| | | ᠰᠢᠯᠢ ᠶᠢᠨ ᠭᠤᠤᠯ ᠠᠶᠢᠮᠠᠭ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠮᠳᠠᠳᠤ ᠬᠡᠰᠡᠭ᠂ | ᠨᠡᠶᠢᠰᠯᠡᠯ ᠪᠡᠭᠡᠵᠢᠩ ᠤᠨ ᠠᠰ ᠬᠤᠶᠢᠨ᠎ᠠ ᠪᠠᠶᠢᠷᠢᠯᠠᠵᠤ᠂ ᠨᠤᠳᠤᠭ ᠲᠡᠪᠢᠰᠭᠡᠷ ᠤᠨ ᠶᠡᠷᠦᠩᠭᠡᠢ ᠲᠠᠯᠠᠪᠠᠢ 20.3 | ᠲᠦᠮᠡᠨ ᠲᠡᠭᠰᠢ ᠲᠦᠷᠪᠡᠯᠵᠢᠨ ᠺᠢᠯᠤᠮᠧᠲᠷ᠂ 9 ᠬᠤᠰᠢᠭᠤ 2 ᠬᠤᠲᠠ 1 ᠰᠢᠶᠠᠨ ᠪᠠ 1 ᠬᠠᠮᠢᠶᠠᠷᠤᠯᠲᠠ ᠶᠢᠨ | ᠤᠷᠤᠨ ᠢ ᠬᠠᠷᠢᠶᠠᠯᠠᠵᠦ᠂ ᠠᠶᠢᠮᠠᠭ ᠤᠨ ᠲᠦᠪ ᠨᠢ ᠰᠢᠯᠢ ᠶᠢᠨ ᠬᠤᠲᠠ ᠳᠤ ᠰᠠᠭᠤᠷᠢᠰᠢᠵᠤ ᠪᠤᠢ᠃ ᠪᠠᠶᠢᠩᠭᠤ | ᠰᠠᠭᠤᠭ᠎ᠠ ᠬᠦᠮᠦᠨ ᠠᠮᠠ 105 ᠲᠦᠮᠨ᠂ ᠡᠭᠦᠨ ᠳᠤ ᠮᠤᠩᠭᠤᠯ ᠦᠨᠳᠦᠰᠦᠲᠡᠨ 30% ᠶᠢ ᠡᠵᠡᠯᠡᠨ᠎ᠡ᠃ ᠤᠮᠠᠷᠠᠰᠢ | ᠮᠤᠩᠭᠤᠯ ᠤᠯᠤᠰ ᠲᠠᠢ 1103 ᠺᠢᠯᠤᠮᠧᠲᠷ ᠤᠨ ᠬᠢᠯᠢ ᠶᠢᠨ ᠱᠤᠭᠤᠮ ᠢᠶᠠᠷ ᠬᠦᠷᠰᠢᠯᠡᠵᠦ᠂ ᠡᠷᠢᠶᠡᠨ ᠬᠤᠲᠠ᠂ | ᠵᠡᠭᠦᠨ ᠬᠠᠳᠠᠪᠴᠢ ᠬᠡᠬᠦ ᠮᠤᠩᠭᠤᠯ ᠤᠯᠤᠰ ᠲᠤ ᠬᠠᠨᠳᠤᠭᠤᠯᠤᠭᠰᠠᠨ ᠤᠯᠤᠰ ᠤᠨ ᠨᠢᠭᠡᠳᠦᠭᠡᠷ ᠲᠦᠷᠦᠯ ᠤᠨ ᠬᠤᠶᠠᠷ | ᠬᠢᠯᠢ ᠶᠢᠨ ᠪᠤᠭᠤᠮᠲᠠ᠂ 5 ᠬᠢᠯᠢ ᠶᠢᠨ ᠬᠤᠰᠢᠭᠤ ᠬᠤᠲᠠ ᠲᠠᠢ᠃ ᠠᠰᠢᠭᠯᠠᠵᠦ ᠪᠤᠯᠬᠤ ᠨᠤᠲᠤᠭ ᠪᠡᠯᠴᠢᠭᠡᠷ ᠤᠨ | ᠲᠠᠯᠠᠪᠠᠢ ᠨᠢ 18 ᠲᠦᠮᠡᠨ ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠨᠤᠲᠤᠭ ᠳᠡᠪᠢᠰᠭᠡᠷ ᠤᠨ 26.5% ᠶᠢ ᠡᠵᠡᠯᠡᠵᠦ᠂ 26 ᠤᠯᠤᠰ ᠤᠨ ᠲᠡᠰ ᠪᠠ ᠦᠪᠡᠷᠲᠡᠭᠡᠨ | ᠵᠠᠰᠠᠬᠤ ᠤᠷᠤᠨ ᠤ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠤᠢ ᠰᠢᠭᠤᠢ ᠶᠢᠨ ᠴᠡᠴᠡᠷᠯᠢᠭ᠂ ᠨᠠᠮᠤᠭ | ᠭᠠᠵᠠᠷ ᠤᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ ᠲᠠᠢ ᠪᠦᠭᠡᠳ ᠮᠠᠨ ᠤ ᠤᠯᠤᠰ ᠤᠨ ᠡᠪᠡᠰᠦᠲᠦ ᠭᠠᠵᠠᠷ | ᠪᠠ ᠤᠷᠭᠤᠮᠠᠯ ᠤᠨ ᠪᠦᠷᠬᠦᠴᠡ ᠶᠢᠨ ᠲᠦᠷᠦᠯ ᠬᠠᠮᠤᠭ ᠪᠦᠷᠢᠨ ᠪᠦᠲᠦᠨ ᠲᠠᠯ᠎ᠠ ᠨᠤᠲᠤᠭ ᠤᠨ ᠮᠠᠯᠵᠢᠬᠤ ᠤᠷᠤᠨ | ᠪᠤᠯᠤᠨ᠎ᠠ᠂ ᠲᠡᠷᠡᠴᠢᠯᠡᠨ ᠤᠯᠤᠰ ᠤᠨ ᠴᠢᠬᠤᠯᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠪᠤᠬᠢᠷᠳᠤᠯ | ᠦᠭᠡᠢ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠰᠠᠭᠤᠷᠢᠨ ᠭᠠᠵᠠᠷ ᠪᠤᠯᠬᠤ ᠶᠤᠮ᠃ | 2018 ᠤᠨ ᠳᠤ ᠮᠠᠯ ᠠᠵᠤ ᠠᠬᠤᠢ ᠶᠢᠨ ᠤᠨ ᠤ ᠮᠠᠯ ᠤᠨ ᠲᠤᠭ᠎ᠠ 1365 ᠲᠦᠮᠡ ᠲᠤᠯᠤᠭᠠᠢ ᠳᠤ | ᠬᠦᠷᠴᠦ᠂ ᠵᠢᠯ ᠳᠤ ᠲᠤᠮᠳᠠᠴᠢ ᠪᠠᠷ 800 ᠲᠦᠮᠡᠨ ᠲᠤᠭ᠎ᠠ ᠲᠤᠯᠤᠭᠠᠢ ᠤᠷᠴᠢᠮ ᠵᠠᠷᠤᠴᠠᠭᠤᠯᠵᠤ᠂ ︽ᠰᠢᠯᠢ ᠶᠢᠨ | ᠭᠤᠤᠯ ᠤᠨ ᠬᠤᠨᠢᠨ ᠮᠢᠬ᠎ᠠ︾ ᠨᠢ ᠳᠤᠮᠳᠠᠳᠤ ᠤᠯᠤᠰ ᠤᠨ ᠠᠯᠳᠠᠷᠳᠦ ᠲᠠᠸᠠᠷ ᠤᠨ ᠲᠡᠮᠳᠡᠭ ᠪᠤᠯᠬᠤ ᠪᠦᠭᠡᠳ | ᠲᠡᠷᠢᠭᠦᠨ ᠪᠦᠯᠦᠭ ᠳᠤᠮᠳᠠᠳᠤ ᠤᠯᠤᠰ ᠤᠨ ᠵᠠᠭᠤᠨ ᠰᠢᠯᠢᠳᠡᠭ ᠲᠠᠷᠢᠶᠠᠯᠠᠩ ᠤᠨ ᠪᠦᠲᠦᠭᠡᠭᠳᠡᠭᠦᠨ ᠤ ᠤᠷᠤᠨ | ᠲᠤᠭᠤᠷᠢᠭ ᠤᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭ ᠢ ᠬᠦᠷᠳᠡᠵᠦ᠂ ︽ᠰᠢᠯᠢ ᠶᠢᠨ ᠭᠤᠤᠯ ᠤᠨ ᠦᠬᠡᠷ ᠤᠨ | ᠮᠢᠬ᠎ᠠ︾ ᠨᠢ ᠤᠯᠤᠰ ᠤᠨ ᠭᠠᠵᠠᠷ ᠵᠦᠢ ᠶᠢᠨ ᠰᠢᠨᠵᠢ ᠲᠡᠮᠳᠡᠭ ᠤᠨ ᠬᠡᠷᠡᠴᠢᠯᠡᠯᠳᠦ ᠲᠠᠸᠠᠷ ᠤᠨ ᠲᠡᠮᠳᠡᠭ ᠪᠤᠯᠪᠠ᠃ | ᠢᠯᠡᠷᠡᠭᠦᠯᠦᠭᠰᠡᠨ ᠨᠡᠭᠦᠷᠡᠰᠦᠨ ᠤ ᠪᠤᠯᠠᠭᠳᠠᠴᠠ 1448 ᠳ᠋ᠦᠩᠰᠢᠭᠤᠷ ᠲᠤᠨ᠂ ᠵᠢᠱᠢᠭᠰᠡᠨ ᠬᠠᠳᠠᠭᠠᠯᠠᠭᠳᠠᠴᠠ | 2600 ᠳ᠋ᠦᠩᠰᠢᠭᠤᠷ ᠲᠤᠨ ᠢ ᠳᠠᠪᠠᠵᠤ᠂ ᠦᠩᠭᠡᠲᠦ ᠲᠡᠮᠦᠷᠯᠢᠭ᠂ ᠴᠢᠯᠠᠭᠤᠨ ᠲᠤᠰᠤ ᠵᠡᠷᠭᠡ ᠠᠭᠤᠷᠬᠠᠢ ᠶᠢᠨ ᠡᠬᠢ | ᠪᠠᠶᠠᠯᠢᠭ 30 ᠭᠠᠷᠤᠢ ᠲᠦᠷᠦᠯ ᠪᠠᠶᠢᠵᠤ᠂ ᠨᠡᠭᠦᠷᠡᠰᠦᠨ ᠤ ᠵᠢᠯ ᠤᠨ ᠭᠠᠷᠤᠯᠳᠠ 1 ᠳ᠋ᠦᠩᠰᠢᠭᠤᠷ ᠤᠷᠴᠢᠮ ᠲᠤᠨ᠂ | ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ 1252 ᠲᠦᠮᠡᠨ ᠺᠢᠯᠤᠸᠠᠲ᠂ ᠡᠭᠦᠨ ᠳᠤ᠄ ᠭᠠᠯ ᠴᠠᠬᠢᠯᠭᠠᠨ ᠤ | ᠮᠠᠰᠢᠨ ᠴᠤᠭᠴᠠᠯᠠᠪᠤᠷᠢ 840 ᠲᠦᠮᠡᠨ ᠺᠢᠯᠤᠸᠠᠲ᠂ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ 412 ᠲᠦᠮᠡᠨ | ᠺᠢᠯᠤᠸᠠᠲ᠂ ᠪᠠᠶᠢᠭᠤᠯᠵᠤ ᠪᠠᠶᠢᠭ᠎ᠠ ᠭᠠᠯ ᠴᠠᠬᠢᠯᠭᠠᠨ730 ᠲᠦᠮᠡᠨ ᠺᠢᠯᠤᠸᠠᠲ᠂ ᠰᠠᠯᠬᠢᠨ ᠬᠦᠴᠦ ᠪᠠ ᠭᠡᠷᠡᠯᠯᠢᠭ | ᠴᠠᠬᠢᠯᠭᠠᠨ 953 ᠲᠦᠮᠡᠨ ᠺᠢᠯᠤᠸᠠᠲ ᠪᠠᠶᠢᠵᠤ᠂ ᠵᠡᠭᠦᠨ ᠬᠤᠶᠢᠲᠤ ᠤᠷᠤᠨ ᠪᠠ ᠤᠮᠠᠷᠠᠲᠤ ᠤᠷᠤᠨ ᠤ ᠴᠢᠬᠤᠯᠨ | ᠡᠬᠢ ᠪᠠᠶᠠᠯᠢᠭ ᠵᠠᠯᠭᠠᠭᠤᠯᠬᠤ ᠭᠠᠵᠠᠷ ᠪᠠ ᠡᠨᠧᠷᠬᠢ ᠶᠢᠨ ᠪᠡᠯᠡᠳᠭᠡᠯ ᠤᠷᠤᠨ ᠪᠤᠯᠪᠠ᠃ | ᠰᠢᠯᠢ ᠶᠢᠨ ᠭᠤᠤᠯ ᠠᠶᠢᠮᠠᠭ ᠨᠢ ᠮᠤᠩᠭᠤᠯ ᠶᠤᠸᠠᠨ ᠤ ᠰᠤᠶᠤᠯ ᠤᠨ ᠡᠭᠦᠰᠦᠯ ᠤᠨ ᠤᠷᠤᠨ ᠪᠤᠯᠬᠤᠷ᠂ ᠬᠡᠷᠡᠯ | ᠰᠠᠴᠤᠷᠠᠩᠭᠤᠢ ᠲᠡᠤᠬᠡᠨ ᠰᠤᠶᠤᠯ ᠲᠠᠢ᠂ ᠭᠦᠨ ᠵᠤᠵᠠᠭᠠᠨ ᠦᠨᠳᠦᠰᠦᠳᠡᠨ ᠤ ᠵᠠᠩᠰᠢᠯ ᠲᠠᠢ᠂ ︽ᠪᠦᠬᠡ ᠶᠢᠨ | ᠦᠯᠦᠭᠡᠢ︾ ︽ᠤᠷᠲᠤ ᠶᠢᠨ ᠳᠠᠭᠤᠨ ᠤ ᠨᠤᠲᠤᠭ︾ ᠬᠡᠬᠦ ᠢᠷᠡᠭᠤ ᠰᠠᠶᠢᠬᠠᠨᠠᠯᠳᠠᠷ ᠲᠠᠢ ᠪᠠᠶᠢᠳᠠᠭ᠃ ᠠᠷᠪᠠᠨ | ᠭᠤᠷᠪᠠᠳᠤᠭᠠᠷ ᠵᠠᠭᠤᠨ ᠤ ᠳᠤᠮᠳᠠᠴᠢ ᠦᠶ᠎ᠡ ᠳᠤ᠂ ᠶᠤᠸᠠᠨ ᠱᠢᠽᠦ ᠬᠤᠪᠢᠯᠠᠢ ᠬᠠᠭᠠᠨ ᠰᠢᠯᠤᠭᠤᠨ ᠬᠦᠭᠡ | ᠬᠤᠰᠢᠭᠤᠨ ᠳᠤ ᠶᠤᠸᠠᠨ ᠤ ᠳᠡᠭᠡᠳᠦ ᠨᠡᠶᠢᠰᠯᠡᠯ ᠢ ᠪᠠᠶᠢᠭᠤᠯᠵᠣ᠂ 2012 ᠤᠨ ᠳᠤ ᠶᠤᠸᠠᠨ ᠤ ᠳᠡᠭᠡᠳᠦ | ᠨᠡᠶᠢᠰᠯᠡᠯ ᠤᠨ ᠦᠯᠡᠳᠡᠭᠳᠡᠯ ᠪᠠᠭᠤᠷᠢ︾ ᠨᠢ ︽ᠳᠡᠯᠡᠬᠡᠢ ᠶᠢᠨ ᠰᠤᠶᠤᠯ ᠤᠨ ᠦᠪ ᠤᠨ ᠨᠡᠷᠡᠰ︾ ᠲᠤ | ᠵᠢᠬᠰᠠᠭᠠᠭᠳᠠᠭᠰᠠᠨ ᠪᠦᠭᠡᠳ ᠤᠳᠤᠬᠠᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠣᠷ ᠤᠨ | ᠭᠠᠭᠴᠠ ᠳᠡᠯᠡᠬᠡᠢ ᠶᠢᠨ ᠰᠤᠶᠤᠯ ᠤᠨ ᠦᠪ ᠪᠤᠯᠬᠤ ᠶᠤᠮ᠃ 1957 ᠤᠨ ᠳᠤ ᠰᠢᠨ᠎ᠡ ᠳᠤᠮᠳᠠᠳᠤ ᠤᠯᠤᠰ ᠤᠨ | ᠤᠤᠭᠠᠨ ᠤᠯᠠᠭᠠᠨᠮᠦ᠋ᠴᠢᠷ ᠠᠳᠠ ᠮᠡᠨᠳᠦᠯᠡᠵᠦ᠂ 2017 ᠤᠨ ᠤ 11ᠳ᠋ᠦ᠋ᠭᠡᠷ ᠰᠠᠷ᠎ᠠ ᠳᠤ ᠰᠢ ᠶᠢᠨ ᠫᠢᠩ ᠶᠡᠷᠦᠩᠬᠡᠢ | ᠱᠦᠵᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠳᠤ ᠲᠤᠳᠤᠨᠤᠰᠤᠭ ᠢᠶᠠᠷ ᠬᠠᠷᠢᠭᠤ | ᠵᠠᠬᠢᠳᠠᠯ ᠢᠯᠡᠭᠡᠵᠦ᠂ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠲᠤ ᠪᠢᠯᠬᠠᠮ᠎ᠠ ᠠᠮᠢᠵᠢᠷᠠᠯ ᠤᠨ ᠬᠦᠴᠦᠨ ᠤᠯᠭᠤᠵᠤ | ᠂ ᠬᠤᠯᠠ ᠤᠶᠢᠷ᠎ᠠ ᠶᠢᠨ ᠬᠢᠨ ᠳᠤ ᠠᠯᠳᠠᠷᠰᠢᠭᠰᠠᠨ ᠪᠠᠶᠢᠨ᠎ᠠ᠃ 2010 ᠤᠨ ᠳᠤ ᠳᠤᠮᠳᠠᠳᠤ ᠤᠯᠤᠰ ᠤᠨ | ᠠᠳᠤᠭᠤᠨ ᠦᠢᠯᠡᠰ ᠤᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ︾ ᠭᠡᠬᠦ | ᠴᠤᠯᠠ ᠤᠯᠭᠤᠪᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠪᠦᠬᠦ ᠠᠶᠢᠮᠠᠭ ᠳᠠᠶᠠᠭᠠᠷ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮᠲᠦ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ︽ | ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ | ᠠᠵᠤ ᠠᠬᠤᠢ ᠨᠡᠶᠢᠭᠡᠮ ᠤᠨ ᠬᠦᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠲᠠᠢ ᠪᠤᠯᠪᠠ᠃ 2018 | ᠤᠨ ᠳᠤ᠂ ᠪᠦᠬᠦ ᠠᠶᠢᠮᠠᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 813.9 | ᠳ᠋ᠦᠩᠰᠢᠭᠤᠷ ᠲᠦᠭᠦᠷᠢᠭ ᠪᠡᠶᠡᠯᠡᠭᠦᠯᠵᠦ᠂ 5.4% ᠪᠠᠷ ᠨᠡᠮᠡᠭᠳᠡᠬᠦᠯᠪᠡ᠃ ᠡᠩ ᠤᠨ ᠤᠯᠠᠨ ᠨᠡᠶᠢᠲᠡ ᠶᠢᠨ | ᠲᠦᠰᠦᠪ ᠤᠨ ᠤᠷᠤᠯᠭ᠎ᠠ ᠶᠢ 76.2 ᠳ᠋ᠦᠩᠰᠢᠭᠤᠷ ᠲᠦᠭᠦᠷᠢᠭ ᠪᠡᠶᠡᠯᠡᠭᠦᠯᠵᠦ᠂ 2.6% ᠪᠠᠷ ᠨᠡᠮᠡᠭᠳᠡᠬᠦᠯᠪᠡ᠃ | ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠦᠷᠲᠡᠭ ᠢ 280.2 ᠳ᠋ᠦᠩᠰᠢᠭᠤᠷ | ᠲᠦᠭᠦᠷᠢᠭ ᠪᠡᠶᠡᠯᠡᠭᠦᠯᠵᠦ᠂ 7.2% ᠢᠶᠠᠷ ᠨᠡᠮᠡᠭᠳᠡᠬᠦᠯᠪᠡ᠃ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠪᠦᠷᠢ ᠶᠢᠨ ᠳᠤᠮᠳᠠᠴᠢ ᠲᠤᠬᠢᠷᠠᠭᠤᠯᠬᠤ ᠪᠤᠯᠬᠤᠶᠢᠴᠠ ᠤᠷᠤᠯᠭ᠎ᠠ ᠨᠢ ᠲᠤᠰᠪᠤᠷᠢ 38299 | ᠲᠦᠭᠦᠷᠢᠭ ᠪᠠ 15706 ᠲᠦᠭᠦᠷᠢᠭ ᠲᠤ ᠬᠦᠷᠴᠦ᠂ 7.5% ᠪᠠ 9.8% ᠪᠠᠷ ᠨᠡᠮᠡᠭᠳᠡᠪᠡ᠃ ᠰᠤᠷᠭᠠᠨ | ᠬᠦᠮᠦᠵᠢᠯ᠂ ᠡᠷᠡᠭᠦᠯ ᠬᠠᠮᠠᠭᠠᠯᠠᠯ᠂ ᠰᠤᠶᠤᠯ ᠵᠡᠷᠭᠡ ᠡᠯ᠎ᠡ ᠵᠦᠢᠯ ᠤᠨ ᠨᠡᠶᠢᠭᠡᠮ ᠤᠨ ᠠᠵᠢᠯ ᠦᠢᠯᠡᠰ ᠡᠷᠡᠭᠦᠯ ᠢᠶᠠᠷ | ᠬᠦᠭᠵᠢᠵᠦ᠂ ᠤᠶᠤᠨ ᠤ ᠪᠤᠯᠪᠠᠰᠤᠨ ᠤ ᠪᠠᠶᠢᠭᠤᠯᠤᠯᠲᠠ᠂ ᠠᠷᠠᠳᠴᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ | ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠤᠯᠤᠰ ᠲᠦᠷᠦ ᠲᠤᠭᠲᠠᠭᠤᠨ᠂ ᠠᠵᠤ ᠠᠬᠤᠢ | ᠬᠦᠭᠵᠢᠯᠲᠡ ᠲᠠᠢ᠂ ᠨᠡᠶᠢᠭᠡᠮ ᠤᠨ ᠠᠯᠬᠤᠮ ᠳᠠᠪᠰᠢᠯᠲᠠ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠠᠮᠤᠷ | ᠲᠤᠭᠲᠠᠭᠤᠨ ᠲᠦᠷᠰᠦ ᠪᠠᠶᠢᠳᠠᠯ ᠤᠯᠠᠮ ᠨᠢᠭᠡ ᠠᠯᠬᠤᠮ ᠪᠠᠲᠤᠵᠢᠨ ᠬᠦᠭᠵᠢᠪᠡ᠃ | | |