ᠾᠦᠸᠧ ᠵᠤᠤ ᠯᠢᠶᠠᠩ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2020 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/10
    10 ᠰᠠᠷ᠎ᠠ ᠶᠢᠨ 9᠎ ᠤ ᠡᠳᠦᠷ᠂ ᠠᠶᠢᠮᠠᠭ ᠎ ᠤᠨ ᠨᠠᠮ  ᠤᠨ  ᠬᠤᠷᠢᠶᠠᠨ ᠎ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠥᠸᠧ ᠵᠣᠣ ᠯᠢᠶᠠᠩ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶ ᠨᠡᠶᠢᠭᠡᠮ ᠤᠨ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ᠂ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ᠂ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯᠲᠡᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠷᠢᠯᠵᠢᠶ᠎ᠠ ᠡᠷᠬᠢᠯᠡᠬᠦ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠬᠡᠷᠡᠭᠵᠢᠭᠦᠯᠬᠦ ᠰᠠᠨᠠᠯ︾ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠢᠯᠵᠢᠶ᠎ᠠ ᠡᠷᠬᠢᠯᠡᠬᠦ ᠲᠤᠭᠤᠷᠢᠨ ᠢ ᠤᠯᠠᠮ ᠨᠢᠭᠡ ᠠᠯᠬᠤᠮ  ᠰᠢᠯᠢᠳᠡᠭᠵᠢᠭᠦᠯᠬᠦ ᠲᠤᠬᠠᠢ  ᠲᠤᠭᠲᠠᠭᠠᠯ︾ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾  ᠎ ᠤᠨ ᠵᠤᠷᠢᠭ ᠰᠠᠨᠠᠭ᠎ᠠ ᠶᠢ ᠰᠤᠷᠤᠯᠴᠠᠵᠦ᠂  ᠬᠤᠯᠪᠤᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃     ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠤᠤ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂  ᠠᠶᠢᠮᠠᠭ ᠤᠨ  ᠳᠡᠳ᠋ ᠳᠠᠷᠤᠭ᠎ᠠ ᠬᠤᠸᠠᠩ ᠴᠢᠩ ᠰᠢᠨ᠂  ᠠᠶᠢᠮᠠᠭ ᠤᠨ ᠳᠡᠳ᠋ ᠳᠠᠷᠤᠭ᠎ᠠ ᠾᠧᠦ ᡁᠢ ᠮᠢᠨ᠂ ᠮᠧᠩ ᠵᠣᠣ ᠵᠢᠶᠦ᠋ᠨ᠂ ᠰᠠᠷᠠᠨᠴᠢᠮᠡᠭ ᠬᠤᠷᠠᠯ ᠳᠤ ᠣᠷᠣᠯᠴᠠᠵᠠᠶ᠃     ᠬᠤᠷᠠᠯ ᠠᠴᠠ ᠵᠢᠭᠠᠵᠤ ᠭᠠᠷᠭᠠᠬᠤ ᠳᠠᠭᠠᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠣᠯ ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠦᠭᠡᠳ᠂ ᠪᠦᠬᠦ ᠲᠠᠯ᠎ᠠ ᠳᠤ ᠬᠤᠯᠪᠤᠭᠳᠠᠬᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠥᠪᠥᠷ  ᠮᠤᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠵᠦ᠂ ᠠᠮᠢ ᠠᠬᠤᠶ ᠶᠢ ᠤᠷᠢᠳᠠᠪᠡᠷ ᠪᠤᠳᠤᠯᠬᠢᠯᠠᠵᠦ᠂ ᠪᠣᠬᠢᠷᠲᠤᠯ ᠦᠭᠡᠶ ᠬᠥᠭᠵᠢᠯᠲᠡ ᠶᠢᠨ ᠤᠳᠤᠷᠢᠳᠤᠮᠵᠢ ᠶᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠪᠦᠬᠦ ᠶᠠᠪᠤᠴᠠ  ᠎ ᠳᠤ  ᠳᠤᠭᠤᠰᠢᠯᠠᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠲᠦᠯᠦᠪᠵᠢᠭᠦᠯᠭᠡ ᠶᠢᠨ ᠤᠷᠢᠳᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠪᠣᠯᠤᠮᠵᠢᠲᠤ ᠴᠢᠨᠠᠷ ᠢ ᠦᠨᠡᠨ ᠬᠦ  ᠴᠢᠩᠭᠠᠷᠠᠭᠤᠯᠬᠤ ᠬᠡᠷᠡᠭᠲᠠᠢ ᠭᠡᠵᠠᠢ᠃     ᠬᠤᠷᠠᠯ ᠠᠴᠠ ᠴᠢᠬᠤᠯᠠᠴᠢᠯᠠᠬᠤ ᠳᠠᠭᠠᠨ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠠᠷᠢᠯᠵᠢᠶ᠎ᠠ‌ᠡᠷᠬᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ  ᠠᠷᠢᠯᠵᠢᠶ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ  ᠪᠠᠶᠢᠴᠠᠭᠠᠯᠲᠠ ᠪᠠᠷ ᠲᠣᠬᠢᠶᠠᠯ ᠪᠤᠯᠭᠠᠵᠦ᠂ ᠨᠢᠭᠡ ᠠᠴᠠ ᠭᠤᠷᠪᠠ ᠶᠢ ᠮᠡᠳᠡᠵᠦ  ᠰᠢᠯᠢ ᠶᠢᠨ ᠭᠤᠣᠯ ᠠᠶᠢᠮᠠᠭ ᠤᠨ  ᠠᠷᠢᠯᠵᠢᠶ᠎ᠠ ᠡᠷᠬᠢᠯᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠪᠠᠭᠤᠷᠠᠶ ᠲᠠᠯ᠎ᠠ ᠶᠢ ᠪᠠᠶᠢᠴᠠᠭᠠᠨ ᠳᠡᠯᠭᠡᠵᠦ᠂ ᠠᠰᠠᠭᠤᠳᠠᠯ ᠢ   ᠲᠤᠶᠢᠯᠪᠦᠷᠢᠲᠠᠢ ᠴᠡᠭᠴᠡᠯᠡᠨ ᠰᠠᠶᠢᠵᠢᠷᠠᠭᠤᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠪᠡᠶᠡᠯᠡᠭᠦᠯᠵᠦ᠂ ᠪᠦᠬᠦ ᠠᠶᠢᠮᠠᠭ ᠤᠨ ᠠᠷᠢᠯᠵᠢᠶ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠦᠨᠳᠦᠰᠦᠨ ᠠᠴᠠ ᠨᠢ ᠠᠬᠢᠭᠤᠯᠬᠤ ᠬᠡᠷᠡᠭᠲᠠᠢ ᠭᠡᠵᠠᠢ᠃     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠦᠷᠦᠭᠦᠯᠡᠨ ᠭᠠᠮᠨᠠᠵᠤ ᠠᠮᠢᠳᠤᠷᠠᠬᠤ ᠶᠢ ᠤᠯᠤᠰ ᠲᠥᠷᠥ ᠶᠢᠨ ᠤᠬᠠᠮᠰᠠᠷ ᠪᠤᠯᠤᠨ ᠠᠵᠢᠯᠯᠠᠭ᠎ᠠ ᠶᠢᠨ ᠤᠬᠠᠮᠰᠠᠷ ᠢᠶᠠᠨ ᠪᠣᠯᠭᠠᠵᠤ᠂ ᠲᠥᠰᠦᠪ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠪᠠᠭᠠᠰᠬᠠᠬᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ᠂ ᠨᠠᠷᠢᠨ ᠨᠢᠭᠲᠠ ᠪᠣᠳᠣᠵᠤ᠂ ᠡᠳ᠋ ᠤᠨ ᠵᠠᠰᠠᠭ ᠤᠨ ᠠᠵᠢᠯᠯᠠᠭᠠᠨ ᠤ ᠲᠣᠭᠲᠠᠪᠤᠷᠢᠲᠤ ᠴᠢᠨᠠᠷ ᠢ ᠨᠡᠮᠡᠭᠳᠡᠭᠦᠯᠵᠦ᠂ ᠦᠨᠡᠨ ᠬᠦ ᠭᠠᠮᠨᠠᠵᠤ ᠠᠮᠢᠳᠤᠷᠠᠬᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠠᠢ ᠭᠡᠵᠠᠢ᠃     ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号