︽ᠳᠤᠤᠯᠢᠮ᠎ᠠ ᠰᠠᠶᠢᠬᠠᠨ ᠰᠢᠯᠢ ᠶᠢᠨ ᠭᠤᠤᠯ︾  ᠰᠢᠨ᠎ᠡ ᠤᠨ ᠤ ᠦᠳᠡᠰᠢᠯᠡᠭᠡ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠣᠭᠳᠠᠯ᠎ᠠ
ᠨᠡᠶᠢᠲᠡᠯᠡᠭᠰᠡᠨ ᠴᠠᠭ᠄
2020/1/6
    12 ᠳ᠋ᠤᠭᠠᠷ ᠰᠠᠷ᠎ᠠ ᠶᠢᠨ31᠎ ᠤ ᠡᠳᠦᠷ᠂  ︽2020 ᠤᠨ ᠤ ᠰᠢᠯᠢ ᠶᠢᠨ ᠭᠤᠤᠯ ᠤᠨ ᠲᠠᠯ᠎ᠠ ᠨᠤᠲᠤᠭ ᠤᠨ ᠰᠢᠨ᠎ᠡ ᠤᠨ ᠤ ᠬᠡᠶᠢᠮᠦᠷᠢ ᠶᠢᠨ ᠳᠠᠯᠠᠯᠭ᠎ᠠ︾᠎ ᠶᠢᠨ ᠠᠵᠢᠯᠯᠠᠭ᠎ᠠ ᠶᠢᠨ ᠨᠢᠭᠡ ᠠᠭᠤᠯᠭ᠎ᠠ ᠪᠤᠯᠬᠤ ︽ᠳᠤᠤᠯᠢᠮ᠎ᠠ ᠰᠠᠶᠢᠬᠠᠨ ᠰᠢᠯᠢ ᠶᠢᠨ ᠭᠤᠤᠯ︾ ᠰᠢᠨ᠎ᠡ ᠤᠨ ᠤ ᠳᠠᠭᠤᠤ ᠪᠦᠵᠢᠭ ᠤᠨ ᠦᠳᠡᠰᠢᠯᠡᠭᠡ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠭᠰᠠᠨ ᠪᠠᠶᠢᠨ᠎ᠠ᠃     ︽ᠳᠤᠤᠯᠢᠮ᠎ᠠ ᠰᠠᠶᠢᠬᠠᠨ ᠰᠢᠯᠢ ᠶᠢᠨ ᠭᠤᠤᠯ︾ ᠰᠢᠨ᠎ᠡ ᠤᠨ ᠤ ᠳᠠᠭᠤᠤ ᠪᠦᠵᠢᠭ ᠤᠨ ᠦᠳᠡᠰᠢᠯᠡᠭᠡ ᠨᠢ ᠰᠢᠯᠢ ᠶᠢᠨ ᠭᠤᠤᠯ ᠤᠯᠠᠭᠠᠨᠮᠦ᠋ᠴᠢᠷ ᠤᠨ ᠲᠤᠭᠯᠠᠭᠴᠢᠳ ᠤᠨ︽ᠡᠩᠬᠡ ᠮᠡᠨᠳᠦ ᠶᠢᠨ ᠬᠠᠳᠠᠭ︾ ᠬᠠᠮᠳᠤ ᠵᠢᠨ‌‍ᠪᠦ᠋ᠵᠢᠭ ᠎ ᠢᠶᠠᠷ ᠬᠦᠰᠢᠭᠡ ᠪᠠᠨ ᠰᠡᠬᠦᠵᠦ᠂ ︽ᠬᠠᠶᠢᠷ᠎ᠠ ᠪᠢᠯᠬᠠᠭᠰᠠᠨ ᠰᠢᠯᠢ ᠶᠢᠨ ᠭᠤᠤᠯ︾᠂ ︽ᠢᠷᠦᠭᠡᠯ ᠵᠦᠩᠨᠡᠯᠲᠦ ᠰᠢᠯᠢ ᠎ ᠶᠢᠨ ᠭᠤᠤᠯ︾᠂ ︽ᠳᠠᠶᠠᠩ ᠰᠢᠷᠤᠩᠬᠠᠢ ᠰᠢᠯᠢ ᠶᠢᠨ ᠭᠤᠤᠯ︾  ᠭᠡᠬᠦ ᠭᠤᠷᠪᠠᠨ ᠬᠡᠰᠡᠭ ᠢᠶᠠᠷ ᠶᠠᠪᠤᠭᠳᠠᠭᠰᠠᠨ ᠪᠠᠶᠢᠨ᠎ᠠ᠃ ᠲᠤᠭᠯᠠᠭᠴᠢᠳ ᠭᠤᠴᠤ ᠰᠠᠶᠢᠬᠠᠨ ᠳᠠᠭᠤᠤ ᠪᠦᠵᠢᠭ ᠤᠨ ᠲᠤᠭᠯᠠᠯᠲᠠ ᠪᠠᠷ ᠢᠶᠠᠨ ᠦᠵᠡᠭᠴᠢᠳ ᠤᠨ ᠬᠠᠷᠠᠭ᠎ᠠ ᠶᠢ ᠮᠢᠯᠢᠶᠠᠵᠦ᠂ ᠰᠢᠨ᠎ᠡ ᠤᠨ ᠢᠶᠠᠨ ᠪᠠᠶᠠᠷᠯᠠᠨ ᠤᠭᠳᠤᠵᠦ᠂ ᠰᠢᠨ᠎ᠡ ᠤᠨ ᠤ ᠬᠦᠰᠡᠯ ᠵᠦᠩᠨᠡᠯ ᠢᠶᠠᠨ ᠳᠡᠪᠰᠢᠬᠦᠯᠦᠭᠰᠡᠨ ᠪᠠᠶᠢᠨ᠎ᠠ᠃     ︽ᠳᠤᠤᠯᠢᠮ᠎ᠠ ᠰᠠᠶᠢᠬᠠᠨ ᠰᠢᠯᠢ ᠶᠢᠨ ᠭᠤᠤᠯ︾ ᠰᠢᠨ᠎ᠡ ᠤᠨ ᠤ ᠳᠠᠭᠤᠤ ᠪᠦᠵᠢᠭ ᠤᠨ ᠦᠳᠡᠰᠢᠯᠡᠭᠡ ᠶᠢᠨ ᠭᠤᠴᠤ ᠰᠠᠶᠢᠬᠠᠨ ᠳᠠᠭᠤᠤ ᠪᠦᠵᠢᠭ ᠤᠨ ᠲᠤᠭᠯᠠᠯᠲᠠ ᠳᠤᠮᠳᠠ᠂ 2020 ᠤᠨ ᠤ1 ᠳ᠋ᠤᠭᠡᠷ ᠰᠠᠷ᠎ᠠ ᠶᠢᠨ1᠎ ᠤ 0 ᠴᠠᠭ ᠲᠤ ᠰᠢᠨ᠎ᠡ ᠤᠨ ᠤ ᠡᠬᠢᠯᠡᠯᠲᠡ ᠶᠢᠨ ᠬᠤᠩᠬᠤ ᠳᠤᠤᠭᠠᠷᠴᠦ᠂ ᠰᠢᠨ᠎ᠡ ᠤᠨ ᠢᠶᠠᠨ ᠤᠭᠳᠤᠨ ᠪᠡᠯᠭᠡᠯᠡᠭᠰᠡᠨ ᠠᠵᠢᠯᠠᠯᠭ᠎ᠠ ᠨᠢ ᠦᠳᠡᠰᠢᠯᠡᠭᠡ ᠶᠢᠨ ᠬᠢᠯᠠᠰ ᠴᠡᠭ  ᠪᠤᠯᠤᠭᠰᠠᠨ ᠪᠠᠶᠢᠨ᠎ᠠ᠃ ᠲᠤᠭᠯᠠᠯᠲᠠ ᠳᠤᠮᠳᠠ ᠪᠠᠰᠠ ᠠᠬᠤᠢ ᠲᠠᠯᠠᠪᠠᠢ ᠶᠢᠨ ᠦᠵᠡᠭᠴᠢᠳ ᠲᠠᠢ ᠦᠢᠯᠡᠳᠦᠯᠴᠡᠬᠦ ᠤᠯᠠᠨ ᠲᠦᠷᠦᠯ ᠬᠡᠯᠪᠡᠷᠢ ᠶᠢᠨ ᠠᠵᠢᠯᠠᠯᠭ᠎ᠠ ᠲᠤᠬᠢᠷᠠᠭᠤᠯᠵᠦ᠂ ︽ᠰᠢᠯᠢ ᠶᠢᠨ ᠭᠤᠤᠯ ᠢᠶᠠᠷ ᠠᠶᠠᠯᠠᠨ ᠲᠤᠭᠤᠷᠢᠶ᠎ᠠ︾ ᠸᠢᠴᠠᠲ ᠤᠨ ᠨᠡᠶᠢᠲᠡ ᠶᠢᠨ ᠲᠠᠪᠴᠠᠩ ᠤᠨ ᠨᠡᠶᠢᠲᠡᠯᠡᠬᠦ ᠶᠤᠰᠤᠯᠠᠯ ᠶᠠᠪᠤᠭᠳᠠᠭᠤᠯᠤᠭᠰᠠᠨ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号