ᠰᠢᠷᠡᠬᠡᠳᠦ ᠠᠭᠤᠯᠠ ᠶᠢ ᠳᠤᠭᠤᠷᠢᠬᠤ ᠮᠦᠰᠦ ᠴᠠᠰᠤᠨ ᠤ ᠤᠬᠤᠷ ᠵᠠᠮ ᠤᠨ ᠮᠠᠰᠢᠨ ᠳᠡᠷᠬᠡᠨ ᠤ ᠳᠡᠰᠬᠡᠯ ᠤᠷᠤᠯᠳᠤᠭᠠᠨ ᠶᠠᠪᠣᠭᠳᠠᠯ᠎ᠠ
ᠨᠡᠶᠢᠲᠡᠯᠡᠭᠰᠡᠨ ᠴᠠᠭ᠄
2020/1/10
    ᠣᠶᠢᠷ᠎ᠠ ᠳᠤ᠂ ᠲᠠᠯ᠎ᠠ ᠨᠤᠳᠤᠭ ᠤᠨ ᠭᠠᠯᠳᠤ ᠠᠭᠤᠯᠠᠨ ᠤ ᠭᠠᠵᠠᠷ ᠰᠢᠨᠵᠢᠯᠡᠬᠡᠨ ᠤ ᠴᠡᠴᠡᠷᠯᠢᠭ ᠲᠤ ᠰᠢᠷᠡᠬᠡᠳᠦ ᠠᠭᠤᠯᠠ ᠶᠢ ᠳᠤᠭᠤᠷᠢᠬᠤ ᠮᠦᠰᠦ ᠴᠠᠰᠤᠨ ᠤ ᠤᠬᠤᠷ ᠵᠠᠮ ᠤᠨ ᠮᠠᠰᠢᠨ ᠳᠡᠷᠬᠡᠨ ᠤ ᠳᠡᠰᠬᠡᠯ ᠤᠷᠤᠯᠳᠤᠭᠠᠨ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠠᠨ ᠢᠷᠡᠭᠰᠡᠨ 100 ᠭᠠᠷᠤᠢ ᠬᠡᠬᠡᠷᠯᠡᠨ ᠳᠠᠪᠬᠢᠬᠤ ᠮᠠᠰᠢᠨ ᠳᠡᠷᠬᠡ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃     ᠮᠠᠰᠢᠨ ᠳᠡᠷᠬᠡᠨ ᠤ ᠪᠠᠭ᠋ᠠᠳᠠᠤᠨ ᠬᠤᠶᠠᠷ ᠶᠢᠰᠦ ᠶᠢᠨ ᠬᠦᠢᠳᠡᠨ ᠢ ᠳᠡᠰᠪᠦᠷᠢᠯᠡᠨ᠂ ᠮᠦᠰᠦ ᠴᠠᠰᠤᠨ ᠳᠤ ᠬᠤᠴᠢᠭᠳᠠᠭᠰᠠᠨ ᠲᠠᠯ᠎ᠠ ᠨᠤᠳᠤᠭ ᠳᠡᠬᠡᠬᠦᠷ ᠮᠠᠰᠢᠨ ᠳᠡᠷᠬᠡ ᠪᠠᠨ ᠬᠦᠩᠬᠢᠨᠡᠬᠦᠯᠦᠨ ᠳᠠᠪᠬᠢᠵᠤ᠂ ᠤᠷ᠎ᠠ ᠮᠡᠷᠬᠡᠵᠢᠯ ᠤᠬᠠᠭᠠᠨ ᠰᠠᠮᠪᠠᠭ᠎ᠠ ᠪᠠᠨ ᠬᠤᠷᠠᠭᠰᠠᠨ ᠤᠯᠠᠨ ᠳᠤ ᠭᠠᠶᠢᠬᠠᠭᠤᠯᠵᠣ ᠪᠠᠶᠢᠯ᠎ᠠ᠃     ᠰᠢᠷᠡᠬᠡᠳᠦ ᠠᠭᠤᠯᠠ ᠶᠢ ᠳᠤᠭᠤᠷᠢᠬᠤ ᠮᠦᠰᠦ ᠴᠠᠰᠤᠨ ᠤ ᠤᠬᠤᠷ ᠵᠠᠮ ᠤᠨ ᠮᠠᠰᠢᠨ ᠳᠡᠷᠬᠡᠨ ᠤ ᠳᠡᠰᠬᠡᠯ ᠤᠷᠤᠯᠳᠤᠭᠠᠨ ᠪᠤᠯ ᠰᠢᠯᠢ ᠶᠢᠨ ᠭᠤᠤᠯ ᠤᠨ ᠲᠠᠯ᠎ᠠ ᠨᠤᠳᠤᠭ ᠤᠨ ᠰᠢᠨ᠎ᠡ ᠤᠨ ᠤ ᠬᠡᠶᠢᠮᠦᠷᠢ ᠶᠢᠨ ᠲᠠᠯᠠᠯᠠᠭ᠎ᠠ ᠶᠢᠨ ᠰᠢᠷᠢᠰ ᠠᠵᠢᠯᠯᠠᠭᠠᠨ ᠤ ᠨᠢᠬᠡ ᠠᠭᠤᠯᠭ᠎ᠠ ᠪᠠᠶᠢᠵᠤ᠂ ᠭᠠᠯᠳᠤ ᠠᠭᠤᠯᠠ ᠶᠢ ᠳᠤᠭᠤᠷᠢᠬᠤ ᠤᠬᠤᠷ ᠵᠠᠮ ᠤᠨ ᠮᠠᠰᠢᠨ ᠳᠡᠷᠬᠡᠨ ᠤ ᠳᠡᠰᠬᠡᠯ ᠤᠷᠤᠯᠳᠤᠭᠠᠨ ᠪᠤᠯᠤᠨ ᠤᠬᠤᠷ ᠵᠠᠮ ᠤᠨ ᠮᠠᠰᠢᠨ ᠳᠡᠷᠬᠡᠨ ᠤ ᠡᠮᠡᠭᠳᠡᠢ ᠶᠢᠨ ᠳᠡᠰᠬᠡᠯ ᠤᠷᠤᠯᠳᠤᠭᠠᠨ ᠢ ᠳᠤᠬᠢᠷᠠᠭᠤᠯᠵᠡᠢ᠃ ᠤᠷᠤᠯᠳᠤᠭᠠᠨ ᠨᠢ ᠪᠡᠷᠬᠡ ᠪᠠᠷᠳᠠᠭ᠎ᠠ ᠶᠢ ᠳᠤᠭᠤᠯᠵᠤ᠂ ᠮᠡᠷᠬᠡᠵᠢᠯ ᠬᠤᠷᠳᠤᠴᠠ ᠎ ᠶᠢ ᠰᠢᠯᠭᠠᠷᠠᠭᠤᠯᠳᠠᠭ ᠪᠤᠯᠬᠤᠷ ᠦᠷᠬᠡᠨ ᠤᠯᠠᠨ ᠮᠠᠰᠢᠨ ᠳᠡᠷᠬᠡᠨ ᠤ ᠪᠠᠭ᠋ᠠᠳᠠᠤᠨ ᠤᠨ ᠬᠠᠯᠠᠭᠤᠨ ᠬᠦᠷᠢᠶᠡᠯᠡᠯ ᠢ ᠤᠯᠵᠤ ᠂ ᠰᠢᠯᠢ ᠶᠢᠨ ᠭᠤᠤᠯ ᠤᠨ ᠲᠠᠯ᠎ᠠ ᠨᠤᠳᠤᠭ ᠲᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号