭᠡᠭᠦ ᠪᠠᠳᠤᠯᠠᠭᠠᠳᠤ ᠵᠢᠭᠡᠯᠡᠯᠭᠡ ᠶᠢ ᠲᠠᠷᠬᠠᠭᠠᠪᠠ᠃ ︽ᠴᠠᠯᠢᠩ ᠭᠦᠯᠦᠰᠦ ᠦᠷᠢᠳᠦᠭᠦ ᠶᠢ ᠴᠡᠭᠴᠡᠯᠡᠨ᠂ ᠴᠠᠯᠢᠩ ᠭᠦᠯᠦᠰᠦ ᠤᠯᠭᠤᠬᠤ ᠶᠢ ᠪᠠᠳᠤᠯᠠᠬᠤ︾ ᠠᠵᠢᠯ ᠢ ᠰᠠᠶᠢᠳᠤᠷ ᠬᠢᠵᠤ᠂ 345 ᠨᠡᠷ᠎ᠡ ᠭᠦᠯᠦᠰᠦᠨ ᠠᠵᠢᠯᠳᠠᠨ ᠳᠤ ᠦᠷᠢᠳᠦᠵᠦ ᠪᠠᠶᠢᠭᠰᠠᠨ ᠨᠡᠶᠢᠲᠡ 585.1 ᠳᠦᠮᠡᠨ ᠳᠦᠭᠦᠷᠢᠭ ᠤᠨ ᠴᠠᠯᠢᠩ ᠭᠦᠯᠦᠰᠦ ᠶᠢ ᠨᠡᠬᠡᠮᠵᠢᠯᠡᠨ ᠤᠯᠭᠤᠵᠠᠢ᠃     ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠳᠦᠮᠵᠢ ᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠢᠨᠡᠴᠢᠯᠡᠨ᠂ ᠡᠯ᠎ᠡ ᠳᠦᠷᠦᠯ ᠤᠨ ᠵᠦᠷᠢᠴᠡᠯ ᠵᠢᠭᠤᠷᠭᠠᠨ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠪᠠ᠃ ᠠᠶᠤᠯᠭᠦᠢ ᠤᠶᠢᠯᠠᠳᠪᠤᠷᠢᠯᠡᠯ ᠪᠠ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠦᠷᠭᠦᠯᠵᠢᠯᠡᠨ ᠴᠢᠩᠭᠠᠳᠬᠠᠪᠠ᠃ ᠨᠡᠶᠢᠭᠡᠮ ᠤᠨ ᠵᠠᠰᠠᠯᠲᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ ᠳᠡᠭᠦᠯᠳᠡᠷᠵᠢᠬᠦᠯᠵᠦ᠂ ᠬᠠᠷ᠎ᠠ ᠪᠦᠯᠦᠭ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠦᠨ᠂ ᠡᠯ᠎ᠡ ᠳᠦᠷᠦᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠥᠭᠴᠦ᠂ ᠨᠡᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠪᠠᠳᠤᠯᠠᠭᠰᠠᠨ ᠪᠠᠶᠢᠨ᠎ᠠ᠃     ︵ᠳᠤᠯᠤᠭ᠎ᠠ︶ ᠬᠠᠤᠯᠢ ᠶᠤᠰᠤᠭᠠᠷ ᠡᠭᠦᠷᠭᠡ ᠴᠢᠳᠠᠪᠬᠢ ᠪᠠᠨ ᠭᠦᠢᠴᠡᠳᠬᠡᠬᠦ ᠶᠢ ᠪᠠᠷᠢᠮᠳᠠᠯᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠪᠡ᠃     ︽ᠭᠤᠷᠪᠠᠨ ᠴᠢᠬᠤᠯᠠ ᠨᠢᠭᠡ ᠲᠤᠮᠤ︾ ᠤᠴᠢᠷ ᠶᠠᠪᠤᠳᠠᠯ ᠳᠤ ᠬᠠᠮᠳᠤ ᠪᠠᠷ ᠰᠢᠢᠳᠪᠤᠷᠢᠳᠤ ᠪᠤᠳᠤᠯᠭ᠎ᠠ ᠲᠤᠭᠲᠠᠭᠠᠬᠤ ᠪᠠ ᠵᠠᠰᠠᠭ ᠤᠨ ᠤᠷᠳᠤᠨ ᠤ ᠬᠠᠤᠯᠢ ᠶᠢᠨ ᠵᠦᠪᠯᠡᠭᠴᠢ ᠤᠷᠢᠨ ᠭᠡᠷᠡᠭᠯᠡᠭᠦ ᠵᠡᠷᠭᠡ ᠳᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠪᠢᠴᠢᠭ ᠮᠠᠲ᠋ᠧᠷᠢᠶᠠᠯ ᠤᠨ ᠬᠠᠤᠯᠢ ᠶᠤᠰᠤᠨ ᠤ ᠴᠢᠨᠠᠷᠳᠠᠢ ᠬᠢᠨᠠᠨ ᠪᠠᠶᠢᠴᠠᠭᠠᠯᠳᠠ ᠶᠢ ᠴᠢᠩᠭᠠᠳᠬᠠᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠦ᠂ ᠡᠭᠦᠷᠬᠡ ᠴᠢᠳᠠᠪᠬᠢ ᠶᠢᠨ ᠲᠤᠬᠢᠷᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠪᠠ ᠨᠡᠶᠢᠭᠡᠮ ᠤᠨ ᠬᠢᠨᠠᠯᠳᠠ ᠶᠢ ᠤᠬᠠᠮᠰᠠᠷ ᠠᠴᠠ ᠪᠠᠨ ᠭᠦᠯᠢᠶᠡᠨ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠵᠢᠴᠢ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠳᠤᠷᠠᠳᠤᠯᠭ᠎ᠠ ᠶᠢ ᠭᠦᠢᠴᠡᠳᠬᠡᠭᠰᠡᠨ ᠨᠤᠷᠮ᠎ᠠ 100%᠎ ᠳᠤ ᠭᠦᠷᠴᠠᠢ᠃     ᠤᠯᠤᠰ ᠳᠦᠷᠦ ᠶᠢᠨ ᠪᠠᠶᠢᠭᠤᠯᠤᠯᠳᠠ ᠶᠢ ᠳᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ ᠳᠡᠮᠡᠴᠡᠯ ᠢ ᠭᠦᠨᠵᠡᠭᠡᠢ ᠠᠬᠢᠭᠤᠯᠪᠠ᠃ ᠲᠥᠪ ᠤᠨ ᠨᠠᠢᠮᠠᠨ ᠵᠤᠷᠪᠤᠰ ᠳᠤᠭᠲᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠪᠠ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠬᠤᠯᠪᠤᠭᠳᠠᠯ ᠪᠦᠭᠦᠢ ᠠᠷᠭ᠎ᠠ ᠪᠣᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠳᠦᠷᠪᠡᠨ ᠰᠤᠷᠲᠠᠯ︾᠎ ᠢ ᠰᠠᠶᠢᠳᠤᠷ ᠵᠠᠰᠠᠨ ᠴᠡᠭᠴᠡᠯᠡᠪᠡ᠃ ︽ᠠᠯᠪᠠᠨ ᠤ ᠭᠤᠷᠪᠠᠨ ᠵᠠᠷᠤᠳᠠᠯ︾᠎ ᠢ ᠴᠢᠩᠭ᠎ᠠ ᠬᠢᠵᠠᠭᠠᠷᠯᠠᠵᠦ᠂ ᠪᠦᠬᠦ ᠬᠤᠰᠢᠭᠤᠨ ᠎ ᠤ   ︽ᠠᠯᠪᠠᠨ ᠤ ᠭᠤᠷᠪᠠᠨ ᠵᠠᠷᠤᠳᠠᠯ︾᠎ 1104.23 ᠳᠦᠮᠡᠨ ᠳᠦᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 19.13%᠎ ᠪᠠᠷ ᠪᠠᠭᠤᠷᠠᠵᠦ᠂ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠡᠷᠴᠢᠮ ᠢᠶᠠᠨ ᠴᠢᠩᠭᠠᠳᠬᠠᠨ᠂ ᠰᠤᠨᠢᠨ ᠮᠡᠳᠡᠭᠡ ᠨᠡᠶᠢᠲᠡᠯᠡᠬᠦ ᠬᠤᠷᠠᠯ ᠢ 15 ᠲᠠᠯᠠᠪᠠᠢ ᠬᠤᠷᠠᠯᠳᠤᠭᠤᠯᠵᠦ᠂ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ᠂ ᠡᠯ᠎ᠡ ᠳᠦᠷᠦᠯ ᠤᠨ ᠠᠷᠠᠳ ᠲᠤ ᠠᠰᠢᠭ ᠬᠦᠷᠳᠡᠭᠡᠬᠦ ᠳᠦᠷᠦ ᠶᠢᠨ ᠪᠤᠳᠤᠯᠭ᠎ᠠ᠂ ᠡᠳ᠋ ᠤᠨ ᠵᠠᠰᠠᠭ ᠤᠨ ᠳᠦᠰᠦᠪ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠪᠡ᠃     ᠰᠢ ᠶᠢᠨ ᠫᠢᠩ ᠶᠡᠷᠦᠩᠬᠡᠢ ᠱᠦᠵᠢ ᠶᠢᠨ ︽ᠦᠨᠳᠦᠰᠦᠳᠡᠨ ᠤ ᠪᠦᠯᠭᠦᠮᠳᠡᠯ ᠪᠠ ᠬᠢᠯᠢ ᠬᠢᠵᠠᠭᠠᠷ ᠤᠷᠤᠨ ᠤ ᠲᠤᠨᠨᠳᠠᠭᠤᠨ ᠪᠠᠶᠢᠳᠠᠯ ᠢ ᠯᠠᠪᠳᠠᠭᠤᠨ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠤᠨ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠂ ᠺᠠᠳ᠋ᠷ ᠤᠯᠠᠨ ᠳᠦᠮᠡᠨ ᠤ ᠦᠨᠳᠦᠰᠦᠳᠡᠨ ᠤ ᠪᠦᠯᠬᠦᠮᠳᠡᠯ ᠤᠨ ᠦᠵᠡᠯ ᠤᠬᠠᠮᠰᠠᠷ ᠢ ᠳᠡᠭᠡᠭᠰᠢᠯᠡᠬᠦᠯᠪᠡ᠃ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠡᠳ ᠬᠤᠶᠠᠷ ᠳᠦᠷᠦᠯ ᠤᠨ ᠬᠡᠯᠡ ᠶᠢ ᠵᠡᠷᠭᠡᠪᠡᠷ ᠬᠡᠷᠡᠭᠯᠡᠬᠦ ᠬᠠᠮᠢᠶᠠᠷᠤᠯᠳᠠ ᠶᠢ ᠳᠦᠷᠢᠮᠵᠢᠬᠦᠯᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠰᠡᠨ᠂ ᠪᠠᠷᠢᠮᠵᠢᠶᠠᠵᠢᠭᠰᠠᠨ᠂ ᠮᠡᠳᠡᠭᠡ ᠵᠠᠩᠭᠢᠴᠢᠯᠠᠭᠰᠠᠨ ᠬᠢᠷᠢ ᠳᠦᠪᠰᠢᠨ ᠢ ᠠᠬᠢᠭᠤᠯᠪᠠ᠃ ᠱᠠᠰᠢᠨ ᠰᠤᠷᠲᠠᠬᠤᠨ ᠤ ᠠᠵᠢᠯ ᠤᠨ ᠭᠤᠷᠪᠠᠨ ᠱᠠᠳᠤᠨ ᠤ ᠲᠤᠤᠷ ᠰᠦᠯᠵᠢᠶ᠎ᠡ᠂ ᠬᠤᠶᠠᠷ ᠱᠠᠳᠤᠨ ᠤ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠱᠠᠰᠢᠨ ᠰᠤᠷᠲᠠᠬᠤᠨ ᠤ ᠬᠦᠷᠢᠶ᠎ᠡ ᠬᠡᠪᠴᠢᠶᠡᠨ ᠤ ᠡᠶ᠎ᠡ ᠵᠤᠬᠢᠴᠠᠩᠭᠤᠢ ᠳᠤᠭᠳᠠᠭᠤᠨ ᠢ ᠬᠠᠮᠠᠭᠠᠯᠠᠵᠠᠢ᠃     ᠡᠭᠦᠨ ᠤ ᠬᠠᠮᠳᠣ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ ᠬᠤᠯᠪᠤᠭ᠎ᠠ᠂ ᠤᠶᠢᠯᠠᠳᠪᠤᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠤᠯᠠᠨ ᠳᠦᠮᠡᠨᠴᠢ ᠪᠦᠯᠬᠦᠮ ᠤᠨ ᠦᠢᠯᠡᠳᠦᠯ ᠢ ᠢᠳᠡᠪᠬᠢᠳᠡᠢ ᠪᠠᠳᠠᠷᠠᠭᠤᠯᠵᠦ᠂ ᠬᠢᠨᠠᠨ ᠪᠤᠳᠤᠯᠲᠠ᠂ ᠭᠠᠶᠢᠯᠢ ᠶᠢᠨ ᠶᠠᠪᠤᠳᠠᠯ᠂ ᠲᠠᠩᠰᠠ ᠡᠪᠬᠡᠮᠡᠯ᠂ ᠬᠠᠩᠭᠠᠨ ᠪᠤᠷᠤᠯᠠᠭᠤᠯᠭ᠎ᠠ᠂ ᠴᠠᠭ ᠠᠭᠤᠷ᠂ ᠭᠠᠯ ᠤᠨᠳᠠᠷᠠᠭᠠᠬᠤ ᠵᠡᠷᠭᠡ ᠠᠵᠢᠯ ᠴᠦᠮ ᠰᠢᠨ᠎ᠡ ᠠᠬᠢᠯᠲᠠ ᠲᠠᠢ ᠪᠤᠯᠪᠠ᠃     ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠪᠢᠳᠡᠨ ᠤ ᠰᠢᠷᠭᠠᠭᠤ ᠬᠠᠳᠠᠭᠤᠵᠢᠯᠳᠠᠢ ᠲᠡᠮᠡᠴᠡᠵᠦ ᠤᠯᠤᠨᠨᠰᠠᠨ ᠠᠮᠵᠢᠯᠳᠠ ᠪᠦᠳᠦᠮᠵᠢ ᠪᠣᠯ ᠬᠢᠯᠪᠠᠷ ᠪᠤᠰᠤ ᠶᠤᠮ᠃ ᠡᠳᠡᠭᠡᠷ ᠠᠮᠵᠢᠯᠳᠠ ᠪᠦᠳᠦᠮᠵᠢ ᠪᠣᠯ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠳᠡᠭᠡᠳᠤ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠤᠷᠢᠳᠤ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠦᠨ᠂ ᠮᠦᠨᠴᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠶᠢᠨ ᠦᠷ᠎ᠡ ᠳ᠋ᠦᠩ ᠮᠦᠨ᠂ ᠮᠦᠨᠴᠦ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠠᠷᠠᠳ ᠳᠦᠮᠡᠨ ᠤ ᠬᠠᠮᠳᠤ ᠶᠢᠨ ᠴᠢᠷᠮᠠᠶᠢᠯᠭ᠎ᠠ᠂ ᠪᠦᠯᠭᠦᠮᠳᠡᠯ ᠲᠡᠮᠡᠴᠡᠯ ᠤᠨ ᠦᠷ᠎ᠡ ᠳ᠋ᠦᠡᠭ ᠮᠦᠨ᠃ ᠠᠳᠠ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠮᠦᠨ᠎ᠠ ᠠᠴᠠ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠳᠦᠮᠡᠨ᠂ ᠪᠠᠷᠠᠭᠤᠨ ᠦᠵᠦᠮᠦᠴᠢᠨ ᠬᠤᠰᠢᠭᠤᠨ ᠤ ᠭᠦᠭᠵᠢᠯᠳᠠ ᠴᠡᠴᠡᠭᠯᠠᠯᠳᠠ ᠶᠢ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠪᠦᠭᠦ ᠨᠠᠶᠢᠵᠠ ᠨᠦᠬᠦᠳ ᠲᠡᠭᠡᠨ ᠴᠢᠩ ᠰᠡᠳᠬᠢᠯ ᠤᠨ ᠪᠠᠶᠠᠷ ᠲᠠᠯᠠᠷᠬᠠᠯ ᠪᠤᠯᠤᠨ ᠡᠷᠭᠢᠮ ᠲᠡᠭᠡᠳᠦ ᠭᠦᠨᠳᠤᠳᠭᠡᠯ ᠢᠶᠠᠨ ᠲᠡᠪᠰᠢᠭᠦᠯᠵᠤ ᠪᠠᠶᠢᠨ᠎ᠠ︕     ᠪᠢᠳᠠ ᠤᠯᠤᠭᠰᠠᠨ ᠠᠮᠵᠢᠯᠳᠠ ᠪᠦᠳᠦᠮᠵᠢ ᠪᠠᠨ ᠨᠤᠳᠠᠯᠠᠬᠤ ᠶᠢᠨ ᠬᠠᠮᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠠ ᠳᠤ ᠮᠦᠨᠬᠦ ᠨᠡᠯᠢᠶᠠᠳ ᠤᠯᠠᠨ ᠭᠦᠴᠢᠷᠳᠠᠯ ᠪᠠ ᠠᠰᠠᠭᠤᠳᠠᠯ ᠤᠷᠤᠰᠢᠵᠤ ᠪᠠᠶᠢᠬᠤ ᠎ ᠶᠢ ᠰᠡᠷᠭᠡᠭ ᠢᠶᠠᠷ ᠲᠠᠨᠢᠬᠤ ᠭᠡᠷᠡᠭᠲᠠᠢ᠃ ᠭᠤᠤᠯᠳᠠᠭᠤ᠄ ᠠᠵᠤ ᠤᠶᠢᠯᠠᠰ ᠤᠨ ᠪᠦᠳᠦᠴᠠ ᠶᠢᠨ ︽ᠲᠦᠷᠪᠡᠨ ᠠᠷᠪᠢᠨ  ᠲᠦᠷᠪᠡᠨ ᠴᠦᠭᠡᠨ︾ ᠪᠠᠶᠢᠷᠢᠰᠢᠯ ᠢ ᠪᠠᠰᠠ ᠦᠨᠳᠤᠰᠦᠨ ᠠᠴᠠ ᠨᠢ ᠬᠤᠪᠢᠷᠠᠭᠤᠯᠤᠭᠠᠳᠤᠢ ᠪᠠᠶᠢᠭᠰᠠᠭᠠᠷ᠂ ᠠᠵᠤ ᠤᠶᠢᠯᠠᠰ ᠤᠨ ᠭᠡᠯᠪᠡᠷᠢ ᠪᠠᠨ ᠬᠤᠪᠢᠷᠠᠭᠤᠯᠵᠤ ᠲᠡᠰᠵᠢᠭᠦᠯᠭᠦ ᠠᠬᠢᠴᠠ ᠤᠳᠠᠭᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠪᠠᠰᠠᠯᠠ ᠲᠤᠪᠤᠶᠢᠮ᠎ᠠ ᠪᠠᠶᠢᠵᠤ᠂ ᠵᠠᠰᠠᠭ ᠤᠨ ᠤᠷᠳᠤᠨ ᠤ ᠦᠷᠢ ᠦᠭᠴᠡᠭᠡᠨ ᠤ ᠲᠠᠷᠤᠭᠠᠰᠤ ᠨᠠᠯᠢᠶᠠᠳ ᠭᠦᠨᠳᠤ ᠪᠠᠶᠢᠭᠰᠠᠭᠠᠷ᠃ ᠠᠶᠤᠯᠭᠦᠢ ᠤᠶᠢᠯᠠᠳᠪᠤᠷᠢᠯᠡᠯ ᠤᠨ ᠪᠠᠶᠢᠳᠠᠯ ᠭᠦᠨᠳᠤ ᠨᠤᠴᠢᠳᠠᠢ ᠪᠠᠶᠢᠵᠤ᠂ ᠵᠠᠰᠠᠭ ᠎ ᠤᠨ ᠤᠷᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠴᠢᠨᠠᠷ ᠴᠢᠨᠰᠠᠭ᠎ᠠ ᠪᠠ ᠬᠢᠷᠢ ᠳᠦᠪᠰᠢᠨ ᠳᠤᠤᠷ᠎ᠠ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠳᠤ ᠭᠦᠷᠦᠯᠴᠡᠭᠦ ᠦᠭᠡᠢ᠃ ︽ᠲᠠᠯᠪᠢᠬᠤ ᠬᠠᠮᠢᠶᠠᠷᠬᠤ ᠤᠶᠢᠯᠡᠴᠢᠯᠡᠭᠦ︾ ᠦᠭᠡᠷᠡᠴᠢᠯᠠᠯᠳᠠ ᠭᠦᠨᠵᠡᠭᠡᠢ ᠪᠤᠰᠤ ᠪᠠᠶᠢᠵᠤ᠂ ᠵᠠᠰᠠᠭ ᠤᠨ ᠶᠠᠪᠤᠳᠠᠯ ᠤᠨ ᠦᠷ᠎ᠡ ᠪᠦᠳᠦᠮᠵᠢ ᠪᠠᠨ ᠲᠡᠭᠡᠭᠰᠢᠯᠡᠭᠦᠯᠭᠦ ᠴᠢᠬᠤᠯᠠᠳᠠᠢ᠂ ᠠᠷᠠᠯᠵᠢᠶ᠎ᠠ ᠡᠷᠬᠢᠯᠡᠭᠦ ᠤᠷᠴᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠳᠡᠢ ᠪᠠᠶᠢᠨ᠎ᠠ᠃ ᠦᠨᠳᠤᠰᠦᠨ ᠤᠯᠠᠨ ᠨᠠᠶᠢᠳᠠ ᠶᠢᠨ ᠤᠶᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠳᠤᠤᠷ᠎ᠠ ᠪᠠᠶᠢᠵᠤ᠂ ᠰᠤᠷᠭᠠᠨ ᠭᠦᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠭᠦᠷᠢᠶ᠎ᠠ ᠭᠡᠪᠴᠢᠶᠠᠨ ᠳᠤ ᠪᠠᠰᠠ ᠬᠦᠷᠦᠯᠴᠡᠬᠦ ᠦᠭᠡᠢ ᠲᠠᠯ᠎ᠠ ᠤᠷᠤᠰᠢᠵᠤ ᠪᠠᠶᠢᠭᠰᠠᠭᠠᠷ᠃ ᠮᠠᠯᠵᠢᠬᠤ ᠤᠷᠤᠨ ᠤ ᠬᠦᠭᠵᠢᠯᠳᠡ ᠶᠢᠨ ᠰᠠᠭᠤᠷᠢ ᠮᠦᠨᠴᠦ ᠨᠡᠯᠢᠶᠡᠳ ᠪᠠᠭᠤᠷᠠᠢ ᠪᠠᠶᠢᠵᠦ᠂ ᠭᠡᠰᠡᠭ ᠮᠠᠯᠴᠢᠳ ᠤᠨ ᠲᠠᠩᠰᠠ ᠪᠤᠳᠤᠵᠦ ᠠᠮᠢᠳᠤᠷᠠᠬᠤ ᠦᠵᠡᠯᠲᠡ ᠠᠨᠠᠢ ᠵᠡᠷᠭᠡ ᠠᠰᠠᠭᠤᠳᠠᠯ ᠤᠷᠤᠰᠢᠵᠦ ᠪᠠᠶᠢᠭᠰᠠᠭᠠᠷ᠃ ᠪᠢᠳᠡ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠬᠦᠴᠦᠳᠡᠢ ᠠᠷᠭ᠎ᠠ ᠠᠪᠴᠠᠯ ᠠᠪᠴᠦ᠂ ᠤᠷᠤᠰᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃     ᠬᠤᠶᠠᠷ᠂ 2019 ᠤᠨ ᠤ ᠭᠤᠤᠯ ᠠᠵᠢᠯ     ᠦᠨᠦ ᠵᠢᠯ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠮᠦᠨᠴᠦ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠵᠠᠩᠬᠢᠯᠠᠭ᠎ᠠ ᠶᠢᠨ ᠵᠢᠯ ᠪᠤᠯᠤᠨ᠎ᠠ᠃ ᠦᠨᠦ ᠵᠢᠯ ᠤᠨ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠭᠦ ᠳᠤ᠂  ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠎ ᠤᠨ ᠬᠢᠨᠠᠨ ᠵᠦᠪᠯᠡᠭᠦ ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠦᠪ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2019 ᠤᠨ ᠤ ᠠᠩᠬᠠᠳᠤᠭᠠᠷ ᠤᠳᠠᠭᠠᠨ ᠤ ︵ᠦᠷᠭᠡᠳᠭᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠳᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ ︽ᠳᠦᠷᠪᠡᠨ ᠪᠦᠬᠦ ᠳᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠵᠤᠬᠢᠴᠠᠭᠤᠯᠤᠨ ᠠᠬᠢᠭᠤᠯᠵᠦ᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠡ ᠭᠦᠭᠵᠢᠯᠳᠠ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠴᠢᠨᠠᠷᠯᠢᠭ ᠭᠦᠭᠵᠢᠯᠳᠠ ᠶᠢ ᠠᠬᠢᠭᠤᠯᠬᠤ ᠶᠢ ᠪᠠᠷᠢᠮᠳᠠᠯᠠᠨ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠠᠯᠳᠠ ᠶᠢ ᠭᠦᠨᠵᠡᠭᠡᠶᠢᠷᠡᠭᠦᠯᠭᠦ ᠪᠠ ᠦᠨᠳᠤᠷ ᠬᠢᠷᠢ ᠲᠦᠪᠰᠢᠨ ᠪᠦᠭᠦᠢ ᠨᠡᠭᠡᠭᠡᠯᠳᠠ ᠶᠢ ᠦᠷᠭᠡᠳᠭᠡᠭᠦ ᠶᠢ ᠪᠠᠷᠢᠮᠳᠠᠯᠠᠨ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠪᠢᠴᠢᠯ ᠭᠤᠤᠯ ᠴᠤᠭᠴᠠ ᠶᠢᠨ ᠠᠮᠢᠵᠢᠷᠠᠯ ᠤᠨ ᠭᠦᠴᠦᠨ ᠢ ᠭᠦᠴᠦᠯᠠᠨ ᠭᠦᠭᠵᠢᠭᠡᠵᠤ᠂ ᠳᠤᠬᠳᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠲᠤ ᠠᠰᠢᠬ ᠬᠦᠷᠳᠡᠭᠡᠬᠦ᠂ ᠳᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠠᠵᠢᠯ ᠤᠯᠭᠤᠯᠳᠠ᠂ ᠮᠦᠩᠭᠦᠨ ᠭᠦᠢᠯᠭᠡᠭᠡ᠂ ᠪᠡᠯᠡ ᠤᠷᠤᠭᠤᠯᠤᠯᠳᠠ ᠂ ᠵᠢᠱᠢᠭᠰᠡᠨ ᠬᠠᠷᠠᠯᠲᠠ ᠶᠢ ᠤᠯᠠᠮ ᠨᠢᠭᠡ ᠠᠯᠬᠤᠮ ᠲᠤᠭᠳᠠᠪᠤᠷᠢᠵᠢᠭᠤᠯᠤᠨ᠂ ᠠᠷᠠᠳ ᠲᠦᠮᠡᠨ ᠤ ᠭᠦᠷᠳᠡᠭᠡᠮᠵᠢ ᠶᠢᠨ ᠰᠡᠳᠬᠢᠯᠭᠡ᠂ ᠵᠤᠯ ᠵᠢᠷᠭᠠᠯᠳᠤ ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠶᠢ ᠨᠡᠮᠡᠭᠳᠡᠭᠦᠯᠦᠨ᠂ ᠠᠵᠤ ᠠᠬᠤᠢ ᠎ ᠶᠢᠨ ᠦᠷᠭᠦᠯᠵᠢᠯᠡᠭᠰᠡᠨ ᠡᠷᠡᠭᠦᠯ ᠭᠦᠭᠵᠢᠯᠳᠠ ᠪᠠ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠤᠭᠳᠠᠭᠤᠨ ᠢ ᠪᠠᠳᠤᠯᠠᠵᠤ᠂ ︽ᠪᠤᠳᠠᠳᠤ ᠭᠦᠴᠦᠨ ᠲᠠᠢ ᠪᠠᠷᠠᠭᠤᠨ ᠦᠵᠦᠮᠦᠴᠢᠨ᠂ ᠪᠤᠬᠢᠷᠳᠤᠯ ᠦᠭᠡᠢ ᠪᠠᠷᠠᠭᠤᠨ ᠦᠵᠦᠮᠦᠴᠢᠨ᠂ ᠰᠡᠳᠬᠢᠯ ᠲᠠᠲᠠᠮ᠎ᠠ ᠪᠠᠷᠠᠭᠤᠨ ᠦᠵᠦᠮᠦᠴᠢᠨ᠂ ᠵᠤᠯ ᠵᠢᠷᠭᠠᠯᠳᠤ ᠪᠠᠷᠠᠭᠤᠨ ᠦᠵᠦᠮᠦᠴᠢᠨ︾᠎ ᠤ ᠪᠠᠶᠢᠭᠤᠯᠤᠯᠳᠠ ᠶᠢ ᠠᠬᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠳᠤ ᠪᠠᠳᠦ ᠰᠠᠭᠤᠷᠢ ᠳᠠᠯᠪᠢᠵᠦ᠂ ᠰᠢᠯᠢᠳᠡᠭ ᠬᠢᠷᠢ ᠪᠦᠳᠦᠮᠵᠢ ᠎ ᠪᠠᠷ ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠭᠡᠷᠡᠭᠳᠠᠢ᠃     ᠦᠨᠦ ᠵᠢᠯ ᠤᠨ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠠᠳᠪᠤᠷᠢᠯᠠᠯ ᠤᠨ ᠶᠡᠷᠦᠩᠭᠡᠢ ᠦᠷᠳᠡᠭ ᠢ 6.5% ᠤᠷᠴᠢᠮ ᠨᠡᠮᠡᠭᠳᠡᠭᠦᠯᠦᠨ᠎ᠠ᠃ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 1.4% ᠤᠷᠴᠢᠮ ᠨᠡᠮᠡᠭᠳᠡᠭᠦᠯᠦᠨ᠎ᠠ᠃ ᠨᠡᠶᠢᠭᠡᠮ ᠎ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ ᠢ 8% ᠤᠷᠴᠢᠮ ᠨᠡᠮᠡᠭᠳᠡᠭᠦᠯᠦᠨ᠎ᠠ᠃ ᠬᠤᠳᠠ ᠪᠠᠯᠭᠠᠰᠤ ᠪᠠ ᠮᠠᠯᠵᠢᠬᠤ ᠤᠷᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 8% ᠪᠠ 8.2% ᠤᠷᠴᠢᠮ ᠨᠡᠮᠡᠭᠳᠡᠭᠦᠯᠦᠨ᠎ᠠ᠃     ᠳᠡᠭᠡᠷ᠎ᠡ ᠳᠤᠷᠠᠳᠤᠭᠰᠠᠨ ᠬᠠᠷᠠᠯᠳᠠ ᠶᠢ ᠪᠡᠶᠡᠯᠡᠭᠦᠯᠭᠦ ᠳᠤ ᠲᠤᠤᠷᠠᠬᠢ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠭᠦ ᠭᠡᠷᠡᠭᠲᠡᠢ᠄     ︵ᠨᠢᠭᠡ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠨ᠎ᠡ᠃     ᠭᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠭᠦ ᠲᠠᠶᠢᠯᠠᠯᠳᠤᠭᠠᠨ ᠢ ᠰᠠᠶᠢᠳᠤᠷ ᠬᠢᠨ᠎ᠠ᠃ ᠵᠠᠰᠠᠭ ᠤᠨ ᠤᠷᠳᠤᠨ ᠤ ᠦᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠭᠦ ᠶᠢ ᠬᠠᠮᠤᠭ ᠶᠡᠭᠡ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠤ᠂ ︽ᠪᠠᠳᠤ ᠪᠠᠬᠢ᠂ ᠬᠤᠷᠢᠭᠯᠠᠵᠤ ᠪᠤᠯᠬᠤᠶᠢᠴᠠ᠂ ᠡᠮᠬᠢ ᠴᠡᠭᠴᠡ ᠲᠠᠢ᠂ ᠲᠤᠬᠢᠷᠠᠮᠵᠢᠳᠠᠢ ᠪᠠᠶᠢᠬᠤ︾ ᠶᠡᠷᠦᠩᠭᠡᠢ ᠱᠠᠭᠠᠷᠳᠠᠯᠭ᠎ᠠ ᠶᠤᠰᠤᠭᠠᠷ᠂ 5.7 ᠳ᠋ᠦᠩᠰᠢᠭᠤᠷ ᠲᠦᠭᠦᠷᠢᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ ᠡᠭᠡ ᠮᠦᠩᠭᠦ ᠪᠠ ᠭᠦᠦ ᠮᠦᠩᠭᠦ ᠶᠢ ᠲᠦᠯᠦᠪᠯᠡᠭᠡ ᠶᠤᠰᠤᠭᠠᠷ ᠳᠦᠯᠦᠨ᠎ᠡ᠃ ᠵᠠᠰᠠᠭ ᠤᠨ ᠤᠷᠳᠤᠨ ᠤ ᠦᠷᠢ ᠲᠠᠯᠪᠢᠬᠤ ᠠᠵᠢᠯᠯᠠᠭ᠎ᠠ ᠶᠢ ᠲᠦᠷᠢᠮᠵᠢᠭᠦᠯᠦᠨ᠂ ᠰᠢᠨ᠎ᠠ ᠲᠦᠷᠦᠯ ᠵᠤᠶᠢᠯ ᠳᠤ ᠦᠷᠢ ᠦᠭᠴᠡᠭᠡᠨ ᠤ ᠲᠦᠭᠰᠢᠭᠦᠷᠢ ᠶᠢᠨ ᠦᠨᠡᠯᠡᠯᠳᠠ ᠬᠢᠭᠦ ᠶᠢ ᠴᠢᠩᠭᠠᠳᠬᠠᠵᠤ᠂ ᠬᠢᠨᠠᠨ ᠵᠦᠪᠰᠢᠶᠡᠷᠡᠭᠦ ᠶᠠᠪᠤᠴᠠ ᠶᠢ ᠴᠢᠩᠭᠠᠳᠬᠠᠨ᠂ ᠴᠢᠳᠠᠯ ᠤᠨ ᠬᠢ ᠪᠠᠨ ᠬᠢᠷᠢ ᠪᠠᠷ ᠠᠵᠢᠯ ᠬᠢᠭᠦ ᠶᠢ ᠪᠠᠷᠢᠮᠳᠠᠯᠠᠨ᠎ᠠ᠃ ᠢᠨᠲ᠋ᠧᠷ ᠰᠦᠯᠵᠢᠶᠠᠨ ᠤ ᠮᠦᠩᠭᠦᠨ ᠭᠦᠢᠯᠭᠡᠭᠡ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠠᠯᠵᠢᠬᠤ ᠤᠷᠤᠨ ᠤ ᠦᠨᠳᠤᠷ ᠭᠦᠦ ᠲᠠᠢ ᠵᠢᠭᠡᠯᠡᠯᠭᠡ ᠵᠡᠷᠭᠡ ᠳᠤ ᠦᠷᠭᠦᠯᠵᠢᠯᠡᠨ ᠲᠤᠰᠬᠠᠢ ᠲᠦᠷᠦᠯ ᠤᠨ ᠴᠡᠭᠴᠡᠯᠡᠯᠳᠠ ᠬᠢᠵᠤ᠂ ᠬᠠᠤᠯᠢ ᠲᠦᠷᠢᠮ ᠢ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠰᠢᠰᠲ᠋ᠧᠮ ᠤᠨ ᠴᠢᠨᠠᠷᠳᠠᠢ ᠲᠦᠭᠰᠢᠭᠦᠷᠢ ᠡᠭᠦᠰᠭᠦ ᠦᠭᠡᠢ ᠪᠠᠶᠢᠬᠤ ᠶᠢ ᠪᠠᠳᠤᠯᠠᠨ᠎ᠠ᠃     ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ︽ᠪᠠᠷᠠᠭᠤᠨ ᠦᠵᠦᠮᠦᠴᠢᠨ ᠬᠤᠰᠢᠭᠤᠨ ᠤ 2018 — 2020 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ ᠭᠤᠷᠪᠠᠨ ᠵᠢᠯ ᠤᠨ ᠠᠵᠢᠯᠯᠠᠭᠠᠨ ᠤ ᠲᠦᠰᠦᠪ︾᠎ ᠤᠨ ᠱᠠᠭᠠᠷᠳᠠᠯᠭ᠎ᠠ ᠶᠤᠰᠤᠭᠠᠷ᠂ ᠶᠠᠳᠠᠭᠤ ᠎ ᠠᠴᠠ ᠠᠩᠬᠢᠵᠢᠷᠠᠭᠤᠯᠬᠤ ᠶᠠᠰᠤ ᠴᠢᠨᠠᠷ ᠢ ᠪᠠᠭᠢᠵᠢᠭᠦᠯᠦᠨ ᠲᠡᠭᠡᠭᠰᠢᠯᠡᠭᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠭᠡᠯ ᠨᠢ ᠲᠡᠤᠭᠡ ᠪᠠ ᠤᠶᠢᠯᠠᠳᠤᠯᠭᠡ ᠶᠢᠨ ᠰᠢᠯᠭᠠᠯᠳᠠ ᠶᠢ ᠲᠠᠭᠠᠭᠠᠬᠤ ᠶᠢ ᠪᠠᠳᠤᠯᠠᠨ᠎ᠠ᠃ 320 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠤᠨ᠂ ᠠᠵᠤ ᠤᠶᠢᠯᠠᠰ᠂ ᠠᠵᠢᠯ ᠤᠯᠭᠤᠯᠳᠠ᠂ ᠡᠷᠡᠭᠦᠯ ᠮᠡᠨᠳᠤ᠂ ᠰᠤᠷᠭᠠᠨ ᠭᠦᠮᠦᠵᠢᠯ᠂ ᠨᠡᠶᠢᠭᠡᠮ ᠤᠨ ᠪᠠᠳᠤᠯᠠᠭ᠎ᠠ ᠵᠡᠷᠭᠡ ᠶᠠᠳᠠᠭᠤ ᠶᠢ ᠲᠡᠳᠭᠦᠭᠦ ᠠᠷᠭ᠎ᠠ ᠠᠪᠴᠠᠯ ᠢ ᠦᠷᠭᠦᠯᠵᠢᠯᠡᠨ ᠭᠡᠷᠡᠭᠵᠢᠭᠦᠯᠭᠦ ᠪᠠᠷ ᠲᠦᠯᠦᠪᠯᠡᠵᠤ ᠪᠤᠢ᠃ ᠠᠵᠤ ᠤᠶᠢᠯᠠᠰ ᠢᠶᠠᠷ ᠶᠠᠳᠠᠭᠤ ᠎ ᠶᠢ ᠲᠡᠳᠭᠦᠭᠦ ᠶᠢ ᠲᠣᠪᠤᠶᠢᠯᠭᠠᠨ ᠠᠳᠬᠤᠵᠤ᠂ ᠶᠠᠳᠠᠭᠤ ᠠᠴᠠ ᠠᠩᠬᠢᠵᠢᠷᠠᠭᠰᠠᠨ ᠡᠷᠦᠭᠡ ᠶᠢᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠭᠦ ᠪᠠᠳᠤᠯᠠᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ ᠪᠤᠯᠤᠨ ᠭᠦᠳᠡᠭᠡ ᠲᠤᠰᠬᠤᠨ ᠮᠠᠯᠵᠢᠬᠤ ᠤᠷᠤᠨ ᠢ ᠭᠦᠭᠵᠢᠭᠦᠯᠦᠨ ᠮᠠᠨᠳᠤᠭᠤᠯᠬᠤ ᠶᠢ ᠨᠢᠭᠡᠳᠦᠯᠳᠠᠢ ᠲᠦᠯᠦᠪᠵᠢᠭᠦᠯᠦᠨ ᠨᠢᠭᠡᠳᠦᠭᠦᠯᠵᠤ᠂ ᠶᠠᠳᠠᠭᠤ ᠠᠴᠠ ᠠᠩᠬᠢᠵᠢᠷᠠᠭᠰᠠᠨ ᠭᠦᠮᠦᠨ ᠠᠮᠠ ᠶᠢᠨ ᠲᠠᠬᠢᠨ ᠶᠠᠳᠠᠭᠤᠷᠠᠬᠤ ᠪᠠ ᠰᠢᠨ᠎ᠠ ᠶᠠᠳᠠᠭᠤᠷᠠᠯ ᠡᠭᠦᠰᠭᠦ ᠶᠢ ᠰᠡᠷᠭᠡᠶᠢᠯᠡᠨ᠎ᠠ᠃ ᠲᠦᠪ ᠤᠨ ᠶᠠᠳᠠᠭᠤ ᠶᠢ ᠲᠡᠳᠭᠦᠭᠦ ᠠᠵᠢᠯ ᠤᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾᠎ ᠳᠤ ᠲᠤᠯᠭᠠᠷᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠴᠦᠯᠠᠨ ᠰᠢᠢᠳᠪᠤᠷᠢᠯᠡᠨ᠎ᠠ᠃ ᠤᠶᠤᠨ ᠤᠬᠠᠭᠠᠨ ᠡᠷᠴᠢ ᠵᠤᠷᠢᠭ ᠢᠶᠠᠷ ᠲᠡᠳᠭᠦᠭᠦ ᠠᠷᠭ᠎ᠠ ᠠᠪᠴᠠᠯ ᠢ ᠴᠢᠩᠭᠠᠳᠬᠠᠵᠤ᠂ ᠭᠦᠴᠢᠷᠳᠠᠯᠳᠠᠢ ᠤᠯᠠᠨ ᠲᠦᠮᠡᠨ ᠤ ᠲᠤᠳᠤᠭᠠᠳᠤ ᠭᠦᠳᠡᠯᠭᠡᠭᠦ ᠭᠦᠴᠦᠨ ᠪᠠ ᠦᠪᠡᠷ ᠢ ᠪᠠᠨ ᠭᠦᠭᠵᠢᠭᠦᠯᠭᠦ ᠴᠢᠳᠠᠪᠤᠷᠢ ᠶᠢ ᠨᠡᠮᠡᠭᠳᠡᠭᠦᠯᠦᠨ᠎ᠠ᠃     ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ  ︽ᠡᠷᠬᠢᠨ ᠬᠠᠷᠠᠬᠤ︾ ᠲᠤᠮᠳᠠ ᠬᠠᠷᠢᠭᠤ ᠲᠤᠰᠬᠠᠬᠰᠠᠨ ᠰᠠᠨᠠᠯ ᠤᠨ ᠵᠠᠰᠠᠨ ᠴᠡᠭᠴᠡᠯᠡᠭᠦ ᠲᠦᠰᠦᠪ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠵᠢᠯ ᠤᠨ ᠠᠷᠭ᠎ᠠ ᠠᠪᠴᠠᠯ ᠢᠶᠠᠨ ᠴᠢᠩᠭᠠᠳᠬᠠᠨ᠂ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠤ᠂ ᠵᠠᠰᠠᠨ ᠴᠡᠭᠴᠡᠯᠡᠭᠦ ᠦᠷ᠎ᠡ ᠪᠦᠳᠦᠭᠡᠯ ᠢᠶᠠᠨ ᠪᠠᠬᠢᠵᠢᠭᠦᠯᠦᠨ ᠦᠷᠭᠡᠳᠭᠡᠨ᠎ᠠ᠃ ᠠᠭᠠᠷ ᠮᠠᠨᠳᠠᠯ᠂ ᠤᠰᠤ᠂ ᠭᠦᠷᠤᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠭᠡᠷᠡᠭᠲᠡᠢ᠃ ᠴᠡᠯᠮᠡᠭ ᠤᠭᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠤᠯᠤᠨ᠎ᠠ᠃ ᠠᠭᠤᠷᠰᠢᠬᠤ ᠴᠢᠨᠠᠷᠳᠠᠢ ᠤᠷᠭᠠᠨᠢᠭ ᠪᠣᠳᠠᠰ ᠤᠨ ᠰᠠᠭᠤᠷᠢ ᠲᠤᠭ᠎ᠠ ᠪᠠᠷᠢᠮᠳᠠ ᠶᠢᠨ ᠪᠠᠶᠢᠴᠠᠭᠠᠯᠳᠠ ᠶᠢ ᠦᠷᠨᠢᠭᠦᠯᠵᠤ᠂ ᠤᠷᠭᠠᠨᠢᠭ ᠬᠠᠶᠠᠭᠳᠠᠮᠠᠯ ᠭᠡᠢ ᠶᠢ ᠵᠠᠰᠠᠬᠤ ᠲᠤᠬᠠᠢ ᠭᠡᠷᠡᠭᠵᠢᠭᠦᠯᠭᠦ ᠲᠦᠰᠦᠪ ᠢ ᠲᠤᠭᠳᠠᠭᠠᠨ᠂ ᠵᠠᠰᠠᠬᠤ ᠡᠭᠦᠷᠭᠡ ᠶᠢ ᠲᠤᠭᠳᠠᠭᠰᠠᠨ ᠬᠤᠭᠤᠴᠠᠭ᠎ᠠ ᠶᠤᠰᠤᠭᠠᠷ ᠪᠡᠶᠡᠯᠡᠭᠦᠯᠦᠨ᠎ᠠ᠃ ︽ᠳᠠᠷᠠᠬᠠᠢ ᠪᠤᠳᠠᠷᠬᠠᠢ᠂ ᠡᠮᠬᠢ ᠵᠠᠮᠪᠠᠷᠠᠭ᠎ᠠ ᠦᠭᠡᠢ᠂ ᠪᠤᠬᠢᠷᠳᠤᠯ ᠶᠡᠭᠡᠳᠠᠢ︾ ᠠᠵᠤ ᠠᠬᠤᠶᠢᠯᠠᠯ ᠢ ᠲᠤᠰᠬᠠᠢ ᠵᠠᠰᠠᠨ ᠴᠡᠭᠴᠡᠯᠡᠭᠦ ᠠᠵᠢᠯᠯᠠᠭ᠎ᠠ ᠦᠷᠨᠢᠭᠦᠯᠦᠨ᠂ ᠰᠤᠯᠠ ᠮᠠᠲ᠋ᠧᠷᠢᠶᠠᠯ ᠢ ᠲᠡᠭᠡᠭᠡᠭᠦ᠂ ᠪᠠᠭᠤᠯᠭᠠᠬᠤ᠂ ᠬᠠᠳᠠᠭᠠᠯᠠᠬᠤ᠂ ᠰᠢᠯᠵᠢᠭᠦᠯᠭᠦ ᠵᠡᠷᠭᠡ ᠶᠠᠪᠤᠴᠠ ᠳᠤ ᠲᠤᠷ᠎ᠠ ᠪᠠᠷ ᠢᠶᠠᠨ ᠭᠠᠳᠠᠭᠰᠢᠯᠠᠭᠤᠯᠬᠤ ᠠᠰᠠᠭᠤᠳᠠᠯ ᠢ ᠭᠦᠨᠵᠡᠭᠡᠢ ᠵᠠᠰᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠤᠨᠳᠠᠭ ᠮᠠᠲ᠋ᠧᠷᠢᠶᠠᠯ ᠢ ᠪᠦᠭᠦᠨ ᠢ ᠪᠢᠳᠡᠭᠦᠮᠵᠢᠯᠡᠨ ᠬᠠᠳᠠᠭᠠᠯᠠᠬᠤ ᠪᠠ ᠭᠡᠰᠡᠭᠯᠡᠭᠰᠡᠨ ᠮᠠᠲ᠋ᠧᠷᠢᠶᠠᠯ ᠢ ᠬᠠᠳᠠᠭᠠᠯᠠᠬᠤ ᠳᠤ ᠴᠦᠮ ᠲᠤᠭᠤᠰᠤ ᠲᠠᠷᠤᠬᠤ ᠲᠦᠭᠦᠭᠡᠷᠦᠮᠵᠢ ᠤᠬᠰᠠᠷᠠᠬᠤ ᠶᠢ ᠪᠡᠶᠡᠯᠡᠭᠦᠯᠦᠨ᠎ᠠ᠃ ᠴᠡᠩᠭᠡᠭ ᠤᠰᠤ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠭᠤᠤᠯ ᠮᠦᠷᠡᠨ ᠤ ᠪᠤᠬᠢᠷᠳᠤᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠶᠡᠷᠤᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠤᠮᠤ ᠪᠠᠯᠭᠠᠰᠤᠨ ᠤ ᠤᠰᠤ ᠤᠮᠳᠠ ᠶᠢᠨ ᠡᠬᠢ ᠭᠠᠵᠠᠷ ᠢ ᠬᠠᠮᠠᠭᠠᠯᠠᠬᠤ ᠤᠷᠤᠨ ᠤ ᠬᠤᠪᠢᠶᠠᠷᠢᠯᠠᠯᠳᠠ ᠵᠢᠴᠢ ᠲᠦᠷᠢᠮᠵᠢᠭᠰᠡᠨ ᠪᠠᠶᠢᠭᠤᠯᠤᠯᠳᠠ ᠶᠢ ᠪᠡᠶᠡᠯᠡᠭᠦᠯᠵᠤ᠂ ᠤᠯᠠᠨ ᠲᠦᠮᠡᠨ ᠤ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠨ᠎ᠠ᠃ ᠪᠠᠯᠭᠠᠷᠭᠤᠤᠯ ᠪᠠᠯᠭᠠᠰᠤᠨ ᠎ ᠤ ᠪᠤᠬᠢᠷ ᠤᠰᠤ ᠶᠢ ᠰᠢᠢᠳᠪᠤᠷᠢᠯᠡᠭᠦ ᠤᠶᠢᠯᠠᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠨ ᠦᠷᠭᠡᠳᠬᠡᠨ ᠪᠠᠶᠢᠭᠤᠯᠬᠤ ᠲᠦᠷᠦᠯ ᠵᠤᠶᠢᠯ ᠪᠤᠯᠤᠨ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠪᠤᠬᠢᠷ ᠤᠰᠤ ᠶᠢ ᠰᠢᠢᠳᠪᠤᠷᠢᠯᠡᠭᠦ ᠤᠶᠢᠯᠠᠳᠪᠤᠷᠢ ᠶᠢᠨ ᠮᠡᠷᠭᠡᠵᠢᠯ ᠢ ᠦᠭᠡᠷᠡᠴᠢᠯᠠᠨ ᠵᠠᠰᠠᠬᠤ ᠲᠦᠷᠦᠯ ᠵᠤᠶᠢᠯ ᠤᠨ ᠪᠠᠶᠢᠭᠤᠯᠤᠯᠳᠠ ᠶᠢ ᠳᠦᠷᠭᠡᠳᠬᠡᠵᠦ᠂ ᠪᠤᠬᠢᠷ ᠤᠰᠤ ᠶᠢ ᠬᠤᠷᠢᠶᠠᠨ ᠰᠢᠢᠳᠪᠤᠷᠢᠯᠡᠬᠦ ᠴᠢᠳᠠᠪᠤᠷᠢ ᠪᠤᠯᠤᠨ ᠪᠤᠬᠢᠷ ᠤᠰᠤ ᠶᠢ ᠴᠡᠪᠡᠷᠰᠢᠬᠦᠯᠦᠨ ᠲᠠᠬᠢᠨ ᠠᠰᠢᠭᠯᠠᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠲᠤᠰᠤ ᠨᠡᠮᠡᠭᠦ ᠦᠷᠳᠡᠭᠡ ᠶᠢᠨ ᠭᠠᠵᠠᠷ ᠲᠤᠤᠷᠠᠬᠢ ᠲᠤᠰᠤᠨ ᠰᠠᠪᠠ ᠎ ᠶᠢᠨ ᠨᠡᠪᠴᠢᠭᠦ ᠶᠢ ᠰᠡᠷᠭᠡᠶᠢᠯᠡᠭᠦ ᠦᠭᠡᠷᠡᠴᠢᠯᠠᠯᠳᠠ ᠶᠢᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠦᠨ᠎ᠠ᠃ ᠭᠦᠷᠦᠰᠦ ᠰᠢᠷᠤᠢ ᠶᠢ ᠬᠠᠮᠠᠭᠠᠯᠠᠬᠤ ᠲᠠᠶᠢᠯᠠᠯᠳᠤᠭᠠᠨ ᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠦᠷᠦᠯ ᠪᠠ ᠠᠵᠤ ᠠᠬᠤᠶᠢᠯᠠᠯ ᠤᠨ ᠭᠡᠷᠡᠭᠯᠡᠵᠤ ᠪᠠᠶᠢᠭ᠎ᠠ ᠭᠠᠵᠠᠷ ᠲᠤ ᠭᠦᠷᠦᠰᠦ ᠰᠢᠷᠤᠢ ᠶᠢᠨ ᠪᠤᠬᠢᠷᠳᠤᠯ ᠤᠨ ᠪᠠᠶᠢᠴᠠᠭᠠᠯᠳᠠ ᠶᠢ ᠦᠷᠨᠢᠭᠦᠯᠵᠤ᠂ ᠪᠤᠬᠢᠷᠳᠤᠭᠰᠠᠨ ᠭᠠᠵᠠᠷ ᠤᠨ ᠲᠠᠷᠬᠠᠯᠳᠠ ᠵᠢᠴᠢ ᠤᠷᠴᠢᠨ ᠲᠤᠭᠤᠷᠢᠨ ᠤ ᠲᠦᠭᠰᠢᠭᠦᠷᠢ ᠵᠡᠷᠭᠡ ᠪᠠᠶᠢᠳᠠᠯ ᠎ ᠢ ᠡᠵᠡᠮᠰᠢᠨ᠎ᠠ᠃ ᠠᠭᠤᠷᠬᠠᠢ ᠶᠢᠨ ᠤᠷᠤᠨ ᠤ ᠪᠤᠬᠢᠷᠳᠤᠯ ᠢ ᠵᠠᠰᠠᠬᠤ ᠠᠵᠢᠯ ᠢ ᠠᠬᠢᠭᠤᠯᠵᠤ᠂ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠭᠡᠷᠡᠭᠵᠢᠭᠦᠯᠦᠨ᠎ᠠ᠃ ᠤᠯᠤᠰ ᠤᠨ ᠠᠮᠢ ᠠᠬᠤᠢ ᠶᠢᠨ ᠴᠢᠳᠠᠪᠬᠢ ᠶᠢᠨ ᠤᠷᠤᠨ ᠤ ᠰᠢᠶᠠᠨ ᠤ ᠤᠷᠤᠨ ᠪᠦᠰᠠ ᠶᠢᠨ ᠶᠠᠰᠤ ᠴᠢᠨᠠᠷ ᠢ ᠬᠢᠨᠠᠨ ᠭᠡᠮᠵᠢᠭᠦ ᠪᠠ ᠤᠷᠴᠢᠨ ᠲᠤᠭᠤᠷᠢᠨ ᠤ ᠴᠢᠳᠠᠪᠬᠢ ᠶᠢᠨ ᠤᠷᠤᠨ ᠎ ᠤ ᠬᠤᠪᠢᠶᠠᠷᠢᠯᠠᠯᠳᠠ ᠶᠢᠨ ᠳᠦᠰᠦᠪ ᠢ ᠨᠠᠶᠢᠷᠠᠭᠤᠯᠬᠤ ᠠᠵᠢᠯ ᠢ ᠦᠷᠨᠢᠬᠦᠯᠦᠨ᠎ᠡ᠃     ︵ᠬᠤᠶᠠᠷ︶ ᠠᠶᠤᠯᠬᠦᠢ ᠦᠢᠯᠡᠳᠪᠦᠷᠢᠯᠡᠯ ᠤᠨ ᠰᠡᠷᠡᠮᠵᠢ ᠶᠢᠨ ᠱᠤᠭᠤᠮ ᠢ ᠡᠷᠡᠰ ᠰᠠᠬᠢᠨ᠎ᠠ᠃     ᠰᠢ ᠶᠢᠨ ᠫᠢᠩ ᠶᠡᠷᠤᠩᠬᠡᠢ ᠱᠦᠵᠢ ᠶᠢᠨ ᠲᠤᠷᠠᠳᠤᠭᠰᠠᠨ ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯᠭᠦᠢ ᠬᠦᠭᠵᠢᠯᠳᠡ ᠶᠢᠨ ᠤᠶᠢᠯᠠᠭᠠᠭᠳᠠᠬᠤᠨ ᠢᠶᠠᠨ ᠴᠢᠩᠭᠠᠳᠬᠠᠨ᠂ ︽ᠬᠦᠭᠵᠢᠯᠳᠡ ᠨᠢ ᠠᠮᠦᠷ ᠳᠦᠪᠰᠢᠨ ᠢᠶᠠᠷ ᠦᠷᠡᠭᠳᠡᠯ ᠪᠤᠯᠭᠠᠵᠦ ᠪᠣᠯᠬᠤ ᠦᠭᠡᠢ︾ ᠭᠡᠭᠦ ᠰᠡᠷᠡᠮᠵᠢ ᠶᠢᠨ ᠱᠤᠭᠤᠮ ᠤᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠦᠵᠡᠯ ᠰᠠᠨᠠᠭᠠᠨ ᠤ ᠤᠬᠠᠮᠰᠠᠷ ᠪᠠ ᠤᠶᠢᠯᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠳᠦᠭᠰᠢᠬᠦᠷᠢ ᠶᠢ ᠪᠦᠳᠦᠮᠵᠢᠳᠡᠢ ᠰᠠᠷᠭᠡᠶᠢᠯᠡᠨ᠂ ᠦᠢᠯᠡᠳᠪᠦᠷᠢᠯᠡᠯ ᠤᠨ ᠠᠮᠦᠷ ᠳᠦᠪᠰᠢᠨ ᠤ ᠣᠨᠴᠠ ᠶᠡᠭᠡ ᠠᠳᠡᠯ ᠬᠡᠷᠡᠭ ᠡᠭᠦᠰᠬᠦ ᠶᠢ ᠡᠷᠡᠰ ᠬᠤᠷᠢᠭᠯᠠᠵᠤ᠂ ︽ᠭᠦᠭᠵᠢᠯᠳᠠ ᠶᠢ ᠠᠬᠢᠭᠤᠯᠬᠤ ᠶᠢᠨ ᠵᠡᠷᠭᠡᠪᠡᠷ ᠠᠮᠦᠷ ᠳᠦᠪᠰᠢᠨ ᠢ ᠪᠠᠳᠤᠯᠠᠬᠤ︾ ᠤᠯᠤᠰ ᠳᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠎ᠡ᠃ ᠶᠢᠨ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠶᠢᠨ ︽2.23︾ ᠬᠦᠨᠳᠤ ᠶᠡᠭᠡ ᠦᠢᠯᠡᠳᠪᠦᠷᠢᠯᠡᠯ ᠤᠨ ᠠᠳᠡᠯ ᠬᠡᠷᠡᠭ ᠠᠴᠠ ᠭᠦᠨᠵᠡᠭᠡᠢ ᠰᠤᠷᠭᠠᠮᠵᠢ ᠠᠪᠴᠦ᠂ ᠯᠢ ᠺᠧ ᠴᠢᠶᠠᠩ ᠶᠡᠷᠤᠩᠬᠡᠢ ᠰᠠᠶᠢᠳ ᠵᠡᠷᠭᠡ ᠲᠥᠪ ᠤᠨ ᠤᠳᠤᠷᠢᠳᠬᠤ ᠨᠦᠬᠦᠳ ᠪᠠ ᠦᠪᠡᠷᠳᠡᠭᠡᠨ ᠵᠠᠰᠠᠬᠤ ᠤᠷᠣᠨ ᠤ ᠯᠢ ᠵᠢᠢ ᠾᠧᠩ ᠱᠦᠵᠢ᠂ ᠪᠦ᠋ ᠰᠢᠶᠤᠤ ᠯᠢᠨ ᠳᠡᠷᠢᠬᠦᠯᠡᠭᠴᠢ ᠵᠡᠷᠭᠡ ᠤᠳᠤᠷᠢᠳᠤᠯᠭ᠎ᠠ ᠶᠢᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂  ᠰᠢᠷᠬᠠᠳᠤᠭᠰᠠᠳ ᠢ ᠠᠪᠤᠷᠠᠬᠤ᠂ ᠠᠳᠡᠯ ᠬᠡᠷᠡᠭ ᠢ ᠪᠠᠶᠢᠴᠠᠭᠠᠨ ᠰᠢᠢᠳᠪᠤᠷᠢᠯᠡᠬᠦ ᠵᠡᠷᠭᠡ ᠠᠵᠢᠯ ᠢ ᠨᠢᠭᠲᠠ ᠬᠠᠮᠵᠢᠯᠴᠠᠨ ᠰᠠᠶᠢᠳᠤᠷ ᠬᠢᠨ᠎ᠡ᠃ ᠨᠠᠮ ᠵᠠᠰᠠᠭ ᠵᠡᠷᠭᠡᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ ᠶᠢᠨ ᠳᠦᠷᠢᠮ᠂ ᠵᠡᠷᠭᠡᠪᠡᠷ ᠠᠳᠬᠤᠵᠦ ᠬᠠᠮᠳᠤᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠦ᠂ ᠠᠵᠢᠯ ᠳᠦᠷᠦᠯ ᠢ ᠬᠠᠮᠢᠶᠠᠷᠬᠤ ᠳᠤ ᠡᠷᠬᠡᠪᠰᠢ ᠠᠮᠦᠷ ᠳᠦᠪᠰᠢᠨ ᠢ ᠬᠠᠮᠢᠶᠠᠷᠬᠤ᠂ ᠳᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠦᠷ ᠳᠦᠪᠰᠢᠨ ᠢ ᠬᠠᠮᠢᠶᠠᠷᠬᠤ᠂ ᠦᠢᠯᠡᠳᠪᠤᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠦᠷ ᠳᠦᠪᠰᠢᠨ ᠢ ᠬᠠᠮᠢᠶᠠᠷᠬᠤ ᠶᠢ ᠪᠠᠷᠢᠮᠳᠠᠯᠠᠵᠦ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠭᠡᠰᠢᠭᠦᠳ ᠨᠢ ᠠᠶᠤᠯᠬᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠎ᠠ᠃ ᠦᠨᠳᠦᠷ ᠬᠡᠪ ᠰᠤᠷᠳᠠᠯ ᠲᠠᠢ ᠳᠤᠰᠠᠬᠠᠶᠢᠵᠢᠭᠰᠠᠨ ᠠᠮᠤᠷ ᠲᠦᠪᠰᠢᠨ ᠢ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠵᠦ᠂ ᠵᠠᠰᠠᠭ ᠤᠨ ᠤᠷᠳᠤᠨ ᠠᠶᠤᠯᠬᠦᠢ ᠦᠢᠯᠡᠳᠪᠦᠷᠢᠯᠡᠯ ᠤᠨ ᠤᠶᠢᠯᠡᠴᠢᠯᠡᠭᠡ ᠶᠢ ᠬᠤᠳᠠᠯᠳᠤᠨ ᠠᠪᠬᠤ ᠳᠦᠷᠢᠮ ᠢ ᠬᠡᠷᠡᠭᠵᠢᠬᠦᠯᠵᠦ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠨᠡᠭᠦᠷᠡᠰᠦᠨ ᠠᠭᠤᠷᠬᠠᠢ᠂ ᠲᠡᠮᠦᠷᠯᠢᠭ ᠂ ᠲᠡᠮᠦᠷᠯᠢᠭ ᠪᠤᠰᠤ ᠠᠭᠤᠷᠬᠠᠢ᠂ ᠪᠠᠷᠢᠯᠭ᠎ᠠ ᠵᠡᠷᠭᠡ ᠠᠵᠢᠯ ᠳᠦᠷᠦᠯ ᠤᠨ ᠦᠢᠯᠡᠳᠪᠦᠷᠢᠯᠡᠯ ᠢᠶᠠᠨ ᠰᠡᠷᠭᠦᠭᠡᠨ ᠠᠵᠢᠯᠯᠠᠭᠤᠯᠬᠤ ᠦᠶᠡᠰ ᠤᠨ ᠬᠠᠮᠢᠶ᠎ᠠ ᠪᠦᠬᠦᠢ ᠬᠠᠮᠢᠶᠠᠷᠤᠯᠳᠠ ᠶᠢᠨ ᠪᠤᠭᠤᠮᠳᠠ ᠶᠢ ᠴᠢᠩᠭ᠎ᠠ ᠠᠳᠬᠤᠵᠤ᠂ ᠠᠶᠤᠯᠬᠦᠢ ᠶᠢᠨ ᠳᠠᠯᠳᠠ ᠭᠡᠮ ᠢ ᠪᠦᠳᠦᠮᠵᠢᠳᠠᠢ ᠰᠡᠷᠭᠡᠶᠢᠯᠡᠨ ᠰᠢᠢᠳᠪᠦᠷᠢᠯᠡᠨ᠎ᠡ᠃ ᠭᠠᠵᠠᠷ ᠳᠤᠤᠷᠠᠬᠢ ᠳᠡᠮᠦᠷᠯᠢᠭ᠂ ᠲᠡᠮᠦᠷᠯᠢᠭ ᠪᠤᠰᠤ ᠠᠭᠤᠷᠬᠠᠢ ᠶᠢᠨ ᠨᠠᠯᠠᠤ ᠵᠠᠮ ᠤᠨ ᠵᠦᠭᠡᠭᠡᠪᠦᠷᠢ ᠳᠤ ᠳᠤᠰᠬᠠᠢ ᠬᠠᠤᠯᠢ ᠬᠡᠷᠡᠭᠵᠢᠬᠦᠯᠬᠦ ᠪᠠᠶᠢᠴᠠᠭᠠᠯᠳᠠ ᠦᠷᠨᠢᠬᠦᠯᠵᠦ᠂ ᠳᠦᠷᠢᠮ ᠵᠦᠷᠢᠴᠡᠭᠰᠡᠨ ᠠᠵᠢᠯᠯᠠᠭ᠎ᠠ᠂ ᠪᠤᠰᠤᠳ ᠲᠤ ᠳᠠᠭᠠᠭᠠᠴᠢᠯᠠᠭᠤᠯᠤᠨ ᠤᠷᠤᠯᠠᠭᠤᠯᠵᠦ ᠬᠠᠮᠢᠶᠠᠷᠠᠭᠤᠯᠬᠤ ᠵᠡᠷᠭᠡ ᠬᠠᠤᠯᠢ ᠳᠦᠷᠢᠮ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠠᠶᠤᠯᠭᠦᠢ ᠶᠢᠨ ᠪᠠᠶᠢᠴᠠᠭᠠᠯᠳᠠ᠂ ᠳᠠᠯᠳᠠ ᠭᠡᠮ ᠰᠤᠭᠤᠭ ᠤᠨ ᠪᠠᠶᠢᠴᠠᠭᠠᠯᠳᠠ ᠪᠠ ᠳᠦᠭᠰᠢᠬᠦᠷᠢ ᠶᠢ ᠰᠡᠷᠭᠡᠶᠢᠯᠡᠨ ᠬᠤᠷᠢᠭᠯᠠᠬᠤ ᠪᠠᠶᠢᠩᠭᠤ ᠶᠢᠨ ᠲᠤᠭᠲᠠᠴᠠ ᠶᠢ ᠪᠠᠶᠢᠭᠤᠯᠵᠦ᠂ ᠠᠳᠡᠯ ᠬᠡᠷᠡᠭ ᠤᠨ ᠳᠠᠯᠳᠠ ᠭᠡᠮ ᠰᠤᠭᠤᠭ ᠢ ᠦᠨᠳᠦᠰᠦᠨ ᠠᠴᠠ ᠨᠢ ᠠᠷᠢᠯᠭᠠᠨ᠎ᠠ᠃ ᠠᠵᠤ ᠠᠬᠤᠶᠢᠯᠠᠯ ᠢ ᠠᠶᠤᠯᠬᠦᠢ ᠦᠢᠯᠡᠳᠪᠦᠷᠢᠯᠡᠯ ᠳᠤ ᠪᠡᠯᠡ ᠤᠷᠤᠭᠤᠯᠤᠯᠳᠠ ᠪᠠᠨ ᠴᠢᠩᠭᠠᠳᠬᠠᠬᠤ ᠶᠢ ᠱᠠᠭᠠᠷᠳᠠᠵᠦ᠂ ᠤᠳᠤᠬᠢᠴᠢᠯᠠᠭᠰᠠᠨ ᠠᠶᠤᠯᠬᠦᠢ ᠦᠢᠯᠡᠳᠪᠦᠷᠢᠯᠡᠯ ᠤᠨ ᠶᠡᠷᠤᠩᠬᠡᠶᠢᠯᠡᠭᠰᠡᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠦ᠂ ᠠᠶᠤᠯᠭᠦᠢ ᠦᠢᠯᠡᠳᠪᠦᠷᠢᠯᠡᠯ ᠤᠨ ᠪᠠᠳᠤᠯᠠᠭ᠎ᠠ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃     ︵ᠭᠤᠷᠪᠠ︶ ᠪᠡᠯᠡ ᠤᠷᠤᠭᠤᠯᠤᠯᠳᠠ ᠶᠢ ᠪᠦᠳᠦᠮᠵᠢᠳᠠᠢ ᠦᠷᠭᠡᠳᠭᠡᠨ᠎ᠡ᠃     ᠦᠨᠦ ᠵᠢᠯ ᠠᠩᠬ᠎ᠠ ᠠᠯᠬᠤᠮ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢᠨ ᠲᠦᠷᠦᠯ ᠵᠤᠶᠢᠯ 37 ᠎ ᠶᠢ ᠲᠤᠬᠢᠷᠠᠭᠤᠯᠵᠤ᠂ 32.29 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠳᠦᠯᠦᠪᠯᠡᠵᠦ ᠪᠤᠢ᠃ ᠡᠭᠦᠨ ᠳᠤ᠂ ᠠᠶᠢᠮᠠᠭ ᠤᠨ ᠭᠤᠤᠯᠳᠠᠯᠭ᠎ᠠ ᠲᠠᠢ ᠲᠦᠷᠦᠯ ᠵᠤᠶᠢᠯ 11 ᠪᠠᠶᠢᠵᠤ᠂ ᠲᠤᠰ ᠵᠢᠯ ᠎ ᠳᠤ 25.68 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠎ᠠ᠃  ᠭᠤᠤᠯᠳᠠᠯᠭ᠎ᠠ ᠲᠠᠢ ᠲᠦᠷᠦᠯ ᠵᠤᠶᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠥᠨᠥ ᠵᠢᠯ ᠠᠵᠢᠯ ᠡᠬᠢᠯᠡᠬᠦᠯᠬᠦ ᠪᠠᠷ ᠳᠦᠯᠦᠪᠯᠡᠵᠦ ᠪᠠᠶᠢᠭ᠎ᠠ ᠭᠤᠤᠯᠳᠠᠯᠭ᠎ᠠ ᠲᠠᠢ ᠳᠦᠷᠦᠯ ᠵᠦᠢᠯ ᠨᠢ ᠪᠡᠯᠡᠳᠬᠡᠯ ᠬᠤᠭᠤᠴᠠᠭᠠᠨ ᠤ ᠭᠠᠷ ᠭᠦᠢᠴᠡᠳᠭᠡᠯ ᠢᠶᠠᠨ ᠲᠦᠷᠭᠡᠨ ᠪᠦᠷᠢᠨᠰᠢᠭᠦᠯᠵᠤ᠂ ᠪᠦᠳᠦᠭᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ᠂ ᠤᠷᠴᠢᠨ ᠲᠤᠭᠤᠷᠢᠨ ᠤ ᠬᠢᠨᠠᠨ ᠵᠦᠪᠰᠢᠶᠡᠷᠡᠯ᠂ ᠡᠬᠢ ᠪᠠᠶᠠᠯᠢᠭ ᠤᠨ ᠭᠦᠴᠦᠨ ᠵᠤᠶᠢᠯ ᠢ ᠲᠤᠬᠢᠷᠠᠭᠤᠯᠬᠤ ᠶᠢ ᠡᠩ ᠲᠡᠷᠢᠭᠦᠨ ᠳᠤ ᠪᠠᠳᠤᠯᠠᠨ᠂ ᠵᠢᠱᠢᠭᠰᠡᠨ ᠬᠤᠭᠤᠴᠠᠭᠠᠨ ᠳᠠᠭᠠᠨ ᠪᠦᠳᠦᠭᠡᠨ ᠪᠠᠶᠢᠭᠤᠯᠤᠯᠳᠠ ᠪᠠᠨ ᠡᠬᠢᠯᠡᠭᠦᠯᠭᠦ ᠪᠠ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ︽ᠠᠷᠪᠠᠨ ᠲᠦᠷᠪᠡᠳᠦᠭᠡᠷ ᠲᠠᠪᠤᠨ ᠵᠢᠯ ᠎ ᠤᠨ ᠲᠦᠯᠦᠪᠵᠢᠭᠦᠯᠭᠡ︾᠎ ᠶᠢ ᠡᠬᠢᠯᠡᠨ ᠰᠤᠳᠤᠯᠬᠤ ᠲᠤᠬᠢᠶᠠᠯ ᠢ ᠠᠳᠬᠤᠵᠤ᠂ ᠨᠡᠩ ᠤᠯᠠᠨ ᠲᠦᠷᠦᠯ ᠵᠤᠶᠢᠯ ᠢ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠲᠦᠷᠦᠯ ᠵᠤᠶᠢᠯ ᠤᠨ ᠭᠡᠪᠴᠢᠶᠠᠨ ᠳᠤ ᠤᠷᠤᠭᠤᠯᠬᠤ ᠎ ᠪᠠᠷ ᠴᠢᠷᠮᠠᠶᠢᠨ᠎ᠠ᠃ ᠪᠠᠶᠠᠨᠬᠤᠸᠠ ᠠᠵᠤ ᠤᠶᠢᠯᠡᠳᠪᠤᠷᠢ ᠶᠢᠨ ᠲᠤᠭᠤᠷᠢᠭ ᠢ ᠨᠢᠭᠡᠳᠦᠯᠳᠠᠢ ᠲᠦᠯᠦᠪᠵᠢᠭᠦᠯᠦᠨ ᠨᠢᠭᠡᠳᠭᠡᠵᠤ᠂ ︽ᠨᠢᠭᠡ ᠤᠷᠤᠨ ᠭᠤᠷᠪᠠᠨ ᠲᠤᠭᠤᠷᠢᠭ︾᠎ ᠤᠨ ᠠᠵᠤ ᠤᠶᠢᠯᠠᠰ ᠤᠨ ᠪᠠᠶᠢᠷᠢᠰᠢᠯ ᠶᠤᠰᠤᠭᠠᠷ᠂ 4 ᠳᠦᠷᠦᠯ ᠤᠨ ᠨᠠᠶᠢᠳᠠ 9 ᠵᠦᠢᠯ ᠤᠨ ᠲᠤᠰᠬᠠᠢ ᠲᠦᠯᠦᠪᠵᠢᠭᠦᠯᠭᠡ ᠶᠢ ᠲᠦᠰᠦᠪᠯᠡᠭᠦ ᠠᠵᠢᠯ ᠢ ᠡᠬᠢᠯᠡᠭᠦᠯᠦᠨ᠎ᠠ᠃ PPP ᠲᠦᠷᠦᠯ ᠵᠤᠶᠢᠯ ᠢ ᠳᠦᠷᠭᠡᠳᠬᠡᠨ ᠠᠬᠢᠭᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠬᠤᠳᠠ ᠪᠠᠯᠭᠠᠰᠤᠨ ᠤ ᠤᠶᠢᠵᠢᠭᠤᠯᠤᠯᠳᠠ ᠵᠢᠴᠢ ᠶᠡᠷᠦᠩᠭᠡᠶᠢᠯᠡᠨ ᠵᠠᠰᠠᠬᠤ ᠲᠦᠷᠦᠯ ᠵᠤᠶᠢᠯ᠂ ᠪᠠᠯᠭᠠᠷᠭᠤᠤᠯ ᠪᠠᠯᠭᠠᠰᠤᠨ ᠤ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠠᠵᠤ ᠤᠶᠢᠯᠠᠰ ᠤᠨ ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠵᠡᠷᠭᠡ 2 ᠲᠦᠷᠦᠯ ᠵᠤᠶᠢᠯ ᠢ ᠠᠵᠢᠯ ᠡᠬᠢᠯᠡᠭᠦᠯᠦᠨ᠂ ︽99 ᠺᠢᠯᠤᠮᠧᠲᠷ︾᠎ ᠤᠨ ᠲᠠᠯ᠎ᠠ ᠨᠤᠳᠤᠭ ᠤᠨ ᠨᠡᠭᠦᠳᠡᠯ ᠰᠤᠶᠤᠯ ᠤᠨ ᠦᠵᠡᠮᠵᠢ ᠶᠢᠨ ᠪᠦᠰᠠ ᠶᠢᠨ ᠪᠠᠶᠢᠭᠤᠯᠤᠯᠳᠠ᠂ ᠭᠤᠤᠯᠳᠠᠯᠭ᠎ᠠ ᠲᠠᠢ ᠵᠢᠭᠤᠯᠴᠢᠯᠠᠯ ᠤᠨ ᠱᠤᠭᠤᠮ ᠢ ᠦᠭᠡᠷᠡᠴᠢᠯᠠᠨ ᠵᠠᠰᠠᠬᠤ᠂ ᠪᠠᠯᠭᠠᠷᠭᠤᠤᠯ ᠪᠠᠯᠭᠠᠰᠤᠨ ᠤ ᠠᠮᠢ ᠠᠬᠤᠢ ᠶᠢᠨ ᠤᠷᠤᠰᠢᠨ ᠰᠠᠭᠤᠬᠤ ᠨᠦᠭᠦᠴᠡᠯ ᠎ ᠢ ᠰᠠᠶᠢᠵᠢᠷᠠᠭᠤᠯᠬᠤ᠂ ᠪᠠᠶ᠋ᠬᠠᠭᠤᠯᠠ ᠨᠢᠰᠭᠡᠯ ᠤᠨ ᠪᠠᠭᠤᠳᠠᠯ ᠤᠨ ᠪᠠᠶᠢᠭᠤᠯᠤᠯᠳᠠ᠂ ᠪᠠᠶᠠᠨᠬᠤᠸᠠ ᠠᠵᠤ ᠤᠶᠢᠯᠠᠳᠪᠤᠷᠢ ᠎ ᠶᠢᠨ ᠲᠤᠭᠤᠷᠢᠭ ᠤᠨ ᠰᠠᠭᠤᠷᠢ ᠲᠦᠭᠦᠭᠡᠷᠦᠮᠵᠢ ᠶᠢ ᠦᠭᠡᠷᠡᠴᠢᠯᠠᠨ ᠵᠠᠰᠠᠬᠤ ᠵᠡᠷᠭᠡ 5 ᠲᠦᠷᠦᠯ ᠵᠤᠶᠢᠯ ᠢ ᠤᠯᠤᠰ ᠤᠨ PPP ᠲᠦᠷᠦᠯ ᠵᠤᠶᠢᠯ ᠤᠨ ᠭᠦᠮᠦᠷᠭᠡ ᠳᠤ ᠤᠷᠤᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠠᠬᠢᠭᠤᠯᠤᠨ᠎ᠠ᠃ ᠤᠯᠤᠰ ᠤᠨ ᠠᠵᠤ ᠤᠶᠢᠯᠠᠰ ᠤᠨ ᠲᠦᠷᠦ ᠶᠢᠨ ᠪᠤᠳᠤᠯᠭ᠎ᠠ ᠪᠠ ᠪᠡᠯᠡ ᠤᠷᠤᠭᠤᠯᠤᠯᠳᠠ ᠶᠢᠨ ᠴᠢᠭᠯᠡᠯ ᠎ ᠢ ᠨᠠᠷᠢᠨ ᠬᠢᠨᠠᠮᠠᠭᠠᠢ ᠰᠤᠳᠤᠯᠵᠤ᠂ ᠮᠠᠨ ᠤ ᠬᠤᠰᠢᠭᠤᠨ ᠤ ᠪᠠᠨ ᠠᠵᠤ ᠤᠶᠢᠯᠠᠰ ᠤᠨ ᠰᠠᠭᠤᠷᠢ ᠪᠠ ᠬᠠᠷᠢᠴᠠᠩᠭᠤᠢ ᠲᠠᠪᠠᠭᠤᠯᠢᠭ ᠲᠠᠭᠠᠨ ᠰᠠᠭᠤᠷᠢᠯᠠᠨ᠂ ᠪᠠᠶᠢᠭᠠᠯᠢᠯᠢᠭ ᠮᠠᠯ ᠤᠨ ᠠᠰᠢᠭ ᠰᠢᠮ᠎ᠠ ᠶᠢ ᠡᠳ᠋ᠰᠢᠭᠦᠯᠭᠦ᠂ ᠡᠨᠧᠷᠭᠢ ᠪᠠᠷ ᠴᠠᠬᠢᠯᠭᠠᠨ ᠭᠠᠷᠭᠠᠬᠤ᠂ ᠰᠤᠶᠤᠯ ᠵᠢᠭᠤᠯᠴᠢᠯᠠᠯ᠂ ᠡᠨᠧᠷᠭᠢ ᠶᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠮᠤᠩᠭᠤᠯ ᠡᠮ ᠡᠮᠨᠡᠯᠭᠡ᠂ ᠠᠳᠤᠭᠤᠨ ᠤ ᠠᠵᠤ ᠤᠶᠢᠯᠠᠰ᠂ ᠤᠳᠤᠬᠢᠴᠢᠯᠠᠭᠰᠠᠨ ᠪᠤᠳᠠᠰ ᠤᠨ ᠭᠦᠢᠯᠭᠡᠭᠡ ᠵᠡᠷᠭᠡ ᠲᠠᠪᠠᠭᠤᠯᠢᠭ ᠠᠵᠤ ᠤᠶᠢᠯᠠᠰ ᠢ ᠭᠤᠤᠯᠳᠠᠯᠭ᠎ᠠ ᠲᠠᠢ ᠠᠳᠬᠤᠵᠤ᠂ ᠠᠵᠤ ᠤᠶᠢᠯᠡᠰ ᠢ ᠲᠦᠪᠯᠡᠷᠡᠭᠦᠯᠭᠦ ᠪᠠ ᠠᠵᠤ ᠤᠶᠢᠯᠠᠰ ᠤᠨ ᠭᠡᠯᠬᠢᠶ᠎ᠠ ᠶᠢ ᠤᠷᠳᠤᠳᠬᠠᠬᠤ᠂ ᠨᠦᠭᠦᠪᠤᠷᠢᠯᠡᠭᠦ᠂ ᠭᠦᠴᠦᠷᠭᠡᠭᠵᠢᠭᠦᠯᠭᠦ ᠲᠦᠷᠦᠯ ᠵᠤᠶᠢᠯ ᠢ ᠢᠳᠡᠪᠬᠢᠳᠠᠢ ᠤᠷᠢᠨ ᠤᠷᠤᠭᠤᠯᠤᠨ᠎ᠠ᠃ ᠠᠷᠠᠯᠵᠢᠶᠠᠴᠢᠨ ᠤᠷᠢᠬᠤ ᠪᠠᠷ ᠲᠠᠮᠵᠢᠨ᠂ ᠢᠯᠠᠩᠭᠤᠶ᠎ᠠ ᠭᠡᠷ᠎ᠡ ᠲᠤᠭᠳᠠᠵᠤ ᠠᠷᠠᠯᠵᠢᠶᠠᠴᠢᠨ ᠤᠷᠢᠬᠤ ᠺᠤᠮᠫᠠᠨᠢ ᠶᠢᠨ ᠤᠶᠢᠯᠠᠳᠤᠯ ᠢ ᠭᠦᠢᠴᠡᠳ ᠪᠠᠳᠠᠷᠠᠭᠤᠯᠵᠤ᠂ ᠠᠷᠠᠯᠵᠢᠶᠠᠴᠢᠨ ᠤᠷᠢᠬᠤ ᠤᠨᠤᠪᠴᠢ ᠶᠢᠨ ᠭᠡᠮᠵᠢᠶ᠎ᠠ ᠂ ᠪᠤᠳᠠᠳᠤ ᠦᠷ᠎ᠠ ᠠᠰᠢᠭ ᠪᠤᠯᠤᠨ ᠦᠷ᠎ᠡ ᠪᠦᠳᠦᠮᠵᠢ ᠶᠢᠨ ᠨᠤᠷᠮ᠎ᠠ ᠶᠢ ᠦᠨᠡᠨᠬᠦ ᠲᠡᠭᠡᠭᠰᠢᠯᠡᠭᠦᠯᠦᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠭᠦᠭᠵᠢᠯᠳᠠ ᠶᠢ ᠠᠬᠢᠭᠤᠯᠤᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠎ ᠶᠢ ᠭᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠭᠦᠭᠵᠢᠯᠳᠠ ᠶᠢ ᠠᠬᠢᠭᠤᠯᠬᠤ 26 ᠵᠤᠷᠪᠤᠰ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ᠂ ᠳᠠᠭᠠᠭᠠᠴᠢᠯᠠᠯᠳᠠ ᠵᠠᠷᠯᠠᠬᠤ ᠵᠡᠷᠭᠡ ᠲᠠᠯ᠎ᠠ ᠳᠤ ᠠᠳᠠᠯᠢ ᠳᠡᠭᠰᠢ ᠤᠯᠭᠤᠮᠵᠢ ᠭᠦᠷᠳᠡᠭᠡᠨ᠂ ᠡᠷᠬᠡ ᠲᠡᠭᠰᠢ ᠦᠷᠢᠰᠦᠯᠳᠦᠭᠡᠨ ᠤ ᠤᠷᠴᠢᠨ ᠨᠦᠬᠦᠴᠡᠯ ᠢ ᠡᠭᠦᠳᠦᠨ᠎ᠡ᠃ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠬᠦᠭᠵᠢᠯᠳᠡ ᠶᠢᠨ ᠰᠠᠭᠤᠷᠢ ᠮᠦᠩᠭᠦᠨ ᠤ ᠳᠡᠮᠵᠢᠯᠭᠡ ᠶᠢ ᠢᠳᠡᠪᠬᠢᠳᠡᠢ ᠡᠷᠡᠮᠡᠯᠵᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠠᠰᠠᠭᠤᠳᠠᠯ ᠢ ᠵᠤᠬᠢᠰᠳᠠᠢ ᠰᠢᠢᠳᠪᠤᠷᠢᠯᠡᠨ᠎ᠠ᠃ ᠵᠠᠰᠠᠭ ᠤᠨ ᠤᠷᠳᠤᠨ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠡᠯᠡ ᠮᠦᠩᠭᠦ ᠦᠷᠢᠳᠦᠵᠦ ᠪᠠᠶᠢᠭ᠎ᠠ ᠠᠰᠠᠭᠤᠳᠠᠯ ᠢ ᠳᠤᠰᠬᠠᠢ ᠵᠠᠰᠠᠨ ᠴᠡᠭᠴᠡᠯᠡᠨ᠎ᠠ᠃     ︵ᠲᠦᠷᠪᠡ︶ ᠤᠳᠤᠬᠢᠴᠢᠯᠠᠭᠰᠠᠨ ᠠᠵᠤ ᠤᠶᠢᠯᠠᠰ ᠤᠨ ᠲᠤᠭᠳᠠᠴᠠ ᠶᠢ ᠲᠦᠷᠭᠡᠳᠭᠡᠨ ᠪᠠᠶᠢᠭᠤᠯᠤᠨ᠎ᠠ᠃     ᠤᠳᠤᠬᠢᠴᠢᠯᠠᠭᠰᠠᠨ ᠮᠠᠯ ᠠᠵᠤ ᠠᠬᠤᠢ ᠶᠢ ᠲᠦᠷᠭᠡᠳᠭᠡᠨ ᠭᠦᠭᠵᠢᠭᠦᠯᠦᠨ᠎ᠠ᠃  ᠴᠢᠨᠠᠷ ᠴᠢᠨᠰᠠᠭ᠎ᠠ ᠪᠠ ᠦᠷ᠎ᠡ ᠠᠰᠢᠭ ᠢ ᠡᠩ ᠳᠡᠷᠢᠬᠦᠨ ᠳᠤ ᠲᠠᠯᠪᠢᠬᠤ ᠶᠢ ᠪᠠᠷᠢᠮᠳᠠᠯᠠᠨ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠦ ᠦᠢᠯᠡᠰ᠂ ᠦᠢᠯᠡᠳᠪᠦᠷᠢᠯᠡᠯ ᠪᠠ ᠡᠵᠡᠩᠨᠡᠯᠳᠡ ᠶᠢᠨ ᠭᠤᠷᠪᠠᠨ ᠰᠢᠰᠲ᠋ᠧᠮ ᠢ ᠳᠦᠷᠭᠡᠨ ᠪᠠᠶᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢ ᠳᠠᠰᠤᠷᠠᠯᠳᠠ ᠦᠭᠡᠢ ᠠᠬᠢᠭᠤᠯᠤᠨ᠎ᠠ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠢ ᠦᠷᠭᠡᠳᠭᠡᠨ᠎ᠠ᠃ ᠦᠷᠡᠵᠢᠯ ᠴᠠᠭᠠᠨ ᠦᠭᠡᠷ ᠤᠨ ᠤᠤᠯ ᠡᠭᠦᠯᠳᠡᠷ ᠢ ᠬᠠᠮᠠᠭᠠᠯᠠᠬᠤ ᠲᠠᠯᠠᠪᠠᠢ ᠪᠤᠯᠤᠨ ᠠᠶᠢᠮᠠᠭ ᠤᠨ ᠲᠡᠰ ᠤᠨ ᠮᠢᠬᠠᠨ ᠤ ᠦᠭᠡᠷ ᠤᠨ ᠭᠤᠤᠯᠳᠠᠯᠭᠠᠳᠤ ᠰᠦᠷᠦᠭ ᠎ ᠤᠨ ᠤᠶᠢᠯᠠᠳᠤᠯ ᠢ ᠭᠦᠢᠴᠡᠳ ᠪᠠᠳᠠᠷᠠᠭᠤᠯᠵᠤ᠂ ᠮᠠᠯᠵᠢᠬᠤ ᠡᠷᠦᠭᠡ ᠳᠤ ᠰᠢᠯᠢᠳᠡᠭ ᠡᠭᠦᠯᠳᠡᠷ ᠤᠨ ᠦᠭᠡᠷ ᠬᠠᠩᠭᠠᠨ᠎ᠠ᠃ ︽ᠪᠠᠷᠠᠭᠤᠨ ᠦᠵᠦᠮᠦᠴᠢᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠤᠨ ᠭᠦᠭᠵᠢᠯᠳᠠ ᠶᠢ ᠲᠡᠮᠵᠢᠭᠦ ᠠᠷᠭ᠎ᠠ︾᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠎ ᠤ ᠦᠭᠡᠷ 8000 ᠲᠤᠯᠤᠭᠠᠢ ᠤᠷᠤᠭᠤᠯᠬᠤ ᠪᠠᠷ ᠲᠦᠯᠦᠪᠯᠡᠨ᠂ ᠵᠢᠯ ᠤᠨ ᠡᠭᠦᠯᠳᠡᠷ ᠰᠠᠶᠢᠵᠢᠷᠠᠭᠤᠯᠬᠤ ᠡᠭᠦᠷᠬᠡ ᠪᠠᠨ ᠪᠡᠶᠡᠯᠡᠭᠦᠯᠦᠨ᠎ᠠ᠃ ᠤᠳᠤᠬᠢᠴᠢᠯᠠᠭᠰᠠᠨ ᠮᠢᠬᠠᠨ ᠤ ᠬᠤᠨᠢᠨ ᠤ ᠠᠵᠤ ᠤᠶᠢᠯᠠᠰ ᠢ ᠭᠦᠴᠦᠷᠭᠡᠭᠵᠢᠭᠦᠯᠦᠨ᠎ᠠ᠃ 17 ᠬᠤᠴᠠ ᠪᠤᠶᠢᠵᠢᠭᠤᠯᠬᠤ ᠴᠡᠭ ᠪᠠ 200 ᠬᠤᠴᠠᠨ ᠤ ᠲᠤᠰᠬᠠᠢ ᠡᠷᠦᠭᠡ ᠶᠢᠨ ᠤᠶᠢᠯᠠᠳᠤᠯ ᠢ ᠪᠠᠳᠠᠷᠠᠭᠤᠯᠵᠤ᠂ ᠤᠯᠤᠰ᠂ ᠦᠪᠡᠷᠳᠡᠭᠡᠨ ᠵᠠᠰᠠᠬᠤ ᠤᠷᠤᠨ ᠤ ᠦᠷ᠎ᠡ ᠶᠢᠨ ᠮᠠᠯ ᠤᠨ ᠨᠦᠭᠦᠪᠤᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ ᠡᠷᠦᠭᠡ ᠳᠤ ᠰᠢᠯᠢᠳᠡᠭ ᠡᠭᠦᠯᠳᠡᠷ ᠤᠨ ᠬᠤᠴᠠ ᠬᠠᠩᠭᠠᠨ᠎ᠠ᠃ ᠬᠢᠨᠠᠨ ᠲᠤᠭᠳᠠᠭᠠᠯᠳᠠ ᠪᠠᠷ ᠲᠠᠮᠵᠢᠨ᠂ 5000 ᠲᠤᠯᠤᠭᠠᠢ ᠬᠤᠷᠠᠭᠠᠨ ᠬᠤᠴᠠ᠂ 5 ᠲᠦᠮᠡᠨ ᠲᠤᠯᠤᠭᠠᠢ ᠦᠬᠢᠨ ᠬᠤᠷᠠᠭ᠎ᠠ ᠎ ᠶᠢ ᠰᠤᠩᠭᠤᠨ ᠦᠯᠡᠳᠡᠭᠡᠨ᠎ᠠ᠃ ᠮᠢᠬᠠᠨ ᠤ ᠬᠤᠨᠢᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠠᠭᠠᠳᠬᠠᠯ ᠤᠨ ᠰᠤᠶᠢᠳᠭᠡᠯ ᠢ ᠨᠦᠭᠦᠪᠤᠷᠢᠯᠡᠭᠦ ᠲᠤᠷᠰᠢᠯᠳᠠ ᠶᠢᠨ ᠴᠡᠭ ᠤᠨ ᠠᠵᠢᠯ ᠢ ᠨᠠᠷᠢᠨ ᠬᠢᠨᠠᠮᠠᠭᠠᠢ ᠦᠷᠨᠢᠭᠦᠯᠦᠨ᠎ᠠ᠃ ᠠᠵᠤ ᠠᠬᠤᠶᠢᠯᠠᠯ ᠵᠢᠴᠢ ᠨᠡᠶᠢᠭᠡᠮᠯᠢᠭ ︵ᠬᠤᠷᠰᠢᠶᠠᠵᠢᠯ︶᠎ ᠢᠶᠠᠷ ᠭᠦᠳᠦᠯᠦᠨ ᠲᠠᠭᠠᠭᠤᠯᠬᠤ ᠠᠷᠭ᠎ᠠ ᠠᠪᠴᠠᠯ ᠢ ᠲᠤᠭᠳᠠᠭᠠᠬᠤ ᠎ ᠪᠠᠷ ᠲᠠᠮᠵᠢᠨ᠂ ᠮᠦᠷᠳᠡᠨ ᠬᠠᠶᠢᠬᠤ ᠡᠭᠡᠮᠦᠭ ᠵᠡᠭᠦᠯᠭᠡᠭᠰᠡᠨ ᠬᠤᠷᠠᠭ᠎ᠠ ᠶᠢ ᠡᠳ᠋ᠰᠢᠭᠦᠯᠭᠦ ᠠᠵᠢᠯ ᠢ ᠦᠷᠭᠦᠯᠵᠢᠯᠡᠨ ᠴᠢᠩᠭ᠎ᠠ ᠠᠳᠬᠤᠨ᠎ᠠ᠃ ᠦᠵᠦᠮᠦᠴᠢᠨ ᠴᠠᠭᠠᠨ ᠠᠳᠤᠭᠤᠨ ᠤ ᠠᠵᠤ ᠤᠶᠢᠯᠠᠰ ᠢ ᠠᠬᠢᠭᠤᠯᠤᠨ᠎ᠠ᠃ ᠦᠵᠦᠮᠦᠴᠢᠨ ᠴᠠᠭᠠᠨ ᠠᠳᠤᠭᠤᠨ ᠤ ᠰᠤᠶᠤᠯ ᠤᠨ ᠠᠵᠤ ᠤᠶᠢᠯᠠᠰ ᠤᠨ ᠲᠤᠭᠤᠷᠢᠭ ᠪᠤᠯᠤᠨ ᠴᠠᠭᠠᠨ ᠠᠳᠤᠭᠤ ᠪᠤᠶᠢᠵᠢᠭᠤᠯᠬᠤ ᠰᠠᠭᠤᠷᠢᠨ ᠭᠠᠵᠠᠷ ᠢ ᠴᠤᠭᠴᠠᠯᠠᠵᠤ᠂ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠤᠯᠠᠨ ᠤᠯᠤᠰ ᠤᠨ ᠠᠳᠤᠭᠤᠨ ᠤ ᠦᠵᠡᠭᠦᠯᠦᠯᠭᠡ ᠶᠢᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠭᠦ ᠪᠠᠷ ᠡᠷᠡᠮᠡᠯᠵᠡᠯᠡᠨ᠎ᠠ᠃ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠵᠢᠯᠴᠠᠨ᠂ ᠦᠵᠦᠮᠦᠴᠢᠨ ᠴᠠᠭᠠᠨ ᠠᠳᠤᠭᠤᠨ ᠤ ᠰᠢᠨ᠎ᠠ ᠢᠵᠢᠯᠢᠰᠡᠭ ᠰᠦᠷᠦᠭ ᠤᠨ ᠨᠡᠷᠡᠶᠢᠳᠤᠯ᠂ ᠰᠢᠨ᠎ᠠ ᠡᠭᠦᠯᠳᠡᠷ ᠢ ᠰᠤᠩᠭᠤᠨ ᠪᠤᠶᠢᠵᠢᠭᠤᠯᠬᠤ ᠠᠵᠢᠯ ᠢ ᠪᠡᠶᠡᠯᠡᠭᠦᠯᠦᠨ᠎ᠠ᠃ ᠮᠠᠯ ᠠᠵᠤ ᠠᠬᠤᠢ ᠶᠢᠨ ᠭᠡᠪᠴᠢᠶᠡᠵᠢᠭᠰᠡᠨ᠂ ᠡᠷᠴᠢᠮᠵᠢᠭᠰᠡᠨ ᠭᠦᠭᠵᠢᠯᠳᠠ ᠎ ᠶᠢ ᠭᠦᠳᠦᠯᠦᠨ ᠲᠠᠭᠠᠭᠤᠯᠵᠤ᠂ ᠦᠨᠳᠤᠷ ᠪᠠᠷᠢᠮᠵᠢᠶᠠᠳᠤ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ 100᠎ ᠶᠢ ᠰᠢᠨ᠎ᠠ ᠪᠠᠷ ᠨᠡᠮᠡᠭᠳᠡᠭᠦᠯᠦᠨ᠂ ᠬᠡᠪᠴᠢᠶᠡᠵᠢᠨ ᠲᠦᠷᠢᠮᠵᠢᠭᠰᠡᠨ ᠬᠤᠷᠰᠢᠶᠠᠵᠢᠯ ᠢ 50᠎ ᠳᠤ ᠭᠦᠷᠭᠡᠨ᠎ᠠ᠃ ᠮᠠᠯ ᠎ ᠤᠨ ᠠᠰᠢᠭ ᠰᠢᠮ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠪᠠᠷᠢᠮᠵᠢᠶᠠᠵᠢᠭᠰᠠᠨ᠂ ᠨᠠᠷᠢᠯᠢᠭᠵᠢᠭᠰᠠᠨ ᠬᠢᠷᠢ ᠲᠦᠪᠰᠢᠨ ᠢ ᠲᠡᠭᠡᠭᠰᠢᠯᠡᠭᠦᠯᠦᠨ᠂ ᠡᠷᠳᠡᠨᠢ ᠮᠢᠬᠠᠨ ᠤ ᠤᠶᠢᠯᠠᠰ ᠵᠡᠷᠭᠡ ᠤᠯᠠᠭᠠᠨ ᠢᠳᠡᠭᠡᠨ ᠡᠳ᠋ᠰᠢᠭᠦᠯᠭᠦ ᠠᠵᠤ ᠠᠬᠤᠶᠢᠯᠠᠯ ᠢ ᠦᠭᠡᠷᠡᠴᠢᠯᠠᠨ ᠦᠷᠭᠡᠳᠭᠡᠨ ᠪᠠᠶᠢᠭᠤᠯᠬᠤ ᠵᠢᠴᠢ ᠰᠢᠨ᠎ᠠ ᠪᠠᠷ ᠪᠠᠶᠢᠭᠤᠯᠬᠤ ᠲᠦᠷᠦᠯ ᠵᠤᠶᠢᠯ ᠢ ᠪᠡᠶᠡᠯᠡᠭᠦᠯᠵᠤ᠂ ᠵᠢᠯ ᠤᠨ ᠡᠳ᠋ᠰᠢᠭᠦᠯᠭᠦ ᠴᠢᠳᠠᠪᠤᠷᠢ ᠶᠢ 80 ᠲᠦᠮᠡᠨ ᠲᠤᠯᠤᠭᠠᠢ ᠬᠤᠨᠢ ᠪᠠ 5 ᠲᠦᠮᠡᠨ ᠲᠤᠯᠤᠭᠠᠢ ᠦᠭᠡᠷ ᠲᠤ ᠭᠦᠷᠭᠡᠨ᠎ᠠ᠃ ᠮᠠᠯᠴᠢᠳ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠲᠡᠭᠦᠯᠳᠡᠷᠵᠢᠭᠦᠯᠵᠤ᠂ ︽ᠲᠤᠯᠤᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠭᠡ︾ ᠵᠠᠬᠪᠤᠷ ᠢᠶᠠᠷ ᠵᠠᠬᠢᠶᠠᠯᠠᠭ᠎ᠠ ᠶᠢᠨ ᠭᠡᠯᠪᠡᠷᠢ ᠶᠢ ᠭᠦᠭᠵᠢᠭᠦᠯᠭᠦ᠂ ᠠᠵᠢᠯ ᠤᠯᠭᠤᠯᠳᠠ ᠶᠢ ᠲᠠᠶᠢᠴᠢᠯᠠᠬᠤ ᠵᠡᠷᠭᠡ ᠠᠷᠭ᠎ᠠ ᠠᠪᠴᠠᠯ ᠢᠶᠠᠷ ᠲᠠᠮᠵᠢᠨ᠂ ᠮᠠᠯᠴᠢᠳ ᠎ ᠤᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠦᠨ᠎ᠠ᠃ ᠪᠦᠭᠦ ᠬᠤᠰᠢᠭᠤᠨ ᠤ 93 ᠭᠠᠴᠠᠭᠠᠨ ᠤ ᠬᠠᠮᠳᠤ ᠶᠢᠨ ᠦᠮᠴᠢᠯᠠᠯ ᠤᠨ ᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠪᠡᠶᠡᠯᠡᠭᠦᠯᠦᠨ᠎ᠠ᠃ ᠠᠮᠢᠳᠠᠨ ᠤ ᠬᠢᠵᠢᠭ ᠭᠡᠮ ᠢ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠨ᠂ ᠨᠡᠶᠢᠭᠡᠮᠴᠢᠯᠡᠭᠰᠡᠨ ᠤᠶᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠤᠷᠤᠨ ᠪᠦᠰᠠ ᠶᠢᠨ ᠴᠢᠨᠠᠷᠳᠠᠢ ᠭᠦᠨᠳᠤ ᠶᠡᠭᠡ ᠠᠮᠢᠳᠠᠨ ᠤ ᠬᠢᠵᠢᠭ ᠡᠭᠦᠰᠭᠦ ᠶᠢ ᠬᠤᠷᠢᠭᠯᠠᠨ᠎ᠠ᠃     ᠤᠳᠤᠬᠢᠴᠢᠯᠠᠭᠰᠠᠨ ᠠᠵᠦ ᠦᠢᠯᠡᠳᠪᠦᠷᠢ ᠶᠢᠨ ᠠᠵᠤ ᠠᠬᠤᠢ ᠶᠢ ᠭᠦᠴᠦᠯᠠᠨ ᠭᠦᠭᠵᠢᠭᠦᠯᠦᠨ᠎ᠠ᠃  ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠦᠷᠭᠦᠯᠵᠢᠯᠡᠨ ᠠᠳᠬᠤᠵᠤ᠂ ᠵᠢᠷ ᠤᠨ ᠭᠤᠤᠯ ᠬᠤᠶᠠᠳᠤᠭᠠᠷ ᠨᠡᠭᠦᠷᠡᠰᠦᠨ ᠠᠭᠤᠷᠬᠠᠢ᠂ ᠦ᠋ ᠵᠢᠶᠠᠨ ᠹᠠᠩ ᠠᠭᠤᠷᠬᠠᠢ ᠶᠢᠨ ᠤᠷᠤᠨ ᠤ ᠪᠠᠷᠠᠭᠤᠨ ᠨᠢᠭᠡᠳᠦᠭᠡᠷ ᠠᠭᠤᠷᠬᠠᠢ ᠵᠡᠷᠭᠡ ᠨᠡᠭᠦᠷᠡᠰᠦᠨ ᠠᠭᠤᠷᠬᠠᠢ ᠶᠢᠨ ᠭᠠᠷ ᠭᠦᠢᠴᠡᠳᠭᠡᠯ ᠢ ᠲᠦᠷᠭᠡᠨ ᠪᠦᠷᠢᠨᠰᠢᠭᠦᠯᠦᠨ᠎ᠠ᠃ ᠦᠨᠳᠤᠷ ᠲᠠᠷᠤᠯᠳᠠᠳᠤ ᠢᠵᠢ ᠪᠦᠷᠢᠳᠦᠭᠰᠡᠨ ᠴᠠᠬᠢᠯᠭᠠᠨ ᠡᠭᠦᠰᠭᠡᠭᠴᠢ ᠶᠢᠨ ᠪᠠᠶᠢᠭᠤᠯᠤᠯᠳᠠ ᠶᠢ ᠠᠬᠢᠭᠤᠯᠵᠤ᠂ ᠵᠢᠯ ᠤᠨ ᠲᠤᠳᠤᠷ᠎ᠠ ᠵᠢᠩ ᠨᠧᠩ᠂ ᠬᠤᠸᠠ ᠷᠦᠨ ᠵᠡᠷᠭᠡ 2 ᠴᠠᠬᠢᠯᠭᠠᠨ ᠤᠶᠢᠯᠠᠳᠪᠤᠷᠢ ᠶᠢ ᠪᠦᠭᠦᠨ ᠢ ᠲᠤᠤᠷ ᠨᠢᠭᠡᠳᠦᠭᠦᠯᠦᠨ ᠴᠠᠬᠢᠯᠭᠠᠨ ᠭᠠᠷᠭᠠᠬᠤ ᠵᠢᠴᠢ ᠭᠡᠪᠴᠢᠶᠠᠵᠢᠯ ᠎ ᠠᠴᠠ ᠲᠡᠭᠡᠭᠰᠢᠬᠢ ᠠᠵᠤ ᠠᠬᠤᠶᠢᠯᠠᠯ ᠳᠤ ᠮᠡᠳᠡᠭᠦᠯᠭᠦ ᠪᠠᠷ ᠴᠢᠷᠮᠠᠶᠢᠵᠤ᠂ ᠪᠠᠶᠠᠨᠬᠤᠸᠠ ᠤᠯᠤᠰ ᠤᠨ ᠴᠠᠬᠢᠯᠭᠠᠨ ᠭᠦᠴᠦᠨ ᠤ ᠪᠡᠯᠡ ᠤᠷᠤᠭᠤᠯᠤᠯᠳᠠ ᠶᠢᠨ ᠨᠠᠷᠢᠯᠢᠭᠵᠢᠭᠤᠯᠤᠭᠰᠠᠨ ᠭᠦᠩᠭᠡᠨᠴᠠᠭᠠᠨ ᠤ ᠬᠠᠪᠳᠠᠰᠤ ᠶᠢᠨ ᠦᠪᠡᠷ ᠢ ᠪᠠᠨ ᠬᠠᠩᠭᠠᠬᠤ ᠴᠠᠬᠢᠯᠭᠠᠨ ᠤᠶᠢᠯᠠᠳᠪᠤᠷᠢ ᠶᠢᠨ ᠲᠦᠭᠦᠭᠡᠷᠦᠮᠵᠢ ᠤᠬᠰᠠᠷᠠᠬᠤ ᠪᠠ ᠪᠠᠷᠢᠯᠭ᠎ᠠ ᠶᠢᠨ ᠠᠵᠢᠯ ᠤᠨ ᠰᠡᠭᠦᠯ ᠰᠢᠪᠳᠤᠷᠠᠬᠤ ᠶᠢ ᠪᠡᠶᠡᠯᠡᠭᠦᠯᠦᠨ᠎ᠠ᠃ ᠵᠤᠬᠢᠴᠠᠭᠤᠯᠭ᠎ᠠ ᠶᠢᠨ ᠠᠵᠢᠯ ᠤᠨ ᠭᠦᠴᠦᠯᠡᠴᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠠᠰᠢᠭᠯᠠᠯᠳᠠ ᠳᠤ ᠤᠷᠤᠭᠰᠠᠨ ᠴᠠᠬᠢᠯᠭᠠᠨ ᠭᠠᠷᠭᠠᠬᠤ ᠠᠵᠤ ᠠᠬᠤᠶᠢᠯᠠᠯ ᠳᠤ ᠵᠦᠢ ᠵᠣᠬᠢᠰᠳᠠᠢ ᠴᠠᠬᠢᠯᠭᠠᠨ ᠤ ᠦᠨ᠎ᠠ ᠪᠤᠯᠤᠨ ᠨᠡᠩ ᠤᠯᠠᠨ ᠭᠠᠳᠠᠭᠰᠢ ᠲᠡᠮᠵᠢᠭᠤᠯᠬᠤ ᠴᠠᠬᠢᠯᠭᠠᠨ ᠤ ᠬᠡᠮᠵᠢᠶ᠎ᠡ ᠶᠢ ᠨᠡᠮᠡᠭᠳᠡᠭᠦᠯᠦᠨ᠎ᠡ᠃ ᠨᠡᠭᠦᠷᠡᠰᠦᠨ ᠤ ᠦᠨᠡᠰᠦ ᠵᠡᠷᠭᠡ ᠠᠵᠤ ᠤᠶᠢᠯᠠᠳᠪᠤᠷᠢ ᠶᠢᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠠᠵᠤ ᠤᠶᠢᠯᠠᠰ ᠢ ᠢᠳᠡᠪᠬᠢᠳᠠᠢ ᠪᠤᠶᠢᠵᠢᠭᠤᠯᠵᠤ᠂ ᠨᠡᠭᠦᠷᠡᠰᠦᠨ ᠤ ᠦᠨᠡᠰᠦ ᠶᠢ ᠶᠡᠷᠦᠩᠭᠡᠶᠢᠯᠡᠨ ᠠᠰᠢᠭᠯᠠᠬᠤ᠂ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠰᠢᠭᠠᠷᠤ ᠶᠢᠨ ᠲᠠᠯᠠᠪᠠᠢ ᠵᠡᠷᠭᠡ ᠲᠦᠷᠦᠯ ᠵᠤᠶᠢᠯ ᠤᠨ ᠪᠠᠶᠢᠭᠤᠯᠤᠯᠳᠠ ᠶᠢ ᠲᠦᠷᠭᠡᠳᠭᠡᠨ᠎ᠠ᠃ ᠡᠨᠧᠷᠭᠢ᠂ ᠡᠬᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠩᠭᠡᠳᠦ ᠲᠡᠮᠦᠷᠯᠢᠭ ᠢ ᠰᠤᠩᠭᠤᠨ ᠬᠠᠶᠢᠯᠤᠭᠤᠯᠬᠤ ᠠᠵᠤ ᠤᠶᠢᠯᠠᠰ ᠢ ᠪᠦᠭᠦ ᠭᠦᠴᠦᠨ ᠢᠶᠠᠷ ᠢᠶᠠᠨ ᠭᠦᠭᠵᠢᠭᠦᠯᠦᠨ᠎ᠠ᠃ ᠪᠠᠶᠠᠨᠬᠤᠸᠠ ᠤᠯᠤᠰ ᠤᠨ ᠴᠠᠬᠢᠯᠭᠠᠨ ᠭᠦᠴᠦᠨ ᠤ ᠪᠡᠯᠡ ᠤᠷᠤᠭᠤᠯᠤᠯᠳᠠ ᠶᠢᠨ ᠨᠠᠷᠢᠯᠢᠭᠵᠢᠭᠤᠯᠤᠭᠰᠠᠨ ᠭᠦᠩᠭᠡᠨᠴᠠᠭᠠᠨ ᠤ ᠬᠠᠪᠳᠠᠰᠤ ᠶᠢᠨ ᠲᠦᠷᠦᠯ ᠵᠤᠶᠢᠯ ᠤᠨ ᠤᠶᠢᠯᠠᠳᠪᠤᠷᠢᠯᠡᠯ ᠤᠨ ᠴᠢᠳᠠᠪᠤᠷᠢ ᠎ ᠶᠢᠨ ᠭᠦᠢᠴᠡᠳᠭᠡᠯ ᠲᠤᠭ᠎ᠠ ᠶᠢ ᠰᠤᠯᠢᠬᠤ ᠪᠠ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠠᠬᠢᠭᠤᠯᠵᠤ᠂ ᠢᠦᠢ ᠯᠦᠩ ᠠᠭᠤᠷᠬᠠᠢ ᠶᠢᠨ ᠡᠳᠦᠷ ᠲᠤ 1400 ᠲᠤᠨ ᠭᠦᠳᠡᠷ ᠰᠤᠩᠭᠤᠨ ᠪᠤᠯᠪᠠᠰᠤᠷᠠᠭᠤᠯᠬᠤ ᠮᠡᠷᠭᠡᠵᠢᠯ ᠢ ᠦᠭᠡᠷᠡᠴᠢᠯᠡᠭᠦ ᠲᠦᠷᠦᠯ ᠵᠤᠶᠢᠯ ᠤᠨ ᠪᠡᠯᠡᠳᠬᠡᠯ ᠬᠤᠭᠤᠴᠠᠭᠠᠨ ᠤ ᠠᠵᠢᠯ ᠢ ᠠᠬᠢᠭᠤᠯᠤᠨ᠎ᠠ᠃       ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠤᠭᠳᠠᠭᠤᠨ ᠢᠶᠠᠷ ᠭᠦᠭᠵᠢᠭᠦᠯᠦᠨ᠎ᠠ᠃ ᠵᠦᠭᠡᠭᠡᠪᠦᠷᠢ ᠶᠢᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠨᠡᠭᠦᠷᠡᠰᠦ ᠵᠡᠷᠭᠡ ᠶᠡᠭᠡ ᠬᠡᠮᠵᠢᠶᠡᠨ ᠤ ᠪᠤᠳᠠᠰ ᠢ ᠵᠦᠭᠡᠭᠡᠪᠤᠷᠢᠯᠡᠨ ᠳᠠᠮᠵᠢᠭᠤᠯᠬᠤ ᠶᠢ ︽ᠵᠠᠰᠠᠮᠠᠯ ᠵᠠᠮ ᠠᠴᠠ ᠳᠡᠮᠦᠷ ᠵᠠᠮ ᠢᠶᠠᠷ ᠵᠦᠭᠡᠭᠡᠪᠦᠷᠢᠯᠡᠬᠦ ᠲᠡᠰᠢ ᠬᠤᠪᠢᠷᠠᠭᠤᠯᠬᠤ︾᠎ ᠶᠢ ᠠᠬᠢᠭᠤᠯᠤᠨ᠎ᠠ᠃ ᠪᠠᠶᠠᠨᠬᠤᠸᠠ ᠵᠡᠬᠦᠨ ᠦᠷᠳᠡᠭᠡ ᠠᠴᠠ ᠰᠠᠶᠢᠠᠠᠦ᠋ᠨᠳᠦᠷ ᠬᠦᠷᠬᠦ ᠲᠡᠮᠦᠷ ᠵᠠᠮ᠂ ᠬᠤᠸᠠ ᠷᠦᠨ ᠪᠥᠯᠦᠭᠯᠡᠯ ᠤᠨ ᠡᠤ ᠵᠢᠶᠠᠨ ᠹᠠᠩ ᠳᠠᠬᠢ ᠴᠠᠬᠢᠯᠭᠠᠨ ᠤᠶᠢᠯᠠᠳᠪᠤᠷᠢ ᠶᠢᠨ ᠲᠡᠮᠦᠷ ᠵᠠᠮ ᠤᠨ ᠲᠣᠰᠬᠠᠢ ᠱᠣᠭᠤᠮ ᠢ ᠠᠵᠢᠯ ᠳᠠᠭᠤᠰᠬᠠᠵᠦ ᠲᠡᠷᠭᠡ ᠨᠡᠪᠳᠡᠷᠡᠭᠦᠯᠦᠨ᠂ ᠪᠠᠶᠠᠨᠬᠤᠸᠠ ᠨᠠᠷᠢᠯᠢᠭᠵᠢᠭᠤᠯᠣᠭᠰᠠᠨ ᠬᠦᠩᠭᠡᠨᠴᠠᠭᠠᠨ ᠬᠠᠪᠳᠠᠰᠤ ᠶᠢᠨ ᠤᠶᠢᠯᠠᠳᠪᠤᠷᠢ ᠶᠢᠨ ᠲᠡᠮᠦᠷ ᠵᠠᠮ ᠤᠨ ᠲᠣᠰᠬᠠᠢ ᠱᠣᠭᠤᠮ᠂ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠤᠨ ᠠᠭᠤᠷᠬᠠᠢ ᠶᠢᠨ ᠲᠡᠮᠦᠷ ᠵᠠᠮ ᠤᠨ ᠲᠣᠰᠬᠠᠢ ᠱᠣᠭᠤᠮ ᠢ ᠠᠵᠢᠯ ᠡᠬᠢᠯᠡᠬᠦᠯᠦᠨ ᠪᠠᠶᠢᠭᠤᠯᠤᠨ᠎ᠠ᠃ ᠪᠦᠬᠦ ᠤᠷᠤᠨ ᠪᠦᠰᠡ ᠶᠢᠨ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ ᠤᠨ ᠪᠠᠶᠢᠯᠳᠤᠬᠤ ᠪᠤᠳᠤᠯᠭ᠎ᠠ ᠶᠢ ᠭᠦᠴᠦᠯᠠᠨ ᠠᠬᠢᠭᠤᠯᠵᠦ᠂ ᠰᠤᠶᠤᠯ ᠲᠠᠮᠢᠷ ᠪᠠ ᠵᠢᠭᠤᠯᠴᠢᠯᠠᠯ ᠤᠨ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ︽ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ︾᠎ ᠳᠤ ᠭᠦᠨᠵᠡᠭᠡᠢ ᠤᠶᠠᠯᠳᠤᠨ᠂ ︽99 ᠺᠢᠯᠤᠮᠧᠲᠷ︾᠎ ᠤᠨ ᠲᠠᠯ᠎ᠠ ᠨᠤᠲᠤᠭ ᠤᠨ ᠨᠡᠭᠦᠳᠡᠯ ᠰᠤᠶᠤᠯ ᠤᠨ ᠦᠵᠡᠮᠵᠢ ᠶᠢᠨ ᠪᠦᠰᠡ ᠶᠢᠨ ᠪᠠᠶᠢᠭᠤᠯᠤᠯᠳᠠ ᠶᠢ ᠠᠬᠢᠭᠤᠯᠵᠤ᠂ ᠪᠠᠯᠭᠠᠷᠭᠤᠤᠯ ᠪᠠᠯᠭᠠᠰᠤᠨ ᠠᠴᠠ ᠤᠯᠠᠭᠠᠢ᠂ ᠱᠠᠤᠳᠤ ᠎ ᠠᠴᠠ ᠮᠤᠩᠭᠤᠯ ᠬᠠᠨ ᠬᠤᠳᠠ ᠭᠦᠷᠭᠦ 2 ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠬᠤ ᠪᠠᠷ ᠴᠢᠷᠮᠠᠶᠢᠨ᠎ᠠ᠃ ᠠᠷᠪᠠᠨ ᠵᠢᠷᠭᠤᠳᠤᠭᠠᠷ ᠬᠤᠭᠤᠴᠠᠭᠠᠨ ᠤ ᠮᠦᠩᠭᠦᠨ ᠡᠪᠦᠯ ᠤᠨ ᠨᠠᠭᠠᠳᠤᠮ ᠪᠠ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ — ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠤᠨ ᠨᠠᠶᠢᠷ ᠵᠢᠴᠢ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠰᠤᠶᠤᠯ ᠤᠨ ᠨᠠᠶᠢᠷ ᠵᠡᠷᠭᠡ ᠬᠤᠶᠠᠷ ᠭᠤᠣᠯ ᠰᠡᠳᠦᠪᠳᠤ ᠠᠵᠢᠯᠯᠠᠭ᠎ᠠ ᠶᠢ ᠰᠠᠶᠢᠳᠤᠷ ᠡᠷᠬᠢᠯᠡᠨ ᠶᠠᠪᠤᠭᠳᠠᠭᠤᠯᠵᠤ᠂ ᠪᠦᠭᠦ ᠵᠢᠯ ᠳᠤ ᠵᠢᠭᠤᠯᠴᠢᠯᠠᠭᠰᠠᠳ ᠢ 100 ᠲᠦᠮᠡᠨ ᠭᠦᠮᠦᠨ ᠤᠳᠠᠭ᠎ᠠ ᠬᠦᠯᠢᠶᠡᠨ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ ᠶᠢ 6 ᠳ᠋ᠦᠩᠰᠢᠭᠤᠷ ᠳᠦᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃     ︵ᠲᠠᠪᠤ︶ ᠠᠮᠢ ᠠᠬᠤᠢ ᠶᠢᠨ ᠬᠠᠮᠠᠭᠠᠯᠠᠯᠳᠠ ᠪᠠ ᠪᠠᠶᠢᠭᠤᠯᠤᠯᠳᠠ ᠶᠢ ᠴᠢᠩᠭᠠᠳᠬᠠᠨ᠎ᠠ᠃     ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠭᠦ ᠶᠢ ᠭᠤᠶᠢᠪᠢᠰᠢ ᠦᠭᠡᠢ ᠪᠠᠷᠢᠮᠳᠠᠯᠠᠨ᠂ ᠰᠢ ᠶᠢᠨ ᠫᠢᠩ ᠶᠡᠷᠦᠩᠭᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ︽ᠲᠦᠷᠪᠡᠨ ᠨᠢᠭᠡ︾ ᠴᠢᠬᠤᠯᠠ ᠦᠭᠦᠯᠡᠯ ᠢ ᠨᠠᠷᠢᠨ ᠬᠢᠨᠠᠮᠠᠭᠠᠢ ᠲᠤᠤᠱᠯᠠᠭᠤᠯᠵᠤ ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠭᠳᠠᠴᠠ ᠶᠢ ᠴᠢᠩᠭᠠᠳᠬᠠᠬᠤ ᠶᠢ ᠢᠮᠠᠬᠳᠠ ᠪᠠᠷᠢᠮᠳᠠᠯᠠᠨ᠂ ︽ᠭᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ︾ ᠭᠡᠭᠦ ᠤᠶᠢᠯᠠᠭᠠᠭᠳᠠᠬᠤᠨ ᠢ ᠪᠠᠷᠢᠮᠳᠠᠯᠠᠵᠤ᠂ ᠠᠵᠤ ᠠᠬᠤᠢ ᠶᠢᠨ ᠭᠦᠭᠵᠢᠯᠳᠠ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠴᠠᠭ᠎ᠠ ᠶᠢ ᠰᠢᠨᠵᠢᠯᠡᠭᠦ ᠤᠬᠠᠭᠠᠨᠴᠢ ᠪᠠᠷ ᠲᠦᠯᠦᠪᠵᠢᠭᠦᠯᠦᠨ᠂ ᠬᠤᠷᠢᠭ᠎ᠠ ᠱᠤᠭᠤᠮ ᠤᠨ ᠰᠡᠳᠬᠢᠴᠠ ᠶᠢ ᠪᠠᠷᠢᠮᠳᠠᠯᠠᠵᠤ᠂ ︽ᠭᠤᠷᠪᠠᠨ ᠤᠷᠤᠨ ᠭᠤᠷᠪᠠᠨ ᠱᠤᠭᠤᠮ︾᠎ ᠢ ᠲᠠᠪᠠᠵᠤ ᠪᠤᠯᠤᠰᠢ ᠦᠭᠡᠢ ᠰᠡᠷᠡᠮᠵᠢ ᠶᠢᠨ ᠱᠤᠭᠤᠮ ᠪᠤᠯᠭᠠᠨ᠂ ᠠᠮᠢ ᠠᠬᠤᠢ ᠶᠢ ᠬᠠᠮᠠᠭᠠᠯᠠᠬᠤ ᠪᠠᠷ ᠤᠷᠢᠳᠠᠯ ᠨᠦᠭᠦᠴᠡᠯ ᠪᠤᠯᠭᠠᠨ᠂ ᠪᠤᠬᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷᠯᠢᠭ ᠭᠦᠭᠵᠢᠯᠳᠠ ᠶᠢᠨ ᠰᠢᠨ᠎ᠠ ᠵᠠᠮ ᠢ ᠡᠷᠢᠯᠭᠢᠯᠡᠵᠤ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠭᠦ ᠦᠵᠡᠰᠭᠦᠯᠡᠩᠳᠤ ᠰᠠᠶᠢᠬᠠᠨ ᠱᠤᠭᠤᠮ ᠢ ᠰᠠᠶᠢᠳᠤᠷ ᠬᠠᠮᠠᠭᠠᠯᠠᠨ᠎ᠠ᠃     ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠳᠦᠷᠢᠮ ᠪᠤᠯᠤᠨ ︽ᠮᠠᠯᠵᠢᠬᠤ ᠤᠷᠤᠨ᠂ ᠮᠠᠯᠴᠢᠨ᠂ ᠮᠠᠯ ᠠᠵᠤ ᠠᠬᠤᠢ︾᠎ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠰᠦᠷᠦᠭ ᠤᠨ ᠲᠤᠭ᠎ᠠ ᠭᠡᠮᠵᠢᠶ᠎ᠠ ᠶᠢ ᠲᠤᠭᠳᠠᠭᠰᠠᠨ ᠬᠡᠪᠴᠢᠶᠡᠨ ᠳᠤ ᠬᠢᠵᠠᠭᠠᠷᠯᠠᠨ᠂ ᠨᠤᠲᠤᠭ ᠪᠡᠯᠴᠢᠭᠡᠷ ᠢ ᠳᠠᠭᠠᠭᠠᠴᠠ ᠠᠴᠠ ᠭᠡᠳᠦᠷᠡᠳᠡᠯ᠎ᠡ ᠠᠰᠢᠭᠯᠠᠬᠤ ᠶᠢ ᠬᠤᠷᠢᠭᠯᠠᠨ᠎ᠠ᠃ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠳᠤᠷ ᠬᠡᠷᠡᠭᠵᠢᠭᠦᠯᠦᠨ᠎ᠡ᠃ ᠬᠠᠳᠤᠯᠠᠩ ᠤᠨ ᠬᠠᠮᠢᠶᠠᠷᠤᠯᠳᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠠᠷᠠᠯᠵᠢᠶᠠᠨ ᠤ ᠴᠢᠨᠠᠷᠳᠠᠢ᠂ ᠲᠠᠯᠬᠢᠳᠠᠯ ᠤᠨ ᠴᠢᠨᠠᠷᠳᠠᠢ ᠡᠵᠡᠩᠨᠡᠯᠳᠡ ᠶᠢ ᠴᠠᠭᠠᠵᠠᠯᠠᠨ᠂ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠡᠷᠡᠰ ᠬᠤᠷᠢᠭᠯᠠᠵᠤ᠂ ᠦᠨᠳᠦᠷ ᠤᠨᠠᠯᠳᠠᠳᠤ ᠡᠪᠡᠰᠤ ᠪᠤᠷᠳᠤᠭᠤᠷ ᠲᠠᠷᠢᠬᠤ ᠨᠡᠷ᠎ᠡ ᠪᠠᠷ ᠠᠮᠤ ᠪᠤᠳᠠᠭ᠎ᠠ ᠪᠠ ᠠᠵᠤ ᠠᠬᠤᠢ ᠶᠢᠨ ᠲᠠᠷᠢᠮᠠᠯ ᠲᠠᠷᠢᠬᠤ ᠶᠢ ᠡᠷᠡᠰ ᠴᠠᠭᠠᠵᠠᠯᠠᠨ᠎ᠠ᠃ ᠬᠠᠳᠤᠯᠠᠩ ᠤᠨ ᠪᠡᠯᠴᠢᠭᠡᠷ ᠢ ᠬᠠᠮᠠᠭᠠᠯᠠᠨ᠂ ᠤᠷᠭᠤᠮᠠᠯ ᠤᠨ ᠪᠦᠷᠭᠦᠴᠡ ᠶᠢ ᠰᠠᠶᠢᠵᠢᠷᠠᠭᠤᠯᠬᠤ ᠠᠵᠢᠯ ᠢ ᠦᠷᠨᠢᠬᠦᠯᠦᠨ᠎ᠡ᠃ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠱᠠᠩᠨᠠᠯ ᠤᠨ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠤᠰᠬᠠᠢ ᠬᠢᠨᠠᠨ ᠪᠤᠳᠤᠬᠤ ᠪᠠ ᠳᠤᠰᠬᠠᠢ ᠳᠤᠭᠤᠷᠢᠨ ᠪᠠᠶᠢᠴᠠᠭᠠᠬᠤ ᠠᠵᠢᠯᠯᠠᠭ᠎ᠠ ᠶᠢ ᠦᠷᠨᠢᠬᠦᠯᠦᠨ᠂ ᠱᠠᠩᠨᠠᠯ ᠨᠦᠬᠦᠪᠦᠷᠢ ᠶᠢᠨ ᠳᠦᠷᠥ ᠶᠢᠨ ᠪᠤᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠪᠠ ᠱᠠᠩᠨᠠᠯ ᠨᠦᠬᠦᠪᠦᠷᠢ ᠶᠢᠨ ᠪᠡᠯᠡ ᠮᠦᠩᠭᠦ ᠶᠢ ᠬᠠᠤᠯᠢ ᠳᠦᠷᠢᠮ ᠶᠤᠰᠤᠭᠠᠷ ᠲᠠᠷᠬᠠᠭᠠᠬᠤ ᠶᠢ ᠪᠠᠳᠤᠯᠠᠨ᠎ᠠ᠃ ᠤᠯᠤᠰ ᠤᠨ ᠭᠠᠵᠠᠷ ᠰᠢᠷᠤᠢ ᠶᠢ ᠤᠶᠢᠵᠢᠭᠤᠯᠬᠤ ᠠᠵᠢᠯᠯᠠᠭ᠎ᠠ ᠪᠠ ᠭᠤᠤᠯᠳᠠᠯᠭ᠎ᠠ ᠲᠠᠢ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠳᠦᠷᠦᠯ ᠵᠦᠢᠯ ᠢᠶᠠᠷ 1 ᠳᠦᠮᠡᠨ ᠮᠦ ᠨᠤᠲᠤᠭ ᠪᠡᠯᠴᠢᠭᠡᠷ ᠢ ᠵᠠᠰᠠᠨ᠂ ᠦᠵᠦᠮᠦᠴᠢᠨ ᠡᠯᠡᠰᠦᠨ ᠤ ᠭᠤᠤᠯᠳᠠᠯᠭ᠎ᠠ ᠲᠠᠢ ᠡᠪᠳᠡᠭᠳᠡᠭᠰᠡᠨ ᠤᠷᠤᠨ ᠢ ᠵᠠᠰᠠᠬᠤ ᠳᠤᠰᠬᠠᠢ ᠳᠦᠷᠦᠯ ᠵᠦᠢᠯ ᠢᠶᠠᠷ 4.4 ᠳᠦᠮᠡᠨ ᠮᠦ ᠨᠤᠲᠤᠭ ᠪᠡᠯᠴᠢᠭᠡᠷ ᠢ ᠵᠠᠰᠠᠨ᠎ᠠ᠃ ᠬᠠᠪᠴᠢᠭᠠᠢ ᠤᠯᠤᠰ ᠤᠨ ᠳᠡᠰ ᠤᠨ ᠡᠯᠡᠰᠤ ᠮᠠᠩᠬᠠᠨ ᠤ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠡᠬᠢᠯᠡᠬᠦᠯᠵᠦ᠂ ᠴᠢᠳᠠᠪᠬᠢᠳᠤ ᠳᠤᠭᠤᠷᠢᠭ ᠢ ᠬᠤᠪᠢᠶᠠᠬᠤ ᠵᠡᠷᠭᠡ ᠪᠡᠯᠡᠳᠬᠡᠯ ᠱᠠᠳᠤᠨ ᠤ ᠠᠵᠢᠯ ᠢ ᠰᠠᠶᠢᠳᠤᠷ ᠬᠢᠨ᠎ᠡ᠃ ᠤᠯᠤᠰ ᠤᠨ ᠪᠤᠬᠢᠷᠳᠤᠯ ᠦᠭᠡᠢ ᠠᠭᠤᠷᠬᠠᠢ ᠶᠢᠨ ᠤᠷᠤᠨ ᠤ ᠪᠠᠶᠢᠭᠤᠯᠤᠯᠳᠠ ᠶᠢᠨ ᠠᠵᠢᠯ ᠳᠦᠷᠦᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠠᠭᠤᠷᠬᠠᠢ ᠶᠢᠨ ᠤᠷᠴᠢᠨ ᠳᠤᠭᠤᠷᠢᠨ ᠤ ᠵᠠᠰᠠᠯᠲᠠ ᠶᠢ ᠴᠢᠩᠭᠠᠳᠬᠠᠵᠦ᠂ ᠪᠤᠬᠢᠷᠳᠤᠯ ᠦᠭᠡᠢ ᠠᠭᠤᠷᠬᠠᠢ ᠶᠢᠨ ᠤᠷᠤᠨ ᠎ ᠢ ᠪᠦᠳᠦᠭᠡᠨ ᠪᠠᠶᠢᠭᠤᠯᠤᠨ᠎ᠠ᠃ ᠭᠦᠷᠦᠭᠡᠰᠦᠳᠡᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ ᠳᠦᠷᠢᠮᠵᠢᠬᠦᠯᠦᠨ ᠬᠠᠮᠢᠶᠠᠷᠴᠦ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠦᠷ᠎ᠡ ᠪᠦᠳᠦᠭᠡᠯ ᠢ ᠪᠠᠳᠤᠳᠬᠠᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤᠳᠤᠷᠠᠬᠢ ᠵᠢᠭᠤᠯᠴᠢᠯᠠᠯ ᠤᠨ ᠭᠠᠵᠠᠷ ᠢ ᠪᠦᠬᠦᠨ ᠢ ᠰᠢᠯᠵᠢᠬᠦᠯᠦᠨ ᠭᠠᠷᠭᠠᠬᠤ ᠠᠵᠢᠯ ᠢ ᠠᠬᠢᠭᠤᠯᠤᠨ᠎ᠠ᠃ ᠠᠮᠢ ᠠᠬᠤᠢ ᠶᠢᠨ ᠰᠡᠷᠡᠮᠵᠢ ᠶᠢᠨ ᠱᠤᠭᠤᠮ ᠢ ᠴᠢᠩᠭ᠎ᠠ ᠪᠠᠷᠢᠮᠳᠠᠯᠠᠨ᠂ ᠰᠡᠷᠡᠮᠵᠢ ᠶᠢᠨ ᠱᠤᠭᠤᠮ ᠤᠨ ᠵᠠᠭᠠᠭ ᠢ ᠳᠤᠭᠳᠠᠭᠠᠬᠤ ᠪᠠ ᠵᠠᠭᠠᠭ ᠱᠤᠭᠤᠮ ᠳᠡᠭᠡᠷ᠎ᠡ ᠳᠡᠮᠳᠡᠭ ᠪᠤᠰᠬᠠᠬᠤ ᠵᠡᠷᠭᠡ ᠠᠵᠢᠯ ᠢ ᠰᠠᠶᠢᠳᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ ᠤ ᠴᠢᠳᠠᠪᠬᠢ ᠶᠢ ᠪᠠᠭᠤᠷᠠᠭᠤᠯᠬᠤ ᠦᠭᠡᠢ᠂ ᠲᠠᠯᠠᠪᠠᠢ ᠶᠢ ᠪᠠᠭᠠᠰᠬᠠᠬᠤ ᠦᠭᠡᠢ᠂ ᠵᠠᠭᠠᠭ ᠱᠤᠭᠤᠮ ᠠᠴᠠ ᠭᠡᠳᠦᠷᠡᠭᠦ ᠦᠭᠡᠢ ᠪᠠᠶᠢᠬᠤ ᠶᠢ ᠪᠠᠳᠤᠯᠠᠨ᠎ᠠ᠃ ︽ᠲᠤᠮᠤ ᠲᠤᠭ᠎ᠠ ᠪᠠᠷᠢᠮᠳᠠ ᠪᠠᠷ ᠲᠠᠯ᠎ᠠ ᠨᠤᠳᠤᠭ ᠤᠨ ᠠᠮᠢ ᠠᠬᠤᠢ ᠶᠢ ᠬᠢᠨᠠᠨ ᠭᠡᠮᠵᠢᠵᠤ ᠬᠢᠨᠠᠨ ᠡᠵᠡᠮᠳᠡᠭᠦ ᠲᠠᠪᠴᠠᠩ︾᠎ ᠢ ᠲᠦᠷᠭᠡᠳᠭᠡᠨ ᠪᠠᠶᠢᠭᠤᠯᠵᠤ᠂ ᠬᠢᠨᠠᠨ ᠭᠡᠮᠵᠢᠵᠤ ᠬᠢᠨᠠᠨ ᠡᠵᠡᠮᠳᠡᠭᠦ ᠰᠤᠷᠠᠭ ᠵᠠᠩᠬᠢᠴᠢᠯᠠᠭᠰᠠᠨ᠂ ᠤᠶᠤᠨᠴᠢᠯᠠᠭᠰᠠᠨ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠠᠮᠢ ᠠᠬᠤᠢ ᠶᠢᠨ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠳᠬᠠᠵᠦ᠂ ᠨᠤᠳᠤᠭ ᠪᠡᠯᠴᠢᠭᠡᠷ᠂ ᠤᠢ ᠰᠢᠭᠤᠢ ᠶᠢ ᠲᠠᠯᠬᠢᠬᠳᠠᠬᠤ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦᠨ᠎ᠡ᠃     ︵ᠵᠢᠷᠭᠤᠭ᠎ᠠ︶ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠣᠯᠭ᠎ᠠ ᠶᠢ ᠯᠠᠪᠳᠠᠭᠤᠨ ᠪᠠᠳᠤᠳᠠᠢ ᠠᠬᠢᠭᠤᠯᠤᠨ᠎ᠠ᠃     ᠮᠠᠯᠵᠢᠬᠤ ᠤᠷᠤᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠭᠦᠨᠵᠡᠭᠡᠶᠢᠷᠡᠭᠦᠯᠦᠨ᠂ ︽ᠬᠤᠨᠢ ᠶᠢ ᠴᠢᠨᠠᠷᠵᠢᠭᠤᠯᠵᠤ᠂ ᠦᠭᠡᠷ ᠢ ᠨᠡᠮᠡᠭᠳᠡᠭᠦᠯᠭᠦ︾ ᠪᠠᠶᠢᠯᠳᠤᠬᠤ ᠪᠤᠳᠤᠯᠭ᠎ᠠ ᠶᠢ ᠭᠠᠵᠠᠷ ᠤᠷᠤᠨ ᠤ ᠪᠠᠨ ᠪᠠᠶᠢᠳᠠᠯ ᠲᠠᠢ ᠪᠠᠨ ᠤᠶᠠᠯᠳᠤᠭᠤᠯᠤᠨ ᠠᠬᠢᠭᠤᠯᠵᠤ᠂ ᠠᠳᠤᠭᠤᠨ ᠤ ᠠᠵᠤ ᠤᠶᠢᠯᠠᠰ ᠢ ᠲᠦᠷᠭᠡᠨ ᠭᠦᠭᠵᠢᠭᠦᠯᠵᠤ᠂ ᠮᠠᠯ ᠠᠵᠤ ᠠᠬᠤᠢ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠲᠡᠭᠡᠭᠰᠢᠯᠡᠭᠦᠯᠦᠨ᠎ᠠ᠃ ᠨᠡᠷᠡᠳᠤ ᠲᠡᠮᠳᠡᠭ ᠤᠨ ᠤᠬᠠᠭᠤᠯᠭ᠎ᠠ ᠪᠠᠨ ᠴᠢᠩᠭᠠᠳᠬᠠᠨ᠂ ᠦᠵᠦᠮᠦᠴᠢᠨ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠪᠦᠳᠦᠭᠡᠭᠳᠡᠬᠦᠨ ᠤ ᠨᠡᠷ᠎ᠡ ᠠᠯᠳᠠᠷᠰᠢᠯ ᠪᠤᠯᠤᠨ ᠨᠦᠯᠦᠭᠡᠯᠡᠭᠦ ᠭᠦᠴᠦᠨ ᠢ ᠲᠡᠭᠡᠭᠰᠢᠯᠡᠭᠦᠯᠦᠨ᠎ᠠ᠃ ︽ᠢᠨᠲ᠋ᠧᠷ ᠰᠦᠯᠵᠢᠶ᠎ᠠ +︾ ᠤᠳᠤᠬᠢᠴᠢᠯᠠᠭᠰᠠᠨ ᠮᠠᠯ ᠠᠵᠤ ᠠᠬᠤᠢ ᠶᠢᠨ ᠭᠦᠭᠵᠢᠯᠳᠠ ᠶᠢ ᠠᠬᠢᠭᠤᠯᠵᠤ᠂ ᠨᠢᠭᠡ ᠪᠦᠯᠦᠭ ᠤᠷᠤᠨ ᠨᠤᠳᠤᠭ ᠤᠨ ᠡᠯᠧᠺᠲᠷᠤᠨ ᠬᠤᠳᠠᠯᠳᠤᠭᠠᠨ ᠤ ᠲᠠᠪᠴᠠᠩ ᠢ ᠪᠠᠶᠢᠭᠤᠯᠤᠨ᠂ ᠭᠦᠢᠳᠠᠨ ᠢᠶᠠᠷ ᠵᠦᠭᠡᠭᠡᠪᠤᠷᠢᠯᠡᠭᠦ ᠪᠤᠳᠠᠰ ᠤᠨ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠤ᠂ ᠮᠠᠯᠵᠢᠬᠤ ᠤᠷᠤᠨ ᠤ ᠨᠢᠭᠡ᠂ ᠬᠤᠶᠠᠷ᠂ ᠭᠤᠷᠪᠠᠳᠤᠭᠠᠷ ᠠᠵᠤ ᠤᠶᠢᠯᠠᠰ ᠢ ᠠᠭᠤᠰᠤᠯᠴᠠᠭᠤᠯᠤᠨ ᠭᠦᠭᠵᠢᠭᠦᠯᠵᠤ᠂ ᠰᠦᠯᠵᠢᠶᠠᠨ ᠲᠡᠭᠡᠷᠡᠭᠢ ᠪᠠ ᠪᠤᠳᠠᠳᠤ ᠲᠡᠯᠭᠡᠭᠦᠷ ᠢ ᠨᠢᠭᠡ ᠴᠤᠭᠴᠠᠵᠢᠭᠤᠯᠤᠭᠰᠠᠨ ᠪᠤᠷᠤᠯᠠᠭᠤᠯᠭ᠎ᠠ ᠎ ᠶᠢᠨ ᠲᠤᠤᠷ ᠢ ᠪᠠᠶᠢᠭᠤᠯᠤᠨ᠂ ᠵᠠᠬ᠎ᠠ ᠲᠡᠯᠭᠡᠭᠦᠷ ᠤᠨ ᠡᠵᠡᠯᠡᠭᠦ ᠨᠤᠷᠮ᠎ᠠ ᠢ ᠲᠠᠰᠤᠷᠠᠯᠳᠠ ᠦᠭᠡᠢ ᠨᠡᠮᠡᠭᠳᠡᠭᠦᠯᠦᠨ᠎ᠠ᠃ ᠡᠬᠢ ᠪᠠᠶᠠᠯᠢᠭ᠂ ᠠᠮᠢ ᠠᠬᠤᠢ ᠪᠠ ᠰᠤᠶᠤᠯ ᠤᠨ ᠲᠠᠪᠠᠭᠤᠯᠢᠭ ᠢ ᠭᠦᠢᠴᠡᠳ ᠪᠠᠳᠠᠷᠠᠭᠤᠯᠤᠨ᠂ ᠰᠡᠯᠡᠭᠦᠴᠡᠯ ᠵᠢᠭᠤᠯᠴᠢᠯᠠᠯ᠂ ᠢᠳᠡᠭᠡᠨ ᠤᠮᠳᠠᠭᠠᠨ᠂ ᠪᠠᠭᠤᠳᠠᠯ᠂ ᠰᠤᠶᠤᠯ ᠢ ᠤᠶᠢᠯᠠᠭᠠᠬᠤ᠂ ᠪᠡᠶ᠎ᠡ ᠰᠤᠪᠢᠯᠠᠯᠳᠠ ᠵᠡᠷᠭᠡ ᠠᠵᠤ ᠤᠶᠢᠯᠠᠰ ᠢ ᠢᠳᠡᠪᠬᠢᠳᠠᠢ ᠭᠦᠭᠵᠢᠭᠦᠯᠵᠤ᠂ ᠤᠯᠠᠨ ᠠᠷᠭ᠎ᠠ ᠵᠠᠮ ᠢᠶᠠᠷ ᠮᠠᠯᠴᠢᠨ ᠲᠦᠮᠡᠨ ᠤ ᠤᠷᠤᠯᠭ᠎ᠠ ᠶᠢ ᠨᠡᠮᠡᠭᠳᠡᠭᠦᠯᠤᠨ᠎ᠠ᠃     ᠮᠠᠯᠵᠢᠬᠤ ᠤᠷᠤᠨ ᠤ ᠰᠠᠭᠤᠷᠢ ᠳᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠤᠨ᠎ᠠ᠃ ᠤᠷᠢᠳᠠᠪᠠᠷ ᠠᠮᠠᠷᠬᠠᠨ ᠢ ᠳᠠᠷᠠᠭ᠎ᠠ ᠨᠢ ᠬᠦᠴᠢᠷᠳᠡᠢ ᠶᠢ ᠨᠢ ᠰᠢᠢᠳᠪᠦᠷᠢᠯᠡᠬᠦ᠂ ᠱᠠᠳᠤ ᠳᠠᠷᠠᠭᠠᠯᠠᠨ ᠠᠬᠢᠭᠤᠯᠬᠤ ᠵᠠᠷᠴᠢᠮ ᠶᠤᠰᠤᠭᠠᠷ᠂ ᠮᠠᠯᠵᠢᠬᠤ ᠤᠷᠤᠨ ᠤ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠤᠭ᠎ᠠ ᠵᠡᠷᠭᠡ ᠰᠠᠭᠤᠷᠢ ᠳᠦᠬᠦᠭᠡᠷᠦᠮᠵᠢ ᠶᠢ ᠲᠡᠰᠵᠢᠭᠦᠯᠭᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠠᠶᠢᠭᠤᠯᠤᠯᠳᠠ ᠶᠢᠨ ᠵᠢᠱᠢᠶ᠎ᠠ ᠦᠵᠡᠭᠦᠯᠭᠦ ᠬᠤᠰᠢᠭᠤ ᠶᠢ ᠴᠤᠭᠴᠠᠯᠠᠬᠤ ᠪᠠᠷ ᠲᠤᠬᠢᠶᠠᠯ ᠪᠤᠯᠭᠠᠨ᠂ ︽ᠲᠦᠷᠪᠡᠨ ᠰᠠᠶᠢᠨ ᠭᠦᠳᠡᠭᠡ ᠲᠤᠰᠬᠤᠨ ᠤ ᠵᠠᠮ︾᠎ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠨ᠎ᠠ᠃ ᠲᠠᠪᠢᠨ ᠤᠢ ᠰᠢᠭᠤᠢ ᠶᠢᠨ ᠲᠠᠯᠠᠪᠠᠢ ᠠᠴᠠ ᠱᠠᠪᠠᠷᠠᠩ᠂ ᠵᠢᠷ ᠤᠨ ᠭᠤᠤᠯ ᠠᠴᠠ ᠴᠠᠭᠠᠨ ᠳᠤᠯᠤᠭᠠᠢ ︵ᠴᠠᠨ᠎ᠠ ᠴᠡᠴᠡᠭ ᠎ ᠤᠨ ᠬᠦᠨᠳᠡᠢ︶᠂  ᠶᠠᠷᠭᠠᠶᠢᠳᠣ ᠠᠴᠠ ᠵᠢᠷ ᠤᠨ ᠭᠤᠤᠯ ᠭᠦᠷᠭᠦ 3 ᠵᠤᠷᠪᠤᠰ ᠮᠠᠯᠵᠢᠬᠤ ᠤᠷᠤᠨ ᠤ ᠵᠠᠰᠠᠮᠠᠯ ᠵᠠᠮ ᠢ ᠰᠢᠨ᠎ᠠ ᠪᠠᠷ ᠪᠠᠶᠢᠭᠤᠯᠬᠤ ᠪᠠᠷ ᠲᠦᠯᠦᠪᠯᠡᠨ᠂ ᠤᠯᠤᠰ ᠤᠨ ᠵᠠᠮ 306 ᠱᠤᠭᠤᠮ ᠤᠨ ᠲᠠᠰᠢᠭᠤᠷ ᠤᠨ ᠪᠤᠯᠠᠭ ᠠᠴᠠ ᠪᠠᠯᠭᠠᠷᠭᠤᠤᠯ ᠪᠠᠯᠭᠠᠰᠤ ᠭᠦᠷᠭᠦ ᠵᠠᠰᠠᠮᠠᠯ ᠵᠠᠮ ᠤᠨ ᠲᠦᠷᠦᠯ ᠵᠤᠶᠢᠯ ᠤᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠤᠨ᠎ᠠ᠃ ᠮᠠᠯᠵᠢᠬᠤ ᠤᠷᠤᠨ ᠤ ᠤᠰᠤ ᠤᠮᠳᠠ ᠶᠢᠨ ᠠᠮᠦᠷ ᠳᠦᠪᠰᠢᠨ ᠢ ᠪᠠᠳᠤᠳᠬᠠᠨ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ 100 ᠬᠤᠳᠳᠤᠭ ᠮᠠᠯᠳᠠᠬᠤ ᠪᠠᠷ ᠳᠦᠯᠦᠪᠯᠡᠨ᠂1000 ᠡᠷᠦᠬᠡ ᠶᠢᠨ ᠤᠤᠭᠤᠬᠤ ᠤᠰᠤᠨ ᠤ ᠹᠯᠤᠷ ᠤᠨ ᠠᠭᠤᠯᠤᠭᠳᠠᠴᠠ ᠪᠠᠷᠢᠮᠵᠢᠶ᠎ᠠ ᠠᠴᠠ ᠬᠡᠳᠦᠷᠡᠭᠰᠡᠨ ᠠᠰᠠᠭᠤᠳᠠᠯ ᠢ ᠰᠢᠢᠳᠪᠤᠷᠢᠯᠡᠵᠦ᠂ 400 ᠤᠰᠤ ᠬᠠᠳᠠᠭᠠᠯᠠᠬᠤ ᠵᠣᠭᠤᠷᠢ ᠶᠢ ᠪᠠᠶᠢᠭᠤᠯᠬᠤ ᠪᠠᠷ ᠴᠢᠷᠮᠠᠶᠢᠨ᠂ ᠮᠠᠯᠴᠢᠳ ᠤᠨ ᠤᠰᠤ ᠤᠮᠳᠠ ᠶᠢᠨ ᠠᠮᠦᠷ ᠳᠦᠪᠰᠢᠨ ᠤ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠎ᠡ᠃ ᠮᠠᠯᠵᠢᠬᠤ ᠤᠷᠤᠨ ᠤ ᠴᠠᠬᠢᠯᠭᠠᠨ ᠲᠤᠤᠷ ᠢ ᠳᠡᠰ ᠳᠡᠪᠰᠢᠬᠦᠯᠦᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠵᠦ᠂ ᠴᠠᠬᠢᠯᠭᠠᠨ ᠲᠤᠤᠷ ᠤᠨ ᠪᠦᠷᠬᠦᠴᠡ ᠶᠢ ᠦᠷᠭᠡᠳᠭᠡᠨ᠎ᠠ᠃ 1.13 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ 10 ᠺᠢᠯᠤᠸᠤᠯᠲ ᠤᠨ ᠱᠤᠭᠤᠮ 220 ᠺᠢᠯᠤᠮᠧᠲᠷ᠂ 0.4 ᠺᠢᠯᠤᠸᠤᠯᠲ ᠤᠨ ᠱᠤᠭᠤᠮ 50 ᠺᠢᠯᠤᠮᠧᠲᠷ ᠢ ᠰᠢᠨ᠎ᠠ ᠪᠠᠷ ᠪᠠᠶᠢᠭᠤᠯᠬᠤ ᠪᠠ ᠦᠭᠡᠷᠡᠴᠢᠯᠠᠨ ᠪᠠᠶᠢᠭᠤᠯᠵᠤ᠂ 350 ᠮᠠᠯᠵᠢᠬᠤ ᠡᠷᠦᠬᠡ ᠳᠤ ᠰᠢᠨ᠎ᠡ ᠪᠠᠷ ᠴᠠᠬᠢᠯᠭᠠᠨ ᠨᠡᠪᠳᠡᠷᠡᠭᠦᠯᠬᠦ ᠪᠠᠷ ᠳᠦᠯᠦᠪᠯᠡᠵᠦ ᠪᠤᠢ᠃ ᠴᠠᠬᠢᠯᠭᠠᠨ ᠴᠢᠮᠡᠭᠡ ᠬᠤᠯᠪᠤᠭ᠎ᠠ ᠶᠢ ᠲᠦᠭᠡᠮᠡᠯᠵᠢᠭᠦᠯᠦᠨ ᠤᠶᠢᠯᠡᠴᠢᠯᠡᠭᠦ ᠢᠨᠵᠧᠨᠧᠷᠢᠩ ᠤᠨ ᠪᠠᠶᠢᠭᠤᠯᠤᠯᠳᠠ ᠶᠢ ᠠᠭᠢᠭᠤᠯᠤᠨ᠂ ᠦᠪᠦᠷ ᠮᠣᠩᠭᠤᠯ ᠤᠨ ᠷᠠᠳᠢᠤ᠋ ᠲᠧᠯᠸᠢᠰ ᠲᠤᠤᠷ ᠰᠦᠯᠵᠢᠶᠡᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠡᠷᠦᠬᠡ ᠳᠤ ᠬᠦᠷᠭᠡᠬᠦ ᠢᠨᠵᠧᠨᠧᠷᠢᠩ ᠢ ᠬᠡᠷᠡᠭᠵᠢᠬᠦᠯᠵᠦ᠂ ᠵᠢᠯ ᠤᠨ ᠰᠡᠭᠦᠯᠴᠢ ᠪᠤᠯᠲᠠᠯ᠎ᠠ ᠤᠳᠠᠰᠤᠳᠤ ᠳᠤᠭᠠᠴᠢᠯᠠᠭᠰᠠᠨ ᠲᠧᠯᠸᠢᠰ ᠪᠠ ᠦᠷᠭᠡᠨ ᠪᠦᠰᠡᠳᠦ ᠳᠤᠤᠷ ᠰᠦᠯᠵᠢᠶ᠎ᠡ ᠶᠢᠨ ᠦᠢᠯᠡᠴᠢᠯᠡᠭᠡ ᠶᠢ ᠨᠡᠪᠲᠡᠷᠡᠬᠦᠯᠬᠦ ᠰᠠᠨᠠᠭᠠᠳᠠᠢ ᠮᠠᠯᠵᠢᠬᠤ ᠡᠷᠦᠬᠡ ᠳᠤ ᠪᠦᠬᠦᠨ ᠢ ᠨᠡᠪᠲᠡᠷᠡᠬᠦᠯᠵᠦ ᠥᠭᠬᠦ ᠪᠠᠷ ᠴᠢᠷᠮᠠᠶᠢᠨ᠎ᠠ᠃ ᠮᠠᠯᠵᠢᠬᠤ ᠤᠷᠤᠨ ᠤ 4G ᠲᠤᠤᠷ ᠰᠦᠯᠵᠢᠶ᠎ᠡ ᠶᠢᠨ ᠪᠦᠷᠬᠦᠴᠡ ᠶᠢ ᠦᠷᠭᠡᠳᠭᠡᠨ᠂ ᠭᠠᠷ ᠤᠳᠠᠰᠤ ᠨᠡᠪᠳᠡᠷᠡᠭᠦ ᠦᠭᠡᠢ ᠠᠰᠠᠭᠤᠳᠠᠯ ᠢ ᠰᠢᠢᠳᠪᠤᠷᠢᠯᠡᠨ᠎ᠡ᠃     ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠪᠠᠨ ᠴᠢᠩᠭᠠᠳᠬᠠᠨ᠎ᠠ᠃ ᠤᠷᠤᠰᠢᠨ ᠰᠠᠭᠤᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠨᠠᠶᠢᠳᠠᠪᠤᠷᠢᠵᠢᠭᠤᠯᠵᠦ᠂ ᠮᠠᠯᠵᠢᠬᠤ ᠤᠷᠤᠨ ᠤ ᠤᠯᠠᠨ ᠳᠦᠮᠡᠨ ᠤ ᠠᠮᠢᠳᠤᠷᠠᠯ ᠤᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠎ᠠ᠃ ᠪᠤᠳᠠᠳᠠᠢ ᠬᠠᠷᠠᠯᠲᠠ ᠪᠣᠯ᠄ ᠭᠠᠴᠠᠭ᠎ᠠ ᠲᠡᠰ ᠤᠨ ᠳᠦᠯᠦᠪᠵᠢᠭᠦᠯᠭᠡ ᠶᠢᠨ ᠨᠤᠷᠮ᠎ᠠ ᠶᠢ 100%᠎ ᠳᠤ ᠬᠦᠷᠭᠡᠨ᠎ᠡ᠃ ᠬᠠᠶᠠᠭᠳᠠᠮᠠᠯ ᠪᠤᠳᠠᠰ ᠢ ᠬᠤᠷᠢᠶᠠᠨ ᠵᠦᠭᠡᠭᠡᠪᠤᠷᠢᠯᠡᠵᠤ ᠰᠢᠢᠳᠪᠤᠷᠢᠯᠡᠭᠦ ᠰᠢᠰᠲ᠋ᠧᠮ ᠤᠨ ᠪᠦᠷᠬᠦᠬᠦ ᠨᠤᠷᠮ᠎ᠠ ᠶᠢ 67%᠎ ᠳᠤ ᠬᠦᠷᠭᠡᠨ᠎ᠡ᠃ ᠵᠤᠷᠯᠤᠩ ᠲᠦᠭᠡᠮᠡᠯᠵᠢᠭᠦᠯᠦᠭᠰᠡᠨ ᠨᠤᠷᠮ᠎ᠠ ᠶᠢ 75%᠎ ᠳᠤ ᠬᠦᠷᠭᠡᠨ᠎ᠡ᠃ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠠᠷᠭᠠᠯ ᠭᠦᠷᠵᠡᠩ ᠢ ᠰᠢᠢᠳᠪᠤᠷᠢᠯᠡᠬᠦ ᠳᠦᠬᠦᠭᠡᠷᠦᠮᠵᠢ ᠶᠢ ᠢᠵᠢ ᠪᠦᠷᠢᠳᠦᠭᠦᠯᠬᠦ ᠨᠤᠷᠮ᠎ᠠ ᠶᠢ 80%᠎ ᠳᠤ ᠬᠦᠷᠭᠡᠨ᠎ᠡ᠃ ᠤᠷᠤᠰᠢᠨ ᠰᠠᠭᠤᠬᠤ ᠤᠷᠴᠢᠨ ᠳᠤᠭᠤᠷᠢᠨ ᠤ ᠤᠷᠳᠤ ᠬᠤᠭᠤᠴᠠᠭᠠᠨ ᠤ ᠳᠦᠷᠢᠮᠵᠢᠭᠰᠡᠨ ᠬᠠᠮᠢᠶᠠᠷᠤᠯᠳᠠ ᠶᠢᠨ ᠳᠦᠷᠢᠮ ᠢ ᠪᠠᠶᠢᠭᠤᠯᠤᠭᠰᠠᠨ ᠭᠠᠴᠠᠭ᠎ᠠ ᠶᠢ 50%᠎ ᠳᠤ ᠬᠦᠷᠭᠡᠨ᠎ᠡ᠃ ᠤᠷᠴᠢᠨ ᠳᠤᠭᠤᠷᠢᠨ ᠢ ᠵᠠᠰᠠᠨ ᠴᠡᠭᠴᠡᠯᠡᠬᠦ ᠠᠭᠤᠯᠭ᠎ᠠ ᠶᠢ ᠭᠠᠴᠠᠭᠠᠨ ᠤ ᠳᠦᠷᠢᠮ᠂ ᠠᠷᠠᠳ ᠤᠨ ᠭᠡᠷ᠎ᠡ ᠎ ᠳᠡᠭᠡᠨ ᠤᠷᠤᠭᠤᠯᠤᠭᠰᠠᠨ ᠭᠠᠴᠠᠭ᠎ᠠ ᠶᠢ 65%᠎ ᠳᠤ ᠬᠦᠷᠭᠡᠨ᠎ᠡ᠃     ︵ᠲᠤᠯᠤᠭ᠎ᠠ︶ ᠦᠭᠡᠷᠡᠴᠢᠯᠠᠯᠳᠠ ᠶᠢ ᠨᠡᠩ ᠭᠦᠨ ᠭᠦᠨᠵᠡᠭᠡᠢ ᠠᠬᠢᠭᠤᠯᠤᠨ᠎ᠠ᠃     ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠠᠬᠢᠭᠤᠯᠤᠨ᠎ᠠ᠃ ︽ᠨᠢᠭᠡ ᠲᠢᠩᠬᠢᠮ᠂ ᠨᠢᠭᠡ ᠦᠷᠳᠡᠭᠡᠨ ᠤ ᠬᠡᠯᠪᠡᠷᠢ︾᠎ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠡᠬᠢᠯᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠪᠠ ᠬᠢᠨᠠᠨ ᠵᠦᠪᠰᠢᠶᠡᠷᠡᠯ ᠤᠨ ᠬᠠᠮᠢᠶᠠᠲᠠᠢ ᠭᠦᠢᠴᠡᠳᠬᠡᠬᠦ ᠶᠠᠪᠤᠳᠠᠯ ᠢ ᠪᠦᠬᠦᠨ ᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠭᠢᠮ ᠲᠤ ᠤᠷᠤᠭᠤᠯᠤᠨ᠎ᠠ᠃ ᠤᠶᠢᠯᠡᠴᠢᠯᠡᠭᠡᠨ ᠤ ᠲᠢᠩᠭᠢᠮ ᠲᠤ ᠭᠦᠢᠴᠡᠳᠬᠡᠬᠦ ᠵᠠᠰᠠᠭ ᠤᠨ ᠶᠠᠪᠤᠳᠠᠯ ᠢ ᠳᠤᠤᠷ ᠰᠦᠯᠵᠢᠶᠡᠨ ᠳᠤ ᠭᠦᠢᠴᠡᠳᠬᠡᠬᠦ ᠶᠠᠪᠤᠴᠠ ᠶᠢ ᠲᠦᠷᠭᠡᠳᠭᠡᠨ᠂ ᠵᠢᠯ ᠤᠨ ᠡᠴᠦᠰ ᠠᠴᠠ ᠡᠮᠦᠨ᠎ᠡ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠᠨ ᠳᠤ ᠵᠢᠬᠰᠠᠭᠠᠭᠰᠠᠨ ᠵᠠᠰᠠᠭ ᠤᠨ ᠦᠢᠯᠡᠴᠢᠯᠡᠭᠡᠨ ᠤ ᠶᠠᠪᠤᠳᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 70%᠎ ᠠᠴᠠ ᠳᠡᠭᠡᠭᠰᠢ ᠪᠤᠯᠭᠠᠬᠤ ᠪᠠᠷ ᠴᠢᠷᠮᠠᠶᠢᠨ᠎ᠠ᠃ ︽ᠨᠢᠭᠡ ᠴᠤᠩᠬᠤᠨ ᠳᠤ ᠬᠦᠯᠢᠶᠡᠨ ᠠᠪᠴᠦ᠂ ᠶᠡᠷᠦᠩᠭᠡᠶᠢᠯᠡᠭᠰᠡᠨ ᠤᠶᠢᠯᠡᠴᠢᠯᠡᠭᠡ ᠬᠠᠩᠭᠠᠬᠤ︾᠎ ᠶᠢ ᠠᠬᠢᠭᠤᠯᠤᠨ᠎ᠠ᠃ ᠳᠡᠰ ᠲᠠᠷᠠᠭᠠᠯᠠᠯ ᠢ ᠲᠠᠬᠢᠨ ᠳᠦᠰᠦᠪᠯᠡᠬᠦ ᠪᠠ ᠬᠤᠯᠪᠤᠭᠠᠯᠠᠨ ᠬᠢᠨᠠᠨ ᠵᠦᠪᠰᠢᠶᠡᠷᠡᠬᠦ ᠠᠵᠢᠯ ᠢ ᠰᠠᠶᠢᠳᠤᠷ ᠠᠳᠬᠤᠵᠦ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠤᠯᠠᠮ ᠪᠤᠭᠤᠨᠢᠰᠬᠠᠨ᠂ ︽ᠨᠢᠭᠡᠯᠡ ᠴᠤᠩᠬᠤᠨ ᠳᠤ ᠬᠦᠷᠴᠦ᠂ ᠤᠯᠠᠨ ᠤᠴᠢᠷ ᠰᠢᠢᠳᠪᠦᠷᠢᠯᠡᠬᠦ︾᠎ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠠᠷᠠᠯᠵᠢᠶ᠎ᠠ ᠡᠷᠬᠢᠯᠡᠬᠦ ᠤᠷᠴᠢᠨ ᠢ ᠪᠦᠬᠦ ᠲᠠᠯ᠎ᠠ ᠪᠠᠷ ᠰᠢᠯᠢᠳᠡᠭᠵᠢᠬᠦᠯᠦᠨ᠎ᠡ᠃ ᠡᠯ᠎ᠡ ᠬᠦᠷᠢᠶ᠎ᠡ ᠬᠡᠪᠴᠢᠶᠡᠨ ᠤ ᠬᠢᠨᠠᠨ ᠵᠦᠪᠰᠢᠶᠡᠷᠡᠬᠦ ᠠᠯᠬᠤᠮ ᠲᠠᠷᠠᠭᠠᠯᠠᠯ ᠢ ᠤᠯᠠᠮ ᠳᠦᠭᠦᠮᠴᠢᠯᠡᠨ ᠰᠢᠯᠢᠳᠡᠭᠵᠢᠬᠦᠯᠵᠦ᠂ ᠪᠡᠯᠡ ᠤᠷᠤᠭᠤᠯᠤᠯᠳᠠ ᠶᠢᠨ ᠳᠦᠷᠦᠯ ᠵᠦᠢᠯ ᠳᠤ ᠤᠯᠠᠨ ᠦᠨᠡᠯᠡᠯᠲᠡ ᠶᠢ ᠨᠢᠭᠡᠳᠬᠡᠬᠦ᠂ ᠬᠤᠯᠪᠤᠭᠠᠯᠠᠨ ᠬᠢᠨᠠᠨ ᠵᠦᠪᠰᠢᠶᠡᠷᠡᠬᠦ ᠠᠷᠭ᠎ᠠ ᠭᠡᠮᠵᠢᠶ᠎ᠠ ᠶᠢ ᠰᠦᠪᠡᠭᠴᠢᠯᠡᠨ ᠭᠡᠷᠡᠭᠵᠢᠭᠦᠯᠵᠤ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠳᠤ ᠬᠤᠯᠪᠤᠭᠠᠯᠠᠨ ᠪᠠᠶᠢᠴᠠᠭᠠᠬᠤ᠂ ᠵᠢᠷᠤᠭ ᠢ ᠬᠢᠨᠠᠬᠤ᠂ ᠬᠡᠮᠵᠢᠨ ᠵᠢᠷᠤᠬᠤ ᠪᠠ ᠰᠢᠯᠭᠠᠨ ᠠᠪᠬᠤ ᠠᠷᠭ᠎ᠠ ᠭᠡᠮᠵᠢᠶ᠎ᠠ ᠶᠢ ᠲᠦᠭᠡᠮᠡᠯᠵᠢᠭᠦᠯᠦᠨ᠎ᠠ᠃ ᠡᠳ᠋ ᠤᠨ ᠵᠠᠰᠠᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠭᠦᠨᠵᠡᠭᠡᠶᠢᠷᠡᠭᠦᠯᠦᠨ᠎ᠠ᠃ ᠲᠦᠰᠦᠪ ᠤᠨ ᠦᠷ᠎ᠡ ᠪᠦᠳᠦᠮᠵᠢ ᠶᠢᠨ ᠬᠠᠮᠢᠶᠠᠷᠤᠯᠳᠠ ᠶᠢ ᠪᠦᠭᠦ ᠲᠠᠯ᠎ᠠ ᠪᠠᠷ ᠭᠡᠷᠡᠭᠵᠢᠭᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠠ ᠶᠢ ᠰᠢᠯᠢᠳᠡᠭᠵᠢᠭᠦᠯᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ᠂ ᠭᠦᠳᠡᠭᠡ ᠲᠤᠰᠬᠤᠨ ᠮᠠᠯᠵᠢᠬᠤ ᠤᠷᠤᠨ ᠢ ᠭᠦᠭᠵᠢᠭᠦᠯᠦᠨ ᠮᠠᠨᠳᠤᠭᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠦᠷᠢᠶ᠎ᠠ ᠭᠡᠪᠴᠢᠶᠠᠨ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠭᠦᠯᠦᠨ᠎ᠠ᠃ ᠲᠤᠤᠷ᠎ᠠ ᠦᠷ᠎ᠡ ᠠᠰᠢᠭᠳᠤ ᠵᠠᠷᠤᠯᠭ᠎ᠠ ᠶᠢ ᠪᠠᠭᠠᠰᠬᠠᠵᠤ᠂ ᠡᠳ᠋ ᠤᠨ ᠵᠠᠰᠠᠭ ᠤᠨ ᠨᠦᠭᠡᠴᠠ ᠪᠡᠯᠡ ᠮᠦᠩᠭᠦ ᠶᠢ ᠪᠦᠳᠦᠮᠵᠢᠳᠡᠢ ᠪᠠᠷ ᠪᠤᠳᠠᠳᠤ ᠡᠷᠬᠢᠯᠳᠠ ᠳᠤ ᠤᠷᠤᠭᠤᠯᠤᠨ᠎ᠠ᠃     ︵ᠨᠠᠢᠮᠠ︶ ᠠᠷᠠᠳ ᠤᠨ ᠠᠮᠢᠳᠤᠷᠠᠯ ᠤᠨ ᠬᠢᠷᠢ ᠳᠦᠪᠰᠢᠨ ᠢ ᠪᠠᠳᠤᠯᠠᠨ ᠰᠠᠶᠢᠵᠢᠷᠠᠭᠤᠯᠤᠨ᠎ᠠ᠃     ᠠᠵᠢᠯ ᠤᠯᠭᠤᠯᠳᠠ ᠶᠢ ᠲᠤᠭᠳᠠᠭᠤᠨ ᠢᠶᠠᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠮᠠᠯᠵᠢᠬᠤ ᠣᠷᠣᠨ ᠤ ᠢᠯᠡᠭᠦᠦ ᠬᠦᠳᠡᠯᠮᠦᠷᠢ ᠬᠦᠴᠦᠨ᠂ ᠠᠵᠢᠯ ᠣᠯᠬᠤ ᠳᠤ ᠬᠦᠴᠢᠷ ᠎ ᠲᠠᠢ ᠬᠦᠮᠦᠰ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠨᠢᠭᠡᠳᠦᠯᠳᠡᠢ ᠳᠦᠯᠦᠪᠯᠡᠨ ᠰᠠᠶᠢᠲᠤᠷ ᠬᠢᠵᠦ᠂ ᠠᠵᠢᠯ ᠠᠯᠳᠠᠬᠤ ᠳᠦᠭᠰᠢᠬᠦᠷᠢ ᠶᠢ ᠰᠡᠷᠭᠡᠶᠢᠯᠡᠨ᠎ᠡ᠃ ᠠᠵᠤ ᠠᠬᠤᠶᠢᠯᠠᠯ ᠤᠨ ᠠᠵᠢᠯᠴᠢᠨ ᠭᠡᠷᠡᠭᠰᠡᠭᠦ ᠬᠡᠷᠡᠭᠴᠡᠭᠡ ᠱᠠᠭᠠᠷᠳᠠᠯᠭ᠎ᠠ ᠳᠤ ᠴᠢᠭᠯᠡᠬᠦᠯᠦᠨ᠂ ᠠᠵᠢᠯ ᠮᠡᠷᠭᠡᠵᠢᠯ ᠤᠨ ᠪᠤᠯᠪᠠᠰᠤᠷᠠᠯ ᠦᠷᠨᠢᠬᠦᠯᠦᠨ᠎ᠡ᠃ ᠲᠤᠰᠬᠠᠢ ᠠᠵᠢᠯᠴᠢᠨ ᠡᠯᠰᠡᠬᠦ ᠬᠤᠷᠠᠯ ᠢ ᠵᠤᠬᠢᠶᠠᠨ ᠪᠠᠶᠢᠭᠤᠯᠵᠤ᠂ ᠠᠵᠢᠯᠴᠢᠨ ᠡᠯᠰᠡᠬᠦ ᠪᠠᠶᠢᠭᠤᠯᠭ᠎ᠠ ᠪᠠ ᠡᠯ᠎ᠡ ᠳᠦᠷᠦᠯ ᠤᠨ ᠴᠢᠳᠠᠪᠤᠷᠢᠳᠠᠨ ᠳᠤ ᠲᠠᠪᠴᠠᠩ ᠬᠠᠩᠭᠠᠵᠦ ᠥᠭᠬᠦᠨ᠎ᠡ᠃ 3000 ᠠᠵᠢᠯ ᠤᠨ ᠪᠠᠶᠢᠷᠢ ᠶᠢ ᠴᠤᠭᠯᠠᠭᠤᠯᠬᠤ ᠪᠠᠷ ᠳᠦᠯᠦᠪᠯᠡᠵᠦ᠂ ᠬᠤᠲᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠳ ᠤᠨ ᠨᠤᠷᠮ᠎ᠠ ᠶᠢ 3.5%᠎ ᠶᠢᠨ ᠳᠤᠳᠤᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠵᠡᠷᠭᠡ ᠠᠷᠠᠳ ᠲᠤ ᠠᠰᠢᠭ ᠬᠦᠷᠳᠡᠭᠡᠬᠦ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠰᠢᠨ᠎ᠡ ᠶᠢ ᠡᠭᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠤᠨ ᠳᠠᠪᠴᠠᠩ ᠢ ᠪᠦᠳᠦᠮᠵᠢᠳᠠᠢ ᠠᠰᠢᠭᠯᠠᠨ᠂ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠲᠠᠶᠢᠴᠢᠯᠠᠨ᠎ᠠ᠃     ᠰᠤᠷᠭᠠᠨ ᠬᠦᠮᠦᠵᠢᠯ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠲᠤᠬᠠᠢ ᠰᠠᠨᠠᠯ︾ ᠪᠠ ︽ᠦᠨᠳᠤᠰᠦᠨ ᠰᠤᠷᠭᠠᠨ ᠭᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠯᠢᠳᠡᠭ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠴᠢᠷᠮᠠᠶᠢᠨ ᠦᠷᠭᠡᠳᠬᠡᠵᠦ᠂ ᠰᠤᠷᠭᠠᠭᠤᠯᠢ ᠡᠷᠬᠢᠯᠡᠬᠦ ᠬᠢᠷᠢ ᠳᠦᠪᠰᠢᠨ ᠪᠠ ᠵᠢᠭᠠᠨ ᠰᠤᠷᠭᠠᠯᠳᠠ ᠶᠢᠨ ᠶᠠᠰᠤ ᠴᠢᠨᠠᠷ ᠢ ᠮᠡᠳᠡᠭᠳᠡᠭᠦᠶᠢᠴᠡ ᠲᠡᠭᠡᠭᠰᠢᠯᠡᠭᠦᠯᠦᠨ᠎ᠠ᠃ ᠰᠤᠷᠭᠠᠭᠤᠯᠢ ᠶᠢᠨ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠵᠡᠷᠭᠡ 3 ᠦᠷᠭᠦᠯᠵᠢᠯᠡᠨ ᠪᠠᠶᠢᠭᠤᠯᠬᠤ ᠳᠦᠷᠦᠯ ᠵᠦᠢᠯ ᠢ ᠠᠬᠢᠭᠤᠯᠵᠦ᠂ 5 ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠤᠨ ᠭᠠᠯ ᠤᠨᠲᠠᠷᠠᠭᠠᠬᠤ ᠳᠦᠬᠦᠭᠡᠷᠦᠮᠵᠢ ᠶᠢ ᠦᠭᠡᠷᠡᠴᠢᠯᠡᠬᠦ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ᠂ ᠮᠣᠩᠭᠤᠯ ᠦᠨᠳᠦᠰᠦᠳᠡᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠦ᠂ ᠳᠦᠷᠪᠡᠳᠦᠭᠡᠷ ᠪᠠᠭ᠎ᠠ ᠰᠤᠷᠭᠠᠭᠤᠯᠢ ᠶᠢᠨ ᠭᠦᠳᠡᠯᠭᠡᠭᠡᠨ ᠤ ᠲᠠᠯᠠᠪᠠᠢ ᠶᠢ ᠵᠠᠰᠠᠨ ᠦᠭᠡᠷᠡᠴᠢᠯᠡᠵᠦ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠪᠠᠶᠢᠭᠤᠯᠤᠯᠳᠠ ᠶᠢᠨ ᠪᠡᠯᠡᠳᠬᠡᠯ ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ ᠪᠠᠭᠰᠢ ᠶᠢᠨ ᠡᠩᠨᠡᠭᠡ ᠶᠢ ᠵᠤᠬᠢᠰᠳᠠᠢ ᠲᠤᠬᠢᠷᠠᠭᠤᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠤᠷᠤᠨ ᠲᠤᠭᠠᠨ ᠤ ᠪᠤᠰᠤ ᠪᠠᠭᠰᠢ ᠶᠢ 168 ᠨᠡᠷ᠎ᠡ ᠡᠯᠰᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠰᠤᠯᠢᠯᠴᠠᠭ᠎ᠠ ᠶᠢ ᠦᠷᠨᠢᠬᠦᠯᠦᠨ᠎ᠡ᠃ ︽ᠨᠡᠷᠡᠳᠤ ᠪᠠᠭᠰᠢ ᠶᠢᠨ ᠠᠵᠢᠯᠯᠠᠬᠤ ᠦᠷᠦᠬᠡ︾᠎ ᠶᠢ ᠪᠠᠶᠢᠭᠤᠯᠵᠦ᠂ ᠨᠢᠭᠡ ᠡᠩᠨᠡᠭᠡ ᠵᠢᠱᠢᠶ᠎ᠡ ᠦᠵᠡᠬᠦᠯᠬᠦ ᠦᠢᠯᠡᠳᠦᠯ ᠢᠶᠠᠷ ᠴᠢᠩᠭ᠎ᠠ ᠨᠡᠷᠡᠳᠤ ᠪᠠᠭᠰᠢ ᠶᠢᠨ ᠪᠦᠯᠬᠦᠮ ᠢ ᠪᠠᠶᠢᠭᠤᠯᠤᠨ᠎ᠠ᠃     ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠬᠦᠯᠵᠦ᠂ ᠱᠠᠳᠤ ᠬᠤᠪᠢᠶᠠᠨ ᠤᠨᠤᠰᠢᠯᠠᠨ ᠡᠮᠨᠡᠭᠦ ᠳᠦᠷᠢᠮ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠮᠨᠡᠯᠭᠡ ᠶᠢᠨ ᠬᠤᠯᠪᠤᠭᠠᠯᠠᠭᠰᠠᠨ ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠳᠡᠭᠡᠳᠤ ᠱᠠᠳᠤᠨ ᠤ ᠡᠮᠨᠡᠯᠭᠡ ᠶᠢᠨ ᠬᠤᠷᠢᠶ᠎ᠡ ᠲᠠᠢ ᠭᠦᠨᠵᠡᠭᠡᠢ ᠬᠤᠷᠰᠢᠨ᠂ ᠠᠯᠤᠰ ᠡᠵᠡᠮᠰᠢᠯ ᠢᠶᠠᠷ ᠤᠨᠤᠰᠢᠯᠠᠬᠤ ᠠᠭᠤᠯᠭ᠎ᠠ ᠪᠠ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠡᠮᠴᠢᠯᠡᠭᠡᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠦᠨ᠎ᠡ᠃ 5 ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠡ ᠪᠠ 4 ᠡᠷᠡᠬᠦᠯ ᠬᠠᠮᠠᠭᠠᠯᠠᠯ ᠤᠨ ᠬᠤᠷᠢᠶᠠᠨ ᠤ ᠪᠠᠶᠢᠷᠢ ᠶᠢ ᠰᠢᠨ᠎ᠡ ᠪᠠᠷ ᠪᠠᠶᠢᠭᠤᠯᠬᠤ ᠪᠠᠷ ᠲᠦᠯᠦᠪᠯᠡᠨ᠂ ᠨᠡᠶᠢᠭᠡᠮ ᠠᠴᠠ 53 ᠨᠡᠷ᠎ᠡ ᠡᠷᠡᠬᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠠᠵᠢᠯᠳᠠᠨ ᠡᠯᠰᠡᠨ᠎ᠡ᠃ ᠮᠤᠩᠭᠤᠯ ᠡᠮ ᠡᠮᠨᠡᠯᠭᠡ ᠶᠢ ᠬᠦᠭᠵᠢᠬᠦᠯᠦᠨ ᠮᠠᠨᠳᠤᠭᠤᠯᠬᠤ ᠳᠦᠯᠦᠪᠵᠢᠬᠦᠯᠭᠡ ᠶᠢ ᠭᠡᠷᠡᠭᠵᠢᠭᠦᠯᠦᠨ᠂ ᠮᠤᠩᠭᠤᠯ ᠡᠮ ᠨᠠᠶᠢᠷᠠᠬᠤ ᠲᠠᠰᠤᠭ ᠢ ᠠᠰᠢᠭᠯᠠᠯᠳᠠ ᠳᠤ ᠤᠷᠤᠭᠤᠯᠵᠦ᠂ ᠦᠨᠳᠦᠰᠦᠨ ᠱᠠᠳᠤᠨ ᠤ ︽ᠮᠤᠩᠭᠤᠯ ᠡᠮᠨᠡᠯᠭᠡ ᠶᠢᠨ ᠭᠠᠵᠠᠷ︾᠎ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠭᠡ ᠨᠢᠯᠬᠠᠰ ᠤᠨ ᠡᠷᠡᠭᠦᠯᠵᠢᠯ ᠲᠦᠯᠦᠪᠯᠡᠭᠡᠳᠦ ᠦᠷᠡᠵᠢᠯ ᠤᠨ ᠤᠶᠢᠯᠡᠴᠢᠯᠡᠭᠡᠨ ᠤ ᠲᠦᠪ ᠤᠨ ᠶᠡᠷᠦᠩᠭᠡᠶᠢᠯᠡᠭᠰᠡᠨ ᠠᠰᠠᠷ ᠤᠨ ᠪᠠᠷᠢᠯᠭ᠎ᠠ ᠶᠢ ᠠᠰᠢᠭᠯᠠᠯᠳᠠ ᠳᠤ ᠤᠷᠤᠭᠤᠯᠤᠨ᠎ᠠ᠃ ᠡᠮᠨᠡᠬᠦ ᠰᠤᠪᠢᠯᠠᠬᠤ ᠶᠢ ᠤᠶᠠᠯᠳᠤᠭᠤᠯᠵᠦ᠂ ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠤᠨ ᠨᠠᠰᠤᠳᠠᠨ ᠢ ᠠᠰᠠᠷᠠᠬᠤ ᠰᠢᠰᠲ᠋ᠧᠮ ᠢ ᠳᠡᠭᠦᠯᠳᠡᠷᠵᠢᠬᠦᠯᠦᠨ᠎ᠡ᠃ ᠡᠷᠡᠬᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠳᠦᠭᠡᠯ ᠢᠶᠠᠨ ᠦᠷᠭᠦᠯᠵᠢᠯᠡᠨ ᠪᠠᠳᠤᠳᠬᠠᠵᠦ᠂  ᠤᠷᠴᠢᠨ ᠳᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ ᠶᠢ ᠦᠷᠨᠢᠬᠦᠯᠦᠨ᠎ᠡ᠃     ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠨᠡᠶᠢᠭᠡᠮ ᠤᠨ ᠪᠠᠳᠤᠯᠠᠭ᠎ᠠ ᠶᠢᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠬᠠᠤᠯᠢ ᠳᠤ ᠲᠤᠭᠳᠠᠭᠠᠭᠰᠠᠨ ᠠᠵᠢᠯ ᠎ ᠠᠴᠠ ᠠᠮᠠᠷᠠᠬᠤ ᠨᠠᠰᠤ ᠨᠢ 10 ᠵᠢᠯ ᠭᠦᠷᠭᠦ ᠦᠭᠡᠢ ᠪᠠᠶᠢᠳᠠᠯ ᠳᠤ ᠠᠵᠢᠯ ᠠᠯᠳᠠᠭᠰᠠᠨ ᠠᠵᠢᠯᠳᠠᠳ ᠲᠤ ᠨᠡᠶᠢᠭᠡᠮ ᠤᠨ ᠳᠠᠭᠠᠳᠬᠠᠯ ᠤᠨ ᠨᠦᠬᠦᠪᠦᠷᠢ ᠤᠯᠭᠤᠨ᠎ᠠ᠃ ᠴᠠᠯᠢᠩ ᠭᠦᠯᠦᠰᠦ ᠦᠷᠢᠳᠦᠭᠦ ᠠᠵᠢᠯᠯᠠᠭ᠎ᠠ ᠶᠢ ᠵᠠᠰᠠᠬᠤ ᠪᠠ ᠴᠠᠯᠢᠩ ᠭᠦᠯᠦᠰᠦ ᠪᠠᠨ ᠤᠯᠬᠤ ᠶᠢ ᠪᠠᠳᠤᠯᠠᠬᠤ ᠠᠵᠢᠯ ᠤᠨ ᠲᠤᠭᠳᠠᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ︽ᠬᠤᠶᠠᠷ ᠳᠦᠷᠦᠯ ᠤᠨ ᠴᠠᠯᠢᠩ ᠭᠦᠯᠦᠰᠦ ᠶᠢ ᠪᠠᠳᠤᠯᠠᠬᠤ ᠪᠡᠯᠡ ᠮᠦᠩᠭᠦ ᠪᠠ ᠭᠤᠷᠪᠠᠨ ᠬᠠᠷᠢᠭᠤᠴᠠᠬᠤ ᠲᠦᠷᠢᠮ︾᠎ ᠢ ᠴᠢᠩᠭ᠎ᠠ ᠨᠠᠶᠢᠳᠠᠪᠤᠷᠢᠵᠢᠭᠤᠯᠤᠨ᠂ ᠭᠦᠯᠦᠰᠦᠨ ᠠᠵᠢᠯᠳᠠᠨ ᠤ ᠴᠠᠯᠢᠩ ᠭᠦᠯᠦᠰᠦ ᠦᠷᠢᠳᠦᠭᠦ ᠠᠰᠠᠭᠤᠳᠠᠯ ᠢ ᠪᠦᠭᠦ ᠲᠠᠯ᠎ᠠ ᠪᠠᠷ ᠵᠠᠰᠠᠬᠤ ᠤᠷᠳᠤ ᠬᠤᠭᠤᠴᠠᠭᠠᠨ ᠤ ᠲᠤᠭᠳᠠᠴᠠ ᠶᠢ  ᠲᠡᠭᠦᠯᠳᠡᠷᠵᠢᠭᠦᠯᠦᠨ᠎ᠠ᠃ ᠮᠠᠯᠵᠢᠬᠤ ᠤᠷᠤᠨ ᠤ ᠨᠠᠰᠤᠵᠢᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠵᠦ᠂ ᠨᠠᠰᠤᠵᠢᠯ ᠤᠨ ᠪᠠᠶᠢᠭᠤᠯᠤᠮᠵᠢ ᠶᠢᠨ ︽ᠠᠯᠪᠠᠨ ᠠᠴᠠ ᠪᠠᠶᠢᠭᠤᠯᠤᠨ ᠠᠷᠠᠳ ᠠᠴᠠ ᠡᠵᠡᠩᠨᠡᠬᠦ︾ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠦᠨ᠎ᠡ᠃ ᠳᠦᠭᠦᠮ ᠪᠦᠳᠦᠴᠡᠳᠤ ᠤᠷᠤᠨ ᠰᠠᠭᠤᠴᠠ ᠶᠢ ᠦᠭᠡᠷᠡᠴᠢᠯᠡᠬᠦ ᠠᠵᠢᠯ ᠤᠨ ᠪᠡᠯᠡ ᠬᠤᠷᠠᠮᠳᠤᠭᠤᠯᠬᠤ ᠳᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠲᠠᠢ ᠵᠤᠬᠢᠴᠠᠭᠤᠯᠵᠦ᠂ ᠳᠦᠭᠦᠮ ᠪᠦᠳᠦᠴᠡᠳᠤ ᠤᠷᠤᠨ ᠰᠠᠭᠤᠴᠠ ᠶᠢᠨ ᠳᠤᠭᠤᠷᠢᠭ ᠤᠨ 500 ᠭᠡᠷ ᠢ ᠦᠭᠡᠷᠡᠴᠢᠯᠡᠨ ᠰᠠᠶᠢᠵᠢᠷᠠᠭᠤᠯᠬᠤ ᠪᠠᠷ ᠴᠢᠷᠮᠠᠶᠢᠨ᠎ᠠ᠃ ᠤᠷᠤᠨ ᠰᠠᠭᠤᠴᠠ ᠶᠢᠨ ᠥᠯᠥ ᠬᠦᠳᠡᠯᠬᠦ ᠬᠦᠷᠦᠩᠬᠡ ᠶᠢᠨ ᠦᠨᠡᠮᠯᠡᠯ ᠢ ᠭᠦᠢᠴᠡᠳᠬᠡᠬᠦ ᠠᠵᠢᠯ ᠤᠨ ᠦᠯᠡᠳᠡᠭᠳᠡᠯ ᠠᠰᠠᠭᠤᠳᠠᠯ ᠢ ᠳᠦᠷᠭᠡᠨ ᠰᠢᠢᠳᠪᠦᠷᠢᠯᠡᠵᠦ᠂ ᠵᠢᠯ ᠤᠨ ᠡᠴᠦᠰ ᠠᠴᠠ ᠡᠮᠦᠨ᠎ᠡ ᠦᠨᠳᠦᠰᠦᠨ ᠳᠡᠭᠡᠨ ᠰᠢᠢᠳᠪᠤᠷᠢᠯᠡᠬᠦ ᠶᠢ ᠪᠠᠳᠤᠯᠠᠨ᠎ᠠ᠃ ᠪᠠᠯᠭᠠᠷ ᠭᠤᠣᠯ ᠢ ᠭᠠᠳᠤᠯᠬᠤ ᠶᠡᠷᠤᠩᠬᠡᠶᠢᠯᠡᠭᠰᠡᠨ ᠬᠤᠩᠬᠢᠯ ᠢ ᠪᠠᠶᠢᠭᠤᠯᠵᠦ᠂ ᠳᠦᠪᠯᠡᠷᠡᠬᠦᠯᠦᠨ ᠤᠰᠤ ᠳᠤᠯᠠᠭᠠᠯᠠᠭ᠎ᠠ ᠬᠠᠩᠭᠠᠬᠤ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠵᠤᠶᠢᠯ ᠤᠨ ᠤᠶᠢᠯᠡᠴᠢᠯᠡᠬᠦ ᠭᠡᠪᠴᠢᠶ᠎ᠠ ᠶᠢ ᠦᠷᠭᠡᠳᠬᠡᠨ᠎ᠡ᠃ ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠢ ᠵᠠᠰᠠᠨ ᠦᠭᠡᠷᠡᠴᠢᠯᠡᠬᠦ ᠠᠵᠢᠯ ᠢ ᠡᠮᠬᠢ ᠴᠡᠭᠴᠡ ᠲᠠᠢ ᠠᠬᠢᠭᠤᠯᠵᠦ᠂ ︽ᠭᠡᠷ ᠭᠦᠷᠢᠶᠠᠨ ᠤ ᠬᠠᠮᠢᠶᠠᠷᠤᠯᠳᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠣᠨ︾᠎ ᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠤᠯᠤᠰ ᠤᠨ ᠳᠡᠰ ᠤᠨ ᠴᠡᠴᠡᠷᠯᠢᠭᠳᠦ ᠰᠢᠶᠠᠨ ᠬᠤᠰᠢᠭᠤ ᠶᠢ ᠴᠤᠭᠴᠠᠯᠠᠨ ᠪᠠᠶᠢᠭᠤᠯᠬᠤ ᠳᠤ ᠨᠦᠬᠦᠴᠡᠯ ᠪᠦᠷᠢᠯᠳᠦᠬᠦᠯᠦᠨ᠎ᠡ᠃     ᠪᠤᠯᠪᠠᠰᠤᠨ ᠪᠠᠷᠠᠭᠤᠨ ᠦᠵᠦᠮᠦᠴᠢᠨ ᠬᠤᠰᠢᠭᠤ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠶᠠᠷᠢᠶ᠎ᠠ ᠬᠡᠯᠡᠯᠴᠡᠭᠡᠨ ᠤ ᠡᠷᠬᠡ ᠶᠢ ᠪᠠᠲᠥ ᠡᠵᠡᠮᠰᠢᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠨ᠎ᠡ᠃ ᠡᠷᠭᠡᠳᠦ ᠠᠷᠠᠳ ᠤᠨ ᠶᠤᠰᠤ ᠰᠤᠷᠳᠠᠬᠤᠨ ᠤ ᠪᠠᠶᠢᠭᠤᠯᠤᠯᠳᠠ ᠶᠢᠨ ᠢᠨᠵᠧᠨᠧᠷᠢᠩ ᠢ ᠭᠦᠨᠵᠡᠭᠡᠢ ᠭᠡᠷᠡᠭᠵᠢᠭᠦᠯᠵᠤ᠂ ᠪᠤᠯᠪᠠᠰᠤᠨ ᠭᠡᠷ ᠪᠦᠯᠢ ᠶᠢ ᠪᠠᠶᠢᠭᠤᠯᠤᠨ᠂ ᠰᠢᠨ᠎ᠠ ᠭᠡᠪ ᠰᠤᠷᠳᠠᠯ ᠢ ᠪᠠᠳᠠᠷᠠᠭᠤᠯᠵᠤ᠂ ᠨᠡᠶᠢᠭᠡᠮ ᠤᠨ ᠪᠤᠯᠪᠠᠰᠤᠨ ᠤ ᠭᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠠ᠃ ᠤᠯᠠᠭᠠᠨᠮᠦ᠋ᠴᠢᠷ ᠤᠨ ᠠᠵᠢᠯ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠵᠦ᠂ ᠤᠯᠠᠭᠠᠨᠮᠦ᠋ᠴᠢᠷ ᠤᠨ ᠤᠷᠠᠯᠢᠭ ᠤᠨ ᠲᠥᠪ ᠢ ᠡᠬᠢᠯᠡᠬᠦᠯᠦᠨ ᠪᠠᠶᠢᠭᠤᠯᠤᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠬᠦᠯᠵᠦ᠂ ︽ᠵᠠᠭᠤᠨ ᠪᠦᠯᠬᠦᠮ ᠮᠢᠩᠭᠠᠨ ᠲᠠᠯᠠᠪᠠᠢ︾ ᠦᠨᠳᠦᠰᠦᠨ ᠱᠠᠳᠤᠨ ᠳᠤ ᠪᠠᠭᠤᠵᠦ ᠲᠤᠭᠯᠠᠯᠳᠠ ᠭᠠᠷᠭᠠᠬᠤ ᠠᠵᠢᠯᠯᠠᠭ᠎ᠠ ᠶᠢ ᠰᠠᠶᠢᠳᠤᠷ ᠦᠷᠨᠢᠬᠦᠯᠦᠨ᠎ᠡ᠃ ᠬᠠᠮ ᠵᠠᠭᠤᠴᠢᠯᠠᠭᠤᠷ ᠤᠨ ᠲᠥᠪ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠦ᠂ ᠨᠡᠶᠢᠭᠡᠮ ᠠᠴᠠ ᠤᠷᠤᠨ ᠲᠣᠭᠠᠨ ᠤ ᠪᠤᠰᠤ ᠠᠵᠢᠯᠳᠠᠨ 22 ᠨᠡᠷ᠎ᠡ ᠡᠯᠰᠡᠨ᠎ᠠ᠃ ᠤᠯᠠᠨ ᠨᠡᠶᠢᠲᠡ ᠶᠢᠨ ᠨᠣᠮ ᠤᠨ ᠰᠠᠩ᠂ ᠰᠤᠶᠤᠯ ᠤᠨ ᠤᠷᠳᠤᠨ ᠢ ᠶᠡᠷᠤᠩᠬᠡᠢ ᠬᠤᠪᠢ ᠪᠠᠷ ᠵᠠᠬᠢᠷᠬᠤ ᠦᠭᠡᠷᠡᠴᠢᠯᠡᠯᠳᠡ ᠶᠢ ᠠᠬᠢᠭᠤᠯᠵᠦ᠂ ᠲᠤᠭᠠᠴᠢᠯᠠᠭᠰᠠᠨ ᠰᠤᠶᠤᠯ ᠤᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠲᠠᠮᠢᠷ ᠤᠨ ᠦᠢᠯᠡᠰ ᠢ ᠬᠦᠭᠵᠢᠬᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠮᠢᠷ ᠤᠨ ᠤᠷᠳᠤᠨ ᠤ ᠳᠦᠷᠦᠯ ᠵᠦᠢᠯ ᠤᠨ ᠪᠠᠶᠢᠭᠤᠯᠤᠯᠳᠠ ᠶᠢ ᠪᠡᠶᠡᠯᠡᠬᠦᠯᠦᠨ᠎ᠡ᠃     ᠠᠮᠤᠭᠤᠯᠠᠩ ᠪᠠᠷᠠᠭᠤᠨ ᠦᠵᠦᠮᠦᠴᠢᠨ ᠬᠤᠰᠢᠭᠤ ᠶᠢ ᠪᠠᠶᠢᠭᠤᠯᠤᠨ᠎ᠠ᠃ ᠨᠡᠶᠢᠭᠡᠮ ᠤᠨ ᠵᠠᠰᠠᠯᠳᠠ ᠶᠢ ᠴᠢᠩᠭᠠᠳᠬᠠᠬᠤ ᠪᠠ ᠰᠢᠨᠡᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠳᠠ ᠶᠢ  ᠠᠬᠢᠭᠤᠯᠤᠨ ᠂ ᠨᠡᠶᠢᠭᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠰᠢᠢᠳᠪᠤᠷᠢᠯᠡᠵᠤ᠂ ᠤᠯᠠᠨ ᠲᠦᠮᠡᠨ ᠤ ᠵᠦᠢ ᠶᠤᠰᠤᠨ ᠤ ᠭᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠤᠷᠢᠯᠡᠨ᠎ᠠ᠃ ᠬᠠᠷ᠎ᠠ ᠪᠦᠯᠦᠭ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠤᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠷᠠᠳ ᠲᠦᠮᠡᠨ ᠤ ᠠᠮᠤᠷ ᠲᠠᠶᠢᠪᠤᠩ ᠠᠮᠢᠳᠤᠷᠠᠯ ᠢ ᠬᠠᠮᠠᠭᠠᠯᠠᠨ᠎ᠠ᠃ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠤᠯᠠᠨ ᠲᠦᠮᠡᠨ ᠤ ᠠᠮᠢ ᠨᠠᠰᠤ ᠡᠷᠡᠭᠦᠯ ᠴᠢᠬᠢᠷᠠᠭ ᠤᠨ ᠠᠮᠤᠷ ᠲᠦᠪᠰᠢᠨ ᠤ ᠰᠡᠷᠭᠡᠶᠢᠯᠡᠯᠳᠠ ᠶᠢᠨ ᠱᠣᠭᠤᠮ ᠢ ᠪᠠᠳᠤ ᠰᠠᠬᠢᠨ᠎ᠠ᠃ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠳᠠ ᠪᠠ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠲᠤᠭᠳᠠᠴᠠ ᠶᠢ ᠪᠦᠷᠢᠨᠰᠢᠭᠦᠯᠦᠨ᠂ ᠠᠶᠤᠯ ᠲᠦᠭᠰᠢᠭᠦᠷᠢ ᠶᠢ ᠡᠵᠡᠮᠳᠡᠨ ᠬᠠᠮᠢᠶᠠᠷᠬᠤ᠂ ᠤᠷᠢᠳᠴᠢᠯᠠᠨ ᠰᠡᠷᠡᠮᠵᠢᠯᠡᠭᠦᠯᠵᠤ ᠤᠷᠢᠳᠴᠢᠯᠠᠨ ᠰᠡᠷᠭᠡᠶᠢᠯᠡᠭᠦ ᠪᠠ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠭᠡᠨᠡᠳᠳᠠ ᠶᠢᠨ ᠪᠠᠴᠢᠮ ᠭᠡᠷᠡᠭ ᠶᠠᠪᠤᠳᠠᠯ ᠢ ᠠᠷᠭᠠᠴᠠᠭᠠᠵᠦ ᠰᠢᠢᠳᠪᠤᠷᠢᠯᠡᠭᠦ ᠴᠢᠳᠠᠪᠤᠷᠢ ᠪᠤᠯᠤᠨ ᠪᠠᠳᠤᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠪᠦᠬᠦ ᠠᠷᠠᠳ ᠲᠤ ᠬᠠᠤᠯᠢ ᠳᠦᠭᠡᠮᠡᠯᠵᠢᠬᠦᠯᠬᠦ ᠬᠦᠮᠦᠵᠢᠯ ᠢ ᠴᠢᠩᠭᠠᠳᠬᠠᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠬᠦᠯᠦᠨ᠎ᠡ᠃ ᠡᠮᠡᠭᠳᠡᠶᠢᠴᠦᠳ᠂ ᠭᠡᠤᠭᠡᠳ᠂ ᠨᠠᠰᠤᠳᠠᠶᠢᠴᠤᠳ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃     ︵ᠶᠢᠰᠦ︶ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠪᠠᠷᠢᠮᠳᠠᠯᠠᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠭᠡᠳᠦᠯ ᠢᠶᠠᠷ ᠲᠡᠮᠡᠴᠡᠯ ᠤᠨ ᠬᠠᠷᠠᠯᠲᠠ ᠪᠠᠨ ᠪᠤᠯᠭᠠᠵᠤ᠂ ︽ᠳᠦᠷᠪᠡᠨ ᠦᠵᠡᠯ ᠤᠬᠠᠮᠰᠠᠷ︾᠎ ᠢ ᠪᠠᠲᠤ ᠪᠠᠬᠢ ᠪᠤᠢ ᠪᠤᠯᠭᠠᠨ᠂ ︽ᠳᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ ︾᠎ ᠶᠢ ᠡᠷᠡᠰ ᠪᠡᠶᠡᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠡᠭᠦᠷᠭᠡᠯᠡᠨ ᠭᠦᠢᠴᠡᠳᠭᠡᠵᠤ᠂ ᠠᠵᠢᠯ ᠳᠠᠭᠠᠨ ᠴᠢᠭᠯᠡᠯ ᠠᠯᠳᠠᠬᠤ ᠦᠭᠡᠢ᠂ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠪᠣᠯᠣᠨ ᠠᠵᠢᠯ ᠤᠨ ᠬᠢᠨᠠᠯᠲᠠ ᠶᠢ ᠬᠠᠤᠯᠢ ᠶᠣᠰᠤᠭᠠᠷ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ᠂ ᠨᠡᠶᠢᠭᠡᠮ ᠪᠣᠯᠣᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠵᠣ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠤᠷᠢᠨ ᠭᠡᠷᠡᠭᠯᠡᠭᠦ ᠳᠥᠷᠢᠮ ᠢ ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠳᠦᠭᠡᠮᠡᠯᠵᠢᠬᠦᠯᠦᠨ᠎ᠡ᠃ ᠵᠠᠰᠠᠭ ᠤᠨ ᠤᠷᠳᠤᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠭᠡᠨ᠂ ᠵᠠᠰᠠᠭ ᠶᠠᠪᠤᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠳᠦᠭᠦᠮ ᠳᠦᠳᠡ ᠪᠦᠭᠡᠳ ᠦᠷ᠎ᠡ ᠪᠦᠲᠦᠮᠵᠢᠲᠡᠢ᠂ ᠡᠷᠬᠡ ᠲᠡᠭᠰᠢ ᠪᠠᠷ ᠦᠷᠢᠰᠦᠯᠳᠦᠬᠦ᠂ ᠲᠣᠭᠲᠠᠭᠤᠨ ᠪᠦᠭᠡᠳ ᠢᠯᠡ ᠲᠤᠳᠣ ᠡᠵᠡᠩᠨᠡᠯᠳᠠ ᠶᠢᠨ ᠣᠷᠴᠢᠨ ᠳᠤᠭᠤᠷᠢᠨ ᠢ ᠪᠣᠢ ᠪᠣᠯᠭᠠᠨ᠎ᠠ᠃ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠪᠣᠯᠣᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠦᠨᠡᠨᠴᠢ ᠢᠳᠡᠭᠡᠮᠵᠢᠳᠠᠢ ᠪᠠᠶᠢᠬᠤ ᠨᠡᠶᠢᠭᠡᠮ ᠤᠨ ᠪᠠᠶᠢᠭᠤᠯᠤᠯᠲᠠ ᠳᠤ ᠳᠠᠭᠤᠷᠢᠶᠠᠯ ᠦᠵᠡᠭᠦᠯᠦᠨ᠎ᠡ᠃     ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ︽ᠬᠤᠶᠠᠷ ᠢ ᠰᠤᠷᠤᠯᠴᠠᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠵᠤ᠂ ︽ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠬᠢᠨᠠᠮᠠᠭᠠᠶ ᠥᠷᠨᠢᠭᠦᠯᠦᠨ᠎ᠡ᠃ ᠨᠠᠮ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠯᠪᠤᠭᠳᠠᠯ ᠪᠦᠬᠦᠢ ᠲᠤᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠬᠠᠳᠠᠭᠤᠵᠢᠯᠳᠠᠢ ᠪᠠᠷ ᠴᠢᠷᠮᠠᠶᠢᠨ ᠠᠵᠢᠯᠯᠠᠵᠤ᠂ ᠠᠷᠪᠢᠴᠢ ᠭᠠᠮᠲᠠᠢ ᠦᠵᠡᠯ ᠰᠠᠨᠠᠭ᠎ᠠ ᠶᠢ ᠪᠠᠳᠠᠷᠠᠭᠤᠯᠤᠨ᠂ ᠡᠩ ᠤᠨ ᠴᠢᠨᠠᠷᠳᠠᠢ ᠵᠠᠷᠤᠯᠭ᠎ᠠ ᠶᠢ ᠶᠡᠬᠡᠪᠡᠷ ᠪᠠᠭᠠᠰᠬᠠᠨ᠎ᠠ᠃ ᠠᠷᠠᠳ ᠲᠦᠮᠡᠨ ᠤ ᠲᠦᠯᠦᠭᠡ ᠠᠷᠢᠭᠤᠨ ᠴᠢᠬᠡᠴᠢ᠂ ᠦᠨᠡᠨᠴᠢ ᠰᠢᠳᠤᠷᠭᠤ ᠪᠠᠷ ᠠᠵᠢᠯᠯᠠᠨ᠎ᠠ᠃     ᠰᠢ ᠶᠢᠨ ᠫᠢᠩ ᠶᠡᠷᠦᠩᠭᠡᠢ ᠱᠦᠵᠢ ᠶᠢᠨ ︽ᠦᠨᠳᠤᠰᠦᠳᠠᠨ ᠤ ᠪᠦᠯᠭᠦᠮᠳᠡᠯ ᠪᠠ ᠬᠢᠯᠢ ᠬᠢᠵᠠᠭᠠᠷ ᠤᠷᠤᠨ ᠤ ᠲᠤᠭᠳᠠᠭᠤᠨ ᠪᠠᠶᠢᠳᠠᠯ ᠢ ᠯᠠᠪᠳᠠᠭᠤᠨ ᠪᠠᠳᠤᠳᠠᠢ ᠠᠬᠢᠭᠤᠯᠬᠤ︾ ᠭᠦᠰᠡᠯ ᠨᠠᠶᠢᠳᠠᠯᠭ᠎ᠠ ᠶᠢ ᠪᠠᠳᠤ ᠴᠡᠭᠡᠵᠢᠯᠠᠵᠤ᠂ ︽ᠬᠠᠮᠳᠤᠪᠠᠷ ᠪᠦᠯᠭᠦᠮᠳᠡᠨ ᠲᠡᠮᠡᠴᠡᠭᠦ᠂ ᠬᠠᠮᠳᠤᠪᠠᠷ ᠴᠡᠴᠡᠭᠯᠡᠨ ᠭᠦᠭᠵᠢᠭᠦ︾ ᠭᠤᠤᠯ ᠰᠡᠳᠦᠪ ᠢ ᠪᠠᠳᠤ ᠡᠵᠡᠮᠰᠢᠨ᠂ ᠨᠠᠮ ᠎ ᠤᠨ ᠦᠨᠳᠦᠰᠦᠳᠠᠨ ᠤ ᠲᠤᠬᠠᠢ ᠲᠦᠷᠦ ᠶᠢᠨ ᠪᠤᠳᠤᠯᠭ᠎ᠠ ᠪᠠ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠦᠨᠳᠤᠰᠦᠳᠠᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠢ ᠭᠦᠨᠵᠡᠭᠡᠶᠢᠷᠡᠭᠦᠯᠦᠨ᠂ ᠡᠯ᠎ᠡ ᠦᠨᠳᠤᠰᠦᠳᠠᠨ ᠬᠠᠮᠳᠤᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ᠃     ᠲᠥᠯᠥᠭᠡᠯᠡᠭᠴᠢᠳ ᠡ᠂ ᠪᠢᠳᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠪᠦᠭᠦ ᠬᠤᠰᠢᠭᠤᠨ ᠤ ᠠᠷᠠᠳ ᠲᠦᠮᠡᠨ ᠲᠠᠢ ᠨᠢᠭᠲᠠᠷᠠᠨ ᠪᠦᠯᠬᠦᠮᠳᠡᠵᠦ᠂ ᠠᠷᠠᠳ ᠲᠦᠮᠡᠨ ᠢ ᠲᠦᠰᠢᠭᠯᠡᠨ᠂ ᠴᠦᠭᠦᠷᠡᠰᠢ ᠦᠭᠡᠢ ᠤᠷᠤᠭᠰᠢᠯᠠᠨ ᠲᠡᠮᠡᠴᠡᠭᠦ ᠵᠤᠷᠢᠭ ᠰᠠᠨᠠᠭ᠎ᠠ ᠶᠢ ᠢᠮᠠᠬᠳᠠ ᠪᠠᠷᠢᠮᠳᠠᠯᠠᠵᠦ᠂ ᠵᠤᠷᠢᠭᠳᠠᠢ ᠪᠠᠷ ᠡᠭᠦᠷᠭᠡᠯᠡᠨ᠂ ᠢᠳᠡᠪᠬᠢᠳᠠᠢ ᠠᠵᠢᠯᠯᠠᠵᠦ᠂ ᠴᠢᠨᠡᠭᠡᠯᠢᠭ ᠨᠡᠶᠢᠭᠡᠮ ᠎ ᠢ ᠪᠦᠭᠦ ᠲᠠᠯ᠎ᠠ ᠪᠠᠷ ᠪᠡᠶᠡᠯᠡᠭᠦᠯᠭᠦ ᠪᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ ᠮᠦᠷᠦᠭᠡᠳᠦᠯ ᠢ ᠪᠡᠶᠡᠯᠡᠭᠦᠯᠭᠦ ᠶᠢᠨ ᠲᠦᠯᠦᠭᠡ ᠴᠤᠴᠠᠯᠳᠠ ᠦᠭᠡᠢ ᠲᠡᠮᠡᠴᠡᠨ᠂ ᠰᠢᠯᠢᠳᠡᠭ ᠬᠢᠷᠢ ᠪᠦᠳᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠬᠳᠤᠵᠠᠭᠠᠶ᠎ᠠ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号