ᠾᠦᠸᠧ ᠵᠤᠤ ᠯᠢᠶᠠᠩ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2020 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/10
    10 ᠰᠠᠷ᠎ᠠ ᠶᠢᠨ 9 ᠤ ᠡᠳᠦᠷ᠂ ᠠᠶᠢᠮᠠᠭ  ᠤᠨ ᠨᠠᠮ  ᠤᠨ  ᠬᠤᠷᠢᠶᠠᠨ  ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠥᠸᠧ ᠵᠣᠣ ᠯᠢᠶᠠᠩ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶ ᠨᠡᠶᠢᠭᠡᠮ ᠤᠨ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ᠂ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ᠂ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ᠂ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯᠲᠡᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠷᠢᠯᠵᠢᠶ᠎ᠠ ᠡᠷᠬᠢᠯᠡᠬᠦ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠬᠡᠷᠡᠭᠵᠢᠭᠦᠯᠬᠦ ᠰᠠᠨᠠᠯ︾ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠢᠯᠵᠢᠶ᠎ᠠ ᠡᠷᠬᠢᠯᠡᠬᠦ ᠲᠤᠭᠤᠷᠢᠨ ᠢ ᠤᠯᠠᠮ ᠨᠢᠭᠡ ᠠᠯᠬᠤᠮ  ᠰᠢᠯᠢᠳᠡᠭᠵᠢᠭᠦᠯᠬᠦ ᠲᠤᠬᠠᠢ  ᠲᠤᠭᠲᠠᠭᠠᠯ︾ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾   ᠤᠨ ᠵᠤᠷᠢᠭ ᠰᠠᠨᠠᠭ᠎ᠠ ᠶᠢ ᠰᠤᠷᠤᠯᠴᠠᠵᠦ᠂  ᠬᠤᠯᠪᠤᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃     ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠤᠤ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂  ᠠᠶᠢᠮᠠᠭ ᠤᠨ  ᠳᠡᠳ᠋ ᠳᠠᠷᠤᠭ᠎ᠠ ᠬᠤᠸᠠᠩ ᠴᠢᠩ ᠰᠢᠨ᠂  ᠠᠶᠢᠮᠠᠭ ᠤᠨ ᠳᠡᠳ᠋ ᠳᠠᠷᠤᠭ᠎ᠠ ᠾᠧᠦ ᡁᠢ ᠮᠢᠨ᠂ ᠮᠧᠩ ᠵᠣᠣ ᠵᠢᠶᠦ᠋ᠨ᠂ ᠰᠠᠷᠠᠨᠴᠢᠮᠡᠭ ᠬᠤᠷᠠᠯ ᠳᠤ ᠣᠷᠣᠯᠴᠠᠵᠠᠶ᠃     ᠬᠤᠷᠠᠯ ᠠᠴᠠ ᠵᠢᠭᠠᠵᠤ ᠭᠠᠷᠭᠠᠬᠤ ᠳᠠᠭᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠣᠯ ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠦᠭᠡᠳ᠂ ᠪᠦᠬᠦ ᠲᠠᠯ᠎ᠠ ᠳᠤ ᠬᠤᠯᠪᠤᠭᠳᠠᠬᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠥᠪᠥᠷ  ᠮᠤᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠵᠦ᠂ ᠠᠮᠢ ᠠᠬᠤᠶ ᠶᠢ ᠤᠷᠢᠳᠠᠪᠡᠷ ᠪᠤᠳᠤᠯᠬᠢᠯᠠᠵᠦ᠂ ᠪᠣᠬᠢᠷᠲᠤᠯ ᠦᠭᠡᠶ ᠬᠥᠭᠵᠢᠯᠲᠡ ᠶᠢᠨ ᠤᠳᠤᠷᠢᠳᠤᠮᠵᠢ ᠶᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠪᠦᠬᠦ ᠶᠠᠪᠤᠴᠠ   ᠳᠤ  ᠳᠤᠭᠤᠰᠢᠯᠠᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠲᠦᠯᠦᠪᠵᠢᠭᠦᠯᠭᠡ ᠶᠢᠨ ᠤᠷᠢᠳᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠪᠣᠯᠤᠮᠵᠢᠲᠤ ᠴᠢᠨᠠᠷ ᠢ ᠦᠨᠡᠨ ᠬᠦ  ᠴᠢᠩᠭᠠᠷᠠᠭᠤᠯᠬᠤ ᠬᠡᠷᠡᠭᠲᠠᠢ ᠭᠡᠵᠠᠢ᠃     ᠬᠤᠷᠠᠯ ᠠᠴᠠ ᠴᠢᠬᠤᠯᠠᠴᠢᠯᠠᠬᠤ ᠳᠠᠭᠠᠨ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠠᠷᠢᠯᠵᠢᠶ᠎ᠠ‌ᠡᠷᠬᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ  ᠠᠷᠢᠯᠵᠢᠶ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ  ᠪᠠᠶᠢᠴᠠᠭᠠᠯᠲᠠ ᠪᠠᠷ ᠲᠣᠬᠢᠶᠠᠯ ᠪᠤᠯᠭᠠᠵᠦ᠂ ᠨᠢᠭᠡ ᠠᠴᠠ ᠭᠤᠷᠪᠠ ᠶᠢ ᠮᠡᠳᠡᠵᠦ  ᠰᠢᠯᠢ ᠶᠢᠨ ᠭᠤᠣᠯ ᠠᠶᠢᠮᠠᠭ ᠤᠨ  ᠠᠷᠢᠯᠵᠢᠶ᠎ᠠ ᠡᠷᠬᠢᠯᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠪᠠᠭᠤᠷᠠᠶ ᠲᠠᠯ᠎ᠠ ᠶᠢ ᠪᠠᠶᠢᠴᠠᠭᠠᠨ ᠳᠡᠯᠭᠡᠵᠦ᠂ ᠠᠰᠠᠭᠤᠳᠠᠯ ᠢ   ᠲᠤᠶᠢᠯᠪᠦᠷᠢᠲᠠᠢ ᠴᠡᠭᠴᠡᠯᠡᠨ ᠰᠠᠶᠢᠵᠢᠷᠠᠭᠤᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠪᠡᠶᠡᠯᠡᠭᠦᠯᠵᠦ᠂ ᠪᠦᠬᠦ ᠠᠶᠢᠮᠠᠭ ᠤᠨ ᠠᠷᠢᠯᠵᠢᠶ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠦᠨᠳᠦᠰᠦᠨ ᠠᠴᠠ ᠨᠢ ᠠᠬᠢᠭᠤᠯᠬᠤ ᠬᠡᠷᠡᠭᠲᠠᠢ ᠭᠡᠵᠠᠢ᠃     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠦᠷᠦᠭᠦᠯᠡᠨ ᠭᠠᠮᠨᠠᠵᠤ ᠠᠮᠢᠳᠤᠷᠠᠬᠤ ᠶᠢ ᠤᠯᠤᠰ ᠲᠥᠷᠥ ᠶᠢᠨ ᠤᠬᠠᠮᠰᠠᠷ ᠪᠤᠯᠤᠨ ᠠᠵᠢᠯᠯᠠᠭ᠎ᠠ ᠶᠢᠨ ᠤᠬᠠᠮᠰᠠᠷ ᠢᠶᠠᠨ ᠪᠣᠯᠭᠠᠵᠤ᠂ ᠲᠥᠰᠦᠪ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠪᠠᠭᠠᠰᠬᠠᠬᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ᠂ ᠨᠠᠷᠢᠨ ᠨᠢᠭᠲᠠ ᠪᠣᠳᠣᠵᠤ᠂ ᠡᠳ᠋ ᠤᠨ ᠵᠠᠰᠠᠭ ᠤᠨ ᠠᠵᠢᠯᠯᠠᠭᠠᠨ ᠤ ᠲᠣᠭᠲᠠᠪᠤᠷᠢᠲᠤ ᠴᠢᠨᠠᠷ ᠢ ᠨᠡᠮᠡᠭᠳᠡᠭᠦᠯᠵᠦ᠂ ᠦᠨᠡᠨ ᠬᠦ ᠭᠠᠮᠨᠠᠵᠤ ᠠᠮᠢᠳᠤᠷᠠᠬᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠠᠢ ᠭᠡᠵᠠᠢ᠃     ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号