ᠳᠤᠯᠤᠨ ᠨᠤᠤᠷ ᠰᠢᠶᠠᠨ ᠨᠢ ᠠᠷᠪᠠᠨ ᠲᠦᠷᠪᠡᠳᠡᠬᠢ ᠡᠪᠤᠯ ᠤᠨ ᠴᠤᠭᠯᠠᠭᠠᠨ ᠤ ᠠᠮᠵᠢᠯᠳᠠ ᠲᠠᠢ ᠶᠠᠪᠤᠭᠳᠠᠬᠤ  ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020/1/14
     ᠳᠤᠯᠤᠨ ᠨᠤᠤᠷ ᠰᠢᠶᠠᠨ ᠤ ᠤᠯᠠᠨ ᠲᠦᠮᠡᠨ ᠪᠤᠳᠠᠳᠤ ᠠᠵᠢᠯᠯᠠᠭ᠎ᠠ ᠪᠠᠷ ᠢᠶᠠᠨ ᠪᠦᠬᠦ ᠤᠯᠤᠰ ᠤᠨ ᠠᠷᠪᠠᠨ ᠲᠦᠷᠪᠡᠳᠦᠬᠡᠷ ᠬᠤᠭᠤᠴᠠᠭᠠᠨ ᠤ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ   ᠤ ᠠᠮᠵᠢᠯᠳᠠᠳᠠᠢ ᠶᠠᠪᠤᠭᠳᠠᠬᠤ ᠳᠤ ᠬᠦᠴᠦᠨ ᠨᠡᠮᠡᠷᠢᠯᠡᠵᠦ ᠪᠠᠶᠢᠨ᠎ᠠ᠃      ᠳᠤᠯᠤᠨ ᠨᠤᠤᠷ ᠰᠢᠶᠠᠨ ᠤ ᠳ᠋ᠦᠩ ᠱᠧᠩ ᠬᠤᠶᠠᠳᠤᠭᠠᠷ ᠬᠢᠴᠢᠶᠠᠯ ᠤᠨ ᠲᠠᠩᠬᠢᠮ ᠤᠨ ᠤᠷᠠᠯᠢᠭ ᠤᠨ ᠪᠤᠯᠪᠠᠰᠤᠷᠠᠯ ᠤᠨ ᠲᠦᠪ ᠤᠨ ᠵᠢᠷᠤᠭ ᠤᠨ ᠠᠩᠬᠢ ᠳᠤ᠂ ᠪᠠᠭᠰᠢ ᠠᠴᠠ ᠪᠦᠬᠦ ᠤᠯᠤᠰ ᠤᠨ ᠠᠷᠪᠠᠨ ᠲᠦᠷᠪᠡᠳᠦᠬᠡᠷ ᠬᠤᠭᠤᠴᠠᠭᠠᠨ ᠤ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠮᠦᠰᠦᠨ ᠳᠡᠬᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠤ ᠬᠠᠮᠢᠶ᠎ᠠ ᠪᠦᠬᠦᠢ ᠮᠡᠳᠡᠯᠬᠡ ᠶᠢ ᠳᠠᠶᠢᠯᠪᠤᠷᠢᠯᠠᠵᠤ ᠪᠠᠶᠢᠯ᠎ᠠ᠃ ᠰᠣᠷᠣᠭᠴᠢᠳ ᠲᠤ ᠵᠢᠷᠤᠭ ᠤᠨ ᠬᠡᠯᠪᠡᠷᠢ ᠪᠠᠷ ᠠᠷᠪᠠᠨ ᠲᠦᠷᠪᠡᠳᠡᠬᠢ ᠡᠪᠤᠯ ᠤᠨ ᠴᠤᠭᠯᠠᠭᠠᠨ ᠤ ︽ᠲᠦᠷᠢ ᠲᠦᠷᠬᠦ ᠶᠢᠨ ᠡᠯᠴᠢ︾ ᠪᠤᠯᠤᠨ ᠬᠤᠷᠠᠯ ᠤᠨ ᠰᠦᠯᠳᠡ ᠵᠡᠷᠬᠡ ᠶᠢ ᠤᠶᠢᠯᠠᠭᠠᠭᠤᠯᠬᠤ ᠶᠢᠨ ᠲᠦᠯᠦᠬᠡ᠂ ᠪᠤᠯᠪᠠᠰᠤᠷᠠᠯ ᠤᠨ ᠲᠦᠪ ᠤᠨ ᠪᠠᠭᠰᠢ  ᠠᠴᠠ ᠰᠦᠯᠵᠢᠶᠡᠨ ᠳᠡᠬᠡᠷᠡᠬᠢ ᠵᠢᠷᠤᠭ ᠢ ᠦᠨᠳᠦᠰᠦᠯᠡᠨ ᠠᠷᠪᠠᠨ ᠲᠦᠷᠪᠡᠳᠡᠬᠢ ᠡᠪᠤᠯ ᠤᠨ ᠴᠤᠭᠯᠠᠭᠠᠨ ᠤ ᠤᠨᠴᠠᠯᠢᠭ  ᠲᠠᠢ ᠵᠢᠭᠠᠬᠤ ᠮᠠᠲ᠋ᠧᠷᠢᠶᠠᠯ ᠢ ᠵᠢᠷᠤᠵᠤ ᠲᠦᠯᠦᠪᠯᠡᠭᠰᠡᠨ ᠪᠠᠶᠢᠨ᠎ᠠ᠃      ᠰᠣᠷᠣᠭᠴᠢᠳ ᠺᠠᠷᠲ᠋ᠤᠨ ᠤ ᠬᠡᠯᠪᠡᠷᠢ ᠪᠠᠷ ︽ᠲᠦᠷᠢ ᠲᠦᠷᠬᠦ ᠶᠢᠨ ᠡᠯᠴᠢ︾ ᠪᠤᠯᠬᠤ ︽ᠠᠨᠳᠠ︾ ᠪᠤᠯᠤᠨ ︽ᠰᠠᠶᠢᠨᠠᠤ︾ ᠶᠢ ᠲᠦᠰᠦᠪᠯᠡᠨ ᠪᠦᠲᠦᠬᠡᠵᠦ᠂ ᠦᠩᠬᠡ ᠪᠤᠳᠤᠭ ᠢ ᠴᠢᠯᠦᠬᠡᠳᠡᠢ ᠳᠤᠬᠢᠷᠠᠭᠤᠯᠵᠤ᠂ ᠠᠷᠪᠠᠨ ᠲᠦᠷᠪᠡᠳᠡᠬᠢ ᠡᠪᠤᠯ ᠤᠨ ᠴᠤᠭᠯᠠᠭᠠᠨ ᠤ ᠠᠮᠵᠢᠯᠳᠠ ᠲᠠᠢ ᠶᠠᠪᠤᠭᠳᠠᠬᠤ ᠶᠢ ᠪᠡᠯᠭᠡᠳᠡᠵᠠᠢ᠃      ᠶᠡᠭᠡ ᠰᠤᠷᠭᠠᠭᠤᠯᠢ ᠶᠢᠨ ᠬᠤᠶᠠᠳᠤᠭᠠᠷ ᠠᠩᠬᠢ ᠶᠢᠨ ᠤᠶᠤᠳᠠᠨ ᠪᠠᠨ ᠯᠤ᠋ ᠳᠤᠯᠤᠨ ᠨᠤᠤᠷ ᠰᠢᠶᠠᠨ ᠳᠤ ᠠᠷᠪᠠᠨ ᠲᠦᠷᠪᠡᠳᠡᠬᠢ ᠡᠪᠤᠯ ᠤᠨ ᠴᠤᠭᠯᠠᠭᠠᠨ ᠤ ᠮᠦᠰᠦᠨ ᠳᠡᠬᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠢ ᠶᠠᠪᠤᠭᠳᠠᠭᠤᠯᠬᠤ ᠪᠠᠷ ᠪᠠᠶᠢᠬᠤ ᠴᠢᠮᠡᠭᠡ ᠶᠢ ᠰᠤᠨᠤᠰᠤᠭᠠᠤᠨ ᠺᠤᠮᠫᠢᠦ᠋ᠲ᠋ᠧᠷ ᠳᠡᠬᠡᠷ᠎ᠡ ᠠᠷᠪᠠᠨ ᠲᠦᠷᠪᠡᠳᠡᠬᠢ ᠡᠪᠤᠯ ᠤᠨ ᠴᠤᠭᠯᠠᠭᠠᠨ ᠤ ︽ᠲᠦᠷᠢ ᠲᠦᠷᠬᠦ ᠶᠢᠨ ᠡᠯᠴᠢ︾ ᠪᠤᠯᠬᠤ ︽ᠠᠨᠳᠠ︾ ᠪᠤᠯᠤᠨ ᠯᠤᠤᠳᠤ ᠤᠩᠭᠤᠴᠠ ᠰᠡᠯᠢᠵᠦ ᠪᠠᠶᠢᠬᠤ ︽ᠰᠠᠶᠢᠨᠠᠤ︾ ᠶᠢ ᠵᠢᠷᠤᠵᠤ ᠲᠦᠯᠦᠪᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号