ᠰᠢᠯᠢ ᠶᠢᠨ ᠭᠤᠤᠯ ᠠᠶᠢᠮᠠᠭ ᠤᠨ ᠲᠤᠶᠢᠮᠦ ᠪᠠᠶᠢᠳᠠᠯ
ᠨᠡᠶᠢᠲᠡᠯᠡᠭᠰᠡᠨ ᠴᠠᠭ᠄
2019/9/30
 
        ᠰᠢᠯᠢ ᠶᠢᠨ ᠭᠤᠤᠯ ᠠᠶᠢᠮᠠᠭ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠮᠳᠠᠳᠤ ᠬᠡᠰᠡᠭ᠂ ᠨᠡᠶᠢᠰᠯᠡᠯ ᠪᠡᠭᠡᠵᠢᠩ ᠤᠨ ᠠᠰ ᠬᠤᠶᠢᠨ᠎ᠠ ᠪᠠᠶᠢᠷᠢᠯᠠᠵᠤ᠂ ᠨᠤᠳᠤᠭ ᠲᠡᠪᠢᠰᠭᠡᠷ  ᠤᠨ ᠶᠡᠷᠦᠩᠭᠡᠢ ᠲᠠᠯᠠᠪᠠᠢ 20.3 ᠲᠦᠮᠡᠨ ᠲᠡᠭᠰᠢ ᠲᠦᠷᠪᠡᠯᠵᠢᠨ ᠺᠢᠯᠤᠮᠧᠲᠷ᠂ 9 ᠬᠤᠰᠢᠭᠤ 2 ᠬᠤᠲᠠ 1 ᠰᠢᠶᠠᠨ ᠪᠠ 1 ᠬᠠᠮᠢᠶᠠᠷᠤᠯᠲᠠ ᠶᠢᠨ ᠤᠷᠤᠨ ᠢ ᠬᠠᠷᠢᠶᠠᠯᠠᠵᠦ᠂ ᠠᠶᠢᠮᠠᠭ ᠤᠨ ᠲᠦᠪ ᠨᠢ ᠰᠢᠯᠢ ᠶᠢᠨ ᠬᠤᠲᠠ ᠳᠤ ᠰᠠᠭᠤᠷᠢᠰᠢᠵᠤ ᠪᠤᠢ᠃ ᠪᠠᠶᠢᠩᠭᠤ ᠰᠠᠭᠤᠭ᠎ᠠ ᠬᠦᠮᠦᠨ ᠠᠮᠠ 105 ᠲᠦᠮᠨ᠂ ᠡᠭᠦᠨ ᠳᠤ ᠮᠤᠩᠭᠤᠯ ᠦᠨᠳᠦᠰᠦᠲᠡᠨ 30%᠎ ᠶᠢ ᠡᠵᠡᠯᠡᠨ᠎ᠡ᠃ ᠤᠮᠠᠷᠠᠰᠢ ᠮᠤᠩᠭᠤᠯ ᠤᠯᠤᠰ ᠲᠠᠢ 1103 ᠺᠢᠯᠤᠮᠧᠲᠷ ᠤᠨ ᠬᠢᠯᠢ ᠶᠢᠨ ᠱᠤᠭᠤᠮ ᠢᠶᠠᠷ ᠬᠦᠷᠰᠢᠯᠡᠵᠦ᠂ ᠡᠷᠢᠶᠡᠨ ᠬᠤᠲᠠ᠂ ᠵᠡᠭᠦᠨ ᠬᠠᠳᠠᠪᠴᠢ ᠬᠡᠬᠦ ᠮᠤᠩᠭᠤᠯ ᠤᠯᠤᠰ ᠲᠤ ᠬᠠᠨᠳᠤᠭᠤᠯᠤᠭᠰᠠᠨ ᠤᠯᠤᠰ ᠤᠨ ᠨᠢᠭᠡᠳᠦᠭᠡᠷ ᠲᠦᠷᠦᠯ ᠤᠨ ᠬᠤᠶᠠᠷ ᠬᠢᠯᠢ ᠶᠢᠨ ᠪᠤᠭᠤᠮᠲᠠ᠂ 5 ᠬᠢᠯᠢ ᠶᠢᠨ ᠬᠤᠰᠢᠭᠤ ᠬᠤᠲᠠ ᠲᠠᠢ᠃ ᠠᠰᠢᠭᠯᠠᠵᠦ ᠪᠤᠯᠬᠤ ᠨᠤᠲᠤᠭ ᠪᠡᠯᠴᠢᠭᠡᠷ ᠤᠨ ᠲᠠᠯᠠᠪᠠᠢ ᠨᠢ 18 ᠲᠦᠮᠡᠨ ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠤᠲᠤᠭ ᠳᠡᠪᠢᠰᠭᠡᠷ ᠤᠨ 26.5%᠎ ᠶᠢ ᠡᠵᠡᠯᠡᠵᠦ᠂ 26 ᠤᠯᠤᠰ ᠤᠨ ᠲᠡᠰ ᠪᠠ ᠦᠪᠡᠷᠲᠡᠭᠡᠨ ᠵᠠᠰᠠᠬᠤ ᠤᠷᠤᠨ ᠤ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠤᠢ ᠰᠢᠭᠤᠢ ᠶᠢᠨ ᠴᠡᠴᠡᠷᠯᠢᠭ᠂ ᠨᠠᠮᠤᠭ ᠭᠠᠵᠠᠷ ᠤᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ ᠲᠠᠢ ᠪᠦᠭᠡᠳ ᠮᠠᠨ ᠤ ᠤᠯᠤᠰ ᠤᠨ ᠡᠪᠡᠰᠦᠲᠦ ᠭᠠᠵᠠᠷ ᠪᠠ ᠤᠷᠭᠤᠮᠠᠯ ᠤᠨ ᠪᠦᠷᠬᠦᠴᠡ ᠶᠢᠨ ᠲᠦᠷᠦᠯ ᠬᠠᠮᠤᠭ ᠪᠦᠷᠢᠨ ᠪᠦᠲᠦᠨ ᠲᠠᠯ᠎ᠠ ᠨᠤᠲᠤᠭ ᠤᠨ ᠮᠠᠯᠵᠢᠬᠤ ᠤᠷᠤᠨ ᠪᠤᠯᠤᠨ᠎ᠠ᠂ ᠲᠡᠷᠡᠴᠢᠯᠡᠨ ᠤᠯᠤᠰ ᠤᠨ ᠴᠢᠬᠤᠯᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠰᠠᠭᠤᠷᠢᠨ ᠭᠠᠵᠠᠷ ᠪᠤᠯᠬᠤ ᠶᠤᠮ᠃     2018 ᠤᠨ ᠳᠤ ᠮᠠᠯ ᠠᠵᠤ ᠠᠬᠤᠢ ᠶᠢᠨ ᠤᠨ ᠤ ᠮᠠᠯ ᠤᠨ ᠲᠤᠭ᠎ᠠ 1365 ᠲᠦᠮᠡ ᠲᠤᠯᠤᠭᠠᠢ ᠳᠤ ᠬᠦᠷᠴᠦ᠂ ᠵᠢᠯ ᠳᠤ ᠲᠤᠮᠳᠠᠴᠢ ᠪᠠᠷ 800 ᠲᠦᠮᠡᠨ ᠲᠤᠭ᠎ᠠ ᠲᠤᠯᠤᠭᠠᠢ ᠤᠷᠴᠢᠮ ᠵᠠᠷᠤᠴᠠᠭᠤᠯᠵᠤ᠂ ︽ᠰᠢᠯᠢ ᠶᠢᠨ ᠭᠤᠤᠯ ᠤᠨ ᠬᠤᠨᠢᠨ ᠮᠢᠬ᠎ᠠ︾᠎ ᠨᠢ ᠳᠤᠮᠳᠠᠳᠤ ᠤᠯᠤᠰ ᠤᠨ ᠠᠯᠳᠠᠷᠳᠦ ᠲᠠᠸᠠᠷ ᠤᠨ ᠲᠡᠮᠳᠡᠭ ᠪᠤᠯᠬᠤ ᠪᠦᠭᠡᠳ ᠲᠡᠷᠢᠭᠦᠨ ᠪᠦᠯᠦᠭ ᠳᠤᠮᠳᠠᠳᠤ ᠤᠯᠤᠰ ᠤᠨ ᠵᠠᠭᠤᠨ ᠰᠢᠯᠢᠳᠡᠭ ᠲᠠᠷᠢᠶᠠᠯᠠᠩ ᠤᠨ ᠪᠦᠲᠦᠭᠡᠭᠳᠡᠭᠦᠨ ᠤ ᠤᠷᠤᠨ ᠲᠤᠭᠤᠷᠢᠭ ᠤᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭ ᠢ ᠬᠦᠷᠳᠡᠵᠦ᠂ ︽ᠰᠢᠯᠢ ᠶᠢᠨ ᠭᠤᠤᠯ ᠤᠨ ᠦᠬᠡᠷ ᠤᠨ ᠮᠢᠬ᠎ᠠ︾᠎ ᠨᠢ ᠤᠯᠤᠰ ᠤᠨ ᠭᠠᠵᠠᠷ ᠵᠦᠢ ᠶᠢᠨ ᠰᠢᠨᠵᠢ ᠲᠡᠮᠳᠡᠭ ᠤᠨ ᠬᠡᠷᠡᠴᠢᠯᠡᠯᠳᠦ ᠲᠠᠸᠠᠷ ᠤᠨ ᠲᠡᠮᠳᠡᠭ ᠪᠤᠯᠪᠠ᠃ ᠢᠯᠡᠷᠡᠭᠦᠯᠦᠭᠰᠡᠨ ᠨᠡᠭᠦᠷᠡᠰᠦᠨ ᠤ ᠪᠤᠯᠠᠭᠳᠠᠴᠠ 1448 ᠳ᠋ᠦᠩᠰᠢᠭᠤᠷ ᠲᠤᠨ᠂ ᠵᠢᠱᠢᠭᠰᠡᠨ ᠬᠠᠳᠠᠭᠠᠯᠠᠭᠳᠠᠴᠠ 2600 ᠳ᠋ᠦᠩᠰᠢᠭᠤᠷ ᠲᠤᠨ ᠢ ᠳᠠᠪᠠᠵᠤ᠂ ᠦᠩᠭᠡᠲᠦ ᠲᠡᠮᠦᠷᠯᠢᠭ᠂ ᠴᠢᠯᠠᠭᠤᠨ ᠲᠤᠰᠤ ᠵᠡᠷᠭᠡ ᠠᠭᠤᠷᠬᠠᠢ ᠶᠢᠨ ᠡᠬᠢ ᠪᠠᠶᠠᠯᠢᠭ 30 ᠭᠠᠷᠤᠢ ᠲᠦᠷᠦᠯ ᠪᠠᠶᠢᠵᠤ᠂ ᠨᠡᠭᠦᠷᠡᠰᠦᠨ ᠤ ᠵᠢᠯ ᠤᠨ ᠭᠠᠷᠤᠯᠳᠠ 1 ᠳ᠋ᠦᠩᠰᠢᠭᠤᠷ ᠤᠷᠴᠢᠮ ᠲᠤᠨ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ 1252 ᠲᠦᠮᠡᠨ ᠺᠢᠯᠤᠸᠠᠲ᠂ ᠡᠭᠦᠨ ᠳᠤ᠄ ᠭᠠᠯ ᠴᠠᠬᠢᠯᠭᠠᠨ ᠤ ᠮᠠᠰᠢᠨ ᠴᠤᠭᠴᠠᠯᠠᠪᠤᠷᠢ 840 ᠲᠦᠮᠡᠨ ᠺᠢᠯᠤᠸᠠᠲ᠂ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ 412 ᠲᠦᠮᠡᠨ ᠺᠢᠯᠤᠸᠠᠲ᠂ ᠪᠠᠶᠢᠭᠤᠯᠵᠤ ᠪᠠᠶᠢᠭ᠎ᠠ ᠭᠠᠯ ᠴᠠᠬᠢᠯᠭᠠᠨ730 ᠲᠦᠮᠡᠨ ᠺᠢᠯᠤᠸᠠᠲ᠂ ᠰᠠᠯᠬᠢᠨ ᠬᠦᠴᠦ ᠪᠠ ᠭᠡᠷᠡᠯᠯᠢᠭ ᠴᠠᠬᠢᠯᠭᠠᠨ 953 ᠲᠦᠮᠡᠨ ᠺᠢᠯᠤᠸᠠᠲ ᠪᠠᠶᠢᠵᠤ᠂ ᠵᠡᠭᠦᠨ ᠬᠤᠶᠢᠲᠤ ᠤᠷᠤᠨ ᠪᠠ ᠤᠮᠠᠷᠠᠲᠤ ᠤᠷᠤᠨ ᠤ ᠴᠢᠬᠤᠯᠨ  ᠡᠬᠢ ᠪᠠᠶᠠᠯᠢᠭ ᠵᠠᠯᠭᠠᠭᠤᠯᠬᠤ ᠭᠠᠵᠠᠷ ᠪᠠ ᠡᠨᠧᠷᠬᠢ ᠶᠢᠨ ᠪᠡᠯᠡᠳᠭᠡᠯ ᠤᠷᠤᠨ ᠪᠤᠯᠪᠠ᠃     ᠰᠢᠯᠢ ᠶᠢᠨ ᠭᠤᠤᠯ ᠠᠶᠢᠮᠠᠭ ᠨᠢ ᠮᠤᠩᠭᠤᠯ ᠶᠤᠸᠠᠨ ᠤ ᠰᠤᠶᠤᠯ ᠤᠨ ᠡᠭᠦᠰᠦᠯ ᠤᠨ ᠤᠷᠤᠨ ᠪᠤᠯᠬᠤᠷ᠂ ᠬᠡᠷᠡᠯ ᠰᠠᠴᠤᠷᠠᠩᠭᠤᠢ ᠲᠡᠤᠬᠡᠨ ᠰᠤᠶᠤᠯ ᠲᠠᠢ᠂ ᠭᠦᠨ ᠵᠤᠵᠠᠭᠠᠨ ᠦᠨᠳᠦᠰᠦᠳᠡᠨ ᠤ ᠵᠠᠩᠰᠢᠯ ᠲᠠᠢ᠂ ︽ᠪᠦᠬᠡ ᠶᠢᠨ ᠦᠯᠦᠭᠡᠢ︾ ︽ᠤᠷᠲᠤ ᠶᠢᠨ ᠳᠠᠭᠤᠨ ᠤ ᠨᠤᠲᠤᠭ︾ ᠬᠡᠬᠦ ᠢᠷᠡᠭᠤ ᠰᠠᠶᠢᠬᠠᠨ‌ᠠᠯᠳᠠᠷ ᠲᠠᠢ ᠪᠠᠶᠢᠳᠠᠭ᠃ ᠠᠷᠪᠠᠨ ᠭᠤᠷᠪᠠᠳᠤᠭᠠᠷ ᠵᠠᠭᠤᠨ ᠤ ᠳᠤᠮᠳᠠᠴᠢ ᠦᠶ᠎ᠡ ᠳᠤ᠂ ᠶᠤᠸᠠᠨ ᠱᠢᠽᠦ ᠬᠤᠪᠢᠯᠠᠢ ᠬᠠᠭᠠᠨ ᠰᠢᠯᠤᠭᠤᠨ ᠬᠦᠭᠡ ᠬᠤᠰᠢᠭᠤᠨ ᠳᠤ ᠶᠤᠸᠠᠨ ᠤ ᠳᠡᠭᠡᠳᠦ ᠨᠡᠶᠢᠰᠯᠡᠯ ᠢ ᠪᠠᠶᠢᠭᠤᠯᠵᠣ᠂ 2012 ᠤᠨ ᠳᠤ ᠶᠤᠸᠠᠨ ᠤ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ︾᠎ ᠨᠢ ︽ᠳᠡᠯᠡᠬᠡᠢ ᠶᠢᠨ ᠰᠤᠶᠤᠯ ᠤᠨ ᠦᠪ ᠎ ᠤᠨ ᠨᠡᠷᠡᠰ︾᠎ ᠲᠤ ᠵᠢᠬᠰᠠᠭᠠᠭᠳᠠᠭᠰᠠᠨ ᠪᠦᠭᠡᠳ ᠤᠳᠤᠬᠠᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠣᠷ ᠤᠨ ᠭᠠᠭᠴᠠ ᠳᠡᠯᠡᠬᠡᠢ ᠶᠢᠨ ᠰᠤᠶᠤᠯ ᠤᠨ ᠦᠪ ᠪᠤᠯᠬᠤ ᠶᠤᠮ᠃ 1957 ᠤᠨ ᠳᠤ ᠰᠢᠨ᠎ᠡ ᠳᠤᠮᠳᠠᠳᠤ ᠤᠯᠤᠰ ᠤᠨ ᠤᠤᠭᠠᠨ ᠤᠯᠠᠭᠠᠨᠮᠦ᠋ᠴᠢᠷ ᠠᠳᠠ ᠮᠡᠨᠳᠦᠯᠡᠵᠦ᠂ 2017 ᠤᠨ ᠤ 11ᠳ᠋ᠦ᠋ᠭᠡᠷ ᠰᠠᠷ᠎ᠠ ᠳᠤ ᠰᠢ ᠶᠢᠨ ᠫᠢᠩ ᠶᠡᠷᠦᠩᠬᠡᠢ ᠱᠦᠵᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠳᠤ ᠲᠤᠳᠤᠨᠤᠰᠤᠭ ᠢᠶᠠᠷ ᠬᠠᠷᠢᠭᠤ ᠵᠠᠬᠢᠳᠠᠯ ᠢᠯᠡᠭᠡᠵᠦ᠂ ᠰᠢᠨ᠎ᠡ ᠴᠠᠭ ᠦᠶ᠎ᠡ  ᠶᠢᠨ ᠤᠯᠠᠭᠠᠨᠮᠦ᠋ᠴᠢᠷ ᠲᠤ ᠪᠢᠯᠬᠠᠮ᠎ᠠ ᠠᠮᠢᠵᠢᠷᠠᠯ ᠤᠨ ᠬᠦᠴᠦᠨ ᠤᠯᠭᠤᠵᠤ ᠂ ᠬᠤᠯᠠ ᠤᠶᠢᠷ᠎ᠠ  ᠶᠢᠨ ᠬᠢᠨ  ᠳᠤ ᠠᠯᠳᠠᠷᠰᠢᠭᠰᠠᠨ ᠪᠠᠶᠢᠨ᠎ᠠ᠃ 2010 ᠤᠨ ᠳᠤ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ︾ ᠭᠡᠬᠦ ᠴᠤᠯᠠ ᠤᠯᠭᠤᠪᠠ᠃     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠪᠦᠬᠦ ᠠᠶᠢᠮᠠᠭ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮᠲᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠲᠠᠢ ᠪᠤᠯᠪᠠ᠃ 2018 ᠤᠨ ᠳᠤ᠂ ᠪᠦᠬᠦ ᠠᠶᠢᠮᠠᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 813.9 ᠳ᠋ᠦᠩᠰᠢᠭᠤᠷ ᠲᠦᠭᠦᠷᠢᠭ ᠪᠡᠶᠡᠯᠡᠭᠦᠯᠵᠦ᠂ 5.4%᠎ ᠪᠠᠷ ᠨᠡᠮᠡᠭᠳᠡᠬᠦᠯᠪᠡ᠃ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢ 76.2 ᠳ᠋ᠦᠩᠰᠢᠭᠤᠷ ᠲᠦᠭᠦᠷᠢᠭ ᠪᠡᠶᠡᠯᠡᠭᠦᠯᠵᠦ᠂ 2.6%᠎ ᠪᠠᠷ ᠨᠡᠮᠡᠭᠳᠡᠬᠦᠯᠪᠡ᠃ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠦᠷᠲᠡᠭ  ᠢ 280.2 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.2%᠎ ᠢᠶᠠᠷ ᠨᠡᠮᠡᠭᠳᠡᠬᠦᠯᠪᠡ᠃ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠲᠤᠬᠢᠷᠠᠭᠤᠯᠬᠤ ᠪᠤᠯᠬᠤᠶᠢᠴᠠ ᠤᠷᠤᠯᠭ᠎ᠠ ᠨᠢ ᠲᠤᠰᠪᠤᠷᠢ 38299 ᠲᠦᠭᠦᠷᠢᠭ ᠪᠠ 15706 ᠲᠦᠭᠦᠷᠢᠭ ᠲᠤ ᠬᠦᠷᠴᠦ᠂ 7.5% ᠪᠠ 9.8%᠎ ᠪᠠᠷ ᠨᠡᠮᠡᠭᠳᠡᠪᠡ᠃ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠰᠤᠶᠤᠯ ᠵᠡᠷᠭᠡ ᠡᠯ᠎ᠡ ᠵᠦᠢᠯ ᠤᠨ ᠨᠡᠶᠢᠭᠡᠮ ᠤᠨ ᠠᠵᠢᠯ ᠦᠢᠯᠡᠰ ᠡᠷᠡᠭᠦᠯ ᠢᠶᠠᠷ ᠬᠦᠭᠵᠢᠵᠦ᠂ ᠤᠶᠤᠨ ᠤ ᠪᠤᠯᠪᠠᠰᠤᠨ ᠤ ᠪᠠᠶᠢᠭᠤᠯᠤᠯᠲᠠ᠂ ᠠᠷᠠᠳᠴᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠤᠯᠤᠰ ᠲᠦᠷᠦ ᠲᠤᠭᠲᠠᠭᠤᠨ᠂ ᠠᠵᠤ ᠠᠬᠤᠢ ᠬᠦᠭᠵᠢᠯᠲᠡ ᠲᠠᠢ᠂ ᠨᠡᠶᠢᠭᠡᠮ ᠤᠨ ᠠᠯᠬᠤᠮ ᠳᠠᠪᠰᠢᠯᠲᠠ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠠᠮᠤᠷ ᠲᠤᠭᠲᠠᠭᠤᠨ ᠲᠦᠷᠰᠦ ᠪᠠᠶᠢᠳᠠᠯ ᠤᠯᠠᠮ ᠨᠢᠭᠡ ᠠᠯᠬᠤᠮ ᠪᠠᠲᠤᠵᠢᠨ ᠬᠦᠭᠵᠢᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭᠠᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号