—— ᠠᠪᠠᠭ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ ᠤᠨ ᠬᠤᠶᠠᠳᠣᠭᠠᠷ ᠤᠳᠠᠭᠠᠨ ᠤ ᠬᠤᠷᠡᠯ | ᠵᠠᠰᠠᠭ ᠤᠨ ᠤᠷᠳᠤᠨ ᠤ ᠣᠷᠣᠯᠠᠭᠴᠢ ᠬᠤᠰᠢᠭᠤ ᠲᠠᠷᠤᠭ᠎ᠠ ᠢᠦᠢ ᠬᠠᠢ ᠴᠧᠩ | 2019 ᠤᠨ ᠤ 1 ᠰᠠᠷ᠎ᠠ ᠶᠢᠨ 5 ᠤ ᠡᠳᠤᠷ | ᠲᠦᠯᠤᠬᠡᠯᠡᠭᠴᠢᠳ ᠡ᠄ | ᠤᠳᠤ ᠪᠢ ᠬᠤᠰᠢᠭᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ ᠠᠵᠢᠯ ᠤᠨ | ᠢᠯᠡᠳᠬᠡᠯ ᠬᠢᠶ᠎ᠠ᠂ ᠬᠢᠨᠡᠨ ᠵᠦᠪᠯᠡᠬᠦ ᠪᠤᠯᠪᠠᠤ︕ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ | ᠰᠤᠯᠠ ᠤᠷᠤᠯᠴᠠᠭᠰᠡᠨ ᠨᠦᠬᠦᠳ ᠰᠠᠨᠠᠯ ᠢᠶᠠᠨ ᠲᠡᠪᠰᠢᠬᠦᠯᠬᠦ ᠶᠢ ᠬᠦᠰᠠᠶ᠎ᠠ᠃ | ᠨᠢᠬᠡ᠂ 2018 ᠣᠨ ᠤ ᠠᠵᠢᠯ ᠤᠨ ᠡᠷᠬᠢᠴᠠᠬᠦᠯᠤᠯ | ᠨᠢᠭᠡ ᠵᠢᠯ ᠤᠨ ᠲᠣᠷᠰᠢ᠂ ᠪᠢᠳᠠ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠵᠢᠴᠢ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠳᠠ ᠲᠠᠯᠪᠢᠬᠤ ᠪᠠ | ᠣᠯᠣᠰ ᠲᠦᠷᠦ ᠶᠢᠨ ᠵᠦᠪᠯᠡᠯᠭᠡᠨ ᠤ ᠠᠷᠡᠳᠴᠢᠯᠡᠯᠳᠤ ᠬᠢᠨᠠᠯᠳᠠ ᠶᠢᠨ ᠲᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ | ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠪᠦᠬᠦ | ᠬᠦᠴᠤᠨ ᠢᠶᠠᠷ ᠠᠵᠣ ᠦᠢᠯᠡᠰ ᠢ ᠠᠳᠬᠤᠵᠤ᠂ ᠲᠦᠷᠦᠯ ᠵᠦᠢᠯ ᠢ ᠲᠦᠷᠬᠡᠳᠬᠡᠨ᠂ ᠠᠷᠠᠳ ᠲᠤ ᠠᠰᠢᠭ ᠬᠦᠷᠳᠡᠭᠡᠵᠦ | ᠡᠶ᠎ᠡ ᠵᠣᠬᠢᠴᠠᠯ ᠢ ᠠᠬᠢᠭᠤᠯᠣᠨ᠂ ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ | ᠤᠨ ᠶᠡᠭᠡ ᠬᠤᠷᠡᠯ ᠤᠨ ᠨᠢᠭᠡᠳᠦᠭᠡᠷ ᠤᠳᠠᠭᠠᠨ ᠤ ᠬᠤᠷᠡᠯ ᠳᠤ ᠲᠣᠭᠳᠠᠭᠰᠠᠨ ᠬᠠᠷᠠᠯᠳᠠ ᠡᠬᠦᠷᠭᠡ ᠪᠠᠨ ᠠᠮᠵᠢᠯᠳᠠ ᠲᠠᠢ | ᠪᠡᠶᠡᠯᠡᠬᠦᠯᠦᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠲᠣᠭᠳᠠᠭᠤᠨ ᠬᠦᠭᠵᠢᠯᠳᠡ ᠶᠢ ᠠᠬᠢᠭᠤᠯᠪᠠ᠃ | ᠵᠢᠱᠢᠯᠳᠠ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 32.6 ᠳ᠋ᠦᠩᠰᠢᠭᠤᠷ ᠲᠦᠬᠦᠷᠢᠭ ᠲᠤ | ᠬᠦᠷᠴᠦ᠂ 6% ᠪᠠᠷ ᠨᠡᠮᠡᠭᠳᠡᠨ᠂ ᠡᠳ᠋ ᠤᠨ ᠵᠠᠰᠠᠭ ᠤᠨ ᠡᠩ ᠤᠨ ᠣᠯᠠᠨ ᠨᠡᠶᠢᠳᠡ ᠶᠢᠨ ᠲᠦᠰᠦᠪᠯᠡᠭᠰᠡᠨ ᠣᠷᠣᠯᠭ᠎ᠠ | 1.65 ᠳ᠋ᠦᠩᠰᠢᠭᠤᠷ ᠲᠦᠬᠦᠷᠢᠭ ᠲᠤ ᠬᠦᠷᠴᠦ᠂ 18.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ | ᠪᠣᠳᠠᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠦᠷᠳᠡᠭ 12.65 ᠳ᠋ᠦᠩᠰᠢᠭᠤᠷ ᠲᠦᠬᠦᠷᠢᠭ ᠲᠤ ᠬᠦᠷᠴᠦ᠂ | 8% ᠪᠠᠷ ᠨᠡᠮᠡᠭᠳᠡᠨ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠲᠡᠭᠰᠢᠳᠭᠡᠭᠰᠡᠨ ᠣᠷᠣᠯᠭ᠎ᠠ 37700 | ᠲᠦᠬᠦᠷᠢᠭ ᠪᠠ 25480 ᠲᠦᠬᠦᠷᠢᠭ ᠲᠤ ᠬᠦᠷᠴᠦ᠂ ᠲᠣᠰ ᠲᠣᠰ 7.7% ᠪᠠ 8 % ᠪᠠᠷ ᠨᠡᠮᠡᠭᠳᠡᠵᠤ᠂ | ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 9 ᠳ᠋ᠦᠩᠰᠢᠭᠤᠷ ᠲᠦᠬᠦᠷᠢᠭ ᠲᠤ ᠬᠦᠷᠪᠠ᠃ ᠲᠡᠭᠡᠳᠦ ᠱᠠᠳᠣᠨ | ᠤ ᠪᠠᠭᠤᠯᠭᠠᠭᠰᠠᠨ ᠡᠨᠧᠷᠬᠢ ᠠᠷᠪᠢᠯᠠᠨ ᠪᠣᠬᠢᠷᠳᠣᠯ ᠪᠠᠭᠠᠰᠬᠠᠬᠤ ᠬᠠᠷᠠᠯᠳᠠ ᠡᠬᠦᠷᠬᠡ ᠪᠠᠨ ᠪᠦᠬᠦᠨ ᠢ ᠪᠡᠶᠡᠯᠡᠬᠦᠯᠪᠡ᠃ | ︵ᠨᠢᠭᠡ︶ ᠭᠤᠷᠪᠠᠨ ᠶᠡᠭᠡ ᠪᠣᠭᠤᠮᠳᠠ ᠰᠢᠪᠳᠣᠯᠬᠤ ᠲᠠᠶᠢᠯᠠᠯᠳᠣᠭᠠᠨ ᠢ ᠬᠦᠴᠦᠯᠡᠨ ᠠᠭᠢᠭᠤᠯᠪᠠ᠃ | ᠬᠦᠡᠳᠤ ᠬᠡᠴᠡᠬᠦᠦ ᠠᠶᠤᠯ ᠲᠦᠭᠰᠢᠬᠦᠷᠢ ᠶᠢ ᠪᠦᠳᠤᠮᠵᠢᠳᠡᠢ ᠰᠡᠷᠬᠡᠶᠢᠯᠡᠨ ᠠᠷᠢᠯᠭᠠᠪᠠ᠃ ᠡᠳ᠋ ᠤᠨ ᠵᠠᠰᠠᠭ ᠤᠨ | ᠣᠷᠣᠯᠭ᠎ᠠ ᠵᠠᠷᠣᠯᠭ᠎ᠠ ᠶᠢᠨ ᠵᠦᠷᠢᠴᠡᠯ ᠢ ᠵᠣᠬᠢᠴᠠᠭᠤᠯᠵᠣ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ 1.02 | ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠪᠦᠬᠦᠨ ᠢ ᠴᠠᠶᠢᠷᠠᠭᠤᠯᠵᠤ᠂ ᠪᠦᠬᠦ ᠨᠠᠶᠢᠳᠠ 1.9 ᠳ᠋ᠦᠩᠰᠢᠭᠤᠷ | ᠲᠦᠬᠦᠷᠢᠭ ᠤᠨ ᠦᠷᠢ ᠦᠭᠴᠡᠭᠡ ᠶᠢ ᠴᠠᠶᠢᠷᠠᠭᠤᠯᠤᠨ᠂ ᠲᠦᠰᠦᠪᠯᠡᠭᠰᠡᠨ ᠡᠬᠦᠷᠭᠡ ᠪᠠᠨ 190% ᠪᠠᠷ ᠲᠠᠪᠠᠭᠤᠯᠤᠨ | ᠪᠡᠶᠡᠯᠡᠬᠦᠯᠪᠡ︔ ︽ᠠᠪᠠᠭ᠎ᠠ ᠬᠤᠰᠢᠭᠤᠨ ᠤ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢ | ᠦᠷᠬᠦᠯᠵᠢᠯᠡᠨ ᠴᠡᠭᠴᠡᠯᠡᠨ ᠵᠠᠰᠠᠬᠤ ᠪᠠ ᠲᠦᠷᠢᠮᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠪ︾ ᠢ ᠲᠣᠭᠳᠠᠭᠠᠵᠣ᠂ | ᠦᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠠᠷᠠᠳ ᠤᠨ ᠬᠤᠭᠤᠷᠣᠨᠳᠣᠬᠢ ᠦᠨᠳᠦᠷ ᠬᠦᠦ ᠲᠠᠢ | ᠵᠢᠭᠡᠯᠡᠯᠭᠡ ᠶᠢ ᠵᠣᠬᠢᠴᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠠᠬᠢᠭᠤᠯᠵᠣ᠂ 393 ᠡᠷᠦᠭᠡ ᠶᠢᠨ 3427 | ᠲᠦᠮᠡᠨ ᠲᠦᠬᠦᠷᠢᠭ ᠤᠨ ᠵᠢᠭᠡᠯᠡᠯᠭᠡ ᠶᠢ ᠲᠦᠷᠢᠮᠵᠢᠬᠦᠯᠤᠨ ᠰᠢᠢᠳᠪᠤᠷᠢᠯᠡᠵᠤ᠂ ᠲᠦᠷᠢᠮᠵᠢᠬᠦᠯᠦᠨ ᠰᠢᠢᠳᠪᠦᠷᠢᠯᠡᠭᠰᠡᠨ | ᠨᠣᠷᠮ᠎ᠠ ᠨᠢᠳᠣᠨᠣᠨ ᠵᠢᠯ ᠠᠴᠠ ᠬᠤᠶᠠᠷ ᠵᠠᠭᠤᠨ ᠤ ᠨᠢᠬᠡᠴᠢ ᠲᠡᠬᠡᠭᠰᠢᠯᠡᠵᠤ 95% ᠳᠤ ᠬᠦᠷᠪᠡ᠃ᠤᠨᠢᠨ ᠲᠡᠬᠡᠷ᠎ᠠ ᠨᠢ | ᠶᠠᠳᠠᠭᠤ ᠠᠴᠠ ᠠᠩᠬᠢᠵᠢᠷᠠᠭᠤᠯᠤᠭᠰᠡᠨ ᠦᠷ᠎ᠡ ᠪᠦᠳᠦᠮᠵᠢ ᠪᠠᠨ ᠲᠠᠰᠤᠷᠠᠯᠳᠠ ᠦᠬᠡᠢ ᠪᠠᠳᠣᠳᠬᠠᠪᠠ᠃ 438 ᠡᠷᠦᠭᠡ | ᠶᠢᠨ 1188 ᠬᠦᠮᠦᠨ ᠢ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠳᠦᠮᠵᠢ ᠪᠠᠨ ᠪᠠᠳᠣᠳᠬᠠᠵᠣ᠂ 20 | ᠡᠷᠦᠭᠡ ᠶᠢᠨ 51 ᠬᠦᠮᠦᠨ ᠢ ᠶᠠᠳᠠᠭᠤ ᠠᠴᠠ ᠠᠩᠬᠢᠵᠢᠷᠠᠭᠤᠯᠣᠨ᠂ ᠪᠦᠬᠦ ᠬᠤᠰᠢᠭᠤᠨ ᠤ ᠲᠠᠩᠰᠠ ᠪᠠᠶᠢᠭᠤᠯᠵᠣ | ᠺᠠᠷᠲ ᠣᠯᠭᠤᠭᠰᠠᠨ ᠶᠠᠳᠠᠭᠤ ᠬᠦᠴᠢᠷᠳᠡᠯᠳᠡᠢ ᠡᠷᠦᠭᠡ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠣᠨ᠂ | ᠦᠪᠡᠷᠳᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠵᠦ᠂ ᠤᠷᠤᠨ ᠤ ᠲᠡᠰ ᠤᠨ ᠶᠠᠳᠠᠭᠤ | ᠬᠦᠴᠢᠷᠳᠡᠯᠳᠡᠢ ᠬᠤᠰᠢᠭᠤ ᠰᠢᠶᠠᠨ ᠠᠴᠠ ᠭᠠᠷᠪᠠ᠃ ᠶᠠᠳᠠᠭᠤ ᠬᠦᠴᠢᠷᠳᠡᠯᠳᠡᠢ ᠬᠦᠮᠦᠨ ᠠᠮᠠ ᠶᠢ ᠨᠠᠷᠢᠯᠢᠭ | ᠣᠨᠣᠪᠴᠢᠳᠠᠢ ᠢᠯᠭᠠᠨ ᠲᠣᠳᠣᠯᠠᠵᠣ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ︽ᠡᠷᠬᠢᠵᠦ ᠬᠠᠷᠠᠬᠤ︾ | ᠪᠠ ︽ᠶᠡᠭᠡ ᠰᠣᠷᠣᠯᠴᠠᠯᠭ᠎ᠠ᠂ ᠶᠡᠭᠡ ᠰᠠᠶᠢᠵᠢᠷᠠᠭᠤᠯᠣᠯᠳᠠ᠂ ᠶᠡᠭᠡ ᠲᠡᠭᠡᠭᠰᠢᠯᠡᠬᠦᠯᠦᠯᠳᠡ︾ ᠶᠢᠨ ᠲᠤᠰᠬᠠᠢ ᠠᠵᠢᠯᠯᠠᠭ᠎ᠠ | ᠦᠷᠨᠢᠬᠦᠯᠵᠦ᠂ ᠲᠡᠭᠡᠳᠦ ᠱᠠᠳᠣᠨ ᠤ ᠱᠠᠯᠠᠪᠳᠠᠨ ᠪᠠᠶᠢᠴᠠᠭᠠᠬᠤ ᠲᠤᠭᠤᠶᠢᠯᠠᠩ ᠤᠨ ᠲᠣᠰᠬᠠᠭᠰᠠᠨ ᠰᠠᠨᠠᠯ ᠢ ᠨᠠᠷᠢᠨ | ᠬᠢᠨᠠᠮᠠᠭᠠᠢ ᠦᠭᠡᠷᠡᠴᠢᠯᠡᠨ ᠵᠠᠰᠠᠪᠠ᠃ ᠪᠦᠬᠦ ᠵᠢᠯ ᠳᠤ ᠲᠡᠬᠡᠳᠤ ᠱᠠᠳᠤ ᠪᠠ ᠬᠤᠰᠢᠭᠤᠨ ᠠᠴᠠ ᠲᠤᠰ ᠲᠤᠰ 2781 | ᠲᠦᠮᠡᠨ ᠲᠦᠬᠦᠷᠢᠭ ᠪᠠ 800 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠨ᠎ᠡ ᠪᠠᠷ 11 ᠰᠠᠭᠤᠷᠢ ᠭᠡᠷ | ᠪᠠᠶᠢᠰᠢᠩ ᠪᠠᠷᠢᠵᠣ᠂ ᠶᠠᠳᠠᠭᠤ ᠶᠢ ᠲᠡᠳᠬᠦᠬᠦ ᠦᠬᠡᠷ 83 ᠶᠢ ᠬᠤᠳᠠᠯᠳᠤᠨ ᠠᠪᠴᠤ᠂ ᠣᠰᠣ ᠠᠷᠢᠭᠤᠳᠬᠠᠬᠤ | ᠲᠦᠬᠦᠭᠡᠷᠦᠮᠵᠢ 200 ᠢᠵᠢ ᠤᠭᠰᠠᠷᠠᠵᠤ᠂ 40 ᠭᠠᠴᠠᠭᠠᠨ ᠳᠤ ᠬᠠᠮᠳᠣ ᠶᠢᠨ ᠠᠵᠣ ᠠᠬᠤᠢ ᠶᠢ ᠪᠣᠵᠠᠭᠠᠶᠢᠷᠠᠭᠤᠯᠬᠤ | ᠲᠦᠷᠦᠯ ᠵᠦᠢᠯ ᠢ ᠬᠡᠷᠡᠭᠵᠢᠬᠦᠯᠵᠦ᠂ ᠨᠡᠭᠦᠯᠭᠡᠨ ᠰᠢᠯᠵᠢᠬᠦᠯᠥᠭᠰᠡᠨ ᠶᠠᠳᠠᠭᠤ ᠬᠦᠴᠢᠷᠳᠡᠯᠳᠡᠢ ᠬᠦᠮᠦᠨ ᠪᠦᠷᠢ ᠳᠤ | ᠲᠡᠭᠰᠢᠳᠭᠡᠭᠡᠳ 2000 ᠲᠦᠬᠦᠷᠢᠭ ᠤᠨ ᠦᠭᠡᠷ ᠣᠷᠣᠯᠠᠨ ᠮᠠᠯᠵᠢᠭᠰᠠᠨ ᠤᠷᠤᠯᠭ᠎ᠠ ᠬᠦᠷᠳᠡᠭᠡᠨ᠂ ᠬᠦᠳᠡᠯᠮᠦᠷᠢᠯᠡᠬᠦ | ᠴᠢᠳᠠᠪᠣᠷᠢ ᠪᠠᠨ ᠠᠯᠳᠠᠭᠰᠠᠨ ᠶᠠᠳᠠᠭᠤ ᠬᠦᠴᠢᠷᠳᠡᠯᠳᠡᠢ ᠬᠦᠮᠦᠨ ᠪᠦᠷᠢ ᠳᠤ ᠰᠠᠷ᠎ᠠ ᠪᠦᠷᠢ 650 ᠲᠦᠬᠦᠷᠢᠭ ᠤᠨ ᠡᠳ᠋ | ᠬᠦᠷᠦᠩᠭᠡ ᠶᠢᠨ ᠪᠠᠳᠣᠯᠠᠭ᠎ᠠ ᠶᠢᠨ ᠮᠦᠩᠬᠦ ᠣᠯᠭᠤᠪᠠ︔ ᠶᠠᠳᠠᠭᠤ ᠬᠦᠴᠢᠷᠳᠡᠯᠳᠡᠢ ᠬᠦᠮᠦᠨ ᠪᠦᠷᠢ ᠶᠢ ︽ᠵᠢᠷᠭᠤᠭᠠᠨ | ᠲᠦᠷᠦᠯ︾ ᠤᠨ ᠲᠠᠭᠠᠳᠬᠠᠯ ᠳᠤ ᠣᠷᠣᠭᠤᠯᠣᠨ᠂ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ | ᠶᠢᠨ ᠲᠠᠭᠠᠳᠬᠠᠯ ᠤᠨ ᠬᠤᠪᠢ ᠶᠢᠨ ᠰᠦᠢᠳᠬᠡᠯ ᠢ ᠤᠷᠤᠯᠠᠨ ᠲᠣᠰᠢᠶᠠᠵᠣ᠂ ᠶᠠᠳᠠᠭᠤ ᠬᠦᠴᠢᠷᠳᠡᠯᠳᠡᠢ ᠡᠷᠦᠭᠡ ᠶᠢᠨ | 167 ᠰᠣᠷᠭᠠᠭᠤᠯᠢ ᠳᠤ ᠰᠠᠭᠤᠵᠣ ᠪᠠᠶᠢᠭ᠎ᠠ ᠭᠡᠦᠭᠡᠳ ᠲᠤ ᠰᠣᠷᠣᠯᠭ᠎ᠠ ᠲᠡᠳᠬᠦᠬᠦ ᠨᠦᠬᠦᠪᠦᠷᠢ 98.6 ᠲᠦᠮᠡᠨ | ᠲᠦᠬᠦᠷᠢᠭ ᠲᠠᠷᠬᠠᠭᠠᠵᠣ᠂ 235 ᠶᠠᠳᠠᠭᠤ ᠬᠦᠴᠢᠷᠳᠡᠯᠳᠡᠢ ᠬᠦᠮᠦᠨ ᠠᠮᠠ ᠳᠤ ᠦᠨ᠎ᠡ ᠲᠦᠯᠦᠪᠦᠷᠢ ᠦᠭᠡᠢ ᠪᠡᠶ᠎ᠡ | ᠶᠢᠨ ᠪᠠᠶᠢᠴᠠᠭᠠᠯᠳᠠ ᠬᠢᠵᠦ᠂ 205 ᠡᠪᠡᠳᠴᠢᠳᠠᠨ ᠳᠤ 221.8 ᠲᠦᠮᠡᠨ ᠲᠦᠬᠦᠷᠢᠭ ᠤᠨ ᠡᠮᠴᠢᠯᠡᠭᠡᠨ ᠤ | ᠰᠦᠢᠳᠭᠡᠯ ᠢ ᠴᠠᠶᠢᠷᠠᠭᠤᠯᠣᠨ᠂ ᠶᠠᠳᠠᠭᠤ ᠬᠦᠴᠢᠷᠳᠡᠯᠳᠡᠢ ᠬᠦᠮᠦᠰ ᠤᠨ ᠡᠮᠨᠡᠯᠭᠡ ᠶᠢᠨ ᠲᠠᠩᠰᠠ ᠴᠠᠶᠢᠷᠠᠭᠤᠯᠬᠤ | ᠬᠠᠷᠢᠴᠠᠯ ᠢ 90% ᠠᠴᠠ ᠲᠡᠭᠡᠭᠰᠢ ᠳᠤ ᠭᠦᠷᠭᠡᠪᠡ᠃ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢᠯᠡᠳᠳᠡ ᠦᠷ᠎ᠡ | ᠪᠦᠳᠦᠮᠵᠢ ᠣᠯᠪᠠ᠃ ᠠᠭᠠᠷ᠂ ᠣᠰᠣ᠂ ᠬᠦᠷᠤᠰᠤ ᠰᠢᠷᠣᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ | ᠠᠬᠢᠭᠤᠯᠣᠨ᠂ ᠬᠤᠶᠠᠳᠣᠭᠠᠷ ᠣᠳᠠᠭᠠᠨ ᠤ ᠪᠦᠬᠦ ᠣᠯᠣᠰ ᠤᠨ ᠪᠣᠬᠢᠷᠳᠣᠯ ᠤᠨ ᠡᠬᠢ ᠶᠢ ᠨᠡᠶᠢᠳᠡᠮ ᠪᠠᠶᠢᠴᠠᠭᠠᠬᠤ | ᠠᠵᠢᠯ ᠢ ᠡᠬᠢᠯᠡᠬᠦᠯᠵᠦ᠂ ᠲᠡᠬᠡᠳᠤ ᠱᠠᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠭᠠᠠᠬᠤ | ᠲᠤᠭᠤᠶᠢᠯᠠᠩ ᠤᠨ ᠲᠤᠰᠬᠠᠭᠰᠡᠨ ᠰᠠᠨᠠᠯ ᠪᠠ ᠣᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ 34 ᠲᠦᠷᠦᠯ ᠤᠨ | ᠠᠰᠠᠭᠤᠳᠠᠯ ᠤᠨ 30 ᠲᠦᠷᠦᠯ ᠢ ᠴᠡᠭᠴᠡᠯᠡᠨ ᠵᠠᠰᠠᠵᠤ᠂ ᠰᠢᠨ ᠶᠠᠩ᠂ ᠵᠢᠶᠦ᠋ᠨ ᠯᠢᠶᠠᠨ ᠲᠣᠯᠠᠭᠠᠯᠠᠯᠭ᠎ᠠ ᠬᠠᠩᠭᠠᠬᠤ | ᠺᠣᠮᠫᠠᠨᠢ ᠶᠢᠨ ᠪᠢᠳᠠᠬᠦᠮᠵᠢᠯᠡᠭᠰᠡᠨ ᠨᠡᠬᠦᠷᠡᠰᠤ ᠬᠠᠳᠠᠭᠠᠯᠠᠬᠤ ᠬᠦᠮᠤᠷᠬᠡ ᠶᠢ ᠠᠰᠢᠭᠯᠠᠯᠳᠠ ᠳᠤ ᠤᠷᠤᠭᠤᠯᠵᠤ᠂ ᠪᠡᠯᠬᠦᠳᠡᠢ | ᠪᠠᠯᠭᠠᠰᠣᠨ ᠳᠠᠬᠢ 302 ᠡᠷᠦᠭᠡ ᠳᠤ ᠲᠦᠪᠯᠡᠷᠡᠩᠬᠦᠢ ᠲᠣᠯᠠᠭᠠᠯᠠᠯᠭ᠎ᠠ ᠬᠠᠩᠭᠠᠬᠤ ᠠᠵᠢᠯ ᠢ ᠪᠡᠶᠡᠯᠡᠬᠦᠯᠦᠨ᠂ ᠲᠡᠭᠡᠳᠦ | ᠱᠠᠳᠣᠨ ᠤ ᠪᠠᠭᠤᠯᠭᠠᠭᠰᠠᠨ 10 ᠲᠤᠨ ᠠᠴᠠ ᠲᠤᠷᠤᠭᠰᠢᠬᠢ ᠨᠡᠬᠦᠷᠡᠰᠤ ᠰᠢᠳᠠᠭᠠᠬᠤ ᠵᠤᠤᠬ᠎ᠠ ᠶᠢ ᠰᠢᠭᠰᠢᠬᠦ ᠡᠬᠦᠷᠬᠡ | ᠶᠢ ᠪᠡᠶᠡᠯᠡᠬᠦᠯᠪᠡ︔ ︽ᠭᠤᠤᠯ ︵ᠨᠠᠭᠤᠷ︶ ᠤᠨ ᠲᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠣᠨ᠂ 20 ᠰᠠᠭᠤᠷᠢ ᠲᠣᠰᠣᠨ ᠦᠷᠳᠡᠭᠡ ᠶᠢᠨ ᠭᠠᠵᠠᠷ ᠲᠣᠣᠷᠠᠬᠢ ᠲᠣᠰᠣᠨ ᠤ ᠬᠤᠭᠤᠯᠠᠢ ᠶᠢ | ᠬᠤᠶᠠᠷ ᠲᠠᠪᠬᠤᠷ ᠪᠣᠯᠭᠠᠨ ᠦᠭᠡᠷᠡᠴᠢᠯᠡᠨ ᠪᠠᠶᠢᠭᠤᠯᠵᠣ᠂ ᠦᠭᠡᠷᠡᠴᠢᠯᠡᠨ ᠵᠠᠰᠠᠭᠰᠠᠨ ᠨᠣᠷᠮ᠎ᠠ 91% ᠳᠤ ᠬᠦᠷᠪᠡ᠃ | ᠶᠢᠨ ᠳ᠋ᠢ ᠠᠭᠤᠷᠬᠠᠢ ᠶᠢᠨ ᠦᠯᠡᠳᠡᠭᠳᠡᠯ ᠬᠦᠳᠡᠷ ᠤᠨ ᠬᠦᠮᠤᠷᠬᠡ ᠶᠢᠨ ᠠᠮᠢ ᠠᠬᠤᠢ ᠶᠢ ᠰᠡᠷᠬᠦᠭᠡᠨ ᠵᠠᠰᠬᠠᠣ ᠠᠵᠢᠯ ᠢ | ᠭᠡᠷᠡᠭᠵᠢᠬᠦᠯᠦᠨ᠂ ︽ᠭᠤᠷᠪᠠᠨ ᠲᠣᠭᠤᠷᠢᠭ ᠬᠤᠶᠠᠷ ᠱᠣᠭᠤᠮ︾ ᠤᠨ 1600 ᠮᠦ ᠬᠠᠶᠠᠭᠳᠠᠮᠠᠯ ᠠᠭᠤᠷᠬᠠᠢ ᠶᠢᠨ | ᠣᠷᠴᠢᠨ ᠲᠣᠭᠤᠷᠢᠨ ᠢ ᠵᠠᠰᠠᠬᠤ ᠠᠵᠢᠯ ᠢ ᠲᠠᠭᠤᠰᠬᠠᠵᠣ᠂ ᠮᠠᠨᠢᠳᠣ ᠠᠭᠤᠷᠬᠠᠢ ᠶᠢᠨ ᠲᠣᠭᠤᠷᠢᠭ ᠢ ᠶᠠᠷᠤᠩᠬᠡᠶᠢᠯᠡᠨ | ᠵᠠᠰᠠᠬᠤ ᠠᠵᠢᠯ ᠱᠠᠳᠤᠴᠢ ᠴᠢᠨᠠᠷᠳᠡᠢ ᠦᠷ᠎ᠡ ᠪᠦᠳᠦᠮᠵᠢ ᠣᠯᠵᠣ᠂ ᠴᠠᠭᠠᠨᠨᠠᠭᠤᠷ ᠲᠠᠮᠣᠷ ᠤᠨ ᠠᠭᠤᠷᠬᠠᠢ ᠶᠢ | ᠶᠠᠷᠤᠩᠬᠡᠶᠢᠯᠡᠨ ᠵᠠᠰᠠᠬᠤ ᠠᠵᠢᠯ ᠢ ᠡᠬᠢᠯᠡᠬᠦᠯᠦᠨ᠂ ᠭᠤᠷᠪᠠᠳᠣᠭᠠᠷ ᠣᠳᠠᠭᠠᠨ ᠤ ᠣᠯᠣᠰ ᠤᠨ ᠭᠠᠵᠠᠷ ᠰᠢᠷᠣᠢ ᠶᠢᠨ | ᠪᠠᠶᠢᠴᠠᠭᠠᠯᠳᠠ ᠶᠢᠨ ᠠᠵᠢᠯ ᠢ ᠦᠷᠨᠢᠬᠦᠯᠪᠡ᠃ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠦᠨᠡᠨᠬᠦ | ᠴᠢᠩᠭᠠᠳᠬᠠᠵᠤ᠂ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠤᠷᠠᠯ ᠵᠢᠴᠢ ᠠᠮᠢ ᠠᠬᠤᠢ | ᠶᠢᠨ ᠪᠣᠯᠪᠠᠰᠣᠨ ᠤ ᠪᠠᠶᠢᠭᠤᠯᠣᠯᠳᠠ ᠶᠢᠨ ᠲᠣᠬᠠᠢ ᠶᠢᠨ ᠲᠠᠯᠠᠪᠠᠢ ᠳᠤ ᠲᠣᠭᠤᠷᠢᠨ ᠰᠤᠷᠤᠯᠴᠠᠬᠤ ᠠᠵᠢᠯ ᠡᠬᠦᠷᠬᠡ ᠶᠢ | ᠠᠮᠵᠢᠯᠳᠠ ᠲᠠᠢ ᠪᠡᠶᠡᠯᠡᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠪᠠᠯᠠ ᠮᠦᠩᠬᠦ 1. | 3 ᠳ᠋ᠦᠩᠰᠢᠭᠤᠷ ᠲᠦᠬᠦᠷᠢᠭ᠂ ᠬᠠᠪᠣᠷ ᠤᠨ ᠣᠯᠠᠷᠢᠯ ᠤᠨ ᠪᠡᠯᠴᠢᠭᠡᠷ ᠰᠡᠯᠬᠦᠬᠦ ᠨᠦᠬᠦᠪᠦᠷᠢ 2800 ᠲᠦᠮᠡᠨ | ᠲᠦᠬᠦᠷᠢᠭ᠂ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ 1756.8 ᠲᠦᠮᠡᠨ ᠲᠦᠬᠦᠷᠢᠭ ᠢ ᠲᠠᠷᠬᠠᠭᠠᠨ᠂ | 516 ᠲᠦᠮᠡᠨ ᠮᠤ᠋ ᠨᠤᠳᠤᠭ ᠪᠠᠯᠴᠢᠬᠡᠷ ᠲᠤ ᠬᠤᠯᠤᠭᠠᠨ᠎ᠠ᠂ ᠬᠤᠷᠤᠬᠠᠢ ᠶᠢᠨ ᠬᠦᠨᠤᠬᠡᠯ ᠢ ᠰᠡᠷᠭᠡᠶᠢᠯᠡᠨ ᠵᠠᠰᠠᠵᠣ᠂ | 10 ᠲᠦᠮᠡᠨ ᠰᠠᠭᠤᠷᠢ ᠠᠯᠪᠠᠨ ᠵᠢᠷᠣᠮ ᠤᠨ ᠮᠣᠳᠣ ᠲᠠᠷᠢᠵᠣ᠂ 24 ᠲᠦᠮᠡᠨ ᠮᠦ ᠪᠡᠯᠴᠢᠭᠡᠷ ᠢ ᠪᠢᠳᠡᠬᠦᠮᠵᠢᠯᠡᠵᠦ᠂ 2. | 3 ᠲᠦᠮᠡᠨ ᠮᠦ ᠭᠠᠵᠡᠷ ᠢ ᠣᠶᠢᠵᠢᠭᠤᠯᠣᠨ᠂ 500 ᠮᠤ᠋ ᠭᠤᠤᠯᠳᠠᠯᠭᠠᠳᠤ ᠤᠷᠤᠨ ᠪᠦᠰᠠ ᠶᠢ ᠨᠤᠭᠤᠭᠠᠷᠠᠭᠤᠯᠵᠤ᠂ | ᠪᠦᠬᠦ ᠵᠢᠯ ᠳᠤ ᠣᠢ ᠰᠢᠭᠤᠢ ᠲᠠᠯ᠎ᠠ ᠨᠣᠳᠤᠭ ᠤᠨ ᠭᠠᠯ ᠤᠨ ᠠᠶᠣᠯ ᠡᠬᠦᠰᠦᠭᠰᠡᠨ ᠦᠭᠡᠢ᠂ ᠣᠷᠭᠤᠮᠠᠯ ᠤᠨ | ᠪᠦᠷᠬᠦᠴᠡ 56.3% ᠳᠤ ᠬᠦᠷᠪᠡ︔ ᠬᠤᠯᠠᠨ ᠰᠢᠷᠭ᠎ᠠ ᠲᠠᠭ᠎ᠠ ᠶᠢᠨ ᠡᠯᠡᠰᠦᠨ ᠳᠠᠬᠢ ᠠᠷᠴᠠ ᠶᠢᠨ ᠪᠠᠶᠢᠭᠠᠯᠢ ᠶᠢᠨ | ᠬᠠᠮᠠᠭᠠᠯᠠᠯᠳᠠ ᠶᠢᠨ ᠣᠷᠣᠨ ᠤ ᠲᠣᠭᠤᠷᠢᠭ ᠲᠤ ᠲᠣᠬᠢᠷᠠᠭᠤᠯᠣᠯᠳᠠ ᠬᠢᠵᠦ᠂ 675 ᠲᠦᠮᠡᠨ ᠲᠦᠬᠦᠷᠢᠭ ᠪᠡᠯᠡ | ᠣᠷᠣᠭᠤᠯᠣᠨ 27 ︽ᠮᠠᠯᠴᠢᠨ ᠠᠶᠢᠯ︾ ᠵᠤᠭᠠᠴᠠᠯ ᠤᠨ ᠴᠡᠭ ᠤᠨ 209 ᠮᠣᠩᠭᠤᠯ ᠭᠡᠷ ᠢ ᠪᠠᠭᠤᠯᠭᠠᠵᠤ᠂ ᠠᠮᠢ | ᠠᠬᠤᠢ ᠶᠢᠨ ᠤᠤᠯ ᠪᠠᠶᠢᠳᠠᠯ ᠢ ᠰᠡᠷᠬᠦᠬᠡᠨ᠂ 4 ᠠᠭᠤᠷᠬᠠᠢ ᠬᠠᠶᠢᠬᠤ ᠡᠷᠭᠡ ᠪᠠ 3 ᠠᠭᠤᠷᠬᠠᠢ ᠨᠡᠭᠡᠭᠡᠬᠦ ᠡᠷᠭᠡ ᠶᠢ | ᠬᠦᠴᠦᠨ ᠦᠭᠡᠢ ᠪᠣᠯᠭᠠᠵᠣ᠂ 1 ᠠᠭᠤᠷᠬᠠᠢ ᠨᠡᠭᠡᠭᠡᠬᠦ ᠡᠷᠭᠡ ᠶᠢᠨ ᠲᠠᠪᠬᠤᠷᠳᠠᠭᠰᠠᠨ ᠭᠠᠵᠡᠷ ᠢ ᠤᠬᠤᠷᠢᠭᠤᠯᠤᠨ | ᠭᠠᠷᠭᠠᠪᠠ᠃ ᠠᠮᠢ ᠠᠬᠤᠢ ᠣᠷᠴᠢᠨ ᠲᠣᠭᠤᠷᠢᠨ ᠤ ᠬᠠᠣᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠳᠠ ᠦᠭᠴᠦ᠂ ᠮᠠᠯ ᠪᠡᠯᠴᠢᠭᠡᠷ ᠤᠨ ᠲᠡᠩᠴᠡᠬᠦᠷᠢ ᠶᠢᠨ ᠣᠷᠣᠨ ᠤ ᠬᠠᠮᠢᠶᠠᠷᠣᠯᠳᠠ ᠶᠢᠨ ᠠᠷᠭ᠎ᠠ ᠳᠤ ᠵᠠᠰᠠᠪᠣᠷᠢ | ᠣᠷᠣᠭᠤᠯᠵᠣ᠂ ᠮᠠᠯ ᠪᠡᠯᠴᠢᠭᠡᠷ ᠤᠨ ᠲᠡᠩᠴᠡᠬᠦᠷᠢ ᠶᠢ ᠬᠢᠨᠠᠨ ᠲᠣᠭᠳᠠᠭᠠᠬᠤ ᠳᠤ ᠡᠪᠤᠯ ᠤᠨ ᠤᠯᠠᠷᠢᠯ ᠤᠨ ᠮᠠᠯ ᠤᠨ | ᠲᠤᠭ᠎ᠠ ᠪᠠᠷ ᠪᠠᠷᠢᠮᠵᠢᠶᠠᠯᠠᠵᠤ ᠪᠠᠶᠢᠭᠰᠠᠨ ᠢ ᠮᠠᠯᠵᠢᠯ ᠤᠨ ᠣᠨ ᠤ ᠮᠠᠯ ᠤᠨ ᠲᠤᠭ᠎ᠠ ᠪᠠᠷ ᠪᠠᠷᠢᠮᠵᠢᠶ᠎ᠠ ᠪᠤᠯᠭᠠᠵᠤ᠂ | ᠦᠭᠡᠷ᠂ ᠠᠳᠣᠭᠤ᠂ ᠲᠡᠮᠡᠭᠡ ᠶᠢ ᠨᠣᠭᠤᠯᠣᠨ ᠪᠣᠳᠣᠬᠤ ᠪᠠᠷᠢᠮᠵᠢᠶ᠎ᠠ ᠶᠢ ᠲᠡᠭᠡᠳᠦ ᠱᠠᠳᠣᠨ ᠤ ᠱᠠᠭᠠᠷᠳᠠᠯᠭ᠎ᠠ ᠪᠠᠷ | ᠭᠡᠷᠡᠭᠵᠢᠬᠦᠯᠦᠨ᠂ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯᠵᠢᠭᠰᠠᠨ 351 ᠡᠷᠦᠭᠡ ᠶᠢᠨ 815 | ᠲᠦᠮᠡᠨ ᠲᠦᠬᠦᠷᠢᠭ ᠤᠨ ᠨᠦᠬᠦᠪᠦᠷᠢ ᠶᠢ ᠵᠣᠭᠰᠣᠭᠠᠵᠣ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠭᠰᠠᠨ | 1156 ᠡᠷᠦᠭᠡ ᠶᠢ ᠱᠠᠩᠨᠠᠵᠣ᠂ ᠬᠠᠣᠯᠢ ᠪᠣᠰᠣ ᠪᠠᠷ ᠠᠩ ᠠᠩᠨᠠᠵᠣ᠂ ᠭᠡᠭᠡᠷ᠎ᠡ ᠶᠢᠨ ᠣᠷᠭᠤᠮᠠᠯ ᠲᠤᠷ᠎ᠠ ᠪᠠᠷ | ᠮᠠᠯᠳᠠᠭᠰᠡᠨ 36 ᠭᠡᠷᠡᠭ ᠲᠤ ᠴᠢᠩᠭ᠎ᠠ ᠴᠣᠬᠢᠯᠳᠠ ᠦᠭᠴᠦ᠂ 25 ᠣᠷᠴᠢᠨ ᠲᠣᠭᠤᠷᠢᠨ ᠤ ᠬᠠᠣᠯᠢ ᠲᠦᠷᠢᠮ ᠢ | ᠵᠦᠷᠢᠴᠡᠭᠰᠡᠨ ᠭᠡᠷᠡᠭ ᠢ ᠪᠠᠶᠢᠴᠠᠭᠠᠨ ᠰᠢᠢᠳᠪᠦᠷᠢᠯᠡᠵᠦ᠂ ᠨᠣᠳᠤᠭ ᠪᠡᠯᠴᠢᠭᠡᠷ ᠢ ᠲᠠᠳᠠᠪᠣᠷᠢᠯᠠᠬᠤ ᠭᠠᠷ ᠬᠦᠢᠴᠡᠳᠭᠡᠯ | ᠬᠦᠢᠴᠡᠳ ᠪᠣᠰᠣ 80 ᠲᠦᠷᠦᠯ ᠵᠦᠢᠯ ᠢ ᠴᠡᠭᠴᠡᠯᠡᠵᠤ᠂ ᠨᠡᠶᠢᠳᠡ 1044.3 ᠲᠦᠮᠡᠨ ᠲᠦᠬᠦᠷᠢᠭ ᠢᠶᠠᠷ ᠲᠣᠷᠭᠠᠪᠠ | ᠃ | ︵ᠬᠤᠶᠠᠷ︶ ᠮᠠᠯᠵᠢᠬᠤ ᠣᠷᠣᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠯᠠᠪᠳᠠᠭᠤᠨ ᠢᠶᠠᠷ | ᠠᠬᠢᠭᠤᠯᠪᠠ᠃ | ᠮᠠᠯ ᠤᠨ ᠪᠦᠳᠦᠴᠡ ᠶᠢᠨ ᠲᠣᠬᠢᠷᠠᠭᠤᠯᠣᠯᠳᠠ ᠶᠢ ᠲᠠᠰᠤᠷᠠᠯᠳᠠ ᠦᠬᠡᠢ ᠲᠦᠷᠭᠡᠳᠭᠡᠪᠡ᠃ ︽ᠬᠤᠨᠢ ᠶᠢ | ᠴᠦᠭᠡᠴᠢᠯᠡᠨ ᠦᠭᠡᠷ ᠢ ᠨᠡᠮᠡᠭᠳᠡᠬᠦᠯᠬᠦ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠠᠬᠢᠭᠤᠯᠣᠨ᠂ ᠪᠦᠬᠦ ᠬᠤᠰᠢᠭᠤᠨ ᠤ | 17 ᠭᠠᠴᠠᠭᠠᠨ ᠤ 947 ᠡᠷᠦᠭᠡ ᠶᠢᠨ 439 ᠲᠦᠮᠡᠨ ᠮᠦ ᠡᠯᠡᠰᠦᠷᠭᠡᠭ ᠭᠠᠵᠠᠷ ᠲᠤ ᠬᠤᠨᠢ ᠶᠢ ᠴᠦᠭᠡᠴᠢᠯᠡᠬᠦ | ᠠᠵᠢᠯ ᠢ ᠦᠷᠨᠢᠬᠦᠯᠦᠨ᠂ 1.5 ᠲᠦᠮᠡᠨ ᠬᠢᠷᠢ ᠲᠠᠩᠴᠡᠭᠰᠡᠨ ᠬᠤᠴᠠ ᠳᠤ ᠬᠢᠨᠡᠨ ᠲᠤᠭᠳᠠᠭᠠᠯᠳᠠ ᠬᠢᠵᠤ᠂ 2751 | ᠰᠢᠯᠢᠳᠡᠭ ᠬᠤᠴᠠ ᠶᠢ ᠪᠣᠶᠢᠵᠢᠭᠤᠯᠣᠨ᠂ ᠰᠢᠨ᠎ᠡ ᠪᠠᠷ ᠬᠤᠨᠢᠨ ᠤ ᠭᠤᠣᠯᠳᠠᠯᠭᠠᠳᠣ ᠰᠦᠷᠦᠭ 21 ᠪᠠᠶᠢᠭᠤᠯᠵᠣ 81 | ᠪᠣᠯᠭᠠᠨ ᠨᠡᠮᠡᠭᠳᠡᠬᠦᠯᠵᠦ᠂ ᠮᠠᠯᠵᠢᠯ ᠤᠨ ᠤᠨ ᠤ ᠬᠤᠨᠢ 178 ᠲᠦᠮᠡᠨ ᠲᠤᠯᠤᠭᠠᠢ ᠳᠤ ᠬᠦᠷᠴᠦ᠂ ᠠᠳᠠᠯᠢ | ᠬᠤᠭᠤᠴᠭᠠᠠᠨ ᠤ ᠬᠢ ᠠᠴᠠ 26.3 ᠲᠦᠮᠡ ᠬᠠᠰᠣᠭᠳᠠᠪᠠ᠃ 1795 ᠰᠢᠯᠢᠳᠡᠭ ᠡᠬᠦᠯᠳᠡᠷ ᠤᠨ ᠦᠭᠡᠷ | ᠣᠷᠣᠭᠤᠯᠣᠨ᠂ 1.87 ᠲᠦᠮᠡᠨ ᠦᠨᠢᠶᠡᠨ ᠳᠤ ᠢᠴᠡᠬᠡᠯ ᠦᠷ᠎ᠡ ᠶᠢᠨ ᠭᠡᠭᠡᠯᠳᠦᠬᠦᠯᠭᠡ ᠬᠢᠵᠦ᠂ 9.61 ᠲᠦᠮᠡᠨ | ᠦᠭᠡᠷ ᠢ ᠡᠬᠦᠯᠳᠡᠷ ᠰᠠᠶᠢᠵᠢᠷᠠᠭᠤᠯᠣᠨ᠂ ᠰᠢᠨ᠎ᠡ ᠪᠠᠷ ᠦᠭᠡᠷ ᠤᠨ ᠭᠤᠣᠯᠳᠠᠯᠭᠠᠳᠣ ᠰᠦᠷᠦᠭ 3 ᠪᠠᠶᠢᠭᠤᠯᠵᠣ 31 | ᠪᠣᠯᠭᠠᠨ ᠨᠡᠮᠡᠭᠳᠡᠬᠦᠯᠵᠦ᠂ ᠡᠬᠦᠯᠳᠡᠷ ᠰᠠᠶᠢᠵᠢᠷᠠᠭᠤᠯᠣᠭᠰᠠᠨ ᠨᠣᠷᠮ᠎ᠠ 93.5% ᠳᠤ ᠬᠦᠷᠴᠦ᠂ ᠮᠠᠯᠵᠢᠯ ᠤᠨ ᠤᠨ ᠤ | ᠦᠭᠡᠷ 16.98 ᠲᠦᠮᠡᠨ ᠲᠤᠯᠤᠭᠠᠢ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 1.04 ᠲᠦᠮᠡ | ᠨᠡᠮᠡᠭᠳᠡᠨ᠂ ᠮᠠᠯ ᠤᠨ ᠭᠠᠷᠭᠠᠯᠳᠠ 96 ᠲᠦᠮᠡ ᠳᠤ ᠬᠦᠷᠴᠠᠢ᠃ ᠮᠠᠯ ᠠᠵᠣ ᠠᠬᠤᠢ ᠶᠢᠨ ᠠᠵᠣ ᠦᠢᠯᠡᠰᠵᠢᠭᠰᠡᠨ | ᠬᠢᠷᠢ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃ ᠡᠷᠳᠡᠨᠢ ᠢᠳᠡᠭᠡᠨ ᠤ ᠬᠢᠵᠠᠭᠠᠷᠳᠣ ᠺᠣᠮᠫᠠᠨᠢ ᠶᠢ | ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠭᠡᠯ ᠳᠤ ᠣᠷᠣᠭᠤᠯᠣᠨ᠂ ᠵᠠᠰᠠᠭ ᠤᠨ ᠣᠷᠳᠣᠨ ᠠᠴᠠ ︽ | ᠬᠡᠰᠡᠭ ᠪᠠᠶᠢᠭᠠᠯᠢᠯᠢᠭ ᠠᠵᠣ ᠠᠬᠤᠶᠢᠯᠠᠯ ᠤᠨ ᠤᠷᠤᠭᠤᠯᠵᠤ ᠭᠠᠷᠭᠠᠬᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ︾ | ᠲᠠᠢ ᠬᠠᠮᠳᠣᠷᠠᠯᠴᠠᠭᠠᠨ ᠤ ᠬᠡᠷ᠎ᠡ ᠲᠣᠭᠳᠠᠵᠣ᠂ ᠰᠢᠯᠢ ᠶᠢᠨ ᠭᠤᠣᠯ ᠤᠨ ᠲᠠᠯ᠎ᠠ ᠨᠣᠳᠤᠭ ᠤᠨ ᠠᠩᠬᠢᠰ ᠦᠭᠡᠷ ᠤᠨ | ᠮᠢᠬ᠎ᠠ ᠶᠢ ᠨᠠᠷᠢᠯᠢᠭ ᠡᠳ᠋ᠰᠢᠬᠦᠯᠬᠦ ᠠᠩᠬᠠᠳᠠᠭᠴᠢ ᠦᠢᠯᠡᠳᠪᠦᠷᠢᠯᠡᠯ ᠤᠨ ᠱᠣᠭᠤᠮ ᠢ ᠡᠬᠢᠯᠡᠬᠦᠯᠦᠨ᠂ 27.08 ᠲᠦᠮᠡᠨ | ᠲᠤᠯᠤᠭᠠᠢ ᠬᠤᠨᠢ᠂ 1964 ᠲᠤᠯᠤᠭᠠᠢ ᠦᠭᠡᠷ ᠡᠳ᠋ᠰᠢᠬᠦᠯᠪᠡ᠃ ᠢᠰᠭᠡ᠂ ᠵᠣᠣ ᠹᠦ᠋ ᠠᠷᠠᠯᠵᠢᠶ᠎ᠠ ᠬᠤᠳᠠᠯᠳᠤᠭ᠎ᠠ᠂ | ᠮᠠᠯᠴᠢᠳ ᠤᠨ ᠲᠣᠷᠠᠰᠣᠮᠵᠢ ᠵᠡᠷᠭᠡ ᠴᠠᠭᠠᠨ ᠢᠳᠡᠭᠡ ᠡᠳ᠋ᠰᠢᠬᠦᠯᠬᠦ ᠠᠵᠣ ᠠᠬᠤᠶᠢᠯᠠᠯ ᠤᠨ ᠲᠣᠭᠳᠠᠭᠤᠨ ᠡᠵᠡᠩᠨᠡᠯᠳᠡ | ᠶᠢ ᠪᠠᠳᠣᠯᠠᠵᠣ᠂ ᠣᠯᠠᠮᠵᠢᠯᠠᠯᠳᠣ ᠴᠠᠭᠠᠨ ᠢᠳᠡᠭᠡ ᠡᠳ᠋ᠰᠢᠬᠦᠯᠬᠦ ᠡᠷᠦᠭᠡ ᠶᠢ 4 ᠨᠡᠮᠡᠭᠳᠡᠭᠦᠯᠵᠦ 28 ᠡᠷᠦᠭᠡ ᠪᠣᠯᠭᠠᠨ᠂ | 342 ᠲᠣᠨ ᠴᠠᠭᠠᠨ ᠢᠳᠡᠭᠡ᠂ 302 ᠲᠣᠨ ᠴᠡᠭᠡ᠂ 18 ᠲᠣᠨ ᠴᠡᠭᠡᠨ ᠤ ᠲᠠᠯᠬ᠎ᠠ ᠶᠢ ᠪᠣᠷᠣᠯᠠᠭᠤᠯᠪᠠ᠃ | ᠪᠠᠶᠢᠭᠠᠯᠢᠯᠢᠭ ᠬᠠᠳᠣᠯᠠᠩ ᠤᠨ ᠬᠠᠮᠢᠶᠠᠷᠣᠯᠳᠠ ᠶᠢ ᠴᠢᠩᠭᠠᠳᠬᠠᠨ᠂ 2.4 ᠳ᠋ᠦᠩᠰᠢᠭᠤᠷ ᠺᠢᠯᠣᠭ᠍ᠷᠠᠮ ᠡᠪᠡᠰᠦ ᠬᠠᠳᠣᠵᠣ᠂ | ᠡᠪᠡᠰᠦ ᠬᠠᠳᠠᠭᠠᠯᠠᠬᠤ ᠰᠠᠭᠤᠷᠢᠨ ᠳᠤ 768.6 ᠲᠦᠮᠡᠨ ᠺᠢᠯᠣᠭ᠍ᠷᠠᠮ ᠨᠦᠭᠡᠴᠡᠯᠡᠵᠦ᠂ ᠲᠡᠭᠡᠳᠦ ᠱᠠᠳᠣᠨ ᠤ | ᠪᠠᠭᠤᠯᠭᠠᠭᠰᠠᠨ ᠡᠬᠦᠷᠭᠡ ᠶᠢ ᠲᠠᠪᠠᠭᠤᠯᠣᠨ ᠪᠡᠶᠡᠯᠡᠬᠦᠯᠪᠡ᠃ ᠶᠠᠰᠣ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ | ᠪᠠᠶᠢᠯᠳᠣᠬᠤ ᠪᠣᠳᠣᠯᠭ᠎ᠠ ᠶᠢ ᠠᠬᠢᠭᠤᠯᠣᠨ᠂ ᠮᠠᠯ ᠤᠨ ᠠᠰᠢᠭ ᠰᠢᠮ᠎ᠡ ᠡᠳ᠋ᠰᠢᠬᠦᠯᠦᠨ ᠪᠣᠯᠪᠠᠰᠣᠷᠠᠭᠤᠯᠬᠤ 2 ᠠᠵᠣ | ᠠᠬᠤᠶᠢᠯᠠᠯ ᠳᠤ ︽ᠬᠤᠰᠢᠭᠤ ᠲᠠᠷᠤᠭ᠎ᠠ ᠶᠢᠨ ᠶᠠᠰᠣ ᠴᠢᠨᠠᠷ ᠤᠨ ᠱᠠᠩᠨᠠᠯ︾ ᠬᠦᠷᠳᠡᠭᠡᠵᠦ᠂ ᠰᠢᠨ᠎ᠡ ᠪᠠᠷ 47 ᠲᠠᠸᠠᠷ | ᠤᠨ ᠲᠡᠮᠳᠡᠭ ᠨᠡᠮᠡᠭᠳᠡᠨ 185 ᠪᠣᠯᠪᠠ᠃ ᠮᠠᠯᠵᠢᠬᠤ ᠣᠷᠣᠨ ᠤ ᠬᠦᠭᠵᠢᠯᠳᠡ ᠶᠢᠨ ᠪᠠᠳᠣᠯᠠᠭᠠᠨ ᠤ ᠴᠢᠳᠠᠪᠬᠢ ᠶᠢ | ᠲᠠᠰᠤᠷᠠᠯᠳᠠ ᠦᠬᠡᠢ ᠲᠡᠭᠡᠭᠰᠢᠯᠡᠬᠦᠯᠪᠡ᠃ 15 ᠭᠠᠴᠠᠭᠠᠨ ᠤ 316 ᠮᠠᠯᠴᠢᠨ ᠡᠷᠦᠭᠡ ᠳᠤ ︽ᠦᠵᠡᠰᠬᠦᠯᠡᠩᠳᠦ | ᠬᠦᠳᠡᠭᠡ ᠲᠣᠰᠬᠤᠨ︾ ᠤ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠬᠡᠷᠡᠭᠵᠢᠬᠦᠯᠦᠨ᠂ 910 ᠲᠦᠮᠡᠨ | ᠲᠦᠬᠦᠷᠢᠭ ᠤᠨ ᠪᠡᠯᠡ ᠣᠷᠣᠭᠤᠯᠣᠨ ᠭᠠᠵᠠᠷ ᠲᠣᠣᠷᠠᠬᠢ ᠣᠰᠣᠨ ᠤ ᠡᠬᠢ ᠪᠠᠶᠠᠯᠢᠭ ᠢ ᠬᠠᠶᠢᠨ ᠰᠢᠨᠵᠢᠯᠡᠬᠦ ᠪᠠ | ᠲᠣᠭᠤᠷᠢᠭ ᠬᠤᠪᠢᠶᠠᠬᠤ ᠲᠦᠷᠦᠯ ᠵᠦᠢᠯ ᠤᠨ ᠬᠠᠶᠢᠨ ᠰᠢᠨᠵᠢᠯᠡᠬᠦ ᠠᠵᠢᠯ ᠢ ᠲᠠᠭᠤᠰᠬᠠᠵᠣ᠂ ᠰᠢᠨ᠎ᠡ ᠪᠠᠷ 286 | ᠬᠤᠳᠳᠤᠭ᠂ 137 ᠣᠰᠣ ᠬᠠᠳᠠᠭᠠᠯᠠᠬᠤ ᠵᠣᠭᠤᠷᠢ ᠮᠠᠯᠳᠠᠵᠣ᠂ 303 ᠣᠯᠣᠰ ᠤᠨ ᠲᠡᠰ ᠤᠨ ᠵᠠᠰᠠᠮᠠᠯ ᠵᠠᠮ ᠤᠨ | ᠠᠪᠠᠭ᠎ᠠ ᠬᠤᠰᠢᠭᠤᠨ ᠤ ᠬᠠᠷᠢᠶᠠᠨ ᠳᠠᠬᠢ ᠪᠠᠷᠢᠯᠭ᠎ᠠ ᠶᠢ ᠲᠠᠭᠤᠰᠬᠠᠨ᠂ 331 ᠱᠣᠭᠤᠮ ᠤᠨ ᠠᠪᠠᠭ᠎ᠠ ᠬᠤᠰᠢᠭᠤᠨ ᠤ | ᠬᠠᠷᠢᠶᠠᠨ ᠳᠠᠬᠢ ᠪᠠᠷᠢᠯᠭ᠎ᠠ ᠶᠢ ᠡᠬᠢᠯᠡᠬᠦᠯᠵᠦ᠂ 35.1 ᠺᠢᠯᠣᠮᠧᠲᠷ ᠵᠠᠮ ᠢ ᠰᠠᠯᠪᠢᠨ ᠵᠠᠰᠠᠵᠣ᠂ 220 ᠺᠢᠯᠤᠸᠠᠲ ᠤᠨ | ᠬᠦᠴᠦᠳᠡᠯ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠶᠢ ᠡᠬᠢᠯᠡᠬᠦᠯᠦᠨ᠂ 205.5 ᠺᠢᠯᠣᠮᠧᠲᠷ ᠴᠠᠬᠢᠯᠭᠠᠨ | ᠤᠳᠠᠰᠤ ᠲᠠᠳᠠᠵᠣ᠂ 151 ᠮᠠᠯᠴᠢᠨ ᠡᠷᠦᠭᠡ ᠳᠤ ᠲᠤᠤᠷᠴᠢᠯᠠᠭᠰᠡᠨ ᠴᠠᠬᠢᠯᠭᠠᠨ ᠨᠠᠪᠳᠠᠷᠠᠬᠦᠯᠦᠨ 2023 ᠡᠷᠦᠭᠡ | ᠳᠤ ᠬᠦᠷᠭᠡᠵᠦ᠂ 67 ᠭᠠᠴᠠᠭᠠᠨ ᠳᠤ ᠴᠠᠬᠢᠯᠭᠠᠨ ᠨᠠᠪᠳᠠᠷᠠᠬᠦᠯᠵᠤ᠂ 71 ᠭᠠᠴᠠᠭᠠᠨ ᠳᠤ ᠰᠢᠣᠳᠠᠨ ᠬᠤᠯᠪᠣᠭ᠎ᠠ᠂ | ᠴᠢᠮᠡᠭᠡ ᠵᠠᠩᠬᠢ ᠶᠢᠨ ᠨᠠᠶᠢᠳᠠᠮ ᠦᠢᠯᠡᠴᠢᠯᠡᠭᠡ ᠶᠢ ᠬᠠᠩᠭᠠᠪᠠ︔ ᠰᠢᠨ᠎ᠡ ᠪᠠᠷ 280 ᠰᠠᠣᠷᠢ 3.5 ᠲᠦᠮᠡᠨ ᠲᠡᠭᠰᠢ | ᠲᠦᠷᠪᠡᠯᠵᠢᠨ ᠮᠧᠲᠷ ᠲᠤᠯᠠᠭᠠᠨ ᠫᠸᠡᠭ᠂ 32 ᠰᠠᠣᠷᠢ 4000 ᠲᠡᠭᠰᠢ ᠲᠦᠷᠪᠡᠯᠵᠢᠨ ᠮᠧᠲᠷ ᠤᠨ ᠡᠪᠡᠰᠣ | ᠬᠠᠳᠠᠭᠠᠯᠠᠬᠤ ᠫᠧᠩ ᠪᠠᠷᠢᠵᠣ᠂ 256 ᠰᠠᠤᠷᠢ ᠮᠠᠯ ᠠᠵᠤ ᠠᠬᠤᠢ ᠶᠢᠨ ᠮᠠᠰᠢᠨ ᠮᠧᠬᠠᠨᠢᠭ ᠢ ᠬᠤᠳᠠᠯᠳᠤᠨ | ᠣᠷᠣᠭᠤᠯᠪᠠ︔ ᠰᠢᠨ᠎ᠡ ᠪᠠᠷ 35 ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ 15 ᠮᠠᠯᠴᠢᠳ ᠤᠨ | ᠲᠣᠰᠬᠠᠶᠢᠵᠢᠭᠰᠠᠨ ᠬᠤᠷᠰᠢᠶᠠᠵᠢᠯ ᠢ ᠪᠠᠶᠢᠭᠤᠯᠵᠣ᠂ ᠮᠠᠯᠴᠢᠳ ᠲᠤ 780 ᠬᠦᠮᠤᠨ ᠤᠳᠠᠭ᠎ᠠ ᠪᠤᠯᠪᠠᠰᠤᠷᠠᠯ | ᠬᠦᠷᠳᠡᠭᠡᠪᠡ︔ 2279 ᠮᠠᠯᠴᠢᠨ ᠡᠷᠦᠭᠡ ᠳᠤ 475.6 ᠲᠦᠮᠡᠨ ᠲᠦᠬᠦᠷᠢᠭ ᠤᠨ ᠴᠠᠭ ᠠᠭᠤᠷ ᠤᠨ ᠵᠢᠭᠠᠯᠳᠠ | ᠲᠤᠭᠠᠨ ᠤ ᠲᠠᠭᠠᠳᠬᠠᠯ ᠤᠨ ᠮᠦᠩᠬᠦ ᠣᠯᠭᠤᠵᠣ᠂ ᠬᠤᠷᠠᠭ᠎ᠠ ᠪᠠᠨ ᠡᠷᠳᠡ ᠵᠠᠷᠤᠴᠠᠭᠤᠯᠤᠭᠰᠡᠨ 275 ᠮᠠᠯᠴᠢᠨ | ᠡᠷᠦᠭᠡ ᠳᠤ 152 ᠲᠦᠮᠡᠨ ᠲᠦᠬᠦᠷᠢᠭ ᠤᠨ ᠨᠦᠬᠦᠪᠦᠷᠢ ᠬᠦᠷᠳᠡᠭᠡᠪᠡ᠃ ᠮᠠᠯ ᠤᠨ ᠬᠢᠵᠢᠭ ᠭᠡᠮ ᠢ ᠰᠡᠷᠬᠡᠶᠢᠯᠡᠬᠦ | ᠲᠠᠷᠢᠯᠭ᠎ᠠ ᠲᠠᠷᠢᠭᠰᠡᠨ ᠨᠤᠷᠮ᠎ᠠ ᠶᠢ 100% ᠳᠤ ᠬᠦᠷᠭᠡᠵᠦ᠂ 700 ᠲᠦᠮᠡᠨ ᠲᠦᠬᠦᠷᠢᠭ ᠵᠠᠷᠤᠴᠠᠭᠤᠯᠵᠤ᠂ ᠪᠦᠬᠦ | ᠬᠤᠰᠢᠭᠤᠨ ᠤ ᠺᠠᠳ᠋ᠷ ᠣᠯᠠᠨ ᠲᠦᠮᠡᠨ ᠵᠠᠭᠤ ᠰᠢᠬᠠᠮ ᠡᠳᠦᠷ ᠭᠠᠪᠰᠢᠭᠠᠶᠢᠯᠠᠨ ᠲᠠᠮᠠᠴᠠᠵᠤ᠂ ᠠᠹᠷᠢᠺᠠ ᠲᠢᠪ ᠤᠨ | ᠭᠠᠭ᠋ᠠᠢ ᠶᠢᠨ ᠬᠢᠵᠢᠭ ᠢ ᠠᠮᠵᠢᠯᠳᠠ ᠲᠠᠢ ᠠᠷᠢᠯᠭᠠᠪᠠ᠃ | ︵ᠭᠤᠷᠪᠠ︶ ᠠᠵᠣ ᠦᠢᠯᠡᠰ ᠤᠨ ᠬᠡᠯᠪᠡᠷᠢ ᠶᠢᠨ ᠬᠤᠪᠢᠷᠠᠭᠤᠯᠣᠯᠳᠠ ᠶᠢᠨ ᠠᠯᠬᠤᠮ ᠢ ᠲᠠᠰᠤᠷᠠᠯᠳᠠ ᠦᠬᠡᠢ | ᠲᠦᠷᠭᠡᠳᠭᠡᠪᠡ᠃ | ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠳᠡ ᠶᠢ ᠲᠦᠷᠭᠡᠳᠭᠡᠪᠡ᠃ ᠲᠣᠮᠳᠠ ᠪᠠᠭ᠎ᠠ ᠠᠵᠣ ᠠᠬᠤᠶᠢᠯᠠᠯ ᠤᠨ | ᠦᠢᠯᠡᠰ ᠡᠷᠬᠢᠯᠡᠵᠦ ᠠᠵᠢᠯ ᠣᠯᠭᠤᠬᠤ ᠲᠣᠭᠤᠷᠢᠭ ᠤᠨ ᠨᠣᠭᠤᠭᠠᠷᠠᠭᠤᠯᠣᠯᠳᠠ᠂ ᠭᠤᠸᠠᠵᠢᠭᠤᠯᠣᠯᠳᠠ᠂ | ᠭᠡᠭᠡᠷᠡᠬᠦᠯᠦᠯᠳᠡ ᠶᠢᠨ ᠢᠨᠵᠧᠨᠧᠷᠢᠩ ᠢ ᠬᠡᠷᠡᠭᠵᠢᠬᠦᠯᠵᠦ᠂ ᠭᠤᠣᠯᠳᠠᠯᠭᠠᠳᠣ ᠠᠵᠣ ᠦᠢᠯᠡᠳᠪᠦᠷᠢ ᠶᠢᠨ ᠠᠵᠣ | ᠠᠬᠤᠶᠢᠯᠠᠯ ᠢ ᠪᠦᠬᠦᠨ ᠢ ᠪᠠᠷᠢᠯᠭ᠎ᠠ ᠰᠡᠷᠬᠦᠬᠡᠵᠤ᠂ ᠵᠢᠱᠢᠭᠰᠡᠨ ᠭᠠᠷᠤᠯᠳᠠ ᠳᠤ ᠬᠦᠷᠬᠡᠨ᠂ ᠨᠡᠬᠦᠷᠡᠰᠦ 120 ᠲᠦᠮᠡᠨ | ᠲᠣᠨ᠂ ᠱᠦᠢᠨᠢ 56.3 ᠲᠦᠮᠡᠨ ᠲᠣᠨ᠂ ᠪᠣᠯᠪᠠᠰᠣᠷᠠᠭᠤᠯᠣᠭᠰᠠᠨ ᠮᠠᠲ᠋ᠧᠷᠢᠶᠡᠯ 49 ᠲᠦᠮᠡᠨ ᠲᠣᠨ᠂ ᠮᠣᠯᠢᠪᠳᠧᠨ | ᠤ ᠨᠠᠷᠢᠯᠢᠭ ᠨᠣᠨᠳᠠᠭ 2809 ᠲᠣᠨ ᠦᠢᠯᠡᠳᠪᠦᠷᠢᠯᠡᠵᠦ᠂ 16.7 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠣ᠂ | ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ ᠲᠣᠰᠪᠣᠷᠢ 863%᠂ 29.5%᠂ 30%᠂ 5.4%᠂ | 2% ᠪᠠᠷ ᠨᠡᠮᠡᠭᠳᠡᠪᠡ᠃ ᠴᠠᠭᠠᠨᠨᠠᠭᠤᠷ 2×66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠬᠤᠪᠢ | ᠣᠷᠣᠭᠰᠠᠨ ᠡᠷᠬᠡ ᠶᠢ ᠰᠢᠯᠵᠢᠬᠦᠯᠬᠦ ᠠᠵᠢᠯ ᠣᠷᠣᠭᠰᠢᠳᠠᠢ ᠶᠠᠪᠣᠭᠳᠠᠨ᠂ ᠲᠢᠶᠠᠨ ᠷᠦᠨ᠂ ᠰᠧ ᠨᠧᠩ ᠵᠡᠷᠭᠡ 4 ᠠᠵᠣ | ᠠᠬᠤᠶᠢᠯᠠᠯ ᠤᠨ 42.5 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠦᠷᠦᠯ ᠵᠦᠢᠯ ᠢ ᠪᠠᠷᠢᠯᠭ᠎ᠠ ᠡᠬᠢᠯᠡᠬᠦᠯᠦᠨ᠂ | ᠯᠢᠦᠢ ᠨᠧᠩ᠂ ᠪᠠᠶᠠᠨ ᠵᠡᠷᠭᠡ 5 ᠠᠵᠣ ᠠᠬᠤᠶᠢᠯᠠᠯ ᠤᠨ 87.5 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ | ᠲᠦᠷᠦᠯ ᠵᠦᠢᠯ ᠵᠢᠴᠢ ᠡᠷᠢᠶᠡᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ ᠪᠦᠯᠦᠭᠯᠡᠯ ᠤᠨ 38 ᠲᠦᠮᠡᠨ | ᠺᠢᠯᠣᠸᠠᠲ ᠤᠨ ᠲᠦᠷᠦᠯ ᠵᠦᠢᠯ ᠤᠨ ᠭᠠᠷᠳᠠᠮ ᠢᠶᠠᠨ ᠬᠦᠢᠴᠡᠳᠭᠡᠬᠦ ᠠᠵᠢᠯ ᠢ ᠠᠬᠢᠭᠤᠯᠵᠣ᠂ 500 ᠺᠢᠯᠤᠸᠠᠲ ᠤᠨ | ᠬᠦᠴᠦᠳᠡᠯ ᠬᠤᠪᠢᠰᠬᠠᠬᠤ ᠢᠨᠵᠧᠨᠧᠷᠢᠩ ᠤᠨ ᠠᠩᠬᠠᠨ ᠤ ᠲᠦᠰᠤᠪ᠂ ᠭᠠᠵᠠᠷ ᠰᠤᠩᠭᠤᠬᠤ ᠪᠠ ᠬᠠᠶᠢᠨ ᠰᠢᠨᠵᠢᠬᠦ | ᠠᠵᠢᠯ ᠢ ᠲᠠᠭᠤᠰᠬᠠᠪᠠ᠃ ᠴᠠᠭᠠᠨᠨᠠᠭᠤᠷ ᠤᠨ ᠵᠢᠯ ᠳᠤ 500 ᠲᠦᠮᠡᠨ ᠲᠣᠨ ᠭᠠᠷᠤᠯᠳᠠ ᠲᠠᠢ ᠨᠠᠬᠦᠷᠠᠰᠣᠨ ᠠᠭᠤᠷᠬᠠᠢ | ᠪᠠ ᠳ᠋ᠠ ᠠᠨ ᠤ ᠵᠢᠯ ᠳᠤ 120 ᠲᠦᠮᠡᠨ ᠲᠣᠨ ᠭᠠᠷᠤᠯᠳᠠ ᠲᠠᠢ ᠨᠠᠬᠦᠷᠠᠰᠣᠨ ᠠᠭᠤᠷᠬᠠᠢ ᠶᠢ ᠬᠢᠨᠠᠨ | ᠵᠦᠪᠰᠢᠶᠡᠷᠡᠬᠦᠯᠬᠦ ᠭᠠᠷᠳᠠᠮ ᠬᠦᠢᠴᠡᠳᠭᠡᠬᠦ ᠱᠠᠳᠣᠨ ᠳᠤ ᠪᠠᠨ ᠪᠠᠶᠢᠵᠣ᠂ ᠮᠠᠨᠢᠳᠣ ᠨᠠᠬᠦᠷᠠᠰᠣᠨ ᠠᠭᠤᠷᠬᠠᠢ ᠶᠢᠨ | ᠬᠠᠭᠤᠴᠢᠨ ᠠᠭᠤᠷᠬᠠᠢ ᠶᠢᠨ ᠣᠷᠴᠢᠨ ᠢ ᠰᠡᠷᠬᠦᠭᠡᠨ ᠵᠠᠰᠠᠬᠤ ᠠᠵᠢᠯ ᠢ ᠦᠨᠳᠦᠰᠦᠨ ᠳᠤ ᠪᠠᠨ ᠲᠠᠭᠤᠰᠬᠠᠵᠣ᠂ ᠬᠤᠩ | ᠲᠠᠢ ᠨᠠᠬᠦᠷᠰᠣᠨ ᠠᠭᠤᠷᠬᠠᠢ ᠶᠢ ᠵᠣᠭᠰᠣᠭᠠᠵᠣ ᠵᠠᠰᠠᠨ ᠴᠡᠭᠴᠡᠯᠡᠬᠦ ᠠᠵᠢᠯ ᠶᠠᠪᠣᠭᠳᠠᠭᠤᠯᠪᠠ᠃ ᠭᠤᠷᠴᠢ ᠶᠢᠨ ᠡᠳᠦᠷ | ᠲᠤ 2000 ᠲᠣᠨ ᠮᠦᠩᠬᠦ ᠴᠠᠶᠢᠷ ᠲᠣᠭᠤᠯᠭ᠎ᠠ ᠶᠢᠨ ᠦᠩᠭᠡᠳᠦ ᠲᠡᠮᠦᠷᠯᠢᠭ ᠤᠨ ᠬᠦᠳᠡᠷ ᠰᠢᠯᠢᠬᠦ ᠲᠦᠷᠦᠯ ᠵᠦᠢᠯ ᠢ | ᠲᠣᠷᠰᠢᠨ ᠠᠵᠢᠯᠯᠠᠭᠤᠯᠵᠣ᠂ ᠯᠦᠩ ᠰᠢᠩ ᠤᠨ ᠡᠳᠦᠷ ᠲᠤ 2000 ᠲᠣᠨ ᠬᠠᠶᠢᠯᠣᠭᠤᠷ ᠵᠣᠩᠰᠢ ᠰᠢᠯᠢᠬᠦ ᠠᠭᠤᠷᠬᠠᠢ | ᠭᠠᠵᠠᠷ ᠲᠠᠳᠠᠪᠣᠷᠢᠯᠠᠬᠤ ᠭᠠᠷᠳᠠᠮ ᠢᠶᠠᠨ ᠬᠦᠢᠴᠡᠳᠭᠡᠵᠦ ᠪᠤᠢ᠃ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢ | ᠲᠠᠰᠤᠷᠠᠯᠳᠠ ᠦᠬᠡᠢ ᠠᠬᠢᠭᠤᠯᠪᠠ᠃ ︽ᠠᠪᠠᠭ᠎ᠠ ᠬᠤᠰᠢᠭᠤᠨ ᠤ ᠵᠣᠭᠠᠴᠠᠯ ᠤᠨ ᠦᠢᠯᠡᠰ ᠢ ᠬᠦᠭᠵᠢᠬᠦᠯᠬᠦ | ᠲᠦᠯᠦᠪᠵᠢᠬᠦᠯᠭᠡ︾ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠬᠦᠯᠦᠨ᠂ 35 ᠵᠣᠭᠠᠴᠠᠯ ᠤᠨ ᠠᠵᠣ ᠠᠬᠤᠶᠢᠯᠠᠯ ᠪᠠ | ᠬᠤᠳᠠᠯᠳᠤᠭᠠᠨ ᠤ ᠲᠡᠯᠬᠡᠬᠦᠷ ᠢ ︽ᠠᠪᠠᠭ᠎ᠠ ᠬᠤᠰᠢᠭᠤᠨ ᠤ ᠵᠤᠭᠠᠴᠠᠯ ᠤᠨ ᠲᠦᠪ︾ ᠤᠨ ᠭᠠᠷ ᠤᠳᠠᠰᠤᠨ ᠤ | ᠵᠦᠬᠡᠯᠡᠨ ᠲᠤᠨᠤᠭ ᠲᠤ ᠤᠷᠤᠭᠤᠯᠵᠤ᠂ ᠠᠪᠠᠭ᠎ᠠ ᠬᠤᠰᠢᠭᠤᠨ ᠤ ᠵᠣᠭᠠᠴᠠᠯ ᠤᠨ ᠲᠠᠸᠠᠷ ᠤᠨ ᠦᠵᠡᠬᠦᠯᠦᠯᠭᠡ᠂ | ᠠᠩᠬᠠᠳᠣᠭᠠᠷ ᠬᠤᠭᠤᠴᠠᠭᠠᠨ ᠤ ᠲᠣᠮᠳᠠᠳᠣ ᠮᠣᠩᠭᠤᠯ ᠤᠨ ᠣᠯᠠᠨ ᠣᠯᠣᠰ ᠤᠨ ᠲᠠᠸᠠᠷ ᠤᠨ ᠴᠣᠭᠯᠠᠭᠠᠨ᠂ 2018 | · ︽ᠨᠢᠭᠡ ᠪᠦᠰᠡ ᠨᠢᠭᠡ ᠵᠠᠮ︾ ᠤᠨ ᠠᠩᠬᠠᠳᠣᠭᠠᠷ ᠬᠤᠭᠤᠴᠠᠭᠠᠨ ᠤ ᠠᠪᠠᠭ᠎ᠠ ᠬᠤᠰᠢᠭᠤᠨ ᠤ ᠮᠣᠩᠭᠤᠯ ᠬᠤᠳᠠ | ᠦᠨᠳᠦᠰᠦᠳᠡᠨ ᠤ ᠲᠠᠸᠠᠷ ᠤᠨ ᠰᠣᠯᠢᠯᠴᠠᠭᠠᠨ ᠵᠡᠷᠭᠡ ᠠᠵᠢᠯᠯᠠᠭ᠎ᠠ ᠶᠢ ᠠᠮᠵᠢᠯᠳᠠ ᠲᠠᠢ ᠡᠷᠬᠢᠯᠡᠨ᠂ ᠪᠦᠬᠦ ᠵᠢᠯ ᠳᠤ | ᠣᠯᠣᠰ ᠤᠨ ᠲᠣᠳᠣᠭᠠᠳᠣ ᠭᠠᠳᠠᠭᠠᠳᠣ ᠶᠢᠨ ᠵᠣᠭᠠᠴᠠᠭᠰᠠᠳ ᠢ 24.5 ᠲᠦᠮᠡᠨ ᠬᠦᠮᠦᠨ ᠣᠳᠠᠭ᠎ᠠ ᠬᠦᠯᠢᠶᠡᠨ | ᠵᠣᠴᠢᠯᠠᠵᠣ᠂ ᠵᠣᠭᠠᠴᠠᠯ ᠤᠨ ᠣᠷᠣᠯᠭ᠎ᠠ 1.2 ᠳ᠋ᠦᠩᠰᠢᠭᠤᠷ ᠲᠦᠬᠦᠷᠢᠭ ᠲᠤ ᠬᠦᠷᠪᠡ᠃ ᠪᠣᠳᠠᠰ ᠤᠨ ᠬᠦᠢᠯᠭᠡᠭᠡᠨ ᠤ | ᠦᠢᠯᠡᠰ᠂ ᠮᠦᠩᠬᠦᠨ ᠬᠦᠢᠯᠭᠡᠭᠡᠨ ᠤ ᠦᠢᠯᠡᠰ ᠢ ᠲᠣᠭᠳᠠᠭᠤᠨ ᠠᠬᠢᠭᠤᠯᠵᠤ᠂ ᠠᠶᠠᠨᠴᠢᠨ ᠪᠠ ᠪᠠᠷᠠᠭ᠎ᠠ | ᠵᠦᠭᠡᠭᠡᠪᠦᠷᠢᠯᠡᠯᠳᠡ ᠶᠢᠨ ᠬᠡᠮᠵᠢᠶ᠎ᠡ ᠲᠣᠰ ᠲᠣᠰ 1.15 ᠳ᠋ᠦᠩᠰᠢᠭᠤᠷ ᠬᠦᠮᠦᠨ ᠺᠢᠯᠣᠮᠧᠲᠷ ᠪᠠ 2.9 ᠳ᠋ᠦᠩᠰᠢᠭᠤᠷ | ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰᠪᠣᠷᠢ 0.1% ᠪᠠ 0.3% ᠪᠠᠷ | ᠨᠡᠮᠡᠭᠳᠡᠪᠡ᠃ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠬᠡᠮᠵᠢᠶ᠎ᠡ ᠲᠣᠰ ᠲᠣᠰ | 21 ᠳ᠋ᠦᠩᠰᠢᠭᠤᠷ ᠲᠦᠬᠦᠷᠢᠭ ᠪᠠ 12.3 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ ᠲᠣᠰᠪᠣᠷᠢ 1.9% ᠪᠠ 1.8% ᠪᠠᠷ ᠨᠡᠮᠡᠭᠳᠡᠪᠡ᠃ | ︵ᠲᠦᠷᠪᠡ︶ ᠨᠡᠶᠢᠭᠡᠮ ᠠᠷᠠᠳ ᠤᠨ ᠠᠮᠢᠳᠣᠷᠠᠯ ᠤᠨ ᠦᠢᠯᠡᠰ ᠵᠣᠬᠢᠴᠠᠩᠭᠤᠢ ᠬᠦᠭᠵᠢᠪᠡ᠃ ᠡᠳ᠋ ᠤᠨ ᠵᠠᠰᠠᠭ | ᠤᠨ ᠠᠷᠠᠳ ᠤᠨ ᠠᠮᠢᠳᠣᠷᠠᠯ ᠳᠤ ᠭᠡᠷᠡᠭᠯᠡᠬᠦ ᠵᠠᠷᠣᠯᠭ᠎ᠠ 8.53 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ | ᠣᠯᠠᠨ ᠨᠡᠶᠢᠳᠡ ᠶᠢᠨ ᠵᠠᠷᠣᠯᠭ᠎ᠠ ᠶᠢᠨ 74.5% ᠶᠢ ᠡᠵᠡᠯᠡᠨ᠂ ︽ᠠᠷᠪᠠᠨ ᠪᠣᠳᠠᠳᠣ ᠶᠠᠪᠣᠳᠠᠯ︾ ᠳᠤ 1.08 | ᠳ᠋ᠦᠩᠰᠢᠭᠤᠷ ᠲᠦᠬᠦᠷᠢᠭ ᠵᠠᠷᠣᠴᠠᠭᠤᠯᠪᠠ᠃ ᠰᠣᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠬᠦ ᠶᠢ | ᠪᠠᠶᠠᠯᠠᠬᠦᠯᠪᠠ᠃ ᠰᠣᠷᠭᠠᠨ ᠬᠦᠮᠦᠵᠢᠯ ᠤᠨ ᠪᠠᠶᠢᠭᠤᠯᠣᠮᠵᠢ ᠶᠢᠨ ᠲᠣᠬᠢᠷᠠᠭᠤᠯᠣᠯᠳᠠ ᠪᠠ ᠪᠠᠭᠰᠢ ᠠᠵᠢᠯᠳᠠᠨ ᠢ ᠣᠷᠢᠨ | ᠭᠡᠷᠡᠭᠯᠡᠬᠦ ᠠᠵᠢᠯ ᠢ ᠪᠡᠶᠡᠯᠡᠬᠦᠯᠵᠦ᠂ ᠬᠢᠴᠢᠶᠠᠯ ᠤᠨ ᠪᠠᠷᠢᠮᠵᠢᠶ᠎ᠠ ᠳᠤ ᠰᠠᠭᠤᠷᠢᠯᠠᠨ ᠬᠢᠴᠢᠶᠠᠯ ᠤᠨ ᠲᠢᠩᠬᠢᠮ ᠤᠨ ᠦᠷ᠎ᠠ | ᠠᠰᠢᠭ ᠢ ᠲᠡᠭᠡᠭᠰᠢᠯᠡᠬᠦᠯᠬᠦ ᠲᠦᠷᠦᠯ ᠵᠦᠢᠯ ᠢ ᠭᠡᠷᠡᠭᠵᠢᠬᠦᠯᠵᠦ᠂ ᠪᠦᠬᠦ ᠵᠢᠯ ᠳᠤ ᠪᠠᠭᠰᠢ ᠨᠠᠷ ᠲᠤ 2300 ᠬᠦᠮᠦᠨ | ᠣᠳᠠᠭ᠎ᠠ ᠪᠣᠯᠪᠠᠰᠣᠷᠠᠯ ᠬᠦᠷᠳᠡᠭᠡᠪᠡ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠶᠡᠷᠦᠩᠬᠡᠶᠢᠯᠡᠭᠰᠡᠨ | ᠪᠣᠯᠪᠠᠰᠣᠷᠠᠯ ᠤᠨ ᠰᠠᠭᠤᠷᠢᠨ ᠢ ᠪᠠᠶᠢᠭᠤᠯᠣᠨ᠂ ︽ᠣᠶᠣᠨᠳᠣ ᠰᠣᠷᠭᠠᠭᠤᠯᠢ︾ ᠶᠢᠨ ᠢᠨᠵᠧᠨᠧᠷᠢᠩ ᠢ ᠠᠰᠢᠭᠯᠠᠯᠳᠠ | ᠳᠤ ᠣᠷᠣᠭᠤᠯᠵᠣ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠲᠠᠮᠢᠷ ᠤᠨ ᠣᠷᠳᠣᠨ ᠪᠠ ᠮᠦᠩᠭᠡᠭᠠᠯ ᠬᠡᠦᠭᠡᠳ ᠤᠨ | ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠲᠣᠮᠳᠠᠳᠣ ᠪᠠᠭ᠎ᠠ | ᠰᠣᠷᠭᠠᠭᠤᠯᠢ ᠶᠢᠨ ᠠᠶᠣᠩᠭ᠎ᠠ ᠰᠡᠷᠭᠡᠶᠢᠯᠡᠬᠦ ᠢᠨᠵᠧᠨᠧᠷᠢᠩ᠂ ᠭᠠᠯ ᠰᠡᠷᠭᠡᠶᠢᠯᠡᠬᠦ ᠢᠨᠵᠧᠨᠧᠷᠢᠩ ᠢ ᠢᠳᠡᠪᠬᠢᠳᠡᠢ | ᠠᠬᠢᠭᠤᠯᠪᠠ᠃ ᠲᠦᠬᠡᠮᠡᠯ ᠠᠰᠢᠭ ᠬᠦᠷᠳᠡᠬᠡᠬᠦ ᠰᠣᠷᠣᠯᠭ᠎ᠠ ᠲᠡᠳᠬᠦᠬᠦ ᠮᠦᠩᠬᠦ ᠶᠢ 530.7 ᠲᠦᠮᠡᠨ ᠲᠦᠬᠦᠷᠢᠭ᠂ | ᠰᠣᠷᠣᠯᠭ᠎ᠠ ᠲᠡᠳᠬᠦᠬᠦ ᠵᠢᠭᠡᠯᠡᠯᠭᠡ 359.3 ᠲᠦᠮᠡᠨ ᠲᠦᠬᠦᠷᠢᠭ ᠲᠠᠷᠬᠠᠭᠠᠵᠣ᠂ ᠶᠡᠭᠡ ᠰᠣᠷᠭᠠᠭᠤᠯᠢ ᠳᠤ ᠰᠢᠯᠭᠠᠵᠣ | ᠣᠷᠣᠭᠰᠠᠨ ᠶᠠᠳᠠᠭᠤ ᠬᠦᠴᠢᠷᠳᠡᠯᠳᠡᠢ ᠣᠶᠣᠳᠠᠳ ᠲᠤ 24.5 ᠲᠦᠮᠡᠨ ᠲᠦᠬᠦᠷᠢᠭ ᠤᠨ ᠰᠣᠷᠣᠯᠭ᠎ᠠ ᠲᠡᠳᠬᠦᠬᠦ | ᠨᠦᠬᠦᠪᠤᠷᠢ ᠣᠯᠭᠤᠪᠠ᠃ ︽ᠡᠷᠡᠬᠦᠯ ᠡᠩᠭᠡ ᠠᠪᠠᠭ᠎ᠠ︾ ᠶᠢᠨ ᠪᠠᠶᠢᠭᠤᠯᠣᠯᠳᠠ ᠶᠢ ᠯᠠᠪᠳᠠᠭᠤᠨ ᠠᠬᠢᠭᠤᠯᠪᠠ᠃ ︽ | ᠦᠪᠡᠷᠳᠡᠭᠡᠨ ᠵᠠᠰᠠᠬᠤ ᠣᠷᠣᠨ ᠤ ᠲᠡᠰ ᠤᠨ ᠡᠷᠡᠬᠦᠯ ᠮᠡᠨᠳᠦ ᠶᠢ ᠠᠬᠢᠭᠤᠯᠬᠤ ᠬᠤᠰᠢᠭᠤ︾ ᠪᠠ ︽ᠪᠦᠬᠦ ᠣᠷᠣᠨ ᠤ | ᠣᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠬᠦᠯᠬᠦ ᠲᠣᠭᠤᠷᠢᠭ︾ ᠢ ᠴᠣᠭᠴᠠᠯᠠᠨ | ᠪᠠᠶᠢᠭᠤᠯᠬᠤ ᠠᠵᠢᠯ ᠢ ᠦᠷᠨᠢᠭᠦᠯᠵᠦ᠂ ᠲᠡᠰ ᠬᠤᠪᠢᠶᠠᠨ ᠡᠮᠴᠢᠯᠡᠬᠦᠯᠬᠦ ᠲᠦᠷᠢᠮ ᠢ ᠢᠳᠡᠪᠬᠢᠳᠡᠢ ᠠᠬᠢᠭᠤᠯᠵᠣ᠂ ︽ | ᠢᠨᠲ᠋ᠧᠷ ᠰᠦᠯᠵᠢᠶ᠎ᠡ+ ᠡᠮᠴᠢᠯᠡᠭᠡ︾ ᠶᠢᠨ ᠦᠢᠯᠡᠴᠢᠯᠡᠭᠡᠨ ᠤ ᠪᠠᠶᠢᠭᠤᠯᠣᠯᠳᠠ ᠶᠢ ᠪᠦᠷᠢᠨᠰᠢᠬᠦᠯᠦᠨ᠂ ᠣᠯᠣᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠬᠦᠨᠵᠡᠭᠡᠢ ᠦᠷᠨᠢᠬᠦᠯᠵᠦ᠂ ᠬᠤᠶᠠᠷ ᠬᠡᠦᠭᠡᠳ ᠠᠪᠴᠣ ᠪᠣᠯᠬᠤ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠮᠣᠩᠭᠤᠯ ᠡᠮᠨᠡᠯᠭᠡ ᠶᠢᠨ ᠬᠤᠷᠢᠶᠠᠨ ᠤ | ᠮᠣᠩᠭᠤᠯ ᠡᠮ ᠨᠠᠶᠢᠷᠠᠭᠤᠯᠬᠤ ᠲᠠᠰᠤᠭ ᠤᠨ ᠦᠢᠯᠡᠳᠪᠤᠷᠢᠯᠡᠯ ᠢ ᠲᠤᠷᠰᠢᠨ ᠡᠬᠢᠯᠡᠬᠦᠯᠵᠦ᠂ ᠬᠤᠰᠢᠭᠤ ᠣᠯᠠᠨ ᠨᠡᠶᠢᠳᠡ | ᠶᠢᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠶᠡᠷᠦᠩᠬᠡᠶᠢᠯᠡᠭᠰᠡᠨ ᠠᠰᠠᠷ ᠤᠨ ᠲᠤᠳᠤᠷᠡᠬᠢ ᠶᠢ ᠵᠠᠰᠠᠨ | ᠴᠢᠮᠡᠭᠯᠡᠵᠤ᠂ ᠡᠷᠡᠬᠦᠯ ᠮᠡᠨᠳᠦ ᠶᠢᠨ ᠭᠤᠤᠯ ᠰᠡᠳᠦᠪᠳᠦ ᠴᠡᠴᠡᠷᠯᠢᠭ ᠤᠨ ᠪᠠᠶᠢᠭᠤᠯᠣᠯᠳᠠ ᠶᠢ ᠲᠠᠭᠤᠰᠬᠠᠵᠣ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠡᠮᠴᠢ ᠲᠠᠢ ᠭᠡᠷ᠎ᠡ ᠲᠣᠭᠳᠠᠭᠰᠠᠨ ᠨᠣᠷᠮ᠎ᠠ 70.5% ᠳᠤ | ᠬᠦᠷᠴᠦ᠂ ᠪᠦᠬᠦ ᠠᠶᠢᠮᠠᠭ ᠤᠨ ᠲᠡᠭᠰᠢᠳᠭᠡᠭᠰᠡᠨ ᠬᠢᠷᠢ ᠲᠦᠪᠰᠢᠨ ᠠᠴᠠ 19 ᠵᠠᠭᠤᠨ ᠤ ᠨᠢᠬᠡᠴᠢ ᠦᠨᠳᠦᠷ ᠪᠠᠶᠢᠵᠤ᠂ | ᠪᠦᠬᠦ ᠵᠢᠯ ᠳᠤ ᠬᠦᠭᠡ ᠲᠦᠷᠦᠯ ᠤᠨ ᠬᠠᠯᠳᠠᠪᠣᠷᠢᠳᠣ ᠡᠪᠡᠳᠴᠢᠨ ᠪᠠ ᠬᠡᠨᠡᠳᠳᠡ ᠶᠢᠨ ᠴᠢᠨᠠᠷᠳᠠᠢ ᠣᠯᠠᠨ ᠨᠡᠶᠢᠳᠡ ᠶᠢᠨ | ᠡᠷᠡᠬᠦᠯ ᠬᠠᠮᠠᠭᠠᠯᠠᠯ ᠤᠨ ᠭᠡᠷᠡᠭ ᠡᠬᠦᠰᠦᠭᠰᠡᠨ ᠦᠭᠡᠢ᠃ ᠪᠦᠬᠦ ᠬᠤᠰᠢᠭᠤᠨ ᠤ ᠰᠣᠮᠣ ᠪᠠᠯᠭᠠᠰᠣ᠂ ᠭᠠᠴᠠᠭ᠎ᠠ ᠴᠦᠮ | ᠦᠪᠡᠷᠳᠡᠭᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠰᠣᠮᠣ ᠪᠠᠯᠭᠠᠰᠣ ᠭᠠᠴᠠᠭᠠᠨ ᠤ ᠡᠩᠨᠡᠭᠡ ᠳᠤ | ᠵᠢᠭᠰᠠᠭᠠᠭᠳᠠᠵᠤ᠂ ᠦᠪᠡᠷᠳᠡᠭᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠣᠨ ᠤ ᠬᠢᠨᠠᠨ | ᠦᠨᠡᠯᠡᠯᠲᠡ ᠳᠤ ᠬᠢᠷᠢ ᠲᠠᠩᠴᠠᠪᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠨ ᠬᠦᠭᠵᠢᠬᠦᠯᠪᠡ᠃ ᠪᠦᠬᠦ ᠠᠷᠠᠳ | ᠤᠨ ᠪᠡᠶ᠎ᠡ ᠴᠢᠬᠢᠷᠠᠭᠵᠢᠭᠤᠯᠬᠤ ᠲᠦᠪ ᠠᠰᠢᠭᠯᠠᠯᠳᠠ ᠳᠤ ᠤᠷᠤᠵᠤ᠂ ᠴᠣᠭᠤᠷ ᠲᠠᠭᠤᠣ ᠶᠢ ᠦᠪᠯᠡᠨ ᠣᠯᠠᠮᠵᠢᠯᠠᠬᠤ | ᠲᠦᠪ ᠤᠨ ᠭᠤᠣᠯ ᠴᠣᠭᠴᠠ ᠶᠢᠨ ᠪᠠᠷᠢᠯᠭ᠎ᠠ ᠲᠠᠭᠤᠰᠴᠤ᠂ ︽2018 · ᠰᠢᠯᠢ ᠶᠢᠨ ᠭᠤᠣᠯ ᠡᠷ᠎ᠡ ᠶᠢᠨ | ᠭᠤᠷᠪᠠᠨ ᠨᠠᠭᠠᠳᠣᠮ ᠤᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠢᠴᠢ ᠨᠠᠢᠮᠠᠳᠣᠭᠠᠷ ᠬᠤᠭᠤᠴᠭᠠᠠᠨ ᠤ ᠬᠠᠷ᠎ᠠ | ᠠᠳᠣᠭᠤᠨ ᠰᠣᠶᠣᠯ ᠤᠨ ᠨᠠᠶᠢᠷ︾᠂ ᠠᠩᠬᠠᠳᠣᠭᠠᠷ ᠬᠤᠭᠤᠴᠠᠭᠠᠨ ᠤ ︽ᠲᠡᠮᠦᠷ ᠨᠡᠷᠡᠮᠵᠢᠳᠦ︾ ᠮᠣᠩᠭᠤᠯ ᠰᠢᠳᠠᠷ᠎ᠠ | ᠶᠢᠨ ᠣᠷᠣᠯᠳᠣᠭᠠᠨ ᠵᠡᠷᠭᠡ 70 ᠭᠠᠷᠣᠢ ᠲᠠᠯᠠᠪᠠᠢ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠦ᠂ | ︽ᠦᠪᠤᠷ ᠮᠤᠩᠭᠤᠯ ᠤᠨ ᠮᠣᠩᠭᠤᠯ ᠰᠢᠳᠠᠷ᠎ᠠ ᠶᠢᠨ ᠰᠣᠶᠣᠯ ᠢ ᠣᠯᠠᠮᠵᠢᠯᠠᠨ ᠬᠦᠭᠵᠢᠬᠦᠯᠬᠦ ᠰᠠᠭᠤᠷᠢᠨ ᠭᠠᠵᠠᠷ︾ ᠢᠶᠠᠷ | ᠨᠡᠷᠡᠶᠢᠳᠦᠭᠳᠡᠨ᠂ ᠬᠤᠰᠢᠭᠤ ᠣᠯᠠᠭᠠᠨᠮᠦ᠋ᠴᠢᠷ ᠦᠪᠡᠷᠳᠡᠭᠡᠨ ᠵᠠᠰᠠᠬᠤ ᠣᠷᠣᠨ ᠤ ᠲᠡᠰ ᠤᠨ ᠰᠢᠯᠢᠳᠡᠭ ᠨᠢᠭᠡᠳᠦᠭᠡᠷ | ᠲᠦᠷᠦᠯ ᠤᠨ ᠣᠯᠠᠭᠠᠨᠮᠦ᠋ᠴᠢᠷ ᠢᠶᠠᠷ ᠦᠨᠡᠯᠡᠭᠳᠡᠵᠦ᠂ ᠰᠠᠶᠢᠡᠵᠢᠶᠠᠭᠠ ︽ᠰᠠᠮᠪᠤ ᠪᠦᠭᠡ ᠶᠢᠨ ᠲᠡᠯᠡᠬᠡᠢ ᠶᠢᠨ ᠱᠠᠩᠨᠠᠯᠳᠤ | ᠣᠷᠣᠯᠳᠣᠭᠠᠨ︾ ᠳᠤ ᠮᠠᠨ ᠤ ᠣᠯᠣᠰ ᠤᠨ ᠠᠩᠬᠠᠨ ᠤ ᠠᠯᠳᠠᠨ ᠮᠧᠲ᠋ᠡᠯ ᠢ ᠲᠣᠰᠴᠣ᠂ ᠨᠠᠮᠨᠠᠭᠠᠴᠢ ᠰᠣᠷ ᠬᠠᠷᠪᠣᠯᠭ᠎ᠠ | ᠶᠢᠨ ᠨᠡᠶᠢᠭᠡᠮᠯᠢᠭ ᠪᠦᠬᠦ ᠣᠯᠣᠰ ᠤᠨ ᠰᠣᠷ ᠬᠠᠷᠪᠤᠯᠳᠠ ᠶᠢᠨ ᠣᠷᠣᠯᠳᠣᠭᠠᠨ ᠳᠤ 3 ᠣᠳᠠᠭ᠎ᠠ ᠨᠢᠭᠡᠴᠡ ᠶᠢᠨ ᠲᠡᠷᠢᠬᠦᠨ | ᠢ ᠠᠪᠴᠣ᠂ ︽ᠪᠡᠯᠬᠦᠳᠡᠢ︾ ᠭᠡᠬᠦ ᠰᠢᠯᠦᠭ ᠣᠷᠠᠨ ᠵᠣᠬᠢᠶᠠᠯ ᠤᠨ ︽ᠰᠣᠯᠣᠩᠭ᠎ᠠ︾ ᠱᠠᠩᠨᠠᠯ ᠢ ᠬᠦᠷᠳᠡᠵᠦ᠂ ︽ | ᠪᠦᠷᠬᠦᠳ ᠤᠨ ᠦᠯᠢᠭᠡᠷ︾ ᠪᠦᠳᠦᠭᠡᠯ ᠦᠪᠡᠷᠳᠡᠭᠡᠨ ᠵᠠᠰᠠᠬᠤ ᠣᠷᠣᠨ ᠤ ᠭᠡᠷᠡᠯ ᠵᠢᠷᠤᠭ ᠤᠨ ᠦᠵᠡᠬᠦᠯᠦᠯᠭᠡ ᠳᠤ | ᠨᠢᠭᠡᠳᠦᠭᠡᠷ ᠲᠡᠰ ᠤᠨ ᠱᠠᠩᠨᠠᠯ ᠬᠦᠷᠳᠡᠪᠡ᠃ ᠦᠢᠯᠡᠰ ᠡᠷᠬᠢᠯᠡᠵᠦ ᠠᠵᠢᠯ ᠣᠯᠭᠤᠬᠤ ᠴᠢᠨᠠᠷᠵᠢᠯ ᠢ ᠲᠠᠰᠤᠷᠠᠯᠳᠠ | ᠦᠬᠡᠢ ᠲᠡᠭᠡᠭᠰᠢᠯᠡᠬᠦᠯᠪᠡ᠃ ︽ᠣᠶᠣᠨᠳᠣ ᠬᠦᠳᠡᠯᠮᠦᠷᠢ ᠠᠵᠢᠯᠳᠠᠨ︾ ᠤ ᠦᠢᠯᠡᠴᠢᠯᠡᠭᠡ ᠶᠢᠨ ᠰᠢᠰᠲ᠋ᠧᠮ ᠢ ᠨᠡᠭᠡᠭᠡᠨ | ᠬᠦᠭᠵᠢᠬᠦᠯᠵᠦ᠂ ︽ᠸᠧᠢ ᠭᠧᠦ︾ ᠪᠠ ︽ᠠᠪᠠᠭ᠎ᠠ ᠬᠠᠮᠳᠤ ᠬᠤᠳᠠ︾ ᠬᠤᠶᠠᠷ APP ᠶᠢ ᠨᠡᠬᠡᠬᠡᠨ ᠠᠰᠢᠭᠯᠠᠵᠤ᠂ | ︽ᠤᠷᠢᠬᠠᠨ ᠬᠠᠪᠣᠷ ᠤᠨ ᠠᠵᠢᠯᠯᠠᠭ᠎ᠠ︾ ᠵᠢᠴᠢ ᠦᠢᠯᠡᠰ ᠡᠷᠬᠢᠯᠡᠬᠦ ᠲᠦᠷᠦᠯ ᠵᠦᠢᠯ ᠢ ᠲᠠᠨᠢᠯᠴᠠᠭᠤᠯᠬᠤ ᠵᠡᠷᠭᠡ 4 | ᠣᠳᠠᠭᠠᠨ ᠤ ᠠᠵᠢᠯᠳᠠᠨ ᠡᠯᠰᠡᠬᠦ ᠬᠤᠷᠠᠯ ᠢ ᠵᠣᠬᠢᠶᠠᠨ ᠪᠠᠶᠢᠭᠤᠯᠵᠣ᠂ 4109 ᠠᠵᠢᠯ ᠤᠨ ᠪᠠᠶᠢᠷᠢ ᠴᠣᠭᠯᠠᠭᠤᠯᠣᠨ᠂ | ᠬᠤᠳᠠ ᠬᠦᠳᠡᠭᠡ ᠶᠢᠨ 2106 ᠬᠦᠮᠦᠨ ᠳᠤ ᠠᠵᠢᠯ ᠣᠯᠭᠤᠵᠣ᠂ 100 ᠨᠡᠶᠢᠳᠡ ᠶᠢᠨ ᠠᠰᠢᠭᠳᠣ ᠠᠵᠢᠯ ᠤᠨ | ᠪᠠᠶᠢᠷᠢ ᠲᠤᠬᠢᠷᠠᠭᠤᠯᠵᠤ᠂ ᠬᠤᠳᠠ ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠡᠳ ᠤᠨ ᠨᠣᠷᠮ᠎ᠠ ᠶᠢ 1. | 99% ᠶᠢᠨ ᠲᠣᠳᠣᠷ᠎ᠠ ᠬᠢᠵᠠᠭᠠᠷᠯᠠᠨ᠂ ᠪᠦᠬᠦ ᠠᠶᠢᠮᠠᠭ ᠤᠨ ᠲᠣᠮᠳᠠᠴᠢ ᠬᠢᠷᠢ ᠲᠦᠪᠰᠢᠨ ᠠᠴᠠ ᠲᠣᠣᠷ᠎ᠠ ᠪᠠᠶᠢᠯᠭᠠᠪᠠ᠃ | ᠨᠡᠶᠢᠭᠡᠮ ᠤᠨ ᠪᠠᠳᠣᠯᠠᠭ᠎ᠠ ᠶᠢᠨ ᠴᠢᠳᠠᠪᠬᠢ ᠶᠢ ᠲᠡᠭᠡᠭᠰᠢᠯᠡᠬᠦᠯᠪᠡ᠃ ᠪᠦᠬᠦ ᠠᠷᠠᠳ ᠤᠨ ᠲᠠᠭᠠᠳᠬᠠᠯ ᠳᠤ ᠣᠷᠣᠬᠤ | ᠲᠦᠯᠦᠪᠯᠡᠭᠡ ᠶᠢ ᠠᠬᠢᠭᠤᠯᠣᠨ᠂ ᠲᠠᠭᠠᠳᠬᠠᠯ ᠳᠤ ᠣᠷᠣᠭᠰᠠᠳ ᠢ ᠲᠠᠩᠰᠠᠯᠠᠭᠰᠠᠨ ᠨᠣᠷᠮ᠎ᠠ 100% ᠳᠤ ᠬᠦᠷᠴᠦ᠂ | 7924 ᠬᠦᠮᠦᠨ ᠳᠤ 1.16 ᠳ᠋ᠦᠩᠰᠢᠭᠤᠷ ᠲᠦᠬᠦᠷᠢᠭ ᠤᠨ ᠨᠠᠰᠤᠵᠢᠯ ᠤᠨ ᠲᠠᠭᠠᠳᠬᠠᠯ ᠤᠨ ᠮᠦᠩᠬᠦ ᠲᠠᠷᠬᠠᠭᠠᠨ᠂ | ᠡᠮᠴᠢᠯᠡᠭᠡᠨ ᠤ ᠲᠠᠭᠠᠳᠬᠠᠯ ᠳᠤ ᠤᠷᠤᠭᠰᠡᠨ 4 ᠲᠦᠮᠨ ᠭᠠᠷᠤᠢ ᠬᠦᠮᠤᠨ ᠳᠤ 3004 ᠲᠦᠮᠡᠨ ᠲᠦᠬᠦᠷᠢᠭ ᠤᠨ | ᠡᠮᠨᠡᠯᠭᠡ ᠶᠢᠨ ᠲᠠᠩᠰᠠ ᠴᠠᠶᠢᠷᠠᠭᠤᠯᠪᠠ᠃ ᠬᠦᠴᠢᠷᠳᠡᠯᠳᠡᠢ ᠠᠷᠡᠳ ᠢ ᠲᠡᠳᠬᠦᠨ ᠲᠡᠮᠵᠢᠬᠦ ᠠᠵᠢᠯ ᠢ ᠰᠠᠶᠢᠳᠣᠷ ᠬᠢᠵᠦ᠂ | ᠵᠡᠮᠳᠡᠭᠴᠣᠳ ᠢ ᠠᠰᠠᠷᠠᠨ ᠬᠠᠷᠠᠭᠠᠯᠵᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠪᠠᠷᠢᠯᠭ᠎ᠠ ᠶᠢ ᠡᠬᠢᠯᠡᠬᠦᠯᠵᠦ | ᠂ ᠨᠡᠶᠢᠭᠡᠮ ᠲᠣᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠠ ᠨᠡᠶᠢᠭᠡᠮ ᠤᠨ ᠠᠰᠠᠷᠠᠮᠵᠢ ᠶᠢᠨ | ᠬᠦᠷᠢᠶᠡᠯᠡᠩ ᠢ ︽ᠬᠠᠯᠠᠮᠵᠢ︾ ᠮᠠᠯᠵᠢᠬᠤ ᠣᠷᠣᠨ ᠤ ᠨᠠᠰᠣᠳᠠᠶᠢᠴᠣᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ | ᠲᠤ ᠨᠡᠬᠦᠯᠬᠡᠨ ᠨᠠᠶᠢᠯᠡᠬᠦᠯᠵᠤ᠂ ᠡᠯ᠎ᠡ ᠲᠦᠷᠦᠯ ᠤᠨ ᠠᠪᠣᠷᠠᠨ ᠲᠣᠰᠠᠯᠠᠬᠤ ᠨᠦᠬᠦᠪᠦᠷᠢ ᠮᠦᠩᠬᠦ ᠶᠢ 713 ᠲᠦᠮᠡᠨ | ᠲᠦᠬᠦᠷᠢᠭ ᠲᠠᠷᠬᠠᠭᠠᠨ᠂ 958 ᠡᠷᠦᠭᠡ ᠶᠢᠨ 1534 ᠬᠦᠮᠦᠨ ᠳᠤ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ | ᠪᠠᠳᠣᠯᠠᠭ᠎ᠠ ᠶᠢᠨ ᠮᠦᠩᠬᠦ 744.8 ᠲᠦᠮᠡᠨ ᠲᠦᠬᠦᠷᠢᠭ ᠲᠠᠷᠬᠠᠭᠠᠵᠣ᠂ 77 ᠪᠦᠬᠦᠯᠢ ᠨᠠᠰᠣᠨ ᠠᠴᠠ ᠲᠡᠭᠡᠭᠰᠢᠬᠢ | 1099 ᠨᠠᠰᠣᠳᠠᠳ ᠲᠤ ᠨᠠᠰᠣᠵᠢᠯ ᠤᠨ ᠨᠦᠬᠦᠪᠦᠷᠢ 187.9 ᠲᠦᠮᠡᠨ ᠲᠦᠬᠦᠷᠢᠭ ᠲᠠᠷᠬᠠᠭᠠᠨ᠂ 60 ᠪᠦᠬᠦᠯᠢ | ᠨᠠᠰᠣᠨ ᠠᠴᠠ ᠲᠡᠭᠡᠭᠰᠢᠬᠢ 6750 ᠨᠠᠰᠣᠳᠠᠳ ᠢ ᠠᠳᠡᠭᠳᠡᠯ ᠬᠡᠮᠳᠤᠯ ᠤᠨ ᠲᠠᠭᠠᠳᠬᠠᠯ ᠳᠤ ᠣᠷᠣᠭᠤᠯᠪᠠ᠃ | ︵ᠲᠠᠪᠤ︶ ᠬᠦᠭᠵᠢᠯᠳᠡ ᠶᠢᠨ ᠪᠠᠳᠣᠯᠠᠭ᠎ᠠ ᠶᠢᠨ ᠴᠢᠳᠠᠪᠬᠢ ᠶᠢ ᠲᠠᠰᠤᠷᠠᠯᠳᠠ ᠦᠬᠡᠢ ᠲᠡᠭᠡᠭᠰᠢᠯᠡᠬᠦᠯᠪᠡ᠃ | ᠬᠤᠳᠠ ᠪᠠᠯᠭᠠᠰᠣᠨ ᠤ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠰᠠᠶᠢᠵᠢᠷᠠᠭᠤᠯᠪᠠ᠃ ᠪᠡᠯᠬᠦᠳᠡᠢ ᠪᠠᠯᠭᠠᠰᠣᠨ | ᠤ ᠣᠣᠭᠤᠬᠤ ᠣᠰᠣᠨ ᠤ ᠡᠬᠢ ᠰᠣᠷᠪᠣᠯᠵᠢ ᠶᠢ ᠬᠠᠮᠠᠭᠠᠯᠠᠬᠤ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠶᠢᠨ | ᠪᠠᠴᠢᠮ ᠪᠠᠶᠢᠳᠠᠯ ᠢ ᠠᠷᠭᠠᠴᠠᠭᠠᠬᠤ ᠴᠦᠬᠦᠷᠤᠮ ᠪᠠ ᠬᠠᠭᠤᠴᠢᠨ ᠰᠠᠭᠤᠭᠠᠯᠢ ᠲᠣᠭᠤᠷᠢᠭ ᠤᠨ ᠤᠰᠤ ᠴᠠᠬᠢᠯᠭᠠᠨ ᠤ | ᠬᠡᠮᠵᠢᠬᠦᠷ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠦᠨ᠂ 4 ᠬᠠᠭᠤᠴᠢᠨ ᠰᠠᠭᠤᠭᠠᠯᠢ ᠲᠣᠭᠤᠷᠢᠭ ᠤᠨ | ᠲᠣᠯᠠᠭᠠᠯᠠᠯᠭ᠎ᠠ ᠬᠠᠩᠭᠠᠬᠤ ᠪᠠ ᠪᠣᠬᠢᠷ ᠣᠰᠣ ᠭᠠᠳᠠᠭᠰᠢᠯᠠᠭᠤᠯᠬᠤ ᠬᠤᠭᠤᠯᠠᠢ ᠶᠢ ᠵᠠᠰᠠᠨ ᠰᠠᠶᠢᠵᠢᠷᠠᠭᠤᠯᠵᠣ᠂ ᠲᠠᠩᠰᠠ | ᠡᠪᠭᠡᠮᠡᠯ ᠤᠨ ᠣᠷᠳᠣᠨ ᠢ ᠠᠰᠢᠭᠯᠠᠯᠳᠠ ᠳᠤ ᠣᠷᠣᠭᠤᠯᠣᠨ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠤᠨ | ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠣ᠂ 275 ᠢᠵᠢ ᠨᠤᠤᠷᠠᠬᠠᠢ ᠬᠡᠷ ᠪᠠᠶᠢᠰᠢᠩ ᠢ ᠵᠠᠰᠠᠨ ᠰᠢᠨᠡᠳᠬᠡᠵᠤ | ᠂ 39.5 ᠲᠦᠮᠡᠨ ᠰᠠᠭᠤᠷᠢ ᠮᠣᠳᠣ ᠲᠠᠷᠢᠵᠣ᠂ ᠰᠢᠨ᠎ᠡ ᠪᠠᠷ 1460 ᠮᠧᠲᠷ ᠲᠦᠭᠡᠭᠡᠯ ᠣᠰᠣᠨ ᠤ ᠬᠤᠭᠤᠯᠠᠢ᠂ | 820 ᠮᠧᠲᠷ ᠪᠣᠬᠢᠷ ᠣᠰᠣᠨ ᠤ ᠬᠤᠭᠤᠯᠠᠢ᠂ 2930 ᠮᠧᠲᠷ ᠤᠨ ᠲᠣᠯᠠᠭᠠᠯᠠᠯᠭ᠎ᠠ ᠶᠢᠨ ᠬᠤᠭᠤᠯᠠᠢ ᠶᠢ | ᠦᠭᠡᠷᠡᠴᠢᠯᠡᠨ ᠰᠢᠨᠡᠳᠭᠡᠵᠦ᠂ ᠲᠣᠯᠠᠭᠠᠯᠠᠯᠭ᠎ᠠ ᠶᠢᠨ ᠵᠤᠤᠬ᠎ᠠ 2 ᠰᠠᠭᠤᠷᠢ ᠶᠢ ᠨᠡᠮᠡᠵᠦ᠂ ᠬᠤᠭᠤᠯᠠᠨ ᠭᠡᠷ ᠤᠨ | ᠬᠠᠶᠠᠭᠳᠠᠮᠠᠯ ᠬᠤᠭ ᠨᠤᠪᠰᠢ ᠵᠦᠭᠡᠭᠡᠪᠦᠷᠢᠯᠡᠬᠦ ᠲᠡᠷᠭᠡ 2᠂ ᠬᠤᠭ ᠤᠨ ᠬᠠᠶᠢᠷᠴᠠᠭ 300 ᠬᠤᠳᠠᠯᠳᠣᠨ ᠠᠪᠣᠪᠠ᠃ | ᠦᠭᠡᠷᠡᠴᠢᠯᠡᠯᠳᠡ ᠨᠡᠭᠡᠭᠡᠯᠳᠡ ᠶᠢ ᠲᠠᠰᠤᠷᠠᠯᠳᠠ ᠦᠬᠡᠢ ᠬᠦᠨᠵᠡᠭᠡᠶᠢᠷᠡᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠭᠡᠷᠡᠴᠢᠯᠡᠯᠳᠡ ᠶᠢ ᠠᠯᠬᠤᠮ ᠲᠠᠷᠠᠭ᠎ᠠ ᠲᠠᠢ ᠠᠬᠢᠭᠤᠯᠵᠤ᠂ ︽ᠢᠨᠲ᠋ᠧᠷ ᠰᠦᠯᠵᠢᠶ᠎ᠡ+ ᠵᠠᠰᠠᠭ ᠤᠨ ᠶᠠᠪᠣᠳᠠᠯ ᠤᠨ | ᠦᠢᠯᠡᠴᠢᠯᠡᠭᠡ︾ ᠶᠢᠨ ᠠᠵᠢᠯ ᠢ ᠰᠠᠶᠢᠳᠣᠷ ᠬᠢᠵᠦ᠂ ᠣᠯᠣᠰ ᠤᠨ ᠬᠦᠮᠦᠷᠭᠡ ᠠᠴᠠ ᠲᠦᠪᠯᠡᠷᠡᠬᠦᠯᠤᠨ ᠲᠤᠭᠠᠴᠠᠬᠤ᠂ | ᠢᠨᠵᠧᠨᠧᠷᠢᠩ ᠤᠨ ᠰᠣᠯᠢᠯᠴᠠᠭ᠎ᠠ᠂ ᠦᠢᠯᠡᠳᠪᠦᠷᠢ ᠬᠤᠳᠠᠯᠳᠣᠭᠠᠨ ᠤ ᠲᠠᠩᠰᠠᠯᠠᠬᠤ ᠵᠡᠷᠭᠡ ᠶᠠᠪᠣᠴᠠ ᠶᠢ | ᠡᠯᠧᠺᠲᠷᠣᠨᠴᠢᠯᠠᠨ᠂ ᠡᠯᠧᠺᠲᠷᠣᠨ ᠡᠵᠡᠩᠨᠡᠯᠳᠡ ᠶᠢᠨ ᠦᠨᠡᠮᠯᠡᠯ 8 ᠬᠤᠪᠢ ᠲᠠᠷᠬᠠᠭᠠᠪᠠ︔ ︽ᠨᠠᠢᠮᠠᠨ ᠬᠠᠭᠤᠳᠠᠰᠤ | ᠨᠠᠷᠢᠨ ᠲᠠᠩᠰᠠ︾ ᠶᠢᠨ ᠪᠠᠷᠢᠮᠵᠢᠶᠠᠵᠢᠭᠰᠠᠨ ᠲᠣᠭᠳᠠᠯᠴᠠᠭ᠎ᠠ ᠶᠢᠨ ᠪᠠᠶᠢᠭᠤᠯᠣᠯᠳᠠ ᠶᠢ ᠠᠬᠢᠭᠤᠯᠣᠨ᠂ ᠰᠠᠯᠠᠭ᠎ᠠ | ᠮᠦᠴᠢᠷ ᠤᠨ ᠬᠢᠨᠠᠨ ᠵᠦᠪᠰᠢᠶᠡᠷᠡᠬᠦ ᠡᠷᠭᠡ ᠲᠠᠢ ᠬᠤᠯᠪᠣᠭᠳᠠᠬᠤ ᠨᠠᠷᠢᠨ ᠲᠠᠩᠰᠠ ᠶᠢ 5900 ᠲᠦᠷᠦᠯ ᠴᠡᠭᠴᠡᠯᠡᠵᠦ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠨᠠᠷᠢᠨ ᠲᠠᠩᠰᠠ 233 ᠲᠦᠷᠦᠯ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠪᠠ ᠵᠠᠭᠤᠴᠢ ᠦᠢᠯᠡᠴᠢᠯᠡᠭᠡᠨ ᠤ ᠣᠴᠢᠷ ᠶᠠᠪᠣᠳᠠᠯ ᠢ ᠲᠤᠰᠪᠤᠷᠢ 3 ᠶᠢ ᠴᠡᠪᠡᠷᠯᠡᠪᠡ︔ ︽ᠬᠤᠣᠰ | ᠲᠣᠭᠳᠠᠮᠠᠯ ᠪᠣᠰᠣ᠂ ᠨᠢᠭᠡ ᠢᠯᠡ ᠨᠡᠶᠢᠳᠡᠯᠡᠬᠦ︾ ᠲᠦᠷᠢᠮ ᠢ ᠢᠳᠡᠪᠬᠢᠳᠡᠢ ᠨᠠᠶᠢᠳᠠᠪᠣᠷᠢᠵᠢᠭᠤᠯᠣᠨ᠂ 5 ᠤᠳᠠᠭ᠎ᠠ | ᠬᠤᠯᠪᠣᠭᠠᠯᠠᠨ ᠬᠠᠣᠯᠢ ᠬᠡᠷᠡᠭᠵᠢᠬᠦᠯᠵᠤ᠂ 57 ᠵᠠᠬ᠎ᠠ ᠲᠡᠯᠭᠡᠬᠦᠷ ᠤᠨ ᠠᠷᠠᠯᠵᠢᠶᠠᠨ ᠤ ᠡᠷᠤᠬᠡ ᠶᠢ ᠪᠠᠶᠢᠴᠠᠭᠠᠪᠠ︔ ︽ | ᠤᠯᠠᠨ ᠦᠨᠡᠮᠯᠡᠯ ᠢ ᠨᠢᠭᠡᠳᠭᠡᠬᠦ︾ ᠦᠭᠡᠷᠡᠴᠢᠯᠡᠯᠳᠡ ᠶᠢ ᠠᠬᠢᠭᠤᠯᠣᠨ᠂ ᠰᠢᠨ᠎ᠡ ᠪᠠᠷ 66 ᠠᠵᠣ ᠠᠬᠤᠶᠢᠯᠠᠯ | ᠨᠡᠮᠡᠭᠳᠡᠵᠤ 529 ᠡᠷᠦᠭᠡ ᠪᠤᠯᠪᠠ᠃ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ 315 ᠡᠷᠦᠭᠡ | ᠨᠡᠮᠡᠭᠳᠡᠵᠤ 3277 ᠡᠷᠦᠭᠡ ᠪᠤᠯᠵᠤ᠂ ᠭᠤᠣᠯᠳᠠᠯᠭᠠᠳᠣ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠠᠬᠢᠭᠤᠯᠪᠠ᠃ | ᠮᠠᠯᠵᠢᠬᠤ ᠣᠷᠣᠨ ᠤ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠵᠤ᠂ ᠨᠣᠳᠤᠭ ᠪᠡᠯᠴᠢᠭᠡᠷ ᠤᠨ ᠡᠷᠭᠡ ᠶᠢ | ᠲᠣᠳᠣᠷᠬᠠᠶᠢᠯᠠᠵᠣ ᠲᠠᠩᠰᠠᠯᠠᠬᠤ ᠠᠵᠢᠯ ᠢ ᠠᠬᠢᠭᠤᠯᠤᠨ᠂ 62 ᠭᠠᠴᠠᠭᠠᠨ ᠤ 4289 ᠡᠷᠦᠭᠡ ᠶᠢᠨ 3251 ᠲᠦᠮᠡᠨ | ᠮᠦ ᠨᠣᠳᠤᠭ ᠪᠡᠯᠴᠢᠭᠡᠷ ᠤᠨ ᠡᠷᠭᠡ ᠶᠢ ᠲᠣᠳᠣᠷᠬᠠᠶᠢᠯᠠᠬᠤ ᠠᠵᠢᠯ ᠢ ᠤᠷᠤᠭᠰᠢᠳᠡᠢ ᠦᠷᠨᠢᠬᠦᠯᠵᠤ᠂ 925 ᠨᠣᠳᠤᠭ | ᠪᠡᠯᠴᠢᠭᠡᠷ ᠤᠨ ᠵᠢᠭᠤᠷᠠᠭᠠᠨ ᠢ ᠰᠢᠢᠳᠪᠦᠷᠢᠯᠡᠨ᠂ ᠮᠠᠯᠵᠢᠬᠤ ᠣᠷᠣᠨ ᠤ ᠭᠡᠷ ᠪᠠᠶᠢᠰᠢᠩ ᠪᠠ ᠬᠠᠮᠳᠣ ᠶᠢᠨ ᠪᠦᠳᠦᠭᠡᠨ | ᠪᠠᠶᠢᠭᠤᠯᠣᠯᠳᠠ ᠳᠤ ᠭᠡᠷᠡᠭᠯᠡᠬᠦ ᠭᠠᠵᠠᠷ ᠤᠨ ᠡᠷᠭᠡ ᠶᠢ ᠲᠣᠳᠣᠷᠬᠠᠶᠢᠯᠠᠨ ᠦᠨᠡᠮᠯᠡᠯ ᠣᠯᠭᠤᠬᠤ ᠠᠵᠢᠯ ᠢ ᠣᠷᠣᠭᠰᠢᠳᠠᠢ | ᠶᠠᠪᠤᠭᠳᠠᠭᠤᠯᠵᠤ᠂ 59 ᠭᠠᠴᠠᠭᠠᠨ ᠤ ᠦᠮᠴᠢᠯᠡᠯ ᠤᠨ ᠬᠠᠷᠢᠶᠠᠯᠠᠯ ᠢ ᠨᠦᠬᠦᠨ ᠬᠡᠮᠵᠢᠬᠦ ᠠᠵᠢᠯ ᠢ ᠲᠠᠭᠤᠰᠬᠠᠨ᠂ 91 | ᠮᠠᠯᠴᠢᠨ ᠡᠷᠦᠭᠡ ᠳᠤ ᠦᠯᠦ ᠬᠦᠳᠡᠯᠬᠦ ᠬᠦᠷᠦᠩᠭᠡ ᠶᠢ ᠲᠠᠩᠰᠠᠯᠠᠭᠰᠡᠨ ᠦᠨᠡᠮᠯᠡᠯ ᠲᠠᠷᠬᠠᠭᠠᠪᠠ᠃ ᠠᠵᠣ ᠠᠬᠤᠶᠢᠯᠠᠯ | ᠪᠠ ᠮᠠᠯᠴᠢᠳ ᠤᠨ ᠠᠰᠢᠭ ᠲᠣᠰᠠ ᠬᠤᠯᠪᠣᠭᠠᠯᠠᠭᠰᠠᠨ ᠵᠣᠬᠢᠴᠠᠮᠵᠢ ᠶᠢ ᠪᠠᠶᠢᠭᠤᠯᠵᠣ᠂ ᠡᠷᠳᠡᠨᠢ ᠢᠳᠡᠭᠡᠨ ᠤ | ᠬᠢᠵᠠᠭᠠᠷᠳᠣ ᠺᠣᠮᠫᠠᠨᠢ ᠠᠴᠠ 12 ᠭᠠᠴᠠᠭ᠎ᠠ ᠲᠠᠢ ᠡᠳ᠋ ᠬᠦᠷᠦᠩᠭᠡ ᠠᠰᠢᠭ ᠲᠣᠰᠠ ᠶᠢᠨ ᠬᠠᠮᠳᠣᠷᠠᠯᠴᠠᠭ᠎ᠠ ᠪᠠᠶᠢᠭᠤᠯᠵᠣ | ᠂ 89.7 ᠲᠦᠮᠡᠨ ᠲᠦᠬᠦᠷᠢᠭ ᠤᠨ ᠠᠰᠢᠭ ᠬᠦᠷᠳᠡᠭᠡᠪᠡ᠃ ᠬᠦᠳᠡᠭᠡ ᠲᠣᠰᠬᠤᠨ ᠤ ᠢᠳᠡᠭᠡᠮᠵᠢ ᠶᠢᠨ ᠬᠤᠷᠰᠢᠶᠠᠨ ᠤ | ᠦᠭᠡᠷᠡᠴᠢᠯᠡᠯᠳᠡ ᠶᠢᠨ ᠠᠵᠢᠯ ᠢ ᠡᠬᠢᠯᠡᠬᠦᠯᠦᠨ᠂ 6 ᠰᠣᠮᠣ ᠪᠠᠯᠭᠠᠰᠣᠨ ᠤ ᠦᠨᠳᠦᠰᠦᠨ ᠱᠠᠳᠣᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠶᠢ ᠰᠡᠷᠬᠦᠭᠡᠵᠦ᠂ ᠭᠠᠴᠠᠭᠠᠨ ᠤ ᠬᠠᠮᠳᠣ ᠶᠢᠨ ᠡᠳ᠋ ᠬᠦᠷᠦᠩᠭᠡ ᠶᠢ ᠬᠢᠨᠠᠨ ᠬᠠᠷᠭᠤᠭᠤᠯᠬᠤ | ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ | ᠦᠭᠡᠷᠡᠴᠢᠯᠡᠯᠳᠡ ᠶᠢ ᠠᠬᠢᠭᠤᠯᠵᠣ᠂ ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ | ᠲᠠᠷᠤᠭ᠎ᠠ ᠶᠢ ᠢᠯᠡ ᠪᠠᠷ ᠡᠯᠰᠡᠨ ᠭᠡᠷᠡᠭᠯᠡᠬᠦ ᠪᠠ ᠴᠠᠯᠢᠩ ᠬᠦᠯᠦᠰᠦ ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ | ᠢ ᠡᠬᠢᠯᠡᠬᠦᠯᠪᠡ᠃ ᠣᠯᠣᠰ ᠤᠨ ᠭᠠᠶᠢᠯᠢ ᠰᠦᠢᠳᠭᠡᠯ ᠤᠨ ᠦᠭᠡᠷᠡᠴᠢᠯᠡᠯᠳᠡ ᠶᠢᠨ ᠲᠦᠷᠦ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠣᠷᠢᠵᠢᠭᠤᠯᠵᠣ᠂ ᠡᠯ᠎ᠡ ᠲᠦᠷᠦᠯ ᠤᠨ ᠰᠦᠢᠳᠭᠡᠯ 280 ᠭᠠᠷᠣᠢ ᠲᠦᠮᠡᠨ ᠲᠦᠬᠦᠷᠢᠭ᠂ ᠭᠠᠶᠢᠯᠢ | 5485 ᠭᠠᠷᠤᠢ ᠲᠦᠮᠡᠨ ᠲᠦᠬᠦᠷᠢᠭ ᠬᠡᠯᠳᠤᠷᠢᠬᠦᠯᠪᠡ᠃ ᠭᠠᠳᠠᠭᠠᠳᠤ ᠲᠠᠢ ᠴᠢᠯᠤᠬᠡᠳᠡᠢ ᠶᠠᠪᠤᠯᠴᠠᠬᠤ ᠠᠵᠢᠯ ᠢ | ᠦᠷᠬᠦᠯᠵᠢᠯᠡᠨ ᠠᠬᠢᠭᠤᠯᠵᠤ᠂ ᠨᠠᠷᠠᠨᠪᠣᠯᠠᠭ ᠬᠢᠯᠢ ᠶᠢᠨ ᠠᠷᠠᠳ ᠤᠨ ᠨᠡᠪᠳᠡᠷᠡᠬᠦ ᠵᠠᠮ ᠤᠨ ᠠᠩᠬᠠᠨ ᠤ ᠬᠤᠭᠤᠴᠭᠠᠠᠨ ᠤ | ᠠᠵᠢᠯ ᠢ ᠶᠠᠪᠣᠭᠳᠠᠭᠤᠯᠵᠣ᠂ ᠭᠤᠷᠪᠠᠳᠣᠭᠠᠷ ᠬᠤᠭᠤᠴᠠᠭᠠᠨ ᠤ ᠲᠣᠮᠳᠠᠳᠣ ᠮᠣᠩᠭᠤᠯ ᠤᠨ ᠦᠨᠳᠦᠰᠦᠳᠡᠨ ᠤ ᠲᠠᠸᠠᠷ | ᠤᠨ ᠰᠣᠯᠢᠯᠴᠠᠭᠠᠨ ᠤ ᠴᠣᠭᠯᠠᠭᠠᠨ ᠢ ᠠᠮᠵᠢᠯᠳᠠ ᠲᠠᠢ ᠡᠷᠬᠢᠯᠡᠵᠤ᠂ ︽2018 ᠭᠤᠷᠪᠠᠳᠣᠭᠠᠷ ᠬᠤᠭᠤᠴᠠᠭᠠᠨ ᠤ | ᠣᠯᠠᠭᠠᠨᠪᠠᠭᠠᠳᠣᠷ᠂ ᠲᠣᠮᠳᠠᠳᠣ ᠣᠯᠣᠰ ᠤᠨ ᠦᠪᠦᠷ ᠮᠣᠩᠭᠤᠯ ᠤᠨ ᠲᠠᠸᠠᠷ ᠤᠨ ᠦᠵᠡᠬᠦᠯᠦᠯᠭᠡ ᠶᠢᠨ ᠴᠣᠭᠯᠠᠭᠠᠨ︾ | ᠳᠤ ᠢᠳᠡᠪᠬᠢᠳᠡᠢ ᠤᠷᠤᠯᠴᠠᠵᠤ᠂ ᠮᠣᠩᠭᠤᠯ ᠣᠯᠣᠰ ᠤᠨ ᠠᠶᠢᠯᠴᠢᠯᠠᠬᠤ ᠪᠦᠯᠬᠦᠮ ᠢ 1 ᠣᠳᠠᠭ᠎ᠠ ᠬᠦᠯᠢᠶᠡᠨ | ᠵᠣᠴᠢᠯᠠᠵᠣ᠂ ᠮᠤᠩᠭᠤᠯ ᠤᠯᠤᠰ ᠲᠠᠢ ᠰᠣᠶᠣᠯ ᠰᠣᠷᠭᠠᠨ ᠬᠦᠮᠦᠵᠢᠯ ᠤᠨ ᠰᠣᠯᠢᠯᠴᠠᠭ᠎ᠠ ᠶᠢ 6 ᠣᠳᠠᠭ᠎ᠠ ᠦᠷᠨᠢᠬᠦᠯᠪᠡ | ᠃ ᠠᠷᠠᠯᠵᠢᠶᠠᠴᠢᠨ ᠣᠷᠢᠵᠣ ᠪᠡᠯᠡ ᠲᠠᠳᠠᠬᠤ ᠬᠤᠷᠠᠯ ᠢ 3 ᠣᠳᠠᠭ᠎ᠠ ᠵᠣᠬᠢᠶᠠᠨ ᠪᠠᠶᠢᠭᠤᠯᠵᠣ᠂ 4 ᠲᠦᠷᠦᠯ ᠵᠥᠢᠯ ᠢ | ᠨᠢ ᠭᠡᠷᠡᠭᠵᠢᠬᠦᠯᠦᠨ᠂ 3.3 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠨᠠᠶᠢᠳᠠᠪᠣᠷᠢᠵᠢᠭᠤᠯᠪᠠ᠃ ᠲᠦᠷᠦᠯ | ᠵᠦᠢᠯ ᠡᠷᠡᠮᠡᠯᠵᠡᠯᠡᠬᠦ ᠡᠷᠴᠢᠮ ᠢᠶᠠᠨ ᠴᠢᠩᠭᠠᠳᠬᠠᠨ᠂ ᠲᠡᠭᠡᠳᠦ ᠱᠠᠳᠣᠨ ᠠᠴᠠ 38 ᠲᠦᠷᠦᠯ ᠵᠦᠢᠯ ᠢ ᠡᠷᠡᠮᠡᠯᠵᠠᠯᠠᠨ | ᠤᠯᠵᠤ᠂ 1.65 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠨᠠᠶᠢᠳᠠᠪᠣᠷᠢᠵᠢᠭᠤᠯᠪᠠ᠃ ᠨᠡᠶᠢᠭᠡᠮ ᠤᠨ ᠡᠶ᠎ᠡ | ᠵᠣᠬᠢᠴᠠᠯ ᠲᠣᠭᠳᠠᠭᠤᠨ ᠢ ᠪᠡᠳᠣᠯᠠᠪᠠ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠣᠰᠬᠠᠢ | ᠲᠦᠷᠦᠯ ᠤᠨ ᠲᠡᠮᠡᠴᠡᠯ ᠢ ᠦᠷᠨᠢᠬᠦᠯᠵᠦ᠂ ᠣᠯᠠᠨ ᠲᠦᠮᠡᠨ ᠢ ᠬᠦᠢᠴᠡᠳ ᠲᠠᠶᠢᠴᠢᠯᠠᠨ᠂ ᠢᠯᠡᠴᠢᠯᠡᠨ ᠮᠡᠳᠡᠬᠦᠯᠦᠭᠰᠡᠳ | ᠢ ᠱᠠᠩᠨᠠᠵᠣ᠂ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠣᠭᠳᠠᠭᠰᠠᠨ 4 ᠭᠡᠷᠡᠭ ᠢ ᠪᠠᠶᠢᠴᠠᠭᠠᠨ ᠰᠢᠳᠭᠡᠵᠦ᠂ | ᠣᠯᠠᠨ ᠲᠦᠮᠡᠨ ᠤ ᠠᠮᠣᠷ ᠲᠦᠪᠰᠢᠨ ᠤ ᠲᠦᠷᠦᠭᠳᠡᠯ ᠢ ᠤᠯᠠᠮ ᠨᠡᠮᠡᠭᠳᠡᠬᠦᠯᠪᠠ᠃ ᠲᠦᠷᠪᠡᠨ ᠱᠠᠳᠣᠨ ᠤ ᠵᠦᠷᠢᠴᠡᠯ | ᠵᠢᠭᠤᠷᠠᠭᠠᠨ ᠢ ᠪᠠᠶᠢᠴᠠᠭᠠᠨ ᠵᠣᠬᠢᠴᠠᠭᠤᠯᠬᠤ ᠪᠠ ︽ᠭᠤᠷᠪᠠᠨ ᠰᠠᠯᠪᠣᠷᠢ ᠨᠢᠭᠡ ᠲᠢᠩᠬᠢᠮ ᠨᠢᠭᠡ ᠲᠠᠰᠤᠭ︾ ᠤᠨ | ᠬᠤᠯᠪᠣᠭᠠᠯᠠᠭᠰᠠᠨ ᠵᠣᠬᠢᠴᠠᠮᠵᠢ ᠶᠢ ᠴᠢᠩᠭ᠎ᠠ ᠨᠠᠶᠢᠳᠠᠪᠣᠷᠢᠵᠢᠭᠤᠯᠣᠨ᠂ 54 ᠵᠦᠷᠢᠴᠡᠯ ᠵᠢᠭᠤᠷᠠᠭᠠᠨ ᠢ ᠡᠶᠡᠳᠡᠬᠦᠯᠵᠦ᠂ | 205 ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ᠂ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢᠨ | ᠠᠰᠠᠭᠤᠳᠠᠯ ᠢ ᠢᠳᠡᠪᠬᠢᠳᠡᠢ ᠰᠢᠢᠳᠪᠦᠷᠢᠯᠡᠨ᠂ ᠠᠳᠠᠯᠢ ᠬᠤᠭᠤᠴᠠᠭᠠᠨ ᠤ ᠬᠢ ᠠᠴᠠ 14% ᠪᠠᠷ ᠪᠠᠭᠠᠰᠬᠠᠵᠤ᠂ | ᠰᠢᠢᠳᠪᠦᠷᠢᠯᠡᠭᠰᠡᠨ ᠨᠣᠷᠮ᠎ᠠ 95% ᠳᠤ ᠬᠦᠷᠴᠠᠢ᠃ ︽ᠠᠪᠠᠭ᠎ᠠ ᠬᠤᠰᠢᠭᠤᠨ ᠤ ᠴᠡᠷᠢᠭ ᠠᠴᠠ ᠬᠠᠯᠠᠭᠳᠠᠭᠰᠠᠳ ᠲᠤ | ᠦᠢᠯᠡᠴᠢᠯᠡᠵᠤ ᠬᠠᠮᠢᠶᠠᠷᠬᠤ ᠠᠵᠢᠯ ᠢ ᠴᠢᠩᠭᠠᠳᠬᠠᠬᠤ ᠲᠣᠬᠠᠢ ᠬᠡᠷᠡᠭᠵᠢᠬᠦᠯᠬᠦ ᠰᠠᠨᠠᠯ︾ ᠢ ᠲᠣᠭᠳᠠᠭᠠᠵᠣ᠂ ᠴᠡᠷᠢᠭ | ᠠᠴᠠ ᠬᠠᠯᠠᠭᠳᠠᠭᠰᠠᠳ ᠤᠨ ᠦᠡᠳᠤᠰᠤᠨ ᠰᠤᠷᠠᠭ ᠵᠠᠩᠬᠢ ᠶᠢ ᠴᠤᠭᠯᠠᠭᠤᠯᠵᠤ᠂ ᠲᠣᠰᠬᠠᠢ ᠲᠦᠷᠦᠯ ᠤᠨ ᠨᠠᠶᠢᠳᠠ ᠶᠢᠨ | ᠠᠰᠢᠭᠳᠣ ᠠᠵᠢᠯ ᠤᠨ ᠪᠠᠶᠢᠷᠢ 53 ᠶᠢ ᠨᠠᠶᠢᠳᠠᠪᠣᠷᠢᠵᠢᠭᠤᠯᠣᠨ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠦ | ᠬᠠᠮᠢᠶᠠᠷᠬᠤ ᠬᠢᠷᠢ ᠲᠦᠪᠰᠢᠨ ᠲᠠᠰᠣᠷᠠᠯᠳᠠ ᠦᠭᠡᠢ ᠲᠡᠭᠡᠭᠰᠢᠯᠡᠪᠡ᠃ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ | ᠠᠭᠤᠷᠬᠠᠢ ᠨᠡᠭᠡᠭᠡᠬᠦ ᠵᠡᠷᠭᠡ ᠠᠵᠢᠯ ᠲᠦᠷᠦᠯ ᠤᠨ ᠬᠦᠷᠢᠶᠡᠨ ᠬᠡᠪᠴᠢᠶᠡᠨ ᠳᠠᠬᠢ ᠠᠶᠣᠯᠬᠦᠢ ᠦᠢᠯᠡᠳᠪᠦᠷᠢᠯᠡᠯ ᠤᠨ | ᠵᠠᠭᠤᠨ ᠡᠳᠦᠷ ᠲᠣᠰᠬᠠᠢ ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠵᠦ᠂ ᠦᠢᠯᠡᠳᠪᠦᠷᠢᠯᠡᠯ | ᠡᠵᠡᠩᠨᠡᠯᠳᠡ ᠶᠢᠨ ᠨᠢᠭᠡᠴᠡ ᠶᠢ 636 ᠣᠳᠠᠭ᠎ᠠ ᠪᠠᠶᠢᠴᠠᠭᠠᠵᠤ᠂ 1224 ᠠᠮᠣᠷ ᠲᠦᠪᠰᠢᠨ ᠤ ᠲᠠᠯᠳᠠ ᠭᠡᠮ ᠢ | ᠢᠯᠡᠷᠡᠬᠦᠯᠤᠨ᠂ 1207 ᠶᠢ ᠨᠢ ᠵᠠᠰᠠᠨ ᠴᠡᠭᠴᠡᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠠᠮᠣᠷ | ᠲᠦᠪᠰᠢᠨ ᠢ ᠪᠡᠳᠣᠯᠠᠪᠠ᠃ ᠢᠳᠡᠭᠡᠨ ᠤ ᠵᠦᠢᠯᠡᠰ ᠢ 104 ᠣᠳᠠᠭ᠎ᠠ ᠪᠠ ᠡᠮ ᠤᠨ ᠵᠦᠢᠯᠡᠰ ᠢ 33 ᠣᠳᠠᠭ᠎ᠠ | ᠰᠣᠭᠤᠴᠢᠨ ᠪᠠᠶᠢᠴᠠᠭᠠᠵᠣ᠂ ᠢᠳᠡᠭᠡᠨ ᠤ ᠠᠮᠣᠷ ᠲᠦᠪᠰᠢᠨ ᠤ ᠲᠦᠷᠭᠡᠨ ᠪᠠᠶᠢᠴᠠᠭᠠᠯᠳᠠ ᠶᠢ 507 ᠣᠳᠠᠭ᠎ᠠ | ᠦᠷᠨᠢᠬᠦᠯᠦᠨ᠂ ᠤᠯᠠᠨ ᠲᠦᠮᠡᠨ ᠤ ᠢᠳᠡᠭᠡᠨ ᠡᠮ ᠤᠨ ᠵᠦᠢᠯᠡᠰ ᠤᠨ ᠠᠮᠣᠷ ᠲᠦᠪᠰᠢᠨ ᠢ ᠪᠦᠳᠦᠮᠵᠢᠳᠡᠢ ᠪᠠᠳᠣᠯᠠᠪᠠ᠃ | ᠡᠬᠦᠨ ᠤ ᠬᠠᠮᠳᠣ᠂ ᠣᠯᠣᠰ ᠤᠨ ᠪᠠᠳᠣᠯᠠᠨ ᠬᠠᠮᠠᠭᠠᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠳᠡ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠣᠯᠳᠠ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠡᠷᠭᠡ ᠠᠵᠢᠯ ᠢ | ᠴᠢᠩᠭᠠᠳᠬᠠᠨ᠂ ᠰᠢᠣᠳᠠᠨ ᠬᠤᠯᠪᠣᠭ᠎ᠠ᠂ ᠭᠠᠳᠠᠭᠠᠳᠣ ᠶᠠᠪᠤᠳᠠᠯ ᠪᠠ ᠬᠠᠷᠢᠶᠠᠳᠣ ᠶᠢᠨ ᠶᠠᠪᠣᠳᠠᠯ᠂ ᠭᠠᠵᠠᠷ ᠬᠦᠳᠡᠯᠦᠯᠳᠡ | ᠴᠠᠭ ᠠᠭᠤᠷ᠂ ᠲᠠᠮᠠᠬᠢᠨ ᠤ ᠦᠢᠯᠡᠰ᠂ ᠴᠢᠯᠠᠭᠤᠨ ᠲᠣᠰᠣ ᠵᠡᠷᠭᠡ ᠠᠵᠢᠯ ᠰᠢᠨ᠎ᠡ ᠦᠷ᠎ᠡ ᠪᠦᠳᠦᠮᠵᠢ ᠣᠯᠵᠣ᠂ | ᠠᠵᠢᠯᠴᠢᠨ ᠤ ᠡᠪᠯᠡᠯ᠂ ᠡᠮᠡᠭᠳᠡᠶᠢᠴᠣᠳ ᠤᠨ ᠬᠤᠯᠪᠣᠭᠠᠳᠣ ᠬᠤᠷᠠᠯ᠂ ᠡᠪ ᠬᠠᠮᠳᠣ ᠵᠠᠯᠠᠭᠤᠴᠣᠳ᠂ ᠦᠢᠯᠡᠳᠪᠦᠷᠢ | ᠬᠤᠳᠠᠯᠳᠣᠭᠠᠨ ᠤ ᠬᠤᠯᠪᠣᠭᠠᠳᠣ ᠬᠤᠷᠠᠯ᠂ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠣᠯᠠᠮ ᠲᠦᠮᠡᠨᠴᠢ | ᠵᠣᠬᠢᠶᠠᠨ ᠪᠠᠶᠢᠭᠤᠯᠣᠯᠳᠠ ᠶᠢᠨ ᠠᠵᠣ ᠠᠬᠤᠢ ᠨᠡᠶᠢᠭᠡᠮ ᠤᠨ ᠬᠦᠭᠵᠢᠯᠳᠡ ᠳᠠᠬᠢ ᠴᠢᠬᠤᠯᠠ ᠦᠢᠯᠡᠳᠦᠯ ᠢ ᠬᠦᠢᠴᠡᠳ | ᠪᠠᠳᠠᠷᠠᠭᠤᠯᠣᠭᠰᠠ ᠪᠠᠶᠢᠨ᠎ᠠ᠃ | ᠨᠢᠭᠡ ᠵᠢᠯ ᠤᠨ ᠲᠣᠷᠰᠢ᠂ ᠬᠤᠰᠢᠭᠤ ᠵᠠᠰᠠᠭ ᠤᠨ ᠣᠷᠳᠣᠨ ᠠᠴᠠ ︽ᠬᠤᠶᠠᠷ ᠢ ᠰᠣᠷᠣᠯᠴᠠᠵᠣ ᠬᠢᠷᠢ | ᠲᠡᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠭᠡᠢ ᠦᠷᠨᠢᠬᠦᠯᠦᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠣᠷᠣᠯᠴᠠᠨ ᠡᠵᠡᠮᠰᠢᠵᠦ᠂ ᠲᠦᠪ ᠤᠨ ᠨᠠᠢᠮᠠᠨ ᠵᠣᠷᠪᠣᠰ ᠲᠣᠭᠳᠠᠭᠠᠯ ᠵᠢᠴᠢ | ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠢᠵᠢ ᠪᠦᠷᠢᠳᠦᠭᠰᠡᠨ ᠲᠦᠷᠢᠮ ᠲᠣᠭᠳᠠᠭᠠᠯ ᠢ ᠴᠢᠩᠭ᠎ᠠ | ᠨᠠᠶᠢᠳᠠᠪᠣᠷᠢᠵᠢᠭᠤᠯᠵᠤ᠂ ᠲᠦᠷᠦ ᠶᠢᠨ ᠶᠠᠪᠣᠳᠠᠯ ᠤᠨ ᠬᠤᠷᠢᠶᠠᠨ ᠤ ︽ᠴᠢᠩᠭ᠎ᠠ ᠰᠠᠬᠢᠬᠤ ᠭᠤᠷᠪᠡᠨ ᠵᠤᠷᠪᠤᠰ︾ | ᠲᠤᠭᠳᠠᠭᠠᠯ ᠢ ᠵᠢᠷᠣᠮᠯᠠᠵᠣ᠂ ᠵᠠᠰᠠᠭ ᠤᠨ ᠣᠷᠳᠣᠨ ᠤ ᠠᠵᠢᠯ ᠤᠨ ᠰᠣᠷᠳᠠᠯ ᠢᠶᠠᠨ ᠰᠠᠶᠢᠵᠢᠷᠠᠭᠤᠯᠪᠠ᠃ ᠬᠦᠨᠳᠦ | ᠴᠢᠬᠤᠯᠠ ᠵᠠᠰᠠᠭ ᠵᠠᠬᠢᠷᠭᠠᠨ ᠤ ᠰᠢᠢᠳᠪᠦᠷᠢ ᠪᠣᠳᠣᠯᠭ᠎ᠠ ᠬᠠᠣᠯᠢ ᠲᠦᠷᠢᠮ ᠢ ᠬᠢᠨᠠᠨ ᠬᠠᠷᠭᠤᠭᠤᠯᠬᠤ ᠪᠠ ᠵᠠᠰᠠᠭ ᠤᠨ | ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠨᠠᠷᠢᠨ ᠨᠢᠮᠪᠠᠢ ᠨᠠᠶᠢᠳᠠᠪᠣᠷᠢᠵᠢᠭᠤᠯᠵᠣ᠂ ︽ | ᠲᠣᠯᠣᠳᠣᠭᠠᠷ ᠲᠠᠪᠣᠨ ᠵᠢᠯ︾ ᠤᠨ ᠬᠠᠣᠯᠢ ᠲᠦᠭᠡᠭᠡᠮᠡᠯᠵᠢᠬᠦᠯᠬᠦ ᠠᠵᠢᠯ ᠢ ᠴᠢᠩᠭᠠᠳᠬᠠᠨ᠂ ᠵᠠᠰᠠᠭ ᠵᠠᠬᠢᠷᠭᠠᠨ ᠤ | ᠬᠠᠣᠯᠢ ᠬᠡᠷᠡᠭᠵᠢᠬᠦᠯᠬᠦ᠂ ᠲᠦᠪ ᠭᠤᠣᠯᠴᠢ ᠬᠠᠣᠯᠢ ᠴᠠᠭᠠᠵᠠ ᠶᠢᠨ ᠬᠢᠷᠢ ᠲᠦᠪᠰᠢᠨ ᠢᠶᠠᠨ ᠲᠠᠰᠣᠷᠠᠯᠳᠠ ᠦᠭᠡᠢ | ᠲᠡᠬᠡᠭᠰᠢᠯᠡᠬᠦᠯᠵᠤ᠂ ᠬᠠᠣᠯᠢ ᠪᠠᠷ ᠵᠠᠰᠠᠬᠤ ᠵᠠᠰᠠᠭ ᠤᠨ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠪᠠ᠃ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠶᠢ ᠣᠬᠠᠮᠰᠠᠷ ᠠᠴᠠ | ᠪᠠᠨ ᠬᠦᠯᠢᠶᠡᠨ᠂ ᠠᠷᠠᠳ ᠤᠨ ᠲᠦᠯᠤᠬᠡᠯᠡᠭᠴᠢᠳ ᠤᠨ 221 ᠵᠣᠷᠪᠣᠰ ᠰᠠᠨᠠᠯ ᠰᠠᠨᠠᠭᠤᠯᠭ᠎ᠠ᠂ ᠣᠯᠣᠰ ᠲᠦᠷᠦ ᠶᠢᠨ | ᠵᠦᠪᠯᠡᠯᠭᠡᠨ ᠤ ᠬᠡᠰᠢᠬᠦᠳ ᠤᠨ 85 ᠵᠣᠷᠪᠣᠰ ᠰᠠᠨᠠᠯ ᠲᠣᠷᠠᠳᠣᠯᠭ᠎ᠠ ᠶᠢ ᠭᠠᠷᠳᠠᠨ ᠬᠦᠢᠴᠡᠳᠭᠡᠵᠦ᠂ ᠰᠠᠨᠠᠯ | ᠰᠠᠨᠠᠭᠤᠯᠭ᠎ᠠ ᠶᠢ ᠰᠢᠢᠳᠪᠦᠷᠢᠯᠡᠭᠰᠡᠨ ᠨᠣᠷᠮ᠎ᠠ 100% ᠳᠤ ᠬᠦᠷᠴᠦ᠂ ᠬᠠᠨᠣᠮᠵᠢ ᠶᠢᠨ ᠨᠣᠷᠮ᠎ᠠ 94.6% ᠳᠤ | ᠬᠦᠷᠪᠡ᠃ ᠱᠠᠯᠠᠪᠳᠠᠨ ᠪᠠᠶᠢᠴᠠᠭᠠᠵᠣ ᠬᠢᠨᠠᠨ ᠵᠢᠯᠣᠭᠤᠳᠬᠤ ᠠᠵᠢᠯ ᠤᠨ ᠲᠦᠷᠢᠮ ᠢ ᠲᠠᠰᠣᠷᠠᠯᠳᠠ ᠦᠭᠡᠢ | ᠪᠦᠷᠢᠨᠰᠢᠬᠦᠯᠵᠦ᠂ ᠠᠵᠢᠯ ᠤᠨ ᠪᠦᠳᠦᠮᠵᠢ ᠶᠢ ᠬᠢᠨᠠᠨ ᠦᠨᠡᠯᠡᠬᠦ᠂ ᠬᠢᠨᠠᠨ ᠵᠢᠯᠣᠭᠤᠳᠬᠤ ᠶᠢ ᠴᠢᠩᠭᠠᠳᠬᠠᠵᠤ᠂ ᠵᠠᠰᠠᠭ | ᠤᠨ ᠣᠷᠳᠣᠨ ᠤ ᠠᠵᠢᠯ ᠵᠢᠯᠣᠭᠤᠳᠬᠤ ᠪᠠ ᠨᠠᠶᠢᠳᠠᠪᠣᠷᠢᠵᠢᠭᠤᠯᠬᠤ ᠬᠦᠴᠦᠨ ᠢᠯᠡᠳᠳᠡ ᠲᠡᠭᠡᠭᠰᠢᠯᠡᠪᠡ᠃ ᠡᠳ᠋ ᠤᠨ | ᠵᠠᠰᠠᠭ᠂ ᠬᠢᠨᠠᠨ ᠪᠣᠳᠣᠬᠤ ᠬᠢᠨᠠᠯᠳᠠ ᠪᠠᠨ ᠴᠢᠩᠭᠠᠳᠬᠠᠨ᠂ ︽ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠪᠡᠯᠡ | ᠣᠷᠣᠭᠤᠯᠣᠨ ᠪᠦᠳᠦᠭᠡᠨ ᠪᠠᠶᠢᠭᠤᠯᠬᠤ ᠲᠦᠷᠦᠯ ᠵᠦᠢᠯ ᠢ ᠬᠢᠨᠠᠨ ᠪᠣᠳᠣᠵᠣ ᠬᠢᠨᠠᠯᠳᠠ ᠲᠠᠯᠪᠢᠬᠤ ᠠᠷᠭ᠎ᠠ︾ ︵ | ᠲᠣᠷᠰᠢᠨ ᠬᠡᠷᠡᠭᠯᠡᠬᠦ︶᠂ ︽ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠣᠨ ᠪᠦᠳᠦᠭᠡᠨ | ᠪᠠᠶᠢᠭᠤᠯᠬᠤ ᠲᠦᠷᠦᠯ ᠵᠦᠢᠯ ᠢ ᠬᠢᠨᠠᠨ ᠪᠣᠳᠣᠵᠣ ᠠᠰᠠᠭᠤᠨ ᠯᠠᠪᠯᠠᠬᠤ ᠦᠢᠯᠡᠴᠢᠯᠡᠭᠡᠨ ᠤ ᠲᠣᠬᠠᠶᠢᠯᠠᠭᠰᠠᠨ ᠠᠵᠢᠯ ᠤᠨ | ᠲᠣᠭᠳᠠᠭᠠᠯ︾ ᠵᠡᠷᠭᠡ ᠲᠦᠷᠢᠮ ᠢ ᠲᠣᠭᠳᠠᠭᠠᠨ ᠬᠡᠷᠡᠭᠵᠢᠬᠦᠯᠵᠤ᠂ ᠠᠯᠪᠠᠨ ᠳᠤ ᠬᠡᠷᠡᠭᠯᠡᠬᠦ ᠲᠡᠷᠬᠡ ᠶᠢᠨ ᠬᠠᠮᠢᠶᠠᠷᠤᠯᠳᠠ | ᠶᠢᠨ ᠱᠠᠭᠠᠷᠳᠠᠯᠭ᠎ᠠ ᠶᠤᠰᠤᠭᠠᠷ ᠡᠯ᠎ᠠ ᠰᠤᠮᠤ ᠪᠠᠯᠭᠠᠰᠤ ᠪᠦᠷᠢ ᠳᠤ 1 ᠠᠯᠪᠠᠨ ᠳᠤ ᠬᠡᠷᠡᠭᠯᠡᠬᠦ ᠲᠡᠷᠬᠡ ᠰᠢᠨᠡᠳᠬᠡᠵᠤ | ᠦᠭᠪᠠ᠃ ᠲᠤᠭ᠎ᠠ ᠪᠦᠷᠢᠳᠭᠡᠯ ᠤᠨ ᠬᠠᠮᠢᠶᠠᠷᠣᠯᠳᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠨᠢᠮᠪᠠᠢ | ᠨᠠᠶᠢᠳᠠᠪᠣᠷᠢᠵᠢᠭᠤᠯᠵᠣ᠂ ᠲᠤᠭ᠎ᠠ ᠪᠦᠷᠢᠳᠭᠡᠯ ᠤᠨ ᠠᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ | ᠲᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠢᠯᠭᠤᠮ | ᠣᠷᠣᠭᠰᠢᠳᠠᠢ ᠡᠬᠢᠯᠡᠬᠦᠯᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠠᠷᠢᠭᠤᠨ ᠴᠢᠭᠡᠴᠢ ᠶᠢᠨ | ᠪᠠᠶᠢᠭᠤᠯᠣᠯᠳᠠ ᠶᠢ ᠠᠬᠢᠭᠤᠯᠵᠣ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠨᠠᠷᠢᠨ ᠨᠢᠮᠪᠠᠢ | ᠨᠠᠶᠢᠳᠠᠪᠣᠷᠢᠵᠢᠭᠤᠯᠵᠣ᠂ ᠰᠠᠬᠢᠯᠭ᠎ᠠ ᠪᠠᠳᠣ ᠲᠦᠷᠢᠮ ᠲᠣᠭᠳᠠᠭᠠᠯ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠲᠦᠪ ᠭᠤᠣᠯᠴᠢ᠂ ᠠᠷᠢᠭᠤᠨ ᠴᠢᠭᠡᠴᠢ ᠵᠠᠰᠠᠭ ᠤᠨ ᠶᠠᠪᠣᠳᠠᠯ ᠤᠨ ᠣᠷᠴᠢᠨ ᠢ ᠪᠣᠢ ᠪᠣᠯᠭᠠᠪᠠ᠃ | ᠲᠦᠯᠦᠭᠡᠯᠡᠭᠴᠢᠳ ᠡ᠂ ᠪᠢᠳᠠ ᠨᠢᠭᠡ ᠵᠢᠯ ᠤᠨ ᠲᠣᠷᠰᠢ᠂ ᠲᠦᠪ ᠬᠤᠷᠢᠶᠠᠨ ᠤ ᠣᠷᠴᠢᠨ ᠲᠣᠭᠤᠷᠢᠨ ᠢ | ᠬᠠᠮᠠᠭᠠᠯᠠᠬᠤ ᠬᠢᠨᠠᠨ ᠪᠠᠶᠢᠴᠠᠭᠠᠯᠳᠠ ᠶᠢᠨ ︽ᠡᠷᠬᠢᠵᠦ ᠬᠠᠷᠠᠬᠤ︾᠂ ᠲᠦᠷᠦ ᠶᠢᠨ ᠶᠠᠪᠣᠳᠠᠯ ᠤᠨ ᠬᠤᠷᠢᠶᠠᠨ ᠤ ᠶᠡᠭᠡ | ᠱᠠᠯᠠᠪᠳᠠᠨ ᠪᠠᠶᠢᠴᠠᠭᠠᠯᠳᠠ ᠪᠠ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ | ᠣᠯᠣᠰ ᠲᠦᠷᠦ ᠶᠢᠨ ᠲᠣᠭᠤᠷᠢᠨ ᠪᠠᠶᠢᠴᠠᠭᠠᠯᠳᠠ ᠳᠤ ᠠᠯᠳᠠᠭ᠎ᠠ ᠲᠣᠳᠠᠭᠳᠠᠯ ᠢᠶᠠᠨ ᠴᠠᠭ ᠲᠣᠬᠠᠢ ᠳᠤᠨᠢ ᠬᠠᠯᠠᠨ | ᠰᠠᠶᠢᠵᠢᠷᠠᠭᠤᠯᠵᠣ᠂ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠣᠳᠠᠭᠠᠰᠢᠷᠠᠬᠤ ᠪᠠ ᠭᠠᠶᠢᠯᠢ ᠬᠦᠩᠭᠡᠯᠡᠵᠦ | ᠰᠦᠢᠳᠭᠡᠯ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠡᠷᠴᠢᠮ ᠲᠠᠰᠣᠷᠠᠯᠳᠠ ᠦᠭᠡᠢ ᠴᠢᠩᠭᠠᠷᠠᠵᠣ᠂ ᠭᠠᠵᠠᠷ ᠰᠢᠷᠣᠢ | ᠶᠢ ᠡᠵᠡᠯᠡᠨ ᠬᠡᠷᠡᠭᠯᠡᠬᠦ ᠭᠠᠶᠢᠯᠢ ᠵᠡᠷᠭᠡ ᠶᠢ ᠪᠠᠭᠠᠰᠬᠠᠭᠰᠠᠨ ᠪᠠ ᠡᠳ᠋ ᠤᠨ ᠵᠠᠰᠠᠭ ᠤᠨ ᠣᠷᠣᠯᠭ᠎ᠠ ᠦᠷᠬᠦᠯᠵᠢᠯᠡᠨ | ᠨᠡᠮᠡᠭᠳᠡᠬᠦ ᠳᠤ ᠲᠦᠰᠦᠭᠡᠯᠡᠬᠦ ᠶᠢᠨ ᠠᠷᠭ᠎ᠠ ᠦᠭᠡᠢ ᠬᠦᠨᠳᠦ ᠲᠠᠷᠣᠯᠳᠠ ᠶᠢᠨ ᠲᠣᠣᠷ᠎ᠠ᠂ ᠪᠢᠳᠠ ᠡᠷᠴᠢ ᠵᠣᠷᠢᠭ ᠢᠶᠠᠨ | ᠬᠦᠪᠴᠢᠯᠡᠵᠦ᠂ ᠬᠠᠳᠠᠭᠤᠵᠢᠯᠳᠠᠢ ᠰᠢᠷᠭᠠᠭᠤ ᠠᠵᠢᠯᠯᠠᠨ᠂ ᠬᠦᠨᠳᠦ ᠬᠡᠴᠡᠬᠦᠦ ᠠᠶᠣᠯ ᠲᠦᠭᠰᠢᠬᠦᠷᠢ ᠶᠢ ᠰᠡᠷᠭᠡᠶᠢᠯᠡᠨ | ᠠᠷᠢᠯᠭᠠᠬᠤ᠂ ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠠ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ | ᠤᠨ ᠲᠤᠭᠤᠷᠢᠨ ᠳᠤ᠂ ᠴᠦᠬᠦᠷᠡᠯ ᠦᠭᠡᠢ ᠢᠳᠡᠬᠡᠯ ᠲᠡᠬᠦᠯᠳᠡᠷ ᠴᠢᠷᠮᠠᠶᠢᠨ ᠠᠵᠢᠯᠯᠠᠵᠣ᠂ ᠵᠣᠷᠢᠭᠳᠠᠢ ᠪᠠᠷ | ᠬᠠᠷᠢᠭᠤᠴᠠᠯᠭ᠎ᠠ ᠡᠬᠦᠷᠭᠡᠯᠡᠵᠦ᠂ ᠰᠠᠳᠬᠢᠯ ᠨᠢᠭᠡᠳᠦᠨ ᠭᠠᠪᠰᠢᠭᠠᠶᠢᠯᠠᠭᠰᠡᠨ ᠠᠴᠠ ᠵᠤᠬᠢᠬᠤ ᠬᠡᠮᠵᠢᠶᠡᠨ ᠤ ᠠᠮᠵᠢᠯᠳᠠ ᠶᠢ | ᠣᠯᠣᠭᠰᠠᠨ ᠪᠠᠶᠢᠨ᠎ᠠ᠃ ᠡᠳᠡᠭᠡᠷ ᠠᠮᠵᠢᠯᠳᠠ ᠪᠦᠳᠦᠮᠵᠢ ᠪᠣᠯ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ | ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠲᠡᠮᠵᠢᠯᠭᠡ᠂ ᠣᠯᠣᠰ | ᠲᠦᠷᠦ ᠶᠢᠨ ᠵᠦᠪᠯᠡᠯᠭᠡᠨ ᠤ ᠵᠠᠰᠠᠭ ᠤᠨ ᠶᠠᠪᠣᠳᠠᠯ ᠳᠤ ᠣᠷᠣᠯᠴᠠᠨ ᠲᠦᠷᠦ ᠶᠢᠨ ᠬᠡᠷᠡᠭ ᠢ ᠵᠦᠪᠯᠡᠭᠰᠡᠨ ᠤ ᠦᠷ᠎ᠡ | ᠳ᠋ᠦᠩ ᠪᠣᠯᠬᠤ ᠮᠦᠷᠳᠡᠭᠡᠨ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠦᠨ ᠪᠦᠯᠬᠦᠮᠳᠡᠨ ᠲᠠᠮᠡᠴᠡᠭᠰᠡᠨ | ᠤ ᠦᠷ᠎ᠡ ᠳ᠋ᠦᠩ ᠮᠦᠨ᠃ ᠠᠳᠡ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ | ᠺᠠᠳ᠋ᠷ ᠣᠯᠠᠨ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ᠂ | ᠦᠢᠯᠡᠳᠪᠦᠷᠢ ᠬᠤᠳᠠᠯᠳᠣᠭᠠᠨ ᠤ ᠬᠤᠯᠪᠣᠭᠠᠳᠣ ᠬᠤᠷᠠᠯ᠂ ᠠᠷᠠᠳ ᠤᠨ ᠪᠦᠯᠬᠦᠮ ᠪᠠ ᠨᠠᠮ ᠪᠦᠯᠦᠭ ᠤᠨ ᠪᠣᠰᠣ | ᠬᠦᠮᠦᠰ᠂ ᠬᠤᠰᠢᠭᠤᠨ ᠳᠤ ᠰᠠᠭᠤᠭ᠎ᠠ ᠴᠡᠷᠢᠭ ᠠᠩᠬᠢ᠂ ᠵᠡᠪᠰᠡᠭᠳᠦ ᠴᠠᠭᠳᠠᠭ᠎ᠠ ᠶᠢᠨ ᠲᠠᠷᠤᠭ᠎ᠠ ᠪᠠᠶᠢᠯᠳᠣᠭᠴᠢ ᠪᠠ | ᠣᠯᠣᠰ ᠲᠦᠷᠦ ᠬᠠᠣᠯᠢ ᠴᠠᠭᠠᠵᠠ ᠶᠢᠨ ᠺᠠᠳ᠋ᠷ ᠴᠠᠭᠳᠠᠭ᠎ᠠ ᠵᠢᠴᠢ ᠠᠪᠠᠭ᠎ᠠ ᠬᠤᠰᠢᠭᠤᠨ ᠤ ᠦᠭᠡᠷᠡᠴᠢᠯᠡᠯᠳᠡ | ᠬᠦᠭᠵᠢᠯᠳᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠠᠬᠠᠮᠠᠳ ᠣᠳᠣᠷᠢᠳᠣᠯᠭ᠎ᠠ᠂ ᠨᠡᠶᠢᠭᠡᠮ ᠤᠨ ᠡᠯ᠎ᠡ ᠡᠳᠡᠭᠡᠳ | ᠤᠨ ᠨᠠᠶᠢᠵᠠ ᠨᠠᠷ ᠲᠤ ᠴᠢᠩ ᠰᠡᠳᠬᠢᠯ ᠤᠨ ᠪᠡᠶᠡᠷ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ᠃ | ᠪᠢᠳᠠ ᠠᠮᠵᠢᠯᠳᠠ ᠲᠣᠷᠰᠢᠯᠭ᠎ᠠ ᠪᠠᠨ ᠳ᠋ᠦᠩᠨᠡᠬᠦ ᠶᠢᠨ ᠬᠠᠮᠳᠣ᠂ ᠬᠦᠭᠵᠢᠯᠳᠡ ᠶᠢᠨ ᠶᠠᠪᠣᠴᠠ ᠳᠤ ᠣᠷᠣᠰᠢᠵᠣ | ᠪᠠᠶᠢᠭ᠎ᠠ ᠬᠦᠴᠢᠷ ᠠᠰᠠᠭᠤᠳᠠᠯ ᠢᠶᠠᠨ ᠰᠡᠷᠭᠡᠭ ᠢᠶᠠᠷ ᠲᠠᠨᠢᠬᠤ ᠴᠢᠬᠤᠯᠠᠳᠠᠢ ᠪᠠᠶᠢᠨ᠎ᠠ᠃ ᠲᠣᠬᠠᠶᠢᠯᠠᠪᠠᠯ᠄ ᠠᠵᠣ ᠦᠢᠯᠡᠰ | ᠤᠨ ᠪᠦᠳᠦᠴᠡ ᠬᠠᠷᠢᠴᠠᠩᠭᠤᠢ ᠲᠠᠩ ᠴᠣᠯᠭᠤᠢ᠂ ᠲᠣᠮᠣ ᠲᠦᠷᠦᠯ ᠵᠦᠢᠯ ᠤᠨ ᠨᠦᠭᠡᠴᠡ ᠬᠦᠷᠦᠯᠴᠡᠬᠦ ᠦᠭᠡᠢ︔ | ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠬᠦᠯᠬᠦ ᠲᠠᠷᠣᠯᠳᠠ ᠶᠡᠭᠡ᠂ ᠣᠷᠣᠯᠭ᠎ᠠ ᠵᠠᠷᠣᠯᠭ᠎ᠠ ᠶᠢᠨ ᠵᠦᠷᠢᠴᠡᠯ | ᠲᠣᠪᠣᠶᠢᠮ᠎ᠠ︔ ᠬᠤᠳᠠ ᠪᠠᠯᠭᠠᠰᠣᠨ ᠤ ᠰᠠᠭᠤᠷᠢ ᠲᠦᠬᠦᠭᠡᠷᠦᠮᠵᠢ ᠶᠢᠨ ᠨᠦᠬᠦᠴᠡᠯ ᠠᠨᠠᠢ ᠪᠠᠶᠢᠵᠤ᠂ ᠬᠠᠮᠢᠶᠠᠷᠣᠯᠳᠠ | ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ︔ ᠠᠮᠢ ᠠᠬᠤᠢ ᠣᠷᠴᠢᠨ ᠲᠣᠭᠤᠷᠢᠨ ᠬᠡᠪᠡᠷᠡᠭ ᠪᠠ | ᠦᠷᠬᠦᠯᠵᠢᠯᠡᠬᠦᠶᠢᠴᠡ ᠬᠦᠭᠵᠢᠯᠳᠡ ᠶᠢᠨ ᠡᠬᠦᠷᠭᠡ ᠲᠤᠯᠭᠠᠮ᠎ᠠ︔ ᠤᠯᠠᠨ ᠨᠠᠶᠢᠳᠠ ᠶᠢᠨ ᠦᠢᠯᠡᠴᠢᠯᠡᠬᠡᠨ ᠤ ᠬᠠᠩᠭᠠᠯᠭ᠎ᠠ | ᠬᠦᠷᠤᠯᠴᠠᠬᠦ ᠦᠬᠡᠢ᠂ ᠠᠷᠠᠳ ᠤᠨ ᠠᠮᠢᠳᠣᠷᠠᠯ ᠤᠨ ᠦᠢᠯᠡᠰ ᠢ ᠪᠠᠳᠣᠯᠠᠨ ᠰᠠᠶᠢᠵᠢᠷᠠᠭᠤᠯᠬᠤ ᠡᠬᠦᠷᠭᠡ ᠬᠦᠨᠳᠦ | ᠪᠠᠶᠢᠭᠰᠠᠭᠠᠷ᠂ ᠵᠠᠰᠠᠭ ᠤᠨ ᠣᠷᠳᠣᠨ ᠤ ᠴᠢᠳᠠᠪᠬᠢ ᠶᠢ ᠲᠣᠶᠢᠯᠪᠣᠷᠢᠳᠠᠢ ᠬᠤᠪᠢᠷᠠᠭᠤᠯᠵᠣ ᠴᠢᠳᠠᠭᠠᠳᠣᠢ᠂ ᠵᠠᠰᠠᠭ | ᠵᠠᠬᠢᠷᠭᠠᠨ ᠤ ᠦᠷ᠎ᠡ ᠪᠦᠳᠦᠮᠵᠢ ᠶᠢ ᠦᠷᠬᠦᠯᠵᠢᠯᠡᠨ ᠲᠡᠭᠡᠭᠰᠢᠯᠡᠬᠦᠯᠬᠦ ᠴᠢᠬᠤᠯᠠᠳᠠᠢ︔ ᠡᠳᠡᠭᠡᠷ ᠬᠦᠴᠢᠷᠳᠡᠯ ᠪᠣᠯᠣᠨ | ᠠᠰᠠᠭᠤᠳᠠᠯ ᠳᠤ ᠪᠢᠳᠠ ᠡᠷᠬᠡᠪᠰᠢ ᠪᠦᠳᠤᠮᠵᠢᠳᠡᠢ ᠠᠷᠭ᠎ᠠ ᠬᠡᠮᠵᠢᠶ᠎ᠡ ᠠᠪᠴᠣ᠂ ᠨᠠᠷᠢᠨ ᠬᠢᠨᠠᠮᠠᠭᠠᠢ ᠰᠢᠢᠳᠪᠦᠷᠢᠯᠡᠬᠦ | ᠬᠡᠷᠡᠭᠳᠡᠢ᠃ | ᠬᠤᠶᠡᠷ᠂ 2019 ᠤᠨ ᠤ ᠠᠵᠢᠯ ᠤᠨ ᠪᠠᠶᠢᠷᠢᠯᠠᠭᠤᠯᠤᠯᠳᠠ | 2019 ᠤᠨ ᠪᠤᠯ ︽ᠠᠷᠪᠠᠨ ᠭᠤᠷᠪᠡᠳᠤᠭᠠᠷ ᠲᠠᠪᠤᠨ ᠵᠢᠯ ᠤᠨ ᠲᠦᠯᠤᠪᠵᠢᠬᠦᠯᠬᠡ︾ ᠶᠢ ᠬᠡᠷᠡᠭᠵᠢᠬᠦᠯᠬᠦ | ᠰᠢᠢᠳᠪᠤᠷᠢᠳᠤ ᠢᠯᠠᠯᠳᠠ ᠶᠢ ᠲᠡᠮᠡᠴᠡᠨ ᠣᠯᠬᠤ ᠵᠢᠯ ᠪᠤᠯᠬᠤ ᠮᠦᠷᠳᠡᠬᠡᠨ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ | ᠪᠠᠶᠠᠯᠠᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠃ | ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠰᠡᠳᠬᠢᠴᠠ ᠪᠤᠯ᠄ ᠰᠢ ᠶᠢᠨ ᠫᠢᠡᠭ ᠤᠨ ᠰᠢᠨ᠎ᠠ ᠴᠠᠭ ᠦᠶ᠎ᠠ | ᠶᠢᠨ ᠲᠤᠮᠳᠠᠳᠤ ᠤᠯᠤᠰ ᠤᠨ ᠤᠡᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ | ᠭᠤᠷᠪᠠᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ︽ᠲᠠᠪᠤ ᠶᠢ ᠨᠢᠬᠡ | ᠴᠤᠭᠴᠠᠵᠢᠭᠤᠯᠬᠤ︾ ᠶᠠᠷᠤᠩᠬᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ | ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠲᠤᠭᠳᠠᠭᠤᠨ ᠤ ᠲᠣᠮᠳᠠ ᠣᠷᠣᠭᠰᠢᠯᠠᠨ ᠲᠠᠪᠰᠢᠬᠤ | ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠦᠵᠡᠯᠳᠡ ᠶᠢ ᠪᠤᠢ ᠪᠤᠯᠭᠠᠵᠤ᠂ | ᠴᠢᠨᠠᠷ ᠰᠠᠶᠢᠳᠠᠢ ᠬᠦᠭᠵᠢᠯᠳᠠ ᠪᠠᠷ ᠠᠵᠤ ᠠᠬᠤᠢ ᠨᠠᠶᠢᠬᠡᠮ ᠤᠨ ᠬᠦᠭᠵᠢᠯᠳᠠ ᠶᠢ ᠲᠦᠯᠤᠪᠵᠢᠬᠦᠯᠵᠤ᠂ ᠭᠤᠷᠪᠡᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠮᠠᠯᠵᠢᠬᠤ ᠣᠷᠣᠨ ᠢ ᠬᠦᠭᠵᠢᠬᠦᠯᠤᠨ ᠮᠠᠡᠳᠤᠭᠤᠯᠬᠤ | ᠪᠠᠶᠢᠯᠳᠤᠬᠤ ᠪᠤᠳᠤᠯᠭ᠎ᠠ ᠶᠢ ᠯᠠᠪᠳᠠᠭᠤᠨ ᠠᠬᠢᠭᠤᠯᠵᠤ᠂ ᠲᠤᠯᠤᠭᠠᠨ ᠲᠦᠷᠤᠯ ᠤᠨ ᠭᠤᠤᠯᠳᠠᠯᠭ᠎ᠠ ᠲᠠᠢ ᠠᠵᠢᠯ ᠢ | ᠬᠦᠴᠦᠯᠡᠨ ᠠᠳᠬᠤᠵᠣ᠂ ᠠᠵᠤ ᠠᠬᠤᠢ ᠨᠠᠶᠢᠬᠡᠮ ᠤᠨ ᠬᠤᠪᠢᠷᠠᠭᠤᠯᠣᠯᠳᠠ ᠲᠡᠬᠡᠭᠰᠢᠯᠡᠯᠳᠡ ᠬᠦᠭᠵᠢᠨ ᠮᠠᠡᠳᠤᠯᠳᠠ ᠶᠢᠨ | ᠰᠢᠨ᠎ᠠ ᠪᠠᠶᠢᠳᠠᠯ ᠢ ᠲᠠᠮᠠᠴᠠᠨ ᠡᠬᠦᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠯᠡᠬᠦ | ᠴᠢᠨᠠᠷᠳᠠᠢ ᠰᠠᠭᠤᠷᠢ ᠲᠠᠯᠪᠢᠵᠣ᠂ ᠴᠡᠴᠡᠭᠯᠡᠨ ᠬᠦᠭᠵᠢᠭᠰᠡᠨ᠂ ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ | ᠵᠢᠷᠭᠠᠯᠳᠤ ᠠᠪᠠᠭ᠎ᠠ ᠨᠤᠳᠤᠭ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠵᠤ᠂ ᠰᠢᠯᠢᠳᠡᠭ ᠬᠢᠷᠢ ᠪᠦᠳᠤᠮᠵᠢ ᠪᠠᠷ | ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠪᠠᠶᠢᠭᠤᠯᠤᠭᠳᠠᠭᠰᠡᠨ 70 ᠵᠢᠯ ᠤᠨ ᠤᠢ ᠶᠢ ᠤᠭᠳᠤᠨ᠎ᠠ᠃ | ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠡᠷ ᠤᠷᠤᠨ ᠤ | ᠦᠢᠯᠡᠳᠪᠤᠷᠢᠯᠡᠯ ᠤᠨ ᠶᠠᠷᠤᠩᠬᠡᠢ ᠦᠷᠳᠡᠭ ᠢ 35 ᠳ᠋ᠦᠩᠰᠢᠭᠤᠷ ᠲᠦᠬᠦᠷᠢᠭ ᠲᠤ ᠬᠦᠷᠬᠡᠵᠤ᠂ 7.1% ᠪᠠᠷ | ᠨᠡᠮᠡᠭᠳᠡᠬᠦᠯᠤᠨ᠂ ᠡᠩ ᠤᠨ ᠤᠯᠠᠨ ᠨᠠᠶᠢᠳᠠ ᠶᠢᠨ ᠲᠦᠰᠤᠪᠯᠡᠭᠰᠡᠨ ᠤᠷᠤᠯᠭ᠎ᠠ ᠶᠢ 1.7 ᠳ᠋ᠦᠩᠰᠢᠭᠤᠷ ᠲᠦᠬᠦᠷᠢᠭ ᠲᠤ | ᠬᠦᠷᠬᠡᠵᠤ᠂ 3% ᠪᠠᠷ ᠨᠡᠮᠡᠭᠳᠡᠬᠦᠯᠤᠨ᠎ᠠ᠃ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 33 | ᠳ᠋ᠦᠩᠰᠢᠭᠤᠷ ᠲᠦᠬᠦᠷᠢᠭ ᠲᠤ ᠬᠦᠷᠬᠡᠵᠤ᠂ 266.7% ᠪᠠᠷ ᠨᠡᠮᠡᠭᠳᠡᠬᠦᠯᠵᠤ᠂ ᠨᠠᠶᠢᠬᠡᠮ ᠤᠨ ᠬᠡᠷᠡᠭᠯᠡᠬᠡᠨ ᠤ ᠪᠤᠳᠠᠰ | ᠢ ᠵᠢᠵᠢᠭᠯᠡᠨ ᠪᠤᠷᠤᠯᠠᠭᠤᠯᠤᠭᠰᠡᠨ ᠬᠡᠮᠵᠢᠶ᠎ᠠ ᠶᠢ 13.7 ᠳ᠋ᠦᠩᠰᠢᠭᠤᠷ ᠲᠦᠬᠦᠷᠢᠭ ᠲᠤ ᠬᠦᠷᠬᠡᠵᠤ᠂ 8.3% ᠪᠠᠷ | ᠨᠡᠮᠡᠭᠳᠡᠬᠦᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠲᠡᠭᠰᠢᠳᠬᠡᠭᠰᠡᠨ ᠤᠷᠤᠯᠭ᠎ᠠ ᠶᠢ 40700 | ᠲᠦᠬᠦᠷᠢᠭ ᠪᠠ 27600 ᠲᠦᠬᠦᠷᠢᠭ ᠲᠤ ᠬᠦᠷᠬᠡᠵᠤ᠂ ᠲᠤᠰ ᠲᠤᠰ 8.0% ᠪᠠ 8.3% ᠪᠠᠷ ᠨᠡᠮᠡᠭᠳᠡᠬᠦᠯᠤᠨ᠎ᠠ᠃ | ᠲᠡᠬᠡᠳᠤ ᠱᠠᠳᠤᠨ ᠠᠴᠠ ᠪᠠᠭᠤᠯᠭᠠᠭᠰᠡᠨ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠡᠬᠦᠷᠬᠡ ᠶᠢ ᠪᠦᠬᠦ ᠲᠠᠯ᠎ᠠ ᠪᠠᠷ | ᠪᠠᠶᠠᠯᠠᠬᠦᠯᠤᠨ᠎ᠠ᠃ | ᠨᠢᠬᠡ᠂ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠦᠷᠬᠦᠯᠵᠢᠯᠡᠨ ᠰᠠᠶᠢᠳᠤᠷ ᠬᠢᠨ᠎ᠠ᠃ | ︵ᠨᠢᠬᠡ︶ ᠬᠦᠨᠳᠦ ᠬᠡᠴᠡᠬᠦᠦ ᠠᠶᠣᠯ ᠲᠦᠭᠰᠢᠬᠦᠷᠢ ᠶᠢ ᠪᠦᠬᠦ ᠬᠦᠴᠤᠨ ᠢᠶᠠᠷ ᠰᠡᠷᠭᠡᠶᠢᠯᠡᠨ ᠠᠷᠢᠯᠭᠠᠨ᠎ᠠ᠃ | ᠠᠰᠠᠭᠤᠳᠠᠯ ᠤᠨ ᠵᠢᠯᠤᠭᠤᠳᠤᠮᠵᠢ ᠶᠢ ᠪᠠᠷᠢᠮᠳᠠᠯᠠᠨ᠂ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ | ᠰᠢᠰᠲ᠋ᠧᠮ ᠤᠨ ᠴᠢᠨᠠᠷᠳᠡᠢ ᠲᠦᠭᠰᠢᠬᠦᠷᠢ ᠶᠢ ᠬᠤᠯᠪᠤᠭᠠᠯᠠᠨ ᠰᠡᠷᠬᠡᠶᠢᠯᠡᠬᠦ ᠵᠤᠬᠢᠴᠠᠮᠵᠢ ᠶᠢ ᠴᠢᠩᠭᠠᠳᠬᠠᠨ᠎ᠠ᠃ ᠦᠷᠢ | ᠦᠭᠴᠡᠭᠡ ᠴᠠᠶᠢᠷᠠᠭᠤᠯᠬᠤ ᠠᠵᠢᠯ ᠢ ᠲᠤᠭᠳᠠᠭᠤᠨ ᠠᠬᠢᠭᠤᠯᠤᠨ᠎ᠠ᠃ ᠦᠷᠢ ᠦᠭᠴᠡᠬᠡᠨ ᠤ ᠨᠡᠮᠡᠭᠳᠡᠯ ᠢ ᠡᠷᠡᠰ | ᠬᠤᠷᠢᠭᠯᠠᠵᠣ᠂ ᠲᠤᠭᠳᠠᠭᠠᠯ ᠳᠤ ᠦᠯᠤ ᠨᠠᠶᠢᠴᠡᠬᠦ ᠪᠠᠳᠤᠯᠠᠭ᠎ᠠ ᠶᠢ ᠪᠦᠬᠦ ᠲᠠᠯ᠎ᠠ ᠪᠠᠷ ᠴᠡᠪᠡᠷᠯᠡᠨ᠂ ᠵᠠᠰᠠᠭ ᠤᠨ | ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ ᠶᠢ ᠲᠦᠷᠢᠮᠵᠢᠬᠦᠯᠵᠤ᠂ ᠡᠳ᠋ ᠤᠨ ᠵᠠᠰᠠᠭ ᠤᠨ | ᠲᠦᠰᠤᠪᠯᠡᠨ ᠪᠤᠳᠤᠯᠳᠠ ᠪᠠᠷ ᠴᠢᠩᠭ᠎ᠠ ᠬᠢᠵᠠᠭᠠᠷᠯᠠᠵᠤ᠂ ᠵᠠᠰᠠᠭ ᠤᠨ ᠤᠷᠳᠤᠨ ᠤ ᠲᠦᠷᠤᠯ ᠵᠥᠢᠯ ᠤᠨ ᠪᠦᠳᠤᠬᠡᠨ | ᠪᠠᠶᠢᠭᠤᠯᠤᠯᠳᠠ ᠶᠢᠨ ᠪᠡᠯᠡ ᠮᠦᠩᠬᠦ ᠪᠠ ᠡᠵᠡᠩᠨᠡᠯᠳᠡ ᠶᠢᠨ ᠦᠷᠳᠡᠭ ᠲᠤ ᠡᠳ᠋ ᠤᠨ ᠵᠠᠰᠠᠭ ᠤᠨ ᠲᠠᠭᠠᠭᠠᠬᠤ | ᠴᠢᠳᠠᠪᠤᠷᠢ ᠳᠤ ᠶᠠᠷᠤᠩᠬᠡᠶᠢᠯᠡᠭᠰᠡᠨ ᠬᠢᠨᠡᠨ ᠦᠨᠡᠯᠡᠯᠳᠡ ᠶᠢ ᠨᠠᠷᠢᠨ ᠨᠢᠮᠪᠠᠢ ᠦᠷᠨᠢᠬᠦᠯᠵᠤ᠂ ᠬᠤᠶᠢᠰᠢᠳᠠ ᠴᠢᠬᠤᠯᠠ | ᠪᠦᠬᠦᠢ ᠦᠡᠳᠤᠰᠤᠨ ᠤᠯᠠᠨ ᠨᠠᠶᠢᠳᠠ ᠶᠢᠨ ᠦᠢᠯᠡᠴᠢᠯᠡᠬᠡᠨ ᠪᠠ ᠠᠵᠤ ᠠᠬᠤᠢ ᠨᠠᠶᠢᠬᠡᠮ ᠤᠨ ᠡᠷᠡᠬᠦᠯ ᠬᠦᠭᠵᠢᠯᠳᠠ ᠶᠢ | ᠲᠤᠯᠭᠠᠭᠤᠷᠢᠯᠠᠬᠤ ᠦᠡᠳᠤᠰᠤᠨ ᠤᠯᠠᠨ ᠨᠠᠶᠢᠳᠠ ᠶᠢᠨ ᠬᠡᠷᠡᠭᠯᠡᠬᠡᠨ ᠤ ᠲᠦᠷᠤᠯ ᠵᠥᠢᠯ ᠠᠴᠠ ᠪᠤᠰᠤᠳ ᠪᠡᠯᠡ ᠮᠦᠩᠬᠦ | ᠶᠢᠨ ᠢᠷᠠᠯᠳᠠ ᠦᠭᠡᠢ ᠲᠦᠷᠤᠯ ᠵᠥᠢᠯ ᠢ ᠲᠠᠬᠢᠨ ᠲᠤᠬᠢᠷᠠᠭᠤᠯᠬᠤ ᠦᠬᠡᠢ᠃ ᠦᠷᠢ ᠦᠭᠴᠡᠭᠡ ᠶᠢ ᠵᠦᠢ ᠵᠤᠬᠢᠰᠳᠡᠢ | ᠰᠢᠢᠳᠪᠤᠷᠢᠯᠡᠵᠤ᠂ ᠤᠯᠤᠰ ᠤᠨ ᠦᠮᠴᠢᠯᠡᠯᠳᠤ ᠦᠪ ᠬᠦᠷᠤᠩᠬᠡ ᠶᠢᠨ ᠲᠤᠬᠢᠷᠠᠭᠤᠯᠤᠯᠳᠠ᠂ ᠨᠦᠬᠡᠴᠠ ᠪᠡᠯᠡ ᠮᠦᠩᠬᠦ᠂ | ᠬᠢᠨᠡᠨ ᠪᠤᠳᠤᠵᠤ ᠬᠠᠰᠤᠬᠤ ᠪᠠ ᠲᠦᠷᠤᠯ ᠵᠥᠢᠯ ᠢ PPP ᠪᠤᠯᠭᠠᠨ ᠬᠤᠪᠢᠷᠠᠭᠤᠯᠬᠤ ᠡᠷᠴᠢᠮ ᠢᠶᠠᠨ ᠴᠢᠩᠭᠠᠳᠬᠠᠨ᠂ | ᠡᠩ ᠤᠨ ᠴᠢᠨᠠᠷᠳᠡᠢ ᠵᠠᠷᠤᠯᠭ᠎ᠠ ᠶᠢ ᠪᠠᠭᠠᠰᠬᠠᠵᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ ᠪᠠᠯᠠ | ᠮᠦᠩᠬᠦ ᠶᠢ ᠰᠢᠡᠵᠢᠯᠡᠬᠦ ᠤᠬᠠᠭᠠᠡᠴᠢ ᠪᠠᠷ ᠵᠤᠬᠢᠴᠠᠭᠤᠯᠵᠤ᠂ ᠲᠦᠯᠤᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠦᠷᠢ | ᠦᠭᠴᠡᠭᠡ ᠪᠠᠨ ᠴᠠᠶᠢᠷᠠᠭᠤᠯᠵᠤ᠂ ᠪᠦᠬᠦ ᠵᠢᠯ ᠳᠤ 1.79 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ | ᠴᠠᠶᠢᠷᠠᠭᠤᠯᠤᠨ᠎ᠠ᠃ ᠮᠦᠩᠬᠦᠨ ᠬᠦᠢᠯᠬᠡᠬᠡᠨ ᠤ ᠠᠮᠣᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠬᠠᠤᠯᠢ | ᠪᠤᠰᠤ ᠪᠠᠷ ᠪᠡᠯᠡ ᠬᠤᠷᠠᠮᠳᠤᠭᠤᠯᠬᠤ᠂ ᠠᠷᠡᠳ ᠤᠨ ᠬᠤᠭᠤᠷᠤᠡᠳᠤᠬᠢ ᠦᠡᠳᠤᠷ ᠬᠦᠦ ᠲᠠᠢ ᠵᠢᠭᠡᠯᠡᠯᠬᠡ ᠵᠡᠷᠭᠡ ᠳᠤ | ᠴᠢᠩᠭ᠎ᠠ ᠴᠤᠬᠢᠯᠳᠠ ᠦᠭᠴᠤ᠂ ᠦᠪᠡᠷᠳᠡᠬᠡᠨ ᠵᠠᠰᠠᠬᠤ ᠤᠷᠤᠨ ᠤ ᠠᠷᠡᠳ ᠤᠨ ᠬᠤᠭᠤᠷᠤᠡᠳᠤᠬᠢ ᠦᠡᠳᠤᠷ ᠬᠦᠦ ᠲᠠᠢ | ᠵᠢᠬᠡᠯᠡᠯᠬᠡ ᠶᠢ ᠵᠤᠬᠢᠴᠠᠭᠤᠯᠬᠤ ᠲᠤᠷᠰᠢᠯᠳᠠ ᠶᠢᠨ ᠴᠡᠭ ᠤᠨ ᠬᠤᠰᠢᠭᠤ ᠰᠢᠶᠠᠨ ᠤ ᠲᠤᠰᠬᠠᠢ ᠲᠦᠷᠤᠯ ᠤᠨ ᠪᠡᠯᠡ | ᠮᠦᠩᠬᠦ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠰᠤᠮᠤ ᠪᠠᠯᠭᠠᠰᠤᠨ ᠤ ᠠᠷᠡᠳ ᠤᠨ ᠬᠤᠭᠤᠷᠤᠡᠳᠤᠬᠢ | ᠵᠢᠬᠡᠯᠡᠯᠬᠡ ᠶᠢ ᠲᠠᠩᠰᠠᠯᠠᠨ ᠲᠡᠮᠳᠡᠭᠯᠡᠬᠦ ᠲᠦᠪ ᠤᠨ ᠦᠢᠯᠡᠴᠢᠯᠡᠬᠡᠨ ᠤ ᠴᠢᠳᠠᠪᠬᠢ ᠶᠢ ᠪᠦᠷᠢᠡᠰᠢᠬᠦᠯᠵᠤ᠂ ︽ᠲᠠᠩᠰᠠ | ᠪᠣᠳᠣᠵᠣ ᠮᠠᠯ ᠮᠠᠯᠵᠢᠨ᠂ ᠵᠠᠷᠤᠯᠭ᠎ᠠ ᠪᠠᠨ ᠵᠤᠬᠢᠴᠠᠭᠤᠯᠵᠤ᠂ ᠦᠡᠳᠤᠷ ᠬᠦᠦ ᠲᠠᠢ ᠵᠢᠬᠡᠯᠡᠯᠬᠡ ᠶᠢ ᠲᠠᠪᠴᠢᠬᠦ︾ | ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠤ᠂ ᠮᠠᠯᠵᠢᠬᠤ ᠤᠷᠤᠨ ᠤ ᠠᠷᠡᠳ ᠤᠨ ᠬᠤᠭᠤᠷᠤᠡᠳᠤᠬᠢ ᠵᠢᠬᠡᠯᠡᠯᠬᠡ ᠶᠢ | ᠴᠡᠭᠴᠡᠯᠡᠨ ᠲᠦᠷᠢᠮᠵᠢᠬᠦᠯᠬᠦ ᠪᠠᠶᠢᠩᠭᠤ ᠶᠢᠨ ᠵᠤᠬᠢᠴᠠᠮᠵᠢ ᠶᠢ ᠪᠦᠷᠢᠡᠰᠢᠬᠦᠯᠵᠤ᠂ ᠠᠷᠡᠳ ᠤᠨ ᠬᠤᠭᠤᠷᠤᠡᠳᠤᠬᠢ | ᠵᠢᠬᠡᠯᠡᠯᠬᠡ ᠶᠢ ᠲᠦᠷᠢᠮᠵᠢᠬᠦᠯᠤᠨ ᠰᠢᠢᠳᠪᠤᠷᠢᠯᠡᠬᠦ ᠨᠤᠷᠮ᠎ᠠ ᠶᠢ 95% ᠳᠤ ᠬᠦᠷᠬᠡᠨ᠎ᠠ᠃ ᠬᠡᠷ ᠬᠦᠷᠤᠩᠬᠡ ᠶᠢᠨ ᠠᠵᠣ | ᠦᠢᠯᠡᠰ ᠤᠨ ᠡᠷᠡᠬᠦᠯ ᠬᠦᠭᠵᠢᠯᠳᠠ ᠶᠢ ᠠᠬᠢᠭᠤᠯᠤᠨ᠎ᠠ᠃ ᠵᠠᠰᠠᠭ ᠤᠨ ᠤᠷᠳᠤᠨ ᠠᠴᠠ ᠵᠢᠯᠤᠭᠤᠳᠬᠤ᠂ ᠠᠵᠤ | ᠠᠬᠤᠶᠢᠯᠠᠯ ᠢᠶᠠᠷ ᠭᠤᠤᠯ ᠴᠤᠭᠴᠠ ᠪᠤᠯᠭᠠᠬᠤ᠂ ᠤᠯᠠᠨ ᠲᠠᠯ᠎ᠠ ᠠᠴᠠ ᠬᠠᠮᠳᠤᠷᠠᠯᠴᠠᠬᠤ ᠰᠡᠳᠬᠢᠴᠠ ᠶᠤᠰᠤᠭᠠᠷ᠂ | ᠨᠤᠤᠷᠠᠬᠠᠢ ᠭᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠪᠠᠯᠡ ᠮᠦᠩᠬᠦᠨ ᠤ ᠦᠢᠯᠡᠳᠤᠯ ᠢ ᠬᠦᠢᠴᠡᠳ | ᠪᠠᠳᠠᠷᠠᠭᠤᠯᠤᠨ᠂ ᠨᠤᠤᠷᠠᠬᠠᠢ ᠭᠡᠷ ᠪᠠᠶᠢᠰᠢᠩ ᠤᠨ ᠲᠤᠬᠢᠷᠠᠭᠤᠯᠤᠯᠳᠠ ᠲᠤᠭᠳᠠᠭᠰᠡᠨ ᠬᠤᠭᠤᠴᠠᠭᠠᠨ ᠳᠤ ᠪᠠᠷᠢᠯᠭ᠎ᠠ ᠪᠠᠨ | ᠲᠠᠭᠤᠰᠬᠠᠬᠤ ᠦᠬᠡᠢ ᠵᠡᠷᠬᠡ ᠵᠠᠩᠬᠢᠯᠠᠭ᠎ᠠ ᠶᠢᠨ ᠠᠰᠠᠭᠤᠳᠠᠯ ᠢ ᠬᠠᠮᠳᠤᠷᠠᠯᠴᠠᠨ ᠰᠢᠢᠳᠪᠤᠷᠢᠯᠡᠵᠤ᠂ ᠪᠠᠷᠢᠯᠭ᠎ᠠ ᠶᠢᠨ ᠠᠵᠤ | ᠠᠬᠤᠶᠢᠯᠠᠯ ᠤᠨ ᠬᠤᠳᠠᠯᠳᠤᠬᠤ ᠪᠠ ᠲᠦᠷᠢᠶᠠᠰᠤᠯᠡᠬᠦ ᠪᠠᠷ ᠲᠠᠮᠵᠢᠨ᠂ ᠬᠤᠳᠠᠯᠳᠤᠭᠠᠨ ᠤ ᠠᠰᠠᠷ ᠢᠶᠠᠨ ᠤᠷᠤᠨ | ᠰᠠᠭᠤᠴᠠ᠂ ᠵᠤᠭᠠᠴᠠᠯ ᠳᠤ ᠦᠢᠯᠡᠴᠢᠯᠡᠬᠦ ᠪᠠ ᠲᠦᠷᠢᠶᠠᠰᠤᠯᠡᠬᠦ ᠶᠢ ᠵᠤᠷᠢᠭᠵᠢᠭᠤᠯᠤᠨ᠂ ᠵᠢᠯ ᠤᠨ ᠲᠤᠳᠤᠷ᠎ᠠ 300 | ᠢᠵᠢ ᠠᠴᠠ ᠲᠡᠭᠡᠭᠰᠢ ᠬᠤᠭᠤᠰᠤᠨ ᠠᠰᠠᠷ ᠢ ᠠᠰᠢᠭᠯᠠᠯᠳᠠ ᠳᠤ ᠤᠷᠤᠭᠤᠯᠤᠨ᠎ᠠ᠃ | ︵ᠬᠤᠶᠡᠷ︶ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠡ᠃ ᠬᠦᠭᠡᠮᠳᠦᠭ ᠨᠣᠭᠤᠭᠠᠨ | ᠠᠭᠤᠯᠠ ᠣᠰᠣ ᠪᠣᠯ ᠠᠯᠳᠠ ᠮᠦᠩᠬᠦᠨ ᠠᠭᠤᠯᠠ ᠭᠡᠬᠦ ᠣᠶᠢᠯᠠᠭᠠᠭᠳᠠᠬᠤᠨ ᠢ ᠪᠠᠳᠣ ᠪᠣᠢ ᠪᠣᠯᠭᠠᠵᠣ᠂ ᠤᠷᠴᠢᠨ | ᠲᠤᠭᠤᠷᠢᠨ ᠤ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠶᠣᠯ ᠲᠦᠭᠰᠢᠬᠦᠷᠢ ᠶᠢᠨ ᠲᠠᠯᠳᠠ | ᠭᠡᠮ ᠢ ᠲᠠᠰᠣᠷᠠᠯᠳᠠ ᠦᠭᠡᠢ ᠪᠠᠶᠢᠴᠠᠭᠠᠵᠣ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ | ᠱᠤᠭᠤᠮ ᠢ ᠪᠠᠳᠤ ᠰᠠᠬᠢᠨ᠎ᠠ᠃ ᠠᠮᠢ ᠠᠬᠤᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠎ᠠ᠃ ᠠᠮᠢ ᠠᠬᠤᠢ | ᠶᠢᠨ ᠪᠤᠯᠪᠠᠰᠤᠨ ᠤ ᠤᠬᠠᠭᠤᠯᠭ᠎ᠠ ᠬᠦᠮᠤᠵᠢᠯ ᠢ ᠴᠢᠩᠭᠠᠳᠬᠠᠵᠤ᠂ ᠨᠠᠶᠢᠬᠡᠮ ᠤᠨ ᠡᠯ᠎ᠠ ᠡᠳᠡᠬᠡᠳ ᠤᠨ ᠬᠢᠨ ᠢ | ᠣᠬᠠᠮᠰᠠᠷ ᠠᠴᠠ ᠪᠠᠨ ᠠᠮᠢ ᠠᠬᠤᠢ ᠶᠢᠨ ᠪᠠᠶᠢᠭᠤᠯᠤᠯᠳᠠ᠂ ᠬᠠᠮᠠᠭᠠᠯᠠᠯᠳᠠ ᠪᠠ ᠬᠢᠨᠠᠯᠳᠠ ᠲᠠᠯᠪᠢᠬᠤ ᠳᠤ ᠤᠷᠤᠯᠴᠠᠬᠤ | ᠶᠢ ᠲᠠᠶᠢᠴᠢᠯᠠᠨ ᠵᠢᠯᠤᠭᠤᠳᠴᠤ᠂ ᠪᠤᠬᠢᠷᠳᠤᠯ ᠦᠬᠡᠢ ᠪᠤᠯᠪᠠᠰᠤᠨ ᠡᠷᠡᠬᠦᠯ ᠴᠢᠬᠢᠷᠠᠭ ᠠᠮᠢᠳᠤᠷᠡᠯ ᠤᠨ ᠵᠠᠩ ᠲᠠᠳᠬᠠᠯ ᠢ | ᠰᠤᠷᠳᠠᠯᠴᠢᠯᠠᠵᠤ᠂ ᠪᠦᠬᠦ ᠠᠷᠡᠳ ᠢᠶᠠᠷ ᠢᠶᠠᠨ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠠᠮᠢ ᠠᠬᠤᠢ ᠶᠢᠨ | ᠪᠤᠯᠪᠠᠰᠤᠨ ᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠤ᠂ ᠵᠢᠯ ᠳᠤ ᠰᠤᠮᠤ ᠪᠠᠯᠭᠠᠰᠤ ᠪᠦᠷᠢ ᠳᠤ ᠲᠠᠯ᠎ᠠ ᠨᠤᠳᠤᠭ | ᠤᠨ ᠠᠮᠢ ᠠᠬᠤᠢ ᠶᠢᠨ ᠬᠠᠮᠠᠭᠠᠯᠠᠯᠳᠠ ᠪᠠ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠨᠠᠶᠢᠳᠡᠯᠢᠭ | ᠵᠢᠱᠢᠶᠠᠴᠢ ᠡᠷᠤᠬᠡ 10 ᠠᠴᠠ ᠲᠡᠬᠡᠭᠰᠢ ᠰᠤᠩᠭᠤᠨ ᠰᠢᠯᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠦᠪ | ᠬᠦᠷᠤᠩᠬᠡ ᠶᠢ ᠬᠢᠨᠡᠨ ᠪᠤᠳᠤᠬᠤ ᠠᠵᠢᠯ ᠢ ᠦᠷᠨᠢᠬᠦᠯᠵᠤ᠂ ᠭᠤᠷᠪᠡᠨ ᠵᠢᠯ ᠤᠨ ᠴᠠᠭ ᠬᠡᠷᠡᠭᠯᠡᠨ ᠰᠤᠮᠤ ᠪᠠᠯᠭᠠᠰᠤᠨ ᠤ | ᠲᠠᠯ᠎ᠠ ᠨᠤᠳᠤᠭ ᠤᠨ ᠠᠮᠢ ᠠᠬᠤᠢ ᠶᠢᠨ ᠪᠤᠯᠪᠠᠰᠤᠨ ᠤ ᠲᠠᠩᠰᠠ ᠡᠪᠬᠡᠮᠡᠯ ᠢ ᠪᠠᠶᠢᠭᠤᠯᠤᠨ ᠪᠦᠷᠢᠡᠰᠢᠬᠦᠯᠬᠦ ᠪᠠᠷ | ᠴᠢᠷᠮᠠᠶᠢᠨ᠎ᠠ᠃ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠲᠡᠬᠡᠳᠤ ᠱᠠᠳᠤᠨ ᠤ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠬᠢᠨᠡᠨ ᠪᠠᠶᠢᠴᠠᠭᠠᠬᠤ ᠲᠤᠭᠤᠶᠢᠯᠠᠩ ᠤᠨ ᠲᠤᠰᠬᠠᠭᠰᠡᠨ ᠰᠠᠨᠠᠯ ᠪᠠ ᠤᠯᠠᠨ ᠲᠦᠮᠡᠨ | ᠤ ᠢᠯᠠᠴᠢᠯᠡᠨ ᠮᠡᠳᠡᠬᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠮᠢ ᠠᠬᠤᠢ ᠶᠢᠨ ᠬᠤᠷᠢᠭ᠎ᠠ | ᠱᠤᠭᠤᠮ ᠢ ᠢᠯᠭᠠᠨ ᠲᠤᠭᠳᠠᠭᠠᠬᠤ ᠪᠠ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠶᠢ | ᠨᠠᠶᠢᠳᠠᠮ ᠪᠠᠶᠢᠴᠠᠭᠠᠬᠤ ᠠᠵᠢᠯ ᠢ ᠰᠠᠶᠢᠳᠤᠷ ᠬᠢᠵᠤ᠂ ︽ᠲᠡᠭᠷᠢ ᠨᠢ ᠨᠡᠩ ᠬᠦᠬᠡ︾ ᠠᠵᠢᠯᠯᠠᠭ᠎ᠠ ᠦᠷᠨᠢᠬᠦᠯᠵᠤ᠂ | ᠠᠭᠠᠷ ᠮᠠᠡᠳᠠᠯ ᠤᠨ ᠪᠤᠬᠢᠷᠳᠤᠯ ᠢ ᠭᠠᠳᠠᠭᠰᠢᠯᠠᠭᠤᠯᠬᠤ ᠠᠵᠣ ᠠᠬᠤᠶᠢᠯᠠᠯ ᠤᠨ ᠬᠠᠮᠢᠶᠠᠷᠤᠯᠳᠠ ᠶᠢ ᠴᠢᠩᠭᠠᠳᠬᠠᠵᠤ᠂ | ᠵᠠᠮ ᠲᠡᠬᠡᠬᠡᠪᠤᠷᠢ᠂ ᠪᠠᠷᠢᠯᠭ᠎ᠠ ᠶᠢᠨ ᠭᠠᠵᠡᠷ ᠤᠨ ᠲᠤᠭᠤᠰᠤ ᠰᠢᠷᠣᠢ ᠪᠠ ᠬᠤᠭᠤᠯᠠᠨ ᠬᠡᠷ ᠤᠨ ᠲᠤᠰᠤ ᠤᠳᠤᠭ᠎ᠠ ᠶᠢᠨ | ᠪᠤᠬᠢᠷᠳᠤᠯ ᠢ ᠴᠡᠭᠴᠡᠯᠡᠨ ᠵᠠᠰᠠᠵᠤ᠂ ᠮᠠᠯᠵᠢᠬᠤ ᠤᠷᠤᠨ ᠳᠤ ᠴᠠᠪᠠᠷ ᠡᠨᠧᠷᠬᠢ ᠪᠠᠷ ᠲᠤᠯᠠᠭᠠᠯᠠᠯᠭ᠎ᠠ ᠬᠠᠩᠭᠠᠬᠤ ᠶᠢ | ᠵᠣᠷᠢᠭᠵᠢᠭᠤᠯᠵᠣ᠂ ᠬᠤᠳᠠ ᠪᠠᠯᠭᠠᠰᠤᠨ ᠤ ᠨᠡᠬᠦᠷᠡᠰᠤ ᠲᠦᠯᠡᠵᠤ ᠪᠠᠶᠢᠭ᠎ᠠ 300 ᠡᠷᠤᠬᠡ ᠳᠤ ᠲᠦᠪᠯᠡᠷᠡᠩᠬᠦᠢ | ᠲᠤᠯᠠᠭᠠᠯᠠᠯᠭ᠎ᠠ ᠬᠠᠩᠭᠠᠨ᠎ᠠ᠃ ︽ᠤᠰᠤ ᠨᠢ ᠨᠡᠩ ᠲᠤᠩᠭᠠᠯᠠᠭ︾ ᠠᠵᠢᠯᠯᠠᠭ᠎ᠠ ᠦᠷᠨᠢᠬᠦᠯᠵᠤ᠂ ᠬᠠᠮᠤᠭ ᠴᠢᠩᠭ᠎ᠠ | ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠲᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠰᠤᠨ | ᠤ ᠡᠬᠢ ᠪᠠᠶᠠᠯᠢᠭ ᠤᠨ ᠭᠠᠶᠢᠯᠢ ᠲᠤᠰᠢᠶᠠᠯᠭᠠᠬᠤ ᠠᠵᠢᠯ ᠢ ᠰᠠᠶᠢᠳᠤᠷ ᠬᠢᠵᠤ᠂ ︽ᠭᠤᠤᠯ ︵ᠨᠠᠭᠤᠷ︶ ᠤᠨ ᠲᠠᠷᠤᠭ᠎ᠠ | ︾ ᠶᠢᠨ ᠲᠦᠷᠢᠮ ᠢ ᠬᠦᠡᠵᠡᠬᠡᠶᠢᠷᠡᠬᠦᠯᠵᠤ᠂ ︽ᠭᠤᠤᠯ ᠨᠠᠭᠤᠷ︾ ᠢ ᠴᠠᠭᠳᠠᠨ ᠪᠠᠶᠢᠴᠠᠭᠠᠬᠤ᠂ ᠵᠠᠰᠠᠨ ᠬᠠᠮᠠᠭᠠᠯᠠᠬᠤ | ᠠᠵᠢᠯ ᠢ ᠰᠠᠶᠢᠳᠤᠷ ᠬᠢᠨ᠎ᠠ᠃ ᠲᠦᠪᠯᠡᠷᠡᠩᠬᠦᠢ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠲᠦᠷᠢᠮᠵᠢᠭᠰᠡᠨ | ᠪᠠᠶᠢᠭᠤᠯᠤᠯᠳᠠ ᠶᠢ ᠬᠦᠡᠵᠡᠬᠡᠢ ᠠᠬᠢᠭᠤᠯᠵᠤ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠴᠦᠬᠦᠷᠤᠮ ᠢ ᠠᠰᠢᠭᠯᠠᠯᠳᠠ ᠳᠤ ᠤᠷᠤᠭᠤᠯᠵᠤ᠂ ᠦᠢᠯᠡᠳᠪᠤᠷᠢ ᠶᠢᠨ ᠲᠤᠭᠳᠠᠭᠤᠨ ᠡᠷᠬᠢᠯᠳᠡ ᠶᠢ | ᠪᠠᠳᠤᠯᠠᠨ᠎ᠠ᠃ ᠲᠤᠰᠤ ᠨᠡᠮᠡᠬᠦ ᠦᠷᠳᠡᠭᠡ ᠶᠢᠨ ᠲᠤᠰᠤ ᠬᠠᠳᠠᠭᠠᠯᠠᠬᠤ ᠬᠤᠭᠤᠯᠠᠢ ᠶᠢ ᠪᠦᠬᠦᠨ ᠢ ᠬᠤᠶᠡᠷ ᠲᠠᠪᠬᠤᠷ | ᠪᠤᠯᠭᠠᠨ ᠦᠬᠡᠷᠡᠴᠢᠯᠡᠨ ᠪᠠᠶᠢᠭᠤᠯᠤᠨ᠎ᠠ᠃ ︽ᠬᠦᠷᠤᠰᠤ ᠨᠢ ᠨᠡᠩ ᠰᠢᠮᠡᠯᠢᠭ︾ ᠠᠵᠢᠯᠯᠠᠭ᠎ᠠ ᠦᠷᠨᠢᠬᠦᠯᠵᠤ᠂ | ᠭᠤᠷᠪᠡᠳᠤᠭᠠᠷ ᠤᠳᠠᠭᠠᠨ ᠤ ᠭᠠᠵᠡᠷ ᠰᠢᠷᠥᠢ ᠶᠢᠨ ᠪᠠᠶᠢᠴᠠᠭᠠᠯᠳᠠ ᠶᠢᠨ ᠠᠵᠢᠯ ᠢ ᠠᠯᠬᠤᠮ ᠲᠠᠷᠠᠭ᠎ᠠ ᠲᠠᠢ ᠦᠷᠨᠢᠬᠦᠯᠵᠤ | ᠂ ᠭᠠᠵᠡᠷ ᠰᠢᠷᠥᠢ ᠶᠢᠨ ᠡᠬᠡᠯᠵᠢᠳᠤ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠦᠬᠡᠷᠡᠴᠢᠯᠡᠵᠤ᠂ | ᠲᠤᠷ᠎ᠠ ᠪᠠᠷ ᠮᠠᠯᠳᠠᠬᠤ᠂ ᠬᠤᠯᠠᠭᠠᠶᠢᠯᠠᠵᠤ ᠮᠠᠯᠳᠠᠬᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ | ᠦᠭᠬᠦᠨ᠎ᠠ᠃ ᠭᠠᠵᠡᠷ ᠰᠢᠡᠵᠢᠯᠡᠬᠡᠨ ᠤ ᠤᠷᠴᠢᠨ ᠲᠤᠭᠤᠷᠢᠨ ᠤ ᠵᠠᠰᠠᠯᠳᠠ ᠶᠢᠨ ᠢᠡᠵᠧᠨᠧᠷᠢᠩ ᠢ ᠰᠠᠶᠢᠳᠤᠷ ᠬᠢᠵᠤ᠂ | ᠮᠠᠨᠢᠳᠤ ᠠᠭᠤᠷᠬᠠᠢ ᠶᠢᠨ ᠲᠤᠭᠤᠷᠢᠭ᠂ ᠴᠠᠭᠠᠡᠨᠠᠭᠤᠷ ᠲᠠᠮᠤᠷ ᠤᠨ ᠠᠭᠤᠷᠬᠠᠢ ᠶᠢᠨ ᠲᠤᠭᠤᠷᠢᠭ ᠤᠨ ᠶᠠᠷᠤᠩᠬᠡᠶᠢᠯᠡᠭᠰᠡᠨ | ᠵᠠᠰᠠᠯᠳᠠ ᠶᠢ ᠪᠦᠬᠦ ᠲᠠᠯ᠎ᠠ ᠪᠠᠷ ᠠᠬᠢᠭᠤᠯᠵᠤ᠂ ᠭᠤᠷᠴᠢ ᠶᠢᠨ ᠤᠯᠠᠨ ᠲᠡᠮᠦᠷᠯᠢᠭ ᠤᠨ ᠠᠭᠤᠷᠬᠠᠢ᠂ ᠶᠢᠨ ᠳ᠋ᠢ ᠵᠡᠰ | ᠮᠤᠯᠧᠪᠳᠧᠨ ᠤ ᠠᠭᠤᠷᠬᠠᠢ ᠶᠢ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠬᠡᠢ ᠠᠭᠤᠷᠬᠠᠢ ᠶᠢᠨ | ᠲᠤᠭᠤᠷᠢᠭ ᠪᠤᠯᠭᠠᠨ ᠪᠠᠶᠢᠭᠤᠯᠤᠨ᠎ᠠ᠃ ᠮᠠᠯ ᠠᠵᠤ ᠠᠬᠤᠢ ᠶᠢᠨ ᠣᠯᠠᠨ ᠡᠬᠢᠳᠦ ᠪᠤᠬᠢᠷᠳᠤᠯ ᠢ ᠤᠷᠢᠳᠴᠢᠯᠡᠨ | ᠰᠡᠷᠬᠡᠶᠢᠯᠡᠬᠦ ᠠᠵᠢᠯ ᠢ ᠴᠢᠩᠭᠠᠳᠬᠠᠵᠤ᠂ ᠬᠤᠪᠢ ᠬᠦᠮᠤᠨ ᠪᠠ ᠠᠵᠤ ᠠᠬᠤᠶᠢᠯᠠᠯ ᠠᠴᠠ ᠮᠠᠯ ᠤᠨ ᠠᠷᠭᠠᠯ ᠬᠤᠷᠭᠤᠯ ᠢ | ᠶᠠᠷᠤᠩᠬᠡᠶᠢᠯᠡᠨ ᠠᠰᠢᠭᠯᠠᠬᠤ ᠶᠢ ᠢᠳᠡᠪᠬᠢᠳᠡᠢ ᠲᠠᠮᠵᠢᠵᠤ᠂ ᠤᠷᠭᠠᠨᠢᠭ ᠪᠤᠷᠳᠤᠭᠤᠷ ᠪᠤᠯᠪᠠᠰᠤᠷᠠᠭᠤᠯᠬᠤ 1 ᠠᠵᠤ | ᠠᠬᠤᠶᠢᠯᠡᠯ ᠢ ᠤᠷᠢᠨ ᠣᠷᠣᠭᠤᠯᠬᠤ ᠪᠠᠷ ᠴᠢᠷᠮᠠᠶᠢᠨ᠎ᠠ︔ ︽ᠲᠠᠯ᠎ᠠ ᠨᠢ ᠨᠠᠩ ᠨᠤᠭᠤᠭᠠᠨ︾ ᠠᠵᠢᠯᠯᠠᠭ᠎ᠠ ᠦᠷᠨᠢᠬᠦᠯᠵᠤ | ᠂ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠤᠯᠠᠮ ᠨᠢᠬᠡ | ᠠᠯᠬᠤᠮ ᠨᠠᠶᠢᠳᠠᠪᠤᠷᠢᠵᠢᠭᠤᠯᠵᠤ᠂ ᠮᠠᠯ ᠪᠠᠯᠴᠢᠬᠡᠷ ᠤᠨ ᠲᠠᠩᠴᠡᠬᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ | ᠬᠠᠳᠤᠯᠠᠩ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ | ᠬᠦᠭᠵᠢᠬᠦᠯᠬᠦ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠬᠡᠷ᠎ᠠ ᠶᠢᠨ | ᠤᠷᠭᠤᠮᠠᠯ ᠢ ᠲᠤᠷ᠎ᠠ ᠪᠠᠷ ᠮᠠᠯᠳᠠᠬᠤ᠂ ᠬᠡᠬᠡᠷ᠎ᠠ ᠶᠢᠨ ᠠᠮᠢᠳᠠᠨ ᠢ ᠲᠤᠷ᠎ᠠ ᠪᠠᠷ ᠠᠪᠠᠯᠠᠬᠤ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠤ᠂ ᠬᠤᠯᠠᠨ ᠰᠢᠷᠭ᠎ᠠ ᠲᠠᠭ᠎ᠠ ᠶᠢᠨ ᠡᠯᠡᠰᠤ ᠶᠢ ᠶᠠᠷᠤᠩᠬᠡᠶᠢᠯᠡᠨ ᠵᠠᠰᠠᠬᠤ ᠪᠠ ᠠᠷᠴᠠ ᠶᠢᠨ ᠪᠠᠶᠢᠭᠠᠯᠢ | ᠶᠢᠨ ᠬᠠᠮᠠᠭᠠᠯᠠᠯᠳᠠ ᠶᠢᠨ ᠲᠤᠭᠤᠷᠢᠭ ᠤᠨ ᠴᠢᠳᠠᠪᠬᠢᠳᠤ ᠲᠤᠭᠤᠷᠢᠭ ᠲᠤ ᠲᠤᠬᠢᠷᠠᠭᠤᠯᠤᠯᠳᠠ ᠬᠢᠬᠦ ᠠᠵᠢᠯ ᠢ | ᠢᠳᠡᠪᠬᠢᠳᠡᠢ ᠠᠬᠢᠭᠤᠯᠵᠤ᠂ ᠡᠯᠡᠰᠤᠷᠬᠡᠭ ᠭᠠᠵᠡᠷ ᠲᠤ ᠬᠤᠨᠢ ᠴᠦᠬᠡᠳᠬᠡᠵᠤ᠂ ᠪᠦᠬᠦ ᠠᠶᠢᠮᠠᠭ ᠤᠨ ᠨᠢᠬᠡᠳᠤᠯᠳᠡᠢ | ᠱᠠᠭᠠᠷᠳᠠᠯᠭ᠎ᠠ ᠶᠤᠰᠤᠭᠠᠷ 4 ᠰᠠᠷᠠᠶᠢᠨ 15 ᠠᠴᠠ ᠡᠬᠢᠯᠡᠨ ᠪᠦᠬᠦ ᠬᠤᠰᠢᠭᠤᠨ ᠤ 70 ᠭᠠᠴᠠᠭᠠᠨ ᠳᠤ 40 ᠡᠳᠤᠷ | ᠤᠨ ᠬᠠᠪᠤᠷ ᠤᠨ ᠤᠯᠠᠷᠢᠯ ᠤᠨ ᠪᠠᠯᠴᠢᠬᠡᠷ ᠰᠡᠯᠬᠦᠬᠦ ᠠᠵᠢᠯᠯᠠᠭ᠎ᠠ ᠶᠠᠪᠤᠭᠳᠠᠭᠤᠯᠵᠤ᠂ ᠪᠦᠬᠦ ᠵᠢᠯ ᠳᠤ ᠲᠠᠯ᠎ᠠ ᠨᠤᠳᠤᠭ | ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠪᠡᠯᠡ ᠮᠦᠩᠬᠦ 1.3 ᠳ᠋ᠦᠩᠰᠢᠭᠤᠷ ᠲᠦᠬᠦᠷᠢᠭ᠂ ᠨᠠᠶᠢᠳᠠ ᠶᠢᠨ | ᠠᠰᠢᠭᠳᠤ ᠤᠢ ᠶᠢᠨ ᠨᠦᠬᠦᠪᠤᠷᠢ 1750 ᠲᠦᠮᠡᠨ ᠲᠦᠬᠦᠷᠢᠭ᠂ ᠬᠠᠪᠤᠷ ᠤᠨ ᠤᠯᠠᠷᠢᠯ ᠤᠨ ᠰᠡᠯᠬᠦᠨ ᠮᠠᠯᠵᠢᠬᠤ | ᠨᠦᠬᠦᠪᠤᠷᠢ 3770 ᠲᠦᠮᠡᠨ ᠲᠦᠬᠦᠷᠢᠭ ᠲᠠᠷᠬᠠᠭᠠᠨ᠎ᠠ᠃ 375 ᠲᠦᠮᠡᠨ ᠮᠤ᠋ ᠪᠡᠯᠴᠢᠭᠡᠷ ᠲᠤ ᠬᠤᠯᠤᠭᠠᠨ᠎ᠠ | ᠬᠤᠷᠤᠬᠠᠢ ᠶᠢᠨ ᠭᠠᠮᠰᠢᠭ ᠠᠴᠠ ᠰᠡᠷᠬᠡᠶᠢᠯᠡᠨ᠂ 34 ᠲᠦᠮᠡᠨ ᠮᠤ᠋ ᠪᠡᠯᠴᠢᠭᠡᠷ ᠢ ᠬᠦᠷᠢᠶᠠᠯᠠᠨ᠂ 9.2 ᠲᠦᠮᠡᠨ ᠮᠤ᠋ | ᠭᠠᠵᠡᠷ ᠢ ᠦᠢᠵᠢᠭᠤᠯᠵᠤ᠂ 500 ᠮᠤ᠋ ᠭᠤᠤᠯᠳᠠᠯᠭᠠᠳᠤ ᠤᠷᠤᠨ ᠪᠦᠰᠠ ᠶᠢ ᠨᠤᠭᠤᠭᠠᠷᠠᠭᠤᠯᠤᠨ᠎ᠠ᠃ | ︵ᠭᠤᠷᠪᠡ︶ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠣᠯᠬᠤ ᠲᠠᠶᠢᠯᠠᠯᠳᠣᠭᠠᠨ | ᠢ ᠦᠷᠬᠦᠯᠵᠢᠯᠡᠨ ᠰᠠᠶᠢᠳᠣᠷ ᠬᠢᠨ᠎ᠠ᠃ | ᠦᠷ᠎ᠠ ᠪᠦᠳᠤᠮᠵᠢ ᠪᠠᠨ ᠪᠠᠳᠤᠳᠬᠠᠨ᠎ᠠ᠃ ᠨᠠᠷᠢᠯᠢᠭ ᠤᠨᠤᠪᠴᠢᠳᠡᠢ ᠪᠠᠶᠢᠬᠤ ᠶᠢ ᠪᠠᠷᠢᠮᠳᠠᠯᠠᠨ᠂ ᠤᠷᠤᠰᠢᠵᠤ | ᠪᠠᠶᠢᠭ᠎ᠠ ᠠᠰᠠᠭᠤᠳᠠᠯ ᠳᠤ ᠴᠢᠭᠯᠡᠬᠦᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠪᠦᠬᠦ ᠵᠢᠯ ᠳᠤ ᠬᠤᠰᠢᠭᠤ | ᠡᠳ᠋ ᠤᠨ ᠵᠠᠰᠠᠭ ᠤᠨ ᠪᠡᠯᠡ ᠮᠦᠩᠬᠦ 400 ᠲᠦᠮᠡᠨ ᠲᠦᠬᠦᠷᠢᠭ ᠲᠤᠬᠢᠷᠠᠭᠤᠯᠵᠤ᠂ 457 ᠡᠷᠤᠬᠡ ᠶᠢᠨ 1268 | ᠬᠦᠮᠤᠨ ᠢ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠠ ᠪᠦᠳᠤᠮᠵᠢ ᠶᠢ ᠲᠠᠰᠤᠷᠠᠯᠳᠠ ᠦᠬᠡᠢ ᠪᠠᠳᠤᠳᠬᠠᠵᠤ᠂ | ᠬᠦᠳᠡᠯᠤᠩᠬᠦᠢ ᠬᠢᠨᠡᠨ ᠲᠤᠳᠤᠯᠠᠭᠰᠡᠨ ᠶᠠᠳᠠᠭᠤ ᠬᠦᠴᠢᠷᠳᠡᠯᠳᠡᠢ ᠬᠦᠮᠤᠨ ᠠᠮᠠ ᠶᠢ ᠶᠠᠳᠠᠭᠤ ᠠᠴᠠ ᠠᠩᠬᠢᠵᠢᠷᠠᠭᠤᠯᠬᠤ | ᠪᠠᠷᠢᠮᠵᠢᠶ᠎ᠠ ᠳᠤ ᠬᠦᠷᠬᠡᠬᠦ ᠶᠢ ᠪᠠᠳᠤᠯᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠰᠢᠨ᠎ᠠ | ᠰᠢᠪᠳᠤᠯᠤᠯᠳᠠ ᠲᠠᠢ ᠪᠤᠯᠭᠠᠨ᠎ᠠ᠃ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠢᠳᠡᠬᠡᠮᠵᠢᠳᠤ ᠵᠢᠬᠡᠯᠡᠯᠬᠡ ᠶᠢᠨ ᠬᠦᠦ | ᠮᠦᠩᠬᠦ ᠶᠢᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠩᠰᠠ ᠪᠠᠶᠢᠭᠤᠯᠵᠤ ᠺᠠᠷᠲ | ᠤᠯᠭᠤᠭᠰᠡᠨ ᠶᠠᠳᠠᠭᠤ ᠬᠦᠴᠢᠷᠳᠡᠯᠳᠡᠢ ᠡᠷᠤᠬᠡ ᠶᠢᠨ ᠦᠢᠯᠡᠳᠪᠤᠷᠢᠯᠡᠯ ᠤᠨ ᠬᠡᠪᠴᠢᠶ᠎ᠠ ᠪᠠᠨ ᠦᠷᠬᠡᠳᠬᠡᠬᠦ ᠶᠢ | ᠵᠤᠷᠢᠭᠵᠢᠭᠤᠯᠤᠨ ᠲᠠᠮᠵᠢᠵᠤ᠂ ᠦᠢᠯᠡᠳᠪᠤᠷᠢᠯᠡᠯ ᠠᠮᠢᠳᠤᠷᠡᠯ ᠤᠨ ᠴᠢᠳᠠᠪᠤᠷᠢ ᠶᠢ ᠨᠢ ᠲᠡᠬᠡᠭᠰᠢᠯᠡᠬᠦᠯᠤᠨ᠎ᠠ︔ ᠪᠦᠬᠦ | ᠠᠶᠢᠮᠠᠭ ᠤᠨ ︽ᠨᠠᠷᠡᠨ ᠤ ᠡᠨᠧᠷᠬᠢ ᠪᠠᠷ ᠶᠠᠳᠠᠭᠤ ᠶᠢ ᠲᠡᠳᠬᠦᠬᠦ︾ ᠲᠦᠷᠤᠯ ᠵᠥᠢᠯ ᠤᠨ ᠦᠷ᠎ᠠ ᠠᠰᠢᠭ ᠤᠨ | ᠬᠤᠪᠢᠶᠠᠷᠢᠯᠠᠯ ᠤᠨ ᠠᠵᠢᠯ ᠢ ᠠᠬᠢᠭᠤᠯᠵᠤ᠂ ᠬᠦᠳᠡᠯᠮᠤᠷᠢᠯᠡᠬᠦ ᠴᠢᠳᠠᠪᠤᠷᠢ ᠪᠠᠨ ᠠᠯᠳᠠᠭᠰᠡᠨ ᠪᠠ ᠨᠡᠬᠦᠯᠬᠡᠨ | ᠰᠢᠯᠵᠢᠬᠦᠯᠦᠭᠰᠡᠨ ᠲᠠᠩᠰᠠ ᠪᠠᠶᠢᠭᠤᠯᠵᠣ ᠺᠠᠷᠲ ᠣᠯᠭᠤᠭᠰᠠᠨ ᠶᠠᠳᠠᠭᠤ ᠬᠦᠴᠢᠷᠳᠡᠯᠳᠡᠢ ᠡᠷᠤᠬᠡ ᠳᠤ ᠦᠷᠬᠦᠯᠵᠢᠯᠡᠨ | ᠠᠵᠤ ᠦᠢᠯᠡᠰ ᠢᠶᠠᠷ ᠠᠰᠢᠭ ᠬᠦᠷᠳᠡᠬᠡᠬᠦ ᠪᠠᠳᠤᠯᠠᠭ᠎ᠠ ᠪᠠ ᠮᠢᠬᠠᠨ ᠤ ᠦᠬᠡᠷ ᠠᠷᠡᠴᠢᠯᠡᠨ ᠲᠡᠵᠢᠭᠡᠭᠰᠡᠨ ᠠᠰᠢᠭ ᠢ | ᠬᠤᠪᠢᠶᠠᠷᠢᠯᠠᠨ᠎ᠠ᠃ ᠨᠡᠬᠦᠯᠬᠡᠨ ᠰᠢᠯᠵᠢᠬᠦᠯᠦᠭᠰᠡᠨ ᠶᠠᠳᠠᠭᠤ ᠬᠦᠴᠢᠷᠳᠡᠯᠳᠡᠢ ᠡᠷᠤᠬᠡ ᠶᠢᠨ ᠬᠦᠳᠡᠯᠮᠤᠷᠢ ᠬᠦᠴᠤᠨ ᠤ | ᠪᠠᠶᠢᠳᠠᠯ ᠢ ᠦᠢᠯᠠᠭᠠᠵᠤ᠂ ᠢᠳᠡᠪᠬᠢᠳᠡᠢ ᠪᠠᠷ ᠠᠵᠢᠯ ᠤᠨ ᠪᠠᠶᠢᠷᠢ ᠴᠤᠭᠯᠠᠭᠤᠯᠵᠤ᠂ ᠠᠵᠢᠯ ᠤᠯᠭᠤᠬᠤ ᠲᠦᠷᠤ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠡᠬᠦ ᠪᠠᠳᠤᠯᠠᠨ᠎ᠠ᠃ ᠬᠠᠮᠳᠤ ᠶᠢᠨ ᠠᠵᠤ ᠠᠬᠤᠢ ᠨᠢ ᠬᠠᠷᠢᠴᠠᠩᠭᠤᠢ ᠪᠠᠷ | ᠪᠠᠭᠤᠷᠡᠢ ᠭᠠᠴᠠᠭ᠎ᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠤᠨ᠂ 3 ᠭᠠᠴᠠᠭᠠᠨ ᠳᠤ ᠬᠠᠮᠳᠤ ᠶᠢᠨ ᠠᠵᠤ ᠠᠬᠤᠢ | ᠶᠢ ᠪᠣᠵᠠᠭᠠᠶᠢᠷᠠᠭᠤᠯᠬᠤ ᠲᠦᠷᠤᠯ ᠵᠥᠢᠯ ᠢ ᠬᠡᠷᠡᠭᠵᠢᠬᠦᠯᠵᠤ᠂ ᠭᠠᠴᠠᠭᠠᠨ ᠤ ᠪᠠᠶᠠᠵᠢᠨ ᠴᠢᠨᠡᠭᠡᠯᠢᠭᠵᠢᠯ ᠢ ᠲᠠᠶᠢᠴᠢᠯᠠᠨ | ᠲᠠᠭᠠᠭᠤᠯᠬᠤ ᠴᠢᠳᠠᠪᠬᠢ ᠶᠢ ᠲᠡᠬᠡᠭᠰᠢᠯᠡᠬᠦᠯᠤᠨ᠎ᠠ᠃ ᠰᠠᠭᠤᠷᠢ ᠲᠦᠬᠦᠬᠡᠷᠤᠮᠵᠢ ᠶᠢ ᠲᠠᠰᠤᠷᠠᠯᠳᠠ ᠦᠬᠡᠢ | ᠪᠦᠷᠢᠡᠰᠢᠬᠦᠯᠤᠨ ᠲᠡᠬᠦᠯᠳᠡᠷᠵᠢᠬᠦᠯᠤᠨ᠎ᠠ᠃ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠲᠦᠷᠤᠯ ᠵᠥᠢᠯ | ᠤᠨ ᠬᠦᠮᠤᠷᠬᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠠᠰᠢᠨ ᠬᠤᠳᠳᠤᠭ᠂ ᠤᠰᠤ ᠬᠠᠳᠠᠭᠠᠯᠠᠬᠤ ᠵᠤᠭᠤᠷᠢ᠂ | ᠲᠤᠯᠠᠭᠠᠨ ᠫᠸᠡᠭ᠂ ᠲᠤᠤᠷ ᠬᠦᠷᠢᠶ᠎ᠠ ᠵᠡᠷᠬᠡ ᠡᠷᠤᠬᠡ ᠳᠤ ᠬᠦᠷᠬᠡᠬᠦ ᠲᠦᠷᠤᠯ ᠵᠥᠢᠯ ᠢ ᠬᠡᠷᠡᠭᠵᠢᠬᠦᠯᠵᠤ᠂ ᠶᠠᠳᠠᠭᠤ | ᠬᠦᠴᠢᠷᠳᠡᠯᠳᠡᠢ ᠡᠷᠤᠬᠡ ᠶᠢᠨ ᠦᠢᠯᠡᠳᠪᠤᠷᠢᠯᠡᠯ ᠠᠮᠢᠳᠤᠷᠡᠯ ᠤᠨ ᠨᠦᠬᠦᠴᠠᠯ ᠢ ᠲᠠᠰᠤᠷᠠᠯᠳᠠ ᠦᠬᠡᠢ ᠰᠠᠶᠢᠵᠢᠷᠠᠭᠤᠯᠤᠨ᠎ᠠ | ᠃ ᠲᠡᠬᠡᠳᠤ ᠱᠠᠳᠤᠨ ᠠᠴᠠ ᠪᠡᠯᠡ ᠮᠦᠩᠬᠦ ᠢᠳᠡᠪᠬᠢᠳᠡᠢ ᠡᠷᠡᠮᠡᠯᠵᠠᠯᠠᠵᠤ᠂ ᠨᠠᠪᠳᠠᠷᠠᠬᠦ ᠳᠤ ᠪᠡᠷᠭᠡ ᠵᠠᠮ᠂ ᠤᠷᠤᠨ | ᠰᠠᠭᠤᠴᠠ ᠶᠢ ᠡᠨᠧᠷᠬᠢ ᠠᠷᠪᠢᠯᠠᠬᠤ ᠪᠠᠷ ᠦᠬᠡᠷᠡᠴᠢᠯᠡᠨ ᠪᠠᠶᠢᠭᠤᠯᠬᠤ ᠪᠠ ᠬᠤᠭ ᠨᠤᠪᠰᠢ ᠪᠤᠬᠢᠷ ᠤᠰᠤ ᠰᠢᠢᠳᠪᠤᠷᠢᠯᠡᠬᠦ | ᠵᠡᠷᠬᠡ ᠭᠠᠴᠠᠭᠠᠨ ᠳᠤ ᠲᠦᠬᠡᠮᠡᠯ ᠠᠰᠢᠭ ᠬᠦᠷᠳᠡᠬᠡᠬᠦ ᠲᠦᠷᠤᠯ ᠵᠥᠢᠯ ᠤᠨ ᠪᠠᠶᠢᠭᠤᠯᠤᠯᠳᠠ ᠶᠢ ᠢᠳᠡᠪᠬᠢᠳᠡᠢ | ᠠᠬᠢᠭᠤᠯᠵᠤ᠂ ᠭᠠᠴᠠᠭᠠᠨ ᠤ ᠤᠯᠠᠨ ᠨᠠᠶᠢᠳᠠ ᠶᠢᠨ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠤᠨ᠎ᠠ᠃ ᠨᠠᠭᠠᠳᠤ | ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠬᠦᠷᠳᠡᠬᠡᠬᠦ ᠶᠢ ᠪᠠᠳᠤᠯᠠᠨ᠎ᠠ᠃ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ | ᠲᠦᠷᠤ ᠶᠢᠨ ᠪᠤᠳᠤᠯᠭ᠎ᠠ ᠶᠢ ᠪᠦᠷᠢᠡᠰᠢᠬᠦᠯᠵᠤ᠂ ︽ᠤᠷᠢᠳᠠᠪᠡᠷ ᠡᠮᠨᠡᠬᠦᠯᠵᠤ᠂ ᠲᠠᠷᠠᠭ᠎ᠠ ᠨᠢ ᠲᠠᠩᠰᠠ ᠴᠠᠶᠢᠷᠠᠭᠤᠯᠬᠤ︾ | ︽ᠨᠢᠭᠡ ᠣᠳᠠᠭ᠎ᠠ ᠳᠤ ᠲᠠᠰᠣᠯᠠᠨ ᠪᠣᠳᠣᠬᠤ︾ ᠠᠯᠬᠤᠮ ᠲᠠᠷᠠᠭᠠᠯᠠᠯ ᠢ ᠲᠠᠰᠤᠷᠠᠯᠳᠠ ᠦᠬᠡᠢ ᠰᠢᠯᠢᠳᠡᠭᠵᠢᠬᠦᠯᠵᠤ᠂ | ᠶᠠᠳᠠᠭᠤ ᠬᠦᠴᠢᠷᠳᠡᠯᠳᠡᠢ ᠡᠪᠡᠳᠴᠢᠳᠠᠳ ᠤᠨ ᠡᠮᠨᠡᠯᠬᠡ ᠳᠤ ᠰᠠᠭᠤᠬᠤ ᠰᠦᠢᠳᠬᠡᠯ ᠤᠨ ᠲᠠᠩᠰᠠ ᠴᠠᠶᠢᠷᠠᠭᠤᠯᠬᠤ | ᠶᠠᠪᠤᠴᠠ ᠶᠢ ᠰᠢᠯᠤᠭᠤᠳᠬᠠᠨ᠎ᠠ︔ ᠪᠡᠯᠡ ᠬᠤᠷᠠᠮᠳᠤᠭᠤᠯᠵᠤ ᠨᠦᠬᠦᠪᠤᠷᠢ ᠤᠯᠭᠤᠬᠤ ᠲᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠳᠡᠢ ᠡᠷᠤᠬᠡ ᠶᠢᠨ ᠲᠠᠭᠠᠳᠬᠠᠯ ᠳᠤ ᠤᠷᠤᠬᠤ ᠨᠤᠷᠮ᠎ᠠ ᠪᠠ ᠬᠦᠡᠳᠤ | ᠡᠪᠡᠳᠴᠢᠨ ᠢ ᠠᠪᠤᠷᠠᠨ ᠲᠤᠰᠠᠯᠠᠬᠤ ᠨᠤᠷᠮ᠎ᠠ ᠶᠢ 100% ᠳᠤ ᠬᠦᠷᠭᠡᠬᠦ ᠶᠢ ᠪᠠᠳᠤᠯᠠᠨ᠎ᠠ᠃ ᠰᠤᠷᠭᠠᠨ ᠬᠦᠮᠤᠵᠢᠯ | ᠢᠶᠠᠷ ᠶᠠᠳᠠᠭᠤ ᠶᠢ ᠲᠡᠳᠬᠦᠬᠦ ᠶᠢ ᠰᠠᠶᠢᠳᠤᠷ ᠬᠡᠷᠡᠭᠵᠢᠬᠦᠯᠵᠤ᠂ ᠰᠤᠷᠭᠠᠨ ᠬᠦᠮᠤᠵᠢᠯ ᠤᠨ ᠰᠤᠷᠤᠯᠭ᠎ᠠ ᠲᠡᠳᠬᠦᠬᠦ ᠮᠦᠩᠬᠦ | ᠪᠠ ︽ᠬᠤᠷ᠎ᠠ ᠶᠢᠨ ᠰᠢᠮ᠎ᠡ ᠲᠦᠯᠤᠪᠯᠡᠭᠡ︾ ᠵᠡᠷᠬᠡ ᠰᠤᠷᠤᠯᠭ᠎ᠠ ᠲᠡᠳᠬᠦᠬᠦ ᠲᠦᠷᠤ ᠶᠢᠨ ᠪᠤᠳᠤᠯᠭ᠎ᠠ ᠶᠢ ᠨᠢᠬᠡᠳᠬᠡᠨ᠂ | ᠶᠠᠳᠠᠭᠤ ᠬᠦᠴᠢᠷᠳᠡᠯᠳᠡᠢ ᠡᠷᠤᠬᠡ ᠶᠢᠨ ᠰᠤᠷᠭᠠᠭᠤᠯᠢ ᠳᠤ ᠰᠠᠭᠤᠭ᠎ᠠ ᠰᠤᠷᠤᠭᠴᠢ ᠶᠢ ᠲᠡᠳᠬᠦᠨ ᠲᠤᠰᠠᠯᠠᠬᠤ ᠡᠷᠴᠢᠮ | ᠢᠶᠠᠨ ᠴᠢᠩᠭᠠᠳᠬᠠᠨ᠂ ᠶᠠᠳᠠᠭᠤ ᠬᠦᠴᠢᠷᠳᠡᠯ ᠠᠴᠠ ᠰᠤᠷᠤᠯᠭ᠎ᠠ ᠵᠤᠭᠰᠤᠬᠤ ᠦᠵᠡᠭᠳᠡᠯ ᠡᠬᠦᠰᠬᠦ ᠦᠬᠡᠢ ᠪᠠᠶᠢᠬᠤ ᠶᠢ | ᠪᠠᠳᠤᠯᠠᠨ᠎ᠠ᠃ ᠪᠦᠬᠦ ᠬᠤᠰᠢᠭᠤᠨ ᠤ ᠲᠠᠩᠰᠠ ᠪᠠᠶᠢᠭᠤᠯᠵᠤ ᠺᠠᠷᠲ ᠤᠯᠭᠤᠭᠰᠠᠨ ᠶᠠᠳᠠᠭᠤ ᠬᠦᠴᠢᠷᠳᠡᠯᠳᠡᠢ ᠬᠦᠮᠤᠨ | ᠠᠮᠠ ᠳᠤ ᠬᠦᠡᠳᠤ ᠡᠪᠡᠳᠴᠢᠨ ᠤ ᠲᠠᠭᠠᠳᠬᠠᠯ ᠳᠤ ᠤᠷᠤᠬᠤ ᠨᠦᠬᠦᠪᠤᠷᠢ᠂ ᠬᠡᠨᠡᠳᠳᠠ ᠶᠢᠨ ᠭᠡᠮᠳᠦᠯ᠂ ᠦᠬᠡᠷ | ᠬᠤᠨᠢᠨ ᠤ ᠴᠠᠭ ᠠᠭᠤᠷ ᠤᠨ ᠵᠢᠭᠠᠯᠳᠠ ᠲᠤᠭ᠎ᠠ ᠵᠡᠷᠬᠡ 6 ᠲᠦᠷᠤᠯ ᠤᠨ ᠲᠠᠭᠠᠳᠬᠠᠯ ᠳᠤ ᠤᠷᠤᠭᠤᠯᠵᠤ᠂ ᠶᠠᠳᠠᠭᠤ | ᠬᠦᠴᠢᠷᠳᠡᠯᠳᠡᠢ ᠡᠷᠤᠬᠡ ᠶᠢᠨ ᠭᠠᠮᠰᠢᠭ ᠪᠠ ᠡᠪᠡᠳᠴᠢᠨ ᠠᠴᠠ ᠪᠤᠯᠤᠭᠰᠡᠨ ᠬᠤᠬᠢᠷᠡᠯ ᠢ ᠪᠠᠭᠠᠰᠬᠠᠨ᠎ᠠ᠃ ︽ᠤᠶᠤᠨ | ᠤᠬᠠᠭᠠᠨ᠂ ᠡᠷᠴᠢ ᠵᠤᠷᠢᠭ︾ ᠢ ᠨᠢ ᠵᠡᠷᠭᠡ ᠳᠤ ᠨᠢ ᠬᠦᠪᠴᠢᠯᠡᠬᠦ ᠵᠠᠩᠬᠢᠯᠠᠭ᠎ᠠ ᠶᠢ ᠰᠠᠶᠢᠳᠤᠷ ᠠᠳᠬᠤᠨ᠎ᠠ᠃ ᠶᠠᠳᠠᠭᠤ | ᠶᠢ ᠲᠡᠳᠬᠦᠬᠦ ᠳᠤ ᠪᠠᠨ ᠤᠶᠤᠨ ᠤᠬᠠᠭᠠᠨ᠂ ᠡᠷᠴᠢ ᠵᠤᠷᠢᠭ ᠢᠶᠠᠷ ᠲᠡᠳᠬᠦᠬᠦ ᠲᠠᠢ ᠤᠶᠠᠯᠳᠤᠭᠤᠯᠵᠤ᠂ ᠰᠤᠨᠢᠨ | ᠮᠡᠳᠡᠭᠡ ᠵᠠᠭᠤᠴᠢᠯᠠᠭᠤᠷ ᠢᠶᠠᠷ ᠲᠠᠮᠵᠢᠨ᠂ ︽ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ︾ ᠨᠠᠶᠢᠳᠡᠯᠢᠭ | ᠵᠢᠱᠢᠶᠠᠴᠢ ᠡᠷᠤᠬᠡ ᠶᠢᠨ ᠠᠷᠭ᠎ᠠ ᠲᠤᠷᠰᠢᠯᠭ᠎ᠠ ᠶᠢ ᠤᠬᠠᠭᠤᠯᠬᠤ ᠪᠠᠷ ᠲᠠᠮᠵᠢᠨ᠂ ᠦᠷᠢᠰᠦᠯᠳᠦᠬᠦ ᠤᠬᠠᠮᠰᠠᠷ ᠢ | ᠬᠦᠮᠤᠵᠢᠬᠦᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠦᠪᠡᠷ ᠤᠨ ᠬᠦᠴᠤ ᠪᠠᠷ ᠢᠶᠠᠨ ᠲᠡᠭᠵᠢᠷᠡᠬᠦ᠂ | ᠲᠠᠰᠪᠤᠷᠢ ᠬᠠᠳᠠᠭᠤᠵᠢᠯᠳᠡᠢ ᠲᠠᠮᠠᠴᠠᠨ᠂ ᠠᠵᠢᠯᠴᠢ ᠬᠤᠶᠡᠷ ᠭᠠᠷ ᠢᠶᠠᠷ ᠢᠶᠠᠨ ᠰᠠᠶᠢᠨ ᠰᠠᠶᠢᠬᠠᠨ ᠠᠮᠢᠳᠤᠷᠡᠯ ᠢᠶᠠᠨ | ᠪᠤᠰᠬᠠᠬᠤ ᠶᠢ ᠵᠤᠷᠢᠭᠵᠢᠭᠤᠯᠤᠨ᠎ᠠ᠃ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠬᠡᠷᠡᠭᠯᠡᠬᠡᠨ ᠤ ᠮᠡᠷᠬᠡᠵᠢᠯ᠂ | ᠰᠡᠳᠬᠢᠴᠠ ᠶᠢᠨ ᠡᠷᠡᠬᠦᠯ ᠮᠠᠡᠳᠤ ᠪᠠ ᠲᠤᠷᠰᠢᠯᠭ᠎ᠠ ᠰᠤᠯᠢᠯᠴᠠᠬᠤ ᠵᠡᠷᠬᠡ ᠪᠤᠯᠪᠠᠰᠤᠷᠠᠯ ᠤᠨ ᠠᠩᠬᠢ ᠶᠢ ᠡᠷᠬᠢᠯᠡᠵᠤ᠂ | ᠪᠦᠬᠦ ᠵᠢᠯ ᠳᠤ 200 ᠬᠦᠮᠤᠨ ᠤᠳᠠᠭ᠎ᠠ ᠠᠴᠠ ᠲᠡᠭᠡᠭᠰᠢ ᠪᠤᠯᠪᠠᠰᠤᠷᠠᠯ ᠬᠦᠷᠳᠡᠬᠡᠬᠦ ᠶᠢ ᠪᠠᠳᠤᠯᠠᠨ᠎ᠠ᠃ | ᠬᠤᠶᠠᠷ᠂ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ | ᠠᠬᠢᠭᠤᠯᠤᠨ᠎ᠠ᠃ | ︵ᠨᠢᠬᠡ︶ ᠮᠠᠯᠵᠢᠬᠤ ᠤᠷᠤᠨ ᠤ ᠬᠦᠭᠵᠢᠯᠳᠠ ᠶᠢᠨ ᠪᠠᠳᠤᠯᠠᠭ᠎ᠠ ᠶᠢᠨ ᠴᠢᠳᠠᠪᠬᠢ ᠶᠢ ᠲᠠᠰᠣᠷᠠᠯᠳᠡ ᠦᠭᠡᠢ | ᠴᠢᠩᠭᠠᠳᠬᠠᠨ᠎ᠠ᠃ ︽ᠠᠪᠠᠭ᠎ᠠ ᠬᠤᠰᠢᠭᠤᠨ ᠤ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠬᠦ ᠰᠠᠨᠠᠯ︾ ᠢ ᠦᠡᠳᠤᠰᠤᠯᠡᠨ᠂ ︽ᠠᠪᠠᠭ᠎ᠠ ᠬᠤᠰᠢᠭᠤᠨ ᠤ ᠮᠠᠯᠵᠢᠬᠤ ᠤᠷᠤᠨ ᠢ | ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠤᠪᠵᠢᠬᠦᠯᠬᠡ ︵2018—2020︶︾ ᠶᠢ | ᠨᠠᠶᠢᠷᠠᠭᠤᠯᠤᠨ ᠲᠤᠭᠳᠠᠭᠠᠵᠤ᠂ ᠰᠢᠡᠵᠢᠯᠡᠭᠡ ᠮᠡᠷᠬᠡᠵᠢᠯ ᠢᠶᠠᠷ ᠲᠣᠯᠭᠠᠭᠤᠷᠢᠯᠠᠭᠤᠯᠵᠣ᠂ ᠰᠢᠯᠢᠳᠡᠭ ᠡᠬᠦᠯᠳᠡᠷ ᠤᠨ ᠮᠢᠬᠠᠨ | ᠤ ᠦᠬᠡᠷ ᠤᠨ ᠤᠶᠤᠡᠴᠢᠯᠠᠭᠰᠡᠨ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠤ᠂ ᠦᠪᠤᠷ ᠮᠤᠩᠭᠤᠯ ᠤᠨ ᠶᠡᠭᠡ | ᠰᠤᠷᠭᠠᠭᠤᠯᠢ ᠶᠢᠨ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠦᠪᠤᠷ ᠮᠤᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠲᠠᠢ ᠮᠠᠯ ᠤᠨ ᠡᠬᠦᠯᠳᠡᠷ ᠰᠠᠶᠢᠵᠢᠷᠠᠭᠤᠯᠬᠤ᠂ ᠮᠠᠯᠵᠢᠬᠤ ᠤᠷᠤᠨ ᠤ ᠬᠡᠷᠡᠭᠯᠡᠬᠡᠨ | ᠤ ᠮᠠᠷᠬᠡᠵᠢᠯ᠂ ᠰᠢᠡᠵᠢᠯᠡᠬᠦ ᠤᠬᠠᠭᠠᠡᠴᠢ ᠪᠠᠷ ᠮᠠᠯ ᠮᠠᠯᠵᠢᠬᠤ ᠵᠡᠷᠬᠡ ᠲᠠᠯ᠎ᠠ ᠪᠠᠷ ᠢᠳᠡᠪᠬᠢᠳᠡᠢ ᠬᠠᠮᠳᠤᠷᠠᠯᠴᠠᠵᠤ᠂ ᠵᠢᠯ | ᠤᠨ ᠲᠤᠳᠤᠷ᠎ᠠ 1— 2 ᠰᠤᠳᠤᠯᠭᠠᠨ ᠤ ᠲᠦᠷᠤᠯ ᠵᠥᠢᠯ ᠢ ᠬᠡᠷᠡᠭᠵᠢᠬᠦᠯᠤᠨ᠎ᠠ᠃ ᠮᠠᠯ ᠤᠨ ᠡᠮᠴᠢ ᠶᠢᠨ ᠮᠠᠷᠬᠡᠵᠢᠯ | ᠤᠨ ᠪᠤᠯᠪᠠᠰᠤᠷᠠᠯ ᠢ ᠴᠢᠩᠭᠠᠳᠬᠠᠵᠤ᠂ ᠭᠠᠳᠠᠨ᠎ᠠ ᠠᠴᠠ ᠤᠷᠤᠭᠤᠯᠬᠤ ᠮᠠᠯ ᠪᠠ ᠤᠯᠠᠭᠠᠨ ᠢᠳᠡᠬᠡᠨ ᠢ ᠰᠢᠯᠭᠠᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢᠳᠠᠨ ᠤ ᠬᠦᠡᠳᠤ ᠶᠡᠭᠡ ᠬᠢᠵᠢᠭ ᠰᠡᠷᠬᠡᠶᠢᠯᠡᠬᠦ ᠲᠠᠷᠢᠯᠭ᠎ᠠ | ᠲᠠᠷᠢᠭᠰᠡᠨ ᠨᠤᠷᠮ᠎ᠠ ᠶᠢ 100% ᠳᠤ ᠬᠦᠷᠬᠡᠵᠤ᠂ ᠬᠢᠵᠢᠭ ᠡᠪᠡᠳᠴᠢᠨ ᠢ ᠪᠦᠬᠦ ᠲᠠᠯ᠎ᠠ ᠪᠠᠷ ᠤᠷᠢᠳᠴᠢᠯᠡᠨ | ᠰᠡᠷᠬᠡᠶᠢᠯᠡᠨ᠎ᠠ᠃ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠬᠦᠮᠤᠵᠢᠬᠦᠯᠤᠨ᠂ ᠰᠢᠨ᠎ᠠ ᠪᠠᠷ ᠠᠮᠢ | ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ 35 ᠶᠢ ᠪᠠᠶᠢᠭᠤᠯᠵᠤ᠂ ᠮᠠᠯᠴᠢᠳ ᠤᠨ ᠲᠤᠰᠬᠠᠶᠢᠵᠢᠭᠰᠡᠨ | ᠬᠤᠷᠰᠢᠶᠠᠵᠢᠯ 10 ᠶᠢ ᠲᠦᠷᠢᠮᠵᠢᠬᠦᠯᠤᠨ᠂ ︽ᠬᠡᠷ ᠪᠦᠯᠢ ᠶᠢᠨ ᠮᠠᠯᠵᠢᠯ ᠤᠨ ᠲᠠᠯᠠᠪᠠᠢ + ᠤᠶᠤᠡᠳᠤ ᠮᠠᠯ ᠠᠵᠤ | ᠠᠬᠤᠢ + ᠵᠤᠭᠠᠴᠠᠯ︾ ᠢ ᠤᠶᠠᠯᠳᠤᠭᠤᠯᠤᠭᠰᠡᠨ ᠮᠠᠯ ᠠᠵᠤ ᠠᠬᠤᠢ ᠶᠢᠨ ᠶᠠᠷᠤᠩᠬᠡᠶᠢᠯᠡᠭᠰᠡᠨ ᠴᠤᠭᠴᠠ ᠶᠢ | ᠰᠦᠪᠡᠭᠴᠢᠯᠡᠨ ᠪᠠᠶᠢᠭᠤᠯᠤᠨ᠎ᠠ᠃ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠬᠡᠯᠡᠬᠦ ᠵᠤᠬᠢᠴᠠᠮᠵᠢ ᠶᠢ | ᠪᠦᠷᠢᠡᠰᠢᠬᠦᠯᠵᠤ᠂ ᠴᠠᠭ ᠠᠭᠤᠷ ᠢ ᠬᠢᠨᠡᠨ ᠬᠡᠮᠵᠢᠬᠦ ᠲᠤᠭ᠎ᠠ ᠬᠦᠮᠤᠷᠬᠡ ᠶᠢ ᠠᠰᠢᠭᠯᠠᠨ᠂ ᠴᠠᠭ ᠠᠭᠤᠷ ᠤᠨ | ᠦᠢᠯᠡᠴᠢᠯᠡᠬᠡᠨ ᠤ ᠬᠢᠷᠢ ᠲᠦᠪᠰᠢᠨ ᠢ ᠦᠨᠡᠡᠬᠦ ᠲᠡᠬᠡᠭᠰᠢᠯᠡᠬᠦᠯᠤᠨ᠎ᠠ᠃ ᠮᠠᠯᠵᠢᠬᠤ ᠤᠷᠤᠨ ᠤ ᠪᠤᠯᠪᠠᠰᠤᠨ ᠤ ᠬᠡᠮᠵᠢᠶ᠎ᠡ | ᠶᠢ ᠲᠡᠬᠡᠭᠰᠢᠯᠡᠬᠦᠯᠵᠤ᠂ ᠦᠵᠡᠰᠬᠦᠯᠠᠩᠳᠤ ᠠᠪᠠᠭ᠎ᠠ — ᠮᠠᠯᠵᠢᠬᠤ ᠣᠷᠣᠨ ᠤ ᠪᠤᠯᠪᠠᠰᠤᠨ ᠰᠣᠷᠳᠠᠯ ᠤᠨ ᠠᠵᠢᠯᠯᠠᠭ᠎ᠠ | ᠶᠢ ᠦᠷᠨᠢᠬᠦᠯᠵᠤ᠂ ᠰᠢᠨ᠎ᠠ ᠴᠠᠭ ᠦᠶ᠎ᠠ ᠶᠢᠨ ᠮᠠᠯᠴᠢᠨ᠂ ᠰᠢᠨ᠎ᠠ ᠬᠦᠳᠡᠭᠡ ᠨᠣᠳᠤᠭ ᠤᠨ ᠰᠤᠶᠤᠯ᠂ ᠰᠢᠯᠢᠳᠡᠭ ᠬᠡᠷ | ᠤᠨ ᠰᠣᠷᠳᠠᠯ ᠢ ᠰᠠᠶᠢᠳᠤᠷ ᠠᠳᠬᠤᠵᠤ᠂ ᠪᠤᠯᠪᠠᠰᠤᠨ ᠰᠢᠨ᠎ᠠ ᠰᠤᠷᠳᠠᠯ ᠢ ᠰᠤᠷᠳᠠᠯᠴᠢᠯᠡᠨ᠂ 60% ᠶᠢᠨ ᠭᠠᠴᠠᠭ᠎ᠠ | ᠶᠢ ᠠᠶᠢᠮᠠᠭ ᠤᠨ ᠲᠠᠰ ᠤᠨ ᠪᠤᠯᠪᠠᠰᠤᠨ ᠭᠠᠴᠠᠭᠠᠨ ᠤ ᠡᠩᠨᠡᠭᠡᠨ ᠳᠤ ᠤᠷᠤᠭᠤᠯᠤᠨ᠎ᠠ᠃ ᠰᠢᠨ᠎ᠠ ᠴᠠᠭ ᠦᠶ᠎ᠠ ᠶᠢᠨ | ᠮᠠᠯᠴᠢᠨ ᠪᠠ ᠬᠡᠷᠡᠭᠯᠡᠬᠡᠨ ᠤ ᠮᠠᠷᠬᠡᠵᠢᠯ ᠤᠨ ᠴᠢᠳᠠᠪᠤᠷᠢᠳᠠᠨ ᠢ ᠬᠦᠮᠤᠵᠢᠬᠦᠯᠬᠦ ᠢᠡᠵᠧᠨᠧᠷᠢᠩ ᠢ ᠬᠡᠷᠡᠭᠵᠢᠬᠦᠯᠵᠤ᠂ | ᠡᠵᠡᠩᠨᠡᠯᠳᠡ ᠬᠠᠮᠢᠶᠠᠷᠤᠯᠳᠠ ᠳᠠᠭᠠᠨ ᠴᠠᠭᠠᠷᠠᠭᠰᠡᠨ ᠠᠵᠤ ᠦᠢᠯᠡᠰ ᠤᠨ ᠲᠠᠭᠠᠭᠤᠯᠣᠭᠴᠢ᠂ ᠡᠯᠧᠺᠲᠷᠤᠨ ᠠᠷᠠᠯᠵᠢᠶᠠᠨ | ᠤ ᠴᠢᠳᠠᠪᠤᠷᠢᠳᠠᠨ ᠤ ᠡᠩᠨᠡᠭᠡ ᠶᠢ ᠬᠦᠮᠤᠵᠢᠬᠦᠯᠵᠤ᠂ ᠮᠠᠯᠵᠢᠬᠤ ᠤᠷᠤᠨ ᠤ ᠬᠦᠭᠵᠢᠯᠳᠠ ᠳᠤ ᠦᠢᠯᠡᠴᠢᠯᠡᠬᠦᠯᠦᠨ᠎ᠡ᠃ | ᠮᠠᠯᠵᠢᠬᠤ ᠤᠷᠤᠨ ᠤ ᠦᠡᠳᠤᠰᠤᠨ ᠱᠠᠳᠤᠨ ᠤ ᠰᠠᠭᠤᠷᠢ ᠶᠢ ᠴᠢᠩᠭᠠᠳᠬᠠᠨ᠂ ︽ᠤᠭ ᠰᠠᠨᠠᠭ᠎ᠠ ᠪᠠᠨ ᠦᠯᠤ ᠮᠠᠷᠳᠡᠨ᠂ | ᠣᠶᠣᠨ ᠵᠤᠷᠢᠭ ᠢᠶᠠᠨ ᠨᠢᠬᠡᠳᠬᠡᠵᠤ᠂ ᠦᠨᠳᠦᠰᠦ ᠰᠠᠭᠤᠷᠢ ᠪᠠᠨ ᠪᠠᠬᠢᠵᠢᠬᠦᠯᠬᠦ︾ ᠢᠡᠵᠧᠨᠧᠷᠢᠩ ᠢ ᠬᠡᠷᠡᠭᠵᠢᠬᠦᠯᠵᠤ᠂ | ᠦᠪᠡᠷ ᠢ ᠪᠠᠨ ᠵᠠᠰᠠᠬᠤ᠂ ᠬᠠᠤᠯᠢ ᠪᠠᠷ ᠵᠠᠰᠠᠬᠤ᠂ ᠮᠤᠷᠡᠯ ᠢᠶᠠᠷ ᠵᠠᠰᠠᠬᠤ ᠶᠢ ᠤᠶᠠᠯᠳᠤᠭᠤᠯᠤᠨ᠂ ᠦᠡᠳᠤᠰᠤᠨ ᠱᠠᠳᠤᠨ | ᠤ ᠡᠶ᠎ᠡ ᠵᠤᠬᠢᠴᠠᠯ ᠪᠠ ᠲᠤᠭᠳᠠᠭᠤᠨ ᠢ ᠠᠬᠢᠭᠤᠯᠤᠨ᠎ᠠ᠃ | ︵ᠬᠤᠶᠡᠷ︶ ᠮᠠᠯᠵᠢᠬᠤ ᠤᠷᠤᠨ ᠤ ᠰᠠᠭᠤᠷᠢ ᠨᠦᠬᠦᠴᠡᠯ ᠢ ᠲᠠᠰᠣᠷᠠᠯᠳᠡ ᠦᠭᠡᠢ ᠰᠠᠶᠢᠵᠢᠷᠠᠭᠤᠯᠤᠨ᠎ᠠ᠃ ︽ | ᠠᠪᠠᠭ᠎ᠠ ᠬᠤᠰᠢᠭᠤᠨ ᠤ ᠮᠠᠯᠵᠢᠬᠤ ᠣᠷᠣᠨ ᠤ ᠰᠠᠭᠤᠷᠢᠰᠢᠯ ᠤᠨ ᠤᠷᠴᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ | ᠠᠵᠢᠯᠯᠠᠭᠠᠨ ᠤ ᠬᠡᠷᠡᠭᠵᠢᠬᠦᠯᠬᠦ ᠲᠦᠰᠤᠯ ︵2018 —2020 ᠤᠨ︶︾ ᠤᠨ ᠱᠠᠭᠠᠷᠳᠠᠯᠭ᠎ᠠ ᠶᠤᠰᠤᠭᠠᠷ᠂ | ᠮᠠᠯᠴᠢᠳ ᠤᠨ ᠰᠠᠭᠤᠷᠢᠰᠢᠯ ᠤᠨ ᠤᠷᠴᠢᠨ ᠢ ᠴᠡᠭᠴᠡᠯᠡᠨ ᠵᠠᠰᠠᠬᠤ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ | ᠂ ︽ᠦᠵᠡᠰᠬᠦᠯᠠᠩᠳᠤ ᠬᠦᠳᠡᠭᠡ ᠲᠤᠰᠬᠤᠨ︾ ᠤ ᠢᠡᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ | ᠤ ᠠᠮᠢᠳᠤᠷᠡᠯ ᠤᠨ ᠴᠢᠨᠠᠷᠵᠢᠯ ᠢ ᠤᠯᠠᠮ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ ᠬᠦᠮᠤᠨ ᠮᠠᠯ ᠤᠨ ᠤᠰᠤ | ᠤᠮᠳᠠ ᠶᠢᠨ ᠠᠰᠠᠭᠤᠳᠠᠯ ᠢ ᠰᠢᠢᠳᠪᠤᠷᠢᠯᠡᠵᠤ᠂ ᠰᠢᠨ᠎ᠠ ᠪᠠᠷ 283 ᠰᠠᠤᠷᠢ ᠮᠠᠰᠢᠨ ᠬᠤᠳᠳᠤᠭ ᠮᠠᠯᠳᠠᠵᠤ᠂ ᠰᠠᠯᠬᠢᠨ | ᠴᠠᠬᠢᠯᠭᠠᠨ ᠬᠠᠪᠰᠤᠷᠭᠠᠭᠰᠡᠨ ᠤᠰᠤ ᠲᠠᠳᠠᠬᠤ ᠲᠦᠬᠦᠬᠡᠷᠤᠮᠵᠢ 35 ᠢᠵᠢ᠂ ᠤᠰᠤ ᠴᠠᠪᠠᠷᠰᠢᠬᠦᠯᠬᠦ ᠲᠦᠬᠦᠬᠡᠷᠤᠮᠵᠢ | 70 ᠢᠵᠢ ᠤᠭᠰᠠᠷᠠᠨ᠎ᠠ︔ ᠴᠠᠬᠢᠯᠭᠠᠨ ᠲᠤᠤᠷ ᠢ ᠲᠡᠰ ᠲᠠᠪᠰᠢᠬᠦᠯᠤᠨ ᠦᠬᠡᠷᠡᠴᠢᠯᠡᠨ ᠪᠠᠶᠢᠭᠤᠯᠬᠤ ᠠᠵᠢᠯ ᠢ | ᠠᠬᠢᠭᠤᠯᠵᠤ᠂ 220 ᠲᠦᠮᠡᠨ ᠺᠢᠯᠤᠸᠠᠲ ᠤᠨ ᠬᠦᠴᠤᠳᠠᠯ ᠬᠤᠪᠢᠰᠬᠠᠬᠤ ᠪᠠᠷᠢᠯᠭ᠎ᠠ ᠶᠢ ᠲᠠᠭᠤᠰᠬᠠᠵᠤ᠂ ᠰᠢᠨ᠎ᠠ ᠪᠠᠷ | 35 ᠲᠦᠮᠡᠨ ᠺᠢᠯᠤᠸᠠᠲ ᠠᠴᠠ ᠲᠡᠬᠡᠭᠰᠢᠬᠢ ᠴᠠᠬᠢᠯᠭᠠᠨ ᠤᠳᠠᠰᠤ 288 ᠺᠢᠯᠤᠮᠧᠲᠷ᠂ 10 ᠲᠦᠮᠡᠨ ᠺᠢᠯᠤᠸᠠᠲ ᠤᠨ | ᠴᠠᠬᠢᠯᠭᠠᠨ ᠤᠳᠠᠰᠤ 53.5 ᠺᠢᠯᠤᠮᠧᠲᠷ ᠲᠠᠳᠠᠨ᠎ᠠ᠃ ︽ᠲᠦᠷᠪᠡᠨ ᠰᠠᠶᠢᠨ ᠮᠠᠯᠵᠢᠬᠤ ᠣᠷᠣᠨ ᠤ ᠵᠠᠮ︾ ᠤᠨ | ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ︽ᠵᠠᠮ ᠤᠨ ᠲᠠᠷᠤᠭ᠎ᠠ ᠶᠢᠨ ᠲᠦᠷᠢᠮ︾ ᠢ ᠬᠡᠷᠡᠭᠵᠢᠬᠦᠯᠵᠤ᠂ ᠰᠢᠨ᠎ᠠ | ᠪᠠᠷ 54.9 ᠺᠢᠯᠤᠮᠧᠲᠷ ᠵᠠᠰᠠᠮᠠᠯ ᠵᠠᠮ ᠲᠠᠪᠢᠰᠴᠤ᠂ 179 ᠺᠢᠯᠤᠮᠧᠲᠷ ᠵᠠᠮ ᠢ ᠵᠠᠰᠠᠨ ᠰᠠᠯᠪᠢᠨᠠ᠃ ᠴᠢᠮᠡᠭᠡ | ᠬᠤᠯᠪᠤᠭᠠᠨ ᠤ ᠨᠠᠶᠢᠳᠠᠮ ᠦᠢᠯᠡᠴᠢᠯᠡᠬᠡᠨ ᠳᠤ ᠨᠦᠬᠦᠪᠤᠷᠢ ᠤᠯᠭᠤᠬᠤ ᠲᠤᠷᠰᠢᠯᠳᠠ ᠶᠢᠨ ᠴᠡᠭ ᠤᠨ ᠢᠡᠵᠧᠨᠧᠷᠢᠩ ᠢ | ᠰᠠᠶᠢᠳᠤᠷ ᠬᠢᠵᠤ᠂ ᠤᠯᠤᠰ ᠤᠨ ᠬᠢᠯᠢ ᠬᠢᠵᠠᠭᠠᠷ ᠢ ᠪᠠᠬᠢᠵᠢᠬᠦᠯᠬᠦ ᠢᠡᠵᠧᠨᠧᠷᠢᠩ ᠢ ᠢᠳᠡᠪᠬᠢᠳᠡᠢ ᠠᠬᠢᠭᠤᠯᠵᠤ᠂ ᠰᠢᠨ᠎ᠠ | ᠪᠠᠷ 38 ᠰᠠᠤᠷᠢ ᠦᠷᠳᠡᠭᠡ ᠪᠠᠶᠢᠭᠤᠯᠵᠤ᠂ ᠫᠸᠡᠭ ᠬᠤᠷᠤᠭ᠎ᠠ ᠶᠢᠨ ᠪᠠᠶᠢᠭᠤᠯᠤᠯᠳᠠ ᠪᠠ ᠮᠠᠰᠢᠨ ᠮᠧᠬᠠᠨᠢᠭ | ᠬᠤᠳᠠᠯᠳᠤᠨ ᠤᠷᠤᠭᠤᠯᠬᠤ ᠠᠵᠢᠯ ᠢ ᠰᠠᠶᠢᠳᠤᠷ ᠬᠢᠵᠤ᠂ ᠰᠢᠨ᠎ᠠ ᠪᠠᠷ 3 ᠲᠦᠮᠡᠨ ᠲᠡᠭᠰᠢ ᠲᠦᠷᠪᠡᠯᠵᠢᠨ ᠮᠧᠲᠷ ᠤᠨ | ᠲᠤᠯᠠᠭᠠᠨ ᠫᠸᠡᠭ ᠪᠠᠷᠢᠵᠤ᠂ 200 ᠢᠵᠢ ᠮᠠᠯ ᠠᠵᠤ ᠠᠬᠤᠢ ᠶᠢᠨ ᠮᠠᠰᠢᠨ ᠮᠧᠬᠠᠨᠢᠭ ᠬᠤᠳᠠᠯᠳᠤᠨ ᠤᠷᠤᠭᠤᠯᠤᠨ᠎ᠠ᠃ | ︽ᠵᠤᠷᠯᠦᠩ ᠤᠨ ᠬᠤᠪᠢᠰᠬᠠᠯ︾ ᠢ ᠪᠦᠬᠦ ᠲᠠᠯ᠎ᠠ ᠪᠠᠷ ᠠᠬᠢᠭᠤᠯᠵᠤ᠂ ᠰᠤᠮᠤ ᠪᠠᠯᠭᠠᠰᠤᠨ ᠤ ᠰᠠᠭᠤᠭᠠᠯᠢ ᠲᠤᠭᠤᠷᠢᠭ | ᠲᠤ ᠤᠰᠤ ᠪᠠᠷ ᠴᠡᠪᠡᠷᠰᠢᠬᠦᠯᠬᠦ ᠵᠤᠷᠯᠦᠩ 10 ᠶᠢ ᠪᠠᠶᠢᠭᠤᠯᠵᠣ᠂ ᠮᠠᠯᠵᠢᠬᠤ ᠡᠷᠦᠭᠡ ᠶᠢᠨ ᠵᠤᠷᠯᠤᠩ ᠢ ᠦᠬᠡᠷᠡᠴᠢᠯᠡᠨ | ᠪᠠᠶᠢᠭᠤᠯᠤᠭᠰᠡᠨ ᠨᠤᠷᠮ᠎ᠠ ᠶᠢ 50% ᠳᠤ ᠬᠦᠷᠭᠡᠬᠦ ᠪᠠᠷ ᠴᠢᠷᠮᠠᠶᠢᠨ᠎ᠠ᠃ | ︵ᠭᠤᠷᠪᠡ︶ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠠᠵᠤ | ᠦᠢᠯᠡᠳᠪᠤᠷᠢᠵᠢᠯᠳᠠ ᠶᠢᠨ ᠦᠢᠯᠠᠭᠠᠭᠳᠠᠬᠤᠨ ᠢᠶᠠᠷ ᠮᠠᠯ ᠠᠵᠤ ᠠᠬᠤᠢ ᠶᠢ ᠲᠦᠰᠤᠪᠯᠡᠵᠤ᠂ ᠠᠵᠤ ᠦᠢᠯᠡᠰᠵᠢᠯᠳᠠ | ᠶᠢᠨ ᠰᠡᠳᠬᠢᠬᠦᠢ ᠪᠠᠷ ᠮᠠᠯ ᠠᠵᠤ ᠠᠬᠤᠢ ᠶᠢ ᠵᠢᠯᠤᠭᠤᠳᠴᠤ᠂ ᠵᠠᠬ᠎ᠠ ᠲᠡᠯᠬᠡᠬᠦᠷᠵᠢᠯᠳᠠ ᠶᠢᠨ ᠠᠷᠭ᠎ᠠ ᠪᠠᠷ ᠮᠠᠯ ᠠᠵᠤ | ᠠᠬᠤᠢ ᠶᠢ ᠡᠵᠡᠩᠨᠡᠨ᠂ ︽ᠮᠢᠬ᠎ᠠ ᠰᠦ ᠠᠳᠤᠭᠤ ᠡᠪᠡᠰᠤ︾ ᠲᠦᠷᠪᠡᠨ ᠶᠡᠭᠡ ᠠᠵᠤ ᠦᠢᠯᠡᠰ ᠤᠨ ᠬᠦᠭᠵᠢᠯᠳᠠ ᠶᠢ | ᠠᠬᠢᠭᠤᠯᠵᠤ᠂ ᠮᠠᠯ ᠠᠵᠤ ᠠᠬᠤᠢ ᠶᠢᠨ ᠪᠦᠳᠤᠴᠠ ᠶᠢ ᠰᠢᠯᠢᠳᠡᠭᠵᠢᠬᠦᠯᠤᠨ᠎ᠠ᠃ ︽ᠬᠤᠨᠢ ᠶᠢ ᠴᠦᠬᠡᠴᠢᠯᠡᠨ᠂ ᠦᠬᠡᠷ | ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠦᠷᠬᠦᠯᠵᠢᠯᠡᠨ ᠠᠬᠢᠭᠤᠯᠵᠤ᠂ ᠤᠷᠢᠶᠠᠩᠬᠠᠢ ᠡᠬᠦᠯᠳᠡᠷ ᠤᠨ ᠬᠤᠨᠢ | ᠮᠠᠯᠵᠢᠬᠤ ᠪᠠ ᠡᠪᠤᠯ ᠤᠨ ᠲᠦᠯ᠂ ᠡᠷᠳᠡ ᠶᠢᠨ ᠲᠦᠯ ᠲᠤᠰᠬᠤ ᠶᠢ ᠵᠤᠷᠢᠭᠵᠢᠭᠤᠯᠤᠨ᠂ ᠰᠢᠨ᠎ᠠ ᠪᠠᠷ ᠦᠷ᠎ᠠ ᠶᠢᠨ ᠮᠠᠯ | ᠤᠨ ᠲᠠᠯᠠᠪᠠᠢ 2᠂ ᠭᠤᠤᠯᠳᠠᠯᠭᠠᠳᠤ ᠰᠦᠷᠦᠭ 10 ᠶᠢ ᠪᠠᠶᠢᠭᠤᠯᠵᠤ᠂ ᠬᠤᠨᠢᠨ ᠤ ᠴᠢᠨᠠᠷ ᠲᠡᠰ ᠦᠷ᠎ᠠ ᠠᠰᠢᠭ ᠢ | ᠲᠠᠰᠤᠷᠠᠯᠳᠠ ᠦᠬᠡᠢ ᠲᠡᠬᠡᠭᠰᠢᠯᠡᠬᠦᠯᠬᠦ ᠶᠢ ᠪᠠᠶᠠᠯᠠᠬᠦᠯᠤᠨ᠎ᠠ᠃ ᠰᠢᠯᠢᠳᠡᠭ ᠡᠬᠦᠯᠳᠡᠷ ᠤᠨ ᠦᠬᠡᠷ ᠮᠠᠯᠵᠢᠬᠤ ᠶᠢ | ᠵᠤᠷᠢᠭᠵᠢᠭᠤᠯᠬᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2500 ᠲᠦᠮᠡᠨ | ᠲᠦᠬᠦᠷᠢᠭ ᠤᠨ ᠰᠢᠯᠢᠳᠡᠭ ᠡᠬᠦᠯᠳᠡᠷ ᠤᠨ ᠦᠬᠡᠷ ᠤᠷᠤᠭᠤᠯᠬᠤ ᠶᠢ ᠲᠠᠮᠵᠢᠬᠦ ᠵᠢᠬᠡᠯᠡᠯᠬᠡ ᠶᠢ ᠲᠣᠬᠢᠷᠠᠭᠤᠯᠵᠣ᠂ | ᠰᠢᠯᠢᠳᠡᠭ ᠡᠬᠦᠯᠳᠡᠷ ᠤᠨ ᠦᠨᠢᠶ᠎ᠠ 2000 ᠲᠣᠯᠣᠭᠠᠢ᠂ ᠪᠤᠬ᠎ᠠ 100 ᠲᠣᠯᠣᠭᠠᠢ ᠶᠢ ᠤᠷᠤᠭᠤᠯᠵᠤ᠂ ᠦᠷ᠎ᠠ ᠶᠢᠨ | ᠮᠠᠯ ᠤᠨ ᠲᠠᠯᠠᠪᠠᠢ 1᠂ ᠭᠤᠤᠯᠳᠠᠯᠭᠠᠳᠤ ᠰᠦᠷᠦᠭ 2 ᠢ ᠰᠢᠨ᠎ᠠ ᠪᠠᠷ ᠪᠠᠶᠢᠭᠤᠯᠵᠤ᠂ ᠦᠬᠡᠷ ᠤᠨ ᠡᠬᠦᠯᠳᠡᠷ | ᠰᠠᠶᠢᠵᠢᠷᠠᠭᠤᠯᠤᠭᠰᠡᠨ ᠨᠤᠷᠮ᠎ᠠ ᠶᠢ 93.8% ᠳᠤ ᠬᠦᠷᠬᠡᠨ᠎ᠠ︔ ᠠᠳᠤᠭᠤᠨ ᠤ ᠰᠦᠷᠦᠭ ᠤᠨ ᠪᠦᠳᠤᠴᠠ ᠳᠤ | ᠲᠤᠬᠢᠷᠠᠭᠤᠯᠤᠯᠳᠠ ᠬᠢᠵᠤ᠂ ᠴᠡᠬᠡᠨ ᠤ ᠭᠠᠷᠤᠯᠳᠠ ᠶᠢ ᠨᠡᠮᠡᠭᠳᠡᠬᠦᠯᠬᠦ ᠠᠷᠠᠴᠢᠯᠠᠭ᠎ᠠ ᠮᠠᠯᠵᠢᠯ ᠤᠨ ᠠᠷᠭ᠎ᠠ ᠶᠢ ᠬᠠᠶᠢᠨ | ᠰᠦᠪᠡᠭᠴᠢᠯᠡᠵᠤ᠂ ︽ᠠᠪᠠᠭ᠎ᠠ ᠴᠡᠭᠡ︾ ︽ᠠᠪᠠᠭ᠎ᠠ ᠬᠠᠷ᠎ᠠ ᠠᠳᠤᠭᠤ︾ ᠨᠠᠷᠡᠳᠤ ᠲᠡᠮᠳᠡᠭ ᠢ ᠠᠰᠢᠭᠯᠠᠨ᠂ ᠰᠤᠶᠤᠯ | ᠵᠤᠭᠠᠴᠠᠯ᠂ ᠡᠮᠴᠢᠯᠡᠭᠡ ᠡᠷᠡᠬᠦᠯᠵᠢᠯ᠂ ᠵᠢᠷᠤᠭ ᠰᠠᠬᠦᠳᠡᠷ᠂ ᠮᠤᠷᠢᠨ ᠮᠡᠷᠬᠡᠵᠢᠯ ᠲᠠᠢ ᠣᠶᠠᠯᠳᠣᠭᠤᠯᠣᠨ᠂ ᠠᠳᠤᠭᠤᠨ ᠤ | ᠠᠵᠤ ᠦᠢᠯᠡᠰ ᠤᠨ ᠬᠦᠭᠵᠢᠯᠳᠠ ᠶᠢᠨ ᠲᠠᠯᠳᠠ ᠬᠦᠴᠤᠨ ᠢ ᠬᠦᠢᠴᠡᠳ ᠠᠭᠤᠳᠠᠯᠯᠠᠵᠤ᠂ 50 ᠠᠴᠠ ᠲᠡᠬᠡᠭᠰᠢ ᠬᠡᠬᠦᠦ | ᠰᠠᠭᠠᠬᠤ ᠠᠪᠠᠭ᠎ᠠ ᠬᠠᠷ᠎ᠠ ᠠᠳᠤᠭᠤᠨ ᠤ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠤᠨ᠎ᠠ᠃ ᠬᠠᠳᠤᠯᠠᠩ | ᠪᠠᠯᠴᠢᠬᠡᠷ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠡᠪᠡᠰᠤᠨ ᠤ ᠬᠠᠳᠠᠭᠠᠯᠠᠭᠳᠠᠴᠠ ᠶᠢ ᠨᠡᠮᠡᠭᠳᠡᠬᠦᠯᠵᠤ᠂ 2.4 | ᠳ᠋ᠦᠩᠰᠢᠭᠤᠷ ᠺᠢᠯᠦᠭᠷᠡᠮ ᠠᠴᠠ ᠲᠡᠬᠡᠭᠰᠢ ᠡᠪᠡᠰᠤ ᠬᠠᠳᠤᠵᠤ ᠨᠦᠬᠡᠴᠠᠯᠠᠨᠠ᠃ ᠨᠠᠷᠡᠳᠤ ᠲᠡᠮᠳᠡᠭ ᠡᠬᠦᠳᠬᠦ ᠪᠠᠷ | ᠬᠦᠴᠤᠯᠠᠨ ᠴᠢᠷᠮᠠᠶᠢᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ | ᠦᠷᠬᠦᠯᠵᠢᠯᠡᠨ ᠠᠬᠢᠭᠤᠯᠵᠤ᠂ ︽ᠭᠤᠷᠪᠡᠨ ᠪᠦᠳᠤᠬᠡᠭᠳᠡᠬᠦᠨ ᠨᠢᠬᠡ ᠲᠡᠮᠳᠡᠭ︾ ᠢ ᠬᠢᠨᠡᠨ ᠲᠤᠳᠤᠯᠠᠬᠤ ᠠᠵᠢᠯ ᠢ | ᠲᠦᠷᠬᠡᠳᠬᠡᠨ᠂ ᠲᠤᠮᠳᠠᠳᠤ ᠤᠯᠤᠰ ᠤᠨ ᠦᠡᠳᠤᠰᠤᠳᠠᠨ ᠤ ᠠᠷᠠᠯᠵᠢᠶ᠎ᠠ ᠬᠤᠳᠠᠯᠳᠤᠭ᠎ᠠ ᠶᠢ ᠠᠬᠢᠭᠤᠯᠬᠤ ᠨᠠᠶᠢᠬᠡᠮᠯᠢᠭ | ᠪᠤᠯᠤᠨ ᠦᠪᠡᠷᠳᠡᠬᠡᠨ ᠵᠠᠰᠠᠬᠤ ᠤᠷᠤᠨ ᠤ ᠨᠠᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠠᠬᠢᠭᠤᠯᠬᠤ ᠨᠠᠶᠢᠬᠡᠮᠯᠢᠭ | ᠲᠠᠢ ᠬᠠᠮᠳᠤᠷᠠᠯᠴᠠᠭ᠎ᠠ ᠪᠠᠨ ᠴᠢᠩᠭᠠᠳᠬᠠᠨ᠂ ︽ᠤᠷᠢᠶᠠᠩᠬᠠᠢ ᠬᠤᠨᠢ︾ ︽ᠤᠷᠢᠶᠠᠩᠬᠠᠢ ᠬᠤᠨᠢᠨ ᠮᠢᠬ᠎ᠠ︾ ︽ | ᠠᠪᠠᠭ᠎ᠠ ᠬᠠᠷ᠎ᠠ ᠠᠳᠤᠭᠤ︾ ︽ᠠᠪᠠᠭ᠎ᠠ ᠴᠡᠭᠡ︾ ᠵᠡᠷᠬᠡ ᠠᠮᠢ ᠠᠬᠤᠢ ᠶᠢᠨ ᠤᠤᠯ ᠭᠠᠷᠤᠯᠳᠠ ᠶᠢᠨ ᠤᠷᠤᠨ ᠤ | ᠪᠦᠳᠤᠬᠡᠭᠳᠡᠬᠦᠨ ᠤ ᠬᠠᠮᠠᠭᠠᠯᠠᠯᠳᠠ ᠪᠠ ᠤᠷᠭᠠᠨᠢᠭ ᠪᠦᠳᠤᠬᠡᠭᠳᠡᠬᠦᠨ ᠤ ᠵᠢᠱᠢᠶ᠎ᠠ ᠦᠵᠡᠬᠦᠯᠬᠦ ᠲᠤᠭᠤᠷᠢᠭ ᠢᠶᠠᠷ | ᠡᠷᠡᠮᠡᠯᠵᠠᠯᠠᠵᠤ᠂ ᠲᠤᠯᠤᠭᠠᠶᠢᠯᠠᠭᠴᠢ ᠠᠵᠤ ᠠᠬᠤᠶᠢᠯᠡᠯ ᠤᠨ ︽ᠤᠷᠢᠶᠠᠩᠬᠠᠢ ᠬᠤᠨᠢ︾ ᠬᠡᠷᠡᠴᠢᠯᠡᠨ ᠲᠤᠳᠤᠯᠠᠬᠤ | ᠠᠵᠢᠯᠯᠠᠭ᠎ᠠ ᠦᠷᠨᠢᠬᠦᠯᠬᠦ ᠶᠢ ᠲᠠᠮᠵᠢᠵᠤ᠂ ᠮᠢᠬᠠᠨ ᠤ ᠬᠤᠨᠢᠨ ᠤ ᠪᠦᠬᠦᠶᠢᠯᠠ ᠠᠵᠤ ᠦᠢᠯᠡᠰ ᠤᠨ ᠬᠡᠯᠬᠢᠶᠠᠵᠢᠯ ᠤᠨ | ᠮᠦᠷᠳᠡᠵᠤ ᠪᠤᠯᠬᠤᠶᠢᠴᠠ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠤ᠂ ᠴᠠᠪᠠᠷ ᠪᠠᠶᠢᠭᠠᠯᠢᠯᠢᠭ | ᠪᠦᠳᠤᠬᠡᠭᠳᠡᠬᠦᠨ ᠢ ᠴᠢᠷᠮᠠᠶᠢᠨ ᠡᠬᠦᠳᠤᠨ᠎ᠠ᠃ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠵᠠᠬ᠎ᠠ ᠲᠡᠯᠬᠡᠬᠦᠷ ᠤᠨ | ᠪᠤᠷᠤᠯᠠᠭᠤᠯᠤᠯᠳᠠ ᠶᠢ ᠴᠢᠩᠭᠠᠳᠬᠠᠵᠤ᠂ ᠡᠯᠧᠺᠲᠷᠤᠨ ᠠᠷᠠᠯᠵᠢᠶᠠᠨ ᠤ ᠲᠠᠪᠴᠡᠩ ᠢᠶᠠᠷ ᠲᠠᠮᠵᠢᠨ᠂ ᠮᠠᠯᠵᠢᠬᠤ ᠡᠷᠤᠬᠡ | ᠶᠢ ᠲᠤᠮᠳᠠ ᠲᠡᠬᠡᠳᠤ ᠲᠡᠰ ᠤᠨ ᠬᠡᠷᠡᠭᠯᠡᠭᠴᠢᠳ ᠤᠨ ᠬᠡᠷ ᠪᠦᠯᠢ ᠲᠠᠢ ᠬᠤᠯᠪᠤᠭᠠᠯᠠᠬᠤ ︽1 +N︾ ᠰᠢᠭᠤᠳ | ᠪᠤᠷᠤᠯᠠᠭᠤᠯᠬᠤ ᠬᠡᠯᠪᠡᠷᠢ ᠶᠢ ᠢᠳᠡᠪᠬᠢᠳᠡᠢ ᠰᠦᠪᠡᠭᠴᠢᠯᠡᠵᠤ᠂ ᠬᠦᠢᠳᠡᠨ ᠬᠡᠯᠬᠢᠶᠡᠳᠦ ᠪᠠᠷᠠᠭᠠᠨ ᠤ ᠬᠦᠢᠯᠬᠡᠬᠡᠨ ᠤ ᠠᠵᠤ | ᠠᠬᠤᠶᠢᠯᠡᠯ ᠢ ᠤᠷᠢᠨ ᠤᠷᠤᠭᠤᠯᠵᠤ᠂ ᠠᠪᠠᠭ᠎ᠠ ᠲᠠᠸᠡᠷ ᠤᠨ ᠪᠦᠳᠤᠬᠡᠭᠳᠡᠬᠦᠨ ᠢ ᠲᠡᠯᠬᠡᠨ ᠪᠤᠷᠤᠯᠠᠭᠤᠯᠬᠤ ᠲᠢᠩᠬᠢᠮ ᠢ | ᠭᠠᠷᠭᠠᠵᠤ᠂ ᠠᠮᠢᠳᠤ ᠮᠠᠯ ᠤᠨ ᠵᠠᠬ᠎ᠠ ᠲᠡᠯᠭᠡᠬᠦᠷ ᠢ ᠲᠦᠷᠢᠮᠵᠢᠬᠦᠯᠵᠦ᠂ ᠴᠢᠨᠠᠷ ᠰᠠᠶᠢᠳᠡᠢ ᠤᠡᠴᠠᠯᠢᠭᠳᠤ ᠮᠠᠯ ᠤᠨ | ᠠᠰᠢᠭ ᠰᠢᠮ᠎ᠠ ᠶᠢᠨ ᠪᠦᠳᠤᠬᠡᠭᠳᠡᠬᠦᠨ ᠤ ᠪᠤᠷᠤᠯᠠᠭᠤᠯᠭ᠎ᠠ ᠶᠢ ᠠᠬᠢᠭᠤᠯᠵᠤ᠂ ᠴᠢᠨᠠᠷ ᠰᠠᠶᠢᠨ᠂ ᠦᠨ᠎ᠠ ᠦᠡᠳᠤᠷ | ᠪᠠᠶᠢᠬᠤ ᠶᠢ ᠪᠠᠶᠡᠯᠡᠬᠦᠯᠤᠨ᠎ᠠ᠃ | ᠭᠤᠷᠪᠡ ︽ᠲᠤᠯᠤᠭᠠᠨ ᠲᠦᠷᠤᠯ︾ ᠤᠨ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠨ᠎ᠠ᠃ | ︵ᠨᠢᠬᠡ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ ᠠᠵᠢᠯ ᠢ ᠬᠦᠴᠦᠯᠡᠨ | ᠠᠳᠬᠤᠨ᠎ᠠ᠃ ᠴᠢᠨᠠᠷ ᠪᠠ ᠦᠷ᠎ᠠ ᠠᠰᠢᠭ ᠢ ᠲᠠᠷᠢᠬᠦᠨ ᠳᠤ ᠲᠠᠯᠪᠢᠬᠤ ᠶᠢ ᠪᠠᠷᠢᠮᠳᠠᠯᠠᠨ᠂ ᠠᠵᠤ ᠠᠬᠤᠢ ᠶᠢᠨ | ᠪᠦᠳᠤᠴᠠ ᠶᠢ ᠰᠢᠯᠢᠳᠡᠭᠵᠢᠬᠦᠯᠵᠤ᠂ ᠠᠵᠤ ᠦᠢᠯᠡᠰ ᠤᠨ ᠬᠦᠭᠵᠢᠯᠳᠠ ᠶᠢᠨ ᠴᠢᠨᠠᠷᠵᠢᠯ᠂ ᠦᠷ᠎ᠠ ᠠᠰᠢᠭ ᠢ | ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ | ᠲᠦᠷᠬᠡᠳᠬᠡᠨ᠎ᠠ᠃ ᠠᠵᠤ ᠦᠢᠯᠡᠳᠪᠤᠷᠢ ᠶᠢᠨ ᠤᠯᠠᠨ ᠡᠰᠢᠳᠤ ᠬᠦᠭᠵᠢᠯᠳᠠ ᠶᠢᠨ ᠴᠢᠳᠠᠪᠬᠢ ᠶᠢ ᠲᠠᠶᠢᠴᠢᠯᠠᠵᠤ᠂ | ᠲᠠᠪᠠᠭᠤᠯᠢᠭ ᠲᠤᠪᠤᠶᠢᠮ᠎ᠠ᠂ ᠬᠡᠯᠬᠢᠶᠠᠵᠢᠯ ᠪᠦᠷᠢᠨ᠂ ᠪᠦᠯᠦᠭᠯᠡᠯ ᠤᠨ ᠬᠡᠯᠪᠡᠷᠢᠳᠤ ᠠᠵᠤ ᠦᠢᠯᠡᠳᠪᠤᠷᠢ ᠶᠢᠨ | ᠲᠤᠭᠳᠠᠯᠴᠠᠭ᠎ᠠ ᠶᠢ ᠪᠠᠶᠢᠭᠤᠯᠤᠨ᠎ᠠ᠃ ᠴᠠᠪᠠᠷ ᠡᠨᠧᠷᠬᠢ ᠭᠠᠳᠠᠭᠰᠢ ᠬᠦᠷᠬᠡᠬᠦ ᠰᠠᠭᠤᠷᠢᠨ ᠭᠠᠵᠡᠷ ᠢ ᠪᠦᠬᠦ ᠬᠦᠴᠤᠨ ᠢᠶᠠᠷ | ᠴᠤᠭᠴᠠᠯᠠᠨ ᠪᠠᠶᠢᠭᠤᠯᠵᠤ᠂ ᠤᠡᠴᠠ ᠦᠡᠳᠤᠷ ᠬᠦᠴᠤᠳᠠᠯᠳᠤ ᠴᠠᠭᠠᠡᠨᠠᠭᠤᠷ 2×66 ᠲᠦᠮᠡᠨ ᠺᠢᠯᠤᠸᠠᠲ ᠤᠨ | ᠴᠠᠬᠢᠯᠭᠠᠨ ᠦᠢᠯᠡᠳᠪᠤᠷᠢ ᠶᠢ ᠪᠦᠬᠦ ᠲᠠᠯ᠎ᠠ ᠪᠠᠷ ᠪᠠᠷᠢᠯᠭ᠎ᠠ ᠡᠬᠢᠯᠡᠬᠦᠯᠵᠤ᠂ ᠲᠢᠶᠠᠨ ᠷᠦᠨ᠂ ᠰᠧ ᠨᠸᠡᠭ ᠵᠡᠷᠬᠡ 4 | ᠲᠦᠷᠤᠯ ᠤᠨ 42.5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠤᠯ ᠵᠥᠢᠯ ᠢ ᠴᠠᠬᠢᠯᠭᠠᠨ ᠲᠤᠤᠷ ᠲᠤ | ᠤᠷᠤᠭᠤᠯᠵᠤ᠂ ᠯᠢᠥᠢ ᠨᠸᠡᠭ᠂ ᠪᠠᠶᠠᠨ ᠵᠡᠷᠭᠡ 5 ᠲᠦᠷᠥᠯ ᠤᠨ 87.5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ | ᠤ ᠲᠦᠷᠤᠯ ᠵᠥᠢᠯ ᠵᠢᠴᠢ 500 ᠺᠢᠯᠤᠸᠠᠲ ᠤᠨ ᠬᠦᠴᠤᠳᠠᠯ ᠬᠤᠪᠢᠰᠬᠠᠬᠤ ᠢᠡᠵᠧᠨᠧᠷᠢᠩ ᠢ ᠪᠠᠷᠢᠯᠭ᠎ᠠ ᠡᠬᠢᠯᠡᠬᠦᠯᠵᠤ | ᠂ ᠿᠦᠡᠭ ᠹᠸᠡᠭ ᠰᠠᠯᠬᠢᠨ ᠴᠠᠬᠢᠯᠭᠠᠨ ᠢ ᠴᠠᠬᠢᠯᠭᠠᠨ ᠲᠤᠤᠷ ᠲᠤ ᠤᠷᠤᠭᠤᠯᠤᠨ ᠬᠡᠪᠴᠢᠶᠠᠵᠢᠬᠦᠯᠵᠤ᠂ ᠡᠷᠢᠶᠠᠨ ᠤ | ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ ᠪᠦᠯᠦᠭᠯᠡᠯ ᠤᠨ 38 ᠲᠦᠮᠡᠨ ᠺᠢᠯᠣᠸᠠᠲ ᠤᠨ ᠨᠠᠷ᠎ᠡ ᠰᠠᠯᠬᠢᠨ ᠤ | ᠲᠦᠷᠥᠯ ᠵᠥᠢᠯ ᠢ ᠪᠠᠷᠢᠯᠭ᠎ᠠ ᠡᠬᠢᠯᠡᠬᠦᠯᠤᠨ᠎ᠠ᠃ ᠠᠭᠤᠷᠬᠠᠢ ᠶᠢᠨ ᠬᠦᠳᠡᠷ ᠮᠠᠯᠳᠠᠬᠤ᠂ ᠰᠢᠯᠢᠬᠦ᠂ ᠪᠤᠯᠪᠠᠰᠤᠷᠠᠭᠤᠯᠬᠤ | ᠨᠠᠷᠢᠯᠢᠭ ᠡᠳ᠋ᠰᠢᠬᠦᠯᠬᠦ ᠰᠠᠭᠤᠷᠢᠨ ᠭᠠᠵᠡᠷ ᠢ ᠢᠳᠡᠪᠬᠢᠳᠡᠢ ᠪᠠᠶᠢᠭᠤᠯᠵᠤ᠂ ᠭᠤᠷᠴᠢ ᠠᠭᠤᠷᠬᠠᠢ ᠶᠢᠨ ᠦᠢᠯᠡᠳᠪᠤᠷᠢᠯᠡᠯ | ᠤᠨ ᠴᠢᠳᠠᠪᠬᠢ ᠶᠢ ᠬᠡᠪᠴᠢᠶᠠᠵᠢᠬᠦᠯᠵᠤ᠂ ᠯᠦᠡᠭ ᠰᠢᠩ ᠠᠭᠤᠷᠬᠠᠢ ᠶᠢᠨ ᠡᠳᠤᠷ ᠲᠤ 2000 ᠲᠤᠨ ᠬᠠᠶᠢᠯᠤᠭᠤᠷ | ᠵᠤᠩᠰᠢ ᠶᠢᠨ ᠬᠦᠳᠡᠷ ᠰᠢᠯᠢᠬᠦ ᠦᠢᠯᠡᠳᠪᠤᠷᠢ ᠶᠢ ᠠᠰᠢᠭᠯᠠᠯᠳᠠ ᠳᠤ ᠤᠷᠤᠭᠤᠯᠵᠤ᠂ ᠶᠢᠨ ᠳ᠋ᠢ ᠠᠭᠤᠷᠬᠠᠢ ᠶᠢᠨ | ᠦᠢᠯᠡᠰ ᠢ ᠲᠠᠰ ᠲᠠᠪᠰᠢᠬᠦᠯᠵᠤ᠂ ᠶᠤᠸᠠᠨ ᠰᠤ᠋ ᠬᠠᠶᠢᠯᠤᠭᠤᠷ ᠵᠤᠩᠰᠢ ᠶᠢᠨ ᠠᠭᠤᠷᠬᠠᠢ ᠶᠢᠨ ᠪᠦᠳᠤᠬᠡᠨ | ᠪᠠᠶᠢᠭᠤᠯᠤᠯᠳᠠ ᠶᠢ ᠲᠦᠷᠬᠡᠳᠬᠡᠨ᠎ᠠ᠃ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠡᠳ᠋ᠰᠢᠬᠦᠯᠬᠦ | ᠰᠠᠭᠤᠷᠢᠨ ᠭᠠᠵᠡᠷ ᠢ ᠴᠤᠭᠴᠠᠯᠠᠨ ᠪᠠᠶᠢᠭᠤᠯᠵᠤ᠂ ᠮᠸᠡᠭ ᠶᠤᠸᠠᠨ᠂ ᠲᠠᠷᠬᠠᠨ ᠵᠡᠷᠬᠡ ᠤᠯᠠᠭᠠᠨ ᠢᠳᠡᠬᠡᠨ ᠡᠳ᠋ᠰᠢᠬᠦᠯᠬᠦ | ᠠᠵᠤ ᠠᠬᠤᠶᠢᠯᠡᠯ ᠤᠨ ᠬᠠᠮᠳᠤᠷᠠᠯᠴᠠᠭ᠎ᠠ ᠶᠢ ᠠᠬᠢᠭᠤᠯᠵᠤ᠂ ᠡᠷᠳᠡᠨᠢ ᠢᠳᠡᠬᠡᠨ ᠤ ᠬᠢᠵᠠᠭᠠᠷᠳᠤ ᠺᠤᠮᠫᠠᠨᠢ ᠶᠢᠨ ᠰᠢᠯᠢ | ᠶᠢᠨ ᠭᠤᠤᠯ ᠤᠨ ᠲᠠᠯ᠎ᠠ ᠨᠤᠳᠤᠭ ᠤᠨ ᠠᠩᠬᠢᠰ ᠦᠬᠡᠷ ᠤᠨ ᠮᠢᠬ᠎ᠠ ᠶᠢ ᠨᠠᠷᠢᠯᠢᠭ ᠡᠳ᠋ᠰᠢᠬᠦᠯᠬᠦ ᠬᠢᠷᠢ ᠲᠦᠪᠰᠢᠨ ᠢ | ᠲᠠᠰᠤᠷᠠᠯᠳᠠ ᠦᠬᠡᠢ ᠲᠡᠬᠡᠭᠰᠢᠯᠡᠬᠦᠯᠵᠤ᠂ ᠮᠤᠩᠭᠤᠯ ᠤᠯᠠᠭᠠᠨ ᠢᠳᠡᠬᠡᠨ ᠤ ᠬᠢᠵᠠᠭᠠᠷᠳᠤ ᠺᠤᠮᠫᠠᠨᠢ ᠶᠢ ᠵᠢᠱᠢᠭᠰᠡᠨ | ᠭᠠᠷᠤᠯᠳᠠ ᠳᠤ ᠬᠦᠷᠬᠡᠵᠤ᠂ ᠮᠠᠯ ᠤᠨ ᠶᠠᠰᠤ᠂ ᠴᠢᠰᠤ᠂ ᠲᠠᠪᠤᠨ ᠴᠤᠯᠤ᠂ ᠠᠷᠠᠰᠣ᠂ ᠨᠣᠣᠰᠣ ᠡᠳ᠋ᠰᠢᠬᠦᠯᠬᠦ ᠠᠵᠤ | ᠠᠬᠤᠶᠢᠯᠡᠯ ᠢ ᠤᠷᠢᠨ ᠤᠷᠤᠭᠤᠯᠵᠤ᠂ ᠪᠦᠬᠦ ᠵᠢᠯ ᠳᠤ 40 ᠲᠦᠮᠡᠨ ᠮᠠᠯ ᠡᠳ᠋ᠰᠢᠬᠦᠯᠬᠦ ᠪᠠᠷ ᠴᠢᠷᠮᠠᠶᠢᠨ᠂ ᠤᠯᠠᠭᠠᠨ | ᠢᠳᠡᠬᠡᠨ ᠬᠡᠯᠬᠢᠶᠡᠵᠢᠬᠦᠯᠦᠨ ᠡᠳ᠋ᠰᠢᠬᠦᠯᠬᠦ ᠠᠵᠤ ᠠᠬᠤᠶᠢᠯᠡᠯ 1 ᠶᠢ ᠤᠷᠢᠨ ᠤᠷᠤᠭᠤᠯᠤᠨ᠎ᠠ᠃ ᠴᠠᠭᠠᠨ ᠢᠳᠡᠭᠡ | ᠪᠤᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠤᠷᠢᠯᠡᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ | ᠦᠢᠯᠡᠳᠪᠤᠷᠢᠯᠡᠯ ᠡᠵᠡᠩᠨᠡᠯᠳᠡ ᠶᠢ ᠲᠦᠷᠢᠮᠵᠢᠬᠦᠯᠵᠤ᠂ ᠪᠦᠬᠦ ᠵᠢᠯ ᠳᠤ 310 ᠲᠤᠨ ᠴᠡᠭᠡ᠂ 350 ᠲᠤᠨ ᠴᠠᠭᠠᠨ | ᠢᠳᠡᠭᠡ᠂ 20 ᠲᠤᠨ ᠠᠴᠠ ᠲᠡᠭᠡᠭᠰᠢ ᠴᠡᠬᠡᠨ ᠲᠠᠯᠬ᠎ᠠ ᠡᠳ᠋ᠰᠢᠬᠦᠯᠤᠨ ᠪᠤᠷᠤᠯᠠᠭᠤᠯᠤᠨ᠎ᠠ᠃ ᠰᠢᠨ᠎ᠠ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠪᠠᠶᠢᠭᠤᠯᠵᠤ᠂ ᠴᠤᠬᠤᠢ ᠶᠢᠨ ᠴᠢᠯᠠᠭᠤ᠂ ᠨᠡᠬᠦᠷᠡᠰᠤᠨ ᠤ ᠬᠡᠤᠷᠡᠰᠤ᠂ | ᠬᠦᠳᠡᠷ ᠤᠨ ᠰᠢᠭᠠᠷᠤ ᠶᠢ ᠶᠠᠷᠤᠩᠬᠡᠶᠢᠯᠡᠨ ᠠᠰᠢᠭᠯᠠᠬᠤ ᠪᠠᠷ ᠰᠢᠪᠳᠤᠯᠤᠯᠳᠠ ᠪᠤᠯᠭᠠᠵᠤ᠂ ᠪᠦᠬᠦ ᠠᠶᠢᠮᠠᠭ ᠤᠨ ︽ | ᠨᠡᠬᠦᠷᠡᠰᠤᠨ ᠤ ᠬᠡᠤᠷᠡᠰᠤ ᠶᠢ ᠶᠠᠷᠤᠩᠬᠡᠶᠢᠯᠡᠨ ᠠᠰᠢᠭᠯᠠᠵᠤ ᠬᠠᠮᠢᠶᠠᠷᠬᠤ ᠲᠦᠷ ᠬᠡᠷᠡᠭᠵᠢᠬᠦᠯᠬᠦ ᠠᠷᠭ᠎ᠠ︾ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠢ ᠳ᠋ᠦᠡᠭ ᠱᠦᠢᠨᠢ ᠶᠢᠨ ᠲᠤᠯᠤᠭᠠᠶᠢᠯᠠᠭᠴᠢ ᠠᠵᠤ ᠠᠬᠤᠶᠢᠯᠡᠯ ᠤᠨ ᠦᠢᠯᠡᠳᠤᠯ | ᠢ ᠬᠦᠢᠴᠡᠳ ᠪᠠᠳᠠᠷᠠᠭᠤᠯᠤᠨ᠂ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠡᠯ ᠢ ᠤᠷᠢᠨ | ᠤᠷᠤᠭᠤᠯᠵᠤ᠂ ᠨᠠᠬᠦᠷᠡᠰᠤᠨ ᠤ ᠠᠵᠤ ᠦᠢᠯᠡᠰ ᠤᠨ ᠬᠦᠭᠵᠢᠯᠳᠠ ᠶᠢ ᠪᠦᠬᠦ ᠬᠦᠴᠦᠨ ᠢᠶᠠᠷ ᠠᠬᠢᠭᠤᠯᠵᠤ᠂ | ᠴᠠᠭᠠᠡᠨᠠᠭᠤᠷ ᠤᠨ ᠵᠢᠯ ᠳᠤ 500 ᠲᠦᠮᠡᠨ ᠲᠤᠨ ᠤ ᠨᠠᠬᠦᠷᠡᠰᠤᠨ ᠠᠭᠤᠷᠬᠠᠢ ᠪᠠ ᠳ᠋ᠠ ᠠᠠ ᠤ ᠵᠢᠯ ᠳᠤ 120 | ᠲᠦᠮᠡᠨ ᠲᠤᠨ ᠤ ᠨᠠᠬᠦᠷᠡᠰᠤᠨ ᠠᠭᠤᠷᠬᠠᠢ ᠶᠢ ᠬᠢᠨᠡᠨ ᠵᠦᠪᠰᠢᠶᠠᠷᠠᠬᠦᠯᠵᠤ ᠪᠠᠷᠢᠯᠭ᠎ᠠ ᠡᠬᠢᠯᠡᠬᠦᠯᠵᠤ᠂ ᠮᠠᠨᠢᠳᠤ ᠠᠭᠤᠷᠬᠠᠢ | ᠶᠢᠨ ᠲᠤᠭᠤᠷᠢᠭ ᠤᠨ ᠨᠡᠬᠦᠷᠡᠰᠤᠨ ᠤ ᠡᠬᠢ ᠪᠠᠶᠠᠯᠢᠭ ᠢ ᠨᠢᠬᠡᠳᠬᠡᠨ᠂ 150 ᠲᠦᠮᠡᠨ ᠲᠤᠨ ᠪᠦᠳᠦᠬᠦᠯᠢᠭ ᠨᠠᠬᠦᠷᠡᠰᠤ | ᠦᠢᠯᠡᠳᠪᠤᠷᠢᠯᠡᠬᠦ ᠪᠠᠷ ᠴᠢᠷᠮᠠᠶᠢᠵᠤ᠂ ᠠᠳᠠᠯᠢ ᠬᠤᠭᠤᠴᠠᠭᠠᠨ ᠠᠴᠠ 25% ᠪᠠᠷ ᠨᠡᠮᠡᠭᠳᠡᠬᠦᠯᠤᠨ᠎ᠠ᠃ | ᠤᠳᠤᠬᠢᠴᠢᠯᠠᠭᠰᠡᠨ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠶᠡᠭᠡᠪᠡᠷ ᠠᠬᠢᠭᠤᠯᠤᠨ᠎ᠠ᠃ ᠡᠮᠴᠢᠯᠡᠭᠡ | ᠰᠤᠪᠢᠯᠠᠯᠳᠠ ᠶᠢᠨ ᠠᠵᠤ ᠦᠢᠯᠡᠰ ᠢᠶᠠᠷ ᠰᠢᠪᠳᠤᠯᠤᠯᠳᠠ ᠪᠤᠯᠭᠠᠨ᠂ ᠠᠭᠤᠰᠤᠯᠴᠠᠯ ᠰᠠᠶᠢᠨ᠂ ᠬᠡᠯᠬᠢᠶᠠᠵᠢᠯ ᠤᠷᠳᠤ᠂ | ᠶᠠᠰᠤ ᠴᠢᠨᠠᠷ ᠢ ᠲᠡᠬᠡᠭᠰᠢᠯᠡᠬᠦᠯᠦᠭᠰᠡᠨ ᠤᠳᠤᠬᠢᠴᠢᠯᠠᠭᠰᠡᠨ ᠦᠢᠯᠡᠴᠢᠯᠡᠬᠡᠨ ᠤ ᠦᠢᠯᠡᠰ ᠢ ᠲᠡᠰ ᠲᠠᠪᠰᠢᠬᠦᠯᠤᠨ | ᠠᠬᠢᠭᠤᠯᠤᠨ᠎ᠠ᠃ ᠠᠪᠠᠭ᠎ᠠ ᠴᠡᠭᠡ ᠶᠢᠨ ᠮᠤᠩᠭᠤᠯ ᠡᠮᠨᠡᠯᠬᠡ᠂ ᠡᠮᠴᠢᠯᠡᠭᠡ ᠡᠷᠡᠬᠦᠯᠵᠢᠯ ᠤᠨ ᠲᠠᠯ᠎ᠠ ᠳᠠᠬᠢ ᠤᠡᠴᠠᠭᠠᠢ | ᠦᠢᠯᠡᠳᠤᠯ ᠢ ᠪᠠᠳᠠᠷᠠᠭᠤᠯᠤᠨ᠂ ᠲᠣᠬᠢᠯᠢᠭ ᠰᠠᠶᠢᠬᠠᠨ ᠣᠷᠣᠰᠢᠨ ᠰᠠᠭᠤᠬᠤ ᠨᠦᠬᠦᠴᠡᠯ ᠪᠠ ᠦᠪᠡᠷᠮᠢᠴᠡ ᠰᠤᠶᠤᠯ ᠤᠨ | ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠣ᠂ ᠪᠡᠬᠡᠵᠢᠩ ᠲᠢᠶᠠᠡᠵᠢᠨ ᠾᠧᠪᠸᠢ ᠵᠡᠷᠬᠡ ᠤᠷᠤᠨ ᠤ ᠡᠮᠴᠢᠯᠡᠭᠡ | ᠰᠤᠪᠢᠯᠠᠯᠳᠠ ᠶᠢᠨ ᠦᠢᠯᠡᠴᠢᠯᠡᠬᠡᠨ ᠤ ᠠᠵᠤ ᠦᠢᠯᠡᠰ ᠲᠠᠢ ᠬᠠᠮᠳᠤᠷᠠᠯᠴᠠᠭ᠎ᠠ ᠦᠷᠨᠢᠬᠦᠯᠵᠤ᠂ ᠤᠯᠠᠷᠢᠯ ᠤᠨ ᠴᠢᠨᠠᠷᠳᠡᠢ | ᠡᠮᠴᠢᠯᠡᠭᠡ ᠰᠤᠪᠢᠯᠠᠯᠳᠠ ᠶᠢᠨ ᠵᠠᠭᠪᠤᠷ ᠢ ᠢᠳᠡᠪᠬᠢᠳᠡᠢ ᠰᠦᠪᠡᠭᠴᠢᠯᠡᠨ᠂ ᠲᠤᠰᠬᠠᠢ ᠠᠵᠤ ᠠᠬᠤᠶᠢᠯᠡᠯ ᠢ ᠤᠷᠢᠨ | ᠤᠷᠤᠭᠤᠯᠬᠤ ᠪᠠ ᠡᠮᠴᠢᠯᠡᠬᠡᠨ ᠤ ᠪᠠᠶᠢᠭᠤᠯᠤᠮᠵᠢ ᠶᠢᠨ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠭᠰᠡᠨ | ᠦᠢᠯᠡᠴᠢᠯᠡᠬᠡᠨ ᠤ ᠬᠦᠭᠵᠢᠯᠳᠠ ᠶᠢ ᠵᠤᠷᠢᠭᠵᠢᠭᠤᠯᠵᠤ᠂ ᠡᠮᠴᠢᠯᠡᠭᠡ ᠰᠤᠪᠢᠯᠠᠯᠳᠠ ᠬᠢᠬᠦ ᠨᠠᠶᠢᠳᠠ ᠶᠢᠨ ᠲᠦᠷᠢᠶᠠᠰᠤᠨ | ᠪᠠᠶᠢᠷᠢ ᠭᠠᠷᠭᠠᠨ᠂ ᠬᠤᠳᠠ ᠶᠢᠨ ᠨᠠᠰᠤᠳᠠᠶᠢᠴᠤᠤᠯ ᠵᠤᠨ ᠨᠠᠮᠤᠷ ᠤᠨ ᠤᠯᠠᠷᠢᠯ ᠮᠠᠨ ᠤ ᠬᠤᠰᠢᠭᠤᠨ ᠳᠤ ᠡᠮᠴᠢᠯᠡᠭᠡ | ᠰᠤᠪᠢᠯᠠᠯᠳᠠ ᠬᠢᠬᠦ ᠶᠢ ᠤᠷᠢᠨ ᠲᠠᠳᠠᠬᠤ ᠶᠢᠨ ᠬᠠᠮᠳᠤ᠂ ᠡᠮᠴᠢᠯᠡᠭᠡ ᠰᠤᠪᠢᠯᠠᠯᠳᠠ ᠶᠢᠨ ᠦᠢᠯᠡᠴᠢᠯᠡᠬᠡᠨ ᠪᠠ ᠰᠤᠶᠤᠯ | ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠵᠤ᠂ ︽ᠲᠤᠮᠳᠠᠳᠤ ᠤᠯᠤᠰ ᠤᠨ ᠠᠳᠤᠭᠤᠨ ᠤ ᠦᠯᠤᠬᠡᠢ︾ ᠶᠢᠨ | ᠨᠠᠷᠡᠳᠤ ᠲᠡᠮᠳᠡᠭ ᠲᠤ ᠲᠦᠰᠢᠭᠯᠡᠨ᠂ ᠬᠠᠷ᠎ᠠ ᠠᠳᠤᠭᠤᠨ ᠰᠤᠶᠤᠯ ᠤᠨ ᠨᠠᠶᠢᠷ ᠢᠶᠠᠷ ᠭᠠᠷᠳᠠᠴᠠ ᠪᠣᠯᠭᠠᠨ᠂ ᠪᠡᠯᠬᠦᠳᠡᠢ | ᠵᠢᠰᠠ ᠶᠢᠨ ᠵᠤᠭᠠᠴᠠᠯ ᠤᠨ ᠣᠷᠣᠨ ᠤ ᠲᠤᠭᠤᠷᠢᠨ ᠳᠤ᠂ ᠠᠪᠠᠭ᠎ᠠ ᠴᠡᠭᠡ ᠶᠢᠨ ᠡᠮᠴᠢᠯᠡᠭᠡ ᠰᠤᠪᠢᠯᠠᠯᠳᠠ ᠶᠢᠨ | ᠰᠠᠭᠤᠷᠢᠨ᠂ ᠬᠠᠷ᠎ᠠ ᠠᠳᠤᠭᠤᠨ ᠰᠤᠶᠤᠯ ᠤᠨ ᠰᠠᠭᠤᠷᠢᠨ ᠪᠠ ︽ᠠᠪᠠᠭ᠎ᠠ ᠠᠶᠢᠯ︾᠂ ︽ᠬᠠᠷ᠎ᠠ ᠠᠳᠤᠭᠤᠨ ᠠᠶᠢᠯ︾ | ᠤᠨ ᠵᠤᠭᠠᠴᠠᠯ ᠤᠨ ᠴᠡᠭ ᠪᠠᠶᠢᠭᠤᠯᠵᠤ᠂ ︽ᠴᠢᠩᠬᠢᠰ ᠪᠤᠭᠳᠠ ᠠᠭᠤᠯᠠ ᠶᠢᠨ ᠲᠠᠬᠢᠯᠭ᠎ᠠ︾ ᠵᠠᠩ ᠦᠢᠯᠠ ᠶᠢᠨ | ᠠᠵᠢᠯᠯᠠᠭᠠᠨ ᠤ ᠨᠦᠯᠤᠬᠡ ᠲᠤᠰᠬᠠᠯ ᠢ ᠦᠷᠬᠡᠳᠬᠡᠨ᠂ ᠰᠠᠭᠤᠷᠢᠨ ᠭᠠᠵᠡᠷ᠂ ᠦᠵᠡᠮᠵᠢ ᠶᠢᠨ ᠲᠤᠭᠤᠷᠢᠭ᠂ ᠨᠠᠶᠢᠷ | ᠨᠠᠭᠠᠳᠤᠮ᠂ ᠮᠠᠯᠵᠢᠯ ᠤᠨ ᠲᠠᠯᠠᠪᠠᠢ ᠶᠢ ᠴᠤᠭᠴᠠᠯᠠᠬᠤ ᠪᠠᠷ ᠲᠠᠮᠵᠢᠨ ᠵᠤᠭᠠᠴᠠᠭᠰᠡᠳ ᠲᠤ ︽ᠰᠠᠩᠰᠠᠨ ᠬᠠᠷ᠎ᠠ ᠳᠤ ᠪᠠᠨ | ᠮᠤᠷᠳᠠᠵᠤ᠂ ᠰᠦᠵᠢᠭᠳᠦ ᠬᠠᠶᠢᠷᠬᠠᠨ ᠢᠶᠠᠨ ᠪᠠᠷᠠᠯᠠᠨ᠂ ᠰᠦ ᠴᠡᠭᠡ ᠪᠠᠨ ᠰᠦᠩᠨᠡᠵᠤ᠂ ᠤᠶᠠᠩᠭᠠᠳᠤ ᠴᠤᠭᠤᠷ ᠢᠶᠠᠨ | ᠠᠶᠠᠯᠠᠭᠤᠯᠵᠤ᠂ ᠠᠭᠤᠯᠠ ᠣᠪᠣᠭ᠎ᠠ ᠪᠠᠨ ᠲᠠᠬᠢᠵᠣ᠂ ᠦᠨᠳᠦᠰᠦᠳᠡᠨ ᠤ ᠰᠣᠶᠣᠯ ᠢᠶᠠᠨ ᠪᠠᠭ᠋ᠠᠷᠬᠠᠬᠤ︾ ᠵᠡᠷᠬᠡ | ᠠᠵᠢᠯᠯᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠠᠶᠢᠮᠠᠭ ᠤᠨ ᠲᠡᠰ ᠤᠨ ᠰᠤᠳᠤᠨ ᠵᠤᠭᠠᠴᠠᠯ ᠤᠨ ᠵᠠᠮ | ᠱᠤᠭᠤᠮ ᠳᠤ ᠲᠦᠰᠢᠭᠯᠡᠨ᠂ ᠦᠪᠡᠷᠮᠢᠴᠠ ᠤᠡᠴᠠᠯᠢᠭ ᠪᠦᠬᠦᠢ ᠠᠪᠠᠭ᠎ᠠ ᠶᠢᠨ ᠡᠮᠴᠢᠯᠡᠭᠡ ᠡᠷᠡᠬᠦᠯᠵᠢᠯ ᠪᠠ ᠬᠠᠷ᠎ᠠ | ᠠᠳᠤᠭᠤᠨ ᠰᠤᠶᠤᠯ ᠤᠨ ᠵᠤᠭᠠᠴᠠᠯ ᠤᠨ ᠦᠢᠯᠡᠰ ᠢ ᠠᠬᠢᠭᠤᠯᠵᠤ᠂ ᠪᠦᠬᠦ ᠵᠢᠯ ᠳᠤ ᠵᠤᠭᠠᠴᠠᠭᠰᠡᠳ ᠢ 25 ᠲᠦᠮᠡᠨ | ᠬᠦᠮᠤᠨ ᠤᠳᠠᠭ᠎ᠠ ᠬᠦᠯᠢᠶᠠᠨ ᠵᠤᠴᠢᠯᠠᠵᠤ᠂ 1.3 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠡᠬᠦᠳᠤᠨ | ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 3.0% ᠪᠠ 5.0% ᠪᠠᠷ ᠨᠡᠮᠡᠭᠳᠡᠬᠦᠯᠤᠨ᠎ᠠ᠃ | ︵ᠬᠤᠶᠡᠷ︶ ᠭᠤᠣᠯᠳᠠᠯᠭᠠᠳᠣ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠶᠢ ᠬᠦᠴᠦᠯᠡᠨ ᠠᠳᠬᠤᠨ᠎ᠠ᠃ | ᠤᠯᠤᠰ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠰᠢᠷᠢᠰ ᠲᠦᠷᠤ ᠶᠢᠨ ᠪᠤᠳᠤᠯᠭ᠎ᠠ ᠶᠢᠨ | ᠠᠰᠢᠭᠳᠡᠢ ᠲᠤᠬᠢᠶᠠᠯ ᠢ ᠡᠵᠡᠮᠳᠡᠨ᠂ ᠲᠦᠷᠤᠯ ᠵᠥᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ | ᠬᠦᠡᠵᠡᠬᠡᠶᠢᠷᠡᠬᠦᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ᠎ᠠ᠃ ᠲᠦᠷᠤ ᠶᠢᠨ ᠪᠤᠳᠤᠯᠭ᠎ᠠ ᠶᠢ | ᠰᠠᠶᠢᠳᠣᠷ ᠠᠰᠢᠭᠯᠠᠨ ᠲᠦᠷᠤᠯ ᠵᠥᠢᠯ ᠢ ᠲᠦᠰᠦᠪᠯᠡᠨ᠎ᠡ᠃ ᠤᠯᠤᠰ ᠤᠨ ᠴᠦᠬᠡᠨ ᠲᠤᠭᠠᠳᠤ ᠦᠡᠳᠤᠰᠤᠳᠠᠨ ᠤ | ᠭᠠᠵᠡᠷ ᠤᠷᠤᠨ᠂ ᠬᠢᠯᠢ ᠬᠢᠵᠠᠭᠠᠷ ᠤᠷᠤᠨ ᠤ ᠤᠯᠠᠨ ᠨᠠᠶᠢᠳᠠ ᠶᠢᠨ ᠡᠬᠢ ᠪᠠᠶᠠᠯᠢᠭ ᠢ ᠲᠤᠬᠢᠷᠠᠭᠤᠯᠬᠤ ᠬᠦᠴᠤᠯᠠᠴᠠ | ᠪᠠᠨ ᠴᠢᠩᠭᠠᠳᠬᠠᠬᠤ ᠲᠤᠬᠢᠶᠠᠯ ᠢ ᠠᠮᠵᠢᠨ᠂ ᠲᠣᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ | ᠰᠢᠯᠵᠢᠯᠳᠠ ᠶᠢ ᠬᠦᠯᠢᠶᠠᠨ ᠠᠪᠬᠤ ᠴᠢᠳᠠᠪᠤᠷᠢ ᠶᠢ ᠴᠢᠩᠭᠠᠳᠬᠠᠬᠤ ᠪᠠ ᠵᠡᠬᠦᠨ ᠬᠤᠶᠢᠳᠣ ᠣᠷᠣᠨ ᠢ ᠬᠦᠭᠵᠢᠬᠦᠯᠤᠨ | ᠮᠠᠡᠳᠤᠭᠤᠯᠬᠤ ᠰᠠᠭᠤᠳᠠᠯ ᠤᠨ ᠬᠤᠷᠡᠯ ᠳᠤ ᠲᠤᠭᠳᠠᠭᠰᠡᠨ ᠵᠠᠬᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠢ | ᠶᠢᠨ ᠴᠢᠨᠠᠷ ᠰᠠᠶᠢᠳᠡᠢ ᠬᠦᠭᠵᠢᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠰᠢᠭᠳᠡᠢ ᠲᠦᠷᠤ ᠶᠢᠨ ᠪᠤᠳᠤᠯᠭ᠎ᠠ | ᠪᠠᠷ ᠵᠢᠯᠤᠭᠤᠳᠤᠮᠵᠢ ᠪᠤᠯᠭᠠᠨ᠂ ᠮᠠᠨ ᠤ ᠬᠤᠰᠢᠭᠤᠨ ᠤ ᠪᠤᠳᠠᠳᠤ ᠪᠠᠶᠢᠳᠠᠯ ᠠᠴᠠ ᠡᠬᠦᠰᠤᠨ᠂ ᠠᠵᠤ ᠦᠢᠯᠡᠰ ᠤᠨ | ᠬᠦᠭᠵᠢᠯᠳᠠ᠂ ᠰᠠᠭᠤᠷᠢ ᠲᠦᠬᠦᠬᠡᠷᠤᠮᠵᠢ᠂ ᠠᠮᠢ ᠠᠬᠤᠢ ᠤᠷᠴᠢᠨ ᠲᠤᠭᠤᠷᠢᠨ᠂ ᠮᠠᠯᠵᠢᠬᠤ ᠤᠷᠤᠨ ᠢ ᠬᠦᠭᠵᠢᠬᠦᠯᠤᠨ | ᠮᠠᠡᠳᠤᠭᠤᠯᠬᠤ᠂ ᠨᠠᠶᠢᠬᠡᠮ ᠠᠷᠡᠳ ᠤᠨ ᠠᠮᠢᠳᠤᠷᠡᠯ ᠵᠡᠷᠬᠡ ᠠᠵᠢᠯ ᠤᠨ ᠲᠤᠭᠤᠷᠢᠨ ᠳᠤ᠂ ᠨᠢᠬᠡ ᠪᠦᠯᠦᠭ ᠲᠦᠷᠤᠯ | ᠵᠥᠢᠯ ᠢ ᠢᠳᠡᠪᠬᠢᠳᠡᠢ ᠰᠦᠪᠡᠭᠴᠢᠯᠡᠨ᠂ ᠠᠵᠤ ᠠᠬᠤᠢ ᠨᠠᠶᠢᠬᠡᠮ ᠤᠨ ᠬᠦᠭᠵᠢᠯᠳᠠ ᠳᠤ ᠪᠠᠳᠤ ᠪᠠᠬᠢ ᠰᠠᠭᠤᠷᠢ | ᠲᠠᠯᠪᠢᠨ᠎ᠠ᠃ ᠭᠤᠤᠯᠳᠠᠯᠭ᠎ᠠ ᠲᠠᠢ ᠲᠦᠷᠤᠯ ᠵᠥᠢᠯ ᠤᠨ ᠬᠦᠮᠤᠷᠬᠡ ᠶᠢᠨ ᠪᠠᠶᠢᠭᠤᠯᠤᠯᠳᠠ ᠶᠢ ᠰᠠᠶᠢᠳᠤᠷ ᠬᠢᠵᠤ᠂ | ᠨᠦᠬᠡᠴᠠ ᠲᠦᠷᠤᠯ ᠵᠥᠢᠯ ᠢ ᠲᠦᠷᠤ ᠶᠢᠨ ᠪᠤᠳᠤᠯᠭ᠎ᠠ ᠲᠠᠢ ᠵᠤᠬᠢᠴᠠᠭᠤᠯᠵᠤ᠂ ᠪᠤᠳᠠᠳᠤ ᠪᠠᠶᠢᠳᠠᠯ ᠲᠠᠢ | ᠤᠶᠠᠯᠳᠤᠭᠤᠯᠵᠤ᠂ ᠴᠠᠭ ᠲᠤᠬᠠᠢ ᠳᠤᠨᠢ ᠬᠡᠷᠡᠭᠵᠢᠬᠦᠯᠬᠦ ᠶᠢ ᠪᠠᠳᠤᠯᠠᠨ᠎ᠠ᠃ ᠵᠤᠬᠢᠴᠠᠮᠵᠢ ᠪᠠᠨ ᠪᠦᠷᠢᠡᠰᠢᠬᠦᠯᠤᠨ ᠲᠦᠷᠤᠯ | ᠵᠥᠢᠯ ᠢ ᠪᠠᠶᠢᠭᠤᠯᠤᠨ᠎ᠠ᠃ ᠲᠦᠷᠥᠯ ᠵᠥᠢᠯ ᠠᠬᠢᠭᠤᠯᠬᠤ ᠵᠤᠬᠢᠴᠠᠮᠵᠢ ᠶᠢ ᠪᠦᠷᠢᠡᠰᠢᠬᠦᠯᠵᠤ᠂ ᠬᠤᠰᠢᠭᠤ ᠲᠡᠰ ᠤᠨ | ᠤᠳᠤᠷᠢᠳᠤᠯᠭ᠎ᠠ ᠲᠠᠭᠠᠭᠠᠴᠢᠯᠠᠬᠤ᠂ ᠲᠠᠭᠠᠭᠤᠯᠤᠭᠴᠢ ᠰᠠᠯᠠᠭ᠎ᠠ ᠮᠦᠴᠢᠷ ᠠᠴᠠ ᠠᠬᠢᠭᠤᠯᠬᠤ᠂ ᠬᠠᠷᠢᠭᠤᠴᠠᠯᠭᠠᠳᠤ | ᠰᠠᠯᠠᠭ᠎ᠠ ᠮᠦᠴᠢᠷ ᠠᠴᠠ ᠵᠤᠬᠢᠴᠠᠭᠤᠯᠤᠨ ᠬᠠᠮᠵᠢᠯᠴᠠᠬᠤ ᠲᠦᠷᠤᠯ ᠵᠥᠢᠯ ᠤᠨ ᠦᠢᠯᠡᠴᠢᠯᠡᠬᠡᠨ ᠤ ᠵᠤᠬᠢᠴᠠᠮᠵᠢ ᠶᠢ | ᠨᠠᠶᠢᠳᠠᠪᠤᠷᠢᠵᠢᠭᠤᠯᠵᠤ᠂ ᠨᠢᠬᠡᠨᠳᠡ ᠲᠤᠭᠳᠠᠭᠰᠡᠨ ᠭᠤᠤᠯᠳᠠᠯᠭ᠎ᠠ ᠲᠠᠢ ᠲᠦᠷᠥᠯ ᠵᠥᠢᠯ ᠳᠤ ᠦᠢᠯᠡᠴᠢᠯᠡᠬᠦ | ᠲᠤᠭᠤᠶᠢᠯᠠᠩ ᠪᠠᠶᠢᠭᠤᠯᠣᠨ᠂ ᠢᠯᠭᠤᠮ ᠤᠷᠤᠭᠰᠢᠳᠡᠢ ᠲᠦᠯᠬᠢᠨ ᠠᠬᠢᠭᠤᠯᠵᠤ᠂ ᠠᠰᠢᠭᠯᠠᠯᠳᠠ ᠳᠤ ᠤᠷᠤᠭᠤᠯᠬᠤ ᠶᠢ | ᠪᠠᠳᠣᠯᠠᠨ᠂ ᠨᠠᠩ ᠤᠯᠠᠨ ᠲᠦᠷᠤᠯ ᠵᠥᠢᠯ ᠢ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠡᠷᠡᠭᠵᠢᠬᠦᠯᠬᠦ | ᠲᠦᠯᠤᠪᠯᠡᠬᠡᠨ ᠤ ᠬᠡᠪᠴᠢᠶᠠᠨ ᠳᠤ ᠣᠷᠣᠭᠤᠯᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ 30 ᠲᠦᠷᠤᠯ ᠵᠥᠢᠯ ᠢ | ᠪᠦᠬᠦᠨ ᠢ ᠪᠠᠷᠢᠯᠭ᠎ᠠ ᠡᠬᠢᠯᠡᠬᠦᠯᠬᠦ ᠪᠣᠶᠣ ᠰᠡᠷᠬᠦᠬᠡᠨ᠂ 11 ᠲᠦᠷᠤᠯ ᠵᠥᠢᠯ ᠤᠨ ᠪᠡᠯᠡᠳᠬᠡᠯ ᠠᠵᠢᠯ ᠢ ᠰᠢᠪᠳᠤᠯᠤᠯᠳᠠ | ᠲᠠᠢ ᠪᠤᠯᠭᠠᠵᠤ᠂ 33 ᠳ᠋ᠦᠩᠰᠢᠭᠤᠷ ᠲᠦᠬᠦᠷᠢᠭ ᠠᠴᠠ ᠲᠡᠬᠡᠭᠰᠢ ᠪᠡᠯᠡ ᠤᠷᠤᠭᠤᠯᠤᠯᠳᠠ ᠶᠢ ᠪᠠᠶᠠᠯᠠᠬᠦᠯᠤᠨ᠎ᠠ᠃ | ᠠᠷᠠᠯᠵᠢᠶᠠᠴᠢᠨ ᠤᠷᠢᠵᠤ ᠲᠦᠷᠥᠯ ᠵᠥᠢᠯ ᠲᠠᠳᠠᠨ᠎ᠠ᠃ ᠠᠷᠠᠯᠵᠢᠶᠠᠴᠢᠨ ᠤᠷᠢᠬᠤ ᠲᠦᠯᠤᠪᠯᠡᠭᠡ ᠲᠤᠭᠳᠠᠭᠠᠨ᠂ | ᠬᠠᠷᠢᠭᠤᠴᠠᠯᠭ᠎ᠠ ᠶᠢ ᠱᠠᠳᠣ ᠲᠠᠷᠠᠭᠠᠯᠠᠨ ᠨᠠᠶᠢᠳᠠᠪᠤᠷᠢᠵᠢᠭᠤᠯᠤᠨ᠎ᠠ᠃ ᠡᠬᠢ ᠪᠠᠶᠠᠯᠢᠭ ᠤᠨ ᠲᠠᠪᠠᠭᠤᠯᠢᠭ ᠪᠠ | ᠭᠤᠤᠯᠯᠠᠭᠴᠢ ᠠᠵᠤ ᠦᠢᠯᠡᠰ ᠤᠨ ᠬᠦᠭᠵᠢᠯᠳᠠ ᠶᠢᠨ ᠲᠤᠭᠤᠷᠢᠨ ᠳᠤ᠂ ᠬᠤᠯᠪᠤᠭᠠᠯᠠᠨ ᠤᠷᠢᠬᠤ᠂ ᠨᠠᠶᠢᠳᠠᠵᠤ ᠤᠷᠢᠬᠤ | ᠂ ᠠᠷᠠᠯᠵᠢᠶ᠎ᠠ ᠪᠠᠷ ᠤᠷᠢᠬᠤ᠂ ᠠᠵᠤ ᠦᠢᠯᠡᠰ ᠤᠨ ᠬᠡᠯᠬᠢᠶᠠᠵᠢᠯ ᠢᠶᠠᠷ ᠤᠷᠢᠬᠤ ᠵᠡᠷᠬᠡ ᠠᠵᠢᠯᠯᠠᠭ᠎ᠠ ᠦᠷᠨᠢᠬᠦᠯᠵᠤ᠂ | ᠬᠦᠭᠵᠢᠯᠳᠠ ᠶᠢᠨ ᠲᠠᠯᠳᠠ ᠬᠦᠴᠤᠨ ᠲᠠᠢ᠂ ᠵᠠᠬ᠎ᠠ ᠲᠡᠯᠬᠡᠬᠦᠷ ᠤᠨ ᠬᠠᠨᠳᠤᠰᠢ ᠰᠠᠶᠢᠨ᠂ ᠭᠠᠶᠢᠯᠢ ᠶᠢᠨ ᠤᠷᠤᠯᠭ᠎ᠠ ᠶᠢ | ᠨᠡᠮᠡᠭᠳᠡᠬᠦᠯᠬᠦ ᠠᠵᠤ ᠦᠢᠯᠡᠰ ᠤᠨ ᠲᠦᠷᠤᠯ ᠵᠥᠢᠯ ᠢ ᠤᠷᠢᠨ ᠤᠷᠤᠭᠤᠯᠵᠤ᠂ ᠠᠷᠠᠯᠵᠢᠶᠠᠨ ᠣᠷᠢᠵᠣ ᠪᠡᠯᠡ ᠲᠠᠳᠠᠬᠤ | ᠦᠨᠳᠦᠰᠦᠨ ᠱᠠᠳᠣᠨ ᠤ ᠰᠠᠭᠤᠷᠢ ᠪᠦᠳᠦᠭᠡᠨ ᠪᠠᠶᠢᠭᠤᠯᠣᠯᠳᠠ ᠶᠢᠨ ᠠᠵᠢᠯ ᠢ ᠶᠡᠭᠡᠪᠡᠷ ᠠᠬᠢᠭᠤᠯᠵᠣ᠂ ᠠᠵᠤ ᠠᠬᠤᠢ | ᠶᠢᠨ ᠰᠢᠨ᠎ᠠ ᠨᠡᠮᠡᠭᠳᠡᠯ ᠴᠡᠭ ᠢ ᠪᠤᠢ ᠪᠤᠯᠭᠠᠨ᠎ᠠ᠃ ᠠᠷᠠᠯᠵᠢᠶᠠᠴᠢᠨ ᠤᠷᠢᠬᠤ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ | ᠶᠢ ᠪᠦᠷᠢᠡᠰᠢᠬᠦᠯᠵᠤ᠂ ᠦᠢᠯᠡᠴᠢᠯᠡᠭᠡ ᠪᠠᠨ ᠴᠢᠩᠭᠠᠳᠬᠠᠨ᠂ ᠤᠬᠢ ᠰᠠᠶᠢᠬᠠᠨ ᠨᠠᠶᠢᠬᠡᠮ ᠤᠨ ᠤᠷᠴᠢᠨ ᠢ ᠪᠤᠢ ᠪᠤᠯᠭᠠᠵᠤ | ᠂ ᠲᠦᠷᠤᠯ ᠵᠥᠢᠯ ᠢ ᠤᠷᠢᠵᠤ ᠲᠠᠶᠢᠯᠬᠦ᠂ ᠦᠯᠡᠳᠡᠬᠡᠵᠤ ᠲᠠᠶᠢᠯᠬᠦ᠂ ᠬᠦᠭᠵᠢᠬᠦᠯᠵᠤ ᠲᠠᠶᠢᠯᠬᠦ ᠶᠢ ᠪᠠᠳᠤᠯᠠᠨ᠎ᠠ᠃ ᠤᠯᠤᠰ | ᠤᠨ ᠬᠢᠯᠢ ᠬᠢᠵᠠᠭᠠᠷ ᠤᠨ ᠴᠦᠬᠡᠨ ᠲᠤᠭᠠᠳᠤ ᠦᠡᠳᠤᠰᠤᠳᠠᠨ ᠤ ᠭᠠᠵᠡᠷ ᠤᠷᠤᠨ ᠤ ᠠᠵᠤ ᠠᠬᠤᠶᠢᠯᠡᠯ ᠤᠨ ᠰᠲ᠋ᠤᠺ | ᠤᠨ ᠵᠠᠬ᠎ᠠ ᠳᠤ ᠭᠠᠷᠭᠠᠬᠤ ᠶᠢ ᠲᠠᠮᠵᠢᠬᠦ ᠠᠰᠢᠭᠳᠡᠢ ᠲᠦᠷᠤ ᠶᠢᠨ ᠪᠤᠳᠤᠯᠭ᠎ᠠ ᠶᠢ ᠡᠵᠡᠮᠳᠠᠨ᠂ ᠠᠵᠤ ᠠᠬᠤᠶᠢᠯᠡᠯ ᠤᠨ | ᠶᠠᠷᠤᠩᠬᠡᠢ ᠵᠠᠬᠢᠷᠭ᠎ᠠ ᠶᠢᠨ ᠬᠦᠭᠵᠢᠯᠳᠠ ᠶᠢ ᠢᠳᠡᠪᠬᠢᠳᠡᠢ ᠠᠬᠢᠭᠤᠯᠵᠣ᠂ ᠬᠡᠪᠴᠢᠶᠠᠵᠢᠭ᠍ᠰᠡᠨ᠂ ᠲᠠᠯᠳᠠ ᠴᠢᠳᠠᠪᠬᠢ ᠶᠡᠭᠡ | ᠠᠵᠤ ᠠᠬᠤᠶᠢᠯᠡᠯ ᠢ ᠮᠠᠨ ᠤ ᠬᠤᠰᠢᠭᠤᠨ ᠳᠤ ᠲᠠᠩᠰᠠᠯᠠᠭᠤᠯᠤᠨ᠂ ᠪᠦᠬᠦ ᠵᠢᠯ ᠳᠤ 30 ᠳ᠋ᠦᠩᠰᠢᠭᠤᠷ ᠲᠦᠬᠦᠷᠢᠭ ᠤᠨ | ᠪᠡᠯᠡ ᠮᠦᠩᠬᠦ ᠲᠠᠳᠠᠨ ᠤᠷᠤᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠤᠷᠢ ᠶᠢᠨ ᠲᠤᠭᠤᠷᠢᠭ ᠪᠠᠶᠢᠭᠤᠯᠵᠤ ᠲᠦᠷᠤᠯ | ᠵᠥᠢᠯ ᠢ ᠲᠦᠪᠯᠡᠷᠡᠬᠦᠯᠤᠨᠠ᠃ ︽ᠨᠢᠬᠡ ᠲᠤᠭᠤᠷᠢᠭ ᠭᠤᠷᠪᠡᠨ ᠰᠠᠭᠤᠷᠢᠨ︾ ᠤ ᠪᠦᠳᠤᠬᠡᠨ ᠪᠠᠶᠢᠭᠤᠯᠤᠯᠳᠠ ᠶᠢᠨ | ᠱᠠᠭᠠᠷᠳᠠᠯᠭ᠎ᠠ ᠶᠢ ᠦᠡᠳᠤᠰᠤᠯᠠᠨ᠂ ᠵᠠᠰᠠᠭ ᠤᠨ ᠤᠷᠳᠤᠨ ᠠᠴᠠ ᠤᠳᠤᠷᠢᠳᠤᠮᠵᠢ ᠪᠤᠯᠭᠠᠬᠤ ᠪᠠ ᠵᠠᠬ᠎ᠠ ᠲᠡᠯᠬᠡᠬᠦᠷᠴᠢᠯᠡᠬᠦ | ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠨ᠂ ᠤᠯᠠᠨ ᠡᠰᠢᠳᠤ ᠪᠡᠯᠡ ᠤᠷᠤᠭᠤᠯᠤᠯᠳᠠ ᠶᠢ ᠰᠦᠪᠡᠭᠴᠢᠯᠡᠵᠤ᠂ | ᠲᠤᠭᠤᠷᠢᠭ ᠤᠨ ᠰᠠᠭᠤᠷᠢ ᠲᠦᠬᠦᠬᠡᠷᠤᠮᠵᠢ ᠪᠠ ᠤᠯᠠᠨ ᠨᠠᠶᠢᠳᠠ ᠶᠢᠨ ᠦᠢᠯᠡᠴᠢᠯᠡᠬᠡᠨ ᠤ ᠲᠦᠬᠦᠬᠡᠷᠤᠮᠵᠢ ᠶᠢ ᠢᠵᠢ | ᠪᠦᠷᠢᠡᠰᠢᠬᠦᠯᠬᠦ ᠶᠢ ᠠᠬᠢᠭᠤᠯᠵᠤ᠂ ᠴᠢᠳᠠᠪᠬᠢ ᠶᠢ ᠲᠠᠬᠡᠭᠰᠢᠯᠡᠬᠦᠯᠵᠤ᠂ ᠲᠦᠷᠤᠯ ᠵᠥᠢᠯ ᠢ ᠲᠦᠪᠯᠡᠷᠡᠬᠦᠯᠵᠤ᠂ ᠶᠠᠷᠤᠩᠬᠡᠢ | ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ᠂ ᠡᠬᠦᠯᠡᠨ ᠪᠤᠳᠤᠯᠳᠠ ᠶᠢᠨ ᠳ᠋ᠠᠶᠢᠲ᠋ᠠ ᠲᠤᠭ᠎ᠠ ᠬᠦᠮᠤᠷᠬᠡ ᠶᠢᠨ | ᠲᠦᠷᠤᠯ ᠵᠥᠢᠯ ᠪᠠ ᠮᠦᠩᠬᠦᠨ ᠲᠤᠯᠢ ᠮᠤᠩᠭᠤᠯ ᠬᠡᠷ ᠤᠨ ᠦᠢᠯᠡᠳᠪᠤᠷᠢ ᠶᠢ ᠠᠵᠤ ᠦᠢᠯᠡᠳᠪᠤᠷᠢ ᠶᠢᠨ ᠲᠤᠭᠤᠷᠢᠭ | ᠲᠤ ᠰᠠᠭᠤᠷᠢᠰᠢᠭᠤᠯᠬᠤ ᠶᠢ ᠠᠬᠢᠭᠤᠯᠤᠨ᠎ᠠ᠃ | ︵ᠭᠤᠷᠪᠡ︶ ᠨᠠᠶᠢᠬᠡᠮ ᠠᠷᠡᠳ ᠤᠨ ᠠᠮᠢᠳᠤᠷᠡᠯ ᠤᠨ ᠠᠵᠢᠯ ᠦᠢᠯᠡᠰ ᠢ ᠬᠦᠴᠤᠯᠠᠨ ᠠᠳᠬᠤᠨ᠎ᠠ᠃ | ᠭᠤᠤᠯᠳᠠᠯᠭ᠎ᠠ ᠪᠠᠨ ᠠᠳᠬᠤᠨ᠂ ᠲᠤᠳᠠᠭᠳᠠᠯ ᠢᠶᠠᠨ ᠨᠦᠬᠦᠪᠤᠷᠢᠯᠡᠵᠤ᠂ ᠰᠠᠭᠤᠷᠢ ᠪᠠᠨ ᠪᠠᠬᠢᠵᠢᠬᠦᠯᠵᠤ᠂ ᠨᠠᠶᠢᠬᠡᠮ ᠤᠨ | ᠠᠵᠢᠯ ᠦᠢᠯᠡᠰ ᠢ ᠬᠦᠭᠵᠢᠬᠦᠯᠵᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠤᠨ᠂ ᠪᠦᠬᠦ ᠬᠤᠰᠢᠭᠤᠨ ᠤ ᠠᠷᠡᠳ | ᠲᠦᠮᠡᠨ ᠳᠤ ᠨᠠᠶᠢᠳᠠᠮ ᠠᠰᠢᠭ ᠬᠦᠷᠳᠡᠬᠡᠵᠤ᠂ ᠡᠩ ᠤᠨ ᠤᠯᠠᠨ ᠨᠠᠶᠢᠳᠠ ᠶᠢᠨ ᠲᠦᠰᠤᠪᠯᠡᠭᠰᠡᠨ ᠵᠠᠷᠤᠯᠭ᠎ᠠ ᠶᠢᠨ | 75% ᠠᠴᠠ ᠲᠡᠬᠡᠭᠰᠢ ᠶᠢ ᠠᠷᠡᠳ ᠤᠨ ᠠᠮᠢᠳᠤᠷᠡᠯ ᠪᠠ ᠨᠠᠶᠢᠬᠡᠮ ᠤᠨ ᠠᠵᠢᠯ ᠦᠢᠯᠡᠰ ᠲᠤ ᠬᠡᠷᠡᠭᠯᠡᠬᠦ ᠶᠢ ᠪᠠᠳᠤᠯᠠᠨ᠎ᠠ | ᠃ ᠰᠤᠷᠭᠠᠨ ᠬᠦᠮᠤᠵᠢᠯ ᠤᠨ ᠦᠢᠯᠡᠰ ᠢ ᠣᠷᠢᠳᠠᠪᠠᠷ ᠬᠦᠭᠵᠢᠬᠦᠯᠤᠨ᠎ᠠ᠃ ︽ᠰᠠᠭᠤᠷᠢ ᠰᠤᠷᠭᠠᠨ ᠬᠦᠮᠤᠵᠢᠯ ᠤᠨ ᠶᠠᠰᠤ | ᠴᠢᠨᠡᠷ ᠢ ᠲᠡᠬᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ︾ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠮᠠᠷᠬᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ ᠶᠢ | ᠲᠦᠷᠬᠡᠳᠬᠡᠨ᠂ ᠬᠢᠴᠢᠶᠠᠯᠯᠡᠭᠡ ᠶᠢᠨ ᠦᠬᠡᠷᠡᠴᠢᠯᠡᠯᠳᠡ ᠪᠠ ︽ᠵᠢᠷᠭᠤᠭᠠᠨ ᠡᠩᠨᠡᠭᠡ︾ ᠶᠢᠨ ᠪᠠᠶᠢᠭᠤᠯᠤᠯᠳᠠ ᠵᠢᠴᠢ | ᠨᠠᠷᠢᠯᠢᠭᠵᠢᠭᠰᠡᠨ ᠬᠠᠮᠢᠶᠠᠷᠤᠯᠳᠠ ᠶᠢ ᠴᠢᠩᠭᠠᠳᠬᠠᠨ᠂ ᠡᠯ᠎ᠠ ᠲᠦᠷᠤᠯ ᠤᠨ ᠰᠤᠷᠤᠯᠭ᠎ᠠ ᠲᠡᠳᠬᠦᠬᠦ ᠲᠦᠷᠤ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠦᠡᠳᠤᠰᠤᠳᠠᠨ ᠤ ᠰᠤᠷᠭᠠᠨ ᠬᠦᠮᠤᠵᠢᠯ ᠤᠨ ᠰᠤᠳᠤᠨ ᠰᠤᠷᠭᠠᠭᠤᠯᠢ ᠶᠢ | ᠴᠤᠭᠴᠠᠯᠠᠬᠤ ᠠᠵᠢᠯ ᠢ ᠢᠳᠡᠪᠬᠢᠳᠡᠢ ᠠᠬᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠷᠢᠯᠭ᠎ᠠ ᠶᠢᠨ ᠠᠮᠤᠷ | ᠲᠦᠪᠰᠢᠨ ᠤ ᠢᠡᠵᠧᠨᠧᠷᠢᠩ ᠢ ᠪᠠᠶᠠᠯᠠᠬᠦᠯᠵᠤ᠂ ᠮᠦᠩᠭᠡᠭᠠᠯ ᠬᠡᠤᠬᠡᠳ ᠤᠨ ᠴᠡᠴᠡᠷᠯᠢᠭ᠂ ᠠᠵᠢᠯ ᠮᠠᠷᠬᠡᠵᠢᠯ ᠤᠨ | ᠰᠤᠷᠭᠠᠨ ᠬᠦᠮᠤᠵᠢᠯ ᠤᠨ ᠶᠠᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠢ ᠠᠰᠢᠭᠯᠠᠯᠳᠠ ᠳᠤ ᠤᠷᠤᠭᠤᠯᠤᠨ᠂ | ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠴᠢᠨᠠᠷᠵᠢᠯ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ︽ᠡᠷᠡᠬᠦᠯ | ᠡᠩᠬᠡ ᠠᠪᠠᠭ᠎ᠠ︾ ᠶᠢᠨ ᠪᠠᠶᠢᠭᠤᠯᠤᠯᠳᠠ ᠶᠢ ᠯᠠᠪᠳᠠᠭᠤᠨ ᠠᠬᠢᠭᠤᠯᠤᠨ᠎ᠠ᠃ ︽ᠡᠮ ᠡᠮᠨᠡᠯᠬᠡ ᠶᠢᠨ ᠦᠢᠯᠡᠴᠢᠯᠡᠭᠡ ᠶᠢ | ᠰᠠᠶᠢᠵᠢᠷᠠᠭᠤᠯᠬᠤ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ︾ ᠶᠢ ᠠᠬᠢᠭᠤᠯᠵᠤ᠂ ᠡᠮᠴᠢᠯᠡᠭᠡ ᠡᠷᠡᠬᠦᠯ | ᠬᠠᠮᠠᠭᠠᠯᠠᠯ ᠤᠨ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠤᠷᠢᠨ ᠤᠷᠤᠭᠤᠯᠬᠤ ᠶᠢ ᠴᠢᠩᠭᠠᠳᠬᠠᠨ᠂ ᠭᠤᠷᠪᠡᠨ ᠲᠡᠰ | ᠤᠨ ᠠᠯᠤᠰ ᠡᠵᠡᠮᠰᠢᠯᠳᠤ ᠡᠮᠴᠢᠯᠡᠬᠡᠨ ᠤ ᠲᠠᠪᠴᠠᠩ ᠤᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ︽ᠲᠤᠭᠳᠠᠮᠠᠯ + | ᠬᠦᠳᠡᠯᠤᠩᠬᠦᠢ︾ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠪᠠᠳᠤᠳᠬᠠᠨ᠂ ᠬᠡᠷ ᠪᠦᠯᠢ ᠶᠢᠨ | ᠡᠮᠴᠢ ᠲᠠᠢ ᠬᠡᠷ᠎ᠠ ᠲᠤᠭᠳᠠᠬᠤ ᠦᠢᠯᠡᠴᠢᠯᠡᠭᠡ ᠪᠠᠨ ᠴᠢᠩᠭᠠᠳᠬᠠᠵᠤ᠂ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ | ᠤ ᠭᠤᠤᠯᠳᠠᠯᠭᠠᠳᠤ ᠠᠵᠢᠯ ᠢ ᠨᠠᠷᠢᠨ ᠬᠢᠨᠠᠮᠠᠭᠠᠢ ᠬᠢᠵᠤ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠪᠠ ᠡᠷᠡᠬᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠴᠢᠩᠭᠠᠳᠬᠠᠨ᠂ ᠬᠤᠰᠢᠭᠤ ᠤᠯᠠᠨ ᠨᠠᠶᠢᠳᠠ ᠶᠢᠨ | ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠶᠠᠷᠤᠩᠬᠡᠶᠢᠯᠡᠭᠰᠡᠨ ᠠᠰᠠᠷ᠂ ᠴᠠᠩᠬᠡᠯᠪᠤᠯᠠᠭ ᠡᠷᠡᠬᠦᠯ ᠬᠠᠮᠠᠭᠠᠯᠠᠯ ᠤᠨ | ᠬᠤᠷᠢᠶ᠎ᠠ ᠶᠢ ᠠᠰᠢᠭᠯᠠᠯᠳᠠ ᠳᠤ ᠤᠷᠤᠭᠤᠯᠵᠤ᠂ ᠬᠤᠰᠢᠭᠤ ᠮᠤᠩᠭᠤᠯ ᠡᠮᠨᠡᠯᠭᠡ ᠶᠢᠨ ᠬᠤᠷᠢᠶᠠᠨ ᠠᠴᠠ | ᠨᠠᠶᠢᠷᠠᠭᠤᠯᠣᠭᠰᠠᠨ ᠡᠮ ᠢ ᠬᠤᠰᠢᠭᠤᠨ ᠤ ᠬᠡᠪᠴᠢᠶᠠᠨ ᠳᠤ ᠬᠡᠷᠡᠭᠯᠡᠬᠡᠨ ᠳᠤ ᠤᠷᠤᠭᠤᠯᠵᠤ᠂ ᠡᠮᠴᠢᠯᠡᠭᠡ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠴᠢᠨᠠᠷᠵᠢᠯ ᠢᠶᠠᠨ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ ᠰᠤᠶᠤᠯ ᠲᠠᠮᠢᠷ ᠤᠨ | ᠦᠢᠯᠡᠰ ᠤᠨ ᠴᠡᠴᠡᠭᠯᠡᠨ ᠬᠦᠭᠵᠢᠯᠳᠠ ᠶᠢ ᠶᠡᠭᠡ ᠬᠦᠴᠤᠨ ᠢᠶᠠᠷ ᠠᠬᠢᠭᠤᠯᠤᠨ᠎ᠠ᠃ ᠤᠯᠠᠭᠠᠡᠮᠦ᠋ᠴᠢᠷ ᠤᠨ | ᠪᠠᠶᠢᠭᠤᠯᠤᠯᠳᠠ ᠶᠢ ᠲᠦᠷᠬᠡᠳᠬᠡᠨ᠂ ᠲᠤᠭᠯᠠᠭᠴᠢᠳ ᠲᠤ ᠪᠤᠯᠪᠠᠰᠤᠷᠠᠯ ᠬᠦᠷᠳᠡᠬᠡᠬᠦ ᠡᠷᠴᠢᠮ ᠢᠶᠠᠨ ᠴᠢᠩᠭᠠᠷᠠᠭᠤᠯᠤᠨ᠂ | ︽ᠤᠯᠠᠭᠠᠡᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠠᠷᠡᠳ ᠲᠦᠮᠡᠨ ᠤ ᠲᠤᠮᠳᠠ ᠬᠦᠡᠵᠡᠬᠡᠶᠢᠷᠡᠬᠦ︾ | ᠦᠡᠳᠤᠰᠤᠨ ᠱᠠᠳᠤᠨ ᠤ ᠶᠠᠷᠤᠩᠬᠡᠶᠢᠯᠡᠭᠰᠡᠨ ᠦᠢᠯᠡᠴᠢᠯᠡᠬᠡᠨ ᠤ ᠠᠵᠢᠯᠯᠠᠭ᠎ᠠ ᠶᠢ ᠲᠠᠰᠤᠷᠠᠯᠳᠠ ᠦᠬᠡᠢ | ᠪᠠᠶᠠᠯᠢᠭᠵᠢᠭᠤᠯᠵᠤ᠂ ᠲᠤᠭᠯᠠᠬᠤ᠂ ᠵᠤᠬᠢᠶᠠᠨ ᠪᠦᠳᠤᠬᠡᠬᠦ ᠪᠠ ᠦᠡᠳᠤᠰᠤᠨ ᠱᠠᠳᠤᠨ ᠳᠤ ᠦᠢᠯᠡᠴᠢᠯᠡᠬᠦ ᠬᠢᠷᠢ | ᠲᠦᠪᠰᠢᠨ ᠢᠶᠠᠨ ᠲᠡᠬᠡᠭᠰᠢᠯᠡᠬᠦᠯᠤᠨ᠎ᠠ᠃ ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ ᠪᠠᠶᠢᠭᠤᠯᠤᠯᠳᠠ ᠶᠢ | ᠴᠢᠩᠭᠠᠳᠬᠠᠨ᠂ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ ᠤᠨ ᠦᠢᠯᠡᠴᠢᠯᠡᠭᠡ ᠬᠠᠮᠢᠶᠠᠷᠤᠯᠳᠠ ᠶᠢᠨ ᠬᠢᠷᠢ | ᠲᠦᠪᠰᠢᠨ ᠢ ᠲᠡᠬᠡᠭᠰᠢᠯᠡᠬᠦᠯᠵᠤ᠂ ᠴᠤᠭᠤᠷ ᠲᠠᠭᠤᠤ ᠦᠪᠯᠡᠨ ᠤᠯᠠᠮᠵᠢᠯᠠᠬᠤ ᠲᠦᠪ ᠢ ᠠᠰᠢᠭᠯᠠᠯᠳᠠ ᠳᠤ | ᠤᠷᠤᠭᠤᠯᠤᠨ᠎ᠠ᠃ ᠤᠯᠠᠨ ᠲᠦᠮᠡᠨ ᠤ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠵᠤ᠂ ᠬᠠᠷ᠎ᠠ ᠠᠳᠤᠭᠤᠨ ᠰᠤᠶᠤᠯ | ᠤᠨ ᠨᠠᠶᠢᠷ᠂ ᠮᠤᠩᠭᠤᠯ ᠰᠢᠳᠠᠷ᠎ᠠ ᠶᠢᠨ ᠰᠤᠶᠤᠯ ᠢ ᠤᠯᠠᠮᠵᠢᠯᠠᠨ ᠬᠦᠭᠵᠢᠬᠦᠯᠬᠦ ᠰᠤᠳᠤᠯᠭᠠᠨ ᠤ ᠲᠠᠪᠴᠠᠩ ᠵᠢᠴᠢ | ᠬᠤᠶᠠᠳᠤᠭᠠᠷ ᠬᠤᠭᠤᠴᠠᠭᠠᠨ ᠤ ︽ᠲᠠᠮᠤᠷ ᠨᠠᠷᠠᠮᠵᠢᠳᠤ︾ ᠮᠤᠩᠭᠤᠯ ᠰᠢᠳᠠᠷ᠎ᠠ ᠶᠢᠨ ᠤᠷᠤᠯᠳᠤᠭᠠᠨ ᠵᠡᠷᠬᠡ ᠰᠤᠶᠤᠯ | ᠲᠠᠮᠢᠷ ᠤᠨ ᠬᠦᠳᠡᠯᠬᠡᠬᠡᠨ ᠢ ᠰᠠᠶᠢᠳᠤᠷ ᠡᠷᠬᠢᠯᠡᠵᠤ᠂ ᠰᠤᠶᠤᠯ ᠤᠷᠠᠯᠢᠭ ᠤᠨ ᠵᠤᠬᠢᠶᠠᠨ ᠪᠦᠳᠤᠬᠡᠯ ᠢ ᠴᠡᠴᠡᠭᠯᠡᠨ | ᠬᠦᠭᠵᠢᠬᠦᠯᠵᠤ᠂ ᠤᠷᠡᠨ ᠵᠤᠬᠢᠶᠠᠯ ᠤᠨ ᠪᠠᠭ᠋ᠠᠳᠠᠳ ᠠᠴᠠ ᠨᠠᠩ ᠤᠯᠠᠨ ᠮᠠᠨ ᠤ ᠬᠤᠰᠢᠭᠤᠨ ᠤ ᠠᠵᠤ ᠠᠬᠤᠢ ᠨᠠᠶᠢᠬᠡᠮ | ᠤᠨ ᠬᠦᠭᠵᠢᠯᠳᠠ ᠪᠠ ᠨᠤᠳᠤᠭ ᠤᠷᠤᠨ ᠤ ᠲᠠᠪᠰᠢᠯᠳᠠ ᠬᠤᠪᠢᠷᠠᠯᠳᠠ ᠶᠢ ᠬᠦᠢᠴᠡᠳ ᠲᠤᠰᠬᠠᠭᠰᠡᠨ ᠰᠢᠯᠢᠳᠡᠭ | ᠪᠦᠳᠤᠬᠡᠯ ᠨᠠᠶᠢᠷᠠᠭᠤᠯᠤᠨ ᠬᠡᠪᠯᠡᠬᠦ ᠶᠢ ᠢᠳᠡᠪᠬᠢᠳᠡᠢ ᠵᠤᠷᠢᠭᠵᠢᠭᠤᠯᠤᠨ ᠲᠠᠮᠵᠢᠨ᠎ᠠ᠃ ᠦᠢᠯᠡᠰ ᠡᠷᠬᠢᠯᠡᠬᠦ ᠶᠢ | ᠵᠤᠷᠢᠭᠵᠢᠭᠤᠯᠵᠤ ᠠᠵᠢᠯ ᠤᠯᠭᠤᠯᠳᠠ ᠶᠢ ᠲᠠᠶᠢᠴᠢᠯᠠᠨ᠎ᠠ᠃ ︽ᠤᠶᠤᠡᠳᠤ ᠬᠦᠳᠡᠯᠮᠤᠷᠢ ᠠᠵᠢᠯᠳᠠᠨ︾ ᠤ ᠰᠢᠰᠲ᠋ᠧᠮ ᠢ | ᠪᠦᠬᠦ ᠲᠠᠯ᠎ᠠ ᠪᠠᠷ ᠡᠬᠢᠯᠡᠬᠦᠯᠵᠤ᠂ ︽ᠢᠡᠲ᠋ᠧᠷ ᠰᠦᠯᠵᠢᠶ᠎ᠠ + ᠦᠢᠯᠡᠰ ᠡᠷᠬᠢᠯᠡᠬᠦ︾ ᠬᠡᠪ ᠵᠠᠭᠪᠤᠷ ᠢ ᠠᠰᠢᠭᠯᠠᠨ᠂ | ᠦᠢᠯᠡᠰ ᠡᠷᠬᠢᠯᠡᠭᠴᠢᠳ ᠤᠨ ᠪᠦᠳᠤᠬᠡᠭᠳᠡᠬᠦᠨ ᠢᠶᠠᠨ ᠪᠤᠷᠤᠯᠠᠭᠤᠯᠬᠤ ᠠᠷᠭ᠎ᠠ ᠵᠠᠮ ᠢ ᠦᠷᠬᠡᠳᠬᠡᠵᠤ᠂ ᠬᠠᠨᠳᠤᠯᠭ᠎ᠠ ᠲᠠᠢ | ᠂ ᠵᠠᠬᠢᠶᠠᠯᠠᠭ᠎ᠠ ᠠᠪᠬᠤ᠂ ᠦᠪᠡᠰᠤᠪᠡᠨ ᠰᠢᠯᠢᠬᠦ ᠪᠠ ᠨᠦᠬᠦᠪᠤᠷᠢ ᠤᠯᠭᠤᠬᠤ ᠵᠡᠷᠬᠡ ᠪᠤᠯᠪᠠᠰᠤᠷᠠᠯ ᠤᠨ ᠠᠷᠭ᠎ᠠ ᠬᠡᠯᠪᠡᠷᠢ | ᠪᠠᠷ ᠠᠵᠢᠯ ᠤᠯᠬᠤ ᠳᠤ ᠬᠦᠴᠢᠷᠳᠡᠢ ᠤᠯᠠᠨ ᠲᠦᠮᠡᠨ ᠳᠤ ᠠᠵᠢᠯ ᠮᠠᠷᠬᠡᠵᠢᠯ ᠤᠨ ᠪᠤᠯᠪᠠᠰᠤᠷᠠᠯ ᠬᠦᠷᠳᠡᠬᠡᠬᠦ ᠡᠷᠴᠢᠮ | ᠢᠶᠠᠨ ᠴᠢᠩᠭᠠᠷᠠᠭᠤᠯᠵᠤ᠂ ᠵᠢᠯ ᠤᠨ ᠲᠤᠳᠤᠷ᠎ᠠ 4000 ᠠᠴᠠ ᠲᠡᠭᠡᠭᠰᠢ ᠠᠵᠢᠯ ᠤᠨ ᠪᠠᠶᠢᠷᠢ ᠴᠤᠭᠯᠠᠭᠤᠯᠵᠤ᠂ ᠬᠤᠳᠠ | ᠬᠦᠳᠡᠭᠡ ᠶᠢᠨ 2000 ᠠᠴᠠ ᠲᠡᠭᠡᠭᠰᠢ ᠬᠦᠮᠤᠨ ᠳᠤ ᠠᠵᠢᠯ ᠤᠯᠭᠤᠵᠤ᠂ ᠦᠢᠯᠡᠰ ᠡᠷᠬᠢᠯᠡᠬᠦ ᠪᠠᠳᠤᠯᠠᠭᠠᠳᠤ | ᠵᠢᠬᠡᠯᠡᠯᠬᠡ 300 ᠲᠦᠮᠡᠨ ᠲᠦᠬᠦᠷᠢᠭ ᠠᠴᠠ ᠲᠡᠭᠡᠭᠰᠢ ᠲᠠᠷᠬᠠᠭᠠᠨ᠂ ᠬᠤᠳᠠ ᠪᠠᠯᠭᠠᠰᠤᠨ ᠤ ᠲᠠᠩᠰᠠᠯᠠᠭᠤᠯᠤᠭᠰᠡᠨ | ᠠᠵᠢᠯ ᠠᠯᠳᠠᠭᠰᠡᠳ ᠤᠨ ᠨᠤᠷᠮ᠎ᠠ ᠶᠢ 2% ᠤᠨ ᠲᠤᠳᠤᠷ᠎ᠠ ᠬᠢᠵᠠᠭᠠᠷᠯᠠᠨ᠎ᠠ᠃ ᠨᠠᠶᠢᠬᠡᠮ ᠤᠨ ᠪᠠᠳᠤᠯᠠᠭ᠎ᠠ ᠶᠢᠨ | ᠲᠤᠭᠳᠠᠯᠴᠠᠭ᠎ᠠ ᠶᠢ ᠲᠠᠰᠤᠷᠠᠯᠳᠠ ᠦᠬᠡᠢ ᠪᠦᠷᠢᠡᠰᠢᠬᠦᠯᠤᠨ᠎ᠠ᠃ ᠪᠦᠬᠦ ᠠᠷᠡᠳ ᠤᠨ ᠲᠠᠭᠠᠳᠬᠠᠯ ᠳᠤ ᠤᠷᠤᠬᠤ ᠶᠢ | ᠲᠠᠩᠰᠠᠯᠠᠬᠤ ᠲᠦᠯᠤᠪᠯᠡᠭᠡ ᠶᠢ ᠦᠷᠬᠦᠯᠵᠢᠯᠡᠨ ᠠᠬᠢᠭᠤᠯᠵᠤ᠂ ᠨᠠᠰᠤᠵᠢᠯ ᠪᠠ ᠡᠮᠴᠢᠯᠡᠬᠡᠨ ᠤ ᠲᠠᠭᠠᠳᠬᠠᠯ ᠤᠨ ᠲᠦᠷᠢᠮ | ᠢ ᠪᠦᠷᠢᠡᠰᠢᠬᠦᠯᠵᠤ᠂ ᠡᠯ᠎ᠠ ᠲᠦᠷᠤᠯ ᠤᠨ ᠰᠠᠭᠤᠷᠢ ᠮᠦᠩᠬᠦ ᠶᠢ ᠲᠠᠳᠠᠪᠤᠷᠢᠯᠡᠨ ᠲᠤᠰᠢᠶᠠᠯᠭᠠᠬᠤ ᠡᠷᠴᠢᠮ ᠢ | ᠴᠢᠩᠭᠠᠷᠠᠭᠤᠯᠵᠤ᠂ ᠨᠠᠶᠢᠬᠡᠮ ᠤᠨ ᠲᠠᠭᠠᠳᠬᠠᠯ ᠤᠨ ᠤᠯᠠᠨ ᠨᠠᠶᠢᠳᠠ ᠶᠢᠨ ᠦᠢᠯᠡᠴᠢᠯᠡᠬᠡᠨ ᠤ ᠲᠠᠪᠴᠠᠩ ᠢ | ᠪᠠᠶᠢᠭᠤᠯᠤᠨ᠎ᠠ᠃ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢ ᠬᠤᠳᠠ ᠬᠦᠳᠡᠭᠡ ᠳᠤ ᠨᠢᠬᠡᠳᠤᠯᠳᠡᠢ | ᠲᠦᠯᠤᠪᠵᠢᠬᠦᠯᠬᠦ᠂ ᠤᠡᠴᠠ ᠬᠦᠴᠢᠷᠳᠡᠯᠳᠡᠢ ᠬᠦᠮᠤᠰ ᠲᠤ ᠠᠰᠠᠷᠠᠮᠵᠢ ᠬᠦᠷᠳᠡᠬᠡᠬᠦ᠂ ᠬᠦᠴᠢᠷᠳᠡᠯᠳᠡᠢ ᠤᠯᠠᠨ ᠲᠦᠮᠡᠨ | ᠳᠤ ᠤᠷᠤᠨ ᠰᠠᠭᠤᠴᠠ ᠶᠢᠨ ᠪᠠᠳᠤᠯᠠᠭ᠎ᠠ ᠬᠠᠩᠭᠠᠬᠤ ᠵᠡᠷᠬᠡ ᠪᠠᠳᠤᠯᠠᠭ᠎ᠠ ᠶᠢᠨ ᠴᠢᠨᠠᠷᠳᠡᠢ ᠲᠦᠷᠤ ᠶᠢᠨ ᠪᠤᠳᠤᠯᠭ᠎ᠠ ᠶᠢ | ᠤᠯᠠᠮ ᠨᠢᠬᠡ ᠠᠯᠬᠤᠮ ᠨᠠᠶᠢᠳᠠᠪᠣᠷᠢᠵᠢᠭᠤᠯᠣᠨ᠎ᠠ᠃ ᠡᠮᠡᠭᠳᠡᠶᠢᠴᠤᠳ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ | ᠢ ᠬᠠᠮᠠᠭᠠᠯᠠᠨ᠂ ᠤᠯᠠᠭᠠᠨ ᠵᠠᠭᠠᠯᠮᠠᠶᠢᠳᠠᠨ ᠵᠡᠷᠬᠡ ᠪᠤᠶᠠᠡᠰᠠᠭ ᠨᠠᠶᠢᠳᠠ ᠳᠤ ᠠᠰᠢᠭᠳᠡᠢ ᠦᠢᠯᠡᠰ ᠢ ᠬᠦᠭᠵᠢᠬᠦᠯᠵᠤ᠂ | ᠵᠡᠮᠳᠡᠭᠴᠤᠳ ᠲᠤ ᠨᠠᠩ ᠢᠯᠡᠬᠦᠦ ᠬᠠᠶᠢᠷ᠎ᠠ ᠬᠠᠯᠠᠮᠵᠢ ᠬᠦᠷᠳᠡᠬᠡᠨ᠂ ᠵᠡᠮᠳᠡᠭᠴᠤᠳ ᠢ ᠠᠰᠠᠷᠠᠨ ᠬᠠᠷᠠᠭᠠᠯᠵᠠᠬᠤ | ᠶᠠᠷᠤᠩᠬᠡᠶᠢᠯᠡᠭᠰᠡᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠤᠨ᠎ᠠ᠃ | ︵ᠲᠦᠷᠪᠡ︶ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠳᠠ ᠶᠢ ᠬᠦᠴᠤᠯᠠᠨ ᠠᠳᠬᠤᠨ᠎ᠠ᠃ | ᠦᠪᠡᠷᠳᠡᠬᠡᠨ ᠵᠠᠰᠠᠬᠤ ᠤᠷᠤᠨ ᠤ ︽ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠴᠢᠨᠠᠷ ᠰᠠᠶᠢᠳᠡᠢ ᠬᠦᠭᠵᠢᠯᠳᠠ ᠶᠢ | ᠠᠬᠢᠭᠤᠯᠬᠤ ᠲᠤᠬᠠᠢ ᠰᠠᠨᠠᠯ︾ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠬᠦᠭᠵᠢᠯᠳᠠ ᠶᠢᠨ ᠤᠷᠴᠢᠨ ᠢ | ᠲᠠᠰᠤᠷᠠᠯᠳᠠ ᠦᠬᠡᠢ ᠰᠢᠯᠢᠳᠡᠭᠵᠢᠬᠦᠯᠤᠨ᠂ ᠦᠢᠯᠡᠴᠢᠯᠡᠬᠡᠨ ᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ | ᠲᠡᠬᠡᠭᠰᠢᠯᠡᠬᠦᠯᠵᠤ᠂ ᠪᠤᠳᠠᠳᠤ ᠠᠵᠢᠯᠯᠠᠭ᠎ᠠ ᠪᠠᠷ ᠢᠶᠠᠨ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠴᠢᠨᠠᠷ ᠰᠠᠶᠢᠳᠡᠢ | ᠬᠦᠭᠵᠢᠯᠳᠠ ᠶᠢ ᠠᠬᠢᠭᠤᠯᠤᠨ᠎ᠠ᠃ ᠭᠠᠶᠢᠯᠢ ᠶᠢ ᠬᠡᠯᠳᠤᠷᠢᠬᠦᠯᠵᠤ᠂ ᠰᠦᠢᠳᠬᠡᠯ ᠢ ᠪᠠᠭᠠᠰᠬᠠᠬᠤ ᠲᠦᠷᠤ ᠶᠢᠨ ᠪᠤᠳᠤᠯᠭ᠎ᠠ | ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠨ᠎ᠠ᠃ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ ᠲᠦᠷᠤᠯ ᠵᠥᠢᠯ | ᠡᠷᠡᠮᠡᠯᠵᠡᠯᠡᠬᠦ᠂ ᠪᠡᠯᠡ ᠮᠦᠩᠬᠦ ᠶᠢᠨ ᠨᠦᠬᠦᠪᠤᠷᠢ᠂ ᠴᠢᠳᠠᠪᠤᠷᠢᠳᠠᠨ ᠢ ᠣᠷᠢᠨ ᠤᠷᠤᠭᠤᠯᠬᠤ ᠵᠡᠷᠬᠡ ᠲᠠᠯ᠎ᠠ ᠶᠢᠨ | ᠬᠠᠷᠠᠭᠠᠯᠵᠠᠯ ᠢ ᠪᠠᠳᠤᠯᠠᠵᠤ᠂ ᠠᠵᠤ ᠠᠬᠤᠶᠢᠯᠠᠯ ᠲᠠᠢ ᠬᠤᠯᠪᠤᠭᠳᠠᠬᠤ ᠰᠦᠢᠳᠬᠡᠯ ᠬᠤᠷᠢᠶᠠᠬᠤ ᠠᠵᠢᠯᠯᠠᠭ᠎ᠠ ᠶᠢ | ᠦᠷᠬᠦᠯᠵᠢᠯᠡᠨ ᠴᠡᠭᠴᠡᠯᠡᠨ ᠲᠦᠷᠢᠮᠵᠢᠬᠦᠯᠵᠤ᠂ ᠭᠠᠶᠢᠯᠢ ᠰᠦᠢᠳᠬᠡᠯ ᠢ ᠪᠠᠭᠠᠰᠬᠠᠬᠤ᠂ ᠭᠠᠵᠡᠷ ᠲᠠᠳᠠᠪᠤᠷᠢᠯᠡᠵᠤ᠂ | ᠴᠠᠬᠢᠯᠭᠠᠨ ᠬᠡᠷᠡᠭᠯᠡᠬᠦ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠠᠬᠤᠶᠢᠯᠡᠯ | ᠠᠴᠠ ᠬᠤᠷᠢᠶᠠᠬᠤ ᠵᠤᠬᠢᠰᠳᠡᠢ ᠰᠦᠢᠳᠬᠡᠯ ᠠᠴᠠ ᠭᠠᠳᠠᠨ᠎ᠠ ᠲᠡᠬᠢᠨ ᠰᠦᠢᠳᠬᠡᠯ ᠬᠤᠷᠢᠶᠠᠬᠤ ᠦᠬᠡᠢ︾ ᠪᠠᠶᠢᠬᠤ ᠶᠢ | ᠪᠠᠳᠤᠯᠠᠨ᠎ᠠ᠃ ᠵᠢᠬᠡᠯᠡᠯᠬᠡ ᠪᠠ ᠪᠡᠯᠡ ᠬᠤᠷᠠᠮᠳᠤᠭᠤᠯᠬᠤ ᠲᠠᠪᠴᠠᠩ ᠢ ᠢᠳᠡᠪᠬᠢᠳᠡᠢ ᠪᠤᠢ ᠪᠤᠯᠭᠠᠨ᠎ᠠ᠃ ᠲᠡᠬᠡᠳᠤ ᠱᠠᠳᠤᠨ | ᠤ ᠵᠢᠬᠡᠯᠡᠯᠬᠡ ᠲᠠᠯᠪᠢᠬᠤ ᠪᠡᠯᠡ ᠬᠤᠷᠠᠮᠳᠤᠭᠤᠯᠬᠤ ᠲᠦᠷᠤ ᠶᠢᠨ ᠪᠤᠳᠤᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ | ᠂ ᠪᠠᠩᠬᠢ ᠠᠴᠠ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠳᠤ ︽ᠵᠢᠬᠡᠯᠡᠯᠬᠡ ᠲᠠᠯᠪᠢᠬᠤ ᠠᠴᠠ ᠠᠶᠤᠬᠤ ᠦᠬᠡᠢ᠂ | ᠵᠢᠬᠡᠯᠡᠯᠬᠡ ᠲᠠᠯᠪᠢᠬᠤ ᠲᠤᠷ᠎ᠠ ᠲᠠᠢ᠂ ᠵᠢᠬᠡᠯᠡᠬᠦᠯᠵᠤ ᠲᠠᠶᠢᠯᠬᠦ︾ ᠵᠢᠬᠡᠯᠡᠯᠬᠡ ᠲᠠᠯᠪᠢᠬᠤ ᠪᠠᠶᠢᠩᠭᠤ ᠶᠢᠨ ᠵᠤᠬᠢᠴᠠᠮᠵᠢ ᠪᠠ | ᠤᠯᠠᠨ ᠲᠦᠷᠤᠯ ᠤᠨ ᠪᠡᠯᠡ ᠮᠦᠩᠬᠦ ᠶᠢᠨ ᠢᠷᠠᠯᠳᠠ ᠪᠠ ᠤᠯᠠᠨ ᠵᠥᠢᠯ ᠤᠨ ᠵᠤᠬᠢᠶᠠᠨ ᠪᠠᠶᠢᠭᠤᠯᠬᠤ ᠬᠡᠯᠪᠡᠷᠢ᠂ ᠤᠯᠠᠨ | ᠲᠡᠰ ᠲᠠᠪᠬᠤᠷᠭ᠎ᠠ ᠪᠠᠷ ᠪᠦᠷᠢᠯᠳᠦᠭᠰᠡᠨ ᠪᠠᠳᠤᠯᠠᠭᠠᠨ ᠤ ᠲᠤᠭᠳᠠᠯᠴᠠᠭ᠎ᠠ ᠶᠢ ᠪᠠᠶᠢᠭᠤᠯᠵᠤ᠂ ᠠᠷᠡᠳ ᠠᠴᠠ ᠡᠷᠬᠢᠯᠡᠭᠰᠡᠨ | ᠠᠵᠤ ᠠᠬᠤᠶᠢᠯᠠᠯ ᠤᠨ ᠵᠢᠬᠡᠯᠡᠯᠬᠡ ᠶᠢᠨ ᠪᠠᠳᠤᠯᠠᠭᠠᠨ ᠤ ᠲᠦᠪ ᠢ ᠪᠠᠶᠢᠭᠤᠯᠬᠤ ᠪᠠᠷ ᠰᠦᠪᠡᠭᠴᠢᠯᠡᠵᠤ᠂ 200 ᠲᠦᠮᠡᠨ | ᠲᠦᠬᠦᠷᠢᠭ ᠤᠨ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠳᠠ ᠶᠢᠨ ᠰᠠᠭᠤᠷᠢ ᠮᠦᠩᠬᠦ ᠶᠢ ᠪᠠᠶᠢᠭᠤᠯᠵᠤ | ᠂ ᠬᠦᠦ ᠮᠦᠩᠬᠦ ᠶᠢ ᠨᠦᠬᠦᠪᠤᠷᠢᠯᠡᠬᠦ᠂ ᠪᠠᠳᠤᠯᠠᠬᠤ ᠵᠠᠷᠬᠡ ᠠᠷᠭ᠎ᠠ ᠪᠠᠷ ᠲᠠᠮᠵᠢᠨ᠂ ᠨᠠᠩ ᠤᠯᠠᠨ ᠮᠦᠩᠬᠦᠨ ᠬᠦᠢᠯᠬᠡᠬᠡᠨ | ᠤ ᠡᠬᠢ ᠪᠠᠶᠠᠯᠢᠭ ᠪᠠ ᠨᠠᠶᠢᠬᠡᠮ ᠤᠨ ᠪᠡᠯᠡ ᠮᠦᠩᠬᠦ ᠶᠢ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ | ᠬᠦᠭᠵᠢᠯᠳᠠ ᠶᠢ ᠲᠠᠮᠵᠢᠬᠦ ᠳᠤ ᠬᠡᠷᠡᠭᠯᠡᠨ᠂ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠤᠨ ᠪᠡᠯᠡ ᠮᠦᠩᠬᠦ ᠪᠠ | ᠬᠦᠷᠤᠩᠬᠡ ᠬᠤᠷᠠᠮᠳᠤᠭᠤᠯᠬᠤ ᠬᠦᠴᠢᠷᠳᠡᠯ ᠢ ᠠᠯᠬᠤᠮ ᠠᠯᠬᠤᠮ ᠢᠶᠠᠷ ᠰᠢᠢᠳᠪᠤᠷᠢᠯᠡᠨ᠎ᠠ᠃ ᠬᠦᠬᠦᠷᠬᠡ ᠬᠤᠯᠪᠤᠭᠠᠰᠤ | ᠶᠢᠨ ᠦᠢᠯᠡᠳᠤᠯ ᠢ ᠲᠠᠰᠤᠷᠠᠯᠳᠠ ᠦᠬᠡᠢ ᠴᠢᠩᠭᠠᠳᠬᠠᠨ᠎ᠠ᠃ ᠦᠢᠯᠠᠳᠪᠤᠷᠢ ᠬᠤᠳᠠᠯᠳᠤᠭᠠᠨ ᠤ ᠬᠤᠯᠪᠤᠭᠠᠳᠤ ᠬᠤᠷᠡᠯ | ᠤᠨ ᠨᠠᠮ ᠵᠠᠰᠠᠭ ᠠᠴᠠ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠶᠢᠯᠠᠯᠳᠠᠨ ᠲᠠᠢ ᠬᠠᠷᠢᠴᠠᠬᠤ ᠬᠦᠬᠦᠷᠬᠡ | ᠬᠤᠯᠪᠤᠭᠠᠰᠤ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠲᠤᠭᠳᠠᠮᠠᠯ ᠬᠤᠭᠤᠴᠠᠭ᠎ᠠ ᠲᠠᠢ ᠪᠠᠷ ᠠᠷᠡᠳ ᠠᠴᠠ | ᠡᠷᠬᠢᠯᠡᠭᠰᠡᠨ ᠠᠵᠤ ᠠᠬᠤᠢ ᠶᠢᠨ ᠬᠦᠭᠵᠢᠯᠳᠠ ᠶᠢ ᠰᠤᠳᠤᠯᠬᠤ ᠠᠵᠢᠯ ᠤᠨ ᠵᠤᠬᠢᠴᠠᠮᠵᠢ ᠪᠠ ᠬᠤᠰᠢᠭᠤᠨ ᠤ | ᠤᠳᠤᠷᠢᠳᠤᠯᠭ᠎ᠠ ᠠᠴᠠ ᠲᠤᠭᠳᠠᠭᠰᠡᠨ ᠴᠡᠭ ᠲᠤ ᠠᠷᠡᠳ ᠠᠴᠠ ᠡᠷᠬᠢᠯᠡᠭᠰᠡᠨ ᠠᠵᠤ ᠠᠬᠤᠶᠢᠯᠡᠯ ᠲᠠᠢ ᠬᠠᠷᠢᠴᠠᠬᠤ | ᠠᠵᠢᠯ ᠤᠨ ᠲᠦᠷᠢᠮ ᠢ ᠪᠠᠶᠢᠭᠤᠯᠵᠤ᠂ ᠠᠷᠡᠳ ᠠᠴᠠ ᠡᠷᠬᠢᠯᠡᠭᠰᠡᠨ ᠠᠵᠤ ᠠᠬᠤᠢ ᠶᠢᠨ ᠡᠵᠡᠩᠨᠡᠯᠳᠡ ᠬᠠᠮᠢᠶᠠᠷᠤᠯᠳᠠ | ᠶᠢᠨ ᠪᠤᠯᠪᠠᠰᠤᠷᠠᠯ ᠤᠨ ᠢᠡᠵᠧᠨᠧᠷᠢᠩ ᠢ ᠬᠡᠷᠡᠭᠵᠢᠬᠦᠯᠵᠤ᠂ ᠠᠷᠡᠳ ᠠᠴᠠ ᠡᠷᠬᠢᠯᠡᠭᠰᠡᠨ ᠠᠵᠤ ᠠᠬᠤᠶᠢᠯᠠᠯᠳᠠᠨ ᠤ | ᠲᠠᠷᠢᠬᠦᠨ ᠤ ᠦᠢᠯᠡ ᠠᠵᠢᠯᠯᠠᠭ᠎ᠠ ᠪᠠ ᠲᠤᠪᠤᠶᠢᠮ᠎ᠠ ᠵᠢᠳᠬᠦᠯ ᠢ ᠰᠠᠶᠢᠳᠤᠷ ᠤᠬᠠᠭᠤᠯᠵᠤ᠂ ᠨᠠᠶᠢᠬᠡᠮ ᠤᠨ ᠢᠷᠠᠭᠤ | ᠠᠯᠳᠠᠷ ᠢ ᠲᠠᠰᠤᠷᠠᠯᠳᠠ ᠦᠬᠡᠢ ᠨᠡᠮᠡᠭᠳᠡᠬᠦᠯᠤᠨ᠎ᠠ᠃ ᠰᠢᠨ᠎ᠠ ᠬᠡᠯᠪᠡᠷᠢ ᠶᠢᠨ ᠵᠠᠰᠠᠭ ᠪᠠ ᠠᠵᠣ ᠠᠬᠤᠶᠢᠯᠠᠯ ᠤᠨ | ᠬᠠᠷᠢᠴᠠᠭ᠎ᠠ ᠶᠢ ᠬᠦᠴᠤᠯᠠᠨ ᠪᠠᠶᠢᠭᠤᠯᠤᠨ᠎ᠠ᠃ᠠᠷᠡᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠠᠶᠢᠳᠠᠯ ᠢ | ᠦᠢᠯᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠠᠵᠤ ᠠᠬᠤᠶᠢᠯᠠᠯ ᠳᠤ ᠬᠦᠡᠵᠡᠬᠡᠶᠢᠷᠡᠨ᠂ ︽ᠲᠦᠷᠤ ᠶᠢᠨ | ᠪᠤᠳᠤᠯᠭ᠎ᠠ ᠶᠢ ᠲᠠᠶᠢᠯᠪᠤᠷᠢᠯᠠᠵᠤ᠂ ᠬᠡᠷᠡᠭᠴᠡᠭᠡ ᠱᠠᠭᠠᠷᠳᠠᠯᠭ᠎ᠠ ᠶᠢ ᠦᠢᠯᠠᠭᠠᠨ᠂ ᠬᠦᠭᠵᠢᠯᠳᠠ ᠶᠢᠨ ᠠᠷᠭ᠎ᠠ ᠵᠠᠮ | ᠰᠦᠪᠡᠭᠴᠢᠯᠡᠬᠦ︾ ᠶᠢ ᠠᠬᠢᠭᠤᠯᠵᠤ᠂ ᠵᠠᠬ᠎ᠠ ᠲᠡᠯᠬᠡᠬᠦᠷ ᠤᠨ ᠵᠦᠪᠰᠢᠶᠠᠷᠡᠯ᠂ ᠬᠢᠨᠡᠨ ᠵᠦᠪᠰᠢᠶᠠᠷᠠᠯ ᠤᠨ ᠭᠠᠷᠳᠠᠮ᠂ | ᠡᠵᠡᠩᠨᠡᠯᠳᠡ ᠬᠠᠮᠢᠶᠠᠷᠤᠯᠳᠠ ᠵᠡᠷᠬᠡ ᠲᠠᠯ᠎ᠠ ᠪᠠᠷ ᠪᠦᠷᠢᠨ ᠲᠦᠬᠦᠷ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ | ᠠᠷᠡᠳ ᠲᠦᠮᠡᠨ ᠳᠤ ᠲᠦᠬᠦᠮ ᠦᠵᠡᠬᠦᠯᠵᠤ᠂ ᠴᠢᠩ ᠦᠨᠡᠡᠴᠢ ᠰᠡᠳᠬᠢᠯᠬᠡ ᠪᠠᠷ ᠠᠷᠡᠳ ᠠᠴᠠ ᠡᠷᠬᠢᠯᠡᠭᠰᠡᠨ ᠠᠵᠤ | ᠠᠬᠤᠶᠢᠯᠡᠯ ᠤᠨ ᠬᠦᠭᠵᠢᠯᠳᠠ ᠶᠢ ᠪᠤᠵᠠᠭᠠᠶᠢᠷᠠᠭᠤᠯᠤᠨ᠎ᠠ᠃ ᠲᠦᠷᠪᠡᠳᠤᠬᠡᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠠᠶᠢᠳᠠᠮ ᠪᠠᠶᠢᠴᠠᠭᠠᠯᠳᠠ ᠲᠠᠢ ᠤᠶᠠᠯᠳᠤᠭᠤᠯᠵᠤ᠂ ᠠᠷᠡᠳ ᠠᠴᠠ ᠡᠷᠬᠢᠯᠡᠭᠰᠡᠨ ᠠᠵᠤ ᠠᠬᠤᠶᠢᠯᠠᠯ ᠤᠨ | ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠣ᠂ 20 ᠠᠴᠠ ᠲᠡᠭᠡᠭᠰᠢ ᠦᠢᠯᠡᠳᠪᠦᠷᠢ ᠬᠤᠳᠠᠯᠳᠣᠭᠠᠨ ᠤ ᠬᠤᠪᠢ ᠡᠷᠤᠬᠡ | ᠶᠢ ᠠᠵᠤ ᠠᠬᠤᠶᠢᠯᠡᠯ ᠪᠤᠯᠭᠠᠨ ᠬᠤᠪᠢᠷᠠᠭᠤᠯᠬᠤ ᠶᠢ ᠪᠠᠶᠡᠯᠡᠬᠦᠯᠦᠨ᠎ᠡ᠃ | ︵ᠲᠠᠪᠤ︶ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠠᠵᠢᠯ ᠢ ᠬᠦᠴᠦᠯᠡᠨ ᠠᠳᠬᠤᠨ᠎ᠠ᠃ | ᠦᠬᠡᠷᠡᠴᠢᠯᠡᠯᠳᠡ ᠪᠠᠷ ᠲᠠᠮᠵᠢᠨ ᠬᠠᠷᠰᠢ ᠰᠠᠭᠠᠳ ᠢ ᠢᠯᠡᠠ ᠲᠠᠪᠠᠵᠤ᠂ ᠰᠢᠨ᠎ᠡ ᠶᠢ ᠡᠬᠦᠳᠬᠦ ᠣᠶᠢᠯᠠᠭᠠᠭᠳᠠᠬᠤᠨ ᠢᠶᠠᠷ | ᠬᠦᠳᠡᠯᠬᠡᠭᠴᠢ ᠬᠦᠴᠦᠨ ᠢᠶᠠᠨ ᠨᠡᠮᠡᠭᠳᠡᠬᠦᠯᠵᠦ᠂ ᠬᠦᠭᠵᠢᠯᠳᠠ ᠶᠢᠨ ᠰᠢᠨ᠎ᠠ ᠠᠬᠢᠯᠳᠠ ᠶᠢ ᠪᠠᠶᠠᠯᠠᠬᠦᠯᠤᠨ᠎ᠠ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠡᠵᠡᠬᠡᠶᠢᠷᠡᠬᠦᠯᠤᠨ᠎ᠠ᠃ ︽ᠣᠯᠠᠨ ᠦᠨᠠᠮᠯᠡᠯ ᠢ | ᠨᠢᠬᠡᠳᠬᠡᠬᠦ︾᠂ ︽ᠦᠨᠡᠮᠯᠡᠯ ᠬᠡᠷᠡᠴᠢ ᠶᠢ ᠰᠠᠯᠭᠠᠬᠤ︾ ᠶᠢ ᠠᠬᠢᠭᠤᠯᠵᠤ᠂ ᠵᠠᠬ᠎ᠠ ᠲᠡᠯᠬᠡᠬᠦᠷ ᠤᠨ ᠭᠤᠤᠯ ᠴᠤᠭᠴᠠ | ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠵᠤ᠂ ︽ᠬᠤᠤᠰ ᠲᠤᠭᠳᠠᠮᠠᠯ ᠪᠤᠰᠤ᠂ ᠨᠢᠬᠡ ᠢᠯᠠ ᠨᠠᠶᠢᠳᠠᠯᠡᠬᠦ︾ ᠬᠢᠨᠡᠨ | ᠬᠠᠮᠢᠶᠠᠷᠤᠯᠳᠠ ᠶᠢᠨ ᠵᠤᠬᠢᠴᠠᠮᠵᠢ ᠶᠢ ᠪᠦᠷᠢᠡᠰᠢᠬᠦᠯᠵᠤ᠂ ᠰᠠᠯᠠᠭ᠎ᠠ ᠮᠦᠴᠢᠷ ᠠᠯᠤᠰᠯᠠᠭᠰᠡᠨ ᠶᠠᠷᠤᠩᠬᠡᠶᠢᠯᠡᠭᠰᠡᠨ ᠬᠠᠤᠯᠢ | ᠬᠡᠷᠡᠭᠵᠢᠬᠦᠯᠬᠦ ᠦᠬᠡᠷᠡᠴᠢᠯᠡᠯᠳᠡ ᠶᠢ ᠠᠬᠢᠭᠤᠯᠵᠤ᠂ ᠡᠷᠬᠡ ᠲᠡᠭᠰᠢ ᠦᠷᠢᠰᠤᠯᠳᠤᠬᠦ ᠵᠠᠬ᠎ᠠ ᠲᠡᠯᠬᠡᠬᠦᠷ ᠤᠨ ᠤᠷᠴᠢᠨ ᠢ | ᠪᠤᠢ ᠪᠤᠯᠭᠠᠨ᠎ᠠ᠃ ᠠᠷᠡᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠲᠤᠤᠷ ᠰᠦᠯᠵᠢᠶ᠎ᠠ ᠶᠢ ᠪᠦᠷᠢᠡᠰᠢᠬᠦᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠵᠤ᠂ ᠰᠦᠯᠵᠢᠶᠠᠨ ᠲᠡᠬᠡᠷ᠎ᠠ | ᠠᠵᠢᠯ ᠶᠠᠪᠣᠳᠠᠯ ᠬᠦᠢᠴᠡᠳᠬᠡᠬᠦ ᠲᠢᠩᠬᠢᠮ ᠤᠨ ᠪᠠᠶᠢᠭᠤᠯᠤᠯᠳᠠ ᠶᠢ ᠰᠦᠪᠡᠭᠴᠢᠯᠡᠵᠤ᠂ ᠨᠢᠭᠡ ᠯᠡ ᠴᠣᠩᠬᠤᠨ ᠳᠤ | ᠬᠦᠯᠢᠶᠠᠨ ᠠᠪᠴᠣ ᠪᠡᠶᠡᠯᠡᠬᠦᠯᠬᠦ ᠪᠠ ᠬᠤᠭᠤᠴᠠᠭ᠎ᠠ ᠲᠣᠭᠳᠠᠭᠠᠨ ᠰᠢᠢᠳᠪᠦᠷᠢᠯᠡᠨ ᠲᠠᠭᠤᠰᠬᠠᠬᠤ ᠶᠢ ᠶᠡᠭᠡᠪᠡᠷ | ᠠᠬᠢᠭᠤᠯᠵᠣ᠂ ᠬᠠᠮᠤᠭ ᠤᠨ ᠣᠯᠠᠨ ᠳᠤ ᠪᠠᠨ ᠨᠢᠭᠡ ᠯᠡ ᠣᠳᠠᠭ᠎ᠠ ᠬᠦᠶᠦᠬᠦ ᠶᠢ ᠪᠡᠶᠡᠯᠡᠬᠦᠯᠵᠦ᠂ ᠤᠯᠠᠨ ᠲᠦᠮᠡᠨ ᠳᠤ | ᠲᠦᠬᠦᠮ ᠲᠦᠳᠠ᠂ ᠴᠠᠭ ᠲᠤᠬᠠᠢ ᠳᠤᠨᠢ ᠬᠠᠨᠤᠮᠵᠢᠳᠡᠢ ᠦᠢᠯᠡᠴᠢᠯᠡᠭᠡ ᠬᠠᠩᠭᠠᠨ᠎ᠠ᠃ ᠤᠯᠠᠨ ᠲᠦᠮᠡᠨ ᠤ ᠰᠠᠨᠠᠯ | ᠲᠤᠰᠬᠠᠯ ᠲᠦᠪᠯᠡᠷᠡᠭᠰᠡᠨ ᠠᠰᠠᠭᠤᠳᠠᠯ ᠢ ᠰᠠᠶᠢᠳᠤᠷ ᠰᠢᠢᠳᠪᠤᠷᠢᠯᠡᠵᠤ᠂ ᠤᠴᠢᠷ ᠶᠠᠪᠤᠳᠠᠯ ᠰᠢᠢᠳᠪᠤᠷᠢᠯᠡᠬᠦ ᠳᠡᠭᠡᠨ | ᠬᠤᠶᠢᠷᠭᠤᠰᠢᠬᠤ ᠪᠠ ᠲᠦᠷᠢᠮ ᠲᠤᠭᠳᠠᠭᠠᠯ ᠢ ᠵᠦᠷᠢᠴᠡᠭᠰᠡᠨ ᠠᠰᠠᠭᠤᠳᠠᠯ ᠢ ᠴᠢᠩᠭ᠎ᠠ ᠰᠢᠢᠳᠪᠤᠷᠢᠯᠡᠵᠤ᠂ ᠬᠦᠭᠵᠢᠯᠳᠠ | ᠶᠢᠨ ᠤᠷᠴᠢᠨ ᠢ ᠲᠠᠰᠤᠷᠠᠯᠳᠠ ᠦᠬᠡᠢ ᠰᠢᠯᠢᠳᠡᠭᠵᠢᠬᠦᠯᠤᠨ᠎ᠠ᠃ ᠭᠤᠤᠯᠳᠠᠯᠭᠠᠳᠤ ᠬᠦᠷᠢᠶ᠎ᠠ ᠬᠡᠪᠴᠢᠶᠠᠨ ᠳᠠᠬᠢ | ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠤᠨ᠎ᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ | ᠶᠢ ᠪᠠᠶᠠᠯᠠᠬᠦᠯᠵᠤ᠂ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ᠂ ᠡᠷᠭᠡ ᠶᠢ ᠲᠤᠳᠤᠷᠬᠠᠶᠢᠯᠠᠵᠤ᠂ ᠵᠠᠰᠠᠭ ᠤᠨ | ᠤᠷᠳᠤᠨ ᠤ ᠴᠢᠳᠠᠪᠬᠢ ᠶᠢ ᠬᠤᠪᠢᠷᠠᠭᠤᠯᠣᠨ᠎ᠠ᠃ ᠮᠠᠯᠵᠢᠬᠤ ᠤᠷᠤᠨ ᠤ ᠬᠠᠮᠳᠤ ᠶᠢᠨ ᠡᠳ᠋ ᠬᠦᠷᠤᠩᠬᠡ ᠶᠢᠨ ᠦᠮᠴᠢᠯᠡᠯ | ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠤ᠂ ᠨᠤᠳᠤᠭ ᠪᠠᠯᠴᠢᠬᠡᠷ ᠢ ᠲᠠᠭᠠᠭᠠᠴᠢᠯᠠᠨ ᠡᠵᠡᠩᠨᠡᠬᠦ ᠡᠷᠬᠡ ᠪᠠ | ᠮᠠᠯᠵᠢᠬᠤ ᠤᠷᠤᠨ ᠤ ᠤᠷᠤᠨ ᠰᠠᠭᠤᠴᠠ ᠶᠢᠨ ᠦᠮᠴᠢᠯᠡᠯ ᠤᠨ ᠡᠷᠬᠡ ᠶᠢ ᠲᠤᠳᠤᠷᠬᠠᠶᠢᠯᠠᠨ ᠪᠦᠷᠢᠳᠬᠡᠵᠤ ᠦᠨᠡᠮᠯᠡᠯ | ᠲᠠᠷᠬᠠᠭᠠᠬᠤ ᠠᠵᠢᠯ ᠢ ᠪᠠᠶᠠᠯᠠᠬᠦᠯᠤᠨ᠎ᠠ᠃ ︽ᠪᠦᠬᠦ ᠤᠷᠤᠨ ᠤ ᠬᠤᠰᠢᠭᠤ ᠰᠢᠶᠠᠨ ᠤ ᠲᠡᠰ ᠤᠨ ᠠᠯᠪᠠᠨ ᠠᠴᠠ | ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠶᠠᠷᠤᠩᠬᠡᠶᠢᠯᠡᠭᠰᠡᠨ ᠦᠬᠡᠷᠡᠴᠢᠯᠡᠯᠳᠡ ᠶᠢᠨ ᠵᠢᠱᠢᠶ᠎ᠠ ᠦᠵᠡᠬᠦᠯᠬᠦ ᠬᠤᠰᠢᠭᠤ︾ | ᠶᠢ ᠪᠦᠳᠤᠬᠡᠨ ᠪᠠᠶᠢᠭᠤᠯᠤᠭᠰᠡᠨ ᠦᠷ᠎ᠠ ᠪᠦᠳᠤᠮᠵᠢ ᠶᠢ ᠪᠠᠳᠤᠳᠬᠠᠵᠤ᠂ ᠤᠳᠤᠬᠢᠴᠢᠯᠠᠭᠰᠡᠨ ᠡᠮᠨᠡᠯᠬᠡ ᠶᠢᠨ ᠬᠤᠷᠢᠶᠠᠨ | ᠤ ᠬᠠᠮᠢᠶᠠᠷᠤᠯᠳᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ | ᠠᠵᠢᠯᠳᠠᠨ ᠤ ᠶᠠᠪᠣᠳᠠᠯ ᠤᠨ ᠴᠠᠯᠢᠩ ᠣᠯᠭᠤᠮᠵᠢ ᠶᠢᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ | ᠤᠷᠤᠰᠢᠭᠤᠯᠭ᠎ᠠ ᠶᠢᠨ ᠬᠠᠮᠢᠶᠠᠷᠤᠯᠳᠠ ᠶᠢᠨ ᠲᠦᠷᠢᠮ ᠢ ᠪᠦᠷᠢᠡᠰᠢᠬᠦᠯᠤᠨ ᠲᠡᠬᠦᠯᠳᠡᠷᠵᠢᠬᠦᠯᠵᠤ᠂ ᠨᠠᠶᠢᠳᠠ ᠶᠢᠨ | ᠠᠰᠠᠷᠠᠮᠵᠢ ᠶᠢᠨ ᠴᠢᠨᠠᠷᠳᠠᠢ ᠪᠣᠯᠠᠰᠢᠨ ᠤ ᠭᠠᠵᠠᠷ ᠤᠨ ᠬᠠᠮᠢᠶᠠᠷᠤᠯᠳᠠ ᠶᠢ ᠴᠢᠩᠭᠠᠳᠬᠠᠨ᠂ ᠤᠷᠤᠰᠢᠭᠤᠯᠭ᠎ᠠ ᠶᠢᠨ | ᠤᠷᠳᠤᠨ ᠢ ᠠᠰᠢᠭᠯᠠᠯᠳᠠ ᠳᠤ ᠤᠷᠤᠭᠤᠯᠤᠨ᠎ᠠ᠃ ᠢᠳᠡᠬᠡᠮᠵᠢ ᠶᠢ ᠡᠷᠬᠢᠮᠯᠡᠭᠰᠡᠳ ᠢ ᠬᠦᠬᠢᠬᠦᠯᠤᠨ ᠵᠤᠷᠢᠭᠵᠢᠭᠤᠯᠬᠤ ᠪᠠ | ᠢᠳᠡᠬᠡᠮᠵᠢ ᠠᠯᠳᠠᠭᠰᠡᠳ ᠢ ᠰᠡᠷᠡᠮᠵᠢᠯᠡᠬᠦᠯᠦᠨ ᠰᠢᠳᠭᠡᠬᠦ ᠲᠦᠷᠢᠮ ᠢ ᠪᠦᠷᠢᠡᠰᠢᠬᠦᠯᠵᠤ᠂ ᠢᠳᠡᠬᠡᠮᠵᠢ ᠶᠢᠨ ᠰᠤᠷᠠᠭ | ᠵᠠᠩᠬᠢ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ ᠢᠳᠡᠬᠡᠮᠵᠢ ᠠᠯᠳᠠᠭᠰᠡᠳ ᠢ ᠢᠯᠠ ᠨᠠᠶᠢᠳᠠᠯᠡᠬᠦ ᠡᠷᠴᠢᠮ | ᠢᠶᠠᠨ ᠴᠢᠩᠭᠠᠷᠠᠭᠤᠯᠤᠨ᠎ᠠ᠃ ᠭᠠᠳᠠᠭᠠᠳᠤ ᠲᠠᠢ ᠴᠢᠯᠤᠬᠡᠳᠡᠢ ᠶᠠᠪᠤᠯᠴᠠᠬᠤ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ | ᠨᠠᠷᠠᠡᠪᠤᠯᠠᠭ ᠬᠢᠯᠢ ᠶᠢᠨ ᠠᠷᠡᠳ ᠤᠨ ᠨᠠᠪᠳᠠᠷᠠᠬᠦ ᠵᠠᠮ ᠤᠨ ᠭᠠᠷ ᠬᠦᠢᠴᠡᠳᠬᠡᠯ ᠤᠨ ᠠᠵᠢᠯ ᠢ ᠠᠬᠢᠭᠤᠯᠵᠤ᠂ ︽ | ᠲᠦᠷᠪᠡᠳᠤᠬᠡᠷ ᠬᠤᠭᠤᠴᠠᠭᠠᠨ ᠤ ᠲᠤᠮᠳᠠᠳᠤ ᠮᠤᠩᠭᠤᠯ ᠤᠨ ᠦᠡᠳᠤᠰᠤᠳᠠᠨ ᠤ ᠲᠡᠸᠠᠷ ᠤᠨ ᠰᠤᠯᠢᠯᠴᠠᠭᠠᠨ ᠤ | ᠴᠤᠭᠯᠠᠭᠠᠨ︾ ᠵᠡᠷᠭᠡ ᠰᠢᠷᠢᠰ ᠬᠦᠳᠡᠯᠭᠡᠭᠡᠨ ᠢ ᠰᠠᠶᠢᠳᠣᠷ ᠡᠷᠬᠢᠯᠡᠵᠤ᠂ ︽ᠤᠯᠠᠭᠠᠡᠪᠠᠭᠠᠳᠤᠷ᠂ ᠲᠤᠮᠳᠠᠳᠤ ᠤᠯᠤᠰ ᠤᠨ | ᠦᠪᠤᠷ ᠮᠤᠩᠭᠤᠯ ᠤᠨ ᠲᠠᠸᠡᠷ ᠤᠨ ᠲᠡᠯᠬᠡᠨ ᠪᠤᠷᠤᠯᠠᠭᠤᠯᠬᠤ ᠴᠤᠭᠯᠠᠭᠠᠨ︾ ᠳᠤ ᠤᠷᠤᠯᠴᠠᠵᠤ᠂ ᠰᠤᠶᠤᠯ ᠰᠤᠷᠭᠠᠨ | ᠬᠦᠮᠤᠵᠢᠯ ᠤᠨ ᠰᠤᠯᠢᠯᠴᠠᠭ᠎ᠠ ᠶᠢ ᠤᠷᠤᠭᠰᠢᠳᠡᠢ ᠶᠠᠪᠤᠭᠳᠠᠭᠤᠯᠤᠨ᠎ᠠ᠃ | ︵ᠵᠢᠷᠭᠤᠭ᠎ᠠ︶ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠬᠦᠴᠤᠯᠠᠨ | ᠠᠳᠬᠤᠨ᠎ᠠ᠃ ᠲᠦᠯᠤᠪᠵᠢᠬᠦᠯᠬᠡ᠂ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠨᠢᠬᠡ ᠴᠤᠭᠴᠠᠵᠢᠭᠤᠯᠬᠤ ᠶᠢ | ᠪᠠᠷᠢᠮᠳᠠᠯᠠᠵᠤ᠂ ᠬᠤᠳᠠ ᠪᠠᠯᠭᠠᠰᠤᠨ ᠤ ᠬᠦᠭᠵᠢᠯᠳᠠ ᠶᠢᠨ ᠲᠠᠯᠳᠠ ᠴᠢᠳᠠᠪᠬᠢ ᠶᠢ ᠴᠢᠩᠭᠠᠳᠬᠠᠨ᠎ᠠ᠃ | ᠲᠦᠯᠤᠪᠵᠢᠬᠦᠯᠬᠡ ᠪᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠨ᠎ᠠ᠃ ᠲᠦᠯᠤᠪᠵᠢᠬᠦᠯᠬᠡ ᠶᠢ ᠰᠠᠶᠢᠳᠤᠷ ᠬᠢᠬᠦ ᠪᠠᠷ | ᠤᠷᠢᠳᠠᠯ ᠪᠤᠯᠭᠠᠨ᠂ ᠤᠯᠠᠨ ᠲᠦᠷᠤᠯ ᠤᠨ ᠲᠦᠯᠤᠪᠵᠢᠬᠦᠯᠬᠡ ᠶᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠂ | ᠬᠤᠳᠠ ᠪᠠᠯᠭᠠᠰᠤᠨ ᠤ ᠬᠤᠤᠰ ᠵᠠᠰᠠᠬᠤ᠂ ᠬᠤᠰᠢᠭᠤ ᠬᠡᠪᠴᠢᠶᠠᠨ ᠤ ᠲᠤᠭᠳᠠᠯᠴᠠᠭ᠎ᠠ ᠵᠡᠷᠬᠡ ᠲᠦᠯᠤᠪᠵᠢᠬᠦᠯᠬᠡ ᠶᠢ | ᠨᠠᠶᠢᠷᠠᠭᠤᠯᠤᠨ ᠲᠤᠭᠳᠠᠭᠠᠬᠤ ᠶᠢ ᠪᠠᠶᠠᠯᠠᠬᠦᠯᠵᠤ᠂ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢᠨ | ᠲᠦᠯᠤᠪᠵᠢᠬᠦᠯᠬᠡ ᠶᠢ ᠴᠢᠩᠭ᠎ᠠ ᠨᠢᠮᠪᠠᠢ ᠬᠡᠷᠡᠭᠵᠢᠬᠦᠯᠵᠤ᠂ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢᠨ | ᠲᠦᠷᠤᠯ ᠵᠥᠢᠯ ᠤᠨ ᠲᠦᠯᠤᠪᠵᠢᠬᠦᠯᠬᠡ ᠶᠢ ᠬᠢᠨᠡᠨ ᠵᠦᠪᠰᠢᠶᠠᠷᠡᠬᠦ ᠠᠯᠬᠤᠮ ᠲᠠᠷᠠᠭᠠᠯᠠᠯ ᠢ ᠪᠠᠶᠠᠯᠡᠬᠦᠯᠤᠨᠠ᠃ | ᠲᠦᠯᠤᠪᠵᠢᠬᠦᠯᠬᠡ ᠬᠡᠷᠡᠭᠵᠢᠬᠦᠯᠬᠦ ᠶᠠᠪᠤᠴᠠ ᠳᠤ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ | ᠲᠦᠯᠤᠪᠵᠢᠬᠦᠯᠬᠡ ᠶᠢᠨ ᠡᠷᠬᠡ ᠰᠦᠷᠳᠤ ᠴᠢᠨᠠᠷ ᠪᠠ ᠲᠦᠪ ᠴᠢᠩᠭ᠎ᠠ ᠴᠢᠨᠠᠷ ᠢ ᠬᠠᠮᠠᠭᠠᠯᠠᠨ᠎ᠠ᠃ ᠰᠠᠭᠤᠷᠢ ᠴᠢᠳᠠᠪᠬᠢ | ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠪᠤᠳᠠᠳᠤ ᠪᠠᠶᠢᠳᠠᠯ ᠢᠶᠠᠨ ᠦᠡᠳᠤᠰᠤᠯᠡᠨ᠂ ᠴᠢᠳᠠᠯ ᠲᠡᠩᠬᠡᠬᠡ ᠲᠤᠳᠤᠷ᠎ᠠ | ᠪᠠᠨ ᠴᠢᠨᠡᠭᠡ ᠪᠠᠷ ᠪᠠᠨ ᠴᠢᠷᠮᠠᠶᠢᠬᠤ ᠵᠠᠷᠴᠢᠮ ᠢ ᠪᠠᠷᠢᠮᠳᠠᠯᠠᠨ᠂ ᠲᠡᠬᠡᠳᠤ ᠱᠠᠳᠤᠨ ᠤ ᠪᠡᠯᠡ ᠮᠦᠩᠬᠦ ᠶᠢ ᠢᠳᠡᠪᠬᠢᠳᠡᠢ | ᠭᠤᠶᠤᠴᠢᠯᠡᠨ᠂ ᠤᠯᠠᠨ ᠲᠦᠮᠡᠨ ᠤ ᠲᠤᠰᠬᠠᠯ ᠶᠡᠭᠡ ᠲᠠᠢ ᠬᠠᠯᠠᠭᠤᠮᠰᠢᠯ ᠠᠰᠠᠭᠤᠳᠠᠯ ᠳᠤ ᠴᠢᠭᠯᠡᠬᠦᠯᠤᠨ᠂ ᠬᠠᠭᠤᠴᠢᠨ | ᠰᠠᠭᠤᠭᠠᠯᠢ ᠲᠤᠭᠤᠷᠢᠭ ᠢ ᠦᠬᠡᠷᠡᠴᠢᠯᠡᠨ ᠪᠠᠶᠢᠭᠤᠯᠬᠤ᠂ ᠤᠰᠤᠨ ᠤ ᠰᠤᠷᠪᠤᠯᠵᠢ ᠶᠢ ᠬᠤᠯᠪᠤᠬᠤ ᠢᠡᠵᠧᠨᠧᠷᠢᠩ ᠪᠠ | ᠬᠤᠳᠠ ᠪᠠᠯᠭᠠᠰᠤᠨ ᠤ ᠨᠤᠭᠤᠭᠠᠷᠠᠭᠤᠯᠤᠯᠳᠠ ᠶᠢᠨ PPP ᠲᠦᠷᠤᠯ ᠵᠥᠢᠯ ᠢ ᠰᠠᠶᠢᠳᠤᠷ ᠬᠢᠵᠤ᠂ ᠪᠠᠯᠬᠦᠳᠡᠢ | ᠪᠠᠯᠭᠠᠰᠤ ᠵᠢᠴᠢ ᠡᠷᠬᠢᠨ ᠲᠤᠭᠤᠷᠢᠨ ᠤ 45.8 ᠲᠦᠮᠡᠨ ᠲᠡᠭᠰᠢ ᠲᠦᠷᠪᠠᠯᠵᠢᠨ ᠮᠧᠲᠷ ᠭᠠᠵᠡᠷ ᠢ ᠨᠤᠭᠤᠭᠠᠷᠠᠭᠤᠯᠵᠤ᠂ | 1 ᠲᠦᠮᠡᠨ ᠲᠡᠭᠰᠢ ᠲᠦᠷᠪᠡᠯᠵᠢᠨ ᠮᠧᠲᠷ ᠵᠡᠬᠡᠯᠢ ᠭᠤᠳᠤᠮᠵᠢ ᠶᠢ ᠬᠠᠳᠠᠭᠤᠵᠢᠭᠤᠯᠤᠨ᠂ 25.2 ᠺᠢᠯᠤᠮᠧᠲᠷ ᠲᠦᠬᠡᠬᠡᠯ | ᠤᠰᠤ ᠬᠠᠩᠭᠠᠬᠤ ᠬᠤᠭᠤᠯᠠᠢ ᠪᠠ 3 ᠺᠢᠯᠤᠮᠧᠲᠷ ᠲᠤᠯᠠᠭᠠᠯᠠᠯᠭ᠎ᠠ ᠬᠠᠩᠭᠠᠬᠤ ᠬᠤᠭᠤᠯᠠᠢ ᠶᠢ ᠰᠢᠨᠡᠳᠬᠡᠨ᠎ᠠ᠃ ᠰᠢᠨ᠎ᠠ | ᠪᠠᠷ ᠲᠤᠯᠠᠭᠠᠯᠠᠯᠭ᠎ᠠ ᠰᠠᠶᠢᠵᠢᠷᠠᠭᠤᠯᠬᠤ ᠦᠷᠳᠡᠭᠡ 4᠂ ᠭᠠᠯ ᠰᠡᠷᠬᠡᠶᠢᠯᠡᠬᠦ ᠤᠰᠤᠨ ᠲᠦᠬᠦᠬᠡᠷᠤᠮᠵᠢ 2 ᠰᠠᠤᠷᠢ᠂ ᠬᠤᠭ | ᠨᠤᠪᠰᠢ ᠰᠢᠢᠳᠪᠤᠷᠢᠯᠡᠬᠦ ᠭᠠᠵᠡᠷ 2 ᠢ ᠪᠠᠶᠢᠭᠤᠯᠵᠤ᠂ ᠬᠤᠭ ᠤᠨ ᠬᠠᠶᠢᠷᠴᠠᠭ 700 ᠢᠵᠢ᠂ ᠵᠠᠮ ᠤᠨ ᠳ᠋ᠸᠡᠭ 225 | ᠢᠵᠢ ᠤᠭᠰᠠᠷᠠᠨ᠎ᠠ᠃ ᠬᠤᠳᠠ ᠪᠠᠯᠭᠠᠰᠤᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠨᠠᠷᠢᠯᠢᠭᠵᠢᠭᠰᠡᠨ ᠬᠠᠮᠢᠶᠠᠷᠤᠯᠳᠠ | ᠶᠢᠨ ᠬᠢᠷᠢ ᠲᠦᠪᠰᠢᠨ ᠢᠶᠠᠨ ᠲᠡᠬᠡᠭᠰᠢᠯᠡᠬᠦᠯᠵᠤ᠂ ︽ᠬᠠᠮᠢᠶᠠᠷᠤᠯᠳᠠ ᠶᠢᠨ ᠲᠤᠤᠷ︾᠂ ︽ᠡᠬᠦᠳᠡᠨ ᠡᠮᠤᠨᠡᠬᠢ ᠲᠠᠪᠤ ᠶᠢ | ᠲᠠᠭᠠᠭᠠᠴᠢᠯᠠᠬᠤ︾ ᠲᠦᠷᠢᠮ ᠢ ᠪᠦᠷᠢᠡᠰᠢᠬᠦᠯᠤᠨ᠂ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠡᠷᠴᠢᠮ ᠢᠶᠠᠨ | ᠴᠢᠩᠭᠠᠷᠠᠭᠤᠯᠤᠨ᠂ ᠲᠤᠷ᠎ᠠ ᠪᠠᠷ ᠪᠠᠷᠢᠯᠭ᠎ᠠ ᠪᠠᠷᠢᠬᠤ᠂ ᠲᠤᠷ᠎ᠠ ᠪᠠᠷ ᠲᠡᠷᠬᠡ ᠵᠤᠭᠰᠤᠭᠠᠬᠤ ᠪᠠ ᠵᠠᠮ ᠵᠡᠬᠡᠯᠢ ᠡᠵᠡᠯᠡᠨ | ᠡᠵᠡᠩᠨᠡᠯᠳᠡ ᠬᠢᠬᠦ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠵᠤ᠂ ᠬᠠᠮᠪᠤ ᠠᠭᠤᠳᠠᠮ ᠲᠠᠯᠠᠪᠠᠢ ᠶᠢᠨ ᠡᠷᠬᠢᠨ | ᠲᠤᠭᠤᠷᠢᠨ ᠵᠢᠴᠢ ᠮᠠᠯ ᠤᠨ ᠠᠷᠠᠯᠵᠢᠶᠠᠨ ᠤ ᠵᠠᠬ᠎ᠠ ᠶᠢ ᠴᠡᠭᠴᠡᠯᠡᠨ ᠴᠡᠪᠡᠷᠯᠡᠬᠦ ᠠᠵᠢᠯ ᠢ ᠭᠤᠤᠯᠳᠠᠯᠭ᠎ᠠ ᠲᠠᠢ ᠰᠠᠶᠢᠳᠤᠷ | ᠬᠢᠵᠤ᠂ ᠶᠡᠷᠤᠩᠬᠡᠶᠢᠯᠡᠭᠰᠡᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠬᠡᠬᠦᠷ ᠢ ᠠᠰᠢᠭᠯᠠᠯᠳᠠ ᠳᠤ ᠤᠷᠤᠭᠤᠯᠤᠨ᠎ᠠ᠃ | ᠰᠠᠭᠤᠭᠠᠯᠢ ᠠᠷᠡᠳ ᠤᠨ ᠬᠡᠪ ᠪᠤᠯᠪᠠᠰᠤᠷᠠᠯ ᠢ ᠲᠡᠬᠡᠭᠰᠢᠯᠡᠬᠦᠯᠵᠤ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ | ᠬᠦᠳᠡᠯᠬᠡᠬᠡᠨ ᠢ ᠢᠳᠡᠪᠬᠢᠳᠡᠢ ᠦᠷᠨᠢᠬᠦᠯᠵᠤ᠂ ᠤᠯᠠᠨ ᠲᠦᠮᠡᠨ ᠢ ᠰᠠᠶᠢᠨ ᠰᠠᠶᠢᠬᠠᠨ ᠡᠷᠡᠬᠦᠯ ᠬᠠᠮᠠᠭᠠᠯᠠᠯ ᠤᠨ ᠲᠠᠳᠬᠠᠯ | ᠲᠠᠢ ᠪᠤᠯᠭᠠᠨ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠤ ᠶᠢ ᠴᠤᠭᠴᠠᠯᠠᠨ | ᠪᠠᠶᠢᠭᠤᠯᠤᠭᠰᠡᠨ ᠦᠷ᠎ᠠ ᠪᠦᠳᠤᠮᠵᠢ ᠪᠠᠨ ᠲᠠᠰᠤᠷᠠᠯᠳᠠ ᠦᠬᠡᠢ ᠪᠠᠳᠤᠳᠬᠠᠨ᠎ᠠ᠃ ᠬᠡᠷ ᠠᠬᠤᠢ ᠶᠢᠨ ᠦᠢᠯᠡᠴᠢᠯᠡᠬᠡᠨ ᠤ | ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠬᠡᠷ ᠠᠬᠤᠢ ᠶᠢᠨ ᠦᠢᠯᠡᠴᠢᠯᠡᠬᠡᠨ ᠤ ᠬᠠᠮᠢᠶᠠᠷᠤᠯᠳᠠ ᠶᠢᠨ | ᠴᠢᠨᠠᠷᠵᠢᠯ ᠢ ᠲᠡᠬᠡᠭᠰᠢᠯᠡᠬᠦᠯᠬᠦ ᠤᠨ︾ ᠤ ᠠᠵᠢᠯᠯᠠᠭ᠎ᠠ ᠶᠢ ᠦᠷᠨᠢᠬᠦᠯᠵᠤ᠂ ᠰᠠᠭᠤᠭᠠᠯᠢ ᠲᠤᠭᠤᠷᠢᠭ ᠤᠨ ᠬᠡᠷ ᠠᠬᠤᠢ | ᠶᠢᠨ ᠵᠦᠪᠯᠡᠯ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠬᠠᠮᠢᠶᠠᠷᠤᠯᠳᠠ ᠶᠢ ᠴᠢᠩᠭᠠᠳᠬᠠᠨ᠂ | ᠦᠢᠯᠡᠴᠢᠯᠡᠬᠡᠨ ᠤ ᠴᠢᠨᠠᠷ ᠢᠶᠠᠨ ᠲᠡᠬᠡᠭᠰᠢᠯᠡᠬᠦᠯᠵᠤ᠂ ᠰᠠᠭᠤᠭᠠᠯᠢ ᠲᠤᠭᠤᠷᠢᠭ ᠤᠨ ᠡᠮᠬᠢ ᠲᠢᠭᠯᠢᠮ ᠦᠬᠡᠢ ᠪᠠᠶᠢᠳᠠᠯ ᠢ | ᠪᠦᠳᠤᠮᠵᠢᠳᠡᠢ ᠰᠢᠢᠳᠪᠤᠷᠢᠯᠡᠨ᠎ᠠ᠃ | ︵ᠲᠤᠯᠤᠭ᠎ᠠ︶ ᠨᠠᠶᠢᠬᠡᠮ ᠤᠨ ᠡᠶ᠎ᠡ ᠵᠤᠬᠢᠴᠠᠯ ᠪᠠ ᠲᠤᠭᠳᠠᠭᠤᠨ ᠢ ᠪᠠᠳᠤᠯᠠᠨ᠎ᠠ᠃ ︽ᠨᠠᠮ ᠤᠨ ᠬᠤᠷᠢᠶ᠎ᠠ ᠠᠴᠠ | ᠤᠳᠤᠷᠢᠳᠤᠨ᠂ ᠵᠠᠰᠠᠭ ᠤᠨ ᠤᠷᠳᠤᠨ ᠠᠴᠠ ᠬᠠᠷᠢᠭᠤᠴᠠᠵᠤ᠂ ᠨᠠᠶᠢᠬᠡᠮ ᠠᠴᠠ ᠬᠠᠮᠵᠢᠯᠴᠠᠨ᠂ ᠤᠯᠠᠨ ᠲᠦᠮᠡᠨ | ᠤᠷᠤᠯᠴᠠᠬᠤ ᠪᠠ ᠬᠠᠤᠯᠢ ᠶᠢᠨ ᠪᠠᠳᠤᠯᠠᠭ᠎ᠠ ᠬᠠᠩᠭᠠᠬᠤ︾ ᠶᠠᠷᠤᠩᠬᠡᠢ ᠱᠠᠭᠠᠷᠳᠠᠯᠭ᠎ᠠ ᠶᠢ ᠦᠡᠳᠤᠰᠤᠯᠡᠨ᠂ ᠬᠠᠮᠳᠤ ᠪᠠᠷ | ᠪᠠᠶᠢᠭᠤᠯᠵᠤ ᠬᠠᠮᠳᠤ ᠪᠠᠷ ᠵᠠᠰᠠᠬᠤ ᠬᠠᠮᠳᠤ ᠪᠠᠷ ᠡᠳ᠋ᠯᠡᠬᠦ ᠨᠠᠶᠢᠬᠡᠮ ᠤᠨ ᠵᠠᠰᠠᠯᠳᠠ ᠶᠢᠨ ᠰᠢᠰᠲ᠋ᠧᠮ ᠢ ᠴᠤᠭᠴᠠᠯᠠᠨ | ᠪᠠᠶᠢᠭᠤᠯᠤᠨ᠎ᠠ᠃ ︽ᠠᠮᠤᠷ ᠲᠦᠪᠰᠢᠨ ᠠᠪᠠᠭ᠎ᠠ︾ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠠᠮᠤᠷ ᠲᠦᠪᠰᠢᠨ | ᠬᠦᠭᠵᠢᠯᠳᠠ ᠶᠢᠨ ᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠶᠤᠯᠬᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠤᠷᠢᠯᠡᠯ ᠤᠨ ᠬᠠᠤᠯᠢ | ᠬᠡᠷᠡᠭᠵᠢᠬᠦᠯᠬᠦ ᠪᠠᠶᠢᠴᠠᠭᠠᠯᠳᠠ ᠪᠠ ᠠᠵᠤ ᠠᠬᠤᠶᠢᠯᠡᠯ ᠤᠨ ᠠᠵᠢᠯᠳᠠᠨ ᠤ ᠠᠮᠤᠷ ᠲᠦᠪᠰᠢᠨ ᠤ ᠪᠤᠯᠪᠠᠰᠤᠷᠠᠯ ᠢ | ᠴᠢᠩᠭᠠᠳᠬᠠᠨ᠂ ᠬᠦᠡᠳᠤ ᠶᠡᠭᠡ ᠠᠮᠤᠷ ᠲᠦᠪᠰᠢᠨ ᠤ ᠠᠳᠡᠯ ᠪᠠ ᠲᠠᠯ᠎ᠠ ᠨᠤᠳᠤᠭ ᠤᠢ ᠰᠢᠭᠤᠢ ᠶᠢᠨ ᠭᠠᠯ ᠤᠨ ᠠᠶᠤᠯ | ᠡᠬᠦᠰᠬᠦ ᠶᠢ ᠡᠷᠡᠰ ᠬᠤᠷᠢᠭᠯᠠᠨ᠎ᠠ᠃ ᠢᠳᠡᠬᠡᠨ ᠡᠮ ᠤᠨ ᠵᠦᠢᠯᠡᠰ ᠤᠨ ᠠᠮᠤᠷ ᠲᠦᠪᠰᠢᠨ ᠢ ᠡᠬᠢ ᠦᠡᠳᠤᠰᠤ ᠠᠴᠠ | ᠨᠢ ᠵᠠᠰᠠᠬᠤ ᠶᠢ ᠴᠢᠩᠭᠠᠳᠬᠠᠨ᠂ ᠰᠤᠷᠠᠭ ᠵᠠᠩᠬᠢᠴᠢᠯᠠᠭᠰᠡᠨ ᠬᠢᠨᠡᠨ ᠬᠠᠮᠢᠶᠠᠷᠤᠯᠳᠠ ᠶᠢ ᠬᠡᠷᠡᠭᠵᠢᠬᠦᠯᠵᠤ᠂ ᠬᠠᠤᠯᠢ | ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠦᠷᠬᠡᠨ ᠤᠯᠠᠨ ᠲᠦᠮᠡᠨ ᠤ ᠢᠳᠡᠬᠡᠨ ᠡᠮ | ᠤᠨ ᠵᠦᠢᠯᠡᠰ ᠤᠨ ᠠᠮᠤᠷ ᠲᠦᠪᠰᠢᠨ ᠢ ᠪᠠᠳᠤᠯᠠᠨ᠎ᠠ᠃ ︽ᠠᠮᠤᠷ ᠲᠤᠭᠳᠠᠭᠤᠨ ᠠᠪᠠᠭ᠎ᠠ︾ ᠶᠢᠨ ᠪᠠᠶᠢᠭᠤᠯᠤᠯᠳᠠ ᠶᠢ | ᠬᠦᠡᠵᠡᠬᠡᠶᠢᠷᠡᠬᠦᠯᠤᠨ᠎ᠠ᠃ ᠨᠠᠶᠢᠬᠡᠮ ᠤᠨ ᠠᠮᠤᠷ ᠢ ᠬᠠᠮᠠᠭᠠᠯᠠᠵᠤ ᠰᠡᠷᠬᠡᠶᠢᠯᠡᠨ ᠡᠵᠡᠮᠳᠡᠬᠦ ᠲᠤᠭᠳᠠᠯᠴᠠᠭ᠎ᠠ ᠶᠢᠨ | ᠪᠠᠶᠢᠭᠤᠯᠤᠯᠳᠠ ᠶᠢ ᠲᠠᠰᠤᠷᠠᠯᠳᠠ ᠦᠬᠡᠢ ᠪᠦᠷᠢᠡᠰᠢᠬᠦᠯᠵᠤ᠂ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠠᠭᠠᠬᠤ︾ | ᠲᠤᠰᠬᠠᠢ ᠲᠦᠷᠤᠯ ᠤᠨ ᠲᠠᠮᠠᠴᠠᠯ ᠢ ᠬᠦᠡᠵᠡᠬᠡᠢ ᠦᠷᠨᠢᠬᠦᠯᠵᠤ᠂ ︽ᠲᠧᠯᠸᠢᠰ ᠬᠢᠨᠡᠨ ᠡᠵᠡᠮᠳᠠᠬᠦ ᠢᠡᠵᠧᠨᠧᠷᠢᠩ︾ | ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠤᠨ᠂ ᠨᠠᠶᠢᠬᠡᠮ ᠤᠨ ᠵᠦᠷᠢᠴᠠᠯ ᠵᠢᠭᠤᠷᠠᠭᠠᠨ ᠢ ᠴᠠᠭ ᠲᠤᠬᠠᠢ | ᠳᠤᠨᠢ ᠪᠠᠶᠢᠴᠠᠭᠠᠨ ᠨᠠᠮᠳᠠᠭᠤᠯᠬᠤ ᠪᠠ ᠠᠮᠤᠷ ᠢ ᠬᠠᠮᠠᠭᠠᠯᠠᠬᠤ ᠠᠵᠢᠯ ᠢ ᠠᠬᠢᠭᠤᠯᠵᠤ᠂ ᠠᠮᠤᠷ ᠲᠤᠭᠳᠠᠭᠤᠨ ᠰᠠᠶᠢᠨ | ᠰᠠᠶᠢᠬᠠᠨ ᠨᠠᠶᠢᠬᠡᠮ ᠤᠨ ᠤᠷᠴᠢᠨ ᠢ ᠪᠤᠢ ᠪᠤᠯᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠤᠬᠢᠴᠠᠮᠵᠢ ᠶᠢ | ᠦᠷᠬᠦᠯᠵᠢᠯᠡᠨ ᠪᠦᠷᠢᠡᠰᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠬᠢᠬᠦ ᠵᠠᠮ ᠢ ᠦᠷᠬᠡᠳᠬᠡᠨ᠂ ᠵᠠᠬᠢᠳᠠᠯ | ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠤᠯᠠᠮ ᠨᠢᠬᠡ ᠠᠯᠬᠤᠮ ᠲᠦᠷᠢᠮᠵᠢᠬᠦᠯᠵᠤ᠂ ᠲᠦᠢᠪᠡᠬᠡᠯᠬᠡ ᠶᠢᠨ ᠴᠢᠨᠠᠷᠳᠡᠢ | ᠵᠠᠬᠢᠳᠠᠯ ᠰᠤᠷᠪᠤᠯᠵᠢᠯᠠᠭ᠎ᠠ ᠬᠢᠬᠦ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠤ᠂ ᠵᠠᠬᠢᠳᠠᠯ | ᠰᠤᠷᠪᠤᠯᠵᠢᠯᠠᠭ᠎ᠠ ᠬᠢᠬᠦ ᠶᠠᠷᠤᠩᠬᠡᠢ ᠬᠡᠮᠵᠢᠶ᠎ᠠ ᠶᠢ ᠪᠠᠭᠠᠰᠬᠠᠨ᠎ᠠ᠃ ᠴᠡᠷᠢᠭ ᠵᠠᠰᠠᠭ ᠴᠡᠷᠢᠭ ᠠᠷᠡᠳ ᠤᠨ ᠪᠦᠯᠬᠦᠮᠳᠠᠯ ᠢ | ᠪᠠᠬᠢᠵᠢᠬᠦᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠪᠡᠯᠡᠳᠬᠡᠯ ᠬᠦᠴᠤᠨ ᠤ ᠪᠠᠶᠢᠭᠤᠯᠤᠯᠳᠠ ᠶᠢ ᠴᠢᠩᠭᠠᠳᠬᠠᠨ | ᠂ ᠴᠡᠷᠢᠭ ᠠᠴᠠ ᠬᠠᠯᠠᠭᠳᠠᠭᠰᠡᠳ ᠲᠤ ᠦᠢᠯᠡᠴᠢᠯᠡᠵᠤ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠨ᠂ ︽ | ᠰᠢᠪᠡᠷᠳᠡᠢ ᠦᠷᠡᠭᠳᠡᠭᠰᠡᠨ ᠪᠠᠭᠠᠳᠤᠷᠴᠤᠳ ᠤᠨ ᠬᠦᠷᠢᠶᠠᠯᠠᠩ︾ ᠤᠨ ᠪᠠᠶᠢᠭᠤᠯᠤᠯᠳᠠ ᠶᠢ ᠲᠠᠭᠤᠰᠬᠠᠵᠤ᠂ ᠴᠡᠷᠢᠭ | ᠠᠷᠡᠳ ᠤᠨ ᠬᠦᠨ ᠵᠤᠵᠠᠭᠠᠨ ᠬᠠᠶᠢᠷ᠎ᠠ ᠰᠡᠳᠬᠢᠯᠬᠡ ᠶᠢ ᠪᠤᠢ ᠪᠤᠯᠭᠠᠨ᠎ᠠ᠃ ᠨᠠᠮ ᠤᠨ ᠦᠡᠳᠤᠰᠤᠳᠠᠨ ᠱᠠᠰᠢᠨ | ᠰᠤᠷᠳᠠᠬᠤᠨ ᠤ ᠲᠦᠷᠥ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠢᠶᠠᠨ | ᠬᠦᠭᠵᠢᠬᠦᠯᠵᠤ ᠠᠷᠡᠳ ᠢᠶᠠᠨ ᠪᠠᠶᠠᠵᠢᠭᠤᠯᠬᠤ ᠢᠡᠵᠧᠨᠧᠷᠢᠩ ᠢ ᠰᠠᠶᠢᠳᠤᠷ ᠬᠡᠷᠡᠭᠵᠢᠬᠦᠯᠵᠤ᠂ ᠱᠠᠰᠢᠨ ᠰᠤᠷᠳᠠᠬᠤᠨ ᠤ | ᠤᠴᠢᠷ ᠶᠠᠪᠤᠳᠠᠯ ᠢ ᠬᠠᠤᠯᠢ ᠶᠤᠰᠤᠭᠠᠷ ᠬᠠᠮᠢᠶᠠᠷᠤᠨ᠂ ᠡᠯ᠎ᠠ ᠦᠡᠳᠤᠰᠤᠳᠠᠨ ᠤ ᠠᠷᠡᠳ ᠲᠦᠮᠡᠨ ᠤ ᠪᠦᠯᠬᠦᠮᠳᠠᠯ | ᠨᠢᠭᠳᠠᠷᠠᠯ᠂ ᠠᠮᠤᠷ ᠲᠤᠭᠳᠠᠭᠤᠨ ᠠᠵᠤ ᠲᠦᠷᠤᠨ ᠠᠮᠢᠳᠤᠷᠡᠬᠤ ᠨᠠᠶᠢᠬᠡᠮ ᠤᠨ ᠤᠷᠴᠢᠨ ᠢ ᠪᠠᠳᠤᠯᠠᠨ ᠬᠠᠮᠠᠭᠠᠯᠠᠨ᠎ᠠ᠃ | | ᠲᠦᠯᠤᠬᠡᠯᠡᠭᠴᠢᠳ ᠡ︕ ᠠᠷᠡᠳ ᠲᠦᠮᠡᠨ ᠳᠤ ᠵᠤᠯ ᠵᠢᠷᠭᠠᠯ ᠡᠳ᠋ᠯᠡᠬᠦᠯᠬᠦ ᠪᠤᠯ ᠪᠢᠳᠠᠨ ᠤ ᠠᠷᠢᠭᠤᠨ ᠲᠠᠷᠬᠠᠨ | ᠡᠬᠦᠷᠬᠡ ᠬᠠᠷᠢᠭᠤᠴᠠᠯᠭ᠎ᠠ ᠪᠤᠯᠤᠨ᠎ᠠ᠃ ᠪᠢᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ︽ᠲᠦᠷᠪᠡᠨ ᠤᠬᠠᠮᠰᠠᠷ︾ | ᠢ ᠪᠠᠳᠤ ᠪᠠᠬᠢ ᠪᠤᠢ ᠪᠤᠯᠭᠠᠵᠤ᠂ ︽ᠬᠤᠶᠡᠷ ᠢ ᠬᠠᠮᠠᠭᠠᠯᠠᠬᠤ︾ ᠶᠢ ᠡᠷᠡᠰ ᠪᠠᠶᠠᠯᠠᠬᠦᠯᠵᠤ᠂ ᠦᠵᠡᠯ ᠰᠠᠨᠠᠭ᠎ᠠ᠂ | ᠤᠯᠤᠰ ᠲᠦᠷᠤ ᠶᠢᠨ ᠣᠬᠠᠮᠰᠠᠷ ᠪᠠ ᠦᠢᠯᠡ ᠠᠵᠢᠯᠯᠠᠭ᠎ᠠ ᠪᠠᠨ ᠰᠢ ᠶᠢᠨ ᠫᠢᠡᠭ ᠨᠦᠬᠦᠷ ᠢᠶᠠᠷ ᠭᠤᠤᠯᠯᠠᠭᠴᠢ | ᠪᠤᠯᠭᠠᠭᠰᠡᠨ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶ᠎ᠠ ᠪᠠᠷ ᠨᠢᠬᠡᠳᠤᠯᠳᠡᠢ ᠪᠠᠶᠢᠯᠭᠠᠵᠤ᠂ ᠦᠵᠡᠯ ᠤᠬᠠᠮᠰᠠᠷ | ᠤᠨ ᠬᠡᠯᠪᠡᠷᠢ ᠶᠢᠨ ᠰᠠᠨᠠᠭᠠᠴᠢᠯᠠᠭᠠᠳᠤ ᠲᠠᠶᠢᠯᠠᠯᠳᠤᠭᠠᠨ ᠢ ᠰᠠᠶᠢᠳᠤᠷ ᠬᠢᠵᠤ᠂ ᠨᠠᠶᠢᠬᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠳᠡ ᠶᠢ ᠤᠬᠠᠭᠤᠯᠤᠨ ᠰᠤᠷᠳᠠᠯᠴᠢᠯᠠᠵᠤ᠂ ᠭᠤᠤᠯ ᠬᠦᠭ ᠠᠶᠠᠰ ᠢ ᠨᠠᠩ ᠬᠠᠩᠬᠢᠨᠠᠮ᠎ᠠ᠂ | ᠢᠳᠡᠪᠬᠢ ᠬᠦᠴᠤᠨ ᠢ ᠨᠠᠩ ᠡᠷᠴᠢ ᠬᠦᠴᠤᠨ ᠲᠠᠢ ᠪᠤᠯᠭᠠᠰᠤᠭᠠᠢ︕ ᠬᠠᠤᠯᠢ ᠪᠠᠷ ᠵᠠᠰᠠᠭ ᠪᠠᠷᠢᠬᠤ ᠤᠬᠠᠮᠰᠠᠷ ᠢ | ᠯᠠᠪᠳᠠᠭᠤᠨ ᠪᠠᠳᠤᠳᠡᠢ ᠪᠤᠢ ᠪᠤᠯᠭᠠᠵᠤ᠂ ᠬᠠᠤᠯᠢ ᠶᠤᠰᠤᠭᠠᠷ ᠵᠠᠰᠠᠭᠯᠠᠵᠤ᠂ ᠤᠬᠠᠮᠰᠠᠷ ᠠᠴᠠ ᠪᠠᠨ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠦᠷᠤ ᠶᠢᠨ ᠵᠦᠪᠯᠡᠯᠬᠡᠨ ᠤ | ᠠᠷᠡᠳᠴᠢᠯᠡᠯᠳᠤ ᠬᠢᠨᠠᠯᠳᠠ ᠪᠠ ᠨᠠᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠡᠯᠳᠡ ᠶᠢ ᠢᠳᠡᠪᠬᠢᠳᠡᠢ ᠬᠦᠯᠢᠶᠠᠨ᠂ ᠡᠷᠬᠡ | ᠪᠠᠨ ᠲᠦᠪ ᠭᠤᠤᠯᠴᠢ ᠪᠠᠷ ᠬᠡᠷᠡᠭᠵᠢᠬᠦᠯᠬᠦ ᠶᠢ ᠪᠠᠳᠤᠯᠠᠨ᠎ᠠ᠃ ︽ᠲᠠᠷᠤᠢ ᠲᠦᠷᠬᠡᠨ︾ ᠬᠦᠢᠴᠡᠳᠬᠡᠬᠦ᠂ ︽ᠬᠠᠳᠠᠭᠠᠰᠤ | ᠬᠠᠳᠠᠬᠤ︾ ᠵᠤᠷᠢᠭ ᠰᠠᠨᠠᠭ᠎ᠠ ᠶᠢ ᠪᠠᠳᠠᠷᠠᠭᠤᠯᠤᠨ᠂ ᠺᠠᠳ᠋ᠷ ᠢ ᠵᠦᠪ ᠴᠢᠭᠯᠡᠯ ᠢᠶᠠᠷ ᠵᠤᠷᠢᠭᠵᠢᠭᠤᠯᠬᠤ ᠪᠠ ᠪᠤᠷᠤᠭᠤ ᠶᠢ | ᠨᠢ ᠠᠭᠤᠴᠢᠯᠠᠨ ᠠᠯᠳᠠᠭ᠎ᠠ ᠶᠢ ᠨᠢ ᠵᠠᠯᠠᠷᠠᠭᠤᠯᠠᠬᠤ ᠲᠤᠭᠳᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠺᠠᠳ᠋ᠷ | ᠠᠵᠢᠯᠳᠠᠨ ᠤ ᠦᠢᠯᠡᠰ ᠪᠦᠳᠤᠬᠡᠬᠦ ᠬᠠᠯᠠᠭᠤᠨ ᠵᠤᠷᠢᠭ ᠢ ᠬᠦᠢᠴᠡᠳ ᠲᠠᠶᠢᠴᠢᠯᠠᠵᠤ᠂ ᠵᠠᠰᠠᠭ ᠤᠨ ᠤᠷᠳᠤᠨ ᠠᠴᠠ | ᠲᠤᠭᠳᠠᠭᠠᠭᠰᠡᠨ ᠠᠵᠢᠯ ᠢᠶᠠᠨ ᠵᠠᠪᠠᠯ ᠬᠢᠵᠤ᠂ ᠬᠢᠪᠠᠯ ᠵᠠᠪᠠᠯ ᠪᠠᠶᠠᠯᠠᠬᠦᠯᠬᠦ ᠶᠢ ᠪᠠᠳᠤᠯᠠᠨ᠎ᠠ᠃ ᠨᠠᠮ ᠤᠨ ᠰᠤᠷᠳᠠᠯ | ᠠᠷᠢᠭᠤᠨ ᠴᠢᠬᠡᠴᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠡᠷ ᠢ ᠰᠤᠷᠤᠯᠴᠠᠵᠤ | ᠬᠢᠷᠢ ᠲᠠᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠤᠨ ᠪᠠᠶᠢᠩᠭᠤᠵᠢᠯᠳᠠ ᠲᠦᠷᠢᠮᠵᠢᠯᠳᠠ | ᠶᠢ ᠦᠷᠬᠦᠯᠵᠢᠯᠡᠨ ᠠᠬᠢᠭᠤᠯᠵᠤ᠂ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠰᠠᠶᠢᠳᠤᠷ | ᠬᠡᠷᠡᠭᠵᠢᠬᠦᠯᠵᠤ᠂ ᠰᠠᠬᠢᠯᠭ᠎ᠠ ᠪᠠᠳᠤ᠂ ᠲᠦᠷᠢᠮ ᠲᠤᠭᠳᠠᠭᠠᠯ ᠢ ᠵᠦᠷᠢᠴᠡᠭᠰᠡᠳ ᠢ ᠴᠢᠩᠭ᠎ᠠ ᠪᠠᠶᠢᠴᠠᠭᠠᠨ | ᠰᠢᠢᠳᠪᠤᠷᠢᠯᠡᠵᠤ᠂ ᠠᠷᠢᠭᠤᠨ ᠴᠢᠬᠡᠴᠢ᠂ ᠲᠦᠪ ᠭᠤᠤᠯᠴᠢ ᠵᠠᠰᠠᠭ ᠤᠨ ᠤᠷᠴᠢᠨ ᠢ ᠪᠤᠢ ᠪᠤᠯᠭᠠᠨ᠎ᠠ᠃ | ᠲᠦᠯᠤᠬᠡᠯᠡᠭᠴᠢᠳ ᠡ᠂ ᠵᠤᠯ ᠵᠢᠷᠭᠠᠯ ᠴᠢᠷᠮᠠᠶᠢᠯᠭ᠎ᠠ ᠲᠠᠮᠠᠴᠠᠯ ᠠᠴᠠ ᠢᠷᠡᠳᠡᠭ᠃ ᠪᠢᠳᠠ ᠰᠢ ᠶᠢᠨ ᠫᠢᠡᠭ | ᠨᠦᠬᠦᠷ ᠢᠶᠠᠷ ᠭᠤᠤᠯᠯᠠᠭᠴᠢ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠦ᠂ | ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠠᠷᠡᠳ ᠲᠦᠮᠡᠨ ᠢᠶᠠᠨ | ᠪᠦᠯᠬᠦᠮᠳᠡᠬᠦᠯᠤᠨ ᠲᠠᠶᠢᠴᠢᠯᠠᠵᠤ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠨ᠂ ᠪᠦᠯᠬᠦᠮᠳᠡᠨ ᠲᠠᠮᠠᠴᠠᠵᠤ᠂ | ᠬᠠᠳᠠᠭᠤᠵᠢᠯᠳᠡᠢ ᠠᠵᠢᠯᠯᠠᠵᠤ᠂ ᠪᠤᠳᠠᠳᠡᠢ ᠠᠵᠢᠯᠯᠠᠵᠤ᠂ ᠢᠳᠡᠪᠬᠢᠳᠡᠢ ᠠᠵᠢᠯᠯᠠᠨ᠂ ᠬᠠᠨᠴᠤᠢ ᠰᠢᠮᠠᠯᠠᠨ ᠴᠢᠷᠮᠠᠶᠢᠨ | ᠠᠵᠢᠯᠯᠠᠵᠤ᠂ ᠴᠡᠴᠡᠭᠯᠡᠨ ᠬᠦᠭᠵᠢᠭᠰᠡᠨ᠂ ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ | ᠨᠤᠳᠤᠭ ᠢᠶᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕ | | | ᠨᠠᠷᠠᠰ ᠤᠨ ᠲᠠᠶᠢᠯᠪᠣᠷᠢ | ⒈ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠄ ᠬᠦᠡᠳᠤ ᠶᠡᠭᠡ ᠠᠶᠤᠯ ᠲᠦᠭᠰᠢᠬᠦᠷᠢ ᠶᠢ | ᠰᠡᠷᠬᠡᠶᠢᠯᠡᠨ ᠠᠷᠢᠯᠭᠠᠬᠤ᠂ ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ | ᠵᠠᠰᠠᠬᠤ᠃ | ⒉ ︽ᠵᠢᠷᠭᠤᠭᠠᠨ ᠲᠦᠷᠤᠯ︾ ᠤᠨ ᠲᠠᠭᠠᠳᠬᠠᠯ᠄ ᠮᠠᠨ ᠤ ᠬᠤᠰᠢᠭᠤᠨ ᠠᠴᠠ ᠪᠦᠬᠦ ᠬᠤᠰᠢᠭᠤᠨ ᠤ ᠲᠠᠩᠰᠠ | ᠪᠠᠶᠢᠭᠤᠯᠵᠤ ᠺᠠᠷᠲ ᠤᠯᠭᠤᠭᠰᠡᠨ ᠶᠠᠳᠠᠭᠤ ᠬᠦᠴᠢᠷᠳᠡᠯᠳᠡᠢ ᠬᠦᠮᠤᠨ ᠠᠮᠠ ᠳᠤ ᠮᠠᠯᠵᠢᠬᠤ ᠤᠷᠤᠨ ᠤ ᠦᠬᠡᠷ ᠬᠤᠨᠢ | ᠶᠢᠨ ᠴᠠᠭ ᠠᠭᠤᠷ ᠤᠨ ᠵᠢᠭᠠᠯᠳᠠ ᠲᠤᠭᠠᠨ ᠤ ᠲᠠᠭᠠᠳᠬᠠᠯ᠂ ᠦᠬᠡᠷ ᠠᠷᠠᠴᠢᠯᠠᠨ ᠲᠡᠵᠢᠬᠡᠬᠦ ᠲᠠᠭᠠᠳᠬᠠᠯ᠂ ᠰᠢᠨ᠎ᠠ | ᠲᠠᠷᠢᠶᠠᠯᠠᠬᠤ ᠮᠠᠯᠵᠢᠬᠤ ᠤᠷᠤᠨ ᠤ ᠬᠤᠷᠰᠢᠭᠰᠡᠨ ᠡᠮᠨᠡᠯᠬᠡ ᠶᠢᠨ ᠬᠦᠡᠳᠤ ᠡᠪᠡᠳᠴᠢᠨ ᠢ ᠡᠮᠴᠢᠯᠡᠬᠦ ᠲᠠᠭᠠᠳᠬᠠᠯ᠂ | ᠠᠳᠡᠭᠳᠡᠯ ᠬᠡᠮᠳᠤᠯ ᠤᠨ ᠲᠠᠭᠠᠳᠬᠠᠯ᠂ ᠲᠦᠷᠤ ᠶᠢᠨ ᠪᠤᠳᠤᠯᠭ᠎ᠠ ᠶᠢᠨ ᠴᠢᠨᠠᠷᠳᠡᠢ ᠮᠠᠯᠵᠢᠬᠤ ᠤᠷᠤᠨ ᠤ ᠤᠷᠤᠨ | ᠰᠠᠭᠤᠴᠠ ᠪᠠ ᠬᠡᠷ ᠪᠦᠯᠢ ᠶᠢᠨ ᠡᠳ᠋ ᠬᠦᠷᠤᠩᠬᠡ ᠶᠢᠨ ᠶᠠᠷᠤᠩᠬᠡᠶᠢᠯᠡᠭᠰᠡᠨ ᠲᠠᠭᠠᠳᠬᠠᠯ᠃ | ⒊ᠣᠶᠣᠨᠳᠣ ᠰᠣᠷᠭᠠᠭᠤᠯᠢ᠄ ᠢᠨᠲ᠋ᠧᠷ ᠰᠦᠯᠵᠢᠶ᠎ᠡ ᠪᠠᠷ ᠭᠤᠤᠯᠳᠠᠯᠭ᠎ᠠ ᠪᠣᠯᠭᠠᠭᠰᠠᠨ ᠣᠶᠣᠨᠴᠢᠯᠠᠭᠰᠠᠨ ᠰᠣᠷᠭᠠᠭᠤᠯᠢ | ᠶᠢᠨ ᠠᠵᠢᠯᠯᠠᠬᠤ᠂ ᠰᠣᠷᠣᠯᠴᠠᠬᠤ ᠪᠠ ᠠᠮᠢᠳᠣᠷᠠᠬᠤ ᠨᠢᠭᠡ ᠴᠣᠭᠴᠠᠵᠢᠭᠤᠯᠣᠭᠰᠠᠨ ᠣᠷᠴᠢᠨ ᠢ ᠵᠢᠭᠠᠵᠣ ᠪᠠᠶᠢᠨ᠎ᠠ᠂ | ᠨᠢᠭᠡ ᠴᠣᠭᠴᠠᠵᠢᠭᠤᠯᠣᠭᠰᠠᠨ ᠣᠷᠴᠢᠨ ᠨᠢ ᠣᠯᠠᠨ ᠲᠦᠷᠦᠯ ᠤᠨ ᠭᠡᠷᠡᠭᠯᠡᠭᠡᠨ ᠤ ᠰᠢᠰᠲ᠋ᠧᠮ ᠢᠶᠠᠷ ᠠᠴᠢᠶᠠᠯᠠᠪᠣᠷᠢ | ᠪᠣᠯᠭᠠᠵᠣ᠂ ᠵᠢᠭᠠᠨ ᠰᠣᠷᠭᠠᠬᠤ᠂ ᠡᠷᠳᠡᠮ ᠰᠢᠨᠵᠢᠯᠡᠭᠡᠨ᠂ ᠬᠠᠮᠢᠶᠠᠷᠣᠯᠳᠠ ᠪᠠ ᠰᠣᠷᠭᠠᠭᠤᠯᠢ ᠶᠢᠨ ᠠᠮᠢᠳᠣᠷᠠᠯ ᠢ | ᠬᠦᠢᠴᠡᠳ ᠠᠭᠤᠰᠣᠯᠴᠠᠭᠤᠯᠣᠨ᠎ᠠ ᠃ | ⒋ ᠲᠠᠯᠪᠢᠬᠤ ᠬᠠᠮᠢᠶᠠᠷᠬᠤ ᠦᠢᠯᠡᠴᠢᠯᠡᠬᠦ᠄ ︽ᠲᠠᠯᠪᠢᠬᠤ︾ ᠬᠡᠳᠡᠭ ᠨᠢ᠄ ᠵᠠᠰᠠᠭ ᠢ ᠴᠣᠮᠬᠠᠳᠬᠠᠨ ᠡᠷᠭᠡ ᠶᠢ | ᠲᠣᠷᠣᠭᠰᠢ ᠲᠠᠯᠪᠢᠵᠤ᠂ ᠵᠦᠪᠰᠢᠶᠡᠷᠡᠬᠦ ᠪᠠᠷᠢᠮᠵᠢᠶ᠎ᠠ ᠶᠢ ᠲᠣᠷᠣᠭᠰᠢᠯᠠᠭᠤᠯᠬᠤ ᠶᠢ ᠵᠢᠭᠠᠵᠣ ᠪᠠᠶᠢᠨ᠎ᠠ᠃ ︽ | ᠬᠠᠮᠢᠶᠠᠷᠬᠤ︾ ᠪᠣᠯ ᠲᠠᠷᠣᠢ ᠲᠦᠪ ᠭᠤᠣᠯᠴᠢ ᠬᠢᠨᠠᠨ ᠬᠠᠮᠢᠶᠠᠷᠣᠯᠳᠠ ᠪᠠᠷ ᠡᠷᠭᠡ ᠲᠡᠭᠰᠢ ᠦᠷᠢᠰᠦᠯᠳᠦᠭᠡᠨ ᠢ | ᠠᠬᠢᠭᠤᠯᠬᠤ ᠶᠢ ᠵᠢᠭᠠᠵᠣ ᠪᠠᠶᠢᠨ᠎ᠠ᠃ ︽ᠦᠢᠯᠡᠴᠢᠯᠡᠬᠦ︾ ᠬᠡᠳᠡᠭ ᠨᠢ᠄ ᠪᠦᠳᠦᠮᠵᠢᠳᠡᠢ ᠦᠢᠯᠡᠴᠢᠯᠡᠭᠡ ᠪᠠᠷ ᠲᠦᠬᠦᠮ | ᠲᠦᠳᠠ ᠦᠢᠯᠡᠴᠢᠯᠡᠬᠡᠨ ᠤ ᠤᠷᠴᠢᠨ ᠢ ᠪᠤᠢ ᠪᠤᠯᠭᠠᠬᠤ᠃ | ⒌ᠣᠯᠠᠨ ᠦᠨᠡᠮᠯᠡᠯ ᠢ ᠨᠢᠬᠡᠳᠬᠡᠬᠦ᠄ ᠠᠵᠣ ᠠᠬᠤᠶᠢᠯᠠᠯ ᠢ ᠲᠠᠩᠰᠠᠯᠠᠬᠤ ᠭᠠᠷᠳᠠᠮ ᠢ ᠲᠦᠬᠦᠮᠴᠢᠯᠡᠨ᠂ ᠣᠣᠯ ᠤᠨ | ᠣᠯᠠᠨ ᠦᠨᠡᠮᠯᠡᠯ ᠢ ᠨᠢᠭᠡᠳᠦᠬᠦᠯᠦᠨ ᠨᠢᠭᠡ ᠡᠵᠡᠩᠨᠡᠯᠳᠡ ᠶᠢᠨ ᠦᠨᠡᠮᠯᠡᠯ ᠪᠠ ᠨᠢᠭᠡ ᠨᠡᠶᠢᠭᠡᠮ ᠤᠨ ᠢᠳᠡᠭᠡᠮᠵᠢᠳᠦ | ᠲᠦᠯᠦᠭᠡᠨ ᠤ ᠳ᠋ᠣᠭᠠᠷ ᠲᠠᠢ ᠪᠣᠯᠭᠠᠨ᠎ᠠ᠃ | ⒍ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾᠄ ᠪᠠᠶᠢᠭᠤᠯᠤᠯᠭ᠎ᠠ ᠶᠢᠨ ᠤᠳᠤᠷᠢᠳᠬᠤ ᠺᠠᠳ᠋ᠷ | ᠡᠷᠬᠡᠪᠰᠢ ᠲᠤᠰ ᠪᠠᠶᠢᠭᠤᠯᠤᠯᠭ᠎ᠠ ᠶᠢᠨ ᠢᠶᠠᠨ ᠲᠤᠬᠠᠶᠢᠯᠠᠭᠰᠡᠨ ᠠᠵᠢᠯ ᠪᠠ ᠨᠠᠮ ᠤᠨ ᠰᠤᠷᠳᠠᠯ ᠠᠷᠢᠭᠤᠨ ᠴᠢᠬᠡᠴᠢ ᠶᠢᠨ | ᠪᠠᠶᠢᠭᠤᠯᠤᠯᠳᠠ ᠶᠢᠨ ᠬᠤᠤᠰ ᠬᠠᠷᠢᠭᠤᠴᠠᠯᠭ᠎ᠠ ᠶᠢ ᠡᠬᠦᠷᠬᠡᠯᠡᠨ᠎ᠠ᠃ | ⒎ ︽ᠬᠤᠶᠡᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠬᠡᠰᠢᠬᠦᠨ ᠪᠤᠯᠬᠤ︾᠄ ᠨᠠᠮ ᠤᠨ ᠲᠦᠷᠢᠮ ᠢ | ᠰᠤᠷᠤᠯᠴᠠᠵᠤ᠂ ᠰᠢ ᠶᠢᠨ ᠫᠢᠡᠭ ᠶᠠᠷᠤᠩᠬᠡᠢ ᠱᠦᠵᠢ ᠶᠢᠨ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ | ᠨᠠᠮ ᠤᠨ ᠬᠡᠰᠢᠬᠦᠨ ᠪᠤᠯᠬᠤ ᠰᠤᠷᠤᠯᠴᠠᠯᠭ᠎ᠠ ᠬᠦᠮᠤᠵᠢᠯ᠃ | ⒏ᠲᠦᠷᠤ ᠶᠢᠨ ᠶᠠᠪᠤᠳᠠᠯ ᠤᠨ ᠬᠤᠷᠢᠶᠠᠨ ᠤ ︽ᠴᠢᠩᠭ᠎ᠠ ᠰᠠᠬᠢᠬᠤ ᠭᠤᠷᠪᠡᠨ ᠵᠤᠷᠪᠤᠰ︾᠄ 2013 ᠤᠨ ᠤ 3 | ᠰᠠᠷ᠎ᠠ ᠳᠤ᠂ ᠪᠦᠬᠦ ᠤᠯᠤᠰ ᠤᠨ ᠬᠤᠶᠡᠷ ᠬᠤᠷᠡᠯ ᠤᠨ ᠲᠠᠷᠠᠭ᠎ᠠ᠂ ᠯᠢ ᠺᠧ ᠴᠢᠶᠠᠩ ᠶᠠᠷᠤᠩᠬᠡᠢ ᠰᠠᠶᠢᠳ ᠲᠤᠮᠳᠠᠳᠤ | ᠭᠠᠳᠠᠭᠠᠳᠤ ᠶᠢᠨ ᠰᠤᠷᠪᠤᠯᠵᠢᠯᠠᠭᠴᠢᠳ ᠢ ᠬᠦᠯᠢᠶᠠᠨ ᠠᠪᠴᠤ᠄ ᠲᠤᠰ ᠬᠤᠭᠤᠴᠠᠭᠠᠨ ᠤ ᠵᠠᠰᠠᠭ ᠤᠨ ᠤᠷᠳᠤᠨ | ᠲᠤᠰᠢᠶᠠᠯ ᠡᠬᠦᠷᠬᠡᠯᠡᠵᠤ ᠪᠠᠶᠢᠭ᠎ᠠ ᠬᠤᠭᠤᠴᠠᠭᠠᠨ ᠳᠤ᠂ ᠵᠠᠰᠠᠭ ᠤᠨ ᠤᠷᠳᠤᠨ ᠤ ᠠᠯᠪᠠᠯᠠᠬᠤ ᠠᠰᠠᠷ ᠪᠠᠷᠢᠯᠭ᠎ᠠ ᠲᠡᠬᠢᠨ | ᠰᠢᠨ᠎ᠠ ᠪᠠᠷ ᠪᠠᠷᠢᠬᠤ ᠶᠢ ᠡᠷᠡᠰ ᠵᠦᠪᠰᠢᠶᠠᠷᠡᠬᠦ ᠦᠬᠡᠢ᠂ ᠡᠳ᠋ ᠤᠨ ᠵᠠᠰᠠᠭ ᠤᠨ ᠠᠰᠠᠷᠠᠮᠵᠢ ᠬᠦᠷᠳᠡᠵᠤ ᠪᠠᠶᠢᠭ᠎ᠠ | ᠬᠦᠮᠤᠨ ᠤ ᠲᠤᠭ᠎ᠠ ᠶᠢ ᠪᠠᠭᠠᠰᠬᠠᠬᠤ ᠠᠴᠠ ᠪᠢᠰᠢ ᠨᠡᠮᠡᠭᠳᠡᠬᠦᠯᠬᠦ ᠦᠬᠡᠢ᠃ ᠠᠯᠪᠠᠨ ᠰᠦᠢᠳᠬᠡᠯ ᠢᠶᠠᠷ ᠭᠠᠳᠠᠭᠠᠳᠤ ᠳᠤ | ᠭᠠᠷᠬᠤ᠂ ᠠᠯᠪᠠᠨ ᠰᠦᠢᠳᠬᠡᠯ ᠢᠶᠠᠷ ᠲᠡᠷᠬᠡ ᠬᠤᠳᠠᠯᠳᠤᠨ ᠠᠪᠬᠤ ᠶᠢ ᠪᠠᠭᠠᠰᠬᠠᠬᠤ ᠠᠴᠠ ᠪᠢᠰᠢ ᠨᠡᠮᠡᠭᠳᠡᠬᠦᠯᠬᠦ ᠦᠬᠡᠢ | ᠬᠡᠵᠤ ᠲᠤᠷᠡᠳᠴᠠᠢ᠃ | ⒐ᠲᠠᠪᠤ ᠶᠢ ᠨᠢᠬᠡ ᠴᠤᠭᠴᠠᠵᠢᠭᠤᠯᠬᠤ᠄ ︽ᠲᠠᠪᠤ ᠶᠢ ᠨᠢᠬᠡ ᠴᠤᠭᠴᠠᠵᠢᠭᠤᠯᠬᠤ︾ ᠶᠠᠷᠤᠩᠬᠡᠢ ᠪᠠᠶᠢᠷᠢᠯᠠᠭᠤᠯᠤᠯᠳᠠ ᠪᠤᠯ | ᠲᠠᠷᠤᠢ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠤ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ | ᠨᠠᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ᠎ᠠ᠃ | ⒑ ᠲᠦᠷᠪᠡᠨ ᠪᠦᠬᠦ ᠲᠠᠯ᠎ᠠ᠄ ᠲᠠᠷᠤᠢ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠦᠬᠡᠷᠡᠴᠢᠯᠡᠯᠳᠡ ᠶᠢ | ᠪᠦᠬᠦ ᠲᠠᠯ᠎ᠠ ᠪᠠᠷ ᠬᠦᠡᠵᠡᠬᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠪᠤᠯᠤᠨ᠎ᠠ᠃ | ⒒ ᠭᠤᠷᠪᠠᠨ ᠪᠦᠳᠦᠭᠡᠭᠳᠡᠬᠦᠨ ᠨᠢᠭᠡ ᠲᠡᠮᠳᠡᠭ᠄ ᠪᠠᠶᠢᠭᠠᠯᠢᠯᠢᠭ ᠲᠠᠷᠢᠶᠠᠯᠠᠩ ᠤᠨ ᠪᠦᠳᠦᠭᠡᠭᠳᠡᠬᠦᠨ᠂ ᠪᠣᠬᠢᠷᠳᠣᠯ | ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠪᠠ ᠲᠠᠷᠢᠶᠠᠯᠠᠩ ᠤᠨ ᠪᠦᠳᠦᠭᠡᠭᠳᠡᠬᠦᠨ ᠤ ᠭᠠᠵᠠᠷ | ᠵᠦᠢ ᠶᠢᠨ ᠲᠡᠮᠳᠡᠭ ᠢ ᠵᠢᠭᠠᠵᠣ ᠪᠠᠶᠢᠨ᠎ᠠ᠃ | ⒓ ︽ᠵᠠᠮ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ︾᠄ ᠵᠠᠮ ᠬᠠᠷᠢᠯᠴᠠᠭᠠᠨ ᠤ ᠰᠠᠯᠪᠤᠷᠢ ᠶᠡᠭᠡ ᠠᠩᠬᠢ | ᠶᠢᠨ ᠴᠠᠭᠳᠠᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠨ᠂ ᠵᠠᠮ ᠬᠠᠷᠢᠯᠴᠠᠭᠠᠨ ᠤ ᠲᠤᠬᠢᠶ᠎ᠠ | ᠲᠡᠮᠳᠡᠭ᠂ ᠵᠠᠭᠠᠭ ᠱᠤᠭᠤᠮ ᠵᠠᠮ ᠬᠠᠷᠢᠯᠴᠠᠭᠠᠨ ᠤ ᠲᠤᠬᠢᠶᠠᠨ ᠤ ᠳ᠋ᠸᠡᠭ ᠤᠨ ᠡᠪᠳᠡᠭᠳᠡᠯ ᠢ ᠴᠠᠭ ᠲᠤᠬᠠᠢ ᠳᠤᠨᠢ | ᠰᠢᠢᠳᠪᠤᠷᠢᠯᠡᠬᠦ ᠶᠢᠨ ᠬᠠᠮᠳᠤ ᠬᠤᠯᠪᠤᠭᠳᠠᠯ ᠪᠦᠬᠦᠢ ᠵᠠᠮ ᠤᠨ ᠬᠡᠰᠡᠭ ᠤᠨ ᠲᠦᠭᠵᠢᠷᠡᠯ ᠤᠨ ᠰᠢᠯᠳᠠᠭᠠᠨ ᠳᠤ | ᠵᠠᠳᠠᠯᠤᠯᠳᠠ ᠬᠢᠬᠦ᠂ ᠲᠦᠭᠵᠢᠷᠡᠯ ᠢ ᠠᠷᠭᠠᠴᠠᠭᠠᠬᠤ ᠠᠷᠭ᠎ᠠ ᠬᠡᠮᠵᠢᠶ᠎ᠠ ᠠᠪᠬᠤ ᠵᠠᠷᠬᠡ᠃ | ⒔ ︽ᠵᠤᠷᠯᠤᠩ ᠤᠨ ᠬᠤᠪᠢᠰᠬᠠᠯ︾᠄ ᠬᠦᠭᠵᠢᠵᠤ ᠪᠠᠶᠢᠭ᠎ᠠ ᠤᠯᠤᠰ ᠤᠨ ᠵᠤᠷᠯᠤᠩ ᠢ ᠦᠬᠡᠷᠡᠴᠢᠯᠡᠨ ᠪᠠᠶᠢᠭᠤᠯᠬᠤ | ᠨᠢᠬᠡ ᠲᠦᠷᠤᠯ ᠤᠨ ᠠᠷᠭ᠎ᠠ ᠪᠤᠯᠤᠨ᠎ᠠ᠃ ᠬᠠᠮᠤᠭ ᠡᠷᠳᠡ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ | ᠬᠡᠤᠬᠡᠳ ᠤᠨ ᠰᠠᠭᠤᠷᠢ ᠮᠦᠩᠬᠦᠨ ᠤ ᠨᠠᠶᠢᠬᠡᠮᠯᠢᠭ ᠠᠴᠠ ᠲᠤᠷᠡᠳᠴᠠᠢ᠃ ᠵᠤᠷᠯᠤᠩ ᠪᠤᠯ ᠪᠤᠯᠪᠠᠰᠤᠨ ᠤ ᠪᠠᠶᠢᠳᠠᠯ ᠢ | ᠬᠠᠷᠠᠭᠤᠯᠬᠤ ᠭᠤᠤᠯ ᠬᠡᠮᠵᠢᠬᠦᠷ ᠪᠤᠯᠤᠨ᠎ᠠ᠃ ᠵᠤᠷᠯᠤᠩ ᠤᠨ ᠠᠷᠢᠭᠤᠨ ᠴᠠᠪᠠᠷ ᠤᠨ ᠪᠠᠶᠢᠳᠠᠯ ᠨᠢ ᠲᠤᠰ ᠤᠯᠤᠰ ᠤᠨ | ᠠᠷᠡᠳ ᠲᠦᠮᠡᠨ ᠤ ᠡᠷᠡᠬᠦᠯ ᠴᠢᠬᠢᠷᠠᠭ ᠪᠠ ᠤᠷᠴᠢᠨ ᠲᠤᠭᠤᠷᠢᠨ ᠤ ᠪᠠᠶᠢᠳᠠᠯ ᠲᠠᠢ ᠬᠤᠯᠪᠤᠭᠳᠠᠵᠤ ᠪᠠᠶᠢᠳᠠᠭ᠃ | ⒕︽ᠨᠢᠬᠡ ᠲᠤᠭᠤᠷᠢᠭ ᠭᠤᠷᠪᠡᠨ ᠰᠠᠭᠤᠷᠢᠨ︾᠄ ᠨᠢᠬᠡ ᠲᠤᠭᠤᠷᠢᠭ ᠠᠪᠠᠭ᠎ᠠ ᠬᠤᠰᠢᠭᠤᠨ ᠤ ᠠᠵᠤ ᠦᠢᠯᠡᠳᠪᠤᠷᠢ | ᠶᠢᠨ ᠲᠤᠭᠤᠷᠢᠭ᠃ ᠭᠤᠷᠪᠡᠨ ᠰᠠᠭᠤᠷᠢᠨ ᠪᠤᠯ ᠲᠤᠮᠳᠠ ᠪᠠᠭ᠎ᠠ ᠠᠵᠤ ᠠᠬᠤᠶᠢᠯᠡᠯ ᠤᠨ ᠦᠢᠯᠡᠰ ᠪᠤᠰᠬᠠᠵᠤ ᠠᠵᠢᠯ | ᠤᠯᠭᠤᠬᠤ ᠰᠠᠭᠤᠷᠢᠨ᠂ ᠴᠠᠭᠠᠡᠨᠠᠭᠤᠷ ᠤᠷᠴᠢᠯᠳᠡᠳᠤ ᠠᠵᠤ ᠠᠬᠤᠢ ᠠᠵᠤ ᠦᠢᠯᠡᠰ ᠤᠨ ᠰᠠᠭᠤᠷᠢᠨ᠂ ᠲᠡᠯᠬᠡᠷ ᠠᠵᠤ | ᠦᠢᠯᠡᠳᠪᠤᠷᠢ ᠶᠢᠨ ᠰᠠᠭᠤᠷᠢᠨ᠃ | ⒖ ᠬᠤᠣᠰ ᠲᠣᠭᠳᠠᠮᠠᠯ ᠪᠣᠰᠣ᠂ ᠨᠢᠭᠡ ᠢᠯᠡ ᠨᠡᠶᠢᠳᠡᠯᠡᠬᠦ᠄ ᠬᠢᠨᠠᠨ ᠬᠠᠮᠢᠶᠠᠷᠣᠯᠳᠠ ᠶᠢᠨ ᠶᠠᠪᠣᠴᠠ ᠳᠤ ᠪᠠᠶᠢᠴᠠᠭᠠᠬᠤ | ᠡᠳᠡᠭᠡᠳ ᠢᠶᠠᠨ ᠲᠣᠭᠳᠠᠮᠠᠯ ᠪᠣᠰᠣ ᠪᠠᠷ ᠰᠤᠭᠤᠴᠢᠨ ᠲᠤᠭᠳᠠᠭᠠᠠᠬᠤ᠂ ᠬᠠᠣᠯᠢ ᠬᠡᠷᠡᠭᠵᠢᠬᠦᠯᠬᠦ ᠠᠵᠢᠯᠳᠠᠨ ᠢ ᠲᠣᠭᠳᠠᠮᠠᠯ | ᠪᠣᠰᠣ ᠪᠠᠷ ᠰᠣᠭᠤᠴᠢᠨ ᠲᠣᠮᠢᠯᠠᠬᠤ᠂ ᠪᠠᠶᠢᠴᠠᠭᠠᠭᠰᠠᠨ ᠪᠠᠶᠢᠳᠠᠯ ᠪᠠ ᠦᠷ᠎ᠡ ᠳ᠋ᠦᠩ ᠢᠶᠠᠨ ᠴᠠᠭ ᠲᠣᠬᠠᠢ ᠳᠤᠨᠢ | ᠨᠡᠶᠢᠭᠡᠮ ᠳᠤ ᠢᠯᠡ ᠨᠡᠶᠢᠳᠡᠯᠡᠬᠦ᠃ | ⒗︽ᠬᠡᠷᠡᠴᠢ ᠦᠨᠡᠮᠯᠡᠯ ᠢ ᠰᠠᠯᠭᠠᠬᠤ︾᠄ ᠠᠵᠤ ᠠᠬᠤᠶᠢᠯᠡᠯ ᠤᠨ ︽ᠦᠨᠡᠮᠯᠡᠯ ᠤᠨ ᠭᠠᠷ ᠬᠦᠢᠴᠡᠳᠬᠡᠯ ᠠᠪᠬᠤ ᠳᠤ | ᠬᠦᠴᠢᠷ︾ ᠠᠰᠠᠭᠤᠳᠠᠯ ᠳᠤ ᠴᠢᠭᠯᠡᠬᠦᠯᠤᠨ᠂ ᠬᠤᠳᠠᠯᠳᠤᠭᠠᠨ ᠤ ᠲᠠᠩᠰᠠᠯᠠᠬᠤ ᠲᠦᠷᠢᠮ ᠤᠨ ᠦᠬᠡᠷᠠᠴᠢᠯᠡᠯᠳᠡ᠂ | ᠲᠠᠷᠤᠢ ᠺᠤᠮᠫᠠᠨᠢ ᠪᠠᠶᠢᠭᠤᠯᠬᠤ ᠳᠤ᠂ ᠵᠦᠪᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠬᠦᠷᠴᠤ᠂ | ᠡᠵᠡᠩᠨᠡᠯᠳᠡ ᠶᠢᠨ ᠦᠨᠡᠮᠯᠡᠯ ᠠᠪᠤᠪᠠᠯ ᠡᠩ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠤᠯᠤᠨ᠎ᠠ᠃ | | ⒘ ︽ᠡᠬᠦᠳᠠᠨ ᠡᠮᠤᠨᠡᠬᠢ ᠲᠠᠪᠤ ᠶᠢ ᠲᠠᠭᠠᠭᠠᠴᠢᠯᠠᠬᠤ︾᠄ ᠡᠬᠦᠳᠡᠨ ᠡᠮᠤᠨᠡᠬᠢ ᠠᠷᠢᠭᠤᠨ ᠴᠡᠪᠡᠷ᠂ | ᠨᠤᠭᠤᠭᠠᠷᠠᠭᠤᠯᠤᠯᠳᠠ᠂ ᠤᠯᠠᠨ ᠨᠠᠶᠢᠳᠠ ᠶᠢᠨ ᠲᠦᠬᠦᠬᠡᠷᠤᠮᠵᠢ᠂ ᠪᠠᠷᠢᠯᠭ᠎ᠠ ᠶᠢᠨ ᠭᠠᠳᠠᠷ ᠲᠦᠷᠢ ᠲᠦᠷᠬᠦ᠂ ᠡᠮᠬᠢ | ᠲᠢᠭᠯᠢᠮ ᠵᠠᠷᠬᠡ ᠶᠢ ᠲᠠᠭᠠᠭᠠᠴᠢᠯᠠᠬᠤ | ⒙ ︽ᠲᠧᠯᠸᠢᠰ ᠬᠢᠨᠡᠨ ᠡᠵᠡᠮᠳᠠᠬᠦ ᠲᠠᠪᠴᠠᠩ︾᠄ ᠰᠤᠷᠠᠭ ᠵᠠᠩᠬᠢᠵᠢᠯᠳᠠ ᠪᠠᠷ ᠲᠤᠯᠭᠠᠭᠤᠷᠢᠯᠠᠵᠤ᠂ ᠲᠤᠤᠷ | ᠰᠦᠯᠵᠢᠶ᠎ᠠ ᠶᠢᠨ ᠬᠠᠮᠢᠶᠠᠷᠤᠯᠳᠠ ᠪᠠᠷ ᠰᠠᠭᠤᠷᠢ ᠪᠤᠯᠭᠠᠵᠤ᠂ ᠬᠤᠰᠢᠭᠤ ᠰᠤᠮᠤ ᠭᠠᠴᠠᠭ᠎ᠠ ᠭᠤᠷᠪᠡᠨ ᠲᠡᠰ ᠤᠨ ᠤᠯᠠᠨ | ᠨᠠᠶᠢᠳᠠ ᠶᠢᠨ ᠠᠮᠤᠷ ᠲᠦᠪᠰᠢᠨ ᠤ ᠲᠧᠯᠸᠢᠰ ᠬᠢᠨᠡᠨ ᠡᠵᠡᠮᠳᠠᠬᠦ ᠲᠠᠪᠴᠠᠩ ᠃ | ⒚︽ᠲᠦᠷᠪᠡᠨ ᠤᠬᠠᠮᠰᠠᠷ︾᠄ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ | ᠤᠬᠠᠮᠰᠠᠷ᠂ ᠨᠢᠬᠡᠳᠤᠯᠳᠡᠢ ᠪᠠᠶᠢᠬᠤ ᠤᠬᠠᠮᠰᠠᠷ᠃ | ⒛ ︽ᠬᠤᠶᠡᠷ ᠢ ᠬᠠᠮᠠᠭᠠᠯᠠᠬᠤ︾᠄ ᠰᠢ ᠶᠢᠨ ᠫᠢᠡᠭ ᠶᠠᠷᠤᠩᠬᠡᠢ ᠱᠦᠵᠢ ᠶᠢᠨ ᠭᠤᠤᠯᠯᠠᠭᠴᠢ ᠶᠢᠨ ᠪᠠᠶᠢᠷᠢ ᠰᠠᠭᠤᠷᠢ | ᠶᠢ ᠡᠷᠡᠰ ᠬᠠᠮᠠᠭᠠᠯᠠᠬᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠬᠦᠢ ᠨᠢᠬᠡᠳᠤᠯᠳᠡᠢ | ᠤᠳᠤᠷᠢᠳᠤᠯᠭ᠎ᠠ ᠶᠢ ᠡᠷᠡᠰ ᠬᠠᠮᠠᠭᠠᠯᠠᠬᠤ᠃ |