ᠤᠨᠴᠠᠯᠢᠭᠳᠤ ᠬᠢᠴᠢᠶᠡᠯ ᠲᠦᠷᠦᠯ ᠰᠤᠷᠭᠠᠭᠤᠯᠢ ᠶᠢᠨ ᠠᠯᠳᠠᠷᠰᠢᠯ ᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2020/10/13
    ᠮᠣᠩᠭᠤᠯ ᠬᠡᠯᠡ ᠰᠣᠶᠣᠯ ᠤᠷᠠᠯᠢᠭ ᠤᠨ ᠰᠠᠯᠪᠤᠷᠢ ᠪᠣᠯ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠮᠣᠩᠭᠤᠯ ᠬᠢᠲᠠᠳ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠦᠨᠳᠤᠰᠤᠳᠠᠨ ᠤ ᠤᠨᠴᠠᠯᠢᠭ ᠢᠶᠠᠷ ᠳᠤᠪᠤᠶᠢᠮ᠎ᠠ ᠬᠤᠶᠠᠳᠤᠭᠠᠷ ᠳᠡᠰ ᠤᠨ ᠵᠢᠭᠠᠨ ᠰᠤᠷᠭᠠᠯᠳᠠ ᠶᠢᠨ ᠨᠢᠭᠡᠴᠢ ᠶᠤᠮ᠃     ᠲᠤᠰ ᠰᠠᠯᠪᠤᠷᠢ ᠶᠢᠨ ᠶᠡᠷᠦᠩᠬᠡᠶᠢᠯᠡᠭᠰᠡᠨ ᠤᠷᠠᠯᠢᠭ ᠤᠨ ᠠᠰᠠᠷ ᠤᠨ ᠠᠷᠠᠰᠤᠨ ᠰᠡᠶᠢᠯᠦᠮᠡᠯ ᠤᠨ ᠬᠢᠴᠢᠶᠡᠯ ᠤᠨ ᠭᠡᠷ ᠲᠤ ᠤᠷᠤᠬᠤ ᠳᠤ ᠬᠡᠳᠦᠨ ᠰᠤᠷᠤᠭᠴᠢ ᠭᠠᠷ ᠤᠷᠠᠯᠠᠯ ᠬᠢᠭᠡᠳ ᠶᠠᠭᠠᠷᠠᠵᠤ ᠪᠠᠶᠢᠯ᠎ᠠ᠃ ᠦᠨᠳᠦᠰᠦᠲᠡᠨ ᠤ ᠭᠠᠷ ᠤᠷᠠᠯᠠᠯ ᠤᠨ ᠮᠡᠷᠭᠡᠵᠢᠯ ᠰᠤᠷᠴᠤ ᠪᠠᠶᠢᠭ᠎ᠠ ᠵᠠᠮᠰᠤ᠄ ︽ᠢᠷᠡᠭᠦ ᠵᠢᠯ ᠲᠡᠭᠦᠰᠦᠭᠰᠡᠡ ᠤ ᠲᠠᠷᠠᠭ᠎ᠠ ᠦᠨᠳᠦᠰᠦᠲᠡᠨ ᠤ ᠭᠠᠷ ᠤᠷᠠᠯᠠᠯ ᠤᠨ ᠳᠡᠯᠭᠡᠭᠦᠷ ᠡᠷᠬᠢᠯᠡᠵᠤ᠂ ᠦᠨᠳᠤᠰᠤᠳᠠᠨ ᠤ ᠭᠠᠷ ᠤᠷᠠᠯᠠᠯ ᠢᠶᠠᠨ ᠤᠯᠠᠮᠵᠢᠯᠡᠨ ᠬᠦᠭᠵᠢᠬᠦᠯᠤᠨ᠎ᠠ︾ ᠭᠡᠵᠤ ᠢᠳᠡᠭᠡᠯ ᠲᠠᠢ ᠶᠠᠷᠢᠨ᠎ᠠ᠃ ︽ᠪᠢᠳᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠡᠬᠦᠳᠡᠨ ᠠᠴᠠ᠂ ᠦᠨᠳᠤᠰᠤᠳᠠᠨ ᠤ ᠳᠠᠭᠤᠤ ᠬᠥᠭᠵᠢᠮ᠂ ᠦᠨᠳᠦᠰᠦᠲᠡᠨ ᠤ ᠪᠥᠵᠢᠭ᠂ ᠦᠨᠳᠦᠰᠦᠲᠡᠨ ᠤ ᠭᠠᠷ ᠤᠷᠠᠯᠠᠯ ᠪᠠ ᠦᠨᠳᠦᠰᠦᠲᠡᠨ ᠤ ᠤᠨᠴᠠᠯᠢᠡᠡᠳᠤ ᠺᠠᠷᠲ᠋ᠣᠨ᠂ ᠮᠣᠩᠭᠤᠯ ᠬᠡᠯᠡᠨ ᠤ ᠨᠡᠪᠲᠡᠷᠡᠭᠦᠯᠭᠡ ᠶᠢᠨ ᠮᠡᠷᠭᠡᠵᠢᠯ ᠤᠨ ᠵᠢᠭᠠᠨ ᠰᠤᠷᠭᠠᠯᠳᠠ ᠶᠢ ᠠᠳᠬᠤᠵᠤ ᠪᠠᠶᠢᠨ᠎ᠠ᠃ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠣᠨᠴᠠᠯᠢᠭ ᠢ ᠠᠭᠤᠳᠠᠯᠵᠤ᠂ ᠨᠢᠭᠡ ᠲᠠᠯ᠎ᠠ ᠪᠠᠷ ᠥᠨᠳᠥᠷ ᠪᠤᠯᠪᠠᠰᠤᠷᠠᠯ ᠲᠠᠢ ᠮᠡᠷᠬᠡᠵᠢᠯ ᠴᠢᠳᠠᠪᠤᠷᠢ ᠲᠠᠢ ᠴᠢᠳᠠᠪᠤᠷᠢᠲᠠᠨ ᠢ ᠭᠦᠮᠤᠵᠢᠭᠦᠯᠭᠦ ᠶᠢ ᠴᠢᠬᠤᠯᠠᠴᠢᠯᠠᠵᠤ᠂ ᠨᠥᠭᠦᠭᠡ ᠲᠠᠯ᠎ᠠ ᠪᠠᠷ ᠦᠨᠳᠦᠰᠦᠲᠡᠨ ᠤ ᠰᠣᠶᠣᠯ ᠤᠷᠠᠯᠢᠭ ᠢ ᠤᠯᠠᠮᠵᠢᠯᠠᠨ ᠬᠦᠭᠵᠢᠬᠦᠯᠬᠦ ᠶᠢ ᠴᠢᠬᠤᠯᠠᠴᠢᠯᠠᠵᠤ᠂ ᠰᠣᠶᠣᠯ ᠤᠨ ᠤᠯᠠᠮᠵᠢᠯᠬᠠᠴᠢ ᠵᠠᠯᠭᠠᠮᠵᠢᠯᠠᠭᠴᠢ ᠶᠢ ᠪᠤᠯᠪᠠᠰᠤᠷᠠᠭᠤᠯᠤᠨ᠂ ᠦᠨᠳᠦᠰᠦᠲᠡᠨ ᠤ ᠰᠣᠶᠣᠯ ᠤᠷᠠᠯᠢᠭ ᠢ ᠤᠯᠠᠮᠵᠢᠯᠠᠨ ᠵᠠᠯᠭᠠᠮᠵᠢᠯᠠᠬᠤ ᠶᠢ ᠳᠡᠭᠡᠳᠤ ᠵᠡᠷᠭᠡ ᠶᠢᠨ ᠠᠵᠢᠯ ᠮᠡᠷᠭᠡᠵᠢᠯ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠲᠠᠢ ᠵᠤᠬᠢᠴᠠᠩᠭᠤᠢ ᠪᠠᠷ ᠬᠦᠭᠵᠢᠬᠦᠯᠵᠤ ᠪᠠᠶᠢᠨ᠎ᠠ᠃ ᠤᠳᠤᠬᠠᠨ ᠳᠤ ᠮᠣᠩᠭᠤᠯ ᠬᠡᠯᠡ ᠪᠠᠷ ᠨᠡᠪᠳᠡᠷᠡᠭᠦᠯᠵᠤ ᠭᠦᠳᠦᠯᠭᠦ᠂ ᠳᠠᠭᠤᠤ ᠬᠥᠭᠵᠢᠮ ᠤᠨ ᠰᠤᠷᠭᠠᠨ ᠬᠥᠮᠦᠵᠢᠯ᠂ ᠺᠠᠷᠲ᠋ᠣᠨ ᠬᠢᠭᠡᠳ ᠵᠠᠷ ᠮᠡᠳᠡᠭᠡᠯᠡᠯ ᠢ ᠵᠢᠷᠤᠵᠤ ᠳᠦᠯᠤᠪᠯᠡᠬᠦ ᠪᠠ ᠦᠢᠯᠡᠳᠬᠦ 4 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠰᠬᠠᠢ ᠮᠡᠷᠭᠡᠵᠢᠯ ᠵᠢᠴᠢ ᠦᠨᠳᠦᠰᠦᠲᠡᠨ ᠤ ᠳᠠᠭᠤᠤ ᠬᠥᠭᠵᠢᠮ᠂ ᠪᠥᠵᠢᠭ᠂ ᠺᠠᠷᠲ᠋ᠣᠨ ᠲᠣᠭᠯᠠᠭᠠᠮ᠂ ᠤᠷᠠᠨ ᠵᠢᠷᠤᠭ ᠪᠠ ᠬᠠᠪᠳᠠᠭᠠᠢ ᠶᠢᠨ ᠵᠢᠷᠤᠭ ᠲᠥᠯᠥᠪᠯᠡᠭᠡ᠂ ᠨᠡᠪᠳᠡᠷᠡᠬᠦᠯᠦᠭᠴᠢ ᠪᠠ ᠫᠷᠤᠭ᠍ᠷᠠᠮ ᠤᠨ ᠬᠥᠲᠥᠯᠥᠭᠴᠢ᠂ ᠮᠣᠩᠭᠤᠯ ᠬᠢᠲᠠᠳ ᠬᠡᠯᠡᠨ ᠤ ᠣᠷᠴᠢᠭᠤᠯᠭ᠎ᠠ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠭᠦ ᠵᠡᠷᠭᠡ 7 ᠳᠤᠮᠳᠠ ᠵᠡᠷᠭᠡ ᠶᠢᠨ ᠠᠵᠢᠯ ᠮᠠᠷᠭᠡᠵᠢᠯ ᠤᠨ ᠲᠤᠰᠬᠠᠶ ᠮᠡᠷᠭᠡᠵᠢᠯ ᠢ ᠨᠡᠭᠡᠭᠡᠵᠠᠢ᠃ ᠡᠭᠦᠨ ᠤ ᠬᠠᠮᠲᠤ ᠪᠠᠰᠠ ᠭᠠᠳᠠᠭᠠᠳᠤ ᠳᠤ ᠰᠤᠷᠤᠯᠴᠠᠬᠤ ᠪᠠᠷ ᠭᠠᠷᠬᠤ ᠰᠤᠷᠤᠭᠴᠢᠳ ᠤᠨ ᠬᠢᠲᠠᠳ ᠬᠡᠯᠡᠨ ᠤ ᠵᠢᠭᠠᠨ ᠰᠤᠷᠭᠠᠯᠲᠠ ᠵᠢᠴᠢ ᠪᠦᠬᠦ ᠰᠤᠷᠭᠠᠭᠤᠯᠢ ᠶᠢᠨ ᠤᠷᠠᠨ ᠵᠢᠷᠤᠭ᠂ ᠳᠠᠭᠤᠤ ᠬᠥᠭᠵᠢᠮ᠂ ᠪᠥᠵᠢᠭ᠂ ᠮᠣᠩᠭᠤᠯ ᠬᠡᠯᠡ ᠪᠢᠴᠢᠭ ᠵᠡᠷᠭᠡ ᠣᠯᠠᠨ ᠨᠡᠶᠢᠳᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠡᠭᠦᠷᠭᠡ ᠶᠢ ᠬᠦᠢᠴᠡᠳᠭᠡᠵᠤ ᠪᠠᠶᠢᠨ᠎ᠠ ᠁︾ ᠭᠡᠵᠦ ᠮᠣᠩᠭᠤᠯ ᠬᠡᠯᠡ ᠰᠣᠶᠣᠯ ᠤᠷᠠᠯᠢᠭ ᠤᠨ ᠰᠠᠯᠪᠤᠷᠢ ᠶᠢᠨ ᠡᠷᠬᠢᠯᠡᠭᠴᠢ ᠢᠯᠠᠯᠲᠠ ᠶᠠᠷᠢᠯ᠎ᠠ᠃     ᠣᠶᠢᠯᠠᠭᠠᠭᠰᠠᠨ ᠢᠶᠠᠷ᠂ ᠮᠣᠩᠭᠤᠯ ᠬᠡᠯᠡ ᠰᠣᠶᠣᠯ ᠤᠷᠠᠯᠢᠭ ᠤᠨ ᠰᠠᠯᠪᠤᠷᠢ ᠪᠣᠯ ︽ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠴᠢᠳᠠᠪᠤᠷᠢᠳᠠᠨ ᠢ ᠭᠦᠮᠤᠵᠢᠭᠦᠯᠭᠦ ᠰᠠᠭᠤᠷᠢᠨ ᠭᠠᠵᠠᠷ︾᠂ ︽ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠯ ᠤᠨ ᠰᠠᠭᠤᠷᠢᠨ ᠭᠠᠵᠠᠷ︾᠂ ︽ᠰᠢᠯᠢ ᠶᠢᠨ ᠭᠤᠤᠯ ᠠᠶᠢᠮᠠᠭ ᠤᠨ ᠤᠯᠠᠭᠠᠨᠮᠥ᠋ᠴᠢᠷ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ︾᠂ ︽ᠰᠢᠯᠢ ᠶᠢᠨ ᠭᠤᠤᠯ ᠠᠶᠢᠮᠠᠭ ᠤᠨ ᠬᠤᠤᠰ ᠬᠡᠯᠡᠨ ᠤ ᠪᠤᠯᠪᠠᠰᠤᠷᠠᠯ ᠤᠨ ᠰᠠᠭᠤᠷᠢᠨ ᠭᠠᠵᠠᠷ︾᠂ ︽ᠰᠢᠯᠢ ᠶᠢᠨ ᠭᠤᠤᠯ ᠠᠶᠢᠮᠠᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢᠲᠠᠨ ᠢ ᠭᠦᠮᠤᠵᠢᠭᠦᠯᠭᠦ ᠰᠠᠭᠤᠷᠢᠨ ᠭᠠᠵᠠᠷ︾᠂ ᠮᠥᠨ ᠴᠦ ︽ᠬᠤᠶᠠᠳᠤᠭᠠᠷ ᠪᠦᠯᠦᠭ ᠤᠨ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠴᠡᠭ︾ ᠮᠥᠨ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠤᠮᠳᠠᠳᠤ ᠤᠯᠤᠰ ᠤᠨ ᠤᠯᠠᠮᠵᠢᠯᠠᠯᠲᠤ ᠳᠠᠭᠤᠤ ᠬᠥᠭᠵᠢᠮ — ᠪᠤᠳᠠᠰ ᠤᠨ ᠪᠤᠰᠤ ᠰᠤᠶᠤᠯ ᠤᠨ ᠦᠪ ᠢ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ︾ ᠪᠤᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠯᠢᠭ ᠤᠨ ᠰᠤᠨᠢᠷᠬᠠᠮᠵᠢ ᠵᠠᠳᠠᠯᠤᠯᠳᠠ︾᠎ ᠶᠢᠨ ᠰᠣᠳᠣᠨ ᠬᠢᠴᠢᠶᠡᠯ ᠤᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠵᠦ ᠪᠣᠶ᠃     2018 ᠣᠨ ᠤ ᠵᠢᠯ ᠤᠨ ᠡᠴᠦᠰ ᠲᠤ ᠰᠦᠯᠵᠢᠶᠡᠨ ᠳᠡᠭᠡᠷ᠎ᠡ ︽ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠯᠢᠭ ᠤᠨ ᠰᠤᠨᠢᠷᠬᠠᠮᠵᠢ ᠵᠠᠳᠠᠯᠤᠯᠳᠠ︾᠎ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠳᠣᠨ ᠬᠢᠴᠢᠶᠡᠯ ᠢ ᠨᠡᠭᠡᠭᠡᠭᠰᠡᠨ ᠠᠴᠠ ᠨᠠᠭᠠᠰᠢ᠂ ᠣᠷᠣᠨ ᠤ ᠳᠣᠲᠣᠨ᠎ᠠ ᠭᠠᠳᠠᠨᠠᠬᠢ ᠤᠶᠤᠲᠠᠳ ᠲᠤ ᠳᠣᠭᠢᠷᠬᠠᠰᠠᠨ ᠬᠥᠬᠡᠮᠠᠶ᠂ ᠤᠷᠲᠤ ᠶᠢᠨ ᠳᠠᠭᠤᠤ᠂ ᠴᠤᠭᠤᠷ ᠳᠠᠭᠤᠤ᠂ ᠮᠣᠷᠢᠨ ᠬᠤᠭᠤᠷ᠂ ᠤᠯᠠᠮᠵᠢᠯᠠᠯᠲᠤ ᠭᠠᠷ ᠤᠷᠠᠯᠠᠯ᠂ ᠦᠨᠳᠦᠰᠦᠲᠡᠨ ᠤ ᠬᠤᠪᠴᠠᠰᠤ ᠵᠠᠰᠠᠯ ᠵᠡᠷᠭᠡ ᠳᠦᠷᠤᠯ ᠤᠨ ᠬᠢᠴᠢᠶᠡᠯ ᠳᠦᠷᠤᠯ ᠢ ᠨᠡᠭᠡᠭᠡᠵᠡᠶ᠃ ᠣᠳᠣᠬᠠᠨ ᠳᠤ᠂ ᠰᠦᠯᠵᠢᠶᠡᠨ ᠳᠡᠭᠡᠷᠡᠬᠢ ᠰᠣᠳᠣᠨ ᠬᠢᠴᠢᠶᠡᠯ ︽ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠯᠢᠭ ᠤᠨ ᠰᠤᠨᠢᠷᠬᠠᠮᠵᠢ ᠵᠠᠳᠠᠯᠤᠯᠲᠠ︾᠎ ᠶᠢ ᠪᠥᠬᠦ ᠤᠯᠤᠰ ᠤᠨ 25 ᠳᠡᠭᠡᠳᠦ ᠰᠤᠷᠭᠠᠭᠤᠯᠢ ᠶᠢᠨ 9116 ᠰᠣᠷᠣᠭᠴᠢ ᠰᠣᠩᠭᠤᠨ ᠰᠤᠷᠬᠤ ᠬᠢᠴᠢᠶᠡᠯ ᠢᠶᠠᠷ ᠰᠤᠷᠤᠯᠴᠠᠵᠤ᠂ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢᠯᠡᠳᠲᠡ ᠪᠠᠶᠢᠵᠤ᠂ 2018 ᠣᠨ ᠳᠤ ᠳᠤᠰ ᠬᠢᠴᠢᠶᠡᠯ ᠳᠦᠷᠤᠯ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃     ᠮᠣᠩᠭᠤᠯ ᠬᠡᠯᠡ ᠰᠣᠶᠣᠯ ᠤᠷᠠᠯᠢᠭ ᠤᠨ ᠰᠠᠯᠪᠤᠷᠢ ᠳᠤ ᠤᠷᠢᠳ ᠬᠤᠵᠢᠳ ᠡᠷᠳᠡᠨᠢ᠂ ᠳᠠᠯᠢᠡᠭᠦᠦ᠂ ᠪᠠ᠊ · ᠪᠢᠯᠢᠭ ᠵᠡᠷᠭᠡ ᠨᠡᠷᠡᠳᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠤᠡᠡᠰᠡᠨ ᠪᠦᠬᠡᠳ ᠣᠯᠠᠨ ᠤᠯᠤᠰ ᠤᠨ ᠮᠣᠷᠢᠨ ᠬᠤᠭᠤᠷ ᠤᠨ ᠶᠡᠭᠡ ᠪᠠᠭᠰᠢ ᠴᠢ᠊ · ᠪᠤᠯᠠᠭ᠂ ᠲᠥᠪ ᠤᠨ ᠷᠠᠳᠢᠣ᠋ ᠬᠤᠷᠢᠶᠠᠨ ᠤ ᠨᠡᠪᠲᠡᠷᠡᠭᠦᠯᠦᠭᠴᠢ ᠤᠷᠠᠨᠴᠡᠴᠡᠭ ᠵᠡᠷᠭᠡ ᠬᠥᠮᠦᠰ ᠢ ᠫᠷᠤᠹᠧᠰᠰᠤᠷ ᠢᠶᠠᠷ ᠤᠷᠢᠵᠤ᠂ ᠰᠤᠷᠭᠠᠭᠤᠯᠢ ᠶᠢᠨ ᠭᠠᠳᠠᠨᠠᠬᠢ ᠰᠢᠯᠢᠳᠡᠭ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠᠭᠰᠢ ᠶᠢᠨ ᠡᠩᠨᠡᠭᠡ ᠶᠢ ᠪᠠᠶᠢᠭᠤᠯᠪᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号