ᠪᠦᠬᠦ ᠠᠶᠢᠮᠠᠭ ᠤᠨ ᠠᠩᠬᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ‍ᠤᠨ‌‍ᠲ᠋ᠠᠮᠢᠷ ᠤᠨ ᠴᠤᠭᠯᠠᠭᠠᠨ ᠵᠢᠴᠢ ᠬᠤᠶᠠᠳᠤᠭᠠᠷ ᠬᠤᠭᠤᠴᠠᠭᠠᠨ ᠤ ᠮᠦᠰᠦᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2020/1/2
     12 ᠳ᠋ᠣᠭᠠᠷ ᠰᠠᠷ᠎ᠠ ᠶᠢᠨ 28᠎ ᠤ ᠡᠳᠦᠷ᠂ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ᠂ ᠲᠤᠯᠤᠨ ᠨᠤᠤᠷ ᠰᠢᠶᠠᠨ ᠤ ᠠᠷᠠᠳ ᠤᠨ ᠵᠠᠰᠠᠭ ᠤᠨ ᠤᠷᠳᠤᠨ ᠭᠤᠤᠯᠯᠠᠨ ᠡᠷᠬᠢᠯᠡᠭᠰᠡᠨ ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠵᠢᠴᠢ 2019  ︽ ᠶᠦᠩ ᠴᠦᠨ ᠬᠤᠨᠳᠠᠭᠠᠲᠤ︾ ᠰᠢᠯᠢ ᠶᠢᠨ ᠭᠤᠤᠯ ᠠᠶᠢᠮᠠᠭ ᠤᠨ ᠬᠤᠶᠠᠳᠤᠭᠠᠷ ᠬᠤᠭᠤᠴᠠᠭᠠᠨ ᠤ ᠮᠥᠰᠥᠨ ᠳᠡᠭᠡᠷᠡᠬᠢ ᠯᠤᠤᠲᠤ ᠣᠩᠭᠤᠴᠠ ᠶᠢᠨ ᠤᠷᠤᠯᠳᠤᠭᠠᠨ ᠲᠤᠯᠤᠨ ᠨᠤᠤᠷ ᠰᠢᠶᠠᠨ ᠤ ᠯᠦᠩ ᠽᠧ ᠬᠤ᠋ ᠨᠠᠭᠤᠷ ᠤᠨ ᠴᠡᠴᠡᠷᠯᠢᠭ ᠲᠤ ᠢᠳᠡ ᠬᠦᠭ ᠲᠠᠢ ᠶᠠᠪᠤᠭᠳᠠᠵᠤ᠂ ᠡᠨᠡ ᠨᠢ ᠮᠦᠨ ᠴᠤ ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠲᠡᠭᠡᠷᠡᠬᠢ ᠯᠤᠤᠳᠤ ᠤᠩᠭᠤᠴᠠ ᠶᠢᠨ ᠤᠷᠤᠯᠳᠤᠭᠠᠨ ᠤ ᠰᠤᠷᠢᠯᠳᠠ ᠪᠤᠯᠤᠨ᠎ᠠ᠃ ᠪᠦᠬᠦ ᠠᠶᠢᠮᠠᠭ ᠤᠨ 13 ᠬᠤᠰᠢᠭᠤ ᠰᠢᠶᠠᠨ ᠬᠤᠳᠠ ︵ᠤᠷᠤᠨ︶᠎ ᠠᠴᠠ ᠢᠷᠡᠭᠰᠡᠨ 45 ᠲᠤᠭᠤᠢᠢᠯᠠᠩ ᠤᠨ 600 ᠭᠠᠷᠦᠢ ᠲᠠᠮᠢᠷᠴᠢᠨ ᠡᠷᠲᠡᠨ ᠤ ᠴᠠᠢ ᠶᠢᠨ ᠵᠠᠮ ᠤᠨ ᠬᠤᠲᠠ — ᠲᠤᠯᠤᠨ ᠨᠣᠣᠷ ᠲᠤ ᠴᠤᠭᠯᠠᠷᠠᠵᠤ᠂ ᠡᠪᠦᠯ ᠤᠨ ᠤᠯᠠᠷᠢᠯ ᠤᠨ  ᠮᠦᠰᠦ ᠴᠠᠰᠣᠨ ᠤ ᠭᠠᠶᠢᠬᠠᠮᠰᠢᠭ ᠪᠣᠯᠤᠨ ᠣᠷᠭᠢᠯᠤᠮ᠎ᠠ ᠰᠡᠳᠬᠢᠯᠭᠡ ᠶᠢ ᠳᠡᠯᠭᠡᠨ ᠬᠠᠷᠠᠭᠤᠯᠵᠠᠢ᠃       ᠠᠶᠢᠮᠠᠭ ᠤᠨ ᠳᠡᠳ᠋ ᠳᠠᠷᠤᠭ᠎ᠠ ᠰᠠᠷᠠᠨᠴᠢᠮᠡᠭ ᠡᠬᠢᠯᠡᠯᠲᠡ ᠶᠢᠨ ᠶᠣᠰᠣᠯᠠᠯ ᠳᠤ  ᠣᠷᠣᠯᠴᠠᠵᠣ᠂ ᠣᠷᠣᠯᠳᠣᠭᠠᠨ ᠡᠬᠢᠯᠡᠭᠰᠡᠨ ᠢ ᠵᠠᠷᠯᠠᠵᠠᠢ᠃       ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠠᠩᠬᠠᠳᠣᠭᠠᠷ ᠤᠳᠠᠭ᠎ᠠ ᠮᠥᠰᠥᠨ ᠳᠡᠭᠡᠷᠡᠬᠢ ᠯᠤᠤᠲᠤ ᠣᠩᠭᠤᠴᠠ ᠪᠣᠯᠤᠨ ᠴᠠᠰᠤᠨ ᠳᠡᠭᠡᠷᠡᠬᠢ ᠬᠥᠯ ᠪᠥᠮᠪᠦᠭᠡ ᠭᠡᠬᠦ ᠬᠤᠶᠠᠷ ᠣᠷᠣᠯᠳᠣᠭᠠᠨ ᠤ ᠲᠥᠷᠥᠯ  ᠵᠦᠢᠯ ᠢ ᠨᠡᠮᠡᠨ ᠲᠣᠬᠢᠷᠠᠭᠤᠯᠵᠣ᠂ ᠲᠤᠯᠤᠨ ᠨᠤᠤᠷ ᠰᠢᠶᠠᠨ ᠤ ᠡᠯᠪᠡᠭ ᠪᠠᠶᠠᠯᠢᠭ ᠨᠠᠭᠤᠷ ᠴᠥᠭᠦᠷᠥᠮ᠂  ᠣᠨᠴᠠᠯᠢᠭᠳᠣ ᠮᠥᠰᠥ ᠴᠠᠰᠤᠨ ᠤ ᠡᠬᠢ ᠪᠠᠶᠠᠯᠢᠭ ᠨᠢ ᠮᠥᠰᠥᠨ ᠳᠡᠭᠡᠷᠡᠬᠢ ᠯᠤᠤᠲᠤ ᠣᠩᠭᠤᠴᠠ ᠲᠠᠢ ᠰᠠᠯᠤᠰᠢ ᠥᠬᠡᠶ ᠬᠤᠪᠢ ᠪᠠᠷᠢᠯᠳᠤᠯᠭ᠎ᠠ ᠲᠠᠢ ᠪᠣᠯᠣᠭᠰᠠᠨ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠮᠥᠰᠥᠨ ᠳᠡᠭᠡᠷᠡᠬᠢ ᠯᠤᠤᠲᠤ ᠣᠩᠭᠤᠴᠠᠨ ᠤ ᠳᠠᠭᠠᠭᠠᠴᠢᠯᠠᠨ ᠡᠷᠬᠢᠯᠡᠬᠦ ᠭᠠᠵᠠᠷ ᠪᠣᠯᠤᠭᠰᠠᠨ ᠪᠠᠢᠨ᠎ᠠ᠃ ᠲᠤᠰ ᠤᠳᠠᠭᠠᠨ ᠤ ᠰᠤᠷᠢᠯᠳᠠ ᠶᠢᠨ ᠤᠷᠤᠯᠳᠤᠭᠠᠨ ᠳᠤ ᠡᠷᠡᠭᠲᠡᠢ ᠶᠢᠨ ᠳᠤᠭᠤᠢᠢᠯᠠᠩ᠂ ᠡᠮᠡᠭᠲᠡᠢ ᠶᠢᠨ ᠲᠤᠭᠤᠢᠢᠯᠠᠩ ᠪᠠ ᠡᠷᠡᠭᠳᠠᠢ ᠡᠮᠡᠭᠲᠡᠢ ᠶᠢᠨ ᠬᠠᠮᠳᠤᠷᠠᠬᠰᠠᠨ ᠲᠤᠭᠤᠢᠢᠯᠠᠩ ᠬᠤᠪᠢᠶᠠᠵᠤ᠂ ᠡᠯ᠎ᠡ ᠲᠤᠭᠤᠢᠢᠯᠠᠩ ᠨᠢ 5 ᠬᠦᠮᠦᠨ᠂ 12 ᠬᠦᠮᠦᠨ ᠤ ᠯᠤᠤᠳᠤ ᠤᠩᠭᠤᠴᠠ ᠶᠢᠨ 100  ᠮᠧᠲᠷ ᠤᠨ ᠠᠰᠬᠠᠨ ᠱᠤᠭᠤᠮ ᠤᠨ ᠤᠷᠤᠯᠳᠤᠭᠠᠨ᠂ 200  ᠮᠧᠲᠷ ᠤᠨ ᠠᠰᠬᠠᠨ ᠱᠤᠭᠤᠮ ᠤᠨ ᠤᠷᠤᠯᠳᠤᠭᠠᠨ ᠭᠡᠵᠤ ᠬᠤᠪᠢᠶᠠᠨ ᠂ ᠨᠠᠶᠢᠳᠠ 10 ᠲᠠᠩ ᠲᠦᠷᠦᠯ ᠤᠨ ᠤᠷᠤᠯᠳᠤᠭᠠᠨ ᠳᠤᠬᠢᠷᠠᠭᠤᠯᠪᠠ᠃      ᠮᠥᠰᠥᠨ ᠳᠡᠭᠡᠷᠡᠬᠢ ᠯᠤᠤᠲᠤ ᠣᠩᠭᠤᠴᠠ ᠪᠣᠯ ᠤᠯᠠᠮᠵᠢᠯᠠᠯᠲᠤ ᠯᠤᠤᠲᠤ ᠣᠩᠭᠤᠴᠠ ᠶᠢᠨ ᠬᠥᠳᠡᠯᠭᠡᠭᠡᠨ ᠤ ᠲᠥᠷᠥᠯ ᠵᠦᠢᠯ ᠤᠨ ᠰᠢᠨ᠎ᠡ ᠡᠭᠦᠳᠦᠯᠲᠡ ᠪᠠ ᠦᠷᠭᠦᠯᠵᠢᠯᠡᠯ ᠮᠥᠨ᠂ ᠨᠠᠩ ᠴᠣ᠋ ᠬᠤᠷᠳᠣ ᠪᠣᠯᠣᠨ ᠣᠷᠭᠢᠯᠤᠮ᠎ᠠ ᠰᠡᠳᠬᠢᠯᠭᠡ ᠶᠢ ᠢᠯᠡᠷᠡᠭᠦᠯᠳᠡᠭ᠃ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ︾᠎ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠳᠠᠭᠠᠭᠠᠴᠢᠯᠠᠨ ᠡᠷᠬᠢᠯᠡᠬᠦ ᠭᠠᠵᠠᠷ ᠲᠤᠯᠤᠨ ᠨᠤᠤᠷ ᠰᠢᠶᠠᠨ ᠳᠤ  ᠰᠠᠭᠤᠷᠢᠰᠢᠭᠰᠠᠨ ᠨᠢ ᠲᠣᠰ ᠰᠢᠶᠠᠨ ᠤ ᠥᠩᠭᠡᠷᠡᠭᠰᠡᠨ ᠵᠢᠯ ᠤᠳ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠣᠷᠣᠯᠳᠣᠭᠠᠨ ᠢ ᠦᠷᠭᠦᠯᠵᠢᠯᠡᠨ ᠳᠠᠭᠠᠭᠠᠴᠢᠯᠠᠨ ᠡᠷᠬᠢᠯᠡᠭᠰᠡᠨ ᠤ ᠵᠣᠷᠢᠭᠵᠢᠭᠤᠯᠤᠯ ᠪᠠ ᠨᠤᠲᠠᠯᠠᠯᠲᠠ ᠪᠣᠯᠤᠨ᠎ᠠ᠃ ᠡᠨᠡ ᠨᠢ ᠲᠤᠯᠤᠨ ᠨᠣᠣᠷ ᠤᠨ ᠪᠡᠶ᠎ᠡ ᠶᠢᠨ ᠲᠠᠮᠢᠷ ᠪᠣᠯᠤᠨ ᠵᠤᠭᠠᠴᠠᠯ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ᠪᠡᠶ᠎ᠡ ᠶᠢᠨ ᠲᠠᠮᠢᠷ ᠵᠤᠭᠠᠴᠠᠯ᠂ ᠪᠦᠬᠦ ᠣᠷᠣᠨ ᠪᠦᠰᠡ ᠶᠢᠨ ᠵᠤᠭᠠᠴᠠᠯ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠰᠢᠯᠢ ᠶᠢᠨ ᠭᠤᠤᠯ ᠠᠶᠢᠮᠠᠭ ᠵᠢᠴᠢ ᠲᠤᠯᠤᠨ ᠨᠣᠣᠷ ᠤᠨ ᠨᠡᠷ᠎ᠡ ᠠᠯᠳᠠᠷᠰᠢᠯ ᠪᠣᠯᠤᠨ ᠢᠷᠠᠭᠤ ᠠᠯᠳᠠᠷ ᠢ ᠣᠯᠠᠮ ᠴᠢᠨᠠᠭᠰᠢᠳᠠ ᠳᠡᠭᠡᠭᠰᠢᠯᠡᠭᠦᠯᠵᠦ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠬᠥᠳᠡᠯᠭᠡᠭᠡᠨ ᠤ ᠲᠦᠭᠡᠮᠡᠯᠵᠢᠯᠲᠡ ᠪᠣᠯᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠪᠥᠭᠡᠳ ᠠᠯᠤᠰ ᠬᠡᠲᠦ ᠶᠢᠨ ᠨᠥᠯᠥᠭᠡ ᠦᠵᠡᠭᠦᠯᠬᠦ ᠪᠣᠯᠤᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号