ᠠᠪᠠᠭ᠎ᠠ ᠬᠤᠰᠢᠭᠤᠨ ᠤ 2018 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019/3/7
—— ᠠᠪᠠᠭ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ        ᠲᠦᠯᠤᠬᠡᠯᠡᠭᠴᠢᠳ ᠤᠨ ᠶᠡᠭᠡ ᠬᠤᠷᠡᠯ ᠤᠨ ᠬᠤᠶᠠᠳᠣᠭᠠᠷ ᠤᠳᠠᠭᠠᠨ ᠤ ᠬᠤᠷᠡᠯ               ᠵᠠᠰᠠᠭ ᠤᠨ ᠤᠷᠳᠤᠨ ᠤ ᠣᠷᠣᠯᠠᠭᠴᠢ ᠬᠤᠰᠢᠭᠤ ᠲᠠᠷᠤᠭ᠎ᠠ         ᠢᠦᠢ ᠬᠠᠢ ᠴᠧᠩ                              2019 ᠤᠨ ᠤ 1 ᠰᠠᠷ᠎ᠠ ᠶᠢᠨ 5᠎ ᠤ ᠡᠳᠤᠷᠲᠦᠯᠤᠬᠡᠯᠡᠭᠴᠢᠳ ᠡ᠄     ᠤᠳᠤ ᠪᠢ ᠬᠤᠰᠢᠭᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ ᠠᠵᠢᠯ ᠤᠨ ᠢᠯᠡᠳᠬᠡᠯ ᠬᠢᠶ᠎ᠠ᠂ ᠬᠢᠨᠡᠨ ᠵᠦᠪᠯᠡᠬᠦ ᠪᠤᠯᠪᠠᠤ︕ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠠ ᠤᠷᠤᠯᠴᠠᠭᠰᠡᠨ ᠨᠦᠬᠦᠳ ᠰᠠᠨᠠᠯ ᠢᠶᠠᠨ ᠲᠡᠪᠰᠢᠬᠦᠯᠬᠦ ᠶᠢ ᠬᠦᠰᠠᠶ᠎ᠠ᠃     ᠨᠢᠬᠡ᠂ 2018 ᠣᠨ ᠤ ᠠᠵᠢᠯ ᠤᠨ ᠡᠷᠬᠢᠴᠠᠬᠦᠯᠤᠯ     ᠨᠢᠭᠡ ᠵᠢᠯ ᠤᠨ ᠲᠣᠷᠰᠢ᠂ ᠪᠢᠳᠠ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠵᠢᠴᠢ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠳᠠ ᠲᠠᠯᠪᠢᠬᠤ ᠪᠠ ᠣᠯᠣᠰ ᠲᠦᠷᠦ ᠶᠢᠨ ᠵᠦᠪᠯᠡᠯᠭᠡᠨ ᠤ ᠠᠷᠡᠳᠴᠢᠯᠡᠯᠳᠤ ᠬᠢᠨᠠᠯᠳᠠ ᠶᠢᠨ ᠲᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠪᠦᠬᠦ ᠬᠦᠴᠤᠨ ᠢᠶᠠᠷ ᠠᠵᠣ ᠦᠢᠯᠡᠰ ᠢ ᠠᠳᠬᠤᠵᠤ᠂ ᠲᠦᠷᠦᠯ ᠵᠦᠢᠯ ᠢ ᠲᠦᠷᠬᠡᠳᠬᠡᠨ᠂ ᠠᠷᠠᠳ ᠲᠤ ᠠᠰᠢᠭ ᠬᠦᠷᠳᠡᠭᠡᠵᠦ ᠡᠶ᠎ᠡ ᠵᠣᠬᠢᠴᠠᠯ ᠢ ᠠᠬᠢᠭᠤᠯᠣᠨ᠂ ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠎ ᠤᠨ ᠶᠡᠭᠡ ᠬᠤᠷᠡᠯ ᠤᠨ ᠨᠢᠭᠡᠳᠦᠭᠡᠷ ᠤᠳᠠᠭᠠᠨ ᠤ ᠬᠤᠷᠡᠯ ᠳᠤ ᠲᠣᠭᠳᠠᠭᠰᠠᠨ ᠬᠠᠷᠠᠯᠳᠠ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠦᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠲᠣᠭᠳᠠᠭᠤᠨ ᠬᠦᠭᠵᠢᠯᠳᠡ ᠶᠢ ᠠᠬᠢᠭᠤᠯᠪᠠ᠃ ᠵᠢᠱᠢᠯᠳᠠ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 32.6 ᠳ᠋ᠦᠩᠰᠢᠭᠤᠷ ᠲᠦᠬᠦᠷᠢᠭ ᠲᠤ ᠬᠦᠷᠴᠦ᠂ 6%᠎ ᠪᠠᠷ ᠨᠡᠮᠡᠭᠳᠡᠨ᠂ ᠡᠳ᠋ ᠤᠨ ᠵᠠᠰᠠᠭ ᠤᠨ ᠡᠩ ᠤᠨ ᠣᠯᠠᠨ ᠨᠡᠶᠢᠳᠡ ᠶᠢᠨ ᠲᠦᠰᠦᠪᠯᠡᠭᠰᠡᠨ ᠣᠷᠣᠯᠭ᠎ᠠ 1.65 ᠳ᠋ᠦᠩᠰᠢᠭᠤᠷ ᠲᠦᠬᠦᠷᠢᠭ ᠲᠤ ᠬᠦᠷᠴᠦ᠂ 18.1%᠎ ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠦᠷᠳᠡᠭ 12.65 ᠳ᠋ᠦᠩᠰᠢᠭᠤᠷ ᠲᠦᠬᠦᠷᠢᠭ ᠲᠤ ᠬᠦᠷᠴᠦ᠂ 8%᠎ ᠪᠠᠷ ᠨᠡᠮᠡᠭᠳᠡᠨ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠲᠡᠭᠰᠢᠳᠭᠡᠭᠰᠡᠨ ᠣᠷᠣᠯᠭ᠎ᠠ 37700 ᠲᠦᠬᠦᠷᠢᠭ ᠪᠠ 25480 ᠲᠦᠬᠦᠷᠢᠭ ᠲᠤ ᠬᠦᠷᠴᠦ᠂ ᠲᠣᠰ ᠲᠣᠰ 7.7% ᠪᠠ 8 %᠎ ᠪᠠᠷ ᠨᠡᠮᠡᠭᠳᠡᠵᠤ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 9 ᠳ᠋ᠦᠩᠰᠢᠭᠤᠷ ᠲᠦᠬᠦᠷᠢᠭ ᠲᠤ ᠬᠦᠷᠪᠠ᠃ ᠲᠡᠭᠡᠳᠦ ᠱᠠᠳᠣᠨ ᠎ ᠤ ᠪᠠᠭᠤᠯᠭᠠᠭᠰᠠᠨ ᠡᠨᠧᠷᠬᠢ ᠠᠷᠪᠢᠯᠠᠨ ᠪᠣᠬᠢᠷᠳᠣᠯ ᠪᠠᠭᠠᠰᠬᠠᠬᠤ ᠬᠠᠷᠠᠯᠳᠠ ᠡᠬᠦᠷᠬᠡ ᠪᠠᠨ ᠪᠦᠬᠦᠨ ᠢ ᠪᠡᠶᠡᠯᠡᠬᠦᠯᠪᠡ᠃      ︵ᠨᠢᠭᠡ︶ ᠭᠤᠷᠪᠠᠨ ᠶᠡᠭᠡ ᠪᠣᠭᠤᠮᠳᠠ ᠰᠢᠪᠳᠣᠯᠬᠤ ᠲᠠᠶᠢᠯᠠᠯᠳᠣᠭᠠᠨ ᠢ ᠬᠦᠴᠦᠯᠡᠨ ᠠᠭᠢᠭᠤᠯᠪᠠ᠃     ᠬᠦᠡᠳᠤ ᠬᠡᠴᠡᠬᠦᠦ ᠠᠶᠤᠯ ᠲᠦᠭᠰᠢᠬᠦᠷᠢ ᠶᠢ ᠪᠦᠳᠤᠮᠵᠢᠳᠡᠢ ᠰᠡᠷᠬᠡᠶᠢᠯᠡᠨ ᠠᠷᠢᠯᠭᠠᠪᠠ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠢ ᠵᠣᠬᠢᠴᠠᠭᠤᠯᠵᠣ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ 1.02 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠪᠦᠬᠦᠨ ᠢ ᠴᠠᠶᠢᠷᠠᠭᠤᠯᠵᠤ᠂ ᠪᠦᠬᠦ ᠨᠠᠶᠢᠳᠠ 1.9 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠴᠠᠶᠢᠷᠠᠭᠤᠯᠤᠨ᠂ ᠲᠦᠰᠦᠪᠯᠡᠭᠰᠡᠨ ᠡᠬᠦᠷᠭᠡ ᠪᠠᠨ 190%᠎ ᠪᠠᠷ ᠲᠠᠪᠠᠭᠤᠯᠤᠨ ᠪᠡᠶᠡᠯᠡᠬᠦᠯᠪᠡ︔ ︽ᠠᠪᠠᠭ᠎ᠠ ᠬᠤᠰᠢᠭᠤᠨ ᠤ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢ ᠦᠷᠬᠦᠯᠵᠢᠯᠡᠨ ᠴᠡᠭᠴᠡᠯᠡᠨ ᠵᠠᠰᠠᠬᠤ ᠪᠠ ᠲᠦᠷᠢᠮᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠪ︾᠎ ᠢ ᠲᠣᠭᠳᠠᠭᠠᠵᠣ᠂ ᠦᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠠᠷᠠᠳ ᠤᠨ ᠬᠤᠭᠤᠷᠣᠨᠳᠣᠬᠢ ᠦᠨᠳᠦᠷ ᠬᠦᠦ ᠲᠠᠢ ᠵᠢᠭᠡᠯᠡᠯᠭᠡ ᠶᠢ ᠵᠣᠬᠢᠴᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠠᠬᠢᠭᠤᠯᠵᠣ᠂ 393 ᠡᠷᠦᠭᠡ ᠶᠢᠨ 3427 ᠲᠦᠮᠡᠨ ᠲᠦᠬᠦᠷᠢᠭ ᠤᠨ ᠵᠢᠭᠡᠯᠡᠯᠭᠡ ᠶᠢ ᠲᠦᠷᠢᠮᠵᠢᠬᠦᠯᠤᠨ ᠰᠢᠢᠳᠪᠤᠷᠢᠯᠡᠵᠤ᠂ ᠲᠦᠷᠢᠮᠵᠢᠬᠦᠯᠦᠨ ᠰᠢᠢᠳᠪᠦᠷᠢᠯᠡᠭᠰᠡᠨ ᠨᠣᠷᠮ᠎ᠠ ᠨᠢᠳᠣᠨᠣᠨ ᠵᠢᠯ ᠠᠴᠠ ᠬᠤᠶᠠᠷ ᠵᠠᠭᠤᠨ ᠤ ᠨᠢᠬᠡᠴᠢ ᠲᠡᠬᠡᠭᠰᠢᠯᠡᠵᠤ 95%᠎ ᠳᠤ ᠬᠦᠷᠪᠡ᠃ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠡ ᠪᠦᠳᠦᠮᠵᠢ ᠪᠠᠨ ᠲᠠᠰᠤᠷᠠᠯᠳᠠ ᠦᠬᠡᠢ ᠪᠠᠳᠣᠳᠬᠠᠪᠠ᠃ 438 ᠡᠷᠦᠭᠡ ᠎ ᠶᠢᠨ 1188 ᠬᠦᠮᠦᠨ ᠢ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠳᠦᠮᠵᠢ ᠪᠠᠨ ᠪᠠᠳᠣᠳᠬᠠᠵᠣ᠂ 20 ᠡᠷᠦᠭᠡ ᠶᠢᠨ 51 ᠬᠦᠮᠦᠨ ᠢ ᠶᠠᠳᠠᠭᠤ ᠠᠴᠠ ᠠᠩᠬᠢᠵᠢᠷᠠᠭᠤᠯᠣᠨ᠂ ᠪᠦᠬᠦ ᠬᠤᠰᠢᠭᠤᠨ ᠤ ᠲᠠᠩᠰᠠ ᠪᠠᠶᠢᠭᠤᠯᠵᠣ ᠺᠠᠷᠲ ᠣᠯᠭᠤᠭᠰᠠᠨ ᠶᠠᠳᠠᠭᠤ ᠬᠦᠴᠢᠷᠳᠡᠯᠳᠡᠢ ᠡᠷᠦᠭᠡ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠣᠨ᠂ ᠦᠪᠡᠷᠳᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠵᠦ᠂ ᠤᠷᠤᠨ ᠤ ᠲᠡᠰ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠠᠴᠠ ᠭᠠᠷᠪᠠ᠃ ᠶᠠᠳᠠᠭᠤ ᠬᠦᠴᠢᠷᠳᠡᠯᠳᠡᠢ ᠬᠦᠮᠦᠨ ᠠᠮᠠ ᠶᠢ ᠨᠠᠷᠢᠯᠢᠭ ᠣᠨᠣᠪᠴᠢᠳᠠᠢ ᠢᠯᠭᠠᠨ ᠲᠣᠳᠣᠯᠠᠵᠣ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ︽ᠡᠷᠬᠢᠵᠦ ᠬᠠᠷᠠᠬᠤ︾ ᠪᠠ ︽ᠶᠡᠭᠡ ᠰᠣᠷᠣᠯᠴᠠᠯᠭ᠎ᠠ᠂ ᠶᠡᠭᠡ ᠰᠠᠶᠢᠵᠢᠷᠠᠭᠤᠯᠣᠯᠳᠠ᠂ ᠶᠡᠭᠡ ᠲᠡᠭᠡᠭᠰᠢᠯᠡᠬᠦᠯᠦᠯᠳᠡ︾᠎ ᠶᠢᠨ ᠲᠤᠰᠬᠠᠢ ᠠᠵᠢᠯᠯᠠᠭ᠎ᠠ ᠦᠷᠨᠢᠬᠦᠯᠵᠦ᠂ ᠲᠡᠭᠡᠳᠦ ᠱᠠᠳᠣᠨ ᠤ ᠱᠠᠯᠠᠪᠳᠠᠨ ᠪᠠᠶᠢᠴᠠᠭᠠᠬᠤ ᠲᠤᠭᠤᠶᠢᠯᠠᠩ ᠤᠨ ᠲᠣᠰᠬᠠᠭᠰᠠᠨ ᠰᠠᠨᠠᠯ ᠢ ᠨᠠᠷᠢᠨ ᠬᠢᠨᠠᠮᠠᠭᠠᠢ ᠦᠭᠡᠷᠡᠴᠢᠯᠡᠨ ᠵᠠᠰᠠᠪᠠ᠃ ᠪᠦᠬᠦ ᠵᠢᠯ ᠳᠤ ᠲᠡᠬᠡᠳᠤ ᠱᠠᠳᠤ ᠪᠠ ᠬᠤᠰᠢᠭᠤᠨ ᠠᠴᠠ ᠲᠤᠰ ᠲᠤᠰ 2781 ᠲᠦᠮᠡᠨ ᠲᠦᠬᠦᠷᠢᠭ ᠪᠠ 800 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠨ᠎ᠡ ᠪᠠᠷ 11 ᠰᠠᠭᠤᠷᠢ ᠭᠡᠷ ᠪᠠᠶᠢᠰᠢᠩ ᠪᠠᠷᠢᠵᠣ᠂ ᠶᠠᠳᠠᠭᠤ ᠶᠢ ᠲᠡᠳᠬᠦᠬᠦ ᠦᠬᠡᠷ 83᠎ ᠶᠢ ᠬᠤᠳᠠᠯᠳᠤᠨ ᠠᠪᠴᠤ᠂ ᠣᠰᠣ ᠠᠷᠢᠭᠤᠳᠬᠠᠬᠤ ᠲᠦᠬᠦᠭᠡᠷᠦᠮᠵᠢ 200 ᠢᠵᠢ ᠤᠭᠰᠠᠷᠠᠵᠤ᠂ 40 ᠭᠠᠴᠠᠭᠠᠨ ᠳᠤ ᠬᠠᠮᠳᠣ ᠶᠢᠨ ᠠᠵᠣ ᠠᠬᠤᠢ ᠶᠢ ᠪᠣᠵᠠᠭᠠᠶᠢᠷᠠᠭᠤᠯᠬᠤ ᠲᠦᠷᠦᠯ ᠵᠦᠢᠯ ᠢ ᠬᠡᠷᠡᠭᠵᠢᠬᠦᠯᠵᠦ᠂ ᠨᠡᠭᠦᠯᠭᠡᠨ ᠰᠢᠯᠵᠢᠬᠦᠯᠥᠭᠰᠡᠨ ᠶᠠᠳᠠᠭᠤ ᠬᠦᠴᠢᠷᠳᠡᠯᠳᠡᠢ ᠬᠦᠮᠦᠨ ᠪᠦᠷᠢ ᠳᠤ ᠲᠡᠭᠰᠢᠳᠭᠡᠭᠡᠳ 2000 ᠲᠦᠬᠦᠷᠢᠭ ᠤᠨ ᠦᠭᠡᠷ ᠣᠷᠣᠯᠠᠨ ᠮᠠᠯᠵᠢᠭᠰᠠᠨ ᠤᠷᠤᠯᠭ᠎ᠠ ᠬᠦᠷᠳᠡᠭᠡᠨ᠂ ᠬᠦᠳᠡᠯᠮᠦᠷᠢᠯᠡᠬᠦ ᠴᠢᠳᠠᠪᠣᠷᠢ ᠪᠠᠨ ᠠᠯᠳᠠᠭᠰᠠᠨ ᠶᠠᠳᠠᠭᠤ ᠬᠦᠴᠢᠷᠳᠡᠯᠳᠡᠢ ᠬᠦᠮᠦᠨ ᠪᠦᠷᠢ ᠳᠤ ᠰᠠᠷ᠎ᠠ ᠪᠦᠷᠢ 650 ᠲᠦᠬᠦᠷᠢᠭ ᠤᠨ ᠡᠳ᠋ ᠬᠦᠷᠦᠩᠭᠡ ᠶᠢᠨ ᠪᠠᠳᠣᠯᠠᠭ᠎ᠠ ᠶᠢᠨ ᠮᠦᠩᠬᠦ ᠣᠯᠭᠤᠪᠠ︔ ᠶᠠᠳᠠᠭᠤ ᠬᠦᠴᠢᠷᠳᠡᠯᠳᠡᠢ ᠬᠦᠮᠦᠨ ᠪᠦᠷᠢ ᠶᠢ ︽ᠵᠢᠷᠭᠤᠭᠠᠨ ᠲᠦᠷᠦᠯ︾᠎ ᠤᠨ ᠲᠠᠭᠠᠳᠬᠠᠯ ᠳᠤ ᠣᠷᠣᠭᠤᠯᠣᠨ᠂ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠎ ᠶᠢᠨ ᠲᠠᠭᠠᠳᠬᠠᠯ ᠤᠨ ᠬᠤᠪᠢ ᠶᠢᠨ ᠰᠦᠢᠳᠬᠡᠯ ᠢ ᠤᠷᠤᠯᠠᠨ ᠲᠣᠰᠢᠶᠠᠵᠣ᠂ ᠶᠠᠳᠠᠭᠤ ᠬᠦᠴᠢᠷᠳᠡᠯᠳᠡᠢ ᠡᠷᠦᠭᠡ ᠶᠢᠨ 167 ᠰᠣᠷᠭᠠᠭᠤᠯᠢ ᠳᠤ ᠰᠠᠭᠤᠵᠣ ᠪᠠᠶᠢᠭ᠎ᠠ ᠭᠡᠦᠭᠡᠳ ᠲᠤ ᠰᠣᠷᠣᠯᠭ᠎ᠠ ᠲᠡᠳᠬᠦᠬᠦ ᠨᠦᠬᠦᠪᠦᠷᠢ 98.6 ᠲᠦᠮᠡᠨ ᠲᠦᠬᠦᠷᠢᠭ ᠲᠠᠷᠬᠠᠭᠠᠵᠣ᠂ 235 ᠶᠠᠳᠠᠭᠤ ᠬᠦᠴᠢᠷᠳᠡᠯᠳᠡᠢ ᠬᠦᠮᠦᠨ ᠠᠮᠠ ᠳᠤ ᠦᠨ᠎ᠡ ᠲᠦᠯᠦᠪᠦᠷᠢ ᠦᠭᠡᠢ ᠪᠡᠶ᠎ᠡ ᠎ ᠶᠢᠨ ᠪᠠᠶᠢᠴᠠᠭᠠᠯᠳᠠ ᠬᠢᠵᠦ᠂ 205 ᠡᠪᠡᠳᠴᠢᠳᠠᠨ ᠳᠤ 221.8 ᠲᠦᠮᠡᠨ ᠲᠦᠬᠦᠷᠢᠭ ᠤᠨ ᠡᠮᠴᠢᠯᠡᠭᠡᠨ ᠤ ᠰᠦᠢᠳᠭᠡᠯ ᠢ ᠴᠠᠶᠢᠷᠠᠭᠤᠯᠣᠨ᠂ ᠶᠠᠳᠠᠭᠤ ᠬᠦᠴᠢᠷᠳᠡᠯᠳᠡᠢ ᠬᠦᠮᠦᠰ ᠤᠨ ᠡᠮᠨᠡᠯᠭᠡ ᠶᠢᠨ ᠲᠠᠩᠰᠠ ᠴᠠᠶᠢᠷᠠᠭᠤᠯᠬᠤ ᠬᠠᠷᠢᠴᠠᠯ ᠢ 90%᠎ ᠠᠴᠠ ᠲᠡᠭᠡᠭᠰᠢ ᠳᠤ ᠭᠦᠷᠭᠡᠪᠡ᠃ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢᠯᠡᠳᠳᠡ ᠦᠷ᠎ᠡ ᠪᠦᠳᠦᠮᠵᠢ ᠣᠯᠪᠠ᠃ ᠠᠭᠠᠷ᠂ ᠣᠰᠣ᠂ ᠬᠦᠷᠤᠰᠤ ᠰᠢᠷᠣᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠣᠨ᠂ ᠬᠤᠶᠠᠳᠣᠭᠠᠷ ᠣᠳᠠᠭᠠᠨ ᠤ ᠪᠦᠬᠦ ᠣᠯᠣᠰ ᠤᠨ ᠪᠣᠬᠢᠷᠳᠣᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠡᠬᠢᠯᠡᠬᠦᠯᠵᠦ᠂ ᠲᠡᠬᠡᠳᠤ ᠱᠠᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠭᠠᠠᠬᠤ ᠲᠤᠭᠤᠶᠢᠯᠠᠩ ᠤᠨ ᠲᠤᠰᠬᠠᠭᠰᠡᠨ ᠰᠠᠨᠠᠯ ᠪᠠ ᠣᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ 34 ᠲᠦᠷᠦᠯ ᠤᠨ ᠠᠰᠠᠭᠤᠳᠠᠯ ᠤᠨ 30 ᠲᠦᠷᠦᠯ ᠢ ᠴᠡᠭᠴᠡᠯᠡᠨ ᠵᠠᠰᠠᠵᠤ᠂ ᠰᠢᠨ ᠶᠠᠩ᠂ ᠵᠢᠶᠦ᠋ᠨ ᠯᠢᠶᠠᠨ ᠲᠣᠯᠠᠭᠠᠯᠠᠯᠭ᠎ᠠ ᠬᠠᠩᠭᠠᠬᠤ ᠺᠣᠮᠫᠠᠨᠢ ᠶᠢᠨ ᠪᠢᠳᠠᠬᠦᠮᠵᠢᠯᠡᠭᠰᠡᠨ ᠨᠡᠬᠦᠷᠡᠰᠤ ᠬᠠᠳᠠᠭᠠᠯᠠᠬᠤ ᠬᠦᠮᠤᠷᠬᠡ ᠶᠢ ᠠᠰᠢᠭᠯᠠᠯᠳᠠ ᠳᠤ ᠤᠷᠤᠭᠤᠯᠵᠤ᠂ ᠪᠡᠯᠬᠦᠳᠡᠢ ᠪᠠᠯᠭᠠᠰᠣᠨ ᠳᠠᠬᠢ 302 ᠡᠷᠦᠭᠡ ᠳᠤ ᠲᠦᠪᠯᠡᠷᠡᠩᠬᠦᠢ ᠲᠣᠯᠠᠭᠠᠯᠠᠯᠭ᠎ᠠ ᠬᠠᠩᠭᠠᠬᠤ ᠠᠵᠢᠯ ᠢ ᠪᠡᠶᠡᠯᠡᠬᠦᠯᠦᠨ᠂ ᠲᠡᠭᠡᠳᠦ ᠱᠠᠳᠣᠨ ᠤ ᠪᠠᠭᠤᠯᠭᠠᠭᠰᠠᠨ 10 ᠲᠤᠨ ᠠᠴᠠ ᠲᠤᠷᠤᠭᠰᠢᠬᠢ ᠨᠡᠬᠦᠷᠡᠰᠤ ᠰᠢᠳᠠᠭᠠᠬᠤ ᠵᠤᠤᠬ᠎ᠠ ᠶᠢ ᠰᠢᠭᠰᠢᠬᠦ ᠡᠬᠦᠷᠬᠡ ᠎ ᠶᠢ ᠪᠡᠶᠡᠯᠡᠬᠦᠯᠪᠡ︔ ︽ᠭᠤᠤᠯ ︵ᠨᠠᠭᠤᠷ︶᠎ ᠤᠨ ᠲᠠᠷᠤᠭ᠎ᠠ ᠶᠢᠨ ᠲᠦᠷᠢᠮ︾᠎ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ 20 ᠰᠠᠭᠤᠷᠢ ᠲᠣᠰᠣᠨ ᠦᠷᠳᠡᠭᠡ ᠶᠢᠨ ᠭᠠᠵᠠᠷ ᠲᠣᠣᠷᠠᠬᠢ ᠲᠣᠰᠣᠨ ᠤ ᠬᠤᠭᠤᠯᠠᠢ ᠶᠢ ᠬᠤᠶᠠᠷ ᠲᠠᠪᠬᠤᠷ ᠪᠣᠯᠭᠠᠨ ᠦᠭᠡᠷᠡᠴᠢᠯᠡᠨ ᠪᠠᠶᠢᠭᠤᠯᠵᠣ᠂ ᠦᠭᠡᠷᠡᠴᠢᠯᠡᠨ ᠵᠠᠰᠠᠭᠰᠠᠨ ᠨᠣᠷᠮ᠎ᠠ 91%᠎ ᠳᠤ ᠬᠦᠷᠪᠡ᠃ ᠎ ᠶᠢᠨ ᠳ᠋ᠢ ᠠᠭᠤᠷᠬᠠᠢ ᠶᠢᠨ ᠦᠯᠡᠳᠡᠭᠳᠡᠯ ᠬᠦᠳᠡᠷ ᠤᠨ ᠬᠦᠮᠤᠷᠬᠡ ᠶᠢᠨ ᠠᠮᠢ ᠠᠬᠤᠢ ᠶᠢ ᠰᠡᠷᠬᠦᠭᠡᠨ ᠵᠠᠰᠬᠠᠣ ᠠᠵᠢᠯ ᠢ ᠭᠡᠷᠡᠭᠵᠢᠬᠦᠯᠦᠨ᠂ ︽ᠭᠤᠷᠪᠠᠨ ᠲᠣᠭᠤᠷᠢᠭ ᠬᠤᠶᠠᠷ ᠱᠣᠭᠤᠮ︾᠎ ᠤᠨ 1600 ᠮᠦ ᠬᠠᠶᠠᠭᠳᠠᠮᠠᠯ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠲᠠᠭᠤᠰᠬᠠᠵᠣ᠂ ᠮᠠᠨᠢᠳᠣ ᠠᠭᠤᠷᠬᠠᠢ ᠶᠢᠨ ᠲᠣᠭᠤᠷᠢᠭ ᠢ ᠶᠠᠷᠤᠩᠬᠡᠶᠢᠯᠡᠨ ᠵᠠᠰᠠᠬᠤ ᠠᠵᠢᠯ ᠱᠠᠳᠤᠴᠢ ᠴᠢᠨᠠᠷᠳᠡᠢ ᠦᠷ᠎ᠡ ᠪᠦᠳᠦᠮᠵᠢ ᠣᠯᠵᠣ᠂ ᠴᠠᠭᠠᠨᠨᠠᠭᠤᠷ ᠲᠠᠮᠣᠷ ᠤᠨ ᠠᠭᠤᠷᠬᠠᠢ ᠶᠢ ᠶᠠᠷᠤᠩᠬᠡᠶᠢᠯᠡᠨ ᠵᠠᠰᠠᠬᠤ ᠠᠵᠢᠯ ᠢ ᠡᠬᠢᠯᠡᠬᠦᠯᠦᠨ᠂ ᠭᠤᠷᠪᠠᠳᠣᠭᠠᠷ ᠣᠳᠠᠭᠠᠨ ᠤ ᠣᠯᠣᠰ ᠤᠨ ᠭᠠᠵᠠᠷ ᠰᠢᠷᠣᠢ ᠶᠢᠨ ᠪᠠᠶᠢᠴᠠᠭᠠᠯᠳᠠ ᠶᠢᠨ ᠠᠵᠢᠯ ᠢ ᠦᠷᠨᠢᠬᠦᠯᠪᠡ᠃ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠵᠤ᠂ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠤᠷᠠᠯ ᠵᠢᠴᠢ ᠠᠮᠢ ᠠᠬᠤᠢ ᠎ ᠶᠢᠨ ᠪᠣᠯᠪᠠᠰᠣᠨ ᠤ ᠪᠠᠶᠢᠭᠤᠯᠣᠯᠳᠠ ᠶᠢᠨ ᠲᠣᠬᠠᠢ ᠶᠢᠨ ᠲᠠᠯᠠᠪᠠᠢ ᠳᠤ ᠲᠣᠭᠤᠷᠢᠨ ᠰᠤᠷᠤᠯᠴᠠᠬᠤ ᠠᠵᠢᠯ ᠡᠬᠦᠷᠬᠡ ᠶᠢ ᠠᠮᠵᠢᠯᠳᠠ ᠲᠠᠢ ᠪᠡᠶᠡᠯᠡᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠪᠠᠯᠠ ᠮᠦᠩᠬᠦ 1.3 ᠳ᠋ᠦᠩᠰᠢᠭᠤᠷ ᠲᠦᠬᠦᠷᠢᠭ᠂ ᠬᠠᠪᠣᠷ ᠤᠨ ᠣᠯᠠᠷᠢᠯ ᠤᠨ ᠪᠡᠯᠴᠢᠭᠡᠷ ᠰᠡᠯᠬᠦᠬᠦ ᠨᠦᠬᠦᠪᠦᠷᠢ 2800 ᠲᠦᠮᠡᠨ ᠲᠦᠬᠦᠷᠢᠭ᠂ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ 1756.8 ᠲᠦᠮᠡᠨ ᠲᠦᠬᠦᠷᠢᠭ ᠢ ᠲᠠᠷᠬᠠᠭᠠᠨ᠂ 516 ᠲᠦᠮᠡᠨ ᠮᠤ᠋ ᠨᠤᠳᠤᠭ ᠪᠠᠯᠴᠢᠬᠡᠷ ᠲᠤ ᠬᠤᠯᠤᠭᠠᠨ᠎ᠠ᠂ ᠬᠤᠷᠤᠬᠠᠢ ᠶᠢᠨ ᠬᠦᠨᠤᠬᠡᠯ ᠢ ᠰᠡᠷᠭᠡᠶᠢᠯᠡᠨ ᠵᠠᠰᠠᠵᠣ᠂ 10 ᠲᠦᠮᠡᠨ ᠰᠠᠭᠤᠷᠢ ᠠᠯᠪᠠᠨ ᠵᠢᠷᠣᠮ ᠤᠨ ᠮᠣᠳᠣ ᠲᠠᠷᠢᠵᠣ᠂ 24 ᠲᠦᠮᠡᠨ ᠮᠦ ᠪᠡᠯᠴᠢᠭᠡᠷ ᠢ ᠪᠢᠳᠡᠬᠦᠮᠵᠢᠯᠡᠵᠦ᠂ 2.3 ᠲᠦᠮᠡᠨ ᠮᠦ ᠭᠠᠵᠡᠷ ᠢ ᠣᠶᠢᠵᠢᠭᠤᠯᠣᠨ᠂ 500 ᠮᠤ᠋ ᠭᠤᠤᠯᠳᠠᠯᠭᠠᠳᠤ ᠤᠷᠤᠨ ᠪᠦᠰᠠ ᠶᠢ ᠨᠤᠭᠤᠭᠠᠷᠠᠭᠤᠯᠵᠤ᠂ ᠪᠦᠬᠦ ᠵᠢᠯ ᠳᠤ ᠣᠢ ᠰᠢᠭᠤᠢ ᠲᠠᠯ᠎ᠠ ᠨᠣᠳᠤᠭ ᠤᠨ ᠭᠠᠯ ᠤᠨ ᠠᠶᠣᠯ ᠡᠬᠦᠰᠦᠭᠰᠡᠨ ᠦᠭᠡᠢ᠂ ᠣᠷᠭᠤᠮᠠᠯ ᠤᠨ ᠪᠦᠷᠬᠦᠴᠡ 56.3%᠎ ᠳᠤ ᠬᠦᠷᠪᠡ︔ ᠬᠤᠯᠠᠨ ᠰᠢᠷᠭ᠎ᠠ ᠲᠠᠭ᠎ᠠ ᠶᠢᠨ ᠡᠯᠡᠰᠦᠨ ᠳᠠᠬᠢ ᠠᠷᠴᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠤ ᠲᠣᠭᠤᠷᠢᠭ ᠲᠤ ᠲᠣᠬᠢᠷᠠᠭᠤᠯᠣᠯᠳᠠ ᠬᠢᠵᠦ᠂ 675 ᠲᠦᠮᠡᠨ ᠲᠦᠬᠦᠷᠢᠭ ᠪᠡᠯᠡ ᠣᠷᠣᠭᠤᠯᠣᠨ 27 ︽ᠮᠠᠯᠴᠢᠨ ᠠᠶᠢᠯ︾ ᠵᠤᠭᠠᠴᠠᠯ ᠤᠨ ᠴᠡᠭ ᠤᠨ 209 ᠮᠣᠩᠭᠤᠯ ᠭᠡᠷ ᠢ ᠪᠠᠭᠤᠯᠭᠠᠵᠤ᠂ ᠠᠮᠢ ᠠᠬᠤᠢ ᠶᠢᠨ ᠤᠤᠯ ᠪᠠᠶᠢᠳᠠᠯ ᠢ ᠰᠡᠷᠬᠦᠬᠡᠨ᠂ 4 ᠠᠭᠤᠷᠬᠠᠢ ᠬᠠᠶᠢᠬᠤ ᠡᠷᠭᠡ ᠪᠠ 3 ᠠᠭᠤᠷᠬᠠᠢ ᠨᠡᠭᠡᠭᠡᠬᠦ ᠡᠷᠭᠡ ᠶᠢ ᠬᠦᠴᠦᠨ ᠦᠭᠡᠢ ᠪᠣᠯᠭᠠᠵᠣ᠂ 1 ᠠᠭᠤᠷᠬᠠᠢ ᠨᠡᠭᠡᠭᠡᠬᠦ ᠡᠷᠭᠡ ᠶᠢᠨ ᠲᠠᠪᠬᠤᠷᠳᠠᠭᠰᠠᠨ ᠭᠠᠵᠡᠷ ᠢ ᠤᠬᠤᠷᠢᠭᠤᠯᠤᠨ ᠭᠠᠷᠭᠠᠪᠠ᠃ ᠠᠮᠢ ᠠᠬᠤᠢ ᠣᠷᠴᠢᠨ ᠲᠣᠭᠤᠷᠢᠨ ᠤ ᠬᠠᠣᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠮᠠᠯ ᠪᠡᠯᠴᠢᠭᠡᠷ ᠤᠨ ᠲᠡᠩᠴᠡᠬᠦᠷᠢ ᠶᠢᠨ ᠣᠷᠣᠨ ᠤ ᠬᠠᠮᠢᠶᠠᠷᠣᠯᠳᠠ ᠶᠢᠨ ᠠᠷᠭ᠎ᠠ ᠳᠤ ᠵᠠᠰᠠᠪᠣᠷᠢ ᠣᠷᠣᠭᠤᠯᠵᠣ᠂ ᠮᠠᠯ ᠪᠡᠯᠴᠢᠭᠡᠷ ᠤᠨ ᠲᠡᠩᠴᠡᠬᠦᠷᠢ ᠶᠢ ᠬᠢᠨᠠᠨ ᠲᠣᠭᠳᠠᠭᠠᠬᠤ ᠳᠤ ᠡᠪᠤᠯ ᠤᠨ ᠤᠯᠠᠷᠢᠯ ᠤᠨ ᠮᠠᠯ ᠤᠨ ᠲᠤᠭ᠎ᠠ ᠪᠠᠷ ᠪᠠᠷᠢᠮᠵᠢᠶᠠᠯᠠᠵᠤ ᠪᠠᠶᠢᠭᠰᠠᠨ ᠢ ᠮᠠᠯᠵᠢᠯ ᠤᠨ ᠣᠨ ᠤ ᠮᠠᠯ ᠤᠨ ᠲᠤᠭ᠎ᠠ ᠪᠠᠷ ᠪᠠᠷᠢᠮᠵᠢᠶ᠎ᠠ ᠪᠤᠯᠭᠠᠵᠤ᠂ ᠦᠭᠡᠷ᠂ ᠠᠳᠣᠭᠤ᠂ ᠲᠡᠮᠡᠭᠡ ᠶᠢ ᠨᠣᠭᠤᠯᠣᠨ ᠪᠣᠳᠣᠬᠤ ᠪᠠᠷᠢᠮᠵᠢᠶ᠎ᠠ ᠶᠢ ᠲᠡᠭᠡᠳᠦ ᠱᠠᠳᠣᠨ ᠤ ᠱᠠᠭᠠᠷᠳᠠᠯᠭ᠎ᠠ ᠪᠠᠷ ᠭᠡᠷᠡᠭᠵᠢᠬᠦᠯᠦᠨ᠂ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠭᠰᠠᠨ 351 ᠡᠷᠦᠭᠡ ᠶᠢᠨ 815 ᠲᠦᠮᠡᠨ ᠲᠦᠬᠦᠷᠢᠭ ᠤᠨ ᠨᠦᠬᠦᠪᠦᠷᠢ ᠶᠢ ᠵᠣᠭᠰᠣᠭᠠᠵᠣ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠭᠰᠠᠨ 1156 ᠡᠷᠦᠭᠡ ᠶᠢ ᠱᠠᠩᠨᠠᠵᠣ᠂ ᠬᠠᠣᠯᠢ ᠪᠣᠰᠣ ᠪᠠᠷ ᠠᠩ ᠠᠩᠨᠠᠵᠣ᠂ ᠭᠡᠭᠡᠷ᠎ᠡ ᠶᠢᠨ ᠣᠷᠭᠤᠮᠠᠯ ᠲᠤᠷ᠎ᠠ ᠪᠠᠷ ᠮᠠᠯᠳᠠᠭᠰᠡᠨ 36 ᠭᠡᠷᠡᠭ ᠲᠤ ᠴᠢᠩᠭ᠎ᠠ ᠴᠣᠬᠢᠯᠳᠠ ᠦᠭᠴᠦ᠂ 25 ᠣᠷᠴᠢᠨ ᠲᠣᠭᠤᠷᠢᠨ ᠤ ᠬᠠᠣᠯᠢ ᠲᠦᠷᠢᠮ ᠢ ᠵᠦᠷᠢᠴᠡᠭᠰᠡᠨ ᠭᠡᠷᠡᠭ ᠢ ᠪᠠᠶᠢᠴᠠᠭᠠᠨ ᠰᠢᠢᠳᠪᠦᠷᠢᠯᠡᠵᠦ᠂ ᠨᠣᠳᠤᠭ ᠪᠡᠯᠴᠢᠭᠡᠷ ᠢ ᠲᠠᠳᠠᠪᠣᠷᠢᠯᠠᠬᠤ ᠭᠠᠷ ᠬᠦᠢᠴᠡᠳᠭᠡᠯ ᠬᠦᠢᠴᠡᠳ ᠪᠣᠰᠣ 80 ᠲᠦᠷᠦᠯ ᠵᠦᠢᠯ ᠢ ᠴᠡᠭᠴᠡᠯᠡᠵᠤ᠂ ᠨᠡᠶᠢᠳᠡ 1044.3 ᠲᠦᠮᠡᠨ ᠲᠦᠬᠦᠷᠢᠭ ᠢᠶᠠᠷ ᠲᠣᠷᠭᠠᠪᠠ     ︵ᠬᠤᠶᠠᠷ︶ ᠮᠠᠯᠵᠢᠬᠤ ᠣᠷᠣᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠪᠠ᠃     ᠮᠠᠯ ᠤᠨ ᠪᠦᠳᠦᠴᠡ ᠶᠢᠨ ᠲᠣᠬᠢᠷᠠᠭᠤᠯᠣᠯᠳᠠ ᠶᠢ ᠲᠠᠰᠤᠷᠠᠯᠳᠠ ᠦᠬᠡᠢ ᠲᠦᠷᠭᠡᠳᠭᠡᠪᠡ᠃ ︽ᠬᠤᠨᠢ ᠶᠢ ᠴᠦᠭᠡᠴᠢᠯᠡᠨ ᠦᠭᠡᠷ ᠢ ᠨᠡᠮᠡᠭᠳᠡᠬᠦᠯᠬᠦ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠠᠬᠢᠭᠤᠯᠣᠨ᠂ ᠪᠦᠬᠦ ᠬᠤᠰᠢᠭᠤᠨ ᠤ 17 ᠭᠠᠴᠠᠭᠠᠨ ᠤ 947 ᠡᠷᠦᠭᠡ ᠶᠢᠨ 439 ᠲᠦᠮᠡᠨ ᠮᠦ ᠡᠯᠡᠰᠦᠷᠭᠡᠭ ᠭᠠᠵᠠᠷ ᠲᠤ ᠬᠤᠨᠢ ᠶᠢ ᠴᠦᠭᠡᠴᠢᠯᠡᠬᠦ ᠠᠵᠢᠯ ᠢ ᠦᠷᠨᠢᠬᠦᠯᠦᠨ᠂ 1.5 ᠲᠦᠮᠡᠨ ᠬᠢᠷᠢ ᠲᠠᠩᠴᠡᠭᠰᠡᠨ ᠬᠤᠴᠠ ᠳᠤ ᠬᠢᠨᠡᠨ ᠲᠤᠭᠳᠠᠭᠠᠯᠳᠠ ᠬᠢᠵᠤ᠂  2751 ᠰᠢᠯᠢᠳᠡᠭ ᠬᠤᠴᠠ ᠶᠢ ᠪᠣᠶᠢᠵᠢᠭᠤᠯᠣᠨ᠂ ᠰᠢᠨ᠎ᠡ ᠪᠠᠷ ᠬᠤᠨᠢᠨ ᠤ ᠭᠤᠣᠯᠳᠠᠯᠭᠠᠳᠣ ᠰᠦᠷᠦᠭ 21 ᠪᠠᠶᠢᠭᠤᠯᠵᠣ 81 ᠪᠣᠯᠭᠠᠨ ᠨᠡᠮᠡᠭᠳᠡᠬᠦᠯᠵᠦ᠂ ᠮᠠᠯᠵᠢᠯ ᠤᠨ ᠤᠨ ᠤ ᠬᠤᠨᠢ 178 ᠲᠦᠮᠡᠨ ᠲᠤᠯᠤᠭᠠᠢ ᠳᠤ ᠬᠦᠷᠴᠦ᠂ ᠠᠳᠠᠯᠢ ᠬᠤᠭᠤᠴᠭᠠᠠᠨ ᠤ ᠬᠢ ᠠᠴᠠ 26.3 ᠲᠦᠮᠡ ᠬᠠᠰᠣᠭᠳᠠᠪᠠ᠃ 1795 ᠰᠢᠯᠢᠳᠡᠭ ᠡᠬᠦᠯᠳᠡᠷ ᠤᠨ ᠦᠭᠡᠷ ᠣᠷᠣᠭᠤᠯᠣᠨ᠂ 1.87 ᠲᠦᠮᠡᠨ ᠦᠨᠢᠶᠡᠨ ᠳᠤ ᠢᠴᠡᠬᠡᠯ ᠦᠷ᠎ᠡ ᠶᠢᠨ ᠭᠡᠭᠡᠯᠳᠦᠬᠦᠯᠭᠡ ᠬᠢᠵᠦ᠂ 9.61 ᠲᠦᠮᠡᠨ ᠦᠭᠡᠷ ᠢ ᠡᠬᠦᠯᠳᠡᠷ ᠰᠠᠶᠢᠵᠢᠷᠠᠭᠤᠯᠣᠨ᠂ ᠰᠢᠨ᠎ᠡ ᠪᠠᠷ ᠦᠭᠡᠷ ᠤᠨ ᠭᠤᠣᠯᠳᠠᠯᠭᠠᠳᠣ ᠰᠦᠷᠦᠭ 3 ᠪᠠᠶᠢᠭᠤᠯᠵᠣ 31 ᠪᠣᠯᠭᠠᠨ ᠨᠡᠮᠡᠭᠳᠡᠬᠦᠯᠵᠦ᠂ ᠡᠬᠦᠯᠳᠡᠷ ᠰᠠᠶᠢᠵᠢᠷᠠᠭᠤᠯᠣᠭᠰᠠᠨ ᠨᠣᠷᠮ᠎ᠠ 93.5%᠎ ᠳᠤ ᠬᠦᠷᠴᠦ᠂ ᠮᠠᠯᠵᠢᠯ ᠤᠨ ᠤᠨ ᠤ ᠦᠭᠡᠷ 16.98 ᠲᠦᠮᠡᠨ ᠲᠤᠯᠤᠭᠠᠢ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 1.04 ᠲᠦᠮᠡ ᠨᠡᠮᠡᠭᠳᠡᠨ᠂ ᠮᠠᠯ ᠤᠨ ᠭᠠᠷᠭᠠᠯᠳᠠ 96 ᠲᠦᠮᠡ ᠳᠤ ᠬᠦᠷᠴᠠᠢ᠃ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠬᠢᠷᠢ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃ ᠡᠷᠳᠡᠨᠢ ᠢᠳᠡᠭᠡᠨ ᠤ ᠬᠢᠵᠠᠭᠠᠷᠳᠣ ᠺᠣᠮᠫᠠᠨᠢ ᠶᠢ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠭᠡᠯ ᠳᠤ ᠣᠷᠣᠭᠤᠯᠣᠨ᠂ ᠵᠠᠰᠠᠭ ᠤᠨ ᠣᠷᠳᠣᠨ ᠠᠴᠠ       ︽ᠬᠡᠰᠡᠭ ᠪᠠᠶᠢᠭᠠᠯᠢᠯᠢᠭ ᠠᠵᠣ ᠠᠬᠤᠶᠢᠯᠠᠯ ᠤᠨ ᠤᠷᠤᠭᠤᠯᠵᠤ ᠭᠠᠷᠭᠠᠬᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ︾ ᠎ ᠲᠠᠢ ᠬᠠᠮᠳᠣᠷᠠᠯᠴᠠᠭᠠᠨ ᠤ ᠬᠡᠷ᠎ᠡ ᠲᠣᠭᠳᠠᠵᠣ᠂ ᠰᠢᠯᠢ ᠶᠢᠨ ᠭᠤᠣᠯ ᠤᠨ ᠲᠠᠯ᠎ᠠ ᠨᠣᠳᠤᠭ ᠤᠨ ᠠᠩᠬᠢᠰ ᠦᠭᠡᠷ ᠤᠨ ᠮᠢᠬ᠎ᠠ ᠶᠢ ᠨᠠᠷᠢᠯᠢᠭ ᠡᠳ᠋ᠰᠢᠬᠦᠯᠬᠦ ᠠᠩᠬᠠᠳᠠᠭᠴᠢ ᠦᠢᠯᠡᠳᠪᠦᠷᠢᠯᠡᠯ ᠤᠨ ᠱᠣᠭᠤᠮ ᠢ ᠡᠬᠢᠯᠡᠬᠦᠯᠦᠨ᠂ 27.08 ᠲᠦᠮᠡᠨ ᠲᠤᠯᠤᠭᠠᠢ ᠬᠤᠨᠢ᠂ 1964 ᠲᠤᠯᠤᠭᠠᠢ ᠦᠭᠡᠷ ᠡᠳ᠋ᠰᠢᠬᠦᠯᠪᠡ᠃ ᠢᠰᠭᠡ᠂ ᠵᠣᠣ ᠹᠦ᠋ ᠠᠷᠠᠯᠵᠢᠶ᠎ᠠ ᠬᠤᠳᠠᠯᠳᠤᠭ᠎ᠠ᠂ ᠮᠠᠯᠴᠢᠳ ᠤᠨ ᠲᠣᠷᠠᠰᠣᠮᠵᠢ ᠵᠡᠷᠭᠡ ᠴᠠᠭᠠᠨ ᠢᠳᠡᠭᠡ ᠡᠳ᠋ᠰᠢᠬᠦᠯᠬᠦ ᠠᠵᠣ ᠠᠬᠤᠶᠢᠯᠠᠯ ᠤᠨ ᠲᠣᠭᠳᠠᠭᠤᠨ ᠡᠵᠡᠩᠨᠡᠯᠳᠡ ᠎ ᠶᠢ ᠪᠠᠳᠣᠯᠠᠵᠣ᠂ ᠣᠯᠠᠮᠵᠢᠯᠠᠯᠳᠣ ᠴᠠᠭᠠᠨ ᠢᠳᠡᠭᠡ ᠡᠳ᠋ᠰᠢᠬᠦᠯᠬᠦ ᠡᠷᠦᠭᠡ ᠶᠢ 4 ᠨᠡᠮᠡᠭᠳᠡᠭᠦᠯᠵᠦ 28 ᠡᠷᠦᠭᠡ ᠪᠣᠯᠭᠠᠨ᠂ 342 ᠲᠣᠨ ᠴᠠᠭᠠᠨ ᠢᠳᠡᠭᠡ᠂ 302 ᠲᠣᠨ ᠴᠡᠭᠡ᠂ 18 ᠲᠣᠨ ᠴᠡᠭᠡᠨ ᠤ ᠲᠠᠯᠬ᠎ᠠ ᠶᠢ ᠪᠣᠷᠣᠯᠠᠭᠤᠯᠪᠠ᠃ ᠪᠠᠶᠢᠭᠠᠯᠢᠯᠢᠭ ᠬᠠᠳᠣᠯᠠᠩ ᠤᠨ ᠬᠠᠮᠢᠶᠠᠷᠣᠯᠳᠠ ᠶᠢ ᠴᠢᠩᠭᠠᠳᠬᠠᠨ᠂ 2.4 ᠳ᠋ᠦᠩᠰᠢᠭᠤᠷ ᠺᠢᠯᠣᠭ᠍ᠷᠠᠮ ᠡᠪᠡᠰᠦ ᠬᠠᠳᠣᠵᠣ᠂ ᠡᠪᠡᠰᠦ ᠬᠠᠳᠠᠭᠠᠯᠠᠬᠤ ᠰᠠᠭᠤᠷᠢᠨ ᠳᠤ 768.6 ᠲᠦᠮᠡᠨ ᠺᠢᠯᠣᠭ᠍ᠷᠠᠮ ᠨᠦᠭᠡᠴᠡᠯᠡᠵᠦ᠂ ᠲᠡᠭᠡᠳᠦ ᠱᠠᠳᠣᠨ ᠤ ᠪᠠᠭᠤᠯᠭᠠᠭᠰᠠᠨ ᠡᠬᠦᠷᠭᠡ ᠶᠢ ᠲᠠᠪᠠᠭᠤᠯᠣᠨ ᠪᠡᠶᠡᠯᠡᠬᠦᠯᠪᠡ᠃ ᠶᠠᠰᠣ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ  ᠪᠠᠶᠢᠯᠳᠣᠬᠤ ᠪᠣᠳᠣᠯᠭ᠎ᠠ ᠶᠢ ᠠᠬᠢᠭᠤᠯᠣᠨ᠂ ᠮᠠᠯ ᠤᠨ ᠠᠰᠢᠭ ᠰᠢᠮ᠎ᠡ ᠡᠳ᠋ᠰᠢᠬᠦᠯᠦᠨ ᠪᠣᠯᠪᠠᠰᠣᠷᠠᠭᠤᠯᠬᠤ 2 ᠠᠵᠣ ᠠᠬᠤᠶᠢᠯᠠᠯ ᠳᠤ ︽ᠬᠤᠰᠢᠭᠤ ᠲᠠᠷᠤᠭ᠎ᠠ ᠶᠢᠨ ᠶᠠᠰᠣ ᠴᠢᠨᠠᠷ ᠤᠨ ᠱᠠᠩᠨᠠᠯ︾ ᠬᠦᠷᠳᠡᠭᠡᠵᠦ᠂ ᠰᠢᠨ᠎ᠡ ᠪᠠᠷ 47 ᠲᠠᠸᠠᠷ ᠎ ᠤᠨ ᠲᠡᠮᠳᠡᠭ ᠨᠡᠮᠡᠭᠳᠡᠨ 185 ᠪᠣᠯᠪᠠ᠃ ᠮᠠᠯᠵᠢᠬᠤ ᠣᠷᠣᠨ ᠤ ᠬᠦᠭᠵᠢᠯᠳᠡ ᠶᠢᠨ ᠪᠠᠳᠣᠯᠠᠭᠠᠨ ᠤ ᠴᠢᠳᠠᠪᠬᠢ ᠶᠢ ᠲᠠᠰᠤᠷᠠᠯᠳᠠ ᠦᠬᠡᠢ ᠲᠡᠭᠡᠭᠰᠢᠯᠡᠬᠦᠯᠪᠡ᠃ 15 ᠭᠠᠴᠠᠭᠠᠨ ᠤ 316 ᠮᠠᠯᠴᠢᠨ ᠡᠷᠦᠭᠡ ᠳᠤ ︽ᠦᠵᠡᠰᠬᠦᠯᠡᠩᠳᠦ ᠬᠦᠳᠡᠭᠡ ᠲᠣᠰᠬᠤᠨ︾᠎ ᠤ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠬᠡᠷᠡᠭᠵᠢᠬᠦᠯᠦᠨ᠂ 910 ᠲᠦᠮᠡᠨ ᠲᠦᠬᠦᠷᠢᠭ ᠤᠨ ᠪᠡᠯᠡ ᠣᠷᠣᠭᠤᠯᠣᠨ ᠭᠠᠵᠠᠷ ᠲᠣᠣᠷᠠᠬᠢ ᠣᠰᠣᠨ ᠤ ᠡᠬᠢ ᠪᠠᠶᠠᠯᠢᠭ ᠢ ᠬᠠᠶᠢᠨ ᠰᠢᠨᠵᠢᠯᠡᠬᠦ ᠪᠠ ᠲᠣᠭᠤᠷᠢᠭ ᠬᠤᠪᠢᠶᠠᠬᠤ ᠲᠦᠷᠦᠯ ᠵᠦᠢᠯ ᠤᠨ ᠬᠠᠶᠢᠨ ᠰᠢᠨᠵᠢᠯᠡᠬᠦ ᠠᠵᠢᠯ ᠢ ᠲᠠᠭᠤᠰᠬᠠᠵᠣ᠂ ᠰᠢᠨ᠎ᠡ ᠪᠠᠷ 286 ᠬᠤᠳᠳᠤᠭ᠂ 137 ᠣᠰᠣ ᠬᠠᠳᠠᠭᠠᠯᠠᠬᠤ ᠵᠣᠭᠤᠷᠢ ᠮᠠᠯᠳᠠᠵᠣ᠂ 303 ᠣᠯᠣᠰ ᠤᠨ ᠲᠡᠰ ᠤᠨ ᠵᠠᠰᠠᠮᠠᠯ ᠵᠠᠮ ᠤᠨ ᠠᠪᠠᠭ᠎ᠠ ᠬᠤᠰᠢᠭᠤᠨ ᠤ ᠬᠠᠷᠢᠶᠠᠨ ᠳᠠᠬᠢ ᠪᠠᠷᠢᠯᠭ᠎ᠠ ᠶᠢ ᠲᠠᠭᠤᠰᠬᠠᠨ᠂ 331 ᠱᠣᠭᠤᠮ ᠤᠨ ᠠᠪᠠᠭ᠎ᠠ ᠬᠤᠰᠢᠭᠤᠨ ᠤ ᠬᠠᠷᠢᠶᠠᠨ ᠳᠠᠬᠢ ᠪᠠᠷᠢᠯᠭ᠎ᠠ ᠶᠢ ᠡᠬᠢᠯᠡᠬᠦᠯᠵᠦ᠂ 35.1 ᠺᠢᠯᠣᠮᠧᠲᠷ ᠵᠠᠮ ᠢ ᠰᠠᠯᠪᠢᠨ ᠵᠠᠰᠠᠵᠣ᠂ 220 ᠺᠢᠯᠤᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠶᠢ ᠡᠬᠢᠯᠡᠬᠦᠯᠦᠨ᠂ 205.5 ᠺᠢᠯᠣᠮᠧᠲᠷ ᠴᠠᠬᠢᠯᠭᠠᠨ ᠤᠳᠠᠰᠤ ᠲᠠᠳᠠᠵᠣ᠂ 151 ᠮᠠᠯᠴᠢᠨ ᠡᠷᠦᠭᠡ ᠳᠤ ᠲᠤᠤᠷᠴᠢᠯᠠᠭᠰᠡᠨ ᠴᠠᠬᠢᠯᠭᠠᠨ ᠨᠠᠪᠳᠠᠷᠠᠬᠦᠯᠦᠨ 2023 ᠡᠷᠦᠭᠡ  ᠎ ᠳᠤ ᠬᠦᠷᠭᠡᠵᠦ᠂ 67 ᠭᠠᠴᠠᠭᠠᠨ ᠳᠤ ᠴᠠᠬᠢᠯᠭᠠᠨ ᠨᠠᠪᠳᠠᠷᠠᠬᠦᠯᠵᠤ᠂ 71 ᠭᠠᠴᠠᠭᠠᠨ ᠳᠤ ᠰᠢᠣᠳᠠᠨ ᠬᠤᠯᠪᠣᠭ᠎ᠠ᠂ ᠴᠢᠮᠡᠭᠡ ᠵᠠᠩᠬᠢ ᠶᠢᠨ ᠨᠠᠶᠢᠳᠠᠮ ᠦᠢᠯᠡᠴᠢᠯᠡᠭᠡ ᠶᠢ ᠬᠠᠩᠭᠠᠪᠠ︔ ᠰᠢᠨ᠎ᠡ ᠪᠠᠷ 280 ᠰᠠᠣᠷᠢ 3.5 ᠲᠦᠮᠡᠨ ᠲᠡᠭᠰᠢ ᠲᠦᠷᠪᠡᠯᠵᠢᠨ ᠮᠧᠲᠷ ᠲᠤᠯᠠᠭᠠᠨ ᠫᠸᠡᠭ᠂ 32 ᠰᠠᠣᠷᠢ 4000 ᠲᠡᠭᠰᠢ ᠲᠦᠷᠪᠡᠯᠵᠢᠨ ᠮᠧᠲᠷ ᠤᠨ ᠡᠪᠡᠰᠣ ᠬᠠᠳᠠᠭᠠᠯᠠᠬᠤ ᠫᠧᠩ ᠪᠠᠷᠢᠵᠣ᠂ 256 ᠰᠠᠤᠷᠢ ᠮᠠᠯ ᠠᠵᠤ ᠠᠬᠤᠢ ᠶᠢᠨ ᠮᠠᠰᠢᠨ ᠮᠧᠬᠠᠨᠢᠭ ᠢ ᠬᠤᠳᠠᠯᠳᠤᠨ ᠣᠷᠣᠭᠤᠯᠪᠠ︔ ᠰᠢᠨ᠎ᠡ ᠪᠠᠷ 35 ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ 15 ᠮᠠᠯᠴᠢᠳ ᠤᠨ ᠲᠣᠰᠬᠠᠶᠢᠵᠢᠭᠰᠠᠨ ᠬᠤᠷᠰᠢᠶᠠᠵᠢᠯ ᠢ ᠪᠠᠶᠢᠭᠤᠯᠵᠣ᠂ ᠮᠠᠯᠴᠢᠳ ᠲᠤ 780 ᠬᠦᠮᠤᠨ ᠤᠳᠠᠭ᠎ᠠ ᠪᠤᠯᠪᠠᠰᠤᠷᠠᠯ ᠬᠦᠷᠳᠡᠭᠡᠪᠡ︔ 2279 ᠮᠠᠯᠴᠢᠨ ᠡᠷᠦᠭᠡ ᠳᠤ 475.6 ᠲᠦᠮᠡᠨ ᠲᠦᠬᠦᠷᠢᠭ ᠤᠨ ᠴᠠᠭ ᠠᠭᠤᠷ ᠤᠨ ᠵᠢᠭᠠᠯᠳᠠ ᠲᠤᠭᠠᠨ ᠤ ᠲᠠᠭᠠᠳᠬᠠᠯ ᠤᠨ ᠮᠦᠩᠬᠦ ᠣᠯᠭᠤᠵᠣ᠂ ᠬᠤᠷᠠᠭ᠎ᠠ ᠪᠠᠨ ᠡᠷᠳᠡ ᠵᠠᠷᠤᠴᠠᠭᠤᠯᠤᠭᠰᠡᠨ 275 ᠮᠠᠯᠴᠢᠨ ᠡᠷᠦᠭᠡ ᠳᠤ 152 ᠲᠦᠮᠡᠨ ᠲᠦᠬᠦᠷᠢᠭ ᠤᠨ ᠨᠦᠬᠦᠪᠦᠷᠢ ᠬᠦᠷᠳᠡᠭᠡᠪᠡ᠃ ᠮᠠᠯ ᠤᠨ ᠬᠢᠵᠢᠭ ᠭᠡᠮ ᠢ ᠰᠡᠷᠬᠡᠶᠢᠯᠡᠬᠦ ᠲᠠᠷᠢᠯᠭ᠎ᠠ ᠲᠠᠷᠢᠭᠰᠡᠨ ᠨᠤᠷᠮ᠎ᠠ ᠶᠢ 100%᠎ ᠳᠤ ᠬᠦᠷᠭᠡᠵᠦ᠂ 700 ᠲᠦᠮᠡᠨ ᠲᠦᠬᠦᠷᠢᠭ ᠵᠠᠷᠤᠴᠠᠭᠤᠯᠵᠤ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠵᠠᠭᠤ ᠰᠢᠬᠠᠮ ᠡᠳᠦᠷ ᠭᠠᠪᠰᠢᠭᠠᠶᠢᠯᠠᠨ ᠲᠠᠮᠠᠴᠠᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠠᠮᠵᠢᠯᠳᠠ ᠲᠠᠢ ᠠᠷᠢᠯᠭᠠᠪᠠ᠃     ︵ᠭᠤᠷᠪᠠ︶ ᠠᠵᠣ ᠦᠢᠯᠡᠰ ᠤᠨ ᠬᠡᠯᠪᠡᠷᠢ ᠶᠢᠨ ᠬᠤᠪᠢᠷᠠᠭᠤᠯᠣᠯᠳᠠ ᠶᠢᠨ ᠠᠯᠬᠤᠮ ᠢ ᠲᠠᠰᠤᠷᠠᠯᠳᠠ ᠦᠬᠡᠢ ᠲᠦᠷᠭᠡᠳᠭᠡᠪᠡ᠃     ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠳᠡ ᠶᠢ ᠲᠦᠷᠭᠡᠳᠭᠡᠪᠡ᠃ ᠲᠣᠮᠳᠠ ᠪᠠᠭ᠎ᠠ ᠠᠵᠣ ᠠᠬᠤᠶᠢᠯᠠᠯ ᠤᠨ ᠦᠢᠯᠡᠰ ᠡᠷᠬᠢᠯᠡᠵᠦ ᠠᠵᠢᠯ ᠣᠯᠭᠤᠬᠤ ᠲᠣᠭᠤᠷᠢᠭ ᠤᠨ ᠨᠣᠭᠤᠭᠠᠷᠠᠭᠤᠯᠣᠯᠳᠠ᠂ ᠭᠤᠸᠠᠵᠢᠭᠤᠯᠣᠯᠳᠠ᠂ ᠭᠡᠭᠡᠷᠡᠬᠦᠯᠦᠯᠳᠡ ᠶᠢᠨ ᠢᠨᠵᠧᠨᠧᠷᠢᠩ ᠢ ᠬᠡᠷᠡᠭᠵᠢᠬᠦᠯᠵᠦ᠂ ᠭᠤᠣᠯᠳᠠᠯᠭᠠᠳᠣ ᠠᠵᠣ ᠦᠢᠯᠡᠳᠪᠦᠷᠢ ᠶᠢᠨ ᠠᠵᠣ ᠠᠬᠤᠶᠢᠯᠠᠯ ᠢ ᠪᠦᠬᠦᠨ ᠢ ᠪᠠᠷᠢᠯᠭ᠎ᠠ ᠰᠡᠷᠬᠦᠬᠡᠵᠤ᠂ ᠵᠢᠱᠢᠭᠰᠡᠨ ᠭᠠᠷᠤᠯᠳᠠ ᠳᠤ ᠬᠦᠷᠬᠡᠨ᠂ ᠨᠡᠬᠦᠷᠡᠰᠦ 120 ᠲᠦᠮᠡᠨ ᠲᠣᠨ᠂ ᠱᠦᠢᠨᠢ 56.3 ᠲᠦᠮᠡᠨ ᠲᠣᠨ᠂ ᠪᠣᠯᠪᠠᠰᠣᠷᠠᠭᠤᠯᠣᠭᠰᠠᠨ ᠮᠠᠲ᠋ᠧᠷᠢᠶᠡᠯ 49 ᠲᠦᠮᠡᠨ ᠲᠣᠨ᠂ ᠮᠣᠯᠢᠪᠳᠧᠨ ᠎ ᠤ ᠨᠠᠷᠢᠯᠢᠭ ᠨᠣᠨᠳᠠᠭ 2809 ᠲᠣᠨ ᠦᠢᠯᠡᠳᠪᠦᠷᠢᠯᠡᠵᠦ᠂ 16.7 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠣ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ ᠲᠣᠰᠪᠣᠷᠢ 863%᠂ 29.5%᠂ 30%᠂ 5.4%᠂ 2%᠎ ᠪᠠᠷ ᠨᠡᠮᠡᠭᠳᠡᠪᠡ᠃ ᠴᠠᠭᠠᠨᠨᠠᠭᠤᠷ 2×66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠬᠤᠪᠢ ᠣᠷᠣᠭᠰᠠᠨ ᠡᠷᠬᠡ ᠶᠢ ᠰᠢᠯᠵᠢᠬᠦᠯᠬᠦ ᠠᠵᠢᠯ ᠣᠷᠣᠭᠰᠢᠳᠠᠢ ᠶᠠᠪᠣᠭᠳᠠᠨ᠂ ᠲᠢᠶᠠᠨ ᠷᠦᠨ᠂ ᠰᠧ ᠨᠧᠩ ᠵᠡᠷᠭᠡ 4 ᠠᠵᠣ ᠠᠬᠤᠶᠢᠯᠠᠯ ᠤᠨ 42.5 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠦᠷᠦᠯ ᠵᠦᠢᠯ ᠢ ᠪᠠᠷᠢᠯᠭ᠎ᠠ ᠡᠬᠢᠯᠡᠬᠦᠯᠦᠨ᠂ ᠯᠢᠦᠢ ᠨᠧᠩ᠂ ᠪᠠᠶᠠᠨ ᠵᠡᠷᠭᠡ 5 ᠠᠵᠣ ᠠᠬᠤᠶᠢᠯᠠᠯ ᠤᠨ 87.5 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠦᠷᠦᠯ ᠵᠦᠢᠯ ᠵᠢᠴᠢ ᠡᠷᠢᠶᠡᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ ᠪᠦᠯᠦᠭᠯᠡᠯ ᠤᠨ 38 ᠲᠦᠮᠡᠨ ᠺᠢᠯᠣᠸᠠᠲ ᠤᠨ ᠲᠦᠷᠦᠯ ᠵᠦᠢᠯ ᠤᠨ ᠭᠠᠷᠳᠠᠮ ᠢᠶᠠᠨ ᠬᠦᠢᠴᠡᠳᠭᠡᠬᠦ ᠠᠵᠢᠯ ᠢ ᠠᠬᠢᠭᠤᠯᠵᠣ᠂ 500 ᠺᠢᠯᠤᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠤᠨ ᠠᠩᠬᠠᠨ ᠤ ᠲᠦᠰᠤᠪ᠂ ᠭᠠᠵᠠᠷ ᠰᠤᠩᠭᠤᠬᠤ ᠪᠠ ᠬᠠᠶᠢᠨ ᠰᠢᠨᠵᠢᠬᠦ ᠠᠵᠢᠯ ᠢ ᠲᠠᠭᠤᠰᠬᠠᠪᠠ᠃ ᠴᠠᠭᠠᠨᠨᠠᠭᠤᠷ ᠤᠨ ᠵᠢᠯ ᠳᠤ 500 ᠲᠦᠮᠡᠨ ᠲᠣᠨ ᠭᠠᠷᠤᠯᠳᠠ ᠲᠠᠢ ᠨᠠᠬᠦᠷᠠᠰᠣᠨ ᠠᠭᠤᠷᠬᠠᠢ ᠪᠠ ᠳ᠋ᠠ ᠠᠨ ᠤ ᠵᠢᠯ ᠳᠤ 120 ᠲᠦᠮᠡᠨ ᠲᠣᠨ ᠭᠠᠷᠤᠯᠳᠠ ᠲᠠᠢ ᠨᠠᠬᠦᠷᠠᠰᠣᠨ ᠠᠭᠤᠷᠬᠠᠢ ᠶᠢ ᠬᠢᠨᠠᠨ ᠵᠦᠪᠰᠢᠶᠡᠷᠡᠬᠦᠯᠬᠦ ᠭᠠᠷᠳᠠᠮ ᠬᠦᠢᠴᠡᠳᠭᠡᠬᠦ ᠱᠠᠳᠣᠨ ᠳᠤ ᠪᠠᠨ ᠪᠠᠶᠢᠵᠣ᠂ ᠮᠠᠨᠢᠳᠣ ᠨᠠᠬᠦᠷᠠᠰᠣᠨ ᠠᠭᠤᠷᠬᠠᠢ ᠶᠢᠨ ᠬᠠᠭᠤᠴᠢᠨ ᠠᠭᠤᠷᠬᠠᠢ ᠶᠢᠨ ᠣᠷᠴᠢᠨ ᠢ ᠰᠡᠷᠬᠦᠭᠡᠨ ᠵᠠᠰᠠᠬᠤ ᠠᠵᠢᠯ ᠢ ᠦᠨᠳᠦᠰᠦᠨ ᠳᠤ ᠪᠠᠨ ᠲᠠᠭᠤᠰᠬᠠᠵᠣ᠂ ᠬᠤᠩ ᠎ ᠲᠠᠢ ᠨᠠᠬᠦᠷᠰᠣᠨ ᠠᠭᠤᠷᠬᠠᠢ ᠶᠢ ᠵᠣᠭᠰᠣᠭᠠᠵᠣ ᠵᠠᠰᠠᠨ ᠴᠡᠭᠴᠡᠯᠡᠬᠦ ᠠᠵᠢᠯ ᠶᠠᠪᠣᠭᠳᠠᠭᠤᠯᠪᠠ᠃ ᠭᠤᠷᠴᠢ ᠶᠢᠨ ᠡᠳᠦᠷ ᠎ ᠲᠤ 2000 ᠲᠣᠨ ᠮᠦᠩᠬᠦ ᠴᠠᠶᠢᠷ ᠲᠣᠭᠤᠯᠭ᠎ᠠ ᠶᠢᠨ ᠦᠩᠭᠡᠳᠦ ᠲᠡᠮᠦᠷᠯᠢᠭ ᠤᠨ ᠬᠦᠳᠡᠷ ᠰᠢᠯᠢᠬᠦ ᠲᠦᠷᠦᠯ ᠵᠦᠢᠯ ᠢ ᠲᠣᠷᠰᠢᠨ ᠠᠵᠢᠯᠯᠠᠭᠤᠯᠵᠣ᠂ ᠯᠦᠩ ᠰᠢᠩ ᠤᠨ ᠡᠳᠦᠷ ᠲᠤ 2000 ᠲᠣᠨ ᠬᠠᠶᠢᠯᠣᠭᠤᠷ ᠵᠣᠩᠰᠢ ᠰᠢᠯᠢᠬᠦ ᠠᠭᠤᠷᠬᠠᠢ ᠭᠠᠵᠠᠷ ᠲᠠᠳᠠᠪᠣᠷᠢᠯᠠᠬᠤ ᠭᠠᠷᠳᠠᠮ ᠢᠶᠠᠨ ᠬᠦᠢᠴᠡᠳᠭᠡᠵᠦ ᠪᠤᠢ᠃ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢ ᠲᠠᠰᠤᠷᠠᠯᠳᠠ ᠦᠬᠡᠢ ᠠᠬᠢᠭᠤᠯᠪᠠ᠃ ︽ᠠᠪᠠᠭ᠎ᠠ ᠬᠤᠰᠢᠭᠤᠨ ᠤ ᠵᠣᠭᠠᠴᠠᠯ ᠤᠨ ᠦᠢᠯᠡᠰ ᠢ ᠬᠦᠭᠵᠢᠬᠦᠯᠬᠦ ᠲᠦᠯᠦᠪᠵᠢᠬᠦᠯᠭᠡ︾᠎ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠬᠦᠯᠦᠨ᠂ 35 ᠵᠣᠭᠠᠴᠠᠯ ᠤᠨ ᠠᠵᠣ ᠠᠬᠤᠶᠢᠯᠠᠯ ᠪᠠ ᠬᠤᠳᠠᠯᠳᠤᠭᠠᠨ ᠤ ᠲᠡᠯᠬᠡᠬᠦᠷ ᠢ ︽ᠠᠪᠠᠭ᠎ᠠ ᠬᠤᠰᠢᠭᠤᠨ ᠤ ᠵᠤᠭᠠᠴᠠᠯ ᠤᠨ ᠲᠦᠪ︾᠎ ᠤᠨ ᠭᠠᠷ ᠤᠳᠠᠰᠤᠨ ᠤ ᠵᠦᠬᠡᠯᠡᠨ ᠲᠤᠨᠤᠭ ᠲᠤ ᠤᠷᠤᠭᠤᠯᠵᠤ᠂ ᠠᠪᠠᠭ᠎ᠠ ᠬᠤᠰᠢᠭᠤᠨ ᠤ ᠵᠣᠭᠠᠴᠠᠯ ᠤᠨ ᠲᠠᠸᠠᠷ ᠤᠨ ᠦᠵᠡᠬᠦᠯᠦᠯᠭᠡ᠂ ᠠᠩᠬᠠᠳᠣᠭᠠᠷ ᠬᠤᠭᠤᠴᠠᠭᠠᠨ ᠤ ᠲᠣᠮᠳᠠᠳᠣ ᠮᠣᠩᠭᠤᠯ ᠤᠨ ᠣᠯᠠᠨ ᠣᠯᠣᠰ ᠤᠨ ᠲᠠᠸᠠᠷ ᠤᠨ ᠴᠣᠭᠯᠠᠭᠠᠨ᠂ 2018 · ︽ᠨᠢᠭᠡ ᠪᠦᠰᠡ ᠨᠢᠭᠡ ᠵᠠᠮ︾᠎ ᠤᠨ ᠠᠩᠬᠠᠳᠣᠭᠠᠷ ᠬᠤᠭᠤᠴᠠᠭᠠᠨ ᠤ ᠠᠪᠠᠭ᠎ᠠ ᠬᠤᠰᠢᠭᠤᠨ ᠤ ᠮᠣᠩᠭᠤᠯ ᠬᠤᠳᠠ ᠦᠨᠳᠦᠰᠦᠳᠡᠨ ᠤ ᠲᠠᠸᠠᠷ ᠤᠨ ᠰᠣᠯᠢᠯᠴᠠᠭᠠᠨ ᠵᠡᠷᠭᠡ ᠠᠵᠢᠯᠯᠠᠭ᠎ᠠ ᠶᠢ ᠠᠮᠵᠢᠯᠳᠠ ᠲᠠᠢ ᠡᠷᠬᠢᠯᠡᠨ᠂ ᠪᠦᠬᠦ ᠵᠢᠯ ᠳᠤ ᠣᠯᠣᠰ ᠤᠨ ᠲᠣᠳᠣᠭᠠᠳᠣ ᠭᠠᠳᠠᠭᠠᠳᠣ ᠶᠢᠨ ᠵᠣᠭᠠᠴᠠᠭᠰᠠᠳ ᠢ 24.5 ᠲᠦᠮᠡᠨ ᠬᠦᠮᠦᠨ ᠣᠳᠠᠭ᠎ᠠ ᠬᠦᠯᠢᠶᠡᠨ ᠵᠣᠴᠢᠯᠠᠵᠣ᠂ ᠵᠣᠭᠠᠴᠠᠯ ᠤᠨ ᠣᠷᠣᠯᠭ᠎ᠠ 1.2 ᠳ᠋ᠦᠩᠰᠢᠭᠤᠷ ᠲᠦᠬᠦᠷᠢᠭ ᠲᠤ ᠬᠦᠷᠪᠡ᠃ ᠪᠣᠳᠠᠰ ᠤᠨ ᠬᠦᠢᠯᠭᠡᠭᠡᠨ ᠤ ᠦᠢᠯᠡᠰ᠂ ᠮᠦᠩᠬᠦᠨ ᠬᠦᠢᠯᠭᠡᠭᠡᠨ ᠤ ᠦᠢᠯᠡᠰ ᠢ ᠲᠣᠭᠳᠠᠭᠤᠨ ᠠᠬᠢᠭᠤᠯᠵᠤ᠂ ᠠᠶᠠᠨᠴᠢᠨ ᠪᠠ ᠪᠠᠷᠠᠭ᠎ᠠ ᠵᠦᠭᠡᠭᠡᠪᠦᠷᠢᠯᠡᠯᠳᠡ ᠶᠢᠨ ᠬᠡᠮᠵᠢᠶ᠎ᠡ ᠲᠣᠰ ᠲᠣᠰ 1.15 ᠳ᠋ᠦᠩᠰᠢᠭᠤᠷ ᠬᠦᠮᠦᠨ ᠺᠢᠯᠣᠮᠧᠲᠷ ᠪᠠ 2.9 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰᠪᠣᠷᠢ 0.1% ᠪᠠ 0.3%᠎ ᠪᠠᠷ ᠨᠡᠮᠡᠭᠳᠡᠪᠡ᠃ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠬᠡᠮᠵᠢᠶ᠎ᠡ ᠲᠣᠰ ᠲᠣᠰ 21 ᠳ᠋ᠦᠩᠰᠢᠭᠤᠷ ᠲᠦᠬᠦᠷᠢᠭ ᠪᠠ 12.3 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠎ ᠠᠴᠠ ᠲᠣᠰᠪᠣᠷᠢ 1.9% ᠪᠠ 1.8%᠎ ᠪᠠᠷ ᠨᠡᠮᠡᠭᠳᠡᠪᠡ᠃     ︵ᠲᠦᠷᠪᠡ︶ ᠨᠡᠶᠢᠭᠡᠮ ᠠᠷᠠᠳ ᠤᠨ ᠠᠮᠢᠳᠣᠷᠠᠯ ᠤᠨ ᠦᠢᠯᠡᠰ ᠵᠣᠬᠢᠴᠠᠩᠭᠤᠢ ᠬᠦᠭᠵᠢᠪᠡ᠃ ᠡᠳ᠋ ᠤᠨ ᠵᠠᠰᠠᠭ ᠎ ᠤᠨ ᠠᠷᠠᠳ ᠤᠨ ᠠᠮᠢᠳᠣᠷᠠᠯ ᠳᠤ ᠭᠡᠷᠡᠭᠯᠡᠬᠦ ᠵᠠᠷᠣᠯᠭ᠎ᠠ 8.53 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠣᠯᠠᠨ ᠨᠡᠶᠢᠳᠡ ᠶᠢᠨ ᠵᠠᠷᠣᠯᠭ᠎ᠠ ᠶᠢᠨ 74.5%᠎ ᠶᠢ ᠡᠵᠡᠯᠡᠨ᠂ ︽ᠠᠷᠪᠠᠨ ᠪᠣᠳᠠᠳᠣ ᠶᠠᠪᠣᠳᠠᠯ︾᠎ ᠳᠤ 1.08 ᠳ᠋ᠦᠩᠰᠢᠭᠤᠷ ᠲᠦᠬᠦᠷᠢᠭ ᠵᠠᠷᠣᠴᠠᠭᠤᠯᠪᠠ᠃ ᠰᠣᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠬᠦ ᠶᠢ ᠪᠠᠶᠠᠯᠠᠬᠦᠯᠪᠠ᠃ ᠰᠣᠷᠭᠠᠨ ᠬᠦᠮᠦᠵᠢᠯ ᠤᠨ ᠪᠠᠶᠢᠭᠤᠯᠣᠮᠵᠢ ᠶᠢᠨ ᠲᠣᠬᠢᠷᠠᠭᠤᠯᠣᠯᠳᠠ ᠪᠠ ᠪᠠᠭᠰᠢ ᠠᠵᠢᠯᠳᠠᠨ ᠢ ᠣᠷᠢᠨ ᠭᠡᠷᠡᠭᠯᠡᠬᠦ ᠠᠵᠢᠯ ᠢ ᠪᠡᠶᠡᠯᠡᠬᠦᠯᠵᠦ᠂ ᠬᠢᠴᠢᠶᠠᠯ ᠤᠨ ᠪᠠᠷᠢᠮᠵᠢᠶ᠎ᠠ ᠳᠤ ᠰᠠᠭᠤᠷᠢᠯᠠᠨ ᠬᠢᠴᠢᠶᠠᠯ ᠤᠨ ᠲᠢᠩᠬᠢᠮ ᠤᠨ ᠦᠷ᠎ᠠ ᠠᠰᠢᠭ ᠢ ᠲᠡᠭᠡᠭᠰᠢᠯᠡᠬᠦᠯᠬᠦ ᠲᠦᠷᠦᠯ ᠵᠦᠢᠯ ᠢ ᠭᠡᠷᠡᠭᠵᠢᠬᠦᠯᠵᠦ᠂ ᠪᠦᠬᠦ ᠵᠢᠯ ᠳᠤ ᠪᠠᠭᠰᠢ ᠨᠠᠷ ᠲᠤ 2300 ᠬᠦᠮᠦᠨ ᠣᠳᠠᠭ᠎ᠠ ᠪᠣᠯᠪᠠᠰᠣᠷᠠᠯ ᠬᠦᠷᠳᠡᠭᠡᠪᠡ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠶᠡᠷᠦᠩᠬᠡᠶᠢᠯᠡᠭᠰᠡᠨ ᠪᠣᠯᠪᠠᠰᠣᠷᠠᠯ ᠤᠨ ᠰᠠᠭᠤᠷᠢᠨ ᠢ ᠪᠠᠶᠢᠭᠤᠯᠣᠨ᠂ ︽ᠣᠶᠣᠨᠳᠣ ᠰᠣᠷᠭᠠᠭᠤᠯᠢ︾᠎ ᠶᠢᠨ ᠢᠨᠵᠧᠨᠧᠷᠢᠩ ᠢ ᠠᠰᠢᠭᠯᠠᠯᠳᠠ ᠎ ᠳᠤ ᠣᠷᠣᠭᠤᠯᠵᠣ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠲᠠᠮᠢᠷ ᠤᠨ ᠣᠷᠳᠣᠨ ᠪᠠ   ᠮᠦᠩᠭᠡᠭᠠᠯ ᠬᠡᠦᠭᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠲᠣᠮᠳᠠᠳᠣ ᠪᠠᠭ᠎ᠠ ᠰᠣᠷᠭᠠᠭᠤᠯᠢ ᠶᠢᠨ ᠠᠶᠣᠩᠭ᠎ᠠ ᠰᠡᠷᠭᠡᠶᠢᠯᠡᠬᠦ ᠢᠨᠵᠧᠨᠧᠷᠢᠩ᠂ ᠭᠠᠯ ᠰᠡᠷᠭᠡᠶᠢᠯᠡᠬᠦ ᠢᠨᠵᠧᠨᠧᠷᠢᠩ ᠢ ᠢᠳᠡᠪᠬᠢᠳᠡᠢ ᠠᠬᠢᠭᠤᠯᠪᠠ᠃ ᠲᠦᠬᠡᠮᠡᠯ ᠠᠰᠢᠭ ᠬᠦᠷᠳᠡᠬᠡᠬᠦ ᠰᠣᠷᠣᠯᠭ᠎ᠠ ᠲᠡᠳᠬᠦᠬᠦ ᠮᠦᠩᠬᠦ ᠶᠢ 530.7 ᠲᠦᠮᠡᠨ ᠲᠦᠬᠦᠷᠢᠭ᠂ ᠰᠣᠷᠣᠯᠭ᠎ᠠ ᠲᠡᠳᠬᠦᠬᠦ ᠵᠢᠭᠡᠯᠡᠯᠭᠡ 359.3 ᠲᠦᠮᠡᠨ ᠲᠦᠬᠦᠷᠢᠭ ᠲᠠᠷᠬᠠᠭᠠᠵᠣ᠂ ᠶᠡᠭᠡ ᠰᠣᠷᠭᠠᠭᠤᠯᠢ ᠳᠤ ᠰᠢᠯᠭᠠᠵᠣ ᠣᠷᠣᠭᠰᠠᠨ ᠶᠠᠳᠠᠭᠤ ᠬᠦᠴᠢᠷᠳᠡᠯᠳᠡᠢ ᠣᠶᠣᠳᠠᠳ ᠲᠤ 24.5 ᠲᠦᠮᠡᠨ ᠲᠦᠬᠦᠷᠢᠭ ᠤᠨ ᠰᠣᠷᠣᠯᠭ᠎ᠠ ᠲᠡᠳᠬᠦᠬᠦ ᠨᠦᠬᠦᠪᠤᠷᠢ ᠣᠯᠭᠤᠪᠠ᠃ ︽ᠡᠷᠡᠬᠦᠯ ᠡᠩᠭᠡ ᠠᠪᠠᠭ᠎ᠠ︾᠎ ᠶᠢᠨ ᠪᠠᠶᠢᠭᠤᠯᠣᠯᠳᠠ ᠶᠢ ᠯᠠᠪᠳᠠᠭᠤᠨ ᠠᠬᠢᠭᠤᠯᠪᠠ᠃ ︽ᠦᠪᠡᠷᠳᠡᠭᠡᠨ ᠵᠠᠰᠠᠬᠤ ᠣᠷᠣᠨ ᠤ ᠲᠡᠰ ᠤᠨ ᠡᠷᠡᠬᠦᠯ ᠮᠡᠨᠳᠦ ᠶᠢ ᠠᠬᠢᠭᠤᠯᠬᠤ ᠬᠤᠰᠢᠭᠤ︾ ᠪᠠ ︽ᠪᠦᠬᠦ ᠣᠷᠣᠨ ᠤ ᠣᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠬᠦᠯᠬᠦ ᠲᠣᠭᠤᠷᠢᠭ︾᠎ ᠢ ᠴᠣᠭᠴᠠᠯᠠᠨ ᠪᠠᠶᠢᠭᠤᠯᠬᠤ ᠠᠵᠢᠯ ᠢ ᠦᠷᠨᠢᠭᠦᠯᠵᠦ᠂ ᠲᠡᠰ ᠬᠤᠪᠢᠶᠠᠨ ᠡᠮᠴᠢᠯᠡᠬᠦᠯᠬᠦ ᠲᠦᠷᠢᠮ ᠢ ᠢᠳᠡᠪᠬᠢᠳᠡᠢ ᠠᠬᠢᠭᠤᠯᠵᠣ᠂ ︽ᠢᠨᠲ᠋ᠧᠷ ᠰᠦᠯᠵᠢᠶ᠎ᠡ+ ᠡᠮᠴᠢᠯᠡᠭᠡ︾᠎ ᠶᠢᠨ ᠦᠢᠯᠡᠴᠢᠯᠡᠭᠡᠨ ᠤ ᠪᠠᠶᠢᠭᠤᠯᠣᠯᠳᠠ ᠶᠢ ᠪᠦᠷᠢᠨᠰᠢᠬᠦᠯᠦᠨ᠂ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠬᠦᠨᠵᠡᠭᠡᠢ ᠦᠷᠨᠢᠬᠦᠯᠵᠦ᠂ ᠬᠤᠶᠠᠷ ᠬᠡᠦᠭᠡᠳ ᠠᠪᠴᠣ ᠪᠣᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠮᠣᠩᠭᠤᠯ ᠡᠮᠨᠡᠯᠭᠡ ᠶᠢᠨ ᠬᠤᠷᠢᠶᠠᠨ ᠤ ᠮᠣᠩᠭᠤᠯ ᠡᠮ ᠨᠠᠶᠢᠷᠠᠭᠤᠯᠬᠤ ᠲᠠᠰᠤᠭ ᠤᠨ ᠦᠢᠯᠡᠳᠪᠤᠷᠢᠯᠡᠯ ᠢ ᠲᠤᠷᠰᠢᠨ ᠡᠬᠢᠯᠡᠬᠦᠯᠵᠦ᠂ ᠬᠤᠰᠢᠭᠤ ᠣᠯᠠᠨ ᠨᠡᠶᠢᠳᠡ ᠎ ᠶᠢᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠶᠡᠷᠦᠩᠬᠡᠶᠢᠯᠡᠭᠰᠡᠨ ᠠᠰᠠᠷ ᠤᠨ ᠲᠤᠳᠤᠷᠡᠬᠢ ᠶᠢ ᠵᠠᠰᠠᠨ ᠴᠢᠮᠡᠭᠯᠡᠵᠤ᠂ ᠡᠷᠡᠬᠦᠯ ᠮᠡᠨᠳᠦ ᠶᠢᠨ ᠭᠤᠤᠯ ᠰᠡᠳᠦᠪᠳᠦ ᠴᠡᠴᠡᠷᠯᠢᠭ ᠤᠨ ᠪᠠᠶᠢᠭᠤᠯᠣᠯᠳᠠ ᠶᠢ ᠲᠠᠭᠤᠰᠬᠠᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠡᠮᠴᠢ ᠲᠠᠢ ᠭᠡᠷ᠎ᠡ ᠲᠣᠭᠳᠠᠭᠰᠠᠨ ᠨᠣᠷᠮ᠎ᠠ 70.5%᠎ ᠳᠤ ᠬᠦᠷᠴᠦ᠂ ᠪᠦᠬᠦ ᠠᠶᠢᠮᠠᠭ ᠤᠨ ᠲᠡᠭᠰᠢᠳᠭᠡᠭᠰᠡᠨ ᠬᠢᠷᠢ ᠲᠦᠪᠰᠢᠨ ᠠᠴᠠ 19 ᠵᠠᠭᠤᠨ ᠤ ᠨᠢᠬᠡᠴᠢ ᠦᠨᠳᠦᠷ ᠪᠠᠶᠢᠵᠤ᠂ ᠪᠦᠬᠦ ᠵᠢᠯ ᠳᠤ ᠬᠦᠭᠡ ᠲᠦᠷᠦᠯ ᠤᠨ ᠬᠠᠯᠳᠠᠪᠣᠷᠢᠳᠣ ᠡᠪᠡᠳᠴᠢᠨ ᠪᠠ ᠬᠡᠨᠡᠳᠳᠡ ᠶᠢᠨ ᠴᠢᠨᠠᠷᠳᠠᠢ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠷᠡᠭ ᠡᠬᠦᠰᠦᠭᠰᠡᠨ ᠦᠭᠡᠢ᠃ ᠪᠦᠬᠦ ᠬᠤᠰᠢᠭᠤᠨ ᠤ ᠰᠣᠮᠣ ᠪᠠᠯᠭᠠᠰᠣ᠂ ᠭᠠᠴᠠᠭ᠎ᠠ ᠴᠦᠮ ᠦᠪᠡᠷᠳᠡᠭᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠰᠣᠮᠣ ᠪᠠᠯᠭᠠᠰᠣ ᠭᠠᠴᠠᠭᠠᠨ ᠤ ᠡᠩᠨᠡᠭᠡ ᠳᠤ ᠵᠢᠭᠰᠠᠭᠠᠭᠳᠠᠵᠤ᠂ ᠦᠪᠡᠷᠳᠡᠭᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠣᠨ ᠤ ᠬᠢᠨᠠᠨ ᠦᠨᠡᠯᠡᠯᠲᠡ ᠳᠤ ᠬᠢᠷᠢ ᠲᠠᠩᠴᠠᠪᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠨ ᠬᠦᠭᠵᠢᠬᠦᠯᠪᠡ᠃ ᠪᠦᠬᠦ ᠠᠷᠠᠳ ᠎ ᠤᠨ ᠪᠡᠶ᠎ᠡ ᠴᠢᠬᠢᠷᠠᠭᠵᠢᠭᠤᠯᠬᠤ ᠲᠦᠪ ᠠᠰᠢᠭᠯᠠᠯᠳᠠ ᠳᠤ ᠤᠷᠤᠵᠤ᠂ ᠴᠣᠭᠤᠷ ᠲᠠᠭᠤᠣ ᠶᠢ ᠦᠪᠯᠡᠨ ᠣᠯᠠᠮᠵᠢᠯᠠᠬᠤ ᠲᠦᠪ ᠤᠨ ᠭᠤᠣᠯ ᠴᠣᠭᠴᠠ ᠶᠢᠨ ᠪᠠᠷᠢᠯᠭ᠎ᠠ ᠲᠠᠭᠤᠰᠴᠤ᠂ ︽2018 · ᠰᠢᠯᠢ ᠶᠢᠨ ᠭᠤᠣᠯ ᠡᠷ᠎ᠡ ᠶᠢᠨ ᠭᠤᠷᠪᠠᠨ ᠨᠠᠭᠠᠳᠣᠮ ᠤᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠢᠴᠢ ᠨᠠᠢᠮᠠᠳᠣᠭᠠᠷ ᠬᠤᠭᠤᠴᠭᠠᠠᠨ ᠤ ᠬᠠᠷ᠎ᠠ ᠠᠳᠣᠭᠤᠨ ᠰᠣᠶᠣᠯ ᠤᠨ ᠨᠠᠶᠢᠷ︾᠂ ᠠᠩᠬᠠᠳᠣᠭᠠᠷ ᠬᠤᠭᠤᠴᠠᠭᠠᠨ ᠤ ︽ᠲᠡᠮᠦᠷ ᠨᠡᠷᠡᠮᠵᠢᠳᠦ︾ ᠮᠣᠩᠭᠤᠯ ᠰᠢᠳᠠᠷ᠎ᠠ ᠎ ᠶᠢᠨ ᠣᠷᠣᠯᠳᠣᠭᠠᠨ ᠵᠡᠷᠭᠡ 70 ᠭᠠᠷᠣᠢ ᠲᠠᠯᠠᠪᠠᠢ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠦ᠂ ︽ᠦᠪᠤᠷ ᠮᠤᠩᠭᠤᠯ ᠤᠨ ᠮᠣᠩᠭᠤᠯ ᠰᠢᠳᠠᠷ᠎ᠠ ᠶᠢᠨ ᠰᠣᠶᠣᠯ ᠢ ᠣᠯᠠᠮᠵᠢᠯᠠᠨ ᠬᠦᠭᠵᠢᠬᠦᠯᠬᠦ ᠰᠠᠭᠤᠷᠢᠨ ᠭᠠᠵᠠᠷ︾᠎ ᠢᠶᠠᠷ ᠨᠡᠷᠡᠶᠢᠳᠦᠭᠳᠡᠨ᠂ ᠬᠤᠰᠢᠭᠤ ᠣᠯᠠᠭᠠᠨᠮᠦ᠋ᠴᠢᠷ ᠦᠪᠡᠷᠳᠡᠭᠡᠨ ᠵᠠᠰᠠᠬᠤ ᠣᠷᠣᠨ ᠤ ᠲᠡᠰ ᠤᠨ ᠰᠢᠯᠢᠳᠡᠭ ᠨᠢᠭᠡᠳᠦᠭᠡᠷ ᠲᠦᠷᠦᠯ ᠤᠨ ᠣᠯᠠᠭᠠᠨᠮᠦ᠋ᠴᠢᠷ ᠢᠶᠠᠷ ᠦᠨᠡᠯᠡᠭᠳᠡᠵᠦ᠂ ᠰᠠᠶᠢᠡᠵᠢᠶᠠᠭ᠎ᠠ ︽ᠰᠠᠮᠪᠤ ᠪᠦᠭᠡ ᠶᠢᠨ ᠲᠡᠯᠡᠬᠡᠢ ᠶᠢᠨ ᠱᠠᠩᠨᠠᠯᠳᠤ ᠣᠷᠣᠯᠳᠣᠭᠠᠨ︾᠎ ᠳᠤ ᠮᠠᠨ ᠤ ᠣᠯᠣᠰ ᠤᠨ ᠠᠩᠬᠠᠨ ᠤ ᠠᠯᠳᠠᠨ ᠮᠧᠲ᠋ᠡᠯ ᠢ ᠲᠣᠰᠴᠣ᠂ ᠨᠠᠮᠨᠠᠭᠠᠴᠢ ᠰᠣᠷ ᠬᠠᠷᠪᠣᠯᠭ᠎ᠠ ᠎ ᠶᠢᠨ ᠨᠡᠶᠢᠭᠡᠮᠯᠢᠭ ᠪᠦᠬᠦ ᠣᠯᠣᠰ ᠤᠨ ᠰᠣᠷ ᠬᠠᠷᠪᠤᠯᠳᠠ ᠶᠢᠨ ᠣᠷᠣᠯᠳᠣᠭᠠᠨ ᠳᠤ 3 ᠣᠳᠠᠭ᠎ᠠ ᠨᠢᠭᠡᠴᠡ ᠶᠢᠨ ᠲᠡᠷᠢᠬᠦᠨ ᠎ ᠢ ᠠᠪᠴᠣ᠂ ︽ᠪᠡᠯᠬᠦᠳᠡᠢ︾ ᠭᠡᠬᠦ ᠰᠢᠯᠦᠭ ᠣᠷᠠᠨ ᠵᠣᠬᠢᠶᠠᠯ ᠤᠨ ︽ᠰᠣᠯᠣᠩᠭ᠎ᠠ︾ ᠱᠠᠩᠨᠠᠯ ᠢ ᠬᠦᠷᠳᠡᠵᠦ᠂ ︽ᠪᠦᠷᠬᠦᠳ ᠤᠨ ᠦᠯᠢᠭᠡᠷ︾  ᠪᠦᠳᠦᠭᠡᠯ ᠦᠪᠡᠷᠳᠡᠭᠡᠨ ᠵᠠᠰᠠᠬᠤ ᠣᠷᠣᠨ ᠤ ᠭᠡᠷᠡᠯ ᠵᠢᠷᠤᠭ ᠤᠨ ᠦᠵᠡᠬᠦᠯᠦᠯᠭᠡ ᠳᠤ ᠨᠢᠭᠡᠳᠦᠭᠡᠷ ᠲᠡᠰ ᠤᠨ ᠱᠠᠩᠨᠠᠯ ᠬᠦᠷᠳᠡᠪᠡ᠃ ᠦᠢᠯᠡᠰ ᠡᠷᠬᠢᠯᠡᠵᠦ ᠠᠵᠢᠯ ᠣᠯᠭᠤᠬᠤ ᠴᠢᠨᠠᠷᠵᠢᠯ ᠢ ᠲᠠᠰᠤᠷᠠᠯᠳᠠ ᠦᠬᠡᠢ ᠲᠡᠭᠡᠭᠰᠢᠯᠡᠬᠦᠯᠪᠡ᠃ ︽ᠣᠶᠣᠨᠳᠣ ᠬᠦᠳᠡᠯᠮᠦᠷᠢ ᠠᠵᠢᠯᠳᠠᠨ︾᠎ ᠤ ᠦᠢᠯᠡᠴᠢᠯᠡᠭᠡ ᠶᠢᠨ ᠰᠢᠰᠲ᠋ᠧᠮ ᠢ ᠨᠡᠭᠡᠭᠡᠨ ᠬᠦᠭᠵᠢᠬᠦᠯᠵᠦ᠂ ︽ᠸᠧᠢ ᠭᠧᠦ︾ ᠪᠠ ︽ᠠᠪᠠᠭ᠎ᠠ ᠬᠠᠮᠳᠤ ᠬᠤᠳᠠ︾ ᠬᠤᠶᠠᠷ APP᠎ ᠶᠢ ᠨᠡᠬᠡᠬᠡᠨ ᠠᠰᠢᠭᠯᠠᠵᠤ᠂ ︽ᠤᠷᠢᠬᠠᠨ ᠬᠠᠪᠣᠷ ᠤᠨ ᠠᠵᠢᠯᠯᠠᠭ᠎ᠠ︾ ᠵᠢᠴᠢ ᠦᠢᠯᠡᠰ ᠡᠷᠬᠢᠯᠡᠬᠦ ᠲᠦᠷᠦᠯ ᠵᠦᠢᠯ ᠢ ᠲᠠᠨᠢᠯᠴᠠᠭᠤᠯᠬᠤ ᠵᠡᠷᠭᠡ 4 ᠣᠳᠠᠭᠠᠨ ᠤ ᠠᠵᠢᠯᠳᠠᠨ ᠡᠯᠰᠡᠬᠦ ᠬᠤᠷᠠᠯ ᠢ ᠵᠣᠬᠢᠶᠠᠨ ᠪᠠᠶᠢᠭᠤᠯᠵᠣ᠂ 4109 ᠠᠵᠢᠯ ᠤᠨ ᠪᠠᠶᠢᠷᠢ ᠴᠣᠭᠯᠠᠭᠤᠯᠣᠨ᠂ ᠬᠤᠳᠠ ᠬᠦᠳᠡᠭᠡ ᠶᠢᠨ 2106 ᠬᠦᠮᠦᠨ ᠳᠤ ᠠᠵᠢᠯ ᠣᠯᠭᠤᠵᠣ᠂ 100 ᠨᠡᠶᠢᠳᠡ ᠶᠢᠨ ᠠᠰᠢᠭᠳᠣ ᠠᠵᠢᠯ ᠤᠨ ᠪᠠᠶᠢᠷᠢ ᠲᠤᠬᠢᠷᠠᠭᠤᠯᠵᠤ᠂ ᠬᠤᠳᠠ ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠡᠳ ᠤᠨ ᠨᠣᠷᠮ᠎ᠠ ᠶᠢ 1.99%᠎ ᠶᠢᠨ ᠲᠣᠳᠣᠷ᠎ᠠ ᠬᠢᠵᠠᠭᠠᠷᠯᠠᠨ᠂ ᠪᠦᠬᠦ ᠠᠶᠢᠮᠠᠭ ᠤᠨ ᠲᠣᠮᠳᠠᠴᠢ ᠬᠢᠷᠢ ᠲᠦᠪᠰᠢᠨ ᠠᠴᠠ ᠲᠣᠣᠷ᠎ᠠ ᠪᠠᠶᠢᠯᠭᠠᠪᠠ᠃ ᠨᠡᠶᠢᠭᠡᠮ ᠤᠨ ᠪᠠᠳᠣᠯᠠᠭ᠎ᠠ ᠶᠢᠨ ᠴᠢᠳᠠᠪᠬᠢ ᠶᠢ ᠲᠡᠭᠡᠭᠰᠢᠯᠡᠬᠦᠯᠪᠡ᠃ ᠪᠦᠬᠦ ᠠᠷᠠᠳ ᠤᠨ ᠲᠠᠭᠠᠳᠬᠠᠯ ᠳᠤ ᠣᠷᠣᠬᠤ ᠲᠦᠯᠦᠪᠯᠡᠭᠡ ᠶᠢ ᠠᠬᠢᠭᠤᠯᠣᠨ᠂ ᠲᠠᠭᠠᠳᠬᠠᠯ ᠳᠤ ᠣᠷᠣᠭᠰᠠᠳ ᠢ ᠲᠠᠩᠰᠠᠯᠠᠭᠰᠠᠨ ᠨᠣᠷᠮ᠎ᠠ 100%᠎ ᠳᠤ ᠬᠦᠷᠴᠦ᠂ 7924 ᠬᠦᠮᠦᠨ ᠳᠤ 1.16 ᠳ᠋ᠦᠩᠰᠢᠭᠤᠷ ᠲᠦᠬᠦᠷᠢᠭ ᠤᠨ ᠨᠠᠰᠤᠵᠢᠯ ᠤᠨ ᠲᠠᠭᠠᠳᠬᠠᠯ ᠤᠨ ᠮᠦᠩᠬᠦ ᠲᠠᠷᠬᠠᠭᠠᠨ᠂ ᠡᠮᠴᠢᠯᠡᠭᠡᠨ ᠤ ᠲᠠᠭᠠᠳᠬᠠᠯ ᠳᠤ ᠤᠷᠤᠭᠰᠡᠨ 4 ᠲᠦᠮᠨ ᠭᠠᠷᠤᠢ ᠬᠦᠮᠤᠨ ᠳᠤ 3004 ᠲᠦᠮᠡᠨ ᠲᠦᠬᠦᠷᠢᠭ ᠤᠨ ᠡᠮᠨᠡᠯᠭᠡ ᠶᠢᠨ ᠲᠠᠩᠰᠠ ᠴᠠᠶᠢᠷᠠᠭᠤᠯᠪᠠ᠃ ᠬᠦᠴᠢᠷᠳᠡᠯᠳᠡᠢ ᠠᠷᠡᠳ ᠢ ᠲᠡᠳᠬᠦᠨ ᠲᠡᠮᠵᠢᠬᠦ ᠠᠵᠢᠯ ᠢ ᠰᠠᠶᠢᠳᠣᠷ ᠬᠢᠵᠦ᠂ ᠵᠡᠮᠳᠡᠭᠴᠣᠳ ᠢ ᠠᠰᠠᠷᠠᠨ ᠬᠠᠷᠠᠭᠠᠯᠵᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠪᠠᠷᠢᠯᠭ᠎ᠠ ᠶᠢ ᠡᠬᠢᠯᠡᠬᠦᠯᠵᠦ ᠂ ᠨᠡᠶᠢᠭᠡᠮ ᠲᠣᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠢ ︽ᠬᠠᠯᠠᠮᠵᠢ︾ ᠮᠠᠯᠵᠢᠬᠤ ᠣᠷᠣᠨ ᠤ ᠨᠠᠰᠣᠳᠠᠶᠢᠴᠣᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠎ ᠲᠤ ᠨᠡᠬᠦᠯᠬᠡᠨ ᠨᠠᠶᠢᠯᠡᠬᠦᠯᠵᠤ᠂ ᠡᠯ᠎ᠡ ᠲᠦᠷᠦᠯ ᠤᠨ ᠠᠪᠣᠷᠠᠨ ᠲᠣᠰᠠᠯᠠᠬᠤ ᠨᠦᠬᠦᠪᠦᠷᠢ ᠮᠦᠩᠬᠦ ᠶᠢ 713 ᠲᠦᠮᠡᠨ ᠲᠦᠬᠦᠷᠢᠭ ᠲᠠᠷᠬᠠᠭᠠᠨ᠂ 958 ᠡᠷᠦᠭᠡ ᠶᠢᠨ 1534 ᠬᠦᠮᠦᠨ ᠳᠤ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠮᠦᠩᠬᠦ 744.8 ᠲᠦᠮᠡᠨ ᠲᠦᠬᠦᠷᠢᠭ ᠲᠠᠷᠬᠠᠭᠠᠵᠣ᠂ 77 ᠪᠦᠬᠦᠯᠢ ᠨᠠᠰᠣᠨ ᠠᠴᠠ ᠲᠡᠭᠡᠭᠰᠢᠬᠢ 1099 ᠨᠠᠰᠣᠳᠠᠳ ᠲᠤ ᠨᠠᠰᠣᠵᠢᠯ ᠤᠨ ᠨᠦᠬᠦᠪᠦᠷᠢ 187.9 ᠲᠦᠮᠡᠨ ᠲᠦᠬᠦᠷᠢᠭ ᠲᠠᠷᠬᠠᠭᠠᠨ᠂ 60 ᠪᠦᠬᠦᠯᠢ ᠨᠠᠰᠣᠨ ᠠᠴᠠ ᠲᠡᠭᠡᠭᠰᠢᠬᠢ 6750 ᠨᠠᠰᠣᠳᠠᠳ ᠢ ᠠᠳᠡᠭᠳᠡᠯ ᠬᠡᠮᠳᠤᠯ ᠤᠨ ᠲᠠᠭᠠᠳᠬᠠᠯ ᠳᠤ ᠣᠷᠣᠭᠤᠯᠪᠠ᠃     ︵ᠲᠠᠪᠤ︶ ᠬᠦᠭᠵᠢᠯᠳᠡ ᠶᠢᠨ ᠪᠠᠳᠣᠯᠠᠭ᠎ᠠ ᠶᠢᠨ ᠴᠢᠳᠠᠪᠬᠢ ᠶᠢ ᠲᠠᠰᠤᠷᠠᠯᠳᠠ ᠦᠬᠡᠢ ᠲᠡᠭᠡᠭᠰᠢᠯᠡᠬᠦᠯᠪᠡ᠃     ᠬᠤᠳᠠ ᠪᠠᠯᠭᠠᠰᠣᠨ ᠤ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠰᠠᠶᠢᠵᠢᠷᠠᠭᠤᠯᠪᠠ᠃ ᠪᠡᠯᠬᠦᠳᠡᠢ ᠪᠠᠯᠭᠠᠰᠣᠨ ᠎ ᠤ ᠣᠣᠭᠤᠬᠤ ᠣᠰᠣᠨ ᠤ ᠡᠬᠢ ᠰᠣᠷᠪᠣᠯᠵᠢ ᠶᠢ ᠬᠠᠮᠠᠭᠠᠯᠠᠬᠤ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠴᠦᠬᠦᠷᠤᠮ ᠪᠠ ᠬᠠᠭᠤᠴᠢᠨ ᠰᠠᠭᠤᠭᠠᠯᠢ ᠲᠣᠭᠤᠷᠢᠭ ᠤᠨ ᠤᠰᠤ ᠴᠠᠬᠢᠯᠭᠠᠨ ᠤ ᠬᠡᠮᠵᠢᠬᠦᠷ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠦᠨ᠂ 4 ᠬᠠᠭᠤᠴᠢᠨ ᠰᠠᠭᠤᠭᠠᠯᠢ ᠲᠣᠭᠤᠷᠢᠭ ᠤᠨ ᠲᠣᠯᠠᠭᠠᠯᠠᠯᠭ᠎ᠠ ᠬᠠᠩᠭᠠᠬᠤ ᠪᠠ ᠪᠣᠬᠢᠷ ᠣᠰᠣ ᠭᠠᠳᠠᠭᠰᠢᠯᠠᠭᠤᠯᠬᠤ ᠬᠤᠭᠤᠯᠠᠢ ᠶᠢ ᠵᠠᠰᠠᠨ ᠰᠠᠶᠢᠵᠢᠷᠠᠭᠤᠯᠵᠣ᠂ ᠲᠠᠩᠰᠠ ᠡᠪᠭᠡᠮᠡᠯ ᠤᠨ ᠣᠷᠳᠣᠨ ᠢ ᠠᠰᠢᠭᠯᠠᠯᠳᠠ ᠳᠤ ᠣᠷᠣᠭᠤᠯᠣᠨ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠣ᠂ 275 ᠢᠵᠢ ᠨᠤᠤᠷᠠᠬᠠᠢ ᠬᠡᠷ ᠪᠠᠶᠢᠰᠢᠩ ᠢ ᠵᠠᠰᠠᠨ ᠰᠢᠨᠡᠳᠬᠡᠵᠤ ᠂ 39.5 ᠲᠦᠮᠡᠨ ᠰᠠᠭᠤᠷᠢ ᠮᠣᠳᠣ ᠲᠠᠷᠢᠵᠣ᠂ ᠰᠢᠨ᠎ᠡ ᠪᠠᠷ 1460 ᠮᠧᠲᠷ ᠲᠦᠭᠡᠭᠡᠯ ᠣᠰᠣᠨ ᠤ ᠬᠤᠭᠤᠯᠠᠢ᠂ 820 ᠮᠧᠲᠷ ᠪᠣᠬᠢᠷ ᠣᠰᠣᠨ ᠤ ᠬᠤᠭᠤᠯᠠᠢ᠂ 2930 ᠮᠧᠲᠷ ᠤᠨ ᠲᠣᠯᠠᠭᠠᠯᠠᠯᠭ᠎ᠠ ᠶᠢᠨ ᠬᠤᠭᠤᠯᠠᠢ ᠶᠢ ᠦᠭᠡᠷᠡᠴᠢᠯᠡᠨ ᠰᠢᠨᠡᠳᠭᠡᠵᠦ᠂ ᠲᠣᠯᠠᠭᠠᠯᠠᠯᠭ᠎ᠠ ᠶᠢᠨ ᠵᠤᠤᠬ᠎ᠠ 2 ᠰᠠᠭᠤᠷᠢ ᠶᠢ ᠨᠡᠮᠡᠵᠦ᠂ ᠬᠤᠭᠤᠯᠠᠨ ᠭᠡᠷ ᠤᠨ ᠬᠠᠶᠠᠭᠳᠠᠮᠠᠯ ᠬᠤᠭ ᠨᠤᠪᠰᠢ ᠵᠦᠭᠡᠭᠡᠪᠦᠷᠢᠯᠡᠬᠦ ᠲᠡᠷᠭᠡ 2᠂ ᠬᠤᠭ ᠤᠨ ᠬᠠᠶᠢᠷᠴᠠᠭ 300 ᠬᠤᠳᠠᠯᠳᠣᠨ ᠠᠪᠣᠪᠠ᠃ ᠦᠭᠡᠷᠡᠴᠢᠯᠡᠯᠳᠡ ᠨᠡᠭᠡᠭᠡᠯᠳᠡ ᠶᠢ ᠲᠠᠰᠤᠷᠠᠯᠳᠠ ᠦᠬᠡᠢ ᠬᠦᠨᠵᠡᠭᠡᠶᠢᠷᠡᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ ︾ ᠦᠭᠡᠷᠡᠴᠢᠯᠡᠯᠳᠡ ᠶᠢ ᠠᠯᠬᠤᠮ ᠲᠠᠷᠠᠭ᠎ᠠ ᠲᠠᠢ ᠠᠬᠢᠭᠤᠯᠵᠤ᠂ ︽ᠢᠨᠲ᠋ᠧᠷ ᠰᠦᠯᠵᠢᠶ᠎ᠡ+ ᠵᠠᠰᠠᠭ ᠤᠨ ᠶᠠᠪᠣᠳᠠᠯ ᠤᠨ ᠦᠢᠯᠡᠴᠢᠯᠡᠭᠡ︾᠎ ᠶᠢᠨ ᠠᠵᠢᠯ ᠢ ᠰᠠᠶᠢᠳᠣᠷ ᠬᠢᠵᠦ᠂ ᠣᠯᠣᠰ ᠤᠨ ᠬᠦᠮᠦᠷᠭᠡ ᠠᠴᠠ ᠲᠦᠪᠯᠡᠷᠡᠬᠦᠯᠤᠨ ᠲᠤᠭᠠᠴᠠᠬᠤ᠂ ᠢᠨᠵᠧᠨᠧᠷᠢᠩ ᠤᠨ ᠰᠣᠯᠢᠯᠴᠠᠭ᠎ᠠ᠂ ᠦᠢᠯᠡᠳᠪᠦᠷᠢ ᠬᠤᠳᠠᠯᠳᠣᠭᠠᠨ ᠤ ᠲᠠᠩᠰᠠᠯᠠᠬᠤ ᠵᠡᠷᠭᠡ ᠶᠠᠪᠣᠴᠠ ᠶᠢ ᠡᠯᠧᠺᠲᠷᠣᠨᠴᠢᠯᠠᠨ᠂ ᠡᠯᠧᠺᠲᠷᠣᠨ ᠡᠵᠡᠩᠨᠡᠯᠳᠡ ᠶᠢᠨ ᠦᠨᠡᠮᠯᠡᠯ 8 ᠬᠤᠪᠢ ᠲᠠᠷᠬᠠᠭᠠᠪᠠ︔   ︽ᠨᠠᠢᠮᠠᠨ ᠬᠠᠭᠤᠳᠠᠰᠤ ᠨᠠᠷᠢᠨ ᠲᠠᠩᠰᠠ︾᠎ ᠶᠢᠨ ᠪᠠᠷᠢᠮᠵᠢᠶᠠᠵᠢᠭᠰᠠᠨ ᠲᠣᠭᠳᠠᠯᠴᠠᠭ᠎ᠠ ᠶᠢᠨ ᠪᠠᠶᠢᠭᠤᠯᠣᠯᠳᠠ ᠶᠢ ᠠᠬᠢᠭᠤᠯᠣᠨ᠂ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ ᠡᠷᠭᠡ ᠲᠠᠢ ᠬᠤᠯᠪᠣᠭᠳᠠᠬᠤ ᠨᠠᠷᠢᠨ ᠲᠠᠩᠰᠠ ᠶᠢ 5900 ᠲᠦᠷᠦᠯ ᠴᠡᠭᠴᠡᠯᠡᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠨᠠᠷᠢᠨ ᠲᠠᠩᠰᠠ 233 ᠲᠦᠷᠦᠯ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠭᠤᠴᠢ ᠦᠢᠯᠡᠴᠢᠯᠡᠭᠡᠨ ᠤ ᠣᠴᠢᠷ ᠶᠠᠪᠣᠳᠠᠯ ᠢ ᠲᠤᠰᠪᠤᠷᠢ 3᠎ ᠶᠢ ᠴᠡᠪᠡᠷᠯᠡᠪᠡ︔ ︽ᠬᠤᠣᠰ ᠲᠣᠭᠳᠠᠮᠠᠯ ᠪᠣᠰᠣ᠂ ᠨᠢᠭᠡ ᠢᠯᠡ ᠨᠡᠶᠢᠳᠡᠯᠡᠬᠦ︾ ᠲᠦᠷᠢᠮ ᠢ ᠢᠳᠡᠪᠬᠢᠳᠡᠢ ᠨᠠᠶᠢᠳᠠᠪᠣᠷᠢᠵᠢᠭᠤᠯᠣᠨ᠂ 5 ᠤᠳᠠᠭ᠎ᠠ ᠬᠤᠯᠪᠣᠭᠠᠯᠠᠨ ᠬᠠᠣᠯᠢ ᠬᠡᠷᠡᠭᠵᠢᠬᠦᠯᠵᠤ᠂ 57 ᠵᠠᠬ᠎ᠠ ᠲᠡᠯᠭᠡᠬᠦᠷ ᠤᠨ ᠠᠷᠠᠯᠵᠢᠶᠠᠨ ᠤ ᠡᠷᠤᠬᠡ ᠶᠢ ᠪᠠᠶᠢᠴᠠᠭᠠᠪᠠ︔ ︽ᠤᠯᠠᠨ ᠦᠨᠡᠮᠯᠡᠯ ᠢ ᠨᠢᠭᠡᠳᠭᠡᠬᠦ︾ ᠦᠭᠡᠷᠡᠴᠢᠯᠡᠯᠳᠡ ᠶᠢ ᠠᠬᠢᠭᠤᠯᠣᠨ᠂ ᠰᠢᠨ᠎ᠡ ᠪᠠᠷ 66 ᠠᠵᠣ ᠠᠬᠤᠶᠢᠯᠠᠯ ᠨᠡᠮᠡᠭᠳᠡᠵᠤ 529 ᠡᠷᠦᠭᠡ ᠪᠤᠯᠪᠠ᠃ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ 315 ᠡᠷᠦᠭᠡ ᠨᠡᠮᠡᠭᠳᠡᠵᠤ 3277 ᠡᠷᠦᠭᠡ ᠪᠤᠯᠵᠤ᠂ ᠭᠤᠣᠯᠳᠠᠯᠭᠠᠳᠣ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠠᠬᠢᠭᠤᠯᠪᠠ᠃ ᠮᠠᠯᠵᠢᠬᠤ ᠣᠷᠣᠨ ᠤ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠵᠤ᠂ ᠨᠣᠳᠤᠭ ᠪᠡᠯᠴᠢᠭᠡᠷ ᠤᠨ ᠡᠷᠭᠡ ᠶᠢ ᠲᠣᠳᠣᠷᠬᠠᠶᠢᠯᠠᠵᠣ ᠲᠠᠩᠰᠠᠯᠠᠬᠤ ᠠᠵᠢᠯ ᠢ ᠠᠬᠢᠭᠤᠯᠤᠨ᠂ 62 ᠭᠠᠴᠠᠭᠠᠨ ᠤ 4289 ᠡᠷᠦᠭᠡ ᠶᠢᠨ 3251 ᠲᠦᠮᠡᠨ ᠮᠦ ᠨᠣᠳᠤᠭ ᠪᠡᠯᠴᠢᠭᠡᠷ ᠤᠨ ᠡᠷᠭᠡ ᠶᠢ ᠲᠣᠳᠣᠷᠬᠠᠶᠢᠯᠠᠬᠤ ᠠᠵᠢᠯ ᠢ ᠤᠷᠤᠭᠰᠢᠳᠡᠢ ᠦᠷᠨᠢᠬᠦᠯᠵᠤ᠂ 925 ᠨᠣᠳᠤᠭ ᠪᠡᠯᠴᠢᠭᠡᠷ ᠤᠨ ᠵᠢᠭᠤᠷᠠᠭᠠᠨ ᠢ ᠰᠢᠢᠳᠪᠦᠷᠢᠯᠡᠨ᠂ ᠮᠠᠯᠵᠢᠬᠤ ᠣᠷᠣᠨ ᠤ ᠭᠡᠷ ᠪᠠᠶᠢᠰᠢᠩ ᠪᠠ ᠬᠠᠮᠳᠣ ᠶᠢᠨ ᠪᠦᠳᠦᠭᠡᠨ ᠪᠠᠶᠢᠭᠤᠯᠣᠯᠳᠠ ᠳᠤ ᠭᠡᠷᠡᠭᠯᠡᠬᠦ ᠭᠠᠵᠠᠷ ᠤᠨ ᠡᠷᠭᠡ ᠶᠢ ᠲᠣᠳᠣᠷᠬᠠᠶᠢᠯᠠᠨ ᠦᠨᠡᠮᠯᠡᠯ ᠣᠯᠭᠤᠬᠤ ᠠᠵᠢᠯ ᠢ ᠣᠷᠣᠭᠰᠢᠳᠠᠢ ᠶᠠᠪᠤᠭᠳᠠᠭᠤᠯᠵᠤ᠂ 59 ᠭᠠᠴᠠᠭᠠᠨ ᠤ ᠦᠮᠴᠢᠯᠡᠯ ᠤᠨ ᠬᠠᠷᠢᠶᠠᠯᠠᠯ ᠢ ᠨᠦᠬᠦᠨ ᠬᠡᠮᠵᠢᠬᠦ ᠠᠵᠢᠯ ᠢ ᠲᠠᠭᠤᠰᠬᠠᠨ᠂ 91 ᠮᠠᠯᠴᠢᠨ ᠡᠷᠦᠭᠡ ᠳᠤ ᠦᠯᠦ ᠬᠦᠳᠡᠯᠬᠦ ᠬᠦᠷᠦᠩᠭᠡ ᠶᠢ ᠲᠠᠩᠰᠠᠯᠠᠭᠰᠡᠨ ᠦᠨᠡᠮᠯᠡᠯ ᠲᠠᠷᠬᠠᠭᠠᠪᠠ᠃ ᠠᠵᠣ ᠠᠬᠤᠶᠢᠯᠠᠯ ᠪᠠ ᠮᠠᠯᠴᠢᠳ ᠤᠨ ᠠᠰᠢᠭ ᠲᠣᠰᠠ ᠬᠤᠯᠪᠣᠭᠠᠯᠠᠭᠰᠠᠨ ᠵᠣᠬᠢᠴᠠᠮᠵᠢ ᠶᠢ ᠪᠠᠶᠢᠭᠤᠯᠵᠣ᠂ ᠡᠷᠳᠡᠨᠢ ᠢᠳᠡᠭᠡᠨ ᠤ ᠬᠢᠵᠠᠭᠠᠷᠳᠣ ᠺᠣᠮᠫᠠᠨᠢ ᠠᠴᠠ 12 ᠭᠠᠴᠠᠭ᠎ᠠ ᠲᠠᠢ ᠡᠳ᠋ ᠬᠦᠷᠦᠩᠭᠡ ᠠᠰᠢᠭ ᠲᠣᠰᠠ ᠶᠢᠨ ᠬᠠᠮᠳᠣᠷᠠᠯᠴᠠᠭ᠎ᠠ ᠪᠠᠶᠢᠭᠤᠯᠵᠣ ᠂ 89.7 ᠲᠦᠮᠡᠨ ᠲᠦᠬᠦᠷᠢᠭ ᠤᠨ ᠠᠰᠢᠭ ᠬᠦᠷᠳᠡᠭᠡᠪᠡ᠃ ᠬᠦᠳᠡᠭᠡ ᠲᠣᠰᠬᠤᠨ ᠤ ᠢᠳᠡᠭᠡᠮᠵᠢ ᠶᠢᠨ ᠬᠤᠷᠰᠢᠶᠠᠨ ᠤ ᠦᠭᠡᠷᠡᠴᠢᠯᠡᠯᠳᠡ ᠶᠢᠨ ᠠᠵᠢᠯ ᠢ ᠡᠬᠢᠯᠡᠬᠦᠯᠦᠨ᠂ 6 ᠰᠣᠮᠣ ᠪᠠᠯᠭᠠᠰᠣᠨ ᠤ ᠦᠨᠳᠦᠰᠦᠨ ᠱᠠᠳᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠰᠡᠷᠬᠦᠭᠡᠵᠦ᠂ ᠭᠠᠴᠠᠭᠠᠨ ᠤ ᠬᠠᠮᠳᠣ ᠶᠢᠨ ᠡᠳ᠋ ᠬᠦᠷᠦᠩᠭᠡ ᠶᠢ ᠬᠢᠨᠠᠨ ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠠᠬᠢᠭᠤᠯᠵᠣ᠂ ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠲᠠᠷᠤᠭ᠎ᠠ ᠶᠢ ᠢᠯᠡ ᠪᠠᠷ ᠡᠯᠰᠡᠨ ᠭᠡᠷᠡᠭᠯᠡᠬᠦ ᠪᠠ ᠴᠠᠯᠢᠩ ᠬᠦᠯᠦᠰᠦ ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ ᠎ ᠢ ᠡᠬᠢᠯᠡᠬᠦᠯᠪᠡ᠃ ᠣᠯᠣᠰ ᠤᠨ ᠭᠠᠶᠢᠯᠢ ᠰᠦᠢᠳᠭᠡᠯ ᠤᠨ ᠦᠭᠡᠷᠡᠴᠢᠯᠡᠯᠳᠡ ᠶᠢᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠡᠯ᠎ᠡ ᠲᠦᠷᠦᠯ ᠤᠨ ᠰᠦᠢᠳᠭᠡᠯ 280 ᠭᠠᠷᠣᠢ ᠲᠦᠮᠡᠨ ᠲᠦᠬᠦᠷᠢᠭ᠂ ᠭᠠᠶᠢᠯᠢ 5485 ᠭᠠᠷᠤᠢ ᠲᠦᠮᠡᠨ ᠲᠦᠬᠦᠷᠢᠭ ᠬᠡᠯᠳᠤᠷᠢᠬᠦᠯᠪᠡ᠃ ᠭᠠᠳᠠᠭᠠᠳᠤ ᠲᠠᠢ ᠴᠢᠯᠤᠬᠡᠳᠡᠢ ᠶᠠᠪᠤᠯᠴᠠᠬᠤ ᠠᠵᠢᠯ ᠢ ᠦᠷᠬᠦᠯᠵᠢᠯᠡᠨ ᠠᠬᠢᠭᠤᠯᠵᠤ᠂ ᠨᠠᠷᠠᠨᠪᠣᠯᠠᠭ ᠬᠢᠯᠢ ᠶᠢᠨ ᠠᠷᠠᠳ ᠤᠨ ᠨᠡᠪᠳᠡᠷᠡᠬᠦ ᠵᠠᠮ ᠤᠨ ᠠᠩᠬᠠᠨ ᠤ ᠬᠤᠭᠤᠴᠭᠠᠠᠨ ᠤ ᠠᠵᠢᠯ ᠢ ᠶᠠᠪᠣᠭᠳᠠᠭᠤᠯᠵᠣ᠂ ᠭᠤᠷᠪᠠᠳᠣᠭᠠᠷ ᠬᠤᠭᠤᠴᠠᠭᠠᠨ ᠤ ᠲᠣᠮᠳᠠᠳᠣ ᠮᠣᠩᠭᠤᠯ ᠤᠨ ᠦᠨᠳᠦᠰᠦᠳᠡᠨ ᠤ ᠲᠠᠸᠠᠷ ᠎ ᠤᠨ ᠰᠣᠯᠢᠯᠴᠠᠭᠠᠨ ᠤ ᠴᠣᠭᠯᠠᠭᠠᠨ ᠢ ᠠᠮᠵᠢᠯᠳᠠ ᠲᠠᠢ ᠡᠷᠬᠢᠯᠡᠵᠤ᠂ ︽2018 ᠭᠤᠷᠪᠠᠳᠣᠭᠠᠷ ᠬᠤᠭᠤᠴᠠᠭᠠᠨ ᠤ ᠣᠯᠠᠭᠠᠨᠪᠠᠭᠠᠳᠣᠷ᠂ ᠲᠣᠮᠳᠠᠳᠣ ᠣᠯᠣᠰ ᠤᠨ ᠦᠪᠦᠷ ᠮᠣᠩᠭᠤᠯ ᠤᠨ ᠲᠠᠸᠠᠷ ᠤᠨ ᠦᠵᠡᠬᠦᠯᠦᠯᠭᠡ ᠶᠢᠨ ᠴᠣᠭᠯᠠᠭᠠᠨ︾ ᠎ ᠳᠤ ᠢᠳᠡᠪᠬᠢᠳᠡᠢ ᠤᠷᠤᠯᠴᠠᠵᠤ᠂ ᠮᠣᠩᠭᠤᠯ ᠣᠯᠣᠰ ᠤᠨ ᠠᠶᠢᠯᠴᠢᠯᠠᠬᠤ ᠪᠦᠯᠬᠦᠮ ᠢ 1 ᠣᠳᠠᠭ᠎ᠠ ᠬᠦᠯᠢᠶᠡᠨ ᠵᠣᠴᠢᠯᠠᠵᠣ᠂ ᠮᠤᠩᠭᠤᠯ ᠤᠯᠤᠰ ᠲᠠᠢ ᠰᠣᠶᠣᠯ ᠰᠣᠷᠭᠠᠨ ᠬᠦᠮᠦᠵᠢᠯ ᠤᠨ ᠰᠣᠯᠢᠯᠴᠠᠭ᠎ᠠ ᠶᠢ 6 ᠣᠳᠠᠭ᠎ᠠ ᠦᠷᠨᠢᠬᠦᠯᠪᠡ ᠃ ᠠᠷᠠᠯᠵᠢᠶᠠᠴᠢᠨ ᠣᠷᠢᠵᠣ ᠪᠡᠯᠡ ᠲᠠᠳᠠᠬᠤ ᠬᠤᠷᠠᠯ ᠢ 3 ᠣᠳᠠᠭ᠎ᠠ ᠵᠣᠬᠢᠶᠠᠨ ᠪᠠᠶᠢᠭᠤᠯᠵᠣ᠂ 4 ᠲᠦᠷᠦᠯ ᠵᠥᠢᠯ ᠢ ᠎ ᠨᠢ ᠭᠡᠷᠡᠭᠵᠢᠬᠦᠯᠦᠨ᠂ 3.3 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠨᠠᠶᠢᠳᠠᠪᠣᠷᠢᠵᠢᠭᠤᠯᠪᠠ᠃ ᠲᠦᠷᠦᠯ ᠵᠦᠢᠯ ᠡᠷᠡᠮᠡᠯᠵᠡᠯᠡᠬᠦ ᠡᠷᠴᠢᠮ ᠢᠶᠠᠨ ᠴᠢᠩᠭᠠᠳᠬᠠᠨ᠂ ᠲᠡᠭᠡᠳᠦ ᠱᠠᠳᠣᠨ ᠠᠴᠠ 38 ᠲᠦᠷᠦᠯ ᠵᠦᠢᠯ ᠢ ᠡᠷᠡᠮᠡᠯᠵᠠᠯᠠᠨ ᠤᠯᠵᠤ᠂ 1.65 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠨᠠᠶᠢᠳᠠᠪᠣᠷᠢᠵᠢᠭᠤᠯᠪᠠ᠃ ᠨᠡᠶᠢᠭᠡᠮ ᠤᠨ ᠡᠶ᠎ᠡ ᠵᠣᠬᠢᠴᠠᠯ ᠲᠣᠭᠳᠠᠭᠤᠨ ᠢ ᠪᠡᠳᠣᠯᠠᠪᠠ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠣᠰᠬᠠᠢ ᠲᠦᠷᠦᠯ ᠤᠨ ᠲᠡᠮᠡᠴᠡᠯ ᠢ ᠦᠷᠨᠢᠬᠦᠯᠵᠦ᠂ ᠣᠯᠠᠨ ᠲᠦᠮᠡᠨ ᠢ ᠬᠦᠢᠴᠡᠳ ᠲᠠᠶᠢᠴᠢᠯᠠᠨ᠂ ᠢᠯᠡᠴᠢᠯᠡᠨ ᠮᠡᠳᠡᠬᠦᠯᠦᠭᠰᠡᠳ ᠎ ᠢ ᠱᠠᠩᠨᠠᠵᠣ᠂ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠣᠭᠳᠠᠭᠰᠠᠨ 4 ᠭᠡᠷᠡᠭ ᠢ ᠪᠠᠶᠢᠴᠠᠭᠠᠨ ᠰᠢᠳᠭᠡᠵᠦ᠂ ᠣᠯᠠᠨ ᠲᠦᠮᠡᠨ ᠤ ᠠᠮᠣᠷ ᠲᠦᠪᠰᠢᠨ ᠤ ᠲᠦᠷᠦᠭᠳᠡᠯ ᠢ ᠤᠯᠠᠮ ᠨᠡᠮᠡᠭᠳᠡᠬᠦᠯᠪᠠ᠃ ᠲᠦᠷᠪᠡᠨ ᠱᠠᠳᠣᠨ ᠤ ᠵᠦᠷᠢᠴᠡᠯ ᠵᠢᠭᠤᠷᠠᠭᠠᠨ ᠢ ᠪᠠᠶᠢᠴᠠᠭᠠᠨ ᠵᠣᠬᠢᠴᠠᠭᠤᠯᠬᠤ ᠪᠠ ︽ᠭᠤᠷᠪᠠᠨ ᠰᠠᠯᠪᠣᠷᠢ ᠨᠢᠭᠡ ᠲᠢᠩᠬᠢᠮ ᠨᠢᠭᠡ ᠲᠠᠰᠤᠭ︾᠎ ᠤᠨ ᠬᠤᠯᠪᠣᠭᠠᠯᠠᠭᠰᠠᠨ ᠵᠣᠬᠢᠴᠠᠮᠵᠢ ᠶᠢ ᠴᠢᠩᠭ᠎ᠠ ᠨᠠᠶᠢᠳᠠᠪᠣᠷᠢᠵᠢᠭᠤᠯᠣᠨ᠂ 54 ᠵᠦᠷᠢᠴᠡᠯ ᠵᠢᠭᠤᠷᠠᠭᠠᠨ ᠢ ᠡᠶᠡᠳᠡᠬᠦᠯᠵᠦ᠂ 205 ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ᠂ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠢᠳᠡᠪᠬᠢᠳᠡᠢ ᠰᠢᠢᠳᠪᠦᠷᠢᠯᠡᠨ᠂ ᠠᠳᠠᠯᠢ ᠬᠤᠭᠤᠴᠠᠭᠠᠨ ᠤ ᠬᠢ ᠠᠴᠠ 14%᠎ ᠪᠠᠷ ᠪᠠᠭᠠᠰᠬᠠᠵᠤ᠂ ᠰᠢᠢᠳᠪᠦᠷᠢᠯᠡᠭᠰᠡᠨ ᠨᠣᠷᠮ᠎ᠠ 95%᠎ ᠳᠤ ᠬᠦᠷᠴᠠᠢ᠃ ︽ᠠᠪᠠᠭ᠎ᠠ ᠬᠤᠰᠢᠭᠤᠨ ᠤ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠤ ᠬᠠᠮᠢᠶᠠᠷᠬᠤ ᠠᠵᠢᠯ ᠢ ᠴᠢᠩᠭᠠᠳᠬᠠᠬᠤ ᠲᠣᠬᠠᠢ ᠬᠡᠷᠡᠭᠵᠢᠬᠦᠯᠬᠦ ᠰᠠᠨᠠᠯ︾᠎ ᠢ ᠲᠣᠭᠳᠠᠭᠠᠵᠣ᠂ ᠴᠡᠷᠢᠭ ᠎ ᠠᠴᠠ ᠬᠠᠯᠠᠭᠳᠠᠭᠰᠠᠳ ᠤᠨ ᠦᠡᠳᠤᠰᠤᠨ ᠰᠤᠷᠠᠭ ᠵᠠᠩᠬᠢ ᠶᠢ ᠴᠤᠭᠯᠠᠭᠤᠯᠵᠤ᠂ ᠲᠣᠰᠬᠠᠢ ᠲᠦᠷᠦᠯ ᠤᠨ ᠨᠠᠶᠢᠳᠠ ᠶᠢᠨ ᠠᠰᠢᠭᠳᠣ ᠠᠵᠢᠯ ᠤᠨ ᠪᠠᠶᠢᠷᠢ 53᠎ ᠶᠢ ᠨᠠᠶᠢᠳᠠᠪᠣᠷᠢᠵᠢᠭᠤᠯᠣᠨ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠦ ᠬᠠᠮᠢᠶᠠᠷᠬᠤ ᠬᠢᠷᠢ ᠲᠦᠪᠰᠢᠨ ᠲᠠᠰᠣᠷᠠᠯᠳᠠ ᠦᠭᠡᠢ ᠲᠡᠭᠡᠭᠰᠢᠯᠡᠪᠡ᠃ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠠᠭᠤᠷᠬᠠᠢ ᠨᠡᠭᠡᠭᠡᠬᠦ ᠵᠡᠷᠭᠡ ᠠᠵᠢᠯ ᠲᠦᠷᠦᠯ ᠤᠨ ᠬᠦᠷᠢᠶᠡᠨ ᠬᠡᠪᠴᠢᠶᠡᠨ ᠳᠠᠬᠢ ᠠᠶᠣᠯᠬᠦᠢ ᠦᠢᠯᠡᠳᠪᠦᠷᠢᠯᠡᠯ ᠤᠨ ᠵᠠᠭᠤᠨ ᠡᠳᠦᠷ ᠲᠣᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠵᠦ᠂ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢ 636 ᠣᠳᠠᠭ᠎ᠠ ᠪᠠᠶᠢᠴᠠᠭᠠᠵᠤ᠂ 1224 ᠠᠮᠣᠷ ᠲᠦᠪᠰᠢᠨ ᠤ ᠲᠠᠯᠳᠠ ᠭᠡᠮ ᠢ ᠢᠯᠡᠷᠡᠬᠦᠯᠤᠨ᠂ 1207᠎ ᠶᠢ ᠨᠢ ᠵᠠᠰᠠᠨ ᠴᠡᠭᠴᠡᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠠᠮᠣᠷ ᠲᠦᠪᠰᠢᠨ ᠢ ᠪᠡᠳᠣᠯᠠᠪᠠ᠃ ᠢᠳᠡᠭᠡᠨ ᠤ ᠵᠦᠢᠯᠡᠰ ᠢ 104 ᠣᠳᠠᠭ᠎ᠠ ᠪᠠ ᠡᠮ ᠤᠨ ᠵᠦᠢᠯᠡᠰ ᠢ 33 ᠣᠳᠠᠭ᠎ᠠ ᠰᠣᠭᠤᠴᠢᠨ ᠪᠠᠶᠢᠴᠠᠭᠠᠵᠣ᠂ ᠢᠳᠡᠭᠡᠨ ᠤ ᠠᠮᠣᠷ ᠲᠦᠪᠰᠢᠨ ᠤ ᠲᠦᠷᠭᠡᠨ ᠪᠠᠶᠢᠴᠠᠭᠠᠯᠳᠠ ᠶᠢ 507 ᠣᠳᠠᠭ᠎ᠠ ᠦᠷᠨᠢᠬᠦᠯᠦᠨ᠂ ᠤᠯᠠᠨ ᠲᠦᠮᠡᠨ ᠤ ᠢᠳᠡᠭᠡᠨ ᠡᠮ ᠤᠨ ᠵᠦᠢᠯᠡᠰ ᠤᠨ ᠠᠮᠣᠷ ᠲᠦᠪᠰᠢᠨ ᠢ ᠪᠦᠳᠦᠮᠵᠢᠳᠡᠢ ᠪᠠᠳᠣᠯᠠᠪᠠ᠃ ᠡᠬᠦᠨ ᠤ ᠬᠠᠮᠳᠣ᠂ ᠣᠯᠣᠰ ᠤᠨ ᠪᠠᠳᠣᠯᠠᠨ ᠬᠠᠮᠠᠭᠠᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠳᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠡᠷᠭᠡ ᠠᠵᠢᠯ ᠢ ᠴᠢᠩᠭᠠᠳᠬᠠᠨ᠂ ᠰᠢᠣᠳᠠᠨ ᠬᠤᠯᠪᠣᠭ᠎ᠠ᠂ ᠭᠠᠳᠠᠭᠠᠳᠣ ᠶᠠᠪᠤᠳᠠᠯ ᠪᠠ ᠬᠠᠷᠢᠶᠠᠳᠣ ᠶᠢᠨ ᠶᠠᠪᠣᠳᠠᠯ᠂ ᠭᠠᠵᠠᠷ ᠬᠦᠳᠡᠯᠦᠯᠳᠡ ᠴᠠᠭ ᠠᠭᠤᠷ᠂ ᠲᠠᠮᠠᠬᠢᠨ ᠤ ᠦᠢᠯᠡᠰ᠂ ᠴᠢᠯᠠᠭᠤᠨ ᠲᠣᠰᠣ ᠵᠡᠷᠭᠡ ᠠᠵᠢᠯ ᠰᠢᠨ᠎ᠡ ᠦᠷ᠎ᠡ ᠪᠦᠳᠦᠮᠵᠢ ᠣᠯᠵᠣ᠂ ᠠᠵᠢᠯᠴᠢᠨ ᠤ ᠡᠪᠯᠡᠯ᠂ ᠡᠮᠡᠭᠳᠡᠶᠢᠴᠣᠳ ᠤᠨ ᠬᠤᠯᠪᠣᠭᠠᠳᠣ ᠬᠤᠷᠠᠯ᠂ ᠡᠪ ᠬᠠᠮᠳᠣ ᠵᠠᠯᠠᠭᠤᠴᠣᠳ᠂ ᠦᠢᠯᠡᠳᠪᠦᠷᠢ ᠬᠤᠳᠠᠯᠳᠣᠭᠠᠨ ᠤ ᠬᠤᠯᠪᠣᠭᠠᠳᠣ ᠬᠤᠷᠠᠯ᠂ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠣᠯᠠᠮ ᠲᠦᠮᠡᠨᠴᠢ ᠵᠣᠬᠢᠶᠠᠨ ᠪᠠᠶᠢᠭᠤᠯᠣᠯᠳᠠ ᠶᠢᠨ ᠠᠵᠣ ᠠᠬᠤᠢ ᠨᠡᠶᠢᠭᠡᠮ ᠤᠨ ᠬᠦᠭᠵᠢᠯᠳᠡ ᠳᠠᠬᠢ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠣᠭᠰᠠ ᠪᠠᠶᠢᠨ᠎ᠠ᠃     ᠨᠢᠭᠡ ᠵᠢᠯ ᠤᠨ ᠲᠣᠷᠰᠢ᠂ ᠬᠤᠰᠢᠭᠤ ᠵᠠᠰᠠᠭ ᠤᠨ ᠣᠷᠳᠣᠨ ᠠᠴᠠ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠭᠡᠢ ᠦᠷᠨᠢᠬᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠣᠷᠣᠯᠴᠠᠨ ᠡᠵᠡᠮᠰᠢᠵᠦ᠂ ᠲᠦᠪ ᠤᠨ ᠨᠠᠢᠮᠠᠨ ᠵᠣᠷᠪᠣᠰ ᠲᠣᠭᠳᠠᠭᠠᠯ ᠵᠢᠴᠢ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠢᠵᠢ ᠪᠦᠷᠢᠳᠦᠭᠰᠡᠨ ᠲᠦᠷᠢᠮ ᠲᠣᠭᠳᠠᠭᠠᠯ ᠢ ᠴᠢᠩᠭ᠎ᠠ ᠨᠠᠶᠢᠳᠠᠪᠣᠷᠢᠵᠢᠭᠤᠯᠵᠤ᠂ ᠲᠦᠷᠦ ᠶᠢᠨ ᠶᠠᠪᠣᠳᠠᠯ ᠤᠨ ᠬᠤᠷᠢᠶᠠᠨ ᠤ ︽ᠴᠢᠩᠭ᠎ᠠ ᠰᠠᠬᠢᠬᠤ ᠭᠤᠷᠪᠡᠨ ᠵᠤᠷᠪᠤᠰ︾ ᠲᠤᠭᠳᠠᠭᠠᠯ ᠢ ᠵᠢᠷᠣᠮᠯᠠᠵᠣ᠂ ᠵᠠᠰᠠᠭ ᠤᠨ ᠣᠷᠳᠣᠨ ᠤ ᠠᠵᠢᠯ ᠤᠨ ᠰᠣᠷᠳᠠᠯ ᠢᠶᠠᠨ ᠰᠠᠶᠢᠵᠢᠷᠠᠭᠤᠯᠪᠠ᠃ ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢ ᠪᠣᠳᠣᠯᠭ᠎ᠠ ᠬᠠᠣᠯᠢ ᠲᠦᠷᠢᠮ ᠢ ᠬᠢᠨᠠᠨ ᠬᠠᠷᠭᠤᠭᠤᠯᠬᠤ ᠪᠠ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠨᠠᠷᠢᠨ ᠨᠢᠮᠪᠠᠢ ᠨᠠᠶᠢᠳᠠᠪᠣᠷᠢᠵᠢᠭᠤᠯᠵᠣ᠂ ︽ᠲᠣᠯᠣᠳᠣᠭᠠᠷ ᠲᠠᠪᠣᠨ ᠵᠢᠯ︾᠎ ᠤᠨ ᠬᠠᠣᠯᠢ ᠲᠦᠭᠡᠭᠡᠮᠡᠯᠵᠢᠬᠦᠯᠬᠦ ᠠᠵᠢᠯ ᠢ ᠴᠢᠩᠭᠠᠳᠬᠠᠨ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ᠂ ᠲᠦᠪ ᠭᠤᠣᠯᠴᠢ ᠬᠠᠣᠯᠢ ᠴᠠᠭᠠᠵᠠ ᠶᠢᠨ ᠬᠢᠷᠢ ᠲᠦᠪᠰᠢᠨ ᠢᠶᠠᠨ ᠲᠠᠰᠣᠷᠠᠯᠳᠠ ᠦᠭᠡᠢ ᠲᠡᠬᠡᠭᠰᠢᠯᠡᠬᠦᠯᠵᠤ᠂ ᠬᠠᠣᠯᠢ ᠪᠠᠷ ᠵᠠᠰᠠᠬᠤ ᠵᠠᠰᠠᠭ ᠤᠨ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠪᠠ᠃ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠶᠢ ᠣᠬᠠᠮᠰᠠᠷ ᠠᠴᠠ ᠎ ᠪᠠᠨ ᠬᠦᠯᠢᠶᠡᠨ᠂ ᠠᠷᠠᠳ ᠤᠨ ᠲᠦᠯᠤᠬᠡᠯᠡᠭᠴᠢᠳ ᠤᠨ 221 ᠵᠣᠷᠪᠣᠰ ᠰᠠᠨᠠᠯ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ 85 ᠵᠣᠷᠪᠣᠰ ᠰᠠᠨᠠᠯ ᠲᠣᠷᠠᠳᠣᠯᠭ᠎ᠠ ᠶᠢ ᠭᠠᠷᠳᠠᠨ ᠬᠦᠢᠴᠡᠳᠭᠡᠵᠦ᠂ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ ᠨᠣᠷᠮ᠎ᠠ 100%᠎ ᠳᠤ ᠬᠦᠷᠴᠦ᠂ ᠬᠠᠨᠣᠮᠵᠢ ᠶᠢᠨ ᠨᠣᠷᠮ᠎ᠠ 94.6%᠎ ᠳᠤ ᠬᠦᠷᠪᠡ᠃ ᠱᠠᠯᠠᠪᠳᠠᠨ ᠪᠠᠶᠢᠴᠠᠭᠠᠵᠣ ᠬᠢᠨᠠᠨ ᠵᠢᠯᠣᠭᠤᠳᠬᠤ ᠠᠵᠢᠯ ᠤᠨ ᠲᠦᠷᠢᠮ ᠢ ᠲᠠᠰᠣᠷᠠᠯᠳᠠ ᠦᠭᠡᠢ ᠪᠦᠷᠢᠨᠰᠢᠬᠦᠯᠵᠦ᠂ ᠠᠵᠢᠯ ᠤᠨ ᠪᠦᠳᠦᠮᠵᠢ ᠶᠢ ᠬᠢᠨᠠᠨ ᠦᠨᠡᠯᠡᠬᠦ᠂ ᠬᠢᠨᠠᠨ ᠵᠢᠯᠣᠭᠤᠳᠬᠤ ᠶᠢ ᠴᠢᠩᠭᠠᠳᠬᠠᠵᠤ᠂ ᠵᠠᠰᠠᠭ ᠎ ᠤᠨ ᠣᠷᠳᠣᠨ ᠤ ᠠᠵᠢᠯ ᠵᠢᠯᠣᠭᠤᠳᠬᠤ ᠪᠠ ᠨᠠᠶᠢᠳᠠᠪᠣᠷᠢᠵᠢᠭᠤᠯᠬᠤ ᠬᠦᠴᠦᠨ ᠢᠯᠡᠳᠳᠡ ᠲᠡᠭᠡᠭᠰᠢᠯᠡᠪᠡ᠃ ᠡᠳ᠋ ᠤᠨ ᠵᠠᠰᠠᠭ᠂ ᠬᠢᠨᠠᠨ ᠪᠣᠳᠣᠬᠤ ᠬᠢᠨᠠᠯᠳᠠ ᠪᠠᠨ ᠴᠢᠩᠭᠠᠳᠬᠠᠨ᠂ ︽ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠣᠨ ᠪᠦᠳᠦᠭᠡᠨ ᠪᠠᠶᠢᠭᠤᠯᠬᠤ ᠲᠦᠷᠦᠯ ᠵᠦᠢᠯ ᠢ ᠬᠢᠨᠠᠨ ᠪᠣᠳᠣᠵᠣ ᠬᠢᠨᠠᠯᠳᠠ ᠲᠠᠯᠪᠢᠬᠤ ᠠᠷᠭ᠎ᠠ︾ ︵ᠲᠣᠷᠰᠢᠨ ᠬᠡᠷᠡᠭᠯᠡᠬᠦ︶᠂ ︽ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠣᠨ ᠪᠦᠳᠦᠭᠡᠨ ᠪᠠᠶᠢᠭᠤᠯᠬᠤ ᠲᠦᠷᠦᠯ ᠵᠦᠢᠯ ᠢ ᠬᠢᠨᠠᠨ ᠪᠣᠳᠣᠵᠣ ᠠᠰᠠᠭᠤᠨ ᠯᠠᠪᠯᠠᠬᠤ ᠦᠢᠯᠡᠴᠢᠯᠡᠭᠡᠨ ᠤ ᠲᠣᠬᠠᠶᠢᠯᠠᠭᠰᠠᠨ ᠠᠵᠢᠯ ᠤᠨ ᠲᠣᠭᠳᠠᠭᠠᠯ︾ ᠵᠡᠷᠭᠡ ᠲᠦᠷᠢᠮ ᠢ ᠲᠣᠭᠳᠠᠭᠠᠨ ᠬᠡᠷᠡᠭᠵᠢᠬᠦᠯᠵᠤ᠂ ᠠᠯᠪᠠᠨ ᠳᠤ ᠬᠡᠷᠡᠭᠯᠡᠬᠦ ᠲᠡᠷᠬᠡ ᠶᠢᠨ ᠬᠠᠮᠢᠶᠠᠷᠤᠯᠳᠠ ᠎ ᠶᠢᠨ ᠱᠠᠭᠠᠷᠳᠠᠯᠭ᠎ᠠ ᠶᠤᠰᠤᠭᠠᠷ ᠡᠯ᠎ᠠ ᠰᠤᠮᠤ ᠪᠠᠯᠭᠠᠰᠤ ᠪᠦᠷᠢ ᠳᠤ 1 ᠠᠯᠪᠠᠨ ᠳᠤ ᠬᠡᠷᠡᠭᠯᠡᠬᠦ ᠲᠡᠷᠬᠡ ᠰᠢᠨᠡᠳᠬᠡᠵᠤ ᠦᠭᠪᠠ᠃ ᠲᠤᠭ᠎ᠠ ᠪᠦᠷᠢᠳᠭᠡᠯ ᠤᠨ ᠬᠠᠮᠢᠶᠠᠷᠣᠯᠳᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠣᠷᠢᠵᠢᠭᠤᠯᠵᠣ᠂ ᠲᠤᠭ᠎ᠠ ᠪᠦᠷᠢᠳᠭᠡᠯ ᠤᠨ ᠠᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ ᠲᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠢᠯᠭᠤᠮ ᠣᠷᠣᠭᠰᠢᠳᠠᠢ ᠡᠬᠢᠯᠡᠬᠦᠯᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠠᠷᠢᠭᠤᠨ ᠴᠢᠭᠡᠴᠢ ᠶᠢᠨ ᠪᠠᠶᠢᠭᠤᠯᠣᠯᠳᠠ ᠶᠢ ᠠᠬᠢᠭᠤᠯᠵᠣ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢ ᠨᠠᠷᠢᠨ ᠨᠢᠮᠪᠠᠢ ᠨᠠᠶᠢᠳᠠᠪᠣᠷᠢᠵᠢᠭᠤᠯᠵᠣ᠂ ᠰᠠᠬᠢᠯᠭ᠎ᠠ ᠪᠠᠳᠣ ᠲᠦᠷᠢᠮ ᠲᠣᠭᠳᠠᠭᠠᠯ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠦᠪ ᠭᠤᠣᠯᠴᠢ᠂ ᠠᠷᠢᠭᠤᠨ ᠴᠢᠭᠡᠴᠢ ᠵᠠᠰᠠᠭ ᠤᠨ ᠶᠠᠪᠣᠳᠠᠯ ᠤᠨ ᠣᠷᠴᠢᠨ ᠢ ᠪᠣᠢ ᠪᠣᠯᠭᠠᠪᠠ᠃     ᠲᠦᠯᠦᠭᠡᠯᠡᠭᠴᠢᠳ ᠡ᠂ ᠪᠢᠳᠠ ᠨᠢᠭᠡ ᠵᠢᠯ ᠤᠨ ᠲᠣᠷᠰᠢ᠂ ᠲᠦᠪ ᠬᠤᠷᠢᠶᠠᠨ ᠤ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠳᠠ ᠶᠢᠨ ︽ᠡᠷᠬᠢᠵᠦ ᠬᠠᠷᠠᠬᠤ︾᠂ ᠲᠦᠷᠦ ᠶᠢᠨ ᠶᠠᠪᠣᠳᠠᠯ ᠤᠨ ᠬᠤᠷᠢᠶᠠᠨ ᠤ ᠶᠡᠭᠡ ᠱᠠᠯᠠᠪᠳᠠᠨ ᠪᠠᠶᠢᠴᠠᠭᠠᠯᠳᠠ ᠪᠠ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠣᠯᠣᠰ ᠲᠦᠷᠦ ᠶᠢᠨ ᠲᠣᠭᠤᠷᠢᠨ ᠪᠠᠶᠢᠴᠠᠭᠠᠯᠳᠠ ᠳᠤ ᠠᠯᠳᠠᠭ᠎ᠠ ᠲᠣᠳᠠᠭᠳᠠᠯ ᠢᠶᠠᠨ ᠴᠠᠭ ᠲᠣᠬᠠᠢ ᠳᠤᠨᠢ ᠬᠠᠯᠠᠨ  ᠰᠠᠶᠢᠵᠢᠷᠠᠭᠤᠯᠵᠣ᠂ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠣᠳᠠᠭᠠᠰᠢᠷᠠᠬᠤ ᠪᠠ ᠭᠠᠶᠢᠯᠢ ᠬᠦᠩᠭᠡᠯᠡᠵᠦ ᠰᠦᠢᠳᠭᠡᠯ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠡᠷᠴᠢᠮ ᠲᠠᠰᠣᠷᠠᠯᠳᠠ ᠦᠭᠡᠢ ᠴᠢᠩᠭᠠᠷᠠᠵᠣ᠂ ᠭᠠᠵᠠᠷ ᠰᠢᠷᠣᠢ ᠎ ᠶᠢ ᠡᠵᠡᠯᠡᠨ ᠬᠡᠷᠡᠭᠯᠡᠬᠦ ᠭᠠᠶᠢᠯᠢ ᠵᠡᠷᠭᠡ ᠶᠢ ᠪᠠᠭᠠᠰᠬᠠᠭᠰᠠᠨ ᠪᠠ ᠡᠳ᠋ ᠤᠨ ᠵᠠᠰᠠᠭ ᠤᠨ ᠣᠷᠣᠯᠭ᠎ᠠ ᠦᠷᠬᠦᠯᠵᠢᠯᠡᠨ ᠨᠡᠮᠡᠭᠳᠡᠬᠦ ᠳᠤ ᠲᠦᠰᠦᠭᠡᠯᠡᠬᠦ ᠶᠢᠨ ᠠᠷᠭ᠎ᠠ ᠦᠭᠡᠢ ᠬᠦᠨᠳᠦ ᠲᠠᠷᠣᠯᠳᠠ ᠶᠢᠨ ᠲᠣᠣᠷ᠎ᠠ᠂ ᠪᠢᠳᠠ ᠡᠷᠴᠢ ᠵᠣᠷᠢᠭ ᠢᠶᠠᠨ ᠬᠦᠪᠴᠢᠯᠡᠵᠦ᠂ ᠬᠠᠳᠠᠭᠤᠵᠢᠯᠳᠠᠢ ᠰᠢᠷᠭᠠᠭᠤ ᠠᠵᠢᠯᠯᠠᠨ᠂ ᠬᠦᠨᠳᠦ ᠬᠡᠴᠡᠬᠦᠦ ᠠᠶᠣᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠠ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠎ ᠤᠨ ᠲᠤᠭᠤᠷᠢᠨ ᠳᠤ᠂ ᠴᠦᠬᠦᠷᠡᠯ ᠦᠭᠡᠢ ᠢᠳᠡᠬᠡᠯ ᠲᠡᠬᠦᠯᠳᠡᠷ ᠴᠢᠷᠮᠠᠶᠢᠨ ᠠᠵᠢᠯᠯᠠᠵᠣ᠂ ᠵᠣᠷᠢᠭᠳᠠᠢ ᠪᠠᠷ ᠬᠠᠷᠢᠭᠤᠴᠠᠯᠭ᠎ᠠ ᠡᠬᠦᠷᠭᠡᠯᠡᠵᠦ᠂ ᠰᠠᠳᠬᠢᠯ ᠨᠢᠭᠡᠳᠦᠨ ᠭᠠᠪᠰᠢᠭᠠᠶᠢᠯᠠᠭᠰᠡᠨ ᠠᠴᠠ ᠵᠤᠬᠢᠬᠤ ᠬᠡᠮᠵᠢᠶᠡᠨ ᠤ ᠠᠮᠵᠢᠯᠳᠠ ᠶᠢ ᠣᠯᠣᠭᠰᠠᠨ ᠪᠠᠶᠢᠨ᠎ᠠ᠃ ᠡᠳᠡᠭᠡᠷ ᠠᠮᠵᠢᠯᠳᠠ ᠪᠦᠳᠦᠮᠵᠢ ᠪᠣᠯ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠲᠡᠮᠵᠢᠯᠭᠡ᠂ ᠣᠯᠣᠰ ᠲᠦᠷᠦ ᠶᠢᠨ ᠵᠦᠪᠯᠡᠯᠭᠡᠨ ᠤ ᠵᠠᠰᠠᠭ ᠤᠨ ᠶᠠᠪᠣᠳᠠᠯ ᠳᠤ ᠣᠷᠣᠯᠴᠠᠨ ᠲᠦᠷᠦ ᠶᠢᠨ ᠬᠡᠷᠡᠭ ᠢ ᠵᠦᠪᠯᠡᠭᠰᠡᠨ ᠤ ᠦᠷ᠎ᠡ ᠳ᠋ᠦᠩ ᠪᠣᠯᠬᠤ ᠮᠦᠷᠳᠡᠭᠡᠨ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠦᠨ ᠪᠦᠯᠬᠦᠮᠳᠡᠨ  ᠲᠠᠮᠡᠴᠡᠭᠰᠡᠨ ᠎ ᠤ ᠦᠷ᠎ᠡ ᠳ᠋ᠦᠩ ᠮᠦᠨ᠃ ᠠᠳᠡ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ᠂ ᠦᠢᠯᠡᠳᠪᠦᠷᠢ ᠬᠤᠳᠠᠯᠳᠣᠭᠠᠨ ᠤ ᠬᠤᠯᠪᠣᠭᠠᠳᠣ ᠬᠤᠷᠠᠯ᠂ ᠠᠷᠠᠳ ᠤᠨ ᠪᠦᠯᠬᠦᠮ ᠪᠠ ᠨᠠᠮ ᠪᠦᠯᠦᠭ ᠤᠨ ᠪᠣᠰᠣ ᠬᠦᠮᠦᠰ᠂ ᠬᠤᠰᠢᠭᠤᠨ ᠳᠤ ᠰᠠᠭᠤᠭ᠎ᠠ ᠴᠡᠷᠢᠭ ᠠᠩᠬᠢ᠂ ᠵᠡᠪᠰᠡᠭᠳᠦ ᠴᠠᠭᠳᠠᠭ᠎ᠠ ᠶᠢᠨ ᠲᠠᠷᠤᠭ᠎ᠠ ᠪᠠᠶᠢᠯᠳᠣᠭᠴᠢ ᠪᠠ ᠣᠯᠣᠰ ᠲᠦᠷᠦ ᠬᠠᠣᠯᠢ ᠴᠠᠭᠠᠵᠠ ᠶᠢᠨ ᠺᠠᠳ᠋ᠷ ᠴᠠᠭᠳᠠᠭ᠎ᠠ ᠵᠢᠴᠢ ᠠᠪᠠᠭ᠎ᠠ ᠬᠤᠰᠢᠭᠤᠨ ᠤ ᠦᠭᠡᠷᠡᠴᠢᠯᠡᠯᠳᠡ ᠬᠦᠭᠵᠢᠯᠳᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠠᠬᠠᠮᠠᠳ ᠣᠳᠣᠷᠢᠳᠣᠯᠭ᠎ᠠ᠂ ᠨᠡᠶᠢᠭᠡᠮ ᠤᠨ ᠡᠯ᠎ᠡ ᠡᠳᠡᠭᠡᠳ ᠎ ᠤᠨ ᠨᠠᠶᠢᠵᠠ ᠨᠠᠷ ᠲᠤ ᠴᠢᠩ ᠰᠡᠳᠬᠢᠯ ᠤᠨ ᠪᠡᠶᠡᠷ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ᠃     ᠪᠢᠳᠠ ᠠᠮᠵᠢᠯᠳᠠ ᠲᠣᠷᠰᠢᠯᠭ᠎ᠠ ᠪᠠᠨ ᠳ᠋ᠦᠩᠨᠡᠬᠦ ᠶᠢᠨ ᠬᠠᠮᠳᠣ᠂ ᠬᠦᠭᠵᠢᠯᠳᠡ ᠶᠢᠨ ᠶᠠᠪᠣᠴᠠ ᠳᠤ ᠣᠷᠣᠰᠢᠵᠣ ᠪᠠᠶᠢᠭ᠎ᠠ ᠬᠦᠴᠢᠷ ᠠᠰᠠᠭᠤᠳᠠᠯ ᠢᠶᠠᠨ ᠰᠡᠷᠭᠡᠭ ᠢᠶᠠᠷ ᠲᠠᠨᠢᠬᠤ ᠴᠢᠬᠤᠯᠠᠳᠠᠢ ᠪᠠᠶᠢᠨ᠎ᠠ᠃ ᠲᠣᠬᠠᠶᠢᠯᠠᠪᠠᠯ᠄ ᠠᠵᠣ ᠦᠢᠯᠡᠰ ᠎ ᠤᠨ ᠪᠦᠳᠦᠴᠡ ᠬᠠᠷᠢᠴᠠᠩᠭᠤᠢ ᠲᠠᠩ ᠴᠣᠯᠭᠤᠢ᠂ ᠲᠣᠮᠣ ᠲᠦᠷᠦᠯ ᠵᠦᠢᠯ ᠤᠨ ᠨᠦᠭᠡᠴᠡ ᠬᠦᠷᠦᠯᠴᠡᠬᠦ ᠦᠭᠡᠢ︔ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠬᠦᠯᠬᠦ ᠲᠠᠷᠣᠯᠳᠠ ᠶᠡᠭᠡ᠂ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ︔ ᠬᠤᠳᠠ ᠪᠠᠯᠭᠠᠰᠣᠨ ᠤ ᠰᠠᠭᠤᠷᠢ ᠲᠦᠬᠦᠭᠡᠷᠦᠮᠵᠢ ᠶᠢᠨ ᠨᠦᠬᠦᠴᠡᠯ ᠠᠨᠠᠢ ᠪᠠᠶᠢᠵᠤ᠂ ᠬᠠᠮᠢᠶᠠᠷᠣᠯᠳᠠ ᠎ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ︔ ᠠᠮᠢ ᠠᠬᠤᠢ ᠣᠷᠴᠢᠨ ᠲᠣᠭᠤᠷᠢᠨ  ᠬᠡᠪᠡᠷᠡᠭ ᠪᠠ ᠦᠷᠬᠦᠯᠵᠢᠯᠡᠬᠦᠶᠢᠴᠡ ᠬᠦᠭᠵᠢᠯᠳᠡ ᠶᠢᠨ ᠡᠬᠦᠷᠭᠡ ᠲᠤᠯᠭᠠᠮ᠎ᠠ︔ ᠤᠯᠠᠨ ᠨᠠᠶᠢᠳᠠ ᠶᠢᠨ ᠦᠢᠯᠡᠴᠢᠯᠡᠬᠡᠨ ᠤ ᠬᠠᠩᠭᠠᠯᠭ᠎ᠠ ᠬᠦᠷᠤᠯᠴᠠᠬᠦ ᠦᠬᠡᠢ᠂ ᠠᠷᠠᠳ ᠤᠨ ᠠᠮᠢᠳᠣᠷᠠᠯ ᠤᠨ ᠦᠢᠯᠡᠰ ᠢ ᠪᠠᠳᠣᠯᠠᠨ ᠰᠠᠶᠢᠵᠢᠷᠠᠭᠤᠯᠬᠤ ᠡᠬᠦᠷᠭᠡ ᠬᠦᠨᠳᠦ ᠪᠠᠶᠢᠭᠰᠠᠭᠠᠷ᠂ ᠵᠠᠰᠠᠭ ᠤᠨ ᠣᠷᠳᠣᠨ ᠤ ᠴᠢᠳᠠᠪᠬᠢ ᠶᠢ ᠲᠣᠶᠢᠯᠪᠣᠷᠢᠳᠠᠢ ᠬᠤᠪᠢᠷᠠᠭᠤᠯᠵᠣ ᠴᠢᠳᠠᠭᠠᠳᠣᠢ᠂ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠦᠷᠬᠦᠯᠵᠢᠯᠡᠨ ᠲᠡᠭᠡᠭᠰᠢᠯᠡᠬᠦᠯᠬᠦ ᠴᠢᠬᠤᠯᠠᠳᠠᠢ︔ ᠡᠳᠡᠭᠡᠷ ᠬᠦᠴᠢᠷᠳᠡᠯ ᠪᠣᠯᠣᠨ ᠠᠰᠠᠭᠤᠳᠠᠯ ᠳᠤ ᠪᠢᠳᠠ ᠡᠷᠬᠡᠪᠰᠢ ᠪᠦᠳᠤᠮᠵᠢᠳᠡᠢ ᠠᠷᠭ᠎ᠠ ᠬᠡᠮᠵᠢᠶ᠎ᠡ ᠠᠪᠴᠣ᠂ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠳᠡᠢ᠃       ᠬᠤᠶᠡᠷ᠂ 2019 ᠤᠨ ᠤ ᠠᠵᠢᠯ ᠤᠨ ᠪᠠᠶᠢᠷᠢᠯᠠᠭᠤᠯᠤᠯᠳᠠ     2019 ᠤᠨ ᠪᠤᠯ ︽ᠠᠷᠪᠠᠨ ᠭᠤᠷᠪᠡᠳᠤᠭᠠᠷ ᠲᠠᠪᠤᠨ ᠵᠢᠯ ᠤᠨ ᠲᠦᠯᠤᠪᠵᠢᠬᠦᠯᠬᠡ︾᠎ ᠶᠢ ᠬᠡᠷᠡᠭᠵᠢᠬᠦᠯᠬᠦ ᠰᠢᠢᠳᠪᠤᠷᠢᠳᠤ ᠢᠯᠠᠯᠳᠠ ᠶᠢ ᠲᠡᠮᠡᠴᠡᠨ ᠣᠯᠬᠤ ᠵᠢᠯ ᠪᠤᠯᠬᠤ ᠮᠦᠷᠳᠡᠬᠡᠨ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠠᠯᠠᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠃     ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠰᠡᠳᠬᠢᠴᠠ ᠪᠤᠯ᠄ ᠰᠢ ᠶᠢᠨ ᠫᠢᠡᠭ ᠤᠨ ᠰᠢᠨ᠎ᠠ ᠴᠠᠭ ᠦᠶ᠎ᠠ ᠎ ᠶᠢᠨ ᠲᠤᠮᠳᠠᠳᠤ ᠤᠯᠤᠰ ᠤᠨ ᠤᠡᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ︽ᠲᠠᠪᠤ ᠶᠢ ᠨᠢᠬᠡ ᠴᠤᠭᠴᠠᠵᠢᠭᠤᠯᠬᠤ︾ ᠶᠠᠷᠤᠩᠬᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠎ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠲᠤᠭᠳᠠᠭᠤᠨ ᠤ ᠲᠣᠮᠳᠠ ᠣᠷᠣᠭᠰᠢᠯᠠᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠦᠵᠡᠯᠳᠡ ᠶᠢ ᠪᠤᠢ ᠪᠤᠯᠭᠠᠵᠤ᠂ ᠴᠢᠨᠠᠷ ᠰᠠᠶᠢᠳᠠᠢ ᠬᠦᠭᠵᠢᠯᠳᠠ ᠪᠠᠷ ᠠᠵᠤ ᠠᠬᠤᠢ ᠨᠠᠶᠢᠬᠡᠮ ᠤᠨ ᠬᠦᠭᠵᠢᠯᠳᠠ ᠶᠢ ᠲᠦᠯᠤᠪᠵᠢᠬᠦᠯᠵᠤ᠂ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠮᠠᠯᠵᠢᠬᠤ ᠣᠷᠣᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠠᠬᠢᠭᠤᠯᠵᠤ᠂ ᠲᠤᠯᠤᠭᠠᠨ ᠲᠦᠷᠤᠯ ᠤᠨ ᠭᠤᠤᠯᠳᠠᠯᠭ᠎ᠠ ᠲᠠᠢ ᠠᠵᠢᠯ ᠢ ᠬᠦᠴᠦᠯᠡᠨ ᠠᠳᠬᠤᠵᠣ᠂ ᠠᠵᠤ ᠠᠬᠤᠢ ᠨᠠᠶᠢᠬᠡᠮ ᠤᠨ ᠬᠤᠪᠢᠷᠠᠭᠤᠯᠣᠯᠳᠠ ᠲᠡᠬᠡᠭᠰᠢᠯᠡᠯᠳᠡ ᠬᠦᠭᠵᠢᠨ ᠮᠠᠡᠳᠤᠯᠳᠠ ᠶᠢᠨ ᠰᠢᠨ᠎ᠠ ᠪᠠᠶᠢᠳᠠᠯ ᠢ ᠲᠠᠮᠠᠴᠠᠨ ᠡᠬᠦᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠯᠡᠬᠦ ᠴᠢᠨᠠᠷᠳᠠᠢ ᠰᠠᠭᠤᠷᠢ ᠲᠠᠯᠪᠢᠵᠣ᠂ ᠴᠡᠴᠡᠭᠯᠡᠨ ᠬᠦᠭᠵᠢᠭᠰᠡᠨ᠂ ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ ᠨᠤᠳᠤᠭ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠵᠤ᠂ ᠰᠢᠯᠢᠳᠡᠭ ᠬᠢᠷᠢ ᠪᠦᠳᠤᠮᠵᠢ ᠪᠠᠷ ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠪᠠᠶᠢᠭᠤᠯᠤᠭᠳᠠᠭᠰᠡᠨ 70 ᠵᠢᠯ ᠤᠨ ᠤᠢ ᠶᠢ ᠤᠭᠳᠤᠨ᠎ᠠ᠃     ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 35 ᠳ᠋ᠦᠩᠰᠢᠭᠤᠷ ᠲᠦᠬᠦᠷᠢᠭ ᠲᠤ ᠬᠦᠷᠬᠡᠵᠤ᠂ 7.1%᠎ ᠪᠠᠷ ᠨᠡᠮᠡᠭᠳᠡᠬᠦᠯᠤᠨ᠂ ᠡᠩ ᠤᠨ ᠤᠯᠠᠨ ᠨᠠᠶᠢᠳᠠ ᠶᠢᠨ ᠲᠦᠰᠤᠪᠯᠡᠭᠰᠡᠨ ᠤᠷᠤᠯᠭ᠎ᠠ ᠶᠢ 1.7 ᠳ᠋ᠦᠩᠰᠢᠭᠤᠷ ᠲᠦᠬᠦᠷᠢᠭ ᠲᠤ ᠬᠦᠷᠬᠡᠵᠤ᠂ 3%᠎ ᠪᠠᠷ ᠨᠡᠮᠡᠭᠳᠡᠬᠦᠯᠤᠨ᠎ᠠ᠃ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 33 ᠳ᠋ᠦᠩᠰᠢᠭᠤᠷ ᠲᠦᠬᠦᠷᠢᠭ ᠲᠤ ᠬᠦᠷᠬᠡᠵᠤ᠂ 266.7%᠎ ᠪᠠᠷ ᠨᠡᠮᠡᠭᠳᠡᠬᠦᠯᠵᠤ᠂ ᠨᠠᠶᠢᠬᠡᠮ ᠤᠨ ᠬᠡᠷᠡᠭᠯᠡᠬᠡᠨ ᠤ ᠪᠤᠳᠠᠰ ᠎ ᠢ ᠵᠢᠵᠢᠭᠯᠡᠨ ᠪᠤᠷᠤᠯᠠᠭᠤᠯᠤᠭᠰᠡᠨ ᠬᠡᠮᠵᠢᠶ᠎ᠠ ᠶᠢ 13.7 ᠳ᠋ᠦᠩᠰᠢᠭᠤᠷ ᠲᠦᠬᠦᠷᠢᠭ ᠲᠤ ᠬᠦᠷᠬᠡᠵᠤ᠂ 8.3%᠎ ᠪᠠᠷ ᠨᠡᠮᠡᠭᠳᠡᠬᠦᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠲᠡᠭᠰᠢᠳᠬᠡᠭᠰᠡᠨ ᠤᠷᠤᠯᠭ᠎ᠠ ᠶᠢ 40700 ᠲᠦᠬᠦᠷᠢᠭ ᠪᠠ 27600 ᠲᠦᠬᠦᠷᠢᠭ ᠲᠤ ᠬᠦᠷᠬᠡᠵᠤ᠂ ᠲᠤᠰ ᠲᠤᠰ 8.0% ᠪᠠ 8.3%᠎ ᠪᠠᠷ ᠨᠡᠮᠡᠭᠳᠡᠬᠦᠯᠤᠨ᠎ᠠ᠃ ᠲᠡᠬᠡᠳᠤ ᠱᠠᠳᠤᠨ ᠠᠴᠠ ᠪᠠᠭᠤᠯᠭᠠᠭᠰᠡᠨ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠡᠬᠦᠷᠬᠡ ᠶᠢ ᠪᠦᠬᠦ ᠲᠠᠯ᠎ᠠ ᠪᠠᠷ ᠪᠠᠶᠠᠯᠠᠬᠦᠯᠤᠨ᠎ᠠ᠃     ᠨᠢᠬᠡ᠂ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠎ ᠢ ᠦᠷᠬᠦᠯᠵᠢᠯᠡᠨ ᠰᠠᠶᠢᠳᠤᠷ ᠬᠢᠨ᠎ᠠ᠃     ︵ᠨᠢᠬᠡ︶ ᠬᠦᠨᠳᠦ ᠬᠡᠴᠡᠬᠦᠦ ᠠᠶᠣᠯ ᠲᠦᠭᠰᠢᠬᠦᠷᠢ ᠶᠢ ᠪᠦᠬᠦ ᠬᠦᠴᠤᠨ ᠢᠶᠠᠷ ᠰᠡᠷᠭᠡᠶᠢᠯᠡᠨ ᠠᠷᠢᠯᠭᠠᠨ᠎ᠠ᠃ ᠠᠰᠠᠭᠤᠳᠠᠯ ᠤᠨ ᠵᠢᠯᠤᠭᠤᠳᠤᠮᠵᠢ ᠶᠢ ᠪᠠᠷᠢᠮᠳᠠᠯᠠᠨ᠂ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮ ᠤᠨ ᠴᠢᠨᠠᠷᠳᠡᠢ ᠲᠦᠭᠰᠢᠬᠦᠷᠢ ᠶᠢ ᠬᠤᠯᠪᠤᠭᠠᠯᠠᠨ ᠰᠡᠷᠬᠡᠶᠢᠯᠡᠬᠦ ᠵᠤᠬᠢᠴᠠᠮᠵᠢ ᠶᠢ ᠴᠢᠩᠭᠠᠳᠬᠠᠨ᠎ᠠ᠃ ᠦᠷᠢ ᠦᠭᠴᠡᠭᠡ ᠴᠠᠶᠢᠷᠠᠭᠤᠯᠬᠤ ᠠᠵᠢᠯ ᠢ ᠲᠤᠭᠳᠠᠭᠤᠨ ᠠᠬᠢᠭᠤᠯᠤᠨ᠎ᠠ᠃ ᠦᠷᠢ ᠦᠭᠴᠡᠬᠡᠨ ᠤ ᠨᠡᠮᠡᠭᠳᠡᠯ ᠢ ᠡᠷᠡᠰ ᠬᠤᠷᠢᠭᠯᠠᠵᠣ᠂ ᠲᠤᠭᠳᠠᠭᠠᠯ ᠳᠤ ᠦᠯᠤ ᠨᠠᠶᠢᠴᠡᠬᠦ ᠪᠠᠳᠤᠯᠠᠭ᠎ᠠ ᠶᠢ ᠪᠦᠬᠦ ᠲᠠᠯ᠎ᠠ ᠪᠠᠷ ᠴᠡᠪᠡᠷᠯᠡᠨ᠂ ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ ᠶᠢ ᠲᠦᠷᠢᠮᠵᠢᠬᠦᠯᠵᠤ᠂ ᠡᠳ᠋ ᠤᠨ ᠵᠠᠰᠠᠭ ᠤᠨ ᠲᠦᠰᠤᠪᠯᠡᠨ ᠪᠤᠳᠤᠯᠳᠠ ᠪᠠᠷ ᠴᠢᠩᠭ᠎ᠠ ᠬᠢᠵᠠᠭᠠᠷᠯᠠᠵᠤ᠂ ᠵᠠᠰᠠᠭ ᠤᠨ ᠤᠷᠳᠤᠨ ᠤ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠶᠢᠨ ᠪᠡᠯᠡ ᠮᠦᠩᠬᠦ ᠪᠠ ᠡᠵᠡᠩᠨᠡᠯᠳᠡ ᠶᠢᠨ ᠦᠷᠳᠡᠭ ᠲᠤ ᠡᠳ᠋ ᠤᠨ ᠵᠠᠰᠠᠭ ᠤᠨ ᠲᠠᠭᠠᠭᠠᠬᠤ ᠴᠢᠳᠠᠪᠤᠷᠢ ᠳᠤ ᠶᠠᠷᠤᠩᠬᠡᠶᠢᠯᠡᠭᠰᠡᠨ ᠬᠢᠨᠡᠨ ᠦᠨᠡᠯᠡᠯᠳᠡ ᠶᠢ ᠨᠠᠷᠢᠨ ᠨᠢᠮᠪᠠᠢ ᠦᠷᠨᠢᠬᠦᠯᠵᠤ᠂ ᠬᠤᠶᠢᠰᠢᠳᠠ ᠴᠢᠬᠤᠯᠠ ᠪᠦᠬᠦᠢ ᠦᠡᠳᠤᠰᠤᠨ ᠤᠯᠠᠨ ᠨᠠᠶᠢᠳᠠ ᠶᠢᠨ ᠦᠢᠯᠡᠴᠢᠯᠡᠬᠡᠨ ᠪᠠ ᠠᠵᠤ ᠠᠬᠤᠢ ᠨᠠᠶᠢᠬᠡᠮ ᠤᠨ ᠡᠷᠡᠬᠦᠯ ᠬᠦᠭᠵᠢᠯᠳᠠ ᠶᠢ ᠲᠤᠯᠭᠠᠭᠤᠷᠢᠯᠠᠬᠤ ᠦᠡᠳᠤᠰᠤᠨ ᠤᠯᠠᠨ ᠨᠠᠶᠢᠳᠠ ᠶᠢᠨ ᠬᠡᠷᠡᠭᠯᠡᠬᠡᠨ ᠤ ᠲᠦᠷᠤᠯ ᠵᠥᠢᠯ ᠠᠴᠠ ᠪᠤᠰᠤᠳ ᠪᠡᠯᠡ ᠮᠦᠩᠬᠦ ᠎ ᠶᠢᠨ ᠢᠷᠠᠯᠳᠠ ᠦᠭᠡᠢ ᠲᠦᠷᠤᠯ ᠵᠥᠢᠯ ᠢ ᠲᠠᠬᠢᠨ ᠲᠤᠬᠢᠷᠠᠭᠤᠯᠬᠤ ᠦᠬᠡᠢ᠃ ᠦᠷᠢ ᠦᠭᠴᠡᠭᠡ ᠶᠢ ᠵᠦᠢ ᠵᠤᠬᠢᠰᠳᠡᠢ ᠰᠢᠢᠳᠪᠤᠷᠢᠯᠡᠵᠤ᠂ ᠤᠯᠤᠰ ᠤᠨ ᠦᠮᠴᠢᠯᠡᠯᠳᠤ ᠦᠪ ᠬᠦᠷᠤᠩᠬᠡ ᠶᠢᠨ ᠲᠤᠬᠢᠷᠠᠭᠤᠯᠤᠯᠳᠠ᠂ ᠨᠦᠬᠡᠴᠠ ᠪᠡᠯᠡ ᠮᠦᠩᠬᠦ᠂ ᠬᠢᠨᠡᠨ ᠪᠤᠳᠤᠵᠤ ᠬᠠᠰᠤᠬᠤ ᠪᠠ ᠲᠦᠷᠤᠯ ᠵᠥᠢᠯ ᠢ PPP ᠪᠤᠯᠭᠠᠨ ᠬᠤᠪᠢᠷᠠᠭᠤᠯᠬᠤ ᠡᠷᠴᠢᠮ ᠢᠶᠠᠨ ᠴᠢᠩᠭᠠᠳᠬᠠᠨ᠂ ᠡᠩ ᠤᠨ ᠴᠢᠨᠠᠷᠳᠡᠢ ᠵᠠᠷᠤᠯᠭ᠎ᠠ ᠶᠢ ᠪᠠᠭᠠᠰᠬᠠᠵᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ ᠪᠠᠯᠠ ᠮᠦᠩᠬᠦ ᠶᠢ ᠰᠢᠡᠵᠢᠯᠡᠬᠦ ᠤᠬᠠᠭᠠᠡᠴᠢ ᠪᠠᠷ ᠵᠤᠬᠢᠴᠠᠭᠤᠯᠵᠤ᠂ ᠲᠦᠯᠤᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠦᠷᠢ ᠦᠭᠴᠡᠭᠡ ᠪᠠᠨ ᠴᠠᠶᠢᠷᠠᠭᠤᠯᠵᠤ᠂ ᠪᠦᠬᠦ ᠵᠢᠯ ᠳᠤ 1.79 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠴᠠᠶᠢᠷᠠᠭᠤᠯᠤᠨ᠎ᠠ᠃ ᠮᠦᠩᠬᠦᠨ ᠬᠦᠢᠯᠬᠡᠬᠡᠨ ᠤ ᠠᠮᠣᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠬᠠᠤᠯᠢ ᠪᠤᠰᠤ ᠪᠠᠷ ᠪᠡᠯᠡ ᠬᠤᠷᠠᠮᠳᠤᠭᠤᠯᠬᠤ᠂ ᠠᠷᠡᠳ ᠤᠨ ᠬᠤᠭᠤᠷᠤᠡᠳᠤᠬᠢ ᠦᠡᠳᠤᠷ ᠬᠦᠦ ᠲᠠᠢ ᠵᠢᠭᠡᠯᠡᠯᠬᠡ ᠵᠡᠷᠭᠡ ᠳᠤ ᠴᠢᠩᠭ᠎ᠠ ᠴᠤᠬᠢᠯᠳᠠ ᠦᠭᠴᠤ᠂ ᠦᠪᠡᠷᠳᠡᠬᠡᠨ ᠵᠠᠰᠠᠬᠤ ᠤᠷᠤᠨ ᠤ ᠠᠷᠡᠳ ᠤᠨ ᠬᠤᠭᠤᠷᠤᠡᠳᠤᠬᠢ ᠦᠡᠳᠤᠷ ᠬᠦᠦ ᠲᠠᠢ ᠵᠢᠬᠡᠯᠡᠯᠬᠡ ᠶᠢ ᠵᠤᠬᠢᠴᠠᠭᠤᠯᠬᠤ ᠲᠤᠷᠰᠢᠯᠳᠠ ᠶᠢᠨ ᠴᠡᠭ ᠤᠨ ᠬᠤᠰᠢᠭᠤ ᠰᠢᠶᠠᠨ ᠤ ᠲᠤᠰᠬᠠᠢ ᠲᠦᠷᠤᠯ ᠤᠨ ᠪᠡᠯᠡ ᠮᠦᠩᠬᠦ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠰᠤᠮᠤ ᠪᠠᠯᠭᠠᠰᠤᠨ ᠤ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠲᠠᠩᠰᠠᠯᠠᠨ ᠲᠡᠮᠳᠡᠭᠯᠡᠬᠦ ᠲᠦᠪ ᠤᠨ ᠦᠢᠯᠡᠴᠢᠯᠡᠬᠡᠨ ᠤ ᠴᠢᠳᠠᠪᠬᠢ ᠶᠢ ᠪᠦᠷᠢᠡᠰᠢᠬᠦᠯᠵᠤ᠂ ︽ᠲᠠᠩᠰᠠ ᠪᠣᠳᠣᠵᠣ ᠮᠠᠯ ᠮᠠᠯᠵᠢᠨ᠂ ᠵᠠᠷᠤᠯᠭ᠎ᠠ ᠪᠠᠨ ᠵᠤᠬᠢᠴᠠᠭᠤᠯᠵᠤ᠂ ᠦᠡᠳᠤᠷ ᠬᠦᠦ ᠲᠠᠢ ᠵᠢᠬᠡᠯᠡᠯᠬᠡ ᠶᠢ ᠲᠠᠪᠴᠢᠬᠦ︾ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠤ᠂ ᠮᠠᠯᠵᠢᠬᠤ ᠤᠷᠤᠨ ᠤ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠴᠡᠭᠴᠡᠯᠡᠨ ᠲᠦᠷᠢᠮᠵᠢᠬᠦᠯᠬᠦ ᠪᠠᠶᠢᠩᠭᠤ ᠶᠢᠨ ᠵᠤᠬᠢᠴᠠᠮᠵᠢ ᠶᠢ ᠪᠦᠷᠢᠡᠰᠢᠬᠦᠯᠵᠤ᠂ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠲᠦᠷᠢᠮᠵᠢᠬᠦᠯᠤᠨ ᠰᠢᠢᠳᠪᠤᠷᠢᠯᠡᠬᠦ ᠨᠤᠷᠮ᠎ᠠ ᠶᠢ 95%᠎ ᠳᠤ ᠬᠦᠷᠬᠡᠨ᠎ᠠ᠃ ᠬᠡᠷ ᠬᠦᠷᠤᠩᠬᠡ ᠶᠢᠨ ᠠᠵᠣ ᠦᠢᠯᠡᠰ ᠤᠨ ᠡᠷᠡᠬᠦᠯ ᠬᠦᠭᠵᠢᠯᠳᠠ ᠶᠢ ᠠᠬᠢᠭᠤᠯᠤᠨ᠎ᠠ᠃ ᠵᠠᠰᠠᠭ ᠤᠨ ᠤᠷᠳᠤᠨ ᠠᠴᠠ ᠵᠢᠯᠤᠭᠤᠳᠬᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠬᠤ᠂ ᠤᠯᠠᠨ ᠲᠠᠯ᠎ᠠ ᠠᠴᠠ ᠬᠠᠮᠳᠤᠷᠠᠯᠴᠠᠬᠤ ᠰᠡᠳᠬᠢᠴᠠ ᠶᠤᠰᠤᠭᠠᠷ᠂ ᠨᠤᠤᠷᠠᠬᠠᠢ ᠭᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠪᠠᠯᠡ ᠮᠦᠩᠬᠦᠨ ᠤ ᠦᠢᠯᠡᠳᠤᠯ ᠢ ᠬᠦᠢᠴᠡᠳ ᠪᠠᠳᠠᠷᠠᠭᠤᠯᠤᠨ᠂ ᠨᠤᠤᠷᠠᠬᠠᠢ ᠭᠡᠷ ᠪᠠᠶᠢᠰᠢᠩ ᠤᠨ ᠲᠤᠬᠢᠷᠠᠭᠤᠯᠤᠯᠳᠠ ᠲᠤᠭᠳᠠᠭᠰᠡᠨ ᠬᠤᠭᠤᠴᠠᠭᠠᠨ ᠳᠤ ᠪᠠᠷᠢᠯᠭ᠎ᠠ ᠪᠠᠨ ᠲᠠᠭᠤᠰᠬᠠᠬᠤ ᠦᠬᠡᠢ ᠵᠡᠷᠬᠡ ᠵᠠᠩᠬᠢᠯᠠᠭ᠎ᠠ ᠶᠢᠨ ᠠᠰᠠᠭᠤᠳᠠᠯ ᠢ ᠬᠠᠮᠳᠤᠷᠠᠯᠴᠠᠨ ᠰᠢᠢᠳᠪᠤᠷᠢᠯᠡᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠬᠤᠳᠠᠯᠳᠤᠬᠤ ᠪᠠ ᠲᠦᠷᠢᠶᠠᠰᠤᠯᠡᠬᠦ ᠪᠠᠷ ᠲᠠᠮᠵᠢᠨ᠂ ᠬᠤᠳᠠᠯᠳᠤᠭᠠᠨ ᠤ ᠠᠰᠠᠷ ᠢᠶᠠᠨ ᠤᠷᠤᠨ ᠰᠠᠭᠤᠴᠠ᠂ ᠵᠤᠭᠠᠴᠠᠯ ᠳᠤ ᠦᠢᠯᠡᠴᠢᠯᠡᠬᠦ ᠪᠠ ᠲᠦᠷᠢᠶᠠᠰᠤᠯᠡᠬᠦ ᠶᠢ ᠵᠤᠷᠢᠭᠵᠢᠭᠤᠯᠤᠨ᠂ ᠵᠢᠯ ᠤᠨ ᠲᠤᠳᠤᠷ᠎ᠠ 300 ᠢᠵᠢ ᠠᠴᠠ ᠲᠡᠭᠡᠭᠰᠢ ᠬᠤᠭᠤᠰᠤᠨ ᠠᠰᠠᠷ ᠢ ᠠᠰᠢᠭᠯᠠᠯᠳᠠ ᠳᠤ ᠤᠷᠤᠭᠤᠯᠤᠨ᠎ᠠ᠃     ︵ᠬᠤᠶᠡᠷ︶ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠡ᠃ ᠬᠦᠭᠡᠮᠳᠦᠭ ᠨᠣᠭᠤᠭᠠᠨ ᠠᠭᠤᠯᠠ ᠣᠰᠣ ᠪᠣᠯ ᠠᠯᠳᠠ ᠮᠦᠩᠬᠦᠨ ᠠᠭᠤᠯᠠ ᠭᠡᠬᠦ ᠣᠶᠢᠯᠠᠭᠠᠭᠳᠠᠬᠤᠨ ᠢ ᠪᠠᠳᠣ ᠪᠣᠢ ᠪᠣᠯᠭᠠᠵᠣ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠶᠣᠯ ᠲᠦᠭᠰᠢᠬᠦᠷᠢ ᠶᠢᠨ ᠲᠠᠯᠳᠠ ᠭᠡᠮ ᠢ ᠲᠠᠰᠣᠷᠠᠯᠳᠠ ᠦᠭᠡᠢ ᠪᠠᠶᠢᠴᠠᠭᠠᠵᠣ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠤ ᠰᠠᠬᠢᠨ᠎ᠠ᠃ ᠠᠮᠢ ᠠᠬᠤᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠎ᠠ᠃ ᠠᠮᠢ ᠠᠬᠤᠢ ᠎ ᠶᠢᠨ ᠪᠤᠯᠪᠠᠰᠤᠨ ᠤ ᠤᠬᠠᠭᠤᠯᠭ᠎ᠠ ᠬᠦᠮᠤᠵᠢᠯ ᠢ ᠴᠢᠩᠭᠠᠳᠬᠠᠵᠤ᠂ ᠨᠠᠶᠢᠬᠡᠮ ᠤᠨ ᠡᠯ᠎ᠠ ᠡᠳᠡᠬᠡᠳ ᠤᠨ ᠬᠢᠨ ᠢ ᠣᠬᠠᠮᠰᠠᠷ ᠠᠴᠠ ᠪᠠᠨ ᠠᠮᠢ ᠠᠬᠤᠢ ᠶᠢᠨ ᠪᠠᠶᠢᠭᠤᠯᠤᠯᠳᠠ᠂ ᠬᠠᠮᠠᠭᠠᠯᠠᠯᠳᠠ ᠪᠠ ᠬᠢᠨᠠᠯᠳᠠ ᠲᠠᠯᠪᠢᠬᠤ ᠳᠤ ᠤᠷᠤᠯᠴᠠᠬᠤ ᠎ ᠶᠢ ᠲᠠᠶᠢᠴᠢᠯᠠᠨ ᠵᠢᠯᠤᠭᠤᠳᠴᠤ᠂ ᠪᠤᠬᠢᠷᠳᠤᠯ ᠦᠬᠡᠢ ᠪᠤᠯᠪᠠᠰᠤᠨ ᠡᠷᠡᠬᠦᠯ ᠴᠢᠬᠢᠷᠠᠭ ᠠᠮᠢᠳᠤᠷᠡᠯ ᠤᠨ ᠵᠠᠩ ᠲᠠᠳᠬᠠᠯ ᠢ ᠰᠤᠷᠳᠠᠯᠴᠢᠯᠠᠵᠤ᠂ ᠪᠦᠬᠦ ᠠᠷᠡᠳ ᠢᠶᠠᠷ ᠢᠶᠠᠨ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠠᠮᠢ ᠠᠬᠤᠢ ᠶᠢᠨ ᠪᠤᠯᠪᠠᠰᠤᠨ ᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠤ᠂ ᠵᠢᠯ ᠳᠤ ᠰᠤᠮᠤ ᠪᠠᠯᠭᠠᠰᠤ ᠪᠦᠷᠢ ᠳᠤ  ᠲᠠᠯ᠎ᠠ ᠨᠤᠳᠤᠭ ᠎ ᠤᠨ ᠠᠮᠢ ᠠᠬᠤᠢ ᠶᠢᠨ ᠬᠠᠮᠠᠭᠠᠯᠠᠯᠳᠠ ᠪᠠ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠨᠠᠶᠢᠳᠡᠯᠢᠭ ᠵᠢᠱᠢᠶᠠᠴᠢ ᠡᠷᠤᠬᠡ 10᠎ ᠠᠴᠠ ᠲᠡᠬᠡᠭᠰᠢ ᠰᠤᠩᠭᠤᠨ ᠰᠢᠯᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠦᠪ ᠬᠦᠷᠤᠩᠬᠡ ᠶᠢ ᠬᠢᠨᠡᠨ ᠪᠤᠳᠤᠬᠤ ᠠᠵᠢᠯ ᠢ ᠦᠷᠨᠢᠬᠦᠯᠵᠤ᠂ ᠭᠤᠷᠪᠡᠨ ᠵᠢᠯ ᠤᠨ ᠴᠠᠭ ᠬᠡᠷᠡᠭᠯᠡᠨ ᠰᠤᠮᠤ ᠪᠠᠯᠭᠠᠰᠤᠨ ᠤ ᠲᠠᠯ᠎ᠠ ᠨᠤᠳᠤᠭ ᠤᠨ ᠠᠮᠢ ᠠᠬᠤᠢ ᠶᠢᠨ ᠪᠤᠯᠪᠠᠰᠤᠨ ᠤ ᠲᠠᠩᠰᠠ ᠡᠪᠬᠡᠮᠡᠯ ᠢ ᠪᠠᠶᠢᠭᠤᠯᠤᠨ  ᠪᠦᠷᠢᠡᠰᠢᠬᠦᠯᠬᠦ ᠪᠠᠷ ᠴᠢᠷᠮᠠᠶᠢᠨ᠎ᠠ᠃ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠲᠡᠬᠡᠳᠤ ᠱᠠᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠡᠨ ᠪᠠᠶᠢᠴᠠᠭᠠᠬᠤ ᠲᠤᠭᠤᠶᠢᠯᠠᠩ ᠤᠨ ᠲᠤᠰᠬᠠᠭᠰᠡᠨ ᠰᠠᠨᠠᠯ ᠪᠠ ᠤᠯᠠᠨ ᠲᠦᠮᠡᠨ ᠎ ᠤ ᠢᠯᠠᠴᠢᠯᠡᠨ ᠮᠡᠳᠡᠬᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠢᠯᠭᠠᠨ ᠲᠤᠭᠳᠠᠭᠠᠬᠤ ᠪᠠ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠶᠢ ᠨᠠᠶᠢᠳᠠᠮ ᠪᠠᠶᠢᠴᠠᠭᠠᠬᠤ ᠠᠵᠢᠯ ᠢ ᠰᠠᠶᠢᠳᠤᠷ ᠬᠢᠵᠤ᠂  ︽ᠲᠡᠭᠷᠢ ᠨᠢ ᠨᠡᠩ ᠬᠦᠬᠡ︾ ᠠᠵᠢᠯᠯᠠᠭ᠎ᠠ ᠦᠷᠨᠢᠬᠦᠯᠵᠤ᠂ ᠠᠭᠠᠷ ᠮᠠᠡᠳᠠᠯ ᠤᠨ ᠪᠤᠬᠢᠷᠳᠤᠯ ᠢ ᠭᠠᠳᠠᠭᠰᠢᠯᠠᠭᠤᠯᠬᠤ ᠠᠵᠣ ᠠᠬᠤᠶᠢᠯᠠᠯ ᠤᠨ ᠬᠠᠮᠢᠶᠠᠷᠤᠯᠳᠠ ᠶᠢ ᠴᠢᠩᠭᠠᠳᠬᠠᠵᠤ᠂ ᠵᠠᠮ ᠲᠡᠬᠡᠬᠡᠪᠤᠷᠢ᠂ ᠪᠠᠷᠢᠯᠭ᠎ᠠ ᠶᠢᠨ ᠭᠠᠵᠡᠷ ᠤᠨ ᠲᠤᠭᠤᠰᠤ ᠰᠢᠷᠣᠢ ᠪᠠ ᠬᠤᠭᠤᠯᠠᠨ ᠬᠡᠷ ᠤᠨ ᠲᠤᠰᠤ ᠤᠳᠤᠭ᠎ᠠ ᠶᠢᠨ ᠪᠤᠬᠢᠷᠳᠤᠯ ᠢ ᠴᠡᠭᠴᠡᠯᠡᠨ ᠵᠠᠰᠠᠵᠤ᠂ ᠮᠠᠯᠵᠢᠬᠤ ᠤᠷᠤᠨ ᠳᠤ ᠴᠠᠪᠠᠷ ᠡᠨᠧᠷᠬᠢ ᠪᠠᠷ ᠲᠤᠯᠠᠭᠠᠯᠠᠯᠭ᠎ᠠ ᠬᠠᠩᠭᠠᠬᠤ ᠶᠢ ᠵᠣᠷᠢᠭᠵᠢᠭᠤᠯᠵᠣ᠂ ᠬᠤᠳᠠ ᠪᠠᠯᠭᠠᠰᠤᠨ ᠤ ᠨᠡᠬᠦᠷᠡᠰᠤ ᠲᠦᠯᠡᠵᠤ ᠪᠠᠶᠢᠭ᠎ᠠ 300 ᠡᠷᠤᠬᠡ ᠳᠤ ᠲᠦᠪᠯᠡᠷᠡᠩᠬᠦᠢ ᠲᠤᠯᠠᠭᠠᠯᠠᠯᠭ᠎ᠠ ᠬᠠᠩᠭᠠᠨ᠎ᠠ᠃ ︽ᠤᠰᠤ ᠨᠢ ᠨᠡᠩ ᠲᠤᠩᠭᠠᠯᠠᠭ︾ ᠠᠵᠢᠯᠯᠠᠭ᠎ᠠ ᠦᠷᠨᠢᠬᠦᠯᠵᠤ᠂ ᠬᠠᠮᠤᠭ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠲᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠰᠤᠨ ᠎ ᠤ ᠡᠬᠢ ᠪᠠᠶᠠᠯᠢᠭ ᠤᠨ ᠭᠠᠶᠢᠯᠢ ᠲᠤᠰᠢᠶᠠᠯᠭᠠᠬᠤ ᠠᠵᠢᠯ ᠢ ᠰᠠᠶᠢᠳᠤᠷ ᠬᠢᠵᠤ᠂   ︽ᠭᠤᠤᠯ ︵ᠨᠠᠭᠤᠷ︶᠎ ᠤᠨ ᠲᠠᠷᠤᠭ᠎ᠠ ︾᠎ ᠶᠢᠨ ᠲᠦᠷᠢᠮ ᠢ ᠬᠦᠡᠵᠡᠬᠡᠶᠢᠷᠡᠬᠦᠯᠵᠤ᠂ ︽ᠭᠤᠤᠯ ᠨᠠᠭᠤᠷ︾᠎ ᠢ ᠴᠠᠭᠳᠠᠨ ᠪᠠᠶᠢᠴᠠᠭᠠᠬᠤ᠂ ᠵᠠᠰᠠᠨ ᠬᠠᠮᠠᠭᠠᠯᠠᠬᠤ ᠠᠵᠢᠯ ᠢ ᠰᠠᠶᠢᠳᠤᠷ ᠬᠢᠨ᠎ᠠ᠃ ᠲᠦᠪᠯᠡᠷᠡᠩᠬᠦᠢ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠲᠦᠷᠢᠮᠵᠢᠭᠰᠡᠨ ᠪᠠᠶᠢᠭᠤᠯᠤᠯᠳᠠ ᠶᠢ ᠬᠦᠡᠵᠡᠬᠡᠢ ᠠᠬᠢᠭᠤᠯᠵᠤ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠴᠦᠬᠦᠷᠤᠮ ᠢ ᠠᠰᠢᠭᠯᠠᠯᠳᠠ ᠳᠤ ᠤᠷᠤᠭᠤᠯᠵᠤ᠂ ᠦᠢᠯᠡᠳᠪᠤᠷᠢ ᠶᠢᠨ ᠲᠤᠭᠳᠠᠭᠤᠨ ᠡᠷᠬᠢᠯᠳᠡ ᠶᠢ ᠪᠠᠳᠤᠯᠠᠨ᠎ᠠ᠃ ᠲᠤᠰᠤ ᠨᠡᠮᠡᠬᠦ ᠦᠷᠳᠡᠭᠡ ᠶᠢᠨ ᠲᠤᠰᠤ ᠬᠠᠳᠠᠭᠠᠯᠠᠬᠤ ᠬᠤᠭᠤᠯᠠᠢ ᠶᠢ ᠪᠦᠬᠦᠨ ᠢ ᠬᠤᠶᠡᠷ ᠲᠠᠪᠬᠤᠷ ᠪᠤᠯᠭᠠᠨ ᠦᠬᠡᠷᠡᠴᠢᠯᠡᠨ ᠪᠠᠶᠢᠭᠤᠯᠤᠨ᠎ᠠ᠃ ︽ᠬᠦᠷᠤᠰᠤ ᠨᠢ ᠨᠡᠩ ᠰᠢᠮᠡᠯᠢᠭ︾ ᠠᠵᠢᠯᠯᠠᠭ᠎ᠠ ᠦᠷᠨᠢᠬᠦᠯᠵᠤ᠂ ᠭᠤᠷᠪᠡᠳᠤᠭᠠᠷ ᠤᠳᠠᠭᠠᠨ ᠤ ᠭᠠᠵᠡᠷ ᠰᠢᠷᠥᠢ ᠶᠢᠨ ᠪᠠᠶᠢᠴᠠᠭᠠᠯᠳᠠ ᠶᠢᠨ ᠠᠵᠢᠯ ᠢ ᠠᠯᠬᠤᠮ ᠲᠠᠷᠠᠭ᠎ᠠ ᠲᠠᠢ ᠦᠷᠨᠢᠬᠦᠯᠵᠤ ᠂ ᠭᠠᠵᠡᠷ ᠰᠢᠷᠥᠢ ᠶᠢᠨ ᠡᠬᠡᠯᠵᠢᠳᠤ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠦᠬᠡᠷᠡᠴᠢᠯᠡᠵᠤ᠂ ᠲᠤᠷ᠎ᠠ ᠪᠠᠷ ᠮᠠᠯᠳᠠᠬᠤ᠂ ᠬᠤᠯᠠᠭᠠᠶᠢᠯᠠᠵᠤ ᠮᠠᠯᠳᠠᠬᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠭᠠᠵᠡᠷ ᠰᠢᠡᠵᠢᠯᠡᠬᠡᠨ ᠤ ᠤᠷᠴᠢᠨ ᠲᠤᠭᠤᠷᠢᠨ ᠤ ᠵᠠᠰᠠᠯᠳᠠ ᠶᠢᠨ ᠢᠡᠵᠧᠨᠧᠷᠢᠩ ᠢ ᠰᠠᠶᠢᠳᠤᠷ ᠬᠢᠵᠤ᠂ ᠮᠠᠨᠢᠳᠤ ᠠᠭᠤᠷᠬᠠᠢ ᠶᠢᠨ ᠲᠤᠭᠤᠷᠢᠭ᠂ ᠴᠠᠭᠠᠡᠨᠠᠭᠤᠷ ᠲᠠᠮᠤᠷ ᠤᠨ ᠠᠭᠤᠷᠬᠠᠢ ᠶᠢᠨ ᠲᠤᠭᠤᠷᠢᠭ ᠤᠨ ᠶᠠᠷᠤᠩᠬᠡᠶᠢᠯᠡᠭᠰᠡᠨ ᠵᠠᠰᠠᠯᠳᠠ ᠶᠢ ᠪᠦᠬᠦ ᠲᠠᠯ᠎ᠠ ᠪᠠᠷ ᠠᠬᠢᠭᠤᠯᠵᠤ᠂ ᠭᠤᠷᠴᠢ ᠶᠢᠨ ᠤᠯᠠᠨ ᠲᠡᠮᠦᠷᠯᠢᠭ ᠤᠨ ᠠᠭᠤᠷᠬᠠᠢ᠂ ᠶᠢᠨ ᠳ᠋ᠢ ᠵᠡᠰ ᠮᠤᠯᠧᠪᠳᠧᠨ ᠤ ᠠᠭᠤᠷᠬᠠᠢ ᠶᠢ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠬᠡᠢ ᠠᠭᠤᠷᠬᠠᠢ ᠶᠢᠨ ᠲᠤᠭᠤᠷᠢᠭ ᠪᠤᠯᠭᠠᠨ ᠪᠠᠶᠢᠭᠤᠯᠤᠨ᠎ᠠ᠃ ᠮᠠᠯ ᠠᠵᠤ ᠠᠬᠤᠢ ᠶᠢᠨ ᠣᠯᠠᠨ ᠡᠬᠢᠳᠦ ᠪᠤᠬᠢᠷᠳᠤᠯ ᠢ ᠤᠷᠢᠳᠴᠢᠯᠡᠨ ᠰᠡᠷᠬᠡᠶᠢᠯᠡᠬᠦ ᠠᠵᠢᠯ ᠢ ᠴᠢᠩᠭᠠᠳᠬᠠᠵᠤ᠂ ᠬᠤᠪᠢ ᠬᠦᠮᠤᠨ ᠪᠠ ᠠᠵᠤ ᠠᠬᠤᠶᠢᠯᠠᠯ ᠠᠴᠠ ᠮᠠᠯ ᠤᠨ ᠠᠷᠭᠠᠯ ᠬᠤᠷᠭᠤᠯ ᠢ ᠶᠠᠷᠤᠩᠬᠡᠶᠢᠯᠡᠨ ᠠᠰᠢᠭᠯᠠᠬᠤ ᠶᠢ ᠢᠳᠡᠪᠬᠢᠳᠡᠢ ᠲᠠᠮᠵᠢᠵᠤ᠂ ᠤᠷᠭᠠᠨᠢᠭ ᠪᠤᠷᠳᠤᠭᠤᠷ ᠪᠤᠯᠪᠠᠰᠤᠷᠠᠭᠤᠯᠬᠤ 1 ᠠᠵᠤ ᠠᠬᠤᠶᠢᠯᠡᠯ ᠢ ᠤᠷᠢᠨ ᠣᠷᠣᠭᠤᠯᠬᠤ ᠪᠠᠷ ᠴᠢᠷᠮᠠᠶᠢᠨ᠎ᠠ︔ ︽ᠲᠠᠯ᠎ᠠ ᠨᠢ ᠨᠠᠩ ᠨᠤᠭᠤᠭᠠᠨ︾ ᠠᠵᠢᠯᠯᠠᠭ᠎ᠠ ᠦᠷᠨᠢᠬᠦᠯᠵᠤ ᠂ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠵᠤ᠂ ᠮᠠᠯ ᠪᠠᠯᠴᠢᠬᠡᠷ ᠤᠨ ᠲᠠᠩᠴᠡᠬᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠬᠠᠳᠤᠯᠠᠩ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠦᠭᠵᠢᠬᠦᠯᠬᠦ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠬᠡᠷ᠎ᠠ ᠶᠢᠨ ᠤᠷᠭᠤᠮᠠᠯ ᠢ ᠲᠤᠷ᠎ᠠ ᠪᠠᠷ ᠮᠠᠯᠳᠠᠬᠤ᠂ ᠬᠡᠬᠡᠷ᠎ᠠ ᠶᠢᠨ ᠠᠮᠢᠳᠠᠨ ᠢ ᠲᠤᠷ᠎ᠠ ᠪᠠᠷ ᠠᠪᠠᠯᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠤᠯᠠᠨ ᠰᠢᠷᠭ᠎ᠠ ᠲᠠᠭ᠎ᠠ ᠶᠢᠨ ᠡᠯᠡᠰᠤ ᠶᠢ ᠶᠠᠷᠤᠩᠬᠡᠶᠢᠯᠡᠨ ᠵᠠᠰᠠᠬᠤ ᠪᠠ ᠠᠷᠴᠠ ᠶᠢᠨ ᠪᠠᠶᠢᠭᠠᠯᠢ ᠎ ᠶᠢᠨ ᠬᠠᠮᠠᠭᠠᠯᠠᠯᠳᠠ ᠶᠢᠨ ᠲᠤᠭᠤᠷᠢᠭ ᠤᠨ ᠴᠢᠳᠠᠪᠬᠢᠳᠤ ᠲᠤᠭᠤᠷᠢᠭ ᠲᠤ ᠲᠤᠬᠢᠷᠠᠭᠤᠯᠤᠯᠳᠠ ᠬᠢᠬᠦ ᠠᠵᠢᠯ ᠢ ᠢᠳᠡᠪᠬᠢᠳᠡᠢ ᠠᠬᠢᠭᠤᠯᠵᠤ᠂ ᠡᠯᠡᠰᠤᠷᠬᠡᠭ ᠭᠠᠵᠡᠷ ᠲᠤ ᠬᠤᠨᠢ ᠴᠦᠬᠡᠳᠬᠡᠵᠤ᠂ ᠪᠦᠬᠦ ᠠᠶᠢᠮᠠᠭ ᠤᠨ ᠨᠢᠬᠡᠳᠤᠯᠳᠡᠢ ᠱᠠᠭᠠᠷᠳᠠᠯᠭ᠎ᠠ ᠶᠤᠰᠤᠭᠠᠷ 4 ᠰᠠᠷᠠᠶᠢᠨ 15᠎ ᠠᠴᠠ ᠡᠬᠢᠯᠡᠨ ᠪᠦᠬᠦ ᠬᠤᠰᠢᠭᠤᠨ ᠤ 70 ᠭᠠᠴᠠᠭᠠᠨ ᠳᠤ 40 ᠡᠳᠤᠷ ᠎ ᠤᠨ ᠬᠠᠪᠤᠷ ᠤᠨ ᠤᠯᠠᠷᠢᠯ ᠤᠨ ᠪᠠᠯᠴᠢᠬᠡᠷ ᠰᠡᠯᠬᠦᠬᠦ ᠠᠵᠢᠯᠯᠠᠭ᠎ᠠ ᠶᠠᠪᠤᠭᠳᠠᠭᠤᠯᠵᠤ᠂ ᠪᠦᠬᠦ ᠵᠢᠯ ᠳᠤ ᠲᠠᠯ᠎ᠠ ᠨᠤᠳᠤᠭ ᠎ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠪᠡᠯᠡ ᠮᠦᠩᠬᠦ 1.3 ᠳ᠋ᠦᠩᠰᠢᠭᠤᠷ ᠲᠦᠬᠦᠷᠢᠭ᠂ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ 1750 ᠲᠦᠮᠡᠨ ᠲᠦᠬᠦᠷᠢᠭ᠂ ᠬᠠᠪᠤᠷ ᠤᠨ ᠤᠯᠠᠷᠢᠯ ᠤᠨ ᠰᠡᠯᠬᠦᠨ ᠮᠠᠯᠵᠢᠬᠤ ᠨᠦᠬᠦᠪᠤᠷᠢ 3770 ᠲᠦᠮᠡᠨ ᠲᠦᠬᠦᠷᠢᠭ ᠲᠠᠷᠬᠠᠭᠠᠨ᠎ᠠ᠃ 375 ᠲᠦᠮᠡᠨ ᠮᠤ᠋ ᠪᠡᠯᠴᠢᠭᠡᠷ ᠲᠤ ᠬᠤᠯᠤᠭᠠᠨ᠎ᠠ ᠬᠤᠷᠤᠬᠠᠢ ᠶᠢᠨ ᠭᠠᠮᠰᠢᠭ ᠠᠴᠠ ᠰᠡᠷᠬᠡᠶᠢᠯᠡᠨ᠂ 34 ᠲᠦᠮᠡᠨ ᠮᠤ᠋ ᠪᠡᠯᠴᠢᠭᠡᠷ ᠢ ᠬᠦᠷᠢᠶᠠᠯᠠᠨ᠂ 9.2 ᠲᠦᠮᠡᠨ ᠮᠤ᠋ ᠭᠠᠵᠡᠷ ᠢ ᠦᠢᠵᠢᠭᠤᠯᠵᠤ᠂ 500 ᠮᠤ᠋ ᠭᠤᠤᠯᠳᠠᠯᠭᠠᠳᠤ ᠤᠷᠤᠨ ᠪᠦᠰᠠ ᠶᠢ ᠨᠤᠭᠤᠭᠠᠷᠠᠭᠤᠯᠤᠨ᠎ᠠ᠃     ︵ᠭᠤᠷᠪᠡ︶ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠣᠯᠬᠤ ᠲᠠᠶᠢᠯᠠᠯᠳᠣᠭᠠᠨ ᠎ ᠢ ᠦᠷᠬᠦᠯᠵᠢᠯᠡᠨ ᠰᠠᠶᠢᠳᠣᠷ ᠬᠢᠨ᠎ᠠ᠃     ᠦᠷ᠎ᠠ ᠪᠦᠳᠤᠮᠵᠢ ᠪᠠᠨ ᠪᠠᠳᠤᠳᠬᠠᠨ᠎ᠠ᠃ ᠨᠠᠷᠢᠯᠢᠭ ᠤᠨᠤᠪᠴᠢᠳᠡᠢ ᠪᠠᠶᠢᠬᠤ ᠶᠢ ᠪᠠᠷᠢᠮᠳᠠᠯᠠᠨ᠂ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠪᠦᠬᠦ ᠵᠢᠯ ᠳᠤ ᠬᠤᠰᠢᠭᠤ ᠡᠳ᠋ ᠤᠨ ᠵᠠᠰᠠᠭ ᠤᠨ ᠪᠡᠯᠡ ᠮᠦᠩᠬᠦ 400 ᠲᠦᠮᠡᠨ ᠲᠦᠬᠦᠷᠢᠭ ᠲᠤᠬᠢᠷᠠᠭᠤᠯᠵᠤ᠂ 457 ᠡᠷᠤᠬᠡ ᠶᠢᠨ 1268 ᠬᠦᠮᠤᠨ ᠢ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠠ ᠪᠦᠳᠤᠮᠵᠢ ᠶᠢ ᠲᠠᠰᠤᠷᠠᠯᠳᠠ ᠦᠬᠡᠢ ᠪᠠᠳᠤᠳᠬᠠᠵᠤ᠂ ᠬᠦᠳᠡᠯᠤᠩᠬᠦᠢ ᠬᠢᠨᠡᠨ ᠲᠤᠳᠤᠯᠠᠭᠰᠡᠨ ᠶᠠᠳᠠᠭᠤ ᠬᠦᠴᠢᠷᠳᠡᠯᠳᠡᠢ ᠬᠦᠮᠤᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠳᠤ ᠬᠦᠷᠬᠡᠬᠦ ᠶᠢ ᠪᠠᠳᠤᠯᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠰᠢᠨ᠎ᠠ ᠰᠢᠪᠳᠤᠯᠤᠯᠳᠠ ᠲᠠᠢ ᠪᠤᠯᠭᠠᠨ᠎ᠠ᠃ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠢᠳᠡᠬᠡᠮᠵᠢᠳᠤ ᠵᠢᠬᠡᠯᠡᠯᠬᠡ ᠶᠢᠨ ᠬᠦᠦ ᠮᠦᠩᠬᠦ ᠶᠢᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠩᠰᠠ ᠪᠠᠶᠢᠭᠤᠯᠵᠤ ᠺᠠᠷᠲ ᠤᠯᠭᠤᠭᠰᠡᠨ ᠶᠠᠳᠠᠭᠤ ᠬᠦᠴᠢᠷᠳᠡᠯᠳᠡᠢ ᠡᠷᠤᠬᠡ ᠶᠢᠨ ᠦᠢᠯᠡᠳᠪᠤᠷᠢᠯᠡᠯ ᠤᠨ ᠬᠡᠪᠴᠢᠶ᠎ᠠ ᠪᠠᠨ ᠦᠷᠬᠡᠳᠬᠡᠬᠦ ᠶᠢ ᠵᠤᠷᠢᠭᠵᠢᠭᠤᠯᠤᠨ ᠲᠠᠮᠵᠢᠵᠤ᠂ ᠦᠢᠯᠡᠳᠪᠤᠷᠢᠯᠡᠯ ᠠᠮᠢᠳᠤᠷᠡᠯ ᠤᠨ ᠴᠢᠳᠠᠪᠤᠷᠢ ᠶᠢ ᠨᠢ ᠲᠡᠬᠡᠭᠰᠢᠯᠡᠬᠦᠯᠤᠨ᠎ᠠ︔ ᠪᠦᠬᠦ ᠠᠶᠢᠮᠠᠭ ᠤᠨ ︽ᠨᠠᠷᠡᠨ ᠤ ᠡᠨᠧᠷᠬᠢ ᠪᠠᠷ ᠶᠠᠳᠠᠭᠤ ᠶᠢ ᠲᠡᠳᠬᠦᠬᠦ︾ ᠲᠦᠷᠤᠯ ᠵᠥᠢᠯ ᠤᠨ ᠦᠷ᠎ᠠ ᠠᠰᠢᠭ ᠤᠨ ᠬᠤᠪᠢᠶᠠᠷᠢᠯᠠᠯ ᠤᠨ ᠠᠵᠢᠯ ᠢ ᠠᠬᠢᠭᠤᠯᠵᠤ᠂ ᠬᠦᠳᠡᠯᠮᠤᠷᠢᠯᠡᠬᠦ ᠴᠢᠳᠠᠪᠤᠷᠢ ᠪᠠᠨ ᠠᠯᠳᠠᠭᠰᠡᠨ ᠪᠠ ᠨᠡᠬᠦᠯᠬᠡᠨ ᠰᠢᠯᠵᠢᠬᠦᠯᠦᠭᠰᠡᠨ ᠲᠠᠩᠰᠠ ᠪᠠᠶᠢᠭᠤᠯᠵᠣ ᠺᠠᠷᠲ ᠣᠯᠭᠤᠭᠰᠠᠨ ᠶᠠᠳᠠᠭᠤ ᠬᠦᠴᠢᠷᠳᠡᠯᠳᠡᠢ ᠡᠷᠤᠬᠡ ᠳᠤ ᠦᠷᠬᠦᠯᠵᠢᠯᠡᠨ ᠠᠵᠤ ᠦᠢᠯᠡᠰ ᠢᠶᠠᠷ ᠠᠰᠢᠭ ᠬᠦᠷᠳᠡᠬᠡᠬᠦ ᠪᠠᠳᠤᠯᠠᠭ᠎ᠠ ᠪᠠ ᠮᠢᠬᠠᠨ ᠤ ᠦᠬᠡᠷ ᠠᠷᠡᠴᠢᠯᠡᠨ ᠲᠡᠵᠢᠭᠡᠭᠰᠡᠨ ᠠᠰᠢᠭ ᠢ ᠬᠤᠪᠢᠶᠠᠷᠢᠯᠠᠨ᠎ᠠ᠃ ᠨᠡᠬᠦᠯᠬᠡᠨ ᠰᠢᠯᠵᠢᠬᠦᠯᠦᠭᠰᠡᠨ ᠶᠠᠳᠠᠭᠤ ᠬᠦᠴᠢᠷᠳᠡᠯᠳᠡᠢ ᠡᠷᠤᠬᠡ ᠶᠢᠨ ᠬᠦᠳᠡᠯᠮᠤᠷᠢ ᠬᠦᠴᠤᠨ ᠤ ᠪᠠᠶᠢᠳᠠᠯ ᠢ ᠦᠢᠯᠠᠭᠠᠵᠤ᠂ ᠢᠳᠡᠪᠬᠢᠳᠡᠢ ᠪᠠᠷ ᠠᠵᠢᠯ ᠤᠨ ᠪᠠᠶᠢᠷᠢ ᠴᠤᠭᠯᠠᠭᠤᠯᠵᠤ᠂ ᠠᠵᠢᠯ ᠤᠯᠭᠤᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠡᠬᠦ ᠪᠠᠳᠤᠯᠠᠨ᠎ᠠ᠃ ᠬᠠᠮᠳᠤ ᠶᠢᠨ ᠠᠵᠤ ᠠᠬᠤᠢ ᠨᠢ ᠬᠠᠷᠢᠴᠠᠩᠭᠤᠢ ᠪᠠᠷ ᠪᠠᠭᠤᠷᠡᠢ ᠭᠠᠴᠠᠭ᠎ᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠤᠨ᠂ 3 ᠭᠠᠴᠠᠭᠠᠨ ᠳᠤ ᠬᠠᠮᠳᠤ ᠶᠢᠨ ᠠᠵᠤ ᠠᠬᠤᠢ ᠎ ᠶᠢ ᠪᠣᠵᠠᠭᠠᠶᠢᠷᠠᠭᠤᠯᠬᠤ ᠲᠦᠷᠤᠯ ᠵᠥᠢᠯ ᠢ ᠬᠡᠷᠡᠭᠵᠢᠬᠦᠯᠵᠤ᠂ ᠭᠠᠴᠠᠭᠠᠨ ᠤ ᠪᠠᠶᠠᠵᠢᠨ ᠴᠢᠨᠡᠭᠡᠯᠢᠭᠵᠢᠯ ᠢ ᠲᠠᠶᠢᠴᠢᠯᠠᠨ ᠲᠠᠭᠠᠭᠤᠯᠬᠤ ᠴᠢᠳᠠᠪᠬᠢ ᠶᠢ ᠲᠡᠬᠡᠭᠰᠢᠯᠡᠬᠦᠯᠤᠨ᠎ᠠ᠃ ᠰᠠᠭᠤᠷᠢ ᠲᠦᠬᠦᠬᠡᠷᠤᠮᠵᠢ ᠶᠢ ᠲᠠᠰᠤᠷᠠᠯᠳᠠ ᠦᠬᠡᠢ ᠪᠦᠷᠢᠡᠰᠢᠬᠦᠯᠤᠨ ᠲᠡᠬᠦᠯᠳᠡᠷᠵᠢᠬᠦᠯᠤᠨ᠎ᠠ᠃ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠲᠦᠷᠤᠯ ᠵᠥᠢᠯ ᠎ ᠤᠨ ᠬᠦᠮᠤᠷᠬᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠠᠰᠢᠨ ᠬᠤᠳᠳᠤᠭ᠂ ᠤᠰᠤ ᠬᠠᠳᠠᠭᠠᠯᠠᠬᠤ ᠵᠤᠭᠤᠷᠢ᠂ ᠲᠤᠯᠠᠭᠠᠨ ᠫᠸᠡᠭ᠂ ᠲᠤᠤᠷ ᠬᠦᠷᠢᠶ᠎ᠠ ᠵᠡᠷᠬᠡ ᠡᠷᠤᠬᠡ ᠳᠤ ᠬᠦᠷᠬᠡᠬᠦ ᠲᠦᠷᠤᠯ ᠵᠥᠢᠯ ᠢ ᠬᠡᠷᠡᠭᠵᠢᠬᠦᠯᠵᠤ᠂ ᠶᠠᠳᠠᠭᠤ ᠬᠦᠴᠢᠷᠳᠡᠯᠳᠡᠢ ᠡᠷᠤᠬᠡ ᠶᠢᠨ ᠦᠢᠯᠡᠳᠪᠤᠷᠢᠯᠡᠯ ᠠᠮᠢᠳᠤᠷᠡᠯ ᠤᠨ ᠨᠦᠬᠦᠴᠠᠯ ᠢ ᠲᠠᠰᠤᠷᠠᠯᠳᠠ ᠦᠬᠡᠢ ᠰᠠᠶᠢᠵᠢᠷᠠᠭᠤᠯᠤᠨ᠎ᠠ ᠃ ᠲᠡᠬᠡᠳᠤ ᠱᠠᠳᠤᠨ ᠠᠴᠠ ᠪᠡᠯᠡ ᠮᠦᠩᠬᠦ ᠢᠳᠡᠪᠬᠢᠳᠡᠢ ᠡᠷᠡᠮᠡᠯᠵᠠᠯᠠᠵᠤ᠂ ᠨᠠᠪᠳᠠᠷᠠᠬᠦ ᠳᠤ ᠪᠡᠷᠭᠡ ᠵᠠᠮ᠂ ᠤᠷᠤᠨ ᠰᠠᠭᠤᠴᠠ ᠶᠢ ᠡᠨᠧᠷᠬᠢ ᠠᠷᠪᠢᠯᠠᠬᠤ ᠪᠠᠷ ᠦᠬᠡᠷᠡᠴᠢᠯᠡᠨ ᠪᠠᠶᠢᠭᠤᠯᠬᠤ ᠪᠠ ᠬᠤᠭ ᠨᠤᠪᠰᠢ ᠪᠤᠬᠢᠷ ᠤᠰᠤ ᠰᠢᠢᠳᠪᠤᠷᠢᠯᠡᠬᠦ ᠵᠡᠷᠬᠡ ᠭᠠᠴᠠᠭᠠᠨ ᠳᠤ ᠲᠦᠬᠡᠮᠡᠯ ᠠᠰᠢᠭ ᠬᠦᠷᠳᠡᠬᠡᠬᠦ ᠲᠦᠷᠤᠯ ᠵᠥᠢᠯ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠭᠠᠴᠠᠭᠠᠨ ᠤ ᠤᠯᠠᠨ ᠨᠠᠶᠢᠳᠠ ᠶᠢᠨ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠤᠨ᠎ᠠ᠃ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠬᠦᠷᠳᠡᠬᠡᠬᠦ ᠶᠢ ᠪᠠᠳᠤᠯᠠᠨ᠎ᠠ᠃ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠲᠦᠷᠤ ᠶᠢᠨ ᠪᠤᠳᠤᠯᠭ᠎ᠠ ᠶᠢ ᠪᠦᠷᠢᠡᠰᠢᠬᠦᠯᠵᠤ᠂ ︽ᠤᠷᠢᠳᠠᠪᠡᠷ ᠡᠮᠨᠡᠬᠦᠯᠵᠤ᠂ ᠲᠠᠷᠠᠭ᠎ᠠ ᠨᠢ ᠲᠠᠩᠰᠠ ᠴᠠᠶᠢᠷᠠᠭᠤᠯᠬᠤ︾ ︽ᠨᠢᠭᠡ ᠣᠳᠠᠭ᠎ᠠ ᠳᠤ ᠲᠠᠰᠣᠯᠠᠨ ᠪᠣᠳᠣᠬᠤ︾ ᠠᠯᠬᠤᠮ ᠲᠠᠷᠠᠭᠠᠯᠠᠯ ᠢ ᠲᠠᠰᠤᠷᠠᠯᠳᠠ ᠦᠬᠡᠢ ᠰᠢᠯᠢᠳᠡᠭᠵᠢᠬᠦᠯᠵᠤ᠂ ᠶᠠᠳᠠᠭᠤ ᠬᠦᠴᠢᠷᠳᠡᠯᠳᠡᠢ ᠡᠪᠡᠳᠴᠢᠳᠠᠳ ᠤᠨ ᠡᠮᠨᠡᠯᠬᠡ ᠳᠤ ᠰᠠᠭᠤᠬᠤ ᠰᠦᠢᠳᠬᠡᠯ ᠤᠨ ᠲᠠᠩᠰᠠ ᠴᠠᠶᠢᠷᠠᠭᠤᠯᠬᠤ ᠶᠠᠪᠤᠴᠠ ᠶᠢ ᠰᠢᠯᠤᠭᠤᠳᠬᠠᠨ᠎ᠠ︔ ᠪᠡᠯᠡ ᠬᠤᠷᠠᠮᠳᠤᠭᠤᠯᠵᠤ ᠨᠦᠬᠦᠪᠤᠷᠢ ᠤᠯᠭᠤᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠳᠡᠢ ᠡᠷᠤᠬᠡ ᠶᠢᠨ ᠲᠠᠭᠠᠳᠬᠠᠯ ᠳᠤ ᠤᠷᠤᠬᠤ ᠨᠤᠷᠮ᠎ᠠ ᠪᠠ ᠬᠦᠡᠳᠤ ᠡᠪᠡᠳᠴᠢᠨ ᠢ ᠠᠪᠤᠷᠠᠨ ᠲᠤᠰᠠᠯᠠᠬᠤ ᠨᠤᠷᠮ᠎ᠠ ᠶᠢ 100%᠎ ᠳᠤ ᠬᠦᠷᠭᠡᠬᠦ ᠶᠢ ᠪᠠᠳᠤᠯᠠᠨ᠎ᠠ᠃ ᠰᠤᠷᠭᠠᠨ ᠬᠦᠮᠤᠵᠢᠯ ᠎ ᠢᠶᠠᠷ ᠶᠠᠳᠠᠭᠤ ᠶᠢ ᠲᠡᠳᠬᠦᠬᠦ ᠶᠢ ᠰᠠᠶᠢᠳᠤᠷ ᠬᠡᠷᠡᠭᠵᠢᠬᠦᠯᠵᠤ᠂ ᠰᠤᠷᠭᠠᠨ ᠬᠦᠮᠤᠵᠢᠯ ᠤᠨ ᠰᠤᠷᠤᠯᠭ᠎ᠠ ᠲᠡᠳᠬᠦᠬᠦ ᠮᠦᠩᠬᠦ ᠪᠠ ︽ᠬᠤᠷ᠎ᠠ ᠶᠢᠨ ᠰᠢᠮ᠎ᠡ ᠲᠦᠯᠤᠪᠯᠡᠭᠡ︾ ᠵᠡᠷᠬᠡ ᠰᠤᠷᠤᠯᠭ᠎ᠠ ᠲᠡᠳᠬᠦᠬᠦ ᠲᠦᠷᠤ ᠶᠢᠨ ᠪᠤᠳᠤᠯᠭ᠎ᠠ ᠶᠢ ᠨᠢᠬᠡᠳᠬᠡᠨ᠂ ᠶᠠᠳᠠᠭᠤ ᠬᠦᠴᠢᠷᠳᠡᠯᠳᠡᠢ ᠡᠷᠤᠬᠡ ᠶᠢᠨ ᠰᠤᠷᠭᠠᠭᠤᠯᠢ ᠳᠤ ᠰᠠᠭᠤᠭ᠎ᠠ ᠰᠤᠷᠤᠭᠴᠢ ᠶᠢ ᠲᠡᠳᠬᠦᠨ ᠲᠤᠰᠠᠯᠠᠬᠤ ᠡᠷᠴᠢᠮ ᠎ ᠢᠶᠠᠨ ᠴᠢᠩᠭᠠᠳᠬᠠᠨ᠂ ᠶᠠᠳᠠᠭᠤ ᠬᠦᠴᠢᠷᠳᠡᠯ ᠠᠴᠠ ᠰᠤᠷᠤᠯᠭ᠎ᠠ ᠵᠤᠭᠰᠤᠬᠤ ᠦᠵᠡᠭᠳᠡᠯ ᠡᠬᠦᠰᠬᠦ ᠦᠬᠡᠢ ᠪᠠᠶᠢᠬᠤ ᠶᠢ ᠪᠠᠳᠤᠯᠠᠨ᠎ᠠ᠃ ᠪᠦᠬᠦ ᠬᠤᠰᠢᠭᠤᠨ ᠤ ᠲᠠᠩᠰᠠ ᠪᠠᠶᠢᠭᠤᠯᠵᠤ ᠺᠠᠷᠲ ᠤᠯᠭᠤᠭᠰᠠᠨ ᠶᠠᠳᠠᠭᠤ ᠬᠦᠴᠢᠷᠳᠡᠯᠳᠡᠢ ᠬᠦᠮᠤᠨ ᠠᠮᠠ ᠳᠤ ᠬᠦᠡᠳᠤ ᠡᠪᠡᠳᠴᠢᠨ ᠤ ᠲᠠᠭᠠᠳᠬᠠᠯ ᠳᠤ ᠤᠷᠤᠬᠤ ᠨᠦᠬᠦᠪᠤᠷᠢ᠂ ᠬᠡᠨᠡᠳᠳᠠ ᠶᠢᠨ ᠭᠡᠮᠳᠦᠯ᠂ ᠦᠬᠡᠷ ᠬᠤᠨᠢᠨ ᠤ ᠴᠠᠭ ᠠᠭᠤᠷ ᠤᠨ ᠵᠢᠭᠠᠯᠳᠠ ᠲᠤᠭ᠎ᠠ ᠵᠡᠷᠬᠡ 6 ᠲᠦᠷᠤᠯ ᠤᠨ ᠲᠠᠭᠠᠳᠬᠠᠯ ᠳᠤ ᠤᠷᠤᠭᠤᠯᠵᠤ᠂ ᠶᠠᠳᠠᠭᠤ ᠬᠦᠴᠢᠷᠳᠡᠯᠳᠡᠢ ᠡᠷᠤᠬᠡ ᠶᠢᠨ ᠭᠠᠮᠰᠢᠭ ᠪᠠ ᠡᠪᠡᠳᠴᠢᠨ ᠠᠴᠠ ᠪᠤᠯᠤᠭᠰᠡᠨ ᠬᠤᠬᠢᠷᠡᠯ ᠢ ᠪᠠᠭᠠᠰᠬᠠᠨ᠎ᠠ᠃ ︽ᠤᠶᠤᠨ ᠤᠬᠠᠭᠠᠨ᠂ ᠡᠷᠴᠢ ᠵᠤᠷᠢᠭ︾᠎ ᠢ ᠨᠢ ᠵᠡᠷᠭᠡ ᠳᠤ ᠨᠢ ᠬᠦᠪᠴᠢᠯᠡᠬᠦ ᠵᠠᠩᠬᠢᠯᠠᠭ᠎ᠠ ᠶᠢ ᠰᠠᠶᠢᠳᠤᠷ ᠠᠳᠬᠤᠨ᠎ᠠ᠃ ᠶᠠᠳᠠᠭᠤ ᠎ ᠶᠢ ᠲᠡᠳᠬᠦᠬᠦ ᠳᠤ ᠪᠠᠨ ᠤᠶᠤᠨ ᠤᠬᠠᠭᠠᠨ᠂ ᠡᠷᠴᠢ ᠵᠤᠷᠢᠭ ᠢᠶᠠᠷ ᠲᠡᠳᠬᠦᠬᠦ ᠲᠠᠢ ᠤᠶᠠᠯᠳᠤᠭᠤᠯᠵᠤ᠂ ᠰᠤᠨᠢᠨ ᠮᠡᠳᠡᠭᠡ ᠵᠠᠭᠤᠴᠢᠯᠠᠭᠤᠷ ᠢᠶᠠᠷ ᠲᠠᠮᠵᠢᠨ᠂ ︽ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ︾ ᠨᠠᠶᠢᠳᠡᠯᠢᠭ ᠵᠢᠱᠢᠶᠠᠴᠢ ᠡᠷᠤᠬᠡ ᠶᠢᠨ ᠠᠷᠭ᠎ᠠ ᠲᠤᠷᠰᠢᠯᠭ᠎ᠠ ᠶᠢ ᠤᠬᠠᠭᠤᠯᠬᠤ ᠪᠠᠷ ᠲᠠᠮᠵᠢᠨ᠂ ᠦᠷᠢᠰᠦᠯᠳᠦᠬᠦ ᠤᠬᠠᠮᠰᠠᠷ ᠢ ᠬᠦᠮᠤᠵᠢᠬᠦᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠦᠪᠡᠷ ᠤᠨ ᠬᠦᠴᠤ ᠪᠠᠷ ᠢᠶᠠᠨ ᠲᠡᠭᠵᠢᠷᠡᠬᠦ᠂ ᠲᠠᠰᠪᠤᠷᠢ ᠬᠠᠳᠠᠭᠤᠵᠢᠯᠳᠡᠢ ᠲᠠᠮᠠᠴᠠᠨ᠂ ᠠᠵᠢᠯᠴᠢ ᠬᠤᠶᠡᠷ ᠭᠠᠷ ᠢᠶᠠᠷ ᠢᠶᠠᠨ ᠰᠠᠶᠢᠨ ᠰᠠᠶᠢᠬᠠᠨ ᠠᠮᠢᠳᠤᠷᠡᠯ ᠢᠶᠠᠨ ᠪᠤᠰᠬᠠᠬᠤ ᠶᠢ ᠵᠤᠷᠢᠭᠵᠢᠭᠤᠯᠤᠨ᠎ᠠ᠃ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠬᠡᠷᠡᠭᠯᠡᠬᠡᠨ ᠤ ᠮᠡᠷᠬᠡᠵᠢᠯ᠂ ᠰᠡᠳᠬᠢᠴᠠ ᠶᠢᠨ ᠡᠷᠡᠬᠦᠯ ᠮᠠᠡᠳᠤ ᠪᠠ ᠲᠤᠷᠰᠢᠯᠭ᠎ᠠ ᠰᠤᠯᠢᠯᠴᠠᠬᠤ ᠵᠡᠷᠬᠡ ᠪᠤᠯᠪᠠᠰᠤᠷᠠᠯ ᠤᠨ ᠠᠩᠬᠢ ᠶᠢ ᠡᠷᠬᠢᠯᠡᠵᠤ᠂ ᠪᠦᠬᠦ ᠵᠢᠯ ᠳᠤ 200 ᠬᠦᠮᠤᠨ ᠤᠳᠠᠭ᠎ᠠ ᠠᠴᠠ ᠲᠡᠭᠡᠭᠰᠢ ᠪᠤᠯᠪᠠᠰᠤᠷᠠᠯ ᠬᠦᠷᠳᠡᠬᠡᠬᠦ ᠶᠢ ᠪᠠᠳᠤᠯᠠᠨ᠎ᠠ᠃     ᠬᠤᠶᠠᠷ᠂ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠠᠬᠢᠭᠤᠯᠤᠨ᠎ᠠ᠃     ︵ᠨᠢᠬᠡ︶ ᠮᠠᠯᠵᠢᠬᠤ ᠤᠷᠤᠨ ᠤ ᠬᠦᠭᠵᠢᠯᠳᠠ ᠶᠢᠨ ᠪᠠᠳᠤᠯᠠᠭ᠎ᠠ ᠶᠢᠨ ᠴᠢᠳᠠᠪᠬᠢ ᠶᠢ ᠲᠠᠰᠣᠷᠠᠯᠳᠡ ᠦᠭᠡᠢ ᠴᠢᠩᠭᠠᠳᠬᠠᠨ᠎ᠠ᠃ ︽ᠠᠪᠠᠭ᠎ᠠ ᠬᠤᠰᠢᠭᠤᠨ ᠤ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠰᠠᠨᠠᠯ︾᠎ ᠢ ᠦᠡᠳᠤᠰᠤᠯᠡᠨ᠂ ︽ᠠᠪᠠᠭ᠎ᠠ ᠬᠤᠰᠢᠭᠤᠨ ᠤ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠤᠪᠵᠢᠬᠦᠯᠬᠡ ︵2018—2020︶︾᠎ ᠶᠢ ᠨᠠᠶᠢᠷᠠᠭᠤᠯᠤᠨ ᠲᠤᠭᠳᠠᠭᠠᠵᠤ᠂ ᠰᠢᠡᠵᠢᠯᠡᠭᠡ ᠮᠡᠷᠬᠡᠵᠢᠯ ᠢᠶᠠᠷ ᠲᠣᠯᠭᠠᠭᠤᠷᠢᠯᠠᠭᠤᠯᠵᠣ᠂ ᠰᠢᠯᠢᠳᠡᠭ ᠡᠬᠦᠯᠳᠡᠷ ᠤᠨ ᠮᠢᠬᠠᠨ ᠎ ᠤ ᠦᠬᠡᠷ ᠤᠨ ᠤᠶᠤᠡᠴᠢᠯᠠᠭᠰᠡᠨ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠤ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠮᠠᠯ ᠤᠨ ᠡᠬᠦᠯᠳᠡᠷ ᠰᠠᠶᠢᠵᠢᠷᠠᠭᠤᠯᠬᠤ᠂ ᠮᠠᠯᠵᠢᠬᠤ ᠤᠷᠤᠨ ᠤ ᠬᠡᠷᠡᠭᠯᠡᠬᠡᠨ ᠎ ᠤ ᠮᠠᠷᠬᠡᠵᠢᠯ᠂ ᠰᠢᠡᠵᠢᠯᠡᠬᠦ ᠤᠬᠠᠭᠠᠡᠴᠢ ᠪᠠᠷ ᠮᠠᠯ ᠮᠠᠯᠵᠢᠬᠤ ᠵᠡᠷᠬᠡ ᠲᠠᠯ᠎ᠠ ᠪᠠᠷ ᠢᠳᠡᠪᠬᠢᠳᠡᠢ ᠬᠠᠮᠳᠤᠷᠠᠯᠴᠠᠵᠤ᠂ ᠵᠢᠯ ᠎ ᠤᠨ ᠲᠤᠳᠤᠷ᠎ᠠ 1— 2 ᠰᠤᠳᠤᠯᠭᠠᠨ ᠤ ᠲᠦᠷᠤᠯ ᠵᠥᠢᠯ ᠢ ᠬᠡᠷᠡᠭᠵᠢᠬᠦᠯᠤᠨ᠎ᠠ᠃ ᠮᠠᠯ ᠤᠨ ᠡᠮᠴᠢ ᠶᠢᠨ ᠮᠠᠷᠬᠡᠵᠢᠯ ᠎ ᠤᠨ ᠪᠤᠯᠪᠠᠰᠤᠷᠠᠯ ᠢ ᠴᠢᠩᠭᠠᠳᠬᠠᠵᠤ᠂ ᠭᠠᠳᠠᠨ᠎ᠠ ᠠᠴᠠ ᠤᠷᠤᠭᠤᠯᠬᠤ ᠮᠠᠯ ᠪᠠ ᠤᠯᠠᠭᠠᠨ ᠢᠳᠡᠬᠡᠨ ᠢ ᠰᠢᠯᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢᠳᠠᠨ ᠤ ᠬᠦᠡᠳᠤ ᠶᠡᠭᠡ ᠬᠢᠵᠢᠭ ᠰᠡᠷᠬᠡᠶᠢᠯᠡᠬᠦ ᠲᠠᠷᠢᠯᠭ᠎ᠠ ᠲᠠᠷᠢᠭᠰᠡᠨ ᠨᠤᠷᠮ᠎ᠠ ᠶᠢ 100%᠎ ᠳᠤ ᠬᠦᠷᠬᠡᠵᠤ᠂ ᠬᠢᠵᠢᠭ ᠡᠪᠡᠳᠴᠢᠨ ᠢ ᠪᠦᠬᠦ ᠲᠠᠯ᠎ᠠ ᠪᠠᠷ ᠤᠷᠢᠳᠴᠢᠯᠡᠨ ᠰᠡᠷᠬᠡᠶᠢᠯᠡᠨ᠎ᠠ᠃ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠬᠦᠮᠤᠵᠢᠬᠦᠯᠤᠨ᠂ ᠰᠢᠨ᠎ᠠ ᠪᠠᠷ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ 35᠎ ᠶᠢ ᠪᠠᠶᠢᠭᠤᠯᠵᠤ᠂ ᠮᠠᠯᠴᠢᠳ ᠤᠨ ᠲᠤᠰᠬᠠᠶᠢᠵᠢᠭᠰᠡᠨ ᠬᠤᠷᠰᠢᠶᠠᠵᠢᠯ 10᠎ ᠶᠢ ᠲᠦᠷᠢᠮᠵᠢᠬᠦᠯᠤᠨ᠂ ︽ᠬᠡᠷ ᠪᠦᠯᠢ ᠶᠢᠨ ᠮᠠᠯᠵᠢᠯ ᠤᠨ ᠲᠠᠯᠠᠪᠠᠢ + ᠤᠶᠤᠡᠳᠤ ᠮᠠᠯ ᠠᠵᠤ ᠠᠬᠤᠢ + ᠵᠤᠭᠠᠴᠠᠯ︾᠎ ᠢ ᠤᠶᠠᠯᠳᠤᠭᠤᠯᠤᠭᠰᠡᠨ ᠮᠠᠯ ᠠᠵᠤ ᠠᠬᠤᠢ ᠶᠢᠨ ᠶᠠᠷᠤᠩᠬᠡᠶᠢᠯᠡᠭᠰᠡᠨ ᠴᠤᠭᠴᠠ ᠶᠢ ᠰᠦᠪᠡᠭᠴᠢᠯᠡᠨ ᠪᠠᠶᠢᠭᠤᠯᠤᠨ᠎ᠠ᠃ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠬᠡᠯᠡᠬᠦ ᠵᠤᠬᠢᠴᠠᠮᠵᠢ ᠶᠢ  ᠪᠦᠷᠢᠡᠰᠢᠬᠦᠯᠵᠤ᠂ ᠴᠠᠭ ᠠᠭᠤᠷ ᠢ ᠬᠢᠨᠡᠨ ᠬᠡᠮᠵᠢᠬᠦ ᠲᠤᠭ᠎ᠠ ᠬᠦᠮᠤᠷᠬᠡ ᠶᠢ ᠠᠰᠢᠭᠯᠠᠨ᠂ ᠴᠠᠭ ᠠᠭᠤᠷ ᠤᠨ ᠦᠢᠯᠡᠴᠢᠯᠡᠬᠡᠨ ᠤ ᠬᠢᠷᠢ ᠲᠦᠪᠰᠢᠨ ᠢ ᠦᠨᠡᠡᠬᠦ ᠲᠡᠬᠡᠭᠰᠢᠯᠡᠬᠦᠯᠤᠨ᠎ᠠ᠃ ᠮᠠᠯᠵᠢᠬᠤ ᠤᠷᠤᠨ ᠤ ᠪᠤᠯᠪᠠᠰᠤᠨ ᠤ ᠬᠡᠮᠵᠢᠶ᠎ᠡ ᠎ ᠶᠢ ᠲᠡᠬᠡᠭᠰᠢᠯᠡᠬᠦᠯᠵᠤ᠂ ᠦᠵᠡᠰᠬᠦᠯᠠᠩᠳᠤ ᠠᠪᠠᠭ᠎ᠠ — ᠮᠠᠯᠵᠢᠬᠤ ᠣᠷᠣᠨ ᠤ ᠪᠤᠯᠪᠠᠰᠤᠨ ᠰᠣᠷᠳᠠᠯ ᠤᠨ ᠠᠵᠢᠯᠯᠠᠭ᠎ᠠ ᠎ ᠶᠢ ᠦᠷᠨᠢᠬᠦᠯᠵᠤ᠂ ᠰᠢᠨ᠎ᠠ ᠴᠠᠭ ᠦᠶ᠎ᠠ ᠶᠢᠨ ᠮᠠᠯᠴᠢᠨ᠂ ᠰᠢᠨ᠎ᠠ ᠬᠦᠳᠡᠭᠡ ᠨᠣᠳᠤᠭ ᠤᠨ ᠰᠤᠶᠤᠯ᠂ ᠰᠢᠯᠢᠳᠡᠭ ᠬᠡᠷ ᠎ ᠤᠨ ᠰᠣᠷᠳᠠᠯ ᠢ ᠰᠠᠶᠢᠳᠤᠷ ᠠᠳᠬᠤᠵᠤ᠂ ᠪᠤᠯᠪᠠᠰᠤᠨ ᠰᠢᠨ᠎ᠠ ᠰᠤᠷᠳᠠᠯ ᠢ ᠰᠤᠷᠳᠠᠯᠴᠢᠯᠡᠨ᠂ 60%᠎ ᠶᠢᠨ ᠭᠠᠴᠠᠭ᠎ᠠ ᠎ ᠶᠢ ᠠᠶᠢᠮᠠᠭ ᠤᠨ ᠲᠠᠰ ᠤᠨ ᠪᠤᠯᠪᠠᠰᠤᠨ ᠭᠠᠴᠠᠭᠠᠨ ᠤ ᠡᠩᠨᠡᠭᠡᠨ ᠳᠤ ᠤᠷᠤᠭᠤᠯᠤᠨ᠎ᠠ᠃ ᠰᠢᠨ᠎ᠠ ᠴᠠᠭ ᠦᠶ᠎ᠠ ᠶᠢᠨ ᠮᠠᠯᠴᠢᠨ ᠪᠠ ᠬᠡᠷᠡᠭᠯᠡᠬᠡᠨ ᠤ ᠮᠠᠷᠬᠡᠵᠢᠯ ᠤᠨ ᠴᠢᠳᠠᠪᠤᠷᠢᠳᠠᠨ ᠢ ᠬᠦᠮᠤᠵᠢᠬᠦᠯᠬᠦ ᠢᠡᠵᠧᠨᠧᠷᠢᠩ ᠢ ᠬᠡᠷᠡᠭᠵᠢᠬᠦᠯᠵᠤ᠂ ᠡᠵᠡᠩᠨᠡᠯᠳᠡ ᠬᠠᠮᠢᠶᠠᠷᠤᠯᠳᠠ ᠳᠠᠭᠠᠨ ᠴᠠᠭᠠᠷᠠᠭᠰᠡᠨ ᠠᠵᠤ ᠦᠢᠯᠡᠰ ᠤᠨ ᠲᠠᠭᠠᠭᠤᠯᠣᠭᠴᠢ᠂ ᠡᠯᠧᠺᠲᠷᠤᠨ ᠠᠷᠠᠯᠵᠢᠶᠠᠨ ᠎ ᠤ ᠴᠢᠳᠠᠪᠤᠷᠢᠳᠠᠨ ᠤ ᠡᠩᠨᠡᠭᠡ ᠶᠢ ᠬᠦᠮᠤᠵᠢᠬᠦᠯᠵᠤ᠂ ᠮᠠᠯᠵᠢᠬᠤ ᠤᠷᠤᠨ ᠤ ᠬᠦᠭᠵᠢᠯᠳᠠ ᠳᠤ ᠦᠢᠯᠡᠴᠢᠯᠡᠬᠦᠯᠦᠨ᠎ᠡ᠃ ᠮᠠᠯᠵᠢᠬᠤ ᠤᠷᠤᠨ ᠤ ᠦᠡᠳᠤᠰᠤᠨ ᠱᠠᠳᠤᠨ ᠤ ᠰᠠᠭᠤᠷᠢ ᠶᠢ ᠴᠢᠩᠭᠠᠳᠬᠠᠨ᠂ ︽ᠤᠭ ᠰᠠᠨᠠᠭ᠎ᠠ ᠪᠠᠨ ᠦᠯᠤ ᠮᠠᠷᠳᠡᠨ᠂ ᠣᠶᠣᠨ ᠵᠤᠷᠢᠭ ᠢᠶᠠᠨ ᠨᠢᠬᠡᠳᠬᠡᠵᠤ᠂ ᠦᠨᠳᠦᠰᠦ ᠰᠠᠭᠤᠷᠢ ᠪᠠᠨ ᠪᠠᠬᠢᠵᠢᠬᠦᠯᠬᠦ︾ ᠢᠡᠵᠧᠨᠧᠷᠢᠩ ᠢ ᠬᠡᠷᠡᠭᠵᠢᠬᠦᠯᠵᠤ᠂ ᠦᠪᠡᠷ ᠢ ᠪᠠᠨ ᠵᠠᠰᠠᠬᠤ᠂ ᠬᠠᠤᠯᠢ ᠪᠠᠷ ᠵᠠᠰᠠᠬᠤ᠂ ᠮᠤᠷᠡᠯ ᠢᠶᠠᠷ ᠵᠠᠰᠠᠬᠤ ᠶᠢ ᠤᠶᠠᠯᠳᠤᠭᠤᠯᠤᠨ᠂ ᠦᠡᠳᠤᠰᠤᠨ ᠱᠠᠳᠤᠨ ᠎ ᠤ ᠡᠶ᠎ᠡ ᠵᠤᠬᠢᠴᠠᠯ ᠪᠠ ᠲᠤᠭᠳᠠᠭᠤᠨ ᠢ ᠠᠬᠢᠭᠤᠯᠤᠨ᠎ᠠ᠃     ︵ᠬᠤᠶᠡᠷ︶ ᠮᠠᠯᠵᠢᠬᠤ ᠤᠷᠤᠨ ᠤ ᠰᠠᠭᠤᠷᠢ ᠨᠦᠬᠦᠴᠡᠯ ᠢ ᠲᠠᠰᠣᠷᠠᠯᠳᠡ ᠦᠭᠡᠢ ᠰᠠᠶᠢᠵᠢᠷᠠᠭᠤᠯᠤᠨ᠎ᠠ᠃ ︽ᠠᠪᠠᠭ᠎ᠠ ᠬᠤᠰᠢᠭᠤᠨ ᠤ ᠮᠠᠯᠵᠢᠬᠤ ᠣᠷᠣᠨ ᠤ ᠰᠠᠭᠤᠷᠢᠰᠢᠯ ᠤᠨ ᠤᠷᠴᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠬᠡᠷᠡᠭᠵᠢᠬᠦᠯᠬᠦ ᠲᠦᠰᠤᠯ ︵2018 —2020 ᠤᠨ︶︾᠎ ᠤᠨ ᠱᠠᠭᠠᠷᠳᠠᠯᠭ᠎ᠠ ᠶᠤᠰᠤᠭᠠᠷ᠂ ᠮᠠᠯᠴᠢᠳ ᠤᠨ ᠰᠠᠭᠤᠷᠢᠰᠢᠯ ᠤᠨ ᠤᠷᠴᠢᠨ ᠢ ᠴᠡᠭᠴᠡᠯᠡᠨ ᠵᠠᠰᠠᠬᠤ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ ᠂ ︽ᠦᠵᠡᠰᠬᠦᠯᠠᠩᠳᠤ ᠬᠦᠳᠡᠭᠡ ᠲᠤᠰᠬᠤᠨ︾᠎ ᠤ ᠢᠡᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠎ ᠤ ᠠᠮᠢᠳᠤᠷᠡᠯ ᠤᠨ ᠴᠢᠨᠠᠷᠵᠢᠯ ᠢ ᠤᠯᠠᠮ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ ᠬᠦᠮᠤᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠵᠤ᠂ ᠰᠢᠨ᠎ᠠ ᠪᠠᠷ 283 ᠰᠠᠤᠷᠢ ᠮᠠᠰᠢᠨ ᠬᠤᠳᠳᠤᠭ ᠮᠠᠯᠳᠠᠵᠤ᠂ ᠰᠠᠯᠬᠢᠨ ᠴᠠᠬᠢᠯᠭᠠᠨ ᠬᠠᠪᠰᠤᠷᠭᠠᠭᠰᠡᠨ ᠤᠰᠤ ᠲᠠᠳᠠᠬᠤ ᠲᠦᠬᠦᠬᠡᠷᠤᠮᠵᠢ 35 ᠢᠵᠢ᠂ ᠤᠰᠤ ᠴᠠᠪᠠᠷᠰᠢᠬᠦᠯᠬᠦ ᠲᠦᠬᠦᠬᠡᠷᠤᠮᠵᠢ 70 ᠢᠵᠢ ᠤᠭᠰᠠᠷᠠᠨ᠎ᠠ︔ ᠴᠠᠬᠢᠯᠭᠠᠨ ᠲᠤᠤᠷ ᠢ ᠲᠡᠰ ᠲᠠᠪᠰᠢᠬᠦᠯᠤᠨ ᠦᠬᠡᠷᠡᠴᠢᠯᠡᠨ ᠪᠠᠶᠢᠭᠤᠯᠬᠤ ᠠᠵᠢᠯ ᠢ ᠠᠬᠢᠭᠤᠯᠵᠤ᠂ 220 ᠲᠦᠮᠡᠨ ᠺᠢᠯᠤᠸᠠᠲ ᠤᠨ ᠬᠦᠴᠤᠳᠠᠯ ᠬᠤᠪᠢᠰᠬᠠᠬᠤ ᠪᠠᠷᠢᠯᠭ᠎ᠠ ᠶᠢ ᠲᠠᠭᠤᠰᠬᠠᠵᠤ᠂ ᠰᠢᠨ᠎ᠠ ᠪᠠᠷ 35 ᠲᠦᠮᠡᠨ ᠺᠢᠯᠤᠸᠠᠲ ᠠᠴᠠ ᠲᠡᠬᠡᠭᠰᠢᠬᠢ ᠴᠠᠬᠢᠯᠭᠠᠨ ᠤᠳᠠᠰᠤ 288 ᠺᠢᠯᠤᠮᠧᠲᠷ᠂ 10 ᠲᠦᠮᠡᠨ ᠺᠢᠯᠤᠸᠠᠲ ᠤᠨ ᠴᠠᠬᠢᠯᠭᠠᠨ ᠤᠳᠠᠰᠤ 53.5 ᠺᠢᠯᠤᠮᠧᠲᠷ ᠲᠠᠳᠠᠨ᠎ᠠ᠃ ︽ᠲᠦᠷᠪᠡᠨ ᠰᠠᠶᠢᠨ ᠮᠠᠯᠵᠢᠬᠤ ᠣᠷᠣᠨ ᠤ ᠵᠠᠮ︾᠎ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ︽ᠵᠠᠮ ᠤᠨ ᠲᠠᠷᠤᠭ᠎ᠠ ᠶᠢᠨ ᠲᠦᠷᠢᠮ︾᠎ ᠢ ᠬᠡᠷᠡᠭᠵᠢᠬᠦᠯᠵᠤ᠂ ᠰᠢᠨ᠎ᠠ ᠎ ᠪᠠᠷ 54.9 ᠺᠢᠯᠤᠮᠧᠲᠷ ᠵᠠᠰᠠᠮᠠᠯ ᠵᠠᠮ ᠲᠠᠪᠢᠰᠴᠤ᠂ 179 ᠺᠢᠯᠤᠮᠧᠲᠷ ᠵᠠᠮ ᠢ ᠵᠠᠰᠠᠨ ᠰᠠᠯᠪᠢᠨ᠎ᠠ᠃ ᠴᠢᠮᠡᠭᠡ ᠬᠤᠯᠪᠤᠭᠠᠨ ᠤ ᠨᠠᠶᠢᠳᠠᠮ ᠦᠢᠯᠡᠴᠢᠯᠡᠬᠡᠨ ᠳᠤ ᠨᠦᠬᠦᠪᠤᠷᠢ ᠤᠯᠭᠤᠬᠤ ᠲᠤᠷᠰᠢᠯᠳᠠ ᠶᠢᠨ ᠴᠡᠭ ᠤᠨ ᠢᠡᠵᠧᠨᠧᠷᠢᠩ ᠢ ᠰᠠᠶᠢᠳᠤᠷ ᠬᠢᠵᠤ᠂ ᠤᠯᠤᠰ ᠤᠨ ᠬᠢᠯᠢ ᠬᠢᠵᠠᠭᠠᠷ ᠢ ᠪᠠᠬᠢᠵᠢᠬᠦᠯᠬᠦ ᠢᠡᠵᠧᠨᠧᠷᠢᠩ ᠢ ᠢᠳᠡᠪᠬᠢᠳᠡᠢ ᠠᠬᠢᠭᠤᠯᠵᠤ᠂ ᠰᠢᠨ᠎ᠠ ᠎ ᠪᠠᠷ 38 ᠰᠠᠤᠷᠢ ᠦᠷᠳᠡᠭᠡ ᠪᠠᠶᠢᠭᠤᠯᠵᠤ᠂ ᠫᠸᠡᠭ ᠬᠤᠷᠤᠭ᠎ᠠ ᠶᠢᠨ ᠪᠠᠶᠢᠭᠤᠯᠤᠯᠳᠠ ᠪᠠ ᠮᠠᠰᠢᠨ ᠮᠧᠬᠠᠨᠢᠭ ᠬᠤᠳᠠᠯᠳᠤᠨ ᠤᠷᠤᠭᠤᠯᠬᠤ ᠠᠵᠢᠯ ᠢ ᠰᠠᠶᠢᠳᠤᠷ ᠬᠢᠵᠤ᠂ ᠰᠢᠨ᠎ᠠ ᠪᠠᠷ 3 ᠲᠦᠮᠡᠨ ᠲᠡᠭᠰᠢ ᠲᠦᠷᠪᠡᠯᠵᠢᠨ ᠮᠧᠲᠷ ᠤᠨ ᠲᠤᠯᠠᠭᠠᠨ ᠫᠸᠡᠭ ᠪᠠᠷᠢᠵᠤ᠂ 200 ᠢᠵᠢ ᠮᠠᠯ ᠠᠵᠤ ᠠᠬᠤᠢ ᠶᠢᠨ ᠮᠠᠰᠢᠨ ᠮᠧᠬᠠᠨᠢᠭ ᠬᠤᠳᠠᠯᠳᠤᠨ ᠤᠷᠤᠭᠤᠯᠤᠨ᠎ᠠ᠃ ︽ᠵᠤᠷᠯᠦᠩ ᠤᠨ ᠬᠤᠪᠢᠰᠬᠠᠯ︾᠎ ᠢ ᠪᠦᠬᠦ ᠲᠠᠯ᠎ᠠ ᠪᠠᠷ ᠠᠬᠢᠭᠤᠯᠵᠤ᠂ ᠰᠤᠮᠤ ᠪᠠᠯᠭᠠᠰᠤᠨ ᠤ ᠰᠠᠭᠤᠭᠠᠯᠢ ᠲᠤᠭᠤᠷᠢᠭ ᠎ ᠲᠤ ᠤᠰᠤ ᠪᠠᠷ ᠴᠡᠪᠡᠷᠰᠢᠬᠦᠯᠬᠦ ᠵᠤᠷᠯᠦᠩ 10᠎ ᠶᠢ ᠪᠠᠶᠢᠭᠤᠯᠵᠣ᠂ ᠮᠠᠯᠵᠢᠬᠤ ᠡᠷᠦᠭᠡ ᠶᠢᠨ ᠵᠤᠷᠯᠤᠩ ᠢ ᠦᠬᠡᠷᠡᠴᠢᠯᠡᠨ ᠪᠠᠶᠢᠭᠤᠯᠤᠭᠰᠡᠨ ᠨᠤᠷᠮ᠎ᠠ ᠶᠢ 50%᠎ ᠳᠤ ᠬᠦᠷᠭᠡᠬᠦ ᠪᠠᠷ ᠴᠢᠷᠮᠠᠶᠢᠨ᠎ᠠ᠃     ︵ᠭᠤᠷᠪᠡ︶ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠠᠵᠤ ᠦᠢᠯᠡᠳᠪᠤᠷᠢᠵᠢᠯᠳᠠ ᠶᠢᠨ ᠦᠢᠯᠠᠭᠠᠭᠳᠠᠬᠤᠨ ᠢᠶᠠᠷ ᠮᠠᠯ ᠠᠵᠤ ᠠᠬᠤᠢ ᠶᠢ ᠲᠦᠰᠤᠪᠯᠡᠵᠤ᠂ ᠠᠵᠤ ᠦᠢᠯᠡᠰᠵᠢᠯᠳᠠ ᠎ ᠶᠢᠨ ᠰᠡᠳᠬᠢᠬᠦᠢ ᠪᠠᠷ ᠮᠠᠯ ᠠᠵᠤ ᠠᠬᠤᠢ ᠶᠢ ᠵᠢᠯᠤᠭᠤᠳᠴᠤ᠂ ᠵᠠᠬ᠎ᠠ ᠲᠡᠯᠬᠡᠬᠦᠷᠵᠢᠯᠳᠠ ᠶᠢᠨ ᠠᠷᠭ᠎ᠠ ᠪᠠᠷ ᠮᠠᠯ ᠠᠵᠤ ᠠᠬᠤᠢ ᠶᠢ ᠡᠵᠡᠩᠨᠡᠨ᠂ ︽ᠮᠢᠬ᠎ᠠ ᠰᠦ ᠠᠳᠤᠭᠤ ᠡᠪᠡᠰᠤ︾ ᠲᠦᠷᠪᠡᠨ ᠶᠡᠭᠡ ᠠᠵᠤ ᠦᠢᠯᠡᠰ ᠤᠨ ᠬᠦᠭᠵᠢᠯᠳᠠ ᠶᠢ ᠠᠬᠢᠭᠤᠯᠵᠤ᠂ ᠮᠠᠯ ᠠᠵᠤ ᠠᠬᠤᠢ ᠶᠢᠨ ᠪᠦᠳᠤᠴᠠ ᠶᠢ ᠰᠢᠯᠢᠳᠡᠭᠵᠢᠬᠦᠯᠤᠨ᠎ᠠ᠃ ︽ᠬᠤᠨᠢ ᠶᠢ ᠴᠦᠬᠡᠴᠢᠯᠡᠨ᠂ ᠦᠬᠡᠷ ᠎ ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠦᠷᠬᠦᠯᠵᠢᠯᠡᠨ ᠠᠬᠢᠭᠤᠯᠵᠤ᠂ ᠤᠷᠢᠶᠠᠩᠬᠠᠢ ᠡᠬᠦᠯᠳᠡᠷ ᠤᠨ ᠬᠤᠨᠢ ᠮᠠᠯᠵᠢᠬᠤ ᠪᠠ ᠡᠪᠤᠯ ᠤᠨ ᠲᠦᠯ᠂ ᠡᠷᠳᠡ ᠶᠢᠨ ᠲᠦᠯ ᠲᠤᠰᠬᠤ ᠶᠢ ᠵᠤᠷᠢᠭᠵᠢᠭᠤᠯᠤᠨ᠂ ᠰᠢᠨ᠎ᠠ ᠪᠠᠷ ᠦᠷ᠎ᠠ ᠶᠢᠨ ᠮᠠᠯ ᠎ ᠤᠨ ᠲᠠᠯᠠᠪᠠᠢ 2᠂ ᠭᠤᠤᠯᠳᠠᠯᠭᠠᠳᠤ ᠰᠦᠷᠦᠭ 10᠎ ᠶᠢ ᠪᠠᠶᠢᠭᠤᠯᠵᠤ᠂ ᠬᠤᠨᠢᠨ ᠤ ᠴᠢᠨᠠᠷ ᠲᠡᠰ ᠦᠷ᠎ᠠ ᠠᠰᠢᠭ ᠢ ᠲᠠᠰᠤᠷᠠᠯᠳᠠ ᠦᠬᠡᠢ ᠲᠡᠬᠡᠭᠰᠢᠯᠡᠬᠦᠯᠬᠦ ᠶᠢ ᠪᠠᠶᠠᠯᠠᠬᠦᠯᠤᠨ᠎ᠠ᠃ ᠰᠢᠯᠢᠳᠡᠭ ᠡᠬᠦᠯᠳᠡᠷ ᠤᠨ ᠦᠬᠡᠷ ᠮᠠᠯᠵᠢᠬᠤ ᠶᠢ ᠵᠤᠷᠢᠭᠵᠢᠭᠤᠯᠬᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2500 ᠲᠦᠮᠡᠨ ᠲᠦᠬᠦᠷᠢᠭ ᠤᠨ ᠰᠢᠯᠢᠳᠡᠭ ᠡᠬᠦᠯᠳᠡᠷ ᠤᠨ ᠦᠬᠡᠷ ᠤᠷᠤᠭᠤᠯᠬᠤ ᠶᠢ ᠲᠠᠮᠵᠢᠬᠦ ᠵᠢᠬᠡᠯᠡᠯᠬᠡ ᠶᠢ ᠲᠣᠬᠢᠷᠠᠭᠤᠯᠵᠣ᠂ ᠰᠢᠯᠢᠳᠡᠭ ᠡᠬᠦᠯᠳᠡᠷ ᠤᠨ ᠦᠨᠢᠶ᠎ᠠ 2000 ᠲᠣᠯᠣᠭᠠᠢ᠂ ᠪᠤᠬ᠎ᠠ 100 ᠲᠣᠯᠣᠭᠠᠢ ᠶᠢ ᠤᠷᠤᠭᠤᠯᠵᠤ᠂ ᠦᠷ᠎ᠠ ᠶᠢᠨ ᠮᠠᠯ ᠤᠨ ᠲᠠᠯᠠᠪᠠᠢ 1᠂ ᠭᠤᠤᠯᠳᠠᠯᠭᠠᠳᠤ ᠰᠦᠷᠦᠭ 2᠎ ᠢ ᠰᠢᠨ᠎ᠠ ᠪᠠᠷ ᠪᠠᠶᠢᠭᠤᠯᠵᠤ᠂ ᠦᠬᠡᠷ ᠤᠨ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ 93.8%᠎ ᠳᠤ ᠬᠦᠷᠬᠡᠨ᠎ᠠ︔ ᠠᠳᠤᠭᠤᠨ ᠤ ᠰᠦᠷᠦᠭ ᠤᠨ ᠪᠦᠳᠤᠴᠠ ᠳᠤ ᠲᠤᠬᠢᠷᠠᠭᠤᠯᠤᠯᠳᠠ ᠬᠢᠵᠤ᠂ ᠴᠡᠬᠡᠨ ᠤ ᠭᠠᠷᠤᠯᠳᠠ ᠶᠢ ᠨᠡᠮᠡᠭᠳᠡᠬᠦᠯᠬᠦ ᠠᠷᠠᠴᠢᠯᠠᠭ᠎ᠠ ᠮᠠᠯᠵᠢᠯ ᠤᠨ ᠠᠷᠭ᠎ᠠ ᠶᠢ ᠬᠠᠶᠢᠨ ᠰᠦᠪᠡᠭᠴᠢᠯᠡᠵᠤ᠂ ︽ᠠᠪᠠᠭ᠎ᠠ ᠴᠡᠭᠡ︾ ︽ᠠᠪᠠᠭ᠎ᠠ ᠬᠠᠷ᠎ᠠ ᠠᠳᠤᠭᠤ︾ ᠨᠠᠷᠡᠳᠤ ᠲᠡᠮᠳᠡᠭ ᠢ ᠠᠰᠢᠭᠯᠠᠨ᠂ ᠰᠤᠶᠤᠯ ᠵᠤᠭᠠᠴᠠᠯ᠂ ᠡᠮᠴᠢᠯᠡᠭᠡ ᠡᠷᠡᠬᠦᠯᠵᠢᠯ᠂ ᠵᠢᠷᠤᠭ ᠰᠠᠬᠦᠳᠡᠷ᠂ ᠮᠤᠷᠢᠨ ᠮᠡᠷᠬᠡᠵᠢᠯ ᠲᠠᠢ ᠣᠶᠠᠯᠳᠣᠭᠤᠯᠣᠨ᠂ ᠠᠳᠤᠭᠤᠨ ᠤ ᠠᠵᠤ ᠦᠢᠯᠡᠰ ᠤᠨ ᠬᠦᠭᠵᠢᠯᠳᠠ ᠶᠢᠨ ᠲᠠᠯᠳᠠ ᠬᠦᠴᠤᠨ ᠢ ᠬᠦᠢᠴᠡᠳ ᠠᠭᠤᠳᠠᠯᠯᠠᠵᠤ᠂ 50᠎ ᠠᠴᠠ ᠲᠡᠬᠡᠭᠰᠢ ᠬᠡᠬᠦᠦ ᠰᠠᠭᠠᠬᠤ ᠠᠪᠠᠭ᠎ᠠ ᠬᠠᠷ᠎ᠠ ᠠᠳᠤᠭᠤᠨ ᠤ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠤᠨ᠎ᠠ᠃ ᠬᠠᠳᠤᠯᠠᠩ ᠪᠠᠯᠴᠢᠬᠡᠷ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠡᠪᠡᠰᠤᠨ ᠤ ᠬᠠᠳᠠᠭᠠᠯᠠᠭᠳᠠᠴᠠ ᠶᠢ ᠨᠡᠮᠡᠭᠳᠡᠬᠦᠯᠵᠤ᠂ 2.4 ᠳ᠋ᠦᠩᠰᠢᠭᠤᠷ ᠺᠢᠯᠦᠭᠷᠡᠮ ᠠᠴᠠ ᠲᠡᠬᠡᠭᠰᠢ ᠡᠪᠡᠰᠤ ᠬᠠᠳᠤᠵᠤ ᠨᠦᠬᠡᠴᠠᠯᠠᠨ᠎ᠠ᠃ ᠨᠠᠷᠡᠳᠤ ᠲᠡᠮᠳᠡᠭ ᠡᠬᠦᠳᠬᠦ ᠪᠠᠷ ᠬᠦᠴᠤᠯᠠᠨ ᠴᠢᠷᠮᠠᠶᠢᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠦᠷᠬᠦᠯᠵᠢᠯᠡᠨ ᠠᠬᠢᠭᠤᠯᠵᠤ᠂ ︽ᠭᠤᠷᠪᠡᠨ ᠪᠦᠳᠤᠬᠡᠭᠳᠡᠬᠦᠨ ᠨᠢᠬᠡ ᠲᠡᠮᠳᠡᠭ︾᠎ ᠢ ᠬᠢᠨᠡᠨ ᠲᠤᠳᠤᠯᠠᠬᠤ ᠠᠵᠢᠯ ᠢ ᠲᠦᠷᠬᠡᠳᠬᠡᠨ᠂ ᠲᠤᠮᠳᠠᠳᠤ ᠤᠯᠤᠰ ᠤᠨ ᠦᠡᠳᠤᠰᠤᠳᠠᠨ ᠤ ᠠᠷᠠᠯᠵᠢᠶ᠎ᠠ ᠬᠤᠳᠠᠯᠳᠤᠭ᠎ᠠ ᠶᠢ ᠠᠬᠢᠭᠤᠯᠬᠤ ᠨᠠᠶᠢᠬᠡᠮᠯᠢᠭ ᠪᠤᠯᠤᠨ ᠦᠪᠡᠷᠳᠡᠬᠡᠨ ᠵᠠᠰᠠᠬᠤ ᠤᠷᠤᠨ ᠤ ᠨᠠᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠠᠬᠢᠭᠤᠯᠬᠤ ᠨᠠᠶᠢᠬᠡᠮᠯᠢᠭ ᠎ ᠲᠠᠢ ᠬᠠᠮᠳᠤᠷᠠᠯᠴᠠᠭ᠎ᠠ ᠪᠠᠨ ᠴᠢᠩᠭᠠᠳᠬᠠᠨ᠂ ︽ᠤᠷᠢᠶᠠᠩᠬᠠᠢ ᠬᠤᠨᠢ︾ ︽ᠤᠷᠢᠶᠠᠩᠬᠠᠢ ᠬᠤᠨᠢᠨ ᠮᠢᠬ᠎ᠠ︾    ︽ᠠᠪᠠᠭ᠎ᠠ ᠬᠠᠷ᠎ᠠ ᠠᠳᠤᠭᠤ︾ ︽ᠠᠪᠠᠭ᠎ᠠ ᠴᠡᠭᠡ︾ ᠵᠡᠷᠬᠡ ᠠᠮᠢ ᠠᠬᠤᠢ ᠶᠢᠨ ᠤᠤᠯ ᠭᠠᠷᠤᠯᠳᠠ ᠶᠢᠨ ᠤᠷᠤᠨ ᠤ ᠪᠦᠳᠤᠬᠡᠭᠳᠡᠬᠦᠨ ᠤ ᠬᠠᠮᠠᠭᠠᠯᠠᠯᠳᠠ ᠪᠠ ᠤᠷᠭᠠᠨᠢᠭ ᠪᠦᠳᠤᠬᠡᠭᠳᠡᠬᠦᠨ ᠤ ᠵᠢᠱᠢᠶ᠎ᠠ ᠦᠵᠡᠬᠦᠯᠬᠦ ᠲᠤᠭᠤᠷᠢᠭ ᠢᠶᠠᠷ ᠡᠷᠡᠮᠡᠯᠵᠠᠯᠠᠵᠤ᠂ ᠲᠤᠯᠤᠭᠠᠶᠢᠯᠠᠭᠴᠢ ᠠᠵᠤ ᠠᠬᠤᠶᠢᠯᠡᠯ ᠤᠨ ︽ᠤᠷᠢᠶᠠᠩᠬᠠᠢ ᠬᠤᠨᠢ︾ ᠬᠡᠷᠡᠴᠢᠯᠡᠨ ᠲᠤᠳᠤᠯᠠᠬᠤ ᠠᠵᠢᠯᠯᠠᠭ᠎ᠠ ᠦᠷᠨᠢᠬᠦᠯᠬᠦ ᠶᠢ ᠲᠠᠮᠵᠢᠵᠤ᠂ ᠮᠢᠬᠠᠨ ᠤ ᠬᠤᠨᠢᠨ ᠤ ᠪᠦᠬᠦᠶᠢᠯᠠ ᠠᠵᠤ ᠦᠢᠯᠡᠰ ᠤᠨ ᠬᠡᠯᠬᠢᠶᠠᠵᠢᠯ ᠤᠨ ᠮᠦᠷᠳᠡᠵᠤ ᠪᠤᠯᠬᠤᠶᠢᠴᠠ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠤ᠂ ᠴᠠᠪᠠᠷ ᠪᠠᠶᠢᠭᠠᠯᠢᠯᠢᠭ ᠪᠦᠳᠤᠬᠡᠭᠳᠡᠬᠦᠨ ᠢ ᠴᠢᠷᠮᠠᠶᠢᠨ ᠡᠬᠦᠳᠤᠨ᠎ᠠ᠃ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠵᠠᠬ᠎ᠠ ᠲᠡᠯᠬᠡᠬᠦᠷ ᠤᠨ ᠪᠤᠷᠤᠯᠠᠭᠤᠯᠤᠯᠳᠠ ᠶᠢ ᠴᠢᠩᠭᠠᠳᠬᠠᠵᠤ᠂ ᠡᠯᠧᠺᠲᠷᠤᠨ ᠠᠷᠠᠯᠵᠢᠶᠠᠨ ᠤ ᠲᠠᠪᠴᠡᠩ ᠢᠶᠠᠷ ᠲᠠᠮᠵᠢᠨ᠂ ᠮᠠᠯᠵᠢᠬᠤ ᠡᠷᠤᠬᠡ ᠎ ᠶᠢ ᠲᠤᠮᠳᠠ ᠲᠡᠬᠡᠳᠤ ᠲᠡᠰ ᠤᠨ ᠬᠡᠷᠡᠭᠯᠡᠭᠴᠢᠳ ᠤᠨ ᠬᠡᠷ ᠪᠦᠯᠢ ᠲᠠᠢ ᠬᠤᠯᠪᠤᠭᠠᠯᠠᠬᠤ ︽1 +N︾ ᠰᠢᠭᠤᠳ ᠪᠤᠷᠤᠯᠠᠭᠤᠯᠬᠤ ᠬᠡᠯᠪᠡᠷᠢ ᠶᠢ ᠢᠳᠡᠪᠬᠢᠳᠡᠢ ᠰᠦᠪᠡᠭᠴᠢᠯᠡᠵᠤ᠂ ᠬᠦᠢᠳᠡᠨ ᠬᠡᠯᠬᠢᠶᠡᠳᠦ ᠪᠠᠷᠠᠭᠠᠨ ᠤ ᠬᠦᠢᠯᠬᠡᠬᠡᠨ ᠤ ᠠᠵᠤ ᠠᠬᠤᠶᠢᠯᠡᠯ ᠢ ᠤᠷᠢᠨ ᠤᠷᠤᠭᠤᠯᠵᠤ᠂ ᠠᠪᠠᠭ᠎ᠠ ᠲᠠᠸᠡᠷ ᠤᠨ ᠪᠦᠳᠤᠬᠡᠭᠳᠡᠬᠦᠨ ᠢ ᠲᠡᠯᠬᠡᠨ ᠪᠤᠷᠤᠯᠠᠭᠤᠯᠬᠤ ᠲᠢᠩᠬᠢᠮ ᠢ ᠭᠠᠷᠭᠠᠵᠤ᠂ ᠠᠮᠢᠳᠤ ᠮᠠᠯ ᠤᠨ ᠵᠠᠬ᠎ᠠ ᠲᠡᠯᠭᠡᠬᠦᠷ ᠢ ᠲᠦᠷᠢᠮᠵᠢᠬᠦᠯᠵᠦ᠂ ᠴᠢᠨᠠᠷ ᠰᠠᠶᠢᠳᠡᠢ ᠤᠡᠴᠠᠯᠢᠭᠳᠤ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠪᠤᠷᠤᠯᠠᠭᠤᠯᠭ᠎ᠠ ᠶᠢ ᠠᠬᠢᠭᠤᠯᠵᠤ᠂ ᠴᠢᠨᠠᠷ ᠰᠠᠶᠢᠨ᠂ ᠦᠨ᠎ᠠ ᠦᠡᠳᠤᠷ ᠪᠠᠶᠢᠬᠤ ᠶᠢ ᠪᠠᠶᠡᠯᠡᠬᠦᠯᠤᠨ᠎ᠠ᠃     ᠭᠤᠷᠪᠡ ︽ᠲᠤᠯᠤᠭᠠᠨ ᠲᠦᠷᠤᠯ︾᠎ ᠤᠨ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠨ᠎ᠠ᠃     ︵ᠨᠢᠬᠡ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ ᠠᠵᠢᠯ ᠢ ᠬᠦᠴᠦᠯᠡᠨ ᠠᠳᠬᠤᠨ᠎ᠠ᠃ ᠴᠢᠨᠠᠷ ᠪᠠ ᠦᠷ᠎ᠠ ᠠᠰᠢᠭ ᠢ ᠲᠠᠷᠢᠬᠦᠨ ᠳᠤ ᠲᠠᠯᠪᠢᠬᠤ ᠶᠢ ᠪᠠᠷᠢᠮᠳᠠᠯᠠᠨ᠂ ᠠᠵᠤ ᠠᠬᠤᠢ ᠶᠢᠨ ᠪᠦᠳᠤᠴᠠ ᠶᠢ ᠰᠢᠯᠢᠳᠡᠭᠵᠢᠬᠦᠯᠵᠤ᠂ ᠠᠵᠤ ᠦᠢᠯᠡᠰ ᠤᠨ ᠬᠦᠭᠵᠢᠯᠳᠠ ᠶᠢᠨ ᠴᠢᠨᠠᠷᠵᠢᠯ᠂ ᠦᠷ᠎ᠠ ᠠᠰᠢᠭ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ ᠲᠦᠷᠬᠡᠳᠬᠡᠨ᠎ᠠ᠃ ᠠᠵᠤ ᠦᠢᠯᠡᠳᠪᠤᠷᠢ ᠶᠢᠨ ᠤᠯᠠᠨ ᠡᠰᠢᠳᠤ ᠬᠦᠭᠵᠢᠯᠳᠠ ᠶᠢᠨ ᠴᠢᠳᠠᠪᠬᠢ ᠶᠢ ᠲᠠᠶᠢᠴᠢᠯᠠᠵᠤ᠂ ᠲᠠᠪᠠᠭᠤᠯᠢᠭ ᠲᠤᠪᠤᠶᠢᠮ᠎ᠠ᠂ ᠬᠡᠯᠬᠢᠶᠠᠵᠢᠯ ᠪᠦᠷᠢᠨ᠂ ᠪᠦᠯᠦᠭᠯᠡᠯ ᠤᠨ ᠬᠡᠯᠪᠡᠷᠢᠳᠤ ᠠᠵᠤ ᠦᠢᠯᠡᠳᠪᠤᠷᠢ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠴᠠᠪᠠᠷ ᠡᠨᠧᠷᠬᠢ ᠭᠠᠳᠠᠭᠰᠢ ᠬᠦᠷᠬᠡᠬᠦ ᠰᠠᠭᠤᠷᠢᠨ ᠭᠠᠵᠡᠷ ᠢ ᠪᠦᠬᠦ ᠬᠦᠴᠤᠨ ᠢᠶᠠᠷ ᠴᠤᠭᠴᠠᠯᠠᠨ ᠪᠠᠶᠢᠭᠤᠯᠵᠤ᠂ ᠤᠡᠴᠠ ᠦᠡᠳᠤᠷ ᠬᠦᠴᠤᠳᠠᠯᠳᠤ ᠴᠠᠭᠠᠡᠨᠠᠭᠤᠷ 2×66 ᠲᠦᠮᠡᠨ ᠺᠢᠯᠤᠸᠠᠲ ᠤᠨ ᠴᠠᠬᠢᠯᠭᠠᠨ ᠦᠢᠯᠡᠳᠪᠤᠷᠢ ᠶᠢ ᠪᠦᠬᠦ ᠲᠠᠯ᠎ᠠ ᠪᠠᠷ ᠪᠠᠷᠢᠯᠭ᠎ᠠ ᠡᠬᠢᠯᠡᠬᠦᠯᠵᠤ᠂ ᠲᠢᠶᠠᠨ ᠷᠦᠨ᠂ ᠰᠧ ᠨᠸᠡᠭ ᠵᠡᠷᠬᠡ 4 ᠲᠦᠷᠤᠯ ᠤᠨ 42.5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠤᠯ ᠵᠥᠢᠯ ᠢ ᠴᠠᠬᠢᠯᠭᠠᠨ ᠲᠤᠤᠷ ᠲᠤ ᠤᠷᠤᠭᠤᠯᠵᠤ᠂ ᠯᠢᠥᠢ ᠨᠸᠡᠭ᠂ ᠪᠠᠶᠠᠨ ᠵᠡᠷᠭᠡ 5 ᠲᠦᠷᠥᠯ ᠤᠨ 87.5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠎ ᠤ ᠲᠦᠷᠤᠯ ᠵᠥᠢᠯ ᠵᠢᠴᠢ 500 ᠺᠢᠯᠤᠸᠠᠲ ᠤᠨ ᠬᠦᠴᠤᠳᠠᠯ ᠬᠤᠪᠢᠰᠬᠠᠬᠤ ᠢᠡᠵᠧᠨᠧᠷᠢᠩ ᠢ ᠪᠠᠷᠢᠯᠭ᠎ᠠ ᠡᠬᠢᠯᠡᠬᠦᠯᠵᠤ ᠂ ᠿᠦᠡᠭ ᠹᠸᠡᠭ ᠰᠠᠯᠬᠢᠨ ᠴᠠᠬᠢᠯᠭᠠᠨ ᠢ ᠴᠠᠬᠢᠯᠭᠠᠨ ᠲᠤᠤᠷ ᠲᠤ ᠤᠷᠤᠭᠤᠯᠤᠨ ᠬᠡᠪᠴᠢᠶᠠᠵᠢᠬᠦᠯᠵᠤ᠂ ᠡᠷᠢᠶᠠᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ ᠪᠦᠯᠦᠭᠯᠡᠯ ᠤᠨ 38 ᠲᠦᠮᠡᠨ ᠺᠢᠯᠣᠸᠠᠲ ᠤᠨ ᠨᠠᠷᠡ ᠰᠠᠯᠬᠢᠨ ᠤ ᠲᠦᠷᠥᠯ ᠵᠥᠢᠯ ᠢ ᠪᠠᠷᠢᠯᠭ᠎ᠠ ᠡᠬᠢᠯᠡᠬᠦᠯᠤᠨ᠎ᠠ᠃ ᠠᠭᠤᠷᠬᠠᠢ ᠶᠢᠨ ᠬᠦᠳᠡᠷ ᠮᠠᠯᠳᠠᠬᠤ᠂ ᠰᠢᠯᠢᠬᠦ᠂ ᠪᠤᠯᠪᠠᠰᠤᠷᠠᠭᠤᠯᠬᠤ ᠨᠠᠷᠢᠯᠢᠭ ᠡᠳ᠋ᠰᠢᠬᠦᠯᠬᠦ ᠰᠠᠭᠤᠷᠢᠨ ᠭᠠᠵᠡᠷ ᠢ  ᠢᠳᠡᠪᠬᠢᠳᠡᠢ ᠪᠠᠶᠢᠭᠤᠯᠵᠤ᠂ ᠭᠤᠷᠴᠢ ᠠᠭᠤᠷᠬᠠᠢ ᠶᠢᠨ ᠦᠢᠯᠡᠳᠪᠤᠷᠢᠯᠡᠯ ᠎ ᠤᠨ ᠴᠢᠳᠠᠪᠬᠢ ᠶᠢ ᠬᠡᠪᠴᠢᠶᠠᠵᠢᠬᠦᠯᠵᠤ᠂ ᠯᠦᠡᠭ ᠰᠢᠩ ᠠᠭᠤᠷᠬᠠᠢ ᠶᠢᠨ ᠡᠳᠤᠷ ᠲᠤ 2000 ᠲᠤᠨ ᠬᠠᠶᠢᠯᠤᠭᠤᠷ ᠵᠤᠩᠰᠢ ᠶᠢᠨ ᠬᠦᠳᠡᠷ ᠰᠢᠯᠢᠬᠦ ᠦᠢᠯᠡᠳᠪᠤᠷᠢ ᠶᠢ ᠠᠰᠢᠭᠯᠠᠯᠳᠠ ᠳᠤ ᠤᠷᠤᠭᠤᠯᠵᠤ᠂ ᠶᠢᠨ ᠳ᠋ᠢ ᠠᠭᠤᠷᠬᠠᠢ ᠶᠢᠨ ᠦᠢᠯᠡᠰ ᠢ ᠲᠠᠰ ᠲᠠᠪᠰᠢᠬᠦᠯᠵᠤ᠂ ᠶᠤᠸᠠᠨ ᠰᠤ᠋ ᠬᠠᠶᠢᠯᠤᠭᠤᠷ ᠵᠤᠩᠰᠢ ᠶᠢᠨ ᠠᠭᠤᠷᠬᠠᠢ ᠶᠢᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠡᠳ᠋ᠰᠢᠬᠦᠯᠬᠦ ᠰᠠᠭᠤᠷᠢᠨ ᠭᠠᠵᠡᠷ ᠢ ᠴᠤᠭᠴᠠᠯᠠᠨ ᠪᠠᠶᠢᠭᠤᠯᠵᠤ᠂ ᠮᠸᠡᠭ ᠶᠤᠸᠠᠨ᠂ ᠲᠠᠷᠬᠠᠨ ᠵᠡᠷᠬᠡ ᠤᠯᠠᠭᠠᠨ ᠢᠳᠡᠬᠡᠨ ᠡᠳ᠋ᠰᠢᠬᠦᠯᠬᠦ ᠠᠵᠤ ᠠᠬᠤᠶᠢᠯᠡᠯ ᠤᠨ ᠬᠠᠮᠳᠤᠷᠠᠯᠴᠠᠭ᠎ᠠ ᠶᠢ ᠠᠬᠢᠭᠤᠯᠵᠤ᠂ ᠡᠷᠳᠡᠨᠢ ᠢᠳᠡᠬᠡᠨ ᠤ ᠬᠢᠵᠠᠭᠠᠷᠳᠤ ᠺᠤᠮᠫᠠᠨᠢ ᠶᠢᠨ ᠰᠢᠯᠢ ᠎ ᠶᠢᠨ ᠭᠤᠤᠯ ᠤᠨ ᠲᠠᠯ᠎ᠠ ᠨᠤᠳᠤᠭ ᠤᠨ ᠠᠩᠬᠢᠰ ᠦᠬᠡᠷ ᠤᠨ ᠮᠢᠬ᠎ᠠ ᠶᠢ ᠨᠠᠷᠢᠯᠢᠭ ᠡᠳ᠋ᠰᠢᠬᠦᠯᠬᠦ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠮᠤᠩᠭᠤᠯ ᠤᠯᠠᠭᠠᠨ ᠢᠳᠡᠬᠡᠨ ᠤ ᠬᠢᠵᠠᠭᠠᠷᠳᠤ ᠺᠤᠮᠫᠠᠨᠢ ᠶᠢ ᠵᠢᠱᠢᠭᠰᠡᠨ ᠭᠠᠷᠤᠯᠳᠠ ᠳᠤ ᠬᠦᠷᠬᠡᠵᠤ᠂ ᠮᠠᠯ ᠤᠨ ᠶᠠᠰᠤ᠂ ᠴᠢᠰᠤ᠂ ᠲᠠᠪᠤᠨ ᠴᠤᠯᠤ᠂ ᠠᠷᠠᠰᠣ᠂ ᠨᠣᠣᠰᠣ ᠡᠳ᠋ᠰᠢᠬᠦᠯᠬᠦ ᠠᠵᠤ ᠠᠬᠤᠶᠢᠯᠡᠯ ᠢ ᠤᠷᠢᠨ ᠤᠷᠤᠭᠤᠯᠵᠤ᠂ ᠪᠦᠬᠦ ᠵᠢᠯ ᠳᠤ 40 ᠲᠦᠮᠡᠨ ᠮᠠᠯ ᠡᠳ᠋ᠰᠢᠬᠦᠯᠬᠦ ᠪᠠᠷ ᠴᠢᠷᠮᠠᠶᠢᠨ᠂ ᠤᠯᠠᠭᠠᠨ ᠢᠳᠡᠬᠡᠨ ᠬᠡᠯᠬᠢᠶᠡᠵᠢᠬᠦᠯᠦᠨ ᠡᠳ᠋ᠰᠢᠬᠦᠯᠬᠦ ᠠᠵᠤ ᠠᠬᠤᠶᠢᠯᠡᠯ 1᠎ ᠶᠢ ᠤᠷᠢᠨ ᠤᠷᠤᠭᠤᠯᠤᠨ᠎ᠠ᠃ ᠴᠠᠭᠠᠨ ᠢᠳᠡᠭᠡ ᠪᠤᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠤᠷᠢᠯᠡᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠦᠢᠯᠡᠳᠪᠤᠷᠢᠯᠡᠯ ᠡᠵᠡᠩᠨᠡᠯᠳᠡ ᠶᠢ ᠲᠦᠷᠢᠮᠵᠢᠬᠦᠯᠵᠤ᠂ ᠪᠦᠬᠦ ᠵᠢᠯ ᠳᠤ 310 ᠲᠤᠨ ᠴᠡᠭᠡ᠂ 350 ᠲᠤᠨ ᠴᠠᠭᠠᠨ ᠢᠳᠡᠭᠡ᠂ 20 ᠲᠤᠨ ᠠᠴᠠ ᠲᠡᠭᠡᠭᠰᠢ ᠴᠡᠬᠡᠨ ᠲᠠᠯᠬ᠎ᠠ ᠡᠳ᠋ᠰᠢᠬᠦᠯᠤᠨ ᠪᠤᠷᠤᠯᠠᠭᠤᠯᠤᠨ᠎ᠠ᠃ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠪᠠᠶᠢᠭᠤᠯᠵᠤ᠂ ᠴᠤᠬᠤᠢ ᠶᠢᠨ ᠴᠢᠯᠠᠭᠤ᠂ ᠨᠡᠬᠦᠷᠡᠰᠤᠨ ᠤ ᠬᠡᠤᠷᠡᠰᠤ᠂ ᠬᠦᠳᠡᠷ ᠤᠨ ᠰᠢᠭᠠᠷᠤ ᠶᠢ ᠶᠠᠷᠤᠩᠬᠡᠶᠢᠯᠡᠨ ᠠᠰᠢᠭᠯᠠᠬᠤ ᠪᠠᠷ ᠰᠢᠪᠳᠤᠯᠤᠯᠳᠠ ᠪᠤᠯᠭᠠᠵᠤ᠂ ᠪᠦᠬᠦ ᠠᠶᠢᠮᠠᠭ ᠤᠨ      ︽ᠨᠡᠬᠦᠷᠡᠰᠤᠨ ᠤ ᠬᠡᠤᠷᠡᠰᠤ ᠶᠢ ᠶᠠᠷᠤᠩᠬᠡᠶᠢᠯᠡᠨ ᠠᠰᠢᠭᠯᠠᠵᠤ ᠬᠠᠮᠢᠶᠠᠷᠬᠤ ᠲᠦᠷ ᠬᠡᠷᠡᠭᠵᠢᠬᠦᠯᠬᠦ ᠠᠷᠭ᠎ᠠ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠢ ᠳ᠋ᠦᠡᠭ ᠱᠦᠢᠨᠢ ᠶᠢᠨ ᠲᠤᠯᠤᠭᠠᠶᠢᠯᠠᠭᠴᠢ ᠠᠵᠤ ᠠᠬᠤᠶᠢᠯᠡᠯ ᠤᠨ ᠦᠢᠯᠡᠳᠤᠯ ᠎ ᠢ ᠬᠦᠢᠴᠡᠳ ᠪᠠᠳᠠᠷᠠᠭᠤᠯᠤᠨ᠂ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠡᠯ ᠢ ᠤᠷᠢᠨ ᠤᠷᠤᠭᠤᠯᠵᠤ᠂ ᠨᠠᠬᠦᠷᠡᠰᠤᠨ ᠤ ᠠᠵᠤ ᠦᠢᠯᠡᠰ ᠤᠨ ᠬᠦᠭᠵᠢᠯᠳᠠ ᠶᠢ ᠪᠦᠬᠦ ᠬᠦᠴᠦᠨ ᠢᠶᠠᠷ ᠠᠬᠢᠭᠤᠯᠵᠤ᠂ ᠴᠠᠭᠠᠡᠨᠠᠭᠤᠷ ᠤᠨ ᠵᠢᠯ ᠳᠤ 500 ᠲᠦᠮᠡᠨ ᠲᠤᠨ ᠤ ᠨᠠᠬᠦᠷᠡᠰᠤᠨ ᠠᠭᠤᠷᠬᠠᠢ ᠪᠠ ᠳ᠋ᠠ ᠠᠠ ᠤ ᠵᠢᠯ ᠳᠤ 120 ᠲᠦᠮᠡᠨ ᠲᠤᠨ ᠤ ᠨᠠᠬᠦᠷᠡᠰᠤᠨ ᠠᠭᠤᠷᠬᠠᠢ ᠶᠢ ᠬᠢᠨᠡᠨ ᠵᠦᠪᠰᠢᠶᠠᠷᠠᠬᠦᠯᠵᠤ ᠪᠠᠷᠢᠯᠭ᠎ᠠ ᠡᠬᠢᠯᠡᠬᠦᠯᠵᠤ᠂ ᠮᠠᠨᠢᠳᠤ ᠠᠭᠤᠷᠬᠠᠢ ᠎ ᠶᠢᠨ ᠲᠤᠭᠤᠷᠢᠭ ᠤᠨ ᠨᠡᠬᠦᠷᠡᠰᠤᠨ ᠤ ᠡᠬᠢ ᠪᠠᠶᠠᠯᠢᠭ ᠢ ᠨᠢᠬᠡᠳᠬᠡᠨ᠂ 150 ᠲᠦᠮᠡᠨ ᠲᠤᠨ ᠪᠦᠳᠦᠬᠦᠯᠢᠭ ᠨᠠᠬᠦᠷᠡᠰᠤ ᠦᠢᠯᠡᠳᠪᠤᠷᠢᠯᠡᠬᠦ ᠪᠠᠷ ᠴᠢᠷᠮᠠᠶᠢᠵᠤ᠂ ᠠᠳᠠᠯᠢ ᠬᠤᠭᠤᠴᠠᠭᠠᠨ ᠠᠴᠠ 25%᠎ ᠪᠠᠷ ᠨᠡᠮᠡᠭᠳᠡᠬᠦᠯᠤᠨ᠎ᠠ᠃ᠤᠳᠤᠬᠢᠴᠢᠯᠠᠭᠰᠡᠨ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠶᠡᠭᠡᠪᠡᠷ ᠠᠬᠢᠭᠤᠯᠤᠨ᠎ᠠ᠃ ᠡᠮᠴᠢᠯᠡᠭᠡ ᠰᠤᠪᠢᠯᠠᠯᠳᠠ ᠶᠢᠨ ᠠᠵᠤ ᠦᠢᠯᠡᠰ ᠢᠶᠠᠷ ᠰᠢᠪᠳᠤᠯᠤᠯᠳᠠ ᠪᠤᠯᠭᠠᠨ᠂ ᠠᠭᠤᠰᠤᠯᠴᠠᠯ ᠰᠠᠶᠢᠨ᠂ ᠬᠡᠯᠬᠢᠶᠠᠵᠢᠯ ᠤᠷᠳᠤ᠂ ᠶᠠᠰᠤ ᠴᠢᠨᠠᠷ ᠢ ᠲᠡᠬᠡᠭᠰᠢᠯᠡᠬᠦᠯᠦᠭᠰᠡᠨ ᠤᠳᠤᠬᠢᠴᠢᠯᠠᠭᠰᠡᠨ ᠦᠢᠯᠡᠴᠢᠯᠡᠬᠡᠨ ᠤ ᠦᠢᠯᠡᠰ ᠢ ᠲᠡᠰ ᠲᠠᠪᠰᠢᠬᠦᠯᠤᠨ ᠠᠬᠢᠭᠤᠯᠤᠨ᠎ᠠ᠃ ᠠᠪᠠᠭ᠎ᠠ ᠴᠡᠭᠡ ᠶᠢᠨ ᠮᠤᠩᠭᠤᠯ ᠡᠮᠨᠡᠯᠬᠡ᠂ ᠡᠮᠴᠢᠯᠡᠭᠡ ᠡᠷᠡᠬᠦᠯᠵᠢᠯ ᠤᠨ ᠲᠠᠯ᠎ᠠ ᠳᠠᠬᠢ ᠤᠡᠴᠠᠭᠠᠢ ᠦᠢᠯᠡᠳᠤᠯ ᠢ ᠪᠠᠳᠠᠷᠠᠭᠤᠯᠤᠨ᠂ ᠲᠣᠬᠢᠯᠢᠭ ᠰᠠᠶᠢᠬᠠᠨ ᠣᠷᠣᠰᠢᠨ ᠰᠠᠭᠤᠬᠤ ᠨᠦᠬᠦᠴᠡᠯ ᠪᠠ ᠦᠪᠡᠷᠮᠢᠴᠡ ᠰᠤᠶᠤᠯ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠣ᠂ ᠪᠡᠬᠡᠵᠢᠩ ᠲᠢᠶᠠᠡᠵᠢᠨ ᠾᠧᠪᠸᠢ  ᠵᠡᠷᠬᠡ ᠤᠷᠤᠨ ᠤ ᠡᠮᠴᠢᠯᠡᠭᠡ ᠰᠤᠪᠢᠯᠠᠯᠳᠠ ᠶᠢᠨ ᠦᠢᠯᠡᠴᠢᠯᠡᠬᠡᠨ ᠤ ᠠᠵᠤ ᠦᠢᠯᠡᠰ ᠲᠠᠢ ᠬᠠᠮᠳᠤᠷᠠᠯᠴᠠᠭ᠎ᠠ ᠦᠷᠨᠢᠬᠦᠯᠵᠤ᠂ ᠤᠯᠠᠷᠢᠯ ᠤᠨ ᠴᠢᠨᠠᠷᠳᠡᠢ ᠡᠮᠴᠢᠯᠡᠭᠡ ᠰᠤᠪᠢᠯᠠᠯᠳᠠ ᠶᠢᠨ ᠵᠠᠭᠪᠤᠷ ᠢ ᠢᠳᠡᠪᠬᠢᠳᠡᠢ ᠰᠦᠪᠡᠭᠴᠢᠯᠡᠨ᠂ ᠲᠤᠰᠬᠠᠢ ᠠᠵᠤ ᠠᠬᠤᠶᠢᠯᠡᠯ ᠢ ᠤᠷᠢᠨ ᠤᠷᠤᠭᠤᠯᠬᠤ ᠪᠠ ᠡᠮᠴᠢᠯᠡᠬᠡᠨ ᠤ ᠪᠠᠶᠢᠭᠤᠯᠤᠮᠵᠢ ᠶᠢᠨ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠭᠰᠡᠨ ᠦᠢᠯᠡᠴᠢᠯᠡᠬᠡᠨ ᠤ ᠬᠦᠭᠵᠢᠯᠳᠠ ᠶᠢ ᠵᠤᠷᠢᠭᠵᠢᠭᠤᠯᠵᠤ᠂ ᠡᠮᠴᠢᠯᠡᠭᠡ ᠰᠤᠪᠢᠯᠠᠯᠳᠠ ᠬᠢᠬᠦ ᠨᠠᠶᠢᠳᠠ ᠶᠢᠨ ᠲᠦᠷᠢᠶᠠᠰᠤᠨ ᠪᠠᠶᠢᠷᠢ ᠭᠠᠷᠭᠠᠨ᠂ ᠬᠤᠳᠠ ᠶᠢᠨ ᠨᠠᠰᠤᠳᠠᠶᠢᠴᠤᠤᠯ ᠵᠤᠨ ᠨᠠᠮᠤᠷ ᠤᠨ ᠤᠯᠠᠷᠢᠯ ᠮᠠᠨ ᠤ ᠬᠤᠰᠢᠭᠤᠨ ᠳᠤ ᠡᠮᠴᠢᠯᠡᠭᠡ ᠰᠤᠪᠢᠯᠠᠯᠳᠠ ᠬᠢᠬᠦ ᠶᠢ ᠤᠷᠢᠨ ᠲᠠᠳᠠᠬᠤ ᠶᠢᠨ ᠬᠠᠮᠳᠤ᠂ ᠡᠮᠴᠢᠯᠡᠭᠡ ᠰᠤᠪᠢᠯᠠᠯᠳᠠ ᠶᠢᠨ ᠦᠢᠯᠡᠴᠢᠯᠡᠬᠡᠨ ᠪᠠ ᠰᠤᠶᠤᠯ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠵᠤ᠂ ︽ᠲᠤᠮᠳᠠᠳᠤ ᠤᠯᠤᠰ ᠤᠨ ᠠᠳᠤᠭᠤᠨ ᠤ ᠦᠯᠤᠬᠡᠢ︾᠎ ᠶᠢᠨ ᠨᠠᠷᠡᠳᠤ ᠲᠡᠮᠳᠡᠭ ᠲᠤ ᠲᠦᠰᠢᠭᠯᠡᠨ᠂ ᠬᠠᠷ᠎ᠠ ᠠᠳᠤᠭᠤᠨ ᠰᠤᠶᠤᠯ ᠤᠨ ᠨᠠᠶᠢᠷ ᠢᠶᠠᠷ ᠭᠠᠷᠳᠠᠴᠠ ᠪᠣᠯᠭᠠᠨ᠂ ᠪᠡᠯᠬᠦᠳᠡᠢ ᠵᠢᠰᠠ ᠶᠢᠨ ᠵᠤᠭᠠᠴᠠᠯ ᠤᠨ ᠣᠷᠣᠨ ᠤ ᠲᠤᠭᠤᠷᠢᠨ ᠳᠤ᠂ ᠠᠪᠠᠭ᠎ᠠ ᠴᠡᠭᠡ ᠶᠢᠨ ᠡᠮᠴᠢᠯᠡᠭᠡ ᠰᠤᠪᠢᠯᠠᠯᠳᠠ ᠶᠢᠨ ᠰᠠᠭᠤᠷᠢᠨ᠂ ᠬᠠᠷ᠎ᠠ ᠠᠳᠤᠭᠤᠨ ᠰᠤᠶᠤᠯ ᠤᠨ ᠰᠠᠭᠤᠷᠢᠨ ᠪᠠ ︽ᠠᠪᠠᠭ᠎ᠠ ᠠᠶᠢᠯ︾᠂ ︽ᠬᠠᠷ᠎ᠠ ᠠᠳᠤᠭᠤᠨ ᠠᠶᠢᠯ︾ ᠎ ᠤᠨ ᠵᠤᠭᠠᠴᠠᠯ ᠤᠨ ᠴᠡᠭ ᠪᠠᠶᠢᠭᠤᠯᠵᠤ᠂ ︽ᠴᠢᠩᠬᠢᠰ ᠪᠤᠭᠳᠠ ᠠᠭᠤᠯᠠ ᠶᠢᠨ ᠲᠠᠬᠢᠯᠭ᠎ᠠ︾ ᠵᠠᠩ ᠦᠢᠯᠠ ᠶᠢᠨ ᠠᠵᠢᠯᠯᠠᠭᠠᠨ ᠤ ᠨᠦᠯᠤᠬᠡ ᠲᠤᠰᠬᠠᠯ ᠢ ᠦᠷᠬᠡᠳᠬᠡᠨ᠂ ᠰᠠᠭᠤᠷᠢᠨ ᠭᠠᠵᠡᠷ᠂ ᠦᠵᠡᠮᠵᠢ ᠶᠢᠨ ᠲᠤᠭᠤᠷᠢᠭ᠂ ᠨᠠᠶᠢᠷ ᠨᠠᠭᠠᠳᠤᠮ᠂ ᠮᠠᠯᠵᠢᠯ ᠤᠨ ᠲᠠᠯᠠᠪᠠᠢ ᠶᠢ ᠴᠤᠭᠴᠠᠯᠠᠬᠤ ᠪᠠᠷ ᠲᠠᠮᠵᠢᠨ ᠵᠤᠭᠠᠴᠠᠭᠰᠡᠳ ᠲᠤ ︽ᠰᠠᠩᠰᠠᠨ ᠬᠠᠷ᠎ᠠ ᠳᠤ ᠪᠠᠨ ᠮᠤᠷᠳᠠᠵᠤ᠂ ᠰᠦᠵᠢᠭᠳᠦ ᠬᠠᠶᠢᠷᠬᠠᠨ ᠢᠶᠠᠨ ᠪᠠᠷᠠᠯᠠᠨ᠂ ᠰᠦ ᠴᠡᠭᠡ ᠪᠠᠨ ᠰᠦᠩᠨᠡᠵᠤ᠂ ᠤᠶᠠᠩᠭᠠᠳᠤ ᠴᠤᠭᠤᠷ ᠢᠶᠠᠨ ᠠᠶᠠᠯᠠᠭᠤᠯᠵᠤ᠂ ᠠᠭᠤᠯᠠ ᠣᠪᠣᠭ᠎ᠠ ᠪᠠᠨ ᠲᠠᠬᠢᠵᠣ᠂ ᠦᠨᠳᠦᠰᠦᠳᠡᠨ ᠤ ᠰᠣᠶᠣᠯ ᠢᠶᠠᠨ ᠪᠠᠭ᠋ᠠᠷᠬᠠᠬᠤ︾ ᠵᠡᠷᠬᠡ ᠠᠵᠢᠯᠯᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠠᠶᠢᠮᠠᠭ ᠤᠨ ᠲᠡᠰ ᠤᠨ ᠰᠤᠳᠤᠨ ᠵᠤᠭᠠᠴᠠᠯ ᠤᠨ ᠵᠠᠮ ᠱᠤᠭᠤᠮ ᠳᠤ ᠲᠦᠰᠢᠭᠯᠡᠨ᠂ ᠦᠪᠡᠷᠮᠢᠴᠠ ᠤᠡᠴᠠᠯᠢᠭ ᠪᠦᠬᠦᠢ ᠠᠪᠠᠭ᠎ᠠ ᠶᠢᠨ ᠡᠮᠴᠢᠯᠡᠭᠡ ᠡᠷᠡᠬᠦᠯᠵᠢᠯ ᠪᠠ ᠬᠠᠷ᠎ᠠ ᠠᠳᠤᠭᠤᠨ ᠰᠤᠶᠤᠯ ᠤᠨ ᠵᠤᠭᠠᠴᠠᠯ ᠤᠨ ᠦᠢᠯᠡᠰ ᠢ ᠠᠬᠢᠭᠤᠯᠵᠤ᠂ ᠪᠦᠬᠦ ᠵᠢᠯ ᠳᠤ ᠵᠤᠭᠠᠴᠠᠭᠰᠡᠳ ᠢ 25 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ 1.3 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠡᠬᠦᠳᠤᠨ ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 3.0% ᠪᠠ 5.0%᠎ ᠪᠠᠷ ᠨᠡᠮᠡᠭᠳᠡᠬᠦᠯᠤᠨ᠎ᠠ᠃     ︵ᠬᠤᠶᠡᠷ︶ ᠭᠤᠣᠯᠳᠠᠯᠭᠠᠳᠣ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠶᠢ ᠬᠦᠴᠦᠯᠡᠨ ᠠᠳᠬᠤᠨ᠎ᠠ᠃ ᠤᠯᠤᠰ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠰᠢᠷᠢᠰ ᠲᠦᠷᠤ ᠶᠢᠨ ᠪᠤᠳᠤᠯᠭ᠎ᠠ ᠶᠢᠨ ᠠᠰᠢᠭᠳᠡᠢ ᠲᠤᠬᠢᠶᠠᠯ ᠢ ᠡᠵᠡᠮᠳᠡᠨ᠂ ᠲᠦᠷᠤᠯ ᠵᠥᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠬᠦᠡᠵᠡᠬᠡᠶᠢᠷᠡᠬᠦᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ᠎ᠠ᠃ ᠲᠦᠷᠤ ᠶᠢᠨ ᠪᠤᠳᠤᠯᠭ᠎ᠠ ᠶᠢ ᠰᠠᠶᠢᠳᠣᠷ ᠠᠰᠢᠭᠯᠠᠨ ᠲᠦᠷᠤᠯ ᠵᠥᠢᠯ ᠢ ᠲᠦᠰᠦᠪᠯᠡᠨ᠎ᠡ᠃ ᠤᠯᠤᠰ ᠤᠨ ᠴᠦᠬᠡᠨ ᠲᠤᠭᠠᠳᠤ ᠦᠡᠳᠤᠰᠤᠳᠠᠨ ᠤ ᠭᠠᠵᠡᠷ ᠤᠷᠤᠨ᠂ ᠬᠢᠯᠢ ᠬᠢᠵᠠᠭᠠᠷ ᠤᠷᠤᠨ ᠤ ᠤᠯᠠᠨ ᠨᠠᠶᠢᠳᠠ ᠶᠢᠨ ᠡᠬᠢ ᠪᠠᠶᠠᠯᠢᠭ ᠢ ᠲᠤᠬᠢᠷᠠᠭᠤᠯᠬᠤ ᠬᠦᠴᠤᠯᠠᠴᠠ ᠎ ᠪᠠᠨ ᠴᠢᠩᠭᠠᠳᠬᠠᠬᠤ ᠲᠤᠬᠢᠶᠠᠯ ᠢ ᠠᠮᠵᠢᠨ᠂ ᠲᠣᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠳᠠ ᠶᠢ ᠬᠦᠯᠢᠶᠠᠨ ᠠᠪᠬᠤ ᠴᠢᠳᠠᠪᠤᠷᠢ ᠶᠢ ᠴᠢᠩᠭᠠᠳᠬᠠᠬᠤ ᠪᠠ ᠵᠡᠬᠦᠨ ᠬᠤᠶᠢᠳᠣ ᠣᠷᠣᠨ ᠢ ᠬᠦᠭᠵᠢᠬᠦᠯᠤᠨ ᠮᠠᠡᠳᠤᠭᠤᠯᠬᠤ ᠰᠠᠭᠤᠳᠠᠯ ᠤᠨ ᠬᠤᠷᠡᠯ ᠳᠤ ᠲᠤᠭᠳᠠᠭᠰᠡᠨ ᠵᠠᠬᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠢ ᠎ ᠶᠢᠨ ᠴᠢᠨᠠᠷ ᠰᠠᠶᠢᠳᠡᠢ ᠬᠦᠭᠵᠢᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠰᠢᠭᠳᠡᠢ ᠲᠦᠷᠤ ᠶᠢᠨ ᠪᠤᠳᠤᠯᠭ᠎ᠠ ᠎ ᠪᠠᠷ ᠵᠢᠯᠤᠭᠤᠳᠤᠮᠵᠢ ᠪᠤᠯᠭᠠᠨ᠂ ᠮᠠᠨ ᠤ ᠬᠤᠰᠢᠭᠤᠨ ᠤ ᠪᠤᠳᠠᠳᠤ ᠪᠠᠶᠢᠳᠠᠯ ᠠᠴᠠ ᠡᠬᠦᠰᠤᠨ᠂ ᠠᠵᠤ ᠦᠢᠯᠡᠰ ᠤᠨ ᠬᠦᠭᠵᠢᠯᠳᠠ᠂ ᠰᠠᠭᠤᠷᠢ ᠲᠦᠬᠦᠬᠡᠷᠤᠮᠵᠢ᠂ ᠠᠮᠢ ᠠᠬᠤᠢ ᠤᠷᠴᠢᠨ ᠲᠤᠭᠤᠷᠢᠨ᠂ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ᠂ ᠨᠠᠶᠢᠬᠡᠮ ᠠᠷᠡᠳ ᠤᠨ ᠠᠮᠢᠳᠤᠷᠡᠯ ᠵᠡᠷᠬᠡ ᠠᠵᠢᠯ ᠤᠨ ᠲᠤᠭᠤᠷᠢᠨ ᠳᠤ᠂ ᠨᠢᠬᠡ ᠪᠦᠯᠦᠭ ᠲᠦᠷᠤᠯ ᠵᠥᠢᠯ ᠢ ᠢᠳᠡᠪᠬᠢᠳᠡᠢ ᠰᠦᠪᠡᠭᠴᠢᠯᠡᠨ᠂ ᠠᠵᠤ ᠠᠬᠤᠢ ᠨᠠᠶᠢᠬᠡᠮ ᠤᠨ ᠬᠦᠭᠵᠢᠯᠳᠠ ᠳᠤ ᠪᠠᠳᠤ ᠪᠠᠬᠢ ᠰᠠᠭᠤᠷᠢ ᠲᠠᠯᠪᠢᠨ᠎ᠠ᠃ ᠭᠤᠤᠯᠳᠠᠯᠭ᠎ᠠ ᠲᠠᠢ ᠲᠦᠷᠤᠯ ᠵᠥᠢᠯ ᠤᠨ ᠬᠦᠮᠤᠷᠬᠡ ᠶᠢᠨ ᠪᠠᠶᠢᠭᠤᠯᠤᠯᠳᠠ ᠶᠢ ᠰᠠᠶᠢᠳᠤᠷ ᠬᠢᠵᠤ᠂ ᠨᠦᠬᠡᠴᠠ ᠲᠦᠷᠤᠯ ᠵᠥᠢᠯ ᠢ ᠲᠦᠷᠤ ᠶᠢᠨ ᠪᠤᠳᠤᠯᠭ᠎ᠠ ᠲᠠᠢ ᠵᠤᠬᠢᠴᠠᠭᠤᠯᠵᠤ᠂ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠴᠠᠭ ᠲᠤᠬᠠᠢ ᠳᠤᠨᠢ ᠬᠡᠷᠡᠭᠵᠢᠬᠦᠯᠬᠦ ᠶᠢ ᠪᠠᠳᠤᠯᠠᠨ᠎ᠠ᠃ ᠵᠤᠬᠢᠴᠠᠮᠵᠢ ᠪᠠᠨ ᠪᠦᠷᠢᠡᠰᠢᠬᠦᠯᠤᠨ ᠲᠦᠷᠤᠯ ᠵᠥᠢᠯ ᠢ ᠪᠠᠶᠢᠭᠤᠯᠤᠨ᠎ᠠ᠃ ᠲᠦᠷᠥᠯ ᠵᠥᠢᠯ ᠠᠬᠢᠭᠤᠯᠬᠤ ᠵᠤᠬᠢᠴᠠᠮᠵᠢ ᠶᠢ ᠪᠦᠷᠢᠡᠰᠢᠬᠦᠯᠵᠤ᠂ ᠬᠤᠰᠢᠭᠤ ᠲᠡᠰ ᠤᠨ ᠤᠳᠤᠷᠢᠳᠤᠯᠭ᠎ᠠ ᠲᠠᠭᠠᠭᠠᠴᠢᠯᠠᠬᠤ᠂ ᠲᠠᠭᠠᠭᠤᠯᠤᠭᠴᠢ ᠰᠠᠯᠠᠭ᠎ᠠ ᠮᠦᠴᠢᠷ ᠠᠴᠠ ᠠᠬᠢᠭᠤᠯᠬᠤ᠂ ᠬᠠᠷᠢᠭᠤᠴᠠᠯᠭᠠᠳᠤ ᠰᠠᠯᠠᠭ᠎ᠠ ᠮᠦᠴᠢᠷ ᠠᠴᠠ ᠵᠤᠬᠢᠴᠠᠭᠤᠯᠤᠨ ᠬᠠᠮᠵᠢᠯᠴᠠᠬᠤ ᠲᠦᠷᠤᠯ ᠵᠥᠢᠯ ᠤᠨ ᠦᠢᠯᠡᠴᠢᠯᠡᠬᠡᠨ ᠤ ᠵᠤᠬᠢᠴᠠᠮᠵᠢ ᠶᠢ ᠨᠠᠶᠢᠳᠠᠪᠤᠷᠢᠵᠢᠭᠤᠯᠵᠤ᠂ ᠨᠢᠬᠡᠨᠳᠡ ᠲᠤᠭᠳᠠᠭᠰᠡᠨ ᠭᠤᠤᠯᠳᠠᠯᠭ᠎ᠠ ᠲᠠᠢ ᠲᠦᠷᠥᠯ ᠵᠥᠢᠯ ᠳᠤ ᠦᠢᠯᠡᠴᠢᠯᠡᠬᠦ ᠲᠤᠭᠤᠶᠢᠯᠠᠩ ᠪᠠᠶᠢᠭᠤᠯᠣᠨ᠂ ᠢᠯᠭᠤᠮ ᠤᠷᠤᠭᠰᠢᠳᠡᠢ ᠲᠦᠯᠬᠢᠨ ᠠᠬᠢᠭᠤᠯᠵᠤ᠂ ᠠᠰᠢᠭᠯᠠᠯᠳᠠ ᠳᠤ ᠤᠷᠤᠭᠤᠯᠬᠤ ᠶᠢ ᠪᠠᠳᠣᠯᠠᠨ᠂ ᠨᠠᠩ ᠤᠯᠠᠨ ᠲᠦᠷᠤᠯ ᠵᠥᠢᠯ ᠢ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠡᠷᠡᠭᠵᠢᠬᠦᠯᠬᠦ ᠲᠦᠯᠤᠪᠯᠡᠬᠡᠨ ᠤ ᠬᠡᠪᠴᠢᠶᠠᠨ ᠳᠤ ᠣᠷᠣᠭᠤᠯᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ 30 ᠲᠦᠷᠤᠯ ᠵᠥᠢᠯ ᠢ ᠪᠦᠬᠦᠨ ᠢ ᠪᠠᠷᠢᠯᠭ᠎ᠠ ᠡᠬᠢᠯᠡᠬᠦᠯᠬᠦ ᠪᠣᠶᠣ ᠰᠡᠷᠬᠦᠬᠡᠨ᠂ 11 ᠲᠦᠷᠤᠯ ᠵᠥᠢᠯ ᠤᠨ ᠪᠡᠯᠡᠳᠬᠡᠯ ᠠᠵᠢᠯ ᠢ ᠰᠢᠪᠳᠤᠯᠤᠯᠳᠠ ᠎ ᠲᠠᠢ ᠪᠤᠯᠭᠠᠵᠤ᠂ 33 ᠳ᠋ᠦᠩᠰᠢᠭᠤᠷ ᠲᠦᠬᠦᠷᠢᠭ ᠠᠴᠠ ᠲᠡᠬᠡᠭᠰᠢ ᠪᠡᠯᠡ ᠤᠷᠤᠭᠤᠯᠤᠯᠳᠠ ᠶᠢ ᠪᠠᠶᠠᠯᠠᠬᠦᠯᠤᠨ᠎ᠠ᠃ ᠠᠷᠠᠯᠵᠢᠶᠠᠴᠢᠨ ᠤᠷᠢᠵᠤ ᠲᠦᠷᠥᠯ ᠵᠥᠢᠯ ᠲᠠᠳᠠᠨ᠎ᠠ᠃  ᠠᠷᠠᠯᠵᠢᠶᠠᠴᠢᠨ ᠤᠷᠢᠬᠤ ᠲᠦᠯᠤᠪᠯᠡᠭᠡ ᠲᠤᠭᠳᠠᠭᠠᠨ᠂ ᠬᠠᠷᠢᠭᠤᠴᠠᠯᠭ᠎ᠠ ᠶᠢ ᠱᠠᠳᠣ ᠲᠠᠷᠠᠭᠠᠯᠠᠨ ᠨᠠᠶᠢᠳᠠᠪᠤᠷᠢᠵᠢᠭᠤᠯᠤᠨ᠎ᠠ᠃ ᠡᠬᠢ ᠪᠠᠶᠠᠯᠢᠭ ᠤᠨ ᠲᠠᠪᠠᠭᠤᠯᠢᠭ ᠪᠠ ᠭᠤᠤᠯᠯᠠᠭᠴᠢ ᠠᠵᠤ ᠦᠢᠯᠡᠰ ᠤᠨ ᠬᠦᠭᠵᠢᠯᠳᠠ ᠶᠢᠨ ᠲᠤᠭᠤᠷᠢᠨ ᠳᠤ᠂ ᠬᠤᠯᠪᠤᠭᠠᠯᠠᠨ ᠤᠷᠢᠬᠤ᠂ ᠨᠠᠶᠢᠳᠠᠵᠤ ᠤᠷᠢᠬᠤ ᠂ ᠠᠷᠠᠯᠵᠢᠶ᠎ᠠ ᠪᠠᠷ ᠤᠷᠢᠬᠤ᠂ ᠠᠵᠤ ᠦᠢᠯᠡᠰ ᠤᠨ ᠬᠡᠯᠬᠢᠶᠠᠵᠢᠯ ᠢᠶᠠᠷ ᠤᠷᠢᠬᠤ ᠵᠡᠷᠬᠡ ᠠᠵᠢᠯᠯᠠᠭ᠎ᠠ ᠦᠷᠨᠢᠬᠦᠯᠵᠤ᠂ ᠬᠦᠭᠵᠢᠯᠳᠠ ᠶᠢᠨ ᠲᠠᠯᠳᠠ ᠬᠦᠴᠤᠨ ᠲᠠᠢ᠂ ᠵᠠᠬ᠎ᠠ ᠲᠡᠯᠬᠡᠬᠦᠷ ᠤᠨ ᠬᠠᠨᠳᠤᠰᠢ ᠰᠠᠶᠢᠨ᠂ ᠭᠠᠶᠢᠯᠢ ᠶᠢᠨ ᠤᠷᠤᠯᠭ᠎ᠠ ᠶᠢ ᠨᠡᠮᠡᠭᠳᠡᠬᠦᠯᠬᠦ ᠠᠵᠤ ᠦᠢᠯᠡᠰ ᠤᠨ ᠲᠦᠷᠤᠯ ᠵᠥᠢᠯ ᠢ ᠤᠷᠢᠨ ᠤᠷᠤᠭᠤᠯᠵᠤ᠂ ᠠᠷᠠᠯᠵᠢᠶᠠᠨ ᠣᠷᠢᠵᠣ ᠪᠡᠯᠡ ᠲᠠᠳᠠᠬᠤ ᠦᠨᠳᠦᠰᠦᠨ ᠱᠠᠳᠣᠨ ᠤ ᠰᠠᠭᠤᠷᠢ ᠪᠦᠳᠦᠭᠡᠨ ᠪᠠᠶᠢᠭᠤᠯᠣᠯᠳᠠ ᠶᠢᠨ ᠠᠵᠢᠯ ᠢ ᠶᠡᠭᠡᠪᠡᠷ ᠠᠬᠢᠭᠤᠯᠵᠣ᠂ ᠠᠵᠤ ᠠᠬᠤᠢ ᠎ ᠶᠢᠨ ᠰᠢᠨ᠎ᠠ ᠨᠡᠮᠡᠭᠳᠡᠯ ᠴᠡᠭ ᠢ ᠪᠤᠢ ᠪᠤᠯᠭᠠᠨ᠎ᠠ᠃ ᠠᠷᠠᠯᠵᠢᠶᠠᠴᠢᠨ ᠤᠷᠢᠬᠤ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠎ ᠶᠢ ᠪᠦᠷᠢᠡᠰᠢᠬᠦᠯᠵᠤ᠂ ᠦᠢᠯᠡᠴᠢᠯᠡᠭᠡ ᠪᠠᠨ ᠴᠢᠩᠭᠠᠳᠬᠠᠨ᠂ ᠤᠬᠢ ᠰᠠᠶᠢᠬᠠᠨ ᠨᠠᠶᠢᠬᠡᠮ ᠤᠨ ᠤᠷᠴᠢᠨ ᠢ ᠪᠤᠢ ᠪᠤᠯᠭᠠᠵᠤ ᠂ ᠲᠦᠷᠤᠯ ᠵᠥᠢᠯ ᠢ ᠤᠷᠢᠵᠤ ᠲᠠᠶᠢᠯᠬᠦ᠂ ᠦᠯᠡᠳᠡᠬᠡᠵᠤ ᠲᠠᠶᠢᠯᠬᠦ᠂ ᠬᠦᠭᠵᠢᠬᠦᠯᠵᠤ ᠲᠠᠶᠢᠯᠬᠦ ᠶᠢ ᠪᠠᠳᠤᠯᠠᠨ᠎ᠠ᠃ ᠤᠯᠤᠰ ᠎ ᠤᠨ ᠬᠢᠯᠢ ᠬᠢᠵᠠᠭᠠᠷ ᠤᠨ ᠴᠦᠬᠡᠨ ᠲᠤᠭᠠᠳᠤ ᠦᠡᠳᠤᠰᠤᠳᠠᠨ ᠤ ᠭᠠᠵᠡᠷ ᠤᠷᠤᠨ ᠤ ᠠᠵᠤ ᠠᠬᠤᠶᠢᠯᠡᠯ ᠤᠨ ᠰᠲ᠋ᠤᠺ ᠎ ᠤᠨ ᠵᠠᠬ᠎ᠠ ᠳᠤ ᠭᠠᠷᠭᠠᠬᠤ ᠶᠢ ᠲᠠᠮᠵᠢᠬᠦ ᠠᠰᠢᠭᠳᠡᠢ ᠲᠦᠷᠤ ᠶᠢᠨ ᠪᠤᠳᠤᠯᠭ᠎ᠠ ᠶᠢ ᠡᠵᠡᠮᠳᠠᠨ᠂ ᠠᠵᠤ ᠠᠬᠤᠶᠢᠯᠡᠯ ᠤᠨ ᠶᠠᠷᠤᠩᠬᠡᠢ ᠵᠠᠬᠢᠷᠭ᠎ᠠ ᠶᠢᠨ ᠬᠦᠭᠵᠢᠯᠳᠠ ᠶᠢ ᠢᠳᠡᠪᠬᠢᠳᠡᠢ ᠠᠬᠢᠭᠤᠯᠵᠣ᠂ ᠬᠡᠪᠴᠢᠶᠠᠵᠢᠭ᠍ᠰᠡᠨ᠂ ᠲᠠᠯᠳᠠ ᠴᠢᠳᠠᠪᠬᠢ ᠶᠡᠭᠡ ᠠᠵᠤ ᠠᠬᠤᠶᠢᠯᠡᠯ ᠢ ᠮᠠᠨ ᠤ ᠬᠤᠰᠢᠭᠤᠨ ᠳᠤ ᠲᠠᠩᠰᠠᠯᠠᠭᠤᠯᠤᠨ᠂ ᠪᠦᠬᠦ ᠵᠢᠯ ᠳᠤ 30 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠲᠠᠳᠠᠨ ᠤᠷᠤᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠤᠷᠢ ᠶᠢᠨ ᠲᠤᠭᠤᠷᠢᠭ ᠪᠠᠶᠢᠭᠤᠯᠵᠤ ᠲᠦᠷᠤᠯ ᠵᠥᠢᠯ ᠢ ᠲᠦᠪᠯᠡᠷᠡᠬᠦᠯᠤᠨ᠎ᠠ᠃ ︽ᠨᠢᠬᠡ ᠲᠤᠭᠤᠷᠢᠭ ᠭᠤᠷᠪᠡᠨ ᠰᠠᠭᠤᠷᠢᠨ︾᠎ ᠤ ᠪᠦᠳᠤᠬᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠦᠡᠳᠤᠰᠤᠯᠠᠨ᠂ ᠵᠠᠰᠠᠭ ᠤᠨ ᠤᠷᠳᠤᠨ ᠠᠴᠠ ᠤᠳᠤᠷᠢᠳᠤᠮᠵᠢ ᠪᠤᠯᠭᠠᠬᠤ ᠪᠠ ᠵᠠᠬ᠎ᠠ ᠲᠡᠯᠬᠡᠬᠦᠷᠴᠢᠯᠡᠬᠦ ᠎ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠨ᠂ ᠤᠯᠠᠨ ᠡᠰᠢᠳᠤ ᠪᠡᠯᠡ ᠤᠷᠤᠭᠤᠯᠤᠯᠳᠠ ᠶᠢ ᠰᠦᠪᠡᠭᠴᠢᠯᠡᠵᠤ᠂ ᠲᠤᠭᠤᠷᠢᠭ ᠤᠨ ᠰᠠᠭᠤᠷᠢ ᠲᠦᠬᠦᠬᠡᠷᠤᠮᠵᠢ ᠪᠠ ᠤᠯᠠᠨ ᠨᠠᠶᠢᠳᠠ ᠶᠢᠨ ᠦᠢᠯᠡᠴᠢᠯᠡᠬᠡᠨ ᠤ ᠲᠦᠬᠦᠬᠡᠷᠤᠮᠵᠢ ᠶᠢ ᠢᠵᠢ ᠪᠦᠷᠢᠡᠰᠢᠬᠦᠯᠬᠦ ᠶᠢ ᠠᠬᠢᠭᠤᠯᠵᠤ᠂ ᠴᠢᠳᠠᠪᠬᠢ ᠶᠢ ᠲᠠᠬᠡᠭᠰᠢᠯᠡᠬᠦᠯᠵᠤ᠂ ᠲᠦᠷᠤᠯ ᠵᠥᠢᠯ ᠢ ᠲᠦᠪᠯᠡᠷᠡᠬᠦᠯᠵᠤ᠂ ᠶᠠᠷᠤᠩᠬᠡᠢ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ᠂ ᠡᠬᠦᠯᠡᠨ ᠪᠤᠳᠤᠯᠳᠠ ᠶᠢᠨ ᠳ᠋ᠠᠶᠢᠲ᠋ᠠ ᠲᠤᠭ᠎ᠠ ᠬᠦᠮᠤᠷᠬᠡ ᠶᠢᠨ ᠲᠦᠷᠤᠯ ᠵᠥᠢᠯ ᠪᠠ ᠮᠦᠩᠬᠦᠨ ᠲᠤᠯᠢ ᠮᠤᠩᠭᠤᠯ ᠬᠡᠷ ᠤᠨ ᠦᠢᠯᠡᠳᠪᠤᠷᠢ ᠶᠢ ᠠᠵᠤ ᠦᠢᠯᠡᠳᠪᠤᠷᠢ ᠶᠢᠨ ᠲᠤᠭᠤᠷᠢᠭ ᠎ ᠲᠤ ᠰᠠᠭᠤᠷᠢᠰᠢᠭᠤᠯᠬᠤ ᠶᠢ ᠠᠬᠢᠭᠤᠯᠤᠨ᠎ᠠ᠃     ︵ᠭᠤᠷᠪᠡ︶ ᠨᠠᠶᠢᠬᠡᠮ ᠠᠷᠡᠳ ᠤᠨ ᠠᠮᠢᠳᠤᠷᠡᠯ ᠤᠨ ᠠᠵᠢᠯ ᠦᠢᠯᠡᠰ ᠢ ᠬᠦᠴᠤᠯᠠᠨ ᠠᠳᠬᠤᠨ᠎ᠠ᠃ ᠭᠤᠤᠯᠳᠠᠯᠭ᠎ᠠ ᠪᠠᠨ ᠠᠳᠬᠤᠨ᠂ ᠲᠤᠳᠠᠭᠳᠠᠯ ᠢᠶᠠᠨ ᠨᠦᠬᠦᠪᠤᠷᠢᠯᠡᠵᠤ᠂ ᠰᠠᠭᠤᠷᠢ ᠪᠠᠨ ᠪᠠᠬᠢᠵᠢᠬᠦᠯᠵᠤ᠂ ᠨᠠᠶᠢᠬᠡᠮ ᠤᠨ ᠠᠵᠢᠯ ᠦᠢᠯᠡᠰ ᠢ ᠬᠦᠭᠵᠢᠬᠦᠯᠵᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠤᠨ᠂ ᠪᠦᠬᠦ ᠬᠤᠰᠢᠭᠤᠨ ᠤ ᠠᠷᠡᠳ ᠲᠦᠮᠡᠨ ᠳᠤ ᠨᠠᠶᠢᠳᠠᠮ ᠠᠰᠢᠭ ᠬᠦᠷᠳᠡᠬᠡᠵᠤ᠂ ᠡᠩ ᠤᠨ ᠤᠯᠠᠨ ᠨᠠᠶᠢᠳᠠ ᠶᠢᠨ ᠲᠦᠰᠤᠪᠯᠡᠭᠰᠡᠨ ᠵᠠᠷᠤᠯᠭ᠎ᠠ ᠶᠢᠨ 75%᠎ ᠠᠴᠠ ᠲᠡᠬᠡᠭᠰᠢ ᠶᠢ ᠠᠷᠡᠳ ᠤᠨ ᠠᠮᠢᠳᠤᠷᠡᠯ ᠪᠠ ᠨᠠᠶᠢᠬᠡᠮ ᠤᠨ ᠠᠵᠢᠯ ᠦᠢᠯᠡᠰ ᠲᠤ ᠬᠡᠷᠡᠭᠯᠡᠬᠦ ᠶᠢ ᠪᠠᠳᠤᠯᠠᠨ᠎ᠠ ᠃ ᠰᠤᠷᠭᠠᠨ ᠬᠦᠮᠤᠵᠢᠯ ᠤᠨ ᠦᠢᠯᠡᠰ ᠢ ᠣᠷᠢᠳᠠᠪᠠᠷ ᠬᠦᠭᠵᠢᠬᠦᠯᠤᠨ᠎ᠠ᠃ ︽ᠰᠠᠭᠤᠷᠢ ᠰᠤᠷᠭᠠᠨ ᠬᠦᠮᠤᠵᠢᠯ ᠤᠨ ᠶᠠᠰᠤ ᠴᠢᠨᠡᠷ ᠢ ᠲᠡᠬᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠮᠠᠷᠬᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ ᠶᠢ ᠲᠦᠷᠬᠡᠳᠬᠡᠨ᠂ ᠬᠢᠴᠢᠶᠠᠯᠯᠡᠭᠡ ᠶᠢᠨ ᠦᠬᠡᠷᠡᠴᠢᠯᠡᠯᠳᠡ ᠪᠠ ︽ᠵᠢᠷᠭᠤᠭᠠᠨ ᠡᠩᠨᠡᠭᠡ︾᠎ ᠶᠢᠨ ᠪᠠᠶᠢᠭᠤᠯᠤᠯᠳᠠ ᠵᠢᠴᠢ ᠨᠠᠷᠢᠯᠢᠭᠵᠢᠭᠰᠡᠨ ᠬᠠᠮᠢᠶᠠᠷᠤᠯᠳᠠ ᠶᠢ ᠴᠢᠩᠭᠠᠳᠬᠠᠨ᠂ ᠡᠯ᠎ᠠ ᠲᠦᠷᠤᠯ ᠤᠨ ᠰᠤᠷᠤᠯᠭ᠎ᠠ ᠲᠡᠳᠬᠦᠬᠦ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠦᠡᠳᠤᠰᠤᠳᠠᠨ ᠤ ᠰᠤᠷᠭᠠᠨ ᠬᠦᠮᠤᠵᠢᠯ ᠤᠨ ᠰᠤᠳᠤᠨ ᠰᠤᠷᠭᠠᠭᠤᠯᠢ ᠶᠢ ᠴᠤᠭᠴᠠᠯᠠᠬᠤ ᠠᠵᠢᠯ ᠢ ᠢᠳᠡᠪᠬᠢᠳᠡᠢ ᠠᠬᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠷᠢᠯᠭ᠎ᠠ ᠶᠢᠨ ᠠᠮᠤᠷ ᠲᠦᠪᠰᠢᠨ ᠤ ᠢᠡᠵᠧᠨᠧᠷᠢᠩ ᠢ ᠪᠠᠶᠠᠯᠠᠬᠦᠯᠵᠤ᠂ ᠮᠦᠩᠭᠡᠭᠠᠯ ᠬᠡᠤᠬᠡᠳ ᠤᠨ ᠴᠡᠴᠡᠷᠯᠢᠭ᠂ ᠠᠵᠢᠯ ᠮᠠᠷᠬᠡᠵᠢᠯ ᠤᠨ ᠰᠤᠷᠭᠠᠨ ᠬᠦᠮᠤᠵᠢᠯ ᠤᠨ ᠶᠠᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠢ ᠠᠰᠢᠭᠯᠠᠯᠳᠠ ᠳᠤ ᠤᠷᠤᠭᠤᠯᠤᠨ᠂ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠴᠢᠨᠠᠷᠵᠢᠯ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ︽ᠡᠷᠡᠬᠦᠯ ᠡᠩᠬᠡ ᠠᠪᠠᠭ᠎ᠠ︾᠎ ᠶᠢᠨ ᠪᠠᠶᠢᠭᠤᠯᠤᠯᠳᠠ ᠶᠢ ᠯᠠᠪᠳᠠᠭᠤᠨ ᠠᠬᠢᠭᠤᠯᠤᠨ᠎ᠠ᠃ ︽ᠡᠮ ᠡᠮᠨᠡᠯᠬᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ︾᠎ ᠶᠢ ᠠᠬᠢᠭᠤᠯᠵᠤ᠂ ᠡᠮᠴᠢᠯᠡᠭᠡ ᠡᠷᠡᠬᠦᠯ ᠬᠠᠮᠠᠭᠠᠯᠠᠯ ᠤᠨ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠤᠷᠢᠨ ᠤᠷᠤᠭᠤᠯᠬᠤ ᠶᠢ ᠴᠢᠩᠭᠠᠳᠬᠠᠨ᠂ ᠭᠤᠷᠪᠡᠨ ᠲᠡᠰ ᠎ ᠤᠨ ᠠᠯᠤᠰ ᠡᠵᠡᠮᠰᠢᠯᠳᠤ ᠡᠮᠴᠢᠯᠡᠬᠡᠨ ᠤ ᠲᠠᠪᠴᠠᠩ ᠤᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ︽ᠲᠤᠭᠳᠠᠮᠠᠯ + ᠬᠦᠳᠡᠯᠤᠩᠬᠦᠢ︾ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠪᠠᠳᠤᠳᠬᠠᠨ᠂ ᠬᠡᠷ ᠪᠦᠯᠢ ᠶᠢᠨ ᠡᠮᠴᠢ ᠲᠠᠢ ᠬᠡᠷ᠎ᠠ ᠲᠤᠭᠳᠠᠬᠤ ᠦᠢᠯᠡᠴᠢᠯᠡᠭᠡ ᠪᠠᠨ ᠴᠢᠩᠭᠠᠳᠬᠠᠵᠤ᠂ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ ᠎ ᠤ ᠭᠤᠤᠯᠳᠠᠯᠭᠠᠳᠤ ᠠᠵᠢᠯ ᠢ ᠨᠠᠷᠢᠨ ᠬᠢᠨᠠᠮᠠᠭᠠᠢ ᠬᠢᠵᠤ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠪᠠ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠴᠢᠩᠭᠠᠳᠬᠠᠨ᠂ ᠬᠤᠰᠢᠭᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠶᠠᠷᠤᠩᠬᠡᠶᠢᠯᠡᠭᠰᠡᠨ ᠠᠰᠠᠷ᠂ ᠴᠠᠩᠬᠡᠯᠪᠤᠯᠠᠭ ᠡᠷᠡᠬᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠳᠠ ᠳᠤ ᠤᠷᠤᠭᠤᠯᠵᠤ᠂ ᠬᠤᠰᠢᠭᠤ ᠮᠤᠩᠭᠤᠯ ᠡᠮᠨᠡᠯᠭᠡ ᠶᠢᠨ ᠬᠤᠷᠢᠶᠠᠨ ᠠᠴᠠ ᠨᠠᠶᠢᠷᠠᠭᠤᠯᠣᠭᠰᠠᠨ ᠡᠮ ᠢ ᠬᠤᠰᠢᠭᠤᠨ ᠤ ᠬᠡᠪᠴᠢᠶᠠᠨ ᠳᠤ ᠬᠡᠷᠡᠭᠯᠡᠬᠡᠨ ᠳᠤ ᠤᠷᠤᠭᠤᠯᠵᠤ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠨᠠᠷᠵᠢᠯ ᠢᠶᠠᠨ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ ᠰᠤᠶᠤᠯ ᠲᠠᠮᠢᠷ ᠤᠨ ᠦᠢᠯᠡᠰ ᠤᠨ ᠴᠡᠴᠡᠭᠯᠡᠨ ᠬᠦᠭᠵᠢᠯᠳᠠ ᠶᠢ ᠶᠡᠭᠡ ᠬᠦᠴᠤᠨ ᠢᠶᠠᠷ ᠠᠬᠢᠭᠤᠯᠤᠨ᠎ᠠ᠃ ᠤᠯᠠᠭᠠᠡᠮᠦ᠋ᠴᠢᠷ ᠤᠨ ᠪᠠᠶᠢᠭᠤᠯᠤᠯᠳᠠ ᠶᠢ ᠲᠦᠷᠬᠡᠳᠬᠡᠨ᠂ ᠲᠤᠭᠯᠠᠭᠴᠢᠳ ᠲᠤ ᠪᠤᠯᠪᠠᠰᠤᠷᠠᠯ ᠬᠦᠷᠳᠡᠬᠡᠬᠦ ᠡᠷᠴᠢᠮ ᠢᠶᠠᠨ ᠴᠢᠩᠭᠠᠷᠠᠭᠤᠯᠤᠨ᠂ ︽ᠤᠯᠠᠭᠠᠡᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠠᠷᠡᠳ ᠲᠦᠮᠡᠨ ᠤ ᠲᠤᠮᠳᠠ ᠬᠦᠡᠵᠡᠬᠡᠶᠢᠷᠡᠬᠦ︾ ᠦᠡᠳᠤᠰᠤᠨ ᠱᠠᠳᠤᠨ ᠤ ᠶᠠᠷᠤᠩᠬᠡᠶᠢᠯᠡᠭᠰᠡᠨ ᠦᠢᠯᠡᠴᠢᠯᠡᠬᠡᠨ ᠤ ᠠᠵᠢᠯᠯᠠᠭ᠎ᠠ ᠶᠢ ᠲᠠᠰᠤᠷᠠᠯᠳᠠ ᠦᠬᠡᠢ ᠪᠠᠶᠠᠯᠢᠭᠵᠢᠭᠤᠯᠵᠤ᠂ ᠲᠤᠭᠯᠠᠬᠤ᠂ ᠵᠤᠬᠢᠶᠠᠨ ᠪᠦᠳᠤᠬᠡᠬᠦ ᠪᠠ ᠦᠡᠳᠤᠰᠤᠨ ᠱᠠᠳᠤᠨ ᠳᠤ ᠦᠢᠯᠡᠴᠢᠯᠡᠬᠦ ᠬᠢᠷᠢ ᠲᠦᠪᠰᠢᠨ ᠢᠶᠠᠨ ᠲᠡᠬᠡᠭᠰᠢᠯᠡᠬᠦᠯᠤᠨ᠎ᠠ᠃ ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ ᠤᠨ ᠦᠢᠯᠡᠴᠢᠯᠡᠭᠡ ᠬᠠᠮᠢᠶᠠᠷᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠵᠤ᠂ ᠴᠤᠭᠤᠷ ᠲᠠᠭᠤᠤ ᠦᠪᠯᠡᠨ ᠤᠯᠠᠮᠵᠢᠯᠠᠬᠤ ᠲᠦᠪ ᠢ ᠠᠰᠢᠭᠯᠠᠯᠳᠠ ᠳᠤ ᠤᠷᠤᠭᠤᠯᠤᠨ᠎ᠠ᠃ ᠤᠯᠠᠨ ᠲᠦᠮᠡᠨ ᠤ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠵᠤ᠂ ᠬᠠᠷ᠎ᠠ ᠠᠳᠤᠭᠤᠨ ᠰᠤᠶᠤᠯ ᠎ ᠤᠨ ᠨᠠᠶᠢᠷ᠂ ᠮᠤᠩᠭᠤᠯ ᠰᠢᠳᠠᠷ᠎ᠠ ᠶᠢᠨ ᠰᠤᠶᠤᠯ ᠢ ᠤᠯᠠᠮᠵᠢᠯᠠᠨ ᠬᠦᠭᠵᠢᠬᠦᠯᠬᠦ ᠰᠤᠳᠤᠯᠭᠠᠨ ᠤ ᠲᠠᠪᠴᠠᠩ ᠵᠢᠴᠢ ᠬᠤᠶᠠᠳᠤᠭᠠᠷ ᠬᠤᠭᠤᠴᠠᠭᠠᠨ ᠤ ︽ᠲᠠᠮᠤᠷ ᠨᠠᠷᠠᠮᠵᠢᠳᠤ︾ ᠮᠤᠩᠭᠤᠯ ᠰᠢᠳᠠᠷ᠎ᠠ ᠶᠢᠨ ᠤᠷᠤᠯᠳᠤᠭᠠᠨ ᠵᠡᠷᠬᠡ ᠰᠤᠶᠤᠯ ᠲᠠᠮᠢᠷ ᠤᠨ ᠬᠦᠳᠡᠯᠬᠡᠬᠡᠨ ᠢ  ᠰᠠᠶᠢᠳᠤᠷ ᠡᠷᠬᠢᠯᠡᠵᠤ᠂ ᠰᠤᠶᠤᠯ ᠤᠷᠠᠯᠢᠭ ᠤᠨ ᠵᠤᠬᠢᠶᠠᠨ ᠪᠦᠳᠤᠬᠡᠯ ᠢ ᠴᠡᠴᠡᠭᠯᠡᠨ ᠬᠦᠭᠵᠢᠬᠦᠯᠵᠤ᠂ ᠤᠷᠡᠨ ᠵᠤᠬᠢᠶᠠᠯ ᠤᠨ ᠪᠠᠭ᠋ᠠᠳᠠᠳ ᠠᠴᠠ ᠨᠠᠩ ᠤᠯᠠᠨ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠎ ᠤᠨ ᠬᠦᠭᠵᠢᠯᠳᠠ ᠪᠠ ᠨᠤᠳᠤᠭ ᠤᠷᠤᠨ ᠤ ᠲᠠᠪᠰᠢᠯᠳᠠ ᠬᠤᠪᠢᠷᠠᠯᠳᠠ ᠶᠢ ᠬᠦᠢᠴᠡᠳ ᠲᠤᠰᠬᠠᠭᠰᠡᠨ ᠰᠢᠯᠢᠳᠡᠭ ᠪᠦᠳᠤᠬᠡᠯ ᠨᠠᠶᠢᠷᠠᠭᠤᠯᠤᠨ ᠬᠡᠪᠯᠡᠬᠦ ᠶᠢ ᠢᠳᠡᠪᠬᠢᠳᠡᠢ ᠵᠤᠷᠢᠭᠵᠢᠭᠤᠯᠤᠨ ᠲᠠᠮᠵᠢᠨ᠎ᠠ᠃ ᠦᠢᠯᠡᠰ ᠡᠷᠬᠢᠯᠡᠬᠦ ᠶᠢ ᠵᠤᠷᠢᠭᠵᠢᠭᠤᠯᠵᠤ ᠠᠵᠢᠯ ᠤᠯᠭᠤᠯᠳᠠ ᠶᠢ ᠲᠠᠶᠢᠴᠢᠯᠠᠨ᠎ᠠ᠃ ︽ᠤᠶᠤᠡᠳᠤ ᠬᠦᠳᠡᠯᠮᠤᠷᠢ ᠠᠵᠢᠯᠳᠠᠨ︾᠎ ᠤ ᠰᠢᠰᠲ᠋ᠧᠮ ᠢ ᠪᠦᠬᠦ ᠲᠠᠯ᠎ᠠ ᠪᠠᠷ ᠡᠬᠢᠯᠡᠬᠦᠯᠵᠤ᠂ ︽ᠢᠡᠲ᠋ᠧᠷ ᠰᠦᠯᠵᠢᠶ᠎ᠠ + ᠦᠢᠯᠡᠰ ᠡᠷᠬᠢᠯᠡᠬᠦ︾ ᠬᠡᠪ ᠵᠠᠭᠪᠤᠷ ᠢ ᠠᠰᠢᠭᠯᠠᠨ᠂ ᠦᠢᠯᠡᠰ ᠡᠷᠬᠢᠯᠡᠭᠴᠢᠳ ᠤᠨ ᠪᠦᠳᠤᠬᠡᠭᠳᠡᠬᠦᠨ ᠢᠶᠠᠨ ᠪᠤᠷᠤᠯᠠᠭᠤᠯᠬᠤ ᠠᠷᠭ᠎ᠠ ᠵᠠᠮ ᠢ ᠦᠷᠬᠡᠳᠬᠡᠵᠤ᠂ ᠬᠠᠨᠳᠤᠯᠭ᠎ᠠ ᠲᠠᠢ ᠂ ᠵᠠᠬᠢᠶᠠᠯᠠᠭ᠎ᠠ ᠠᠪᠬᠤ᠂ ᠦᠪᠡᠰᠤᠪᠡᠨ ᠰᠢᠯᠢᠬᠦ ᠪᠠ ᠨᠦᠬᠦᠪᠤᠷᠢ ᠤᠯᠭᠤᠬᠤ ᠵᠡᠷᠬᠡ ᠪᠤᠯᠪᠠᠰᠤᠷᠠᠯ ᠤᠨ ᠠᠷᠭ᠎ᠠ ᠬᠡᠯᠪᠡᠷᠢ ᠎ ᠪᠠᠷ ᠠᠵᠢᠯ ᠤᠯᠬᠤ ᠳᠤ ᠬᠦᠴᠢᠷᠳᠡᠢ ᠤᠯᠠᠨ ᠲᠦᠮᠡᠨ ᠳᠤ ᠠᠵᠢᠯ ᠮᠠᠷᠬᠡᠵᠢᠯ ᠤᠨ ᠪᠤᠯᠪᠠᠰᠤᠷᠠᠯ ᠬᠦᠷᠳᠡᠬᠡᠬᠦ ᠡᠷᠴᠢᠮ ᠎ ᠢᠶᠠᠨ ᠴᠢᠩᠭᠠᠷᠠᠭᠤᠯᠵᠤ᠂ ᠵᠢᠯ ᠤᠨ ᠲᠤᠳᠤᠷ᠎ᠠ 4000᠎ ᠠᠴᠠ ᠲᠡᠭᠡᠭᠰᠢ ᠠᠵᠢᠯ ᠤᠨ ᠪᠠᠶᠢᠷᠢ ᠴᠤᠭᠯᠠᠭᠤᠯᠵᠤ᠂ ᠬᠤᠳᠠ ᠬᠦᠳᠡᠭᠡ ᠶᠢᠨ 2000᠎ ᠠᠴᠠ ᠲᠡᠭᠡᠭᠰᠢ ᠬᠦᠮᠤᠨ ᠳᠤ ᠠᠵᠢᠯ ᠤᠯᠭᠤᠵᠤ᠂ ᠦᠢᠯᠡᠰ ᠡᠷᠬᠢᠯᠡᠬᠦ ᠪᠠᠳᠤᠯᠠᠭᠠᠳᠤ ᠵᠢᠬᠡᠯᠡᠯᠬᠡ 300 ᠲᠦᠮᠡᠨ ᠲᠦᠬᠦᠷᠢᠭ ᠠᠴᠠ ᠲᠡᠭᠡᠭᠰᠢ ᠲᠠᠷᠬᠠᠭᠠᠨ᠂ ᠬᠤᠳᠠ ᠪᠠᠯᠭᠠᠰᠤᠨ ᠤ ᠲᠠᠩᠰᠠᠯᠠᠭᠤᠯᠤᠭᠰᠡᠨ ᠠᠵᠢᠯ ᠠᠯᠳᠠᠭᠰᠡᠳ ᠤᠨ ᠨᠤᠷᠮ᠎ᠠ ᠶᠢ 2%᠎ ᠤᠨ ᠲᠤᠳᠤᠷ᠎ᠠ ᠬᠢᠵᠠᠭᠠᠷᠯᠠᠨ᠎ᠠ᠃ ᠨᠠᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠲᠠᠰᠤᠷᠠᠯᠳᠠ ᠦᠬᠡᠢ ᠪᠦᠷᠢᠡᠰᠢᠬᠦᠯᠤᠨ᠎ᠠ᠃ ᠪᠦᠬᠦ ᠠᠷᠡᠳ ᠤᠨ ᠲᠠᠭᠠᠳᠬᠠᠯ ᠳᠤ ᠤᠷᠤᠬᠤ ᠶᠢ ᠲᠠᠩᠰᠠᠯᠠᠬᠤ ᠲᠦᠯᠤᠪᠯᠡᠭᠡ ᠶᠢ ᠦᠷᠬᠦᠯᠵᠢᠯᠡᠨ ᠠᠬᠢᠭᠤᠯᠵᠤ᠂ ᠨᠠᠰᠤᠵᠢᠯ ᠪᠠ ᠡᠮᠴᠢᠯᠡᠬᠡᠨ ᠤ ᠲᠠᠭᠠᠳᠬᠠᠯ ᠤᠨ ᠲᠦᠷᠢᠮ ᠎ ᠢ ᠪᠦᠷᠢᠡᠰᠢᠬᠦᠯᠵᠤ᠂ ᠡᠯ᠎ᠠ ᠲᠦᠷᠤᠯ ᠤᠨ ᠰᠠᠭᠤᠷᠢ ᠮᠦᠩᠬᠦ ᠶᠢ ᠲᠠᠳᠠᠪᠤᠷᠢᠯᠡᠨ ᠲᠤᠰᠢᠶᠠᠯᠭᠠᠬᠤ ᠡᠷᠴᠢᠮ ᠢ ᠴᠢᠩᠭᠠᠷᠠᠭᠤᠯᠵᠤ᠂ ᠨᠠᠶᠢᠬᠡᠮ ᠤᠨ ᠲᠠᠭᠠᠳᠬᠠᠯ ᠤᠨ ᠤᠯᠠᠨ ᠨᠠᠶᠢᠳᠠ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠤᠨ᠎ᠠ᠃ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢ ᠬᠤᠳᠠ ᠬᠦᠳᠡᠭᠡ ᠳᠤ ᠨᠢᠬᠡᠳᠤᠯᠳᠡᠢ ᠲᠦᠯᠤᠪᠵᠢᠬᠦᠯᠬᠦ᠂ ᠤᠡᠴᠠ ᠬᠦᠴᠢᠷᠳᠡᠯᠳᠡᠢ ᠬᠦᠮᠤᠰ ᠲᠤ ᠠᠰᠠᠷᠠᠮᠵᠢ ᠬᠦᠷᠳᠡᠬᠡᠬᠦ᠂ ᠬᠦᠴᠢᠷᠳᠡᠯᠳᠡᠢ ᠤᠯᠠᠨ ᠲᠦᠮᠡᠨ ᠎ ᠳᠤ ᠤᠷᠤᠨ ᠰᠠᠭᠤᠴᠠ ᠶᠢᠨ ᠪᠠᠳᠤᠯᠠᠭ᠎ᠠ ᠬᠠᠩᠭᠠᠬᠤ ᠵᠡᠷᠬᠡ ᠪᠠᠳᠤᠯᠠᠭ᠎ᠠ ᠶᠢᠨ ᠴᠢᠨᠠᠷᠳᠡᠢ ᠲᠦᠷᠤ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠨᠠᠶᠢᠳᠠᠪᠣᠷᠢᠵᠢᠭᠤᠯᠣᠨ᠎ᠠ᠃ ᠡᠮᠡᠭᠳᠡᠶᠢᠴᠤᠳ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠎ ᠢ ᠬᠠᠮᠠᠭᠠᠯᠠᠨ᠂ ᠤᠯᠠᠭᠠᠨ ᠵᠠᠭᠠᠯᠮᠠᠶᠢᠳᠠᠨ ᠵᠡᠷᠬᠡ ᠪᠤᠶᠠᠡᠰᠠᠭ ᠨᠠᠶᠢᠳᠠ ᠳᠤ ᠠᠰᠢᠭᠳᠡᠢ ᠦᠢᠯᠡᠰ ᠢ ᠬᠦᠭᠵᠢᠬᠦᠯᠵᠤ᠂ ᠵᠡᠮᠳᠡᠭᠴᠤᠳ ᠲᠤ ᠨᠠᠩ ᠢᠯᠡᠬᠦᠦ ᠬᠠᠶᠢᠷ᠎ᠠ ᠬᠠᠯᠠᠮᠵᠢ ᠬᠦᠷᠳᠡᠬᠡᠨ᠂ ᠵᠡᠮᠳᠡᠭᠴᠤᠳ ᠢ ᠠᠰᠠᠷᠠᠨ ᠬᠠᠷᠠᠭᠠᠯᠵᠠᠬᠤ ᠶᠠᠷᠤᠩᠬᠡᠶᠢᠯᠡᠭᠰᠡᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠤᠨ᠎ᠠ᠃     ︵ᠲᠦᠷᠪᠡ︶ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠳᠠ ᠶᠢ ᠬᠦᠴᠤᠯᠠᠨ ᠠᠳᠬᠤᠨ᠎ᠠ᠃ ᠦᠪᠡᠷᠳᠡᠬᠡᠨ ᠵᠠᠰᠠᠬᠤ ᠤᠷᠤᠨ ᠤ ︽ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠴᠢᠨᠠᠷ ᠰᠠᠶᠢᠳᠡᠢ ᠬᠦᠭᠵᠢᠯᠳᠠ ᠶᠢ ᠠᠬᠢᠭᠤᠯᠬᠤ ᠲᠤᠬᠠᠢ ᠰᠠᠨᠠᠯ︾᠎ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠬᠦᠭᠵᠢᠯᠳᠠ ᠶᠢᠨ ᠤᠷᠴᠢᠨ ᠢ ᠲᠠᠰᠤᠷᠠᠯᠳᠠ ᠦᠬᠡᠢ ᠰᠢᠯᠢᠳᠡᠭᠵᠢᠬᠦᠯᠤᠨ᠂ ᠦᠢᠯᠡᠴᠢᠯᠡᠬᠡᠨ ᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠬᠡᠭᠰᠢᠯᠡᠬᠦᠯᠵᠤ᠂ ᠪᠤᠳᠠᠳᠤ ᠠᠵᠢᠯᠯᠠᠭ᠎ᠠ ᠪᠠᠷ ᠢᠶᠠᠨ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠴᠢᠨᠠᠷ ᠰᠠᠶᠢᠳᠡᠢ ᠬᠦᠭᠵᠢᠯᠳᠠ ᠶᠢ ᠠᠬᠢᠭᠤᠯᠤᠨ᠎ᠠ᠃ ᠭᠠᠶᠢᠯᠢ ᠶᠢ ᠬᠡᠯᠳᠤᠷᠢᠬᠦᠯᠵᠤ᠂ ᠰᠦᠢᠳᠬᠡᠯ ᠢ ᠪᠠᠭᠠᠰᠬᠠᠬᠤ ᠲᠦᠷᠤ ᠶᠢᠨ ᠪᠤᠳᠤᠯᠭ᠎ᠠ ᠎ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠨ᠎ᠠ᠃ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ ᠲᠦᠷᠤᠯ ᠵᠥᠢᠯ ᠡᠷᠡᠮᠡᠯᠵᠡᠯᠡᠬᠦ᠂ ᠪᠡᠯᠡ ᠮᠦᠩᠬᠦ ᠶᠢᠨ ᠨᠦᠬᠦᠪᠤᠷᠢ᠂ ᠴᠢᠳᠠᠪᠤᠷᠢᠳᠠᠨ ᠢ ᠣᠷᠢᠨ ᠤᠷᠤᠭᠤᠯᠬᠤ ᠵᠡᠷᠬᠡ ᠲᠠᠯ᠎ᠠ ᠶᠢᠨ ᠬᠠᠷᠠᠭᠠᠯᠵᠠᠯ ᠢ ᠪᠠᠳᠤᠯᠠᠵᠤ᠂ ᠠᠵᠤ ᠠᠬᠤᠶᠢᠯᠠᠯ ᠲᠠᠢ ᠬᠤᠯᠪᠤᠭᠳᠠᠬᠤ ᠰᠦᠢᠳᠬᠡᠯ ᠬᠤᠷᠢᠶᠠᠬᠤ ᠠᠵᠢᠯᠯᠠᠭ᠎ᠠ ᠶᠢ ᠦᠷᠬᠦᠯᠵᠢᠯᠡᠨ ᠴᠡᠭᠴᠡᠯᠡᠨ ᠲᠦᠷᠢᠮᠵᠢᠬᠦᠯᠵᠤ᠂ ᠭᠠᠶᠢᠯᠢ ᠰᠦᠢᠳᠬᠡᠯ ᠢ ᠪᠠᠭᠠᠰᠬᠠᠬᠤ᠂ ᠭᠠᠵᠡᠷ ᠲᠠᠳᠠᠪᠤᠷᠢᠯᠡᠵᠤ᠂ ᠴᠠᠬᠢᠯᠭᠠᠨ ᠬᠡᠷᠡᠭᠯᠡᠬᠦ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠠᠬᠤᠶᠢᠯᠡᠯ ᠎ ᠠᠴᠠ ᠬᠤᠷᠢᠶᠠᠬᠤ ᠵᠤᠬᠢᠰᠳᠡᠢ ᠰᠦᠢᠳᠬᠡᠯ ᠠᠴᠠ ᠭᠠᠳᠠᠨ᠎ᠠ ᠲᠡᠬᠢᠨ ᠰᠦᠢᠳᠬᠡᠯ ᠬᠤᠷᠢᠶᠠᠬᠤ ᠦᠬᠡᠢ︾ ᠪᠠᠶᠢᠬᠤ ᠶᠢ ᠪᠠᠳᠤᠯᠠᠨ᠎ᠠ᠃ ᠵᠢᠬᠡᠯᠡᠯᠬᠡ ᠪᠠ ᠪᠡᠯᠡ ᠬᠤᠷᠠᠮᠳᠤᠭᠤᠯᠬᠤ ᠲᠠᠪᠴᠠᠩ ᠢ ᠢᠳᠡᠪᠬᠢᠳᠡᠢ ᠪᠤᠢ ᠪᠤᠯᠭᠠᠨ᠎ᠠ᠃ ᠲᠡᠬᠡᠳᠤ ᠱᠠᠳᠤᠨ ᠎ ᠤ ᠵᠢᠬᠡᠯᠡᠯᠬᠡ ᠲᠠᠯᠪᠢᠬᠤ ᠪᠡᠯᠡ ᠬᠤᠷᠠᠮᠳᠤᠭᠤᠯᠬᠤ ᠲᠦᠷᠤ ᠶᠢᠨ ᠪᠤᠳᠤᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ ᠂ ᠪᠠᠩᠬᠢ ᠠᠴᠠ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠳᠤ ︽ᠵᠢᠬᠡᠯᠡᠯᠬᠡ ᠲᠠᠯᠪᠢᠬᠤ ᠠᠴᠠ ᠠᠶᠤᠬᠤ ᠦᠬᠡᠢ᠂ ᠵᠢᠬᠡᠯᠡᠯᠬᠡ ᠲᠠᠯᠪᠢᠬᠤ ᠲᠤᠷ᠎ᠠ ᠲᠠᠢ᠂ ᠵᠢᠬᠡᠯᠡᠬᠦᠯᠵᠤ ᠲᠠᠶᠢᠯᠬᠦ︾ ᠵᠢᠬᠡᠯᠡᠯᠬᠡ ᠲᠠᠯᠪᠢᠬᠤ ᠪᠠᠶᠢᠩᠭᠤ ᠶᠢᠨ ᠵᠤᠬᠢᠴᠠᠮᠵᠢ ᠪᠠ ᠤᠯᠠᠨ ᠲᠦᠷᠤᠯ ᠤᠨ ᠪᠡᠯᠡ ᠮᠦᠩᠬᠦ ᠶᠢᠨ ᠢᠷᠠᠯᠳᠠ ᠪᠠ ᠤᠯᠠᠨ ᠵᠥᠢᠯ ᠤᠨ ᠵᠤᠬᠢᠶᠠᠨ ᠪᠠᠶᠢᠭᠤᠯᠬᠤ ᠬᠡᠯᠪᠡᠷᠢ᠂ ᠤᠯᠠᠨ ᠲᠡᠰ ᠲᠠᠪᠬᠤᠷᠭ᠎ᠠ ᠪᠠᠷ ᠪᠦᠷᠢᠯᠳᠦᠭᠰᠡᠨ ᠪᠠᠳᠤᠯᠠᠭᠠᠨ ᠤ ᠲᠤᠭᠳᠠᠯᠴᠠᠭ᠎ᠠ ᠶᠢ ᠪᠠᠶᠢᠭᠤᠯᠵᠤ᠂ ᠠᠷᠡᠳ ᠠᠴᠠ ᠡᠷᠬᠢᠯᠡᠭᠰᠡᠨ ᠠᠵᠤ ᠠᠬᠤᠶᠢᠯᠠᠯ ᠤᠨ ᠵᠢᠬᠡᠯᠡᠯᠬᠡ ᠶᠢᠨ ᠪᠠᠳᠤᠯᠠᠭᠠᠨ ᠤ ᠲᠦᠪ ᠢ ᠪᠠᠶᠢᠭᠤᠯᠬᠤ ᠪᠠᠷ ᠰᠦᠪᠡᠭᠴᠢᠯᠡᠵᠤ᠂ 200 ᠲᠦᠮᠡᠨ ᠲᠦᠬᠦᠷᠢᠭ ᠤᠨ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠳᠠ ᠶᠢᠨ ᠰᠠᠭᠤᠷᠢ ᠮᠦᠩᠬᠦ ᠶᠢ ᠪᠠᠶᠢᠭᠤᠯᠵᠤ ᠂ ᠬᠦᠦ ᠮᠦᠩᠬᠦ ᠶᠢ ᠨᠦᠬᠦᠪᠤᠷᠢᠯᠡᠬᠦ᠂ ᠪᠠᠳᠤᠯᠠᠬᠤ ᠵᠠᠷᠬᠡ ᠠᠷᠭ᠎ᠠ ᠪᠠᠷ ᠲᠠᠮᠵᠢᠨ᠂ ᠨᠠᠩ ᠤᠯᠠᠨ ᠮᠦᠩᠬᠦᠨ ᠬᠦᠢᠯᠬᠡᠬᠡᠨ ᠎ ᠤ ᠡᠬᠢ ᠪᠠᠶᠠᠯᠢᠭ ᠪᠠ ᠨᠠᠶᠢᠬᠡᠮ ᠤᠨ ᠪᠡᠯᠡ ᠮᠦᠩᠬᠦ ᠶᠢ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ ᠬᠦᠭᠵᠢᠯᠳᠠ ᠶᠢ ᠲᠠᠮᠵᠢᠬᠦ ᠳᠤ ᠬᠡᠷᠡᠭᠯᠡᠨ᠂ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ ᠪᠡᠯᠡ ᠮᠦᠩᠬᠦ ᠪᠠ ᠬᠦᠷᠤᠩᠬᠡ ᠬᠤᠷᠠᠮᠳᠤᠭᠤᠯᠬᠤ ᠬᠦᠴᠢᠷᠳᠡᠯ ᠢ ᠠᠯᠬᠤᠮ ᠠᠯᠬᠤᠮ ᠢᠶᠠᠷ ᠰᠢᠢᠳᠪᠤᠷᠢᠯᠡᠨ᠎ᠠ᠃ ᠬᠦᠬᠦᠷᠬᠡ ᠬᠤᠯᠪᠤᠭᠠᠰᠤ ᠎ ᠶᠢᠨ ᠦᠢᠯᠡᠳᠤᠯ ᠢ ᠲᠠᠰᠤᠷᠠᠯᠳᠠ ᠦᠬᠡᠢ ᠴᠢᠩᠭᠠᠳᠬᠠᠨ᠎ᠠ᠃ ᠦᠢᠯᠠᠳᠪᠤᠷᠢ ᠬᠤᠳᠠᠯᠳᠤᠭᠠᠨ ᠤ ᠬᠤᠯᠪᠤᠭᠠᠳᠤ ᠬᠤᠷᠡᠯ ᠎ ᠤᠨ ᠨᠠᠮ ᠵᠠᠰᠠᠭ ᠠᠴᠠ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠶᠢᠯᠠᠯᠳᠠᠨ ᠲᠠᠢ ᠬᠠᠷᠢᠴᠠᠬᠤ ᠬᠦᠬᠦᠷᠬᠡ ᠬᠤᠯᠪᠤᠭᠠᠰᠤ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠲᠤᠭᠳᠠᠮᠠᠯ ᠬᠤᠭᠤᠴᠠᠭ᠎ᠠ ᠲᠠᠢ ᠪᠠᠷ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠳᠠ ᠶᠢ ᠰᠤᠳᠤᠯᠬᠤ ᠠᠵᠢᠯ ᠤᠨ ᠵᠤᠬᠢᠴᠠᠮᠵᠢ ᠪᠠ ᠬᠤᠰᠢᠭᠤᠨ ᠤ ᠤᠳᠤᠷᠢᠳᠤᠯᠭ᠎ᠠ ᠠᠴᠠ ᠲᠤᠭᠳᠠᠭᠰᠡᠨ ᠴᠡᠭ ᠲᠤ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠲᠠᠢ ᠬᠠᠷᠢᠴᠠᠬᠤ ᠠᠵᠢᠯ ᠤᠨ ᠲᠦᠷᠢᠮ ᠢ ᠪᠠᠶᠢᠭᠤᠯᠵᠤ᠂ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠡᠵᠡᠩᠨᠡᠯᠳᠡ ᠬᠠᠮᠢᠶᠠᠷᠤᠯᠳᠠ ᠎ ᠶᠢᠨ ᠪᠤᠯᠪᠠᠰᠤᠷᠠᠯ ᠤᠨ ᠢᠡᠵᠧᠨᠧᠷᠢᠩ ᠢ ᠬᠡᠷᠡᠭᠵᠢᠬᠦᠯᠵᠤ᠂ ᠠᠷᠡᠳ ᠠᠴᠠ ᠡᠷᠬᠢᠯᠡᠭᠰᠡᠨ ᠠᠵᠤ ᠠᠬᠤᠶᠢᠯᠠᠯᠳᠠᠨ ᠤ ᠲᠠᠷᠢᠬᠦᠨ ᠤ ᠦᠢᠯᠡ ᠠᠵᠢᠯᠯᠠᠭ᠎ᠠ ᠪᠠ ᠲᠤᠪᠤᠶᠢᠮ᠎ᠠ ᠵᠢᠳᠬᠦᠯ ᠢ ᠰᠠᠶᠢᠳᠤᠷ ᠤᠬᠠᠭᠤᠯᠵᠤ᠂ ᠨᠠᠶᠢᠬᠡᠮ ᠤᠨ ᠢᠷᠠᠭᠤ ᠠᠯᠳᠠᠷ ᠢ ᠲᠠᠰᠤᠷᠠᠯᠳᠠ ᠦᠬᠡᠢ ᠨᠡᠮᠡᠭᠳᠡᠬᠦᠯᠤᠨ᠎ᠠ᠃ ᠰᠢᠨ᠎ᠠ ᠬᠡᠯᠪᠡᠷᠢ ᠶᠢᠨ ᠵᠠᠰᠠᠭ ᠪᠠ ᠠᠵᠣ ᠠᠬᠤᠶᠢᠯᠠᠯ ᠤᠨ ᠬᠠᠷᠢᠴᠠᠭ᠎ᠠ ᠶᠢ ᠬᠦᠴᠤᠯᠠᠨ ᠪᠠᠶᠢᠭᠤᠯᠤᠨ᠎ᠠ᠃ᠠᠷᠡᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠠᠶᠢᠳᠠᠯ ᠢ ᠦᠢᠯᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠠᠵᠤ ᠠᠬᠤᠶᠢᠯᠠᠯ ᠳᠤ ᠬᠦᠡᠵᠡᠬᠡᠶᠢᠷᠡᠨ᠂ ︽ᠲᠦᠷᠤ ᠶᠢᠨ ᠪᠤᠳᠤᠯᠭ᠎ᠠ ᠶᠢ ᠲᠠᠶᠢᠯᠪᠤᠷᠢᠯᠠᠵᠤ᠂ ᠬᠡᠷᠡᠭᠴᠡᠭᠡ ᠱᠠᠭᠠᠷᠳᠠᠯᠭ᠎ᠠ ᠶᠢ ᠦᠢᠯᠠᠭᠠᠨ᠂ ᠬᠦᠭᠵᠢᠯᠳᠠ ᠶᠢᠨ ᠠᠷᠭ᠎ᠠ ᠵᠠᠮ ᠰᠦᠪᠡᠭᠴᠢᠯᠡᠬᠦ︾᠎ ᠶᠢ ᠠᠬᠢᠭᠤᠯᠵᠤ᠂ ᠵᠠᠬ᠎ᠠ ᠲᠡᠯᠬᠡᠬᠦᠷ ᠤᠨ ᠵᠦᠪᠰᠢᠶᠠᠷᠡᠯ᠂ ᠬᠢᠨᠡᠨ ᠵᠦᠪᠰᠢᠶᠠᠷᠠᠯ ᠤᠨ ᠭᠠᠷᠳᠠᠮ᠂ ᠡᠵᠡᠩᠨᠡᠯᠳᠡ ᠬᠠᠮᠢᠶᠠᠷᠤᠯᠳᠠ ᠵᠡᠷᠬᠡ ᠲᠠᠯ᠎ᠠ ᠪᠠᠷ ᠪᠦᠷᠢᠨ ᠲᠦᠬᠦᠷ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠠᠷᠡᠳ ᠲᠦᠮᠡᠨ ᠳᠤ ᠲᠦᠬᠦᠮ ᠦᠵᠡᠬᠦᠯᠵᠤ᠂ ᠴᠢᠩ ᠦᠨᠡᠡᠴᠢ ᠰᠡᠳᠬᠢᠯᠬᠡ ᠪᠠᠷ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ ᠬᠦᠭᠵᠢᠯᠳᠠ ᠶᠢ ᠪᠤᠵᠠᠭᠠᠶᠢᠷᠠᠭᠤᠯᠤᠨ᠎ᠠ᠃ ᠲᠦᠷᠪᠡᠳᠤᠬᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ ᠲᠠᠢ ᠤᠶᠠᠯᠳᠤᠭᠤᠯᠵᠤ᠂ ᠠᠷᠡᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠣ᠂ 20᠎ ᠠᠴᠠ ᠲᠡᠭᠡᠭᠰᠢ ᠦᠢᠯᠡᠳᠪᠦᠷᠢ ᠬᠤᠳᠠᠯᠳᠣᠭᠠᠨ ᠤ ᠬᠤᠪᠢ ᠡᠷᠤᠬᠡ ᠎ ᠶᠢ ᠠᠵᠤ ᠠᠬᠤᠶᠢᠯᠡᠯ ᠪᠤᠯᠭᠠᠨ ᠬᠤᠪᠢᠷᠠᠭᠤᠯᠬᠤ ᠶᠢ ᠪᠠᠶᠡᠯᠡᠬᠦᠯᠦᠨ᠎ᠡ᠃     ︵ᠲᠠᠪᠤ︶ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠠᠵᠢᠯ ᠢ ᠬᠦᠴᠦᠯᠡᠨ ᠠᠳᠬᠤᠨ᠎ᠠ᠃ ᠦᠬᠡᠷᠡᠴᠢᠯᠡᠯᠳᠡ ᠪᠠᠷ ᠲᠠᠮᠵᠢᠨ ᠬᠠᠷᠰᠢ ᠰᠠᠭᠠᠳ ᠢ ᠢᠯᠡᠠ ᠲᠠᠪᠠᠵᠤ᠂ ᠰᠢᠨ᠎ᠡ ᠶᠢ ᠡᠬᠦᠳᠬᠦ ᠣᠶᠢᠯᠠᠭᠠᠭᠳᠠᠬᠤᠨ ᠢᠶᠠᠷ  ᠬᠦᠳᠡᠯᠬᠡᠭᠴᠢ ᠬᠦᠴᠦᠨ ᠢᠶᠠᠨ ᠨᠡᠮᠡᠭᠳᠡᠬᠦᠯᠵᠦ᠂ ᠬᠦᠭᠵᠢᠯᠳᠠ ᠶᠢᠨ ᠰᠢᠨ᠎ᠠ ᠠᠬᠢᠯᠳᠠ ᠶᠢ ᠪᠠᠶᠠᠯᠠᠬᠦᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠡᠵᠡᠬᠡᠶᠢᠷᠡᠬᠦᠯᠤᠨ᠎ᠠ᠃ ︽ᠣᠯᠠᠨ ᠦᠨᠠᠮᠯᠡᠯ ᠢ ᠨᠢᠬᠡᠳᠬᠡᠬᠦ︾᠂ ︽ᠦᠨᠡᠮᠯᠡᠯ ᠬᠡᠷᠡᠴᠢ ᠶᠢ ᠰᠠᠯᠭᠠᠬᠤ︾᠎ ᠶᠢ ᠠᠬᠢᠭᠤᠯᠵᠤ᠂ ᠵᠠᠬ᠎ᠠ ᠲᠡᠯᠬᠡᠬᠦᠷ ᠤᠨ ᠭᠤᠤᠯ ᠴᠤᠭᠴᠠ ᠎ ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠵᠤ᠂ ︽ᠬᠤᠤᠰ ᠲᠤᠭᠳᠠᠮᠠᠯ ᠪᠤᠰᠤ᠂ ᠨᠢᠬᠡ ᠢᠯᠠ ᠨᠠᠶᠢᠳᠠᠯᠡᠬᠦ︾ ᠬᠢᠨᠡᠨ ᠬᠠᠮᠢᠶᠠᠷᠤᠯᠳᠠ ᠶᠢᠨ ᠵᠤᠬᠢᠴᠠᠮᠵᠢ ᠶᠢ ᠪᠦᠷᠢᠡᠰᠢᠬᠦᠯᠵᠤ᠂ ᠰᠠᠯᠠᠭ᠎ᠠ ᠮᠦᠴᠢᠷ ᠠᠯᠤᠰᠯᠠᠭᠰᠡᠨ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ ᠠᠬᠢᠭᠤᠯᠵᠤ᠂ ᠡᠷᠬᠡ ᠲᠡᠭᠰᠢ ᠦᠷᠢᠰᠤᠯᠳᠤᠬᠦ ᠵᠠᠬ᠎ᠠ ᠲᠡᠯᠬᠡᠬᠦᠷ ᠤᠨ ᠤᠷᠴᠢᠨ ᠢ ᠪᠤᠢ ᠪᠤᠯᠭᠠᠨ᠎ᠠ᠃ ᠠᠷᠡᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠲᠤᠤᠷ ᠰᠦᠯᠵᠢᠶ᠎ᠠ ᠶᠢ ᠪᠦᠷᠢᠡᠰᠢᠬᠦᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠵᠤ᠂ ᠰᠦᠯᠵᠢᠶᠠᠨ ᠲᠡᠬᠡᠷ᠎ᠠ ᠠᠵᠢᠯ ᠶᠠᠪᠣᠳᠠᠯ ᠬᠦᠢᠴᠡᠳᠬᠡᠬᠦ ᠲᠢᠩᠬᠢᠮ ᠤᠨ ᠪᠠᠶᠢᠭᠤᠯᠤᠯᠳᠠ ᠶᠢ ᠰᠦᠪᠡᠭᠴᠢᠯᠡᠵᠤ᠂ ᠨᠢᠭᠡ ᠯᠡ ᠴᠣᠩᠬᠤᠨ ᠳᠤ ᠬᠦᠯᠢᠶᠠᠨ ᠠᠪᠴᠣ ᠪᠡᠶᠡᠯᠡᠬᠦᠯᠬᠦ ᠪᠠ ᠬᠤᠭᠤᠴᠠᠭ᠎ᠠ ᠲᠣᠭᠳᠠᠭᠠᠨ ᠰᠢᠢᠳᠪᠦᠷᠢᠯᠡᠨ ᠲᠠᠭᠤᠰᠬᠠᠬᠤ ᠶᠢ ᠶᠡᠭᠡᠪᠡᠷ ᠠᠬᠢᠭᠤᠯᠵᠣ᠂ ᠬᠠᠮᠤᠭ ᠤᠨ ᠣᠯᠠᠨ ᠳᠤ ᠪᠠᠨ ᠨᠢᠭᠡ ᠯᠡ ᠣᠳᠠᠭ᠎ᠠ ᠬᠦᠶᠦᠬᠦ ᠶᠢ ᠪᠡᠶᠡᠯᠡᠬᠦᠯᠵᠦ᠂ ᠤᠯᠠᠨ ᠲᠦᠮᠡᠨ ᠳᠤ ᠲᠦᠬᠦᠮ ᠲᠦᠳᠠ᠂ ᠴᠠᠭ ᠲᠤᠬᠠᠢ ᠳᠤᠨᠢ ᠬᠠᠨᠤᠮᠵᠢᠳᠡᠢ ᠦᠢᠯᠡᠴᠢᠯᠡᠭᠡ ᠬᠠᠩᠭᠠᠨ᠎ᠠ᠃ ᠤᠯᠠᠨ ᠲᠦᠮᠡᠨ ᠤ ᠰᠠᠨᠠᠯ ᠲᠤᠰᠬᠠᠯ ᠲᠦᠪᠯᠡᠷᠡᠭᠰᠡᠨ ᠠᠰᠠᠭᠤᠳᠠᠯ ᠢ ᠰᠠᠶᠢᠳᠤᠷ ᠰᠢᠢᠳᠪᠤᠷᠢᠯᠡᠵᠤ᠂ ᠤᠴᠢᠷ ᠶᠠᠪᠤᠳᠠᠯ ᠰᠢᠢᠳᠪᠤᠷᠢᠯᠡᠬᠦ ᠳᠡᠭᠡᠨ ᠬᠤᠶᠢᠷᠭᠤᠰᠢᠬᠤ ᠪᠠ ᠲᠦᠷᠢᠮ ᠲᠤᠭᠳᠠᠭᠠᠯ ᠢ ᠵᠦᠷᠢᠴᠡᠭᠰᠡᠨ ᠠᠰᠠᠭᠤᠳᠠᠯ ᠢ ᠴᠢᠩᠭ᠎ᠠ ᠰᠢᠢᠳᠪᠤᠷᠢᠯᠡᠵᠤ᠂ ᠬᠦᠭᠵᠢᠯᠳᠠ ᠎ ᠶᠢᠨ ᠤᠷᠴᠢᠨ ᠢ ᠲᠠᠰᠤᠷᠠᠯᠳᠠ ᠦᠬᠡᠢ ᠰᠢᠯᠢᠳᠡᠭᠵᠢᠬᠦᠯᠤᠨ᠎ᠠ᠃ ᠭᠤᠤᠯᠳᠠᠯᠭᠠᠳᠤ ᠬᠦᠷᠢᠶ᠎ᠠ ᠬᠡᠪᠴᠢᠶᠠᠨ ᠳᠠᠬᠢ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠤᠨ᠎ᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠎ ᠶᠢ ᠪᠠᠶᠠᠯᠠᠬᠦᠯᠵᠤ᠂ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ᠂ ᠡᠷᠭᠡ ᠶᠢ ᠲᠤᠳᠤᠷᠬᠠᠶᠢᠯᠠᠵᠤ᠂ ᠵᠠᠰᠠᠭ ᠤᠨ ᠤᠷᠳᠤᠨ ᠤ ᠴᠢᠳᠠᠪᠬᠢ ᠶᠢ ᠬᠤᠪᠢᠷᠠᠭᠤᠯᠣᠨ᠎ᠠ᠃ ᠮᠠᠯᠵᠢᠬᠤ ᠤᠷᠤᠨ ᠤ ᠬᠠᠮᠳᠤ ᠶᠢᠨ ᠡᠳ᠋ ᠬᠦᠷᠤᠩᠬᠡ ᠶᠢᠨ ᠦᠮᠴᠢᠯᠡᠯ ᠎ ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠤ᠂ ᠨᠤᠳᠤᠭ ᠪᠠᠯᠴᠢᠬᠡᠷ ᠢ ᠲᠠᠭᠠᠭᠠᠴᠢᠯᠠᠨ ᠡᠵᠡᠩᠨᠡᠬᠦ ᠡᠷᠬᠡ ᠪᠠ ᠮᠠᠯᠵᠢᠬᠤ ᠤᠷᠤᠨ ᠤ ᠤᠷᠤᠨ ᠰᠠᠭᠤᠴᠠ ᠶᠢᠨ ᠦᠮᠴᠢᠯᠡᠯ ᠤᠨ ᠡᠷᠬᠡ ᠶᠢ ᠲᠤᠳᠤᠷᠬᠠᠶᠢᠯᠠᠨ ᠪᠦᠷᠢᠳᠬᠡᠵᠤ ᠦᠨᠡᠮᠯᠡᠯ ᠲᠠᠷᠬᠠᠭᠠᠬᠤ ᠠᠵᠢᠯ ᠢ ᠪᠠᠶᠠᠯᠠᠬᠦᠯᠤᠨ᠎ᠠ᠃ ︽ᠪᠦᠬᠦ ᠤᠷᠤᠨ ᠤ ᠬᠤᠰᠢᠭᠤ ᠰᠢᠶᠠᠨ ᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠶᠠᠷᠤᠩᠬᠡᠶᠢᠯᠡᠭᠰᠡᠨ ᠦᠬᠡᠷᠡᠴᠢᠯᠡᠯᠳᠡ ᠶᠢᠨ ᠵᠢᠱᠢᠶ᠎ᠠ ᠦᠵᠡᠬᠦᠯᠬᠦ ᠬᠤᠰᠢᠭᠤ︾ ᠎ ᠶᠢ ᠪᠦᠳᠤᠬᠡᠨ ᠪᠠᠶᠢᠭᠤᠯᠤᠭᠰᠡᠨ ᠦᠷ᠎ᠠ ᠪᠦᠳᠤᠮᠵᠢ ᠶᠢ ᠪᠠᠳᠤᠳᠬᠠᠵᠤ᠂ ᠤᠳᠤᠬᠢᠴᠢᠯᠠᠭᠰᠡᠨ ᠡᠮᠨᠡᠯᠬᠡ ᠶᠢᠨ ᠬᠤᠷᠢᠶᠠᠨ ᠎ ᠤ ᠬᠠᠮᠢᠶᠠᠷᠤᠯᠳᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠠᠵᠢᠯᠳᠠᠨ ᠤ ᠶᠠᠪᠣᠳᠠᠯ ᠤᠨ ᠴᠠᠯᠢᠩ ᠣᠯᠭᠤᠮᠵᠢ ᠶᠢᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠤᠷᠤᠰᠢᠭᠤᠯᠭ᠎ᠠ ᠶᠢᠨ ᠬᠠᠮᠢᠶᠠᠷᠤᠯᠳᠠ ᠶᠢᠨ ᠲᠦᠷᠢᠮ ᠢ ᠪᠦᠷᠢᠡᠰᠢᠬᠦᠯᠤᠨ ᠲᠡᠬᠦᠯᠳᠡᠷᠵᠢᠬᠦᠯᠵᠤ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠪᠣᠯᠠᠰᠢᠨ ᠤ ᠭᠠᠵᠠᠷ ᠤᠨ ᠬᠠᠮᠢᠶᠠᠷᠤᠯᠳᠠ ᠶᠢ ᠴᠢᠩᠭᠠᠳᠬᠠᠨ᠂ ᠤᠷᠤᠰᠢᠭᠤᠯᠭ᠎ᠠ ᠶᠢᠨ ᠤᠷᠳᠤᠨ ᠢ ᠠᠰᠢᠭᠯᠠᠯᠳᠠ ᠳᠤ ᠤᠷᠤᠭᠤᠯᠤᠨ᠎ᠠ᠃ ᠢᠳᠡᠬᠡᠮᠵᠢ ᠶᠢ ᠡᠷᠬᠢᠮᠯᠡᠭᠰᠡᠳ ᠢ ᠬᠦᠬᠢᠬᠦᠯᠤᠨ ᠵᠤᠷᠢᠭᠵᠢᠭᠤᠯᠬᠤ ᠪᠠ ᠢᠳᠡᠬᠡᠮᠵᠢ ᠠᠯᠳᠠᠭᠰᠡᠳ ᠢ ᠰᠡᠷᠡᠮᠵᠢᠯᠡᠬᠦᠯᠦᠨ ᠰᠢᠳᠭᠡᠬᠦ ᠲᠦᠷᠢᠮ ᠢ ᠪᠦᠷᠢᠡᠰᠢᠬᠦᠯᠵᠤ᠂ ᠢᠳᠡᠬᠡᠮᠵᠢ ᠶᠢᠨ ᠰᠤᠷᠠᠭ ᠵᠠᠩᠬᠢ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ ᠢᠳᠡᠬᠡᠮᠵᠢ ᠠᠯᠳᠠᠭᠰᠡᠳ ᠢ ᠢᠯᠠ ᠨᠠᠶᠢᠳᠠᠯᠡᠬᠦ ᠡᠷᠴᠢᠮ ᠎ ᠢᠶᠠᠨ ᠴᠢᠩᠭᠠᠷᠠᠭᠤᠯᠤᠨ᠎ᠠ᠃ ᠭᠠᠳᠠᠭᠠᠳᠤ ᠲᠠᠢ ᠴᠢᠯᠤᠬᠡᠳᠡᠢ ᠶᠠᠪᠤᠯᠴᠠᠬᠤ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ᠨᠠᠷᠠᠡᠪᠤᠯᠠᠭ ᠬᠢᠯᠢ ᠶᠢᠨ ᠠᠷᠡᠳ ᠤᠨ ᠨᠠᠪᠳᠠᠷᠠᠬᠦ ᠵᠠᠮ ᠤᠨ ᠭᠠᠷ ᠬᠦᠢᠴᠡᠳᠬᠡᠯ ᠤᠨ ᠠᠵᠢᠯ ᠢ ᠠᠬᠢᠭᠤᠯᠵᠤ᠂   ︽ᠲᠦᠷᠪᠡᠳᠤᠬᠡᠷ ᠬᠤᠭᠤᠴᠠᠭᠠᠨ ᠤ ᠲᠤᠮᠳᠠᠳᠤ ᠮᠤᠩᠭᠤᠯ ᠤᠨ ᠦᠡᠳᠤᠰᠤᠳᠠᠨ ᠤ ᠲᠡᠸᠠᠷ ᠤᠨ ᠰᠤᠯᠢᠯᠴᠠᠭᠠᠨ ᠤ ᠴᠤᠭᠯᠠᠭᠠᠨ︾ ᠵᠡᠷᠭᠡ ᠰᠢᠷᠢᠰ ᠬᠦᠳᠡᠯᠭᠡᠭᠡᠨ ᠢ ᠰᠠᠶᠢᠳᠣᠷ ᠡᠷᠬᠢᠯᠡᠵᠤ᠂ ︽ᠤᠯᠠᠭᠠᠡᠪᠠᠭᠠᠳᠤᠷ᠂ ᠲᠤᠮᠳᠠᠳᠤ ᠤᠯᠤᠰ ᠤᠨ ᠦᠪᠤᠷ ᠮᠤᠩᠭᠤᠯ ᠤᠨ ᠲᠠᠸᠡᠷ ᠤᠨ ᠲᠡᠯᠬᠡᠨ ᠪᠤᠷᠤᠯᠠᠭᠤᠯᠬᠤ ᠴᠤᠭᠯᠠᠭᠠᠨ︾᠎ ᠳᠤ ᠤᠷᠤᠯᠴᠠᠵᠤ᠂ ᠰᠤᠶᠤᠯ ᠰᠤᠷᠭᠠᠨ ᠬᠦᠮᠤᠵᠢᠯ ᠤᠨ ᠰᠤᠯᠢᠯᠴᠠᠭ᠎ᠠ ᠶᠢ ᠤᠷᠤᠭᠰᠢᠳᠡᠢ ᠶᠠᠪᠤᠭᠳᠠᠭᠤᠯᠤᠨ᠎ᠠ᠃     ︵ᠵᠢᠷᠭᠤᠭ᠎ᠠ︶ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠬᠦᠴᠤᠯᠠᠨ ᠠᠳᠬᠤᠨ᠎ᠠ᠃ ᠲᠦᠯᠤᠪᠵᠢᠬᠦᠯᠬᠡ᠂ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠨᠢᠬᠡ ᠴᠤᠭᠴᠠᠵᠢᠭᠤᠯᠬᠤ ᠶᠢ ᠪᠠᠷᠢᠮᠳᠠᠯᠠᠵᠤ᠂ ᠬᠤᠳᠠ ᠪᠠᠯᠭᠠᠰᠤᠨ ᠤ ᠬᠦᠭᠵᠢᠯᠳᠠ ᠶᠢᠨ ᠲᠠᠯᠳᠠ ᠴᠢᠳᠠᠪᠬᠢ ᠶᠢ ᠴᠢᠩᠭᠠᠳᠬᠠᠨ᠎ᠠ᠃ ᠲᠦᠯᠤᠪᠵᠢᠬᠦᠯᠬᠡ ᠪᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠨ᠎ᠠ᠃ ᠲᠦᠯᠤᠪᠵᠢᠬᠦᠯᠬᠡ ᠶᠢ ᠰᠠᠶᠢᠳᠤᠷ ᠬᠢᠬᠦ ᠪᠠᠷ ᠤᠷᠢᠳᠠᠯ ᠪᠤᠯᠭᠠᠨ᠂ ᠤᠯᠠᠨ ᠲᠦᠷᠤᠯ ᠤᠨ ᠲᠦᠯᠤᠪᠵᠢᠬᠦᠯᠬᠡ ᠶᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠂ ᠬᠤᠳᠠ ᠪᠠᠯᠭᠠᠰᠤᠨ ᠤ ᠬᠤᠤᠰ ᠵᠠᠰᠠᠬᠤ᠂ ᠬᠤᠰᠢᠭᠤ ᠬᠡᠪᠴᠢᠶᠠᠨ ᠤ ᠲᠤᠭᠳᠠᠯᠴᠠᠭ᠎ᠠ ᠵᠡᠷᠬᠡ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠬᠤ ᠶᠢ ᠪᠠᠶᠠᠯᠠᠬᠦᠯᠵᠤ᠂ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢᠨ ᠲᠦᠯᠤᠪᠵᠢᠬᠦᠯᠬᠡ ᠶᠢ ᠴᠢᠩᠭ᠎ᠠ ᠨᠢᠮᠪᠠᠢ ᠬᠡᠷᠡᠭᠵᠢᠬᠦᠯᠵᠤ᠂ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢᠨ ᠲᠦᠷᠤᠯ ᠵᠥᠢᠯ ᠤᠨ ᠲᠦᠯᠤᠪᠵᠢᠬᠦᠯᠬᠡ ᠶᠢ ᠬᠢᠨᠡᠨ ᠵᠦᠪᠰᠢᠶᠠᠷᠡᠬᠦ ᠠᠯᠬᠤᠮ ᠲᠠᠷᠠᠭᠠᠯᠠᠯ ᠢ ᠪᠠᠶᠠᠯᠡᠬᠦᠯᠤᠨ᠎ᠠ᠃ ᠲᠦᠯᠤᠪᠵᠢᠬᠦᠯᠬᠡ ᠬᠡᠷᠡᠭᠵᠢᠬᠦᠯᠬᠦ ᠶᠠᠪᠤᠴᠠ ᠳᠤ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠲᠦᠯᠤᠪᠵᠢᠬᠦᠯᠬᠡ ᠶᠢᠨ ᠡᠷᠬᠡ ᠰᠦᠷᠳᠤ ᠴᠢᠨᠠᠷ ᠪᠠ ᠲᠦᠪ ᠴᠢᠩᠭ᠎ᠠ ᠴᠢᠨᠠᠷ ᠢ ᠬᠠᠮᠠᠭᠠᠯᠠᠨ᠎ᠠ᠃ ᠰᠠᠭᠤᠷᠢ ᠴᠢᠳᠠᠪᠬᠢ ᠎ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠪᠤᠳᠠᠳᠤ ᠪᠠᠶᠢᠳᠠᠯ ᠢᠶᠠᠨ ᠦᠡᠳᠤᠰᠤᠯᠡᠨ᠂ ᠴᠢᠳᠠᠯ ᠲᠡᠩᠬᠡᠬᠡ ᠲᠤᠳᠤᠷ᠎ᠠ ᠎ ᠪᠠᠨ ᠴᠢᠨᠡᠭᠡ ᠪᠠᠷ ᠪᠠᠨ ᠴᠢᠷᠮᠠᠶᠢᠬᠤ ᠵᠠᠷᠴᠢᠮ ᠢ ᠪᠠᠷᠢᠮᠳᠠᠯᠠᠨ᠂ ᠲᠡᠬᠡᠳᠤ ᠱᠠᠳᠤᠨ ᠤ ᠪᠡᠯᠡ ᠮᠦᠩᠬᠦ ᠶᠢ ᠢᠳᠡᠪᠬᠢᠳᠡᠢ ᠭᠤᠶᠤᠴᠢᠯᠡᠨ᠂ ᠤᠯᠠᠨ ᠲᠦᠮᠡᠨ ᠤ ᠲᠤᠰᠬᠠᠯ ᠶᠡᠭᠡ ᠲᠠᠢ ᠬᠠᠯᠠᠭᠤᠮᠰᠢᠯ ᠠᠰᠠᠭᠤᠳᠠᠯ ᠳᠤ ᠴᠢᠭᠯᠡᠬᠦᠯᠤᠨ᠂ ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠪᠠᠶᠢᠭᠤᠯᠬᠤ᠂ ᠤᠰᠤᠨ ᠤ ᠰᠤᠷᠪᠤᠯᠵᠢ ᠶᠢ ᠬᠤᠯᠪᠤᠬᠤ ᠢᠡᠵᠧᠨᠧᠷᠢᠩ ᠪᠠ ᠬᠤᠳᠠ ᠪᠠᠯᠭᠠᠰᠤᠨ ᠤ ᠨᠤᠭᠤᠭᠠᠷᠠᠭᠤᠯᠤᠯᠳᠠ ᠶᠢᠨ PPP ᠲᠦᠷᠤᠯ ᠵᠥᠢᠯ ᠢ ᠰᠠᠶᠢᠳᠤᠷ ᠬᠢᠵᠤ᠂ ᠪᠠᠯᠬᠦᠳᠡᠢ ᠪᠠᠯᠭᠠᠰᠤ ᠵᠢᠴᠢ ᠡᠷᠬᠢᠨ ᠲᠤᠭᠤᠷᠢᠨ ᠤ 45.8 ᠲᠦᠮᠡᠨ ᠲᠡᠭᠰᠢ ᠲᠦᠷᠪᠠᠯᠵᠢᠨ ᠮᠧᠲᠷ ᠭᠠᠵᠡᠷ ᠢ ᠨᠤᠭᠤᠭᠠᠷᠠᠭᠤᠯᠵᠤ᠂ 1 ᠲᠦᠮᠡᠨ ᠲᠡᠭᠰᠢ ᠲᠦᠷᠪᠡᠯᠵᠢᠨ ᠮᠧᠲᠷ ᠵᠡᠬᠡᠯᠢ ᠭᠤᠳᠤᠮᠵᠢ ᠶᠢ ᠬᠠᠳᠠᠭᠤᠵᠢᠭᠤᠯᠤᠨ᠂ 25.2 ᠺᠢᠯᠤᠮᠧᠲᠷ ᠲᠦᠬᠡᠬᠡᠯ ᠤᠰᠤ ᠬᠠᠩᠭᠠᠬᠤ ᠬᠤᠭᠤᠯᠠᠢ ᠪᠠ 3 ᠺᠢᠯᠤᠮᠧᠲᠷ ᠲᠤᠯᠠᠭᠠᠯᠠᠯᠭ᠎ᠠ ᠬᠠᠩᠭᠠᠬᠤ ᠬᠤᠭᠤᠯᠠᠢ ᠶᠢ ᠰᠢᠨᠡᠳᠬᠡᠨ᠎ᠠ᠃ ᠰᠢᠨ᠎ᠠ ᠎ ᠪᠠᠷ ᠲᠤᠯᠠᠭᠠᠯᠠᠯᠭ᠎ᠠ ᠰᠠᠶᠢᠵᠢᠷᠠᠭᠤᠯᠬᠤ ᠦᠷᠳᠡᠭᠡ 4᠂ ᠭᠠᠯ ᠰᠡᠷᠬᠡᠶᠢᠯᠡᠬᠦ ᠤᠰᠤᠨ ᠲᠦᠬᠦᠬᠡᠷᠤᠮᠵᠢ 2 ᠰᠠᠤᠷᠢ᠂ ᠬᠤᠭ ᠨᠤᠪᠰᠢ ᠰᠢᠢᠳᠪᠤᠷᠢᠯᠡᠬᠦ ᠭᠠᠵᠡᠷ 2᠎ ᠢ ᠪᠠᠶᠢᠭᠤᠯᠵᠤ᠂ ᠬᠤᠭ ᠤᠨ ᠬᠠᠶᠢᠷᠴᠠᠭ 700 ᠢᠵᠢ᠂ ᠵᠠᠮ ᠤᠨ ᠳ᠋ᠸᠡᠭ 225 ᠢᠵᠢ ᠤᠭᠰᠠᠷᠠᠨ᠎ᠠ᠃ ᠬᠤᠳᠠ ᠪᠠᠯᠭᠠᠰᠤᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠨᠠᠷᠢᠯᠢᠭᠵᠢᠭᠰᠡᠨ ᠬᠠᠮᠢᠶᠠᠷᠤᠯᠳᠠ ᠎ ᠶᠢᠨ ᠬᠢᠷᠢ ᠲᠦᠪᠰᠢᠨ ᠢᠶᠠᠨ ᠲᠡᠬᠡᠭᠰᠢᠯᠡᠬᠦᠯᠵᠤ᠂ ︽ᠬᠠᠮᠢᠶᠠᠷᠤᠯᠳᠠ ᠶᠢᠨ ᠲᠤᠤᠷ︾᠂ ︽ᠡᠬᠦᠳᠡᠨ ᠡᠮᠤᠨᠡᠬᠢ ᠲᠠᠪᠤ ᠶᠢ ᠲᠠᠭᠠᠭᠠᠴᠢᠯᠠᠬᠤ︾ ᠲᠦᠷᠢᠮ ᠢ ᠪᠦᠷᠢᠡᠰᠢᠬᠦᠯᠤᠨ᠂ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠤᠨ᠂ ᠲᠤᠷ᠎ᠠ ᠪᠠᠷ ᠪᠠᠷᠢᠯᠭ᠎ᠠ ᠪᠠᠷᠢᠬᠤ᠂ ᠲᠤᠷ᠎ᠠ ᠪᠠᠷ ᠲᠡᠷᠬᠡ ᠵᠤᠭᠰᠤᠭᠠᠬᠤ ᠪᠠ ᠵᠠᠮ ᠵᠡᠬᠡᠯᠢ ᠡᠵᠡᠯᠡᠨ ᠡᠵᠡᠩᠨᠡᠯᠳᠡ ᠬᠢᠬᠦ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠵᠤ᠂ ᠬᠠᠮᠪᠤ ᠠᠭᠤᠳᠠᠮ ᠲᠠᠯᠠᠪᠠᠢ ᠶᠢᠨ ᠡᠷᠬᠢᠨ ᠲᠤᠭᠤᠷᠢᠨ ᠵᠢᠴᠢ ᠮᠠᠯ ᠤᠨ ᠠᠷᠠᠯᠵᠢᠶᠠᠨ ᠤ ᠵᠠᠬ᠎ᠠ ᠶᠢ ᠴᠡᠭᠴᠡᠯᠡᠨ ᠴᠡᠪᠡᠷᠯᠡᠬᠦ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠵᠤ᠂ ᠶᠡᠷᠤᠩᠬᠡᠶᠢᠯᠡᠭᠰᠡᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠬᠡᠬᠦᠷ ᠢ ᠠᠰᠢᠭᠯᠠᠯᠳᠠ ᠳᠤ  ᠤᠷᠤᠭᠤᠯᠤᠨ᠎ᠠ᠃ ᠰᠠᠭᠤᠭᠠᠯᠢ ᠠᠷᠡᠳ ᠤᠨ ᠬᠡᠪ ᠪᠤᠯᠪᠠᠰᠤᠷᠠᠯ ᠢ ᠲᠡᠬᠡᠭᠰᠢᠯᠡᠬᠦᠯᠵᠤ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠢᠳᠡᠪᠬᠢᠳᠡᠢ ᠦᠷᠨᠢᠬᠦᠯᠵᠤ᠂ ᠤᠯᠠᠨ ᠲᠦᠮᠡᠨ ᠢ ᠰᠠᠶᠢᠨ ᠰᠠᠶᠢᠬᠠᠨ ᠡᠷᠡᠬᠦᠯ ᠬᠠᠮᠠᠭᠠᠯᠠᠯ ᠤᠨ ᠲᠠᠳᠬᠠᠯ ᠎ ᠲᠠᠢ ᠪᠤᠯᠭᠠᠨ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠤ ᠶᠢ ᠴᠤᠭᠴᠠᠯᠠᠨ ᠪᠠᠶᠢᠭᠤᠯᠤᠭᠰᠡᠨ ᠦᠷ᠎ᠠ ᠪᠦᠳᠤᠮᠵᠢ ᠪᠠᠨ ᠲᠠᠰᠤᠷᠠᠯᠳᠠ ᠦᠬᠡᠢ ᠪᠠᠳᠤᠳᠬᠠᠨ᠎ᠠ᠃ ᠬᠡᠷ ᠠᠬᠤᠢ ᠶᠢᠨ ᠦᠢᠯᠡᠴᠢᠯᠡᠬᠡᠨ ᠤ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠬᠡᠷ ᠠᠬᠤᠢ ᠶᠢᠨ ᠦᠢᠯᠡᠴᠢᠯᠡᠬᠡᠨ ᠤ ᠬᠠᠮᠢᠶᠠᠷᠤᠯᠳᠠ ᠶᠢᠨ ᠴᠢᠨᠠᠷᠵᠢᠯ ᠢ ᠲᠡᠬᠡᠭᠰᠢᠯᠡᠬᠦᠯᠬᠦ ᠤᠨ︾᠎ ᠤ ᠠᠵᠢᠯᠯᠠᠭ᠎ᠠ ᠶᠢ ᠦᠷᠨᠢᠬᠦᠯᠵᠤ᠂ ᠰᠠᠭᠤᠭᠠᠯᠢ ᠲᠤᠭᠤᠷᠢᠭ ᠤᠨ ᠬᠡᠷ ᠠᠬᠤᠢ ᠎ ᠶᠢᠨ ᠵᠦᠪᠯᠡᠯ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠬᠠᠮᠢᠶᠠᠷᠤᠯᠳᠠ ᠶᠢ ᠴᠢᠩᠭᠠᠳᠬᠠᠨ᠂ ᠦᠢᠯᠡᠴᠢᠯᠡᠬᠡᠨ ᠤ ᠴᠢᠨᠠᠷ ᠢᠶᠠᠨ ᠲᠡᠬᠡᠭᠰᠢᠯᠡᠬᠦᠯᠵᠤ᠂ ᠰᠠᠭᠤᠭᠠᠯᠢ ᠲᠤᠭᠤᠷᠢᠭ ᠤᠨ ᠡᠮᠬᠢ ᠲᠢᠭᠯᠢᠮ ᠦᠬᠡᠢ ᠪᠠᠶᠢᠳᠠᠯ ᠢ ᠪᠦᠳᠤᠮᠵᠢᠳᠡᠢ ᠰᠢᠢᠳᠪᠤᠷᠢᠯᠡᠨ᠎ᠠ᠃     ︵ᠲᠤᠯᠤᠭ᠎ᠠ︶ ᠨᠠᠶᠢᠬᠡᠮ ᠤᠨ ᠡᠶ᠎ᠡ ᠵᠤᠬᠢᠴᠠᠯ ᠪᠠ ᠲᠤᠭᠳᠠᠭᠤᠨ ᠢ ᠪᠠᠳᠤᠯᠠᠨ᠎ᠠ᠃ ︽ᠨᠠᠮ ᠤᠨ ᠬᠤᠷᠢᠶ᠎ᠠ ᠠᠴᠠ ᠤᠳᠤᠷᠢᠳᠤᠨ᠂ ᠵᠠᠰᠠᠭ ᠤᠨ ᠤᠷᠳᠤᠨ ᠠᠴᠠ ᠬᠠᠷᠢᠭᠤᠴᠠᠵᠤ᠂ ᠨᠠᠶᠢᠬᠡᠮ ᠠᠴᠠ ᠬᠠᠮᠵᠢᠯᠴᠠᠨ᠂ ᠤᠯᠠᠨ ᠲᠦᠮᠡᠨ ᠤᠷᠤᠯᠴᠠᠬᠤ ᠪᠠ ᠬᠠᠤᠯᠢ ᠶᠢᠨ ᠪᠠᠳᠤᠯᠠᠭ᠎ᠠ ᠬᠠᠩᠭᠠᠬᠤ︾ ᠶᠠᠷᠤᠩᠬᠡᠢ ᠱᠠᠭᠠᠷᠳᠠᠯᠭ᠎ᠠ ᠶᠢ ᠦᠡᠳᠤᠰᠤᠯᠡᠨ᠂ ᠬᠠᠮᠳᠤ ᠪᠠᠷ ᠪᠠᠶᠢᠭᠤᠯᠵᠤ ᠬᠠᠮᠳᠤ ᠪᠠᠷ ᠵᠠᠰᠠᠬᠤ ᠬᠠᠮᠳᠤ ᠪᠠᠷ ᠡᠳ᠋ᠯᠡᠬᠦ ᠨᠠᠶᠢᠬᠡᠮ ᠤᠨ ᠵᠠᠰᠠᠯᠳᠠ ᠶᠢᠨ ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃ ︽ᠠᠮᠤᠷ ᠲᠦᠪᠰᠢᠨ ᠠᠪᠠᠭ᠎ᠠ︾᠎ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠠᠮᠤᠷ ᠲᠦᠪᠰᠢᠨ ᠬᠦᠭᠵᠢᠯᠳᠠ ᠶᠢᠨ ᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠤᠷᠢᠯᠡᠯ ᠤᠨ ᠬᠠᠤᠯᠢ ᠬᠡᠷᠡᠭᠵᠢᠬᠦᠯᠬᠦ ᠪᠠᠶᠢᠴᠠᠭᠠᠯᠳᠠ ᠪᠠ ᠠᠵᠤ ᠠᠬᠤᠶᠢᠯᠡᠯ ᠤᠨ ᠠᠵᠢᠯᠳᠠᠨ ᠤ ᠠᠮᠤᠷ ᠲᠦᠪᠰᠢᠨ ᠤ ᠪᠤᠯᠪᠠᠰᠤᠷᠠᠯ ᠢ ᠴᠢᠩᠭᠠᠳᠬᠠᠨ᠂ ᠬᠦᠡᠳᠤ ᠶᠡᠭᠡ ᠠᠮᠤᠷ ᠲᠦᠪᠰᠢᠨ ᠤ ᠠᠳᠡᠯ ᠪᠠ ᠲᠠᠯ᠎ᠠ ᠨᠤᠳᠤᠭ ᠤᠢ ᠰᠢᠭᠤᠢ ᠶᠢᠨ ᠭᠠᠯ ᠤᠨ ᠠᠶᠤᠯ ᠡᠬᠦᠰᠬᠦ ᠶᠢ ᠡᠷᠡᠰ ᠬᠤᠷᠢᠭᠯᠠᠨ᠎ᠠ᠃ ᠢᠳᠡᠬᠡᠨ ᠡᠮ ᠤᠨ ᠵᠦᠢᠯᠡᠰ ᠤᠨ ᠠᠮᠤᠷ ᠲᠦᠪᠰᠢᠨ ᠢ ᠡᠬᠢ ᠦᠡᠳᠤᠰᠤ ᠠᠴᠠ ᠎ ᠨᠢ ᠵᠠᠰᠠᠬᠤ ᠶᠢ ᠴᠢᠩᠭᠠᠳᠬᠠᠨ᠂ ᠰᠤᠷᠠᠭ ᠵᠠᠩᠬᠢᠴᠢᠯᠠᠭᠰᠡᠨ ᠬᠢᠨᠡᠨ ᠬᠠᠮᠢᠶᠠᠷᠤᠯᠳᠠ ᠶᠢ ᠬᠡᠷᠡᠭᠵᠢᠬᠦᠯᠵᠤ᠂ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠦᠷᠬᠡᠨ ᠤᠯᠠᠨ ᠲᠦᠮᠡᠨ ᠤ ᠢᠳᠡᠬᠡᠨ ᠡᠮ ᠎ ᠤᠨ ᠵᠦᠢᠯᠡᠰ ᠤᠨ ᠠᠮᠤᠷ ᠲᠦᠪᠰᠢᠨ ᠢ ᠪᠠᠳᠤᠯᠠᠨ᠎ᠠ᠃ ︽ᠠᠮᠤᠷ ᠲᠤᠭᠳᠠᠭᠤᠨ ᠠᠪᠠᠭ᠎ᠠ︾᠎ ᠶᠢᠨ ᠪᠠᠶᠢᠭᠤᠯᠤᠯᠳᠠ ᠶᠢ ᠬᠦᠡᠵᠡᠬᠡᠶᠢᠷᠡᠬᠦᠯᠤᠨ᠎ᠠ᠃ ᠨᠠᠶᠢᠬᠡᠮ ᠤᠨ ᠠᠮᠤᠷ ᠢ ᠬᠠᠮᠠᠭᠠᠯᠠᠵᠤ ᠰᠡᠷᠬᠡᠶᠢᠯᠡᠨ ᠡᠵᠡᠮᠳᠡᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠠᠰᠤᠷᠠᠯᠳᠠ ᠦᠬᠡᠢ ᠪᠦᠷᠢᠡᠰᠢᠬᠦᠯᠵᠤ᠂ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠠᠭᠠᠬᠤ︾ ᠲᠤᠰᠬᠠᠢ ᠲᠦᠷᠤᠯ ᠤᠨ ᠲᠠᠮᠠᠴᠠᠯ ᠢ ᠬᠦᠡᠵᠡᠬᠡᠢ ᠦᠷᠨᠢᠬᠦᠯᠵᠤ᠂ ︽ᠲᠧᠯᠸᠢᠰ ᠬᠢᠨᠡᠨ ᠡᠵᠡᠮᠳᠠᠬᠦ ᠢᠡᠵᠧᠨᠧᠷᠢᠩ︾ ᠎ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠤᠨ᠂ ᠨᠠᠶᠢᠬᠡᠮ ᠤᠨ ᠵᠦᠷᠢᠴᠠᠯ ᠵᠢᠭᠤᠷᠠᠭᠠᠨ ᠢ ᠴᠠᠭ ᠲᠤᠬᠠᠢ ᠎ ᠳᠤᠨᠢ ᠪᠠᠶᠢᠴᠠᠭᠠᠨ ᠨᠠᠮᠳᠠᠭᠤᠯᠬᠤ ᠪᠠ ᠠᠮᠤᠷ ᠢ ᠬᠠᠮᠠᠭᠠᠯᠠᠬᠤ ᠠᠵᠢᠯ ᠢ ᠠᠬᠢᠭᠤᠯᠵᠤ᠂ ᠠᠮᠤᠷ ᠲᠤᠭᠳᠠᠭᠤᠨ ᠰᠠᠶᠢᠨ ᠰᠠᠶᠢᠬᠠᠨ ᠨᠠᠶᠢᠬᠡᠮ ᠤᠨ ᠤᠷᠴᠢᠨ ᠢ ᠪᠤᠢ ᠪᠤᠯᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠤᠬᠢᠴᠠᠮᠵᠢ ᠶᠢ ᠦᠷᠬᠦᠯᠵᠢᠯᠡᠨ ᠪᠦᠷᠢᠡᠰᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠬᠢᠬᠦ ᠵᠠᠮ ᠢ ᠦᠷᠬᠡᠳᠬᠡᠨ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠤᠯᠠᠮ ᠨᠢᠬᠡ ᠠᠯᠬᠤᠮ ᠲᠦᠷᠢᠮᠵᠢᠬᠦᠯᠵᠤ᠂ ᠲᠦᠢᠪᠡᠬᠡᠯᠬᠡ ᠶᠢᠨ ᠴᠢᠨᠠᠷᠳᠡᠢ ᠵᠠᠬᠢᠳᠠᠯ ᠰᠤᠷᠪᠤᠯᠵᠢᠯᠠᠭ᠎ᠠ ᠬᠢᠬᠦ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠤ᠂ ᠵᠠᠬᠢᠳᠠᠯ ᠰᠤᠷᠪᠤᠯᠵᠢᠯᠠᠭ᠎ᠠ ᠬᠢᠬᠦ ᠶᠠᠷᠤᠩᠬᠡᠢ ᠬᠡᠮᠵᠢᠶ᠎ᠠ ᠶᠢ ᠪᠠᠭᠠᠰᠬᠠᠨ᠎ᠠ᠃ ᠴᠡᠷᠢᠭ ᠵᠠᠰᠠᠭ ᠴᠡᠷᠢᠭ ᠠᠷᠡᠳ ᠤᠨ ᠪᠦᠯᠬᠦᠮᠳᠠᠯ ᠢ ᠪᠠᠬᠢᠵᠢᠬᠦᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠪᠡᠯᠡᠳᠬᠡᠯ ᠬᠦᠴᠤᠨ ᠤ ᠪᠠᠶᠢᠭᠤᠯᠤᠯᠳᠠ ᠶᠢ ᠴᠢᠩᠭᠠᠳᠬᠠᠨ ᠂ ᠴᠡᠷᠢᠭ ᠠᠴᠠ ᠬᠠᠯᠠᠭᠳᠠᠭᠰᠡᠳ ᠲᠤ ᠦᠢᠯᠡᠴᠢᠯᠡᠵᠤ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠨ᠂ ︽ᠰᠢᠪᠡᠷᠳᠡᠢ ᠦᠷᠡᠭᠳᠡᠭᠰᠡᠨ ᠪᠠᠭᠠᠳᠤᠷᠴᠤᠳ ᠤᠨ ᠬᠦᠷᠢᠶᠠᠯᠠᠩ︾᠎ ᠤᠨ ᠪᠠᠶᠢᠭᠤᠯᠤᠯᠳᠠ ᠶᠢ ᠲᠠᠭᠤᠰᠬᠠᠵᠤ᠂ ᠴᠡᠷᠢᠭ ᠠᠷᠡᠳ ᠤᠨ ᠬᠦᠨ ᠵᠤᠵᠠᠭᠠᠨ ᠬᠠᠶᠢᠷ᠎ᠠ ᠰᠡᠳᠬᠢᠯᠬᠡ ᠶᠢ ᠪᠤᠢ ᠪᠤᠯᠭᠠᠨ᠎ᠠ᠃ ᠨᠠᠮ ᠤᠨ ᠦᠡᠳᠤᠰᠤᠳᠠᠨ ᠱᠠᠰᠢᠨ ᠰᠤᠷᠳᠠᠬᠤᠨ ᠤ ᠲᠦᠷᠥ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠢᠶᠠᠨ ᠬᠦᠭᠵᠢᠬᠦᠯᠵᠤ ᠠᠷᠡᠳ ᠢᠶᠠᠨ ᠪᠠᠶᠠᠵᠢᠭᠤᠯᠬᠤ ᠢᠡᠵᠧᠨᠧᠷᠢᠩ ᠢ ᠰᠠᠶᠢᠳᠤᠷ ᠬᠡᠷᠡᠭᠵᠢᠬᠦᠯᠵᠤ᠂ ᠱᠠᠰᠢᠨ ᠰᠤᠷᠳᠠᠬᠤᠨ ᠤ ᠤᠴᠢᠷ ᠶᠠᠪᠤᠳᠠᠯ ᠢ ᠬᠠᠤᠯᠢ ᠶᠤᠰᠤᠭᠠᠷ ᠬᠠᠮᠢᠶᠠᠷᠤᠨ᠂ ᠡᠯ᠎ᠠ ᠦᠡᠳᠤᠰᠤᠳᠠᠨ ᠤ ᠠᠷᠡᠳ ᠲᠦᠮᠡᠨ ᠤ ᠪᠦᠯᠬᠦᠮᠳᠠᠯ ᠨᠢᠭᠳᠠᠷᠠᠯ᠂ ᠠᠮᠤᠷ ᠲᠤᠭᠳᠠᠭᠤᠨ ᠠᠵᠤ ᠲᠦᠷᠤᠨ ᠠᠮᠢᠳᠤᠷᠡᠬᠤ ᠨᠠᠶᠢᠬᠡᠮ ᠤᠨ ᠤᠷᠴᠢᠨ ᠢ ᠪᠠᠳᠤᠯᠠᠨ ᠬᠠᠮᠠᠭᠠᠯᠠᠨ᠎ᠠ᠃     ᠲᠦᠯᠤᠬᠡᠯᠡᠭᠴᠢᠳ ᠡ︕ ᠠᠷᠡᠳ ᠲᠦᠮᠡᠨ ᠳᠤ ᠵᠤᠯ ᠵᠢᠷᠭᠠᠯ ᠡᠳ᠋ᠯᠡᠬᠦᠯᠬᠦ ᠪᠤᠯ ᠪᠢᠳᠠᠨ ᠤ ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠤᠯᠤᠨ᠎ᠠ᠃ ᠪᠢᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ︽ᠬᠤᠶᠡᠷ ᠢ ᠬᠠᠮᠠᠭᠠᠯᠠᠬᠤ︾᠎ ᠶᠢ ᠡᠷᠡᠰ ᠪᠠᠶᠠᠯᠠᠬᠦᠯᠵᠤ᠂ ᠦᠵᠡᠯ ᠰᠠᠨᠠᠭ᠎ᠠ᠂ ᠤᠯᠤᠰ ᠲᠦᠷᠤ ᠶᠢᠨ ᠣᠬᠠᠮᠰᠠᠷ ᠪᠠ ᠦᠢᠯᠡ ᠠᠵᠢᠯᠯᠠᠭ᠎ᠠ ᠪᠠᠨ ᠰᠢ ᠶᠢᠨ ᠫᠢᠡᠭ ᠨᠦᠬᠦᠷ ᠢᠶᠠᠷ ᠭᠤᠤᠯᠯᠠᠭᠴᠢ ᠪᠤᠯᠭᠠᠭᠰᠡᠨ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶ᠎ᠠ ᠪᠠᠷ ᠨᠢᠬᠡᠳᠤᠯᠳᠡᠢ ᠪᠠᠶᠢᠯᠭᠠᠵᠤ᠂ ᠦᠵᠡᠯ ᠤᠬᠠᠮᠰᠠᠷ ᠎ ᠤᠨ ᠬᠡᠯᠪᠡᠷᠢ ᠶᠢᠨ ᠰᠠᠨᠠᠭᠠᠴᠢᠯᠠᠭᠠᠳᠤ ᠲᠠᠶᠢᠯᠠᠯᠳᠤᠭᠠᠨ ᠢ ᠰᠠᠶᠢᠳᠤᠷ ᠬᠢᠵᠤ᠂ ᠨᠠᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠤᠬᠠᠭᠤᠯᠤᠨ ᠰᠤᠷᠳᠠᠯᠴᠢᠯᠠᠵᠤ᠂ ᠭᠤᠤᠯ ᠬᠦᠭ ᠠᠶᠠᠰ ᠢ ᠨᠠᠩ ᠬᠠᠩᠬᠢᠨᠠᠮ᠎ᠠ᠂ ᠢᠳᠡᠪᠬᠢ ᠬᠦᠴᠤᠨ ᠢ ᠨᠠᠩ ᠡᠷᠴᠢ ᠬᠦᠴᠤᠨ ᠲᠠᠢ ᠪᠤᠯᠭᠠᠰᠤᠭᠠᠢ︕ ᠬᠠᠤᠯᠢ ᠪᠠᠷ ᠵᠠᠰᠠᠭ ᠪᠠᠷᠢᠬᠤ ᠤᠬᠠᠮᠰᠠᠷ ᠢ ᠯᠠᠪᠳᠠᠭᠤᠨ ᠪᠠᠳᠤᠳᠡᠢ ᠪᠤᠢ ᠪᠤᠯᠭᠠᠵᠤ᠂ ᠬᠠᠤᠯᠢ ᠶᠤᠰᠤᠭᠠᠷ ᠵᠠᠰᠠᠭᠯᠠᠵᠤ᠂ ᠤᠬᠠᠮᠰᠠᠷ ᠠᠴᠠ ᠪᠠᠨ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠦᠷᠤ ᠶᠢᠨ ᠵᠦᠪᠯᠡᠯᠬᠡᠨ ᠤ ᠠᠷᠡᠳᠴᠢᠯᠡᠯᠳᠤ ᠬᠢᠨᠠᠯᠳᠠ ᠪᠠ ᠨᠠᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠡᠯᠳᠡ ᠶᠢ ᠢᠳᠡᠪᠬᠢᠳᠡᠢ ᠬᠦᠯᠢᠶᠠᠨ᠂ ᠡᠷᠬᠡ ᠎ ᠪᠠᠨ ᠲᠦᠪ ᠭᠤᠤᠯᠴᠢ ᠪᠠᠷ ᠬᠡᠷᠡᠭᠵᠢᠬᠦᠯᠬᠦ ᠶᠢ ᠪᠠᠳᠤᠯᠠᠨ᠎ᠠ᠃ ︽ᠲᠠᠷᠤᠢ ᠲᠦᠷᠬᠡᠨ︾ ᠬᠦᠢᠴᠡᠳᠬᠡᠬᠦ᠂ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠶᠢ ᠪᠠᠳᠠᠷᠠᠭᠤᠯᠤᠨ᠂ ᠺᠠᠳ᠋ᠷ ᠢ ᠵᠦᠪ ᠴᠢᠭᠯᠡᠯ ᠢᠶᠠᠷ ᠵᠤᠷᠢᠭᠵᠢᠭᠤᠯᠬᠤ ᠪᠠ ᠪᠤᠷᠤᠭᠤ ᠶᠢ ᠎ ᠨᠢ ᠠᠭᠤᠴᠢᠯᠠᠨ ᠠᠯᠳᠠᠭ᠎ᠠ ᠶᠢ ᠨᠢ ᠵᠠᠯᠠᠷᠠᠭᠤᠯᠠᠬᠤ ᠲᠤᠭᠳᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠺᠠᠳ᠋ᠷ ᠠᠵᠢᠯᠳᠠᠨ ᠤ ᠦᠢᠯᠡᠰ ᠪᠦᠳᠤᠬᠡᠬᠦ ᠬᠠᠯᠠᠭᠤᠨ ᠵᠤᠷᠢᠭ ᠢ ᠬᠦᠢᠴᠡᠳ ᠲᠠᠶᠢᠴᠢᠯᠠᠵᠤ᠂ ᠵᠠᠰᠠᠭ ᠤᠨ ᠤᠷᠳᠤᠨ ᠠᠴᠠ ᠲᠤᠭᠳᠠᠭᠠᠭᠰᠡᠨ ᠠᠵᠢᠯ ᠢᠶᠠᠨ ᠵᠠᠪᠠᠯ ᠬᠢᠵᠤ᠂ ᠬᠢᠪᠠᠯ ᠵᠠᠪᠠᠯ ᠪᠠᠶᠠᠯᠠᠬᠦᠯᠬᠦ ᠶᠢ ᠪᠠᠳᠤᠯᠠᠨ᠎ᠠ᠃ ᠨᠠᠮ ᠤᠨ ᠰᠤᠷᠳᠠᠯ ᠠᠷᠢᠭᠤᠨ ᠴᠢᠬᠡᠴᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠡᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠤᠨ ᠪᠠᠶᠢᠩᠭᠤᠵᠢᠯᠳᠠ ᠲᠦᠷᠢᠮᠵᠢᠯᠳᠠ ᠎ ᠶᠢ ᠦᠷᠬᠦᠯᠵᠢᠯᠡᠨ ᠠᠬᠢᠭᠤᠯᠵᠤ᠂ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾᠎ ᠶᠢ ᠰᠠᠶᠢᠳᠤᠷ ᠬᠡᠷᠡᠭᠵᠢᠬᠦᠯᠵᠤ᠂ ᠰᠠᠬᠢᠯᠭ᠎ᠠ ᠪᠠᠳᠤ᠂ ᠲᠦᠷᠢᠮ ᠲᠤᠭᠳᠠᠭᠠᠯ ᠢ ᠵᠦᠷᠢᠴᠡᠭᠰᠡᠳ ᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠠᠷᠢᠭᠤᠨ ᠴᠢᠬᠡᠴᠢ᠂ ᠲᠦᠪ ᠭᠤᠤᠯᠴᠢ ᠵᠠᠰᠠᠭ ᠤᠨ ᠤᠷᠴᠢᠨ ᠢ ᠪᠤᠢ ᠪᠤᠯᠭᠠᠨ᠎ᠠ᠃     ᠲᠦᠯᠤᠬᠡᠯᠡᠭᠴᠢᠳ ᠡ᠂ ᠵᠤᠯ ᠵᠢᠷᠭᠠᠯ ᠴᠢᠷᠮᠠᠶᠢᠯᠭ᠎ᠠ ᠲᠠᠮᠠᠴᠠᠯ ᠠᠴᠠ ᠢᠷᠡᠳᠡᠭ᠃ ᠪᠢᠳᠠ ᠰᠢ ᠶᠢᠨ ᠫᠢᠡᠭ ᠨᠦᠬᠦᠷ ᠢᠶᠠᠷ ᠭᠤᠤᠯᠯᠠᠭᠴᠢ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠠᠷᠡᠳ ᠲᠦᠮᠡᠨ ᠢᠶᠠᠨ ᠪᠦᠯᠬᠦᠮᠳᠡᠬᠦᠯᠤᠨ ᠲᠠᠶᠢᠴᠢᠯᠠᠵᠤ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠨ᠂ ᠪᠦᠯᠬᠦᠮᠳᠡᠨ ᠲᠠᠮᠠᠴᠠᠵᠤ᠂ ᠬᠠᠳᠠᠭᠤᠵᠢᠯᠳᠡᠢ ᠠᠵᠢᠯᠯᠠᠵᠤ᠂ ᠪᠤᠳᠠᠳᠡᠢ ᠠᠵᠢᠯᠯᠠᠵᠤ᠂ ᠢᠳᠡᠪᠬᠢᠳᠡᠢ ᠠᠵᠢᠯᠯᠠᠨ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠴᠡᠴᠡᠭᠯᠡᠨ ᠬᠦᠭᠵᠢᠭᠰᠡᠨ᠂ ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ ᠨᠤᠳᠤᠭ ᠢᠶᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕                         ᠨᠠᠷᠠᠰ ᠤᠨ ᠲᠠᠶᠢᠯᠪᠣᠷᠢ⒈ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠄ ᠬᠦᠡᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ᠃⒉ ︽ᠵᠢᠷᠭᠤᠭᠠᠨ ᠲᠦᠷᠤᠯ︾᠎ ᠤᠨ ᠲᠠᠭᠠᠳᠬᠠᠯ᠄ ᠮᠠᠨ ᠤ ᠬᠤᠰᠢᠭᠤᠨ ᠠᠴᠠ ᠪᠦᠬᠦ ᠬᠤᠰᠢᠭᠤᠨ ᠤ ᠲᠠᠩᠰᠠ ᠪᠠᠶᠢᠭᠤᠯᠵᠤ ᠺᠠᠷᠲ ᠤᠯᠭᠤᠭᠰᠡᠨ ᠶᠠᠳᠠᠭᠤ ᠬᠦᠴᠢᠷᠳᠡᠯᠳᠡᠢ ᠬᠦᠮᠤᠨ ᠠᠮᠠ ᠳᠤ ᠮᠠᠯᠵᠢᠬᠤ ᠤᠷᠤᠨ ᠤ ᠦᠬᠡᠷ ᠬᠤᠨᠢ ᠎ ᠶᠢᠨ ᠴᠠᠭ ᠠᠭᠤᠷ ᠤᠨ ᠵᠢᠭᠠᠯᠳᠠ ᠲᠤᠭᠠᠨ ᠤ ᠲᠠᠭᠠᠳᠬᠠᠯ᠂ ᠦᠬᠡᠷ ᠠᠷᠠᠴᠢᠯᠠᠨ ᠲᠡᠵᠢᠬᠡᠬᠦ ᠲᠠᠭᠠᠳᠬᠠᠯ᠂ ᠰᠢᠨ᠎ᠠ ᠲᠠᠷᠢᠶᠠᠯᠠᠬᠤ ᠮᠠᠯᠵᠢᠬᠤ ᠤᠷᠤᠨ ᠤ ᠬᠤᠷᠰᠢᠭᠰᠡᠨ ᠡᠮᠨᠡᠯᠬᠡ ᠶᠢᠨ ᠬᠦᠡᠳᠤ ᠡᠪᠡᠳᠴᠢᠨ ᠢ ᠡᠮᠴᠢᠯᠡᠬᠦ ᠲᠠᠭᠠᠳᠬᠠᠯ᠂ ᠠᠳᠡᠭᠳᠡᠯ ᠬᠡᠮᠳᠤᠯ ᠤᠨ ᠲᠠᠭᠠᠳᠬᠠᠯ᠂ ᠲᠦᠷᠤ ᠶᠢᠨ ᠪᠤᠳᠤᠯᠭ᠎ᠠ ᠶᠢᠨ ᠴᠢᠨᠠᠷᠳᠡᠢ ᠮᠠᠯᠵᠢᠬᠤ ᠤᠷᠤᠨ ᠤ ᠤᠷᠤᠨ ᠰᠠᠭᠤᠴᠠ ᠪᠠ ᠬᠡᠷ ᠪᠦᠯᠢ ᠶᠢᠨ ᠡᠳ᠋ ᠬᠦᠷᠤᠩᠬᠡ ᠶᠢᠨ ᠶᠠᠷᠤᠩᠬᠡᠶᠢᠯᠡᠭᠰᠡᠨ ᠲᠠᠭᠠᠳᠬᠠᠯ᠃⒊ᠣᠶᠣᠨᠳᠣ ᠰᠣᠷᠭᠠᠭᠤᠯᠢ᠄ ᠢᠨᠲ᠋ᠧᠷ ᠰᠦᠯᠵᠢᠶ᠎ᠡ ᠪᠠᠷ ᠭᠤᠤᠯᠳᠠᠯᠭ᠎ᠠ ᠪᠣᠯᠭᠠᠭᠰᠠᠨ ᠣᠶᠣᠨᠴᠢᠯᠠᠭᠰᠠᠨ ᠰᠣᠷᠭᠠᠭᠤᠯᠢ ᠎ ᠶᠢᠨ ᠠᠵᠢᠯᠯᠠᠬᠤ᠂ ᠰᠣᠷᠣᠯᠴᠠᠬᠤ ᠪᠠ ᠠᠮᠢᠳᠣᠷᠠᠬᠤ ᠨᠢᠭᠡ ᠴᠣᠭᠴᠠᠵᠢᠭᠤᠯᠣᠭᠰᠠᠨ ᠣᠷᠴᠢᠨ ᠢ ᠵᠢᠭᠠᠵᠣ ᠪᠠᠶᠢᠨ᠎ᠠ᠂ ᠨᠢᠭᠡ ᠴᠣᠭᠴᠠᠵᠢᠭᠤᠯᠣᠭᠰᠠᠨ ᠣᠷᠴᠢᠨ ᠨᠢ ᠣᠯᠠᠨ ᠲᠦᠷᠦᠯ ᠤᠨ ᠭᠡᠷᠡᠭᠯᠡᠭᠡᠨ ᠤ ᠰᠢᠰᠲ᠋ᠧᠮ ᠢᠶᠠᠷ ᠠᠴᠢᠶᠠᠯᠠᠪᠣᠷᠢ ᠪᠣᠯᠭᠠᠵᠣ᠂ ᠵᠢᠭᠠᠨ ᠰᠣᠷᠭᠠᠬᠤ᠂ ᠡᠷᠳᠡᠮ ᠰᠢᠨᠵᠢᠯᠡᠭᠡᠨ᠂ ᠬᠠᠮᠢᠶᠠᠷᠣᠯᠳᠠ ᠪᠠ ᠰᠣᠷᠭᠠᠭᠤᠯᠢ ᠶᠢᠨ ᠠᠮᠢᠳᠣᠷᠠᠯ ᠢ ᠬᠦᠢᠴᠡᠳ ᠠᠭᠤᠰᠣᠯᠴᠠᠭᠤᠯᠣᠨ᠎ᠠ  ᠃⒋ ᠲᠠᠯᠪᠢᠬᠤ ᠬᠠᠮᠢᠶᠠᠷᠬᠤ ᠦᠢᠯᠡᠴᠢᠯᠡᠬᠦ᠄ ︽ᠲᠠᠯᠪᠢᠬᠤ︾ ᠬᠡᠳᠡᠭ ᠨᠢ᠄ ᠵᠠᠰᠠᠭ ᠢ ᠴᠣᠮᠬᠠᠳᠬᠠᠨ ᠡᠷᠭᠡ ᠶᠢ ᠲᠣᠷᠣᠭᠰᠢ ᠲᠠᠯᠪᠢᠵᠤ᠂ ᠵᠦᠪᠰᠢᠶᠡᠷᠡᠬᠦ ᠪᠠᠷᠢᠮᠵᠢᠶ᠎ᠠ ᠶᠢ ᠲᠣᠷᠣᠭᠰᠢᠯᠠᠭᠤᠯᠬᠤ ᠶᠢ ᠵᠢᠭᠠᠵᠣ ᠪᠠᠶᠢᠨ᠎ᠠ᠃        ︽ᠬᠠᠮᠢᠶᠠᠷᠬᠤ︾ ᠪᠣᠯ ᠲᠠᠷᠣᠢ ᠲᠦᠪ ᠭᠤᠣᠯᠴᠢ ᠬᠢᠨᠠᠨ ᠬᠠᠮᠢᠶᠠᠷᠣᠯᠳᠠ ᠪᠠᠷ ᠡᠷᠭᠡ ᠲᠡᠭᠰᠢ ᠦᠷᠢᠰᠦᠯᠳᠦᠭᠡᠨ ᠢ ᠠᠬᠢᠭᠤᠯᠬᠤ ᠶᠢ ᠵᠢᠭᠠᠵᠣ ᠪᠠᠶᠢᠨ᠎ᠠ᠃ ︽ᠦᠢᠯᠡᠴᠢᠯᠡᠬᠦ︾ ᠬᠡᠳᠡᠭ ᠨᠢ᠄ ᠪᠦᠳᠦᠮᠵᠢᠳᠡᠢ ᠦᠢᠯᠡᠴᠢᠯᠡᠭᠡ ᠪᠠᠷ ᠲᠦᠬᠦᠮ ᠲᠦᠳᠠ ᠦᠢᠯᠡᠴᠢᠯᠡᠬᠡᠨ ᠤ ᠤᠷᠴᠢᠨ ᠢ ᠪᠤᠢ ᠪᠤᠯᠭᠠᠬᠤ᠃ ⒌ᠣᠯᠠᠨ ᠦᠨᠡᠮᠯᠡᠯ ᠢ ᠨᠢᠬᠡᠳᠬᠡᠬᠦ᠄ ᠠᠵᠣ ᠠᠬᠤᠶᠢᠯᠠᠯ ᠢ ᠲᠠᠩᠰᠠᠯᠠᠬᠤ ᠭᠠᠷᠳᠠᠮ ᠢ ᠲᠦᠬᠦᠮᠴᠢᠯᠡᠨ᠂ ᠣᠣᠯ ᠤᠨ ᠣᠯᠠᠨ ᠦᠨᠡᠮᠯᠡᠯ ᠢ ᠨᠢᠭᠡᠳᠦᠬᠦᠯᠦᠨ ᠨᠢᠭᠡ ᠡᠵᠡᠩᠨᠡᠯᠳᠡ ᠶᠢᠨ ᠦᠨᠡᠮᠯᠡᠯ ᠪᠠ ᠨᠢᠭᠡ ᠨᠡᠶᠢᠭᠡᠮ ᠤᠨ ᠢᠳᠡᠭᠡᠮᠵᠢᠳᠦ ᠲᠦᠯᠦᠭᠡᠨ ᠤ ᠳ᠋ᠣᠭᠠᠷ ᠲᠠᠢ ᠪᠣᠯᠭᠠᠨ᠎ᠠ᠃⒍ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾᠄  ᠪᠠᠶᠢᠭᠤᠯᠤᠯᠭ᠎ᠠ ᠶᠢᠨ ᠤᠳᠤᠷᠢᠳᠬᠤ ᠺᠠᠳ᠋ᠷ ᠡᠷᠬᠡᠪᠰᠢ ᠲᠤᠰ ᠪᠠᠶᠢᠭᠤᠯᠤᠯᠭ᠎ᠠ ᠶᠢᠨ ᠢᠶᠠᠨ ᠲᠤᠬᠠᠶᠢᠯᠠᠭᠰᠡᠨ ᠠᠵᠢᠯ ᠪᠠ ᠨᠠᠮ ᠤᠨ ᠰᠤᠷᠳᠠᠯ ᠠᠷᠢᠭᠤᠨ ᠴᠢᠬᠡᠴᠢ ᠶᠢᠨ ᠪᠠᠶᠢᠭᠤᠯᠤᠯᠳᠠ ᠶᠢᠨ ᠬᠤᠤᠰ ᠬᠠᠷᠢᠭᠤᠴᠠᠯᠭ᠎ᠠ ᠶᠢ ᠡᠬᠦᠷᠬᠡᠯᠡᠨ᠎ᠠ᠃⒎ ︽ᠬᠤᠶᠡᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠬᠡᠰᠢᠬᠦᠨ ᠪᠤᠯᠬᠤ︾᠄ ᠨᠠᠮ ᠤᠨ ᠲᠦᠷᠢᠮ ᠢ ᠰᠤᠷᠤᠯᠴᠠᠵᠤ᠂ ᠰᠢ ᠶᠢᠨ ᠫᠢᠡᠭ ᠶᠠᠷᠤᠩᠬᠡᠢ ᠱᠦᠵᠢ ᠶᠢᠨ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ ᠰᠤᠷᠤᠯᠴᠠᠯᠭ᠎ᠠ ᠬᠦᠮᠤᠵᠢᠯ᠃⒏ᠲᠦᠷᠤ ᠶᠢᠨ ᠶᠠᠪᠤᠳᠠᠯ ᠤᠨ ᠬᠤᠷᠢᠶᠠᠨ ᠤ ︽ᠴᠢᠩᠭ᠎ᠠ ᠰᠠᠬᠢᠬᠤ ᠭᠤᠷᠪᠡᠨ ᠵᠤᠷᠪᠤᠰ︾᠄ 2013 ᠤᠨ ᠤ 3 ᠰᠠᠷ᠎ᠠ ᠳᠤ᠂ ᠪᠦᠬᠦ ᠤᠯᠤᠰ ᠤᠨ ᠬᠤᠶᠡᠷ ᠬᠤᠷᠡᠯ ᠤᠨ ᠲᠠᠷᠠᠭ᠎ᠠ᠂ ᠯᠢ ᠺᠧ ᠴᠢᠶᠠᠩ ᠶᠠᠷᠤᠩᠬᠡᠢ ᠰᠠᠶᠢᠳ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠢ ᠬᠦᠯᠢᠶᠠᠨ ᠠᠪᠴᠤ᠄ ᠲᠤᠰ ᠬᠤᠭᠤᠴᠠᠭᠠᠨ ᠤ ᠵᠠᠰᠠᠭ ᠤᠨ ᠤᠷᠳᠤᠨ ᠲᠤᠰᠢᠶᠠᠯ ᠡᠬᠦᠷᠬᠡᠯᠡᠵᠤ ᠪᠠᠶᠢᠭ᠎ᠠ ᠬᠤᠭᠤᠴᠠᠭᠠᠨ ᠳᠤ᠂ ᠵᠠᠰᠠᠭ ᠤᠨ ᠤᠷᠳᠤᠨ ᠤ ᠠᠯᠪᠠᠯᠠᠬᠤ ᠠᠰᠠᠷ ᠪᠠᠷᠢᠯᠭ᠎ᠠ ᠲᠡᠬᠢᠨ ᠰᠢᠨ᠎ᠠ ᠪᠠᠷ ᠪᠠᠷᠢᠬᠤ ᠶᠢ ᠡᠷᠡᠰ ᠵᠦᠪᠰᠢᠶᠠᠷᠡᠬᠦ ᠦᠬᠡᠢ᠂ ᠡᠳ᠋ ᠤᠨ ᠵᠠᠰᠠᠭ ᠤᠨ ᠠᠰᠠᠷᠠᠮᠵᠢ ᠬᠦᠷᠳᠡᠵᠤ ᠪᠠᠶᠢᠭ᠎ᠠ ᠬᠦᠮᠤᠨ ᠤ ᠲᠤᠭ᠎ᠠ ᠶᠢ ᠪᠠᠭᠠᠰᠬᠠᠬᠤ ᠠᠴᠠ ᠪᠢᠰᠢ ᠨᠡᠮᠡᠭᠳᠡᠬᠦᠯᠬᠦ ᠦᠬᠡᠢ᠃ ᠠᠯᠪᠠᠨ ᠰᠦᠢᠳᠬᠡᠯ ᠢᠶᠠᠷ ᠭᠠᠳᠠᠭᠠᠳᠤ ᠳᠤ ᠭᠠᠷᠬᠤ᠂ ᠠᠯᠪᠠᠨ ᠰᠦᠢᠳᠬᠡᠯ ᠢᠶᠠᠷ ᠲᠡᠷᠬᠡ ᠬᠤᠳᠠᠯᠳᠤᠨ ᠠᠪᠬᠤ ᠶᠢ ᠪᠠᠭᠠᠰᠬᠠᠬᠤ ᠠᠴᠠ ᠪᠢᠰᠢ ᠨᠡᠮᠡᠭᠳᠡᠬᠦᠯᠬᠦ ᠦᠬᠡᠢ ᠬᠡᠵᠤ ᠲᠤᠷᠡᠳᠴᠠᠢ᠃⒐ᠲᠠᠪᠤ ᠶᠢ ᠨᠢᠬᠡ ᠴᠤᠭᠴᠠᠵᠢᠭᠤᠯᠬᠤ᠄ ︽ᠲᠠᠪᠤ ᠶᠢ ᠨᠢᠬᠡ ᠴᠤᠭᠴᠠᠵᠢᠭᠤᠯᠬᠤ︾ ᠶᠠᠷᠤᠩᠬᠡᠢ ᠪᠠᠶᠢᠷᠢᠯᠠᠭᠤᠯᠤᠯᠳᠠ ᠪᠤᠯ ᠲᠠᠷᠤᠢ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠤ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠠᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ᠎ᠠ᠃ ⒑ ᠲᠦᠷᠪᠡᠨ ᠪᠦᠬᠦ ᠲᠠᠯ᠎ᠠ᠄ ᠲᠠᠷᠤᠢ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠪᠤᠯᠤᠨ᠎ᠠ᠃⒒ ᠭᠤᠷᠪᠠᠨ ᠪᠦᠳᠦᠭᠡᠭᠳᠡᠬᠦᠨ ᠨᠢᠭᠡ ᠲᠡᠮᠳᠡᠭ᠄ ᠪᠠᠶᠢᠭᠠᠯᠢᠯᠢᠭ ᠲᠠᠷᠢᠶᠠᠯᠠᠩ ᠤᠨ ᠪᠦᠳᠦᠭᠡᠭᠳᠡᠬᠦᠨ᠂ ᠪᠣᠬᠢᠷᠳᠣᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠪᠠ ᠲᠠᠷᠢᠶᠠᠯᠠᠩ ᠤᠨ ᠪᠦᠳᠦᠭᠡᠭᠳᠡᠬᠦᠨ ᠤ ᠭᠠᠵᠠᠷ ᠵᠦᠢ ᠶᠢᠨ ᠲᠡᠮᠳᠡᠭ ᠢ ᠵᠢᠭᠠᠵᠣ ᠪᠠᠶᠢᠨ᠎ᠠ᠃⒓ ︽ᠵᠠᠮ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ︾᠄  ᠵᠠᠮ ᠬᠠᠷᠢᠯᠴᠠᠭᠠᠨ ᠤ ᠰᠠᠯᠪᠤᠷᠢ ᠶᠡᠭᠡ ᠠᠩᠬᠢ ᠎ ᠶᠢᠨ ᠴᠠᠭᠳᠠᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠨ᠂ ᠵᠠᠮ ᠬᠠᠷᠢᠯᠴᠠᠭᠠᠨ ᠤ ᠲᠤᠬᠢᠶ᠎ᠠ ᠲᠡᠮᠳᠡᠭ᠂ ᠵᠠᠭᠠᠭ ᠱᠤᠭᠤᠮ ᠵᠠᠮ ᠬᠠᠷᠢᠯᠴᠠᠭᠠᠨ ᠤ ᠲᠤᠬᠢᠶᠠᠨ ᠤ ᠳ᠋ᠸᠡᠭ ᠤᠨ ᠡᠪᠳᠡᠭᠳᠡᠯ ᠢ ᠴᠠᠭ ᠲᠤᠬᠠᠢ ᠳᠤᠨᠢ ᠰᠢᠢᠳᠪᠤᠷᠢᠯᠡᠬᠦ ᠶᠢᠨ ᠬᠠᠮᠳᠤ ᠬᠤᠯᠪᠤᠭᠳᠠᠯ ᠪᠦᠬᠦᠢ ᠵᠠᠮ ᠤᠨ ᠬᠡᠰᠡᠭ ᠤᠨ ᠲᠦᠭᠵᠢᠷᠡᠯ ᠤᠨ ᠰᠢᠯᠳᠠᠭᠠᠨ ᠳᠤ ᠵᠠᠳᠠᠯᠤᠯᠳᠠ ᠬᠢᠬᠦ᠂ ᠲᠦᠭᠵᠢᠷᠡᠯ ᠢ ᠠᠷᠭᠠᠴᠠᠭᠠᠬᠤ ᠠᠷᠭ᠎ᠠ ᠬᠡᠮᠵᠢᠶ᠎ᠠ ᠠᠪᠬᠤ ᠵᠠᠷᠬᠡ᠃⒔ ︽ᠵᠤᠷᠯᠤᠩ ᠤᠨ ᠬᠤᠪᠢᠰᠬᠠᠯ︾᠄ ᠬᠦᠭᠵᠢᠵᠤ ᠪᠠᠶᠢᠭ᠎ᠠ ᠤᠯᠤᠰ ᠤᠨ ᠵᠤᠷᠯᠤᠩ ᠢ ᠦᠬᠡᠷᠡᠴᠢᠯᠡᠨ ᠪᠠᠶᠢᠭᠤᠯᠬᠤ ᠨᠢᠬᠡ ᠲᠦᠷᠤᠯ ᠤᠨ ᠠᠷᠭ᠎ᠠ ᠪᠤᠯᠤᠨ᠎ᠠ᠃ ᠬᠠᠮᠤᠭ ᠡᠷᠳᠡ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠬᠡᠤᠬᠡᠳ ᠤᠨ ᠰᠠᠭᠤᠷᠢ ᠮᠦᠩᠬᠦᠨ ᠤ ᠨᠠᠶᠢᠬᠡᠮᠯᠢᠭ ᠠᠴᠠ ᠲᠤᠷᠡᠳᠴᠠᠢ᠃ ᠵᠤᠷᠯᠤᠩ ᠪᠤᠯ ᠪᠤᠯᠪᠠᠰᠤᠨ ᠤ ᠪᠠᠶᠢᠳᠠᠯ ᠢ ᠬᠠᠷᠠᠭᠤᠯᠬᠤ ᠭᠤᠤᠯ ᠬᠡᠮᠵᠢᠬᠦᠷ ᠪᠤᠯᠤᠨ᠎ᠠ᠃ ᠵᠤᠷᠯᠤᠩ ᠤᠨ ᠠᠷᠢᠭᠤᠨ ᠴᠠᠪᠠᠷ ᠤᠨ ᠪᠠᠶᠢᠳᠠᠯ ᠨᠢ ᠲᠤᠰ ᠤᠯᠤᠰ ᠤᠨ ᠠᠷᠡᠳ ᠲᠦᠮᠡᠨ ᠤ ᠡᠷᠡᠬᠦᠯ ᠴᠢᠬᠢᠷᠠᠭ ᠪᠠ ᠤᠷᠴᠢᠨ ᠲᠤᠭᠤᠷᠢᠨ ᠤ ᠪᠠᠶᠢᠳᠠᠯ ᠲᠠᠢ ᠬᠤᠯᠪᠤᠭᠳᠠᠵᠤ ᠪᠠᠶᠢᠳᠠᠭ᠃⒕︽ᠨᠢᠬᠡ ᠲᠤᠭᠤᠷᠢᠭ ᠭᠤᠷᠪᠡᠨ ᠰᠠᠭᠤᠷᠢᠨ︾᠄ ᠨᠢᠬᠡ ᠲᠤᠭᠤᠷᠢᠭ ᠠᠪᠠᠭ᠎ᠠ ᠬᠤᠰᠢᠭᠤᠨ ᠤ ᠠᠵᠤ ᠦᠢᠯᠡᠳᠪᠤᠷᠢ ᠎ ᠶᠢᠨ ᠲᠤᠭᠤᠷᠢᠭ᠃ ᠭᠤᠷᠪᠡᠨ ᠰᠠᠭᠤᠷᠢᠨ ᠪᠤᠯ ᠲᠤᠮᠳᠠ ᠪᠠᠭ᠎ᠠ ᠠᠵᠤ ᠠᠬᠤᠶᠢᠯᠡᠯ ᠤᠨ ᠦᠢᠯᠡᠰ ᠪᠤᠰᠬᠠᠵᠤ ᠠᠵᠢᠯ ᠤᠯᠭᠤᠬᠤ ᠰᠠᠭᠤᠷᠢᠨ᠂ ᠴᠠᠭᠠᠡᠨᠠᠭᠤᠷ ᠤᠷᠴᠢᠯᠳᠡᠳᠤ ᠠᠵᠤ ᠠᠬᠤᠢ ᠠᠵᠤ ᠦᠢᠯᠡᠰ ᠤᠨ ᠰᠠᠭᠤᠷᠢᠨ᠂ ᠲᠡᠯᠬᠡᠷ ᠠᠵᠤ ᠦᠢᠯᠡᠳᠪᠤᠷᠢ ᠶᠢᠨ ᠰᠠᠭᠤᠷᠢᠨ᠃⒖ ᠬᠤᠣᠰ ᠲᠣᠭᠳᠠᠮᠠᠯ ᠪᠣᠰᠣ᠂ ᠨᠢᠭᠡ ᠢᠯᠡ ᠨᠡᠶᠢᠳᠡᠯᠡᠬᠦ᠄ ᠬᠢᠨᠠᠨ ᠬᠠᠮᠢᠶᠠᠷᠣᠯᠳᠠ ᠶᠢᠨ ᠶᠠᠪᠣᠴᠠ ᠳᠤ ᠪᠠᠶᠢᠴᠠᠭᠠᠬᠤ ᠡᠳᠡᠭᠡᠳ ᠢᠶᠠᠨ ᠲᠣᠭᠳᠠᠮᠠᠯ ᠪᠣᠰᠣ ᠪᠠᠷ ᠰᠤᠭᠤᠴᠢᠨ ᠲᠤᠭᠳᠠᠭᠠᠠᠬᠤ᠂ ᠬᠠᠣᠯᠢ ᠬᠡᠷᠡᠭᠵᠢᠬᠦᠯᠬᠦ ᠠᠵᠢᠯᠳᠠᠨ ᠢ ᠲᠣᠭᠳᠠᠮᠠᠯ ᠪᠣᠰᠣ ᠪᠠᠷ ᠰᠣᠭᠤᠴᠢᠨ ᠲᠣᠮᠢᠯᠠᠬᠤ᠂ ᠪᠠᠶᠢᠴᠠᠭᠠᠭᠰᠠᠨ ᠪᠠᠶᠢᠳᠠᠯ ᠪᠠ ᠦᠷ᠎ᠡ ᠳ᠋ᠦᠩ ᠢᠶᠠᠨ ᠴᠠᠭ ᠲᠣᠬᠠᠢ ᠳᠤᠨᠢ ᠨᠡᠶᠢᠭᠡᠮ ᠳᠤ ᠢᠯᠡ ᠨᠡᠶᠢᠳᠡᠯᠡᠬᠦ᠃⒗︽ᠬᠡᠷᠡᠴᠢ ᠦᠨᠡᠮᠯᠡᠯ ᠢ ᠰᠠᠯᠭᠠᠬᠤ︾᠄ ᠠᠵᠤ ᠠᠬᠤᠶᠢᠯᠡᠯ ᠤᠨ ︽ᠦᠨᠡᠮᠯᠡᠯ ᠤᠨ ᠭᠠᠷ ᠬᠦᠢᠴᠡᠳᠬᠡᠯ ᠠᠪᠬᠤ ᠳᠤ ᠬᠦᠴᠢᠷ︾ ᠠᠰᠠᠭᠤᠳᠠᠯ ᠳᠤ ᠴᠢᠭᠯᠡᠬᠦᠯᠤᠨ᠂ ᠬᠤᠳᠠᠯᠳᠤᠭᠠᠨ ᠤ ᠲᠠᠩᠰᠠᠯᠠᠬᠤ ᠲᠦᠷᠢᠮ ᠤᠨ ᠦᠬᠡᠷᠠᠴᠢᠯᠡᠯᠳᠡ᠂ ᠲᠠᠷᠤᠢ ᠺᠤᠮᠫᠠᠨᠢ ᠪᠠᠶᠢᠭᠤᠯᠬᠤ ᠳᠤ᠂ ᠵᠦᠪᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠬᠦᠷᠴᠤ᠂ ᠡᠵᠡᠩᠨᠡᠯᠳᠡ ᠶᠢᠨ ᠦᠨᠡᠮᠯᠡᠯ ᠠᠪᠤᠪᠠᠯ ᠡᠩ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠤᠯᠤᠨ᠎ᠠ᠃ ⒘ ︽ᠡᠬᠦᠳᠠᠨ ᠡᠮᠤᠨᠡᠬᠢ ᠲᠠᠪᠤ ᠶᠢ ᠲᠠᠭᠠᠭᠠᠴᠢᠯᠠᠬᠤ︾᠄ ᠡᠬᠦᠳᠡᠨ ᠡᠮᠤᠨᠡᠬᠢ ᠠᠷᠢᠭᠤᠨ ᠴᠡᠪᠡᠷ᠂ ᠨᠤᠭᠤᠭᠠᠷᠠᠭᠤᠯᠤᠯᠳᠠ᠂ ᠤᠯᠠᠨ ᠨᠠᠶᠢᠳᠠ ᠶᠢᠨ ᠲᠦᠬᠦᠬᠡᠷᠤᠮᠵᠢ᠂ ᠪᠠᠷᠢᠯᠭ᠎ᠠ ᠶᠢᠨ ᠭᠠᠳᠠᠷ ᠲᠦᠷᠢ ᠲᠦᠷᠬᠦ᠂ ᠡᠮᠬᠢ ᠲᠢᠭᠯᠢᠮ ᠵᠠᠷᠬᠡ ᠶᠢ ᠲᠠᠭᠠᠭᠠᠴᠢᠯᠠᠬᠤ ⒙ ︽ᠲᠧᠯᠸᠢᠰ ᠬᠢᠨᠡᠨ ᠡᠵᠡᠮᠳᠠᠬᠦ ᠲᠠᠪᠴᠠᠩ︾᠄ ᠰᠤᠷᠠᠭ ᠵᠠᠩᠬᠢᠵᠢᠯᠳᠠ ᠪᠠᠷ ᠲᠤᠯᠭᠠᠭᠤᠷᠢᠯᠠᠵᠤ᠂ ᠲᠤᠤᠷ ᠰᠦᠯᠵᠢᠶ᠎ᠠ ᠶᠢᠨ ᠬᠠᠮᠢᠶᠠᠷᠤᠯᠳᠠ ᠪᠠᠷ ᠰᠠᠭᠤᠷᠢ ᠪᠤᠯᠭᠠᠵᠤ᠂ ᠬᠤᠰᠢᠭᠤ ᠰᠤᠮᠤ ᠭᠠᠴᠠᠭ᠎ᠠ ᠭᠤᠷᠪᠡᠨ ᠲᠡᠰ ᠤᠨ ᠤᠯᠠᠨ ᠨᠠᠶᠢᠳᠠ ᠶᠢᠨ ᠠᠮᠤᠷ ᠲᠦᠪᠰᠢᠨ ᠤ ᠲᠧᠯᠸᠢᠰ ᠬᠢᠨᠡᠨ ᠡᠵᠡᠮᠳᠠᠬᠦ ᠲᠠᠪᠴᠠᠩ  ᠃⒚︽ᠲᠦᠷᠪᠡᠨ ᠤᠬᠠᠮᠰᠠᠷ︾᠄ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ᠂ ᠨᠢᠬᠡᠳᠤᠯᠳᠡᠢ ᠪᠠᠶᠢᠬᠤ ᠤᠬᠠᠮᠰᠠᠷ᠃⒛ ︽ᠬᠤᠶᠡᠷ ᠢ ᠬᠠᠮᠠᠭᠠᠯᠠᠬᠤ︾᠄ ᠰᠢ ᠶᠢᠨ ᠫᠢᠡᠭ ᠶᠠᠷᠤᠩᠬᠡᠢ ᠱᠦᠵᠢ ᠶᠢᠨ ᠭᠤᠤᠯᠯᠠᠭᠴᠢ ᠶᠢᠨ ᠪᠠᠶᠢᠷᠢ ᠰᠠᠭᠤᠷᠢ ᠎ ᠶᠢ ᠡᠷᠡᠰ ᠬᠠᠮᠠᠭᠠᠯᠠᠬᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号