ᠠᠷᠪᠠᠨ ᠤ ᠡᠳᠦᠷ ᠠᠷᠤ ᠬᠤᠷᠴᠢᠨ ᠬᠤᠰᠢᠭᠤᠨ ᠳᠤ ᠡᠶᠢᠮᠦ ᠨᠢᠭᠡᠨ ᠰᠠᠶᠢᠬᠠᠨ ᠠᠵᠢᠯᠯᠠᠭ᠎ᠠ ᠪᠣᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/1/8
   ︽ᠬᠦᠴᠦ ᠪᠠ ᠬᠠᠶᠢᠷ᠎ᠠ︾ ᠭᠡᠬᠦ ᠪᠦᠬᠡᠴᠤᠳ ᠤᠨ ᠰᠤᠷᠭᠠᠨ ᠬᠦᠮᠦᠵᠢᠯ ᠳᠤ ᠬᠠᠨᠳᠢᠪ ᠡᠷᠬᠦᠬᠦ ᠠᠵᠢᠯᠯᠠᠭ᠎ᠠ 1 ᠳ᠋ᠦ᠋ᠭᠡᠷ ᠰᠠᠷ᠎ᠠ ᠶᠢᠨ 10 ᠤ ᠡᠳᠦᠷ᠂ ᠦᠪᠦᠷ ᠮᠤᠩᠭᠤᠯ ᠤᠨ ᠠᠷᠤ ᠬᠤᠷᠴᠢᠨ ᠬᠤᠰᠢᠭᠤᠨ ᠳᠤ ᠶᠤᠰᠤᠯᠠᠯ ᠲᠡᠭᠦᠯᠳᠡᠷ ᠶᠠᠪᠤᠭᠳᠠᠬᠤ ᠪᠠᠷ ᠪᠠᠶᠢᠨ᠎ᠠ᠃ ᠡᠨᠡ ᠠᠵᠢᠯᠯᠠᠭᠠᠨ ᠳᠤ ᠴᠠᠭᠠᠨᠵᠠᠭᠠᠨ᠂ ᠪᠠᠲᠤᠵᠢᠷᠭᠠᠯ᠂ ᠭᠡᠭᠡᠷᠡᠬᠦ᠂ ᠦᠯᠵᠡᠶᠢᠪᠠᠭᠠᠲᠤᠷ᠂ ᠴᠢᠨᠳᠠᠮᠤᠨᠢ᠂ ᠰᠡᠷᠵᠢᠭᠠᠸ᠋ᠨ᠂ ᠮᠦᠩᠬᠡᠳᠦ᠋ᠭᠦᠷᠡᠩ᠂ ᠠᠮᠤᠷᠴᠠᠨ᠎ᠠ ᠵᠡᠷᠭᠡ ᠦᠪᠦᠷ ᠮᠤᠩᠭᠤᠯ ᠤᠷᠤᠨ ᠤ ᠰᠢᠯᠢᠳᠡᠭ ᠤᠨ ᠰᠢᠯᠢᠳᠡᠭ ᠬᠦᠴᠦᠲᠡᠨ ᠨᠦᠭᠦᠳ ᠪᠠᠶ᠎ᠠ ᠰᠡᠳᠬᠢᠯ ᠢᠶᠠᠷ ᠢᠶᠠᠨ ᠤᠷᠤᠯᠴᠠᠵᠦ ᠪᠠᠶᠢᠨ᠎ᠠ᠃ ᠶᠢᠰᠦ ᠶᠢᠨ ᠲᠡᠭᠷᠢ ᠬᠦᠢᠲᠡᠨ ᠴᠤ ᠬᠠᠶᠢᠷ᠎ᠠ ᠶᠢᠨ ᠰᠡᠳᠬᠢᠯ ᠲᠤᠯᠠᠭᠠᠬᠠᠨ ᠪᠠᠶᠢᠳᠠᠭ ᠢ ᠨᠡᠶᠢᠭᠡᠮ ᠨᠡᠶᠢᠲᠡ ᠳᠤ ᠰᠤᠷᠲᠠᠯᠴᠢᠯᠠᠨ ᠤᠬᠠᠭᠤᠯᠬᠤ ᠶᠢ ᠵᠤᠷᠢᠭᠰᠠᠨ ᠡᠨᠡ ᠠᠵᠢᠯᠯᠠᠭ᠎ᠠ ᠨᠢ ᠨᠡᠶᠢᠭᠡᠮ ᠤᠨ ᠬᠠᠯᠠᠭᠤᠨ ᠰᠡᠳᠬᠢᠯᠲᠦ ᠬᠦᠮᠦᠰ ᠠᠴᠠ ᠬᠠᠨᠳᠢᠪ ᠮᠦᠩᠭᠦ ᠴᠤᠭᠯᠠᠭᠤᠯᠵᠦ ᠮᠤᠷᠠᠯ ᠰᠤᠷᠤᠯᠭ᠎ᠠ ᠬᠤᠤᠰᠯᠠᠭᠰᠠᠨ᠂ ᠠᠮᠢᠳᠤᠷᠠᠯ ᠨᠢ ᠬᠦᠴᠢᠷᠲᠠᠢ ᠰᠤᠷᠤᠭᠴᠢᠳ ᠢ ᠲᠡᠳᠬᠦᠨ ᠲᠡᠮᠵᠢᠬᠦ  ᠪᠠᠷ ᠪᠠᠶᠢᠨ᠎ᠠ᠃ ᠬᠠᠨᠳᠢᠪ ᠡᠷᠭᠦᠭᠦ ᠠᠵᠢᠯᠯᠠᠭᠠᠨ ᠤ ᠠᠬᠤᠢ ᠲᠠᠯᠠᠪᠠᠢ ᠳᠤ ᠠᠯᠳᠠᠷᠲᠦ ᠲᠠᠭᠤᠴᠢᠨ ᠵᠠᠭᠳᠠᠰᠦ᠋ᠷᠦᠩ᠂ ᠮᠦᠩᠭᠦᠨᠴᠡᠴᠡᠭ᠂ ᠵᠠᠯᠮ᠎ᠠ ᠬᠠᠷ᠎ᠠ ᠬᠠᠮᠲᠤᠯᠢᠭ ᠪᠠ ᠵᠠᠯᠠᠭᠤ ᠲᠠᠭᠤᠴᠢᠨ ᠤᠳᠬᠤᠨᠲᠤᠶᠠᠭ᠎ᠠ᠂ ᠤᠶᠠᠩᠭ᠎ᠠ᠂ ᠵᠢᠷᠤᠮᠲᠦ ᠨᠠᠷ ᠬᠦᠷᠦᠯᠴᠠᠨ ᠢᠷᠡᠵᠦ ᠠᠶ᠎ᠠ ᠲᠠᠭᠤᠤ ᠪᠠᠨ ᠡᠷᠭᠦᠭᠦ ᠪᠠᠷ ᠪᠠᠶᠢᠨ᠎ᠠ᠃    ᠡᠨᠡ ᠠᠵᠢᠯᠯᠠᠭ᠎ᠠ ᠶᠢ ᠦᠪᠦᠷ ᠮᠤᠩᠭᠤᠯ ᠤᠨ ᠠᠷᠤ ᠬᠤᠷᠴᠢᠨ ᠬᠤᠰᠢᠭᠤᠨ ᠤ ᠰᠤᠶᠤᠯ ᠵᠢᠭᠤᠯᠴᠢᠯᠠᠯ ᠪᠠᠶ᠎ᠠ ᠶᠢᠨ ᠲᠠᠮᠢᠷ ᠤᠨ ᠲᠤᠪᠴᠢᠶ᠎ᠠ᠂ ᠠᠷᠤ ᠬᠤᠷᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠠᠷᠤ ᠬᠤᠷᠴᠢᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ︽ᠭᠤᠪᠢ ᠶᠢᠨ ᠨᠠᠷᠠᠨ︾ ᠬᠠᠶᠢᠷ᠎ᠠ ᠬᠠᠯᠠᠮᠵᠢ  ᠶᠢᠨ ᠦᠷᠬᠦᠭᠡ ᠵᠡᠷᠭᠡ ᠪᠠᠶᠢᠭᠤᠯᠭ᠎ᠠ ᠨᠢᠭᠡᠴᠡ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠨᠤᠲᠤᠭ ᠰᠤᠶᠤᠯ ᠵᠠᠭᠤᠴᠢ ᠶᠢᠨ ᠬᠢᠵᠠᠭᠠᠷᠲᠦ ᠺᠤᠮᠫᠠᠨᠢ ᠪᠠ ᠲᠠᠶᠠᠭᠠᠷ ᠲᠠᠭᠤᠷᠢᠰᠬᠤ ᠰᠢᠭᠤᠳ ᠨᠡᠪᠲᠡᠷᠡᠭᠦᠯᠭᠡ ᠶᠢᠨ ᠬᠠᠮᠲᠦ ᠤᠯᠠᠨ ᠠᠴᠠ ᠲᠠᠭᠠᠭᠠᠴᠢᠯᠠᠨ ᠡᠷᠬᠢᠯᠡᠬᠦ ᠪᠠᠷ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号