— 2019 ᠤᠨ ᠤ 3 ᠰᠠᠷ᠎ᠠ ᠶᠢᠨ 26 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠤᠳᠠᠭᠠᠨ ᠤ ᠬᠤᠷᠠᠯᠳᠤᠭᠠᠨ ᠲᠡᠭᠡᠷ᠎ᠡ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠴᠢᠯᠠᠭᠤ | | ᠲᠦᠯᠦᠭᠡᠯᠡᠭᠴᠢᠳ ᠡ᠄ | ᠤᠳᠤ᠂ ᠪᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠠ ᠠᠴᠠ | ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠲᠠ ᠪᠦᠭᠦᠨ ᠬᠢᠨᠠᠨ ᠵᠦᠪᠯᠡᠭᠦ ᠪᠤᠯᠪᠠᠤ᠃ ᠲᠡᠷᠡᠴᠢᠯᠡᠨ ᠤᠯᠤᠰ | ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠶᠢ | ᠭᠦᠰᠡᠵᠤ ᠪᠠᠶᠢᠨ᠎ᠠ᠃ | ᠨᠢᠭᠡ᠂ 2018 ᠣᠨ ᠤ ᠠᠵᠢᠯ ᠤᠨ ᠡᠷᠬᠢᠴᠡᠭᠦᠯᠦᠯ | 2018 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠦᠵᠡᠯ ᠣᠬᠠᠮᠰᠠᠷ︾ ᠢ ᠪᠠᠲᠦ ᠪᠠᠬᠢ ᠪᠤᠢ | ᠪᠤᠯᠭᠠᠨ᠂ ︽ᠳᠦᠷᠪᠡᠨ ᠢᠳᠡᠬᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠨ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠰᠢᠢᠳᠪᠦᠷᠢᠳᠤ ᠪᠤᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ᠡᠯ᠎ᠡ ᠵᠦᠢᠯ ᠤᠨ ᠬᠦᠴᠢᠷᠳᠡᠯ ᠪᠣᠯᠣᠨ | ᠥᠷᠢᠰᠦᠯᠳᠦᠭᠡᠨ ᠢ ᠢᠳᠡᠪᠬᠢᠲᠡᠢ ᠳᠠᠪᠠᠵᠦ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢ | ᠠᠵᠢᠯᠯᠠᠭᠰᠠᠨ ᠠᠴᠠ ᠪᠥᠬᠦ ᠬᠤᠰᠢᠭᠤᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ | 2018 ᠣᠨ ᠳᠤ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 9.3% ᠪᠠᠷ ᠨᠡᠮᠡᠭᠳᠡᠨ᠂ ᠪᠦᠭᠦ | ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ 3.3% ᠪᠠᠷ ᠪᠠᠭᠤᠷᠠᠪᠠ᠃ ᠡᠩ ᠤᠨ ᠤᠯᠠᠨ | ᠨᠠᠶᠢᠳᠠ ᠶᠢᠨ ᠲᠦᠰᠦᠪ ᠤᠨ ᠤᠷᠤᠯᠭ᠎ᠠ 20.45 ᠳ᠋ᠥᠩᠰᠢᠭᠤᠷ ᠳᠦᠭᠦᠷᠢᠭ ᠢ ᠪᠡᠶᠡᠯᠡᠬᠦᠯᠵᠦ᠂ ᠪᠦᠬᠦ | ᠤᠷᠤᠨ ᠤ103 ᠬᠤᠰᠢᠭᠤ ᠰᠢᠶᠠᠨ ᠤ ᠳᠤᠮᠳᠠ 11 ᠳ᠋ᠦ᠋ᠭᠡᠷ ᠳᠤ ᠵᠢᠭᠰᠠᠭᠠᠭᠳᠠᠨ᠂ 11.2% ᠢᠶᠠᠷ ᠨᠡᠮᠡᠭᠳᠡᠭᠰᠡᠨ | ᠪᠠᠶᠢᠨ᠎ᠠ᠃ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ 23.5 | ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ 7.6% ᠪᠠᠷ ᠨᠡᠮᠡᠭᠳᠡᠪᠡ᠃ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠬᠤᠪᠢᠶᠠᠷᠢᠯᠠᠵᠦ ᠪᠣᠯᠬᠤᠶᠢᠴᠠ ᠣᠷᠣᠯᠭ᠎ᠠ ᠲᠤᠰᠪᠤᠷᠢ 39117 ᠳᠦᠭᠦᠷᠢᠭ | ᠪᠠ 25934 ᠳᠦᠭᠦᠷᠢᠭ ᠢ ᠪᠡᠶᠡᠯᠡᠬᠦᠯᠵᠦ᠂ ᠲᠤᠰ ᠲᠤᠰ 7.5% ᠪᠠ 9.6% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠤᠤᠷᠠᠬᠢ ᠬᠡᠳᠦᠨ ᠲᠠᠯ᠎ᠠ ᠶᠢᠨ ᠠᠵᠢᠯ ᠢ ᠬᠢᠪᠡ᠄ | ︵ᠨᠢᠭᠡ︶ ᠬᠦᠴᠦᠨ ᠢᠶᠠᠨ ᠲᠥᠪᠯᠡᠷᠡᠭᠦᠯᠦᠨ᠂ ᠨᠠᠷᠢᠯᠢᠭ ᠣᠨᠣᠪᠴᠢᠲᠠᠢ ᠪᠠᠷ ᠳᠦᠷᠦ ᠶᠢᠨ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠵᠦ᠂ ︽ᠭᠤᠷᠪᠠᠨ ᠶᠡᠭᠡ ᠪᠤᠭᠤᠮᠲᠠ ᠰᠢᠪᠳᠤᠯᠬᠤ ᠳᠠᠶᠢᠯᠠᠯᠳᠤᠭᠠᠨ︾ ᠢ ᠪᠥᠬᠦ | ᠬᠦᠴᠦᠨ ᠢᠶᠠᠷ ᠢᠶᠠᠨ ᠰᠠᠶᠢᠳᠤᠷ ᠬᠢᠪᠡ᠃ | ᠭᠦᠨᠳᠤ ᠶᠡᠭᠡ ᠠᠶᠤᠯ ᠳᠦᠭᠰᠢᠬᠦᠷᠢ ᠶᠢ ᠪᠦᠳᠦᠮᠵᠢᠳᠠᠢ ᠰᠡᠷᠭᠡᠶᠢᠯᠡᠨ ᠬᠤᠷᠢᠭᠯᠠᠪᠠ᠃ ᠵᠠᠰᠠᠭ ᠤᠨ ᠤᠷᠳᠤᠨ ᠤ | ᠥᠷᠢ ᠥᠭᠴᠡᠭᠡ ᠶᠢ ᠰᠢᠢᠳᠪᠤᠷᠢᠯᠡᠬᠦ ᠳᠦᠰᠦᠪ ᠢ ᠴᠢᠩᠭ᠎ᠠ ᠨᠠᠶᠢᠳᠠᠪᠤᠷᠢᠵᠢᠭᠤᠯᠤᠨ᠂ ᠳᠦᠰᠦᠪ ᠢ ᠪᠠᠶᠢᠷᠢᠯᠠᠭᠤᠯᠬᠤ᠂ | ᠡᠩ ᠤᠨ ᠴᠢᠨᠠᠷᠳᠠᠢ ᠵᠠᠷᠤᠯᠭ᠎ᠠ ᠶᠢ ᠪᠠᠭᠠᠰᠬᠠᠬᠤ᠂ ᠨᠦᠭᠡᠴᠡ ᠪᠡᠯᠡ ᠮᠦᠩᠭᠦ ᠶᠢ ᠡᠷᠬᠢᠯᠲᠡ ᠳᠤ ᠤᠷᠤᠭᠤᠯᠬᠤ ᠵᠡᠷᠭᠡ | ᠠᠷᠭ᠎ᠠ ᠠᠪᠴᠠᠯ ᠢ ᠠᠪᠴᠦ᠂ ᠨᠢᠳᠤᠨᠤᠨ 9.88 ᠳ᠋ᠦᠩᠰᠢᠭᠤᠷ ᠲᠦᠭᠦᠷᠢᠭ ᠤᠨ ᠵᠠᠰᠠᠭ ᠤᠨ ᠤᠷᠳᠤᠨ ᠤ ᠥᠷᠢ | ᠥᠭᠴᠡᠭᠡ ᠶᠢ ᠳᠦᠯᠦᠵᠦ᠂ ᠪᠦᠬᠦ ᠵᠢᠯ ᠤᠨ ᠡᠭᠦᠷᠬᠡ ᠪᠠᠨ 106% ᠪᠠᠷ ᠳᠠᠪᠠᠭᠤᠯᠤᠨ ᠪᠡᠶᠡᠯᠡᠬᠦᠯᠪᠡ᠃ ᠡᠭᠦᠨ ᠳᠤ | ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠦᠷᠢ ᠦᠭᠴᠡᠭᠡ 4.6 ᠳ᠋ᠦᠩᠰᠢᠭᠤᠷ ᠲᠦᠭᠦᠷᠢᠭ ᠢ ᠪᠦᠬᠦᠨ ᠢ | ᠳᠦᠯᠦᠵᠦ ᠳᠠᠭᠤᠰᠬᠠᠪᠠ᠃ ᠦᠪᠡᠷᠳᠡᠭᠡᠨ ᠵᠠᠰᠠᠬᠤ ᠤᠷᠤᠨ ᠠᠴᠠ ᠥᠷᠢ ᠥᠭᠴᠡᠭᠡ ᠶᠢ ᠰᠢᠢᠳᠪᠤᠷᠢᠯᠡᠭᠰᠡᠨ | ᠱᠠᠩᠨᠠᠯ ᠤᠨ ᠮᠦᠩᠭᠦ 1.1 ᠳ᠋ᠦᠩᠰᠢᠭᠤᠷ ᠳᠦᠭᠦᠷᠢᠭ ᠢ ᠡᠷᠡᠮᠡᠯᠵᠡᠯᠡᠨ ᠤᠯᠵᠠᠢ᠃ ᠨᠠᠷᠢᠨ ᠳᠤᠳᠤᠷᠬᠠᠢ ᠪᠠᠶᠢᠴᠠᠭᠠᠨ | ᠳᠤᠳᠤᠯᠠᠭᠰᠠᠨ ᠰᠠᠭᠤᠷᠢᠨ ᠳᠡᠭᠡᠷ᠎ᠡ᠂ ᠵᠠᠰᠠᠭ ᠤᠨ ᠤᠷᠳᠤᠨ ᠤ ᠳᠠᠯᠳᠠ ᠴᠢᠨᠠᠷ ᠤᠨ ᠥᠷᠢ ᠥᠭᠴᠡᠭᠡ ᠶᠢ | ᠰᠢᠢᠳᠪᠤᠷᠢᠯᠡᠬᠦ ᠳᠦᠰᠦᠪ ᠢ ᠲᠤᠭᠳᠠᠭᠠᠪᠠ᠃ ᠵᠠᠰᠠᠭ ᠤᠨ ᠤᠷᠳᠤᠨ ᠪᠠ ᠨᠡᠶᠢᠭᠡᠮ ᠤᠨ ᠪᠡᠯᠡ ᠬᠦᠷᠦᠩᠭᠡ ᠶᠢᠨ | ᠬᠠᠮᠳᠤᠷᠠᠯᠴᠠᠭ᠎ᠠ᠂ ᠵᠠᠰᠠᠭ ᠤᠨ ᠤᠷᠳᠤᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠶᠢ ᠬᠠᠤᠯᠢ ᠶᠤᠰᠤᠭᠠᠷ | ᠳᠦᠷᠢᠮᠵᠢᠬᠦᠯᠦᠨ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠪᠠ᠃ ᠮᠠᠯᠵᠢᠬᠤ ᠤᠷᠤᠨ ᠤ ᠠᠷᠠᠳ ᠤᠨ | ᠬᠤᠭᠤᠷᠤᠨᠳᠤᠬᠢ ᠵᠢᠭᠡᠯᠡᠯᠭᠡ ᠶᠢᠨ ᠳᠦᠭᠰᠢᠬᠦᠷᠢ ᠶᠢ ᠦᠷᠭᠦᠯᠵᠢᠯᠡᠨ ᠰᠡᠷᠭᠡᠶᠢᠯᠡᠨ ᠰᠢᠢᠳᠪᠤᠷᠢᠯᠡᠵᠦ᠂ ᠵᠢᠭᠡᠯᠡᠯᠭᠡ | ᠠᠪᠤᠭᠰᠠᠨ ᠡᠷᠦᠬᠡ ᠶᠢᠨ ᠲᠤᠭ᠎ᠠ ᠪᠠ ᠵᠢᠭᠡᠯᠡᠯᠭᠡ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ | 63% ᠪᠠ 42% ᠢᠶᠠᠷ ᠪᠠᠭᠤᠷᠠᠵᠠᠢ᠃ | ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠪᠠ᠃ ︽ᠪᠠᠷᠠᠭᠤᠨ ᠦᠵᠦᠮᠦᠴᠢᠨ | ᠬᠤᠰᠢᠭᠤᠨ ᠤ 2018 — 2020 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ | ᠭᠤᠷᠪᠠᠨ ᠵᠢᠯ ᠤᠨ ᠠᠵᠢᠯᠯᠠᠭᠠᠨ ᠤ ᠲᠦᠰᠦᠪ︾ ᠢ ᠲᠤᠭᠲᠠᠭᠠᠨ᠂ ᠳᠤᠰᠬᠠᠢ ᠳᠦᠷᠦᠯ ᠤᠨ ᠠᠬᠢᠭᠤᠯᠬᠤ | ᠳᠤᠭᠤᠶᠢᠯᠠᠩ 16 ᠪᠠ ᠱᠠᠭᠠᠷᠳᠠᠨ ᠪᠠᠶᠢᠴᠠᠭᠠᠬᠤ ᠳᠤᠭᠤᠶᠢᠯᠠᠩ 6 ᠶᠢ ᠪᠠᠶᠢᠭᠤᠯᠵᠦ᠂ ᠤᠯᠠᠨ ᠤᠳᠠᠭ᠎ᠠ ᠲᠤᠰᠬᠠᠢ | ᠠᠵᠢᠯ ᠤᠨ ᠬᠤᠷᠠᠯ ᠬᠤᠷᠠᠯᠳᠤᠭᠤᠯᠤᠨ᠂ ᠤᠷᠢᠳ ᠬᠤᠵᠢᠳ 4 ᠡᠭᠡᠯᠵᠢ ᠶᠢᠨ ᠱᠠᠭᠠᠷᠳᠠᠨ ᠪᠠᠶᠢᠴᠠᠭᠠᠯᠳᠠ ᠶᠢ | ᠦᠷᠨᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠡᠯ᠎ᠡ ᠲᠦᠷᠦᠯ ᠤᠨ ᠠᠵᠢᠯ ᠢ ᠪᠦᠳᠦᠮᠵᠢᠳᠠᠢ ᠨᠠᠶᠢᠳᠠᠪᠤᠷᠢᠵᠢᠭᠤᠯᠪᠠ᠃ | ᠪᠦᠬᠦ ᠵᠢᠯ ᠳᠤ ᠶᠠᠳᠠᠭᠤ ᠶᠢ ᠳᠡᠳᠬᠦᠬᠦ ᠠᠵᠢᠯ ᠳᠤ ᠨᠡᠶᠢᠲᠡ 1038.55 ᠳᠦᠮᠡᠨ ᠳᠦᠭᠦᠷᠢᠭ ᠤᠨ ᠪᠡᠯᠡ | ᠵᠠᠷᠤᠴᠠᠭᠤᠯᠵᠦ᠂ ᠲᠠᠩᠰᠠ ᠺᠠᠷᠲ ᠪᠠᠶᠢᠭᠤᠯᠤᠭᠰᠠᠨ 121 ᠶᠠᠳᠠᠭᠤ ᠬᠦᠴᠢᠷᠳᠡᠯᠳᠡᠢ ᠡᠷᠦᠬᠡ ᠶᠢᠨ 372 ᠬᠦᠮᠦᠨ ᠢ | ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠠ᠃ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ | ᠰᠠᠶᠢᠳᠤᠷ ᠠᠳᠬᠤᠵᠦ᠂ ︽ᠰᠦᠷᠦᠭ ᠲᠠᠯᠪᠢᠬᠤ︾ ᠬᠡᠯᠪᠡᠷᠢ ᠪᠠᠷ ᠶᠠᠳᠠᠭᠤ ᠬᠦᠴᠢᠷᠳᠡᠯᠳᠡᠢ ᠡᠷᠦᠬᠡ ᠳᠤ 2909 | ᠳᠤᠯᠤᠭᠠᠢ ᠰᠠᠭᠤᠷᠢ ᠡᠬᠡ ᠮᠠᠯ᠂ 205 ᠳᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠬᠠᠩᠭᠠᠪᠡ᠃ | ᠡᠮᠴᠢᠯᠡᠭᠡᠨ ᠤ ᠤᠶᠢᠯᠡᠴᠢᠯᠡᠭᠡ ᠪᠠᠷ ᠶᠠᠳᠠᠭᠤ ᠶᠢ ᠳᠡᠳᠬᠦᠬᠦ ᠠᠵᠢᠯ ᠤᠨ ᠦᠷ᠎ᠡ ᠪᠦᠳᠦᠮᠵᠢ ᠪᠠᠨ ᠴᠢᠩᠭᠠᠳᠬᠠᠨ᠂ | ᠶᠠᠳᠠᠭᠤ ᠬᠦᠴᠢᠷᠳᠡᠯᠳᠡᠢ 292 ᠬᠦᠮᠦᠨ ︵ᠤᠳᠠᠭ᠎ᠠ︶ ᠳᠤ ᠦᠨ᠎ᠡ ᠳᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ | ᠬᠢᠵᠦ᠂ 15.3 ᠳᠦᠮᠡᠨ ᠳᠦᠭᠦᠷᠢᠭ ᠤᠨ ᠡᠮ ᠡᠮᠨᠡᠯᠭᠡ ᠶᠢᠨ ᠰᠦᠢᠳᠬᠡᠯ ᠢ ᠴᠠᠶᠢᠷᠠᠭᠤᠯᠤᠨ ᠥᠭᠴᠦ᠂ ᠶᠠᠳᠠᠭᠤ | ᠬᠦᠴᠢᠷᠳᠡᠯᠳᠡᠢ ᠡᠷᠦᠬᠡ ᠳᠤ ᠭᠡᠷ ᠪᠦᠯᠢ ᠶᠢᠨ ᠡᠮᠴᠢ ᠭᠡᠷ᠎ᠡ ᠳᠤᠭᠲᠠᠨ ᠦᠢᠯᠡᠴᠢᠯᠡᠭᠰᠡᠨ ᠨᠣᠷᠮ᠎ᠠ 100% ᠳᠤ | ᠭᠦᠷᠴᠠᠢ᠃ ᠶᠠᠳᠠᠭᠤ ᠬᠦᠴᠢᠷᠳᠡᠯᠳᠡᠢ ᠡᠷᠦᠬᠡ ᠶᠢᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠂ | 41 ᠤᠷᠤᠨ ᠰᠠᠭᠤᠴᠠ᠂ 26 ᠫᠧᠩ ᠬᠤᠷᠤᠭ᠎ᠠ ᠶᠢ ᠨᠦᠬᠦᠪᠦᠷᠢ ᠤᠯᠭᠤᠨ ᠪᠠᠶᠢᠭᠤᠯᠵᠤ᠂ 120 ᠳᠦᠮᠡᠨ | ᠳᠦᠭᠦᠷᠢᠭ ᠤᠨ ᠪᠡᠯᠡ ᠵᠠᠷᠤᠴᠠᠭᠤᠯᠤᠨ᠂ ᠶᠠᠳᠠᠭᠤ ᠬᠦᠴᠢᠷᠳᠡᠯᠳᠡᠢ ᠡᠷᠦᠬᠡ ᠶᠢᠨ ᠤᠰᠤ ᠤᠮᠳᠠ ᠶᠢᠨ ᠠᠮᠦᠷ | ᠳᠦᠪᠰᠢᠨ ᠤ ᠠᠰᠠᠭᠤᠳᠠᠯ ᠢ ᠰᠢᠢᠳᠪᠤᠷᠢᠯᠡᠪᠡ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ | ᠠᠵᠢᠯ ᠢ ᠦᠷᠭᠦᠯᠵᠢᠯᠡᠨ ᠥᠷᠨᠢᠬᠦᠯᠵᠦ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ᠂ | ᠳᠤᠤᠷ᠎ᠠ ᠪᠠᠳᠤᠯᠠᠭᠠᠳᠤ ᠡᠷᠦᠬᠡ ᠪᠠ ᠠᠵᠤ ᠠᠬᠤᠢ ᠶᠢᠨ ᠬᠦᠴᠢᠷᠳᠡᠯ ᠲᠠᠢ ᠭᠡᠷ ᠪᠦᠯᠢ ᠶᠢᠨ ᠰᠤᠷᠤᠭᠴᠢ ᠳᠤ 208.2 | ᠳᠦᠮᠡᠨ ᠳᠦᠭᠦᠷᠢᠭ ᠤᠨ ᠨᠦᠬᠦᠪᠦᠷᠢ ᠤᠯᠭᠤᠵᠠᠢ᠃ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠠᠵᠢᠯ ᠢ | ᠳᠦᠯᠬᠢᠨ ᠠᠬᠢᠭᠤᠯᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠨ᠂ 1350.5 ᠳᠦᠮᠡᠨ | ᠳᠦᠭᠦᠷᠢᠭ ᠤᠨ ᠶᠠᠳᠠᠭᠤ ᠶᠢ ᠳᠡᠳᠬᠦᠬᠦ ᠵᠢᠭᠡᠯᠡᠯᠭᠡ ᠲᠠᠯᠪᠢᠪᠠ᠃ ᠡᠳ᠋ ᠬᠦᠷᠦᠩᠭᠡ ᠶᠢᠨ ᠠᠰᠢᠭ ᠤᠷᠤᠯᠭ᠎ᠠ ᠪᠠᠷ | ᠶᠠᠳᠠᠭᠤ ᠶᠢ ᠳᠡᠳᠬᠦᠬᠦ ᠲᠠᠯ᠎ᠠ ᠪᠠᠷ ᠰᠢᠨ᠎ᠡ ᠶᠢ ᠡᠭᠦᠳᠴᠦ᠂ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ | ᠬᠦᠴᠢᠷᠳᠡᠯᠳᠡᠢ 45 ᠬᠦᠮᠦᠨ ᠳᠤ ᠬᠦᠮᠦᠨ ᠪᠦᠷᠢ ᠳᠤ ᠰᠠᠷ᠎ᠠ ᠪᠤᠯᠭᠠᠨ 555 ᠳᠦᠭᠦᠷᠢᠭ ᠤᠨ ᠠᠰᠢᠭ ᠬᠤᠪᠢᠶᠠᠪᠠ᠃ | ᠨᠡᠶᠢᠭᠡᠮ ᠤᠨ ᠪᠠᠳᠤᠯᠠᠭ᠎ᠠ ᠶᠢ ᠴᠢᠩᠭᠠᠳᠬᠠᠨ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠬᠦᠮᠦᠨ | ᠠᠮᠠ ᠳᠤ 9.11 ᠳᠦᠮᠡᠨ ᠳᠦᠭᠦᠷᠢᠭ ᠤᠨ ᠨᠡᠶᠢᠭᠡᠮ ᠤᠨ ᠳᠠᠭᠠᠳᠬᠠᠯ ᠢ ᠳᠤᠰᠢᠶᠠᠨ ᠥᠭᠴᠦ᠂ 28 ᠶᠠᠳᠠᠭᠤ | ᠬᠦᠴᠢᠷᠳᠡᠯᠳᠡᠢ ᠡᠷᠦᠬᠡ ᠶᠢᠨ 80 ᠬᠦᠮᠦᠨ ᠠᠮᠠ ᠶᠢ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ | ᠬᠡᠪᠴᠢᠶᠡᠨ ᠳᠤ ᠤᠷᠤᠭᠤᠯᠵᠠᠢ᠃ ᠦᠪᠡᠷᠳᠡᠭᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠯᠳᠠ ᠳᠤ ᠳᠤᠰᠬᠠᠭᠰᠠᠨ 2 | ᠲᠠᠯ᠎ᠠ ᠶᠢᠨ 3 ᠠᠰᠠᠭᠤᠳᠠᠯ ᠢ ᠪᠦᠬᠦᠨ ᠢ ᠵᠠᠰᠠᠨ ᠴᠡᠭᠴᠡᠯᠡᠪᠡ᠃ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠳᠦᠮᠵᠢ ᠣᠯᠪᠠ᠃ ᠴᠡᠯᠮᠡᠭ ᠤᠭᠳᠠᠷᠭᠤᠢ᠂ | ᠴᠡᠩᠭᠡᠭ ᠤᠰᠤ᠂ ᠥᠩ ᠰᠢᠮᠡᠯᠢᠭ ᠬᠦᠷᠦᠰᠤ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠤ ᠠᠵᠢᠯ ᠢ ᠰᠠᠶᠢᠳᠤᠷ ᠬᠢᠪᠡ᠃ | ᠪᠠᠶᠠᠨᠬᠤᠸᠠ ᠶᠢᠨ ᠱᠠᠨ ᠴᠠᠬᠢᠯᠭᠠᠨ ᠦᠢᠯᠡᠳᠪᠦᠷᠢ ᠶᠢᠨ 2 ᠨᠤᠮᠧᠷᠲᠤ ᠮᠠᠰᠢᠨ ᠴᠤᠭᠴᠠᠯᠠᠪᠤᠷᠢ ᠶᠢᠨ ᠴᠡᠪᠡᠷᠰᠢᠬᠦᠯᠦᠨ | ᠭᠠᠳᠠᠭᠰᠢᠯᠠᠭᠤᠯᠬᠤ ᠦᠭᠡᠷᠡᠴᠢᠯᠡᠯᠳᠡ ᠶᠢ ᠪᠡᠶᠡᠯᠡᠬᠦᠯᠵᠦ᠂ ᠢᠯᠡᠬᠦᠳᠡᠯ ᠢᠯᠴᠢ ᠶᠢ ᠠᠰᠢᠭᠯᠠᠨ᠂ 6 ᠰᠢᠲᠠᠭᠠᠯᠭ᠎ᠠ ᠶᠢᠨ | ᠵᠤᠤᠬ᠎ᠠ ᠶᠢ ᠤᠷᠤᠯᠠᠭᠤᠯᠪᠠ᠃ ᠪᠠᠯᠭᠠᠷᠭᠤᠤᠯ ᠪᠠᠯᠭᠠᠰᠤᠨ ᠤ 10 ᠲᠣᠨ ᠠᠴᠠ ᠳᠤᠷᠤᠭᠰᠢ ᠠᠭᠤᠷᠰᠢᠭᠤᠯᠬᠤ 35 | ᠰᠢᠲᠠᠭᠠᠯᠭ᠎ᠠ ᠶᠢᠨ ᠵᠤᠤᠬ᠎ᠠ ᠶᠢ ᠰᠢᠭᠰᠢᠭᠳᠡᠬᠦᠯᠦᠨ᠂ ᠪᠠᠶᠠᠨᠬᠤᠸᠠ ᠠᠵᠤ ᠦᠢᠯᠡᠳᠪᠤᠷᠢ ᠶᠢᠨ ᠳᠤᠭᠤᠷᠢᠭ ᠤᠨ 10 | ᠲᠣᠨ ᠠᠴᠠ ᠳᠡᠭᠡᠭᠰᠢ ᠠᠭᠤᠷᠰᠢᠭᠤᠯᠬᠤ 24 ᠰᠢᠲᠠᠭᠠᠯᠭ᠎ᠠ ᠶᠢᠨ ᠵᠤᠤᠬ᠎ᠠ ᠶᠢ ᠪᠠᠷᠢᠮᠵᠢᠶ᠎ᠠ ᠳᠤ ᠭᠦᠷᠭᠡᠭᠰᠡᠨ ᠪᠠᠶᠢᠨ᠎ᠠ᠃ | ᠪᠠᠯᠭᠠᠷᠭᠤᠤᠯ ᠪᠠᠯᠭᠠᠰᠤᠨ ᠤ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠭᠦᠨᠵᠡᠭᠡᠢ ᠰᠢᠢᠳᠪᠤᠷᠢᠯᠡᠬᠦ ᠳᠦᠷᠦᠯ | ᠵᠦᠢᠯ ᠨᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠢᠨᠠᠨ ᠰᠢᠯᠭᠠᠯᠳᠠ ᠶᠢ ᠦᠩᠭᠡᠷᠡᠭᠡᠵᠦ᠂ ᠪᠠᠶᠠᠨᠬᠤᠸᠠ ᠪᠤᠬᠢᠷ | ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠳᠦᠬᠦᠭᠡᠷᠦᠮᠵᠢ ᠨᠢ ᠠᠶᠢᠮᠠᠭ ᠤᠨ | ᠤᠷᠴᠢᠨ ᠳᠤᠭᠤᠷᠢᠨ ᠢ ᠬᠠᠮᠠᠭᠠᠯᠠᠬᠤ ᠳᠤᠪᠴᠢᠶ᠎ᠠ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠳᠠᠪᠴᠠᠩ ᠲᠠᠢ | ᠬᠤᠯᠪᠤᠯᠳᠤᠬᠤ ᠶᠢ ᠪᠡᠶᠡᠯᠡᠬᠦᠯᠪᠡ᠃ ᠬᠤᠰᠢᠭᠤᠨ ᠳᠤᠳᠤᠷᠠᠬᠢ 32 ᠰᠠᠭᠤᠷᠢ ᠲᠤᠰᠤ ᠨᠡᠮᠡᠬᠦ ᠦᠷᠲᠡᠭᠡ ᠶᠢᠨ 147 | ᠭᠠᠵᠠᠷ ᠳᠤᠤᠷᠠᠬᠢ ᠳᠤᠰᠤᠨ ᠰᠠᠪᠠ ᠳᠤ ᠭᠤᠭᠤᠵᠢᠬᠤ ᠠᠴᠠ ᠰᠡᠷᠭᠡᠶᠢᠯᠡᠬᠦ ᠦᠭᠡᠷᠡᠴᠢᠯᠡᠯᠳᠡ ᠶᠢ ᠪᠡᠶᠡᠯᠡᠭᠦᠯᠵᠠᠢ᠃ | ᠪᠠᠯᠭᠠᠷᠭᠤᠤᠯ ᠪᠠᠯᠭᠠᠰᠤᠨ ᠤ ᠤᠰᠤ ᠤᠮᠳᠠ ᠶᠢᠨ ᠡᠬᠢ ᠰᠤᠷᠪᠤᠯᠵᠢ ᠶᠢᠨ ᠪᠠᠷᠢᠮᠵᠢᠶᠠᠵᠢᠭᠰᠠᠨ ᠪᠠᠶᠢᠭᠤᠯᠤᠯᠳᠠ ᠶᠢ | ᠪᠡᠶᠡᠯᠡᠬᠦᠯᠪᠡ᠃ ᠬᠤᠰᠢᠭᠤᠨ ᠲᠤᠳᠤᠷᠠᠬᠢ 7 ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠭᠤᠴᠠᠯᠭ᠎ᠠ ᠶᠢᠨ | ᠪᠢᠴᠢᠭ ᠲᠤᠭᠲᠠᠨ᠂ ᠬᠠᠲᠠᠭᠤ ᠪᠡᠶᠡᠳᠤ ᠬᠠᠶᠠᠭᠳᠠᠮᠠᠯ ᠪᠤᠳᠠᠰ᠂ ᠠᠶᠤᠯᠳᠠᠢ ᠬᠠᠶᠠᠭᠳᠠᠮᠠᠯ ᠪᠤᠳᠠᠰ ᠢ ᠬᠠᠤᠯᠢ ᠪᠤᠰᠤ ᠪᠠᠷ | ᠰᠢᠯᠵᠢᠬᠦᠯᠬᠦ ᠪᠠ ᠬᠠᠶᠠᠬᠤ ᠶᠢ ᠲᠤᠰᠬᠠᠢ ᠴᠡᠭᠴᠡᠯᠡᠬᠦ ᠠᠵᠢᠯᠯᠠᠭ᠎ᠠ ᠶᠢ ᠦᠷᠨᠢᠬᠦᠯᠵᠦ᠂ ᠬᠦᠷᠦᠰᠤ ᠰᠢᠷᠤᠢ ᠶᠢᠨ | ᠪᠤᠬᠢᠷᠳᠤᠯ ᠢ ᠴᠢᠩᠭ᠎ᠠ ᠰᠡᠷᠭᠡᠶᠢᠯᠡᠨ ᠬᠤᠷᠢᠭᠯᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ︽ᠡᠷᠬᠢᠨ ᠬᠠᠷᠠᠬᠤ︾ ᠪᠠᠶᠢᠴᠠᠭᠠᠯᠳᠠ ᠶᠢᠨ ᠠᠵᠢᠯ ᠢ ᠠᠮᠵᠢᠯᠳᠠ | ᠲᠠᠢ ᠪᠡᠶᠡᠯᠡᠬᠦᠯᠵᠦ᠂ ᠰᠢᠯᠵᠢᠬᠦᠯᠦᠨ ᠥᠭᠬᠦᠭᠰᠡᠨ 18 ᠪᠦᠯᠦᠭ 38 ᠬᠤᠪᠢ ᠠᠰᠠᠭᠤᠳᠠᠯ ᠢ ᠰᠢᠢᠳᠪᠤᠷᠢᠯᠡᠪᠡ᠃ | ᠬᠢᠨᠠᠨ ᠵᠦᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ ᠪᠠᠷ ᠨᠤᠲᠤᠭ ᠪᠡᠯᠴᠢᠭᠡᠷ ᠢ ᠲᠠᠳᠠᠪᠤᠷᠢᠯᠠᠨ | ᠬᠡᠷᠡᠭᠯᠡᠭᠰᠡᠨ 135 ᠬᠤᠪᠢ ᠠᠰᠠᠭᠤᠳᠠᠯ ᠢ ᠵᠠᠰᠠᠨ ᠴᠡᠭᠴᠡᠯᠡᠬᠦ ᠶᠢ ᠪᠡᠶᠡᠯᠡᠬᠦᠯᠵᠦ᠂ ᠨᠤᠲᠤᠭ ᠪᠡᠯᠴᠢᠭᠡᠷ ᠢ ᠡᠪᠳᠡᠭᠰᠡᠨ | 53 ᠬᠡᠷᠡᠭ ᠵᠠᠷᠭᠤ ᠶᠢ ᠪᠦᠬᠦᠨ ᠢ ᠰᠢᠢᠳᠪᠤᠷᠢᠯᠡᠭᠰᠡᠨ ᠪᠠᠶᠢᠨ᠎ᠠ ᠃ | ︵ᠬᠤᠶᠠᠷ︶ ᠴᠢᠨᠠᠷᠯᠢᠭ ᠬᠦᠭᠵᠢᠯᠳᠡ ᠶᠢ ᠪᠠᠷᠢᠮᠲᠠᠯᠠᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠳᠡᠰᠵᠢᠬᠦᠯᠬᠦ ᠶᠢ ᠳᠦᠷᠭᠡᠳᠬᠡᠪᠡ᠃ ᠭᠤᠷᠪᠠᠨ ᠠᠵᠦ ᠦᠢᠯᠡᠰ ᠤᠨ ᠨᠡᠮᠡᠭᠳᠡᠯ ᠦᠷᠲᠡᠭ ᠲᠤᠰᠪᠤᠷᠢ5.4%᠂ 9.7% | ᠪᠠ 11.2% ᠢᠶᠠᠷ ᠨᠡᠮᠡᠭᠳᠡᠵᠦ᠂ ᠠᠵᠤ ᠦᠢᠯᠡᠰ ᠤᠨ ᠪᠦᠳᠦᠴᠡ ᠨᠡᠩ ᠵᠤᠬᠢᠰᠳᠠᠢ ᠪᠤᠯᠪᠠ᠃ | ᠤᠳᠤᠬᠢᠴᠢᠯᠠᠭᠰᠠᠨ ᠮᠠᠯ ᠠᠵᠤ ᠠᠬᠤᠢ ᠶᠢ ᠲᠤᠭᠳᠠᠭᠤᠨ ᠢᠶᠠᠷ ᠬᠦᠭᠵᠢᠭᠦᠯᠪᠡ᠃ ᠮᠠᠯ ᠠᠵᠤ ᠠᠬᠤᠢ ᠶᠢᠨ | ᠵᠢᠯ ᠤᠨ ᠡᠴᠦᠰ ᠤᠨ ᠮᠠᠯ ᠤᠨ ᠲᠤᠭ᠎ᠠ 237 ᠳᠦᠮᠡᠨ ᠲᠤᠯᠤᠭᠠᠢ ᠪᠠᠶᠢᠵᠦ᠂ ᠪᠦᠬᠦ ᠵᠢᠯ ᠳᠤ 137 ᠳᠦᠮᠡᠨ | ᠲᠤᠯᠤᠭᠠᠢ ᠮᠠᠯ ᠢ ᠪᠤᠷᠤᠯᠠᠭᠤᠯᠵᠠᠢ᠃ ︽ᠬᠤᠨᠢ ᠶᠢ ᠴᠢᠨᠠᠷᠵᠢᠭᠤᠯᠵᠦ᠂ ᠦᠬᠡᠷ ᠢ ᠨᠡᠮᠡᠭᠳᠡᠬᠦᠯᠬᠦ︾ ᠪᠠᠶᠢᠯᠳᠤᠬᠤ | ᠪᠤᠳᠣᠯᠭ᠎ᠠ ᠶᠢ ᠭᠦᠨᠵᠡᠭᠡᠢ ᠬᠡᠷᠡᠭᠵᠢᠬᠦᠯᠵᠦ᠂ ᠪᠦᠬᠦ ᠵᠢᠯ ᠳᠤ 2797 ᠳᠤᠯᠤᠭᠠᠢ ᠰᠢᠯᠢᠳᠡᠭ ᠡᠭᠦᠯᠳᠡᠷ ᠤᠨ ᠦᠬᠡᠷ | ᠤᠷᠤᠭᠤᠯᠵᠦ᠂ 9.8 ᠳᠦᠮᠡᠨ ᠲᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠪᠠ᠃ ᠰᠢᠯᠢᠳᠡᠭ ᠡᠭᠦᠯᠳᠡᠷ ᠤᠨ | ᠮᠢᠬᠠᠨ ᠤ ᠦᠬᠡᠷ ᠤᠨ ᠬᠡᠪᠴᠢᠶᠡᠵᠢᠭᠰᠡᠨ ᠮᠠᠯᠵᠢᠯ ᠤᠨ ᠡᠷᠦᠬᠡ ᠪᠠ ᠬᠤᠷᠰᠢᠶᠠᠵᠢᠯ ᠢ ᠶᠡᠬᠡᠪᠡᠷ ᠬᠦᠭᠵᠢᠬᠦᠯᠦᠨ᠂ | ᠠᠶᠢᠮᠠᠭ ᠤᠨ ᠳᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 21᠂ ᠰᠢᠯᠢᠳᠡᠭ | ᠡᠭᠦᠯᠳᠡᠷ ᠤᠨ ᠮᠢᠬᠠᠨ ᠤ ᠦᠬᠡᠷ ᠤᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 58 ᠡᠷᠦᠬᠡ ᠳᠤ | ᠭᠦᠷᠭᠡᠭᠰᠡᠨ ᠪᠠᠶᠢᠨ᠎ᠠ᠃ ᠦᠵᠦᠮᠦᠴᠢᠨ ᠮᠢᠬᠠᠨ ᠤ ᠬᠤᠨᠢᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ᠂ ︽ | ᠦᠵᠦᠮᠦᠴᠢᠨ ᠬᠤᠨᠢᠨ ᠤ ᠠᠵᠦ ᠦᠢᠯᠡᠰ ᠤᠨ ᠬᠦᠭᠵᠢᠯᠳᠡ ᠶᠢᠨ ᠬᠡᠷᠡᠭᠵᠢᠬᠦᠯᠬᠦ ᠳᠦᠰᠦᠪ︾ ᠵᠢᠴᠢ ᠪᠠᠷᠢᠮᠵᠢᠶ᠎ᠠ᠂ | ᠬᠢᠨᠠᠨ ᠲᠤᠭᠳᠠᠭᠠᠬᠤ ᠠᠷᠭ᠎ᠠ ᠵᠡᠷᠭᠡ ᠶᠢ ᠲᠤᠭᠳᠠᠭᠠᠨ᠂ 3407 ᠳᠤᠯᠤᠭᠠᠢ ᠦᠵᠦᠮᠦᠴᠢᠨ ᠬᠤᠴᠠ᠂ 4 ᠳᠦᠮᠡ | ᠢᠯᠡᠭᠦᠦ ᠳᠤᠯᠤᠭᠠᠢ ᠦᠬᠢᠨ ᠳᠦᠯᠦᠭᠡ ᠶᠢ ᠰᠤᠩᠭᠤᠨ ᠦᠯᠡᠳᠡᠭᠡᠵᠦ᠂ ᠰᠢᠯᠢᠳᠡᠭ ᠡᠭᠦᠯᠳᠡᠷ ᠤᠨ ᠬᠤᠴᠠ ᠮᠠᠯᠵᠢᠬᠤ | ᠳᠤᠰᠬᠠᠢ ᠡᠷᠦᠬᠡ 200 ᠳᠤ ᠬᠦᠷᠭᠡᠵᠦ᠂ ᠪᠠᠷᠢᠮᠵᠢᠶᠠᠵᠢᠭᠰᠠᠨ ᠰᠦᠷᠦᠭ ᠢ 2000 ᠪᠤᠯᠭᠠᠪᠠ᠃ ᠠᠳᠤᠭᠤᠨ ᠤ | ᠠᠵᠦ ᠦᠢᠯᠡᠰ ᠤᠨ ᠬᠦᠭᠵᠢᠯᠳᠡ ᠶᠢ ᠠᠬᠢᠭᠤᠯᠤᠨ᠂ ᠦᠵᠦᠮᠦᠴᠢᠨ ᠴᠠᠭᠠᠨ ᠠᠳᠤᠭᠤᠨ ᠤ ᠰᠠᠭᠤᠷᠢᠨ ᠭᠠᠵᠠᠷ ᠤᠨ | ᠰᠢᠯᠭᠠᠨ ᠪᠠᠶᠢᠴᠠᠭᠠᠬᠤ ᠲᠠᠰᠤᠭ᠂ ᠮᠠᠯ ᠤᠨ ᠡᠮᠴᠢ ᠶᠢᠨ ᠳᠠᠰᠤᠭ᠂ ᠬᠢᠵᠢᠭ ᠤᠨ ᠲᠠᠷᠢᠯᠭ᠎ᠠ ᠶᠢᠨ ᠬᠦᠮᠦᠷᠭᠡ᠂ ᠴᠡᠭᠡ ᠶᠢ | ᠪᠤᠯᠪᠠᠰᠤᠷᠠᠭᠤᠯᠬᠤ ᠳᠠᠰᠤᠭ ᠵᠡᠷᠭᠡ ᠰᠠᠭᠤᠷᠢ ᠳᠦᠬᠦᠭᠡᠷᠦᠮᠵᠢ ᠶᠢ ᠰᠢᠨ᠎ᠡ ᠪᠠᠷ ᠪᠠᠶᠢᠭᠤᠯᠵᠦ᠂ ᠴᠠᠭᠠᠨ ᠠᠳᠤᠭᠤᠨ ᠤ | ᠭᠤᠤᠯᠳᠠᠯᠭᠠᠳᠤ ᠰᠦᠷᠦᠭ ᠢ 25 ᠳᠤ ᠭᠦᠷᠭᠡᠭᠰᠡᠨ ᠪᠠᠶᠢᠨ᠎ᠠ᠃ ᠦᠵᠦᠮᠦᠴᠢᠨ ᠬᠤᠨᠢᠨ ᠤ ᠠᠵᠤ ᠦᠢᠯᠡᠰ ᠤᠨ | ᠬᠡᠯᠬᠢᠶᠡᠵᠢᠯ ᠢ ᠮᠦᠷᠳᠡᠨ ᠬᠠᠶᠢᠬᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠪᠠ᠃ 820.5 ᠳᠦᠮᠡᠨ ᠳᠦᠭᠦᠷᠢᠭ | ᠤᠨ ᠪᠡᠯᠡ ᠵᠠᠷᠤᠴᠠᠭᠤᠯᠵᠤ᠂ ᠡᠳ᠋ᠰᠢᠬᠦᠯᠬᠦ ᠪᠠᠷᠢᠮᠵᠢᠶᠠᠨ ᠳᠤ ᠬᠦᠷᠦᠭᠰᠡᠨ 13.25 ᠳᠦᠮᠡᠨ ᠲᠤᠯᠤᠭᠠᠢ ᠮᠦᠷᠲᠡᠨ | ᠬᠠᠶᠢᠬᠤ ᠡᠭᠡᠮᠦᠭ ᠵᠡᠭᠦᠯᠭᠡᠭᠰᠡᠨ ᠬᠤᠷᠠᠭ᠎ᠠ ᠶᠢ ᠠᠷᠠᠴᠢᠯᠠᠵᠦ ᠮᠠᠯᠵᠢᠬᠤ ᠠᠴᠠ ᠡᠳ᠋ᠰᠢᠬᠦᠯᠬᠦ᠂ ᠡᠳ᠋ᠰᠢᠬᠦᠯᠬᠦ ᠠᠴᠠ | ᠬᠤᠭᠤᠯᠠᠨ ᠰᠢᠷᠡᠭᠡᠨ ᠳᠤ ᠭᠠᠷᠭᠠᠬᠤ ᠬᠦᠷᠳᠡᠯᠡᠬᠢ ᠪᠦᠬᠦ ᠶᠠᠪᠤᠴᠠ ᠶᠢ ᠮᠦᠷᠳᠡᠨ ᠬᠠᠶᠢᠬᠤ ᠶᠢ ᠠᠩᠬ᠎ᠠ ᠠᠯᠬᠤᠮ | ᠪᠡᠶᠡᠯᠡᠬᠦᠯᠪᠡ᠃ 2018 ᠣᠨ ᠳᠤ᠂ ᠦᠵᠦᠮᠦᠴᠢᠨ ᠬᠤᠨᠢᠨ ᠮᠢᠬ᠎ᠠ ᠨᠢ ᠭᠠᠷᠤᠯᠳᠠ ᠶᠢᠨ ᠤᠷᠤᠨ ᠤ ᠭᠠᠵᠠᠷ | ᠵᠦᠢ ᠶᠢᠨ ᠰᠢᠨᠵᠢ ᠳᠡᠮᠳᠡᠭ ᠤᠨ ᠤᠯᠤᠰ ᠤᠨ ᠬᠠᠮᠠᠭᠠᠯᠠᠯᠳᠠ ᠶᠢᠨ ᠪᠦᠳᠦᠭᠡᠭᠳᠡᠬᠦᠨ ᠢᠶᠠᠷ ᠵᠦᠪᠰᠢᠶᠡᠷᠡᠭᠳᠡᠪᠡ᠃ ᠮᠠᠯ | ᠠᠵᠤ ᠠᠬᠤᠢ ᠶᠢᠨ ᠮᠧᠬᠠᠨᠢᠭᠴᠢᠯᠠᠭᠰᠠᠨ ᠵᠢᠱᠢᠶ᠎ᠡ ᠦᠵᠡᠬᠦᠯᠬᠦ ᠤᠷᠤᠨ ᠤ ᠪᠠᠶᠢᠭᠤᠯᠤᠯᠲᠠ ᠶᠢ ᠳᠦᠷᠭᠡᠳᠬᠡᠵᠦ᠂ 715 | ᠳᠦᠮᠡᠨ ᠳᠦᠭᠦᠷᠢᠭ ᠤᠨ ᠲᠠᠷᠢᠶᠠᠯᠠᠩ ᠤᠨ ᠮᠠᠰᠢᠨ ᠤ ᠨᠦᠬᠦᠪᠦᠷᠢ ᠤᠯᠭᠤᠨ᠂ 414 ᠮᠠᠯᠵᠢᠬᠤ ᠡᠷᠦᠬᠡ ᠳᠤ ᠠᠰᠢᠭ | ᠭᠦᠷᠳᠡᠭᠡᠵᠠᠢ᠃ ᠬᠦᠨᠳᠤ ᠨᠤᠴᠢᠳᠠᠢ ᠭᠠᠩ ᠤᠨ ᠪᠠᠶᠢᠳᠠᠯ ᠢ ᠢᠳᠡᠪᠬᠢᠳᠠᠢ ᠠᠷᠭᠠᠴᠠᠭᠠᠵᠦ᠂ ᠭᠠᠮᠰᠢᠭᠳᠠᠭᠰᠠᠨ 1187 | ᠮᠠᠯᠵᠢᠬᠤ ᠡᠷᠦᠬᠡ ᠳᠤ 9410 ᠲᠣᠨ ᠡᠪᠡᠰᠦ ᠪᠤᠷᠳᠤᠭ᠎ᠠ ᠲᠠᠷᠬᠠᠭᠠᠪᠠ᠃ ᠠᠹᠷᠢᠺᠠ ᠲᠢᠪ ᠤᠨ ᠭᠠᠭ᠋ᠠᠢ ᠶᠢᠨ | ᠬᠢᠵᠢᠭ ᠤᠨ ᠬᠠᠯᠳᠠᠪᠤᠷᠢᠯᠠᠬᠤ ᠵᠠᠮ ᠢ ᠡᠷᠡᠰ ᠬᠤᠷᠢᠭᠯᠠᠪᠠ᠃ ᠭᠡᠰᠡᠭ ᠭᠠᠴᠠᠭᠠᠨ ᠳᠤ ᠢᠯᠡᠷᠡᠭᠰᠡᠨ ᠬᠤᠨᠢᠨ ᠤ | ᠤᠷᠬᠢᠴᠠ ᠪᠠᠺᠲ᠋ᠧᠷᠢ ᠶᠢᠨ ᠡᠪᠡᠳᠴᠢᠨ ᠢ ᠪᠦᠳᠦᠮᠵᠢᠳᠠᠢ ᠬᠤᠷᠢᠭᠯᠠᠭᠰᠠᠨ ᠪᠠᠶᠢᠨ᠎ᠠ᠃ ᠪᠦᠬᠦ ᠤᠯᠤᠰ ᠤᠨ ᠪᠷᠦ᠋ᠼᠧᠯ | ᠡᠪᠡᠳᠴᠢᠨ ᠢ ᠰᠡᠷᠭᠡᠶᠢᠯᠡᠨ ᠬᠤᠷᠢᠭᠯᠠᠬᠤ ᠠᠬᠤᠢ ᠲᠠᠯᠠᠪᠤᠷ ᠤᠨ ᠲᠤᠷᠰᠢᠯᠭ᠎ᠠ ᠰᠤᠯᠢᠯᠴᠠᠬᠤ ᠬᠤᠷᠠᠯ ᠢ ᠠᠮᠵᠢᠯᠳᠠᠳᠠᠢ | ᠡᠷᠬᠢᠯᠡᠨ ᠶᠠᠪᠤᠭᠲᠠᠭᠤᠯᠵᠣ᠂ ᠮᠠᠨ ᠤ ᠬᠤᠰᠢᠭᠤᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ | ᠦᠷ᠎ᠡ ᠪᠦᠳᠦᠮᠵᠢ ᠶᠢ ᠪᠦᠬᠦ ᠲᠠᠯ᠎ᠠ ᠪᠠᠷ ᠲᠡᠯᠭᠡᠨ ᠦᠵᠡᠭᠦᠯᠪᠡ᠃ | ᠠᠵᠦ ᠦᠢᠯᠡᠳᠪᠤᠷᠢ ᠶᠢᠨ ᠠᠵᠤ ᠠᠬᠤᠢ ᠶᠢᠨ ᠶᠠᠰᠤ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 25 ᠠᠵᠦ ᠦᠢᠯᠡᠳᠪᠤᠷᠢ ᠶᠢᠨ ᠠᠵᠤ | ᠠᠬᠤᠶᠢᠯᠠᠯ ᠤᠨ ᠦᠢᠯᠡᠳᠪᠤᠷᠢᠯᠡᠯ ᠤᠨ ᠦᠷᠲᠡᠭ 158.15 ᠳ᠋ᠦᠩᠰᠢᠭᠤᠷ ᠳᠦᠭᠦᠷᠢᠭ ᠢ ᠪᠡᠶᠡᠯᠡᠬᠦᠯᠵᠦ᠂ 20. | 98% ᠪᠠᠷ ᠨᠡᠮᠡᠭᠳᠡᠨ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ 104.7% ᠪᠠᠷ ᠲᠠᠪᠠᠭᠤᠯᠤᠨ ᠪᠡᠶᠡᠯᠡᠭᠦᠯᠵᠠᠢ᠃ | ᠵᠢᠩ ᠨᠧᠩ ᠴᠠᠬᠢᠯᠭᠠᠨ ᠭᠠᠷᠭᠠᠬᠤ ᠦᠢᠯᠡᠳᠪᠤᠷᠢ ᠶᠢᠨ ᠳᠤᠤᠷ ᠨᠢᠭᠡᠳᠦᠭᠦᠯᠦᠨ ᠴᠠᠬᠢᠯᠭᠠᠨ ᠭᠠᠷᠭᠠᠬᠤ ᠲᠦᠷᠦᠯ ᠵᠤᠶᠢᠯ | ᠪᠠ ᠬᠤᠸᠠ ᠷᠦᠨ ᠴᠠᠬᠢᠯᠭᠠᠨ ᠭᠠᠷᠭᠠᠬᠤ ᠦᠢᠯᠡᠳᠪᠤᠷᠢ ᠶᠢᠨ ᠴᠠᠬᠢᠯᠭᠠᠨ ᠭᠠᠷᠭᠠᠬᠤ ᠠᠵᠢᠯ ᠢ ᠡᠬᠢᠯᠡᠭᠦᠯᠦᠨ᠂ | ᠪᠠᠶᠠᠨᠬᠤᠸᠠ ᠳᠠᠬᠢ ᠨᠠᠷᠢᠯᠢᠭᠵᠢᠭᠤᠯᠣᠭᠰᠠᠨ ᠬᠦᠩᠭᠡᠨᠴᠠᠭᠠᠨ ᠤ ᠬᠠᠪᠳᠠᠰᠣ ᠵᠢᠴᠢ ᠥᠪᠡᠷ ᠢ ᠪᠠᠨ ᠬᠠᠩᠭᠠᠬᠤ ᠴᠠᠬᠢᠯᠭᠠᠨ | ᠭᠠᠷᠭᠠᠬᠤ ᠦᠢᠯᠡᠳᠪᠤᠷᠢ ᠶᠢᠨ ᠪᠠᠶᠢᠭᠤᠯᠤᠯᠳᠠ ᠶᠢ ᠳᠦᠷᠭᠡᠳᠬᠡᠨ᠂ ᠵᠢᠷ ᠤᠨ ᠭᠤᠣᠯ ᠬᠤᠶᠠᠳᠤᠭᠠᠷ ᠨᠡᠭᠦᠷᠡᠰᠦᠨ | ᠠᠭᠤᠷᠬᠠᠢ᠂ ᠡᠣ ᠵᠢᠶᠠᠨ ᠹᠠᠩ ᠳᠠᠬᠢ ᠴᠠᠬᠢᠯᠭᠠᠨ ᠭᠠᠷᠭᠠᠬᠤ ᠦᠢᠯᠡᠳᠪᠤᠷᠢ ᠶᠢᠨ ᠪᠠᠷᠠᠭᠤᠨ ᠨᠢᠭᠡᠳᠦᠭᠡᠷ ᠬᠤᠳᠳᠤᠭ | ᠤᠨ ᠲᠦᠷᠦᠯ ᠵᠤᠶᠢᠯ ᠤᠨ ᠪᠡᠯᠡᠳᠬᠡᠯ ᠬᠤᠭᠤᠴᠠᠭᠠᠨ ᠤ ᠭᠠᠷ ᠭᠦᠢᠴᠡᠳᠬᠡᠯ ᠢ ᠤᠷᠤᠭᠰᠢᠳᠠᠢ ᠠᠬᠢᠭᠤᠯᠪᠠ᠃ ᠪᠦᠬᠦ | ᠵᠢᠯ ᠳᠤ 4806 ᠲᠦᠮᠡᠨ ᠲᠤᠨ ᠭᠦᠷᠡᠩ ᠨᠡᠭᠦᠷᠡᠰᠦ ᠤᠶᠢᠯᠠᠳᠪᠤᠷᠢᠯᠠᠵᠤ᠂ 21.9% ᠪᠠᠷ ᠨᠡᠮᠡᠭᠳᠡᠨ᠂ 78.3 | ᠳ᠋ᠦᠡᠭᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ 12.2% ᠢᠶᠠᠷ ᠨᠡᠮᠡᠭᠳᠡᠪᠠ᠃ 60016 ᠲᠤᠨ ᠲᠡᠮᠦᠷᠯᠢᠭ | ᠢ ᠰᠤᠩᠭᠤᠨ ᠪᠤᠯᠪᠠᠰᠤᠷᠠᠭᠤᠯᠵᠦ᠂ 2.9% ᠪᠠᠷ ᠨᠡᠮᠡᠭᠳᠡᠨ᠂ 12.4 ᠳᠦᠮᠡᠨ ᠲᠤᠨ ᠴᠠᠶᠢᠷ ᠢ ᠬᠠᠶᠢᠯᠤᠭᠤᠯᠤᠨ | ᠪᠤᠯᠪᠠᠰᠤᠷᠠᠭᠤᠯᠵᠦ᠂ 19.1% ᠪᠠᠷ ᠨᠡᠮᠡᠭᠳᠡᠨ᠂ 2.49 ᠳᠦᠮᠡᠨ ᠲᠣᠨ ᠹᠯᠤᠷᠲᠤ ᠤᠰᠤᠳᠦ᠋ᠷᠦᠭᠴᠢ ᠶᠢᠨ ᠬᠦᠴᠢᠯ | ᠦᠢᠯᠡᠳᠪᠤᠷᠢᠯᠡᠵᠦ᠂ 23.5% ᠪᠠᠷ ᠨᠡᠮᠡᠭᠳᠡᠨ᠂ 51.6 ᠳᠦᠮᠡᠨ ᠲᠤᠨ ᠱᠦᠢᠨᠢ ᠦᠢᠯᠡᠳᠪᠤᠷᠢᠯᠡᠵᠦ᠂ 56.8% | ᠪᠠᠷ ᠨᠡᠮᠡᠭᠳᠡᠨ᠂ 20.8 ᠳᠦᠮᠡᠨ ᠲᠤᠨ ᠬᠦᠬᠦᠷ ᠤᠨ ᠬᠦᠴᠢᠯ ᠦᠢᠯᠡᠳᠪᠤᠷᠢᠯᠡᠵᠦ᠂ 50.5% ᠪᠠᠷ ᠨᠡᠮᠡᠭᠳᠡᠭᠰᠡᠨ | ᠪᠠᠶᠢᠨ᠎ᠠ᠃ 54.7 ᠳᠦᠮᠡᠨ ᠲᠤᠯᠤᠭᠠᠢ ᠬᠤᠨᠢ ᠶᠢ ᠡᠳ᠋ᠰᠢᠭᠦᠯᠦᠨ ᠪᠤᠯᠪᠠᠰᠤᠷᠠᠭᠤᠯᠵᠦ᠂ 29.7% ᠪᠠᠷ ᠪᠠᠭᠤᠷᠠᠵᠠᠢ᠃ | ᠠᠵᠦ ᠦᠢᠯᠡᠳᠪᠤᠷᠢ ᠶᠢᠨ ᠳᠤᠭᠤᠷᠢᠭ ᠤᠨ ᠬᠦᠭᠵᠢᠯᠲᠡ ᠶᠢ ᠠᠬᠢᠭᠤᠯᠤᠨ᠂ ︽ᠪᠠᠷᠠᠭᠤᠨ ᠦᠵᠦᠮᠦᠴᠢᠨ | ᠬᠤᠰᠢᠭᠤᠨ ᠤ ᠠᠵᠤ ᠦᠢᠯᠡᠳᠪᠤᠷᠢ ᠶᠢᠨ ᠳᠤᠭᠤᠷᠢᠭ ᠢ ᠨᠢᠭᠡᠳᠦᠯᠳᠡᠢ ᠳᠦᠯᠦᠪᠵᠢᠬᠦᠯᠦᠨ ᠨᠢᠭᠡᠳᠬᠡᠬᠦ ᠳᠦᠰᠦᠪ︾ ᠢ | ᠲᠤᠭᠳᠠᠭᠠᠵᠤ᠂ ︽ᠨᠢᠭᠡ ᠤᠷᠤᠨ ᠭᠤᠷᠪᠠᠨ ᠳᠤᠭᠤᠷᠢᠭ︾ ᠤᠨ ᠬᠦᠭᠵᠢᠯᠳᠡ ᠶᠢᠨ ᠪᠠᠶᠢᠷᠢᠰᠢᠯ ᠢ ᠳᠤᠳᠤᠷᠬᠠᠶᠢᠯᠠᠨ᠂ | ᠪᠠᠯᠭᠠᠷᠭᠤᠤᠯ ᠪᠤᠳᠠᠰ ᠤᠨ ᠭᠦᠢᠯᠭᠡᠭᠡᠨ ᠤ ᠳᠤᠭᠤᠷᠢᠭ ᠤᠨ PPP ᠳᠦᠷᠦᠯ ᠵᠦᠢᠯ ᠨᠢ ᠤᠯᠤᠰ ᠤᠨ ᠡᠳ᠋ ᠤᠨ | ᠵᠠᠰᠠᠭ ᠤᠨ ᠶᠠᠮᠤᠨ ᠤ ᠬᠢᠨᠠᠨ ᠪᠠᠶᠢᠴᠠᠭᠠᠯᠳᠠ ᠳᠤ ᠬᠢᠷᠢ ᠲᠡᠩᠴᠡᠪᠡ᠃ ᠠᠷᠠᠯᠵᠢᠶᠠᠴᠢᠨ ᠤᠷᠢᠵᠦ ᠪᠡᠯᠡ ᠲᠠᠲᠠᠬᠤ | ᠠᠵᠢᠯ ᠢ ᠢᠳᠡᠪᠬᠢᠳᠡᠢ ᠦᠷᠨᠢᠬᠦᠯᠵᠦ᠂ ᠳ᠋ᠦᠩ ᠹᠠᠩ ᠯᠥᠩ ︵ᠪᠡᠭᠡᠵᠢᠩ︶ ᠬᠤᠳᠠᠯᠳᠤᠭᠠᠨ ᠤ ᠶᠠᠪᠤᠳᠠᠯ ᠤᠨ | ᠠᠰᠠᠭᠤᠨ ᠯᠠᠪᠯᠠᠬᠤ ᠺᠤᠮᠫᠠᠨᠢ ᠳᠤ ᠨᠠᠶᠢᠲᠠᠨ᠂ ᠨᠠᠷᠢᠯᠢᠭ ᠤᠨᠤᠪᠴᠢᠳᠠᠢ ᠪᠠᠷ ᠠᠷᠠᠯᠵᠢᠶᠠᠴᠢᠨ ᠤᠷᠢᠵᠤ᠂ ᠵᠧᠵᠢᠶᠠᠩ ᠤᠨ | ᠰᠢᠶᠧ ᠱᠢ ᠰᠢᠨ᠎ᠡ ᠮᠠᠲ᠋ᠧᠷᠢᠶᠠᠯ᠂ ᠦᠪᠦᠷ ᠮᠣᠩᠭᠤᠯ ᠤᠨ ᠰᠢᠨ ᠤᠤ ᠰᠢᠨ᠎ᠡ ᠡᠨᠧᠷᠬᠢ ᠵᠡᠷᠭᠡ ᠤᠯᠠᠨ ᠠᠵᠤ | ᠠᠬᠤᠶᠢᠯᠠᠯ ᠲᠠᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠬᠢᠷᠠᠯᠴᠠᠪᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠳᠠᠰᠤᠷᠠᠯᠳᠠ ᠦᠭᠡᠢ ᠪᠤᠵᠠᠭᠠᠶᠢᠷᠠᠭᠤᠯᠪᠠ᠃ ᠪᠦᠭᠦᠶᠢᠯᠠ | ᠤᠷᠤᠨ ᠪᠦᠰᠠ ᠶᠢᠨ ᠵᠢᠭᠤᠯᠴᠢᠯᠠᠯ᠂ ᠲᠦᠷᠪᠠᠨ ᠤᠯᠠᠷᠢᠯ ᠤᠨ ᠵᠢᠭᠤᠯᠴᠢᠯᠠᠯ ᠤᠨ ᠬᠦᠭᠵᠢᠯᠳᠡ ᠶᠢᠨ ᠪᠠᠶᠢᠯᠳᠤᠬᠤ | ᠪᠤᠳᠤᠯᠭ᠎ᠠ ᠶᠢ ᠠᠬᠢᠭᠤᠯᠪᠠ᠃ 1450 ᠳᠦᠮᠡᠨ ᠳᠦᠭᠦᠷᠢᠭ ᠤᠨ ᠪᠡᠯᠡ ᠵᠠᠷᠤᠴᠠᠭᠤᠯᠵᠦ᠂ 99 ᠺᠢᠯᠤᠮᠧᠲᠷ ᠤᠨ | ᠲᠠᠯ᠎ᠠ ᠨᠤᠲᠤᠭ ᠤᠨ ᠨᠡᠬᠦᠳᠡᠯ ᠰᠤᠶᠤᠯ ᠤᠨ ᠵᠢᠭᠤᠯᠴᠢᠯᠠᠯ ᠤᠨ ᠦᠵᠡᠮᠵᠢ ᠶᠢᠨ ᠪᠦᠰᠡ ᠶᠢᠨ ᠳᠦᠷᠦᠯ ᠵᠦᠢᠯ ᠢ | ᠪᠡᠶᠡᠯᠡᠬᠦᠯᠵᠦ᠂ ᠦᠵᠡᠮᠵᠢ ᠶᠢᠨ ᠤᠷᠤᠨ ᠤ ᠰᠠᠭᠤᠷᠢ ᠳᠦᠬᠦᠭᠡᠷᠦᠮᠵᠢ ᠶᠢ ᠨᠡᠩ ᠳᠡᠭᠦᠯᠳᠡᠷᠵᠢᠭᠦᠯᠪᠡ᠃ ᠠᠷᠪᠠᠨ | ᠲᠠᠪᠤᠳᠤᠭᠠᠷ ᠬᠤᠭᠤᠴᠠᠭᠠᠨ ᠤ ᠮᠦᠩᠭᠦᠨ ᠡᠪᠦᠯ ᠤᠨ ᠨᠠᠭᠠᠳᠤᠮ ᠪᠠ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ | — ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠤᠨ ᠨᠠᠶᠢᠷ ᠵᠢᠴᠢ ᠲᠠᠪᠤᠳᠤᠭᠠᠷ ᠬᠤᠭᠤᠴᠠᠭᠠᠨ ᠤ ︽ᠳᠤᠮᠳᠠᠳᠤ | ᠤᠯᠤᠰ ᠤᠨ ᠴᠠᠭᠠᠨ ᠠᠳᠤᠭᠤᠨ ᠤ ᠦᠯᠦᠭᠡᠢ︾ ᠰᠤᠶᠤᠯ ᠤᠨ ᠨᠠᠶᠢᠷ ᠵᠡᠷᠭᠡ ᠬᠤᠶᠠᠷ ᠭᠤᠣᠯ ᠰᠡᠳᠦᠪᠳᠤ | ᠠᠵᠢᠯᠯᠠᠭ᠎ᠠ ᠶᠢ ᠠᠮᠵᠢᠯᠳᠠᠳᠠᠢ ᠡᠷᠬᠢᠯᠡᠨ ᠶᠠᠪᠤᠭᠳᠠᠭᠤᠯᠵᠤ᠂ ᠵᠢᠭᠤᠯᠴᠢᠯᠠᠯ ᠤᠨ ᠰᠤᠶᠤᠯ ᠤᠨ ᠨᠡᠷᠡᠳᠤ ᠳᠡᠮᠳᠡᠭ ᠪᠠ | ᠵᠢᠭᠤᠯᠴᠢᠯᠠᠯ ᠤᠨ ᠬᠠᠷᠠᠯᠲᠠᠳᠤ ᠤᠷᠤᠨ ᠤ ᠨᠡᠷ᠎ᠡ ᠠᠯᠳᠠᠷᠰᠢᠯ ᠢᠶᠠᠨ ᠤᠯᠠᠮ ᠠᠯᠳᠠᠷᠰᠢᠭᠤᠯᠪᠠ᠃ ᠪᠦᠭᠦ ᠵᠢᠯ ᠤᠨ | ᠭᠦᠯᠢᠶᠠᠨ ᠵᠤᠴᠢᠯᠠᠭᠰᠠᠨ ᠵᠢᠭᠤᠯᠴᠢᠯᠠᠭᠰᠠᠳ ᠤᠨ ᠲᠤᠭ᠎ᠠ 98 ᠲᠦᠮᠡᠨ ᠭᠦᠮᠦᠨ ᠤᠳᠠᠭ᠎ᠠ ᠳᠤ ᠭᠦᠷᠴᠦ᠂ 5.88 | ᠳ᠋ᠦᠡᠭᠰᠢᠭᠤᠷ ᠲᠦᠭᠦᠷᠢᠭ ᠤᠨ ᠤᠷᠤᠯᠭ᠎ᠠ ᠶᠢ ᠪᠡᠶᠡᠯᠡᠬᠦᠯᠵᠦ᠂ ᠲᠤᠰᠪᠤᠷᠢ 7.6% ᠪᠠ 8% ᠪᠠᠷ ᠨᠡᠮᠡᠭᠳᠡᠭᠰᠡᠨ | ᠪᠠᠶᠢᠨ᠎ᠠ᠃ ᠠᠩᠬᠠᠳᠤᠭᠠᠷ ᠤᠳᠠᠭᠠᠨ ᠤ ᠲᠤᠷᠭᠠᠨ ᠵᠠᠮ ︵ᠳ᠋ᠦᠡᠬᠤᠸᠠᠩ︶ ᠤᠯᠠᠨ ᠤᠯᠤᠰ ᠤᠨ ᠶᠠᠪᠠᠭᠠᠨ ᠠᠶᠠᠯᠠᠯ ᠤᠨ | ᠨᠠᠶᠢᠷ ᠤᠨ ᠡᠬᠢᠯᠡᠯᠳᠡ ᠶᠢᠨ ᠶᠤᠰᠤᠯᠠᠯ ᠵᠢᠴᠢ ︽ᠨᠢᠭᠡ ᠪᠦᠰᠡ ᠨᠢᠭᠡ ᠵᠠᠮ︾ ᠪᠡᠶ᠎ᠡ ᠲᠠᠮᠢᠷ ᠵᠢᠭᠤᠯᠴᠢᠯᠠᠯ ᠪᠠ | ᠰᠤᠶᠤᠯ ᠤᠨ ᠰᠤᠯᠢᠯᠴᠠᠭᠠᠨ ᠤ ᠳᠡᠭᠡᠳᠤ ᠳᠡᠰ ᠤᠨ ᠶᠠᠷᠢᠶᠠᠨ ᠤ ᠲᠠᠪᠴᠠᠩ ᠳᠡᠭᠡᠷ᠎ᠡ ᠮᠠᠨ ᠤ ᠬᠤᠰᠢᠭᠤ ᠨᠢ ︽ᠠᠷᠪᠠᠨ | ᠶᠡᠭᠡ ᠬᠠᠮᠤᠭ ᠰᠠᠶᠢᠬᠠᠨ ᠶᠠᠪᠠᠭᠠᠨ ᠠᠶᠠᠯᠠᠯ ᠤᠨ ᠬᠤᠲᠠ︾ ᠬᠡᠮᠡᠬᠦ ᠨᠡᠷᠡᠶᠢᠳᠦᠯ ᠢ ᠬᠦᠷᠲᠡᠪᠡ᠃ ᠮᠦᠩᠭᠦᠨ | ᠭᠦᠢᠯᠭᠡᠭᠡ ᠪᠠᠷ ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠨ ᠵᠢᠯᠤᠭᠤᠳᠪᠠ᠃ 2018 | ᠣᠨ ᠤ ᠵᠢᠯ ᠤᠨ ᠡᠴᠦᠰ ᠪᠤᠯᠲᠠᠯ᠎ᠠ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ | ᠵᠢᠭᠡᠯᠡᠯᠭᠡ ᠶᠢᠨ ᠦᠯᠡᠳᠡᠪᠦᠷᠢ ᠲᠤᠰᠪᠤᠷᠢ 55.31 ᠳ᠋ᠦᠩᠰᠢᠭᠤᠷ ᠳᠦᠭᠦᠷᠢᠭ ᠪᠠ 69.08 ᠳ᠋ᠦᠩᠰᠢᠭᠤᠷ | ᠳᠦᠭᠦᠷᠢᠭ ᠪᠠᠶᠢᠵᠦ᠂ ᠲᠤᠰᠪᠤᠷᠢ 5.44% ᠪᠠ 13.17% ᠪᠠᠷ ᠨᠡᠮᠡᠭᠳᠡᠭᠰᠡᠨ ᠪᠠᠶᠢᠨ᠎ᠠ᠃ ᠤᠳᠤᠬᠢᠴᠢᠯᠠᠭᠰᠠᠨ | ᠪᠤᠳᠠᠰ ᠤᠨ ᠭᠦᠢᠯᠭᠡᠭᠡᠨ ᠢ ᠢᠳᠡᠪᠬᠢᠳᠠᠢ ᠬᠦᠭᠵᠢᠭᠦᠯᠪᠡ᠃ ᠪᠦᠬᠦ ᠵᠢᠯ ᠳᠤ 99.12 ᠳᠦᠮᠡᠨ ᠬᠦᠮᠦᠨ ᠤᠳᠠᠭ᠎ᠠ | ᠠᠶᠠᠨᠴᠢᠳ ᠵᠦᠭᠡᠭᠡᠪᠤᠷᠢᠯᠡᠵᠦ᠂ 8.4% ᠪᠠᠷ ᠨᠡᠮᠡᠭᠳᠡᠪᠡ᠃ 3804 ᠳᠦᠮᠡᠨ ᠲᠣᠨ ᠪᠠᠷᠠᠭ᠎ᠠ ᠵᠦᠭᠡᠭᠡᠪᠦᠷᠢᠯᠡᠬᠦ ᠶᠢ | ᠪᠡᠶᠡᠯᠡᠬᠦᠯᠵᠦ᠂ 12.1% ᠪᠠᠷ ᠨᠡᠮᠡᠭᠳᠡᠭᠰᠡᠨ ᠪᠠᠶᠢᠨ᠎ᠠ᠃ | ︵ᠭᠤᠷᠪᠠ︶ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠳᠤᠭᠤᠷᠢᠨ ᠤ | ᠬᠠᠮᠠᠭᠠᠯᠠᠯᠳᠠ ᠪᠤᠯᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠪᠡ᠃ | ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠭᠦᠪᠤᠷᠢ ᠱᠠᠩᠨᠠᠯ | ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 8563.28 ᠲᠦᠮᠡᠨ ᠲᠦᠭᠦᠷᠢᠭ ᠤᠨ | ᠨᠦᠭᠦᠪᠤᠷᠢ ᠱᠠᠩᠨᠠᠯ ᠤᠨ ᠪᠡᠯᠡ ᠮᠦᠩᠭᠦ ᠶᠢ ᠲᠠᠷᠬᠠᠭᠠᠵᠠᠢ᠃ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ | ᠬᠤᠭᠤᠴᠠᠭᠠᠨ ᠳᠠᠬᠢ ᠪᠡᠯᠴᠢᠭᠡᠷ ᠰᠡᠷᠭᠦᠭᠡᠭᠦ ᠠᠵᠢᠯ ᠢ ᠭᠡᠷᠡᠭᠵᠢᠭᠦᠯᠵᠤ᠂ 1668.27 ᠲᠦᠮᠡᠨ ᠲᠦᠭᠦᠷᠢᠭ ᠤᠨ | ᠨᠦᠭᠦᠪᠤᠷᠢ ᠲᠠᠷᠬᠠᠭᠠᠪᠠ᠃ 2775.3 ᠳᠦᠮᠡᠨ ᠳᠦᠭᠦᠷᠢᠭ ᠤᠨ ᠨᠠᠶᠢᠳᠡ ᠶᠢᠨ ᠠᠰᠢᠭᠳᠣ ᠤᠢ ᠰᠢᠭᠤᠢ ᠶᠢᠨ | ᠨᠦᠬᠦᠪᠦᠷᠢ ᠶᠢ ᠲᠠᠷᠬᠠᠭᠠᠵᠠᠢ᠃ ︽ᠭᠤᠷᠪᠠᠨ ᠤᠷᠤᠨ ᠬᠤᠶᠠᠷ ᠱᠤᠭᠤᠮ︾ ᠤᠨ ᠭᠠᠵᠠᠷ ᠰᠢᠨᠵᠢᠯᠡᠭᠡᠨ ᠤ ᠤᠷᠴᠢᠨ | ᠲᠤᠭᠤᠷᠢᠨ ᠢ ᠵᠠᠰᠠᠬᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠢᠨᠵᠧᠨᠧᠷᠢᠩ ᠢ | ᠠᠮᠵᠢᠯᠳᠠᠳᠠᠢ ᠭᠡᠷᠡᠭᠵᠢᠭᠦᠯᠵᠤ᠂ 1.13 ᠲᠦᠮᠡᠨ ᠮᠤ᠋ ᠠᠭᠤᠷᠬᠠᠢ ᠶᠢᠨ ᠤᠷᠤᠨ ᠤ ᠤᠷᠴᠢᠨ ᠲᠤᠭᠤᠷᠢᠨ᠂ 1.2 | ᠲᠦᠮᠡᠨ ᠮᠤ᠋ ᠡᠯᠡᠰᠦᠨ ᠤ ᠡᠬᠢ ᠭᠠᠵᠠᠷ᠂ 1.35 ᠳᠦᠮᠡᠨ ᠮᠤ᠋ ᠪᠠᠭ᠎ᠠ ᠰᠠᠪᠠ ᠭᠠᠵᠠᠷ᠂ 3.8 ᠲᠦᠮᠡᠨ ᠮᠤ᠋ | ᠪᠢᠳᠡᠭᠦᠮᠵᠢᠯᠡᠨ ᠤᠶᠢᠵᠢᠭᠤᠯᠤᠭᠰᠠᠨ ᠤᠢ᠂ 2000 ᠮᠤ᠋ ᠭᠦᠮᠦᠨ ᠤ ᠭᠦᠴᠦ ᠪᠠᠷ ᠤᠶᠢᠵᠢᠭᠤᠯᠤᠭᠰᠠᠨ ᠤᠢ᠂ 25 | ᠳᠦᠮᠡᠨ ᠮᠦ ᠪᠢᠳᠡᠬᠦᠮᠵᠢᠯᠡᠨ ᠤᠶᠢᠵᠢᠭᠤᠯᠤᠭᠰᠠᠨ ᠨᠤᠲᠤᠭ ᠪᠡᠯᠴᠢᠭᠡᠷ ᠤᠨ ᠵᠠᠰᠠᠯᠳᠠ ᠶᠢ ᠪᠡᠶᠡᠯᠡᠭᠦᠯᠪᠡ᠃ ᠠᠮᠢ ᠠᠬᠤᠢ | ᠶᠢᠨ ᠰᠡᠷᠡᠮᠵᠢ ᠶᠢᠨ ᠱᠤᠭᠤᠮ ᠤᠨ ᠵᠠᠭᠠᠭ ᠲᠤᠭᠳᠠᠭᠠᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ᠃ ᠨᠤᠳᠤᠭ | ᠪᠡᠯᠴᠢᠭᠡᠷ ᠢ ᠲᠠᠳᠠᠪᠤᠷᠢᠯᠠᠨ ᠭᠡᠷᠡᠭᠯᠡᠭᠦ ᠬᠢᠨᠠᠨ ᠵᠦᠪᠰᠢᠶᠡᠷᠡᠯ ᠢ ᠴᠢᠩᠭᠠᠳᠬᠠᠵᠤ᠂ ︽ᠪᠠᠷᠠᠭᠤᠨ ᠦᠵᠦᠮᠦᠴᠢᠨ | ᠬᠤᠰᠢᠭᠤᠨ ᠤ ᠲᠦᠭᠦᠭᠡᠷᠦᠮᠵᠢᠳᠤ ᠲᠠᠷᠢᠶᠠᠯᠠᠩ ᠮᠠᠯ ᠠᠵᠤ ᠠᠬᠤᠢ ᠳᠤ ᠭᠠᠵᠠᠷ ᠬᠡᠷᠡᠭᠯᠡᠬᠦ ᠬᠠᠮᠢᠶᠠᠷᠤᠯᠳᠠ ᠶᠢᠨ ᠠᠷᠭ᠎ᠠ | ︵ᠲᠤᠷᠰᠢᠨ ᠭᠡᠷᠡᠭᠵᠢᠭᠦᠯᠭᠦ︶︾ ᠶᠢ ᠲᠤᠭᠳᠠᠭᠠᠨ ᠭᠡᠷᠡᠭᠵᠢᠭᠦᠯᠵᠠᠢ᠃ ᠨᠤᠳᠤᠭ ᠪᠡᠯᠴᠢᠭᠡᠷ ᠢ ᠰᠢᠯᠵᠢᠭᠦᠯᠦᠨ ᠭᠡᠷᠡᠭᠯᠡᠭᠦ | ᠬᠠᠮᠢᠶᠠᠷᠤᠯᠳᠠ ᠶᠢ ᠲᠦᠷᠢᠮᠵᠢᠭᠦᠯᠵᠤ᠂ ᠭᠠᠳᠠᠨ᠎ᠠ ᠶᠢᠨ ᠮᠠᠯ ᠰᠦᠷᠦᠭ ᠢ ᠪᠦᠭᠦ ᠭᠦᠴᠦᠨ ᠢᠶᠠᠷ ᠢᠶᠠᠨ ᠴᠡᠪᠡᠷᠯᠡᠨ᠂ | ᠭᠡᠭᠡᠷ᠎ᠡ ᠶᠢᠨ ᠡᠮᠳᠤ ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃ | ᠬᠠᠪᠴᠢᠭᠠᠢ ᠡᠯᠡᠰᠤ ᠶᠢ ᠵᠠᠰᠠᠬᠤ ᠦᠷᠲᠡᠭᠡ ᠨᠢ ᠤᠯᠤᠰ ᠤᠨ ᠳᠡᠰ ᠤᠨ ᠡᠯᠡᠰᠤ ᠮᠠᠩᠬᠠᠨ ᠤ ᠴᠡᠴᠡᠷᠯᠢᠭ ᠤᠨ | ᠪᠠᠶᠢᠭᠤᠯᠤᠯᠳᠠ ᠶᠢᠨ ᠳᠦᠷᠦᠯ ᠵᠦᠢᠯ ᠢ ᠠᠮᠵᠢᠯᠳᠠᠳᠠᠢ ᠡᠷᠡᠮᠡᠯᠵᠡᠯᠡᠨ ᠤᠯᠵᠠᠢ᠃ ᠭᠦᠷᠦᠭᠡᠰᠦᠳᠠᠢ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠢ ᠬᠠᠮᠢᠶᠠᠷᠤᠨ ᠬᠠᠮᠠᠭᠠᠯᠠᠬᠤ ᠭᠦᠴᠦᠯᠡᠴᠠ ᠪᠠᠨ ᠴᠢᠩᠭᠠᠳᠬᠠᠵᠤ᠂ 3 ᠬᠠᠶᠢᠨ ᠰᠢᠨᠵᠢᠭᠦ | ᠠᠭᠤᠷᠬᠠᠢ᠂ 2600 ᠭᠠᠷᠤᠢ ᠲᠤᠯᠤᠭᠠᠢ ᠮᠠᠯ ᠰᠦᠷᠦᠭ ᠢ ᠬᠠᠮᠠᠭᠠᠯᠠᠯᠳᠠ ᠶᠢᠨ ᠤᠷᠤᠨ ᠠᠴᠠ ᠭᠠᠷᠭᠠᠪᠠ᠃ | ᠠᠭᠤᠷᠬᠠᠢ ᠶᠢᠨ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 7 ᠠᠵᠤ | ᠠᠬᠤᠶᠢᠯᠠᠯ ᠢ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠭᠡᠢ ᠠᠭᠤᠷᠬᠠᠢ ᠶᠢᠨ ᠤᠷᠤᠨ ᠪᠤᠯᠭᠠᠨ | ᠪᠠᠶᠢᠭᠤᠯᠬᠤ ᠶᠢ ᠭᠦᠳᠦᠯᠦᠨ ᠵᠢᠯᠤᠭᠤᠳᠪᠠ᠃ ᠭᠤᠤᠯ ᠮᠦᠷᠡᠨ ᠤ ᠪᠤᠬᠢᠷᠳᠤᠯ ᠳᠤ ᠬᠠᠷᠢᠭᠤᠴᠠᠬᠤ ᠲᠠᠷᠤᠭ᠎ᠠ ᠶᠢᠨ | ᠲᠦᠷᠢᠮ ᠢ ᠪᠦᠭᠦ ᠲᠠᠯ᠎ᠠ ᠪᠠᠷ ᠬᠡᠷᠡᠭᠵᠢᠬᠦᠯᠦᠨ᠂ ᠭᠤᠤᠯ ᠲᠠᠭᠠᠤ ᠪᠠᠶᠢᠩᠭᠤ ᠴᠠᠭᠳᠠᠨ ᠪᠠᠶᠢᠴᠠᠭᠠᠯᠳᠠ ᠬᠢᠭᠦ ᠪᠠ ᠤᠰᠤᠨ | ᠤ ᠴᠢᠨᠠᠷ ᠤᠨ ᠪᠠᠶᠢᠴᠠᠭᠠᠯᠳᠠ ᠶᠢᠨ ᠶᠡᠷᠦᠩᠭᠡᠶᠢᠯᠡᠨ ᠬᠠᠤᠯᠢ ᠭᠡᠷᠡᠭᠵᠢᠭᠦᠯᠭᠦ ᠶᠢ ᠪᠡᠶᠡᠯᠡᠭᠦᠯᠵᠠᠢ᠃ | ︵ᠲᠦᠷᠪᠡ︶ ᠬᠤᠲᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠶᠢ ᠪᠠᠷᠢᠮᠳᠠᠯᠠᠵᠦ᠂ ᠬᠤᠲᠠ ᠪᠠᠯᠭᠠᠰᠤ | ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠪᠠ᠃ | ᠬᠦᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠯᠠᠪᠳᠠᠭᠤᠨ ᠠᠬᠢᠭᠤᠯᠵᠦ᠂ ᠬᠥᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ | ᠳᠦᠯᠦᠪᠵᠢᠭᠦᠯᠭᠡ ᠪᠠ ᠬᠡᠷᠡᠭᠵᠢᠭᠦᠯᠬᠦ ᠳᠦᠰᠦᠪ ᠢ ᠨᠠᠶᠢᠷᠠᠭᠤᠯᠬᠤ ᠠᠵᠢᠯ ᠢ ᠠᠩᠬ᠎ᠠ ᠠᠯᠬᠤᠮ ᠪᠡᠶᠡᠯᠡᠬᠦᠯᠪᠡ᠃ ᠤᠰᠤᠨ | ᠠᠰᠢᠭᠯᠠᠯᠳᠠ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠭᠦᠭᠡᠷᠦᠮᠵᠢ | ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠪᠠ | ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠪᠦᠬᠦ | ᠵᠢᠯ ᠳᠤ ᠤᠷᠳᠤ ᠨᠢ 51.58 ᠺᠢᠯᠤᠮᠧᠲᠷ ᠪᠦᠭᠦᠢ 2 ᠵᠤᠷᠪᠤᠰ ᠱᠤᠶᠢᠨᠢ ᠵᠠᠮ᠂ ᠤᠷᠳᠤ ᠨᠢ 47 ᠺᠢᠯᠤᠮᠧᠲᠷ | ᠪᠦᠭᠦᠢ 6 ᠵᠤᠷᠪᠤᠰ ᠬᠠᠶᠢᠷ ᠴᠢᠯᠠᠭᠤᠨ ᠵᠠᠮ ᠢ ᠵᠠᠰᠠᠨ᠂ 41 ᠡᠷᠦᠭᠡ ᠶᠢᠨ ᠠᠶᠤᠯᠳᠠᠢ ᠭᠡᠷ ᠪᠠᠶᠢᠰᠢᠩ ᠢ ᠰᠡᠯᠪᠢᠨ | ᠵᠠᠰᠠᠵᠤ᠂ 3.71 ᠳᠦᠮᠡᠨ ᠳᠡᠭᠰᠢ ᠳᠦᠷᠪᠡᠯᠵᠢᠨ ᠮᠧᠲᠷ ᠤᠨ ᠳᠤᠯᠠᠭᠠᠨ ᠫᠧᠩ᠂ 0.74 ᠳᠦᠮᠡᠨ ᠳᠡᠭᠰᠢ | ᠳᠦᠷᠪᠡᠯᠵᠢᠨ ᠮᠧᠲᠷ ᠤᠨ ᠡᠪᠡᠰᠤ ᠨᠦᠭᠡᠴᠡᠯᠡᠬᠦ ᠫᠧᠩ ᠢ ᠪᠠᠶᠢᠭᠤᠯᠤᠨ᠂ 999 ᠡᠷᠦᠭᠡ ᠳᠤ ᠴᠠᠬᠢᠯᠭᠠᠨ | ᠨᠡᠪᠳᠡᠷᠡᠭᠦᠯᠵᠦ᠂ 55 ᠬᠤᠳᠳᠤᠭ ᠰᠢᠨ᠎ᠠ ᠪᠠᠷ ᠮᠠᠯᠳᠠᠨ᠂ 200 ᠤᠰᠤ ᠬᠠᠳᠠᠭᠠᠯᠠᠬᠤ ᠵᠤᠭᠤᠷᠢ ᠪᠠᠶᠢᠭᠤᠯᠵᠤ᠂ 93 | ᠭᠠᠴᠠᠭᠠᠨ ᠤ ᠠᠯᠪᠠᠨ ᠭᠡᠷ ᠲᠤ ᠴᠦᠮ ᠦᠷᠭᠡᠨ ᠪᠦᠰᠡᠳᠤ ᠲᠤᠤᠷ ᠰᠦᠯᠵᠢᠶ᠎ᠠ ᠶᠢ ᠨᠡᠪᠳᠡᠷᠡᠭᠦᠯᠵᠠᠢ᠃ ᠮᠠᠯᠵᠢᠯ ᠤᠨ | ᠲᠠᠯᠠᠪᠠᠢ ᠶᠢᠨ ᠦᠭᠡᠷᠡᠴᠢᠯᠠᠯᠳᠠ ᠪᠠ ᠨᠤᠳᠤᠭ ᠪᠡᠯᠴᠢᠭᠡᠷ ᠤᠨ ᠡᠷᠭᠡ ᠶᠢ ᠲᠤᠳᠤᠷᠬᠠᠶᠢᠯᠠᠬᠤ ᠠᠵᠢᠯ ᠰᠢᠨ᠎ᠠ ᠠᠬᠢᠯᠳᠠ | ᠲᠠᠢ ᠪᠤᠯᠪᠠ᠃ 233 ᠲᠦᠮᠡᠨ ᠮᠤ᠋ ᠤᠯᠤᠰ ᠤᠨ ᠦᠮᠴᠢᠯᠠᠯᠳᠤ ᠮᠠᠯᠵᠢᠯ ᠤᠨ ᠲᠠᠯᠠᠪᠠᠢ ᠶᠢᠨ ᠭᠡᠷᠡᠭᠯᠡᠭᠦ ᠡᠷᠭᠡ ᠶᠢ | ᠲᠤᠳᠤᠷᠬᠠᠶᠢᠯᠠᠨ ᠲᠠᠩᠰᠠᠯᠠᠵᠤ ᠦᠨᠡᠮᠯᠡᠯ ᠲᠠᠷᠬᠠᠭᠠᠨ᠂ ᠨᠤᠳᠤᠭ ᠪᠡᠯᠴᠢᠭᠡᠷ ᠤᠨ ᠦᠮᠴᠢᠯᠡᠭᠦ ᠡᠷᠭᠡ ᠶᠢᠨ ᠦᠨᠡᠮᠯᠡᠯ | ᠲᠠᠷᠬᠠᠭᠠᠬᠤ ᠨᠦᠭᠦᠴᠡᠯ ᠳᠤ ᠨᠡᠶᠢᠴᠡᠭᠰᠡᠨ ᠭᠠᠴᠠᠭ᠎ᠠ 51 ᠪᠠᠶᠢᠵᠤ᠂ ᠡᠵᠡᠩᠨᠡᠯᠳᠠ ᠶᠢᠨ ᠡᠷᠭᠡ ᠶᠢᠨ ᠦᠨᠡᠮᠯᠡᠯ | ᠲᠠᠷᠬᠠᠭᠠᠬᠤ ᠨᠦᠭᠦᠴᠡᠯ ᠳᠤ ᠨᠡᠶᠢᠴᠡᠭᠰᠡᠨ ᠭᠠᠴᠠᠭ᠎ᠠ 48 ᠳᠤ ᠭᠦᠷᠴᠠᠢ᠃ | ᠬᠤᠳᠠ ᠪᠠᠯᠭᠠᠰᠤᠨ ᠤ ᠪᠠᠶᠢᠭᠤᠯᠤᠯᠳᠠ ᠬᠠᠮᠢᠶᠠᠷᠤᠯᠳᠠ ᠶᠢᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠭᠦᠯᠪᠡ᠃ | ︽ᠪᠠᠷᠠᠭᠤᠨ ᠦᠵᠦᠮᠦᠴᠢᠨ ᠬᠤᠰᠢᠭᠤᠨ ᠤ 2018 — 2020 ᠣᠨ ᠤ ᠬᠤᠲᠠ ᠪᠠᠯᠭᠠᠰᠤᠨ ᠤ ᠲᠦᠯᠦᠪᠵᠢᠭᠦᠯᠭᠡ | ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠶᠢ ᠲᠡᠰᠵᠢᠭᠦᠯᠭᠦ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠬᠦᠯᠬᠦ | ᠲᠦᠰᠦᠪ︾ ᠢ ᠨᠠᠶᠢᠷᠠᠭᠤᠯᠵᠤ ᠲᠠᠭᠤᠰᠬᠠᠨ᠂ ︽ᠪᠠᠯᠭᠠᠷᠭᠤᠤᠯ ᠪᠤᠳᠠᠰ ᠤᠨ ᠭᠦᠢᠯᠭᠡᠭᠡᠨ ᠤ ᠳᠤᠭᠤᠷᠢᠭ ᠤᠨ ᠶᠡᠷᠤᠩᠬᠡᠢ | ᠳᠦᠯᠦᠪᠵᠢᠭᠦᠯᠭᠡ︾ ᠨᠢ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠦᠳᠦᠭᠡᠨ ᠪᠠᠶᠢᠭᠤᠯᠤᠯᠳᠠ ᠶᠢᠨ | ᠲᠢᠩᠬᠢᠮ ᠤᠨ ᠴᠤᠬᠤᠯᠠᠪᠤᠷᠢ ᠶᠢ ᠤᠯᠪᠠ᠃ ᠬᠤᠳᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠳᠤ 6139.4 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠤᠨ᠂ 6.3 ᠺᠢᠯᠤᠮᠧᠲᠷ ᠤᠨ | ᠤᠰᠤ ᠭᠠᠳᠠᠭᠰᠢᠯᠠᠭᠤᠯᠬᠤ ᠬᠤᠭᠤᠯᠠᠢ ᠶᠢ ᠰᠢᠨ᠎ᠡ ᠪᠠᠷ ᠣᠭᠰᠠᠷᠠᠵᠤ᠂ ᠪᠤᠬᠢᠷ ᠤᠰᠤ ᠶᠢ ᠰᠢᠢᠳᠪᠤᠷᠢᠯᠡᠬᠦ | ᠤᠶᠢᠯᠠᠳᠪᠤᠷᠢ ᠶᠢ ᠪᠠᠷᠢᠮᠵᠢᠶᠠᠨ ᠳᠤ ᠬᠦᠷᠭᠡᠵᠦ ᠦᠷᠭᠡᠳᠬᠡᠨ ᠪᠠᠶᠢᠭᠤᠯᠬᠤ ᠢᠨᠵᠧᠨᠧᠷᠢᠩ ᠤᠨ ᠪᠡᠯᠡᠳᠬᠡᠯ | ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠭᠡᠨ᠂ ᠬᠤᠳᠠ ᠪᠠᠯᠭᠠᠰᠤᠨ ᠤ ᠤᠶᠢᠵᠢᠭᠤᠯᠤᠯᠳᠠ᠂ | ᠬᠡᠷᠡᠯᠳᠦᠭᠦᠯᠦᠯᠳᠡ᠂ ᠬᠠᠳᠠᠭᠤᠷᠠᠭᠤᠯᠤᠯᠳᠠ᠂ ᠭᠤᠶᠤᠵᠢᠭᠤᠯᠳᠠ ᠶᠢᠨ ᠬᠢᠷᠢ ᠳᠦᠪᠰᠢᠨ ᠢ ᠤᠯᠠᠮ ᠲᠡᠭᠡᠭᠰᠢᠯᠡᠭᠦᠯᠵᠠᠢ᠃ | ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠢᠵᠢ ᠪᠦᠷᠢᠳᠦᠭᠦᠯᠦᠨ ᠪᠠᠶᠢᠭᠤᠯᠬᠤ ᠶᠢ | ᠲᠦᠷᠭᠡᠳᠭᠡᠵᠤ᠂ 296 ᠢᠵᠢ ᠨᠠᠶᠢᠳᠠ ᠶᠢᠨ ᠲᠦᠷᠢᠶᠠᠰᠦᠨ ᠭᠡᠷ ᠢ ᠬᠤᠪᠢᠶᠠᠷᠢᠯᠠᠪᠠ᠃ 1324 ᠲᠦᠮᠡᠨ | ᠲᠦᠭᠦᠷᠢᠭ ᠤᠨ ᠪᠡᠯᠡ ᠮᠦᠩᠭᠦ ᠵᠠᠷᠤᠴᠠᠭᠤᠯᠵᠤ᠂ ᠬᠠᠭᠤᠴᠢᠨ ᠤᠷᠤᠨ ᠰᠠᠭᠤᠴᠠ ᠶᠢᠨ ᠲᠤᠭᠤᠷᠢᠭ ᠤᠨ 22 ᠠᠰᠠᠷ ᠢ | ᠦᠭᠡᠷᠡᠴᠢᠯᠠᠨ ᠵᠠᠰᠠᠪᠠ᠃ ᠲᠦᠭᠦᠮ ᠪᠦᠳᠦᠴᠠᠳᠤ ᠲᠤᠭᠤᠷᠢᠭ ᠢ ᠦᠭᠡᠷᠡᠴᠢᠯᠡᠭᠦ ᠠᠵᠢᠯ ᠢ ᠯᠠᠪᠳᠠᠭᠤᠨ ᠪᠠᠳᠤᠳᠠᠢ | ᠦᠷᠨᠢᠭᠦᠯᠵᠤ᠂ 787 ᠡᠷᠦᠭᠡ ᠶᠢᠨ ᠭᠡᠷ ᠪᠠᠶᠢᠰᠢᠩ ᠢ ᠲᠠᠳᠠᠪᠤᠷᠢᠯᠠᠬᠤ ᠠᠵᠢᠯ ᠢ ᠪᠡᠶᠡᠯᠡᠭᠦᠯᠵᠠᠢ᠃ ᠭᠡᠷ ᠭᠦᠷᠦᠩᠭᠡ | ᠶᠢᠨ ᠲᠦᠷᠦᠯ ᠵᠤᠶᠢᠯ ᠤᠨ ᠦᠯᠦ ᠭᠦᠳᠡᠯᠭᠦ ᠭᠦᠷᠦᠩᠭᠡ ᠶᠢ ᠲᠠᠩᠰᠠᠯᠠᠬᠤ ᠦᠯᠡᠳᠡᠭᠳᠡᠯ ᠠᠰᠠᠭᠤᠳᠠᠯ ᠢ ᠭᠦᠴᠦᠯᠠᠨ | ᠰᠢᠢᠳᠪᠤᠷᠢᠯᠡᠵᠤ᠂ ᠭᠡᠷ ᠪᠠᠶᠢᠰᠢᠩ ᠤᠨ ᠦᠯᠦ ᠭᠦᠳᠡᠯᠭᠦ ᠭᠦᠷᠦᠩᠭᠡ ᠶᠢ 815 ᠲᠡᠪᠳᠡᠷ ᠲᠠᠩᠰᠠᠯᠠᠪᠠ᠃ ᠤᠯᠤᠰ ᠤᠨ | ᠵᠠᠮ ᠤᠨ 306 ᠱᠤᠭᠤᠮ ᠤᠨ ᠲᠠᠰᠢᠭᠤᠷ ᠤᠨ ᠪᠤᠯᠠᠭ ᠠᠴᠠ ᠪᠠᠯᠭᠠᠷᠭᠤᠤᠯ ᠪᠠᠯᠭᠠᠰᠤ ᠭᠦᠷᠭᠦ ᠵᠠᠰᠠᠮᠠᠯ ᠵᠠᠮ ᠤᠨ | ᠲᠦᠷᠦᠯ ᠵᠤᠶᠢᠯ ᠳᠤ ᠨᠠᠶᠢᠳᠠ 6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠠᠢ᠃ | ᠪᠠᠶ᠋ᠬᠠᠭᠤᠯᠠ ᠨᠢᠰᠭᠡᠯ ᠤᠨ ᠪᠠᠭᠤᠳᠠᠯ ᠢ ᠪᠠᠶᠢᠭᠤᠯᠬᠤ ᠭᠠᠵᠠᠷ ᠢ ᠨᠢᠭᠡᠨᠳᠠ ᠰᠤᠩᠭᠤᠵᠤ᠂ ᠤᠯᠤᠰ ᠤᠨ ᠦᠮᠴᠢᠯᠠᠯᠳᠤ | ᠺᠣᠮᠫᠠᠨᠢ ᠶᠢ ᠪᠠᠶᠢᠭᠤᠯᠬᠤ ᠠᠵᠢᠯ ᠢ ᠠᠬᠢᠭᠤᠯᠪᠠ᠃ | ︵ᠲᠠᠪᠤ︶ ᠦᠭᠡᠷᠡᠴᠢᠯᠠᠯᠳᠠ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠵᠦ᠂ ᠠᠵᠤ ᠠᠬᠤᠢ ᠶᠢᠨ ᠭᠦᠭᠵᠢᠯᠳᠠ ᠶᠢᠨ | ᠠᠮᠢᠵᠢᠷᠠᠯ ᠤᠨ ᠭᠦᠴᠦᠨ ᠢ ᠭᠦᠭᠵᠢᠭᠡᠪᠡ᠃ | ᠠᠵᠤ ᠠᠬᠤᠢ᠂ ᠠᠮᠢ ᠠᠬᠤᠢ ᠶᠢᠨ ᠪᠤᠯᠪᠠᠰᠤᠨ᠂ ᠨᠡᠶᠢᠭᠡᠮ ᠤᠨ ᠪᠠᠶᠢᠭᠤᠯᠤᠮᠵᠢ ᠵᠡᠷᠭᠡ 46 ᠳᠦᠷᠦᠯ ᠤᠨ | ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠡᠭᠦᠷᠭᠡ᠂ ᠲᠤᠷᠰᠢᠯᠳᠠ ᠶᠢᠨ ᠴᠡᠭ ᠤᠨ 6 ᠳᠦᠷᠦᠯ ᠤᠨ | ᠦᠭᠡᠷᠡᠴᠢᠯᠡᠯᠳᠡ ᠶᠢᠨ ᠡᠭᠦᠷᠬᠡ᠂ 141 ᠳᠦᠷᠦᠯ ᠤᠨ ᠦᠷᠭᠦᠯᠵᠢᠯᠡᠨ ᠠᠬᠢᠭᠤᠯᠬᠤ ᠦᠭᠡᠷᠡᠴᠢᠯᠡᠯᠳᠡ ᠶᠢᠨ | ᠡᠭᠦᠷᠭᠡ ᠶᠢ ᠪᠡᠶᠡᠯᠡᠬᠦᠯᠵᠦ᠂ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠦᠭᠰᠡᠨ ᠨᠤᠷᠮ᠎ᠠ 88.53% ᠳᠤ | ᠭᠦᠷᠴᠠᠢ᠃ ︽ᠲᠠᠯᠪᠢᠬᠤ ᠬᠠᠮᠢᠶᠠᠷᠬᠤ ᠤᠶᠢᠯᠡᠴᠢᠯᠡᠭᠦ︾ ᠦᠭᠡᠷᠡᠴᠢᠯᠠᠯᠳᠠ ᠶᠢ ᠭᠦᠨᠵᠡᠭᠡᠢ ᠠᠬᠢᠭᠤᠯᠪᠠ᠃ 6608 | ᠵᠤᠷᠪᠤᠰ ᠵᠠᠰᠠᠭ ᠤᠨ ᠤᠷᠳᠤᠨ ᠤ ᠡᠷᠭᠡ ᠪᠠ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ᠂ 305 ᠵᠤᠷᠪᠤᠰ | ᠤᠯᠠᠨ ᠨᠠᠶᠢᠳᠠ ᠶᠢᠨ ᠤᠶᠢᠯᠡᠴᠢᠯᠡᠭᠡᠨ ᠤ ᠶᠠᠪᠤᠳᠠᠯ ᠤᠨ ᠨᠠᠷᠢᠨ ᠲᠠᠩᠰᠠ ᠶᠢ ᠨᠡᠶᠢᠭᠡᠮ ᠳᠤ ᠢᠯᠡ ᠨᠡᠶᠢᠳᠡᠯᠡᠪᠡ᠃ | ᠬᠠᠷᠢᠴᠠᠩᠭᠤᠢ ᠲᠦᠪᠯᠡᠷᠡᠭᠭᠦᠢ ᠵᠠᠰᠠᠭ ᠤᠨ ᠶᠠᠪᠤᠳᠠᠯ ᠤᠨ ᠬᠢᠨᠠᠨ ᠵᠦᠪᠰᠢᠶᠡᠷᠡᠭᠦ ᠡᠷᠭᠡ ᠶᠢᠨ ᠦᠭᠡᠷᠡᠴᠢᠯᠠᠯᠳᠠ ᠶᠢ | ᠠᠬᠢᠭᠤᠯᠵᠤ᠂ ᠬᠤᠰᠢᠭᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪ ᠠᠴᠠ ᠬᠢᠨᠠᠨ ᠵᠦᠪᠰᠢᠶᠡᠷᠡᠭᠦ ᠭᠡᠷᠡᠭ | ᠶᠠᠪᠤᠳᠠᠯ ᠨᠠᠶᠢᠳᠠ 439 ᠵᠤᠷᠪᠤᠰ ᠪᠠᠶᠢᠵᠤ᠂ ᠪᠦᠭᠦᠶᠢᠯᠡ ᠬᠢᠨᠠᠨ ᠵᠦᠪᠰᠢᠶᠡᠷᠡᠭᠦ ᠭᠡᠷᠡᠭ ᠶᠠᠪᠤᠳᠠᠯ ᠤᠨ 96.9% ᠶᠢ | ᠡᠵᠡᠯᠡᠵᠤ ᠪᠤᠢ᠃ ︽ᠤᠯᠠᠨ ᠦᠨᠡᠮᠯᠡᠯ ᠢ ᠨᠢᠭᠡᠳᠬᠡᠬᠦ︾᠂ ᠪᠦᠭᠦᠶᠢᠯᠡ ᠶᠠᠪᠤᠴᠠ ᠳᠤ ᠡᠯᠧᠺᠲᠷᠤᠨᠴᠢᠯᠡᠭᠦ᠂ ᠦᠨᠡᠮᠯᠡᠯ ᠢ | ᠭᠦᠴᠦᠨ ᠦᠭᠡᠢ ᠪᠤᠯᠭᠠᠬᠤ ᠭᠠᠷᠳᠠᠮ ᠢ ᠳᠦᠭᠦᠮᠴᠢᠯᠡᠬᠦ ᠵᠡᠷᠭᠡ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠭᠡᠷᠡᠴᠢᠯᠠᠯᠳᠠ ᠶᠢ ᠪᠦᠭᠦ ᠲᠠᠯ᠎ᠠ ᠪᠠᠷ ᠭᠡᠷᠡᠭᠵᠢᠭᠦᠯᠦᠭᠰᠡᠨ ᠠᠴᠠ ᠰᠢᠨ᠎ᠠ ᠪᠠᠷ ᠲᠠᠩᠰᠠᠯᠠᠭᠰᠠᠨ ᠡᠯ᠎ᠡ ᠲᠦᠷᠦᠯ ᠤᠨ | ᠵᠠᠬ᠎ᠠ ᠲᠡᠯᠭᠡᠭᠦᠷ ᠤᠨ ᠭᠤᠤᠯ ᠴᠤᠭᠴᠠ 1897 ᠡᠷᠦᠭᠡ ᠳᠤ ᠭᠦᠷᠪᠡ᠃ ︽ᠬᠤᠶᠠᠷ ᠢ ᠮᠡᠳᠡᠭᠳᠡᠬᠦ ᠳᠦᠷᠢᠮ︾᠂ ︽ | ᠬᠢᠨᠠᠨ ᠪᠠᠶᠢᠴᠠᠭᠠᠬᠤ ᠪᠠ ᠬᠢᠨᠠᠨ ᠬᠠᠷᠭᠤᠭᠤᠯᠬᠤ ᠶᠢ ᠨᠢᠭᠡᠳᠦᠭᠦᠯᠵᠤ᠂ ᠭᠠᠭᠴᠠ ᠭᠦᠮᠦᠨ ᠪᠦᠭᠦᠨ ᠢ ᠭᠦᠢᠴᠡᠳᠭᠡᠭᠦ︾ | ᠵᠡᠷᠭᠡ ᠤᠶᠢᠯᠡᠴᠢᠯᠡᠭᠡᠨ ᠤ ᠵᠠᠬᠪᠤᠷ ᠢ ᠴᠢᠩᠭ᠎ᠠ ᠭᠡᠷᠡᠭᠵᠢᠭᠦᠯᠵᠤ᠂ ᠬᠢᠨᠠᠨ ᠵᠦᠪᠰᠢᠶᠡᠷᠡᠭᠦ ᠭᠡᠷᠡᠭ ᠶᠠᠪᠤᠳᠠᠯ ᠢ | ᠭᠦᠢᠴᠡᠳᠭᠡᠭᠦ ᠴᠠᠭ ᠢ ᠬᠠᠭᠠᠰ ᠢᠶᠠᠷ ᠪᠤᠭᠤᠨᠢᠰᠬᠠᠭᠰᠠᠨ ᠪᠠᠶᠢᠨ᠎ᠠ᠃ ᠬᠢᠨᠠᠨ ᠬᠠᠮᠢᠶᠠᠷᠤᠯᠳᠠ ᠶᠢ ᠰᠢᠨᠡᠴᠢᠯᠡᠵᠤ᠂ ︽ | ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠨᠠᠶᠢᠳᠡᠯᠡᠭᠦ︾ ᠲᠤᠭᠳᠠᠴᠠ ᠶᠢ ᠪᠦᠭᠦᠶᠢᠯᠡ ᠵᠠᠬ᠎ᠠ ᠲᠡᠯᠭᠡᠭᠦᠷ | ᠤᠨ ᠭᠤᠤᠯ ᠴᠤᠭᠴᠠ ᠶᠢ ᠪᠠᠶᠢᠴᠠᠭᠠᠬᠤ ᠠᠵᠢᠯ ᠳᠤᠮᠳᠠ ᠪᠦᠷᠭᠦᠭᠦᠯᠪᠡ᠃ ᠭᠡᠷ ᠬᠦᠷᠦᠩᠭᠡ ᠶᠢᠨ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠠᠬᠢᠭᠤᠯᠵᠦ᠂ 13.02 ᠳᠦᠮᠡᠨ ᠲᠡᠭᠰᠢ ᠳᠦᠷᠪᠡᠯᠵᠢᠨ | ᠮᠧᠲᠷ ᠤᠨ 1372 ᠢᠵᠢ ᠰᠤᠯᠠ ᠤᠷᠤᠨ ᠰᠠᠭᠤᠴᠠ ᠶᠢ ᠰᠢᠢᠳᠪᠦᠷᠢᠯᠡᠪᠡ᠃ ᠴᠠᠬᠢᠯᠭᠠᠨ ᠭᠦᠴᠦᠨ ᠤ ᠵᠠᠬ᠎ᠠ | ᠲᠡᠯᠭᠡᠭᠦᠷᠴᠢᠯᠡᠭᠰᠡᠨ ᠦᠭᠡᠷᠡᠴᠢᠯᠠᠯᠳᠠ ᠶᠢᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠴᠠᠬᠢᠯᠭᠠᠨ ᠭᠡᠷᠡᠭᠯᠡᠭᠦ ᠦᠪᠡᠷ ᠤᠨ ᠦᠷᠳᠡᠭ ᠢ 2224 ᠲᠦᠮᠡᠨ ᠲᠦᠭᠦᠷᠢᠭ | ᠲᠤᠷᠤᠭᠰᠢᠯᠠᠭᠤᠯᠤᠨ᠂ ᠠᠵᠤ ᠠᠬᠤᠶᠢᠯᠠᠯ ᠤᠨ ᠰᠤᠯᠢᠯᠴᠠᠭᠠᠨ ᠤ ᠴᠠᠬᠢᠯᠭᠠᠨ ᠤ ᠭᠡᠮᠵᠢᠶ᠎ᠠ 35.38 ᠳ᠋ᠦᠩᠰᠢᠭᠤᠷ | ᠺᠢᠯᠤᠸᠠᠲ ᠴᠠᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 23.22% ᠢᠶᠠᠷ ᠨᠡᠮᠡᠭᠳᠡᠭᠰᠡᠨ ᠪᠠᠶᠢᠨ᠎ᠠ᠃ | ᠵᠠᠰᠠᠭ ᠤᠨ ᠶᠠᠪᠤᠳᠠᠯ ᠤᠨ ᠶᠡᠷᠦᠩᠭᠡᠶᠢᠯᠡᠨ ᠬᠠᠤᠯᠢ ᠭᠡᠷᠡᠭᠵᠢᠭᠦᠯᠭᠦ ᠦᠭᠡᠷᠡᠴᠢᠯᠠᠯᠳᠠ ᠶᠢ ᠭᠦᠨᠵᠡᠭᠡᠶᠢᠷᠡᠭᠦᠯᠵᠤ᠂ | ᠦᠨᠳᠤᠰᠦᠨ ᠱᠠᠳᠤᠨ ᠤ ᠬᠠᠤᠯᠢ ᠭᠡᠷᠡᠭᠵᠢᠭᠦᠯᠭᠦ ᠭᠦᠴᠦᠨ ᠢ ᠨᠡᠮᠡᠭᠳᠡᠭᠦᠯᠪᠡ᠃ ᠪᠦᠭᠦ ᠬᠤᠰᠢᠭᠤᠨ ᠤ 7 ᠰᠤᠮᠤ | ᠪᠠᠯᠭᠠᠰᠤᠨ ᠳᠤ ᠲᠤᠰᠪᠤᠷᠢ ᠶᠡᠷᠦᠩᠭᠡᠶᠢᠯᠡᠨ ᠬᠠᠤᠯᠢ ᠭᠡᠷᠡᠭᠵᠢᠭᠦᠯᠭᠦ ᠡᠩᠨᠡᠭᠡ ᠪᠠᠶᠢᠭᠤᠯᠵᠤ᠂ ᠪᠠᠯᠭᠠᠷᠭᠤᠤᠯ ᠪᠠᠯᠭᠠᠰᠤᠨ | ᠳᠤ ᠳᠤᠰᠬᠠᠢ ᠡᠩᠨᠡᠭᠡ ᠪᠠᠷ ᠬᠠᠤᠯᠢ ᠭᠡᠷᠡᠭᠵᠢᠭᠦᠯᠦᠨ ᠬᠠᠮᠢᠶᠠᠷᠬᠤ ᠶᠢ ᠪᠡᠶᠡᠯᠡᠭᠦᠯᠵᠠᠢ᠃ | ︵ᠵᠢᠷᠭᠤᠭ᠎ᠠ︶ ᠠᠷᠠᠳ ᠳᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠠᠷᠠᠳ ᠤᠨ ᠠᠮᠢᠳᠤᠷᠠᠯ ᠢ | ᠦᠷᠭᠦᠯᠵᠢᠯᠡᠨ ᠪᠠᠳᠤᠯᠠᠨ ᠰᠠᠶᠢᠵᠢᠷᠠᠭᠤᠯᠪᠠ᠃ | ᠰᠤᠷᠭᠠᠨ ᠭᠦᠮᠦᠵᠢᠯ᠂ ᠡᠮ ᠡᠮᠨᠡᠯᠭᠡ᠂ ᠨᠡᠶᠢᠭᠡᠮ ᠤᠨ ᠪᠠᠳᠤᠯᠠᠭ᠎ᠠ ᠵᠡᠷᠭᠡ ᠭᠤᠤᠯᠳᠠᠯᠭ᠎ᠠ ᠲᠠᠢ ᠠᠷᠠᠳ ᠤᠨ | ᠠᠮᠢᠳᠤᠷᠠᠯ ᠪᠠ ᠨᠡᠶᠢᠭᠡᠮ ᠤᠨ ᠠᠵᠢᠯ ᠤᠶᠢᠯᠠᠰ ᠲᠤ ᠨᠡᠶᠢᠳᠠ 22.83 ᠳ᠋ᠦᠩᠰᠢᠭᠤᠷ ᠲᠦᠭᠦᠷᠢᠭ ᠤᠨ ᠪᠡᠯᠡ ᠮᠦᠩᠭᠦ | ᠵᠠᠷᠤᠴᠠᠭᠤᠯᠵᠤ᠂ ᠡᠩ ᠤᠨ ᠤᠯᠠᠨ ᠨᠠᠶᠢᠳᠠ ᠶᠢᠨ ᠲᠦᠰᠦᠪ ᠤᠨ ᠵᠠᠷᠤᠯᠭ᠎ᠠ ᠶᠢᠨ 83.54% ᠶᠢ ᠡᠵᠡᠯᠡᠭᠰᠡᠨ | ᠪᠠᠶᠢᠨ᠎ᠠ᠃ ᠬᠤᠳᠠ ᠬᠦᠳᠡᠭᠡᠨ ᠤ ᠰᠢᠨ᠎ᠠ ᠪᠠᠷ ᠠᠵᠢᠯ ᠤᠯᠤᠭᠰᠠᠨ ᠭᠦᠮᠦᠨ 1183 ᠨᠡᠷ᠎ᠡ ᠪᠠᠶᠢᠵᠤ᠂ ᠬᠤᠳᠠ | ᠪᠠᠯᠭᠠᠰᠤᠨ ᠤ ᠲᠠᠩᠰᠠᠯᠠᠭᠰᠠᠨ ᠠᠵᠢᠯ ᠤᠯᠭᠤᠯᠳᠠ ᠶᠢᠨ ᠨᠤᠷᠮ᠎ᠠ ᠶᠢ 3.55% ᠶᠢᠨ ᠲᠤᠳᠤᠷ᠎ᠠ ᠬᠢᠵᠠᠭᠠᠷᠯᠠᠪᠠ᠃ | ᠰᠤᠷᠭᠠᠨ ᠬᠦᠮᠦᠵᠢᠯ ᠤᠨ ᠦᠢᠯᠡᠰ ᠢ ᠡᠩ ᠳᠡᠷᠢᠬᠦᠨ ᠳᠤ ᠬᠦᠭᠵᠢᠬᠦᠯᠪᠡ᠃ ᠵᠢᠷ ᠤᠨ ᠭᠤᠤᠯ ᠭᠡᠤᠭᠡᠳ ᠤᠨ | ᠴᠡᠴᠡᠷᠯᠢᠭ ᠨᠢ ᠠᠰᠢᠭᠯᠠᠯᠳᠠ ᠳᠤ ᠤᠷᠤᠵᠤ᠂ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ | ᠲᠠᠮᠢᠷ ᠤᠨ ᠲᠠᠯᠠᠪᠠᠢ᠂ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠪᠤᠯᠤᠨ ᠰᠤᠷᠭᠠᠨ ᠭᠦᠮᠦᠵᠢᠯ | ᠤᠨ ᠮᠡᠳᠡᠭᠡ ᠵᠠᠩᠬᠢᠴᠢᠯᠠᠯᠳᠠ ᠵᠡᠷᠭᠡ 3 ᠲᠦᠷᠦᠯ ᠵᠤᠶᠢᠯ ᠢ ᠪᠦᠳᠦᠮᠵᠢᠳᠡᠢ ᠠᠬᠢᠭᠤᠯᠪᠠ᠃ 24 ᠨᠡᠷ᠎ᠡ ᠠᠵᠢᠯ | ᠤᠶᠢᠯᠠᠰ ᠤᠨ ᠤᠷᠤᠨ ᠲᠤᠭᠠᠨ ᠤ ᠪᠠᠭᠰᠢ ᠡᠯᠰᠡᠨ ᠭᠡᠷᠡᠭᠯᠡᠵᠤ᠂ 84 ᠨᠡᠷ᠎ᠡ ᠤᠷᠤᠨ ᠲᠤᠭᠠᠨ ᠠᠴᠠ ᠭᠠᠳᠠᠨᠠᠬᠢ | ᠭᠡᠤᠭᠡᠳ ᠤᠨ ᠴᠡᠴᠡᠷᠯᠢᠭ ᠤᠨ ᠪᠠᠭᠰᠢ ᠡᠯᠰᠡᠨ᠂ ᠪᠠᠭᠰᠢ ᠨᠠᠷ ᠲᠤ 3100 ᠭᠠᠷᠤᠢ ᠭᠦᠮᠦᠨ ︵ᠤᠳᠠᠭ᠎ᠠ︶ ᠳᠤ | ᠪᠤᠯᠪᠠᠰᠤᠷᠠᠯ ᠭᠦᠷᠳᠡᠭᠡᠭᠰᠡᠨ ᠪᠠᠶᠢᠨ᠎ᠠ᠃ ᠠᠩᠭᠢ ᠶᠢᠨ ᠡᠷᠬᠢᠯᠡᠭᠴᠢ ᠶᠢᠨ ᠨᠦᠭᠦᠪᠤᠷᠢ ᠶᠢᠨ ᠪᠠᠷᠢᠮᠵᠢᠶ᠎ᠠ ᠶᠢ ᠭᠦᠮᠦᠨ | ᠪᠦᠷᠢ ᠰᠠᠷ᠎ᠠ ᠪᠤᠯᠭᠠᠨ 300 ᠲᠦᠭᠦᠷᠢᠭ ᠪᠠᠶᠢᠭᠰᠠᠨ ᠠᠴᠠ 800 — 1200 ᠲᠦᠭᠦᠷᠢᠭ ᠪᠤᠯᠭᠠᠨ ᠨᠡᠮᠡᠭᠳᠡᠭᠦᠯᠪᠠ | ᠃ ᠨᠢᠭᠡᠳᠦᠭᠡᠷ ᠪᠠᠭ᠎ᠠ ᠰᠤᠷᠭᠠᠭᠤᠯᠢ ᠪᠤᠯᠤᠨ ᠮᠤᠩᠭᠤᠯ ᠦᠨᠳᠤᠰᠦᠳᠠᠨ ᠤ ᠨᠢᠭᠡᠳᠦᠭᠡᠷ ᠪᠠᠭ᠎ᠠ ᠰᠤᠷᠭᠠᠭᠤᠯᠢ ᠨᠢ ᠤᠯᠤᠰ | ᠤᠨ ᠲᠡᠰ ᠤᠨ ᠰᠤᠷᠭᠠᠭᠤᠯᠢ ᠶᠢᠨ ᠭᠦᠷᠢᠶᠠᠨ ᠤ ᠭᠦᠯ ᠪᠦᠮᠪᠦᠭᠡᠨ ᠤ ᠤᠨᠴᠠᠯᠢᠭᠳᠤ ᠰᠤᠷᠭᠠᠭᠤᠯᠢ ᠪᠠᠷ | ᠲᠤᠭᠳᠠᠭᠠᠭᠳᠠᠪᠠ᠃ | ᠡᠷᠡᠭᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠢᠯᠡᠰ ᠰᠢᠨ᠎ᠡ ᠬᠦᠭᠵᠢᠯᠳᠡ ᠲᠠᠢ ᠪᠤᠯᠪᠠ᠃ ᠬᠤᠰᠢᠭᠤ | ᠡᠮᠨᠡᠯᠭᠡ ᠶᠢᠨ ᠬᠤᠷᠢᠶ᠎ᠡ ᠨᠢ ᠠᠶᠢᠮᠠᠭ ᠤᠨ ᠡᠮᠨᠡᠯᠭᠡ ᠶᠢᠨ ᠬᠤᠷᠢᠶ᠎ᠡ ᠲᠠᠢ ᠡᠮᠴᠢᠯᠡᠭᠡᠨ ᠤ ᠬᠤᠯᠪᠤᠭᠠᠯᠠᠭᠰᠠᠨ | ᠲᠤᠭᠲᠠᠴᠠ ᠶᠢ ᠪᠠᠶᠢᠭᠤᠯᠵᠦ᠂ ᠬᠠᠮᠳᠤᠷᠠᠯᠴᠠᠭ᠎ᠠ ᠪᠠᠷ ᠲᠠᠮᠵᠢᠨ᠂ ᠰᠢᠯᠭᠠᠨ ᠪᠠᠶᠢᠴᠠᠭᠠᠬᠤ ᠳᠦᠷᠦᠯ ᠵᠦᠢᠯ ᠢ | ᠦᠷᠭᠡᠳᠬᠡᠨ 50 ᠳᠦᠷᠦᠯ ᠳᠤ ᠭᠦᠷᠭᠡᠭᠰᠡᠨ ᠪᠠᠶᠢᠨ᠎ᠠ᠃ ᠮᠤᠩᠭᠤᠯ ᠬᠢᠲᠡᠳ ᠡᠮ ᠡᠮᠨᠡᠯᠭᠡ ᠶᠢᠨ ᠠᠵᠢᠯ ᠦᠢᠯᠡᠰ ᠤᠨ | ᠬᠦᠭᠵᠢᠯᠳᠡ ᠶᠢ ᠠᠬᠢᠭᠤᠯᠤᠨ᠂ ᠮᠣᠩᠭᠤᠯ ᠡᠮᠨᠡᠯᠭᠡ ᠶᠢᠨ ᠬᠤᠷᠢᠶᠠᠨ ᠤ ︽ᠶᠠᠰᠤᠨ ᠤ ᠭᠡᠮᠳᠤᠯ ᠢ ᠵᠠᠰᠠᠬᠤ ᠰᠠᠯᠠᠭ᠎ᠠ︾ | ᠨᠢ ᠠᠶᠢᠮᠠᠭ ᠤᠨ ᠱᠠᠳᠤᠨ ᠤ ᠮᠤᠩᠭᠤᠯ ᠬᠢᠲᠡᠳ ᠡᠮ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠢ ᠰᠠᠯᠠᠭᠠᠨ ᠤ ᠬᠢᠨᠠᠨ | ᠦᠨᠡᠯᠡᠯᠳᠡ ᠳᠤ ᠬᠢᠷᠢ ᠲᠡᠩᠴᠡᠵᠤ ᠫᠠᠶᠢᠰᠠ ᠡᠯᠭᠦᠪᠡ᠃ ᠬᠤᠰᠢᠭᠤ ᠡᠭᠡ ᠨᠢᠯᠬᠠᠰ ᠤᠨ ᠡᠷᠡᠭᠦᠯᠵᠢᠯ ᠳᠦᠯᠦᠪᠯᠡᠭᠡᠳᠤ | ᠦᠷᠡᠵᠢᠯ ᠤᠨ ᠦᠢᠯᠡᠴᠢᠯᠡᠭᠡᠨ ᠤ ᠲᠥᠪ ᠤᠨ ᠶᠡᠷᠦᠩᠭᠡᠶᠢᠯᠡᠭᠰᠡᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠠᠵᠢᠯ | ᠲᠠᠭᠤᠰᠪᠠ᠃ ᠦᠨᠳᠦᠰᠦᠨ ᠱᠠᠳᠤᠨ ᠤ ᠡᠮ ᠡᠮᠨᠡᠯᠭᠡ ᠶᠢᠨ ᠤᠶᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ 113 ᠳᠦᠮᠡᠨ ᠳᠦᠭᠦᠷᠢᠭ ᠤᠨ ᠪᠡᠯᠡ ᠵᠠᠷᠤᠴᠠᠭᠤᠯᠵᠦ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ | ᠤᠨ ᠬᠤᠷᠢᠶ᠎ᠡ ᠪᠠ ᠨᠡᠶᠢᠭᠡᠮ ᠳᠤᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠤ ᠳᠦᠬᠦᠭᠡᠷᠦᠮᠵᠢ | ᠬᠤᠳᠠᠯᠳᠤᠨ ᠠᠪᠴᠦ ᠥᠭᠪᠡ᠃ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ | ᠠᠵᠢᠯ ᠢ ᠭᠦᠨᠵᠡᠭᠡᠢ ᠦᠷᠨᠢᠬᠦᠯᠦᠨ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ ᠨᠢ ᠴᠦᠮ | ᠦᠪᠡᠷᠳᠡᠭᠡᠨ ᠵᠠᠰᠠᠬᠤ ᠤᠷᠤᠨ ᠤ ᠳᠡᠰ ᠤᠨ ᠡᠷᠡᠬᠦᠯ ᠬᠠᠮᠠᠭᠠᠯᠠᠯ ᠤᠨ ᠰᠤᠮᠤ ᠪᠠᠯᠭᠠᠰᠤ᠂ ᠭᠠᠴᠠᠭ᠎ᠠ ᠪᠤᠯᠪᠠ᠃ | ᠰᠤᠶᠤᠯ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠬᠦᠯᠪᠡ᠃ ᠤᠯᠠᠨ ᠨᠡᠶᠢᠲᠡ ᠶᠢᠨ ᠰᠤᠶᠤᠯ ᠤᠨ | ᠦᠢᠯᠡᠴᠢᠯᠡᠭᠡᠨ ᠤ ᠪᠠᠷᠢᠮᠵᠢᠶᠠᠵᠢᠭᠰᠠᠨ ᠪᠠᠶᠢᠭᠤᠯᠤᠯᠳᠠ ᠶᠢ ᠠᠬᠢᠭᠤᠯᠵᠦ᠂ ᠤᠯᠠᠨ ᠨᠡᠶᠢᠲᠡ ᠶᠢᠨ ᠰᠤᠶᠤᠯ ᠤᠨ ᠲᠠᠯᠠᠪᠤᠷ | ᠰᠦᠢᠳᠬᠡᠯ ᠬᠤᠷᠢᠶᠠᠬᠤ ᠦᠭᠡᠢ ᠪᠤᠶᠤ ᠳᠤᠤᠷ᠎ᠠ ᠦᠨ᠎ᠡ ᠪᠠᠷ ᠰᠦᠢᠳᠬᠡᠯ ᠬᠤᠷᠢᠶᠠᠵᠦ ᠤᠶᠢᠯᠡᠴᠢᠯᠡᠪᠡ᠃ ᠪᠤᠳᠠᠰ ᠤᠨ | ᠪᠤᠰᠤ ᠰᠤᠶᠤᠯ ᠤᠨ ᠥᠪ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠰᠠᠶᠢᠳᠤᠷ ᠬᠢᠵᠦ᠂ ᠮᠣᠩᠭᠤᠯ ᠡᠮᠨᠡᠯᠭᠡ ᠶᠢᠨ | ᠶᠠᠰᠤ ᠪᠠᠷᠢᠬᠤ ᠠᠷᠭ᠎ᠠ ᠵᠡᠷᠭᠡ 3 ᠳᠦᠷᠦᠯ ᠵᠦᠢᠯ ᠢ ᠠᠶᠢᠮᠠᠭ ᠤᠨ ᠱᠠᠳᠤᠨ ᠤ ᠪᠤᠳᠠᠰ ᠤᠨ ᠪᠤᠰᠤ ᠰᠤᠶᠤᠯ ᠤᠨ | ᠥᠪ ᠤᠨ ᠳᠦᠷᠦᠯ ᠵᠦᠢᠯ ᠳᠤ ᠮᠡᠳᠡᠭᠦᠯᠵᠦ᠂ 4 ᠨᠡᠷ᠎ᠡ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ | ᠨᠢ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠥᠪ ᠤᠨ ᠳᠦᠯᠦᠭᠡᠯᠡᠬᠦ | ᠴᠢᠨᠠᠷᠳᠠᠢ ᠤᠯᠠᠮᠵᠢᠯᠠᠭᠴᠢ ᠪᠠᠷ ᠦᠨᠡᠯᠡᠭᠳᠡᠭᠰᠡᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ | ᠬᠠᠮ ᠵᠠᠭᠤᠴᠢᠯᠠᠭᠤᠷ ᠤᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠪᠠᠶᠢᠭᠤᠯᠤᠯᠳᠠ ᠶᠢ ᠠᠬᠢᠭᠤᠯᠵᠦ᠂ | ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠫᠠᠶᠢᠰᠠ ᠡᠯᠭᠦᠨ ᠪᠠᠶᠢᠭᠤᠯᠤᠭᠳᠠᠵᠦ᠂ | ᠪᠦᠬᠦ ᠤᠷᠤᠨ ᠤ ᠬᠠᠮ ᠵᠠᠭᠤᠴᠢᠯᠠᠭᠤᠷ ᠤᠨ ᠨᠡᠪᠳᠡᠷᠡᠬᠦᠯᠭᠡ ᠳᠤᠮᠳᠠ᠂ ᠮᠠᠨ ᠤ ᠬᠤᠰᠢᠭᠤ ᠨᠢ ᠡᠮᠦᠨ᠎ᠡ ᠨᠡᠷᠡᠰ ᠲᠤ | ᠵᠢᠬᠰᠠᠭᠠᠭᠳᠠᠵᠠᠢ᠃ ᠤᠯᠠᠭᠠᠨᠮᠦ᠋ᠴᠢᠷ ᠤᠨ ᠠᠵᠢᠯ ᠤᠶᠢᠯᠠᠰ ᠤᠨ ᠴᠡᠴᠡᠭᠯᠡᠨ ᠭᠦᠭᠵᠢᠯᠳᠠ ᠶᠢ ᠠᠬᠢᠭᠤᠯᠪᠠ᠃ ︽ | ᠤᠯᠠᠭᠠᠨᠮᠦ᠋ᠴᠢᠷ ᠤᠨ ᠤᠶᠢᠯᠠᠰ ᠤᠨ ᠴᠡᠴᠡᠭᠯᠡᠨ ᠭᠦᠭᠵᠢᠭᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ︾ | ᠢ ᠲᠤᠭᠳᠠᠭᠠᠨ᠂ ᠤᠯᠠᠭᠠᠨᠮᠦ᠋ᠴᠢᠷ ᠲᠤ 6 ᠠᠵᠢᠯ ᠤᠶᠢᠯᠠᠰ ᠤᠨ ᠤᠷᠤᠨ ᠲᠤᠭ᠎ᠠ ᠶᠢ ᠨᠡᠮᠡᠵᠤ᠂ ᠨᠡᠶᠢᠭᠡᠮ ᠠᠴᠠ 18 | ᠨᠡᠷ᠎ᠡ ᠤᠷᠤᠨ ᠲᠤᠭᠠᠨ ᠤ ᠪᠤᠰᠤ ᠲᠤᠭᠯᠠᠭᠴᠢ ᠡᠯᠰᠡᠪᠡ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ | ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠭᠦ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠠᠢ᠃ | ᠤᠯᠠᠭᠠᠨᠮᠦ᠋ᠴᠢᠷ ᠢ ᠵᠤᠬᠢᠶᠠᠨ ᠪᠠᠶᠢᠭᠤᠯᠵᠤ᠂ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ | ᠤᠨ ᠲᠤᠮᠳᠠ ᠭᠦᠨᠵᠡᠭᠡᠶᠢᠷᠡᠭᠦ︾ ᠵᠡᠷᠭᠡ ᠦᠨᠳᠤᠰᠦᠨ ᠱᠠᠳᠤᠨ ᠳᠤ ᠲᠤᠭᠯᠠᠯᠳᠠ ᠭᠠᠷᠭᠠᠬᠤ ᠠᠵᠢᠯᠯᠠᠭ᠎ᠠ ᠶᠢ | ᠦᠷᠨᠢᠭᠦᠯᠦᠨ᠂ ᠪᠦᠭᠦ ᠵᠢᠯ ᠳᠤ ᠦᠨᠳᠤᠰᠦᠨ ᠱᠠᠳᠤᠨ ᠳᠤ ᠨᠠᠶᠢᠳᠠ 110 ᠲᠠᠯᠠᠪᠠᠢ ︵ᠤᠳᠠᠭ᠎ᠠ︶ ᠲᠤᠭᠯᠠᠯᠳᠠ | ᠭᠠᠷᠭᠠᠵᠤ᠂ 4.5 ᠲᠦᠮᠡ ᠭᠠᠷᠤᠢ ᠭᠦᠮᠦᠨ ᠤᠳᠠᠭ᠎ᠠ ᠤᠯᠠᠨ ᠲᠦᠮᠡᠨ ᠳᠤ ᠤᠶᠢᠯᠡᠴᠢᠯᠡᠭᠰᠡᠨ ᠪᠠᠶᠢᠨ᠎ᠠ᠃ ᠮᠣᠩᠭᠤᠯ | ᠵᠦᠴᠦᠭᠡ ︽ᠡᠭᠦᠷ ᠰᠡᠭᠦᠯᠳᠤ︾ ᠨᠢ 2018 ᠣᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ | ᠲᠠᠶᠢᠰᠠᠨ ᠤ ᠤᠷᠠᠯᠢᠭ ᠤᠨ ᠰᠢᠯᠢᠳᠡᠭ ᠢᠨᠵᠧᠨᠧᠷᠢᠩ ᠢᠶᠠᠷ ᠰᠤᠩᠭᠤᠭᠳᠠᠪᠠ᠃ ᠪᠦᠭᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠦ᠂ ᠡᠯ᠎ᠡ ᠲᠦᠷᠦᠯ ᠤᠨ ᠭᠦᠳᠡᠯᠭᠡᠭᠡᠨ ᠢ 60 ᠭᠠᠷᠤᠢ | ᠤᠳᠠᠭ᠎ᠠ ᠡᠷᠬᠢᠯᠡᠨ ᠶᠠᠪᠤᠭᠳᠠᠭᠤᠯᠵᠤ᠂ ᠤᠯᠠᠨ ᠲᠦᠮᠡᠨ 1.5 ᠲᠦᠮᠡ ᠭᠠᠷᠤᠢ ᠭᠦᠮᠦᠨ ︵ᠤᠳᠠᠭ᠎ᠠ︶ ᠤᠷᠤᠯᠴᠠᠪᠠ᠃ | | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠪᠡ᠃ 1748 ᠲᠦᠮᠡᠨ ᠲᠦᠭᠦᠷᠢᠭ ᠤᠨ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠨᠦᠭᠦᠪᠤᠷᠢ ᠶᠢ | ᠨᠠᠶᠢᠳᠠᠪᠤᠷᠢᠵᠢᠭᠤᠯᠵᠤ᠂ 3936 ᠨᠡᠷ᠎ᠡ ᠬᠠᠤᠯᠢ ᠳᠤ ᠲᠤᠭᠳᠠᠭᠠᠭᠰᠠᠨ ᠠᠵᠢᠯ ᠠᠴᠠ ᠠᠮᠠᠷᠠᠬᠤ ᠨᠠᠰᠤ ᠨᠢ 10 ᠵᠢᠯ | ᠭᠦᠷᠭᠦ ᠦᠭᠡᠢ᠂ ᠤᠤᠯ ᠤᠨ ᠤᠯᠤᠰ ᠤᠨ ᠦᠮᠴᠢᠯᠠᠯᠳᠤ ᠠᠵᠤ ᠠᠬᠤᠶᠢᠯᠠᠯ᠂ ᠬᠠᠮᠳᠤ ᠶᠢᠨ ᠦᠮᠴᠢᠯᠠᠯᠳᠤ ᠠᠵᠤ | ᠠᠬᠤᠶᠢᠯᠠᠯ ᠤᠨ ᠠᠵᠢᠯ ᠠᠯᠳᠠᠭᠰᠠᠨ ᠠᠵᠢᠯᠳᠠᠳ ᠲᠤ 1773 ᠲᠦᠮᠡᠨ ᠲᠦᠭᠦᠷᠢᠭ ᠤᠨ ᠨᠡᠶᠢᠭᠡᠮ ᠤᠨ ᠲᠠᠭᠠᠳᠬᠠᠯ | ᠤᠨ ᠨᠦᠭᠦᠪᠤᠷᠢ ᠤᠯᠭᠤᠨ᠂ ᠭᠦᠨᠳᠤ ᠲᠡᠰ ᠤᠨ ᠵᠡᠮᠳᠡᠭ᠂ ᠬᠤᠳᠠ ᠪᠠᠯᠭᠠᠰᠤᠨ ᠤ ᠲᠤᠤᠷ᠎ᠠ ᠪᠠᠳᠤᠯᠠᠭᠠᠳᠤ ᠡᠷᠦᠭᠡ | ᠵᠡᠷᠭᠡ ᠭᠦᠴᠢᠷᠳᠠᠯᠳᠠᠢ ᠤᠯᠠᠨ ᠲᠦᠮᠡᠨ ᠳᠤ 143 ᠲᠦᠮᠡᠨ ᠲᠦᠭᠦᠷᠢᠭ ᠤᠨ ᠨᠡᠶᠢᠭᠡᠮ ᠤᠨ ᠲᠠᠭᠠᠳᠬᠠᠯ ᠢ ᠲᠤᠰᠢᠶᠠᠨ | ᠦᠭᠴᠠᠢ᠃ ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡ ᠬᠠᠮᠢᠶᠠᠷᠤᠯᠳᠠ ᠶᠢ ᠴᠢᠩᠭᠠᠳᠬᠠᠵᠤ᠂ ᠴᠡᠷᠢᠭ ᠠᠴᠠ | ᠬᠠᠯᠠᠭᠳᠠᠭᠰᠠᠳ ᠤᠨ ᠬᠠᠤᠯᠢ ᠶᠤᠰᠤᠨ ᠤ ᠡᠷᠭᠡ ᠠᠰᠢᠭ ᠢ ᠪᠦᠭᠦ ᠭᠦᠴᠦᠨ ᠢᠶᠠᠷ ᠢᠶᠠᠨ ᠪᠠᠳᠤᠯᠠᠨ᠂ 64 ᠨᠡᠷ᠎ᠡ ᠠᠵᠤ | ᠠᠬᠤᠶᠢᠯᠠᠯ ᠠᠴᠠ ᠠᠵᠢᠯ ᠠᠯᠳᠠᠭᠰᠠᠨ ᠨᠦᠭᠦᠴᠡᠯ ᠳᠤ ᠨᠡᠶᠢᠴᠡᠭᠦ ᠴᠡᠷᠢᠭ ᠠᠴᠠ ᠬᠠᠯᠠᠭᠳᠠᠭᠰᠠᠳ ᠢ ᠨᠡᠶᠢᠳᠠ ᠶᠢᠨ | ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢᠨ ᠳᠤ ᠠᠵᠢᠯ ᠤᠯᠭᠤᠪᠠ᠃ ᠨᠠᠰᠤᠵᠢᠯ ᠤᠨ ᠲᠠᠭᠠᠳᠬᠠᠯ ᠤᠨ | ᠪᠠᠷᠢᠮᠵᠢᠶ᠎ᠠ ᠶᠢ ᠲᠡᠭᠡᠭᠰᠢᠯᠡᠭᠦᠯᠵᠦ᠂ ᠨᠡᠶᠢᠭᠡᠮ ᠤᠨ ᠲᠠᠭᠠᠳᠬᠠᠯ ᠲᠤᠰᠢᠶᠠᠬᠤ ᠰᠤᠶᠢᠳᠭᠡᠯ ᠤᠨ ᠨᠤᠷᠮ᠎ᠠ ᠶᠢ | ᠲᠤᠷᠤᠭᠰᠢᠯᠠᠭᠤᠯᠪᠠ᠃ ᠠᠯᠪᠠᠨ ᠪᠠᠶᠢᠭᠤᠯᠭ᠎ᠠ ᠶᠢᠨ ᠠᠵᠢᠯᠳᠠᠨ ᠤ ᠴᠡᠯᠢᠩ ᠤᠨ ᠭᠡᠪ ᠤᠨ ᠦᠰᠦᠯᠳᠠ ᠶᠢᠨ ᠲᠦᠷᠦ | ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠠᠢ᠃ 2659 ᠲᠦᠮᠡᠨ ᠲᠦᠭᠦᠷᠢᠭ ᠤᠨ ᠤᠶᠢᠯᠠᠰ ᠪᠦᠳᠦᠭᠡᠭᠦ ᠪᠠᠳᠤᠯᠠᠭᠠᠳᠤ | ᠵᠢᠭᠡᠯᠡᠯᠭᠡ ᠶᠢ ᠲᠠᠷᠬᠠᠭᠠᠪᠠ᠃ ︽ᠴᠠᠯᠢᠩ ᠭᠦᠯᠦᠰᠦ ᠦᠷᠢᠳᠦᠭᠦ ᠶᠢ ᠴᠡᠭᠴᠡᠯᠡᠨ᠂ ᠴᠠᠯᠢᠩ ᠭᠦᠯᠦᠰᠦ ᠤᠯᠭᠤᠬᠤ ᠶᠢ | ᠪᠠᠳᠤᠯᠠᠬᠤ︾ ᠠᠵᠢᠯ ᠢ ᠰᠠᠶᠢᠳᠤᠷ ᠬᠢᠵᠤ᠂ 345 ᠨᠡᠷ᠎ᠡ ᠭᠦᠯᠦᠰᠦᠨ ᠠᠵᠢᠯᠳᠠᠨ ᠳᠤ ᠦᠷᠢᠳᠦᠵᠦ ᠪᠠᠶᠢᠭᠰᠠᠨ | ᠨᠡᠶᠢᠲᠡ 585.1 ᠳᠦᠮᠡᠨ ᠳᠦᠭᠦᠷᠢᠭ ᠤᠨ ᠴᠠᠯᠢᠩ ᠭᠦᠯᠦᠰᠦ ᠶᠢ ᠨᠡᠬᠡᠮᠵᠢᠯᠡᠨ ᠤᠯᠭᠤᠵᠠᠢ᠃ | ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠳᠦᠮᠵᠢ ᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠰᠢᠨᠡᠴᠢᠯᠡᠨ᠂ ᠡᠯ᠎ᠡ ᠳᠦᠷᠦᠯ ᠤᠨ ᠵᠦᠷᠢᠴᠡᠯ ᠵᠢᠭᠤᠷᠭᠠᠨ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠪᠠ᠃ | ᠠᠶᠤᠯᠭᠦᠢ ᠤᠶᠢᠯᠠᠳᠪᠤᠷᠢᠯᠡᠯ ᠪᠠ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ | ᠦᠷᠭᠦᠯᠵᠢᠯᠡᠨ ᠴᠢᠩᠭᠠᠳᠬᠠᠪᠠ᠃ ᠨᠡᠶᠢᠭᠡᠮ ᠤᠨ ᠵᠠᠰᠠᠯᠲᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ | ᠳᠡᠭᠦᠯᠳᠡᠷᠵᠢᠬᠦᠯᠵᠦ᠂ ᠬᠠᠷ᠎ᠠ ᠪᠦᠯᠦᠭ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ | ᠦᠷᠨᠢᠭᠦᠯᠦᠨ᠂ ᠡᠯ᠎ᠡ ᠳᠦᠷᠦᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ | ᠴᠤᠬᠢᠯᠲᠠ ᠥᠭᠴᠦ᠂ ᠨᠡᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠪᠠᠳᠤᠯᠠᠭᠰᠠᠨ ᠪᠠᠶᠢᠨ᠎ᠠ᠃ | ︵ᠳᠤᠯᠤᠭ᠎ᠠ︶ ᠬᠠᠤᠯᠢ ᠶᠤᠰᠤᠭᠠᠷ ᠡᠭᠦᠷᠭᠡ ᠴᠢᠳᠠᠪᠬᠢ ᠪᠠᠨ ᠭᠦᠢᠴᠡᠳᠬᠡᠬᠦ ᠶᠢ ᠪᠠᠷᠢᠮᠳᠠᠯᠠᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠪᠡ᠃ | ︽ᠭᠤᠷᠪᠠᠨ ᠴᠢᠬᠤᠯᠠ ᠨᠢᠭᠡ ᠲᠤᠮᠤ︾ ᠤᠴᠢᠷ ᠶᠠᠪᠤᠳᠠᠯ ᠳᠤ ᠬᠠᠮᠳᠤ ᠪᠠᠷ ᠰᠢᠢᠳᠪᠤᠷᠢᠳᠤ ᠪᠤᠳᠤᠯᠭ᠎ᠠ | ᠲᠤᠭᠲᠠᠭᠠᠬᠤ ᠪᠠ ᠵᠠᠰᠠᠭ ᠤᠨ ᠤᠷᠳᠤᠨ ᠤ ᠬᠠᠤᠯᠢ ᠶᠢᠨ ᠵᠦᠪᠯᠡᠭᠴᠢ ᠤᠷᠢᠨ ᠭᠡᠷᠡᠭᠯᠡᠭᠦ ᠵᠡᠷᠭᠡ ᠳᠦᠷᠢᠮ ᠢ ᠨᠠᠷᠢᠨ | ᠬᠢᠨᠠᠮᠠᠭᠠᠢ ᠬᠡᠷᠡᠭᠵᠢᠬᠦᠯᠦᠨ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠪᠢᠴᠢᠭ ᠮᠠᠲ᠋ᠧᠷᠢᠶᠠᠯ ᠤᠨ ᠬᠠᠤᠯᠢ | ᠶᠤᠰᠤᠨ ᠤ ᠴᠢᠨᠠᠷᠳᠠᠢ ᠬᠢᠨᠠᠨ ᠪᠠᠶᠢᠴᠠᠭᠠᠯᠳᠠ ᠶᠢ ᠴᠢᠩᠭᠠᠳᠬᠠᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠦ᠂ ᠡᠭᠦᠷᠬᠡ ᠴᠢᠳᠠᠪᠬᠢ ᠶᠢᠨ ᠲᠤᠬᠢᠷᠠᠭᠤᠯᠤᠯᠳᠠ ᠶᠢ ᠤᠯᠠᠮ ᠨᠢᠭᠡ | ᠠᠯᠬᠤᠮ ᠰᠢᠯᠢᠳᠡᠭᠵᠢᠬᠦᠯᠦᠨ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ | ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ | ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠪᠠ ᠨᠡᠶᠢᠭᠡᠮ ᠤᠨ ᠬᠢᠨᠠᠯᠳᠠ ᠶᠢ ᠤᠬᠠᠮᠰᠠᠷ ᠠᠴᠠ ᠪᠠᠨ | ᠭᠦᠯᠢᠶᠡᠨ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠵᠢᠴᠢ ᠤᠯᠤᠰ ᠲᠦᠷᠦ ᠶᠢᠨ ᠵᠦᠪᠯᠡᠯᠭᠡᠨ ᠤ | ᠭᠡᠰᠢᠬᠦᠳ ᠤᠨ ᠳᠤᠷᠠᠳᠤᠯᠭ᠎ᠠ ᠶᠢ ᠭᠦᠢᠴᠡᠳᠬᠡᠭᠰᠡᠨ ᠨᠤᠷᠮ᠎ᠠ 100% ᠳᠤ ᠭᠦᠷᠴᠠᠢ᠃ | ᠤᠯᠤᠰ ᠳᠦᠷᠦ ᠶᠢᠨ ᠪᠠᠶᠢᠭᠤᠯᠤᠯᠳᠠ ᠶᠢ ᠳᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠵᠠᠰᠠᠭ ᠤᠨ | ᠤᠷᠳᠤᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ | ᠳᠡᠮᠡᠴᠡᠯ ᠢ ᠭᠦᠨᠵᠡᠭᠡᠢ ᠠᠬᠢᠭᠤᠯᠪᠠ᠃ ᠲᠥᠪ ᠤᠨ ᠨᠠᠢᠮᠠᠨ ᠵᠤᠷᠪᠤᠰ ᠳᠤᠭᠲᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ | ᠪᠠ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠬᠤᠯᠪᠤᠭᠳᠠᠯ ᠪᠦᠭᠦᠢ ᠠᠷᠭ᠎ᠠ ᠪᠣᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ︽ᠳᠦᠷᠪᠡᠨ ᠰᠤᠷᠲᠠᠯ︾ ᠢ ᠰᠠᠶᠢᠳᠤᠷ ᠵᠠᠰᠠᠨ ᠴᠡᠭᠴᠡᠯᠡᠪᠡ᠃ ︽ᠠᠯᠪᠠᠨ ᠤ ᠭᠤᠷᠪᠠᠨ | ᠵᠠᠷᠤᠳᠠᠯ︾ ᠢ ᠴᠢᠩᠭ᠎ᠠ ᠬᠢᠵᠠᠭᠠᠷᠯᠠᠵᠦ᠂ ᠪᠦᠬᠦ ᠬᠤᠰᠢᠭᠤᠨ ᠤ ︽ᠠᠯᠪᠠᠨ ᠤ ᠭᠤᠷᠪᠠᠨ ᠵᠠᠷᠤᠳᠠᠯ︾ 1104. | 23 ᠳᠦᠮᠡᠨ ᠳᠦᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 19.13% ᠪᠠᠷ ᠪᠠᠭᠤᠷᠠᠵᠦ᠂ ᠵᠠᠰᠠᠭ ᠤᠨ | ᠶᠠᠪᠤᠳᠠᠯ ᠢ ᠢᠯᠡ ᠨᠡᠶᠢᠲᠡᠯᠡᠬᠦ ᠡᠷᠴᠢᠮ ᠢᠶᠠᠨ ᠴᠢᠩᠭᠠᠳᠬᠠᠨ᠂ ᠰᠤᠨᠢᠨ ᠮᠡᠳᠡᠭᠡ ᠨᠡᠶᠢᠲᠡᠯᠡᠬᠦ ᠬᠤᠷᠠᠯ ᠢ 15 ᠲᠠᠯᠠᠪᠠᠢ | ᠬᠤᠷᠠᠯᠳᠤᠭᠤᠯᠵᠦ᠂ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ᠂ ᠡᠯ᠎ᠡ ᠳᠦᠷᠦᠯ ᠤᠨ | ᠠᠷᠠᠳ ᠲᠤ ᠠᠰᠢᠭ ᠬᠦᠷᠳᠡᠭᠡᠬᠦ ᠳᠦᠷᠦ ᠶᠢᠨ ᠪᠤᠳᠤᠯᠭ᠎ᠠ᠂ ᠡᠳ᠋ ᠤᠨ ᠵᠠᠰᠠᠭ ᠤᠨ ᠳᠦᠰᠦᠪ ᠤᠨ ᠪᠠᠶᠢᠳᠠᠯ ᠵᠡᠷᠭᠡ | ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠪᠡ᠃ | ᠰᠢ ᠶᠢᠨ ᠫᠢᠩ ᠶᠡᠷᠦᠩᠬᠡᠢ ᠱᠦᠵᠢ ᠶᠢᠨ ︽ᠦᠨᠳᠦᠰᠦᠳᠡᠨ ᠤ ᠪᠦᠯᠭᠦᠮᠳᠡᠯ ᠪᠠ ᠬᠢᠯᠢ ᠬᠢᠵᠠᠭᠠᠷ ᠤᠷᠤᠨ ᠤ | ᠲᠤᠨᠨᠳᠠᠭᠤᠨ ᠪᠠᠶᠢᠳᠠᠯ ᠢ ᠯᠠᠪᠳᠠᠭᠤᠨ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ | ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠤᠨ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠂ ᠺᠠᠳ᠋ᠷ | ᠤᠯᠠᠨ ᠳᠦᠮᠡᠨ ᠤ ᠦᠨᠳᠦᠰᠦᠳᠡᠨ ᠤ ᠪᠦᠯᠬᠦᠮᠳᠡᠯ ᠤᠨ ᠦᠵᠡᠯ ᠤᠬᠠᠮᠰᠠᠷ ᠢ ᠳᠡᠭᠡᠭᠰᠢᠯᠡᠬᠦᠯᠪᠡ᠃ ᠨᠡᠶᠢᠭᠡᠮ ᠤᠨ | ᠦᠩᠭᠡᠨ ᠬᠡᠷᠡᠭᠯᠡᠭᠡᠨ ᠤ ᠮᠣᠩᠭᠤᠯ ᠬᠢᠲᠡᠳ ᠬᠤᠶᠠᠷ ᠳᠦᠷᠦᠯ ᠤᠨ ᠬᠡᠯᠡ ᠶᠢ ᠵᠡᠷᠭᠡᠪᠡᠷ ᠬᠡᠷᠡᠭᠯᠡᠬᠦ ᠬᠠᠮᠢᠶᠠᠷᠤᠯᠳᠠ ᠶᠢ | ᠳᠦᠷᠢᠮᠵᠢᠬᠦᠯᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠰᠡᠨ᠂ ᠪᠠᠷᠢᠮᠵᠢᠶᠠᠵᠢᠭᠰᠠᠨ᠂ ᠮᠡᠳᠡᠭᠡ | ᠵᠠᠩᠭᠢᠴᠢᠯᠠᠭᠰᠠᠨ ᠬᠢᠷᠢ ᠳᠦᠪᠰᠢᠨ ᠢ ᠠᠬᠢᠭᠤᠯᠪᠠ᠃ ᠱᠠᠰᠢᠨ ᠰᠤᠷᠲᠠᠬᠤᠨ ᠤ ᠠᠵᠢᠯ ᠤᠨ ᠭᠤᠷᠪᠠᠨ ᠱᠠᠳᠤᠨ ᠤ | ᠲᠤᠤᠷ ᠰᠦᠯᠵᠢᠶ᠎ᠡ᠂ ᠬᠤᠶᠠᠷ ᠱᠠᠳᠤᠨ ᠤ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ | ᠱᠠᠰᠢᠨ ᠰᠤᠷᠲᠠᠬᠤᠨ ᠤ ᠬᠦᠷᠢᠶ᠎ᠡ ᠬᠡᠪᠴᠢᠶᠡᠨ ᠤ ᠡᠶ᠎ᠡ ᠵᠤᠬᠢᠴᠠᠩᠭᠤᠢ ᠳᠤᠭᠳᠠᠭᠤᠨ ᠢ ᠬᠠᠮᠠᠭᠠᠯᠠᠵᠠᠢ᠃ | ᠡᠭᠦᠨ ᠤ ᠬᠠᠮᠳᠣ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ | ᠬᠤᠯᠪᠤᠭ᠎ᠠ᠂ ᠤᠶᠢᠯᠠᠳᠪᠤᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠵᠡᠮᠳᠡᠭᠴᠤᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠵᠡᠷᠭᠡ ᠤᠯᠠᠨ ᠳᠦᠮᠡᠨᠴᠢ ᠪᠦᠯᠬᠦᠮ ᠤᠨ ᠦᠢᠯᠡᠳᠦᠯ ᠢ ᠢᠳᠡᠪᠬᠢᠳᠡᠢ ᠪᠠᠳᠠᠷᠠᠭᠤᠯᠵᠦ᠂ | ᠬᠢᠨᠠᠨ ᠪᠤᠳᠤᠯᠲᠠ᠂ ᠭᠠᠶᠢᠯᠢ ᠶᠢᠨ ᠶᠠᠪᠤᠳᠠᠯ᠂ ᠲᠠᠩᠰᠠ ᠡᠪᠬᠡᠮᠡᠯ᠂ ᠬᠠᠩᠭᠠᠨ ᠪᠤᠷᠤᠯᠠᠭᠤᠯᠭ᠎ᠠ᠂ ᠴᠠᠭ ᠠᠭᠤᠷ᠂ ᠭᠠᠯ | ᠤᠨᠳᠠᠷᠠᠭᠠᠬᠤ ᠵᠡᠷᠭᠡ ᠠᠵᠢᠯ ᠴᠦᠮ ᠰᠢᠨ᠎ᠡ ᠠᠬᠢᠯᠲᠠ ᠲᠠᠢ ᠪᠤᠯᠪᠠ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠪᠢᠳᠡᠨ ᠤ ᠰᠢᠷᠭᠠᠭᠤ ᠬᠠᠳᠠᠭᠤᠵᠢᠯᠳᠠᠢ ᠲᠡᠮᠡᠴᠡᠵᠦ | ᠤᠯᠤᠨᠨᠰᠠᠨ ᠠᠮᠵᠢᠯᠳᠠ ᠪᠦᠳᠦᠮᠵᠢ ᠪᠣᠯ ᠬᠢᠯᠪᠠᠷ ᠪᠤᠰᠤ ᠶᠤᠮ᠃ ᠡᠳᠡᠭᠡᠷ ᠠᠮᠵᠢᠯᠳᠠ ᠪᠦᠳᠦᠮᠵᠢ ᠪᠣᠯ ᠰᠢ ᠶᠢᠨ | ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠳᠡᠭᠡᠳᠤ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ | ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠤᠷᠢᠳᠤ | ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠦᠨ᠂ ᠮᠦᠨᠴᠤ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠶᠢᠨ ᠦᠷ᠎ᠡ | ᠳ᠋ᠦᠩ ᠮᠦᠨ᠂ ᠮᠦᠨᠴᠦ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠠᠷᠠᠳ ᠳᠦᠮᠡᠨ ᠤ ᠬᠠᠮᠳᠤ ᠶᠢᠨ | ᠴᠢᠷᠮᠠᠶᠢᠯᠭ᠎ᠠ᠂ ᠪᠦᠯᠭᠦᠮᠳᠡᠯ ᠲᠡᠮᠡᠴᠡᠯ ᠤᠨ ᠦᠷ᠎ᠡ ᠳ᠋ᠦᠡᠭ ᠮᠦᠨ᠃ ᠠᠳᠠ ᠪᠢ᠂ ᠬᠤᠰᠢᠭᠤ ᠠᠷᠠᠳ ᠤᠨ ᠵᠠᠰᠠᠭ ᠤᠨ | ᠤᠷᠳᠤᠨ ᠤ ᠡᠮᠦᠨ᠎ᠠ ᠠᠴᠠ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠳᠦᠮᠡᠨ᠂ ᠪᠠᠷᠠᠭᠤᠨ | ᠦᠵᠦᠮᠦᠴᠢᠨ ᠬᠤᠰᠢᠭᠤᠨ ᠤ ᠭᠦᠭᠵᠢᠯᠳᠠ ᠴᠡᠴᠡᠭᠯᠠᠯᠳᠠ ᠶᠢ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠪᠦᠭᠦ ᠨᠠᠶᠢᠵᠠ | ᠨᠦᠬᠦᠳ ᠲᠡᠭᠡᠨ ᠴᠢᠩ ᠰᠡᠳᠬᠢᠯ ᠤᠨ ᠪᠠᠶᠠᠷ ᠲᠠᠯᠠᠷᠬᠠᠯ ᠪᠤᠯᠤᠨ ᠡᠷᠭᠢᠮ ᠲᠡᠭᠡᠳᠦ ᠭᠦᠨᠳᠤᠳᠭᠡᠯ ᠢᠶᠠᠨ ᠲᠡᠪᠰᠢᠭᠦᠯᠵᠤ | ᠪᠠᠶᠢᠨ᠎ᠠ︕ | ᠪᠢᠳᠠ ᠤᠯᠤᠭᠰᠠᠨ ᠠᠮᠵᠢᠯᠳᠠ ᠪᠦᠳᠦᠮᠵᠢ ᠪᠠᠨ ᠨᠤᠳᠠᠯᠠᠬᠤ ᠶᠢᠨ ᠬᠠᠮᠳᠤ᠂ ᠮᠠᠨ ᠤ ᠬᠤᠰᠢᠭᠤᠨ ᠤ ᠠᠵᠤ | ᠠᠬᠤᠢ ᠨᠡᠶᠢᠭᠡᠮ ᠤᠨ ᠭᠦᠭᠵᠢᠯᠳᠠ ᠳᠤ ᠮᠦᠨᠬᠦ ᠨᠡᠯᠢᠶᠠᠳ ᠤᠯᠠᠨ ᠭᠦᠴᠢᠷᠳᠠᠯ ᠪᠠ ᠠᠰᠠᠭᠤᠳᠠᠯ ᠤᠷᠤᠰᠢᠵᠤ ᠪᠠᠶᠢᠬᠤ | ᠶᠢ ᠰᠡᠷᠭᠡᠭ ᠢᠶᠠᠷ ᠲᠠᠨᠢᠬᠤ ᠭᠡᠷᠡᠭᠲᠠᠢ᠃ ᠭᠤᠤᠯᠳᠠᠭᠤ᠄ ᠠᠵᠤ ᠤᠶᠢᠯᠠᠰ ᠤᠨ ᠪᠦᠳᠦᠴᠠ ᠶᠢᠨ ︽ᠲᠦᠷᠪᠡᠨ ᠠᠷᠪᠢᠨ | ᠲᠦᠷᠪᠡᠨ ᠴᠦᠭᠡᠨ︾ ᠪᠠᠶᠢᠷᠢᠰᠢᠯ ᠢ ᠪᠠᠰᠠ ᠦᠨᠳᠤᠰᠦᠨ ᠠᠴᠠ ᠨᠢ ᠬᠤᠪᠢᠷᠠᠭᠤᠯᠤᠭᠠᠳᠤᠢ ᠪᠠᠶᠢᠭᠰᠠᠭᠠᠷ᠂ ᠠᠵᠤ | ᠤᠶᠢᠯᠠᠰ ᠤᠨ ᠭᠡᠯᠪᠡᠷᠢ ᠪᠠᠨ ᠬᠤᠪᠢᠷᠠᠭᠤᠯᠵᠤ ᠲᠡᠰᠵᠢᠭᠦᠯᠭᠦ ᠠᠬᠢᠴᠠ ᠤᠳᠠᠭᠠᠨ᠂ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠵᠦᠷᠢᠴᠡᠯ ᠪᠠᠰᠠᠯᠠ ᠲᠤᠪᠤᠶᠢᠮ᠎ᠠ ᠪᠠᠶᠢᠵᠤ᠂ ᠵᠠᠰᠠᠭ ᠤᠨ ᠤᠷᠳᠤᠨ ᠤ ᠦᠷᠢ ᠦᠭᠴᠡᠭᠡᠨ ᠤ ᠲᠠᠷᠤᠭᠠᠰᠤ | ᠨᠠᠯᠢᠶᠠᠳ ᠭᠦᠨᠳᠤ ᠪᠠᠶᠢᠭᠰᠠᠭᠠᠷ᠃ ᠠᠶᠤᠯᠭᠦᠢ ᠤᠶᠢᠯᠠᠳᠪᠤᠷᠢᠯᠡᠯ ᠤᠨ ᠪᠠᠶᠢᠳᠠᠯ ᠭᠦᠨᠳᠤ ᠨᠤᠴᠢᠳᠠᠢ ᠪᠠᠶᠢᠵᠤ᠂ ᠵᠠᠰᠠᠭ | ᠤᠨ ᠤᠷᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠴᠢᠨᠠᠷ ᠴᠢᠨᠰᠠᠭ᠎ᠠ ᠪᠠ | ᠬᠢᠷᠢ ᠳᠦᠪᠰᠢᠨ ᠳᠤᠤᠷ᠎ᠠ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠳᠤ ᠭᠦᠷᠦᠯᠴᠡᠭᠦ ᠦᠭᠡᠢ᠃ ︽ᠲᠠᠯᠪᠢᠬᠤ ᠬᠠᠮᠢᠶᠠᠷᠬᠤ ᠤᠶᠢᠯᠡᠴᠢᠯᠡᠭᠦ︾ | ᠦᠭᠡᠷᠡᠴᠢᠯᠠᠯᠳᠠ ᠭᠦᠨᠵᠡᠭᠡᠢ ᠪᠤᠰᠤ ᠪᠠᠶᠢᠵᠤ᠂ ᠵᠠᠰᠠᠭ ᠤᠨ ᠶᠠᠪᠤᠳᠠᠯ ᠤᠨ ᠦᠷ᠎ᠡ ᠪᠦᠳᠦᠮᠵᠢ ᠪᠠᠨ ᠲᠡᠭᠡᠭᠰᠢᠯᠡᠭᠦᠯᠭᠦ | ᠴᠢᠬᠤᠯᠠᠳᠠᠢ᠂ ᠠᠷᠠᠯᠵᠢᠶ᠎ᠠ ᠡᠷᠬᠢᠯᠡᠭᠦ ᠤᠷᠴᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠳᠡᠢ ᠪᠠᠶᠢᠨ᠎ᠠ᠃ | ᠦᠨᠳᠤᠰᠦᠨ ᠤᠯᠠᠨ ᠨᠠᠶᠢᠳᠠ ᠶᠢᠨ ᠤᠶᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠳᠤᠤᠷ᠎ᠠ ᠪᠠᠶᠢᠵᠤ᠂ ᠰᠤᠷᠭᠠᠨ | ᠭᠦᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠭᠦᠷᠢᠶ᠎ᠠ ᠭᠡᠪᠴᠢᠶᠠᠨ ᠳᠤ ᠪᠠᠰᠠ ᠬᠦᠷᠦᠯᠴᠡᠬᠦ ᠦᠭᠡᠢ | ᠲᠠᠯ᠎ᠠ ᠤᠷᠤᠰᠢᠵᠤ ᠪᠠᠶᠢᠭᠰᠠᠭᠠᠷ᠃ ᠮᠠᠯᠵᠢᠬᠤ ᠤᠷᠤᠨ ᠤ ᠬᠦᠭᠵᠢᠯᠳᠡ ᠶᠢᠨ ᠰᠠᠭᠤᠷᠢ ᠮᠦᠨᠴᠦ ᠨᠡᠯᠢᠶᠡᠳ ᠪᠠᠭᠤᠷᠠᠢ | ᠪᠠᠶᠢᠵᠦ᠂ ᠭᠡᠰᠡᠭ ᠮᠠᠯᠴᠢᠳ ᠤᠨ ᠲᠠᠩᠰᠠ ᠪᠤᠳᠤᠵᠦ ᠠᠮᠢᠳᠤᠷᠠᠬᠤ ᠦᠵᠡᠯᠲᠡ ᠠᠨᠠᠢ ᠵᠡᠷᠭᠡ ᠠᠰᠠᠭᠤᠳᠠᠯ ᠤᠷᠤᠰᠢᠵᠦ | ᠪᠠᠶᠢᠭᠰᠠᠭᠠᠷ᠃ ᠪᠢᠳᠡ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠬᠦᠴᠦᠳᠡᠢ ᠠᠷᠭ᠎ᠠ ᠠᠪᠴᠠᠯ ᠠᠪᠴᠦ᠂ | ᠤᠷᠤᠰᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃ | ᠬᠤᠶᠠᠷ᠂ 2019 ᠤᠨ ᠤ ᠭᠤᠤᠯ ᠠᠵᠢᠯ | ᠦᠨᠦ ᠵᠢᠯ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠮᠦᠨᠴᠦ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠵᠠᠩᠬᠢᠯᠠᠭ᠎ᠠ ᠶᠢᠨ ᠵᠢᠯ ᠪᠤᠯᠤᠨ᠎ᠠ᠃ ᠦᠨᠦ ᠵᠢᠯ ᠤᠨ ᠵᠠᠰᠠᠭ ᠤᠨ | ᠤᠷᠳᠤᠨ ᠤ ᠠᠵᠢᠯ ᠢ ᠰᠠᠶᠢᠳᠤᠷ ᠬᠢᠭᠦ ᠳᠤ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠳᠤᠮᠳᠠᠳᠦ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠭᠡᠢ | ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ | ᠤᠨ ᠬᠢᠨᠠᠨ ᠵᠦᠪᠯᠡᠭᠦ ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠲᠦᠪ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ | ᠠᠶᠢᠮᠠᠭ ᠤᠨ ᠨᠠᠮ ᠤᠨ ᠬᠤᠷᠢᠶᠠᠨ ᠤ 2019 ᠤᠨ ᠤ ᠠᠩᠬᠠᠳᠤᠭᠠᠷ ᠤᠳᠠᠭᠠᠨ ᠤ ︵ᠦᠷᠭᠡᠳᠭᠡᠭᠰᠡᠨ︶ ᠬᠤᠷᠠᠯ | ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠨ | ᠬᠤᠶᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠵᠢᠴᠢ | ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ︽ᠳᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠦᠯᠳᠠᠢ | ᠲᠦᠯᠦᠪᠵᠢᠬᠦᠯᠦᠨ ᠠᠬᠢᠭᠤᠯᠵᠦ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠡ ᠶᠢ ᠵᠤᠬᠢᠴᠠᠭᠤᠯᠤᠨ ᠠᠬᠢᠭᠤᠯᠵᠦ᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ | ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠡ ᠭᠦᠭᠵᠢᠯᠳᠠ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠴᠢᠨᠠᠷᠯᠢᠭ | ᠭᠦᠭᠵᠢᠯᠳᠠ ᠶᠢ ᠠᠬᠢᠭᠤᠯᠬᠤ ᠶᠢ ᠪᠠᠷᠢᠮᠳᠠᠯᠠᠨ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠠᠯᠳᠠ ᠶᠢ | ᠭᠦᠨᠵᠡᠭᠡᠶᠢᠷᠡᠭᠦᠯᠭᠦ ᠪᠠ ᠦᠨᠳᠤᠷ ᠬᠢᠷᠢ ᠲᠦᠪᠰᠢᠨ ᠪᠦᠭᠦᠢ ᠨᠡᠭᠡᠭᠡᠯᠳᠠ ᠶᠢ ᠦᠷᠭᠡᠳᠭᠡᠭᠦ ᠶᠢ ᠪᠠᠷᠢᠮᠳᠠᠯᠠᠨ᠂ | ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ | ᠰᠢᠪᠳᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠪᠢᠴᠢᠯ ᠭᠤᠤᠯ ᠴᠤᠭᠴᠠ ᠶᠢᠨ ᠠᠮᠢᠵᠢᠷᠠᠯ ᠤᠨ | ᠭᠦᠴᠦᠨ ᠢ ᠭᠦᠴᠦᠯᠠᠨ ᠭᠦᠭᠵᠢᠭᠡᠵᠤ᠂ ᠳᠤᠬᠳᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠳᠡ ᠶᠢ ᠠᠬᠢᠭᠤᠯᠬᠤ᠂ | ᠪᠦᠳᠦᠴᠡ ᠶᠢ ᠳᠤᠬᠢᠷᠠᠭᠤᠯᠬᠤ᠂ ᠠᠷᠠᠳ ᠲᠤ ᠠᠰᠢᠬ ᠬᠦᠷᠳᠡᠭᠡᠬᠦ᠂ ᠳᠦᠭᠰᠢᠭᠦᠷᠢ ᠶᠢ ᠰᠡᠷᠭᠡᠶᠢᠯᠡᠬᠦ ᠠᠵᠢᠯ ᠢ | ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠠᠵᠢᠯ ᠤᠯᠭᠤᠯᠳᠠ᠂ ᠮᠦᠩᠭᠦᠨ ᠭᠦᠢᠯᠭᠡᠭᠡ᠂ ᠪᠡᠯᠡ ᠤᠷᠤᠭᠤᠯᠤᠯᠳᠠ | ᠂ ᠵᠢᠱᠢᠭᠰᠡᠨ ᠬᠠᠷᠠᠯᠲᠠ ᠶᠢ ᠤᠯᠠᠮ ᠨᠢᠭᠡ ᠠᠯᠬᠤᠮ ᠲᠤᠭᠳᠠᠪᠤᠷᠢᠵᠢᠭᠤᠯᠤᠨ᠂ ᠠᠷᠠᠳ ᠲᠦᠮᠡᠨ ᠤ ᠭᠦᠷᠳᠡᠭᠡᠮᠵᠢ ᠶᠢᠨ | ᠰᠡᠳᠬᠢᠯᠭᠡ᠂ ᠵᠤᠯ ᠵᠢᠷᠭᠠᠯᠳᠤ ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠶᠢ ᠨᠡᠮᠡᠭᠳᠡᠭᠦᠯᠦᠨ᠂ ᠠᠵᠤ ᠠᠬᠤᠢ | ᠶᠢᠨ ᠦᠷᠭᠦᠯᠵᠢᠯᠡᠭᠰᠡᠨ ᠡᠷᠡᠭᠦᠯ ᠭᠦᠭᠵᠢᠯᠳᠠ ᠪᠠ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠤᠭᠳᠠᠭᠤᠨ ᠢ ᠪᠠᠳᠤᠯᠠᠵᠤ᠂ | ︽ᠪᠤᠳᠠᠳᠤ ᠭᠦᠴᠦᠨ ᠲᠠᠢ ᠪᠠᠷᠠᠭᠤᠨ ᠦᠵᠦᠮᠦᠴᠢᠨ᠂ ᠪᠤᠬᠢᠷᠳᠤᠯ ᠦᠭᠡᠢ ᠪᠠᠷᠠᠭᠤᠨ ᠦᠵᠦᠮᠦᠴᠢᠨ᠂ ᠰᠡᠳᠬᠢᠯ | ᠲᠠᠲᠠᠮ᠎ᠠ ᠪᠠᠷᠠᠭᠤᠨ ᠦᠵᠦᠮᠦᠴᠢᠨ᠂ ᠵᠤᠯ ᠵᠢᠷᠭᠠᠯᠳᠤ ᠪᠠᠷᠠᠭᠤᠨ ᠦᠵᠦᠮᠦᠴᠢᠨ︾ ᠤ ᠪᠠᠶᠢᠭᠤᠯᠤᠯᠳᠠ ᠶᠢ ᠠᠬᠢᠭᠤᠯᠤᠨ᠂ | ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠳᠤ ᠪᠠᠳᠦ ᠰᠠᠭᠤᠷᠢ ᠳᠠᠯᠪᠢᠵᠦ᠂ ᠰᠢᠯᠢᠳᠡᠭ ᠬᠢᠷᠢ ᠪᠦᠳᠦᠮᠵᠢ | ᠪᠠᠷ ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ | ᠭᠡᠷᠡᠭᠳᠠᠢ᠃ | ᠦᠨᠦ ᠵᠢᠯ ᠤᠨ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ | ᠤᠷᠤᠨ ᠤ ᠤᠶᠢᠯᠠᠳᠪᠤᠷᠢᠯᠠᠯ ᠤᠨ ᠶᠡᠷᠦᠩᠭᠡᠢ ᠦᠷᠳᠡᠭ ᠢ 6.5% ᠤᠷᠴᠢᠮ ᠨᠡᠮᠡᠭᠳᠡᠭᠦᠯᠦᠨ᠎ᠠ᠃ ᠡᠩ ᠤᠨ ᠤᠯᠠᠨ | ᠨᠠᠶᠢᠳᠠ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 1.4% ᠤᠷᠴᠢᠮ ᠨᠡᠮᠡᠭᠳᠡᠭᠦᠯᠦᠨ᠎ᠠ᠃ ᠨᠡᠶᠢᠭᠡᠮ | ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ ᠢ 8% ᠤᠷᠴᠢᠮ | ᠨᠡᠮᠡᠭᠳᠡᠭᠦᠯᠦᠨ᠎ᠠ᠃ ᠬᠤᠳᠠ ᠪᠠᠯᠭᠠᠰᠤ ᠪᠠ ᠮᠠᠯᠵᠢᠬᠤ ᠤᠷᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ | ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 8% ᠪᠠ 8.2% ᠤᠷᠴᠢᠮ ᠨᠡᠮᠡᠭᠳᠡᠭᠦᠯᠦᠨ᠎ᠠ᠃ | ᠳᠡᠭᠡᠷ᠎ᠡ ᠳᠤᠷᠠᠳᠤᠭᠰᠠᠨ ᠬᠠᠷᠠᠯᠳᠠ ᠶᠢ ᠪᠡᠶᠡᠯᠡᠭᠦᠯᠭᠦ ᠳᠤ ᠲᠤᠤᠷᠠᠬᠢ ᠶᠢᠰᠦᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠳᠤᠷ ᠬᠢᠭᠦ ᠭᠡᠷᠡᠭᠲᠡᠢ᠄ | ︵ᠨᠢᠭᠡ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠨ᠎ᠡ᠃ | ᠭᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠭᠦ ᠲᠠᠶᠢᠯᠠᠯᠳᠤᠭᠠᠨ ᠢ ᠰᠠᠶᠢᠳᠤᠷ ᠬᠢᠨ᠎ᠠ᠃ | ᠵᠠᠰᠠᠭ ᠤᠨ ᠤᠷᠳᠤᠨ ᠤ ᠦᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠭᠦ ᠶᠢ ᠬᠠᠮᠤᠭ ᠶᠡᠭᠡ | ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠤ᠂ ︽ᠪᠠᠳᠤ ᠪᠠᠬᠢ᠂ ᠬᠤᠷᠢᠭᠯᠠᠵᠤ ᠪᠤᠯᠬᠤᠶᠢᠴᠠ᠂ ᠡᠮᠬᠢ ᠴᠡᠭᠴᠡ ᠲᠠᠢ᠂ | ᠲᠤᠬᠢᠷᠠᠮᠵᠢᠳᠠᠢ ᠪᠠᠶᠢᠬᠤ︾ ᠶᠡᠷᠦᠩᠭᠡᠢ ᠱᠠᠭᠠᠷᠳᠠᠯᠭ᠎ᠠ ᠶᠤᠰᠤᠭᠠᠷ᠂ 5.7 ᠳ᠋ᠦᠩᠰᠢᠭᠤᠷ ᠲᠦᠭᠦᠷᠢᠭ ᠤᠨ ᠵᠠᠰᠠᠭ ᠤᠨ | ᠤᠷᠳᠤᠨ ᠤ ᠦᠷᠢ ᠦᠭᠴᠡᠭᠡ ᠶᠢᠨ ᠡᠭᠡ ᠮᠦᠩᠭᠦ ᠪᠠ ᠭᠦᠦ ᠮᠦᠩᠭᠦ ᠶᠢ ᠲᠦᠯᠦᠪᠯᠡᠭᠡ ᠶᠤᠰᠤᠭᠠᠷ ᠳᠦᠯᠦᠨᠡ᠃ | ᠵᠠᠰᠠᠭ ᠤᠨ ᠤᠷᠳᠤᠨ ᠤ ᠦᠷᠢ ᠲᠠᠯᠪᠢᠬᠤ ᠠᠵᠢᠯᠯᠠᠭ᠎ᠠ ᠶᠢ ᠲᠦᠷᠢᠮᠵᠢᠭᠦᠯᠦᠨ᠂ ᠰᠢᠨ᠎ᠠ ᠲᠦᠷᠦᠯ ᠵᠤᠶᠢᠯ ᠳᠤ ᠦᠷᠢ | ᠦᠭᠴᠡᠭᠡᠨ ᠤ ᠲᠦᠭᠰᠢᠭᠦᠷᠢ ᠶᠢᠨ ᠦᠨᠡᠯᠡᠯᠳᠠ ᠬᠢᠭᠦ ᠶᠢ ᠴᠢᠩᠭᠠᠳᠬᠠᠵᠤ᠂ ᠬᠢᠨᠠᠨ ᠵᠦᠪᠰᠢᠶᠡᠷᠡᠭᠦ ᠶᠠᠪᠤᠴᠠ ᠶᠢ | ᠴᠢᠩᠭᠠᠳᠬᠠᠨ᠂ ᠴᠢᠳᠠᠯ ᠤᠨ ᠬᠢ ᠪᠠᠨ ᠬᠢᠷᠢ ᠪᠠᠷ ᠠᠵᠢᠯ ᠬᠢᠭᠦ ᠶᠢ ᠪᠠᠷᠢᠮᠳᠠᠯᠠᠨ᠎ᠠ᠃ ᠢᠨᠲ᠋ᠧᠷ ᠰᠦᠯᠵᠢᠶᠠᠨ ᠤ | ᠮᠦᠩᠭᠦᠨ ᠭᠦᠢᠯᠭᠡᠭᠡ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠠᠯᠵᠢᠬᠤ ᠤᠷᠤᠨ ᠤ ᠦᠨᠳᠤᠷ ᠭᠦᠦ ᠲᠠᠢ | ᠵᠢᠭᠡᠯᠡᠯᠭᠡ ᠵᠡᠷᠭᠡ ᠳᠤ ᠦᠷᠭᠦᠯᠵᠢᠯᠡᠨ ᠲᠤᠰᠬᠠᠢ ᠲᠦᠷᠦᠯ ᠤᠨ ᠴᠡᠭᠴᠡᠯᠡᠯᠳᠠ ᠬᠢᠵᠤ᠂ ᠬᠠᠤᠯᠢ ᠲᠦᠷᠢᠮ ᠢ | ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠰᠢᠰᠲ᠋ᠧᠮ ᠤᠨ ᠴᠢᠨᠠᠷᠳᠠᠢ | ᠲᠦᠭᠰᠢᠭᠦᠷᠢ ᠡᠭᠦᠰᠭᠦ ᠦᠭᠡᠢ ᠪᠠᠶᠢᠬᠤ ᠶᠢ ᠪᠠᠳᠤᠯᠠᠨ᠎ᠠ᠃ | ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ︽ | ᠪᠠᠷᠠᠭᠤᠨ ᠦᠵᠦᠮᠦᠴᠢᠨ ᠬᠤᠰᠢᠭᠤᠨ ᠤ 2018 — 2020 ᠤᠨ ᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠶᠢ ᠰᠢᠪᠳᠤᠯᠬᠤ ᠭᠤᠷᠪᠠᠨ ᠵᠢᠯ ᠤᠨ ᠠᠵᠢᠯᠯᠠᠭᠠᠨ ᠤ ᠲᠦᠰᠦᠪ︾ ᠤᠨ ᠱᠠᠭᠠᠷᠳᠠᠯᠭ᠎ᠠ ᠶᠤᠰᠤᠭᠠᠷ᠂ ᠶᠠᠳᠠᠭᠤ | ᠠᠴᠠ ᠠᠩᠬᠢᠵᠢᠷᠠᠭᠤᠯᠬᠤ ᠶᠠᠰᠤ ᠴᠢᠨᠠᠷ ᠢ ᠪᠠᠭᠢᠵᠢᠭᠦᠯᠦᠨ ᠲᠡᠭᠡᠭᠰᠢᠯᠡᠭᠦᠯᠵᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠶᠢ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠭᠡᠯ ᠨᠢ ᠲᠡᠤᠭᠡ ᠪᠠ ᠤᠶᠢᠯᠠᠳᠤᠯᠭᠡ ᠶᠢᠨ ᠰᠢᠯᠭᠠᠯᠳᠠ ᠶᠢ | ᠲᠠᠭᠠᠭᠠᠬᠤ ᠶᠢ ᠪᠠᠳᠤᠯᠠᠨ᠎ᠠ᠃ 320 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠤᠨ᠂ ᠠᠵᠤ ᠤᠶᠢᠯᠠᠰ᠂ | ᠠᠵᠢᠯ ᠤᠯᠭᠤᠯᠳᠠ᠂ ᠡᠷᠡᠭᠦᠯ ᠮᠡᠨᠳᠤ᠂ ᠰᠤᠷᠭᠠᠨ ᠭᠦᠮᠦᠵᠢᠯ᠂ ᠨᠡᠶᠢᠭᠡᠮ ᠤᠨ ᠪᠠᠳᠤᠯᠠᠭ᠎ᠠ ᠵᠡᠷᠭᠡ ᠶᠠᠳᠠᠭᠤ ᠶᠢ | ᠲᠡᠳᠭᠦᠭᠦ ᠠᠷᠭ᠎ᠠ ᠠᠪᠴᠠᠯ ᠢ ᠦᠷᠭᠦᠯᠵᠢᠯᠡᠨ ᠭᠡᠷᠡᠭᠵᠢᠭᠦᠯᠭᠦ ᠪᠠᠷ ᠲᠦᠯᠦᠪᠯᠡᠵᠤ ᠪᠤᠢ᠃ ᠠᠵᠤ ᠤᠶᠢᠯᠠᠰ ᠢᠶᠠᠷ ᠶᠠᠳᠠᠭᠤ | ᠶᠢ ᠲᠡᠳᠭᠦᠭᠦ ᠶᠢ ᠲᠣᠪᠤᠶᠢᠯᠭᠠᠨ ᠠᠳᠬᠤᠵᠤ᠂ ᠶᠠᠳᠠᠭᠤ ᠠᠴᠠ ᠠᠩᠬᠢᠵᠢᠷᠠᠭᠰᠠᠨ ᠡᠷᠦᠭᠡ ᠶᠢᠨ ᠤᠷᠤᠯᠭ᠎ᠠ ᠶᠢ | ᠲᠤᠭᠳᠠᠭᠤᠨ ᠢᠶᠠᠷ ᠨᠡᠮᠡᠭᠳᠡᠭᠦᠯᠭᠦ ᠪᠠᠳᠤᠯᠠᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠶᠢ ᠰᠢᠪᠳᠤᠯᠬᠤ ᠪᠤᠯᠤᠨ ᠭᠦᠳᠡᠭᠡ ᠲᠤᠰᠬᠤᠨ ᠮᠠᠯᠵᠢᠬᠤ ᠤᠷᠤᠨ ᠢ ᠭᠦᠭᠵᠢᠭᠦᠯᠦᠨ ᠮᠠᠨᠳᠤᠭᠤᠯᠬᠤ ᠶᠢ | ᠨᠢᠭᠡᠳᠦᠯᠳᠠᠢ ᠲᠦᠯᠦᠪᠵᠢᠭᠦᠯᠦᠨ ᠨᠢᠭᠡᠳᠦᠭᠦᠯᠵᠤ᠂ ᠶᠠᠳᠠᠭᠤ ᠠᠴᠠ ᠠᠩᠬᠢᠵᠢᠷᠠᠭᠰᠠᠨ ᠭᠦᠮᠦᠨ ᠠᠮᠠ ᠶᠢᠨ ᠲᠠᠬᠢᠨ | ᠶᠠᠳᠠᠭᠤᠷᠠᠬᠤ ᠪᠠ ᠰᠢᠨ᠎ᠠ ᠶᠠᠳᠠᠭᠤᠷᠠᠯ ᠡᠭᠦᠰᠭᠦ ᠶᠢ ᠰᠡᠷᠭᠡᠶᠢᠯᠡᠨ᠎ᠠ᠃ ᠲᠦᠪ ᠤᠨ ᠶᠠᠳᠠᠭᠤ ᠶᠢ ᠲᠡᠳᠭᠦᠭᠦ ᠠᠵᠢᠯ ᠤᠨ | ᠲᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠳᠤ ᠲᠤᠯᠭᠠᠷᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ | ᠭᠦᠴᠦᠯᠠᠨ ᠰᠢᠢᠳᠪᠤᠷᠢᠯᠡᠨ᠎ᠠ᠃ ᠤᠶᠤᠨ ᠤᠬᠠᠭᠠᠨ ᠡᠷᠴᠢ ᠵᠤᠷᠢᠭ ᠢᠶᠠᠷ ᠲᠡᠳᠭᠦᠭᠦ ᠠᠷᠭ᠎ᠠ ᠠᠪᠴᠠᠯ ᠢ | ᠴᠢᠩᠭᠠᠳᠬᠠᠵᠤ᠂ ᠭᠦᠴᠢᠷᠳᠠᠯᠳᠠᠢ ᠤᠯᠠᠨ ᠲᠦᠮᠡᠨ ᠤ ᠲᠤᠳᠤᠭᠠᠳᠤ ᠭᠦᠳᠡᠯᠭᠡᠭᠦ ᠭᠦᠴᠦᠨ ᠪᠠ ᠦᠪᠡᠷ ᠢ ᠪᠠᠨ | ᠭᠦᠭᠵᠢᠭᠦᠯᠭᠦ ᠴᠢᠳᠠᠪᠤᠷᠢ ᠶᠢ ᠨᠡᠮᠡᠭᠳᠡᠭᠦᠯᠦᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ ︽ᠡᠷᠬᠢᠨ ᠬᠠᠷᠠᠬᠤ︾ | ᠲᠤᠮᠳᠠ ᠬᠠᠷᠢᠭᠤ ᠲᠤᠰᠬᠠᠬᠰᠠᠨ ᠰᠠᠨᠠᠯ ᠤᠨ ᠵᠠᠰᠠᠨ ᠴᠡᠭᠴᠡᠯᠡᠭᠦ ᠲᠦᠰᠦᠪ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠠᠵᠢᠯ ᠤᠨ ᠠᠷᠭ᠎ᠠ ᠠᠪᠴᠠᠯ ᠢᠶᠠᠨ ᠴᠢᠩᠭᠠᠳᠬᠠᠨ᠂ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠤ᠂ | ᠵᠠᠰᠠᠨ ᠴᠡᠭᠴᠡᠯᠡᠭᠦ ᠦᠷ᠎ᠡ ᠪᠦᠳᠦᠭᠡᠯ ᠢᠶᠠᠨ ᠪᠠᠬᠢᠵᠢᠭᠦᠯᠦᠨ ᠦᠷᠭᠡᠳᠭᠡᠨ᠎ᠠ᠃ ᠠᠭᠠᠷ ᠮᠠᠨᠳᠠᠯ᠂ ᠤᠰᠤ᠂ ᠭᠦᠷᠤᠰᠦ | ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠭᠡᠷᠡᠭᠲᠡᠢ᠃ ᠴᠡᠯᠮᠡᠭ ᠤᠭᠳᠠᠷᠭᠤᠢ ᠶᠢ | ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠤᠯᠤᠨ᠎ᠠ᠃ ᠠᠭᠤᠷᠰᠢᠬᠤ ᠴᠢᠨᠠᠷᠳᠠᠢ ᠤᠷᠭᠠᠨᠢᠭ ᠪᠣᠳᠠᠰ ᠤᠨ ᠰᠠᠭᠤᠷᠢ | ᠲᠤᠭ᠎ᠠ ᠪᠠᠷᠢᠮᠳᠠ ᠶᠢᠨ ᠪᠠᠶᠢᠴᠠᠭᠠᠯᠳᠠ ᠶᠢ ᠦᠷᠨᠢᠭᠦᠯᠵᠤ᠂ ᠤᠷᠭᠠᠨᠢᠭ ᠬᠠᠶᠠᠭᠳᠠᠮᠠᠯ ᠭᠡᠢ ᠶᠢ ᠵᠠᠰᠠᠬᠤ ᠲᠤᠬᠠᠢ | ᠭᠡᠷᠡᠭᠵᠢᠭᠦᠯᠭᠦ ᠲᠦᠰᠦᠪ ᠢ ᠲᠤᠭᠳᠠᠭᠠᠨ᠂ ᠵᠠᠰᠠᠬᠤ ᠡᠭᠦᠷᠭᠡ ᠶᠢ ᠲᠤᠭᠳᠠᠭᠰᠠᠨ ᠬᠤᠭᠤᠴᠠᠭ᠎ᠠ ᠶᠤᠰᠤᠭᠠᠷ | ᠪᠡᠶᠡᠯᠡᠭᠦᠯᠦᠨ᠎ᠠ᠃ ︽ᠳᠠᠷᠠᠬᠠᠢ ᠪᠤᠳᠠᠷᠬᠠᠢ᠂ ᠡᠮᠬᠢ ᠵᠠᠮᠪᠠᠷᠠᠭ᠎ᠠ ᠦᠭᠡᠢ᠂ ᠪᠤᠬᠢᠷᠳᠤᠯ ᠶᠡᠭᠡᠳᠠᠢ︾ ᠠᠵᠤ ᠠᠬᠤᠶᠢᠯᠠᠯ ᠢ | ᠲᠤᠰᠬᠠᠢ ᠵᠠᠰᠠᠨ ᠴᠡᠭᠴᠡᠯᠡᠭᠦ ᠠᠵᠢᠯᠯᠠᠭ᠎ᠠ ᠦᠷᠨᠢᠭᠦᠯᠦᠨ᠂ ᠰᠤᠯᠠ ᠮᠠᠲ᠋ᠧᠷᠢᠶᠠᠯ ᠢ ᠲᠡᠭᠡᠭᠡᠭᠦ᠂ ᠪᠠᠭᠤᠯᠭᠠᠬᠤ᠂ | ᠬᠠᠳᠠᠭᠠᠯᠠᠬᠤ᠂ ᠰᠢᠯᠵᠢᠭᠦᠯᠭᠦ ᠵᠡᠷᠭᠡ ᠶᠠᠪᠤᠴᠠ ᠳᠤ ᠲᠤᠷ᠎ᠠ ᠪᠠᠷ ᠢᠶᠠᠨ ᠭᠠᠳᠠᠭᠰᠢᠯᠠᠭᠤᠯᠬᠤ ᠠᠰᠠᠭᠤᠳᠠᠯ ᠢ ᠭᠦᠨᠵᠡᠭᠡᠢ | ᠵᠠᠰᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠤᠨᠳᠠᠭ ᠮᠠᠲ᠋ᠧᠷᠢᠶᠠᠯ ᠢ ᠪᠦᠭᠦᠨ ᠢ ᠪᠢᠳᠡᠭᠦᠮᠵᠢᠯᠡᠨ | ᠬᠠᠳᠠᠭᠠᠯᠠᠬᠤ ᠪᠠ ᠭᠡᠰᠡᠭᠯᠡᠭᠰᠡᠨ ᠮᠠᠲ᠋ᠧᠷᠢᠶᠠᠯ ᠢ ᠬᠠᠳᠠᠭᠠᠯᠠᠬᠤ ᠳᠤ ᠴᠦᠮ ᠲᠤᠭᠤᠰᠤ ᠲᠠᠷᠤᠬᠤ ᠲᠦᠭᠦᠭᠡᠷᠦᠮᠵᠢ | ᠤᠬᠰᠠᠷᠠᠬᠤ ᠶᠢ ᠪᠡᠶᠡᠯᠡᠭᠦᠯᠦᠨ᠎ᠠ᠃ ᠴᠡᠩᠭᠡᠭ ᠤᠰᠤ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠭᠤᠤᠯ | ᠮᠦᠷᠡᠨ ᠤ ᠪᠤᠬᠢᠷᠳᠤᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠠᠮᠢ | ᠠᠬᠤᠢ ᠶᠢᠨ ᠶᠡᠷᠤᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠤᠮᠤ ᠪᠠᠯᠭᠠᠰᠤᠨ ᠤ ᠤᠰᠤ | ᠤᠮᠳᠠ ᠶᠢᠨ ᠡᠬᠢ ᠭᠠᠵᠠᠷ ᠢ ᠬᠠᠮᠠᠭᠠᠯᠠᠬᠤ ᠤᠷᠤᠨ ᠤ ᠬᠤᠪᠢᠶᠠᠷᠢᠯᠠᠯᠳᠠ ᠵᠢᠴᠢ ᠲᠦᠷᠢᠮᠵᠢᠭᠰᠡᠨ ᠪᠠᠶᠢᠭᠤᠯᠤᠯᠳᠠ ᠶᠢ | ᠪᠡᠶᠡᠯᠡᠭᠦᠯᠵᠤ᠂ ᠤᠯᠠᠨ ᠲᠦᠮᠡᠨ ᠤ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠨ᠎ᠠ᠃ ᠪᠠᠯᠭᠠᠷᠭᠤᠤᠯ ᠪᠠᠯᠭᠠᠰᠤᠨ | ᠤ ᠪᠤᠬᠢᠷ ᠤᠰᠤ ᠶᠢ ᠰᠢᠢᠳᠪᠤᠷᠢᠯᠡᠭᠦ ᠤᠶᠢᠯᠠᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠨ ᠦᠷᠭᠡᠳᠬᠡᠨ ᠪᠠᠶᠢᠭᠤᠯᠬᠤ | ᠲᠦᠷᠦᠯ ᠵᠤᠶᠢᠯ ᠪᠤᠯᠤᠨ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠪᠤᠬᠢᠷ ᠤᠰᠤ ᠶᠢ ᠰᠢᠢᠳᠪᠤᠷᠢᠯᠡᠭᠦ | ᠤᠶᠢᠯᠠᠳᠪᠤᠷᠢ ᠶᠢᠨ ᠮᠡᠷᠭᠡᠵᠢᠯ ᠢ ᠦᠭᠡᠷᠡᠴᠢᠯᠠᠨ ᠵᠠᠰᠠᠬᠤ ᠲᠦᠷᠦᠯ ᠵᠤᠶᠢᠯ ᠤᠨ ᠪᠠᠶᠢᠭᠤᠯᠤᠯᠳᠠ ᠶᠢ ᠳᠦᠷᠭᠡᠳᠬᠡᠵᠦ᠂ | ᠪᠤᠬᠢᠷ ᠤᠰᠤ ᠶᠢ ᠬᠤᠷᠢᠶᠠᠨ ᠰᠢᠢᠳᠪᠤᠷᠢᠯᠡᠬᠦ ᠴᠢᠳᠠᠪᠤᠷᠢ ᠪᠤᠯᠤᠨ ᠪᠤᠬᠢᠷ ᠤᠰᠤ ᠶᠢ ᠴᠡᠪᠡᠷᠰᠢᠬᠦᠯᠦᠨ ᠲᠠᠬᠢᠨ | ᠠᠰᠢᠭᠯᠠᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠲᠤᠰᠤ ᠨᠡᠮᠡᠭᠦ ᠦᠷᠳᠡᠭᠡ ᠶᠢᠨ ᠭᠠᠵᠠᠷ ᠲᠤᠤᠷᠠᠬᠢ ᠲᠤᠰᠤᠨ ᠰᠠᠪᠠ | ᠶᠢᠨ ᠨᠡᠪᠴᠢᠭᠦ ᠶᠢ ᠰᠡᠷᠭᠡᠶᠢᠯᠡᠭᠦ ᠦᠭᠡᠷᠡᠴᠢᠯᠠᠯᠳᠠ ᠶᠢᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠦᠨ᠎ᠠ᠃ ᠭᠦᠷᠦᠰᠦ | ᠰᠢᠷᠤᠢ ᠶᠢ ᠬᠠᠮᠠᠭᠠᠯᠠᠬᠤ ᠲᠠᠶᠢᠯᠠᠯᠳᠤᠭᠠᠨ ᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠦᠷᠦᠯ ᠪᠠ ᠠᠵᠤ | ᠠᠬᠤᠶᠢᠯᠠᠯ ᠤᠨ ᠭᠡᠷᠡᠭᠯᠡᠵᠤ ᠪᠠᠶᠢᠭ᠎ᠠ ᠭᠠᠵᠠᠷ ᠲᠤ ᠭᠦᠷᠦᠰᠦ ᠰᠢᠷᠤᠢ ᠶᠢᠨ ᠪᠤᠬᠢᠷᠳᠤᠯ ᠤᠨ ᠪᠠᠶᠢᠴᠠᠭᠠᠯᠳᠠ ᠶᠢ | ᠦᠷᠨᠢᠭᠦᠯᠵᠤ᠂ ᠪᠤᠬᠢᠷᠳᠤᠭᠰᠠᠨ ᠭᠠᠵᠠᠷ ᠤᠨ ᠲᠠᠷᠬᠠᠯᠳᠠ ᠵᠢᠴᠢ ᠤᠷᠴᠢᠨ ᠲᠤᠭᠤᠷᠢᠨ ᠤ ᠲᠦᠭᠰᠢᠭᠦᠷᠢ ᠵᠡᠷᠭᠡ ᠪᠠᠶᠢᠳᠠᠯ | ᠢ ᠡᠵᠡᠮᠰᠢᠨ᠎ᠠ᠃ ᠠᠭᠤᠷᠬᠠᠢ ᠶᠢᠨ ᠤᠷᠤᠨ ᠤ ᠪᠤᠬᠢᠷᠳᠤᠯ ᠢ ᠵᠠᠰᠠᠬᠤ ᠠᠵᠢᠯ ᠢ ᠠᠬᠢᠭᠤᠯᠵᠤ᠂ ᠠᠮᠢ ᠠᠬᠤᠢ ᠶᠢ | ᠰᠡᠷᠭᠦᠭᠡᠨ ᠵᠠᠰᠠᠬᠤ ᠢᠨᠵᠧᠨᠧᠷᠢᠩ ᠢ ᠭᠡᠷᠡᠭᠵᠢᠭᠦᠯᠦᠨ᠎ᠠ᠃ ᠤᠯᠤᠰ ᠤᠨ ᠠᠮᠢ ᠠᠬᠤᠢ ᠶᠢᠨ ᠴᠢᠳᠠᠪᠬᠢ ᠶᠢᠨ ᠤᠷᠤᠨ ᠤ | ᠰᠢᠶᠠᠨ ᠤ ᠤᠷᠤᠨ ᠪᠦᠰᠠ ᠶᠢᠨ ᠶᠠᠰᠤ ᠴᠢᠨᠠᠷ ᠢ ᠬᠢᠨᠠᠨ ᠭᠡᠮᠵᠢᠭᠦ ᠪᠠ ᠤᠷᠴᠢᠨ ᠲᠤᠭᠤᠷᠢᠨ ᠤ ᠴᠢᠳᠠᠪᠬᠢ ᠶᠢᠨ ᠤᠷᠤᠨ | ᠤ ᠬᠤᠪᠢᠶᠠᠷᠢᠯᠠᠯᠳᠠ ᠶᠢᠨ ᠳᠦᠰᠦᠪ ᠢ ᠨᠠᠶᠢᠷᠠᠭᠤᠯᠬᠤ ᠠᠵᠢᠯ ᠢ ᠦᠷᠨᠢᠬᠦᠯᠦᠨ᠎ᠡ᠃ | ︵ᠬᠤᠶᠠᠷ︶ ᠠᠶᠤᠯᠬᠦᠢ ᠦᠢᠯᠡᠳᠪᠦᠷᠢᠯᠡᠯ ᠤᠨ ᠰᠡᠷᠡᠮᠵᠢ ᠶᠢᠨ ᠱᠤᠭᠤᠮ ᠢ ᠡᠷᠡᠰ ᠰᠠᠬᠢᠨ᠎ᠠ᠃ | ᠰᠢ ᠶᠢᠨ ᠫᠢᠩ ᠶᠡᠷᠤᠩᠬᠡᠢ ᠱᠦᠵᠢ ᠶᠢᠨ ᠲᠤᠷᠠᠳᠤᠭᠰᠠᠨ ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ | ᠶᠠᠷᠢᠶ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯᠭᠦᠢ ᠬᠦᠭᠵᠢᠯᠳᠡ ᠶᠢᠨ ᠤᠶᠢᠯᠠᠭᠠᠭᠳᠠᠬᠤᠨ ᠢᠶᠠᠨ | ᠴᠢᠩᠭᠠᠳᠬᠠᠨ᠂ ︽ᠬᠦᠭᠵᠢᠯᠳᠡ ᠨᠢ ᠠᠮᠦᠷ ᠳᠦᠪᠰᠢᠨ ᠢᠶᠠᠷ ᠦᠷᠡᠭᠳᠡᠯ ᠪᠤᠯᠭᠠᠵᠦ ᠪᠣᠯᠬᠤ ᠦᠭᠡᠢ︾ ᠭᠡᠭᠦ | ᠰᠡᠷᠡᠮᠵᠢ ᠶᠢᠨ ᠱᠤᠭᠤᠮ ᠤᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠦᠵᠡᠯ ᠰᠠᠨᠠᠭᠠᠨ ᠤ ᠤᠬᠠᠮᠰᠠᠷ ᠪᠠ ᠤᠶᠢᠯᠠ | ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠳᠦᠭᠰᠢᠬᠦᠷᠢ ᠶᠢ ᠪᠦᠳᠦᠮᠵᠢᠳᠡᠢ | ᠰᠠᠷᠭᠡᠶᠢᠯᠡᠨ᠂ ᠦᠢᠯᠡᠳᠪᠦᠷᠢᠯᠡᠯ ᠤᠨ ᠠᠮᠦᠷ ᠳᠦᠪᠰᠢᠨ ᠤ ᠣᠨᠴᠠ ᠶᠡᠭᠡ ᠠᠳᠡᠯ ᠬᠡᠷᠡᠭ ᠡᠭᠦᠰᠬᠦ ᠶᠢ ᠡᠷᠡᠰ | ᠬᠤᠷᠢᠭᠯᠠᠵᠤ᠂ ︽ᠭᠦᠭᠵᠢᠯᠳᠠ ᠶᠢ ᠠᠬᠢᠭᠤᠯᠬᠤ ᠶᠢᠨ ᠵᠡᠷᠭᠡᠪᠡᠷ ᠠᠮᠦᠷ ᠳᠦᠪᠰᠢᠨ ᠢ ᠪᠠᠳᠤᠯᠠᠬᠤ︾ ᠤᠯᠤᠰ | ᠳᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠎ᠡ᠃ ᠶᠢᠨ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠶᠢᠨ ︽ | 2.23︾ ᠬᠦᠨᠳᠤ ᠶᠡᠭᠡ ᠦᠢᠯᠡᠳᠪᠦᠷᠢᠯᠡᠯ ᠤᠨ ᠠᠳᠡᠯ ᠬᠡᠷᠡᠭ ᠠᠴᠠ ᠭᠦᠨᠵᠡᠭᠡᠢ ᠰᠤᠷᠭᠠᠮᠵᠢ ᠠᠪᠴᠦ᠂ ᠯᠢ ᠺᠧ | ᠴᠢᠶᠠᠩ ᠶᠡᠷᠤᠩᠬᠡᠢ ᠰᠠᠶᠢᠳ ᠵᠡᠷᠭᠡ ᠲᠥᠪ ᠤᠨ ᠤᠳᠤᠷᠢᠳᠬᠤ ᠨᠦᠬᠦᠳ ᠪᠠ ᠦᠪᠡᠷᠳᠡᠭᠡᠨ ᠵᠠᠰᠠᠬᠤ ᠤᠷᠣᠨ ᠤ ᠯᠢ | ᠵᠢᠢ ᠾᠧᠩ ᠱᠦᠵᠢ᠂ ᠪᠦ᠋ ᠰᠢᠶᠤᠤ ᠯᠢᠨ ᠳᠡᠷᠢᠬᠦᠯᠡᠭᠴᠢ ᠵᠡᠷᠭᠡ ᠤᠳᠤᠷᠢᠳᠤᠯᠭ᠎ᠠ ᠶᠢᠨ ᠴᠢᠬᠤᠯᠠ ᠴᠤᠬᠤᠯᠠᠪᠤᠷᠢ ᠶᠢᠨ | ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠷᠬᠠᠳᠤᠭᠰᠠᠳ ᠢ ᠠᠪᠤᠷᠠᠬᠤ᠂ | ᠠᠳᠡᠯ ᠬᠡᠷᠡᠭ ᠢ ᠪᠠᠶᠢᠴᠠᠭᠠᠨ ᠰᠢᠢᠳᠪᠤᠷᠢᠯᠡᠬᠦ ᠵᠡᠷᠭᠡ ᠠᠵᠢᠯ ᠢ ᠨᠢᠭᠲᠠ ᠬᠠᠮᠵᠢᠯᠴᠠᠨ ᠰᠠᠶᠢᠳᠤᠷ ᠬᠢᠨ᠎ᠡ᠃ ᠨᠠᠮ ᠵᠠᠰᠠᠭ | ᠵᠡᠷᠭᠡᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ ᠶᠢᠨ ᠳᠦᠷᠢᠮ᠂ ᠵᠡᠷᠭᠡᠪᠡᠷ | ᠠᠳᠬᠤᠵᠦ ᠬᠠᠮᠳᠤᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠦ᠂ | ᠠᠵᠢᠯ ᠳᠦᠷᠦᠯ ᠢ ᠬᠠᠮᠢᠶᠠᠷᠬᠤ ᠳᠤ ᠡᠷᠬᠡᠪᠰᠢ ᠠᠮᠦᠷ ᠳᠦᠪᠰᠢᠨ ᠢ ᠬᠠᠮᠢᠶᠠᠷᠬᠤ᠂ ᠳᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠮᠦᠷ ᠳᠦᠪᠰᠢᠨ ᠢ ᠬᠠᠮᠢᠶᠠᠷᠬᠤ᠂ ᠦᠢᠯᠡᠳᠪᠤᠷᠢᠯᠡᠯ ᠡᠵᠡᠩᠨᠡᠯᠲᠡ ᠶᠢ ᠬᠠᠮᠢᠶᠠᠷᠬᠤ ᠳᠤ | ᠡᠷᠬᠡᠪᠰᠢ ᠠᠮᠦᠷ ᠳᠦᠪᠰᠢᠨ ᠢ ᠬᠠᠮᠢᠶᠠᠷᠬᠤ ᠶᠢ ᠪᠠᠷᠢᠮᠳᠠᠯᠠᠵᠦ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ | ᠭᠡᠰᠢᠭᠦᠳ ᠨᠢ ᠠᠶᠤᠯᠬᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ | ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠎ᠠ᠃ ᠦᠨᠳᠦᠷ ᠬᠡᠪ ᠰᠤᠷᠳᠠᠯ ᠲᠠᠢ ᠳᠤᠰᠠᠬᠠᠶᠢᠵᠢᠭᠰᠠᠨ ᠠᠮᠤᠷ | ᠲᠦᠪᠰᠢᠨ ᠢ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠡᠩᠨᠡᠭᠡ ᠶᠢ ᠪᠠᠶᠢᠭᠤᠯᠵᠦ᠂ ᠵᠠᠰᠠᠭ ᠤᠨ ᠤᠷᠳᠤᠨ ᠠᠶᠤᠯᠬᠦᠢ | ᠦᠢᠯᠡᠳᠪᠦᠷᠢᠯᠡᠯ ᠤᠨ ᠤᠶᠢᠯᠡᠴᠢᠯᠡᠭᠡ ᠶᠢ ᠬᠤᠳᠠᠯᠳᠤᠨ ᠠᠪᠬᠤ ᠳᠦᠷᠢᠮ ᠢ ᠬᠡᠷᠡᠭᠵᠢᠬᠦᠯᠵᠦ᠂ ᠠᠶᠤᠯᠬᠦᠢ | ᠦᠢᠯᠡᠳᠪᠦᠷᠢᠯᠡᠯ ᠤᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠨᠡᠭᠦᠷᠡᠰᠦᠨ ᠠᠭᠤᠷᠬᠠᠢ᠂ ᠲᠡᠮᠦᠷᠯᠢᠭ | ᠂ ᠲᠡᠮᠦᠷᠯᠢᠭ ᠪᠤᠰᠤ ᠠᠭᠤᠷᠬᠠᠢ᠂ ᠪᠠᠷᠢᠯᠭ᠎ᠠ ᠵᠡᠷᠭᠡ ᠠᠵᠢᠯ ᠳᠦᠷᠦᠯ ᠤᠨ ᠦᠢᠯᠡᠳᠪᠦᠷᠢᠯᠡᠯ ᠢᠶᠠᠨ ᠰᠡᠷᠭᠦᠭᠡᠨ | ᠠᠵᠢᠯᠯᠠᠭᠤᠯᠬᠤ ᠦᠶᠡᠰ ᠤᠨ ᠬᠠᠮᠢᠶ᠎ᠠ ᠪᠦᠬᠦᠢ ᠬᠠᠮᠢᠶᠠᠷᠤᠯᠳᠠ ᠶᠢᠨ ᠪᠤᠭᠤᠮᠳᠠ ᠶᠢ ᠴᠢᠩᠭ᠎ᠠ ᠠᠳᠬᠤᠵᠤ᠂ | ᠠᠶᠤᠯᠬᠦᠢ ᠶᠢᠨ ᠳᠠᠯᠳᠠ ᠭᠡᠮ ᠢ ᠪᠦᠳᠦᠮᠵᠢᠳᠠᠢ ᠰᠡᠷᠭᠡᠶᠢᠯᠡᠨ ᠰᠢᠢᠳᠪᠦᠷᠢᠯᠡᠨ᠎ᠡ᠃ ᠭᠠᠵᠠᠷ ᠳᠤᠤᠷᠠᠬᠢ ᠳᠡᠮᠦᠷᠯᠢᠭ᠂ | ᠲᠡᠮᠦᠷᠯᠢᠭ ᠪᠤᠰᠤ ᠠᠭᠤᠷᠬᠠᠢ ᠶᠢᠨ ᠨᠠᠯᠠᠤ ᠵᠠᠮ ᠤᠨ ᠵᠦᠭᠡᠭᠡᠪᠦᠷᠢ ᠳᠤ ᠳᠤᠰᠬᠠᠢ ᠬᠠᠤᠯᠢ ᠬᠡᠷᠡᠭᠵᠢᠬᠦᠯᠬᠦ ᠪᠠᠶᠢᠴᠠᠭᠠᠯᠳᠠ | ᠦᠷᠨᠢᠬᠦᠯᠵᠦ᠂ ᠳᠦᠷᠢᠮ ᠵᠦᠷᠢᠴᠡᠭᠰᠡᠨ ᠠᠵᠢᠯᠯᠠᠭ᠎ᠠ᠂ ᠪᠤᠰᠤᠳ ᠲᠤ ᠳᠠᠭᠠᠭᠠᠴᠢᠯᠠᠭᠤᠯᠤᠨ ᠤᠷᠤᠯᠠᠭᠤᠯᠵᠦ | ᠬᠠᠮᠢᠶᠠᠷᠠᠭᠤᠯᠬᠤ ᠵᠡᠷᠭᠡ ᠬᠠᠤᠯᠢ ᠳᠦᠷᠢᠮ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠪᠠᠶᠢᠴᠠᠭᠠᠨ | ᠰᠢᠢᠳᠪᠤᠷᠢᠯᠡᠨ᠎ᠡ᠃ ᠠᠶᠤᠯᠭᠦᠢ ᠶᠢᠨ ᠪᠠᠶᠢᠴᠠᠭᠠᠯᠳᠠ᠂ ᠳᠠᠯᠳᠠ ᠭᠡᠮ ᠰᠤᠭᠤᠭ ᠤᠨ ᠪᠠᠶᠢᠴᠠᠭᠠᠯᠳᠠ ᠪᠠ | ᠳᠦᠭᠰᠢᠬᠦᠷᠢ ᠶᠢ ᠰᠡᠷᠭᠡᠶᠢᠯᠡᠨ ᠬᠤᠷᠢᠭᠯᠠᠬᠤ ᠪᠠᠶᠢᠩᠭᠤ ᠶᠢᠨ ᠲᠤᠭᠲᠠᠴᠠ ᠶᠢ ᠪᠠᠶᠢᠭᠤᠯᠵᠦ᠂ ᠠᠳᠡᠯ ᠬᠡᠷᠡᠭ ᠤᠨ ᠳᠠᠯᠳᠠ | ᠭᠡᠮ ᠰᠤᠭᠤᠭ ᠢ ᠦᠨᠳᠦᠰᠦᠨ ᠠᠴᠠ ᠨᠢ ᠠᠷᠢᠯᠭᠠᠨ᠎ᠠ᠃ ᠠᠵᠤ ᠠᠬᠤᠶᠢᠯᠠᠯ ᠢ ᠠᠶᠤᠯᠬᠦᠢ ᠦᠢᠯᠡᠳᠪᠦᠷᠢᠯᠡᠯ ᠳᠤ ᠪᠡᠯᠡ | ᠤᠷᠤᠭᠤᠯᠤᠯᠳᠠ ᠪᠠᠨ ᠴᠢᠩᠭᠠᠳᠬᠠᠬᠤ ᠶᠢ ᠱᠠᠭᠠᠷᠳᠠᠵᠦ᠂ ᠤᠳᠤᠬᠢᠴᠢᠯᠠᠭᠰᠠᠨ ᠠᠶᠤᠯᠬᠦᠢ ᠦᠢᠯᠡᠳᠪᠦᠷᠢᠯᠡᠯ ᠤᠨ | ᠶᠡᠷᠤᠩᠬᠡᠶᠢᠯᠡᠭᠰᠡᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠦ᠂ ᠠᠶᠤᠯᠭᠦᠢ ᠦᠢᠯᠡᠳᠪᠦᠷᠢᠯᠡᠯ ᠤᠨ | ᠪᠠᠳᠤᠯᠠᠭ᠎ᠠ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ | ︵ᠭᠤᠷᠪᠠ︶ ᠪᠡᠯᠡ ᠤᠷᠤᠭᠤᠯᠤᠯᠳᠠ ᠶᠢ ᠪᠦᠳᠦᠮᠵᠢᠳᠠᠢ ᠦᠷᠭᠡᠳᠭᠡᠨ᠎ᠡ᠃ | ᠦᠨᠦ ᠵᠢᠯ ᠠᠩᠬ᠎ᠠ ᠠᠯᠬᠤᠮ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢᠨ ᠲᠦᠷᠦᠯ ᠵᠤᠶᠢᠯ 37 | ᠶᠢ ᠲᠤᠬᠢᠷᠠᠭᠤᠯᠵᠤ᠂ 32.29 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ | ᠳᠦᠯᠦᠪᠯᠡᠵᠦ ᠪᠤᠢ᠃ ᠡᠭᠦᠨ ᠳᠤ᠂ ᠠᠶᠢᠮᠠᠭ ᠤᠨ ᠭᠤᠤᠯᠳᠠᠯᠭ᠎ᠠ ᠲᠠᠢ ᠲᠦᠷᠦᠯ ᠵᠤᠶᠢᠯ 11 ᠪᠠᠶᠢᠵᠤ᠂ ᠲᠤᠰ ᠵᠢᠯ | ᠳᠤ 25.68 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠎ᠠ᠃ ᠭᠤᠤᠯᠳᠠᠯᠭ᠎ᠠ ᠲᠠᠢ | ᠲᠦᠷᠦᠯ ᠵᠤᠶᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠥᠨᠥ ᠵᠢᠯ ᠠᠵᠢᠯ ᠡᠬᠢᠯᠡᠬᠦᠯᠬᠦ ᠪᠠᠷ ᠳᠦᠯᠦᠪᠯᠡᠵᠦ ᠪᠠᠶᠢᠭ᠎ᠠ | ᠭᠤᠤᠯᠳᠠᠯᠭ᠎ᠠ ᠲᠠᠢ ᠳᠦᠷᠦᠯ ᠵᠦᠢᠯ ᠨᠢ ᠪᠡᠯᠡᠳᠬᠡᠯ ᠬᠤᠭᠤᠴᠠᠭᠠᠨ ᠤ ᠭᠠᠷ ᠭᠦᠢᠴᠡᠳᠭᠡᠯ ᠢᠶᠠᠨ ᠲᠦᠷᠭᠡᠨ | ᠪᠦᠷᠢᠨᠰᠢᠭᠦᠯᠵᠤ᠂ ᠪᠦᠳᠦᠭᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ᠂ ᠤᠷᠴᠢᠨ ᠲᠤᠭᠤᠷᠢᠨ ᠤ ᠬᠢᠨᠠᠨ ᠵᠦᠪᠰᠢᠶᠡᠷᠡᠯ᠂ | ᠡᠬᠢ ᠪᠠᠶᠠᠯᠢᠭ ᠤᠨ ᠭᠦᠴᠦᠨ ᠵᠤᠶᠢᠯ ᠢ ᠲᠤᠬᠢᠷᠠᠭᠤᠯᠬᠤ ᠶᠢ ᠡᠩ ᠲᠡᠷᠢᠭᠦᠨ ᠳᠤ ᠪᠠᠳᠤᠯᠠᠨ᠂ ᠵᠢᠱᠢᠭᠰᠡᠨ | ᠬᠤᠭᠤᠴᠠᠭᠠᠨ ᠳᠠᠭᠠᠨ ᠪᠦᠳᠦᠭᠡᠨ ᠪᠠᠶᠢᠭᠤᠯᠤᠯᠳᠠ ᠪᠠᠨ ᠡᠬᠢᠯᠡᠭᠦᠯᠭᠦ ᠪᠠ ᠠᠰᠢᠭᠯᠠᠯᠳᠠ ᠳᠤ ᠤᠷᠤᠭᠤᠯᠬᠤ ᠶᠢ | ᠪᠠᠳᠤᠯᠠᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ︽ᠠᠷᠪᠠᠨ ᠲᠦᠷᠪᠡᠳᠦᠭᠡᠷ ᠲᠠᠪᠤᠨ ᠵᠢᠯ | ᠤᠨ ᠲᠦᠯᠦᠪᠵᠢᠭᠦᠯᠭᠡ︾ ᠶᠢ ᠡᠬᠢᠯᠡᠨ ᠰᠤᠳᠤᠯᠬᠤ ᠲᠤᠬᠢᠶᠠᠯ ᠢ ᠠᠳᠬᠤᠵᠤ᠂ ᠨᠡᠩ ᠤᠯᠠᠨ ᠲᠦᠷᠦᠯ ᠵᠤᠶᠢᠯ ᠢ | ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠲᠦᠷᠦᠯ ᠵᠤᠶᠢᠯ ᠤᠨ ᠭᠡᠪᠴᠢᠶᠠᠨ ᠳᠤ ᠤᠷᠤᠭᠤᠯᠬᠤ | ᠪᠠᠷ ᠴᠢᠷᠮᠠᠶᠢᠨ᠎ᠠ᠃ ᠪᠠᠶᠠᠨᠬᠤᠸᠠ ᠠᠵᠤ ᠤᠶᠢᠯᠡᠳᠪᠤᠷᠢ ᠶᠢᠨ ᠲᠤᠭᠤᠷᠢᠭ ᠢ ᠨᠢᠭᠡᠳᠦᠯᠳᠠᠢ ᠲᠦᠯᠦᠪᠵᠢᠭᠦᠯᠦᠨ | ᠨᠢᠭᠡᠳᠭᠡᠵᠤ᠂ ︽ᠨᠢᠭᠡ ᠤᠷᠤᠨ ᠭᠤᠷᠪᠠᠨ ᠲᠤᠭᠤᠷᠢᠭ︾ ᠤᠨ ᠠᠵᠤ ᠤᠶᠢᠯᠠᠰ ᠤᠨ ᠪᠠᠶᠢᠷᠢᠰᠢᠯ ᠶᠤᠰᠤᠭᠠᠷ᠂ 4 | ᠳᠦᠷᠦᠯ ᠤᠨ ᠨᠠᠶᠢᠳᠠ 9 ᠵᠦᠢᠯ ᠤᠨ ᠲᠤᠰᠬᠠᠢ ᠲᠦᠯᠦᠪᠵᠢᠭᠦᠯᠭᠡ ᠶᠢ ᠲᠦᠰᠦᠪᠯᠡᠭᠦ ᠠᠵᠢᠯ ᠢ ᠡᠬᠢᠯᠡᠭᠦᠯᠦᠨ᠎ᠠ᠃ | PPP ᠲᠦᠷᠦᠯ ᠵᠤᠶᠢᠯ ᠢ ᠳᠦᠷᠭᠡᠳᠬᠡᠨ ᠠᠬᠢᠭᠤᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠬᠤᠳᠠ | ᠪᠠᠯᠭᠠᠰᠤᠨ ᠤ ᠤᠶᠢᠵᠢᠭᠤᠯᠤᠯᠳᠠ ᠵᠢᠴᠢ ᠶᠡᠷᠦᠩᠭᠡᠶᠢᠯᠡᠨ ᠵᠠᠰᠠᠬᠤ ᠲᠦᠷᠦᠯ ᠵᠤᠶᠢᠯ᠂ ᠪᠠᠯᠭᠠᠷᠭᠤᠤᠯ ᠪᠠᠯᠭᠠᠰᠤᠨ ᠤ | ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠠᠵᠤ ᠤᠶᠢᠯᠠᠰ ᠤᠨ ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ | ᠪᠠᠶᠢᠭᠤᠯᠤᠯᠳᠠ ᠵᠡᠷᠭᠡ 2 ᠲᠦᠷᠦᠯ ᠵᠤᠶᠢᠯ ᠢ ᠠᠵᠢᠯ ᠡᠬᠢᠯᠡᠭᠦᠯᠦᠨ᠂ ︽99 ᠺᠢᠯᠤᠮᠧᠲᠷ︾ ᠤᠨ ᠲᠠᠯ᠎ᠠ ᠨᠤᠳᠤᠭ ᠤᠨ | ᠨᠡᠭᠦᠳᠡᠯ ᠰᠤᠶᠤᠯ ᠤᠨ ᠦᠵᠡᠮᠵᠢ ᠶᠢᠨ ᠪᠦᠰᠠ ᠶᠢᠨ ᠪᠠᠶᠢᠭᠤᠯᠤᠯᠳᠠ᠂ ᠭᠤᠤᠯᠳᠠᠯᠭ᠎ᠠ ᠲᠠᠢ ᠵᠢᠭᠤᠯᠴᠢᠯᠠᠯ ᠤᠨ | ᠱᠤᠭᠤᠮ ᠢ ᠦᠭᠡᠷᠡᠴᠢᠯᠠᠨ ᠵᠠᠰᠠᠬᠤ᠂ ᠪᠠᠯᠭᠠᠷᠭᠤᠤᠯ ᠪᠠᠯᠭᠠᠰᠤᠨ ᠤ ᠠᠮᠢ ᠠᠬᠤᠢ ᠶᠢᠨ ᠤᠷᠤᠰᠢᠨ ᠰᠠᠭᠤᠬᠤ ᠨᠦᠭᠦᠴᠡᠯ | ᠢ ᠰᠠᠶᠢᠵᠢᠷᠠᠭᠤᠯᠬᠤ᠂ ᠪᠠᠶ᠋ᠬᠠᠭᠤᠯᠠ ᠨᠢᠰᠭᠡᠯ ᠤᠨ ᠪᠠᠭᠤᠳᠠᠯ ᠤᠨ ᠪᠠᠶᠢᠭᠤᠯᠤᠯᠳᠠ᠂ ᠪᠠᠶᠠᠨᠬᠤᠸᠠ ᠠᠵᠤ ᠤᠶᠢᠯᠠᠳᠪᠤᠷᠢ | ᠶᠢᠨ ᠲᠤᠭᠤᠷᠢᠭ ᠤᠨ ᠰᠠᠭᠤᠷᠢ ᠲᠦᠭᠦᠭᠡᠷᠦᠮᠵᠢ ᠶᠢ ᠦᠭᠡᠷᠡᠴᠢᠯᠠᠨ ᠵᠠᠰᠠᠬᠤ ᠵᠡᠷᠭᠡ 5 ᠲᠦᠷᠦᠯ ᠵᠤᠶᠢᠯ ᠢ ᠤᠯᠤᠰ ᠤᠨ | PPP ᠲᠦᠷᠦᠯ ᠵᠤᠶᠢᠯ ᠤᠨ ᠭᠦᠮᠦᠷᠭᠡ ᠳᠤ ᠤᠷᠤᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ | ᠠᠬᠢᠭᠤᠯᠤᠨ᠎ᠠ᠃ ᠤᠯᠤᠰ ᠤᠨ ᠠᠵᠤ ᠤᠶᠢᠯᠠᠰ ᠤᠨ ᠲᠦᠷᠦ ᠶᠢᠨ ᠪᠤᠳᠤᠯᠭ᠎ᠠ ᠪᠠ ᠪᠡᠯᠡ ᠤᠷᠤᠭᠤᠯᠤᠯᠳᠠ ᠶᠢᠨ ᠴᠢᠭᠯᠡᠯ | ᠢ ᠨᠠᠷᠢᠨ ᠬᠢᠨᠠᠮᠠᠭᠠᠢ ᠰᠤᠳᠤᠯᠵᠤ᠂ ᠮᠠᠨ ᠤ ᠬᠤᠰᠢᠭᠤᠨ ᠤ ᠪᠠᠨ ᠠᠵᠤ ᠤᠶᠢᠯᠠᠰ ᠤᠨ ᠰᠠᠭᠤᠷᠢ ᠪᠠ ᠬᠠᠷᠢᠴᠠᠩᠭᠤᠢ | ᠲᠠᠪᠠᠭᠤᠯᠢᠭ ᠲᠠᠭᠠᠨ ᠰᠠᠭᠤᠷᠢᠯᠠᠨ᠂ ᠪᠠᠶᠢᠭᠠᠯᠢᠯᠢᠭ ᠮᠠᠯ ᠤᠨ ᠠᠰᠢᠭ ᠰᠢᠮ᠎ᠠ ᠶᠢ ᠡᠳ᠋ᠰᠢᠭᠦᠯᠭᠦ᠂ ᠡᠨᠧᠷᠭᠢ ᠪᠠᠷ | ᠴᠠᠬᠢᠯᠭᠠᠨ ᠭᠠᠷᠭᠠᠬᠤ᠂ ᠰᠤᠶᠤᠯ ᠵᠢᠭᠤᠯᠴᠢᠯᠠᠯ᠂ ᠡᠨᠧᠷᠭᠢ ᠶᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ | ᠮᠤᠩᠭᠤᠯ ᠡᠮ ᠡᠮᠨᠡᠯᠭᠡ᠂ ᠠᠳᠤᠭᠤᠨ ᠤ ᠠᠵᠤ ᠤᠶᠢᠯᠠᠰ᠂ ᠤᠳᠤᠬᠢᠴᠢᠯᠠᠭᠰᠠᠨ ᠪᠤᠳᠠᠰ ᠤᠨ ᠭᠦᠢᠯᠭᠡᠭᠡ ᠵᠡᠷᠭᠡ | ᠲᠠᠪᠠᠭᠤᠯᠢᠭ ᠠᠵᠤ ᠤᠶᠢᠯᠠᠰ ᠢ ᠭᠤᠤᠯᠳᠠᠯᠭ᠎ᠠ ᠲᠠᠢ ᠠᠳᠬᠤᠵᠤ᠂ ᠠᠵᠤ ᠤᠶᠢᠯᠡᠰ ᠢ ᠲᠦᠪᠯᠡᠷᠡᠭᠦᠯᠭᠦ ᠪᠠ ᠠᠵᠤ | ᠤᠶᠢᠯᠠᠰ ᠤᠨ ᠭᠡᠯᠬᠢᠶ᠎ᠠ ᠶᠢ ᠤᠷᠳᠤᠳᠬᠠᠬᠤ᠂ ᠨᠦᠭᠦᠪᠤᠷᠢᠯᠡᠭᠦ᠂ ᠭᠦᠴᠦᠷᠭᠡᠭᠵᠢᠭᠦᠯᠭᠦ ᠲᠦᠷᠦᠯ ᠵᠤᠶᠢᠯ ᠢ ᠢᠳᠡᠪᠬᠢᠳᠠᠢ | ᠤᠷᠢᠨ ᠤᠷᠤᠭᠤᠯᠤᠨ᠎ᠠ᠃ ᠠᠷᠠᠯᠵᠢᠶᠠᠴᠢᠨ ᠤᠷᠢᠬᠤ ᠪᠠᠷ ᠲᠠᠮᠵᠢᠨ᠂ ᠢᠯᠠᠩᠭᠤᠶ᠎ᠠ ᠭᠡᠷ᠎ᠡ ᠲᠤᠭᠳᠠᠵᠤ ᠠᠷᠠᠯᠵᠢᠶᠠᠴᠢᠨ | ᠤᠷᠢᠬᠤ ᠺᠤᠮᠫᠠᠨᠢ ᠶᠢᠨ ᠤᠶᠢᠯᠠᠳᠤᠯ ᠢ ᠭᠦᠢᠴᠡᠳ ᠪᠠᠳᠠᠷᠠᠭᠤᠯᠵᠤ᠂ ᠠᠷᠠᠯᠵᠢᠶᠠᠴᠢᠨ ᠤᠷᠢᠬᠤ ᠤᠨᠤᠪᠴᠢ ᠶᠢᠨ ᠭᠡᠮᠵᠢᠶ᠎ᠠ | ᠂ ᠪᠤᠳᠠᠳᠤ ᠦᠷ᠎ᠠ ᠠᠰᠢᠭ ᠪᠤᠯᠤᠨ ᠦᠷ᠎ᠡ ᠪᠦᠳᠦᠮᠵᠢ ᠶᠢᠨ ᠨᠤᠷᠮ᠎ᠠ ᠶᠢ ᠦᠨᠡᠨᠬᠦ ᠲᠡᠭᠡᠭᠰᠢᠯᠡᠭᠦᠯᠦᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠭᠦᠭᠵᠢᠯᠳᠠ ᠶᠢ ᠠᠬᠢᠭᠤᠯᠤᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ | ᠶᠢ ᠭᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠴᠢᠨᠠᠷᠯᠢᠭ ᠭᠦᠭᠵᠢᠯᠳᠠ ᠶᠢ ᠠᠬᠢᠭᠤᠯᠬᠤ 26 ᠵᠤᠷᠪᠤᠰ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ | ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ᠂ ᠳᠠᠭᠠᠭᠠᠴᠢᠯᠠᠯᠳᠠ ᠵᠠᠷᠯᠠᠬᠤ ᠵᠡᠷᠭᠡ | ᠲᠠᠯ᠎ᠠ ᠳᠤ ᠠᠳᠠᠯᠢ ᠳᠡᠭᠰᠢ ᠤᠯᠭᠤᠮᠵᠢ ᠭᠦᠷᠳᠡᠭᠡᠨ᠂ ᠡᠷᠬᠡ ᠲᠡᠭᠰᠢ ᠦᠷᠢᠰᠦᠯᠳᠦᠭᠡᠨ ᠤ ᠤᠷᠴᠢᠨ ᠨᠦᠬᠦᠴᠡᠯ ᠢ | ᠡᠭᠦᠳᠦᠨ᠎ᠡ᠃ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ | ᠬᠦᠭᠵᠢᠯᠳᠡ ᠶᠢᠨ ᠰᠠᠭᠤᠷᠢ ᠮᠦᠩᠭᠦᠨ ᠤ ᠳᠡᠮᠵᠢᠯᠭᠡ ᠶᠢ ᠢᠳᠡᠪᠬᠢᠳᠡᠢ ᠡᠷᠡᠮᠡᠯᠵᠡᠯᠡᠵᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠠᠰᠠᠭᠤᠳᠠᠯ ᠢ ᠵᠤᠬᠢᠰᠳᠠᠢ ᠰᠢᠢᠳᠪᠤᠷᠢᠯᠡᠨ᠎ᠠ᠃ | ᠵᠠᠰᠠᠭ ᠤᠨ ᠤᠷᠳᠤᠨ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠡᠯᠡ ᠮᠦᠩᠭᠦ ᠦᠷᠢᠳᠦᠵᠦ ᠪᠠᠶᠢᠭ᠎ᠠ | ᠠᠰᠠᠭᠤᠳᠠᠯ ᠢ ᠳᠤᠰᠬᠠᠢ ᠵᠠᠰᠠᠨ ᠴᠡᠭᠴᠡᠯᠡᠨ᠎ᠠ᠃ | ︵ᠲᠦᠷᠪᠡ︶ ᠤᠳᠤᠬᠢᠴᠢᠯᠠᠭᠰᠠᠨ ᠠᠵᠤ ᠤᠶᠢᠯᠠᠰ ᠤᠨ ᠲᠤᠭᠳᠠᠴᠠ ᠶᠢ ᠲᠦᠷᠭᠡᠳᠭᠡᠨ ᠪᠠᠶᠢᠭᠤᠯᠤᠨ᠎ᠠ᠃ | ᠤᠳᠤᠬᠢᠴᠢᠯᠠᠭᠰᠠᠨ ᠮᠠᠯ ᠠᠵᠤ ᠠᠬᠤᠢ ᠶᠢ ᠲᠦᠷᠭᠡᠳᠭᠡᠨ ᠭᠦᠭᠵᠢᠭᠦᠯᠦᠨ᠎ᠠ᠃ ᠴᠢᠨᠠᠷ ᠴᠢᠨᠰᠠᠭ᠎ᠠ ᠪᠠ ᠦᠷ᠎ᠡ | ᠠᠰᠢᠭ ᠢ ᠡᠩ ᠳᠡᠷᠢᠬᠦᠨ ᠳᠤ ᠲᠠᠯᠪᠢᠬᠤ ᠶᠢ ᠪᠠᠷᠢᠮᠳᠠᠯᠠᠨ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ | ᠠᠵᠦ ᠦᠢᠯᠡᠰ᠂ ᠦᠢᠯᠡᠳᠪᠦᠷᠢᠯᠡᠯ ᠪᠠ ᠡᠵᠡᠩᠨᠡᠯᠳᠡ ᠶᠢᠨ ᠭᠤᠷᠪᠠᠨ ᠰᠢᠰᠲ᠋ᠧᠮ ᠢ ᠳᠦᠷᠭᠡᠨ ᠪᠠᠶᠢᠭᠤᠯᠵᠦ᠂ | ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢ ᠳᠠᠰᠤᠷᠠᠯᠳᠠ ᠦᠭᠡᠢ ᠠᠬᠢᠭᠤᠯᠤᠨ᠎ᠠ᠃ ᠰᠢᠯᠢᠳᠡᠭ | ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠢ ᠦᠷᠭᠡᠳᠭᠡᠨ᠎ᠠ᠃ ᠦᠷᠡᠵᠢᠯ ᠴᠠᠭᠠᠨ ᠦᠭᠡᠷ ᠤᠨ ᠤᠤᠯ | ᠡᠭᠦᠯᠳᠡᠷ ᠢ ᠬᠠᠮᠠᠭᠠᠯᠠᠬᠤ ᠲᠠᠯᠠᠪᠠᠢ ᠪᠤᠯᠤᠨ ᠠᠶᠢᠮᠠᠭ ᠤᠨ ᠲᠡᠰ ᠤᠨ ᠮᠢᠬᠠᠨ ᠤ ᠦᠭᠡᠷ ᠤᠨ ᠭᠤᠤᠯᠳᠠᠯᠭᠠᠳᠤ ᠰᠦᠷᠦᠭ | ᠤᠨ ᠤᠶᠢᠯᠠᠳᠤᠯ ᠢ ᠭᠦᠢᠴᠡᠳ ᠪᠠᠳᠠᠷᠠᠭᠤᠯᠵᠤ᠂ ᠮᠠᠯᠵᠢᠬᠤ ᠡᠷᠦᠭᠡ ᠳᠤ ᠰᠢᠯᠢᠳᠡᠭ ᠡᠭᠦᠯᠳᠡᠷ ᠤᠨ ᠦᠭᠡᠷ ᠬᠠᠩᠭᠠᠨ᠎ᠠ᠃ | ︽ᠪᠠᠷᠠᠭᠤᠨ ᠦᠵᠦᠮᠦᠴᠢᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠤᠨ | ᠭᠦᠭᠵᠢᠯᠳᠠ ᠶᠢ ᠲᠡᠮᠵᠢᠭᠦ ᠠᠷᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠢᠳᠡᠭ ᠡᠭᠦᠯᠳᠡᠷ ᠤᠨ ᠮᠢᠬᠠᠨ | ᠤ ᠦᠭᠡᠷ 8000 ᠲᠤᠯᠤᠭᠠᠢ ᠤᠷᠤᠭᠤᠯᠬᠤ ᠪᠠᠷ ᠲᠦᠯᠦᠪᠯᠡᠨ᠂ ᠵᠢᠯ ᠤᠨ ᠡᠭᠦᠯᠳᠡᠷ ᠰᠠᠶᠢᠵᠢᠷᠠᠭᠤᠯᠬᠤ ᠡᠭᠦᠷᠬᠡ ᠪᠠᠨ | ᠪᠡᠶᠡᠯᠡᠭᠦᠯᠦᠨ᠎ᠠ᠃ ᠤᠳᠤᠬᠢᠴᠢᠯᠠᠭᠰᠠᠨ ᠮᠢᠬᠠᠨ ᠤ ᠬᠤᠨᠢᠨ ᠤ ᠠᠵᠤ ᠤᠶᠢᠯᠠᠰ ᠢ ᠭᠦᠴᠦᠷᠭᠡᠭᠵᠢᠭᠦᠯᠦᠨ᠎ᠠ᠃ 17 | ᠬᠤᠴᠠ ᠪᠤᠶᠢᠵᠢᠭᠤᠯᠬᠤ ᠴᠡᠭ ᠪᠠ 200 ᠬᠤᠴᠠᠨ ᠤ ᠲᠤᠰᠬᠠᠢ ᠡᠷᠦᠭᠡ ᠶᠢᠨ ᠤᠶᠢᠯᠠᠳᠤᠯ ᠢ ᠪᠠᠳᠠᠷᠠᠭᠤᠯᠵᠤ᠂ | ᠤᠯᠤᠰ᠂ ᠦᠪᠡᠷᠳᠡᠭᠡᠨ ᠵᠠᠰᠠᠬᠤ ᠤᠷᠤᠨ ᠤ ᠦᠷ᠎ᠡ ᠶᠢᠨ ᠮᠠᠯ ᠤᠨ ᠨᠦᠭᠦᠪᠤᠷᠢ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠮᠠᠯᠵᠢᠬᠤ ᠡᠷᠦᠭᠡ ᠳᠤ ᠰᠢᠯᠢᠳᠡᠭ ᠡᠭᠦᠯᠳᠡᠷ ᠤᠨ ᠬᠤᠴᠠ ᠬᠠᠩᠭᠠᠨ᠎ᠠ᠃ ᠬᠢᠨᠠᠨ | ᠲᠤᠭᠳᠠᠭᠠᠯᠳᠠ ᠪᠠᠷ ᠲᠠᠮᠵᠢᠨ᠂ 5000 ᠲᠤᠯᠤᠭᠠᠢ ᠬᠤᠷᠠᠭᠠᠨ ᠬᠤᠴᠠ᠂ 5 ᠲᠦᠮᠡᠨ ᠲᠤᠯᠤᠭᠠᠢ ᠦᠬᠢᠨ ᠬᠤᠷᠠᠭ᠎ᠠ | ᠶᠢ ᠰᠤᠩᠭᠤᠨ ᠦᠯᠡᠳᠡᠭᠡᠨ᠎ᠠ᠃ ᠮᠢᠬᠠᠨ ᠤ ᠬᠤᠨᠢᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠠᠭᠠᠳᠬᠠᠯ ᠤᠨ | ᠰᠤᠶᠢᠳᠭᠡᠯ ᠢ ᠨᠦᠭᠦᠪᠤᠷᠢᠯᠡᠭᠦ ᠲᠤᠷᠰᠢᠯᠳᠠ ᠶᠢᠨ ᠴᠡᠭ ᠤᠨ ᠠᠵᠢᠯ ᠢ ᠨᠠᠷᠢᠨ ᠬᠢᠨᠠᠮᠠᠭᠠᠢ ᠦᠷᠨᠢᠭᠦᠯᠦᠨ᠎ᠠ᠃ ᠠᠵᠤ | ᠠᠬᠤᠶᠢᠯᠠᠯ ᠵᠢᠴᠢ ᠨᠡᠶᠢᠭᠡᠮᠯᠢᠭ ︵ᠬᠤᠷᠰᠢᠶᠠᠵᠢᠯ︶ ᠢᠶᠠᠷ ᠭᠦᠳᠦᠯᠦᠨ ᠲᠠᠭᠠᠭᠤᠯᠬᠤ ᠠᠷᠭ᠎ᠠ ᠠᠪᠴᠠᠯ ᠢ ᠲᠤᠭᠳᠠᠭᠠᠬᠤ | ᠪᠠᠷ ᠲᠠᠮᠵᠢᠨ᠂ ᠮᠦᠷᠳᠡᠨ ᠬᠠᠶᠢᠬᠤ ᠡᠭᠡᠮᠦᠭ ᠵᠡᠭᠦᠯᠭᠡᠭᠰᠡᠨ ᠬᠤᠷᠠᠭ᠎ᠠ ᠶᠢ ᠡᠳ᠋ᠰᠢᠭᠦᠯᠭᠦ ᠠᠵᠢᠯ ᠢ ᠦᠷᠭᠦᠯᠵᠢᠯᠡᠨ | ᠴᠢᠩᠭ᠎ᠠ ᠠᠳᠬᠤᠨ᠎ᠠ᠃ ᠦᠵᠦᠮᠦᠴᠢᠨ ᠴᠠᠭᠠᠨ ᠠᠳᠤᠭᠤᠨ ᠤ ᠠᠵᠤ ᠤᠶᠢᠯᠠᠰ ᠢ ᠠᠬᠢᠭᠤᠯᠤᠨ᠎ᠠ᠃ ᠦᠵᠦᠮᠦᠴᠢᠨ | ᠴᠠᠭᠠᠨ ᠠᠳᠤᠭᠤᠨ ᠤ ᠰᠤᠶᠤᠯ ᠤᠨ ᠠᠵᠤ ᠤᠶᠢᠯᠠᠰ ᠤᠨ ᠲᠤᠭᠤᠷᠢᠭ ᠪᠤᠯᠤᠨ ᠴᠠᠭᠠᠨ ᠠᠳᠤᠭᠤ ᠪᠤᠶᠢᠵᠢᠭᠤᠯᠬᠤ | ᠰᠠᠭᠤᠷᠢᠨ ᠭᠠᠵᠠᠷ ᠢ ᠴᠤᠭᠴᠠᠯᠠᠵᠤ᠂ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠤᠯᠠᠨ ᠤᠯᠤᠰ ᠤᠨ | ᠠᠳᠤᠭᠤᠨ ᠤ ᠦᠵᠡᠭᠦᠯᠦᠯᠭᠡ ᠶᠢᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠭᠦ ᠪᠠᠷ | ᠡᠷᠡᠮᠡᠯᠵᠡᠯᠡᠨᠠ᠃ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠵᠢᠯᠴᠠᠨ᠂ ᠦᠵᠦᠮᠦᠴᠢᠨ | ᠴᠠᠭᠠᠨ ᠠᠳᠤᠭᠤᠨ ᠤ ᠰᠢᠨ᠎ᠠ ᠢᠵᠢᠯᠢᠰᠡᠭ ᠰᠦᠷᠦᠭ ᠤᠨ ᠨᠡᠷᠡᠶᠢᠳᠤᠯ᠂ ᠰᠢᠨ᠎ᠠ ᠡᠭᠦᠯᠳᠡᠷ ᠢ ᠰᠤᠩᠭᠤᠨ | ᠪᠤᠶᠢᠵᠢᠭᠤᠯᠬᠤ ᠠᠵᠢᠯ ᠢ ᠪᠡᠶᠡᠯᠡᠭᠦᠯᠦᠨ᠎ᠠ᠃ ᠮᠠᠯ ᠠᠵᠤ ᠠᠬᠤᠢ ᠶᠢᠨ ᠭᠡᠪᠴᠢᠶᠡᠵᠢᠭᠰᠡᠨ᠂ ᠡᠷᠴᠢᠮᠵᠢᠭᠰᠡᠨ ᠭᠦᠭᠵᠢᠯᠳᠠ | ᠶᠢ ᠭᠦᠳᠦᠯᠦᠨ ᠲᠠᠭᠠᠭᠤᠯᠵᠤ᠂ ᠦᠨᠳᠤᠷ ᠪᠠᠷᠢᠮᠵᠢᠶᠠᠳᠤ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ | 100 ᠶᠢ ᠰᠢᠨ᠎ᠠ ᠪᠠᠷ ᠨᠡᠮᠡᠭᠳᠡᠭᠦᠯᠦᠨ᠂ ᠬᠡᠪᠴᠢᠶᠡᠵᠢᠨ ᠲᠦᠷᠢᠮᠵᠢᠭᠰᠡᠨ ᠬᠤᠷᠰᠢᠶᠠᠵᠢᠯ ᠢ 50 ᠳᠤ ᠭᠦᠷᠭᠡᠨ᠎ᠠ᠃ ᠮᠠᠯ | ᠤᠨ ᠠᠰᠢᠭ ᠰᠢᠮ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠪᠠᠷᠢᠮᠵᠢᠶᠠᠵᠢᠭᠰᠠᠨ᠂ ᠨᠠᠷᠢᠯᠢᠭᠵᠢᠭᠰᠠᠨ ᠬᠢᠷᠢ ᠲᠦᠪᠰᠢᠨ ᠢ | ᠲᠡᠭᠡᠭᠰᠢᠯᠡᠭᠦᠯᠦᠨ᠂ ᠡᠷᠳᠡᠨᠢ ᠮᠢᠬᠠᠨ ᠤ ᠤᠶᠢᠯᠠᠰ ᠵᠡᠷᠭᠡ ᠤᠯᠠᠭᠠᠨ ᠢᠳᠡᠭᠡᠨ ᠡᠳ᠋ᠰᠢᠭᠦᠯᠭᠦ ᠠᠵᠤ ᠠᠬᠤᠶᠢᠯᠠᠯ ᠢ | ᠦᠭᠡᠷᠡᠴᠢᠯᠠᠨ ᠦᠷᠭᠡᠳᠭᠡᠨ ᠪᠠᠶᠢᠭᠤᠯᠬᠤ ᠵᠢᠴᠢ ᠰᠢᠨ᠎ᠠ ᠪᠠᠷ ᠪᠠᠶᠢᠭᠤᠯᠬᠤ ᠲᠦᠷᠦᠯ ᠵᠤᠶᠢᠯ ᠢ ᠪᠡᠶᠡᠯᠡᠭᠦᠯᠵᠤ᠂ ᠵᠢᠯ ᠤᠨ | ᠡᠳ᠋ᠰᠢᠭᠦᠯᠭᠦ ᠴᠢᠳᠠᠪᠤᠷᠢ ᠶᠢ 80 ᠲᠦᠮᠡᠨ ᠲᠤᠯᠤᠭᠠᠢ ᠬᠤᠨᠢ ᠪᠠ 5 ᠲᠦᠮᠡᠨ ᠲᠤᠯᠤᠭᠠᠢ ᠦᠭᠡᠷ ᠲᠤ ᠭᠦᠷᠭᠡᠨ᠎ᠠ᠃ | ᠮᠠᠯᠴᠢᠳ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠲᠡᠭᠦᠯᠳᠡᠷᠵᠢᠭᠦᠯᠵᠤ᠂ | ︽ᠲᠤᠯᠤᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠭᠡ︾ ᠵᠠᠬᠪᠤᠷ ᠢᠶᠠᠷ ᠵᠠᠬᠢᠶᠠᠯᠠᠭ᠎ᠠ ᠶᠢᠨ | ᠭᠡᠯᠪᠡᠷᠢ ᠶᠢ ᠭᠦᠭᠵᠢᠭᠦᠯᠭᠦ᠂ ᠠᠵᠢᠯ ᠤᠯᠭᠤᠯᠳᠠ ᠶᠢ ᠲᠠᠶᠢᠴᠢᠯᠠᠬᠤ ᠵᠡᠷᠭᠡ ᠠᠷᠭ᠎ᠠ ᠠᠪᠴᠠᠯ ᠢᠶᠠᠷ ᠲᠠᠮᠵᠢᠨ᠂ ᠮᠠᠯᠴᠢᠳ | ᠤᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠦᠨ᠎ᠠ᠃ ᠪᠦᠭᠦ ᠬᠤᠰᠢᠭᠤᠨ ᠤ 93 ᠭᠠᠴᠠᠭᠠᠨ ᠤ ᠬᠠᠮᠳᠤ ᠶᠢᠨ | ᠦᠮᠴᠢᠯᠠᠯ ᠤᠨ ᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠪᠡᠶᠡᠯᠡᠭᠦᠯᠦᠨ᠎ᠠ᠃ ᠠᠮᠢᠳᠠᠨ ᠤ ᠬᠢᠵᠢᠭ ᠭᠡᠮ ᠢ | ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠨ᠂ ᠨᠡᠶᠢᠭᠡᠮᠴᠢᠯᠡᠭᠰᠡᠨ ᠤᠶᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠤ᠂ ᠤᠷᠤᠨ ᠪᠦᠰᠠ ᠶᠢᠨ ᠴᠢᠨᠠᠷᠳᠠᠢ ᠭᠦᠨᠳᠤ ᠶᠡᠭᠡ ᠠᠮᠢᠳᠠᠨ ᠤ ᠬᠢᠵᠢᠭ ᠡᠭᠦᠰᠭᠦ ᠶᠢ ᠬᠤᠷᠢᠭᠯᠠᠨ᠎ᠠ᠃ | ᠤᠳᠤᠬᠢᠴᠢᠯᠠᠭᠰᠠᠨ ᠠᠵᠦ ᠦᠢᠯᠡᠳᠪᠦᠷᠢ ᠶᠢᠨ ᠠᠵᠤ ᠠᠬᠤᠢ ᠶᠢ ᠭᠦᠴᠦᠯᠠᠨ ᠭᠦᠭᠵᠢᠭᠦᠯᠦᠨ᠎ᠠ᠃ ᠲᠦᠷᠦ ᠶᠢᠨ | ᠪᠤᠳᠤᠯᠭ᠎ᠠ ᠶᠢᠨ ᠠᠵᠠ ᠲᠤᠬᠢᠶᠠᠯ ᠢ ᠦᠷᠭᠦᠯᠵᠢᠯᠡᠨ ᠠᠳᠬᠤᠵᠤ᠂ ᠵᠢᠷ ᠤᠨ ᠭᠤᠤᠯ ᠬᠤᠶᠠᠳᠤᠭᠠᠷ ᠨᠡᠭᠦᠷᠡᠰᠦᠨ | ᠠᠭᠤᠷᠬᠠᠢ᠂ ᠦ᠋ ᠵᠢᠶᠠᠨ ᠹᠠᠩ ᠠᠭᠤᠷᠬᠠᠢ ᠶᠢᠨ ᠤᠷᠤᠨ ᠤ ᠪᠠᠷᠠᠭᠤᠨ ᠨᠢᠭᠡᠳᠦᠭᠡᠷ ᠠᠭᠤᠷᠬᠠᠢ ᠵᠡᠷᠭᠡ ᠨᠡᠭᠦᠷᠡᠰᠦᠨ | ᠠᠭᠤᠷᠬᠠᠢ ᠶᠢᠨ ᠭᠠᠷ ᠭᠦᠢᠴᠡᠳᠭᠡᠯ ᠢ ᠲᠦᠷᠭᠡᠨ ᠪᠦᠷᠢᠨᠰᠢᠭᠦᠯᠦᠨ᠎ᠠ᠃ ᠦᠨᠳᠤᠷ ᠲᠠᠷᠤᠯᠳᠠᠳᠤ ᠢᠵᠢ ᠪᠦᠷᠢᠳᠦᠭᠰᠡᠨ | ᠴᠠᠬᠢᠯᠭᠠᠨ ᠡᠭᠦᠰᠭᠡᠭᠴᠢ ᠶᠢᠨ ᠪᠠᠶᠢᠭᠤᠯᠤᠯᠳᠠ ᠶᠢ ᠠᠬᠢᠭᠤᠯᠵᠤ᠂ ᠵᠢᠯ ᠤᠨ ᠲᠤᠳᠤᠷ᠎ᠠ ᠵᠢᠩ ᠨᠧᠩ᠂ ᠬᠤᠸᠠ ᠷᠦᠨ | ᠵᠡᠷᠭᠡ 2 ᠴᠠᠬᠢᠯᠭᠠᠨ ᠤᠶᠢᠯᠠᠳᠪᠤᠷᠢ ᠶᠢ ᠪᠦᠭᠦᠨ ᠢ ᠲᠤᠤᠷ ᠨᠢᠭᠡᠳᠦᠭᠦᠯᠦᠨ ᠴᠠᠬᠢᠯᠭᠠᠨ ᠭᠠᠷᠭᠠᠬᠤ ᠵᠢᠴᠢ ᠭᠡᠪᠴᠢᠶᠠᠵᠢᠯ | ᠠᠴᠠ ᠲᠡᠭᠡᠭᠰᠢᠬᠢ ᠠᠵᠤ ᠠᠬᠤᠶᠢᠯᠠᠯ ᠳᠤ ᠮᠡᠳᠡᠭᠦᠯᠭᠦ ᠪᠠᠷ ᠴᠢᠷᠮᠠᠶᠢᠵᠤ᠂ ᠪᠠᠶᠠᠨᠬᠤᠸᠠ ᠤᠯᠤᠰ ᠤᠨ ᠴᠠᠬᠢᠯᠭᠠᠨ | ᠭᠦᠴᠦᠨ ᠤ ᠪᠡᠯᠡ ᠤᠷᠤᠭᠤᠯᠤᠯᠳᠠ ᠶᠢᠨ ᠨᠠᠷᠢᠯᠢᠭᠵᠢᠭᠤᠯᠤᠭᠰᠠᠨ ᠭᠦᠩᠭᠡᠨᠴᠠᠭᠠᠨ ᠤ ᠬᠠᠪᠳᠠᠰᠤ ᠶᠢᠨ ᠦᠪᠡᠷ ᠢ ᠪᠠᠨ | ᠬᠠᠩᠭᠠᠬᠤ ᠴᠠᠬᠢᠯᠭᠠᠨ ᠤᠶᠢᠯᠠᠳᠪᠤᠷᠢ ᠶᠢᠨ ᠲᠦᠭᠦᠭᠡᠷᠦᠮᠵᠢ ᠤᠬᠰᠠᠷᠠᠬᠤ ᠪᠠ ᠪᠠᠷᠢᠯᠭ᠎ᠠ ᠶᠢᠨ ᠠᠵᠢᠯ ᠤᠨ ᠰᠡᠭᠦᠯ | ᠰᠢᠪᠳᠤᠷᠠᠬᠤ ᠶᠢ ᠪᠡᠶᠡᠯᠡᠭᠦᠯᠦᠨ᠎ᠠ᠃ ᠵᠤᠬᠢᠴᠠᠭᠤᠯᠭ᠎ᠠ ᠶᠢᠨ ᠠᠵᠢᠯ ᠤᠨ ᠭᠦᠴᠦᠯᠡᠴᠠ ᠪᠠᠨ ᠲᠠᠰᠤᠷᠠᠯᠳᠠ ᠦᠭᠡᠢ | ᠴᠢᠩᠭᠠᠳᠬᠠᠵᠤ᠂ ᠠᠰᠢᠭᠯᠠᠯᠳᠠ ᠳᠤ ᠤᠷᠤᠭᠰᠠᠨ ᠴᠠᠬᠢᠯᠭᠠᠨ ᠭᠠᠷᠭᠠᠬᠤ ᠠᠵᠤ ᠠᠬᠤᠶᠢᠯᠠᠯ ᠳᠤ ᠵᠦᠢ ᠵᠣᠬᠢᠰᠳᠠᠢ | ᠴᠠᠬᠢᠯᠭᠠᠨ ᠤ ᠦᠨ᠎ᠠ ᠪᠤᠯᠤᠨ ᠨᠡᠩ ᠤᠯᠠᠨ ᠭᠠᠳᠠᠭᠰᠢ ᠲᠡᠮᠵᠢᠭᠤᠯᠬᠤ ᠴᠠᠬᠢᠯᠭᠠᠨ ᠤ ᠬᠡᠮᠵᠢᠶ᠎ᠡ ᠶᠢ ᠨᠡᠮᠡᠭᠳᠡᠭᠦᠯᠦᠨ᠎ᠡ᠃ | ᠨᠡᠭᠦᠷᠡᠰᠦᠨ ᠤ ᠦᠨᠡᠰᠦ ᠵᠡᠷᠭᠡ ᠠᠵᠤ ᠤᠶᠢᠯᠠᠳᠪᠤᠷᠢ ᠶᠢᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠶᠡᠷᠦᠩᠭᠡᠶᠢᠯᠡᠨ | ᠠᠰᠢᠭᠯᠠᠬᠤ ᠠᠵᠤ ᠤᠶᠢᠯᠠᠰ ᠢ ᠢᠳᠡᠪᠬᠢᠳᠠᠢ ᠪᠤᠶᠢᠵᠢᠭᠤᠯᠵᠤ᠂ ᠨᠡᠭᠦᠷᠡᠰᠦᠨ ᠤ ᠦᠨᠡᠰᠦ ᠶᠢ ᠶᠡᠷᠦᠩᠭᠡᠶᠢᠯᠡᠨ | ᠠᠰᠢᠭᠯᠠᠬᠤ᠂ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠰᠢᠭᠠᠷᠤ ᠶᠢᠨ ᠲᠠᠯᠠᠪᠠᠢ ᠵᠡᠷᠭᠡ ᠲᠦᠷᠦᠯ | ᠵᠤᠶᠢᠯ ᠤᠨ ᠪᠠᠶᠢᠭᠤᠯᠤᠯᠳᠠ ᠶᠢ ᠲᠦᠷᠭᠡᠳᠭᠡᠨ᠎ᠠ᠃ ᠡᠨᠧᠷᠭᠢ᠂ ᠡᠬᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠦᠩᠭᠡᠳᠦ ᠲᠡᠮᠦᠷᠯᠢᠭ ᠢ ᠰᠤᠩᠭᠤᠨ ᠬᠠᠶᠢᠯᠤᠭᠤᠯᠬᠤ ᠠᠵᠤ ᠤᠶᠢᠯᠠᠰ ᠢ ᠪᠦᠭᠦ ᠭᠦᠴᠦᠨ ᠢᠶᠠᠷ ᠢᠶᠠᠨ | ᠭᠦᠭᠵᠢᠭᠦᠯᠦᠨ᠎ᠠ᠃ ᠪᠠᠶᠠᠨᠬᠤᠸᠠ ᠤᠯᠤᠰ ᠤᠨ ᠴᠠᠬᠢᠯᠭᠠᠨ ᠭᠦᠴᠦᠨ ᠤ ᠪᠡᠯᠡ ᠤᠷᠤᠭᠤᠯᠤᠯᠳᠠ ᠶᠢᠨ | ᠨᠠᠷᠢᠯᠢᠭᠵᠢᠭᠤᠯᠤᠭᠰᠠᠨ ᠭᠦᠩᠭᠡᠨᠴᠠᠭᠠᠨ ᠤ ᠬᠠᠪᠳᠠᠰᠤ ᠶᠢᠨ ᠲᠦᠷᠦᠯ ᠵᠤᠶᠢᠯ ᠤᠨ ᠤᠶᠢᠯᠠᠳᠪᠤᠷᠢᠯᠡᠯ ᠤᠨ ᠴᠢᠳᠠᠪᠤᠷᠢ | ᠶᠢᠨ ᠭᠦᠢᠴᠡᠳᠭᠡᠯ ᠲᠤᠭ᠎ᠠ ᠶᠢ ᠰᠤᠯᠢᠬᠤ ᠪᠠ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠠᠬᠢᠭᠤᠯᠵᠤ᠂ ᠢᠦᠢ | ᠯᠦᠩ ᠠᠭᠤᠷᠬᠠᠢ ᠶᠢᠨ ᠡᠳᠦᠷ ᠲᠤ 1400 ᠲᠤᠨ ᠭᠦᠳᠡᠷ ᠰᠤᠩᠭᠤᠨ ᠪᠤᠯᠪᠠᠰᠤᠷᠠᠭᠤᠯᠬᠤ ᠮᠡᠷᠭᠡᠵᠢᠯ ᠢ | ᠦᠭᠡᠷᠡᠴᠢᠯᠡᠭᠦ ᠲᠦᠷᠦᠯ ᠵᠤᠶᠢᠯ ᠤᠨ ᠪᠡᠯᠡᠳᠬᠡᠯ ᠬᠤᠭᠤᠴᠠᠭᠠᠨ ᠤ ᠠᠵᠢᠯ ᠢ ᠠᠬᠢᠭᠤᠯᠤᠨ᠎ᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠤᠭᠳᠠᠭᠤᠨ ᠢᠶᠠᠷ ᠭᠦᠭᠵᠢᠭᠦᠯᠦᠨ᠎ᠠ᠃ ᠵᠦᠭᠡᠭᠡᠪᠦᠷᠢ ᠶᠢᠨ | ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠨᠡᠭᠦᠷᠡᠰᠦ ᠵᠡᠷᠭᠡ ᠶᠡᠭᠡ ᠬᠡᠮᠵᠢᠶᠡᠨ ᠤ ᠪᠤᠳᠠᠰ ᠢ ᠵᠦᠭᠡᠭᠡᠪᠤᠷᠢᠯᠡᠨ | ᠳᠠᠮᠵᠢᠭᠤᠯᠬᠤ ᠶᠢ ︽ᠵᠠᠰᠠᠮᠠᠯ ᠵᠠᠮ ᠠᠴᠠ ᠳᠡᠮᠦᠷ ᠵᠠᠮ ᠢᠶᠠᠷ ᠵᠦᠭᠡᠭᠡᠪᠦᠷᠢᠯᠡᠬᠦ ᠲᠡᠰᠢ ᠬᠤᠪᠢᠷᠠᠭᠤᠯᠬᠤ︾ ᠶᠢ | ᠠᠬᠢᠭᠤᠯᠤᠨ᠎ᠠ᠃ ᠪᠠᠶᠠᠨᠬᠤᠸᠠ ᠵᠡᠬᠦᠨ ᠦᠷᠳᠡᠭᠡ ᠠᠴᠠ ᠰᠠᠶᠢᠠᠠᠦ᠋ᠨᠳᠦᠷ ᠬᠦᠷᠬᠦ ᠲᠡᠮᠦᠷ ᠵᠠᠮ᠂ ᠬᠤᠸᠠ ᠷᠦᠨ | ᠪᠥᠯᠦᠭᠯᠡᠯ ᠤᠨ ᠡᠤ ᠵᠢᠶᠠᠨ ᠹᠠᠩ ᠳᠠᠬᠢ ᠴᠠᠬᠢᠯᠭᠠᠨ ᠤᠶᠢᠯᠠᠳᠪᠤᠷᠢ ᠶᠢᠨ ᠲᠡᠮᠦᠷ ᠵᠠᠮ ᠤᠨ ᠲᠣᠰᠬᠠᠢ ᠱᠣᠭᠤᠮ ᠢ ᠠᠵᠢᠯ | ᠳᠠᠭᠤᠰᠬᠠᠵᠦ ᠲᠡᠷᠭᠡ ᠨᠡᠪᠳᠡᠷᠡᠭᠦᠯᠦᠨ᠂ ᠪᠠᠶᠠᠨᠬᠤᠸᠠ ᠨᠠᠷᠢᠯᠢᠭᠵᠢᠭᠤᠯᠣᠭᠰᠠᠨ ᠬᠦᠩᠭᠡᠨᠴᠠᠭᠠᠨ ᠬᠠᠪᠳᠠᠰᠤ ᠶᠢᠨ | ᠤᠶᠢᠯᠠᠳᠪᠤᠷᠢ ᠶᠢᠨ ᠲᠡᠮᠦᠷ ᠵᠠᠮ ᠤᠨ ᠲᠣᠰᠬᠠᠢ ᠱᠣᠭᠤᠮ᠂ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠤᠨ | ᠠᠭᠤᠷᠬᠠᠢ ᠶᠢᠨ ᠲᠡᠮᠦᠷ ᠵᠠᠮ ᠤᠨ ᠲᠣᠰᠬᠠᠢ ᠱᠣᠭᠤᠮ ᠢ ᠠᠵᠢᠯ ᠡᠬᠢᠯᠡᠬᠦᠯᠦᠨ ᠪᠠᠶᠢᠭᠤᠯᠤᠨ᠎ᠠ᠃ ᠪᠦᠬᠦ ᠤᠷᠤᠨ | ᠪᠦᠰᠡ ᠶᠢᠨ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ ᠤᠨ | ᠪᠠᠶᠢᠯᠳᠤᠬᠤ ᠪᠤᠳᠤᠯᠭ᠎ᠠ ᠶᠢ ᠭᠦᠴᠦᠯᠠᠨ ᠠᠬᠢᠭᠤᠯᠵᠦ᠂ ᠰᠤᠶᠤᠯ ᠲᠠᠮᠢᠷ ᠪᠠ ᠵᠢᠭᠤᠯᠴᠢᠯᠠᠯ ᠤᠨ ᠠᠭᠤᠰᠤᠯᠴᠠᠨ | ᠭᠦᠭᠵᠢᠭᠦ ᠶᠢ ᠠᠬᠢᠭᠤᠯᠤᠨ᠎ᠠ᠃ ︽ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ | ᠱᠤᠭᠤᠮ︾ ᠳᠤ ᠭᠦᠨᠵᠡᠭᠡᠢ ᠤᠶᠠᠯᠳᠤᠨ᠂ ︽99 ᠺᠢᠯᠤᠮᠧᠲᠷ︾ ᠤᠨ ᠲᠠᠯ᠎ᠠ ᠨᠤᠲᠤᠭ ᠤᠨ ᠨᠡᠭᠦᠳᠡᠯ ᠰᠤᠶᠤᠯ ᠤᠨ | ᠦᠵᠡᠮᠵᠢ ᠶᠢᠨ ᠪᠦᠰᠡ ᠶᠢᠨ ᠪᠠᠶᠢᠭᠤᠯᠤᠯᠳᠠ ᠶᠢ ᠠᠬᠢᠭᠤᠯᠵᠤ᠂ ᠪᠠᠯᠭᠠᠷᠭᠤᠤᠯ ᠪᠠᠯᠭᠠᠰᠤᠨ ᠠᠴᠠ ᠤᠯᠠᠭᠠᠢ᠂ ᠱᠠᠤᠳᠤ | ᠠᠴᠠ ᠮᠤᠩᠭᠤᠯ ᠬᠠᠨ ᠬᠤᠳᠠ ᠭᠦᠷᠭᠦ 2 ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠬᠤ ᠪᠠᠷ ᠴᠢᠷᠮᠠᠶᠢᠨ᠎ᠠ᠃ | ᠠᠷᠪᠠᠨ ᠵᠢᠷᠭᠤᠳᠤᠭᠠᠷ ᠬᠤᠭᠤᠴᠠᠭᠠᠨ ᠤ ᠮᠦᠩᠭᠦᠨ ᠡᠪᠦᠯ ᠤᠨ ᠨᠠᠭᠠᠳᠤᠮ ᠪᠠ ᠪᠠᠭ᠋ᠠᠷᠤᠮ᠎ᠠ ᠰᠠᠶᠢᠬᠠᠨ ᠪᠠᠷᠠᠭᠤᠨ | ᠦᠵᠦᠮᠦᠴᠢᠨ — ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠤᠨ ᠨᠠᠶᠢᠷ ᠵᠢᠴᠢ ᠵᠢᠷᠭᠤᠳᠤᠭᠠᠷ ᠬᠤᠭᠤᠴᠠᠭᠠᠨ ᠤ | ︽ᠳᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠰᠤᠶᠤᠯ ᠤᠨ ᠨᠠᠶᠢᠷ ᠵᠡᠷᠭᠡ ᠬᠤᠶᠠᠷ ᠭᠤᠣᠯ | ᠰᠡᠳᠦᠪᠳᠤ ᠠᠵᠢᠯᠯᠠᠭ᠎ᠠ ᠶᠢ ᠰᠠᠶᠢᠳᠤᠷ ᠡᠷᠬᠢᠯᠡᠨ ᠶᠠᠪᠤᠭᠳᠠᠭᠤᠯᠵᠤ᠂ ᠪᠦᠭᠦ ᠵᠢᠯ ᠳᠤ ᠵᠢᠭᠤᠯᠴᠢᠯᠠᠭᠰᠠᠳ ᠢ 100 | ᠲᠦᠮᠡᠨ ᠭᠦᠮᠦᠨ ᠤᠳᠠᠭ᠎ᠠ ᠬᠦᠯᠢᠶᠡᠨ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ ᠶᠢ 6 ᠳ᠋ᠦᠩᠰᠢᠭᠤᠷ ᠳᠦᠭᠦᠷᠢᠭ ᠢ | ᠳᠠᠪᠠᠭᠤᠯᠬᠤ ᠪᠠᠷ ᠴᠢᠷᠮᠠᠶᠢᠨ᠎ᠠ᠃ | ︵ᠲᠠᠪᠤ︶ ᠠᠮᠢ ᠠᠬᠤᠢ ᠶᠢᠨ ᠬᠠᠮᠠᠭᠠᠯᠠᠯᠳᠠ ᠪᠠ ᠪᠠᠶᠢᠭᠤᠯᠤᠯᠳᠠ ᠶᠢ ᠴᠢᠩᠭᠠᠳᠬᠠᠨ᠎ᠠ᠃ | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ | ᠵᠡᠪᠰᠡᠭᠯᠡᠭᠦ ᠶᠢ ᠭᠤᠶᠢᠪᠢᠰᠢ ᠦᠭᠡᠢ ᠪᠠᠷᠢᠮᠳᠠᠯᠠᠨ᠂ ᠰᠢ ᠶᠢᠨ ᠫᠢᠩ ᠶᠡᠷᠦᠩᠭᠡᠢ ᠱᠦᠵᠢ ᠶᠢᠨ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ︽ᠲᠦᠷᠪᠡᠨ ᠨᠢᠭᠡ︾ ᠴᠢᠬᠤᠯᠠ ᠦᠭᠦᠯᠡᠯ ᠢ ᠨᠠᠷᠢᠨ ᠬᠢᠨᠠᠮᠠᠭᠠᠢ ᠲᠤᠤᠱᠯᠠᠭᠤᠯᠵᠤ | ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠭᠳᠠᠴᠠ ᠶᠢ | ᠴᠢᠩᠭᠠᠳᠬᠠᠬᠤ ᠶᠢ ᠢᠮᠠᠬᠳᠠ ᠪᠠᠷᠢᠮᠳᠠᠯᠠᠨ᠂ ︽ᠭᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ | ᠮᠦᠩᠭᠦᠨ ᠠᠭᠤᠯᠠ ᠮᠦᠨ︾ ᠭᠡᠭᠦ ᠤᠶᠢᠯᠠᠭᠠᠭᠳᠠᠬᠤᠨ ᠢ ᠪᠠᠷᠢᠮᠳᠠᠯᠠᠵᠤ᠂ ᠠᠵᠤ ᠠᠬᠤᠢ ᠶᠢᠨ ᠭᠦᠭᠵᠢᠯᠳᠠ ᠪᠠ ᠠᠮᠢ | ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠴᠠᠭ᠎ᠠ ᠶᠢ ᠰᠢᠨᠵᠢᠯᠡᠭᠦ ᠤᠬᠠᠭᠠᠨᠴᠢ ᠪᠠᠷ | ᠲᠦᠯᠦᠪᠵᠢᠭᠦᠯᠦᠨ᠂ ᠬᠤᠷᠢᠭ᠎ᠠ ᠱᠤᠭᠤᠮ ᠤᠨ ᠰᠡᠳᠬᠢᠴᠠ ᠶᠢ ᠪᠠᠷᠢᠮᠳᠠᠯᠠᠵᠤ᠂ ︽ᠭᠤᠷᠪᠠᠨ ᠤᠷᠤᠨ ᠭᠤᠷᠪᠠᠨ | ᠱᠤᠭᠤᠮ︾ ᠢ ᠲᠠᠪᠠᠵᠤ ᠪᠤᠯᠤᠰᠢ ᠦᠭᠡᠢ ᠰᠡᠷᠡᠮᠵᠢ ᠶᠢᠨ ᠱᠤᠭᠤᠮ ᠪᠤᠯᠭᠠᠨ᠂ ᠠᠮᠢ ᠠᠬᠤᠢ ᠶᠢ ᠬᠠᠮᠠᠭᠠᠯᠠᠬᠤ ᠪᠠᠷ | ᠤᠷᠢᠳᠠᠯ ᠨᠦᠭᠦᠴᠡᠯ ᠪᠤᠯᠭᠠᠨ᠂ ᠪᠤᠬᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷᠯᠢᠭ | ᠭᠦᠭᠵᠢᠯᠳᠠ ᠶᠢᠨ ᠰᠢᠨ᠎ᠠ ᠵᠠᠮ ᠢ ᠡᠷᠢᠯᠭᠢᠯᠡᠵᠤ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠭᠦ ᠦᠵᠡᠰᠭᠦᠯᠡᠩᠳᠤ | ᠰᠠᠶᠢᠬᠠᠨ ᠱᠤᠭᠤᠮ ᠢ ᠰᠠᠶᠢᠳᠤᠷ ᠬᠠᠮᠠᠭᠠᠯᠠᠨ᠎ᠠ᠃ | ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠳᠦᠷᠢᠮ ᠪᠤᠯᠤᠨ ︽ᠮᠠᠯᠵᠢᠬᠤ ᠤᠷᠤᠨ᠂ ᠮᠠᠯᠴᠢᠨ᠂ ᠮᠠᠯ | ᠠᠵᠤ ᠠᠬᠤᠢ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠰᠦᠷᠦᠭ ᠤᠨ ᠲᠤᠭ᠎ᠠ ᠭᠡᠮᠵᠢᠶ᠎ᠠ ᠶᠢ | ᠲᠤᠭᠳᠠᠭᠰᠠᠨ ᠬᠡᠪᠴᠢᠶᠡᠨ ᠳᠤ ᠬᠢᠵᠠᠭᠠᠷᠯᠠᠨ᠂ ᠨᠤᠲᠤᠭ ᠪᠡᠯᠴᠢᠭᠡᠷ ᠢ ᠳᠠᠭᠠᠭᠠᠴᠠ ᠠᠴᠠ ᠭᠡᠳᠦᠷᠡᠳᠡᠯ᠎ᠡ ᠠᠰᠢᠭᠯᠠᠬᠤ ᠶᠢ | ᠬᠤᠷᠢᠭᠯᠠᠨ᠎ᠠ᠃ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ | ᠠᠵᠢᠯ ᠢ ᠦᠷᠭᠦᠯᠵᠢᠯᠡᠨ ᠰᠠᠶᠢᠳᠤᠷ ᠬᠡᠷᠡᠭᠵᠢᠭᠦᠯᠦᠨ᠎ᠡ᠃ ᠬᠠᠳᠤᠯᠠᠩ ᠤᠨ ᠬᠠᠮᠢᠶᠠᠷᠤᠯᠳᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠦ᠂ ᠠᠷᠠᠯᠵᠢᠶᠠᠨ ᠤ ᠴᠢᠨᠠᠷᠳᠠᠢ᠂ ᠲᠠᠯᠬᠢᠳᠠᠯ ᠤᠨ ᠴᠢᠨᠠᠷᠳᠠᠢ ᠡᠵᠡᠩᠨᠡᠯᠳᠡ ᠶᠢ ᠴᠠᠭᠠᠵᠠᠯᠠᠨ᠂ | ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠡᠷᠡᠰ ᠬᠤᠷᠢᠭᠯᠠᠵᠤ᠂ ᠦᠨᠳᠦᠷ ᠤᠨᠠᠯᠳᠠᠳᠤ ᠡᠪᠡᠰᠤ ᠪᠤᠷᠳᠤᠭᠤᠷ ᠲᠠᠷᠢᠬᠤ | ᠨᠡᠷ᠎ᠡ ᠪᠠᠷ ᠠᠮᠤ ᠪᠤᠳᠠᠭ᠎ᠠ ᠪᠠ ᠠᠵᠤ ᠠᠬᠤᠢ ᠶᠢᠨ ᠲᠠᠷᠢᠮᠠᠯ ᠲᠠᠷᠢᠬᠤ ᠶᠢ ᠡᠷᠡᠰ ᠴᠠᠭᠠᠵᠠᠯᠠᠨ᠎ᠠ᠃ ᠬᠠᠳᠤᠯᠠᠩ ᠤᠨ | ᠪᠡᠯᠴᠢᠭᠡᠷ ᠢ ᠬᠠᠮᠠᠭᠠᠯᠠᠨ᠂ ᠤᠷᠭᠤᠮᠠᠯ ᠤᠨ ᠪᠦᠷᠭᠦᠴᠡ ᠶᠢ ᠰᠠᠶᠢᠵᠢᠷᠠᠭᠤᠯᠬᠤ ᠠᠵᠢᠯ ᠢ ᠦᠷᠨᠢᠬᠦᠯᠦᠨ᠎ᠡ᠃ ᠰᠢᠨ᠎ᠡ ᠨᠢᠭᠡ | ᠡᠭᠡᠯᠵᠢ ᠶᠢᠨ ᠨᠤᠲᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠱᠠᠩᠨᠠᠯ ᠤᠨ ᠲᠥᠷᠦ ᠶᠢᠨ | ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠤᠰᠬᠠᠢ ᠬᠢᠨᠠᠨ ᠪᠤᠳᠤᠬᠤ ᠪᠠ ᠳᠤᠰᠬᠠᠢ ᠳᠤᠭᠤᠷᠢᠨ | ᠪᠠᠶᠢᠴᠠᠭᠠᠬᠤ ᠠᠵᠢᠯᠯᠠᠭ᠎ᠠ ᠶᠢ ᠦᠷᠨᠢᠬᠦᠯᠦᠨ᠂ ᠱᠠᠩᠨᠠᠯ ᠨᠦᠬᠦᠪᠦᠷᠢ ᠶᠢᠨ ᠳᠦᠷᠥ ᠶᠢᠨ ᠪᠤᠳᠣᠯᠭ᠎ᠠ ᠶᠢ ᠰᠠᠶᠢᠳᠤᠷ | ᠨᠠᠶᠢᠳᠠᠪᠤᠷᠢᠵᠢᠭᠤᠯᠬᠤ ᠪᠠ ᠱᠠᠩᠨᠠᠯ ᠨᠦᠬᠦᠪᠦᠷᠢ ᠶᠢᠨ ᠪᠡᠯᠡ ᠮᠦᠩᠭᠦ ᠶᠢ ᠬᠠᠤᠯᠢ ᠳᠦᠷᠢᠮ ᠶᠤᠰᠤᠭᠠᠷ ᠲᠠᠷᠬᠠᠭᠠᠬᠤ ᠶᠢ | ᠪᠠᠳᠤᠯᠠᠨ᠎ᠠ᠃ ᠤᠯᠤᠰ ᠤᠨ ᠭᠠᠵᠠᠷ ᠰᠢᠷᠤᠢ ᠶᠢ ᠤᠶᠢᠵᠢᠭᠤᠯᠬᠤ ᠠᠵᠢᠯᠯᠠᠭ᠎ᠠ ᠪᠠ ᠭᠤᠤᠯᠳᠠᠯᠭ᠎ᠠ ᠲᠠᠢ ᠠᠮᠢ ᠠᠬᠤᠢ ᠶᠢ | ᠵᠠᠰᠠᠨ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ | ᠵᠠᠰᠠᠬᠤ ᠳᠦᠷᠦᠯ ᠵᠦᠢᠯ ᠢᠶᠠᠷ 1 ᠳᠦᠮᠡᠨ ᠮᠦ ᠨᠤᠲᠤᠭ ᠪᠡᠯᠴᠢᠭᠡᠷ ᠢ ᠵᠠᠰᠠᠨ᠂ ᠦᠵᠦᠮᠦᠴᠢᠨ ᠡᠯᠡᠰᠦᠨ ᠤ | ᠭᠤᠤᠯᠳᠠᠯᠭ᠎ᠠ ᠲᠠᠢ ᠡᠪᠳᠡᠭᠳᠡᠭᠰᠡᠨ ᠤᠷᠤᠨ ᠢ ᠵᠠᠰᠠᠬᠤ ᠳᠤᠰᠬᠠᠢ ᠳᠦᠷᠦᠯ ᠵᠦᠢᠯ ᠢᠶᠠᠷ 4.4 ᠳᠦᠮᠡᠨ ᠮᠦ ᠨᠤᠲᠤᠭ | ᠪᠡᠯᠴᠢᠭᠡᠷ ᠢ ᠵᠠᠰᠠᠨ᠎ᠠ᠃ ᠬᠠᠪᠴᠢᠭᠠᠢ ᠤᠯᠤᠰ ᠤᠨ ᠳᠡᠰ ᠤᠨ ᠡᠯᠡᠰᠤ ᠮᠠᠩᠬᠠᠨ ᠤ ᠴᠡᠴᠡᠷᠯᠢᠭ ᠤᠨ ᠪᠦᠳᠦᠭᠡᠨ | ᠪᠠᠶᠢᠭᠤᠯᠤᠯᠲᠠ ᠶᠢᠨ ᠳᠦᠷᠦᠯ ᠵᠦᠢᠯ ᠢ ᠡᠬᠢᠯᠡᠬᠦᠯᠵᠦ᠂ ᠴᠢᠳᠠᠪᠬᠢᠳᠤ ᠳᠤᠭᠤᠷᠢᠭ ᠢ ᠬᠤᠪᠢᠶᠠᠬᠤ ᠵᠡᠷᠭᠡ ᠪᠡᠯᠡᠳᠬᠡᠯ | ᠱᠠᠳᠤᠨ ᠤ ᠠᠵᠢᠯ ᠢ ᠰᠠᠶᠢᠳᠤᠷ ᠬᠢᠨ᠎ᠡ᠃ ᠤᠯᠤᠰ ᠤᠨ ᠪᠤᠬᠢᠷᠳᠤᠯ ᠦᠭᠡᠢ ᠠᠭᠤᠷᠬᠠᠢ ᠶᠢᠨ ᠤᠷᠤᠨ ᠤ | ᠪᠠᠶᠢᠭᠤᠯᠤᠯᠳᠠ ᠶᠢᠨ ᠠᠵᠢᠯ ᠳᠦᠷᠦᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ | ᠠᠭᠤᠷᠬᠠᠢ ᠶᠢᠨ ᠤᠷᠴᠢᠨ ᠳᠤᠭᠤᠷᠢᠨ ᠤ ᠵᠠᠰᠠᠯᠲᠠ ᠶᠢ ᠴᠢᠩᠭᠠᠳᠬᠠᠵᠦ᠂ ᠪᠤᠬᠢᠷᠳᠤᠯ ᠦᠭᠡᠢ ᠠᠭᠤᠷᠬᠠᠢ ᠶᠢᠨ ᠤᠷᠤᠨ | ᠢ ᠪᠦᠳᠦᠭᠡᠨ ᠪᠠᠶᠢᠭᠤᠯᠤᠨ᠎ᠠ᠃ ᠭᠦᠷᠦᠭᠡᠰᠦᠳᠡᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ | ᠳᠦᠷᠢᠮᠵᠢᠬᠦᠯᠦᠨ ᠬᠠᠮᠢᠶᠠᠷᠴᠦ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠤ | ᠠᠵᠢᠯ ᠤᠨ ᠦᠷ᠎ᠡ ᠪᠦᠳᠦᠭᠡᠯ ᠢ ᠪᠠᠳᠤᠳᠬᠠᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤᠳᠤᠷᠠᠬᠢ | ᠵᠢᠭᠤᠯᠴᠢᠯᠠᠯ ᠤᠨ ᠭᠠᠵᠠᠷ ᠢ ᠪᠦᠬᠦᠨ ᠢ ᠰᠢᠯᠵᠢᠬᠦᠯᠦᠨ ᠭᠠᠷᠭᠠᠬᠤ ᠠᠵᠢᠯ ᠢ ᠠᠬᠢᠭᠤᠯᠤᠨ᠎ᠠ᠃ ᠠᠮᠢ ᠠᠬᠤᠢ ᠶᠢᠨ | ᠰᠡᠷᠡᠮᠵᠢ ᠶᠢᠨ ᠱᠤᠭᠤᠮ ᠢ ᠴᠢᠩᠭ᠎ᠠ ᠪᠠᠷᠢᠮᠳᠠᠯᠠᠨ᠂ ᠰᠡᠷᠡᠮᠵᠢ ᠶᠢᠨ ᠱᠤᠭᠤᠮ ᠤᠨ ᠵᠠᠭᠠᠭ ᠢ ᠳᠤᠭᠳᠠᠭᠠᠬᠤ ᠪᠠ ᠵᠠᠭᠠᠭ | ᠱᠤᠭᠤᠮ ᠳᠡᠭᠡᠷ᠎ᠡ ᠳᠡᠮᠳᠡᠭ ᠪᠤᠰᠬᠠᠬᠤ ᠵᠡᠷᠭᠡ ᠠᠵᠢᠯ ᠢ ᠰᠠᠶᠢᠳᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ | ᠤᠷᠤᠨ ᠤ ᠴᠢᠳᠠᠪᠬᠢ ᠶᠢ ᠪᠠᠭᠤᠷᠠᠭᠤᠯᠬᠤ ᠦᠭᠡᠢ᠂ ᠲᠠᠯᠠᠪᠠᠢ ᠶᠢ ᠪᠠᠭᠠᠰᠬᠠᠬᠤ ᠦᠭᠡᠢ᠂ ᠵᠠᠭᠠᠭ ᠱᠤᠭᠤᠮ ᠠᠴᠠ | ᠭᠡᠳᠦᠷᠡᠭᠦ ᠦᠭᠡᠢ ᠪᠠᠶᠢᠬᠤ ᠶᠢ ᠪᠠᠳᠤᠯᠠᠨ᠎ᠠ᠃ ︽ᠲᠤᠮᠤ ᠲᠤᠭ᠎ᠠ ᠪᠠᠷᠢᠮᠳᠠ ᠪᠠᠷ ᠲᠠᠯ᠎ᠠ ᠨᠤᠳᠤᠭ ᠤᠨ ᠠᠮᠢ ᠠᠬᠤᠢ ᠶᠢ | ᠬᠢᠨᠠᠨ ᠭᠡᠮᠵᠢᠵᠤ ᠬᠢᠨᠠᠨ ᠡᠵᠡᠮᠳᠡᠭᠦ ᠲᠠᠪᠴᠠᠩ︾ ᠢ ᠲᠦᠷᠭᠡᠳᠭᠡᠨ ᠪᠠᠶᠢᠭᠤᠯᠵᠤ᠂ ᠬᠢᠨᠠᠨ ᠭᠡᠮᠵᠢᠵᠤ ᠬᠢᠨᠠᠨ ᠡᠵᠡᠮᠳᠡᠭᠦ | ᠰᠤᠷᠠᠭ ᠵᠠᠩᠬᠢᠴᠢᠯᠠᠭᠰᠠᠨ᠂ ᠤᠶᠤᠨᠴᠢᠯᠠᠭᠰᠠᠨ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠠᠮᠢ ᠠᠬᠤᠢ ᠶᠢᠨ ᠬᠠᠤᠯᠢ | ᠬᠡᠷᠡᠭᠵᠢᠬᠦᠯᠬᠦ ᠡᠷᠴᠢᠮ ᠢᠶᠠᠨ ᠴᠢᠩᠭᠠᠳᠬᠠᠵᠦ᠂ ᠨᠤᠳᠤᠭ ᠪᠡᠯᠴᠢᠭᠡᠷ᠂ ᠤᠢ ᠰᠢᠭᠤᠢ ᠶᠢ ᠲᠠᠯᠬᠢᠬᠳᠠᠬᠤ ᠵᠡᠷᠭᠡ ᠬᠠᠤᠯᠢ | ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦᠨ᠎ᠡ᠃ | ︵ᠵᠢᠷᠭᠤᠭ᠎ᠠ︶ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ | ᠪᠤᠳᠣᠯᠭ᠎ᠠ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ | ᠮᠠᠯᠵᠢᠬᠤ ᠤᠷᠤᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠭᠦᠨᠵᠡᠭᠡᠶᠢᠷᠡᠭᠦᠯᠦᠨ᠂ ︽ᠬᠤᠨᠢ ᠶᠢ ᠴᠢᠨᠠᠷᠵᠢᠭᠤᠯᠵᠤ᠂ ᠦᠭᠡᠷ ᠢ | ᠨᠡᠮᠡᠭᠳᠡᠭᠦᠯᠭᠦ︾ ᠪᠠᠶᠢᠯᠳᠤᠬᠤ ᠪᠤᠳᠤᠯᠭ᠎ᠠ ᠶᠢ ᠭᠠᠵᠠᠷ ᠤᠷᠤᠨ ᠤ ᠪᠠᠨ ᠪᠠᠶᠢᠳᠠᠯ ᠲᠠᠢ ᠪᠠᠨ ᠤᠶᠠᠯᠳᠤᠭᠤᠯᠤᠨ | ᠠᠬᠢᠭᠤᠯᠵᠤ᠂ ᠠᠳᠤᠭᠤᠨ ᠤ ᠠᠵᠤ ᠤᠶᠢᠯᠠᠰ ᠢ ᠲᠦᠷᠭᠡᠨ ᠭᠦᠭᠵᠢᠭᠦᠯᠵᠤ᠂ ᠮᠠᠯ ᠠᠵᠤ ᠠᠬᠤᠢ ᠶᠢᠨ ᠶᠠᠰᠤ ᠴᠢᠨᠠᠷ | ᠪᠤᠯᠤᠨ ᠦᠷ᠎ᠡ ᠠᠰᠢᠭ ᠢ ᠲᠡᠭᠡᠭᠰᠢᠯᠡᠭᠦᠯᠦᠨ᠎ᠠ᠃ ᠨᠡᠷᠡᠳᠤ ᠲᠡᠮᠳᠡᠭ ᠤᠨ ᠤᠬᠠᠭᠤᠯᠭ᠎ᠠ ᠪᠠᠨ ᠴᠢᠩᠭᠠᠳᠬᠠᠨ᠂ | ᠦᠵᠦᠮᠦᠴᠢᠨ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠪᠦᠳᠦᠭᠡᠭᠳᠡᠬᠦᠨ ᠤ ᠨᠡᠷ᠎ᠡ ᠠᠯᠳᠠᠷᠰᠢᠯ ᠪᠤᠯᠤᠨ | ᠨᠦᠯᠦᠭᠡᠯᠡᠭᠦ ᠭᠦᠴᠦᠨ ᠢ ᠲᠡᠭᠡᠭᠰᠢᠯᠡᠭᠦᠯᠦᠨ᠎ᠠ᠃ ︽ᠢᠨᠲ᠋ᠧᠷ ᠰᠦᠯᠵᠢᠶ᠎ᠠ +︾ ᠤᠳᠤᠬᠢᠴᠢᠯᠠᠭᠰᠠᠨ ᠮᠠᠯ ᠠᠵᠤ | ᠠᠬᠤᠢ ᠶᠢᠨ ᠭᠦᠭᠵᠢᠯᠳᠠ ᠶᠢ ᠠᠬᠢᠭᠤᠯᠵᠤ᠂ ᠨᠢᠭᠡ ᠪᠦᠯᠦᠭ ᠤᠷᠤᠨ ᠨᠤᠳᠤᠭ ᠤᠨ ᠡᠯᠧᠺᠲᠷᠤᠨ ᠬᠤᠳᠠᠯᠳᠤᠭᠠᠨ ᠤ | ᠲᠠᠪᠴᠠᠩ ᠢ ᠪᠠᠶᠢᠭᠤᠯᠤᠨ᠂ ᠭᠦᠢᠳᠠᠨ ᠢᠶᠠᠷ ᠵᠦᠭᠡᠭᠡᠪᠤᠷᠢᠯᠡᠭᠦ ᠪᠤᠳᠠᠰ ᠤᠨ ᠭᠦᠢᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠵᠤ᠂ ᠮᠠᠯᠵᠢᠬᠤ ᠤᠷᠤᠨ ᠤ ᠨᠢᠭᠡ᠂ ᠬᠤᠶᠠᠷ᠂ ᠭᠤᠷᠪᠠᠳᠤᠭᠠᠷ ᠠᠵᠤ ᠤᠶᠢᠯᠠᠰ ᠢ ᠠᠭᠤᠰᠤᠯᠴᠠᠭᠤᠯᠤᠨ | ᠭᠦᠭᠵᠢᠭᠦᠯᠵᠤ᠂ ᠰᠦᠯᠵᠢᠶᠠᠨ ᠲᠡᠭᠡᠷᠡᠭᠢ ᠪᠠ ᠪᠤᠳᠠᠳᠤ ᠲᠡᠯᠭᠡᠭᠦᠷ ᠢ ᠨᠢᠭᠡ ᠴᠤᠭᠴᠠᠵᠢᠭᠤᠯᠤᠭᠰᠠᠨ ᠪᠤᠷᠤᠯᠠᠭᠤᠯᠭ᠎ᠠ | ᠶᠢᠨ ᠲᠤᠤᠷ ᠢ ᠪᠠᠶᠢᠭᠤᠯᠤᠨ᠂ ᠵᠠᠬ᠎ᠠ ᠲᠡᠯᠭᠡᠭᠦᠷ ᠤᠨ ᠡᠵᠡᠯᠡᠭᠦ ᠨᠤᠷᠮ᠎ᠠ ᠢ ᠲᠠᠰᠤᠷᠠᠯᠳᠠ ᠦᠭᠡᠢ ᠨᠡᠮᠡᠭᠳᠡᠭᠦᠯᠦᠨ᠎ᠠ᠃ | ᠡᠬᠢ ᠪᠠᠶᠠᠯᠢᠭ᠂ ᠠᠮᠢ ᠠᠬᠤᠢ ᠪᠠ ᠰᠤᠶᠤᠯ ᠤᠨ ᠲᠠᠪᠠᠭᠤᠯᠢᠭ ᠢ ᠭᠦᠢᠴᠡᠳ ᠪᠠᠳᠠᠷᠠᠭᠤᠯᠤᠨ᠂ ᠰᠡᠯᠡᠭᠦᠴᠡᠯ | ᠵᠢᠭᠤᠯᠴᠢᠯᠠᠯ᠂ ᠢᠳᠡᠭᠡᠨ ᠤᠮᠳᠠᠭᠠᠨ᠂ ᠪᠠᠭᠤᠳᠠᠯ᠂ ᠰᠤᠶᠤᠯ ᠢ ᠤᠶᠢᠯᠠᠭᠠᠬᠤ᠂ ᠪᠡᠶ᠎ᠡ ᠰᠤᠪᠢᠯᠠᠯᠳᠠ ᠵᠡᠷᠭᠡ ᠠᠵᠤ | ᠤᠶᠢᠯᠠᠰ ᠢ ᠢᠳᠡᠪᠬᠢᠳᠠᠢ ᠭᠦᠭᠵᠢᠭᠦᠯᠵᠤ᠂ ᠤᠯᠠᠨ ᠠᠷᠭ᠎ᠠ ᠵᠠᠮ ᠢᠶᠠᠷ ᠮᠠᠯᠴᠢᠨ ᠲᠦᠮᠡᠨ ᠤ ᠤᠷᠤᠯᠭ᠎ᠠ ᠶᠢ | ᠨᠡᠮᠡᠭᠳᠡᠭᠦᠯᠤᠨ᠎ᠠ᠃ | ᠮᠠᠯᠵᠢᠬᠤ ᠤᠷᠤᠨ ᠤ ᠰᠠᠭᠤᠷᠢ ᠳᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠤᠨ᠎ᠠ᠃ ᠤᠷᠢᠳᠠᠪᠠᠷ | ᠠᠮᠠᠷᠬᠠᠨ ᠢ ᠳᠠᠷᠠᠭ᠎ᠠ ᠨᠢ ᠬᠦᠴᠢᠷᠳᠡᠢ ᠶᠢ ᠨᠢ ᠰᠢᠢᠳᠪᠦᠷᠢᠯᠡᠬᠦ᠂ ᠱᠠᠳᠤ ᠳᠠᠷᠠᠭᠠᠯᠠᠨ ᠠᠬᠢᠭᠤᠯᠬᠤ ᠵᠠᠷᠴᠢᠮ ᠶᠤᠰᠤᠭᠠᠷ᠂ | ᠮᠠᠯᠵᠢᠬᠤ ᠤᠷᠤᠨ ᠤ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠤᠭ᠎ᠠ ᠵᠡᠷᠭᠡ ᠰᠠᠭᠤᠷᠢ ᠳᠦᠬᠦᠭᠡᠷᠦᠮᠵᠢ ᠶᠢ | ᠲᠡᠰᠵᠢᠭᠦᠯᠭᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ | ᠵᠠᠮ︾ ᠤᠨ ᠪᠠᠶᠢᠭᠤᠯᠤᠯᠳᠠ ᠶᠢᠨ ᠵᠢᠱᠢᠶ᠎ᠠ ᠦᠵᠡᠭᠦᠯᠭᠦ ᠬᠤᠰᠢᠭᠤ ᠶᠢ ᠴᠤᠭᠴᠠᠯᠠᠬᠤ ᠪᠠᠷ ᠲᠤᠬᠢᠶᠠᠯ ᠪᠤᠯᠭᠠᠨ᠂ ︽ | ᠲᠦᠷᠪᠡᠨ ᠰᠠᠶᠢᠨ ᠭᠦᠳᠡᠭᠡ ᠲᠤᠰᠬᠤᠨ ᠤ ᠵᠠᠮ︾ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠨ᠎ᠠ᠃ | ᠲᠠᠪᠢᠨ ᠤᠢ ᠰᠢᠭᠤᠢ ᠶᠢᠨ ᠲᠠᠯᠠᠪᠠᠢ ᠠᠴᠠ ᠱᠠᠪᠠᠷᠠᠩ᠂ ᠵᠢᠷ ᠤᠨ ᠭᠤᠤᠯ ᠠᠴᠠ ᠴᠠᠭᠠᠨ ᠳᠤᠯᠤᠭᠠᠢ ︵ᠴᠠᠨ᠎ᠠ ᠴᠡᠴᠡᠭ | ᠤᠨ ᠬᠦᠨᠳᠡᠢ︶᠂ ᠶᠠᠷᠭᠠᠶᠢᠳᠣ ᠠᠴᠠ ᠵᠢᠷ ᠤᠨ ᠭᠤᠤᠯ ᠭᠦᠷᠭᠦ 3 ᠵᠤᠷᠪᠤᠰ ᠮᠠᠯᠵᠢᠬᠤ ᠤᠷᠤᠨ ᠤ ᠵᠠᠰᠠᠮᠠᠯ ᠵᠠᠮ ᠢ | ᠰᠢᠨ᠎ᠠ ᠪᠠᠷ ᠪᠠᠶᠢᠭᠤᠯᠬᠤ ᠪᠠᠷ ᠲᠦᠯᠦᠪᠯᠡᠨ᠂ ᠤᠯᠤᠰ ᠤᠨ ᠵᠠᠮ 306 ᠱᠤᠭᠤᠮ ᠤᠨ ᠲᠠᠰᠢᠭᠤᠷ ᠤᠨ ᠪᠤᠯᠠᠭ ᠠᠴᠠ | ᠪᠠᠯᠭᠠᠷᠭᠤᠤᠯ ᠪᠠᠯᠭᠠᠰᠤ ᠭᠦᠷᠭᠦ ᠵᠠᠰᠠᠮᠠᠯ ᠵᠠᠮ ᠤᠨ ᠲᠦᠷᠦᠯ ᠵᠤᠶᠢᠯ ᠤᠨ ᠪᠠᠶᠢᠭᠤᠯᠤᠯᠳᠠ ᠶᠢ ᠢᠳᠡᠪᠬᠢᠳᠠᠢ | ᠠᠬᠢᠭᠤᠯᠤᠨ᠎ᠠ᠃ ᠮᠠᠯᠵᠢᠬᠤ ᠤᠷᠤᠨ ᠤ ᠤᠰᠤ ᠤᠮᠳᠠ ᠶᠢᠨ ᠠᠮᠦᠷ ᠳᠦᠪᠰᠢᠨ ᠢ ᠪᠠᠳᠤᠳᠬᠠᠨ ᠳᠡᠭᠡᠭᠰᠢᠯᠡᠬᠦᠯᠬᠦ | ᠢᠨᠵᠧᠨᠧᠷᠢᠩ ᠢ ᠬᠡᠷᠡᠭᠵᠢᠬᠦᠯᠵᠦ᠂ 100 ᠬᠤᠳᠳᠤᠭ ᠮᠠᠯᠳᠠᠬᠤ ᠪᠠᠷ ᠳᠦᠯᠦᠪᠯᠡᠨ᠂1000 ᠡᠷᠦᠬᠡ ᠶᠢᠨ ᠤᠤᠭᠤᠬᠤ | ᠤᠰᠤᠨ ᠤ ᠹᠯᠤᠷ ᠤᠨ ᠠᠭᠤᠯᠤᠭᠳᠠᠴᠠ ᠪᠠᠷᠢᠮᠵᠢᠶ᠎ᠠ ᠠᠴᠠ ᠬᠡᠳᠦᠷᠡᠭᠰᠡᠨ ᠠᠰᠠᠭᠤᠳᠠᠯ ᠢ ᠰᠢᠢᠳᠪᠤᠷᠢᠯᠡᠵᠦ᠂ 400 | ᠤᠰᠤ ᠬᠠᠳᠠᠭᠠᠯᠠᠬᠤ ᠵᠣᠭᠤᠷᠢ ᠶᠢ ᠪᠠᠶᠢᠭᠤᠯᠬᠤ ᠪᠠᠷ ᠴᠢᠷᠮᠠᠶᠢᠨ᠂ ᠮᠠᠯᠴᠢᠳ ᠤᠨ ᠤᠰᠤ ᠤᠮᠳᠠ ᠶᠢᠨ ᠠᠮᠦᠷ | ᠳᠦᠪᠰᠢᠨ ᠤ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠎ᠡ᠃ ᠮᠠᠯᠵᠢᠬᠤ ᠤᠷᠤᠨ ᠤ ᠴᠠᠬᠢᠯᠭᠠᠨ ᠲᠤᠤᠷ ᠢ ᠳᠡᠰ | ᠳᠡᠪᠰᠢᠬᠦᠯᠦᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠵᠦ᠂ ᠴᠠᠬᠢᠯᠭᠠᠨ ᠲᠤᠤᠷ ᠤᠨ ᠪᠦᠷᠬᠦᠴᠡ ᠶᠢ | ᠦᠷᠭᠡᠳᠭᠡᠨ᠎ᠠ᠃ 1.13 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ 10 ᠺᠢᠯᠤᠸᠤᠯᠲ ᠤᠨ ᠱᠤᠭᠤᠮ | 220 ᠺᠢᠯᠤᠮᠧᠲᠷ᠂ 0.4 ᠺᠢᠯᠤᠸᠤᠯᠲ ᠤᠨ ᠱᠤᠭᠤᠮ 50 ᠺᠢᠯᠤᠮᠧᠲᠷ ᠢ ᠰᠢᠨ᠎ᠠ ᠪᠠᠷ ᠪᠠᠶᠢᠭᠤᠯᠬᠤ ᠪᠠ | ᠦᠭᠡᠷᠡᠴᠢᠯᠠᠨ ᠪᠠᠶᠢᠭᠤᠯᠵᠤ᠂ 350 ᠮᠠᠯᠵᠢᠬᠤ ᠡᠷᠦᠬᠡ ᠳᠤ ᠰᠢᠨ᠎ᠡ ᠪᠠᠷ ᠴᠠᠬᠢᠯᠭᠠᠨ ᠨᠡᠪᠳᠡᠷᠡᠭᠦᠯᠬᠦ ᠪᠠᠷ ᠳᠦᠯᠦᠪᠯᠡᠵᠦ | ᠪᠤᠢ᠃ ᠴᠠᠬᠢᠯᠭᠠᠨ ᠴᠢᠮᠡᠭᠡ ᠬᠤᠯᠪᠤᠭ᠎ᠠ ᠶᠢ ᠲᠦᠭᠡᠮᠡᠯᠵᠢᠭᠦᠯᠦᠨ ᠤᠶᠢᠯᠡᠴᠢᠯᠡᠭᠦ ᠢᠨᠵᠧᠨᠧᠷᠢᠩ ᠤᠨ ᠪᠠᠶᠢᠭᠤᠯᠤᠯᠳᠠ ᠶᠢ | ᠠᠭᠢᠭᠤᠯᠤᠨ᠂ ᠦᠪᠦᠷ ᠮᠣᠩᠭᠤᠯ ᠤᠨ ᠷᠠᠳᠢᠤ᠋ ᠲᠧᠯᠸᠢᠰ ᠲᠤᠤᠷ ᠰᠦᠯᠵᠢᠶᠡᠨ ᠤ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ ᠡᠷᠦᠬᠡ ᠳᠤ ᠬᠦᠷᠭᠡᠬᠦ ᠢᠨᠵᠧᠨᠧᠷᠢᠩ ᠢ ᠬᠡᠷᠡᠭᠵᠢᠬᠦᠯᠵᠦ᠂ ᠵᠢᠯ ᠤᠨ ᠰᠡᠭᠦᠯᠴᠢ ᠪᠤᠯᠲᠠᠯ᠎ᠠ ᠤᠳᠠᠰᠤᠳᠤ | ᠳᠤᠭᠠᠴᠢᠯᠠᠭᠰᠠᠨ ᠲᠧᠯᠸᠢᠰ ᠪᠠ ᠦᠷᠭᠡᠨ ᠪᠦᠰᠡᠳᠦ ᠳᠤᠤᠷ ᠰᠦᠯᠵᠢᠶ᠎ᠡ ᠶᠢᠨ ᠦᠢᠯᠡᠴᠢᠯᠡᠭᠡ ᠶᠢ ᠨᠡᠪᠲᠡᠷᠡᠬᠦᠯᠬᠦ | ᠰᠠᠨᠠᠭᠠᠳᠠᠢ ᠮᠠᠯᠵᠢᠬᠤ ᠡᠷᠦᠬᠡ ᠳᠤ ᠪᠦᠬᠦᠨ ᠢ ᠨᠡᠪᠲᠡᠷᠡᠬᠦᠯᠵᠦ ᠥᠭᠬᠦ ᠪᠠᠷ ᠴᠢᠷᠮᠠᠶᠢᠨ᠎ᠠ᠃ ᠮᠠᠯᠵᠢᠬᠤ ᠤᠷᠤᠨ ᠤ 4G | ᠲᠤᠤᠷ ᠰᠦᠯᠵᠢᠶ᠎ᠡ ᠶᠢᠨ ᠪᠦᠷᠬᠦᠴᠡ ᠶᠢ ᠦᠷᠭᠡᠳᠭᠡᠨ᠂ ᠭᠠᠷ ᠤᠳᠠᠰᠤ ᠨᠡᠪᠳᠡᠷᠡᠭᠦ ᠦᠭᠡᠢ ᠠᠰᠠᠭᠤᠳᠠᠯ ᠢ | ᠰᠢᠢᠳᠪᠤᠷᠢᠯᠡᠨ᠎ᠡ᠃ | ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠪᠠᠨ ᠴᠢᠩᠭᠠᠳᠬᠠᠨ᠎ᠠ᠃ | ᠤᠷᠤᠰᠢᠨ ᠰᠠᠭᠤᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ | ᠨᠠᠶᠢᠳᠠᠪᠤᠷᠢᠵᠢᠭᠤᠯᠵᠦ᠂ ᠮᠠᠯᠵᠢᠬᠤ ᠤᠷᠤᠨ ᠤ ᠤᠯᠠᠨ ᠳᠦᠮᠡᠨ ᠤ ᠠᠮᠢᠳᠤᠷᠠᠯ ᠤᠨ ᠨᠦᠬᠦᠴᠡᠯ ᠢ ᠶᠡᠬᠡᠪᠡᠷ | ᠰᠠᠶᠢᠵᠢᠷᠠᠭᠤᠯᠤᠨ᠎ᠠ᠃ ᠪᠤᠳᠠᠳᠠᠢ ᠬᠠᠷᠠᠯᠲᠠ ᠪᠣᠯ᠄ ᠭᠠᠴᠠᠭ᠎ᠠ ᠲᠡᠰ ᠤᠨ ᠳᠦᠯᠦᠪᠵᠢᠭᠦᠯᠭᠡ ᠶᠢᠨ ᠨᠤᠷᠮ᠎ᠠ ᠶᠢ | 100% ᠳᠤ ᠬᠦᠷᠭᠡᠨ᠎ᠡ᠃ ᠬᠠᠶᠠᠭᠳᠠᠮᠠᠯ ᠪᠤᠳᠠᠰ ᠢ ᠬᠤᠷᠢᠶᠠᠨ ᠵᠦᠭᠡᠭᠡᠪᠤᠷᠢᠯᠡᠵᠤ ᠰᠢᠢᠳᠪᠤᠷᠢᠯᠡᠭᠦ ᠰᠢᠰᠲ᠋ᠧᠮ ᠤᠨ | ᠪᠦᠷᠬᠦᠬᠦ ᠨᠤᠷᠮ᠎ᠠ ᠶᠢ 67% ᠳᠤ ᠬᠦᠷᠭᠡᠨ᠎ᠡ᠃ ᠵᠤᠷᠯᠤᠩ ᠲᠦᠭᠡᠮᠡᠯᠵᠢᠭᠦᠯᠦᠭᠰᠡᠨ ᠨᠤᠷᠮ᠎ᠠ ᠶᠢ 75% ᠳᠤ | ᠬᠦᠷᠭᠡᠨ᠎ᠡ᠃ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠠᠷᠭᠠᠯ ᠭᠦᠷᠵᠡᠩ ᠢ ᠰᠢᠢᠳᠪᠤᠷᠢᠯᠡᠬᠦ ᠳᠦᠬᠦᠭᠡᠷᠦᠮᠵᠢ ᠶᠢ | ᠢᠵᠢ ᠪᠦᠷᠢᠳᠦᠭᠦᠯᠬᠦ ᠨᠤᠷᠮ᠎ᠠ ᠶᠢ 80% ᠳᠤ ᠬᠦᠷᠭᠡᠨ᠎ᠡ᠃ ᠤᠷᠤᠰᠢᠨ ᠰᠠᠭᠤᠬᠤ ᠤᠷᠴᠢᠨ ᠳᠤᠭᠤᠷᠢᠨ ᠤ ᠤᠷᠳᠤ | ᠬᠤᠭᠤᠴᠠᠭᠠᠨ ᠤ ᠳᠦᠷᠢᠮᠵᠢᠭᠰᠡᠨ ᠬᠠᠮᠢᠶᠠᠷᠤᠯᠳᠠ ᠶᠢᠨ ᠳᠦᠷᠢᠮ ᠢ ᠪᠠᠶᠢᠭᠤᠯᠤᠭᠰᠠᠨ ᠭᠠᠴᠠᠭ᠎ᠠ ᠶᠢ 50% ᠳᠤ | ᠬᠦᠷᠭᠡᠨ᠎ᠡ᠃ ᠤᠷᠴᠢᠨ ᠳᠤᠭᠤᠷᠢᠨ ᠢ ᠵᠠᠰᠠᠨ ᠴᠡᠭᠴᠡᠯᠡᠬᠦ ᠠᠭᠤᠯᠭ᠎ᠠ ᠶᠢ ᠭᠠᠴᠠᠭᠠᠨ ᠤ ᠳᠦᠷᠢᠮ᠂ ᠠᠷᠠᠳ ᠤᠨ ᠭᠡᠷ᠎ᠡ | ᠳᠡᠭᠡᠨ ᠤᠷᠤᠭᠤᠯᠤᠭᠰᠠᠨ ᠭᠠᠴᠠᠭ᠎ᠠ ᠶᠢ 65% ᠳᠤ ᠬᠦᠷᠭᠡᠨ᠎ᠡ᠃ | ︵ᠲᠤᠯᠤᠭ᠎ᠠ︶ ᠦᠭᠡᠷᠡᠴᠢᠯᠠᠯᠳᠠ ᠶᠢ ᠨᠡᠩ ᠭᠦᠨ ᠭᠦᠨᠵᠡᠭᠡᠢ ᠠᠬᠢᠭᠤᠯᠤᠨ᠎ᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠠᠬᠢᠭᠤᠯᠤᠨ᠎ᠠ᠃ ︽ᠨᠢᠭᠡ ᠲᠢᠩᠬᠢᠮ᠂ ᠨᠢᠭᠡ | ᠦᠷᠳᠡᠭᠡᠨ ᠤ ᠬᠡᠯᠪᠡᠷᠢ︾ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠡᠬᠢᠯᠡᠬᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠪᠤᠳᠠᠯ ᠪᠠ ᠬᠢᠨᠠᠨ ᠵᠦᠪᠰᠢᠶᠡᠷᠡᠯ ᠤᠨ ᠬᠠᠮᠢᠶᠠᠲᠠᠢ ᠭᠦᠢᠴᠡᠳᠬᠡᠬᠦ ᠶᠠᠪᠤᠳᠠᠯ ᠢ ᠪᠦᠬᠦᠨ ᠢ | ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠭᠢᠮ ᠲᠤ ᠤᠷᠤᠭᠤᠯᠤᠨ᠎ᠠ᠃ ᠤᠶᠢᠯᠡᠴᠢᠯᠡᠭᠡᠨ ᠤ ᠲᠢᠩᠭᠢᠮ ᠲᠤ | ᠭᠦᠢᠴᠡᠳᠬᠡᠬᠦ ᠵᠠᠰᠠᠭ ᠤᠨ ᠶᠠᠪᠤᠳᠠᠯ ᠢ ᠳᠤᠤᠷ ᠰᠦᠯᠵᠢᠶᠡᠨ ᠳᠤ ᠭᠦᠢᠴᠡᠳᠬᠡᠬᠦ ᠶᠠᠪᠤᠴᠠ ᠶᠢ ᠲᠦᠷᠭᠡᠳᠭᠡᠨ᠂ ᠵᠢᠯ ᠤᠨ | ᠡᠴᠦᠰ ᠠᠴᠠ ᠡᠮᠦᠨ᠎ᠡ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠᠨ ᠳᠤ ᠵᠢᠬᠰᠠᠭᠠᠭᠰᠠᠨ ᠵᠠᠰᠠᠭ ᠤᠨ | ᠦᠢᠯᠡᠴᠢᠯᠡᠭᠡᠨ ᠤ ᠶᠠᠪᠤᠳᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 70% ᠠᠴᠠ ᠳᠡᠭᠡᠭᠰᠢ | ᠪᠤᠯᠭᠠᠬᠤ ᠪᠠᠷ ᠴᠢᠷᠮᠠᠶᠢᠨ᠎ᠠ᠃ ︽ᠨᠢᠭᠡ ᠴᠤᠩᠬᠤᠨ ᠳᠤ ᠬᠦᠯᠢᠶᠡᠨ ᠠᠪᠴᠦ᠂ ᠶᠡᠷᠦᠩᠭᠡᠶᠢᠯᠡᠭᠰᠡᠨ ᠤᠶᠢᠯᠡᠴᠢᠯᠡᠭᠡ | ᠬᠠᠩᠭᠠᠬᠤ︾ ᠶᠢ ᠠᠬᠢᠭᠤᠯᠤᠨ᠎ᠠ᠃ ᠳᠡᠰ ᠲᠠᠷᠠᠭᠠᠯᠠᠯ ᠢ ᠲᠠᠬᠢᠨ ᠳᠦᠰᠦᠪᠯᠡᠬᠦ ᠪᠠ ᠬᠤᠯᠪᠤᠭᠠᠯᠠᠨ ᠬᠢᠨᠠᠨ ᠵᠦᠪᠰᠢᠶᠡᠷᠡᠬᠦ | ᠠᠵᠢᠯ ᠢ ᠰᠠᠶᠢᠳᠤᠷ ᠠᠳᠬᠤᠵᠦ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠤᠯᠠᠮ ᠪᠤᠭᠤᠨᠢᠰᠬᠠᠨ᠂ ︽ᠨᠢᠭᠡᠯᠡ | ᠴᠤᠩᠬᠤᠨ ᠳᠤ ᠬᠦᠷᠴᠦ᠂ ᠤᠯᠠᠨ ᠤᠴᠢᠷ ᠰᠢᠢᠳᠪᠦᠷᠢᠯᠡᠬᠦ︾ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠠᠷᠠᠯᠵᠢᠶ᠎ᠠ | ᠡᠷᠬᠢᠯᠡᠬᠦ ᠤᠷᠴᠢᠨ ᠢ ᠪᠦᠬᠦ ᠲᠠᠯ᠎ᠠ ᠪᠠᠷ ᠰᠢᠯᠢᠳᠡᠭᠵᠢᠬᠦᠯᠦᠨ᠎ᠡ᠃ ᠡᠯ᠎ᠡ ᠬᠦᠷᠢᠶ᠎ᠡ ᠬᠡᠪᠴᠢᠶᠡᠨ ᠤ ᠬᠢᠨᠠᠨ ᠵᠦᠪᠰᠢᠶᠡᠷᠡᠬᠦ | ᠠᠯᠬᠤᠮ ᠲᠠᠷᠠᠭᠠᠯᠠᠯ ᠢ ᠤᠯᠠᠮ ᠳᠦᠭᠦᠮᠴᠢᠯᠡᠨ ᠰᠢᠯᠢᠳᠡᠭᠵᠢᠬᠦᠯᠵᠦ᠂ ᠪᠡᠯᠡ ᠤᠷᠤᠭᠤᠯᠤᠯᠳᠠ ᠶᠢᠨ ᠳᠦᠷᠦᠯ ᠵᠦᠢᠯ ᠳᠤ | ᠤᠯᠠᠨ ᠦᠨᠡᠯᠡᠯᠲᠡ ᠶᠢ ᠨᠢᠭᠡᠳᠬᠡᠬᠦ᠂ ᠬᠤᠯᠪᠤᠭᠠᠯᠠᠨ ᠬᠢᠨᠠᠨ ᠵᠦᠪᠰᠢᠶᠡᠷᠡᠬᠦ ᠠᠷᠭ᠎ᠠ ᠭᠡᠮᠵᠢᠶ᠎ᠠ ᠶᠢ ᠰᠦᠪᠡᠭᠴᠢᠯᠡᠨ | ᠭᠡᠷᠡᠭᠵᠢᠭᠦᠯᠵᠤ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠳᠤ ᠬᠤᠯᠪᠤᠭᠠᠯᠠᠨ ᠪᠠᠶᠢᠴᠠᠭᠠᠬᠤ᠂ ᠵᠢᠷᠤᠭ ᠢ | ᠬᠢᠨᠠᠬᠤ᠂ ᠬᠡᠮᠵᠢᠨ ᠵᠢᠷᠤᠬᠤ ᠪᠠ ᠰᠢᠯᠭᠠᠨ ᠠᠪᠬᠤ ᠠᠷᠭ᠎ᠠ ᠭᠡᠮᠵᠢᠶ᠎ᠠ ᠶᠢ ᠲᠦᠭᠡᠮᠡᠯᠵᠢᠭᠦᠯᠦᠨ᠎ᠠ᠃ ᠡᠳ᠋ ᠤᠨ ᠵᠠᠰᠠᠭ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠭᠦᠨᠵᠡᠭᠡᠶᠢᠷᠡᠭᠦᠯᠦᠨ᠎ᠠ᠃ ᠲᠦᠰᠦᠪ ᠤᠨ ᠦᠷ᠎ᠡ | ᠪᠦᠳᠦᠮᠵᠢ ᠶᠢᠨ ᠬᠠᠮᠢᠶᠠᠷᠤᠯᠳᠠ ᠶᠢ ᠪᠦᠭᠦ ᠲᠠᠯ᠎ᠠ ᠪᠠᠷ ᠭᠡᠷᠡᠭᠵᠢᠭᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠪᠦᠳᠦᠴᠠ ᠶᠢ ᠰᠢᠯᠢᠳᠡᠭᠵᠢᠭᠦᠯᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠶᠢ ᠰᠢᠪᠳᠤᠯᠬᠤ᠂ ᠭᠦᠳᠡᠭᠡ | ᠲᠤᠰᠬᠤᠨ ᠮᠠᠯᠵᠢᠬᠤ ᠤᠷᠤᠨ ᠢ ᠭᠦᠭᠵᠢᠭᠦᠯᠦᠨ ᠮᠠᠨᠳᠤᠭᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ | ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠦᠷᠢᠶ᠎ᠠ ᠭᠡᠪᠴᠢᠶᠠᠨ ᠳᠠᠬᠢ ᠪᠡᠯᠡ ᠤᠷᠤᠭᠤᠯᠤᠯᠳᠠ ᠪᠠᠨ | ᠨᠡᠮᠡᠭᠳᠡᠭᠦᠯᠦᠨ᠎ᠠ᠃ ᠲᠤᠤᠷ᠎ᠠ ᠦᠷ᠎ᠡ ᠠᠰᠢᠭᠳᠤ ᠵᠠᠷᠤᠯᠭ᠎ᠠ ᠶᠢ ᠪᠠᠭᠠᠰᠬᠠᠵᠤ᠂ ᠡᠳ᠋ ᠤᠨ ᠵᠠᠰᠠᠭ ᠤᠨ ᠨᠦᠭᠡᠴᠠ ᠪᠡᠯᠡ | ᠮᠦᠩᠭᠦ ᠶᠢ ᠪᠦᠳᠦᠮᠵᠢᠳᠡᠢ ᠪᠠᠷ ᠪᠤᠳᠠᠳᠤ ᠡᠷᠬᠢᠯᠳᠠ ᠳᠤ ᠤᠷᠤᠭᠤᠯᠤᠨ᠎ᠠ᠃ | ︵ᠨᠠᠢᠮᠠ︶ ᠠᠷᠠᠳ ᠤᠨ ᠠᠮᠢᠳᠤᠷᠠᠯ ᠤᠨ ᠬᠢᠷᠢ ᠳᠦᠪᠰᠢᠨ ᠢ ᠪᠠᠳᠤᠯᠠᠨ ᠰᠠᠶᠢᠵᠢᠷᠠᠭᠤᠯᠤᠨ᠎ᠠ᠃ | ᠠᠵᠢᠯ ᠤᠯᠭᠤᠯᠳᠠ ᠶᠢ ᠲᠤᠭᠳᠠᠭᠤᠨ ᠢᠶᠠᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ᠂ ᠮᠠᠯᠵᠢᠬᠤ ᠣᠷᠣᠨ ᠤ ᠢᠯᠡᠭᠦᠦ ᠬᠦᠳᠡᠯᠮᠦᠷᠢ ᠬᠦᠴᠦᠨ᠂ ᠠᠵᠢᠯ ᠣᠯᠬᠤ ᠳᠤ ᠬᠦᠴᠢᠷ | ᠲᠠᠢ ᠬᠦᠮᠦᠰ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠥᠮᠥᠰ ᠲᠤ ᠠᠵᠢᠯ | ᠣᠯᠭᠤᠬᠤ ᠠᠵᠢᠯ ᠢ ᠨᠢᠭᠡᠳᠦᠯᠳᠡᠢ ᠳᠦᠯᠦᠪᠯᠡᠨ ᠰᠠᠶᠢᠲᠤᠷ ᠬᠢᠵᠦ᠂ ᠠᠵᠢᠯ ᠠᠯᠳᠠᠬᠤ ᠳᠦᠭᠰᠢᠬᠦᠷᠢ ᠶᠢ ᠰᠡᠷᠭᠡᠶᠢᠯᠡᠨ᠎ᠡ᠃ | ᠠᠵᠤ ᠠᠬᠤᠶᠢᠯᠠᠯ ᠤᠨ ᠠᠵᠢᠯᠴᠢᠨ ᠭᠡᠷᠡᠭᠰᠡᠭᠦ ᠬᠡᠷᠡᠭᠴᠡᠭᠡ ᠱᠠᠭᠠᠷᠳᠠᠯᠭ᠎ᠠ ᠳᠤ ᠴᠢᠭᠯᠡᠬᠦᠯᠦᠨ᠂ ᠠᠵᠢᠯ ᠮᠡᠷᠭᠡᠵᠢᠯ ᠤᠨ | ᠪᠤᠯᠪᠠᠰᠤᠷᠠᠯ ᠦᠷᠨᠢᠬᠦᠯᠦᠨ᠎ᠡ᠃ ᠲᠤᠰᠬᠠᠢ ᠠᠵᠢᠯᠴᠢᠨ ᠡᠯᠰᠡᠬᠦ ᠬᠤᠷᠠᠯ ᠢ ᠵᠤᠬᠢᠶᠠᠨ ᠪᠠᠶᠢᠭᠤᠯᠵᠤ᠂ ᠠᠵᠢᠯᠴᠢᠨ ᠡᠯᠰᠡᠬᠦ | ᠪᠠᠶᠢᠭᠤᠯᠭ᠎ᠠ ᠪᠠ ᠡᠯ᠎ᠡ ᠳᠦᠷᠦᠯ ᠤᠨ ᠴᠢᠳᠠᠪᠤᠷᠢᠳᠠᠨ ᠳᠤ ᠲᠠᠪᠴᠠᠩ ᠬᠠᠩᠭᠠᠵᠦ ᠥᠭᠬᠦᠨ᠎ᠡ᠃ 3000 ᠠᠵᠢᠯ ᠤᠨ | ᠪᠠᠶᠢᠷᠢ ᠶᠢ ᠴᠤᠭᠯᠠᠭᠤᠯᠬᠤ ᠪᠠᠷ ᠳᠦᠯᠦᠪᠯᠡᠵᠦ᠂ ᠬᠤᠲᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠳ ᠤᠨ | ᠨᠤᠷᠮ᠎ᠠ ᠶᠢ 3.5% ᠶᠢᠨ ᠳᠤᠳᠤᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠵᠡᠷᠭᠡ | ᠠᠷᠠᠳ ᠲᠤ ᠠᠰᠢᠭ ᠬᠦᠷᠳᠡᠭᠡᠬᠦ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠰᠢᠨ᠎ᠡ ᠶᠢ | ᠡᠭᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠤᠨ ᠳᠠᠪᠴᠠᠩ ᠢ ᠪᠦᠳᠦᠮᠵᠢᠳᠠᠢ ᠠᠰᠢᠭᠯᠠᠨ᠂ ᠦᠢᠯᠡᠰ | ᠪᠤᠰᠬᠠᠬᠤ ᠪᠠᠷ ᠠᠵᠢᠯ ᠤᠯᠭᠤᠯᠳᠠ ᠶᠢ ᠲᠠᠶᠢᠴᠢᠯᠠᠨ᠎ᠠ᠃ | ᠰᠤᠷᠭᠠᠨ ᠬᠦᠮᠦᠵᠢᠯ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ︽ᠰᠢᠨ᠎ᠡ ᠴᠠᠭ ᠦᠶ᠎ᠡ ᠶᠢᠨ ᠪᠠᠭᠰᠢ ᠶᠢᠨ | ᠡᠩᠨᠡᠭᠡᠨ ᠤ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠲᠤᠬᠠᠢ ᠰᠠᠨᠠᠯ︾ ᠪᠠ ︽ | ᠦᠨᠳᠤᠰᠦᠨ ᠰᠤᠷᠭᠠᠨ ᠭᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠯᠢᠳᠡᠭ ᠰᠤᠷᠭᠠᠨ ᠬᠦᠮᠦᠵᠢᠯ ᠤᠨ | ᠡᠬᠢ ᠪᠠᠶᠠᠯᠢᠭ ᠤᠨ ᠬᠠᠩᠭᠠᠯᠭ᠎ᠠ ᠶᠢ ᠴᠢᠷᠮᠠᠶᠢᠨ ᠦᠷᠭᠡᠳᠬᠡᠵᠦ᠂ ᠰᠤᠷᠭᠠᠭᠤᠯᠢ ᠡᠷᠬᠢᠯᠡᠬᠦ ᠬᠢᠷᠢ ᠳᠦᠪᠰᠢᠨ ᠪᠠ ᠵᠢᠭᠠᠨ | ᠰᠤᠷᠭᠠᠯᠳᠠ ᠶᠢᠨ ᠶᠠᠰᠤ ᠴᠢᠨᠠᠷ ᠢ ᠮᠡᠳᠡᠭᠳᠡᠭᠦᠶᠢᠴᠡ ᠲᠡᠭᠡᠭᠰᠢᠯᠡᠭᠦᠯᠦᠨ᠎ᠠ᠃ ᠰᠤᠷᠭᠠᠭᠤᠯᠢ ᠶᠢᠨ ᠰᠠᠭᠤᠷᠢ | ᠳᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠲᠠᠮᠢᠷ ᠤᠨ ᠲᠠᠯᠠᠪᠠᠢ ᠵᠡᠷᠭᠡ 3 ᠦᠷᠭᠦᠯᠵᠢᠯᠡᠨ ᠪᠠᠶᠢᠭᠤᠯᠬᠤ ᠳᠦᠷᠦᠯ ᠵᠦᠢᠯ ᠢ ᠠᠬᠢᠭᠤᠯᠵᠦ᠂ 5 | ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠤᠨ ᠭᠠᠯ ᠤᠨᠲᠠᠷᠠᠭᠠᠬᠤ ᠳᠦᠬᠦᠭᠡᠷᠦᠮᠵᠢ ᠶᠢ ᠦᠭᠡᠷᠡᠴᠢᠯᠡᠬᠦ᠂ | ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠮᠤᠩᠭᠤᠯ ᠦᠨᠳᠦᠰᠦᠳᠡᠨ ᠤ | ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ᠂ ᠮᠣᠩᠭᠤᠯ ᠦᠨᠳᠦᠰᠦᠳᠡᠨ ᠤ ᠨᠢᠭᠡᠳᠦᠭᠡᠷ | ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠦ᠂ ᠳᠦᠷᠪᠡᠳᠦᠭᠡᠷ ᠪᠠᠭ᠎ᠠ ᠰᠤᠷᠭᠠᠭᠤᠯᠢ ᠶᠢᠨ | ᠭᠦᠳᠡᠯᠭᠡᠭᠡᠨ ᠤ ᠲᠠᠯᠠᠪᠠᠢ ᠶᠢ ᠵᠠᠰᠠᠨ ᠦᠭᠡᠷᠡᠴᠢᠯᠡᠵᠦ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ | ᠲᠠᠮᠢᠷ ᠤᠨ ᠲᠠᠯᠠᠪᠠᠢ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠪᠠᠶᠢᠭᠤᠯᠤᠯᠳᠠ ᠶᠢᠨ ᠪᠡᠯᠡᠳᠬᠡᠯ | ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ ᠪᠠᠭᠰᠢ ᠶᠢᠨ ᠡᠩᠨᠡᠭᠡ ᠶᠢ ᠵᠤᠬᠢᠰᠳᠠᠢ ᠲᠤᠬᠢᠷᠠᠭᠤᠯᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠤᠷᠤᠨ ᠲᠤᠭᠠᠨ ᠤ ᠪᠤᠰᠤ ᠪᠠᠭᠰᠢ ᠶᠢ 168 ᠨᠡᠷ᠎ᠡ ᠡᠯᠰᠡᠨ᠎ᠡ᠃ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠰᠤᠯᠢᠯᠴᠠᠭ᠎ᠠ ᠶᠢ ᠦᠷᠨᠢᠬᠦᠯᠦᠨ᠎ᠡ᠃ | ︽ᠨᠡᠷᠡᠳᠤ ᠪᠠᠭᠰᠢ ᠶᠢᠨ ᠠᠵᠢᠯᠯᠠᠬᠤ ᠦᠷᠦᠬᠡ︾ ᠶᠢ ᠪᠠᠶᠢᠭᠤᠯᠵᠦ᠂ ᠨᠢᠭᠡ ᠡᠩᠨᠡᠭᠡ ᠵᠢᠱᠢᠶ᠎ᠡ ᠦᠵᠡᠬᠦᠯᠬᠦ | ᠦᠢᠯᠡᠳᠦᠯ ᠢᠶᠠᠷ ᠴᠢᠩᠭ᠎ᠠ ᠨᠡᠷᠡᠳᠤ ᠪᠠᠭᠰᠢ ᠶᠢᠨ ᠪᠦᠯᠬᠦᠮ ᠢ ᠪᠠᠶᠢᠭᠤᠯᠤᠨ᠎ᠠ᠃ | ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠡᠮ ᠡᠮᠨᠡᠯᠭᠡ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠬᠦᠯᠵᠦ᠂ ᠱᠠᠳᠤ ᠬᠤᠪᠢᠶᠠᠨ | ᠤᠨᠤᠰᠢᠯᠠᠨ ᠡᠮᠨᠡᠭᠦ ᠳᠦᠷᠢᠮ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠮᠨᠡᠯᠭᠡ ᠶᠢᠨ ᠬᠤᠯᠪᠤᠭᠠᠯᠠᠭᠰᠠᠨ | ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠳᠡᠭᠡᠳᠤ ᠱᠠᠳᠤᠨ ᠤ ᠡᠮᠨᠡᠯᠭᠡ ᠶᠢᠨ ᠬᠤᠷᠢᠶ᠎ᠡ ᠲᠠᠢ ᠭᠦᠨᠵᠡᠭᠡᠢ | ᠬᠤᠷᠰᠢᠨ᠂ ᠠᠯᠤᠰ ᠡᠵᠡᠮᠰᠢᠯ ᠢᠶᠠᠷ ᠤᠨᠤᠰᠢᠯᠠᠬᠤ ᠠᠭᠤᠯᠭ᠎ᠠ ᠪᠠ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ | ᠡᠮᠴᠢᠯᠡᠭᠡᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠡᠮ | ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠦᠨ᠎ᠡ᠃ 5 ᠰᠤᠮᠤ ᠪᠠᠯᠭᠠᠰᠤᠨ ᠤ ᠡᠷᠡᠬᠦᠯ | ᠬᠠᠮᠠᠭᠠᠯᠠᠯ ᠤᠨ ᠬᠤᠷᠢᠶ᠎ᠡ ᠪᠠ 4 ᠡᠷᠡᠬᠦᠯ ᠬᠠᠮᠠᠭᠠᠯᠠᠯ ᠤᠨ ᠬᠤᠷᠢᠶᠠᠨ ᠤ ᠪᠠᠶᠢᠷᠢ ᠶᠢ ᠰᠢᠨ᠎ᠡ ᠪᠠᠷ ᠪᠠᠶᠢᠭᠤᠯᠬᠤ ᠪᠠᠷ | ᠲᠦᠯᠦᠪᠯᠡᠨ᠂ ᠨᠡᠶᠢᠭᠡᠮ ᠠᠴᠠ 53 ᠨᠡᠷ᠎ᠡ ᠡᠷᠡᠬᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠠᠵᠢᠯᠳᠠᠨ ᠡᠯᠰᠡᠨ᠎ᠡ᠃ | ᠮᠤᠩᠭᠤᠯ ᠡᠮ ᠡᠮᠨᠡᠯᠭᠡ ᠶᠢ ᠬᠦᠭᠵᠢᠬᠦᠯᠦᠨ ᠮᠠᠨᠳᠤᠭᠤᠯᠬᠤ ᠳᠦᠯᠦᠪᠵᠢᠬᠦᠯᠭᠡ ᠶᠢ ᠭᠡᠷᠡᠭᠵᠢᠭᠦᠯᠦᠨ᠂ ᠮᠤᠩᠭᠤᠯ ᠡᠮ | ᠨᠠᠶᠢᠷᠠᠬᠤ ᠲᠠᠰᠤᠭ ᠢ ᠠᠰᠢᠭᠯᠠᠯᠳᠠ ᠳᠤ ᠤᠷᠤᠭᠤᠯᠵᠦ᠂ ᠦᠨᠳᠦᠰᠦᠨ ᠱᠠᠳᠤᠨ ᠤ ︽ᠮᠤᠩᠭᠤᠯ ᠡᠮᠨᠡᠯᠭᠡ ᠶᠢᠨ ᠭᠠᠵᠠᠷ︾ | ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠭᠡ ᠨᠢᠯᠬᠠᠰ ᠤᠨ ᠡᠷᠡᠭᠦᠯᠵᠢᠯ ᠲᠦᠯᠦᠪᠯᠡᠭᠡᠳᠦ ᠦᠷᠡᠵᠢᠯ ᠤᠨ | ᠤᠶᠢᠯᠡᠴᠢᠯᠡᠭᠡᠨ ᠤ ᠲᠦᠪ ᠤᠨ ᠶᠡᠷᠦᠩᠭᠡᠶᠢᠯᠡᠭᠰᠡᠨ ᠠᠰᠠᠷ ᠤᠨ ᠪᠠᠷᠢᠯᠭ᠎ᠠ ᠶᠢ ᠠᠰᠢᠭᠯᠠᠯᠳᠠ ᠳᠤ ᠤᠷᠤᠭᠤᠯᠤᠨ᠎ᠠ᠃ | ᠡᠮᠨᠡᠬᠦ ᠰᠤᠪᠢᠯᠠᠬᠤ ᠶᠢ ᠤᠶᠠᠯᠳᠤᠭᠤᠯᠵᠦ᠂ ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠤᠨ ᠨᠠᠰᠤᠳᠠᠨ ᠢ ᠠᠰᠠᠷᠠᠬᠤ | ᠰᠢᠰᠲ᠋ᠧᠮ ᠢ ᠳᠡᠭᠦᠯᠳᠡᠷᠵᠢᠬᠦᠯᠦᠨ᠎ᠡ᠃ ᠡᠷᠡᠬᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠳᠦᠭᠡᠯ ᠢᠶᠠᠨ ᠦᠷᠭᠦᠯᠵᠢᠯᠡᠨ ᠪᠠᠳᠤᠳᠬᠠᠵᠦ᠂ ᠤᠷᠴᠢᠨ ᠳᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ | ᠠᠵᠢᠯᠯᠠᠭ᠎ᠠ ᠶᠢ ᠦᠷᠨᠢᠬᠦᠯᠦᠨ᠎ᠡ᠃ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠨᠡᠶᠢᠭᠡᠮ ᠤᠨ | ᠪᠠᠳᠤᠯᠠᠭ᠎ᠠ ᠶᠢᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠬᠠᠤᠯᠢ ᠳᠤ ᠲᠤᠭᠳᠠᠭᠠᠭᠰᠠᠨ ᠠᠵᠢᠯ | ᠠᠴᠠ ᠠᠮᠠᠷᠠᠬᠤ ᠨᠠᠰᠤ ᠨᠢ 10 ᠵᠢᠯ ᠭᠦᠷᠭᠦ ᠦᠭᠡᠢ ᠪᠠᠶᠢᠳᠠᠯ ᠳᠤ ᠠᠵᠢᠯ ᠠᠯᠳᠠᠭᠰᠠᠨ ᠠᠵᠢᠯᠳᠠᠳ ᠲᠤ ᠨᠡᠶᠢᠭᠡᠮ ᠤᠨ | ᠳᠠᠭᠠᠳᠬᠠᠯ ᠤᠨ ᠨᠦᠬᠦᠪᠦᠷᠢ ᠤᠯᠭᠤᠨ᠎ᠠ᠃ ᠴᠠᠯᠢᠩ ᠭᠦᠯᠦᠰᠦ ᠦᠷᠢᠳᠦᠭᠦ ᠠᠵᠢᠯᠯᠠᠭ᠎ᠠ ᠶᠢ ᠵᠠᠰᠠᠬᠤ ᠪᠠ ᠴᠠᠯᠢᠩ | ᠭᠦᠯᠦᠰᠦ ᠪᠠᠨ ᠤᠯᠬᠤ ᠶᠢ ᠪᠠᠳᠤᠯᠠᠬᠤ ᠠᠵᠢᠯ ᠤᠨ ᠲᠤᠭᠳᠠᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ︽ | ᠬᠤᠶᠠᠷ ᠳᠦᠷᠦᠯ ᠤᠨ ᠴᠠᠯᠢᠩ ᠭᠦᠯᠦᠰᠦ ᠶᠢ ᠪᠠᠳᠤᠯᠠᠬᠤ ᠪᠡᠯᠡ ᠮᠦᠩᠭᠦ ᠪᠠ ᠭᠤᠷᠪᠠᠨ ᠬᠠᠷᠢᠭᠤᠴᠠᠬᠤ ᠲᠦᠷᠢᠮ︾ ᠢ | ᠴᠢᠩᠭ᠎ᠠ ᠨᠠᠶᠢᠳᠠᠪᠤᠷᠢᠵᠢᠭᠤᠯᠤᠨ᠂ ᠭᠦᠯᠦᠰᠦᠨ ᠠᠵᠢᠯᠳᠠᠨ ᠤ ᠴᠠᠯᠢᠩ ᠭᠦᠯᠦᠰᠦ ᠦᠷᠢᠳᠦᠭᠦ ᠠᠰᠠᠭᠤᠳᠠᠯ ᠢ ᠪᠦᠭᠦ | ᠲᠠᠯ᠎ᠠ ᠪᠠᠷ ᠵᠠᠰᠠᠬᠤ ᠤᠷᠳᠤ ᠬᠤᠭᠤᠴᠠᠭᠠᠨ ᠤ ᠲᠤᠭᠳᠠᠴᠠ ᠶᠢ ᠲᠡᠭᠦᠯᠳᠡᠷᠵᠢᠭᠦᠯᠦᠨ᠎ᠠ᠃ ᠮᠠᠯᠵᠢᠬᠤ ᠤᠷᠤᠨ ᠤ | ᠨᠠᠰᠤᠵᠢᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠵᠦ᠂ ᠨᠠᠰᠤᠵᠢᠯ ᠤᠨ ᠪᠠᠶᠢᠭᠤᠯᠤᠮᠵᠢ ᠶᠢᠨ ︽ | ᠠᠯᠪᠠᠨ ᠠᠴᠠ ᠪᠠᠶᠢᠭᠤᠯᠤᠨ ᠠᠷᠠᠳ ᠠᠴᠠ ᠡᠵᠡᠩᠨᠡᠬᠦ︾ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠦᠨ᠎ᠡ᠃ | ᠳᠦᠭᠦᠮ ᠪᠦᠳᠦᠴᠡᠳᠤ ᠤᠷᠤᠨ ᠰᠠᠭᠤᠴᠠ ᠶᠢ ᠦᠭᠡᠷᠡᠴᠢᠯᠡᠬᠦ ᠠᠵᠢᠯ ᠤᠨ ᠪᠡᠯᠡ ᠬᠤᠷᠠᠮᠳᠤᠭᠤᠯᠬᠤ ᠳᠦᠷᠦ ᠶᠢᠨ | ᠪᠤᠳᠤᠯᠭ᠎ᠠ ᠶᠢᠨ ᠲᠤᠬᠢᠷᠠᠭᠤᠯᠤᠯᠳᠠ ᠲᠠᠢ ᠵᠤᠬᠢᠴᠠᠭᠤᠯᠵᠦ᠂ ᠳᠦᠭᠦᠮ ᠪᠦᠳᠦᠴᠡᠳᠤ ᠤᠷᠤᠨ ᠰᠠᠭᠤᠴᠠ ᠶᠢᠨ | ᠳᠤᠭᠤᠷᠢᠭ ᠤᠨ 500 ᠭᠡᠷ ᠢ ᠦᠭᠡᠷᠡᠴᠢᠯᠡᠨ ᠰᠠᠶᠢᠵᠢᠷᠠᠭᠤᠯᠬᠤ ᠪᠠᠷ ᠴᠢᠷᠮᠠᠶᠢᠨ᠎ᠠ᠃ ᠤᠷᠤᠨ ᠰᠠᠭᠤᠴᠠ ᠶᠢᠨ ᠥᠯᠥ | ᠬᠦᠳᠡᠯᠬᠦ ᠬᠦᠷᠦᠩᠬᠡ ᠶᠢᠨ ᠦᠨᠡᠮᠯᠡᠯ ᠢ ᠭᠦᠢᠴᠡᠳᠬᠡᠬᠦ ᠠᠵᠢᠯ ᠤᠨ ᠦᠯᠡᠳᠡᠭᠳᠡᠯ ᠠᠰᠠᠭᠤᠳᠠᠯ ᠢ ᠳᠦᠷᠭᠡᠨ | ᠰᠢᠢᠳᠪᠦᠷᠢᠯᠡᠵᠦ᠂ ᠵᠢᠯ ᠤᠨ ᠡᠴᠦᠰ ᠠᠴᠠ ᠡᠮᠦᠨ᠎ᠡ ᠦᠨᠳᠦᠰᠦᠨ ᠳᠡᠭᠡᠨ ᠰᠢᠢᠳᠪᠤᠷᠢᠯᠡᠬᠦ ᠶᠢ ᠪᠠᠳᠤᠯᠠᠨ᠎ᠠ᠃ ᠪᠠᠯᠭᠠᠷ | ᠭᠤᠣᠯ ᠢ ᠭᠠᠳᠤᠯᠬᠤ ᠶᠡᠷᠤᠩᠬᠡᠶᠢᠯᠡᠭᠰᠡᠨ ᠬᠤᠩᠬᠢᠯ ᠢ ᠪᠠᠶᠢᠭᠤᠯᠵᠦ᠂ ᠳᠦᠪᠯᠡᠷᠡᠬᠦᠯᠦᠨ ᠤᠰᠤ ᠳᠤᠯᠠᠭᠠᠯᠠᠭ᠎ᠠ ᠬᠠᠩᠭᠠᠬᠤ | ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠵᠤᠶᠢᠯ ᠤᠨ ᠤᠶᠢᠯᠡᠴᠢᠯᠡᠬᠦ ᠭᠡᠪᠴᠢᠶ᠎ᠠ ᠶᠢ ᠦᠷᠭᠡᠳᠬᠡᠨ᠎ᠡ᠃ | ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠢ ᠵᠠᠰᠠᠨ ᠦᠭᠡᠷᠡᠴᠢᠯᠡᠬᠦ ᠠᠵᠢᠯ ᠢ ᠡᠮᠬᠢ ᠴᠡᠭᠴᠡ ᠲᠠᠢ ᠠᠬᠢᠭᠤᠯᠵᠦ᠂ | ︽ᠭᠡᠷ ᠭᠦᠷᠢᠶᠠᠨ ᠤ ᠬᠠᠮᠢᠶᠠᠷᠤᠯᠳᠠ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠣᠨ︾ ᠤ | ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠤᠯᠤᠰ ᠤᠨ ᠳᠡᠰ ᠤᠨ ᠴᠡᠴᠡᠷᠯᠢᠭᠳᠦ ᠰᠢᠶᠠᠨ ᠬᠤᠰᠢᠭᠤ ᠶᠢ ᠴᠤᠭᠴᠠᠯᠠᠨ | ᠪᠠᠶᠢᠭᠤᠯᠬᠤ ᠳᠤ ᠨᠦᠬᠦᠴᠡᠯ ᠪᠦᠷᠢᠯᠳᠦᠬᠦᠯᠦᠨ᠎ᠡ᠃ | ᠪᠤᠯᠪᠠᠰᠤᠨ ᠪᠠᠷᠠᠭᠤᠨ ᠦᠵᠦᠮᠦᠴᠢᠨ ᠬᠤᠰᠢᠭᠤ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠶᠠᠷᠢᠶ᠎ᠠ ᠬᠡᠯᠡᠯᠴᠡᠭᠡᠨ ᠤ ᠡᠷᠬᠡ ᠶᠢ ᠪᠠᠲᠥ ᠡᠵᠡᠮᠰᠢᠵᠦ᠂ | ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠨ᠎ᠡ᠃ ᠡᠷᠭᠡᠳᠦ ᠠᠷᠠᠳ ᠤᠨ ᠶᠤᠰᠤ ᠰᠤᠷᠳᠠᠬᠤᠨ ᠤ | ᠪᠠᠶᠢᠭᠤᠯᠤᠯᠳᠠ ᠶᠢᠨ ᠢᠨᠵᠧᠨᠧᠷᠢᠩ ᠢ ᠭᠦᠨᠵᠡᠭᠡᠢ ᠭᠡᠷᠡᠭᠵᠢᠭᠦᠯᠵᠤ᠂ ᠪᠤᠯᠪᠠᠰᠤᠨ ᠭᠡᠷ ᠪᠦᠯᠢ ᠶᠢ ᠪᠠᠶᠢᠭᠤᠯᠤᠨ᠂ ᠰᠢᠨ᠎ᠠ | ᠭᠡᠪ ᠰᠤᠷᠳᠠᠯ ᠢ ᠪᠠᠳᠠᠷᠠᠭᠤᠯᠵᠤ᠂ ᠨᠡᠶᠢᠭᠡᠮ ᠤᠨ ᠪᠤᠯᠪᠠᠰᠤᠨ ᠤ ᠭᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠠ᠃ | ᠤᠯᠠᠭᠠᠨᠮᠦ᠋ᠴᠢᠷ ᠤᠨ ᠠᠵᠢᠯ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠵᠦ᠂ ᠤᠯᠠᠭᠠᠨᠮᠦ᠋ᠴᠢᠷ ᠤᠨ | ᠤᠷᠠᠯᠢᠭ ᠤᠨ ᠲᠥᠪ ᠢ ᠡᠬᠢᠯᠡᠬᠦᠯᠦᠨ ᠪᠠᠶᠢᠭᠤᠯᠤᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ | ᠢᠨᠵᠧᠨᠧᠷᠢᠩ ᠢ ᠭᠦᠨᠵᠡᠭᠡᠢ ᠬᠡᠷᠡᠭᠵᠢᠬᠦᠯᠵᠦ᠂ ︽ᠵᠠᠭᠤᠨ ᠪᠦᠯᠬᠦᠮ ᠮᠢᠩᠭᠠᠨ ᠲᠠᠯᠠᠪᠠᠢ︾ ᠦᠨᠳᠦᠰᠦᠨ ᠱᠠᠳᠤᠨ ᠳᠤ | ᠪᠠᠭᠤᠵᠦ ᠲᠤᠭᠯᠠᠯᠳᠠ ᠭᠠᠷᠭᠠᠬᠤ ᠠᠵᠢᠯᠯᠠᠭ᠎ᠠ ᠶᠢ ᠰᠠᠶᠢᠳᠤᠷ ᠦᠷᠨᠢᠬᠦᠯᠦᠨ᠎ᠡ᠃ ᠬᠠᠮ ᠵᠠᠭᠤᠴᠢᠯᠠᠭᠤᠷ ᠤᠨ ᠲᠥᠪ ᠤᠨ | ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠦ᠂ ᠨᠡᠶᠢᠭᠡᠮ ᠠᠴᠠ ᠤᠷᠤᠨ ᠲᠣᠭᠠᠨ ᠤ ᠪᠤᠰᠤ ᠠᠵᠢᠯᠳᠠᠨ 22 ᠨᠡᠷ᠎ᠡ | ᠡᠯᠰᠡᠨ᠎ᠠ᠃ ᠤᠯᠠᠨ ᠨᠡᠶᠢᠲᠡ ᠶᠢᠨ ᠨᠣᠮ ᠤᠨ ᠰᠠᠩ᠂ ᠰᠤᠶᠤᠯ ᠤᠨ ᠤᠷᠳᠤᠨ ᠢ ᠶᠡᠷᠤᠩᠬᠡᠢ ᠬᠤᠪᠢ ᠪᠠᠷ ᠵᠠᠬᠢᠷᠬᠤ | ᠦᠭᠡᠷᠡᠴᠢᠯᠡᠯᠳᠡ ᠶᠢ ᠠᠬᠢᠭᠤᠯᠵᠦ᠂ ᠲᠤᠭᠠᠴᠢᠯᠠᠭᠰᠠᠨ ᠰᠤᠶᠤᠯ ᠤᠨ ᠦᠢᠯᠡᠴᠢᠯᠡᠭᠡᠨ ᠤ ᠬᠢᠷᠢ ᠳᠦᠪᠰᠢᠨ ᠢ | ᠳᠡᠭᠡᠭᠰᠢᠯᠡᠬᠦᠯᠦᠨ᠎ᠡ᠃ ᠲᠠᠮᠢᠷ ᠤᠨ ᠦᠢᠯᠡᠰ ᠢ ᠬᠦᠭᠵᠢᠬᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠮᠢᠷ ᠤᠨ | ᠤᠷᠳᠤᠨ ᠤ ᠳᠦᠷᠦᠯ ᠵᠦᠢᠯ ᠤᠨ ᠪᠠᠶᠢᠭᠤᠯᠤᠯᠳᠠ ᠶᠢ ᠪᠡᠶᠡᠯᠡᠬᠦᠯᠦᠨ᠎ᠡ᠃ | ᠠᠮᠤᠭᠤᠯᠠᠩ ᠪᠠᠷᠠᠭᠤᠨ ᠦᠵᠦᠮᠦᠴᠢᠨ ᠬᠤᠰᠢᠭᠤ ᠶᠢ ᠪᠠᠶᠢᠭᠤᠯᠤᠨ᠎ᠠ᠃ ᠨᠡᠶᠢᠭᠡᠮ ᠤᠨ ᠵᠠᠰᠠᠯᠳᠠ ᠶᠢ | ᠴᠢᠩᠭᠠᠳᠬᠠᠬᠤ ᠪᠠ ᠰᠢᠨᠡᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠳᠠ ᠶᠢ ᠠᠬᠢᠭᠤᠯᠤᠨ | ᠂ ᠨᠡᠶᠢᠭᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠰᠢᠢᠳᠪᠤᠷᠢᠯᠡᠵᠤ᠂ ᠤᠯᠠᠨ ᠲᠦᠮᠡᠨ ᠤ ᠵᠦᠢ ᠶᠤᠰᠤᠨ ᠤ | ᠭᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠤᠷᠢᠯᠡᠨ᠎ᠠ᠃ ᠬᠠᠷ᠎ᠠ ᠪᠦᠯᠦᠭ ᠬᠠᠷᠬᠢᠰ ᠭᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠭᠦᠨᠵᠡᠭᠡᠢ ᠠᠬᠢᠭᠤᠯᠤᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠠᠴᠠ ᠵᠦᠷᠢᠴᠡᠭᠰᠡᠨ | ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠷᠠᠳ ᠲᠦᠮᠡᠨ ᠤ ᠠᠮᠤᠷ ᠲᠠᠶᠢᠪᠤᠩ ᠠᠮᠢᠳᠤᠷᠠᠯ ᠢ | ᠬᠠᠮᠠᠭᠠᠯᠠᠨ᠎ᠠ᠃ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ | ᠤᠯᠠᠨ ᠲᠦᠮᠡᠨ ᠤ ᠠᠮᠢ ᠨᠠᠰᠤ ᠡᠷᠡᠭᠦᠯ ᠴᠢᠬᠢᠷᠠᠭ ᠤᠨ ᠠᠮᠤᠷ ᠲᠦᠪᠰᠢᠨ ᠤ ᠰᠡᠷᠭᠡᠶᠢᠯᠡᠯᠳᠠ ᠶᠢᠨ ᠱᠣᠭᠤᠮ ᠢ ᠪᠠᠳᠤ | ᠰᠠᠬᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠪᠠ ᠭᠠᠮᠰᠢᠭ ᠢ ᠰᠡᠷᠭᠡᠶᠢᠯᠡᠨ ᠬᠤᠬᠢᠷᠠᠯ ᠢ | ᠪᠠᠭᠠᠰᠬᠠᠬᠤ ᠲᠤᠭᠳᠠᠴᠠ ᠶᠢ ᠪᠦᠷᠢᠨᠰᠢᠭᠦᠯᠦᠨ᠂ ᠠᠶᠤᠯ ᠲᠦᠭᠰᠢᠭᠦᠷᠢ ᠶᠢ ᠡᠵᠡᠮᠳᠡᠨ ᠬᠠᠮᠢᠶᠠᠷᠬᠤ᠂ ᠤᠷᠢᠳᠴᠢᠯᠠᠨ | ᠰᠡᠷᠡᠮᠵᠢᠯᠡᠭᠦᠯᠵᠤ ᠤᠷᠢᠳᠴᠢᠯᠠᠨ ᠰᠡᠷᠭᠡᠶᠢᠯᠡᠭᠦ ᠪᠠ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠪᠠᠶᠢᠭᠤᠯᠤᠯᠳᠠ ᠶᠢ | ᠴᠢᠩᠭᠠᠳᠬᠠᠵᠤ᠂ ᠭᠡᠨᠡᠳᠳᠠ ᠶᠢᠨ ᠪᠠᠴᠢᠮ ᠭᠡᠷᠡᠭ ᠶᠠᠪᠤᠳᠠᠯ ᠢ ᠠᠷᠭᠠᠴᠠᠭᠠᠵᠦ ᠰᠢᠢᠳᠪᠤᠷᠢᠯᠡᠭᠦ ᠴᠢᠳᠠᠪᠤᠷᠢ ᠪᠤᠯᠤᠨ | ᠪᠠᠳᠤᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠪᠦᠬᠦ ᠠᠷᠠᠳ ᠲᠤ ᠬᠠᠤᠯᠢ ᠳᠦᠭᠡᠮᠡᠯᠵᠢᠬᠦᠯᠬᠦ ᠬᠦᠮᠦᠵᠢᠯ ᠢ | ᠴᠢᠩᠭᠠᠳᠬᠠᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠬᠦᠯᠦᠨ᠎ᠡ᠃ | ᠡᠮᠡᠭᠳᠡᠶᠢᠴᠦᠳ᠂ ᠭᠡᠤᠭᠡᠳ᠂ ᠨᠠᠰᠤᠳᠠᠶᠢᠴᠤᠳ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠨ᠎ᠠ᠃ | ︵ᠶᠢᠰᠦ︶ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠪᠠᠷᠢᠮᠳᠠᠯᠠᠨ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠮᠦᠷᠦᠭᠡᠳᠦᠯ ᠢᠶᠠᠷ ᠲᠡᠮᠡᠴᠡᠯ ᠤᠨ ᠬᠠᠷᠠᠯᠲᠠ ᠪᠠᠨ ᠪᠤᠯᠭᠠᠵᠤ᠂ ︽ᠳᠦᠷᠪᠡᠨ ᠦᠵᠡᠯ | ᠤᠬᠠᠮᠰᠠᠷ︾ ᠢ ᠪᠠᠲᠤ ᠪᠠᠬᠢ ᠪᠤᠢ ᠪᠤᠯᠭᠠᠨ᠂ ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ | ︾ ᠶᠢ ᠡᠷᠡᠰ ᠪᠡᠶᠡᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠡᠭᠦᠷᠭᠡᠯᠡᠨ ᠭᠦᠢᠴᠡᠳᠭᠡᠵᠤ᠂ | ᠠᠵᠢᠯ ᠳᠠᠭᠠᠨ ᠴᠢᠭᠯᠡᠯ ᠠᠯᠳᠠᠬᠤ ᠦᠭᠡᠢ᠂ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ | ᠵᠠᠰᠠᠬᠤ ᠵᠠᠮ ᠳᠤ ᠪᠦᠬᠦ ᠲᠠᠯ᠎ᠠ ᠪᠠᠷ ᠣᠷᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ | ᠪᠣᠯᠣᠨ ᠠᠵᠢᠯ ᠤᠨ ᠬᠢᠨᠠᠯᠲᠠ ᠶᠢ ᠬᠠᠤᠯᠢ ᠶᠣᠰᠤᠭᠠᠷ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ᠂ ᠨᠡᠶᠢᠭᠡᠮ ᠪᠣᠯᠣᠨ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠵᠣ ᠬᠢᠨᠠᠯᠲᠠ ᠲᠠᠯᠪᠢᠬᠤ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠤᠷᠢᠨ ᠭᠡᠷᠡᠭᠯᠡᠭᠦ ᠳᠥᠷᠢᠮ ᠢ | ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠳᠦᠭᠡᠮᠡᠯᠵᠢᠬᠦᠯᠦᠨ᠎ᠡ᠃ ᠵᠠᠰᠠᠭ ᠤᠨ ᠤᠷᠳᠤᠨ ᠤ ᠡᠭᠦᠷᠭᠡ | ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠭᠡᠨ᠂ ᠵᠠᠰᠠᠭ ᠶᠠᠪᠤᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠳᠦᠭᠦᠮ ᠳᠦᠳᠡ ᠪᠦᠭᠡᠳ ᠦᠷ᠎ᠡ ᠪᠦᠲᠦᠮᠵᠢᠲᠡᠢ᠂ ᠡᠷᠬᠡ ᠲᠡᠭᠰᠢ ᠪᠠᠷ ᠦᠷᠢᠰᠦᠯᠳᠦᠬᠦ᠂ ᠲᠣᠭᠲᠠᠭᠤᠨ ᠪᠦᠭᠡᠳ | ᠢᠯᠡ ᠲᠤᠳᠣ ᠡᠵᠡᠩᠨᠡᠯᠳᠠ ᠶᠢᠨ ᠣᠷᠴᠢᠨ ᠳᠤᠭᠤᠷᠢᠨ ᠢ ᠪᠣᠢ ᠪᠣᠯᠭᠠᠨ᠎ᠠ᠃ ᠤᠯᠠᠨ ᠨᠡᠶᠢᠲᠡ ᠶᠢᠨ ᠢᠲᠡᠭᠡᠭᠦᠯᠬᠦ | ᠬᠦᠴᠦᠨ ᠪᠣᠯᠣᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠦᠨᠡᠨᠴᠢ ᠢᠳᠡᠭᠡᠮᠵᠢᠳᠠᠢ ᠪᠠᠶᠢᠬᠤ ᠨᠡᠶᠢᠭᠡᠮ ᠤᠨ | ᠪᠠᠶᠢᠭᠤᠯᠤᠯᠲᠠ ᠳᠤ ᠳᠠᠭᠤᠷᠢᠶᠠᠯ ᠦᠵᠡᠭᠦᠯᠦᠨ᠎ᠡ᠃ | ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ︽ᠬᠤᠶᠠᠷ ᠢ ᠰᠤᠷᠤᠯᠴᠠᠵᠦ᠂ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠵᠤ᠂ ︽ᠤᠬ ᠰᠠᠨᠠᠭ᠎ᠠ ᠪᠠᠨ | ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠬᠢᠨᠠᠮᠠᠭᠠᠶ | ᠥᠷᠨᠢᠭᠦᠯᠦᠨ᠎ᠡ᠃ ᠨᠠᠮ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ | ᠪᠣᠯᠣᠨ ᠦᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠯᠪᠤᠭᠳᠠᠯ ᠪᠦᠬᠦᠢ ᠲᠤᠭᠲᠠᠭᠠᠯ ᠢ ᠴᠢᠩᠭ᠎ᠠ | ᠬᠡᠷᠡᠭᠵᠢᠭᠦᠯᠦᠨ᠎ᠡ᠃ ᠬᠠᠳᠠᠭᠤᠵᠢᠯᠳᠠᠢ ᠪᠠᠷ ᠴᠢᠷᠮᠠᠶᠢᠨ ᠠᠵᠢᠯᠯᠠᠵᠤ᠂ ᠠᠷᠪᠢᠴᠢ ᠭᠠᠮᠲᠠᠢ ᠦᠵᠡᠯ ᠰᠠᠨᠠᠭ᠎ᠠ ᠶᠢ | ᠪᠠᠳᠠᠷᠠᠭᠤᠯᠤᠨ᠂ ᠡᠩ ᠤᠨ ᠴᠢᠨᠠᠷᠳᠠᠢ ᠵᠠᠷᠤᠯᠭ᠎ᠠ ᠶᠢ ᠶᠡᠬᠡᠪᠡᠷ ᠪᠠᠭᠠᠰᠬᠠᠨ᠎ᠠ᠃ ᠠᠷᠠᠳ ᠲᠦᠮᠡᠨ ᠤ ᠲᠦᠯᠦᠭᠡ ᠠᠷᠢᠭᠤᠨ | ᠴᠢᠬᠡᠴᠢ᠂ ᠦᠨᠡᠨᠴᠢ ᠰᠢᠳᠤᠷᠭᠤ ᠪᠠᠷ ᠠᠵᠢᠯᠯᠠᠨ᠎ᠠ᠃ | ᠰᠢ ᠶᠢᠨ ᠫᠢᠩ ᠶᠡᠷᠦᠩᠭᠡᠢ ᠱᠦᠵᠢ ᠶᠢᠨ ︽ᠦᠨᠳᠤᠰᠦᠳᠠᠨ ᠤ ᠪᠦᠯᠭᠦᠮᠳᠡᠯ ᠪᠠ ᠬᠢᠯᠢ ᠬᠢᠵᠠᠭᠠᠷ ᠤᠷᠤᠨ ᠤ | ᠲᠤᠭᠳᠠᠭᠤᠨ ᠪᠠᠶᠢᠳᠠᠯ ᠢ ᠯᠠᠪᠳᠠᠭᠤᠨ ᠪᠠᠳᠤᠳᠠᠢ ᠠᠬᠢᠭᠤᠯᠬᠤ︾ ᠭᠦᠰᠡᠯ ᠨᠠᠶᠢᠳᠠᠯᠭ᠎ᠠ ᠶᠢ ᠪᠠᠳᠤ ᠴᠡᠭᠡᠵᠢᠯᠠᠵᠤ᠂ ︽ | ᠬᠠᠮᠳᠤᠪᠠᠷ ᠪᠦᠯᠭᠦᠮᠳᠡᠨ ᠲᠡᠮᠡᠴᠡᠭᠦ᠂ ᠬᠠᠮᠳᠤᠪᠠᠷ ᠴᠡᠴᠡᠭᠯᠡᠨ ᠭᠦᠭᠵᠢᠭᠦ︾ ᠭᠤᠤᠯ ᠰᠡᠳᠦᠪ ᠢ ᠪᠠᠳᠤ ᠡᠵᠡᠮᠰᠢᠨ᠂ ᠨᠠᠮ | ᠤᠨ ᠦᠨᠳᠦᠰᠦᠳᠠᠨ ᠤ ᠲᠤᠬᠠᠢ ᠲᠦᠷᠦ ᠶᠢᠨ ᠪᠤᠳᠤᠯᠭ᠎ᠠ ᠪᠠ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ | ᠪᠦᠭᠦ ᠲᠠᠯ᠎ᠠ ᠪᠠᠷ ᠲᠤᠤᠱᠯᠠᠭᠤᠯᠵᠤ᠂ ᠦᠨᠳᠤᠰᠦᠳᠠᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠢ | ᠭᠦᠨᠵᠡᠭᠡᠶᠢᠷᠡᠭᠦᠯᠦᠨ᠂ ᠡᠯ᠎ᠡ ᠦᠨᠳᠤᠰᠦᠳᠠᠨ ᠬᠠᠮᠳᠤᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ᠃ | ᠲᠥᠯᠥᠭᠡᠯᠡᠭᠴᠢᠳ ᠡ᠂ ᠪᠢᠳᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠪᠦᠭᠦ ᠬᠤᠰᠢᠭᠤᠨ ᠤ ᠠᠷᠠᠳ ᠲᠦᠮᠡᠨ ᠲᠠᠢ | ᠨᠢᠭᠲᠠᠷᠠᠨ ᠪᠦᠯᠬᠦᠮᠳᠡᠵᠦ᠂ ᠠᠷᠠᠳ ᠲᠦᠮᠡᠨ ᠢ ᠲᠦᠰᠢᠭᠯᠡᠨ᠂ ᠴᠦᠭᠦᠷᠡᠰᠢ ᠦᠭᠡᠢ ᠤᠷᠤᠭᠰᠢᠯᠠᠨ ᠲᠡᠮᠡᠴᠡᠭᠦ ᠵᠤᠷᠢᠭ | ᠰᠠᠨᠠᠭ᠎ᠠ ᠶᠢ ᠢᠮᠠᠬᠳᠠ ᠪᠠᠷᠢᠮᠳᠠᠯᠠᠵᠦ᠂ ᠵᠤᠷᠢᠭᠳᠠᠢ ᠪᠠᠷ ᠡᠭᠦᠷᠭᠡᠯᠡᠨ᠂ ᠢᠳᠡᠪᠬᠢᠳᠠᠢ ᠠᠵᠢᠯᠯᠠᠵᠦ᠂ ᠴᠢᠨᠡᠭᠡᠯᠢᠭ ᠨᠡᠶᠢᠭᠡᠮ | ᠢ ᠪᠦᠭᠦ ᠲᠠᠯ᠎ᠠ ᠪᠠᠷ ᠪᠡᠶᠡᠯᠡᠭᠦᠯᠭᠦ ᠪᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ ᠮᠦᠷᠦᠭᠡᠳᠦᠯ ᠢ | ᠪᠡᠶᠡᠯᠡᠭᠦᠯᠭᠦ ᠶᠢᠨ ᠲᠦᠯᠦᠭᠡ ᠴᠤᠴᠠᠯᠳᠠ ᠦᠭᠡᠢ ᠲᠡᠮᠡᠴᠡᠨ᠂ ᠰᠢᠯᠢᠳᠡᠭ ᠬᠢᠷᠢ ᠪᠦᠳᠦᠮᠵᠢ ᠪᠠᠷ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠬᠳᠤᠵᠠᠭᠠᠶᠠ︕ |