ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠤᠨ ᠠᠵᠢᠯ ᠤᠨ ᠭᠤᠤᠯᠳᠠᠯᠭ᠎ᠠ ᠪᠤᠯ | ᠬᠦᠴᠦᠨ ᠢᠶᠠᠨ ᠲᠦᠪᠯᠡᠷᠡᠭᠦᠯᠦᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠡᠯᠳᠡ ᠶᠢ ᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠮᠳᠠᠬᠢ ︽ᠬᠦᠳᠡᠭᠡ ᠠᠵᠤ ᠠᠬᠤᠢ | ᠬᠦᠳᠡᠭᠡ ᠲᠤᠰᠬᠤᠨ ᠲᠠᠷᠢᠶᠠᠴᠢᠨ︾ ᠤ ᠬᠦᠷᠢᠶ᠎ᠠ ᠴᠠᠷᠠᠭ᠎ᠠ ᠳᠠᠬᠢ ᠲᠤᠪᠤᠶᠢᠮ᠎ᠠ ᠲᠤᠳᠠᠭᠤᠳᠠᠯ ᠢ ᠨᠦᠬᠦᠪᠦᠷᠢᠯᠡᠬᠦ | ᠶᠠᠪᠣᠳᠠᠯ ᠪᠤᠯᠤᠨ᠎ᠠ᠃ | ᠶᠠᠳᠠᠭᠤ ᠠᠴᠠ ᠠᠩᠬᠢᠵᠢᠷᠠᠭᠤᠯᠬᠤ ᠲᠠᠯ᠎ᠠ ᠪᠠᠷ᠂ ᠦᠯᠡᠳᠡᠵᠦ ᠪᠠᠶᠢᠭ᠎ᠠ ᠶᠠᠳᠠᠭᠤ ᠠᠴᠠ ᠠᠩᠬᠢᠵᠢᠷᠠᠭᠤᠯᠬᠤ | ᠡᠭᠦᠷᠭᠡ ᠶᠢ ᠰᠠᠶᠢᠳᠤᠷ ᠪᠠᠶᠠᠯᠠᠭᠦᠯᠬᠦ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠠ ᠪᠦᠳᠦᠭᠡᠯ ᠢᠶᠠᠨ ᠪᠠᠬᠢᠵᠢᠭᠦᠯᠵᠦ᠂ | ᠲᠠᠬᠢᠨ ᠶᠠᠳᠠᠭᠤᠷᠠᠬᠤ ᠠᠴᠠ ᠰᠡᠷᠭᠡᠶᠢᠯᠡᠬᠦ᠂ ᠰᠢᠯᠭᠠᠨ ᠬᠤᠷᠢᠶᠠᠬᠤ ᠠᠵᠢᠯ ᠪᠤᠯᠤᠨ ᠤᠬᠠᠭᠤᠯᠭ᠎ᠠ ᠶᠢᠨ ᠠᠵᠢᠯ ᠢ | ᠰᠠᠶᠢᠳᠤᠷ ᠬᠢᠬᠦ᠂ ᠶᠠᠳᠠᠭᠤ ᠶᠢ ᠪᠠᠭᠠᠰᠬᠠᠬᠤ ᠠᠵᠢᠯ ᠢ ᠦᠷᠭᠦᠯᠵᠢᠯᠡᠨ ᠰᠤᠳᠤᠯᠬᠤ ᠵᠡᠷᠭᠡ ᠭᠤᠤᠯ ᠠᠵᠢᠯ ᠪᠠᠭᠳᠠᠵᠤ | ᠪᠤᠢ᠃ | ᠲᠤᠳᠠᠭᠤᠳᠠᠯ ᠢ ᠨᠦᠬᠦᠪᠦᠷᠢᠯᠡᠬᠦ ᠲᠠᠯ᠎ᠠ ᠪᠠᠷ᠂ ᠬᠦᠳᠡᠭᠡ ᠲᠤᠰᠬᠤᠨ ᠤ ᠤᠯᠠᠨ ᠨᠡᠶᠢᠳᠡ ᠶᠢᠨ ᠰᠠᠭᠤᠷᠢ | ᠲᠦᠭᠦᠭᠡᠷᠦᠮᠵᠢ᠂ ᠤᠰᠤ ᠬᠠᠩᠭᠠᠬᠤ ᠪᠠᠳᠤᠯᠠᠭ᠎ᠠ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ | ᠵᠠᠰᠠᠬᠤ᠂ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠨᠡᠶᠢᠭᠡᠮ ᠤᠨ ᠪᠠᠳᠤᠯᠠᠭ᠎ᠠ᠂ | ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠵᠢᠴᠢ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠵᠡᠷᠭᠡ | 8 ᠲᠠᠯ᠎ᠠ ᠶᠢ ᠬᠠᠮᠤᠷᠴᠠᠢ᠃ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠠ ︽ᠬᠦᠳᠡᠭᠡ ᠠᠵᠤ ᠠᠬᠤᠢ ᠬᠦᠳᠡᠭᠡ ᠲᠤᠰᠬᠤᠨ | ᠲᠠᠷᠢᠶᠠᠴᠢᠨ︾ ᠤ ᠬᠦᠷᠢᠶᠡᠨ ᠳᠠᠬᠢ ᠲᠤᠪᠤᠶᠢᠮ᠎ᠠ ᠲᠤᠳᠠᠭᠤᠳᠠᠯ ᠢ ᠡᠷᠭᠡᠪᠰᠢ ᠨᠦᠬᠦᠪᠦᠷᠢᠯᠡᠨ᠎ᠠ︔ ᠠᠵᠤ ᠠᠬᠤᠢ | ᠤᠷᠤᠭᠤᠳᠠᠬᠤ ᠲᠠᠷᠤᠯᠳᠠ ᠲᠤᠤᠷ᠎ᠠ᠂ ᠤᠯᠠᠨ ᠵᠠᠮ ᠰᠤᠪᠠᠭ ᠢᠶᠠᠷ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ᠎ᠠ︔ | ᠠᠮᠤ ᠪᠤᠳᠠᠭ᠎ᠠ ᠪᠠᠷ ᠲᠡᠯᠡᠭᠡᠢ ᠳ᠋ᠠᠬᠢᠨ ᠢ ᠠᠮᠤᠷᠵᠢᠭᠤᠯᠵᠤ᠂ ᠤᠨᠠᠯᠳᠠ ᠶᠢ ᠲᠤᠭᠳᠠᠪᠤᠷᠢᠵᠢᠭᠤᠯᠤᠨ ᠬᠠᠩᠭᠠᠯᠭ᠎ᠠ ᠶᠢ | ᠪᠠᠳᠤᠯᠠᠨ᠎ᠠ︔ ᠲᠤᠳᠠᠭᠤᠳᠠᠯ ᠢᠶᠠᠨ ᠦᠨᠡᠨ ᠭᠦ ᠨᠦᠬᠦᠪᠦᠷᠢᠯᠡᠵᠦ᠂ ︽ᠬᠦᠮᠦᠨ᠂ ᠭᠠᠵᠠᠷ ᠰᠢᠷᠤᠢ᠂ ᠵᠤᠭᠤᠰ︾ ᠤᠨ | ᠬᠦᠴᠦᠨ ᠵᠦᠢᠯ ᠤᠨ ᠪᠠᠳᠤᠯᠠᠭ᠎ᠠ ᠶᠢ ᠦᠷᠭᠦᠯᠵᠢᠯᠡᠨ ᠴᠢᠩᠭᠠᠳᠬᠠᠨ᠎ᠠ᠃ | — 2020 ᠤᠨ ᠤ ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠠᠴᠠ | ᠴᠢᠨᠡᠭᠡᠯᠢᠭ ᠨᠡᠶᠢᠭᠡᠮ ᠢ ᠪᠡᠶᠡᠯᠡᠭᠦᠯᠵᠦ ᠲᠠᠶᠢᠯᠦᠭᠰᠡᠨ ᠡᠰᠡᠬᠦ ᠶᠢᠨ ᠵᠠᠩᠭᠢᠯᠠᠭ᠎ᠠ ᠨᠢ ᠬᠦᠳᠡᠭᠡ ᠨᠤᠳᠤᠭ ᠤᠨ ᠤᠯᠠᠨ | ᠲᠦᠮᠡᠨ ᠤ ᠠᠵᠢᠯ ᠢ ᠰᠠᠶᠢᠨ ᠬᠢᠭᠰᠡᠨ ᠡᠰᠡᠬᠦ ᠪᠤᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠶᠠᠰᠤ ᠴᠢᠨᠠᠷ ᠬᠢᠷᠢ ᠵᠡᠷᠭᠡ ᠪᠠᠶᠢᠬᠤ᠂ ᠴᠢᠨᠡᠭᠡᠯᠢᠭ ᠨᠡᠶᠢᠭᠡᠮ ᠤᠨ ᠴᠢᠨᠠᠷ ᠴᠢᠨᠰᠠᠭ᠎ᠠ ᠬᠢᠷᠢ ᠵᠡᠷᠭᠡ | ᠪᠠᠶᠢᠬᠤ ᠶᠢ ᠶᠡᠬᠡᠬᠡᠨ ᠬᠡᠮᠵᠢᠶᠡᠨ ᠲᠡᠭᠡᠷ᠎ᠠ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ | ᠠᠵᠢᠯ ᠤᠨ ᠦᠷ᠎ᠠ ᠪᠦᠳᠦᠮᠵᠢ ᠶᠢ ᠦᠵᠡᠨ᠎ᠠ ᠭᠡᠵᠦ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠤ ᠪᠢᠴᠢᠭ | ᠮᠠᠲ᠋ᠧᠷᠢᠶᠠᠯ ᠳᠤ ᠲᠤᠳᠤᠷᠬᠠᠢ ᠲᠤᠷᠠᠳᠤᠭᠰᠠᠨ ᠪᠠᠶᠢᠳᠠᠭ᠃ ᠮᠠᠨ ᠤ ᠤᠷᠤᠨ ᠤᠷᠢᠳ ᠬᠤᠵᠢᠳ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ᠂ ᠪᠦᠬᠦ ᠤᠷᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠲᠠᠷᠤᠭ᠎ᠠ ᠨᠠᠷ ᠤᠨ | ᠠᠵᠢᠯ ᠤᠨ ᠬᠤᠷᠠᠯ᠂ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠮᠡᠳᠡᠭᠳᠡᠬᠦ ᠬᠤᠷᠠᠯ ᠵᠡᠷᠭᠡ ᠶᠢ ᠬᠤᠷᠠᠯᠳᠤᠭᠤᠯᠵᠤ᠂ | ᠦᠩᠭᠡᠷᠡᠭᠰᠡᠨ ᠵᠢᠯ ᠤᠨ ᠠᠵᠢᠯ ᠢᠶᠠᠨ ᠳ᠋ᠦᠩᠨᠡᠨ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠪᠠᠨ ᠲᠠᠬᠢᠨ ᠲᠠᠪᠳᠠᠨ | ᠴᠢᠬᠤᠯᠠᠴᠢᠯᠠᠵᠤ᠂ ᠨᠠᠷᠢᠯᠢᠭ ᠭᠦᠨᠵᠡᠭᠡᠢ ᠪᠠᠶᠢᠷᠢᠯᠠᠭᠤᠯᠤᠭᠰᠠᠨ ᠠᠴᠠ 2020 ᠤᠨ ᠤ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠵᠢᠯ ᠢ ᠰᠠᠶᠢᠳᠤᠷ ᠬᠢᠬᠦ ᠶᠢᠨ ᠤᠨᠴᠠᠭᠠᠢ ᠴᠢᠬᠤᠯᠠ ᠴᠢᠨᠠᠷ | ᠲᠤᠪᠤᠶᠢᠨᠠ᠃ | ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠶᠠᠳᠠᠭᠤ ᠶᠢ ᠲᠡᠳᠭᠦᠵᠦ ᠰᠠᠭᠤᠷᠢ ᠶᠢ ᠪᠠᠬᠢᠵᠢᠭᠦᠯᠦᠨ᠎ᠠ | ᠨᠢᠳᠤᠨᠤᠨ ᠵᠢᠯ ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠤᠨᠢᠨ ᠲᠡᠭᠡᠷ᠎ᠠ ᠨᠢ | ᠶᠠᠳᠠᠭᠤ ᠶᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ 6.5 ᠲᠦᠮᠡᠨ ᠬᠦᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠵᠠᠢ᠃ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ 140 ᠳ᠋ᠦᠩᠰᠢᠭᠤᠷ ᠲᠦᠭᠦᠷᠢᠭ ᠪᠡᠯᠡ | ᠮᠦᠩᠭᠦ ᠪᠠᠭᠤᠯᠭᠠᠵᠤ᠂ ᠭᠤᠤᠯᠯᠠᠬᠤ ᠠᠵᠤ ᠦᠢᠯᠡᠰ ᠢ ᠬᠦᠭᠵᠢᠭᠦᠯᠦᠨ ᠪᠤᠵᠠᠭᠠᠢᠢᠷᠠᠭᠤᠯᠵᠤ᠂ ᠬᠦᠳᠡᠯᠮᠦᠷᠢᠯᠡᠬᠦ | ᠴᠢᠳᠠᠪᠤᠷᠢ ᠲᠠᠢ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠠᠵᠤ ᠦᠢᠯᠡᠰ ᠬᠦᠭᠵᠢᠭᠦᠯᠬᠦ ᠶᠢ ᠪᠦᠬᠦᠨ ᠢ | ᠪᠦᠷᠬᠦᠬᠦᠯᠪᠠ᠃ ᠶᠠᠳᠠᠭᠤ ᠶᠢ ᠪᠠᠭᠠᠰᠬᠠᠵᠤ ᠶᠠᠳᠠᠭᠤ ᠶᠢ ᠲᠠᠶᠢᠴᠢᠯᠠᠬᠤ ᠲᠤᠭᠳᠠᠴᠠ ᠶᠢ ᠪᠠᠶᠢᠭᠤᠯᠵᠤ᠂ ᠶᠠᠳᠠᠭᠤ | ᠬᠦᠴᠢᠷᠳᠡᠯᠳᠡᠢ ᠬᠤᠰᠢᠭᠤ ᠰᠢᠶᠠᠨ ᠢ ᠵᠢᠯᠤᠭᠤᠳᠴᠤ᠂ ᠶᠠᠳᠠᠭᠤ ᠶᠢ ᠲᠡᠳᠬᠦᠬᠦ ᠠᠵᠤ ᠦᠢᠯᠡᠰᠵᠢᠯᠳᠠ ᠶᠢᠨ | ᠬᠤᠯᠪᠤᠭᠠᠳᠤ ᠴᠤᠭᠴᠠ ᠶᠢ 189 ᠪᠠᠶᠢᠭᠤᠯᠵᠤ᠂ 656 ᠠᠵᠤ ᠦᠢᠯᠡᠰᠵᠢᠯᠳᠡ ᠶᠢᠨ ᠲᠠᠭᠠᠭᠤᠯᠤᠭᠴᠢ ᠠᠵᠤ | ᠠᠬᠤᠢᠢᠯᠠᠯ ᠪᠤᠯᠤᠨ 2605 ᠬᠤᠷᠰᠢᠶ᠎ᠠ ᠶᠢᠨ ᠶᠠᠳᠠᠭᠤ ᠬᠦᠴᠢᠷᠳᠡᠯᠳᠡᠢ ᠡᠷᠦᠭᠡ ᠯᠦᠭᠡ ᠠᠰᠢᠭ ᠲᠤᠰᠠ ᠶᠢᠨ | ᠬᠤᠯᠪᠤᠭ᠎ᠠ ᠪᠠᠶᠢᠭᠤᠯᠬᠤ ᠶᠢ ᠵᠢᠯᠤᠭᠤᠳᠴᠤ᠂ 2.38 ᠲᠦᠮᠡᠨ ᠶᠠᠳᠠᠭᠤ ᠬᠦᠴᠢᠷᠳᠡᠯᠳᠡᠢ ᠡᠷᠦᠭᠡ ᠶᠢ ᠰᠢᠭᠤᠳ | ᠲᠠᠶᠢᠴᠢᠯᠠᠵᠠᠢ᠃ 35.5 ᠲᠦᠮᠡᠨ ᠶᠠᠳᠠᠭᠤ ᠬᠦᠴᠢᠷᠳᠡᠯᠳᠡᠢ ᠡᠷᠦᠭᠡ ︵ᠤᠳᠠᠭ᠎ᠠ︶ ᠳᠤ ᠠᠵᠤ ᠦᠢᠯᠡᠰ ᠤᠨ | ᠮᠡᠷᠭᠡᠵᠢᠯ ᠤᠨ ᠵᠢᠯᠤᠭᠤᠳᠤᠯᠭ᠎ᠠ ᠬᠢᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠠ ᠪᠦᠳᠦᠮᠵᠢ ᠶᠢ | ᠲᠡᠭᠡᠭᠰᠢᠯᠡᠭᠦᠯᠵᠡᠢ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠴᠢᠩᠭᠠᠳᠬᠠᠵᠤ᠂ | ᠶᠠᠳᠠᠭᠤ ᠬᠦᠴᠢᠷᠳᠡᠯᠳᠡᠢ ᠭᠠᠵᠠᠷ ᠤᠷᠤᠨ ᠢ ᠬᠠᠪᠰᠤᠷᠴᠤ ᠰᠦᠯᠵᠢᠶᠡᠨ ᠪᠤᠷᠤᠯᠠᠭᠤᠯᠭ᠎ᠠ ᠪᠠ ᠪᠤᠰᠤᠳ ᠵᠠᠮ | ᠰᠤᠪᠠᠭ ᠢᠶᠠᠷ 20 ᠳ᠋ᠦᠩᠰᠢᠭᠤᠷ ᠲᠦᠭᠦᠷᠢᠭ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ | ᠪᠤᠷᠤᠯᠠᠭᠤᠯᠤᠭᠰᠠᠨ ᠪᠠᠶᠢᠨ᠎ᠠ᠃ | ᠡᠨᠡ ᠵᠢᠯ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠦᠴᠢᠷ ᠤᠨ ᠬᠢᠨ ᠪᠦᠬᠦ | ᠰᠢᠰᠲ᠋ᠧᠮ ᠤᠨ ᠬᠦᠴᠦᠨ ᠳᠡᠭᠡᠨ ᠲᠦᠰᠢᠭᠯᠡᠨ᠂ ᠠᠵᠤ ᠦᠢᠯᠡᠰ ᠢᠶᠠᠷ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠶᠢ | ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠦᠷᠭᠦᠯᠵᠢᠯᠡᠬᠦ ᠬᠦᠭᠵᠢᠯᠳᠡ ᠶᠢ ᠠᠬᠢᠭᠤᠯᠵᠤ᠂ | ᠶᠠᠳᠠᠭᠤ ᠠᠴᠠ ᠠᠩᠬᠢᠵᠢᠷᠠᠭᠤᠯᠤᠭᠰᠠᠨ ᠦᠷ᠎ᠠ ᠪᠦᠳᠦᠭᠡᠯ ᠢ ᠪᠠᠬᠢᠵᠢᠭᠦᠯᠦᠨ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠤ ᠢᠯᠠᠯᠳᠠ ᠶᠢ ᠤᠯᠤᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠯᠦᠪᠵᠢᠭᠦᠯᠭᠡ ᠶᠢ ᠦᠷᠭᠦᠯᠵᠢᠯᠡᠨ ᠰᠠᠶᠢᠳᠤᠷ ᠠᠳᠬᠤᠵᠤ᠂ ᠭᠠᠴᠠᠭ᠎ᠠ | ᠲᠤᠰᠬᠤᠨ ᠡᠷᠦᠭᠡ ᠳᠤ ᠬᠦᠷᠳᠡᠯ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠵᠤ᠂ ᠶᠠᠳᠠᠭᠤ ᠬᠦᠴᠢᠷᠳᠡᠯᠳᠡᠢ ᠡᠷᠦᠭᠡ ᠳᠤ ᠠᠵᠤ ᠦᠢᠯᠡᠰ ᠤᠨ ᠲᠦᠷᠦᠯ ᠵᠦᠢᠯ ᠢ | ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠂ ᠨᠢᠭᠡ ᠭᠡᠷ ᠡᠷᠦᠭᠡ ᠶᠢᠨ ᠠᠵᠤ ᠦᠢᠯᠡᠰ ᠢ ᠠᠵᠤ ᠦᠢᠯᠡᠰ ᠤᠨ | ᠬᠡᠯᠬᠢᠶ᠎ᠠ ᠳᠤ ᠤᠷᠤᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠠ ᠪᠦᠳᠦᠭᠡᠯ ᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠎ᠠ᠃ ᠭᠤᠤᠯᠯᠠᠬᠤ ᠠᠵᠤ ᠦᠢᠯᠡᠰ ᠢ ᠪᠤᠶᠢᠵᠢᠭᠤᠯᠵᠤ᠂ ᠤᠨᠴᠠᠯᠢᠭᠳᠤ ᠬᠦᠭᠵᠢᠯᠳᠡ ᠪᠤᠯᠤᠨ | ᠵᠦᠷᠢᠶᠡᠵᠢᠭᠰᠡᠨ ᠦᠷᠢᠰᠦᠯᠳᠦᠭᠡᠨ ᠢ ᠲᠤᠪᠤᠶᠢᠯᠭᠠᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠪᠤᠯᠭᠠᠨ ᠳᠤ 2 | — 3 ᠬᠦᠭᠵᠢᠯᠳᠡ ᠶᠢᠨ ᠬᠠᠨᠳᠤᠰᠢ ᠳᠤ ᠵᠤᠬᠢᠴᠠᠭᠰᠠᠨ᠂ ᠶᠠᠳᠠᠭᠤ ᠶᠢ ᠲᠠᠶᠢᠴᠢᠯᠠᠬᠤ ᠬᠦᠳᠡᠯᠭᠡᠬᠦ ᠬᠦᠴᠦᠨ ᠢᠶᠠᠷ | ᠴᠢᠩᠭ᠎ᠠ ᠭᠤᠤᠯᠯᠠᠬᠤ ᠠᠵᠤ ᠦᠢᠯᠡᠰ ᠢ ᠤᠨᠢᠨ ᠲᠡᠭᠡᠷ᠎ᠠ ᠨᠢ ᠬᠦᠭᠵᠢᠭᠦᠯᠦᠨ᠎ᠠ᠃ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠤᠷᠳᠤ ᠬᠤᠭᠤᠴᠠᠭᠠᠨ ᠤ ᠪᠦᠳᠦᠮᠵᠢᠳᠤ ᠲᠤᠭᠳᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠳᠡᠢ ᠬᠤᠰᠢᠭᠤ | ᠰᠢᠶᠠᠨ ᠳᠤ ᠶᠠᠳᠠᠭᠤ ᠶᠢ ᠲᠡᠳᠬᠦᠬᠦ ᠲᠠᠭᠠᠭᠤᠯᠤᠭᠴᠢ ᠠᠵᠤ ᠠᠬᠤᠢᠢᠯᠠᠯ ᠪᠤᠯᠤᠨ ᠠᠵᠤ ᠦᠢᠯᠡᠰ ᠤᠨ ᠬᠤᠷᠰᠢᠶ᠎ᠠ | ᠪᠠᠶᠢᠭᠤᠯᠵᠤ᠂ ︽ᠲᠠᠭᠠᠭᠤᠯᠤᠭᠴᠢ ᠠᠵᠤ ᠠᠬᠤᠢᠢᠯᠠᠯ + ᠬᠤᠷᠰᠢᠶ᠎ᠠ + ᠶᠠᠳᠠᠭᠤ ᠬᠦᠴᠢᠷᠳᠡᠯᠳᠡᠢ ᠮᠠᠯᠵᠢᠬᠤ | ᠲᠠᠷᠢᠶᠠᠯᠠᠬᠤ ᠡᠷᠦᠭᠡ︾ ᠶᠢᠨ ᠲᠠᠶᠢᠴᠢᠯᠠᠬᠤ ᠵᠠᠭᠪᠤᠷ ᠢ ᠬᠦᠴᠦᠯᠡᠨ ᠲᠡᠯᠭᠡᠷᠡᠭᠦᠯᠵᠦ᠂ ᠶᠠᠳᠠᠭᠤ ᠬᠦᠴᠢᠷᠳᠡᠯᠳᠡᠢ | ᠡᠷᠦᠭᠡ ᠯᠦᠭᠡ ᠲᠤᠭᠳᠠᠭᠤᠨ ᠪᠦᠭᠡᠳ ᠨᠢᠭᠳᠠ ᠬᠡᠯᠪᠡᠷᠢ ᠶᠢᠨ ᠠᠰᠢᠭ ᠲᠤᠰᠠ ᠶᠢᠨ ᠬᠤᠯᠪᠤᠭ᠎ᠠ ᠪᠠᠶᠢᠭᠤᠯᠵᠤ᠂ ᠠᠵᠤ | ᠦᠢᠯᠡᠰ ᠤᠨ ᠬᠦᠭᠵᠢᠯᠳᠡ ᠲᠤᠮᠳᠠ ᠠᠴᠠ ᠦᠷᠭᠦᠯᠵᠢᠯᠡᠨ ᠲᠤᠭᠳᠠᠭᠤᠨ ᠢᠶᠠᠷ ᠠᠰᠢᠭ ᠬᠦᠷᠳᠡᠬᠦ ᠶᠢ ᠪᠡᠶᠡᠯᠡᠭᠦᠯᠦᠨ᠎ᠠ᠃ | ᠠᠵᠤ ᠦᠢᠯᠡᠰ ᠤᠨ ᠮᠡᠷᠭᠡᠵᠢᠯ ᠤᠨ ᠵᠢᠯᠤᠭᠤᠳᠤᠯᠭ᠎ᠠ ᠦᠢᠯᠡᠴᠢᠯᠡᠭᠡ ᠪᠠᠨ ᠴᠢᠩᠭᠠᠳᠬᠠᠵᠤ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠬᠦᠳᠡᠭᠡ | ᠲᠤᠰᠬᠤᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠪᠦᠳᠦᠮᠵᠢᠳᠡᠢ ᠵᠤᠯᠭᠠᠭᠤᠯᠵᠤ᠂ ᠶᠠᠳᠠᠭᠤ | ᠬᠦᠴᠢᠷᠳᠡᠯᠳᠡᠢ ᠭᠠᠴᠠᠭ᠎ᠠ ᠲᠤᠰᠬᠤᠨ ᠳᠤ ᠠᠵᠤ ᠦᠢᠯᠡᠰ ᠢ ᠰᠡᠷᠭᠦᠭᠡᠨ ᠮᠠᠨᠳᠤᠭᠤᠯᠬᠤ ᠰᠠᠭᠤᠷᠢ ᠶᠢ ᠪᠠᠳᠤᠳᠬᠠᠨ᠎ᠠ᠃ | ᠠᠷᠠᠳ ᠢ ᠪᠠᠶᠠᠵᠢᠭᠤᠯᠬᠤ ᠬᠦᠳᠡᠭᠡ ᠲᠤᠰᠬᠤᠨ ᠤ ᠠᠵᠤ ᠦᠢᠯᠡᠰ ᠢ ᠬᠦᠴᠦᠯᠡᠨ ᠬᠦᠭᠵᠢᠭᠦᠯᠬᠦ ᠪᠠᠷ | ᠲᠠᠮᠵᠢᠭᠤᠯᠤᠨ ᠶᠠᠳᠠᠭᠤ ᠠᠴᠠ ᠠᠩᠬᠢᠵᠢᠷᠠᠭᠤᠯᠬᠤ ᠰᠠᠭᠤᠷᠢ ᠶᠢ ᠪᠠᠬᠢᠵᠢᠭᠦᠯᠦᠨ᠎ᠠ᠂ ᠲᠠᠪᠠᠭᠤᠯᠢᠭ ᠭᠤᠤᠯᠯᠠᠬᠤ ᠠᠵᠤ | ᠦᠢᠯᠡᠰ ᠲᠤ ᠴᠢᠭᠯᠡᠭᠦᠯᠦᠨ᠂ ᠦᠨᠢᠶᠡᠨ ᠰᠦ᠂ ᠡᠷᠳᠡᠨᠢ ᠰᠢᠰᠢ ᠶᠢᠨ 2 ᠮᠢᠩᠭᠠᠨ ᠳ᠋ᠦᠩᠰᠢᠭᠤᠷ ᠲᠦᠭᠦᠷᠢᠭ ᠤᠨ | ᠦᠢᠯᠡᠳᠭᠦᠨ ᠤ ᠦᠷᠳᠡᠭ ᠪᠦᠬᠦᠢ ᠠᠵᠤ ᠦᠢᠯᠡᠰ ᠪᠤᠯᠤᠨ ᠮᠢᠬᠠᠨ ᠤ ᠦᠭᠡᠷ᠂ ᠮᠢᠬᠠᠨ ᠤ ᠬᠤᠨᠢ᠂ ᠲᠡᠵᠢᠭᠡᠯ | ᠪᠤᠷᠳᠤᠭ᠎ᠠ ᠵᠡᠷᠭᠡ 9 ᠵᠠᠭᠤᠨ ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠪᠦᠬᠦᠢ ᠠᠵᠤ ᠦᠢᠯᠡᠰ ᠤᠨ | ᠪᠦᠯᠦᠭᠵᠢᠯ ᠢ ᠬᠦᠴᠦᠷᠭᠡᠭᠵᠢᠭᠦᠯᠦᠨ᠂ ᠨᠢᠭᠡ ᠪᠦᠯᠦᠭ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ | ᠨᠠᠷᠢᠯᠢᠭ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠲᠠᠭᠠᠭᠤᠯᠤᠭᠴᠢ ᠠᠵᠤ ᠠᠬᠤᠢᠢᠯᠠᠯ ᠢ ᠪᠤᠶᠢᠵᠢᠭᠤᠯᠵᠤ᠂ | ᠡᠳ᠋ᠰᠢᠭᠦᠯᠦᠨ ᠪᠤᠯᠪᠠᠰᠤᠷᠠᠭᠤᠯᠵᠤ ᠤᠨᠳᠤᠤᠰᠢᠭᠤᠯᠬᠤ ᠨᠤᠷᠮ᠎ᠠ ᠶᠢ 65% ᠠᠴᠠ ᠲᠡᠭᠡᠭᠰᠢ ᠳᠤ ᠬᠦᠷᠭᠡᠨ᠎ᠠ᠃ ᠠᠵᠤ | ᠦᠢᠯᠡᠰ ᠤᠨ ᠲᠦᠪᠯᠡᠷᠡᠯ ᠤᠨ ᠤᠷᠤᠨ᠂ ᠲᠠᠪᠠᠭᠤᠯᠢᠭ ᠤᠷᠤᠨ ᠳᠤ ᠴᠢᠭᠯᠡᠭᠦᠯᠦᠨ᠂ ᠨᠢᠭᠡ ᠪᠦᠯᠦᠭ ᠤᠯᠤᠰ ᠤᠨ | ᠲᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠭᠡᠭ ᠪᠠᠯᠭᠠᠰᠤ ᠶᠢ ᠡᠭᠦᠳᠦᠨ ᠪᠠᠶᠢᠭᠤᠯᠵᠤ᠂ | ᠤᠯᠤᠰ ᠤᠨ ᠲᠡᠰ ᠤᠨ ︽ᠨᠢᠭᠡ ᠲᠤᠰᠬᠤᠨ ᠨᠢᠭᠡ ᠭᠤᠤᠯᠯᠠᠬᠤ ᠠᠵᠤ ᠦᠢᠯᠡᠰ ᠲᠠᠢ ᠪᠠᠶᠢᠬᠤ︾ ᠨᠢᠭᠡ ᠪᠦᠯᠦᠭ | ᠵᠢᠱᠢᠶ᠎ᠠ ᠦᠵᠡᠭᠦᠯᠬᠦ ᠲᠤᠰᠬᠤᠨ ᠪᠠᠯᠭᠠᠰᠤ ᠶᠢ ᠨᠤᠳᠠᠯᠠᠨ ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ | ︽ᠨᠢᠭᠡ ᠲᠤᠰᠬᠤᠨ ᠨᠢᠭᠡ ᠭᠤᠤᠯᠯᠠᠬᠤ ᠠᠵᠤ ᠦᠢᠯᠡᠰ ᠲᠠᠢ ᠪᠠᠶᠢᠬᠤ︾ ᠵᠢᠱᠢᠶ᠎ᠠ ᠦᠵᠡᠭᠦᠯᠬᠦ ᠲᠤᠰᠬᠤᠨ | ᠪᠠᠯᠭᠠᠰᠤ ᠶᠢᠨ ᠪᠠᠶᠢᠭᠤᠯᠤᠯᠳᠠ ᠶᠢ ᠦᠷᠭᠡᠳᠭᠡᠨ᠎ᠠ᠃ ᠰᠢᠯᠢᠳᠡᠭ ᠠᠵᠤ ᠠᠬᠤᠢᠢᠯᠠᠯ ᠤᠨ ᠲᠦᠷᠦᠯ ᠲᠡᠮᠳᠡᠭᠳᠤ ᠪᠤᠯᠤᠨ | ᠪᠦᠳᠦᠭᠡᠭᠳᠡᠭᠦᠨ ᠤ ᠲᠦᠷᠦᠯ ᠲᠡᠮᠳᠡᠭᠳᠤ ᠶᠢ ᠢᠳᠡᠪᠬᠢᠳᠡᠢ ᠴᠤᠭᠴᠠᠯᠠᠵᠤ᠂ ᠤᠷᠤᠨ ᠪᠦᠰᠡ ᠶᠢᠨ ᠨᠡᠶᠢᠳᠡ ᠶᠢᠨ | ᠬᠡᠷᠡᠭᠯᠡᠭᠡᠨ ᠤ ᠲᠦᠷᠦᠯ ᠲᠡᠮᠳᠡᠭᠳᠤ ᠶᠢ ᠪᠤᠶᠢᠵᠢᠭᠤᠯᠤᠨ ᠠᠯᠳᠠᠷᠰᠢᠭᠤᠯᠵᠤ᠂ ᠲᠦᠷᠦᠯ ᠲᠡᠮᠳᠡᠭᠳᠤ ᠴᠤᠭᠴᠠᠯᠠᠬᠤ ᠶᠢ | ᠤᠨᠴᠠᠯᠢᠭᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠲᠠᠪᠠᠭᠤᠯᠢᠭ ᠤᠷᠤᠨ ᠤ ᠪᠠᠶᠢᠭᠤᠯᠤᠯᠳᠠ | ᠵᠢᠴᠢ ᠪᠤᠬᠢᠷᠳᠤᠯ ᠦᠭᠡᠢ᠂ ᠤᠷᠭᠠᠨᠢᠭ᠂ ᠭᠠᠵᠠᠷ ᠵᠦᠢ ᠶᠢᠨ ᠢᠯᠡᠷᠭᠡᠶᠢᠯᠡᠯᠳᠦ ᠵᠡᠷᠭᠡ ᠪᠦᠳᠦᠭᠡᠭᠳᠡᠭᠦᠨ ᠤ | ᠭᠡᠷᠡᠴᠢᠯᠡᠯ ᠲᠠᠢ ᠨᠢᠭᠳᠠ ᠤᠶᠠᠯᠳᠤᠭᠤᠯᠵᠤ᠂ ᠨᠡᠩ ᠤᠯᠠᠨ ︽ᠦᠪᠦᠷ ᠮᠤᠩᠭᠤᠯ ᠨᠡᠷᠡᠮᠵᠢᠳᠤ︾ ᠲᠦᠷᠦᠯ | ᠲᠡᠮᠳᠡᠭᠳᠤ ᠶᠢᠨ ᠭᠠᠷᠴᠤ ᠶᠠᠪᠤᠬᠤ ᠶᠢ ᠪᠡᠶᠡᠯᠡᠭᠦᠯᠦᠨ᠂ ᠴᠢᠨᠠᠷ ᠰᠠᠶᠢᠳᠠᠢ ᠦᠨ᠎ᠠ ᠦᠨᠳᠦᠷ ᠪᠠᠶᠢᠬᠤ ᠶᠢ ᠪᠠᠶᠠᠯᠠᠭᠦᠯᠦᠨ᠎ᠠ᠃ | ᠲᠠᠯ᠎ᠠ ᠨᠤᠳᠤᠭ ᠤᠨ ᠮᠠᠯᠵᠢᠬᠤ ᠲᠠᠷᠢᠶᠠᠯᠠᠬᠤ ᠰᠤᠶᠤᠯ᠂ ᠤᠷᠤᠨ ᠨᠤᠳᠤᠭ ᠤᠨ ᠪᠤᠯᠪᠠᠰᠤᠨ ᠵᠡᠷᠭᠡ ᠰᠢᠯᠢᠳᠡᠭ ᠡᠬᠢ | ᠪᠠᠶᠠᠯᠢᠭ ᠢ ᠭᠦᠨᠵᠡᠭᠡᠢ ᠠᠭᠤᠳᠠᠯᠵᠤ᠂ ᠨᠢᠭᠡ ᠪᠦᠯᠦᠭ ᠬᠦᠳᠡᠭᠡ ᠲᠤᠰᠬᠤᠨ ᠤ ᠰᠡᠯᠡᠭᠦᠴᠡᠯ ᠵᠢᠭᠤᠯᠴᠢᠯᠠᠯ ᠤᠨ ᠵᠢᠱᠢᠶ᠎ᠠ | ᠦᠵᠡᠭᠦᠯᠬᠦ ᠬᠤᠰᠢᠭᠤ ᠰᠢᠶᠠᠨ ᠢ ᠲᠠᠨᠢᠯᠴᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ | ᠰᠢᠨ᠎ᠠ ᠶᠢ ᠡᠭᠦᠳᠬᠦ ᠲᠠᠭᠠᠭᠤᠯᠤᠭᠴᠢ ᠶᠢ ᠬᠦᠮᠦᠵᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠦᠳᠡᠭᠡ | ᠲᠤᠰᠬᠤᠨ ᠳᠤ ᠬᠦᠭᠵᠢᠯᠳᠡ ᠶᠢᠨ ᠰᠢᠨ᠎ᠠ ᠬᠦᠳᠡᠯᠭᠡᠬᠦ ᠬᠦᠴᠦᠨ ᠤᠯᠭᠤᠨ᠎ᠠ᠃ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ | ᠴᠤᠭᠴᠠ ᠶᠢ ᠭᠤᠤᠯᠳᠠᠯᠭ᠎ᠠ ᠲᠠᠢ ᠪᠤᠶᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ | ᠬᠤᠯᠪᠤᠭᠠᠳᠤ ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠬᠢᠶᠠᠯᠠᠭ᠎ᠠ ᠶᠢᠨ ᠲᠠᠷᠢᠶᠠᠯᠠᠩ᠂ ᠬᠤᠪᠢ ᠤᠷᠤᠵᠤ | ᠠᠰᠢᠭ ᠬᠤᠪᠢᠶᠠᠬᠤ᠂ ᠨᠠᠶᠢᠳᠠᠵᠤ ᠬᠠᠮᠢᠶᠠᠷᠤᠭᠤᠯᠬᠤ ᠦᠢᠯᠡᠴᠢᠯᠡᠭᠡ ᠵᠡᠷᠭᠡ ᠬᠡᠯᠪᠡᠷᠢ ᠪᠠᠷ ᠨᠡᠩ ᠤᠯᠠᠨ ᠪᠠᠭ᠎ᠠ ᠵᠢᠵᠢᠭ | ᠮᠠᠯᠵᠢᠬᠤ ᠲᠠᠷᠢᠶᠠᠯᠠᠬᠤ ᠡᠷᠦᠭᠡ ᠶᠢ ᠤᠳᠤ ᠦᠶ᠎ᠠ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠠ ᠳᠤ | ᠤᠷᠤᠭᠤᠯᠵᠤ᠂ ᠤᠷᠤᠯᠭ᠎ᠠ ᠶᠢ ᠨᠢ ᠨᠡᠮᠡᠭᠳᠡᠭᠦᠯᠦᠨ᠎ᠠ᠃ | ᠬᠦᠳᠡᠭᠡ ᠲᠤᠰᠬᠤᠨ ᠤ ᠲᠤᠳᠠᠭᠤᠳᠠᠯ ᠢ ᠨᠦᠬᠦᠪᠦᠷᠢᠯᠡᠵᠦ ᠬᠦᠷᠳᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠠ | ᠨᠢᠳᠤᠨᠤᠨ ᠵᠢᠯ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠲᠠᠬᠢᠨᠳᠠ ᠡᠯᠪᠡᠭ | ᠬᠤᠷᠢᠶᠠᠯᠳᠠ ᠤᠯᠵᠤ᠂ ᠠᠮᠤ ᠪᠤᠳᠠᠭᠠᠨ ᠤ ᠭᠠᠷᠤᠯᠳᠠ 730.6 ᠳ᠋ᠦᠩᠰᠢᠭᠤᠷ ᠵᠢᠩ᠂ ᠮᠢᠬᠠᠨ ᠤ ᠲᠦᠷᠦᠯ ᠤᠨ | ᠶᠡᠷᠦᠩᠬᠡᠢ ᠭᠠᠷᠤᠯᠳᠠ 260 ᠲᠦᠮᠡᠨ ᠲᠤᠨ ᠳᠤ ᠬᠦᠷᠴᠦ᠂ ᠰᠠᠭᠠᠯᠢ ᠶᠢᠨ ᠦᠨᠢᠶᠡᠨ ᠤ ᠲᠤᠭ᠎ᠠ᠂ ᠦᠨᠢᠶᠡᠨ | ᠰᠦ ᠶᠢᠨ ᠭᠠᠷᠤᠯᠳᠠ ᠠᠩᠬ᠎ᠠ ᠤᠳᠠᠭ᠎ᠠ ᠰᠡᠷᠭᠦᠭᠡᠯᠳᠡ ᠶᠢᠨ ᠴᠢᠨᠠᠷᠳᠠᠢ ᠨᠡᠮᠡᠭᠳᠡᠵᠦ᠂ ᠪᠤᠬᠢᠷᠳᠤᠯ ᠦᠭᠡᠢ᠂ ᠤᠷᠭᠠᠨᠢᠭ᠂ | ᠭᠠᠵᠠᠷ ᠵᠦᠢ ᠶᠢᠨ ᠢᠯᠡᠷᠭᠡᠶᠢᠯᠡᠯᠳᠤ ᠲᠠᠸᠠᠷ ᠤᠨ ᠲᠡᠮᠳᠡᠭᠳᠤ ᠪᠠᠷ ᠲᠠᠩᠰᠠᠯᠠᠭᠤᠯᠤᠭᠰᠠᠨ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠭᠦᠨ ᠤ ᠶᠡᠷᠦᠩᠬᠡᠢ ᠬᠡᠮᠵᠢᠶ᠎ᠠ 1600 ᠭᠠᠷᠤᠢ ᠲᠦᠮᠡᠨ ᠲᠤᠨ ᠳᠤ ᠬᠦᠷᠴᠦ᠂ ᠪᠦᠬᠦ | ᠤᠯᠤᠰ ᠲᠤ ᠡᠮᠦᠨᠡᠭᠦᠷ ᠲᠤ ᠵᠢᠭᠰᠠᠵᠠᠢ᠃ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ | ᠯᠠᠪᠳᠠᠭᠤᠨ ᠪᠠᠳᠤᠳᠠᠢ ᠠᠬᠢᠵᠤ᠂ ᠮᠠᠯᠵᠢᠬᠤ ᠲᠠᠷᠢᠶᠠᠯᠠᠬᠤ ᠤᠷᠤᠨ ᠤ ᠲᠦᠷᠬᠦ ᠢᠯᠡᠷᠭᠡᠢ ᠰᠠᠶᠢᠵᠢᠷᠠᠵᠤ᠂ ᠮᠠᠯᠵᠢᠬᠤ | ᠲᠠᠷᠢᠶᠠᠯᠠᠬᠤ ᠤᠷᠤᠨ ᠤ ᠦᠭᠡᠷᠡᠴᠢᠯᠡᠯᠳᠡ ᠭᠦᠨᠵᠡᠭᠡᠢ ᠠᠬᠢᠵᠤ᠂ ᠬᠦᠳᠡᠭᠡ ᠲᠤᠰᠬᠤᠨ ᠤ ᠵᠠᠰᠠᠯᠳᠠ ᠰᠠᠶᠢᠵᠢᠷᠠᠨ᠂ | ᠮᠠᠯᠴᠢᠨ ᠲᠠᠷᠢᠶᠠᠴᠢᠳ ᠤᠨ ᠬᠦᠷᠳᠡᠮᠵᠢ ᠶᠢᠨ ᠲᠦᠷᠦᠭᠳᠡᠯ ᠦᠷᠭᠦᠯᠵᠢᠯᠡᠨ ᠲᠡᠭᠡᠭᠰᠢᠯᠡᠭᠰᠡᠨ ᠪᠠᠶᠢᠨ᠎ᠠ᠃ | 21.37 ᠲᠦᠮᠡᠨ ᠡᠷᠦᠭᠡ ᠳᠤ ᠠᠷᠢᠭᠤᠨ ᠴᠡᠪᠡᠷ ᠵᠤᠷᠯᠤᠩ ᠪᠠᠶᠢᠭᠤᠯᠤᠨ ᠦᠭᠭᠦᠭᠰᠡᠨ ᠪᠤᠶᠤ ᠦᠭᠡᠷᠡᠴᠢᠯᠡᠨ | ᠰᠠᠶᠢᠵᠢᠷᠠᠭᠤᠯᠤᠭᠰᠠᠨ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠶᠢ | ᠪᠦᠳᠦᠮᠵᠢᠳᠡᠢ ᠰᠢᠢᠳᠪᠦᠷᠢᠯᠡᠵᠦ᠂ ᠭᠠᠴᠠᠭ᠎ᠠ ᠲᠤᠰᠬᠤᠨ ᠢᠶᠠᠨ ᠨᠤᠭᠤᠭᠠᠷᠠᠭᠤᠯᠤᠭᠰᠠᠨ᠂ ᠮᠠᠯᠵᠢᠬᠤ ᠲᠠᠷᠢᠶᠠᠯᠠᠬᠤ | ᠤᠷᠤᠨ ᠤ ᠵᠠᠰᠠᠮᠠᠯ ᠵᠠᠮ ᠢ 5070 ᠺᠢᠯᠣᠮᠧᠲᠷ ᠰᠢᠨ᠎ᠠ ᠪᠠᠷ ᠪᠠᠶᠢᠭᠤᠯᠤᠭᠰᠠᠨ ᠪᠤᠶᠤ ᠦᠭᠡᠷᠡᠴᠢᠯᠡᠨ ᠪᠠᠶᠢᠭᠤᠯᠵᠤ᠂ | ᠪᠤᠢ ᠪᠦᠬᠦᠢ ᠰᠤᠮᠤ ᠰᠢᠶᠠᠩ ᠪᠠᠯᠭᠠᠰᠤ ᠪᠤᠯᠤᠨ ᠨᠦᠬᠦᠴᠡᠯ ᠲᠠᠢ ᠪᠠᠶᠢᠭᠤᠯᠤᠮᠵᠢᠳᠤ ᠭᠠᠴᠠᠭ᠎ᠠ ᠲᠤᠰᠬᠤᠨ ᠪᠦᠬᠦᠨ ᠳᠤ | ᠬᠠᠳᠠᠭᠤ ᠵᠠᠮ ᠨᠡᠪᠳᠡᠷᠡᠭᠦᠯᠦᠭᠰᠡᠨ᠂ 1.6 ᠲᠦᠮᠡᠨ ᠡᠷᠦᠭᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ | ᠵᠠᠰᠠᠭᠰᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠬᠦ ᠢᠨᠵᠧᠨᠧᠷᠢᠩ ᠠᠴᠠ 69. | 7 ᠲᠦᠮᠡᠨ ᠬᠦᠮᠦᠨ ᠳᠤ ᠠᠰᠢᠭ ᠬᠦᠷᠳᠡᠭᠡᠭᠰᠡᠨ᠂ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠡᠵᠡᠮᠳᠡᠵᠦ ᠪᠤᠯᠬᠤ | ᠤᠷᠤᠯᠭ᠎ᠠ ᠵᠢᠱᠢᠯᠳᠠ ᠪᠠᠷ 15100 ᠲᠦᠭᠦᠷᠢᠭ ᠲᠤ ᠬᠦᠷᠦᠭᠰᠡᠨ ᠁ ᠡᠨᠡ ᠪᠦᠬᠦᠨ ᠪᠤᠯ ᠨᠢᠳᠦᠨ ᠳᠤ | ᠦᠵᠡᠭᠳᠡᠵᠦ ᠭᠠᠷ ᠲᠤ ᠪᠠᠷᠢᠭᠳᠠᠮ᠎ᠠ ᠠᠷᠠᠳ ᠤᠨ ᠠᠮᠢᠳᠤᠷᠠᠯ᠃ | ᠡᠯ᠎ᠠ ᠲᠠᠯ᠎ᠠ ᠶᠢᠨ ᠠᠮᠵᠢᠯᠳᠠ ᠪᠦᠳᠦᠮᠵᠢ ᠪᠠᠨ ᠬᠤᠷᠢᠶᠠᠩᠭᠤᠢᠢᠯᠠᠨ ᠳ᠋ᠦᠩᠨᠡᠬᠦ ᠶᠢᠨ ᠵᠡᠷᠭᠡ ᠪᠠᠷ ᠮᠠᠨ ᠤ ᠤᠷᠤᠨ | ᠤᠷᠤᠰᠢᠵᠤ ᠪᠠᠶᠢᠭ᠎ᠠ ᠲᠤᠳᠠᠭᠤᠳᠠᠯ ᠢᠶᠠᠨ ᠴᠦ ᠰᠡᠷᠭᠡᠭ ᠢᠶᠠᠷ ᠲᠠᠨᠢᠵᠤ ᠴᠠᠭ ᠲᠤᠬᠠᠢ ᠳᠤᠨᠢ ᠨᠦᠬᠦᠪᠦᠷᠢᠯᠡᠬᠦ ᠪᠠᠷ | ᠦᠷᠭᠦᠯᠵᠢᠯᠡᠬᠦ ᠬᠦᠭᠵᠢᠯᠳᠡ ᠶᠢᠨ ᠴᠢᠬᠤᠯᠠ ᠠᠨᠢᠰᠤ ᠪᠤᠯᠭᠠᠭᠰᠠᠨ ᠶᠤᠮ᠃ ᠤᠷᠤᠨ ᠤ ᠲᠠᠯ᠎ᠠ ᠠᠴᠠ᠂ ︽ᠮᠠᠯ ᠠᠵᠤ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠬᠠᠷᠢᠭᠤᠴᠠᠯᠭᠠᠳᠤ | ᠰᠡᠳᠭᠢᠯᠭᠡ᠂ ᠡᠭᠦᠷᠭᠡ ᠲᠤᠰᠢᠶᠠᠯᠳᠤ ᠰᠡᠳᠭᠢᠯᠭᠡ ᠪᠠᠨ ᠴᠢᠩᠭᠠᠳᠬᠠᠵᠤ᠂ ᠨᠢᠭᠡᠯᠡ ᠭᠦᠭ ᠢᠶᠠᠷ ᠴᠢᠷᠮᠠᠶᠢᠵᠤ᠂ | ᠡᠷᠡᠯᠭᠡᠭᠯᠡᠨ ᠪᠠᠶᠢᠯᠳᠤᠬᠤ ᠵᠤᠷᠢᠭ ᠰᠠᠨᠠᠭᠠᠨ ᠤ ᠪᠠᠶᠢᠳᠠᠯ ᠢ ᠦᠷᠭᠦᠯᠵᠢᠯᠡᠨ ᠪᠠᠳᠤᠯᠠᠵᠤ᠂ ᠲᠤᠭᠳᠠᠭᠰᠠᠨ | ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠤ | ᠢᠯᠠᠯᠳᠠ ᠶᠢ ᠤᠯᠬᠤ ᠲᠤᠬᠠᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷᠢᠮᠵᠢᠶ᠎ᠠ ᠲᠠᠢ ᠬᠠᠷᠭᠤᠭᠤᠯᠵᠤ | ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠬᠦᠷᠢᠶ᠎ᠠ | ᠴᠠᠷᠠᠭ᠎ᠠ ᠳᠠᠬᠢ ᠲᠤᠪᠤᠶᠢᠮ᠎ᠠ ᠲᠤᠳᠠᠭᠤᠳᠠᠯ ᠢ ᠲᠦᠷᠭᠡᠨ ᠨᠦᠬᠦᠪᠦᠷᠢᠯᠡᠬᠦ ᠲᠤᠬᠠᠢ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠵᠤ᠂ ᠮᠠᠯ ᠠᠵᠤ ᠠᠬᠤᠢ | ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ ᠶᠢ ᠲᠦᠷᠭᠡᠨ ᠠᠬᠢᠭᠤᠯᠬᠤ ᠲᠤᠬᠠᠢ᠂ ᠬᠦᠳᠡᠭᠡ ᠲᠤᠰᠬᠤᠨ ᠤ | ᠵᠠᠰᠠᠯᠳᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠡᠶ᠎ᠡ | ᠵᠤᠬᠢᠴᠠᠩᠭᠤᠢ ᠲᠤᠭᠳᠠᠭᠤᠨ ᠢ ᠦᠨᠡᠨ ᠭᠦ ᠬᠠᠮᠠᠭᠠᠯᠠᠬᠤ ᠲᠤᠬᠠᠢ᠂ ᠮᠠᠯᠵᠢᠬᠤ ᠲᠠᠷᠢᠶᠠᠯᠠᠬᠤ ᠤᠷᠤᠨ ᠢ ᠤᠷᠢᠳ ᠢᠶᠠᠷ | ᠬᠦᠭᠵᠢᠭᠦᠯᠬᠦ ᠶᠢ ᠪᠠᠷᠢᠮᠳᠠᠯᠠᠵᠤ᠂ ᠡᠯ᠎ᠠ ᠵᠦᠢᠯ ᠤᠨ ᠡᠭᠦᠷᠭᠡ ᠶᠢᠨ ᠪᠤᠳᠠᠳᠠᠢ ᠳᠤ ᠨᠠᠶᠢᠳᠠᠪᠤᠷᠢᠵᠢᠭᠤᠯᠤᠭᠳᠠᠬᠤ ᠶᠢ | ᠪᠠᠳᠤᠯᠠᠬᠤ ᠲᠤᠬᠠᠢ ᠵᠢᠷᠭᠤᠭᠠᠨ ᠶᠡᠭᠡ ᠲᠠᠯ᠎ᠠ ᠠᠴᠠ ᠪᠤᠳᠠᠳᠠᠢ ᠪᠠᠶᠢᠷᠢᠯᠠᠭᠤᠯᠤᠯᠳᠠ ᠬᠢᠵᠦ᠂ ᠨᠠᠷᠢᠯᠢᠭ ᠱᠠᠭᠠᠷᠳᠠᠵᠠᠢ᠃ | ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠭᠢᠮ ᠨᠢ ᠡᠨᠡ ᠵᠢᠯ ᠴᠢᠨᠠᠷ ᠰᠠᠶᠢᠳᠠᠢ ᠬᠦᠭᠵᠢᠯᠳᠡ ᠶᠢᠨ 10 ᠲᠤᠮᠤ ᠠᠵᠢᠯᠯᠠᠭᠠᠨ ᠤ ᠲᠦᠯᠦᠪᠯᠡᠭᠡ ᠶᠢ | ᠦᠷᠭᠦᠯᠵᠢᠯᠡᠨ ᠰᠠᠶᠢᠳᠤᠷ ᠬᠡᠷᠡᠭᠵᠢᠭᠦᠯᠬᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠪᠤᠯᠤᠨ ᠤᠨᠠᠯᠳᠠ ᠶᠢ | ᠲᠤᠭᠳᠠᠭᠤᠨ ᠪᠠᠶᠢᠯᠭᠠᠬᠤ᠂ ᠮᠢᠬᠠᠨ ᠤ ᠲᠦᠷᠦᠯ ᠵᠡᠷᠭᠡ ᠮᠠᠯ ᠤᠨ ᠠᠰᠢᠭ ᠰᠢᠮ᠎ᠠ ᠶᠢᠨ ᠬᠠᠩᠭᠠᠯᠭ᠎ᠠ ᠶᠢ ᠪᠠᠳᠤᠯᠠᠬᠤ᠂ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠨᠡᠨ ᠭᠦ ᠰᠠᠶᠢᠳᠤᠷ ᠠᠳᠬᠤᠬᠤ᠂ ᠮᠠᠯ ᠠᠵᠤ ᠠᠬᠤᠢ | ᠲᠠᠷᠢᠶᠠᠯᠠᠩ ᠤᠨ ᠪᠤᠬᠢᠷᠳᠤᠯ ᠦᠭᠡᠢ ᠬᠦᠭᠵᠢᠯᠳᠡ ᠶᠢ ᠬᠦᠴᠦᠯᠡᠨ ᠠᠬᠢᠭᠤᠯᠬᠤ᠂ ᠠᠷᠠᠳ ᠢ ᠪᠠᠶᠠᠵᠢᠭᠤᠯᠬᠤ ᠬᠦᠳᠡᠭᠡ | ᠲᠤᠰᠬᠤᠨ ᠤ ᠠᠵᠤ ᠦᠢᠯᠡᠰ ᠢ ᠬᠦᠴᠦᠯᠡᠨ ᠬᠦᠭᠵᠢᠭᠦᠯᠬᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ | ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠳᠤᠳᠠᠢ ᠠᠬᠢᠭᠤᠯᠬᠤ᠂ ᠮᠠᠯᠵᠢᠬᠤ | ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠪᠤᠯᠤᠨ ᠤᠯᠠᠨ ᠨᠡᠶᠢᠳᠡ ᠶᠢᠨ | ᠦᠢᠯᠡᠴᠢᠯᠡᠭᠡᠨ ᠤ ᠰᠠᠶᠢᠵᠢᠷᠠᠯᠳᠠ ᠶᠢ ᠬᠦᠴᠦᠯᠡᠨ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠨᠤᠭᠯᠠᠯ ᠤᠨ ᠴᠢᠳᠠᠪᠤᠷᠢᠳᠠᠨ ᠤ ᠲᠤᠯᠭᠠᠭᠤᠷᠢᠯᠠᠯ ᠢ | ᠴᠢᠩᠭᠠᠳᠬᠠᠬᠤ᠂ ᠮᠠᠯᠵᠢᠬᠤ ᠲᠠᠷᠢᠶᠠᠯᠬᠠᠤ ᠤᠷᠤᠨ ᠤ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠡᠭᠦᠷᠭᠡ ᠶᠢ | ᠯᠠᠪᠳᠠᠭᠤᠨ ᠪᠠᠳᠤᠳᠠᠢ ᠠᠬᠢᠭᠤᠯᠬᠤ᠂ ᠬᠦᠳᠡᠭᠡ ᠲᠤᠰᠬᠤᠨ ᠤ ᠵᠠᠰᠠᠯᠳᠠ ᠶᠢ ᠴᠢᠩᠭᠠᠳᠬᠠᠬᠤ ᠪᠠ ᠰᠠᠶᠢᠵᠢᠷᠠᠭᠤᠯᠬᠤ | ᠵᠡᠷᠭᠡ ᠤᠯᠠᠨ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠤᠷ ᠠᠬᠢᠭᠤᠯᠬᠤ ᠲᠤᠬᠠᠢ ᠨᠠᠷᠢᠯᠢᠭ ᠪᠠᠶᠢᠷᠢᠯᠠᠭᠤᠯᠵᠠᠢ᠃ | ᠤᠯᠤᠰ᠂ ᠤᠷᠤᠨ ᠠᠴᠠ ᠲᠤᠳᠤᠷᠬᠠᠢ ᠪᠠᠶᠢᠷᠢᠯᠠᠭᠤᠯᠤᠯᠳᠠ ᠲᠠᠢ ᠪᠣᠯᠬᠤᠷ ᠡᠯ᠎ᠠ ᠭᠠᠵᠠᠷ ᠤᠷᠤᠨ ᠤ ᠬᠢᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠢᠨᠠᠨ ᠬᠡᠮᠵᠢᠬᠦ ᠭᠦᠢᠴᠡᠳᠭᠡᠬᠦ ᠲᠤᠭ᠎ᠠ ᠲᠠᠢ ᠬᠠᠷᠭᠤᠭᠤᠯᠵᠤ᠂ ᠤᠷᠤᠨ | ᠨᠤᠳᠤᠭ ᠤᠨ ᠢᠶᠠᠨ ᠪᠤᠳᠠᠳᠠᠢ ᠪᠠᠶᠢᠳᠠᠯ ᠠᠴᠠ ᠡᠭᠦᠰᠴᠦ᠂ ᠤᠨᠢᠨ ᠲᠡᠭᠡᠷ᠎ᠠ ᠨᠢ ᠬᠦᠴᠦᠯᠡᠬᠦ ᠪᠤᠯ ᠵᠠᠩᠭᠢᠯᠠᠭ᠎ᠠ ᠪᠤᠯᠤᠨ᠎ᠠ᠃ | ᠬᠠᠷᠠᠯᠳᠠ ᠡᠭᠦᠷᠭᠡ ᠲᠤᠳᠤᠷᠬᠠᠢ ᠪᠤᠯᠤᠯ᠎ᠠ᠂ ᠬᠠᠨᠴᠤᠢ ᠰᠢᠮᠠᠯᠠᠨ ᠤᠷᠤᠯᠴᠠᠬᠤ ᠨᠢ ᠲᠠ ᠪᠢᠳᠡᠨ ᠤ ᠬᠠᠮᠳᠤ ᠶᠢᠨ | ᠡᠭᠦᠷᠭᠡ ᠶᠤᠮᠰᠠᠨ︕ |