ᠲᠤᠯᠤᠨ ᠨᠤᠤᠷ ᠰᠢᠶᠠᠨ ᠠᠷᠪᠠᠨ ᠲᠦᠷᠪᠡᠳᠡᠬᠢ ᠡᠪᠦᠯ ᠤᠨ ᠴᠤᠭᠯᠠᠭᠠᠨ ᠤ ᠬᠤᠭᠤᠴᠠᠭᠠᠨ ᠳᠠᠬᠢ ᠴᠠᠬᠢᠯᠭᠠᠨ ᠬᠤᠯᠪᠤᠭᠠᠨ ᠤ  ᠰᠦᠯᠵᠢᠶᠡᠨ ᠤ ᠪᠠᠳᠤᠯᠠᠭ᠎ᠠ ᠶᠢ ᠴᠢᠩᠭᠠᠳᠬᠠᠵᠦ  ᠪᠠᠶᠢᠨ᠎ᠠ
ᠨᠡᠶᠢᠲᠡᠯᠡᠭᠰᠡᠨ ᠴᠠᠭ᠄
2020/1/6
     ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ  ᠴᠤᠭᠯᠠᠭᠠᠨ ᠤ ᠡᠯ᠎ᠡ ᠲᠦᠷᠦᠯ ᠤᠨ ᠤᠷᠤᠯᠳᠤᠭᠠᠨ ᠤ ᠬᠤᠭᠤᠴᠠᠭᠠᠨ ᠳᠠᠬᠢ ᠰᠦᠯᠵᠢᠶ᠎ᠡ ᠬᠤᠯᠪᠤᠭᠠᠨ ᠤ  ᠰᠠᠭᠠᠳ ᠦᠭᠡᠢ ᠨᠡᠪᠳᠡᠷᠡᠭᠦ ᠶᠢ ᠪᠠᠳᠤᠯᠠᠬᠤ ᠶᠢᠨ ᠲᠤᠰᠠᠳᠠ ᠲᠤᠯᠤᠨ ᠨᠤᠤᠷ ᠰᠢᠶᠠᠨ ᠤ ᠨᠡᠭᠦᠳᠡᠯ ᠬᠤᠯᠪᠤᠭ᠎ᠠ᠂  ᠴᠠᠬᠢᠯᠭᠠᠨ ᠬᠤᠯᠪᠤᠭ᠎ᠠ᠂ ᠨᠢᠭᠡᠳᠦᠭᠰᠡᠨ ᠬᠤᠯᠪᠤᠭ᠎ᠠ ᠵᠡᠷᠭᠡ ᠭᠤᠷᠪᠠᠨ ᠰᠦᠯᠵᠢᠶ᠎ᠡ ᠬᠤᠯᠪᠤᠭ᠎ᠠ ᠬᠠᠮᠳᠣᠷᠠᠨ ᠠᠷᠪᠠᠨ ᠲᠦᠷᠪᠡᠳᠡᠬᠢ ᠡᠪᠦᠯ ᠤᠨ  ᠴᠤᠭᠯᠠᠭᠠᠨ ᠤ ᠠᠮᠵᠢᠯᠳᠠ ᠲᠠᠢ ᠶᠠᠪᠤᠭᠳᠠᠬᠤ  ᠎ ᠳᠤ ᠪᠠᠳᠤᠯᠠᠭ᠎ᠠ ᠬᠠᠩᠭᠠᠵᠦ ᠪᠠᠶᠢᠨ᠎ᠠ᠃     ᠲᠤᠯᠤᠨ ᠨᠤᠤᠷ ᠰᠢᠶᠠᠨ ᠤ ᠨᠡᠭᠦᠳᠡᠯ ᠬᠤᠯᠪᠤᠭᠠᠨ ᠤ ᠺᠤᠮᠫᠠᠨᠢ ᠨᠢ ᠮᠦᠰᠦᠨ ᠲᠡᠭᠡᠷᠡᠭᠢ ᠯᠤᠤᠳᠤ ᠤᠩᠭᠤᠴᠠ ᠎ ᠶᠢᠨ ᠤᠷᠤᠯᠳᠤᠭᠠᠨ ᠤ ᠲᠠᠯᠠᠪᠠᠢ ᠶᠢᠨ ᠡᠷᠭᠢᠨ ᠲᠤᠭᠤᠷᠢᠨ  ᠎ ᠤ  ᠲᠠᠪᠤᠨ ᠰᠠᠭᠤᠷᠢ ᠥᠷᠳᠡᠭᠡᠨ ᠳᠤ ᠰᠢᠨ᠎ᠡ ᠪᠠᠷ5G ᠎ ᠶᠢᠨ ᠲᠦᠬᠦᠭᠡᠷᠦᠮᠵᠢ ᠤᠭᠰᠠᠷᠴᠤ᠂ ᠵᠢᠷᠭᠤᠭᠠᠨ ᠰᠠᠭᠤᠷᠢ ᠥᠷᠳᠡᠭᠡᠨ ᠤ ᠲᠦᠭᠦᠭᠡᠷᠦᠮᠵᠢ ᠶᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ  ᠠᠷᠭᠠᠴᠠᠬᠤ ᠲᠡᠷᠭᠡ ᠤᠨᠤᠭ᠎ᠠ ᠵᠡᠷᠭᠡ ᠶᠢ ᠲᠤᠬᠢᠷᠠᠭᠤᠯᠤᠨ ᠪᠡᠯᠡᠳᠭᠡᠭᠰᠡᠨ ᠪᠠᠶᠢᠨ᠎ᠠ᠃     ᠣᠶᠢᠯᠠᠭᠠᠭᠰᠠᠨ ᠢᠶᠠᠷ᠂ 5G  ᠎ ᠶᠢᠨ ᠲᠦᠭᠦᠭᠡᠷᠦᠮᠵᠢ ᠶᠢ ᠬᠡᠷᠡᠭᠯᠡᠬᠦ ᠨᠢ ᠰᠦᠯᠵᠢᠶᠡᠨ  ᠎ ᠤ  ᠲᠠᠮᠵᠢᠭᠤᠯᠭ᠎ᠠ ᠶᠢᠨ ᠬᠤᠷᠳᠤᠴᠠ ᠶᠢ ᠲᠡᠭᠡᠭᠰᠢᠯᠡᠭᠦᠯᠬᠦ ᠪᠠᠷ ᠪᠠᠷᠠᠬᠤ ᠦᠭᠡᠢ᠂  ᠲᠠᠮᠵᠢᠭᠤᠯᠭ᠎ᠠ ᠶᠢᠨ ᠲᠤᠭᠳᠠᠭᠤᠨ ᠪᠠᠶᠢᠬᠤ ᠶᠢ ᠪᠠᠳᠤᠯᠠᠵᠦ᠂  ︿ ᠠᠷᠪᠠᠨ ᠲᠦᠷᠪᠡᠳᠡᠬᠢ ᠡᠪᠦᠯ ᠤᠨ  ᠴᠤᠭᠯᠠᠭᠠᠨ﹀  ᠎ ᠤ  ᠤᠷᠤᠯᠳᠤᠭᠠᠨ ᠤ  ᠰᠢᠭᠤᠳ ᠨᠡᠪᠳᠡᠷᠡᠭᠦᠯᠭᠡ ᠶᠢᠨ ᠲᠤᠬᠢᠶ᠎ᠠ ᠵᠠᠩᠭᠢ ᠶᠢᠨ ᠲᠤᠭᠳᠠᠮᠠᠯ ᠴᠢᠨᠠᠷ ᠢ ᠪᠠᠳᠤᠯᠠᠵᠦ ᠴᠢᠳᠠᠨ᠎ᠠ᠃     ᠤᠳᠤᠬᠠᠨ ᠳᠤ᠂  ᠲᠤᠯᠤᠨ ᠨᠤᠤᠷ ᠰᠢᠶᠠᠨ  ᠎ ᠤ ᠰᠦᠯᠵᠢᠶᠡᠨ ᠤ ᠡᠷᠬᠢᠯᠳᠡ ᠶᠢᠨ ᠠᠵᠦ ᠠᠬᠤᠶᠢᠯᠠᠯ ᠠᠴᠠ ᠤᠷᠤᠯᠳᠤᠭᠠᠨ ᠤ ᠲᠠᠯᠠᠪᠠᠢ ᠶᠢᠨ ᠡᠷᠭᠢᠨ ᠲᠤᠭᠤᠷᠢᠨ ᠳᠤ ᠴᠢᠨᠠᠷ ᠰᠠᠶᠢᠳᠠᠢ ᠰᠦᠯᠵᠢᠶᠡᠨ ᠤ ᠪᠦᠷᠬᠦᠴᠡ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂  ᠲᠠᠮᠢᠷᠴᠢᠳ ᠤᠨ ᠰᠠᠭᠤᠬᠤ ᠪᠠᠭᠤᠳᠠᠯ ᠳᠤ ᠴᠢᠮᠡᠭᠡ  ᠬᠤᠯᠪᠤᠭ᠎ᠠ ᠶᠢ ᠪᠠᠳᠤᠯᠠᠬᠤ ᠲᠦᠭᠦᠭᠡᠷᠦᠮᠵᠢ ᠶᠢ ᠨᠡᠮᠡᠨ ᠲᠠᠭᠠᠷᠠᠭᠤᠯᠵᠦ᠂ ᠨᠡᠭᠦᠳᠡᠯ ᠬᠤᠯᠪᠤᠭ᠎ᠠ᠂ ᠴᠠᠬᠢᠯᠭᠠᠨ ᠬᠤᠯᠪᠤᠭ᠎ᠠ᠂  ᠨᠢᠭᠡᠳᠦᠭᠰᠡᠨ ᠬᠤᠯᠪᠤᠭ᠎ᠠ  ᠵᠡᠷᠭᠡ ᠭᠤᠷᠪᠠᠨ ᠰᠦᠯᠵᠢᠶ᠎ᠡ ᠬᠤᠯᠪᠤᠭ᠎ᠠ ᠬᠠᠮᠳᠤᠷᠠᠨ᠂  ᠰᠦᠯᠵᠢᠶᠡᠨ ᠤ  ᠪᠠᠳᠤᠯᠠᠭ᠎ᠠ ᠪᠤᠯᠤᠨ ᠰᠠᠶᠢᠨ ᠲᠤᠷ᠎ᠠ ᠶᠢᠨ ᠦᠢᠯᠡᠴᠢᠯᠡᠭᠡᠨ ᠤ  ᠠᠵᠢᠯ ᠢ ᠥᠨᠳᠦᠷ ᠪᠠᠷᠢᠮᠵᠢᠶ᠎ᠠ ᠪᠠᠷ ᠰᠠᠶᠢᠳᠤᠷ ᠬᠢᠵᠦ᠂  ︿ ᠠᠷᠪᠠᠨ ᠲᠦᠷᠪᠡᠳᠡᠬᠢ ᠡᠪᠦᠯ ᠤᠨ  ᠴᠤᠭᠯᠠᠭᠠᠨ﹀  ᠎ ᠤ ᠠᠮᠵᠢᠯᠳᠠ ᠲᠠᠢ ᠶᠠᠪᠤᠭᠳᠠᠬᠤ  ᠎ ᠳᠤ ᠪᠠᠳᠤᠯᠠᠭ᠎ᠠ ᠬᠠᠩᠭᠠᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号