ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠡᠯ᠎ᠡ ᠲᠦᠷᠦᠯ ᠤᠨ ᠤᠷᠤᠯᠳᠤᠭᠠᠨ ᠤ ᠬᠤᠭᠤᠴᠠᠭᠠᠨ ᠳᠠᠬᠢ ᠰᠦᠯᠵᠢᠶ᠎ᠡ ᠬᠤᠯᠪᠤᠭᠠᠨ ᠤ ᠰᠠᠭᠠᠳ | ᠦᠭᠡᠢ ᠨᠡᠪᠳᠡᠷᠡᠭᠦ ᠶᠢ ᠪᠠᠳᠤᠯᠠᠬᠤ ᠶᠢᠨ ᠲᠤᠰᠠᠳᠠ ᠲᠤᠯᠤᠨ ᠨᠤᠤᠷ ᠰᠢᠶᠠᠨ ᠤ ᠨᠡᠭᠦᠳᠡᠯ ᠬᠤᠯᠪᠤᠭ᠎ᠠ᠂ ᠴᠠᠬᠢᠯᠭᠠᠨ | ᠬᠤᠯᠪᠤᠭ᠎ᠠ᠂ ᠨᠢᠭᠡᠳᠦᠭᠰᠡᠨ ᠬᠤᠯᠪᠤᠭ᠎ᠠ ᠵᠡᠷᠭᠡ ᠭᠤᠷᠪᠠᠨ ᠰᠦᠯᠵᠢᠶ᠎ᠡ ᠬᠤᠯᠪᠤᠭ᠎ᠠ ᠬᠠᠮᠳᠣᠷᠠᠨ ᠠᠷᠪᠠᠨ ᠲᠦᠷᠪᠡᠳᠡᠬᠢ | ᠡᠪᠦᠯ ᠤᠨ ᠴᠤᠭᠯᠠᠭᠠᠨ ᠤ ᠠᠮᠵᠢᠯᠳᠠ ᠲᠠᠢ ᠶᠠᠪᠤᠭᠳᠠᠬᠤ ᠳᠤ ᠪᠠᠳᠤᠯᠠᠭ᠎ᠠ ᠬᠠᠩᠭᠠᠵᠦ ᠪᠠᠶᠢᠨ᠎ᠠ᠃ | ᠲᠤᠯᠤᠨ ᠨᠤᠤᠷ ᠰᠢᠶᠠᠨ ᠤ ᠨᠡᠭᠦᠳᠡᠯ ᠬᠤᠯᠪᠤᠭᠠᠨ ᠤ ᠺᠤᠮᠫᠠᠨᠢ ᠨᠢ ᠮᠦᠰᠦᠨ ᠲᠡᠭᠡᠷᠡᠭᠢ ᠯᠤᠤᠳᠤ ᠤᠩᠭᠤᠴᠠ | ᠶᠢᠨ ᠤᠷᠤᠯᠳᠤᠭᠠᠨ ᠤ ᠲᠠᠯᠠᠪᠠᠢ ᠶᠢᠨ ᠡᠷᠭᠢᠨ ᠲᠤᠭᠤᠷᠢᠨ ᠤ ᠲᠠᠪᠤᠨ ᠰᠠᠭᠤᠷᠢ ᠥᠷᠳᠡᠭᠡᠨ ᠳᠤ ᠰᠢᠨ᠎ᠡ ᠪᠠᠷ5G | ᠶᠢᠨ ᠲᠦᠬᠦᠭᠡᠷᠦᠮᠵᠢ ᠤᠭᠰᠠᠷᠴᠤ᠂ ᠵᠢᠷᠭᠤᠭᠠᠨ ᠰᠠᠭᠤᠷᠢ ᠥᠷᠳᠡᠭᠡᠨ ᠤ ᠲᠦᠭᠦᠭᠡᠷᠦᠮᠵᠢ ᠶᠢ ᠰᠢᠯᠢᠳᠡᠭᠵᠢᠭᠦᠯᠵᠦ᠂ | ᠪᠠᠴᠢᠮ ᠪᠠᠶᠢᠳᠠᠯ ᠢ ᠠᠷᠭᠠᠴᠠᠬᠤ ᠲᠡᠷᠭᠡ ᠤᠨᠤᠭ᠎ᠠ ᠵᠡᠷᠭᠡ ᠶᠢ ᠲᠤᠬᠢᠷᠠᠭᠤᠯᠤᠨ ᠪᠡᠯᠡᠳᠭᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ 5G ᠶᠢᠨ ᠲᠦᠭᠦᠭᠡᠷᠦᠮᠵᠢ ᠶᠢ ᠬᠡᠷᠡᠭᠯᠡᠬᠦ ᠨᠢ ᠰᠦᠯᠵᠢᠶᠡᠨ ᠤ ᠲᠠᠮᠵᠢᠭᠤᠯᠭ᠎ᠠ ᠶᠢᠨ | ᠬᠤᠷᠳᠤᠴᠠ ᠶᠢ ᠲᠡᠭᠡᠭᠰᠢᠯᠡᠭᠦᠯᠬᠦ ᠪᠠᠷ ᠪᠠᠷᠠᠬᠤ ᠦᠭᠡᠢ᠂ ᠲᠠᠮᠵᠢᠭᠤᠯᠭ᠎ᠠ ᠶᠢᠨ ᠲᠤᠭᠳᠠᠭᠤᠨ ᠪᠠᠶᠢᠬᠤ ᠶᠢ ᠪᠠᠳᠤᠯᠠᠵᠦ᠂ | ︿ ᠠᠷᠪᠠᠨ ᠲᠦᠷᠪᠡᠳᠡᠬᠢ ᠡᠪᠦᠯ ᠤᠨ ᠴᠤᠭᠯᠠᠭᠠᠨ﹀ ᠤ ᠤᠷᠤᠯᠳᠤᠭᠠᠨ ᠤ ᠰᠢᠭᠤᠳ ᠨᠡᠪᠳᠡᠷᠡᠭᠦᠯᠭᠡ ᠶᠢᠨ | ᠲᠤᠬᠢᠶ᠎ᠠ ᠵᠠᠩᠭᠢ ᠶᠢᠨ ᠲᠤᠭᠳᠠᠮᠠᠯ ᠴᠢᠨᠠᠷ ᠢ ᠪᠠᠳᠤᠯᠠᠵᠦ ᠴᠢᠳᠠᠨ᠎ᠠ᠃ | ᠤᠳᠤᠬᠠᠨ ᠳᠤ᠂ ᠲᠤᠯᠤᠨ ᠨᠤᠤᠷ ᠰᠢᠶᠠᠨ ᠤ ᠰᠦᠯᠵᠢᠶᠡᠨ ᠤ ᠡᠷᠬᠢᠯᠳᠡ ᠶᠢᠨ ᠠᠵᠦ ᠠᠬᠤᠶᠢᠯᠠᠯ ᠠᠴᠠ | ᠤᠷᠤᠯᠳᠤᠭᠠᠨ ᠤ ᠲᠠᠯᠠᠪᠠᠢ ᠶᠢᠨ ᠡᠷᠭᠢᠨ ᠲᠤᠭᠤᠷᠢᠨ ᠳᠤ ᠴᠢᠨᠠᠷ ᠰᠠᠶᠢᠳᠠᠢ ᠰᠦᠯᠵᠢᠶᠡᠨ ᠤ ᠪᠦᠷᠬᠦᠴᠡ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠲᠠᠮᠢᠷᠴᠢᠳ ᠤᠨ ᠰᠠᠭᠤᠬᠤ ᠪᠠᠭᠤᠳᠠᠯ ᠳᠤ ᠴᠢᠮᠡᠭᠡ ᠬᠤᠯᠪᠤᠭ᠎ᠠ ᠶᠢ | ᠪᠠᠳᠤᠯᠠᠬᠤ ᠲᠦᠭᠦᠭᠡᠷᠦᠮᠵᠢ ᠶᠢ ᠨᠡᠮᠡᠨ ᠲᠠᠭᠠᠷᠠᠭᠤᠯᠵᠦ᠂ ᠨᠡᠭᠦᠳᠡᠯ ᠬᠤᠯᠪᠤᠭ᠎ᠠ᠂ ᠴᠠᠬᠢᠯᠭᠠᠨ ᠬᠤᠯᠪᠤᠭ᠎ᠠ᠂ | ᠨᠢᠭᠡᠳᠦᠭᠰᠡᠨ ᠬᠤᠯᠪᠤᠭ᠎ᠠ ᠵᠡᠷᠭᠡ ᠭᠤᠷᠪᠠᠨ ᠰᠦᠯᠵᠢᠶ᠎ᠡ ᠬᠤᠯᠪᠤᠭ᠎ᠠ ᠬᠠᠮᠳᠤᠷᠠᠨ᠂ ᠰᠦᠯᠵᠢᠶᠡᠨ ᠤ ᠪᠠᠳᠤᠯᠠᠭ᠎ᠠ | ᠪᠤᠯᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯ ᠢ ᠥᠨᠳᠦᠷ ᠪᠠᠷᠢᠮᠵᠢᠶ᠎ᠠ ᠪᠠᠷ ᠰᠠᠶᠢᠳᠤᠷ ᠬᠢᠵᠦ᠂ ︿ ᠠᠷᠪᠠᠨ | ᠲᠦᠷᠪᠡᠳᠡᠬᠢ ᠡᠪᠦᠯ ᠤᠨ ᠴᠤᠭᠯᠠᠭᠠᠨ﹀ ᠤ ᠠᠮᠵᠢᠯᠳᠠ ᠲᠠᠢ ᠶᠠᠪᠤᠭᠳᠠᠬᠤ ᠳᠤ ᠪᠠᠳᠤᠯᠠᠭ᠎ᠠ ᠬᠠᠩᠭᠠᠵᠦ ᠪᠠᠶᠢᠨ᠎ᠠ᠃ | | | | | | | | | | | | | | | | | | | |