ᠳᠤᠮᠳᠠᠳᠦ ᠤᠯᠤᠰ ᠤᠨ ᠡᠪ ᠬᠠᠮᠳᠦ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ | 2020 ᠤᠨ ᠤ ᠠᠩᠬᠠᠳᠤᠭᠠᠷ ᠤᠳᠠᠭᠠᠨ ︵ᠦᠷᠭᠡᠳᠭᠡᠭᠰᠡᠨ︶ ᠤ ᠬᠤᠷᠠᠯ ᠵᠢᠴᠢ | ᠪᠦᠬᠦ ᠠᠶᠢᠮᠠᠭ ᠤᠨ ᠠᠵᠦ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ︵ 2020 ᠣᠨ ᠤ1 ᠳ᠋ᠣᠭᠡᠷ ᠰᠠᠷ᠎ᠠ ᠶᠢᠨ 7 ᠤ ᠡᠳᠦᠷ︶ | ᠾᠥᠸᠧ ᠵᠣᠣ ᠯᠢᠶᠠᠩ | ᠨᠦᠬᠦᠳ ᠡ᠄ | ᠪᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠳᠤ ᠬᠡᠳᠦᠨ ᠰᠠᠨᠠᠯ ᠲᠣᠷᠠᠳᠣᠶ᠎ᠠ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠳᠤ᠂ ᠪᠦᠬᠦ ᠠᠶᠢᠮᠠᠭ ᠲᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠵᠣ᠂ ᠡᠯ᠎ᠡ | ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠨᠠᠮᠳᠠᠭᠤᠯᠵᠣ᠂ ᠨᠡᠮᠡᠭᠳᠡᠯ ᠢ | ᠲᠣᠭᠳᠠᠪᠣᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ᠂ ᠲᠣᠭᠲᠠᠭᠤᠨ ᠢ | ᠪᠠᠲᠤᠯᠠᠬᠤ ᠡᠯ᠎ᠡ ᠲᠦᠷᠦᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠣᠭᠰᠠᠨ ᠠᠴᠠ ᠪᠦᠬᠦ ᠠᠶᠢᠮᠠᠭ ᠤᠨ | ᠠᠵᠤ ᠠᠬᠤᠶ ᠨᠡᠶᠢᠭᠡᠮ ᠶᠡᠷᠦᠩᠬᠡᠶ ᠳᠡᠭᠡᠨ ᠲᠣᠭᠲᠠᠭᠤᠨ ᠪᠠᠶᠢᠵᠣ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠵᠢᠱᠢᠯᠲᠡ ᠪᠠᠷ ᠪᠦᠬᠦ ᠵᠢᠯ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 4 % ᠪᠠᠷ ᠨᠡᠮᠡᠭᠳᠡᠭᠦᠯᠪᠡ︔ ᠪᠦᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 14 % ᠪᠠᠷ ᠨᠡᠮᠡᠭᠳᠡᠭᠦᠯᠪᠡ︔ ᠣᠯᠠᠨ ᠨᠡᠶᠢᠲᠡ ᠶᠢᠨ ᠡᠩ ᠤᠨ | ᠲᠥᠰᠦᠪ ᠤᠨ ᠣᠷᠣᠯᠭ᠎ᠠ ᠶᠢ 4.2 % ᠢᠶᠠᠷ ᠨᠡᠮᠡᠭᠳᠡᠭᠦᠯᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠳᠤ ᠲᠣᠬᠢᠷᠠᠭᠤᠯᠵᠣ ᠪᠣᠯᠬᠤᠶᠢᠴᠢ ᠣᠷᠣᠯᠭ᠎ᠠ ᠶᠢ ᠲᠣᠰᠪᠣᠷᠢ 7 % ᠪᠠ | 8 % ᠪᠠᠷ ᠨᠡᠮᠡᠭᠳᠡᠭᠦᠯᠪᠡ᠃ | ︵ᠨᠢᠭᠡ︶ ᠲᠥᠪᠯᠡᠷᠡᠭᠦᠯᠦᠨ ᠪᠣᠭᠤᠮᠲᠠ ᠰᠢᠪᠲᠤᠯᠵᠤ ᠠᠰᠠᠭᠤᠳᠠᠯ ᠤᠨ ︽ᠦᠯᠡᠳᠡᠭᠡᠯ︾ ᠢ ᠠᠷᠢᠯᠭᠠᠪᠠ᠃ | ᠥᠩᠭᠡᠷᠡᠭᠡᠭᠰᠡᠨ ᠤ ᠬᠥᠭᠵᠢᠯᠲᠡ ᠲᠣᠮᠳᠠ ᠬᠤᠷᠠᠮᠳᠣᠭᠰᠠᠨ ᠵᠥᠷᠢᠴᠡᠯ ᠪᠠ ᠲᠤᠰᠬᠠᠶ ᠴᠡᠭᠴᠡᠯᠡᠨ ᠰᠠᠶᠢᠵᠢᠷᠠᠭᠤᠯᠬᠤ | ᠠᠰᠠᠭᠤᠳᠠᠯ ᠳᠤ ᠴᠢᠭᠯᠡᠭᠦᠯᠦᠨ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠬᠦᠳᠬᠦ ᠶᠢ ᠢᠳᠡᠪᠬᠢᠵᠢᠬᠦᠯᠵᠣ᠂ | ᠲᠥᠪᠯᠡᠷᠡᠭᠦᠯᠦᠨ ᠪᠣᠭᠤᠮᠲᠠ ᠰᠢᠪᠳᠣᠯᠣᠨ᠂ ᠵᠣᠷᠪᠣᠰᠴᠢᠯᠠᠨ ᠰᠢᠢᠳᠪᠦᠷᠢᠯᠡᠵᠣ᠂ ᠬᠤᠶᠢᠰᠢᠳᠠ ᠶᠢᠨ ᠬᠥᠭᠵᠢᠯᠲᠡ ᠳᠤ | ᠲᠠᠷᠣᠭᠠᠰᠣ ᠶᠢ ᠰᠣᠯᠠᠯᠠᠨ᠂ ᠬᠠᠷᠰᠢ ᠰᠠᠭᠠᠳ ᠢ ᠠᠷᠢᠯᠭᠠᠪᠠ᠃ ᠨᠢᠭᠡ ᠳᠤ᠂ ᠲᠥᠪ ᠬᠤᠷᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠳᠠ ᠪᠣᠯᠤᠨ ᠤᠯᠤᠰ᠂ ᠥᠪᠡᠷᠲᠡᠭᠡᠨ | ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠵᠤ᠂ ᠠᠷᠪᠠᠨ ᠲᠦᠷᠦᠯ ᠤᠨ ︽ᠪᠦᠬᠦᠨ ᠢ ᠦᠭᠡᠶᠢᠰᠬᠡᠵᠦ ᠪᠠᠷᠢᠮᠵᠢᠶ᠎ᠠ ᠳᠤ ᠬᠦᠷᠭᠡᠬᠦ︾ | ᠡᠭᠦᠷᠭᠡ ᠶᠢ ᠪᠡᠶᠡᠯᠡᠭᠦᠯᠵᠦ᠂ ︽ ᠶᠡᠬᠡᠪᠡᠷ ᠢᠯᠡᠴᠢᠯᠡᠵᠣ ᠶᠡᠬᠡᠪᠡᠷ ᠪᠠᠶᠢᠴᠠᠭᠠᠬᠤ︾ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠠᠰᠠᠭᠤᠳᠠᠯ ᠢ ︽ᠪᠦᠬᠦᠨ ᠢ ᠰᠢᠢᠳᠪᠦᠷᠢᠯᠡᠬᠦ︾ ᠶᠢ ᠠᠬᠢᠭᠤᠯᠪᠠ᠃ ᠵᠢᠱᠢᠯᠲᠡ ᠪᠠᠷ 1713 ᠡᠷᠦᠬᠡ | ᠶᠢᠨ 3224 ᠬᠥᠮᠦᠨ ᠶᠠᠳᠠᠭᠤ ᠠᠴᠠ ᠠᠩᠭᠢᠵᠢᠷᠠᠵᠤ᠂ ᠲᠠᠶᠢᠹᠣᠰᠧ ᠬᠤᠰᠢᠭᠤ᠂ ᠰᠢᠯᠣᠭᠤᠨ ᠬᠦᠪᠡᠭᠡᠳᠣ ᠴᠠᠭᠠᠨ | ᠬᠤᠰᠢᠭᠤ ᠶᠠᠳᠠᠭᠤ ᠠᠴᠠ ᠠᠩᠭᠢᠵᠢᠷᠠᠪᠠ᠃ ᠬᠤᠶᠠᠷ ᠲᠤ᠂ ᠲᠥᠪ ᠬᠤᠷᠢᠶᠠᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ︽ᠡᠷᠭᠢᠨ ᠬᠠᠷᠠᠬᠤ︾ ᠵᠢᠴᠢ ᠨᠤᠲᠤᠭ ᠪᠡᠯᠴᠢᠭᠡᠷ ᠤᠨ | ᠲᠤᠰᠬᠠᠶ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ | ᠤᠨ ᠦᠷ᠎ᠡ ᠪᠦᠲᠦᠮᠵᠢ ᠢᠯᠡᠷᠡᠬᠡᠢ ᠪᠠᠶᠢᠵᠣ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠭᠠᠷ ᠭᠦᠢᠴᠡᠳᠬᠡᠯ ᠢ | ᠬᠦᠢᠴᠡᠳᠬᠡᠭᠰᠡᠨ ᠦᠭᠡᠢ 850 ᠲᠥᠷᠥᠯ ᠵᠦᠢᠯ᠂ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠨ | ᠬᠡᠷᠡᠭᠯᠡᠭᠰᠡᠨ 242 ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ | 77 ᠠᠭᠤᠷᠬᠠᠶ ᠬᠠᠶᠢᠬᠤ ᠡᠷᠬᠡ᠂ 73 ᠠᠭᠤᠷᠬᠠᠶ ᠮᠠᠯᠲᠠᠬᠤ ᠡᠷᠬᠡ ᠶᠢ ᠪᠦᠬᠦᠨ ᠢ ᠨᠢ ᠬᠤᠷᠢᠭᠯᠠᠨ ᠬᠠᠰᠣᠵᠠᠢ᠃ | ᠭᠤᠷᠪᠠ ᠳᠤ᠂ 2016 ᠣᠨ ᠠᠴᠠ 2018 ᠣᠨ ᠪᠣᠯᠲᠠᠯ᠎ᠠ ᠤᠯᠤᠰ ᠤᠨ ᠪᠠᠶᠢᠭᠠᠯᠢ ᠶᠢᠨ ᠡᠬᠢ | ᠪᠠᠶᠠᠯᠢᠭ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 288 ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠤᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠪᠡ ᠃ ᠳᠥᠷᠪᠡ ᠳᠤ᠂ ᠲᠣᠮᠣ ᠫᠧᠩ ᠪᠦᠷᠬᠦᠪᠴᠢ ᠪᠠ | ᠲᠣᠭᠲᠠᠭᠠᠯ ᠢ ᠵᠥᠷᠢᠴᠡᠨ ᠬᠤᠪᠢ ᠶᠢᠨ ᠵᠣᠰᠠᠯᠠᠩ ᠰᠠᠭᠤᠴᠠ ᠪᠠᠷᠢᠭᠰᠠᠨᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ | ᠵᠠᠰᠠᠵᠤ᠂ ᠲᠣᠮᠣ ᠫᠧᠩ ᠪᠦᠷᠬᠦᠪᠴᠢ 122 ᠢ ᠴᠡᠭᠴᠡᠯᠡᠨ ᠵᠠᠰᠠᠵᠤ ᠳᠠᠭᠤᠰᠬᠠᠨ᠂ 3 ᠰᠠᠭᠤᠷᠢ ᠲᠣᠭᠲᠠᠭᠠᠯ ᠢ | ᠵᠥᠷᠢᠴᠡᠨ ᠬᠤᠪᠢ ᠶᠢᠨ ᠵᠣᠰᠠᠯᠠᠩ ᠰᠠᠭᠤᠴᠠ ᠪᠠᠷᠢᠭᠰᠠᠨᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ | ᠲᠠᠪᠤ ᠳᠤ᠂ ᠨᠡᠭᠦᠷᠡᠰᠦᠨ ᠠᠭᠤᠷᠬᠠᠢ ᠶᠢᠨ ᠭᠠᠷᠳᠠᠮ ᠭᠦᠢᠴᠡᠳᠬᠡᠬᠦ ᠪᠠ ᠲᠥᠷᠥᠯ ᠵᠦᠢᠯ ᠢ ᠬᠢᠨᠠᠨ | ᠵᠥᠪᠰᠢᠶᠡᠷᠡᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠬᠦᠷᠴᠦ | ᠮᠠᠨ ᠤ ᠠᠶᠢᠮᠠᠭ ᠢᠶᠠᠨ ᠪᠠᠲᠤᠯᠠᠨ ᠬᠠᠩᠭᠠᠬᠤ ᠲᠥᠷᠥᠯ ᠤᠨ ᠨᠡᠭᠦᠷᠡᠰᠦᠨ ᠠᠭᠤᠷᠬᠠᠢ ᠶᠢᠨ ᠭᠠᠷ ᠭᠦᠢᠴᠡᠳᠬᠡᠯ ᠢ | ᠲᠦᠯᠬᠢᠨ ᠠᠬᠢᠭᠤᠯᠬᠤ ᠲᠤᠷᠰᠢᠯᠲᠠ ᠶᠢᠨ ᠭᠠᠵᠠᠷ ᠣᠷᠣᠨ ᠪᠣᠯᠭᠠᠬᠤ ᠪᠠᠷ ᠬᠦᠴᠦᠯᠡᠵᠣ᠂ ᠵᠢᠯ ᠤᠨ ᠳᠣᠲᠣᠷ᠎ᠠ 5 | ᠨᠡᠭᠦᠷᠡᠰᠦᠨ ᠠᠭᠤᠷᠬᠠᠢ ᠶᠢᠨ ᠬᠡᠷᠡᠭᠯᠡᠬᠦ ᠭᠠᠵᠠᠷ ᠪᠠ ᠠᠭᠤᠷᠬᠠᠢ ᠮᠠᠯᠲᠠᠬᠤ ᠭᠠᠷ ᠭᠦᠢᠴᠡᠳᠬᠡᠯ ᠢ ᠪᠦᠬᠦᠨ ᠢ | ᠭᠦᠢᠴᠡᠳᠬᠡᠵᠦ ᠳᠠᠭᠤᠰᠬᠠᠨ᠂ 5 ᠨᠡᠭᠦᠷᠡᠰᠦᠨ ᠠᠭᠤᠷᠬᠠᠶ ᠶᠢ ᠪᠠᠲᠤᠯᠠᠨ ᠬᠠᠩᠭᠠᠬᠤ ᠨᠡᠭᠦᠷᠡᠰᠦᠨ ᠠᠭᠤᠷᠬᠠᠶ ᠳᠤ | ᠰᠢᠨ᠎ᠡ ᠪᠠᠷ ᠣᠷᠣᠭᠤᠯᠵᠤ᠂ 7 ᠨᠡᠭᠦᠷᠡᠰᠦᠨ ᠠᠭᠤᠷᠬᠠᠢ ᠬᠢᠨᠠᠨ ᠵᠥᠪᠰᠢᠶᠡᠷᠡᠭᠳᠡᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢᠨ ᠲᠣᠭᠤᠷᠢᠨ ᠳᠤ ᠠᠵᠤ | ᠠᠬᠤᠢ ᠶᠢᠨ ︽ᠨᠡᠮᠡᠭᠳᠡᠯ ᠤᠨ ᠬᠡᠮᠵᠢᠶ᠎ᠡ︾ ᠶᠢ ᠰᠢᠯᠢᠳᠡᠭᠵᠢᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠤᠨ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ | ᠮᠠᠯᠵᠢᠯ ᠤᠨ ᠣᠨ ᠤ ᠡᠪᠦᠯᠵᠢᠭᠦᠯᠬᠦ ᠮᠠᠯ ᠤᠨ ᠲᠤᠭ᠎ᠠ ᠲᠣᠯᠣᠭᠠᠢ ᠶᠢ 1298 ᠲᠦᠮᠡᠨ ᠲᠣᠯᠣᠭᠠᠢ ᠪᠣᠯᠭᠠᠨ | ᠪᠠᠭᠠᠰᠬᠠᠵᠤ᠂ ᠪᠠᠶᠢᠭᠠᠯᠢ ᠶᠢᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠭᠤᠷᠪᠠᠨ ᠵᠢᠯ ᠳᠠᠷᠠᠭᠠᠯᠠᠨ ᠰᠥᠭᠡᠷᠭᠦ | ᠨᠡᠮᠡᠭᠳᠡᠯ ᠲᠠᠢ ᠪᠣᠯᠪᠠ᠃ ᠡᠪᠦᠯᠵᠢᠭᠦᠯᠬᠦ ᠮᠢᠬᠠᠨ ᠤ ᠦᠬᠡᠷ ᠤᠨ ᠲᠤᠭ᠎ᠠ 160 ᠲᠦᠮᠡ ᠳᠤ ᠬᠦᠷᠴᠦ᠂ ᠡᠭᠦᠨ ᠳᠤ | ᠠᠩᠭᠢᠰ ᠵᠡᠷᠭᠡ ᠳᠡᠭᠡᠳᠣ ᠲᠡᠰ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠥᠬᠦ ᠣᠷᠣᠨ ᠤ | ᠲᠡᠷᠢᠭᠦᠨ ᠳᠤ ᠪᠠᠶᠢᠷᠢᠯᠠᠪᠠ᠃ ᠱᠦᠨ ᠰᠢᠨ ᠰᠢᠨ ᠶᠤᠸᠠᠨ᠂ ᠡᠤ ᠹᠧᠩ ᠣᠳᠣ ᠦᠶ᠎ᠡ᠂ ᠶᠤᠸᠠᠢ ᠱᠧᠩ ᠵᠠᠶ᠂ ᠡᠷᠳᠡᠨᠢ | ᠵᠡᠷᠭᠡ ᠨᠢᠭᠡ ᠪᠦᠯᠦᠭ ᠮᠢᠬᠠᠨ ᠤ ᠦᠬᠡᠷ ᠤᠨ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠤᠶᠤ | ᠠᠰᠢᠭᠯᠠᠯᠲᠠ ᠳᠤ ᠣᠷᠣᠭᠤᠯᠪᠠ᠃ ︽ᠰᠢᠯᠢ ᠶᠢᠨ ᠭᠤᠤᠯ ᠤᠨ ᠬᠤᠨᠢᠨ ᠮᠢᠬ᠎ᠠ︾ ᠨᠢ 2019 ᠣᠨ ᠤ ᠪᠥᠬᠦ | ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ | ᠲᠡᠮᠳᠡᠭ ᠪᠠ ᠪᠥᠬᠦ ᠣᠷᠣᠨ ᠤ ᠠᠩᠬᠠᠳᠣᠭᠠᠷ ᠪᠦᠯᠦᠭ ᠤᠨ ︽ᠮᠣᠩᠭᠤᠯ ᠦᠰᠦᠭᠲᠦ ᠲᠡᠮᠳᠡᠭ︾ ᠢ ᠭᠡᠷᠡᠴᠢᠯᠡᠬᠦ | ᠠᠵᠢᠯᠯᠠᠭᠠᠨ ᠤ ᠲᠥᠯᠥᠪᠯᠡᠭᠡ ᠳᠤ ᠣᠷᠣᠭᠤᠯᠪᠠ᠃ ᠰᠥᠨᠢᠳ ᠪᠠᠷᠠᠭᠤᠨ ᠬᠤᠰᠢᠭᠤᠨ ᠤ ᠰᠢᠯᠢᠳᠡᠭ ᠡᠭᠦᠯᠳᠡᠷ ᠤᠨ | ᠰᠦᠨᠢᠳ ᠬᠤᠨᠢᠨ ᠤ ᠲᠠᠯᠠᠪᠠᠢ ᠶᠢ ᠤᠯᠤᠰ ᠤᠨ ᠮᠢᠬᠠᠨ ᠤ ᠬᠤᠨᠢᠨ ᠤ ᠭᠤᠤᠯ ᠮᠠᠯᠵᠢᠯ ᠤᠨ ᠲᠠᠯᠠᠪᠠᠢ ᠪᠠᠷ | ᠵᠦᠪᠰᠢᠶᠡᠷᠡᠭᠦᠯᠪᠡ᠃ ᠮᠠᠨ ᠤ ᠠᠶᠢᠮᠠᠭ ᠨᠢ ᠪᠥᠬᠦ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠢᠬᠠᠨ ᠤ | ᠬᠤᠨᠢᠨ ᠤ ᠳᠠᠭᠠᠳᠬᠠᠯ ᠢ ᠪᠦᠬᠦᠨ ᠢ ᠬᠠᠮᠤᠷᠤᠭᠰᠠᠨ ᠠᠩᠬᠠᠳᠠᠭᠴᠢ ᠭᠠᠵᠠᠷ ᠣᠷᠣᠨ ᠪᠣᠯᠪᠠ᠃ ᠵᠥᠩ ᠶᠦᠨ ᠮᠠ | ᠠᠳᠣᠭᠤᠨ ᠤ ᠠᠵᠤ ᠦᠢᠯᠡᠰ ᠤᠨ ᠲᠥᠷᠥᠯ ᠵᠦᠢᠯ ᠨᠢ ᠪᠥᠬᠦ ᠣᠷᠣᠨ ᠤ ᠠᠳᠣᠭᠤᠨ ᠤ ᠦᠢᠯᠡᠳᠬᠦᠨ ᠤ ᠨᠡᠭᠡᠭᠡᠯᠲᠡ | ᠵᠢᠴᠢ ᠠᠵᠤ ᠦᠢᠯᠡᠳᠪᠦᠷᠢᠵᠢᠯᠳᠡ ᠶᠢᠨ ᠭᠠᠷᠤᠯᠲᠠ ᠶᠢᠨ ᠬᠤᠭᠤᠰᠣᠨ ᠢ ᠨᠥᠬᠦᠪᠥᠷᠢᠯᠡᠪᠡ᠃ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠡᠭᠡᠵᠢᠩ ᠤᠨ ᠠᠵᠢᠯ ᠲᠥᠷᠥᠯ ᠢᠶᠠᠷ ᠶᠠᠳᠠᠭᠤ ᠶᠢ ᠳᠡᠳᠬᠦᠬᠦ | ᠮᠦᠩᠭᠦᠨ ᠳᠤ ᠮᠥᠩᠭᠦ 1 ᠳ᠋ᠦᠩᠰᠢᠭᠤᠷ ᠲᠥᠭᠦᠷᠢᠭ ᠢ ᠨᠠᠶᠢᠳᠠᠪᠣᠷᠢᠵᠢᠭᠤᠯᠵᠣ᠂ ᠠᠵᠤ ᠦᠢᠯᠡᠰ ᠤᠨ | ᠬᠠᠮᠵᠢᠯᠴᠠᠭ᠎ᠠ ᠶᠢᠨ ᠲᠥᠷᠥᠯ ᠵᠦᠢᠯ 98 ᠶᠢ ᠬᠡᠷᠡᠭᠵᠢᠭᠦᠯᠪᠡ᠃ ᠠᠪᠠᠭ᠎ᠠ ᠬᠤᠰᠢᠭᠤ ᠨᠢ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ | ᠪᠣᠯᠤᠭᠰᠠᠨ ᠤ ᠬᠤᠪᠢ ᠳᠤ ᠪᠥᠬᠦ ᠲᠠᠯ᠎ᠠ ᠪᠠᠷ ᠠᠵᠢᠯ ᠡᠬᠢᠯᠡᠭᠦᠯᠪᠡ᠃ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ᠂ ᠵᠢᠯ ᠳᠤ 1.84 ᠳ᠋ᠦᠩᠰᠢᠭᠤᠷ ᠲᠣᠨ ᠨᠡᠭᠦᠷᠡᠰᠦ | ᠦᠢᠯᠡᠳᠪᠦᠷᠢᠯᠡᠬᠦ ᠴᠢᠳᠠᠪᠦᠷᠢ ᠶᠢ ᠨᠢᠭᠡᠨᠲᠡ ᠬᠢᠨᠠᠨ ᠵᠦᠪᠰᠢᠶᠡᠷᠡᠭᠦᠯᠵᠣ᠂ ᠡᠭᠦᠨ ᠳᠤ ᠵᠢᠯ ᠳᠤ 4380 ᠲᠦᠮᠡᠨ ᠲᠣᠨ | ᠨᠡᠭᠦᠷᠡᠰᠦ ᠦᠢᠯᠡᠳᠪᠦᠷᠢᠯᠡᠬᠦ ᠴᠢᠳᠠᠪᠦᠷᠢ ᠶᠢ ᠰᠢᠨ᠎ᠡ ᠪᠠᠷ ᠨᠡᠮᠡᠭᠳᠡᠭᠦᠯᠪᠡ᠃ ᠵᠢᠩ ᠨᠧᠩ᠂ ᠬᠤᠸᠠ ᠷᠦᠨ ᠵᠡᠷᠭᠡ 4 | ᠴᠠᠬᠢᠯᠭᠠᠨ ᠦᠢᠯᠡᠳᠪᠦᠷᠢ ᠠᠰᠢᠭᠯᠠᠯᠲᠠ ᠳᠤ ᠣᠷᠣᠵᠤ᠂ ᠴᠠᠭᠠᠨᠨᠠᠭᠤᠷ ᠴᠠᠬᠢᠯᠭᠠᠨ ᠦᠢᠯᠡᠳᠪᠦᠷᠢ ᠶᠢᠨ ᠰᠲ᠋ᠣᠺ ᠤᠨ | ᠡᠷᠬᠡ ᠶᠢ ᠰᠢᠯᠵᠢᠭᠦᠯᠦᠨ ᠥᠭᠬᠦ ᠠᠵᠢᠯ ᠢ ᠳᠠᠭᠤᠰᠬᠠᠵᠤ᠂ 299 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ | ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 1000 | ᠲᠦᠮᠡᠨ ᠺᠢᠯᠣᠸᠠᠲ ᠢ ᠳᠠᠪᠠᠵᠤ᠂ ᠪᠦᠬᠦ ᠣᠷᠣᠨ ᠤ 2 ᠳ᠋ᠤᠭᠠᠷ ᠪᠠᠶᠢᠷᠢᠨ ᠳᠤ ᠳᠠᠪᠰᠢᠨ ᠣᠷᠣᠵᠤ᠂ ᠮᠢᠩᠭᠠᠨ ᠲᠦᠮᠡᠨ | ᠺᠢᠯᠣᠸᠠᠲ ᠤᠨ ᠲᠡᠰ ᠤᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠤᠨ ᠲᠥᠯᠥᠪᠵᠢᠭᠦᠯᠭᠡ ᠶᠢ ᠪᠣᠳᠠᠳᠠᠢ | ᠪᠡᠶᠡᠯᠡᠭᠦᠯᠵᠠᠢ᠃ 120 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠣ ᠶᠡᠷᠦᠩᠬᠡᠢ ᠬᠡᠪᠴᠢᠶ᠎ᠡ ᠨᠢ 700 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ ᠬᠦᠷᠭᠡᠬᠦ | ᠢᠨᠵᠧᠨᠧᠷᠢᠩ ᠢ ᠪᠡᠶᠡᠯᠡᠭᠦᠯᠪᠡ᠃ ᠰᠢᠯᠢ ᠶᠢᠨ ᠭᠤᠣᠯ ᠠᠶᠢᠮᠠᠭ ᠠᠴᠠ ᠵᠢᠶᠠᠩᠰᠦ ᠬᠦᠷᠬᠦ ᠣᠨᠴᠠ ᠥᠨᠳᠥᠷ | ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠱᠣᠭᠤᠮ ᠤᠨ ᠢᠵᠢ ᠪᠦᠷᠢᠳᠦᠭᠰᠡᠨ ᠴᠠᠬᠢᠯᠭᠠᠨ ᠡᠭᠦᠰᠭᠡᠭᠴᠢ ᠶᠢᠨ | ᠲᠥᠯᠥᠪᠵᠢᠭᠦᠯᠪᠡ ᠵᠥᠪᠰᠢᠶᠡᠷᠡᠭᠳᠡᠪᠡ᠃ ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠬᠦ ᠲᠠᠯ᠎ᠠ ᠪᠠᠷ᠂ ︽ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ︾ ᠶᠢ ᠨᠡᠶᠢᠲᠡᠯᠡᠵᠦ᠂ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠦᠵᠡᠭᠦᠯᠬᠦ ᠨᠣᠷᠮ᠎ᠠ ᠳᠠᠬᠢᠨᠲᠠ ᠰᠢᠨ᠎ᠡ | ᠲᠡᠮᠳᠡᠭᠯᠡᠯ ᠢ ᠡᠭᠦᠳᠴᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠡᠷᠢᠭᠦᠨ ᠪᠠᠶᠢᠷᠢᠨ ᠳᠤ ᠵᠢᠠᠠᠰᠠᠭᠠᠭᠳᠠᠪᠠ | ᠃ ᠪᠦᠬᠦ ᠵᠢᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 55.4 % ᠪᠠᠷ ᠨᠡᠮᠡᠭᠳᠡᠪᠡ | ᠃ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ 26 ᠶᠢ ᠬᠡᠷᠡᠭᠵᠢᠭᠦᠯᠵᠦ᠂ ᠰᠢᠯᠢ ᠶᠢᠨ ᠭᠤᠣᠯ ᠤᠨ | ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ | ᠰᠢᠯᠢ ᠶᠢᠨ ᠭᠤᠣᠯ ᠤᠨᠵᠢᠭᠤᠯᠴᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠣᠨ ᠠᠰᠢᠭᠯᠠᠯᠲᠠ ᠳᠤ ᠣᠷᠣᠭᠤᠯᠵᠣ᠂ | ᠶᠤᠸᠠᠨ ᠤ ᠳᠡᠭᠡᠳᠣ ᠨᠡᠶᠢᠰᠯᠡᠯ ᠤᠨ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠢ ᠡᠬᠢᠯᠡᠨ ᠪᠠᠶᠢᠭᠤᠯᠪᠠ᠃ | ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ᠂ ᠰᠢᠯᠢ ᠶᠢᠨ ᠭᠤᠤᠯ ᠤᠨ | ᠨᠠᠭᠠᠳᠤᠮ ᠵᠡᠷᠭᠡ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠵᠦ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ | ᠣᠷᠣᠯᠳᠣᠭᠠᠨ ᠢ ᠳᠠᠭᠠᠭᠠᠴᠢᠯᠠᠨ ᠡᠷᠬᠢᠯᠡᠬᠦ ᠠᠵᠢᠯ ᠪᠡᠯᠡᠬᠡᠨ ᠪᠣᠯᠪᠠ᠃ ᠰᠢᠨ᠎ᠡ ᠠᠵᠤ ᠦᠢᠯᠡᠰ ᠢ ᠡᠭᠦᠳᠦᠨ | ᠪᠤᠶᠢᠵᠢᠭᠤᠯᠬᠤ ᠲᠠᠯ᠎ᠠ ᠪᠠᠷ᠂ ᠬᠢᠮᠡᠯ ᠠᠯᠮᠠᠰ ᠴᠢᠯᠠᠭᠤ᠂ ᠴᠠᠬᠢᠭᠤᠷ ᠮᠠᠩᠭᠠᠨ ᠤ ᠬᠠᠶᠢᠯᠤᠰᠢ᠂ ᠪᠠᠯ ᠴᠢᠯᠠᠭᠤᠨ | ᠴᠠᠬᠢᠯᠭᠠᠨ ᠲᠣᠶᠢᠯ᠂ ᠨᠡᠭᠦᠷᠡᠰᠦᠨ ᠨᠤᠨᠲᠠᠭ ᠢ ᠶᠡᠷᠦᠩᠬᠡᠶᠢᠯᠡᠨ ᠠᠰᠢᠭᠯᠠᠬᠤ ᠵᠡᠷᠭᠡ ᠨᠢᠭᠡ ᠪᠦᠯᠦᠭ ᠲᠥᠷᠥᠯ ᠵᠦᠢᠯ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠰᠢᠨ᠎ᠡ ᠡᠨᠧᠷᠭᠢ ᠶᠢᠨ ᠲᠣᠨᠤᠭ ᠦᠢᠯᠡᠳᠬᠡᠯ ᠤᠨ ᠠᠵᠤ ᠠᠬᠤᠶᠢᠯᠠᠯ ᠤᠨ | ᠦᠢᠯᠡᠳᠪᠦᠷᠢᠯᠡᠯ ᠲᠣᠭᠳᠠᠪᠣᠷᠢᠵᠢᠨ ᠠᠰᠢᠭ ᠣᠯᠵᠤ᠂ ᠵᠡᠭᠦᠨ ᠦᠵᠦᠮᠦᠴᠢᠨ ᠬᠤᠰᠢᠭᠤᠨ ᠤ ᠤᠯᠤᠰ ᠤᠨ | ᠤᠰᠤᠲᠥ᠋ᠷᠥᠭᠴᠢᠲᠦ ᠡᠨᠧᠷᠭᠢ ᠶᠢᠨ ᠬᠦᠷᠡᠩ ᠨᠡᠭᠦᠷᠡᠰᠦᠨ ᠤ ᠭᠠᠵᠠᠷ ᠳᠣᠤᠷᠠᠬᠢ ᠬᠡᠢ ᠪᠠᠷ ᠤᠰᠤᠲᠥ᠋ᠷᠥᠭᠴᠢ ᠶᠢ | ᠦᠢᠯᠡᠳᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠳᠠᠩᠰᠠᠯᠠᠭᠤᠯᠵᠤ᠂ ᠰᠢᠯᠢ ᠶᠢᠨ ᠬᠤᠳᠠ ᠶᠢᠨ | ᠬᠦᠷᠡᠩ ᠨᠡᠭᠦᠷᠡᠰᠦ ᠪᠠᠷ ᠢᠯᠵᠢᠮᠡᠭ ᠬᠦᠴᠢᠯ ᠭᠠᠷᠭᠠᠨ ᠠᠪᠬᠤ ᠲᠥᠷᠥᠯ ᠵᠦᠢᠯ ᠤᠨ ᠠᠬᠢᠯᠳᠠ ᠳᠤᠮᠳᠠ ᠲᠤᠷᠰᠢᠬᠤ | ᠲᠤᠷᠰᠢᠯᠲᠠ ᠶᠢ ᠪᠡᠶᠡᠯᠡᠭᠦᠯᠪᠡ᠃ ᠮᠠᠨ ᠤ ᠠᠶᠢᠮᠠᠭ ᠨᠢ ᠥᠪᠡᠷᠲᠡᠭᠡᠨ ᠵᠠᠰᠠᠬᠤ ᠣᠷᠣᠨ ᠤ ᠠᠩᠬᠠᠳᠣᠭᠠᠷ ᠪᠦᠯᠦᠭ ᠤᠨ | ᠮᠡᠳᠡᠭᠡ ᠵᠠᠩᠭᠢᠵᠢᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠬᠤᠲᠠ ᠪᠣᠯᠵᠤ᠂ | ᠲᠣᠮᠣ ᠳ᠋ᠠᠶᠢᠲ᠋ᠠ ᠪᠠᠷ ᠡᠬᠢ ᠪᠠᠶᠠᠯᠢᠭ ᠢ ᠨᠢᠭᠡᠳᠬᠡᠬᠦ ᠪᠠ ᠠᠰᠢᠭᠯᠠᠬᠤ ᠬᠠᠮᠲᠤᠪᠠᠷ ᠡᠳ᠋ᠯᠡᠬᠦ ᠵᠡᠷᠭᠡ ᠨᠢ ᠪᠥᠬᠦ ᠣᠷᠣᠨ ᠤ | ᠡᠮᠦᠨ᠎ᠡ ᠡᠩᠨᠡᠭᠡᠨ ᠳᠤ ᠪᠠᠶᠢᠷᠢᠯᠠᠪᠠ᠃ | ︵ᠭᠤᠷᠪᠠ︶ ᠡᠯ᠎ᠡ ᠵᠦᠢᠯ ᠤᠨ ᠠᠶᠤᠯ ᠲᠦᠭᠰᠢᠭᠦᠷᠢ ᠶᠢ ᠨᠠᠮᠳᠠᠭᠤᠯᠣᠭᠰᠠᠨ ᠪᠠ ᠥᠷᠢᠰᠥᠯᠳᠦᠭᠡᠨ ᠢ ᠵᠣᠷᠢᠭᠲᠠᠢ | ᠲᠣᠬᠢᠷᠠᠭᠤᠯᠪᠠ᠃ ᠨᠢᠭᠡ ᠳᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠨᠠᠮᠳᠠᠭᠤᠯᠪᠠ᠃ ᠪᠦᠬᠦ ᠵᠢᠯ ᠳᠤ ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ 86 ᠳ᠋ᠦᠩᠰᠢᠭᠤᠷ | ᠲᠥᠭᠦᠷᠢᠭ ᠠᠷᠢᠯᠭᠠᠵᠤ᠂ ᠵᠢᠯ ᠤᠨ ᠡᠭᠦᠷᠭᠡ ᠪᠠᠨ 254 % ᠪᠠᠷ ᠪᠡᠶᠡᠯᠡᠭᠦᠯᠪᠡ᠂ ᠡᠭᠦᠨ ᠳᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ 36.2 ᠳ᠋ᠦᠩᠰᠢᠭᠤᠷ | ᠲᠥᠭᠦᠷᠢᠭ ᠢ ᠪᠤᠴᠠᠭᠠᠪᠠ᠃ 2015 ᠣᠨ ᠠᠴᠠ ᠨᠠᠰᠢ ᠥᠪᠡᠷᠲᠡᠭᠡᠨ ᠵᠠᠰᠠᠬᠤ ᠣᠷᠣᠨ ᠠᠴᠠ ᠮᠠᠨ ᠤ ᠠᠶᠢᠮᠠᠭ ᠲᠤ | ᠰᠢᠯᠵᠢᠭᠦᠯᠦᠨ ᠵᠢᠭᠡᠯᠡᠭᠦᠯᠦᠭᠰᠡᠨ133.46 ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠪᠦᠬᠦᠨ ᠢ ᠵᠠᠷᠣᠵᠣ᠂ ᠪᠥᠬᠦ ᠠᠶᠢᠮᠠᠭ ᠤᠨ ᠨᠢᠭᠤᠭᠳᠠᠮᠠᠯ ᠥᠷᠢ ᠥᠭᠴᠡᠭᠡ | ᠶᠢᠨ ᠠᠶᠣᠯ ᠲᠦᠭᠰᠢᠭᠦᠷᠢ ᠶᠢᠨ ᠳᠡᠰ ᠨᠢ ᠤᠯᠠᠭᠠᠨ ᠥᠩᠭᠡ ᠠᠴᠠ ᠤᠯᠠᠪᠤᠷ ᠥᠩᠭᠡ ᠪᠣᠯᠵᠤ ᠪᠠᠭᠤᠷᠠᠪᠠ᠃ | ᠬᠤᠶᠠᠷ ᠲᠤ᠂ ᠠᠶᠤᠯᠭᠦᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ | ᠳᠠᠯᠳᠠ ᠭᠡᠮ ᠢ ᠪᠠᠶᠢᠴᠠᠭᠠᠬᠤ ᠠᠵᠢᠯ ᠢ ᠰᠠᠶᠢᠲᠤᠷ ᠠᠳᠬᠤᠪᠠ᠃ ᠶᠢᠨ ᠮᠠᠨ ᠠᠭᠤᠷᠬᠠᠢ ᠶᠢᠨ ᠦᠢᠯᠡᠰ ᠤᠨ ︽2 · | 23︾ ᠤ ᠠᠳᠠᠯ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ | ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠰᠠᠶᠢᠳᠦᠷ ᠬᠢᠵᠣ᠂ ᠡᠷᠡᠰ ᠰᠢᠭᠤᠷᠬᠠᠢ ᠣᠪᠣᠷ ᠢᠶᠠᠷ ᠤᠯᠤᠰ᠂ | ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤ ᠲᠤᠰᠬᠠᠭᠰᠠᠨ | ᠰᠠᠨᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ | ᠲᠠᠯ᠎ᠠ ᠪᠠᠷ ᠵᠣᠷᠪᠣᠰᠯᠠᠨ ᠪᠠᠶᠢᠴᠠᠭᠠᠵᠤ᠂ 1.1 ᠲᠦᠮᠡᠨ ᠵᠤᠷᠪᠤᠰ ᠨᠠᠷᠢᠨ ᠳᠠᠩᠰᠠ ᠪᠠᠶᠢᠭᠤᠯᠤᠨ ᠴᠡᠭᠴᠡᠯᠡᠨ ᠵᠠᠰᠠᠵᠤ᠂ | 54 ᠨᠡᠭᠦᠷᠡᠰᠦᠨ ᠠᠭᠤᠷᠬᠠᠢ ᠶᠢᠨ ᠪᠤᠰᠤ ᠣᠷᠣᠨ ᠢ ᠬᠠᠭᠠᠪᠠ᠃ ᠭᠤᠷᠪᠠ ᠳᠤ ᠬᠤᠯᠤᠭᠠᠨ᠎ᠠ ᠬᠢᠵᠢᠭ ᠤᠨ ᠪᠠᠶᠢᠳᠠᠯ ᠢ | ᠡᠮᠬᠢ ᠵᠢᠷᠤᠮ ᠲᠠᠢ ᠪᠠᠷ ᠰᠡᠷᠭᠡᠶᠢᠯᠡᠨ ᠬᠤᠷᠢᠭᠯᠠᠪᠠ ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠦᠴᠦᠲᠡᠶ | ᠳᠡᠮᠵᠢᠯᠭᠡ ᠳᠣᠤᠷ᠎ᠠ᠂ ᠪᠦᠬᠦ ᠠᠶᠢᠮᠠᠭ ᠲᠠᠶᠠᠭᠠᠷ ᠦᠳᠲᠡᠷ ᠲᠦᠷᠭᠡᠨ ᠬᠥᠳᠡᠯᠦᠯᠴᠡᠵᠦ᠂ ᠪᠦᠬᠦ ᠲᠠᠯ᠎ᠠ ᠪᠠᠷ ᠰᠡᠷᠭᠡᠶᠢᠯᠡᠨ | ᠬᠤᠷᠢᠭᠯᠠᠵᠣ᠂ ᠰᠠᠷ᠎ᠠ ᠭᠠᠷᠤᠶ ᠰᠢᠷᠭᠠᠭᠤ ᠲᠡᠮᠡᠴᠡᠨ᠂ ᠡᠪᠡᠳᠴᠢᠳᠡᠨ ᠲᠠᠢ ᠨᠢᠭᠲᠠ ᠣᠶᠢᠷᠠᠳᠣᠭᠰᠠᠳ ᠢ ᠪᠦᠬᠦᠨ ᠢ | ᠲᠤᠰᠠᠭᠠᠷᠯᠠᠨ ᠠᠵᠢᠭᠯᠠᠬᠤ ᠪᠠᠨ ᠪᠣᠯᠢᠵᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠤᠯᠤᠭᠠᠨ᠎ᠠ | ᠬᠢᠵᠢᠭ ᠢ ᠬᠡᠮᠵᠢᠨ ᠪᠠᠶᠢᠴᠠᠭᠠᠬᠤ᠂ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠶᠢᠮᠠᠭ ᠠᠴᠠ ᠭᠠᠷᠴᠣ | ᠪᠡᠭᠡᠵᠢᠩ ᠳᠤ ᠣᠴᠢᠬᠤ ︽ᠰᠡᠷᠭᠡᠶᠢᠯᠡᠯᠲᠡ ᠶᠢᠨ ᠬᠡᠷᠡᠮ︾ ᠵᠡᠷᠭᠡ ᠠᠵᠢᠯ ᠢ ᠪᠦᠲᠦᠮᠵᠢᠲᠡᠶ ᠥᠷᠨᠢᠭᠦᠯᠵᠦ᠂ ︽ | ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠪᠦᠬᠦ ᠲᠠᠯ᠎ᠠ ᠪᠠᠷ ᠪᠠᠶᠢᠭᠤᠯᠵᠣ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠬᠥᠮᠦᠵᠢᠯ᠂ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠤᠨ ᠪᠦᠷᠬᠦᠴᠡ ᠶᠢ ᠴᠥᠮ 100 % ᠳᠤ | ᠬᠦᠷᠭᠡᠪᠡ᠃ | ︵ ᠲᠦᠷᠪᠡ︶ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠪᠠ᠃ ᠨᠢᠭᠡ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠠᠪᠴᠠᠯ ᠶᠢ | ᠴᠢᠩᠭ᠎ᠠ ᠨᠠᠶᠢᠳᠠᠪᠣᠷᠢᠵᠢᠭᠤᠯᠪᠠ᠃ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠬᠠᠮᠢᠶᠠᠷᠤᠯᠲᠠ ᠶᠢᠨ | ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ 710 ᠬᠡᠷᠡᠭ ᠢ | ᠪᠠᠶᠢᠴᠠᠭᠠᠨ ᠰᠢᠢᠳᠪᠦᠷᠢᠯᠡᠪᠡ᠃ ᠪᠡᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠥᠨᠢᠳ | ᠪᠠᠷᠠᠭᠤᠨ ᠬᠤᠰᠢᠭᠤ᠂ ᠰᠢᠯᠣᠭᠤᠨ ᠬᠦᠪᠡᠭᠡᠳᠣ ᠴᠠᠭᠠᠨ ᠬᠤᠰᠢᠭᠤ᠂ ᠲᠠᠶᠢᠹᠣᠰᠧ ᠬᠤᠰᠢᠭᠤᠨ ᠳᠤ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠤᠰᠬᠠᠢ ᠲᠥᠷᠥᠯ ᠢᠶᠠᠷ ᠲᠣᠭᠤᠷᠢᠨ ᠪᠠᠶᠢᠴᠠᠭᠠᠪᠠ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠬᠤᠯᠪᠣᠭᠠᠯᠠᠨ ᠬᠥᠳᠡᠯᠦᠯᠴᠡᠵᠦ ᠪᠠᠶᠢᠴᠠᠭᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠪᠦᠬᠦ ᠤᠯᠤᠰ | ᠤᠨ 2019 ᠣᠨ ᠤ ᠦᠨᠳᠦᠰᠦᠨ ᠱᠠᠲᠤᠨ ᠤ ᠤᠰᠤ ᠵᠠᠰᠠᠬᠤ ᠠᠷᠪᠠᠨ ᠶᠡᠭᠡ ᠲᠤᠷᠰᠢᠯᠭ᠎ᠠ ᠶᠢᠨ ᠵᠢᠱᠢᠭᠳᠡᠭᠰᠡᠳ ᠤᠨ | ᠨᠡᠷᠡᠰ ᠢᠶᠠᠷ ᠰᠣᠩᠭᠤᠭᠳᠠᠪᠠ᠃ ᠬᠤᠶᠠᠷ ᠲᠤ᠂ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠦᠷᠭᠦᠯᠵᠢᠯᠡᠨ | ᠴᠢᠩᠭᠠᠳᠬᠠᠪᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠤ ᠦᠢᠯᠡᠰ ᠤᠨ | ᠬᠥᠭᠵᠢᠯᠲᠡ ᠶᠢᠨ ᠲᠤᠷᠰᠢᠯᠲᠠ ᠪᠠ ᠵᠠᠳᠠᠭᠠᠶ ᠠᠭᠤᠷᠬᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠡᠬᠢᠯᠡᠭᠦᠯᠦᠨ ᠬᠡᠷᠡᠭᠵᠢᠭᠦᠯᠪᠡ᠃ 95 ᠲᠦᠮᠡᠨ ᠮᠤ᠋ ᠭᠠᠵᠠᠷ ᠢ ᠣᠶᠢᠵᠢᠭᠤᠯᠵᠤ᠂ 265 ᠲᠦᠮᠡᠨ ᠮᠤ᠋ ᠨᠣᠳᠤᠭ | ᠪᠡᠯᠴᠢᠭᠡᠷ ᠢ ᠰᠡᠷᠭᠦᠭᠡᠨ ᠵᠠᠰᠠᠵᠣ᠂ ᠪᠣᠬᠢᠷᠲᠤᠯ ᠦᠭᠡᠢ12 ᠠᠭᠤᠷᠬᠠᠢ ᠶᠢ ᠰᠢᠨ᠎ᠡ ᠪᠠᠷ ᠪᠠᠶᠢᠭᠤᠯᠵᠤ᠂ 31.35 | ᠬᠠᠪᠳᠠᠭᠠᠢ ᠳᠥᠷᠪᠡᠯᠵᠢᠨ ᠺᠢᠯᠦᠮᠧᠲᠷ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠵᠣ᠂ 177.5 | ᠬᠠᠪᠳᠠᠭᠠᠢ ᠳᠥᠷᠪᠡᠯᠵᠢᠨ ᠺᠢᠯᠦᠮᠧᠲᠷ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ᠃ | ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠯᠠᠪᠳᠠᠭᠤᠨ ᠪᠠᠲᠤᠲᠠᠶ ᠦᠷᠨᠢᠭᠦᠯᠪᠡ᠃ ᠰᠢᠯᠢ ᠶᠢᠨ ᠬᠤᠳᠠ ᠣᠷᠣᠨ ᠤ ᠴᠡᠪᠡᠷ ᠲᠣᠩᠭᠠᠯᠠᠭ ᠠᠭᠤᠷ ᠠᠮᠢᠰᠬᠤᠯ ᠤᠨ | ᠲᠤᠭ᠎ᠠ ᠶᠢᠨ ᠬᠠᠷᠢᠴᠠᠯ 97 % ᠳᠤ ᠬᠦᠷᠴᠦ᠂ P M 2.5 ᠶᠢᠨ ᠥᠳᠬᠡᠴᠡ ᠲᠠᠢ ᠨᠢ ᠤᠯᠤᠰ ᠤᠨ ᠨᠢᠭᠡᠳᠦᠭᠡᠷ | ᠲᠡᠰ ᠤᠨ ᠪᠠᠷᠢᠮᠵᠢᠶ᠎ᠠ ᠳᠤ ᠬᠦᠷᠴᠦ᠂ ᠯᠤᠸᠠᠨ ᠾᠧ ᠭᠤᠣᠯ ᠤᠨ ᠳ᠋ᠠ ᠾᠧ ᠺᠧᠦ᠂ ᠰᠢᠯᠢ ᠶᠢᠨ ᠭᠤᠣᠯ ᠤᠨ | ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠳᠤ ᠬᠦᠷᠴᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ | ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠢᠳᠡᠪᠬᠢᠲᠡᠢ ᠭᠦᠨᠵᠡᠭᠡᠶᠢᠷᠡᠭᠦᠯᠪᠡ᠃ ᠨᠢᠭᠡ ᠳᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠦᠴᠦᠲᠡᠶ ᠠᠳᠬᠤᠵᠤ᠂ 36 ᠵᠤᠷᠪᠤᠰ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ 18 ᠵᠤᠷᠪᠤᠰ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ 8 ᠵᠤᠷᠪᠤᠰ ᠮᠥᠩᠭᠦᠨ ᠬᠦᠢᠯᠭᠡᠭᠡ ᠪᠠᠷ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠲᠣᠭᠳᠠᠭᠠᠵᠣ᠂ ᠵᠠᠬ᠎ᠠ ᠳᠡᠯᠭᠡᠭᠦᠷ ᠤᠨ ᠭᠤᠣᠯ | ᠴᠣᠭᠴᠠ ᠳᠤ 14 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠪᠠ᠃ ᠬᠤᠶᠠᠷ ᠲᠤ᠂ | ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ︽ᠡᠭᠦᠯᠡᠨ | ᠪᠣᠳᠣᠯᠳᠠ ᠶᠢᠨ ᠰᠢᠯᠢ ᠶᠢᠨ ᠭᠤᠣᠯ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠢᠭᠡᠳ ᠪᠦᠬᠦ | ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠠᠭᠤᠰᠤᠯᠴᠠᠭᠤᠯᠤᠨ ᠵᠣᠯᠭᠠᠭᠤᠯᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠭᠦ ᠬᠠᠷᠢᠴᠠᠯ ᠢ ᠪᠦᠬᠦ ᠣᠷᠣᠨ ᠤ ᠨᠢᠭᠡᠳᠦᠭᠡᠷ ᠲᠡᠰ ᠲᠤ ᠣᠷᠣᠭᠤᠯᠪᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ | 100 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠵᠤ᠂ ᠠᠵᠤ ᠠᠬᠤᠶᠢᠯᠠᠯ ᠨᠡᠭᠡᠭᠡᠨ ᠡᠷᠬᠢᠯᠡᠬᠦ ᠴᠠᠭ ᠢ 5 | ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠪᠠ᠃ ᠭᠤᠷᠪᠠ ᠳᠤ᠂ ᠭᠠᠳᠠᠭᠰᠢ ᠨᠡᠭᠡᠭᠡᠯᠲᠡ ᠬᠢᠬᠦ ᠬᠢᠷᠢ ᠬᠡᠮᠵᠢᠶ᠎ᠡ | ᠲᠠᠰᠤᠷᠠᠯᠲᠠ ᠦᠭᠡᠢ ᠳᠡᠭᠡᠭᠰᠢᠯᠡᠵᠦ᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ︾ ᠶᠢᠨ | ᠬᠡᠷᠡᠭᠯᠡᠯᠲᠡ ᠶᠢᠨ ᠨᠣᠷᠮ᠎ᠠ 100 % ᠳᠤ ᠬᠦᠷᠴᠦ᠂ ᠵᠢᠱᠢᠯᠲᠡ ᠪᠠᠷ ᠪᠦᠬᠦ ᠵᠢᠯ ᠤᠨ ᠪᠣᠭᠤᠮᠲᠠ ᠪᠠᠷ ᠪᠠᠷᠠᠭ᠎ᠠ | ᠥᠩᠭᠡᠷᠡᠭᠦᠯᠬᠦ ᠬᠡᠮᠵᠢᠶ᠎ᠡ 8 % ᠪᠠᠷ ᠨᠡᠮᠡᠭᠳᠡᠵᠦ᠂ ᠭᠠᠳᠠᠭᠠᠳᠤ ᠠᠷᠠᠯᠵᠢᠶ᠎ᠠ 31.5 % ᠪᠠᠷ ᠨᠡᠮᠡᠭᠳᠡᠪᠡ᠃ | ᠳᠥᠷᠪᠡ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠣᠳᠣᠯᠭ᠎ᠠ ᠲᠣᠭᠲᠠᠭᠠᠬᠤ ᠳᠦᠷᠢᠮ ᠢ ᠲᠦᠷᠢᠮᠵᠢᠭᠦᠯᠦᠨ | ᠨᠠᠶᠢᠳᠠᠪᠣᠷᠢᠵᠢᠭᠤᠯᠵᠣ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠤᠨ | ᠥᠭᠡᠷᠡᠴᠢᠯᠡᠯᠲᠡ ᠪᠦᠬᠦ ᠣᠷᠣᠨ ᠤ ᠲᠡᠷᠢᠬᠦᠨ ᠡᠩᠨᠡᠭᠡᠨ ᠳᠤ ᠪᠠᠶᠢᠷᠢᠯᠠᠵᠣ᠂ ᠲᠥᠪ ᠬᠤᠷᠢᠶᠠᠨ ᠤ ᠬᠠᠤᠯᠢ ᠶᠣᠰᠣᠭᠠᠷ | ᠤᠯᠤᠰ ᠢᠶᠠᠨ ᠵᠠᠰᠠᠬᠤ ᠠᠯᠪᠠᠨ ᠭᠡᠷ ᠠᠴᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠵᠦ ᠡᠭᠦᠳᠦᠨ ᠪᠠᠶᠢᠭᠤᠯᠬᠤ ᠵᠢᠱᠢᠭᠳᠡᠭᠴᠢ ᠶᠢᠨ ᠲᠥᠷᠥᠯ ᠵᠦᠢᠯ ᠢᠶᠠᠷ ᠲᠣᠭᠲᠠᠭᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠪᠡ᠃ ᠠᠵᠢᠯ | ᠣᠯᠭᠤᠯᠲᠠ ᠶᠢᠨ ᠲᠠᠯ᠎ᠠ ᠪᠠᠷ᠂ ᠬᠤᠲᠠ ᠪᠠᠯᠭᠠᠰᠤᠨ ᠤ 1.4 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ 3.09 % ᠳᠤ ᠬᠦᠷᠴᠦ᠂ 2.1 | ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ 685 ᠡᠯ᠎ᠡ ᠲᠥᠷᠥᠯ ᠤᠨ ᠴᠢᠳᠠᠪᠤᠷᠢᠲᠠᠨ ᠢ | ᠣᠷᠢᠨ ᠣᠷᠣᠭᠤᠯᠪᠠ᠃ ᠮᠠᠯᠴᠢᠨ ᠲᠠᠷᠢᠶᠠᠴᠢᠨ ᠤ ᠬᠦᠯᠦᠰᠦᠨ ᠠᠵᠢᠯᠴᠢᠳ ᠤᠨ ᠴᠠᠯᠢᠩ ᠬᠦᠯᠦᠰᠣ ᠶᠢ ᠴᠠᠭ | ᠲᠤᠬᠠᠶ ᠳᠤᠨᠢ ᠲᠤᠭ᠎ᠠ ᠶᠣᠰᠣᠭᠠᠷ ᠬᠦᠢᠴᠡᠳ ᠣᠯᠭᠤᠪᠠ᠃ ᠨᠡᠶᠢᠭᠡᠮ ᠤᠨ ᠦᠢᠯᠡᠰ ᠤᠨ ᠲᠠᠯ᠎ᠠ ᠪᠠᠷ᠂ 12 | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠦᠨᠳᠦᠰᠦᠲᠡᠨ ᠤ | ᠰᠤᠷᠭᠠᠨ ᠬᠥᠮᠦᠵᠢᠯ ᠤᠨ ᠰᠣᠳᠣᠨ ᠰᠤᠷᠭᠠᠭᠤᠯᠢ ᠶᠢ 25 ᠳᠤ ᠬᠦᠷᠭᠡᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠦᠯᠬᠦᠮ ᠢ ᠵᠣᠬᠢᠶᠠᠨ ᠪᠠᠶᠢᠭᠤᠯᠪᠠ᠃ ᠠᠶᠢᠮᠠᠭ ᠤᠨ ᠭᠤᠤᠯ ᠡᠮᠨᠡᠯᠭᠡ ᠶᠢᠨ ᠬᠤᠷᠢᠶ᠎ᠠ ᠭᠤᠷᠪᠠᠨ ᠬᠥᠬᠡ | ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠡᠮᠦᠨᠡᠬᠢ ᠬᠤᠭᠤᠴᠠᠭᠠᠨ ᠤ ᠬᠢᠨᠠᠨ ᠲᠣᠭᠲᠠᠭᠠᠬᠤ ᠠᠵᠢᠯ ᠢ | ᠪᠡᠶᠡᠯᠡᠭᠦᠯᠵᠦ᠂ ᠯᠠᠩ ᠵᠢᠩ ᠾᠧ ᠠᠺᠠᠳᠧᠮᠢᠴᠢ ᠶᠢᠨ ᠠᠵᠢᠯᠯᠠᠬᠤ ᠥᠷᠲᠡᠭᠡ ᠪᠠᠶᠢᠭᠤᠯᠪᠠ᠃ ᠤᠯᠤᠰ ᠤᠨ ᠲᠡᠰ ᠤᠨ | ᠮᠣᠩᠭᠤᠯ ᠬᠢᠲᠠᠳ ᠡᠮ ᠡᠮᠨᠡᠯᠭᠡ ᠶᠢᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ 1᠂ ᠲᠡᠷᠢᠭᠦᠨ ᠤ ᠰᠢᠨᠵᠢᠯᠡᠭᠡᠨ ᠤ | ᠰᠠᠯᠠᠭ᠎ᠠ 2 ᠶᠢ ᠡᠭᠦᠳᠦᠨ ᠪᠠᠶᠢᠭᠤᠯᠪᠠ᠃ ᠳᠠᠭᠤᠯᠠᠯᠳᠤ ᠵᠦᠴᠦᠭᠡ ︽ᠮᠢᠨᠦ ᠤᠯᠠᠭᠠᠨᠮᠥ᠋ᠴᠢᠷ︾᠂ ᠺᠢᠨᠣ᠋ ︽ᠵᠧᠤ ᠧᠨ | ᠯᠠᠶ ᠬᠢᠭᠡᠳ ᠤᠯᠠᠭᠠᠨᠮᠥ᠋ᠴᠢᠷ︾ ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾ ᠤᠨ | ᠰᠢᠯᠢᠳᠡᠭ ᠪᠦᠲᠦᠭᠡᠯ ᠤᠨ ᠱᠠᠩᠨᠠᠯ ᠤᠨ ᠢᠷᠠᠭᠤ ᠠᠯᠳᠠᠷ ᠢ ᠬᠦᠷᠲᠡᠵᠦ᠂ ᠰᠥᠨᠢᠳ ᠪᠠᠷᠠᠭᠤᠨ ᠬᠤᠰᠢᠭᠤᠨ ᠤ | ᠤᠯᠠᠭᠠᠨᠮᠥ᠋ᠴᠢᠷ ︽ᠪᠥᠬᠦ ᠤᠯᠤᠰ ᠤᠨᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠡ︾᠂ ︽ | ᠬᠠᠮᠤᠭ ᠤᠨ ᠭᠤᠶᠣ ᠡᠷᠡᠯᠬᠡᠭᠯᠡᠨ ᠲᠡᠮᠡᠴᠡᠭᠴᠢ︾ ᠵᠡᠷᠭᠡ ᠢᠷᠠᠭᠤ ᠠᠯᠳᠠᠷ ᠢ ᠬᠦᠷᠲᠡᠪᠡ᠃ ᠨᠡᠶᠢᠭᠡᠮ ᠤᠨ | ᠪᠠᠲᠤᠯᠠᠭ᠎ᠠ ᠶᠢᠨ ᠲᠠᠯ᠎ᠠ ᠪᠠᠷ᠂ ᠰᠥᠨᠢᠳ ᠪᠠᠷᠠᠭᠤᠨ ᠬᠤᠰᠢᠭᠤ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠡᠶᠡᠯᠡᠬᠦᠯᠵᠣ ᠬᠤᠲᠠ ᠬᠥᠳᠡᠭᠡ ᠶᠢ | ᠨᠢᠭᠡᠳᠦᠯᠲᠡᠢ ᠲᠦᠯᠦᠪᠵᠢᠭᠦᠯᠪᠡ᠃ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠲᠣᠭᠤᠷᠢᠭ 4᠂ ᠣᠷᠣᠨ | ᠪᠦᠰᠡ ᠶᠢᠨ ᠴᠢᠨᠠᠷᠲᠠᠢ ᠨᠠᠰᠤᠲᠠᠨ ᠢ ᠠᠰᠠᠷᠠᠬᠤ ᠬᠦᠷᠢᠶᠡᠯᠡᠩ 3 ᠶᠢ ᠰᠢᠨ᠎ᠡ ᠪᠠᠷ ᠪᠠᠶᠢᠭᠤᠯᠵᠤ᠂ 2 ᠢ | ᠠᠰᠢᠭᠯᠠᠯᠲᠠ ᠳᠤ ᠣᠷᠣᠭᠤᠯᠪᠠ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠬᠤ ᠲᠥᠷᠦ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ | ᠳᠠᠷᠤᠭᠠᠰᠤ ᠶᠢ 1.4 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ | ᠲᠣᠬᠢᠷᠠᠭᠤᠯᠤᠯᠲᠠ ᠶᠢ ᠪᠡᠶᠡᠯᠡᠭᠦᠯᠪᠡ᠃ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠠᠵᠢᠯ ᠪᠦᠬᠦ | ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠪᠠ᠃ ᠣᠷᠣᠨ ᠰᠠᠭᠤᠴᠠ ᠶᠢᠨ ᠪᠠᠲᠤᠯᠠᠭ᠎ᠠ ᠪᠠ ᠰᠠᠭᠤᠷᠢᠰᠢᠨ ᠰᠠᠭᠤᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠪᠠᠷ᠂ 3226 ᠢᠵᠢ ᠨᠣᠷᠠᠮᠠᠷ ᠭᠡᠷ ᠪᠠᠶᠢᠰᠢᠩ ᠤᠨ ᠲᠣᠭᠤᠷᠢᠭ ᠢ | ᠥᠭᠡᠷᠡᠴᠢᠯᠡᠨ ᠰᠢᠨᠡᠳᠬᠡᠬᠦ ᠠᠵᠢᠯ ᠢ ᠰᠢᠨ᠎ᠡ ᠪᠠᠷ ᠡᠬᠢᠯᠡᠭᠦᠯᠵᠦ᠂ ᠬᠤᠭᠤᠴᠠᠭ᠎ᠠ ᠨᠢ ᠦᠩᠭᠡᠷᠡᠵᠣ ᠰᠢᠨᠡᠳᠭᠡᠬᠡ ᠦᠬᠡᠢ | 2181 ᠢᠵᠢ ᠨᠣᠷᠠᠮᠠᠷ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ | ᠪᠡᠶᠡᠯᠡᠭᠦᠯᠵᠦ᠂ ᠨᠡᠶᠢᠲᠡ 4.39 ᠲᠦᠮᠡᠨ ᠭᠡᠷ ᠪᠠᠶᠢᠰᠢᠩ ᠤᠨ ᠦᠯᠡᠳᠡᠭᠳᠡᠯ ᠲᠣᠭᠲᠠᠮᠠᠯ ᠬᠥᠷᠥᠩᠭᠡ ᠶᠢᠨ ᠦᠨᠡᠮᠯᠡᠯ ᠢ | ᠬᠦᠢᠴᠡᠳᠬᠡᠵᠣ᠂ ᠡᠭᠦᠨ ᠳᠤ ᠲᠠᠸᠠᠷ ᠤᠨ ᠣᠷᠣᠨ ᠰᠠᠭᠤᠴᠠ ᠶᠢ ᠬᠦᠢᠴᠡᠳᠬᠡᠨᠲ᠋ᠠᠭᠤᠰᠬᠠᠭᠰᠠᠨ ᠨᠣᠷᠮ᠎ᠠ 80.1 | % ᠳᠤ ᠬᠦᠷᠪᠡ᠃ 1122 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠠᠰᠠᠵᠣ᠂ 985 | ᠡᠷᠦᠬᠡ ᠵᠢᠨᠨᠣᠷᠠᠮᠠᠷ ᠭᠡᠷ ᠪᠠᠶᠢᠰᠢᠩ ᠢ ᠰᠢᠨᠡᠳᠬᠡᠨ ᠵᠠᠰᠠᠵᠤ᠂ 7721 ᠡᠷᠦᠬᠡ ᠶᠢᠨ ᠵᠣᠷᠯᠣᠩ ᠢ ᠰᠢᠨᠡᠳᠬᠡᠨ ᠵᠠᠰᠠᠵᠤ᠂ | 5.28 ᠲᠦᠮᠡᠨ ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ | ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ | ᠬᠡᠮᠵᠢᠶ᠎ᠡ ᠢᠯᠡᠳᠲᠡ ᠪᠠᠭᠤᠷᠠᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠳᠠᠬᠢ ᠭᠤᠣᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ︾ ᠲᠣᠰᠬᠠᠢ ᠲᠦᠷᠦᠯ ᠤᠨ ᠲᠡᠮᠡᠴᠡᠯ ᠱᠠᠲᠤ ᠦᠶᠡᠳᠣ ᠴᠢᠨᠠᠷᠲᠠᠢ ᠦᠷ᠎ᠡ ᠪᠦᠲᠦᠮᠵᠢ ᠣᠯᠵᠤ᠂ | ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠣᠷ ᠲᠣᠭᠲᠠᠭᠤᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ | ᠃ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠣᠳᠣᠬᠠᠨ ᠳᠤ ᠮᠠᠨ ᠤ ᠠᠶᠢᠮᠠᠭ ᠤᠨ ᠠᠵᠤ ᠠᠬᠤᠢ ᠶᠢᠨ ᠡᠷᠭᠢᠯᠲᠡ | ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠭᠡᠳᠡᠭ ᠢᠶᠠᠨ ᠰᠡᠷᠭᠡᠭ ᠢᠶᠠᠷ ᠣᠯᠵᠤ | ᠬᠠᠷᠠᠪᠠᠯ ᠵᠣᠬᠢᠨ᠎ᠠ ᠃ ᠨᠢᠭᠡ ᠳᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠮᠥᠨ ᠯᠡ ᠨᠡᠯᠢᠶᠡᠳ ᠶᠡᠭᠡ | ᠪᠠᠶᠢᠨ᠎ᠠ᠃ ᠪᠦᠬᠦ ᠠᠶᠢᠮᠠᠭ ᠤᠨ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠰᠢᠢᠳᠪᠦᠷᠢᠯᠡᠭᠴᠢ | ᠦᠢᠯᠡᠳᠦᠯ ᠦᠵᠡᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢᠳᠤᠨᠤᠨ | ᠢᠮᠠᠭᠲᠠ ᠰᠥᠭᠡᠷᠭᠦ ᠨᠡᠮᠡᠭᠳᠡᠯ ᠲᠠᠢ ᠪᠠᠶᠢᠵᠤ᠂ 10 ᠳ᠋ᠤᠭᠠᠷ ᠰᠠᠷ᠎ᠠ ᠠᠴᠠ ᠬᠤᠶᠢᠰᠢ ᠰᠠᠶ᠋ᠢ᠂ ᠪᠠᠭᠤᠷᠠᠯᠲᠠ ᠶᠢᠨ | ᠬᠡᠮᠵᠢᠶ᠎ᠡ ᠠᠭᠠᠵᠢᠮ ᠢᠶᠠᠷ ᠪᠠᠭᠠᠰᠴᠤ᠂ ᠬᠠᠮᠤᠭ ᠠᠷᠪᠢᠨ ᠳᠠᠭᠠᠨ- 3.7 % ᠪᠠᠶᠢᠭᠰᠠᠨ ᠠᠴᠠ ᠪᠠᠨ- 1 % | ᠪᠣᠯᠵᠤ᠂ ᠵᠢᠯ ᠤᠨ ᠳᠣᠲᠣᠷ᠎ᠠ ᠰᠥᠭᠡᠷᠭᠦ ᠨᠡᠮᠡᠭᠳᠡᠯ ᠢᠶᠠᠨ ᠡᠶᠡᠷᠡᠬᠦ ᠨᠡᠮᠡᠭᠳᠡᠯ ᠪᠣᠯᠭᠠᠵᠤ ᠴᠢᠳᠠᠭᠰᠠᠨ ᠦᠭᠡᠢ᠃ | ᠬᠤᠶᠠᠷ ᠲᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠨ᠎ᠠ᠃ | ᠠᠵᠤ ᠠᠬᠤᠶ ᠶᠢᠨ ᠨᠡᠮᠡᠭᠳᠡᠯ ᠤᠨ ᠪᠠᠭᠤᠷᠠᠯᠳᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠵᠡᠷᠭᠡ ᠶᠢᠨ ᠨᠥᠯᠥᠭᠡ ᠠᠴᠠ ᠪᠣᠯᠵᠤ᠂ ᠠᠩᠬ᠎ᠠ ᠠᠯᠬᠤᠮ ᠲᠥᠰᠦᠭᠡᠯᠡᠨ ᠪᠤᠳᠤᠭᠰᠠᠨ ᠢᠶᠠᠷ᠂ | 2020 ᠣᠨ ᠳᠤ ᠡᠯ᠎ᠡ ᠬᠤᠰᠢᠭᠤ ᠰᠢᠶᠠᠨ ᠬᠤᠲᠠ ︵ ᠣᠷᠣᠨ︶ ᠶᠢᠨ ᠭᠠᠶᠢᠯᠢ ᠲᠠᠳᠠᠪᠣᠷᠢ ᠶᠢᠨ ᠣᠷᠣᠯᠭ᠎ᠠ ᠶᠢᠨ | ᠪᠠᠭᠤᠷᠠᠯᠲᠠ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠪᠠᠶᠢᠵᠤ᠂ ᠪᠥᠬᠦ ᠠᠶᠢᠮᠠᠭ ᠲᠡᠭᠦᠨᠴᠢᠯᠡᠨ 5 ᠭᠠᠵᠠᠷ | ᠣᠷᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠨᠢ ᠤᠯᠠᠭᠠᠨ ᠥᠩᠭᠡ ᠶᠢᠨ ᠳᠡᠰ ᠲᠤ ᠣᠷᠣᠰᠢᠵᠤ᠂ ᠥᠷᠢ | ᠥᠭᠴᠡᠭᠡ ᠶᠢ ᠠᠷᠢᠯᠭᠠᠬᠤ ᠪᠠ ︽ᠭᠤᠷᠪᠠ ᠶᠢ ᠪᠠᠲᠤᠯᠠᠬᠤ︾ ᠳᠠᠷᠤᠯᠲᠠ ᠶᠡᠭᠡ ᠪᠠᠶᠢᠨ᠎ᠠ᠃ ᠭᠤᠷᠪᠠ ᠳᠤ᠂ ᠡᠯ᠎ᠡ | ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠳᠠᠪᠬᠤᠴᠠᠪᠠ᠃ ᠠᠶᠤᠯᠭᠦᠶ ᠦᠢᠯᠡᠳᠪᠦᠷᠢᠯᠡᠯ ᠪᠠ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠳᠠᠷᠤᠯᠲᠠ ᠤᠷᠢᠳᠤ ᠡᠮᠦᠨ᠎ᠡ ᠪᠠᠶᠢᠭ᠎ᠠ ᠦᠭᠡᠢ ᠬᠦᠨᠳᠣ | ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠪᠡᠷᠬᠡ ᠬᠠᠲᠠᠭᠤᠵᠢᠯᠲᠠᠶ ᠪᠠᠶᠢᠵᠤ᠂ | ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠳᠠᠬᠢ | ᠪᠠᠶᠢᠴᠠᠭᠠᠵᠤ ᠭᠠᠷᠭᠠᠭᠰᠠᠨ ᠠᠶᠤᠯ ᠲᠦᠭᠰᠢᠭᠦᠷᠢ ᠶᠢᠨ ᠴᠢᠭ᠋ ᠢ ᠪᠠᠴᠢᠮ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ | ᠳᠥᠷᠪᠡ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠬᠠᠷᠠᠯᠲᠠ ᠲᠠᠢ ᠬᠠᠷᠢᠴᠠᠭᠤᠯᠪᠠᠯ | ᠴᠥᠭᠡᠨ ᠪᠤᠰᠤ ᠲᠣᠳᠠᠭᠳᠠᠯ ᠣᠷᠣᠰᠢᠵᠤ ᠪᠠᠶᠢᠨ᠎ᠠ᠃ 52 ᠲᠦᠷᠦᠯ ᠤᠨ ᠦᠨᠡᠯᠡᠯᠲᠡ ᠶᠢᠨ ᠬᠦᠢᠴᠡᠳᠭᠡᠯ | ᠲᠤᠭ᠎ᠠ ᠠᠴᠠ ᠦᠵᠡᠪᠡᠯ᠂ ᠪᠠᠰᠠ 26 ᠲᠦᠷᠦᠯ ᠨᠢ ᠵᠢᠱᠢᠭᠰᠡᠨ ᠬᠠᠷᠠᠯᠲᠠ ᠯᠤᠭ᠎ᠠ ᠵᠥᠷᠢᠶ᠎ᠡ ᠲᠠᠢ ᠪᠠᠶᠢᠵᠤ᠂ | ᠡᠭᠦᠨ ᠳᠤ 11 ᠲᠦᠷᠦᠯ ᠤᠨ ᠬᠦᠢᠴᠡᠳᠭᠡᠯ ᠲᠤᠭ᠎ᠠ ᠨᠢ ᠵᠥᠪᠬᠡᠨ 70 % ᠣᠷᠴᠢᠮ ᠬᠦᠷᠴᠦ᠂ ᠪᠠᠰᠠ 4 | ᠲᠦᠷᠦᠯ ᠤᠨ ᠬᠦᠢᠴᠡᠳᠬᠡᠯ ᠲᠤᠭ᠎ᠠ ᠨᠢ 60 % ᠳᠤ ᠬᠦᠷᠬᠦ ᠦᠭᠡᠢ ᠪᠠᠶᠢᠭᠰᠠᠭᠠᠷ ᠶᠣᠮ᠃ | ᠬᠤᠶᠠᠷ᠂ 2020 ᠣᠨ ᠤ ᠵᠢᠱᠢᠭᠰᠡᠨ ᠬᠠᠷᠠᠯᠲᠠ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠤᠣᠰ ᠲᠡᠭᠦᠰᠬᠡᠯ︾ ᠤᠨ ᠵᠢᠯ ᠪᠣᠯᠤᠨ᠎ᠠ᠃ ᠡᠨᠡ ᠵᠢᠯ | ᠥᠩᠭᠡᠷᠡᠭᠰᠡᠨ ᠵᠢᠯ ᠤᠳ ᠲᠠᠢ ᠠᠳᠠᠯᠢ ᠥᠬᠡᠶ ᠪᠠᠶᠢᠳᠠᠭ ᠬᠠᠮᠤᠭ ᠶᠡᠭᠡ ᠣᠨᠴᠠᠯᠢᠭ ᠨᠢ ᠮᠠᠨ ᠤ ᠡᠯ᠎ᠡ ᠲᠦᠷᠦᠯ ᠤᠨ | ᠠᠵᠢᠯ ᠨᠢ ᠴᠦᠮ ᠡᠴᠣᠰ ᠤᠨ ᠬᠡᠮᠵᠢᠶᠡᠯᠡᠬᠦ ᠬᠠᠷᠠᠯᠲᠠ ᠲᠠᠢ ᠬᠠᠷᠢᠴᠠᠭᠤᠯᠤᠨ ᠲᠣᠭᠳᠠᠭᠠᠭᠳᠠᠨ᠎ᠠ᠂ ᠡᠨᠡ ᠨᠢ ᠳᠠᠷᠤᠶ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠵᠢᠷᠭᠤᠭᠠᠨ ᠲᠠᠯ᠎ᠠ ᠶᠢᠨ 52 ᠲᠦᠷᠦᠯ ᠤᠨ | ᠬᠦᠢᠴᠡᠳᠭᠡᠯ ᠲᠤᠭ᠎ᠠ ᠪᠠ ᠪᠥᠬᠦ ᠠᠶᠢᠮᠠᠭ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ | ᠲᠣᠭᠳᠠᠭᠠᠭᠰᠠᠨ ᠵᠦᠢᠯ ᠪᠣᠯᠣᠨ᠎ᠠ᠂ ᠡᠭᠦᠨ ᠳᠤ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠤᠯ ᠥᠬᠡᠶ᠂ | ᠨᠡᠭᠡᠭᠡᠯᠲᠡ ᠬᠢᠬᠦ᠂ ᠬᠠᠮᠲᠤ ᠪᠠᠷ ᠡᠳ᠋ᠯᠡᠬᠦ ᠲᠠᠪᠤᠨ ᠶᠡᠭᠡ ᠬᠥᠭᠵᠢᠯᠲᠡ ᠶᠢᠨ ᠲᠠᠯ᠎ᠠ ᠶᠢᠨ 37 ᠲᠦᠷᠦᠯ ᠤᠨ | ᠬᠦᠢᠴᠡᠳᠭᠡᠯ ᠲᠤᠭ᠎ᠠ ᠶᠢ ᠬᠠᠮᠣᠷᠣᠭᠤᠯᠵᠣ ᠪᠠᠶᠢᠭᠤᠳ᠂ ᠡᠨᠡ ᠵᠢᠯ ᠤᠨ ᠠᠵᠢᠯ ᠤᠨ ᠬᠠᠷᠠᠯᠲᠠ ᠪᠠᠨ ᠲᠣᠭᠲᠠᠭᠠᠨ᠎ᠠ᠃ | ᠲᠦᠭᠦᠮ ᠢᠶᠠᠷ ᠬᠡᠯᠡᠪᠡᠯ᠂ ᠣᠳᠣᠬᠠᠨ ᠤ ᠣᠷᠣᠰᠢᠵᠤ ᠪᠠᠶᠢᠭ᠎ᠠ ᠵᠥᠷᠢᠶ᠎ᠡ ᠪᠣᠯ ᠳᠠᠷᠤᠶ 2020 ᠣᠨ ᠤ ᠲᠡᠮᠡᠴᠡᠬᠦ | ᠬᠠᠷᠠᠯᠲᠠ ᠪᠣᠯᠣᠨ᠎ᠠ᠃ | ᠲᠥᠪ ᠤᠨ ᠠᠵᠤ ᠠᠬᠤᠢ ᠶᠢᠨ ᠠᠵᠢᠯ ᠳᠤ ᠲᠠᠯᠪᠢᠭᠰᠠᠨ ᠶᠡᠷᠦᠩᠬᠡᠢ ᠱᠠᠭᠠᠷᠳᠠᠯᠭ᠎ᠠ ᠪᠠ ᠥᠪᠡᠷᠲᠡᠭᠡᠨ ᠵᠠᠰᠠᠬᠤ | ᠣᠷᠣᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠲᠠᠯ᠎ᠠ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠪᠠᠯ᠂ | 2020 ᠣᠨ ᠤ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠠᠴᠠ ᠳᠡᠭᠡᠭᠰᠢ ᠨᠡᠮᠡᠭᠳᠡᠭᠦᠯᠦᠨ᠎ᠡ︔ | ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9% ᠠᠴᠠ ᠳᠡᠭᠡᠭᠰᠢ ᠨᠡᠮᠡᠭᠳᠡᠭᠦᠯᠦᠨ᠎ᠡ᠃ | ᠣᠯᠠᠨ ᠨᠡᠶᠢᠲᠡ ᠵᠢᠨᠡᠩ ᠤᠨ ᠲᠥᠰᠦᠪ ᠤᠨ ᠣᠷᠣᠯᠭ᠎ᠠ ᠶᠢ 1% ᠣᠷᠴᠢᠮ ᠨᠡᠮᠡᠭᠳᠡᠭᠦᠯᠦᠨ᠎ᠡ︔ ᠬᠤᠳᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠣᠬᠢᠷᠠᠭᠤᠯᠵᠣ ᠪᠣᠯᠬᠤᠶᠢᠴᠢ | ᠣᠷᠣᠯᠭ᠎ᠠ ᠶᠢ ᠲᠤᠰ ᠲᠤᠰ 6% ᠪᠠ 8% ᠣᠷᠴᠢᠮ ᠢᠶᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠣᠯ᠂ ᠲᠣᠭᠲᠠᠭᠤᠨ ᠤ ᠲᠣᠮᠳᠠ ᠣᠷᠣᠭᠰᠢᠯᠠᠬᠤ ᠠᠵᠢᠯ ᠤᠨ ᠶᠡᠷᠦᠩᠬᠡᠶ | ᠬᠦᠭ ᠠᠶᠠᠰ ᠢ ᠪᠠᠷᠢᠮᠲᠠᠯᠠᠵᠤ᠂ ᠲᠣᠭᠲᠠᠭᠤᠨ ᠪᠠ ᠤᠷᠤᠭᠰᠢᠯᠠᠬᠤ᠂ ᠣᠳᠣᠬᠠᠨ ᠪᠠ ᠠᠯᠤᠰ ᠬᠡᠳᠣ᠂ ᠪᠣᠳᠠᠲᠤ ᠠᠬᠤᠶ | ᠪᠠ ᠪᠣᠯᠤᠯᠴᠠᠭ᠎ᠠ ᠲᠠᠢ ᠪᠠᠶᠢᠬᠤ ᠶᠢ ᠶᠡᠷᠦᠩᠬᠡᠶᠢᠯᠡᠨ ᠪᠣᠳᠣᠯᠬᠢᠯᠠᠵᠤ ᠳᠤᠷᠠᠳᠤᠭᠰᠠᠨ ᠶᠤᠮ᠃ ᠪᠣᠯᠭᠤᠮᠵᠢᠲᠠᠶ ᠪᠠᠶᠢᠬᠤ | ᠬᠠᠷᠠᠭᠠᠰᠣ ᠠᠴᠠ ᠦᠵᠡᠪᠡᠯ᠂ ᠣᠳᠣᠬᠠᠨ ᠤ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ | ᠨᠥᠯᠥᠭᠡ ᠠᠴᠠ ᠪᠤᠯᠵᠤ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠪᠤᠰᠤ ᠴᠢᠨᠠᠷ ᠲᠣᠳᠣᠷᠬᠠᠢ ᠪᠤᠰᠤ ᠴᠢᠨᠠᠷ | ᠪᠦᠬᠦᠢ ᠡᠯᠧᠮᠧᠨ᠋ᠲ ᠨᠡᠮᠡᠭᠳᠡᠵᠦ᠂ ᠪᠠᠭᠤᠷᠠᠯᠳᠠ ᠶᠢᠨ ᠳᠠᠷᠤᠯᠲᠠ ᠶᠡᠬᠡᠰᠴᠦ᠂ ᠲᠣᠭᠲᠠᠪᠤᠷᠢᠵᠢᠨ ᠰᠡᠷᠭᠦᠬᠦ ᠰᠠᠭᠤᠷᠢ | ᠪᠠᠲᠤ ᠪᠢᠰᠢ ᠪᠠᠶᠢᠨ᠎ᠠ᠃ ᠢᠳᠡᠪᠬᠢᠲᠡᠶ ᠪᠠᠶᠢᠬᠤ ᠲᠠᠯ᠎ᠠ ᠠᠴᠠ ᠠᠪᠴᠤ ᠦᠵᠡᠪᠡᠯ ᠂ ᠨᠢᠳᠤᠨᠤᠨ ᠤ ᠣᠷᠣᠰᠢᠵᠣ ᠪᠠᠶᠢᠭ᠎ᠠ | ᠠᠰᠠᠭᠤᠳᠠᠯ ᠢ ᠴᠡᠪᠡᠷᠯᠡᠬᠦ ᠪᠠᠷ ᠲᠠᠮᠵᠢᠨ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠦᠢᠯᠡᠳᠪᠦᠷᠢᠯᠡᠬᠦ | ᠴᠢᠳᠠᠪᠤᠷᠢ ᠪᠠᠨ ᠪᠠᠳᠠᠷᠠᠭᠤᠯᠬᠤ ᠶᠢ ᠬᠢᠵᠠᠭᠠᠷᠯᠠᠬᠤ ᠡᠯᠧᠮᠧᠨ᠋ᠲ ᠪᠠᠭᠠᠰᠴᠤ᠂ ᠨᠡᠮᠡᠭᠳᠡᠯ ᠤᠨ ᠡᠯᠧᠮᠧᠨ᠋ᠲ ᠠᠭᠠᠵᠢᠮ ᠢᠶᠠᠷ | ᠢᠯᠡᠷᠡᠵᠣ᠂ ᠵᠢᠱᠢᠯᠲᠡ ᠪᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠦᠷᠳᠡᠭ ᠨᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ 5. | 5% ᠠᠴᠠ ᠳᠡᠭᠡᠭᠰᠢᠬᠢ ᠨᠡᠮᠡᠭᠳᠡᠯ ᠤᠨ ᠬᠠᠷᠠᠯᠲᠠ ᠶᠢ ᠲᠤᠯᠭᠠᠭᠤᠷᠢᠯᠠᠬᠤ ᠪᠣᠯᠤᠮᠵᠢᠲᠠᠶ ᠪᠠᠶᠢᠨ᠎ᠠ᠃ | ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ | ᠰᠤᠳᠤᠯᠤᠨ ᠮᠠᠭᠠᠳᠯᠠᠬᠤ ᠪᠠ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠣᠭᠤᠰᠢᠯᠠᠭᠤᠯᠣᠨᠠ᠃ ᠲᠥᠪ ᠤᠨ ᠠᠵᠤ ᠠᠬᠤᠶ ᠶᠢᠨ ᠠᠵᠢᠯ ᠤᠨ | ᠬᠤᠷᠠᠯᠳᠤᠭᠠᠨ ᠠᠴᠠ ᠪᠠᠶᠢᠷᠢᠯᠠᠭᠤᠯᠤᠭᠰᠠᠨ ᠵᠢᠷᠭᠤᠭᠠᠨ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠨᠢᠭᠡᠳᠦᠭᠡᠷ | ᠲᠦᠷᠦᠯ ᠪᠣᠯ ᠳᠠᠷᠤᠶ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠠᠰᠢ ᠦᠭᠡᠢ ᠲᠤᠭᠤᠰᠢᠯᠠᠭᠤᠯᠵᠤ᠂ | ᠡᠭᠦᠨ ᠢᠶᠠᠷ ᠪᠤᠰᠤᠳ ᠲᠠᠪᠤᠨ ᠲᠦᠷᠦᠯ ᠤᠨ ᠠᠵᠢᠯ ᠢ ᠶᠡᠷᠦᠩᠬᠡᠶᠢᠯᠡᠨ ᠵᠠᠬᠢᠷᠴᠤ᠂ ᠡᠯ᠎ᠡ ᠱᠠᠳᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠴᠢᠩᠭ᠎ᠠ ᠠᠳᠬᠤᠨ | ᠬᠥᠭᠵᠢᠯᠲᠡ ᠶᠢ ᠠᠬᠢᠭᠤᠯᠬᠤ ᠬᠡᠷᠡᠭᠲᠡᠶ ᠪᠥᠭᠡᠳ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠣᠭᠤᠰᠢᠯᠠᠭᠤᠯᠬᠤ ᠪᠠᠷ ᠡᠯ᠎ᠡ ᠱᠠᠲᠤᠨ ᠤ ᠤᠳᠤᠷᠢᠳᠬᠤ ᠺᠠᠳ᠋ᠷ ᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ | ᠪᠣᠯᠭᠠᠨ᠎ᠠ᠃ ᠪᠢᠳᠡ ᠪᠠᠷᠢᠮᠵᠢᠶ᠎ᠠ ᠲᠠᠢ ᠬᠠᠷᠭᠤᠭᠤᠯᠵᠤ᠂ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ | ᠠᠷᠭ᠎ᠠ ᠵᠠᠮ᠂ ᠬᠥᠭᠵᠢᠯᠲᠡ ᠶᠢᠨ ᠠᠷᠭ᠎ᠠ ᠠᠪᠴᠠᠯ᠂ ᠬᠥᠭᠵᠢᠯᠲᠡ ᠶᠢᠨ ᠬᠠᠷᠠᠯᠲᠠ ᠶᠢ ᠪᠥᠬᠦ ᠲᠠᠯ᠎ᠠ ᠪᠠᠷ ᠬᠢᠨᠠᠨ | ᠦᠵᠡᠵᠦ᠂ ᠴᠠᠭ ᠲᠤᠬᠠᠶ ᠳᠤᠨᠢ ᠵᠠᠯᠠᠷᠠᠭᠤᠯᠵᠤ᠂ ᠡᠯ᠎ᠡ ᠵᠦᠢᠯ ᠤᠨ ᠲᠠᠩᠴᠡᠭᠦᠷᠢᠰᠢᠯ ᠥᠬᠡᠶ ᠬᠦᠢᠴᠡᠳ ᠪᠣᠰᠣ | ᠠᠰᠠᠭᠤᠳᠠᠯ ᠢ ᠬᠦᠴᠦᠯᠡᠨ ᠰᠢᠢᠳᠪᠦᠷᠢᠯᠡᠵᠣ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠷᠭ᠎ᠠ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠬᠠᠷᠠᠯᠲᠠ ᠲᠠᠢ | ᠨᠢᠭᠲᠠ ᠣᠶᠠᠯᠳᠣᠭᠤᠯᠣᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠪᠣᠯ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠠᠴᠠ ᠳᠤᠷᠠᠳᠤᠭᠰᠠᠨ ᠴᠢᠬᠤᠯᠡ ᠴᠢᠭᠯᠡᠯᠲᠡ᠂ ᠪᠠᠰᠠ ᠴᠣ᠋ ᠴᠢᠬᠤᠯᠠ ᠳᠤᠬᠢᠶ᠎ᠠ ᠮᠥᠨ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠪᠣᠯ ᠳᠠᠷᠤᠢ ᠠᠰᠠᠭᠤᠳᠠᠯ ᠢ ᠰᠢᠢᠳᠪᠦᠷᠢᠯᠡᠬᠦ ᠪᠠᠷ | ᠭᠠᠷᠳᠠᠴᠠ ᠪᠣᠯᠭᠠᠵᠤ᠂ ᠡᠬᠢ ᠪᠠᠶᠠᠯᠢᠭ ᠪᠠ ᠬᠦᠴᠦᠨ ᠢ ᠲᠥᠪᠯᠡᠷᠡᠭᠦᠯᠦᠨ ᠬᠦᠴᠢᠷ ᠪᠡᠷᠬᠡ ᠶᠢ ᠳᠠᠪᠠᠵᠤ᠂ | ᠬᠥᠭᠵᠢᠯᠲᠡ ᠶᠢᠨ ᠳᠤᠮᠳᠠᠬᠢ ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠪᠦᠬᠦ ᠬᠦᠴᠦᠨ ᠢᠶᠠᠷ ᠨᠠᠮᠳᠠᠭᠤᠯᠬᠤ ᠶᠠᠪᠤᠳᠠᠯ | ᠪᠣᠯᠤᠨ᠎ᠠ︔ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠪᠣᠯ ᠳᠠᠷᠤᠢ ᠬᠠᠷᠠᠯᠲᠠ ᠪᠠᠨ ᠪᠡᠶᠡᠯᠡᠭᠦᠯᠬᠦ ᠪᠠᠷ | ᠦᠨᠳᠣᠰᠣᠯᠡᠯ ᠪᠣᠯᠭᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠠᠬᠢᠴᠠ ᠪᠠᠨ ᠲᠦᠷᠭᠡᠳᠬᠡᠵᠣ ᠂ ᠲᠣᠭᠲᠠᠭᠰᠠᠨ | ᠬᠠᠷᠠᠯᠲᠠ ᠶᠢᠨ ᠪᠠᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠶᠠᠪᠤᠳᠠᠯ ᠪᠣᠯᠤᠨ᠎ᠠ︔ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠪᠣᠯ ᠳᠠᠷᠤᠶ ᠠᠵᠢᠯ ᠤᠨ ᠦᠷ᠎ᠡ ᠪᠦᠲᠦᠮᠵᠢ ᠪᠠᠷ ᠪᠠᠷᠢᠮᠵᠢᠶ᠎ᠠ ᠪᠣᠯᠭᠠᠵᠤ᠂ | ᠦᠨᠡᠨ ᠪᠣᠳᠠᠲᠠᠶ ︽ᠬᠢᠷᠢ ᠪᠦᠲᠦᠮᠵᠢ ᠶᠢᠨ ᠬᠠᠭᠤᠳᠠᠰᠤ︾ ᠭᠠᠷᠭᠠᠵᠤ ᠪᠠᠶᠢᠭᠠᠳ ᠰᠢᠯᠭᠠᠨ ᠪᠠᠶᠢᠴᠠᠭᠠᠯᠳᠠ ᠪᠠ | ᠦᠨᠡᠯᠡᠯᠲᠡ ᠶᠢ ᠬᠦᠯᠢᠶᠡᠬᠦ ᠶᠠᠪᠤᠳᠠᠯ ᠪᠣᠯᠤᠨ᠎ᠠ᠃ ᠪᠢᠳᠡ ᠳᠡᠭᠦᠰᠭᠡᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠡᠮᠬᠢᠯᠡᠬᠦ ᠪᠠ ᠦᠨᠡᠯᠡᠨ ᠵᠢᠱᠢᠵᠦ᠂ ᠠᠰᠠᠭᠤᠳᠠᠯ | ᠪᠣᠯᠤᠨ ᠵᠥᠷᠢᠶ᠎ᠡ ᠶᠢ ᠣᠨᠣᠪᠴᠢᠲᠠᠶ ᠡᠷᠢᠵᠦ᠂ ᠲᠣᠳᠠᠭᠳᠠᠯ ᠪᠣᠯᠤᠨ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ | ᠳᠡᠭᠦᠰᠭᠡᠯ ᠤᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠥᠪ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ | ᠣᠨᠣᠪᠴᠢᠲᠠᠢ ᠡᠵᠡᠮᠳᠠᠨᠡ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠳᠣᠷᠬᠠᠢ ᠲᠣᠷᠠᠳᠣᠭᠰᠠᠨ᠂ | ᠠᠵᠤ ᠦᠢᠯᠡᠰ ᠪᠣᠯᠤᠨ ᠬᠡᠷᠡᠭᠯᠡᠭᠡ ᠶᠢᠨ ︽ ᠬᠤᠣᠰ ᠳᠡᠰ ᠳᠡᠪᠰᠢᠬᠦ︾ ᠶᠢ ᠠᠬᠢᠭᠤᠯᠬᠤ ᠨᠢ ᠨᠡᠶᠢᠭᠡᠮ ᠤᠨ ᠳᠠᠬᠢᠨ | ᠦᠢᠯᠡᠳᠪᠦᠷᠢᠯᠡᠯ ᠤᠨ ᠬᠤᠶᠠᠷ ᠴᠢᠬᠤᠯᠠ ᠪᠦᠷᠢᠯᠳᠦᠭᠦᠨ ᠬᠡᠰᠡᠭ ᠪᠣᠯᠬᠤ ᠬᠠᠩᠭᠠᠯᠭ᠎ᠠ ᠬᠡᠷᠡᠭᠴᠡᠭᠡ ᠶᠢᠨ ᠬᠤᠶᠠᠷ | ᠲᠠᠯ᠎ᠠ ᠪᠠᠷ ᠢᠶᠠᠨ ᠵᠡᠷᠭᠡᠪᠡᠷ ᠬᠦᠴᠦᠯᠡᠭᠰᠡᠨ ᠢ ᠬᠠᠷᠠᠭᠤᠯᠵᠣ᠂ ᠬᠡᠷᠡᠭᠯᠡᠬᠡᠨ ᠤ ᠳᠡᠰ ᠳᠡᠪᠰᠢᠬᠦ ᠨᠢ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠨᠢ ᠪᠠᠰᠠ ᠰᠢᠨ᠎ᠡ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠤᠢ ᠪᠣᠯᠭᠠᠨ᠎ᠠ᠃ ᠬᠤᠷᠸ᠎ᠠ ᠡᠵᠡᠮᠳᠠᠯ ᠲᠣᠬᠢᠷᠠᠭᠤᠯᠣᠯᠳᠠ ᠶᠢᠨ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ᠂ ᠵᠣᠭᠤᠰᠣᠨ ᠤ ᠲᠦᠷᠦ ᠶᠢᠨ ᠪᠤᠳᠤᠯᠭ᠎ᠠ ᠪᠣᠯᠤᠭᠰᠠᠨ ᠤ ᠬᠤᠪᠢ ᠳᠤ᠂ ᠬᠡᠷᠡᠭᠯᠡᠭᠡ | ᠂ ᠪᠡᠯᠡ ᠣᠷᠣᠭᠤᠯᠤᠯᠲᠠ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ ᠵᠡᠷᠭᠡ ᠲᠦᠷᠦ ᠶᠢᠨ | ᠪᠤᠳᠤᠯᠭ᠎ᠠ ᠲᠠᠢ ᠬᠦᠴᠦᠨ ᠨᠢᠭᠡᠳᠦᠭᠦᠯᠵᠣ᠂ ᠪᠡᠯᠡ ᠮᠦᠩᠭᠦᠨ ᠤ ᠪᠡᠯᠡ ᠣᠷᠣᠭᠤᠯᠣᠯᠳᠠ ᠪᠠᠷ ᠬᠠᠩᠭᠠᠯᠭ᠎ᠠ ᠬᠡᠷᠡᠭᠴᠡᠭᠡ | ᠬᠠᠮᠲᠤ ᠪᠠᠷ ᠠᠰᠢᠭ ᠬᠦᠷᠳᠡᠬᠦ᠂ ᠦᠷᠡᠵᠢᠪᠦᠷᠢ ᠲᠤᠭ᠎ᠠ ᠪᠦᠬᠦᠢ ᠦᠷ᠎ᠡ ᠠᠰᠢᠭ ᠣᠯᠬᠤ ᠶᠢ ᠭᠤᠣᠯᠳᠠᠯᠭᠠᠳᠣ ᠬᠦᠷᠢᠶ᠎ᠡ | ᠬᠡᠪᠴᠢᠶᠡᠨ ᠳᠤ ᠣᠳᠣᠷᠢᠳᠣᠨ ᠳᠠᠭᠠᠭᠤᠯᠣᠨ᠎ᠠ᠃ ᠵᠢᠱᠢᠶᠡᠯᠡᠪᠡᠯ᠂ ᠴᠢᠨᠠᠷ ᠰᠠᠶᠢᠲᠠᠶ ᠠᠮᠤᠷ ᠲᠦᠪᠰᠢᠨ ᠮᠠᠯ ᠲᠠᠷᠢᠶᠠᠯᠠᠩ | ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ᠂ ᠦᠢᠯᠡᠳᠬᠦ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢ ᠲᠠᠰ ᠳᠡᠪᠰᠢᠭᠦᠯᠦᠨ᠎ᠡ︔ ᠵᠢᠱᠢᠶᠡᠯᠡᠪᠡᠯ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠤᠷ | ᠰᠦᠯᠵᠢᠶᠡᠨ ᠤ ᠬᠡᠯᠪᠡᠷᠢ ᠶᠢᠨ ᠰᠠᠭᠤᠷᠢ ᠲᠦᠬᠦᠭᠡᠷᠦᠮᠵᠢ᠂ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠪᠠ | ᠲᠣᠭᠠᠴᠢᠯᠠᠭᠰᠠᠨ ᠠᠵᠤ ᠠᠬᠤᠶ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠬᠤᠷᠢᠬᠯᠠᠬᠤ ᠴᠢᠬᠤᠯᠠ ᠶᠡᠭᠡ | ᠢᠨᠵᠧᠨᠧᠷᠢᠩ᠂ ᠬᠤᠲᠠ ᠶᠢᠨ ᠳᠡᠭᠡᠭᠰᠢᠯᠡᠯᠲᠡ ᠪᠠ ᠦᠯᠡᠳᠡᠭᠡᠯ ᠬᠠᠭᠤᠴᠢᠨ ᠣᠷᠣᠨ ᠰᠠᠭᠤᠴᠠ ᠶᠢ ᠵᠠᠰᠠᠨ ᠰᠢᠨᠡᠳᠭᠡᠭᠦ | ᠵᠢᠴᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠴᠠᠬᠢᠯᠭᠠᠨ ᠬᠠᠩᠭᠠᠬᠤ᠂ ᠮᠡᠳᠡᠭᠡ ᠵᠠᠩᠭᠢ ᠶᠢᠨ ᠲᠣᠤᠷ | ᠰᠦᠯᠵᠢᠶ᠎ᠡ ᠪᠠ ᠤᠰᠤᠨ ᠠᠰᠢᠭᠯᠠᠯᠲᠠ ᠵᠡᠷᠭᠡ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠰ | ᠳᠡᠪᠰᠢᠭᠦᠯᠦᠨ᠎ᠡ︔ ᠵᠢᠱᠢᠶᠡᠯᠡᠪᠡᠯ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠯᠲᠠ | ᠪᠠ ᠦᠷᠳᠡᠭ ᠤᠨ ᠬᠡᠯᠬᠢᠶ᠎ᠡ ᠶᠢᠨ ᠳᠡᠭᠡᠳᠦ ᠲᠡᠰ ᠲᠡᠶᠢᠰᠢ ᠤᠷᠲᠤᠳᠬᠠᠬᠤ ᠶᠢ ᠠᠬᠢᠭᠤᠯᠵᠣ᠂ ᠠᠮᠢᠳᠤᠷᠠᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠥᠨᠳᠥᠷ ᠶᠠᠰᠤ ᠴᠢᠨᠠᠷ ᠪᠠ ᠤᠯᠠᠨ ᠶᠠᠩᠵᠤᠴᠢᠯᠠᠯᠳᠠ ᠲᠡᠶᠢᠰᠢ ᠲᠡᠰ ᠳᠡᠪᠰᠢᠭᠦᠯᠬᠦ ᠶᠢ | ᠲᠦᠯᠬᠢᠨ ᠠᠬᠢᠭᠤᠯᠵᠤ᠂ ᠨᠠᠰᠣᠵᠢᠯ ᠤᠨ ᠠᠰᠠᠷᠠᠮᠵᠢ᠂ ᠨᠢᠯᠬ᠎ᠠ ᠬᠡᠤᠬᠡᠳ ᠢ ᠬᠥᠮᠦᠵᠢᠭᠦᠯᠬᠦ᠂ ᠰᠤᠷᠭᠠᠨ ᠬᠥᠮᠦᠵᠢᠯ᠂ | ᠡᠮ ᠡᠮᠨᠡᠯᠭᠡ᠂ ᠡᠷᠡᠭᠦᠯ ᠮᠡᠨᠳᠤ᠂ ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠡᠷᠭᠡ | ᠦᠢᠯᠡᠴᠢᠯᠡᠭᠡᠨ ᠤ ᠦᠢᠯᠡᠰ ᠢ ᠪᠠᠭᠳᠠᠭᠠᠨ᠎ᠠ᠃ ᠪᠢᠳᠡ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠮᠠᠨ ᠤ | ᠠᠶᠢᠮᠠᠭ ᠤᠨ ᠪᠣᠳᠠᠲᠤ ᠪᠠᠶᠢᠳᠠᠯ ᠠᠴᠠ ᠡᠭᠦᠰᠴᠣ᠂ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤ ᠲᠠᠢ ᠵᠣᠯᠭᠠᠭᠤᠯᠵᠤ᠂ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠬᠦᠢᠴᠡᠳ ᠬᠡᠷᠡᠭᠯᠡᠵᠣ ᠠᠮᠢᠳᠤᠯᠢᠭ ᠬᠡᠷᠡᠭᠯᠡᠵᠦ ᠪᠠᠶᠢᠭᠠᠳ᠂ | ᠬᠥᠭᠵᠢᠯᠲᠡ ᠶᠢᠨ ᠲᠣᠳᠠᠭᠳᠠᠯ ᠢ ᠨᠥᠬᠦᠪᠥᠷᠢᠯᠡᠵᠦ᠂ ᠵᠥᠷᠢᠴᠡᠯ ᠠᠰᠠᠭᠤᠳᠠᠯ ᠢ ᠰᠠᠶᠢᠳᠣᠷ ᠰᠢᠢᠳᠪᠦᠷᠢᠯᠡᠨ᠎ᠡ᠃ | ᠭᠤᠷᠪᠠ᠂ 2020 ᠣᠨ ᠤ ᠭᠤᠣᠯᠳᠠᠯᠭ᠎ᠠ ᠲᠠᠢ ᠠᠵᠢᠯ | ︵ᠨᠢᠭᠡ︶ ᠬᠦᠴᠦᠨ ᠢᠶᠠᠨ ᠲᠥᠪᠯᠡᠷᠡᠭᠦᠯᠦᠨ᠂ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠤᠨ᠎ᠠ᠃ ᠡᠨᠡ ᠵᠢᠯ ᠪᠣᠯ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠮᠦᠨ ᠪᠣᠯᠬᠤᠷ | ᠪᠣᠭᠤᠮᠲᠠ ᠰᠢᠪᠲᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ ᠡᠷᠬᠡᠪᠰᠢ ᠪᠠᠶᠠᠯᠡᠭᠦᠯᠦᠨ᠎ᠡ ᠃ | ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ | ᠲᠠᠯ᠎ᠠ ᠪᠠᠷ ᠣᠯᠣᠨ᠎ᠠ᠃ ᠮᠠᠨ ᠤ ᠠᠶᠢᠮᠠᠭ ᠲᠤ ᠪᠠᠰᠠ ᠶᠠᠳᠠᠭᠤ ᠠᠴᠠ ᠠᠩᠭᠢᠵᠢᠷᠠᠭᠠᠳᠤᠶ ᠲᠠᠩᠰᠠ ᠺᠠᠷᠲ ᠪᠠᠶᠢᠭᠤᠯᠤᠭ᠎ᠠ | ᠦᠭᠡᠢ ᠶᠠᠳᠠᠭᠤ ᠬᠦᠴᠢᠷᠳᠡᠯᠲᠡᠶ 75 ᠡᠷᠦᠬᠡ 141 ᠬᠥᠮᠦᠨ ᠪᠣᠶ᠂ ᠬᠡᠳᠦ᠋ᠢᠪᠡᠷ ᠡᠭᠦᠷᠭᠡ ᠬᠦᠨᠳᠦ ᠪᠢᠰᠢ ᠪᠣᠯᠪᠠᠴᠤ | ᠶᠠᠭᠠᠬᠢᠭᠰᠠᠨ ᠴᠤ ᠠᠵᠢᠯ ᠢᠶᠠᠨ ᠰᠣᠯᠠᠷᠠᠭᠤᠯᠵᠣ ᠪᠣᠯᠬᠤ ᠥᠬᠡᠶ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠶᠢᠨ ᠲᠣᠭᠤᠷᠢᠨ ᠳᠤ᠂ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠠᠷᠭ᠎ᠠ ᠠᠪᠴᠠᠯ ᠢᠶᠠᠨ ᠨᠠᠶᠢᠳᠠᠪᠤᠷᠢᠵᠢᠭᠤᠯᠬᠤ ᠶᠢ ᠣᠨᠣᠪᠴᠢᠲᠠᠶ ᠪᠥᠭᠡᠳ ᠪᠦᠲᠦᠮᠵᠢᠲᠡᠶ | ᠠᠬᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ | ᠪᠠᠳᠣᠯᠠᠨ᠎ᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ ᠶᠢᠨ | ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠪᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠨᠡᠶᠢᠳᠡᠮ ᠪᠠᠶᠢᠴᠠᠭᠠᠯᠲᠠ ᠶᠢ ᠤᠭᠲᠤᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠬᠦ ᠶᠢ ᠨᠥᠯᠥᠭᠡᠯᠡᠵᠦ ᠪᠠᠶᠢᠭ᠎ᠠ ᠡᠯ᠎ᠡ ᠲᠦᠷᠦᠯ ᠤᠨ | ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠳᠣᠯᠠᠨ᠎ᠠ᠃ ︽ᠲᠦᠷᠪᠡ ᠶᠢ | ᠦᠯᠦ ᠠᠪᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠲᠠᠬᠢᠨ ᠶᠠᠳᠠᠭᠤᠷᠠᠬᠤ ᠶᠢ | ᠪᠠᠶᠢᠴᠠᠭᠠᠵᠣ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠠᠬᠢᠨ ᠶᠠᠳᠠᠭᠤᠷᠠᠭᠰᠠᠨ ᠬᠥᠮᠦᠨ ᠠᠮᠠ ᠪᠠ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠲᠡᠢ | ᠬᠥᠮᠦᠨ ᠠᠮᠠ ᠶᠢ ᠬᠠᠪᠰᠤᠷᠤᠨ ᠲᠡᠳᠬᠦᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ | ᠣᠳᠣᠬᠠᠨ ᠪᠣᠯ᠂ ᠶᠠᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠣᠯᠤᠨ ᠬᠥᠳᠡᠭᠡ | ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠵᠣᠯᠭᠠᠭᠤᠯᠬᠤ | ᠲᠡᠦᠬᠡ ᠶᠢᠨ ᠠᠭᠤᠯᠵᠠᠷ ᠤᠨ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠬᠤᠷ ᠬᠥᠳᠡᠭᠡ ᠲᠣᠰᠬᠤᠨ ᠮᠠᠯᠵᠢᠬᠤ | ᠣᠷᠣᠨ ᠢ ᠬᠥᠭᠵᠢᠭᠦᠯᠦᠨ ᠮᠠᠨᠳᠤᠭᠤᠯᠬᠤ ᠬᠢᠭᠡᠳ ᠬᠤᠶᠢᠰᠢᠳᠠ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠬᠡᠬᠦ ᠠᠵᠢᠯ ᠢ ᠪᠦᠲᠦᠮᠵᠢᠲᠡᠶ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ᠂ ᠲᠥᠪ ᠤᠨ ᠪᠠᠶᠢᠭᠤᠯᠭ᠎ᠠ ᠶᠢᠨ ᠴᠢᠭ᠋ ᠲᠣᠭᠲᠠᠭᠠᠨ ᠶᠠᠳᠠᠭᠤ ᠶᠢ ᠲᠡᠳᠬᠦᠬᠦ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠣᠪᠣᠶᠢᠮ᠎ᠠ ᠠᠳᠬᠤᠵᠤ | ᠂ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠠᠵᠤ | ᠦᠢᠯᠡᠰ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠦᠭᠡᠳᠭᠡᠨ ᠴᠢᠨᠡᠭᠡᠯᠢᠭᠵᠢᠬᠦᠯᠬᠦ ᠵᠠᠩᠭᠢᠯᠠᠭ᠎ᠠ ᠶᠢᠨ | ᠦᠢᠯᠡᠳᠦᠯ ᠢ ᠦᠨᠡᠨᠬᠦ ᠴᠢᠩᠭᠠᠳᠬᠠᠨ᠎ᠠ᠃ ᠡᠨᠡ ᠪᠣᠯ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠠᠶᠢᠮᠠᠭ ᠤᠨ | ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠳ ᠤᠨ ᠠᠵᠢᠯ ᠤᠨ ᠬᠦᠴᠦᠯᠡᠬᠦ | ᠴᠡᠭ ᠪᠣᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠰᠡᠳᠬᠢᠴᠡ ᠪᠠ ᠠᠷᠭ᠎ᠠ | ᠬᠡᠮᠵᠢᠶ᠎ᠡ ᠶᠢ ᠬᠢᠨᠠᠮᠠᠭᠠᠢ ᠰᠤᠳᠤᠯᠤᠨ᠂ ᠬᠤᠰᠢᠭᠤ ᠰᠢᠶᠠᠨ ᠬᠤᠲᠠ ︵ᠣᠷᠣᠨ︶᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠤ ᠱᠠᠲᠤ ᠱᠠᠲᠤ ᠪᠠᠷ ᠠᠳᠬᠤᠵᠣ᠂ ᠮᠠᠯ ᠠᠵᠤ ᠠᠬᠤᠶ ᠲᠠᠷᠢᠶᠠᠯᠠᠩ᠂ ᠡᠳ᠋ ᠤᠨ ᠵᠠᠰᠠᠭ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ ᠲᠡᠮᠵᠢᠨ ᠳᠡᠳᠭᠦᠭᠦ ᠠᠵᠢᠯ ᠤᠨ | ᠲᠣᠭᠲᠠᠴᠠ ᠶᠢ ᠪᠦᠷᠢᠨᠰᠢᠭᠦᠯᠦᠨ ᠳᠡᠭᠦᠯᠳᠡᠷᠵᠢᠭᠦᠯᠦᠨ᠎ᠡ᠃ ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣ | ᠦᠶ᠎ᠡ ᠶᠢᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠬᠡᠨ ᠠᠬᠢᠭᠤᠯᠵᠤ᠂ ᠪᠦᠬᠦ ᠠᠶᠢᠮᠠᠭ | ᠴᠢᠨᠠᠭᠰᠢᠯᠠᠪᠠᠯ ᠪᠦᠬᠦ ᠣᠷᠣᠨ ᠤ ᠮᠠᠯᠵᠢᠬᠤ ᠣᠷᠣᠨ ᠢ ᠭᠦᠭᠵᠢᠬᠦᠯᠦᠨ ᠮᠠᠨᠳᠤᠭᠤᠯᠬᠤ ᠳᠤ᠂ ᠳᠠᠭᠤᠷᠢᠶᠠᠵᠤ ᠪᠣᠯᠬᠤ᠂ | ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠰᠦᠪᠡᠭᠴᠢᠯᠡᠨ ᠪᠦᠷᠢᠯᠳᠦᠭᠦᠯᠦᠨ᠎ᠡ᠃ | ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠰᠠᠶᠢᠲᠤᠷ ᠬᠢᠨ᠎ᠡ᠃ ᠠᠭᠠᠷ ᠮᠠᠨᠳᠠᠯ᠂ ᠤᠰᠤ ᠣᠮᠳᠠ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠭᠤᠷᠪᠠᠨ ᠵᠢᠯ ᠤᠨ ᠪᠣᠭᠤᠮᠳᠠ ᠰᠢᠪᠲᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽ | ᠲᠠᠷᠠᠬᠠᠶ ᠪᠤᠲᠠᠷᠬᠠᠶ ᠡᠷᠦᠶ ᠬᠤᠷᠤᠶ ᠥᠬᠡᠶ ᠪᠣᠬᠢᠷᠲᠤᠯ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠤᠤᠯᠳᠠᠯᠭ᠎ᠠ ᠲᠠᠢ ᠴᠢᠩᠭᠠᠳᠬᠠᠨ᠎ᠠ︔ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠲᠦᠷᠦᠯ ᠤᠨ ᠵᠠᠰᠠᠯᠲᠠ ᠶᠢ ᠡᠬᠢᠯᠡᠨ ᠬᠡᠷᠡᠭᠵᠢᠭᠦᠯᠵᠦ᠂ ᠠᠵᠤ | ᠠᠬᠤᠶᠢᠯᠠᠯ ᠢ ᠰᠢᠬᠠᠮᠳᠠᠭᠤᠯᠵᠤ ᠪᠠᠶᠢᠭᠠᠳ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠰᠢᠢᠳᠪᠦᠷᠢᠯᠡᠵᠣ ᠠᠰᠢᠭᠯᠠᠬᠤ ᠶᠢ ᠠᠬᠢᠭᠤᠯᠣᠨ᠎ᠠ︔ ᠪᠦᠬᠦ ᠠᠶᠢᠮᠠᠭ ᠤᠨ 45 ᠬᠡᠰᠡᠭ ᠲᠥᠪᠯᠡᠷᠡᠭᠰᠡᠨ | ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠳᠤ ᠣᠷᠴᠢᠨ ᠲᠣᠭᠤᠷᠢᠨ ᠤ ᠪᠠᠶᠢᠳᠠᠯ ᠤᠨ ᠪᠠᠶᠢᠴᠠᠭᠠᠯᠲᠠ | ᠦᠨᠡᠯᠡᠯᠲᠡ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠱᠠᠳᠣᠴᠢ ᠴᠢᠨᠠᠷᠲᠠᠢ ᠰᠢᠪᠲᠤᠯᠤᠯᠲᠠ ᠶᠢᠨ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ | ᠱᠠᠯᠠᠪᠳᠠᠭᠤᠯᠣᠨ ᠪᠠᠶᠢᠴᠠᠭᠠᠯᠲᠠ ᠪᠠ ︽ ᠡᠷᠬᠢᠨ ᠬᠠᠷᠠᠬᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦᠶᠢᠯᠡ ᠠᠰᠠᠭᠤᠳᠠᠯ ᠢ 6 ᠳ᠋ᠣᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ︽ᠦᠭᠡᠢ︾ ᠪᠣᠯᠭᠠᠬᠤ ᠶᠢ ᠪᠠᠳᠣᠯᠠᠨ᠎ᠠ ᠃ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠷᠢᠶ᠎ᠡ ᠴᠠᠷ᠎ᠠ ᠳᠠᠬᠢ ᠠᠰᠠᠭᠤᠳᠠᠯ ᠤᠨ ᠳᠠᠯᠳᠠ ᠬᠡᠮ ᠢ ᠦᠪᠡᠷᠳᠡᠭᠡᠨ ᠪᠠᠶᠢᠴᠠᠭᠠᠵᠤ | ᠦᠪᠡᠷᠳᠡᠭᠡᠨ ᠵᠠᠯᠠᠷᠠᠭᠤᠯᠬᠤ ᠶᠢ ᠭᠦᠨᠵᠡᠭᠡᠶ ᠥᠷᠨᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ | ᠪᠠᠶᠢᠴᠠᠭᠠᠯᠲᠠ ᠶᠢ ᠤᠭᠲᠤᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠤᠶᠠᠷ ᠲᠠᠯ᠎ᠠ ᠶᠢᠨ ᠵᠠᠩᠭᠢᠯᠠᠭ᠎ᠠ ᠶᠢ ᠰᠠᠶᠢᠳᠣᠷ | ᠡᠵᠡᠮᠳᠠᠨᠡ ᠄ ᠨᠢᠭᠡ ᠳᠤ᠂ ᠬᠠᠷᠢᠭᠤ ᠲᠣᠰᠬᠠᠭᠰᠠᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ | ᠣᠷᠳᠣ ᠬᠤᠭᠤᠴᠠᠭ᠎ᠠ ᠪᠠᠷ ᠵᠠᠰᠠᠭᠠᠳ ᠰᠢᠢᠳᠪᠦᠷᠢᠯᠡᠬᠦ ᠥᠬᠡᠶ ᠪᠠᠶᠢᠵᠤ ᠪᠣᠯᠬᠤ ᠥᠬᠡᠶ︔ ᠬᠤᠶᠠᠷ ᠲᠤ᠂ ᠦᠪᠡᠷᠳᠡᠭᠡᠨ | ᠪᠠᠶᠢᠴᠠᠭᠠᠵᠤ ᠦᠪᠡᠷᠳᠡᠭᠡᠨ ᠵᠠᠯᠠᠷᠠᠭᠤᠯᠬᠤ ᠶᠢ ᠰᠠᠶᠢᠲᠤᠷ ᠬᠢᠵᠦ᠂ ᠠᠰᠠᠭᠤᠳᠠᠯ ᠢ ᠲᠣᠶᠢᠯᠪᠦᠷᠢᠲᠠᠢ ︽ ᠴᠡᠭᠴᠡᠯᠡᠨ᠎ᠡ︾ ᠃ | ᠭᠤᠷᠪᠠ ᠳᠤ᠂ ᠵᠠᠰᠠᠭ ᠤᠨ ᠣᠷᠳᠣᠨ ᠤ ᠨᠢᠭᠤᠭᠳᠠᠮᠠᠯ ᠦᠷᠢ ᠥᠭᠴᠡᠭᠡᠨ ᠤ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠬᠤᠷᠢᠭᠯᠠᠨ᠎ᠠ᠃ ᠮᠠᠨ ᠤ ᠠᠶᠢᠮᠠᠭ ᠤᠨ ︽ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ | ᠠᠷᠢᠯᠭᠠᠬᠤ ᠬᠡᠷᠡᠭᠵᠢᠭᠦᠯᠬᠦ ᠲᠥᠰᠦᠯ︾ ᠶᠣᠰᠣᠭᠠᠷ᠂ 2020 ᠣᠨ ᠤ ᠥᠷᠢ ᠥᠭᠴᠡᠭᠡ ᠶᠢ ᠠᠷᠢᠯᠭᠠᠬᠤ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠤ᠂ ᠵᠢᠯ ᠤᠨ ᠳᠣᠲᠣᠷ᠎ᠠ 33.91 | ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠠᠴᠠ ᠦᠷᠢᠳᠦᠭᠰᠡᠨ ᠵᠣᠭᠤᠰ ᠢ ᠪᠦᠬᠦᠨ ᠢ ︽ | ᠦᠭᠡᠢ︾ ᠪᠣᠯᠭᠠᠨ ᠪᠣᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠦᠷᠢᠶ᠎ᠡ ᠴᠠᠷ᠎ᠠ ᠳᠠᠬᠢ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ︽1+8︾ ᠲᠥᠰᠦᠯ ᠪᠠ ᠮᠠᠨ ᠤ ᠠᠶᠢᠮᠠᠭ ᠤᠨ | ᠨᠡᠶᠢᠲᠡᠯᠡᠭᠰᠡᠨ 10 ᠬᠦᠷᠢᠶ᠎ᠡ ᠴᠠᠷ᠎ᠠ ᠳᠠᠬᠢ ᠠᠵᠢᠯ ᠤᠨ ᠲᠥᠰᠦᠯ ᠢ ᠦᠷᠭᠦᠯᠵᠢᠯᠡᠨ ᠰᠠᠶᠢᠲᠤᠷ ᠲᠣᠭᠤᠰᠢᠯᠠᠭᠤᠯᠵᠣ᠂ | ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢᠨ ᠠᠶᠤᠯ ᠲᠦᠭᠰᠢᠬᠦᠷᠢ ᠶᠢ ᠨᠠᠮᠳᠠᠭᠤᠯᠵᠣ ᠬᠢᠵᠠᠭᠠᠷᠯᠠᠬᠤ | ᠴᠢᠨᠠᠷᠲᠠᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠣ᠂ ᠡᠳ᠋ ᠤᠨ ᠵᠠᠰᠠᠭ ᠠᠴᠠ ᠲᠦᠷ ᠮᠦᠩᠭᠦ ᠲᠦᠯᠦᠵᠣ | ᠥᠷᠢ ᠥᠭᠴᠡᠭᠡ ᠶᠢ ᠠᠷᠢᠯᠭᠠᠬᠤ ᠶᠢ ᠡᠷᠡᠰ ᠵᠥᠪᠰᠢᠶᠡᠷᠡᠬᠦ ᠦᠭᠡᠢ᠃ ᠠᠷᠪᠢᠯᠠᠨ ᠭᠠᠮᠨᠠᠵᠣ ᠠᠮᠢᠳᠤᠷᠠᠬᠤ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠣᠷᠣᠯᠭ᠎ᠠ ᠪᠠᠷ ᠵᠠᠷᠤᠯᠭ᠎ᠠ ᠶᠢ ᠲᠣᠭᠳᠠᠭᠠᠬᠤ︾ ᠵᠠᠷᠴᠢᠮ ᠢ | ᠲᠤᠭᠤᠰᠢᠯᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠴᠢᠬᠤᠯᠠ ᠪᠤᠰᠤ ᠲᠦᠷᠦᠯ | ᠵᠦᠢᠯ ᠤᠨ ᠵᠠᠷᠤᠯᠭ᠎ᠠ ᠶᠢ ᠡᠷᠡᠰ ᠬᠦᠴᠦᠨ ᠦᠭᠡᠢ ᠪᠣᠯᠭᠠᠵᠤ᠂ ᠰᠢᠨ᠎ᠡ ᠪᠠᠷ ᠨᠡᠮᠡᠭᠳᠡᠭᠰᠡᠨ ᠲᠦᠷᠦᠯ ᠵᠦᠢᠯ ᠤᠨ | ᠵᠠᠷᠤᠯᠭ᠎ᠠ ᠶᠢ ᠴᠢᠩᠭ᠎ᠠ ᠡᠵᠡᠮᠳᠡᠵᠣ᠂ ᠵᠠᠷᠴᠢᠮ ᠳᠡᠭᠡᠷ᠎ᠡ ᠪᠠᠨ ᠰᠢᠨ᠎ᠡ ᠵᠠᠷᠤᠯᠭ᠎ᠠ ᠭᠠᠷᠭᠠᠬᠤ ᠦᠭᠡᠢ᠂ ᠨᠢᠭᠤᠭᠳᠠᠮᠠᠯ | ᠴᠢᠨᠠᠷᠲᠠᠶ ᠦᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠵᠥᠪᠰᠢᠶᠡᠷᠡᠬᠦ ᠦᠭᠡᠢ᠃ | ︵ᠬᠤᠶᠠᠷ︶ ᠠᠶᠣᠯ ᠲᠦᠭᠰᠢᠭᠦᠷᠢ ᠶᠢᠨ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠶᠣᠯᠬᠦᠢ | ᠦᠢᠯᠡᠳᠪᠦᠷᠢᠯᠡᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠠᠶᠣᠯ ᠲᠦᠭᠰᠢᠭᠦᠷᠢ ᠶᠢᠨ ᠴᠢᠭ᠋ ᠢ ᠪᠠᠶᠢᠴᠠᠭᠠᠬᠤ ᠪᠣᠯ ᠡᠯ᠎ᠡ ᠱᠠᠲᠤᠨ ᠤ ᠵᠠᠰᠠᠭ ᠤᠨ ᠣᠷᠳᠣᠨ ᠪᠠ | ᠤᠳᠤᠷᠢᠳᠬᠤ ᠺᠠᠳ᠋ᠷ ᠤᠨ ᠤᠯᠤᠰ ᠲᠦᠷᠦ ᠶᠢᠨ ᠲᠤᠰᠢᠶᠠᠯ ᠬᠠᠷᠢᠭᠤᠴᠠᠯᠭ᠎ᠠ ᠮᠥᠨ᠃ ᠠᠶᠤᠯ ᠲᠦᠭᠰᠢᠭᠦᠷᠢ | ᠥᠷᠢᠰᠥᠯᠳᠦᠭᠡᠨ ᠢ ᠨᠠᠮᠳᠠᠭᠤᠯᠬᠤ ᠭᠦᠨᠵᠡᠭᠡᠢ ᠰᠤᠷᠭᠠᠮᠵᠢ ᠶᠢ ᠨᠠᠷᠢᠨ ᠬᠢᠨᠠᠮᠠᠭᠠᠢ ᠬᠦᠯᠢᠶᠡᠨ ᠠᠪᠴᠣ᠂ ᠨᠢᠭᠡ ᠠᠴᠠ | ᠨᠦᠬᠦᠭᠡ ᠶᠢ ᠵᠦᠢᠴᠢᠯᠡᠨ ᠮᠡᠳᠡᠵᠦ᠂ ᠦᠵᠡᠯ ᠰᠠᠨᠠᠭ᠎ᠠ ᠲᠠᠨᠢᠯᠲᠠ᠂ ᠴᠢᠳᠠᠪᠤᠷᠢ ᠶᠢᠨ ᠬᠢᠷᠢ ᠲᠦᠪᠰᠢᠨ᠂ ᠪᠠᠶᠢᠭᠤᠯᠤᠯ | ᠲᠣᠭᠲᠠᠴᠠ ᠵᠡᠷᠭᠡ ᠲᠠᠯ᠎ᠠ ᠶᠢᠨ ᠲᠤᠪᠤᠶᠢᠮ᠎ᠠ ᠲᠣᠳᠠᠭᠳᠠᠯ ᠢ ᠬᠦᠴᠦᠯᠡᠨ ᠨᠥᠬᠦᠪᠥᠷᠢᠯᠡᠵᠦ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠠᠮᠤᠷ ᠲᠦᠪᠰᠢᠨ | ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠨ᠎ᠠ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠳᠤ ᠡᠷᠬᠡᠪᠰᠢ ᠰᠡᠷᠡᠮᠵᠢ ᠶᠢᠨ | ᠬᠤᠩᠬᠤ ᠶᠢ ᠪᠠᠶᠢᠩᠭᠤ ᠳᠤᠤᠭᠠᠷᠭᠠᠵᠤ᠂ ᠬᠡᠷᠡᠭ ᠭᠠᠷᠬᠤ ᠠᠴᠠ ᠡᠮᠦᠨ᠎ᠡ ᠴᠢᠩᠭ᠎ᠠ ᠰᠡᠷᠭᠡᠶᠢᠯᠡᠨ᠎ᠡ᠃ ᠨᠢᠭᠡ ᠳᠤ᠂ | ᠠᠶᠣᠯ ᠲᠦᠭᠰᠢᠭᠦᠷᠢ ᠶᠢᠨ ᠴᠢᠭ᠋ ᠢ ᠪᠠᠶᠢᠴᠠᠭᠠᠵᠤ ᠦᠨᠡᠯᠡᠯᠳᠡ ᠬᠢᠬᠦ ᠶᠢ ᠪᠠᠶᠢᠩᠬᠢᠵᠢᠭᠤᠯᠵᠣ ᠰᠠᠶᠢᠳᠣᠷ ᠠᠳᠬᠤᠨ᠎ᠠ᠃ | ᠨᠡᠭᠦᠷᠡᠰᠦᠨ ᠠᠭᠤᠷᠬᠠᠶ ᠪᠠ ᠨᠡᠭᠦᠷᠡᠰᠦᠨ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ ᠪᠠ | ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷ᠎ᠠ ᠳᠠᠬᠢ ᠠᠶᠤᠯ ᠲᠦᠭᠰᠢᠭᠦᠷᠢ ᠶᠢᠨ | ᠳᠠᠯᠳᠠ ᠭᠡᠮ ᠢ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠢᠯᠡᠷᠡᠭᠦᠯᠦᠭᠰᠡᠨ ᠠᠰᠠᠭᠤᠳᠠᠯ ᠳᠤ ᠲᠦᠷᠦᠯ ᠠᠩᠬᠢᠯᠠᠨ ᠳᠡᠰ ᠬᠤᠪᠢᠶᠠᠨ ᠦᠨᠡᠯᠡᠯᠳᠡ ᠬᠢᠬᠦ ᠶᠢ ᠬᠡᠷᠡᠭᠵᠢᠭᠦᠯᠵᠣ᠂ | ᠠᠶᠣᠯ ᠲᠦᠭᠰᠢᠭᠦᠷᠢ ᠶᠢᠨ ᠳᠡᠰ ᠢ ᠦᠨᠳᠦᠰᠦᠯᠡᠨ ᠲᠣᠬᠢᠷᠠᠮᠵᠢᠲᠠᠢ ᠡᠵᠡᠮᠳᠡᠨ ᠬᠤᠷᠢᠭᠯᠠᠬᠤ ᠠᠷᠭ᠎ᠠ ᠠᠪᠴᠠᠯ | ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠲᠣᠰ | ᠪᠡᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ | ᠤᠯᠠᠨ ᠲᠦᠷᠦᠯ ᠤᠨ ᠭᠠᠮᠰᠢᠭ ᠪᠠ ᠭᠠᠮᠰᠢᠭ ᠤᠨ ᠬᠡᠯᠬᠢᠶᠡᠵᠢᠯ ᠢ ᠶᠡᠷᠦᠩᠬᠡᠶᠢᠯᠡᠨ ᠪᠠᠶᠢᠴᠠᠭᠠᠨ ᠬᠡᠮᠵᠢᠬᠦ᠂ ᠠᠶᠣᠯ | ᠲᠦᠭᠰᠢᠭᠦᠷᠢ ᠶᠢ ᠡᠷᠲᠡ ᠠᠴᠠ ᠢᠯᠭᠠᠨ ᠲᠠᠨᠢᠬᠤ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠠᠰᠠᠭᠤᠳᠠᠯ ᠤᠨ ᠳᠠᠯᠳᠠ ᠭᠡᠮ ᠢ ᠡᠭᠦᠰᠬᠦ ᠠᠴᠠ ᠨᠢ ᠡᠮᠦᠨ᠎ᠡ ᠬᠤᠷᠢᠭᠯᠠᠬᠤ ᠶᠢ ᠦᠨᠡᠨᠬᠦ | ᠪᠠᠳᠣᠯᠠᠨ᠎ᠠ᠃ ᠬᠤᠶᠠᠷ ᠲᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠪᠣᠯᠤᠨ | ᠰᠢᠢᠳᠪᠦᠷᠢᠯᠡᠯᠳᠡ ᠶᠢ ᠴᠢᠩᠭᠠᠳᠬᠠᠨ᠎ᠠ᠃ ᠡᠯ᠎ᠡ ᠠᠵᠢᠯ ᠲᠥᠷᠥᠯ ᠤᠨ ᠬᠦᠷᠢᠶ᠎ᠡ ᠴᠠᠷ᠎ᠠ ᠳᠠᠬᠢ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠪᠥᠬᠦ ᠲᠠᠯ᠎ᠠ ᠪᠠᠷ ᠡᠮᠬᠢᠯᠡᠨ ᠲᠡᠭᠦᠯᠳᠡᠷᠵᠢᠭᠦᠯᠵᠦ᠂ ᠬᠠᠷᠢᠭᠤᠴᠠᠯᠭ᠎ᠠ | ᠲᠣᠳᠣᠷᠬᠠᠢ᠂ ᠪᠠᠷᠢᠮᠵᠢᠶ᠎ᠠ ᠲᠣᠳᠣᠷᠬᠠᠢ᠂ ᠴᠤᠪᠤᠷᠠᠯ ᠲᠣᠳᠣᠷᠬᠠᠢ ᠪᠠᠶᠢᠬᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠥᠷᠢᠮ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠣᠷᠣᠨ ᠪᠦᠰᠡ᠂ ᠠᠵᠢᠯ ᠲᠥᠷᠥᠯ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ | ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠪᠣᠯᠤᠨ ᠨᠡᠭᠦᠷᠡᠰᠦᠨ ᠪᠤᠰᠤ ᠠᠭᠤᠷᠬᠠᠢ ᠶᠢ ᠪᠥᠬᠦᠨ ᠢ ᠱᠠᠭᠠᠷᠳᠠᠯᠭ᠎ᠠ | ᠶᠣᠰᠣᠭᠠᠷ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠣᠷᠭᠠᠭᠰᠠᠨ ᠠᠪᠤᠷᠠᠨ ᠲᠤᠰᠠᠯᠠᠬᠤ ᠡᠩᠨᠡᠭᠡ ᠪᠠᠶᠢᠭᠤᠯᠵᠤ᠂ | ᠥᠨᠳᠥᠷ ᠦᠷ᠎ᠡ ᠪᠦᠲᠦᠮᠵᠢᠲᠡᠢ ᠰᠢᠨᠵᠢᠯᠡᠬᠦ ᠤᠬᠠᠭᠠᠨᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠬᠠᠤᠯᠢ ᠶᠣᠰᠣᠭᠠᠷ ᠬᠢᠨᠠᠨ ᠬᠠᠮᠢᠶᠠᠷᠬᠤ᠂ ᠤᠨᠢᠨ ᠳᠡᠭᠡᠷ᠎ᠡ ᠨᠢ | ᠵᠠᠰᠠᠬᠤ ᠶᠢ ᠴᠢᠩᠭᠠᠳᠬᠠᠨ᠎ᠠ᠃ ᠡᠯ᠎ᠡ ᠠᠵᠢᠯ ᠲᠥᠷᠥᠯ ᠤᠨ ᠠᠶᠣᠯᠬᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ | ᠪᠣᠯᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠡᠯ᠎ᠡ ᠱᠠᠲᠤ ᠲᠠᠪᠬᠤᠷᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠭᠤᠤᠯ ᠴᠣᠭᠴᠠ ᠶᠢᠨ ᠠᠶᠣᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠣᠨ᠎ᠠ᠃ ᠪᠥᠬᠦ ᠠᠶᠢᠮᠠᠭ ᠤᠨ ︽ ᠪᠠᠴᠢᠮ ᠪᠠᠶᠢᠳᠠᠯ ᠢ | ᠠᠷᠭᠠᠴᠠᠬᠤ ᠪᠠ ᠠᠶᠣᠯᠬᠦᠢ ᠦᠢᠯᠡᠳᠪᠦᠷᠢᠯᠡᠯ ᠤᠨ ᠣᠶᠤᠨᠴᠢ︾ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠲᠦᠭᠰᠢᠬᠦᠷᠢ ᠶᠢᠨ ᠡᠬᠢ ᠰᠤᠷᠪᠤᠯᠵᠢ ᠶᠢ | ᠪᠦᠬᠦᠨ ᠢ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ ᠳᠤ | ᠣᠷᠣᠭᠤᠯᠵᠤ᠂ ᠨᠡᠭᠦᠷᠡᠰᠦᠨ ᠪᠤᠰᠤ ᠠᠭᠤᠷᠬᠠᠶ ᠪᠦᠬᠦᠨ ᠳᠤ ᠠᠶᠤᠯ ᠲᠦᠭᠰᠢᠬᠦᠷᠢ ᠶᠢ ᠱᠠᠲᠤ ᠬᠤᠪᠢᠶᠠᠨ ᠬᠠᠮᠢᠶᠠᠷᠤᠨ | ᠡᠵᠡᠮᠳᠡᠬᠦ ᠪᠠ ᠳᠠᠯᠳᠠ ᠬᠡᠮ ᠢ ᠪᠠᠶᠢᠴᠠᠭᠠᠵᠤ ᠵᠠᠰᠠᠬᠤ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠵᠤ᠂ ᠣᠲᠣ | ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠠᠷᠢᠯᠢᠭ ᠣᠨᠣᠪᠴᠢᠲᠠᠢ ᠪᠠᠷ ᠬᠠᠮᠢᠶᠠᠷᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠦᠨ᠎ᠡ᠃ ᠡᠨᠡ ᠵᠢᠯ ᠪᠦᠷᠢᠨ ᠬᠦᠴᠦ ᠭᠠᠷᠭᠠᠵᠤ ᠪᠠᠶᠢᠭᠠᠳ ᠲᠣᠳᠠᠭᠳᠠᠯ ᠢᠶᠠᠨ ᠨᠥᠬᠦᠪᠥᠷᠢᠯᠡᠵᠦ᠂ ᠪᠠᠭᠤᠷᠠᠶ | ᠲᠠᠯ᠎ᠠ ᠪᠠᠨ ᠴᠢᠩᠭᠠᠷᠠᠭᠤᠯᠵᠣ᠂ ᠡᠮ ᠡᠮᠨᠡᠯᠭᠡ ᠡᠷᠡᠭᠦᠯ ᠬᠠᠮᠠᠭᠠᠯᠠᠯ ᠤᠨᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠭᠤᠷᠪᠠᠨ ᠵᠢᠯ ᠤᠨ ᠠᠵᠢᠯᠯᠠᠭ᠎ᠠ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠪᠠᠬᠢᠯᠡᠯᠳᠡ | ᠰᠢᠪᠳᠣᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠤᠭᠠᠨ᠎ᠠ ᠬᠢᠵᠢᠭ ᠵᠡᠷᠭᠡ ᠣᠷᠣᠨ | ᠨᠤᠲᠤᠭ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠰᠢᠰᠲ᠋ᠧᠮ ᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠬᠦᠮᠦᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ᠂ ᠠᠮᠢᠲᠠᠨ ᠤ ᠬᠢᠵᠢᠭ ᠤᠨ ᠪᠠᠶᠢᠳᠠᠯ ᠢ | ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠬᠥᠮᠦᠵᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭ᠊ | ᠠᠵᠢᠯᠯᠠᠭᠠᠨ ᠪᠠ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠤᠰᠠᠳᠬᠠᠬᠤ ︽ᠲᠠᠪᠤᠨ ᠪᠠᠶᠢᠩᠭᠤᠵᠢᠯᠲᠠ︾ ᠶᠢ | ᠪᠡᠶᠡᠯᠡᠭᠦᠯᠵᠦ᠂ ᠰᠡᠷᠭᠡᠶᠢᠯᠡᠨ ᠬᠤᠷᠢᠬᠯᠠᠬᠤ ᠲᠤᠰᠬᠠᠶ ᠡᠩᠨᠡᠭᠡ᠂ ᠡᠮᠨᠡᠯᠭᠡ ᠶᠢᠨ ᠠᠵᠢᠯᠲᠠᠨ ᠤ ᠣᠨᠣᠰᠢᠯᠠᠨ ᠡᠮᠨᠡᠬᠦ᠂ | ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ︽ | ᠲᠦᠷᠪᠡᠨ ᠴᠢᠳᠠᠪᠤᠷᠢ︾ ᠶᠢ ᠳᠡᠭᠡᠭᠰᠢᠯᠡᠬᠦᠯᠦᠨ᠎ᠡ᠃ ᠢᠯᠠᠩᠭᠤᠶ᠎ᠠ ᠴᠢᠳᠠᠪᠤᠷᠢᠲᠠᠨ ᠢ ᠣᠷᠢᠨ ᠬᠡᠷᠡᠭᠯᠡᠬᠦ᠂ ᠬᠥᠮᠦᠵᠢᠭᠦᠯᠦᠨ | ᠪᠣᠯᠪᠠᠰᠤᠷᠠᠭᠤᠯᠬᠤ᠂ ᠠᠵᠢᠯ ᠲᠦᠷᠦᠯ ᠢᠶᠠᠷ ᠳᠡᠳᠬᠦᠨ ᠳᠡᠮᠵᠢᠬᠦ᠂ ᠡᠮᠴᠢᠯᠡᠭᠡᠨ ᠤ ᠬᠤᠯᠪᠣᠭᠠᠲᠤ ᠴᠣᠭᠴᠠ ᠶᠢ | ᠪᠠᠶᠢᠭᠤᠯᠬᠤ ᠵᠡᠷᠭᠡ ᠠᠷᠭ᠎ᠠ ᠠᠪᠴᠠᠯ ᠢᠶᠠᠷ ᠲᠠᠮᠵᠢᠭᠤᠯᠣᠨ᠂ ᠰᠢᠯᠢᠳᠡᠭ ᠡᠮᠴᠢᠯᠡᠭᠡᠨ ᠤ ᠡᠬᠢ ᠰᠣᠷᠪᠣᠯᠵᠢ ᠶᠢ | ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠳᠣᠨ ᠤ ᠡᠮᠴᠢᠯᠡᠭᠡ ᠡᠷᠡᠭᠦᠯ ᠬᠠᠮᠠᠭᠠᠯᠠᠯ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠬᠤᠷᠢᠭᠯᠠᠬᠤ ᠪᠠ ᠢᠳᠡᠭᠡᠨᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠪᠤᠶᠢᠮ᠎ᠠ ᠲᠣᠳᠠᠭᠳᠠᠯ ᠢ ᠨᠥᠬᠦᠪᠥᠷᠢᠯᠡᠵᠦ᠂ ᠠᠷᠠᠳ ᠲᠦᠮᠡᠨ ᠤ ᠠᠮᠢ ᠨᠠᠰᠤ ᠡᠷᠡᠭᠦᠯ | ᠮᠡᠨᠳᠦ ᠶᠢᠨ ᠠᠮᠤᠷ ᠲᠦᠪᠰᠢᠨ ᠢ ᠪᠠᠲᠤᠯᠠᠬᠤ ︽ᠨᠢᠭᠡᠳᠦᠭᠡᠷ ᠰᠡᠷᠭᠡᠶᠢᠯᠡᠯᠳᠡ ᠶᠢᠨ ᠱᠤᠭᠤᠮ︾ ᠢ ᠪᠠᠲᠤ ᠴᠣᠭᠴᠠᠯᠠᠨ᠎ᠠ᠃ | ᠡᠨᠡ ᠬᠦ ᠰᠠᠭᠤᠷᠢᠨ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠴᠥᠮ ᠠᠶᠣᠯ ᠲᠦᠭᠰᠢᠭᠦᠷᠢ ᠶᠢᠨ | ᠴᠢᠭ᠋ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠶᠢᠨ ᠠᠵᠢᠯ ᠤᠨ ᠢᠶᠠᠨ ᠭᠤᠣᠯ ᠪᠠᠶᠢᠷᠢᠨ ᠳᠤ | ᠲᠠᠯᠪᠢᠵᠣ᠂ ᠬᠡᠪ ᠤᠨ ᠠᠵᠢᠯ ᠪᠣᠯᠭᠠᠨ ᠠᠳᠬᠤᠵᠤ᠂ ᠠᠵᠢᠯ ᠲᠦᠷᠦᠯ ᠨᠢᠭᠡᠪᠦᠷᠢ᠂ ᠰᠠᠯᠠᠭ᠎ᠠ ᠮᠥᠴᠢᠷ ᠨᠢᠭᠡᠪᠦᠷᠢ᠂ | ᠴᠠᠭ ᠬᠤᠭᠤᠴᠠᠭ᠎ᠠ ᠨᠢᠭᠡᠪᠦᠷᠢ ᠶᠢᠨ ᠠᠶᠤᠯ ᠲᠦᠭᠰᠢᠭᠦᠷᠢ ᠶᠢᠨ ᠴᠢᠭ᠋ ᠢ ᠴᠥᠮ ᠲᠣᠪ ᠲᠣᠳᠣᠷᠬᠠᠢ ᠣᠶᠢᠯᠠᠭᠠᠵᠤ᠂ | ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠱᠠᠭᠠᠷᠳᠠᠯᠭ᠎ᠠ ᠶᠢ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ | ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠳᠤ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ᠂ | ᠰᠡᠷᠭᠡᠶᠢᠯᠡᠨ ᠬᠤᠷᠢᠭᠯᠠᠬᠤ᠂ ᠢᠯᠡᠷᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠶᠤᠯ | ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠬᠤᠷᠢᠭᠯᠠᠬᠤ ᠤᠷᠳᠤ ᠬᠤᠭᠤᠴᠠᠭᠠᠨ ᠤ ᠦᠷ᠎ᠡ ᠪᠦᠲᠦᠮᠵᠢᠳᠣ | ᠲᠣᠭᠲᠠᠴᠠ ᠶᠢ ᠪᠠᠶᠢᠭᠤᠯᠣᠨ᠎ᠠ᠃ | ︵ᠭᠤᠷᠪᠠ︶ ᠨᠠᠷᠢᠯᠢᠭ ᠣᠨᠣᠪᠴᠢᠲᠠᠢ ᠪᠠᠷ ᠬᠦᠴᠦ ᠲᠠᠯᠪᠢᠨ ᠭᠤᠤᠯᠳᠠᠯᠭ᠎ᠠ ᠶᠢ ᠠᠳᠬᠤᠨ ᠵᠠᠩᠭᠢᠯᠠᠭ᠎ᠠ ᠶᠢ | ᠠᠳᠬᠤᠵᠤ᠂ ᠠᠵᠤ ᠠᠬᠤᠶ ᠶᠢᠨ ᠠᠵᠢᠯᠯᠠᠯᠳᠠ ᠶᠢ ᠪᠦᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠨ᠎ᠠ᠃ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠢᠩᠭᠠᠳᠬᠠᠬᠤ ᠳᠠᠭᠠᠨ᠂ ᠡᠨᠡ ᠵᠢᠯ ᠤᠨ | ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠎ᠠ᠃ | ᠮᠠᠨ ᠤ ᠠᠶᠢᠮᠠᠭ ᠲᠤ ᠠᠪᠴᠤ ᠬᠡᠯᠡᠪᠡᠯ᠂ ᠡᠷᠬᠡᠪᠰᠢ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢ ᠠᠩᠬᠠᠷᠴᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠳᠠᠯᠳᠠ ᠬᠦᠴᠦᠨ ᠢ ᠠᠭᠤᠳᠠᠯᠵᠤ᠂ ᠨᠡᠮᠡᠭᠳᠡᠯ ᠤᠨ ᠴᠡᠭ ᠢ | ᠭᠦᠮᠦᠵᠢᠭᠦᠯᠵᠣ᠂ ᠠᠵᠤ ᠠᠬᠤᠶ ᠶᠢᠨ ᠠᠵᠢᠯᠯᠠᠯᠳᠠ ᠶᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠦᠨᠡᠨᠬᠦ | ᠪᠠᠳᠣᠯᠠᠬᠤ ᠶᠠᠪᠣᠳᠠᠺ ᠪᠣᠯᠣᠨ᠎ᠠ ᠃ | ᠨᠢᠭᠡ ᠳᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠲᠣᠭᠲᠠᠭᠤᠨ ᠠᠵᠢᠯᠯᠠᠯᠳᠠ ᠶᠢ | ᠪᠠᠳᠣᠯᠠᠨ᠎ᠠ᠃ ᠨᠡᠭᠦᠷᠡᠰᠦᠨ ᠤ ᠲᠠᠯ᠎ᠠ ᠪᠠᠷ᠂ ᠮᠠᠨ ᠤ ᠠᠶᠢᠮᠠᠭ ᠢ ᠬᠠᠩᠭᠠᠯᠭ᠎ᠠ ᠶᠢ ᠪᠠᠲᠤᠯᠠᠬᠤ ᠲᠥᠷᠥᠯ ᠤᠨ ᠨᠡᠭᠦᠷᠡᠰᠦᠨ | ᠠᠭᠤᠷᠬᠠᠢ ᠶᠢᠨ ᠭᠠᠷᠳᠠᠮ ᠢ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠪᠤᠯᠭᠠᠭᠰᠠᠨ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠪᠠᠶᠠᠨᠬᠤᠸᠠ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠣᠯᠤᠨ ᠵᠡᠭᠦᠨ ᠰᠥᠨᠢᠳ ᠬᠤᠰᠢᠭᠤᠨ ᠤ ᠮᠠᠩᠯᠠᠢ ᠵᠡᠷᠭᠡ ᠭᠤᠣᠯᠳᠠᠯᠭ᠎ᠠ ᠲᠠᠢ | ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ | ᠪᠠᠶᠠᠨᠬᠤᠸᠠ ᠭᠤᠷᠪᠠᠳᠤᠭᠠᠷ᠂ ᠢᠯᠠᠯᠳᠠ ᠪᠠᠷᠠᠭᠤᠨ ᠨᠢᠭᠡᠳᠦᠭᠡᠷ ᠠᠭᠤᠷᠬᠠᠢ ᠶᠢᠨ ᠭᠠᠷᠤᠯᠲᠠ ᠶᠢ ᠨᠡᠮᠡᠭᠳᠡᠭᠦᠯᠵᠦ᠂ | ᠵᠢᠷ ᠤᠨ ᠭᠤᠣᠯ ᠬᠤᠶᠠᠳᠤᠭᠠᠷ ᠠᠭᠤᠷᠬᠠᠢ ᠶᠢᠨ ᠡᠷᠲᠡᠬᠡᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠪᠦᠬᠦ | ᠵᠢᠯ ᠤᠨ ᠨᠡᠭᠦᠷᠡᠰᠦᠨ ᠤ ᠭᠠᠷᠤᠯᠲᠠ 1.1 ᠳ᠋ᠦᠩᠰᠢᠭᠤᠷ ᠲᠣᠨ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠠᠶᠢᠮᠠᠭ ᠤᠨ | ᠳᠣᠲᠣᠷᠠᠬᠢ ᠴᠠᠬᠢᠯᠭᠠᠨ ᠬᠦᠴᠦ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ | ᠬᠡᠷᠡᠭᠴᠡᠭᠡ ᠶᠢ ᠪᠠᠲᠤᠯᠠᠵᠤ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠪᠠ ᠨᠡᠭᠦᠷᠡᠰᠦ ᠬᠡᠷᠡᠭᠯᠡᠬᠦ ᠠᠵᠤ | ᠠᠬᠤᠶᠢᠯᠠᠯ ᠤᠨ ᠬᠠᠮᠤᠭ ᠳᠠᠭᠠᠭᠠᠴᠨ ᠪᠠᠷ ᠢᠶᠠᠨ ᠦᠢᠯᠡᠳᠪᠦᠷᠢᠯᠡᠬᠦ ᠶᠢ ᠪᠠᠲᠤᠯᠠᠨ᠎ᠠ᠃ ᠢᠯᠴᠢ ᠶᠢᠨ ᠴᠠᠬᠢᠯᠭᠠᠨ ᠤ | ᠲᠠᠯ᠎ᠠ ᠪᠠᠷ᠂ ᠴᠠᠭᠠᠨᠨᠠᠭᠤᠷ ᠴᠠᠬᠢᠯᠭᠠᠨ ᠤ ᠦᠶᠯᠡᠳᠪᠦᠷᠢ ᠶᠢᠨ ᠪᠣᠳᠠᠲᠠᠢ ᠪᠠᠷ ᠠᠵᠢᠯ ᠡᠬᠢᠯᠡᠭᠦᠯᠬᠦ ᠶᠢ ᠲᠦᠷᠭᠡᠳᠬᠡᠨ | ᠠᠬᠢᠭᠤᠯᠵᠤ᠂ ᠳ᠋ᠠ ᠳᠠᠩ᠂ ᠪᠸᠢ ᠹᠠᠩ ᠵᠡᠷᠭᠡ ᠴᠠᠬᠢᠯᠭᠠᠨ ᠤ ᠦᠶ᠋ᠯᠡᠳᠪᠦᠷᠢ ᠶᠢᠨ ︽ᠬᠤᠣᠰ ᠣᠷᠣᠭᠤᠯᠤᠯᠲᠠ︾ ᠶᠢ | ᠪᠡᠶᠡᠯᠡᠭᠦᠯᠵᠦ᠂ ᠪᠦᠬᠦ ᠵᠢᠯ ᠳᠤ 330 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ | ᠶᠢ ᠰᠢᠨ᠎ᠡ ᠪᠠᠷ ᠨᠡᠮᠡᠭᠳᠡᠭᠦᠯᠦᠨ᠎ᠡ︔ ᠰᠢᠯᠢ ᠶᠢᠨ ᠭᠤᠤᠯ ᠠᠴᠠ ᠵᠢᠶᠠᠩᠰᠦ ᠳᠤ ᠬᠦᠷᠬᠦ ᠣᠨᠴᠠ ᠥᠨᠳᠥᠷ | ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠢᠵᠢ ᠪᠥᠷᠢᠳᠥᠭᠰᠡᠨ ᠴᠠᠬᠢᠯᠭᠠᠨᠭᠠᠷᠭᠠᠬᠤ ᠴᠡᠭ ᠢ 1 ᠠᠴᠠ | ᠳᠡᠭᠡᠭᠰᠢ ᠠᠵᠢᠯ ᠡᠬᠢᠯᠡᠭᠦᠯᠬᠦ ᠪᠠᠷ ᠴᠢᠷᠮᠠᠶᠢᠨ᠎ᠠ︔ ᠠᠶᠢᠮᠠᠭ ᠤᠨ ᠳᠣᠲᠣᠷᠠᠬᠢ ᠥᠪᠡᠷᠳᠡᠬᠡᠨ ᠬᠡᠷᠡᠭᠯᠡᠬᠦ ᠢᠯᠴᠢ ᠶᠢᠨ | ᠴᠠᠬᠢᠯᠭᠠᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃ ᠰᠢᠨ᠎ᠡ | ᠡᠨᠧᠷᠭᠢ ᠶᠢᠨ ᠰᠤᠷᠪᠤᠯᠵᠢ ᠶᠢᠨ ᠲᠠᠯ᠎ᠠ ᠪᠠᠷ᠂ 700 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ ᠵᠢᠴᠢ ᠭᠠᠳᠠᠭᠰᠢ ᠬᠦᠷᠭᠡᠬᠦ ᠢᠨᠵᠧᠨᠧᠷᠢᠩ ᠢ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ | ᠣᠷᠣᠭᠤᠯᠵᠤ᠂ ᠱᠠᠩᠳᠤ ᠴᠠᠬᠢᠯᠭᠠᠨ ᠦᠶᠯᠡᠳᠪᠦᠷᠢ ᠶᠢᠨ ᠵᠠᠭᠤᠨ ᠲᠦᠮᠡᠨ ᠰᠠᠯᠬᠢᠨ ᠬᠦᠴᠦᠨ ᠤ ᠲᠠᠯᠠᠪᠠᠢ ᠶᠢᠨ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠪᠠᠷᠠᠭᠤᠨ ᠬᠡᠰᠡᠭ ᠤᠨ ᠡᠯᠡᠰᠥᠷᠭᠡᠭ | ᠭᠠᠵᠠᠷ ᠣᠷᠣᠨ ᠤ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ | ᠬᠢᠭᠡᠳ ᠠᠮᠢ ᠠᠬᠤᠢ ᠶᠢᠨ ᠰᠡᠷᠭᠦᠭᠡᠯᠲᠡ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠤᠨ᠎ᠠ᠃ ᠠᠭᠤᠷᠬᠠᠢ ᠶᠢᠨ ᠦᠢᠯᠡᠰ | ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ ᠳᠤ᠂ ᠶᠢᠨ ᠮᠠᠨ ᠠᠭᠤᠷᠬᠠᠢ ᠶᠢᠨ ᠦᠢᠯᠡᠰ ᠤᠨ ᠠᠶᠤᠯᠭᠦᠢ | ᠦᠢᠯᠡᠳᠪᠦᠷᠢᠯᠡᠯ ᠤᠨ ᠵᠠᠰᠠᠨ ᠴᠡᠭᠴᠡᠯᠡᠯᠲᠡ ᠶᠢ ᠱᠠᠯᠠᠪᠳᠠᠭᠤᠯᠵᠤ᠂ ᠨᠢᠬᠡᠳᠥᠬᠡᠷ ᠤᠯᠠᠷᠢᠯ ᠳᠤ ᠠᠵᠢᠯ ᠢᠶᠠᠨ | ᠡᠬᠢᠯᠡᠬᠦᠯᠬᠦ ᠪᠡᠯᠡᠳᠬᠡᠯ ᠢ ᠰᠠᠶᠢᠲᠤᠷ ᠬᠢᠨ᠎ᠡ᠃ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠠᠵᠤ | ᠠᠬᠤᠢᠯᠠᠯ ᠢ ᠰᠢᠯᠭᠠᠨ ᠳ᠋ᠥᠩᠨᠡᠬᠦ ᠠᠵᠢᠯ ᠢ ᠱᠠᠯᠠᠪᠳᠠᠨ ᠵᠣᠬᠢᠶᠠᠨ ᠪᠠᠢᠭᠤᠯᠬᠤ ᠬᠡᠷᠡᠭᠲᠡᠶ︔ ᠲᠠᠷᠠᠬᠠᠶ ᠪᠤᠲᠠᠷᠬᠠᠶ ᠵᠢᠵᠢᠭ | ᠠᠭᠤᠷᠬᠠᠢ ᠶᠢᠨ ᠠᠵᠤ ᠠᠬᠤᠶᠢᠯᠠᠯ ᠢ ᠪᠤᠯ ᠠᠭᠤᠷᠬᠠᠢ ᠶᠢᠨ ᠦᠢᠯᠡᠰ ᠤᠨ ᠡᠷᠬᠡ ᠶᠢᠨ ᠬᠤᠭᠤᠴᠠᠭ᠎ᠠ ᠨᠢ ᠲᠤᠯᠤᠭᠰᠠᠨ | ᠪᠤᠯ ᠵᠠᠷᠴᠢᠮ ᠳᠡᠭᠡᠷ᠎ᠡ ᠪᠠᠨ ᠲᠠᠬᠢᠵᠤ ᠦᠷᠭᠦᠯᠵᠢᠯᠡᠭᠦᠯᠬᠦ ᠦᠭᠡᠢ︔ ᠳᠣᠤᠷ᠎ᠠ ᠲᠡᠰ ᠤᠨ ᠪᠦᠳᠦᠭᠦᠯᠢᠭ ᠠᠵᠤ | ᠠᠬᠤᠶᠢᠯᠠᠯ ᠢ ᠪᠤᠯ ᠠᠯᠬᠤᠮ ᠠᠯᠬᠤᠮ ᠢᠶᠠᠷ ᠰᠢᠭ᠍ᠰᠢᠵᠤ ᠭᠠᠷᠭᠠᠬᠤ ᠬᠡᠷᠡᠭᠲᠡᠶ᠃ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠲᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠡᠨᠧᠷᠭᠢ ᠶᠢᠨ ᠲᠥᠷᠥᠯ ᠵᠦᠢᠯ ᠢ | ᠲᠥᠪᠯᠡᠷᠡᠭᠦᠯᠦᠨ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠠᠰᠢᠭᠲᠠᠢ ᠲᠣᠬᠢᠶᠠᠯ ᠢ ᠴᠢᠩᠭ᠎ᠠ | ᠠᠳᠬᠤᠵᠤ᠂ ᠣᠯᠠᠨ ᠲᠠᠯ᠎ᠠ ᠠᠴᠠ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢ ᠬᠥᠴᠥᠯᠡᠨ ᠣᠯᠵᠤ᠂ ᠦᠢᠯᠡᠳᠪᠦᠷᠢᠯᠡᠬᠦ | ᠲᠥᠯᠥᠪᠯᠡᠭᠡ ᠶᠢ ᠵᠣᠬᠢᠴᠠᠭᠤᠯᠤᠨ ᠨᠠᠢᠳᠠᠪᠤᠷᠢᠵᠢᠭᠤᠯᠵᠤ᠂ ᠦᠢᠯᠡᠳᠪᠦᠷᠢᠯᠡᠯ ᠢ ᠭᠦᠢᠴᠡᠳ ᠡᠬᠢᠯᠡᠭᠦᠯᠦᠨ᠎ᠡ᠃ | ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠶᠯᠡᠰ ᠲᠤ ᠂ ︽ | ᠰᠢᠯᠢᠳᠡᠭ ᠢ ᠨᠢ ᠲᠡᠳᠬᠦᠵᠦ ᠂ ᠰᠢᠭᠠᠷᠤ ᠶᠢ ᠨᠢ ᠰᠢᠭᠰᠢᠬᠦ︾ ᠶᠢ ᠪᠠᠷᠢᠮᠲᠠᠯᠠᠨ᠂ ᠣᠷᠴᠢᠨ ᠲᠣᠭᠤᠷᠢᠨ ᠤ ᠬᠠᠮᠠᠭᠠᠯᠠᠯᠲᠠ | ᠂ ᠠᠮᠤᠷ ᠲᠦᠪᠰᠢᠨ ᠤ ᠪᠠᠷᠢᠮᠵᠢᠶ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠳᠣᠣᠷ᠎ᠠ ᠲᠡᠰ ᠤᠨ ᠤᠶᠢᠯᠡᠳᠪᠦᠷᠢᠯᠡᠭᠦ | ᠴᠢᠳᠠᠪᠤᠷᠢ ᠬᠤᠴᠣᠷᠤᠩᠭᠤᠢ ᠶᠢ ᠨᠢ ᠰᠢᠬᠠᠮᠳᠡᠭᠤᠯᠤᠨ ᠴᠡᠪᠡᠷᠯᠡᠨ ᠭᠠᠷᠭᠠᠵᠤ᠂ ᠠᠵᠤ ᠦᠢᠯᠡᠰ ᠤᠨ ᠬᠡᠯᠬᠢᠶᠡᠰᠤ ᠶᠢᠨ | ᠲᠠᠯ᠎ᠠ ᠪᠠᠷ ᠳᠠᠬᠢᠨ ᠠᠵᠢᠯ ᠬᠤᠪᠢᠶᠠᠷᠢᠯᠠᠨ᠎ᠠ᠃ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ ᠠᠷᠭ᠎ᠠ ᠬᠡᠮᠵᠢᠶ᠎ᠡ | ᠪᠣᠯᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ | ᠠᠪᠴᠤ᠂ ᠠᠵᠢᠯ ᠲᠥᠷᠥᠯ ᠢ ᠳᠠᠬᠢᠨ ᠵᠣᠬᠢᠶᠠᠨ ᠪᠠᠶᠢᠭᠤᠯᠬᠤ᠂ ᠬᠡᠯᠬᠢᠶᠡᠰᠤ ᠶᠢ ᠳᠠᠬᠢᠨ ᠪᠠᠶᠢᠭᠤᠯᠬᠤ ᠶᠢ ᠲᠦᠯᠬᠢᠨ | ᠠᠬᠢᠭᠤᠯᠵᠤ᠂ ᠨᠠᠷᠢᠯᠢᠭ ᠭᠦᠨᠵᠡᠭᠡᠶ ᠡᠳ᠋ᠰᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠥᠲᠥᠬᠡᠭᠳᠡᠬᠦᠨ ᠤ ᠨᠡᠮᠡᠯᠳᠡ ᠥᠷᠳᠡᠭ ᠢ | ᠳᠡᠭᠡᠭᠰᠢᠯᠡᠭᠦᠯᠬᠦ ᠬᠡᠷᠡᠭᠲᠡᠶ᠃ | ᠬᠤᠶᠡᠷ ᠲᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠥᠢᠯ ᠢ ᠠᠳᠬᠤᠵᠤ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠲᠥᠷᠥᠯ | ᠵᠦᠢᠯ ᠢ ᠠᠳᠬᠤᠨ᠎ᠠ᠃ ᠬᠤᠶᠢᠰᠢᠳᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠥᠢᠯᠡᠰ ᠤᠨ ᠭᠤᠤᠯ | ᠪᠡᠯᠡ ᠮᠥᠩᠭᠦ ᠶᠢᠨ ᠢᠷᠡᠯᠲᠡ ᠪᠣᠯ ᠳᠠᠷᠤᠶ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠣᠯᠤᠨ᠎ᠠ᠃ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠡᠪᠴᠢᠶ᠎ᠡ᠂ ᠭᠤᠤᠯᠳᠠᠯᠭ᠎ᠠ ᠲᠠᠢ | ᠣᠷᠣᠭᠤᠯᠤᠯᠲᠠ ᠶᠢᠨ ᠬᠠᠨᠳᠤᠰᠢ ᠪᠠ ᠲᠥᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ | ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ 7 ᠶᠡᠭᠡ ᠬᠦᠷᠢᠶ᠎ᠡ ᠴᠠᠷᠠᠭ᠎ᠠ ᠳᠤ ᠨᠡᠶᠢᠴᠡᠬᠦ ᠨᠢᠭᠡ | ᠪᠦᠯᠦᠭ ᠭᠤᠤᠯᠳᠠᠯᠭ᠎ᠠ ᠲᠠᠢ ᠲᠥᠷᠥᠯ ᠵᠥᠢᠯ ᠢ ᠨᠠᠷᠢᠨ ᠬᠢᠨᠠᠮᠠᠭᠠᠶ ᠲᠥᠰᠦᠪᠯᠡᠨ ᠨᠥᠭᠡᠴᠡᠯᠡᠵᠦ᠂ ᠲᠥᠷᠥᠯ ᠵᠥᠢᠯ ᠢ | ᠭᠤᠶᠤᠴᠢᠯᠡᠨ ᠮᠡᠳᠡᠬᠦᠯᠬᠦ 5 ᠴᠢᠬᠤᠯᠠ ᠨᠥᠬᠦᠴᠡᠯ ᠢ ᠪᠤᠳᠠᠳᠠᠶᠢᠵᠢᠭᠤᠯᠵᠤ᠂ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ ᠡᠮᠬᠢ ᠵᠢᠷᠤᠮ ᠲᠠᠢ ᠪᠦᠲᠦᠮᠵᠢᠲᠡᠶ ᠬᠥᠴᠥᠯᠡᠨ ᠣᠯᠬᠤ ᠬᠡᠷᠡᠭᠲᠡᠶ᠃ ᠥᠩᠭᠡᠷᠡᠭᠰᠡᠨ | ᠤ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠯᠡᠯᠳᠡ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭᠰᠠᠨ | ᠠᠰᠠᠭᠤᠳᠠᠯ ᠳᠤ ᠴᠢᠭᠯᠡᠭᠦᠯᠦᠨ᠂ ᠮᠠᠨ ᠤ ᠠᠶᠢᠮᠠᠭ ᠤᠨ ︽ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ | ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠪᠥᠬᠦ | ᠲᠠᠯ᠎ᠠ ᠪᠠᠷ ᠨᠡᠶᠢᠳᠠᠪᠦᠷᠢᠵᠢᠭᠤᠯᠵᠤ᠂ ᠴᠠᠭ ᠤᠨ ᠬᠢᠵᠠᠭᠠᠷ᠂ ᠬᠡᠷᠡᠭᠴᠡᠭᠡ ᠶᠣᠰᠣᠭᠠᠷ ᠵᠠᠷᠤᠯᠭ᠎ᠠ ᠶᠢ ᠳᠦᠷᠢᠮᠵᠢᠭᠦᠯᠵᠤ᠂ | ᠡᠵᠡᠯᠡᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ᠂ ᠰᠢᠯᠵᠢᠬᠦᠯᠥᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ | ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠪᠠᠶᠢᠪᠠᠰᠤ ᠵᠣᠬᠢᠬᠤ ᠦᠷ᠎ᠡ ᠠᠰᠢᠭ ᠢᠶᠠᠨ ᠪᠠᠳᠠᠷᠠᠭᠤᠯᠬᠤ ᠶᠢ | ᠦᠨᠡᠨᠬᠦ ᠪᠠᠲᠤᠯᠠᠨ᠎ᠠ᠃ | ᠰᠢᠨ᠎ᠡ ᠪᠠᠷ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ | ᠡᠨᠡ ᠵᠢᠯ ᠠᠶᠢᠮᠠᠭ ᠤᠨ ᠲᠡᠰ ᠤᠨ 130 ᠭᠤᠤᠯᠳᠠᠯᠭ᠎ᠠ ᠲᠠᠢ ᠲᠥᠷᠥᠯ ᠵᠤᠶᠢᠯ ᠢ ᠠᠩᠬ᠎ᠠ ᠠᠯᠬᠤᠮ | ᠳᠤᠭᠳᠠᠭᠠᠵᠤ᠂ ᠮᠠᠨ ᠤ ᠠᠶᠢᠮᠠᠭ ᠤᠨ ︽ᠭᠤᠤᠯᠳᠠᠯᠭ᠎ᠠ ᠲᠠᠢ ᠲᠥᠷᠥᠯ ᠵᠥᠢᠯ ᠤᠨ ᠬᠠᠮᠢᠶᠠᠷᠤᠯᠲᠠ ᠶᠢᠨ ᠠᠷᠭ᠎ᠠ︾ | ᠶᠣᠰᠣᠭᠠᠷ ᠨᠠᠷᠢᠨ ᠬᠢᠨᠠᠮᠠᠭᠠᠶ ᠡᠮᠬᠢᠯᠡᠨ ᠲᠢᠭᠯᠡᠵᠦ᠂ ᠲᠥᠷᠥᠯ ᠵᠥᠢᠯ ᠨᠢᠭᠡᠪᠦᠷᠢ ᠶᠢ ᠴᠥᠮ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠭᠦᠯᠬᠦ ᠶᠢ ᠦᠨᠡᠨ ᠬᠦ | ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠬᠠᠤᠯᠢ ᠲᠣᠭᠲᠠᠭᠠᠯ ᠶᠣᠰᠣᠭᠠᠷ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠨᠡ ᠵᠢᠯ ᠤᠨ ᠲᠥᠯᠥᠪᠯᠡᠭᠡ ᠳᠤ | ᠣᠷᠣᠭᠤᠯᠤᠭᠰᠠᠨ ᠲᠥᠷᠥᠯ ᠵᠤᠶᠢᠯ ᠢ ᠪᠣᠯ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠷᠳᠠᠮ ᠢ ᠪᠦᠷᠢᠨ | ᠪᠣᠯᠭᠠᠨ᠂ ᠪᠡᠯᠡ ᠮᠥᠩᠭᠦ ᠶᠢ ᠨᠠᠢᠳᠠᠪᠤᠷᠢᠵᠢᠭᠤᠯᠵᠤ᠂ ᠪᠠᠷᠢᠯᠭ᠎ᠠ ᠡᠬᠢᠯᠡᠬᠦᠯᠬᠦ ᠬᠠᠮᠤᠭ ᠤᠨ ᠳᠤᠬᠢᠷᠠᠮᠵᠢᠳᠡᠢ | ᠬᠤᠭᠤᠴᠠᠭ᠎ᠠ ᠶᠢ ᠪᠦᠲᠦᠮᠵᠢᠲᠡᠶ ᠰᠠᠶᠢᠲᠤᠷ ᠠᠰᠢᠭᠯᠠᠬᠤ ᠬᠡᠷᠡᠭᠲᠡᠶ᠃ ᠬᠥᠩᠭᠡᠨ ᠴᠠᠭᠠᠨ ᠤ ᠨᠠᠷᠢᠯᠢᠭ ᠬᠠᠪᠲᠠᠰᠤ᠂ | ᠬᠢᠮᠡᠯ ᠠᠯᠮᠠᠰ ᠴᠢᠯᠠᠭᠤ᠂ ᠪᠠᠯ ᠴᠢᠯᠠᠭᠤᠨ ᠴᠠᠬᠢᠯᠭᠠᠨ ᠲᠥᠢᠯ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠵᠤ᠂ ᠲᠠᠶᠢᠹᠤᠰᠧ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ᠂ ᠰᠢᠯᠤᠭᠤᠨ ᠴᠠᠭᠠᠨ | ᠬᠤᠰᠢᠭᠤᠨ ᠤ ᠰᠢᠨ᠎ᠡ ᠮᠠᠲ᠋ᠧᠷᠢᠶᠠᠯ᠂ ᠰᠥᠨᠢᠳ ᠪᠠᠷᠠᠭᠤᠨ ᠬᠤᠰᠢᠭᠤᠨ ᠤ ᠬᠠᠶᠢᠯᠤᠰᠢ ᠶᠢᠨ ᠮᠠᠲ᠋ᠧᠷᠢᠶᠠᠯ᠂ | ᠪᠠᠶᠠᠨᠬᠤᠸᠠ ᠬᠥᠩᠭᠡᠨ ᠴᠠᠭᠠᠨ ᠢ ᠪᠣᠯᠪᠠᠰᠤᠷᠠᠭᠤᠯᠬᠤ ᠵᠡᠷᠭᠡ ᠳᠥᠷᠪᠡᠨ ᠵᠠᠭᠤᠨ ᠳ᠋ᠦᠩᠰᠢᠭᠤᠷ ᠲᠥᠭᠦᠷᠢᠭ ᠤᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠰᠠᠶᠢᠲᠤᠷ ᠴᠣᠭᠴᠠᠯᠠᠨ᠎ᠠ᠃ ᠵᠡᠭᠦᠨ ᠦᠵᠦᠮᠦᠴᠢᠨ ᠬᠤᠰᠢᠭᠤᠨ ᠤ ᠬᠦᠷᠡᠩ | ᠨᠡᠭᠦᠷᠡᠰᠦᠨ ᠤ ᠭᠠᠵᠠᠷ ᠳᠣᠣᠷᠠᠬᠢ ᠬᠡᠢ ᠪᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠢ ᠲᠤᠷᠰᠢᠨ | ᠦᠢᠯᠡᠳᠪᠦᠷᠢᠯᠡᠬᠦ᠂ ᠰᠢᠯᠢ ᠶᠢᠨ ᠬᠤᠳᠠ ᠶᠢᠨ ᠬᠦᠷᠡᠩ ᠨᠡᠭᠦᠷᠡᠰᠦ ᠪᠠᠷ ᠢᠯᠵᠢᠮᠡᠭ ᠬᠦᠴᠢᠯ ᠭᠠᠷᠭᠠᠨ ᠠᠪᠬᠤ ᠵᠢᠱᠢᠶ᠎ᠡ | ᠦᠵᠡᠭᠦᠯᠬᠦ ᠲᠥᠷᠥᠯ ᠵᠦᠢᠯ ᠢ ᠪᠣᠳᠠᠲᠠᠢ ᠭᠠᠵᠠᠷ ᠲᠤᠨᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠠᠷᠠᠭᠤᠨ | ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠤ ᠠᠵᠤ ᠦᠶᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠶᠢ ᠳᠠᠮᠵᠢᠵᠤ᠂ ᠡᠷᠢᠶᠡᠨ ᠬᠤᠲᠠ᠂ ᠲᠤᠯᠤᠨ ᠨᠤᠤᠷ ᠰᠢᠶᠠᠨ ᠤ ᠡᠭᠦᠯᠡᠨ ᠪᠣᠳᠣᠯᠲᠠ ᠶᠢᠨ ᠲᠣᠮᠣ | ᠳ᠋ᠠᠶᠢᠲ᠋ᠠ ᠶᠢᠨ ᠲᠥᠪ ᠵᠢᠴᠢ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ ᠲᠡᠷᠢᠭᠦᠨ ᠤ ᠭᠠᠵᠠᠷ | ᠣᠷᠣᠨ ᠤ ᠲᠤᠷᠰᠢᠯᠭ᠎ᠠ ᠶᠢ ᠲᠤᠯᠢᠳᠠᠵᠤ᠂ ︽ ᠲᠠᠯᠪᠢᠬᠤ ᠬᠠᠮᠢᠶᠠᠷᠬᠤ ᠥᠢᠯᠡᠴᠢᠯᠡᠬᠦ︾ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠠ ᠪᠣᠯᠭᠠᠬᠤ︾ ᠵᠡᠷᠭᠡ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ︽ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾᠂ ᠭᠠᠶᠢᠯᠢ ᠬᠥᠩᠭᠡᠯᠡᠵᠤ ᠰᠥᠢᠳᠬᠡᠯ ᠪᠠᠭᠤᠷᠠᠭᠤᠯᠬᠤ | ᠲᠥᠷᠦ ᠶᠢᠨ ᠪᠣᠳᠣᠯᠭ᠎ᠠ ᠪᠠ ᠠᠷᠠᠳ ᠤᠨ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠡᠯ᠎ᠡ ᠵᠥᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠣᠷᠢᠵᠢᠭᠤᠯᠵᠣ᠂ ᠵᠠᠭᠤᠨ ᠬᠦᠴᠦᠷᠬᠡᠭ ᠠᠵᠤ | ᠠᠬᠤᠶᠢᠯᠠᠯ ᠢ ᠬᠥᠮᠦᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠶᠠᠰᠤ ᠴᠢᠨᠠᠷ ᠢᠶᠠᠷ | ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠬᠥᠴᠥᠳᠡᠢ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ | ᠢ ᠨᠢᠭᠡᠳᠦᠯᠲᠡᠢ ᠲᠥᠯᠥᠪᠵᠢᠭᠦᠯᠦᠨ ᠨᠢᠬᠡᠳᠬᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ | ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠬᠦᠷᠢᠶᠡᠯᠡᠩ | ᠲᠣᠭᠤᠷᠢᠭ ᠤᠨ ᠠᠴᠢᠶᠠᠯᠠᠬᠤ ᠪᠠ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠳᠡᠳᠠᠨ ᠣᠷᠣᠭᠤᠯᠬᠤ ᠠᠵᠢᠯ ᠢ ᠴᠢᠩᠭᠠᠳᠬᠠᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠪᠡᠯᠡ ᠣᠷᠣᠭᠤᠯᠤᠯᠲᠠ ᠶᠢᠨ ᠴᠢᠭᠯᠡᠯ ᠢ | ᠬᠢᠨᠠᠮᠠᠭᠠᠶ ᠰᠤᠳᠤᠯᠵᠤ᠂ ᠡᠯ᠎ᠡ ᠭᠠᠵᠠᠷ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠠᠷᠢᠴᠠᠩᠭᠤᠢ ᠳᠠᠪᠠᠭᠤᠯᠢᠭ | ᠪᠣᠯᠤᠨ ᠨᠥᠬᠦᠪᠥᠷᠢᠯᠡᠬᠦ ᠴᠢᠬᠤᠯᠠ ᠲᠠᠢ ᠠᠵᠤ ᠦᠢᠯᠡᠰ ᠤᠨ ᠲᠣᠳᠠᠭᠳᠠᠯ ᠢ ᠦᠨᠳᠦᠰᠦᠯᠡᠨ᠂ ᠨᠢᠭᠡ ᠪᠦᠯᠦᠭ | ᠬᠡᠯᠬᠢᠶᠡᠰᠣ ᠶᠢ ᠤᠷᠲᠤᠳᠬᠠᠭᠰᠠᠨ᠂ ᠬᠡᠯᠬᠢᠶᠡᠰᠣ ᠶᠢ ᠨᠥᠬᠦᠪᠥᠷᠢᠯᠡᠭᠰᠡᠨ᠂ ᠬᠡᠯᠬᠢᠶᠡᠰᠣ ᠶᠢ ᠴᠢᠩᠭᠠᠳᠬᠠᠭᠰᠠᠨ ᠠᠵᠤ | ᠦᠢᠯᠡᠰ ᠤᠨ ᠲᠥᠷᠥᠯ ᠵᠥᠢᠯ ᠢ ᠴᠢᠭᠯᠡᠭᠦᠯᠬᠦ ᠴᠢᠨᠠᠷᠲᠠᠶ ᠪᠠᠷ ᠲᠥᠰᠦᠪᠯᠡᠨ ᠨᠥᠭᠡᠴᠡᠯᠡᠬᠦ ᠬᠡᠷᠡᠭᠲᠡᠶ᠃ | ᠬᠤᠳᠠᠯᠳᠤᠭᠠᠴᠢᠨ ᠤᠷᠢᠬᠤ ᠲᠥᠷᠥᠯ ᠵᠥᠢᠯ ᠤᠨ ᠬᠥᠮᠥᠷᠭᠡ ᠶᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠳᠡᠭ ᠯᠡ ᠶᠤᠮ ᠪᠣᠯ᠂ ᠶᠡᠭᠡ ᠪᠠᠭ᠎ᠠ ᠲᠥᠷᠥᠯ ᠵᠥᠢᠯ ᠢ ᠴᠥᠮ ᠢᠳᠡᠪᠬᠢᠲᠡᠶ ᠪᠠᠷ | ᠣᠷᠣᠭᠤᠯᠤᠨ ᠠᠪᠴᠢᠷᠠᠵᠤ᠂ ᠬᠠᠮᠲᠤ ᠳᠤᠨᠢ ᠠᠳᠬᠤᠵᠤ᠂ ᠲᠤᠶᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ | ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶᠡᠰᠣ ᠪᠠᠷ ᠬᠤᠳᠠᠯᠳᠤᠭᠠᠴᠢᠨ | ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠡᠨ ᠬᠦ ᠲᠦᠯᠬᠢᠨ ᠠᠬᠢᠭᠤᠯᠵᠤ ᠪᠣᠳᠠᠲᠠᠶᠢᠵᠢᠭᠤᠯᠬᠤ | ᠬᠡᠷᠡᠭᠲᠡᠶ᠃ | ᠭᠤᠷᠪᠠ ᠳᠤ᠂ ᠦᠢᠯᠡᠴᠢᠯᠡᠭᠡᠨ ᠤ ᠦᠢᠯᠡᠰ ᠢ ᠰᠠᠶᠢᠲᠤᠷ ᠠᠳᠬᠤᠵᠤ᠂ ᠬᠡᠷᠡᠭᠯᠡᠭᠡ ᠶᠢ ᠲᠣᠭᠲᠠᠪᠤᠷᠢᠵᠢᠭᠤᠯᠤᠨ᠎ᠠ᠃ | ᠦᠶᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠢᠨᠠᠮᠠᠭᠠᠶ ᠰᠤᠳᠤᠯᠤᠨ ᠨᠠᠶᠢᠳᠠᠪᠣᠷᠢᠵᠢᠭᠤᠯᠵᠣ᠂ ᠣᠳᠣ ᠦᠶ᠎ᠡ ᠶᠢᠨ ᠦᠶᠯᠡᠴᠢᠯᠡᠭᠡᠨ ᠤ ᠦᠢᠯᠡᠰ ᠤᠨ | ᠭᠤᠤᠯᠳᠠᠯᠭ᠎ᠠ ᠲᠠᠢ ᠲᠥᠷᠥᠯ ᠵᠥᠢᠯ ᠢ ᠡᠬᠦᠳᠣᠨᠡ᠃ ᠣᠳᠣ ᠦᠶ᠎ᠡ ᠶᠢᠨ ᠮᠠᠯ ᠠᠵᠤ ᠠᠬᠤᠢ᠂ ᠴᠡᠪᠡᠷ ᠡᠨᠧᠷᠭᠢ᠂ | ᠰᠣᠶᠣᠯ ᠵᠢᠭᠤᠯᠴᠢᠯᠠᠯ ᠵᠡᠷᠭᠡ ᠭᠤᠷᠪᠠᠨ ᠶᠡᠭᠡ ᠭᠤᠣᠯ ᠰᠢᠪᠲᠤᠯᠤᠯᠲᠠ ᠶᠢᠨ ᠠᠵᠤ ᠦᠢᠯᠡᠰ ᠤᠨ ᠲᠣᠭᠤᠷᠢᠨ ᠳᠤ᠂ | ᠬᠦᠢᠲᠡᠨ ᠬᠦᠮᠦᠷᠭᠡ ᠶᠢᠨ ᠬᠡᠯᠬᠢᠶᠡᠲᠦ ᠪᠠᠷᠠᠭ᠎ᠠ ᠶᠢᠨ ᠭᠦᠢᠯᠭᠡᠭᠡ᠂ ᠲᠠᠷᠢᠶᠠᠯᠠᠩ ᠤᠨ ᠭᠠᠷᠤᠯᠳᠠ ᠮᠠᠯ ᠤᠨ ᠠᠰᠢᠭ | ᠰᠢᠮ᠎ᠡ ᠶᠢᠨ ᠪᠥᠲᠥᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠪᠠ ᠨᠡᠷᠡᠲᠦ ᠲᠥᠷᠥᠯ ᠲᠡᠮᠳᠡᠭᠲᠦ ᠶᠢᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ︔ ᠨᠡᠭᠦᠷᠡᠰᠦ ᠵᠡᠷᠭᠡ ᠶᠡᠭᠡ ᠬᠡᠮᠵᠢᠶᠡᠨ ᠤ ᠡᠳ᠋ ᠪᠣᠳᠠᠰ ᠤᠨ | ᠲᠡᠭᠡᠭᠡᠪᠦᠷᠢ ᠶᠢᠨ ︽ ᠵᠠᠰᠠᠮᠠᠯ ᠵᠠᠮ ᠠᠴᠠ ᠲᠡᠮᠥᠷ ᠵᠠᠮ ᠳᠤ ᠰᠢᠯᠵᠢᠬᠦᠯᠬᠦ︾ ᠶᠢ ᠲᠦᠷᠭᠡᠳᠬᠡᠨ ᠠᠬᠢᠭᠤᠯᠵᠤ᠂ ᠲᠣᠮᠣ | ᠳ᠋ᠠᠶᠢᠲ᠋ᠠ ᠶᠢᠨ ᠬᠡᠷᠡᠭᠯᠡᠭᠡᠨ ᠤ ᠦᠢᠯᠡᠴᠢᠯᠡᠭᠡᠨ ᠤ ᠦᠢᠯᠡᠰ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ | ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ︔ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ | ᠦᠵᠡᠮᠵᠢ ᠶᠢᠨ ᠵᠠᠮ᠂ ᠶᠤᠸᠠᠨ ᠤ ᠳᠡᠬᠡᠳᠤ ᠨᠡᠶᠢᠰᠯᠡᠯ ᠤᠨ ᠵᠤᠭᠠᠴᠠᠭᠰᠠᠳ ᠤᠨ ᠲᠥᠪ ᠵᠡᠷᠭᠡ ᠭᠤᠣᠯᠳᠠᠯᠭ᠎ᠠ ᠲᠠᠢ | ᠲᠥᠷᠥᠯ ᠵᠦᠢᠯ ᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ᠠᠷᠪᠠᠨ | ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠡᠮᠢᠷ ᠤᠨ ᠴᠤᠭᠯᠠᠭᠠᠨ︾ ᠤ ᠮᠥᠰᠥᠨ ᠳᠡᠭᠡᠷᠡᠬᠢ ᠯᠤᠤᠲᠤ | ᠣᠩᠭᠤᠴᠠ ᠣᠩᠭᠤᠴᠠ ᠶᠢᠨ ᠤᠷᠤᠯᠳᠤᠭᠠᠨ ᠢ ᠳᠠᠭᠠᠭᠠᠴᠢᠯᠠᠨ ᠡᠷᠬᠢᠯᠡᠵᠦ᠂ ᠡᠪᠦᠯ ᠤᠨ ᠠᠵᠤ ᠠᠬᠤᠢ ᠶᠢ ᠠᠮᠢᠳᠤᠯᠢᠭ | ᠪᠣᠯᠭᠠᠵᠤ᠂ ᠡᠷᠡᠭᠦᠯ ᠮᠡᠨᠳᠦ ᠨᠠᠰᠤᠵᠢᠯ᠂ ᠬᠤᠪᠢᠰᠬᠠᠯ ᠤᠨ ᠰᠤᠳᠤᠯᠭᠠᠨ᠂ ᠲᠠᠯ᠎ᠠ ᠨᠤᠲᠤᠭ ᠤᠨ ᠰᠣᠶᠣᠯ ᠪᠠ ᠠᠮᠢ | ᠠᠬᠤᠢ ᠶᠢᠨ ᠣᠶᠢᠯᠠᠭᠠᠮᠵᠢ᠂ ᠵᠠᠬᠢᠶᠠᠯᠠᠭ᠎ᠠ ᠶᠢᠨ ᠵᠤᠭᠠᠴᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ | ᠬᠥᠭᠵᠢᠭᠦᠯᠦᠨ᠎ᠡ᠃ ᠲᠠᠶᠢᠵᠢ — ᠰᠢᠯᠢ ᠶᠢᠨ ᠭᠤᠣᠯ ᠤᠨ ᠲᠦᠷᠭᠡᠨ ᠬᠤᠷᠳᠤ ᠶᠢᠨ ᠲᠡᠮᠦᠷ ᠵᠠᠮ᠂ ᠰᠢᠯᠢ ᠶᠢᠨ | ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠭᠤᠣᠯᠳᠠᠯᠭ᠎ᠠ ᠲᠠᠢ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠭᠤᠳ ᠨᠡᠪᠲᠡᠷᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠭᠠᠳᠠᠨᠠᠬᠢ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠵᠤ᠂ ᠦᠢᠯᠡᠴᠢᠯᠡᠭᠡᠨ ᠤ ᠦᠢᠯᠡᠰ ᠤᠨ ᠳᠡᠰ | ᠳᠡᠪᠰᠢᠬᠦ ᠶᠢ ᠠᠬᠢᠭᠤᠯᠤᠨ᠎ᠠ᠃ | ︵ ᠳᠥᠷᠪᠡ︶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠮᠠᠯ ᠠᠵᠤ | ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠡᠨᠡ ᠵᠢᠯ ᠪᠠ ᠢᠷᠡᠬᠦ ᠵᠢᠯ ᠢ | ᠠᠰᠢᠭᠯᠠᠵᠤ᠂ ᠲᠠᠷᠤᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯ ᠬᠤᠷᠢᠶᠠᠬᠤ ᠪᠠ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠲᠠᠰᠢᠷᠠᠮ ᠢᠶᠠᠷ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ | ᠮᠢᠬᠠᠨ ᠤ ᠬᠤᠨᠢ ᠵᠢᠴᠢ ᠠᠳᠤᠭᠤᠨ ᠤ ᠠᠵᠤ ᠥᠢᠯᠡᠰ᠂ ᠤᠯᠠᠮᠵᠢᠯᠠᠯᠲᠤ ᠴᠠᠭᠠᠨ ᠢᠳᠡᠭᠡ ᠵᠡᠷᠭᠡ ᠳᠠᠪᠠᠭᠤᠯᠢᠭ | ᠣᠨᠴᠠᠯᠢᠭᠲᠤ ᠠᠵᠤ ᠥᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠬᠥᠭᠵᠢᠯᠲᠡ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠬᠤ᠂ ᠪᠠᠶᠢᠷᠢᠰᠢᠭᠤᠯᠤᠯᠲᠠ ᠶᠢᠨ ᠪᠦᠲᠦᠴᠡ ᠪᠠᠨ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠢᠨ᠎ᠡ | ᠰᠢᠪᠲᠤᠯᠤᠯᠲᠠ ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ | ᠲᠠᠯᠪᠢᠵᠤ ᠥᠭᠭᠦᠨ᠎ᠡ᠃ ᠡᠨᠡᠬᠦ ᠠᠵᠢᠯ ᠨᠢ ᠤᠶᠢᠷ᠎ᠠ ᠶᠢᠨ ᠬᠤᠭᠤᠴᠠᠭᠠᠨ ᠳᠤ ᠡᠯ᠎ᠡ ᠲᠠᠯ᠎ᠠ ᠶᠢᠨ ᠰᠠᠨᠠᠯ ᠢ ᠬᠤᠷᠢᠶᠠᠵᠤ᠂ | ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠣᠭᠰᠠᠨ ᠰᠠᠭᠤᠷᠢᠨ ᠳᠡᠭᠡᠷ᠎ᠡ᠂ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠬᠤ ᠬᠡᠷᠡᠭᠲᠡᠶ᠃ | ᠮᠢᠬᠠᠨ ᠤ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠣᠳᠣᠬᠠᠨ ᠳᠤ᠂ ᠮᠠᠨ ᠤ ᠠᠶᠢᠮᠠᠭ | ᠨᠢᠭᠡᠨᠲᠡ ︽ᠡᠮᠦᠨ᠎ᠡ ᠭᠡᠰᠡᠭ ᠢᠶᠠᠷ ᠦᠬᠡᠷ ᠮᠠᠯᠵᠢᠵᠣ᠂ ᠬᠤᠶᠢᠲᠤ ᠭᠡᠰᠡᠭ ᠢᠶᠠᠷ ᠬᠤᠨᠢ ᠮᠠᠯᠵᠢᠬᠤ︾ ᠠᠵᠤ | ᠥᠢᠯᠡᠰ ᠤᠨ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠲᠤᠭ᠎ᠠ ᠠᠩᠬ᠎ᠠ ᠠᠯᠬᠤᠮ ᠬᠡᠪᠴᠢᠶᠡᠵᠢᠵᠤ᠂ ᠡᠮᠦᠨ᠎ᠡ ᠬᠡᠰᠡᠭ ᠤᠨ ᠲᠠᠷᠢᠶᠠᠯᠠᠩ ᠮᠠᠯ ᠠᠵᠤ ᠠᠬᠤᠶ ᠰᠤᠯᠢᠪᠴᠠᠭᠰᠠᠨ | ᠣᠷᠣᠨ ᠪᠦᠰᠡ ᠶᠢᠨ ᠮᠢᠬᠠᠨ ᠤ ᠦᠬᠡᠷ ᠤᠨ ᠠᠵᠤ ᠥᠢᠯᠡᠰ ᠤᠨ ᠪᠦᠰᠡ ᠠᠩᠬ᠎ᠠ ᠠᠯᠬᠤᠮ ᠪᠦᠷᠢᠯᠳᠦᠵᠦ᠂ ᠠᠵᠤ | ᠦᠢᠯᠡᠰ ᠤᠨ ᠪᠥᠭᠡᠮᠨᠡᠷᠡᠯ ᠤᠨ ᠬᠥᠭᠵᠢᠯᠲᠡ ᠨᠢᠬᠡᠨᠳᠡ ᠨᠥᠬᠦᠴᠡᠯ ᠲᠠᠢ ᠪᠣᠯᠵᠣ᠂ ᠬᠠᠮᠤᠭ ᠤᠨ ᠶᠡᠭᠡ ᠲᠣᠳᠠᠭᠳᠠᠯ ᠪᠣᠯ | ᠳᠠᠷᠤᠶ ᠰᠠᠶᠢᠨ ᠡᠭᠦᠯᠳᠡᠷ ᠢ ᠶᠡᠬᠡᠪᠡᠷ ᠦᠷᠡᠵᠢᠭᠦᠯᠬᠦ ᠬᠠᠩᠭᠠᠯᠭ᠎ᠠ ᠬᠦᠷᠦᠯᠴᠡᠬᠦ ᠥᠬᠡᠶ ᠪᠠᠶᠢᠬᠤ ᠪᠠ ᠪᠣᠷᠳᠣᠵᠤ | ᠲᠠᠷᠭᠤᠯᠠᠭᠤᠯᠬᠤ ᠥᠢᠯᠡᠰ ᠤᠨ ᠬᠥᠭᠵᠢᠯᠲᠡ ᠬᠤᠴᠣᠷᠤᠩᠭᠤᠶ ᠪᠠᠶᠢᠵᠤ᠂ ᠡᠨᠡ ᠪᠦᠬᠦᠨ ᠢ ᠰᠢᠶᠳᠪᠦᠷᠢᠯᠡᠬᠦ | ᠴᠢᠬᠤᠯᠠᠲᠠᠶ ᠪᠠᠶᠢᠨ᠎ᠠ᠃ ᠨᠢᠭᠡ ᠳᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠵᠢᠨᠢᠨᠵᠧᠨᠧᠷᠢᠩ ᠢ ᠬᠡᠷᠡᠭᠵᠢᠭᠦᠯᠵᠦ᠂ ᠡᠭᠦᠯᠳᠡᠷ ᠤᠨ ᠦᠬᠡᠷ ᠤᠨ | ᠲᠠᠯᠠᠪᠠᠢ᠂ ᠮᠢᠬᠠᠨ ᠤ ᠦᠬᠡᠷ ᠤᠨ ᠭᠤᠤᠯ ᠰᠦᠷᠦᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠯᠢᠳᠡᠭ | ᠰᠠᠶᠢᠨ ᠡᠭᠦᠯᠳᠡᠷ ᠤᠨ ᠮᠢᠬᠠᠨ ᠤ ᠦᠬᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2021 ᠤᠨ | ᠪᠣᠯᠬᠤ ᠳᠤ᠂ ᠪᠦᠬᠦ ᠠᠶᠢᠮᠠᠭ ᠤᠨ ᠡᠭᠦᠯᠳᠡᠷ ᠤᠨ ᠦᠬᠡᠷ ᠤᠨ ᠲᠠᠯᠠᠪᠠᠢ ᠶᠢ 20 ᠳᠤ ᠬᠦᠷᠭᠡᠵᠦ᠂ ᠭᠤᠤᠯ ᠰᠦᠷᠦᠭ ᠢ | 300 ᠳᠤ ᠬᠦᠷᠭᠡᠵᠦ᠂ ᠮᠢᠬᠠᠨ ᠤ ᠦᠬᠡᠷ ᠢ 180 ᠲᠦᠮᠡ ᠳᠤ ᠬᠦᠷᠭᠡᠨ᠎ᠡ᠃ ᠬᠤᠶᠠᠷ ᠲᠤ᠂ ᠡᠬᠦᠯᠳᠡᠷ | ᠰᠠᠶᠢᠵᠢᠷᠠᠭᠤᠯᠣᠭᠰᠠᠨ ᠦᠬᠡᠷ ᠢ ᠬᠠᠮᠠᠭᠠᠯᠠᠨ ᠪᠤᠶᠢᠵᠢᠭᠤᠯᠬᠤ ᠶᠢ ᠰᠠᠶᠢᠲᠤᠷ ᠠᠳᠬᠤᠨ᠎ᠠ᠃ ᠲᠡᠵᠢᠭᠡᠨ ᠦᠷᠡᠵᠢᠭᠦᠯᠬᠦ | ᠡᠷᠦᠬᠡ ᠪᠣᠯᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠦᠨᠢᠶ᠎ᠡ᠂ ᠡᠭᠦᠯᠳᠡᠷ ᠤᠨ ᠦᠬᠡᠷ ᠢ | ᠪᠤᠶᠢᠵᠢᠭᠤᠯᠬᠤ ᠠᠵᠢᠯ ᠥᠷᠨᠢᠭᠦᠯᠵᠦ᠂ ᠶᠠᠰᠤ ᠴᠢᠨᠠᠷ ᠢ ᠬᠢᠨᠠᠨ ᠲᠣᠭᠲᠠᠭᠠᠬᠤ ᠪᠠ ᠠᠷᠠᠯᠵᠢᠶᠠᠯᠠᠨ ᠳᠠᠩᠰᠠᠯᠠᠨ | ᠲᠡᠮᠳᠡᠭᠯᠡᠬᠦ ᠠᠵᠢᠯ ᠢ ᠴᠢᠩᠭᠠᠳᠬᠠᠨ᠂ ᠰᠠᠶᠢᠨ ᠡᠭᠦᠯᠳᠡᠷ ᠤᠨ ᠲᠤᠭᠤᠯ ᠢ ᠭᠠᠳᠠᠭᠰᠢ ᠭᠠᠷᠭᠠᠬᠤ ᠠᠰᠠᠭᠤᠳᠠᠯ ᠢ | ᠦᠨᠳᠦᠰᠦᠨ ᠠᠴᠠ ᠨᠢ ᠰᠢᠶᠳᠪᠦᠷᠢᠯᠡᠬᠦ ᠬᠡᠷᠡᠭᠲᠡᠶ᠃ ᠭᠤᠷᠪᠠ ᠳᠤ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠶᠡᠬᠡᠪᠡᠷ | ᠰᠠᠶᠢᠵᠢᠷᠠᠭᠤᠯᠣᠨ᠎ᠠ᠃ ᠲᠠᠷᠢᠶᠠᠯᠠᠬᠤ ᠣᠷᠣᠨ ᠳᠤ ᠪᠥᠬᠦᠨ ᠢ ᠬᠠᠰᠢᠶᠠᠯᠠᠨ ᠲᠡᠵᠢᠭᠡᠬᠦ᠂ ᠡᠮᠦᠨᠡᠲᠦ ᠬᠡᠰᠡᠭ ᠤᠨ | ᠮᠠᠯᠵᠢᠬᠤ ᠣᠷᠣᠨ ᠳᠤ ᠬᠠᠭᠠᠰ ᠬᠠᠰᠢᠶᠠᠯᠠᠨ ᠲᠡᠵᠢᠭᠡᠬᠦ ᠬᠠᠭᠠᠰ ᠪᠡᠯᠴᠢᠬᠡᠷᠯᠡᠬᠦᠯᠬᠦ᠂ ᠬᠤᠶᠢᠲᠤ ᠬᠡᠰᠡᠭ ᠤᠨ ᠮᠠᠯᠵᠢᠬᠤ | ᠣᠷᠣᠨ ᠤ ᠪᠡᠯᠴᠢᠭᠡᠷᠯᠡᠭᠦᠯᠬᠦ ᠶᠢᠨ ᠳᠠᠭᠠᠤ ᠲᠡᠵᠢᠭᠡᠬᠦ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠰᠢᠨᠵᠢᠯᠡᠬᠦ | ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ | 2021 ᠤᠨ ᠪᠣᠯᠬᠤ ᠳᠤ᠂ ᠡᠮᠦᠨᠡᠲᠦ ᠬᠡᠰᠡᠭ ᠤᠨ ᠭᠠᠵᠠᠷ ᠣᠷᠣᠨ ᠤ ᠥᠷᠡᠵᠢᠬᠦᠯᠥᠨ ᠪᠤᠶᠢᠵᠢᠭᠤᠯᠬᠤ ᠨᠣᠷᠮ | ᠠ ᠶᠢ 85% ᠠᠴᠠ ᠳᠡᠭᠡᠭᠰᠢ᠂ ᠤᠮᠠᠷᠠᠲᠤ ᠬᠡᠰᠡᠭ ᠤᠨ ᠭᠠᠵᠠᠷ ᠣᠷᠣᠨ ᠤ ᠬᠢ ᠶᠢ 80% ᠠᠴᠠ ᠳᠡᠭᠡᠭᠰᠢ ᠳᠤ | ᠬᠦᠷᠦᠭᠦᠯᠦᠨ᠎ᠡ᠃ ᠳᠥᠷᠪᠡ ᠳᠤ᠂ ᠮᠢᠬᠠᠨ ᠤ ᠦᠬᠡᠷ ᠤᠨ ᠪᠣᠷᠳᠣᠵᠤ ᠲᠠᠷᠭᠤᠯᠠᠭᠤᠯᠬᠤ ᠦᠢᠯᠡᠰ ᠢ ᠵᠣᠷᠢᠭᠵᠢᠭᠤᠯᠤᠨ | ᠬᠥᠭᠵᠢᠭᠦᠯᠦᠨ᠎ᠡ᠃ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠤᠨ᠂ | ᠮᠢᠬᠠᠨ ᠤ ᠦᠬᠡᠷ ᠢ ᠳᠡᠰ ᠬᠤᠪᠢᠶᠠᠨ ᠪᠣᠷᠳᠣᠵᠤ ᠲᠠᠷᠭᠤᠯᠠᠭᠤᠯᠬᠤ ᠰᠢᠰᠲ᠋ᠧᠮᠵᠢ ᠶᠢ ᠪᠠᠶᠢᠭᠤᠯᠵᠤ᠂ ᠪᠣᠷᠳᠣᠵᠤ | ᠲᠠᠷᠭᠤᠯᠠᠭᠤᠯᠬᠤ ᠮᠢᠬᠠᠨ ᠤ ᠦᠬᠡᠷ ᠢ 10 ᠲᠦᠮᠡ ᠠᠴᠠ ᠳᠡᠭᠡᠭᠰᠢ ᠳᠤ ᠬᠦᠷᠦᠭᠦᠯᠵᠦ᠂ ᠡᠳ᠋ᠰᠢᠭᠦᠯᠬᠦ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠲᠠᠪᠤ ᠳᠤ᠂ ᠰᠢᠯᠢ ᠶᠢᠨ ᠭᠤᠣᠯ ᠤᠨ ᠮᠢᠬᠠᠨ ᠤ | ᠦᠬᠡᠷ ᠤᠨ ᠨᠡᠷᠡᠲᠦ ᠲᠡᠮᠳᠡᠭ ᠢ ᠪᠤᠶᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠢᠯᠯᠠᠬᠤ ᠪᠦᠯᠬᠦᠮ ᠳᠤ ᠲᠦᠰᠢᠭᠯᠡᠨ᠂ ︽ᠲᠠᠯ᠎ᠠ | ᠨᠤᠲᠤᠭ ᠤᠨ ᠰᠢᠮᠧᠨ᠋ᠲᠷ︾᠂ ︽ᠲᠠᠯ᠎ᠠ ᠨᠤᠲᠤᠭ ᠤᠨ ᠠᠩᠬᠢᠰ︾ ᠵᠡᠷᠭᠡ ᠰᠢᠨ᠎ᠡ ᠤᠳᠤᠮ ᠢ ᠪᠤᠶᠢᠵᠢᠭᠤᠯᠬᠤ ᠠᠵᠢᠯ ᠢ | ᠡᠬᠢᠯᠡᠭᠦᠯᠵᠦ᠂ ᠰᠢᠯᠢ ᠶᠢᠨ ᠭᠤᠣᠯ ᠤᠨ ᠦᠬᠡᠷ ᠤᠨ ᠮᠢᠬᠠᠨ ᠤ ᠣᠷᠣᠨ ᠪᠦᠰᠡ ᠶᠢᠨ ︽ᠮᠣᠩᠭᠤᠯ ᠦᠰᠦᠭᠲᠦ ᠲᠡᠮᠳᠡᠭ | ︾ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠮᠠᠨ ᠤ ᠠᠶᠢᠮᠠᠭ ᠤᠨ ᠮᠢᠬᠠᠨ ᠤ ᠦᠬᠡᠷ ᠤᠨ ᠠᠵᠤ | ᠦᠢᠯᠡᠰ ᠤᠨ ᠳᠤᠮᠳᠠ ᠲᠡᠭᠡᠳᠤ ᠲᠡᠰ ᠤᠨ ᠬᠠᠩᠭᠠᠯᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠦᠨ᠎ᠡ᠃ | ᠮᠢᠬᠠᠨ ᠤ ᠬᠤᠨᠢᠨ ᠤ ᠠᠵᠤ ᠦᠢᠯᠡᠰ ᠢ ᠰᠢᠯᠢᠳᠡᠭᠵᠢᠭᠦᠯᠦᠨ᠎ᠡ᠃ ᠮᠠᠨ ᠤ ᠠᠶᠢᠮᠠᠭ ᠤᠨ ᠬᠠᠷᠢᠴᠠᠩᠭᠤᠢ | ᠳᠠᠪᠠᠭᠤᠯᠢᠭ ᠢᠯᠡᠷᠬᠡᠶ ᠪᠣᠯᠪᠠᠴᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠤᠯᠠᠮᠵᠢᠯᠠᠯᠲᠤ ᠠᠷᠠᠴᠢᠯᠠᠨ | ᠲᠡᠵᠢᠭᠡᠬᠦ ᠵᠠᠭᠪᠤᠷ ᠲᠤ ᠬᠢᠵᠠᠭᠠᠷᠯᠠᠭᠳᠠᠵᠤ᠂ ︽ᠲᠡᠵᠢᠭᠡᠬᠦ︾ ᠪᠠ ︽ᠨᠡᠮᠡᠬᠦ︾ ᠶᠢᠨ ᠵᠥᠷᠢᠴᠡᠯ ᠮᠠᠰᠢ ᠲᠣᠪᠤᠶᠢᠮ᠎ᠠ | ᠪᠠᠶᠢᠵᠤ᠂ ︽ᠲᠤᠭ᠎ᠠ ᠬᠡᠮᠵᠢᠶ᠎ᠡ︾ ᠪᠠ ︽ᠶᠠᠰᠤ ᠴᠢᠨᠠᠷ︾ ᠤᠨ ᠠᠰᠠᠭᠤᠳᠠᠯ ᠢ ᠵᠡᠷᠭᠡᠪᠡᠷ ᠰᠢᠶᠳᠪᠦᠷᠢᠯᠡᠬᠦ ᠬᠡᠷᠡᠭᠲᠡᠶ᠃ | ᠣᠳᠣᠬᠠᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠲᠥᠰᠦᠭᠡᠯᠡᠨ ᠪᠤᠳᠤᠭᠰᠠᠨ ᠢᠶᠠᠷ ᠪᠣᠯ᠂ 2021 ᠤᠨ | ᠪᠣᠯᠬᠤ ᠳᠤ ᠪᠠᠶᠢᠭᠠᠯᠢ ᠶᠢᠨ ᠪᠡᠯᠴᠢᠬᠡᠷᠯᠡᠬᠦᠯᠬᠦ ᠮᠠᠯ ᠤᠨ ᠲᠤᠭ᠎ᠠ ᠬᠡᠮᠵᠢᠶ᠎ᠡ ᠶᠢ 1000 ᠲᠦᠮᠡ ᠣᠷᠴᠢᠮ ᠪᠠᠶᠢᠯᠭᠠᠬᠤ | ᠬᠡᠷᠡᠭᠳᠡᠢ᠃ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠪᠣᠯᠤᠨ ᠲᠥᠪᠯᠡᠷᠡᠯ ᠤᠨ ᠬᠡᠮᠵᠢᠶ᠎ᠡ ᠶᠢ ᠦᠨᠳᠦᠰᠦᠯᠡᠨ᠂ | ᠮᠠᠨ ᠤ ᠠᠶᠢᠮᠠᠭ ᠤᠨ ᠳᠤᠮᠳᠠ ᠬᠤᠶᠢᠲᠤ ᠬᠡᠰᠡᠭ ᠪᠣᠯᠤᠨ ᠪᠠᠷᠠᠭᠤᠨ ᠬᠡᠰᠡᠭ ᠤᠨ ᠭᠠᠵᠠᠷ ᠣᠷᠣᠨ ᠳᠤ ︽ᠰᠢᠯᠢ ᠶᠢᠨ | ᠭᠤᠤᠯ ᠬᠤᠨᠢᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ | ᠣᠷᠣᠨ︾ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠨᠢᠭᠡ ᠲᠠᠯ᠎ᠠ ᠪᠠᠷ᠂ | ᠣᠷᠣᠨ ᠨᠤᠲᠤᠭ ᠤᠨ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠪᠠ ᠡᠭᠦᠯᠳᠡᠷ ᠬᠠᠮᠠᠭᠠᠯᠠᠨ ᠦᠷᠡᠵᠢᠭᠦᠯᠦᠨ | ᠪᠤᠶᠢᠵᠢᠭᠤᠯᠬᠤ ᠶᠢ ᠰᠠᠶᠢᠲᠤᠷ ᠠᠳᠬᠤᠵᠤ᠂ ᠡᠭᠦᠯᠳᠡᠷ ᠤᠨ ᠬᠤᠨᠢᠨ ᠤ ᠲᠠᠯᠠᠪᠠᠶ᠂ ᠮᠢᠬᠠᠨ ᠤ ᠬᠤᠨᠢᠨ ᠤ ᠭᠤᠤᠯ | ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ 2021 ᠤᠨ | ᠪᠣᠯᠬᠤ ᠳᠤ᠂ ᠦᠵᠦᠮᠦᠴᠢᠨ ᠬᠤᠨᠢ᠂ ᠰᠥᠨᠢᠳ ᠬᠤᠨᠢ᠂ ᠴᠠᠬᠠᠷ ᠬᠤᠨᠢ ᠲᠣᠰ ᠲᠣᠰ ᠤᠯᠤᠰ ᠤᠨ ᠮᠢᠬᠠᠨ ᠤ | ᠬᠤᠨᠢᠨ ᠤ ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠶ ᠶᠢ 1 ᠪᠠᠶᠢᠭᠤᠯᠵᠤ᠂ ᠪᠠᠷᠢᠮᠵᠢᠶᠠᠵᠢᠭᠰᠠᠨ ᠭᠤᠤᠯ | ᠰᠦᠷᠦᠭ ᠢ 1200 ᠰᠦᠷᠦᠭ ᠠᠴᠠ ᠳᠡᠭᠡᠭᠰᠢ ᠳᠤ ᠬᠦᠷᠦᠭᠦᠯᠵᠦ᠂ ᠣᠷᠣᠨ ᠨᠤᠲᠤᠭ ᠤᠨ ᠰᠠᠶᠢᠨ ᠡᠭᠦᠯᠳᠡᠷ ᠤᠨ | ᠮᠢᠬᠠᠨ ᠤ ᠬᠤᠨᠢᠨ ᠤ ᠶᠠᠰᠤ ᠴᠢᠨᠠᠷ ᠢ ᠦᠨᠡᠨ ᠬᠦ ᠪᠠᠲᠤᠯᠠᠨ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠲᠡᠵᠢᠭᠡᠨ | ᠠᠷᠠᠴᠢᠯᠠᠬᠤ ᠬᠠᠮᠢᠶᠠᠷᠤᠯᠲᠠ ᠶᠢᠨ ᠵᠠᠭᠪᠤᠷ ᠢᠶᠠᠨ ᠬᠠᠯᠠᠨ ᠰᠠᠶᠢᠵᠢᠷᠠᠭᠤᠯᠬᠤ ᠶᠢ ᠬᠥᠲᠥᠯᠥᠨ ᠵᠢᠯᠣᠭᠤᠳᠴᠤ᠂ ᠰᠢᠯᠢ | ᠶᠢᠨ ᠬᠤᠳᠠ᠂ ᠠᠪᠠᠭ᠎ᠠ ᠬᠤᠰᠢᠭᠤ᠂ ᠪᠠᠷᠠᠭᠤᠨ ᠰᠥᠨᠢᠳ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠣᠯᠤᠨ | ᠬᠥᠪᠡᠬᠡᠳᠤ ᠰᠢᠷ᠎ᠠ ᠬᠤᠰᠢᠭᠤ ᠵᠡᠷᠭᠡ ᠭᠠᠵᠠᠷ ᠣᠷᠣᠨ ᠳᠤ᠂ ᠲᠡᠵᠢᠭᠡᠨ ᠦᠷᠡᠵᠢᠭᠦᠯᠬᠦ ᠡᠷᠦᠬᠡ ᠡᠪᠦᠯ ᠤᠨ ᠲᠥᠯ᠂ | ᠬᠠᠪᠤᠷ ᠡᠷᠲᠡ ᠶᠢᠨ ᠲᠥᠯ ᠲᠣᠰᠬᠤ ᠶᠢ ᠵᠣᠷᠢᠭᠵᠢᠭᠤᠯᠵᠤ᠂ ᠲᠡᠵᠢᠬᠡᠨ ᠪᠤᠷᠳᠤᠵᠤ ᠤᠷᠢᠳᠴᠢᠯᠡᠨ ᠵᠠᠷᠤᠴᠠᠭᠤᠯᠵᠤ ᠂ | ᠵᠢᠯ ᠳᠤ 60 ᠲᠦᠮᠡ ᠠᠴᠠ ᠳᠡᠭᠡᠭᠰᠢ ᠳᠤ ᠬᠦᠷᠦᠭᠦᠯᠵᠦ᠂ ᠤᠯᠠᠷᠢᠯ ᠠᠯᠤᠰᠯᠠᠨ ᠵᠠᠷᠤᠴᠠᠭᠤᠯᠵᠤ ᠂ ᠵᠠᠬ᠎ᠠ | ᠳᠡᠯᠭᠡᠭᠦᠷ ᠲᠤ ᠲᠡᠩᠴᠡᠭᠦᠷᠢᠲᠡᠢ ᠭᠠᠷᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠨᠥᠭᠦᠭᠡ ᠲᠠᠯ᠎ᠠ ᠪᠠᠷ ᠂ | ᠲᠤᠷᠰᠢᠯᠲᠠ ᠬᠢᠬᠦ ᠪᠠᠷ ᠳᠠᠮᠵᠢᠭᠤᠯᠤᠨ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠂ ᠠᠵᠤ ᠠᠬᠤᠢ | ᠶᠢᠨ ᠡᠷᠡᠯᠢᠰᠵᠢᠬᠦᠯᠥᠯ ᠤᠨᠠᠷᠭ᠎ᠠ ᠮᠠᠶ᠋ᠢᠭ ᠢ ᠠᠪᠴᠤ᠂ ᠮᠢᠬᠠᠨ ᠤ ᠬᠤᠨᠢᠨ ᠤ ᠠᠵᠤ ᠦᠢᠯᠡᠰ ᠤᠨ ᠵᠥᠷᠢᠶᠡᠳᠤ | ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠨ᠎ᠡ᠃ ᠰᠢᠯᠢ ᠶᠢᠨ ᠬᠤᠳᠠ ᠨᠢ ᠤᠯᠤᠰ ᠤᠨ ᠡᠵᠡᠩᠨᠡᠯᠲᠡ ᠶᠢᠨ | ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠬᠢ ᠪᠠᠶᠠᠯᠢᠭ ᠤᠨ ᠨᠥᠬᠦᠴᠡᠯ᠂ ᠣᠳᠣ ᠶᠢᠨ ᠪᠠᠶᠢᠭ᠎ᠠ ᠰᠠᠭᠤᠷᠢ ᠪᠣᠯᠤᠨ | ᠵᠣᠬᠢᠶᠠᠨ ᠪᠠᠶᠢᠭᠤᠯᠤᠯᠴᠠᠭᠰᠠᠨ ᠳᠠᠪᠠᠭᠤᠯᠢᠭ ᠲᠠᠭᠠᠨ ᠲᠦᠰᠢᠭᠯᠡᠨ᠂ ᠮᠢᠬᠠᠨ ᠤ ᠬᠤᠨᠢᠨ ᠤ ᠠᠵᠤ ᠠᠬᠤᠶ ᠶᠢᠨ | ᠡᠷᠡᠯᠢᠰᠵᠢᠬᠦᠯᠥᠯ ᠪᠣᠯᠤᠨ ᠬᠠᠰᠢᠶᠠᠯᠠᠨ ᠪᠣᠷᠳᠣᠵᠤ ᠲᠡᠵᠢᠭᠡᠨ ᠦᠷᠡᠵᠢᠭᠦᠯᠬᠦ ᠲᠤᠷᠰᠢᠯᠲᠠ ᠶᠢᠨ ᠴᠢᠭ᠋ ᠢ | ᠵᠣᠷᠢᠭᠵᠢᠭᠤᠯᠤᠨ ᠳᠡᠮᠵᠢᠬᠦ ᠪᠠ ᠵᠢᠷᠤᠮᠵᠢᠭᠤᠯᠤᠨ ᠬᠥᠲᠥᠯᠥᠨ ᠵᠢᠯᠣᠭᠤᠳᠴᠤ᠂ ᠲᠡᠵᠢᠭᠡᠨ ᠠᠷᠠᠴᠢᠯᠠᠬᠤ ᠬᠡᠪᠴᠢᠶ᠎ᠡ ᠶᠢ | 100 ᠲᠦᠮᠡ ᠣᠷᠴᠢᠮ ᠳᠤ ᠬᠢᠵᠠᠭᠠᠷᠯᠠᠵᠤ᠂ ᠲᠤᠬᠠᠶ ᠶᠢᠨ ᠵᠢᠯ ᠳᠡᠭᠡᠨ ᠬᠤᠷᠠᠭ᠎ᠠ ᠶᠢ ᠪᠦᠬᠦᠨ ᠢ ᠪᠣᠷᠳᠣᠵᠤ | ᠲᠠᠷᠭᠤᠯᠠᠭᠤᠯᠤᠨ ᠵᠠᠷᠤᠴᠠᠭᠤᠯᠵᠤ᠂ ᠳᠠᠭᠠᠭᠤᠯᠤᠭᠴᠢ ᠠᠵᠤ ᠠᠬᠤᠶᠢᠯᠠᠯ ᠠᠴᠠ ᠵᠠᠬᠢᠶᠠᠯᠠᠭ᠎ᠠ ᠪᠠᠷ ᠬᠤᠳᠠᠯᠳᠤᠨ ᠠᠪᠴᠤ᠂ | ᠲᠥᠷᠥᠯ ᠬᠤᠪᠢᠶᠠᠨ ᠳᠡᠰ ᠬᠤᠪᠢᠶᠠᠨ ᠪᠣᠯᠪᠠᠰᠤᠷᠠᠭᠤᠯᠵᠤ᠂ ︽ᠲᠡᠵᠢᠭᠡᠬᠦ︾ ᠪᠠ ︽ᠨᠡᠮᠡᠬᠦ︾ ᠵᠥᠷᠢᠴᠡᠯ ᠢ | ᠰᠦᠪᠡᠭᠴᠢᠯᠡᠨ ᠰᠢᠶᠳᠪᠦᠷᠢᠯᠡᠵᠦ᠂ ᠣᠯᠠᠨ ᠳᠡᠰ ᠳᠠᠪᠬᠤᠷᠭ᠎ᠠ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ | ᠬᠡᠷᠡᠭᠲᠡᠶ᠃ ᠡᠨᠡ ᠵᠢᠯ ᠮᠠᠨ ᠤ ᠠᠶᠢᠮᠠᠭ ᠰᠢᠯᠢ ᠶᠢᠨ ᠭᠤᠤᠯ ᠬᠤᠨᠢᠨ ᠮᠢᠬᠠᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠡᠵᠡᠩᠨᠡᠯᠲᠡ ᠬᠠᠮᠠᠭᠠᠯᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ | ᠬᠡᠷᠡᠭᠵᠢᠭᠦᠯᠵᠦ᠂ ᠰᠢᠯᠢ ᠶᠢᠨ ᠭᠤᠤᠯ ᠬᠤᠨᠢᠨ ᠮᠢᠬᠠᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠠᠶᠢᠷᠠᠭᠤᠯᠤᠨ | ᠵᠣᠬᠢᠶᠠᠬᠤ ᠶᠢ ᠠᠬᠢᠭᠤᠯᠤᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢ ᠠᠪᠴᠤ᠂ ᠡᠨᠡ ᠬᠦ | ᠳᠤᠮᠳᠠᠳᠤ ᠤᠯᠤᠰ ᠤᠨ ᠲᠠᠸᠠᠷ ᠤᠨ ᠲᠡᠮᠳᠡᠭ ᠪᠣᠯᠤᠨ ᠲᠦᠷᠦᠭᠦᠤ ᠪᠦᠯᠦᠭ ︽ᠮᠣᠩᠭᠤᠯ ᠦᠰᠦᠭᠲᠦ ᠲᠡᠮᠳᠡᠭ︾ ᠢ | ᠠᠮᠢᠳᠤᠯᠢᠭ ᠪᠥᠭᠡᠳ ᠰᠠᠶᠢᠲᠤᠷ ᠬᠢᠬᠦ ᠬᠡᠷᠡᠭᠲᠡᠶ᠃ | ᠲᠣᠬᠠᠢ ᠶᠢᠨ ᠭᠠᠵᠠᠷ ᠣᠷᠣᠨ ᠤ ᠪᠠᠨ ᠪᠣᠳᠠᠳᠠᠢ ᠪᠠᠶᠢᠳᠠᠯ ᠳᠤᠨᠢ ᠲᠤᠬᠢᠷᠠᠭᠤᠯᠤᠨ ᠮᠣᠷᠢ᠂ ᠲᠡᠮᠡᠭᠡ ᠪᠣᠯᠤᠨ | ᠤᠯᠠᠮᠵᠢᠯᠠᠯᠲᠤ ᠴᠠᠭᠠᠨ ᠢᠳᠡᠭᠡ᠂ ᠮᠣᠩᠭᠤᠯ ᠭᠡᠷ ᠦᠢᠯᠡᠳᠭᠦ ᠵᠡᠷᠭᠡ ᠣᠨᠴᠠᠯ᠊ ᠵᠭᠲᠤ ᠠᠵᠤ ᠦᠢᠯᠡᠰ ᠢ | ᠲᠦᠷᠭᠡᠳᠬᠡᠨ ᠬᠦᠭᠵᠢᠭᠦᠯᠦᠨ᠎ᠡ᠃ ᠡᠭᠦᠨ ᠤ ᠬᠠᠮᠲᠤ᠂ ᠠᠷᠠᠴᠢᠯᠠᠨ ᠲᠡᠵᠢᠭᠡᠬᠦ ᠳᠤ ᠵᠤᠷᠢᠭᠤᠯᠤᠨ ᠲᠠᠷᠢᠵᠣ | ᠣᠷᠭᠤᠭᠤᠯᠬᠤ᠂ ᠮᠠᠯᠵᠢᠬᠤ ᠦᠢᠯᠡᠳᠪᠦᠷᠢᠯᠡᠯ ᠳᠤ ᠵᠤᠷᠢᠭᠤᠯᠤᠨ ᠲᠠᠷᠢᠮᠠᠯ ᠢ ᠪᠠᠷᠢᠮᠲᠠᠯᠠᠵᠤ᠂ ︽ᠠᠮᠤ ᠪᠤᠳᠠᠭ᠎ᠠ ᠶᠢ | ᠪᠣᠷᠳᠤᠭ᠎ᠠ ᠪᠣᠯᠭᠠᠬᠤ︾ ᠶᠢ ᠠᠬᠢᠭᠤᠯᠵᠤ᠂ ᠥᠨᠳᠥᠷ ᠣᠨᠠᠯᠳᠠᠳᠣ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠪᠣᠯᠤᠨ | ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ ᠲᠠᠯᠠᠪᠠᠢ ᠶᠢ ᠥᠷᠭᠡᠳᠬᠡᠵᠦ᠂ 10 ᠲᠦᠮᠡᠨ ᠮᠦ ᠲᠠᠷᠢᠶᠠᠨ ᠭᠠᠵᠠᠷ ᠤᠨ | ᠡᠭᠡᠯᠵᠢᠯᠡᠨ ᠲᠠᠷᠢᠬᠤ ᠲᠤᠷᠰᠢᠯᠲᠠ ᠶᠢᠨ ᠴᠢᠭ᠋ ᠪᠣᠯᠤᠨ 12 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠣᠷᠳᠣᠭᠤᠷ᠂ ᠲᠠᠷᠢᠶᠠᠨ ᠡᠮ᠂ ᠤᠰᠤ᠂ | ᠰᠦᠯᠢᠶᠣᠣ ᠪᠦᠷᠬᠦᠪᠴᠢ ᠬᠡᠷᠡᠭᠯᠡᠬᠦ ᠶᠢ ᠪᠠᠭᠠᠰᠬᠠᠵᠣ᠂ ᠲᠠᠷᠢᠶᠠᠨ ᠭᠠᠵᠠᠷ ᠤᠨ ᠴᠢᠨᠠᠷ ᠳᠡᠰ ᠢ ᠳᠡᠭᠡᠭᠰᠢᠯᠡᠭᠦᠯᠦᠨ᠎ᠡ᠃ | ᠪᠠᠷᠢᠮᠵᠢᠶᠠᠳᠣ ᠲᠣᠭᠳᠠᠯᠴᠠᠭ᠎ᠠ᠂ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠬᠤ ᠲᠣᠭᠳᠠᠯᠴᠠᠭ᠎ᠠ᠂ ᠠᠮᠢᠲᠠᠨ ᠤᠷᠭᠤᠮᠠᠯ | ᠤᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠪᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠣ ᠴᠢᠨᠠᠷ ᠤᠨ ᠠᠶᠣᠯᠭᠦᠢ ᠶᠢᠨ ᠲᠣᠭᠳᠠᠯᠴᠠᠭ᠎ᠠ ᠵᠢᠴᠢ ᠨᠡᠶᠢᠭᠡᠮᠴᠢᠯᠡᠭᠰᠡᠨ ᠦᠢᠯᠡᠴᠢᠯᠡᠭᠡ ᠪᠠ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯ ᠠᠵᠤ | ᠠᠬᠤᠢ ᠲᠠᠷᠢᠶᠠᠯᠠᠩ ᠤᠨ ᠪᠦᠬᠦ ᠠᠵᠤ ᠦᠢᠯᠡᠰ᠂ ᠪᠦᠬᠦ ᠬᠡᠯᠬᠢᠶᠡᠵᠢᠯᠳᠡ ᠶᠢᠨ ᠴᠢᠨᠠᠷ ᠰᠠᠶᠢᠲᠠᠶ ᠬᠥᠭᠵᠢᠯᠲᠡ ᠶᠢ | ᠲᠦᠯᠬᠢᠨ ᠠᠬᠢᠭᠤᠯᠤᠨ᠎ᠠ᠃ | ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠡᠬᠡ ᠤᠯᠤᠰ ᠤᠨ | ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠰᠢᠯᠢ ᠶᠢᠨ ᠭᠤᠤᠯ ᠤᠨ ᠲᠠᠯ᠎ᠠ ᠨᠤᠲᠤᠭ ᠢᠶᠠᠨ ᠰᠠᠶᠢᠲᠤᠷ ᠬᠠᠮᠠᠭᠠᠯᠠᠨ᠂ ᠰᠠᠶᠢᠲᠤᠷ ᠪᠦᠲᠦᠭᠡᠨ ᠪᠠᠶᠢᠭᠤᠯᠬᠤ | ᠴᠢᠬᠤᠯᠠ ᠶᠡᠭᠡ ᠤᠯᠤᠰ ᠲᠥᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ | ᠨᠢᠭᠡ ᠳᠤ᠂ ᠡᠬᠢ ᠡᠭᠦᠰᠦᠯ ᠠᠴᠠ ᠨᠢ ᠬᠢᠵᠠᠭᠠᠷᠯᠠᠬᠤ ᠶᠢ ᠴᠢᠩᠭᠠᠳᠬᠠᠨ᠎ᠠ᠃ ᠲᠥᠪ ᠤᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠲᠤᠬᠠᠶ ᠱᠠᠭᠠᠷᠳᠠᠯᠭ᠎ᠠ ᠶᠣᠰᠣᠭᠠᠷ᠂ | ᠠᠶᠢᠮᠠᠭ᠂ ᠬᠤᠰᠢᠭᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠦᠨᠳᠦᠷ ᠴᠢᠨᠠᠷᠲᠠᠢ ᠲᠦᠯᠤᠪᠵᠢᠭᠦᠯᠵᠤ᠂ ᠵᠢᠯ ᠤᠨ ᠰᠡᠭᠦᠯᠴᠢ ᠠᠴᠠ ᠡᠮᠦᠨ᠎ᠡ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠦᠭᠵᠢᠬᠦᠯᠵᠣ ᠬᠠᠮᠠᠭᠠᠯᠠᠬᠤ ︽ ᠬᠠᠭᠤᠳᠠᠰᠣᠳᠣ ᠵᠢᠷᠤᠭ︾ ᠢ ᠠᠩᠬ᠎ᠠ | ᠠᠯᠬᠤᠮ ᠲᠦᠯᠦᠪᠰᠢᠬᠦᠯᠦᠨᠡ ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠲᠦᠯᠦᠪᠯᠡᠭᠦ ᠲᠠᠢ ᠤᠶᠠᠯᠳᠤᠭᠤᠯᠤᠨ᠂ ᠠᠮᠢ ᠠᠬᠤᠶ᠂ ᠲᠠᠷᠢᠶᠠᠯᠠᠩ᠂ ᠬᠤᠲᠠ ᠪᠠᠯᠭᠠᠰᠤ ᠵᠡᠷᠭᠡ | ᠴᠢᠳᠠᠮᠵᠢ ᠶᠢᠨ ᠣᠷᠣᠨ ᠵᠠᠶ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠣ ᠶᠢ ᠨᠡᠭᠡᠭᠡᠨ ᠬᠥᠭᠵᠢᠭᠦᠯᠬᠦ | ᠵᠠᠭᠠᠭ ᠱᠣᠭᠤᠮ ᠵᠡᠷᠭᠡ ᠭᠤᠷᠪᠠᠨ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠬᠤ ᠶᠢᠨ ᠬᠠᠮᠳᠣ ᠴᠢᠩᠭ᠎ᠠ ᠰᠠᠬᠢᠨ᠎ᠠ᠃ | ᠬᠤᠶᠠᠷ ᠲᠤ᠂ ᠦᠷᠭᠦᠯᠵᠢᠯᠡᠨ ᠰᠡᠷᠭᠦᠭᠡᠨ ᠵᠠᠰᠠᠨ᠎ᠠ᠃ ᠪᠡᠭᠡᠵᠢᠩ ᠲᠢᠶᠠᠨᠵᠢᠨ ᠤᠨ ᠡᠯᠡᠰᠦᠨ ᠤ ᠡᠬᠢ ᠪᠠ | ᠬᠤᠶᠠᠷ ᠶᠡᠭᠡ ᠡᠯᠡᠰᠦᠷᠬᠡᠭ ᠭᠠᠵᠠᠷ ᠤᠨ ᠬᠦᠨᠳᠦ ᠡᠯᠡᠰᠦᠷᠬᠡᠭᠵᠢᠭᠰᠡᠨ ᠣᠷᠣᠨ ᠢ ᠵᠠᠰᠠᠬᠤ᠂ ᠬᠡᠪᠴᠢᠶᠡᠵᠢᠭᠰᠡᠨ ᠣᠢ | ᠰᠢᠭᠤᠢ ᠶᠢᠨ ᠲᠠᠯᠠᠪᠠᠢ ᠶᠢ ᠪᠦᠲᠦᠭᠡᠨ ᠪᠠᠶᠢᠭᠤᠯᠬᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ | ᠵᠠᠰᠠᠨ ᠰᠡᠷᠭᠦᠭᠡᠬᠦ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ ᠣᠢ ᠰᠢᠭᠤᠢ ᠶᠢᠨ | ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ 95 ᠲᠦᠮᠡᠨ ᠮᠤ᠋ ᠳᠤ ᠬᠦᠷᠭᠡᠵᠣ ᠂ 80 ᠲᠦᠮᠡᠨ ᠮᠤ᠋ | ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠲᠤᠷᠰᠢᠯᠲᠠ ᠶᠢᠨ ᠴᠢᠭ᠋ ᠤᠨ ᠠᠵᠢᠯ ᠢ ᠪᠡᠶᠡᠯᠡᠭᠦᠯᠦᠨ᠎ᠡ᠃ | ︽ᠬᠠᠮᠠᠭᠠᠯᠠᠯᠲᠠ ᠶᠢᠨ ᠣᠷᠣᠨ ᠤ ᠳᠣᠲᠣᠷ᠎ᠠ ᠮᠠᠯᠵᠢᠵᠣ ᠲᠠᠷᠢᠶᠠᠯᠠᠬᠤ ᠶᠢ ᠪᠦᠬᠦᠨ ᠢ ᠵᠣᠭᠰᠣᠭᠠᠵᠣ᠂ | ᠬᠠᠮᠠᠭᠠᠯᠠᠯᠲᠠ ᠶᠢᠨ ᠣᠷᠣᠨ ᠠᠴᠠ ᠭᠠᠳᠠᠨᠠᠬᠢ ᠶᠢ ᠪᠦᠬᠦᠨ ᠢ ᠨᠣᠭᠤᠭᠠᠷᠠᠭᠤᠯᠬᠤ︾ ᠱᠠᠭᠠᠷᠳᠠᠯᠭ᠎ᠠ ᠶᠣᠰᠣᠭᠠᠷ᠂ 5 | ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 3 ᠠᠵᠤ | ᠠᠬᠤᠶᠢᠯᠠᠯ ᠢ ᠪᠦᠬᠦᠨ ᠢ ᠭᠠᠷᠭᠠᠵᠣ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ | ᠥᠬᠡᠶ 29 ᠠᠭᠤᠷᠬᠠᠶ ᠶᠢ ᠰᠢᠨ᠎ᠡ ᠪᠠᠷ ᠪᠠᠶᠢᠭᠤᠯᠵᠤ᠂ ︽ ᠭᠤᠷᠪᠡᠨ ᠲᠤᠭᠤᠷᠢᠭ ᠬᠤᠶᠠᠷ ᠱᠤᠭᠤᠮ︾ ᠤᠨ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠰᠠᠶᠢᠲᠤᠷ ᠬᠢᠨ᠎ᠡ᠃ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠣᠯᠳᠠ ᠶᠢᠨ ᠠᠵᠢᠯ ᠢ ᠴᠢᠩᠭᠠᠳᠬᠠᠵᠤ᠂ ᠰᠢᠯᠢ ᠶᠢᠨ ᠭᠤᠣᠯ ᠤᠨ ᠪᠦᠬᠦ ᠰᠠᠪᠠ ᠭᠠᠵᠠᠷ ᠤᠨ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠭᠤᠣᠯᠳᠠᠯᠭ᠎ᠠ ᠲᠠᠢ ᠠᠬᠢᠭᠤᠯᠤᠨ᠎ᠠ᠃ | ᠭᠤᠷᠪᠠ ᠳᠤ᠂ ᠬᠢᠨᠠᠨ ᠬᠠᠮᠢᠶᠠᠷᠣᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠳᠠ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠣ | ᠵᠦᠪᠰᠢᠶᠡᠷᠡᠭᠦᠯᠭᠦ᠂ ᠮᠠᠯ ᠪᠡᠯᠴᠢᠭᠡᠷ ᠤᠨ ᠲᠡᠩᠴᠡᠭᠦᠷᠢᠰᠢᠯ ᠪᠠ ᠪᠡᠯᠴᠢᠭᠡᠷᠯᠡᠬᠦᠯᠬᠦ ᠶᠢ ᠴᠠᠭᠠᠵᠠᠯᠠᠵᠣ ᠰᠡᠯᠬᠦᠨ | ᠮᠠᠯᠵᠢᠬᠤ ᠵᠡᠷᠭᠡ ᠬᠠᠮᠢᠶᠠᠷᠤᠨ ᠡᠵᠡᠮᠳᠡᠬᠦ ᠳᠦᠷᠢᠮ ᠢ ᠬᠢᠨᠠᠮᠠᠭᠠᠶ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠲᠤᠰᠬᠠᠶ ᠲᠦᠷᠦᠯ ᠢᠶᠠᠷ | ᠱᠠᠯᠠᠪᠳᠠᠭᠤᠯᠣᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ | ᠦᠷ᠎ᠡ ᠪᠦᠲᠦᠮᠵᠢ ᠶᠢ ᠳ᠋ᠦᠩᠨᠡᠨ ᠦᠨᠡᠯᠡᠨ᠎ᠡ᠃ ᠪᠦᠬᠦ ᠠᠶᠢᠮᠠᠭ ᠤᠨ ᠣᠢ ᠰᠢᠭᠤᠢ ᠨᠤᠲᠤᠭ ᠪᠡᠯᠴᠢᠭᠡᠷ ᠤᠨ ᠲᠣᠮᠣ | ᠳ᠋ᠠᠶᠢᠲ᠋ᠠ ᠶᠢᠨ ᠠᠮᠢ ᠠᠬᠤᠢ ᠶᠢᠨ ᠬᠢᠨᠠᠨ ᠡᠵᠡᠮᠳᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ | ᠣᠳᠣᠬᠢᠴᠢᠯᠠᠭᠰᠠᠨ ᠬᠢᠨᠠᠨ ᠴᠠᠭᠠᠵᠠᠯᠠᠵᠣ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠬᠤ ᠳᠦᠷᠢᠮ ᠬᠡᠷᠡᠭᠵᠢᠭᠦᠯᠵᠦ᠂ | ᠬᠠᠮᠲᠤᠷᠠᠭᠰᠠᠨ ᠬᠠᠤᠯᠢ ᠬᠡᠷᠡᠭᠵᠢᠬᠦᠯᠬᠦ ᠪᠠᠶᠢᠴᠠᠭᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ | ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠴᠢᠩᠭ᠎ᠠ ᠰᠢᠢᠳᠬᠡᠨ᠎ᠡ ᠃ | ︵ᠵᠢᠷᠭᠤᠭ᠎ᠠ︶ ᠪᠦᠬᠦ ᠬᠦᠴᠦᠨ ᠢᠶᠠᠷ ᠢᠶᠠᠨ ᠴᠢᠷᠮᠠᠶᠢᠬᠤ ᠂ ᠴᠢᠳᠡᠯ ᠤᠨ ᠪᠠᠨ ᠬᠢᠷᠢ ᠪᠠᠷ ᠬᠢᠬᠦ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠎ᠠ᠃ ᠲᠦᠭᠡᠮᠡᠯ ᠬᠠᠷᠠᠭᠠᠯᠵᠠᠳᠣ | ᠴᠢᠨᠠᠷᠲᠠᠶ᠂ ᠰᠠᠭᠤᠷᠢ ᠴᠢᠨᠠᠷᠲᠠᠶ᠂ ᠠᠭᠤᠳᠠᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠦᠢᠯᠡᠰ ᠢ ᠲᠣᠪᠣᠶᠢᠮ᠎ᠠ | ᠰᠠᠶᠢᠲᠤᠷ ᠠᠳᠬᠤᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ | ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢᠨ ᠬᠡᠮᠵᠢᠶ᠎ᠡ ᠪᠣᠯᠤᠨ ᠡᠳ᠋ ᠤᠨ ᠵᠠᠰᠠᠭ ᠤᠨ | ᠳᠠᠭᠠᠭᠠᠬᠤ ᠴᠢᠳᠠᠪᠦᠷᠢ ᠬᠠᠷᠢᠯᠴᠠᠨ ᠲᠣᠬᠢᠷᠠᠯᠴᠠᠭᠰᠠᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠵᠢᠴᠢ ᠨᠥᠬᠦᠪᠥᠷᠢ ᠶᠢᠨ ᠬᠢᠷᠢ ᠬᠡᠮᠵᠢᠶ᠎ᠡ ᠶᠢ ᠲᠤᠬᠢᠷᠡᠭᠤᠯᠬᠤ ᠲᠤᠭᠲᠠᠴᠠ ᠶᠢ ᠪᠠᠶᠢᠭᠤᠯᠵᠤ᠂ | ᠣᠨᠴᠠ ᠬᠦᠴᠢᠷᠳᠡᠯᠲᠡᠶ ᠨᠠᠰᠣᠳᠠᠨ᠂ ᠥᠨᠥᠴᠢᠨ ᠬᠡᠤᠬᠡᠳ᠂ ᠵᠡᠮᠳᠡᠭᠴᠦᠳ ᠵᠡᠷᠭᠡ ᠬᠦᠴᠢᠷᠳᠡᠯᠲᠡᠶ ᠬᠥᠮᠦᠰ ᠢ | ᠬᠠᠪᠰᠤᠷᠤᠨ ᠲᠡᠮᠵᠢᠵᠤ ᠲᠡᠳᠭᠦᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠦᠢᠯᠡᠰ ᠪᠣᠰᠬᠠᠵᠤ ᠠᠵᠢᠯ ᠣᠯᠭᠤᠬᠤ | ᠶᠠᠰᠣ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠢᠮᠠᠭ ᠤᠨ ᠲᠡᠰ ᠤᠨ ᠠᠵᠢᠯ ᠣᠯᠭᠤᠨ ᠦᠢᠯᠡᠰ | ᠪᠣᠰᠬᠠᠬᠤ ᠬᠥᠭᠵᠢᠯᠲᠡ ᠶᠢ ᠠᠬᠢᠭᠤᠯᠬᠤ ᠪᠡᠯᠡ ᠮᠥᠩᠭᠦ ᠶᠢ ᠪᠠᠶᠢᠭᠤᠯᠵᠤ᠂ ᠠᠵᠢᠯ ᠣᠯᠭᠤᠬᠤ ᠨᠥᠬᠦᠪᠥᠷᠢ ᠪᠠ | ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠦᠢᠯᠡᠰ ᠪᠣᠰᠬᠠᠬᠤ ᠶᠢ ᠲᠡᠳᠬᠦᠨ ᠳᠡᠮᠵᠢᠬᠦ᠂ | ᠴᠢᠳᠠᠪᠤᠷᠢ ᠶᠢᠨ ᠲᠡᠰ ᠳᠡᠪᠰᠢᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠬᠦ ᠵᠡᠷᠭᠡ ᠠᠵᠢᠯᠯᠠᠭ᠎ᠠ ᠶᠢ | ᠶᠠᠪᠣᠭᠤᠯᠵᠣ᠂ ᠭᠤᠣᠯᠳᠠᠯᠭ᠎ᠠ ᠲᠠᠢ ᠬᠠᠮᠳᠣ ᠣᠯᠠᠨ ᠪᠠ ᠠᠵᠢᠯ ᠣᠯᠬᠤ ᠳᠤ ᠬᠦᠴᠢᠷᠲᠡᠢ ᠬᠥᠮᠦᠰ ᠤᠨ ᠠᠵᠢᠯ | ᠣᠯᠭᠤᠯᠲᠠ ᠶᠢᠨ ᠪᠠᠲᠤᠯᠠᠭ᠎ᠠ ᠶᠢᠨ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ᠦᠢᠯᠡᠳᠪᠦᠷᠢᠯᠡᠯ ᠪᠠ ᠲᠤᠰᠬᠠᠢ | ᠮᠡᠷᠭᠡᠵᠢᠯ ᠢ ᠨᠢᠭᠳᠠ ᠠᠪᠴᠡᠯᠳᠤᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠨ᠎ᠠ | ᠃ ᠰᠤᠷᠭᠠᠨ ᠬᠥᠮᠦᠵᠢᠯ ᠤᠨ ᠬᠦᠷᠢᠶ᠎ᠡ ᠴᠠᠷ᠎ᠠ ᠳᠠᠬᠢ ᠲᠣᠪᠣᠶᠢᠮ᠎ᠠ ᠠᠰᠠᠭᠤᠳᠠᠯ ᠢ ᠲᠦᠷᠭᠡᠳᠭᠡᠨ | ᠰᠢᠢᠳᠪᠦᠷᠢᠯᠡᠵᠣ᠂ ︽ᠬᠡᠤᠬᠡᠳ ᠤᠨ ᠴᠡᠴᠡᠷᠯᠢᠭ ᠲᠤ ᠣᠷᠣᠬᠤ ᠬᠦᠴᠢᠷ︾᠂ ︽ ᠵᠠᠪᠠᠯ ᠰᠤᠷᠭᠠᠭᠤᠯᠢ ᠰᠣᠩᠭᠤᠬᠤ︾ | ᠂ ︽ᠳᠠᠷᠤᠭᠠᠰᠤ ᠬᠦᠨᠳᠦ︾ ᠵᠡᠷᠭᠡ ᠣᠯᠠᠨ ᠲᠦᠮᠡᠨ ᠤ ᠰᠠᠨᠠᠭᠠᠰᠢᠷᠠᠬᠤ᠂ ᠰᠡᠳᠬᠢᠯ ᠵᠣᠪᠠᠭ᠋ᠤ᠂ ᠰᠠᠨᠠᠭ᠎ᠠ ᠪᠣᠯᠬᠤ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠶᠢᠨ | ᠬᠠᠮᠢᠶᠠᠷᠤᠯᠲᠠ᠂ ᠮᠡᠷᠭᠡᠵᠢᠯ ᠤᠨ ᠴᠣᠯᠠ ᠲᠣᠭᠲᠠᠭᠠᠬᠤ ᠣᠷᠢᠨ ᠬᠡᠷᠡᠭᠯᠡᠬᠦ ᠪᠠ ᠬᠡᠤᠬᠡᠳ ᠤᠨ ᠴᠡᠴᠡᠷᠯᠢᠭ ᠤᠨ ᠪᠠᠭᠰᠢ | ᠳᠤᠲᠠᠭᠳᠠᠬᠤ᠂ ︽ᠠᠳᠠᠯᠢ ᠠᠵᠢᠯ ᠲᠦᠷᠦᠯ ᠳᠤ ᠠᠳᠠᠯᠢ ᠪᠣᠰᠣ ᠬᠥᠯᠥᠰᠥ ᠣᠯᠭᠤᠮᠵᠢ ᠣᠯᠭᠤᠬᠤ︾ ᠵᠡᠷᠭᠡ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠣ᠂ ᠰᠤᠷᠭᠠᠨ ᠬᠥᠮᠦᠵᠢᠯ ᠦᠢᠯᠡᠰ ᠤᠨ ᠡᠷᠬᠡ | ᠲᠡᠭᠰᠢ ᠪᠠᠶᠢᠬᠤ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠢᠨᠠᠮᠠᠭᠠᠢ ᠨᠠᠶᠢᠳᠠᠪᠣᠷᠢᠵᠢᠭᠤᠯᠵᠣ | ᠂ ︽ᠰᠤᠷᠭᠠᠭᠤᠯᠢ ᠶᠢᠨ ᠪᠠᠭᠰᠢ ᠣᠷᠢᠨ ᠬᠡᠷᠡᠭᠯᠡᠬᠦ ᠶᠢ ᠰᠢᠶᠠᠨ ᠠᠴᠠ ᠬᠠᠮᠢᠶᠠᠷᠬᠤ︾ ᠥᠭᠡᠷᠡᠴᠢᠯᠡᠯᠲᠡ ᠶᠢᠨ | ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠶᠢᠨ ᠰᠢᠨ᠎ᠡ | ᠰᠣᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠨᠡᠶᠢᠭᠡᠮ ᠤᠨ | ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠪᠠᠬᠢᠵᠢᠭᠦᠯᠵᠣ᠂ ᠠᠵᠤ ᠠᠬᠤᠶᠢᠯᠠᠯ ᠤᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠭᠠᠳᠤᠶ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠰᠤᠵᠢᠯ ᠤᠨ ᠮᠥᠩᠭᠦ ᠶᠢ | ᠴᠠᠭ ᠲᠤᠬᠠᠢ ᠳᠤᠨᠢ ᠲᠤᠭ᠎ᠠ ᠶᠣᠰᠣᠭᠠᠷ ᠲᠠᠷᠭᠠᠬᠠᠬᠤ ᠶᠢ ᠪᠠᠲᠤᠯᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠤᠨ᠎ᠠ᠃ ᠣᠳᠣᠬᠠᠨ ᠤ | ᠬᠡᠷᠡᠭᠵᠢᠭᠦᠯᠵᠦ ᠪᠠᠶᠢᠭ᠎ᠠ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠢᠨᠵᠢᠯᠡᠬᠦ | ᠤᠬᠠᠭᠠᠨᠴᠢ ᠵᠦᠶ ᠵᠣᠬᠢᠰᠲᠠᠶ ᠲᠣᠬᠢᠷᠠᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠦᠩᠭᠦᠨ ᠤ ᠲᠣᠰᠬᠠᠢ | ᠲᠦᠷᠦᠯ ᠤᠨ ᠵᠠᠰᠠᠯᠳᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠤ | ᠠᠮᠤᠷ ᠲᠦᠪᠰᠢᠨ ᠦᠷᠭᠦᠯᠵᠢᠯᠡᠬᠦ ᠶᠢ ᠦᠨᠡᠨᠬᠦ ᠪᠠᠲᠤᠯᠠᠨ᠎ᠠ᠃ ᠣᠳᠣ ᠪᠠᠶᠢᠭ᠎ᠠ ᠮᠠᠯᠵᠢᠬᠤ ᠣᠷᠣᠨ ᠤ ᠨᠠᠰᠤᠵᠢᠯ ᠤᠨ | ᠦᠢᠯᠡᠴᠢᠯᠡᠭᠡᠨ ᠤ ᠵᠠᠭᠪᠤᠷ ᠢ ᠳ᠋ᠦᠩᠨᠡᠨ ᠳᠡᠭᠡᠭᠰᠢᠯᠡᠭᠦᠯᠵᠦ᠂ ᠨᠡᠶᠢᠭᠡᠮ ᠤᠨ ᠬᠦᠴᠦᠨ ᠤ ᠨᠠᠰᠤᠵᠢᠯ ᠤᠨ ᠦᠢᠯᠡᠴᠢᠯᠡᠭᠡᠨ | ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠯᠳᠠ ᠳᠤ ᠣᠷᠣᠯᠴᠠᠬᠤ ᠶᠢ ᠬᠥᠲᠥᠯᠥᠨ ᠵᠢᠯᠣᠭᠤᠳᠴᠤ | ᠂ ᠣᠯᠠᠨ ᠳᠡᠰ ᠲᠠᠪᠬᠤᠷᠭᠠᠳᠣ ᠣᠯᠠᠨ ᠶᠠᠩᠵᠣᠳᠣ ᠬᠠᠩᠭᠠᠯᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ | ᠰᠠᠭᠤᠷᠢᠰᠢᠨ ᠠᠮᠢᠳᠣᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠭᠡᠷ | ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠣᠯᠭᠤᠬᠤ᠂ ᠥᠩᠭᠡᠷᠡᠭᠡᠭᠰᠡᠨ ᠤ ᠨᠣᠷᠠᠮᠠᠷ ᠭᠡᠷ ᠪᠠᠶᠢᠰᠢᠩ | ᠢ ᠵᠠᠰᠠᠨ ᠰᠢᠨᠡᠴᠢᠯᠡᠭᠰᠡᠨ ᠥᠷᠢ ᠦᠭᠴᠡᠭᠡ ᠪᠠ ᠬᠤᠭᠤᠴᠠᠭ᠎ᠠ ᠨᠢ ᠬᠡᠳᠦᠷᠡᠵᠣ ᠲᠥᠪᠬᠢᠨᠡᠭᠦᠯᠦᠭᠡᠳᠦᠶ ᠵᠡᠷᠭᠡ | ᠦᠯᠡᠳᠡᠭᠳᠡᠯ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠬᠤᠲᠠ ᠪᠠᠯᠭᠠᠰᠤᠨ ᠤ ᠬᠦᠴᠢᠷᠳᠡᠯᠲᠡᠢ ᠣᠯᠠᠨ | ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠬᠠᠭᠤᠴᠢᠨ ᠰᠠᠭᠤᠭᠠᠯᠢ | ᠲᠣᠭᠤᠷᠢᠭ ᠪᠠ ᠬᠠᠮᠢᠶᠠᠷᠤᠯᠲᠠ ᠶᠢᠨ ᠬᠠᠭᠤᠴᠢᠨ ᠲᠣᠣᠷ ᠢ ᠥᠭᠡᠷᠡᠴᠢᠯᠡᠬᠦ᠂ ᠤᠰᠤᠨ ᠤ ᠴᠢᠨᠠᠷ ᠢ ᠳᠡᠭᠡᠭᠰᠢᠯᠡᠭᠦᠯᠬᠦ | ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ | ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠣᠷᠴᠢᠨ ᠲᠣᠭᠤᠷᠢᠨ ᠤ ᠨᠣᠭᠤᠭᠠᠷᠠᠭᠤᠯᠤᠯᠲᠠ ᠵᠡᠷᠭᠡ | ᠣᠯᠠᠨ ᠨᠡᠶᠢᠲᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠭᠰᠡᠨ ᠠᠵᠢᠯᠯᠠᠯᠳᠠ ᠪᠠ ᠠᠳᠠᠯ ᠠᠬᠤᠢ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ | ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠤᠰᠤ ᠴᠠᠬᠢᠯᠭᠠᠨ | ᠵᠠᠮ ᠴᠢᠮᠡᠭᠡ ᠬᠤᠯᠪᠣᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠰᠠᠭᠤᠷᠢᠰᠢᠨ ᠠᠮᠢᠳᠣᠷᠠᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠶᠢ ᠭᠦᠨᠵᠡᠭᠡᠶ | ᠥᠷᠨᠢᠭᠦᠯᠦᠨ᠂ ᠲᠣᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ︽ᠵᠣᠷᠯᠣᠩ ᠤᠨ ᠦᠭᠡᠷᠡᠴᠢᠯᠡᠯᠳᠡ | ︾ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠪᠠ ᠪᠣᠵᠠᠷ ᠤᠰᠤ ᠶᠢ ᠭᠠᠳᠠᠭᠰᠢᠯᠠᠭᠤᠯᠬᠤ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠪᠠᠬᠢᠵᠢᠭᠦᠯᠬᠦ ᠶᠢ | ᠴᠢᠩᠭᠠᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ | ᠢ ᠴᠣᠭᠴᠠᠯᠠᠬᠤ ᠠᠵᠢᠯ ᠢ ᠡᠬᠢᠯᠡᠭᠦᠯᠵᠦ᠂ ︽ᠣᠶᠤᠨᠴᠢ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠳᠠᠬᠢ ᠵᠠᠬᠢᠳᠠᠯ | ᠰᠣᠷᠪᠣᠯᠵᠢᠯᠠᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠬᠠᠯᠬᠠᠪᠴᠢ ᠶᠢ ᠪᠠᠬᠢᠵᠢᠭᠦᠯᠦᠨ᠎ᠡ᠃ | ︵ᠳᠣᠯᠤᠭ᠎ᠠ︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠦᠨᠳᠦᠷ ᠴᠢᠨᠠᠷᠲᠠᠢ | ᠨᠠᠶᠢᠷᠠᠭᠤᠯᠤᠨ ᠲᠣᠭᠳᠠᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ | ᠠᠶᠢᠮᠠᠭ ᠤᠨ ᠬᠦᠭᠵᠢᠭᠦᠯᠦᠯᠳᠡ ᠶᠢᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠪᠠᠨ | ᠰᠢᠯᠢᠳᠡᠭᠵᠢᠭᠦᠯᠬᠦ᠂ ᠤᠷᠤᠯᠭ᠎ᠠ ᠶᠢᠨ ᠨᠡᠮᠡᠭᠳᠡᠯ ᠤᠨ ᠬᠦᠴᠦᠨ ᠢᠶᠠᠨ ᠬᠤᠪᠢᠷᠠᠭᠤᠯᠬᠤ ᠵᠠᠩᠭᠢᠯᠠᠭ᠎ᠠ ᠶᠢᠨ ᠴᠠᠭ | ᠬᠤᠭᠤᠴᠠᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠶᠡᠷᠦᠩᠬᠡᠶ ᠲᠥᠯᠥᠪᠵᠢᠭᠦᠯᠪᠡ ᠪᠣᠯᠤᠨ ᠲᠤᠰᠬᠠᠶ ᠲᠦᠷᠦᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠣᠭᠳᠠᠭᠠᠬᠤ | ᠠᠵᠢᠯ ᠢ ᠱᠠᠯᠠᠪᠳᠠᠨ ᠡᠬᠢᠯᠡᠭᠦᠯᠦᠨ᠎ᠡ᠃ ᠲᠥᠷᠦ ᠶᠢᠨ ᠪᠣᠳᠣᠯᠭ᠎ᠠ ᠶᠢ ᠬᠢᠨᠠᠮᠠᠭᠠᠶ ᠰᠤᠳᠤᠯᠵᠤ ᠂ ᠲᠥᠪ ᠤᠨ ᠲᠥᠷᠦ ᠶᠢᠨ | ᠪᠣᠳᠣᠯᠭ᠎ᠠ᠂ ᠤᠯᠤᠰ ᠤᠨ ᠪᠠᠶᠢᠯᠳᠤᠬᠤ ᠪᠣᠳᠣᠯᠭ᠎ᠠ ᠶᠢ ᠣᠨᠣᠪᠴᠢᠲᠠᠢ ᠡᠵᠡᠮᠳᠡᠨ᠂ ᠣᠷᠣᠨ ᠪᠦᠰᠡ ᠶᠢᠨ ᠬᠠᠷᠠᠭᠠᠰᠣ | ᠠᠴᠠ ᠭᠠᠷᠳᠠᠵᠣ᠂ ᠨᠠᠩ ᠴᠤ ᠪᠦᠬᠦ ᠲᠠᠯ᠎ᠠ ᠪᠠᠷ ᠪᠣᠳᠣᠯᠬᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠠ ᠶᠡᠭᠡ ᠰᠡᠳᠦᠪ ᠤᠳ ᠰᠤᠳᠤᠯᠭᠠᠨ ᠢ ᠭᠦᠨᠵᠡᠭᠡᠶ ᠥᠷᠨᠢᠭᠦᠯᠵᠦ᠂ | ᠬᠥᠭᠵᠢᠯᠲᠡ ᠶᠢᠨ ᠠᠵᠠ ᠲᠣᠬᠢᠶᠠᠯ ᠢ ᠣᠨᠣᠪᠴᠢᠲᠠᠶ ᠰᠤᠳᠦᠯᠦᠨ᠂ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ | ᠬᠦᠨᠵᠡᠭᠡᠢ ᠵᠠᠳᠠᠯᠠᠵᠣ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠭᠦᠭᠵᠢᠭᠦᠯᠦᠯᠳᠡ ᠶᠢᠨ ᠬᠠᠷᠠᠯᠲᠠ᠂ ᠠᠵᠢᠯ ᠤᠨ ᠰᠡᠳᠬᠢᠴᠡ᠂ ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ | ᠤᠬᠠᠭᠠᠨᠴᠢ ᠪᠠᠷ ᠳᠤᠷᠠᠳᠤᠨ ᠭᠠᠷᠭᠠᠵᠤ᠂ ᠲᠥᠯᠥᠪᠵᠢᠭᠦᠯᠭᠡ ᠶᠢᠨ ᠣᠷᠢᠳᠠᠴᠢ ᠴᠢᠨᠠᠷ᠂ ᠵᠢᠯᠣᠭᠤᠳᠬᠤ ᠴᠢᠨᠠᠷ ᠪᠠ | ᠬᠡᠷᠡᠭᠵᠢᠭᠦᠰᠢᠲᠠᠢ ᠴᠢᠨᠠᠷ ᠢ ᠦᠨᠡᠨᠬᠦ ᠪᠠᠲᠤᠯᠠᠨ᠎ᠠ᠃ ᠬᠥᠭᠵᠢᠯᠲᠡ ᠶᠢᠨ ᠤᠳᠤᠷᠢᠳᠤᠮᠵᠢ ᠶᠢ ᠡᠵᠡᠮᠳᠡᠵᠦ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ | ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠠᠲᠤ | ᠡᠵᠡᠮᠳᠡᠵᠦ᠂ ︽ᠶᠠᠭᠤ ᠬᠥᠭᠵᠢᠭᠦᠯᠬᠦ ᠶᠢ ᠵᠣᠷᠢᠭᠵᠢᠭᠤᠯᠬᠤ᠂ ᠶᠠᠭᠤ ᠬᠥᠭᠵᠢᠭᠦᠯᠬᠦ ᠶᠢ ᠬᠢᠵᠠᠭᠠᠷᠯᠠᠬᠤ᠂ | ᠶᠠᠭᠤ ᠬᠥᠭᠵᠢᠭᠦᠯᠵᠦ ᠪᠤᠯᠬᠤ ᠥᠬᠡᠶ︾ ᠪᠠᠶᠢᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠥᠭᠵᠢᠯᠲᠡ ᠶᠢ | ᠵᠣᠷᠢᠭᠵᠢᠭᠤᠯᠬᠤ ᠳᠤ ᠵᠣᠷᠢᠭᠤᠯᠣᠭᠰᠠᠨᠠᠷᠭᠠ ᠬᠡᠮᠵᠢᠶ᠎ᠡ ᠳᠤᠷᠠᠳᠴᠤ᠂ ᠬᠢᠵᠠᠭᠠᠷᠯᠠᠬᠤ ᠬᠥᠭᠵᠢᠯᠲᠡ ᠶᠢ ᠲᠣᠳᠣᠷᠬᠠᠶ | ᠠᠷᠭ᠎ᠠ ᠬᠡᠮᠵᠢᠶ᠎ᠡ ᠠᠪᠴᠤ᠂ ᠬᠦᠭᠵᠢᠬᠦᠯᠵᠣ ᠪᠤᠯᠬᠤ ᠦᠭᠡᠢ ᠶᠢ ᠨᠢ ︽ᠨᠠᠵᠠᠭᠠᠶ ᠲᠠᠯ᠎ᠠ ᠶᠢᠨ ᠨᠠᠷᠢᠨ ᠳᠠᠩᠰᠠ︾ | ᠲᠣᠭᠲᠠᠭᠠᠵᠤ᠂ ᠬᠢᠵᠣ ᠪᠣᠯᠬᠤ ᠪᠠ ᠬᠢᠵᠣ ᠪᠣᠯᠬᠤ ᠦᠭᠡᠢ ᠪᠠᠶᠢᠬᠤ ᠶᠢ ᠬᠦᠢᠴᠡᠳᠬᠡᠨ᠎ᠡ᠃ ᠲᠤᠲᠡᠭ᠌ᠳᠡᠯ ᠵᠥᠷᠢᠶ᠎ᠡ | ᠪᠠᠨ ᠤᠨᠤᠪᠴᠢᠳᠡᠢ ᠡᠷᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯ ᠢ ᠪᠦᠬᠦ ᠲᠠᠯ᠎ᠠ ᠪᠠᠷ ᠳ᠋ᠦᠩᠨᠡᠵᠦ | ᠦᠨᠡᠯᠡᠭᠰᠡᠨ ᠰᠠᠭᠤᠷᠢᠨ ᠳᠡᠭᠡᠷ᠎ᠡ᠂ ᠲᠣᠰ ᠪᠡᠶ᠎ᠡ ᠶᠢᠨ ᠳᠠᠪᠠᠭᠤᠯᠢᠭ ᠲᠠᠯ᠎ᠠ ᠲᠠᠢ ᠪᠡᠶᠢᠬᠤ ᠪᠥᠭᠡᠳ ᠨᠠᠩ ᠴᠤ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠪᠣᠶᠢᠮ᠎ᠠ ᠣᠷᠣᠰᠢᠵᠣ ᠪᠠᠶᠢᠭ᠎ᠠ ᠲᠤᠲᠡᠭ᠌ᠳᠡᠯ | ᠪᠣᠯᠤᠨ ᠵᠥᠷᠢᠶ᠎ᠡ ᠪᠠᠨ ᠡᠷᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠵᠠᠳᠠᠯᠵᠣ᠂ ᠲᠤᠲᠡᠭ᠌ᠳᠡᠯ ᠢᠶᠠᠨ ᠨᠥᠬᠦᠪᠥᠷᠢᠯᠡᠬᠦ | ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠲᠣᠷᠠᠳᠣᠨ᠎ᠠ᠃ ᠲᠥᠷᠥᠯ ᠵᠤᠶᠢᠯ ᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠣᠨ ᠲᠣᠭᠳᠠᠭᠠᠵᠣ ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠯᠤᠭ᠎ᠠ ᠤᠶᠠᠯᠳᠤᠭᠰᠠᠨ ᠴᠢᠭ ᠢ ᠤᠨᠤᠪᠴᠢᠲᠠᠢ ᠡᠷᠢᠵᠤ᠂ ᠲᠥᠷᠥᠯ ᠵᠤᠶᠢᠯ ᠢ ᠲᠥᠰᠦᠪᠯᠡᠬᠦ ᠦᠷᠭᠡᠴᠨ ᠪᠠ | ᠭᠦᠨᠴᠡ ᠶᠢ ᠨᠡᠮᠡᠭᠳᠡᠬᠦᠯᠵᠣ᠂ ᠴᠢᠨᠠᠷ ᠰᠠᠶᠢᠲᠠᠶ ᠲᠥᠷᠥᠯ ᠵᠤᠶᠢᠯ ᠤᠨ ᠲᠤᠯᠭᠠᠭᠤᠷᠢᠯᠠᠯ ᠢ ᠴᠢᠩᠭᠠᠷᠡᠭᠤᠯᠤᠨ᠂ ᠨᠠᠩ | ᠣᠯᠠᠨ ᠲᠥᠷᠥᠯ ᠵᠤᠶᠢᠯ ᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠠᠴᠠ ᠲᠥᠯᠥᠪᠵᠢᠭᠦᠯᠦᠭᠰᠡᠨ ︽ | ᠲᠣᠮᠣ ᠬᠡᠪᠴᠢᠶ᠎ᠡ︾ ᠳᠤ ᠣᠷᠣᠭᠤᠯᠬᠤ ᠪᠠᠷ ᠴᠢᠷᠮᠠᠶᠢᠨ᠎ᠠ᠃ | ︵ ᠨᠠᠢᠮᠠ︶ ᠵᠠᠰᠠᠭ ᠤᠨ ᠣᠷᠳᠣᠨ ᠤ ᠵᠠᠰᠠᠯᠳᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠠᠴᠠ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠵᠠᠰᠠᠭ ᠤᠨ | ᠣᠷᠳᠣᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠳᠡᠭᠡᠳᠣ ᠳᠡᠰ ᠤᠨ ᠵᠢᠷᠤᠭ ᠲᠥᠯᠥᠪᠯᠡᠭᠡ ᠪᠠ | ᠰᠢᠰᠲ᠋ᠧᠮᠳᠣ ᠪᠠᠶᠢᠷᠢᠯᠠᠭᠤᠯᠣᠯᠳᠠ ᠬᠢᠨ᠎ᠠ᠃ ᠠᠶᠢᠮᠠᠭ ᠤᠨ ᠵᠠᠬᠢᠷᠭ᠎ᠠ ᠪᠠ ᠡᠯ᠎ᠡ ᠱᠠᠲᠤᠨ ᠤ ᠵᠠᠰᠠᠭ ᠤᠨ ᠣᠷᠳᠣᠨ | ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠦᠬᠦ ᠠᠶᠢᠮᠠᠭ ᠤᠨ | ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ᠵᠠᠰᠠᠭ ᠢᠶᠠᠨ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠨᠡᠶᠢᠳᠠᠪᠦᠷᠢᠵᠢᠭᠤᠯᠵᠤ᠂ ᠨᠠᠮ | ᠨᠢ ᠨᠠᠮ ᠢᠶᠠᠨ ᠬᠠᠮᠢᠶᠠᠷᠬᠤ᠂ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠢ ᠴᠢᠩᠭ᠎ᠠ ᠵᠠᠰᠠᠬᠤ ᠪᠦᠬᠦ | ᠶᠠᠪᠤᠴᠠ ᠳᠤ ᠨᠡᠶᠢᠳᠠᠪᠦᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠵᠣ ᠡᠯ᠎ᠡ | ᠬᠦᠷᠢᠶ᠎ᠡ ᠴᠠᠷ᠎ᠠ ᠡᠯ᠎ᠡ ᠵᠠᠩᠭᠢᠯᠠᠭ᠎ᠠ ᠶᠢᠨ ᠭᠤᠭᠴᠤᠭ᠎ᠠ ᠭᠦᠷᠳᠡᠯ᠎ᠡ ᠨᠠᠶᠢᠳᠠᠪᠣᠷᠢᠵᠢᠭᠤᠯᠵᠣ᠂ ᠵᠠᠰᠠᠭ ᠤᠨ ᠵᠠᠷᠯᠢᠭ ᠤᠨ | ᠰᠠᠭᠠᠳ ᠦᠭᠡᠢ ᠨᠡᠪᠳᠡᠷᠡᠭᠦ᠂ ᠵᠠᠷᠯᠢᠭ ᠢ ᠴᠢᠩᠭ᠎ᠠ ᠪᠡᠶᠡᠯᠡᠭᠦᠯᠬᠦ ᠶᠢ ᠦᠨᠡᠨᠬᠦ ᠪᠠᠲᠣᠯᠠᠨ᠎ᠠ᠃ ᠠᠷᠢᠭᠤᠨ ᠴᠢᠬᠡᠴᠢ ᠵᠠᠰᠠᠭ | ᠤᠨ ᠪᠠᠶᠢᠭᠤᠯᠣᠯᠳᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡᠳᠦᠭᠡᠷ ᠬᠠᠷᠢᠭᠤᠴᠠᠯᠭ᠎ᠠ ᠪᠠ ︽ᠨᠢᠭᠡ ᠠᠵᠢᠯ ᠤᠨ | ᠪᠠᠶᠢᠷᠢ ᠳᠠᠬᠢ ᠬᠤᠣᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠡᠷᠡᠭᠵᠢᠭᠦᠯᠵᠣ᠂ ᠭᠤᠣᠯᠳᠠᠯᠭ᠎ᠠ ᠲᠠᠢ ᠬᠦᠷᠢᠶ᠎ᠡ ᠴᠠᠷ᠎ᠠ | ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠳᠦᠷᠢᠮ ᠲᠣᠭᠲᠠᠭᠠᠯ ᠤᠨ ︽ᠰᠢᠩᠭᠡᠯᠢᠭ︾ ᠢ ᠴᠢᠩᠭ᠎ᠠ | ᠠᠳᠬᠤᠵᠤ᠂ ᠰᠠᠬᠢᠯᠭ᠎ᠠ ᠪᠠᠲᠤ ᠶᠢᠨ ᠬᠦᠯᠢᠶᠡᠰᠦᠯᠡᠯ ᠪᠠ ᠲᠥᠷᠦ ᠶᠢᠨ ᠪᠣᠳᠣᠯᠭ᠎ᠠ ᠶᠢᠨ ᠬᠤᠷᠢᠭ᠎ᠠ ᠱᠤᠭᠤᠮ ᠢ | ᠴᠢᠩᠭᠠᠳᠬᠠᠨ᠂ ᠣᠯᠠᠨ ᠨᠡᠶᠢᠲᠡ ᠶᠢᠨ ᠪᠡᠯᠡ ᠮᠥᠩᠭᠦ᠂ ᠣᠯᠠᠨ ᠨᠡᠶᠢᠲᠡ ᠶᠢᠨ ᠡᠳ᠋ ᠬᠥᠷᠥᠩᠭᠡ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠮᠤᠷ ᠲᠦᠪᠰᠢᠨ ᠤ ᠥᠨᠳᠥᠷ ᠦᠷ᠎ᠡ ᠪᠦᠲᠦᠮᠵᠢᠲᠡᠢ ᠠᠵᠢᠯᠯᠠᠯᠳᠠ ᠶᠢ ᠪᠠᠲᠤᠯᠠᠵᠤ᠂ ᠠᠷᠢᠭᠤᠨ | ᠴᠢᠬᠡᠴᠢ ᠵᠠᠰᠠᠭ ᠤᠨ ᠶᠠᠪᠤᠳᠠᠯ ᠤᠨ ᠲᠥᠪ ᠴᠢᠭᠡᠴᠢ ᠣᠷᠴᠢᠨ ᠲᠣᠭᠤᠷᠢᠨ ᠢ ᠪᠣᠢ ᠪᠣᠯᠭᠠᠨ᠎ᠠ᠃ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠢᠱᠢᠶ᠎ᠡ ᠦᠵᠡᠭᠦᠯᠦᠨ ᠴᠣᠭᠴᠠᠯᠠᠨ | ᠪᠠᠶᠢᠭᠤᠯᠬᠤ ᠦᠷᠨᠢᠯᠳᠡ ᠪᠠᠷ ᠲᠣᠬᠢᠶᠠᠯ ᠪᠣᠯᠭᠠᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ | ᠠᠷᠭ᠎ᠠ ᠠᠪᠴᠠᠯ ᠢ ᠬᠡᠷᠡᠭᠵᠢᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠲᠦᠯᠬᠢᠨ ᠠᠬᠢᠭᠤᠯᠬᠤ | ᠂ ᠵᠥᠷᠢᠴᠡᠯ ᠢ ᠨᠠᠮᠳᠠᠭᠤᠯᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ᠂ ᠠᠷᠠᠳᠴᠢᠯᠠᠭᠰᠠᠨ᠂ ᠬᠠᠤᠯᠢ ᠶᠣᠰᠣᠭᠠᠷ | ᠰᠢᠢᠳᠪᠦᠷᠢᠲᠤ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠤ | ᠪᠣᠳᠣᠯᠭ᠎ᠠ ᠲᠣᠭᠲᠠᠭᠠᠬᠤ ᠴᠣᠪᠣᠷᠠᠯ ᠤᠨ ᠲᠦᠷ ᠬᠡᠷᠡᠭᠵᠢᠭᠦᠯᠬᠦ ᠳᠦᠷᠢᠮ︾ ᠢ ᠬᠢᠨᠠᠮᠠᠭᠠᠶ ᠨᠠᠶᠢᠳᠠᠪᠣᠷᠢᠵᠢᠭᠤᠯᠵᠣ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠴᠢᠩᠭ᠎ᠠ ᠬᠡᠷᠡᠭᠵᠢᠭᠦᠯᠦᠨ᠎ᠡ ᠃ ᠬᠠᠷᠢᠭᠤᠴᠠᠯᠭ᠎ᠠ ᠡᠭᠦᠷᠭᠡᠯᠡᠭᠦ ᠪᠠᠨ ᠴᠢᠩᠭᠠᠳᠬᠠᠵᠤ ᠂ ᠣᠯᠠᠨ ᠶᠠᠩᠵᠤ | ᠶᠢᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠠᠷᠢᠯᠭᠠᠵᠤ᠂ ︽ᠪᠣᠳᠠᠲᠠᠶ ᠠᠵᠢᠯᠯᠠᠬᠤ ᠶᠢ ᠴᠢᠬᠤᠯᠠᠴᠢᠯᠠᠬᠤ︾ | ᠂ ︽ ᠲᠠᠷᠣᠢ ᠳᠤᠨᠢ ᠭᠦᠢᠴᠡᠳᠭᠡᠭᠦ︾ ᠰᠤᠷᠲᠠᠯ ᠢ ᠰᠠᠨᠠᠭᠠᠴᠢᠯᠠᠵᠤ᠂ ᠪᠦᠲᠦᠭᠡᠯᠴᠢ ᠴᠢᠨᠠᠷᠲᠠᠶ ᠪᠠᠷ | ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠵᠣᠷᠢᠭᠵᠢᠭᠤᠯᠵᠤ᠂ ᠤᠳᠤᠷᠢᠳᠤᠯᠭ᠎ᠠ ᠰᠠᠯᠠᠭ᠎ᠠ ᠮᠥᠴᠢᠷ ᠢ ᠳᠠᠭᠠᠭᠤᠯᠤᠨ | ᠠᠵᠢᠯᠯᠠᠬᠤ᠂ ᠰᠠᠯᠠᠭ᠎ᠠ ᠮᠥᠴᠢᠷ ᠦᠨᠳᠦᠰᠦᠨ ᠱᠠᠲᠤᠨ ᠤ ᠠᠵᠢᠯᠯᠠᠬᠤ ᠶᠢ ᠳᠡᠮᠵᠢᠬᠦ ᠣᠬᠢ ᠰᠠᠶᠢᠨ ᠠᠭᠤᠷ | ᠠᠮᠢᠰᠬᠤᠯ ᠢ ᠪᠣᠢ ᠪᠣᠯᠭᠠᠨ᠎ᠠ᠃ ︽ᠳᠣᠬᠢᠶᠠᠨ ᠳ᠋ᠧᠩ︾ ᠤᠨ ᠤᠬᠠᠮᠰᠠᠷ ᠢ ᠪᠠᠲᠤ ᠪᠣᠶ ᠪᠣᠯᠭᠠᠵᠤ᠂ ︽ᠬᠢᠷᠢ | ᠪᠦᠲᠦᠮᠵᠢ ᠶᠢᠨ ᠬᠠᠭᠤᠳᠠᠰᠤ︾ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠵᠢᠭᠦᠯᠬᠦ ᠬᠦᠴᠦᠨ ᠢᠶᠠᠨ | ᠴᠢᠩᠭᠠᠷᠠᠭᠤᠯᠣᠨ᠂ ᠴᠠᠭ ᠮᠦᠴᠡ ᠲᠠᠢ ᠣᠷᠣᠯᠳᠣᠨ᠂ ᠣᠷᠢ ᠵᠠᠯᠠᠭᠤ ᠨᠠᠰᠣᠨ ᠤ ᠡᠷᠴᠢ ᠬᠦᠴᠦ ᠪᠠᠷ ᠬᠦᠴᠢᠷ | ᠪᠡᠷᠬᠡ ᠶᠢ ᠲᠤᠭᠤᠯᠤᠨ ᠳᠠᠪᠠᠭ᠋ᠤ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶ ᠨᠡᠶᠢᠭᠡᠮ ᠤᠨ ᠦᠷᠭᠦᠯᠵᠢᠯᠡᠬᠦᠶᠢᠴᠡ | ᠡᠷᠡᠭᠦᠯ ᠬᠦᠭᠵᠢᠯᠳᠡ ᠶᠢ ᠬᠦᠴᠦᠯᠡᠨ ᠠᠬᠢᠭᠤᠯᠵᠤ᠂ ᠪᠦᠬᠦ ᠠᠶᠢᠮᠠᠭ ᠤᠨ ᠠᠷᠠᠳ ᠲᠦᠮᠡᠨ ᠳᠡᠭᠡᠨ ᠨᠢᠭᠡ ᠬᠤᠪᠢ ᠬᠢᠷᠢ | ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠣᠰᠢᠶᠠᠨ᠎ᠠ᠃ | |