ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  2020  ᠣᠨ ᠤ  ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ  ᠬᠤᠷᠠᠯ  ᠢ  ᠬᠤᠷᠡᠯᠳᠤᠭᠤᠯᠪᠠ
ᠨᠡᠶᠢᠲᠡᠯᠡᠭᠰᠡᠨ ᠴᠠᠭ᠄
2020/10/14
    10 ᠳ᠋ᠤᠭᠠᠷ ᠰᠠᠷ᠎ᠠ ᠶᠢᠨ 12  ᠤᠨ ᠡᠳᠦᠷ ᠤᠨ ᠦᠳᠡ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠥᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ  ᠭᠤᠤᠯ ᠳᠤᠭᠤᠶᠢᠯᠠᠩ ᠤᠨ 2020  ᠣᠨ ᠤ  ᠶᠢᠰᠦᠳᠦᠭᠡᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠴᠢᠬᠤᠯᠠ ᠶᠡᠭᠡ ᠠᠴᠢ ᠬᠤᠯᠪᠣᠭᠳᠠᠯ  ᠢ ᠬᠦᠡᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢᠨ ᠲᠣᠭᠤᠷᠢᠨ ᠳᠤ ᠲᠥᠪᠯᠡᠷᠡᠭᠦᠯᠦᠨ ᠰᠤᠳᠤᠯᠤᠨ  ᠶᠡᠷᠢᠯᠴᠠᠪᠠ᠃     ᠥᠪᠥᠷ ᠮᠣᠩᠭᠤᠯ ᠤᠨ  ᠦᠢᠯᠡᠳᠤᠯᠭᠡ ᠰᠡᠳᠬᠦᠯ ᠤᠨ ᠬᠤᠷᠢᠶᠠᠨ ᠤ ᠶᠡᠷᠦᠩᠬᠡᠶ ᠨᠠᠶᠢᠷᠠᠭᠤᠯᠤᠭᠴᠢ  ᠲᠡᠭᠦᠰ᠂  ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠮᠡᠳᠡᠭᠡ ᠵᠠᠩᠭᠢ ᠶᠢᠨ ᠲᠥᠪ ᠤᠨ ᠳᠡᠳ᠋ ᠡᠷᠬᠢᠯᠡᠭᠴᠢ ᠼᠦᠢ ᡁᠢ ᠵᠦᠩ᠂ ᠥᠪᠥᠷ ᠮᠣᠩᠭᠤᠯ ‍ᠤᠨ‌ᠦᠢᠯᠡᠳᠦᠯᠭᠡ ᠰᠡᠳᠬᠦᠯ ᠤᠨ  ᠬᠤᠷᠢᠶᠠᠨ ᠤ ᠭᠠᠳᠠᠭᠠᠳᠤ ᠲᠠᠢ ᠬᠠᠷᠢᠯᠴᠠᠬᠤ ᠬᠡᠯᠲᠡᠰ ᠤᠨ ᠡᠷᠬᠢᠯᠡᠭᠴᠢ ᠵᠤᠤ ᠭᠦᠸᠧ ᠭᠠᠩ ᠬᠤᠷᠠᠯ ᠳᠤ ᠣᠷᠣᠯᠴᠠᠨ ᠰᠤᠯᠠ ᠰᠣᠨᠣᠰᠪᠠ᠃     ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠬᠤ ᠪᠠᠭ ᠤᠨ ᠪᠦᠷᠢᠯᠳᠤᠭᠦᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ   ᠵᠦᠪᠯᠡᠯ᠂ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠭᠤᠤᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠶ᠎ᠠ ᠲᠠᠯᠪᠢᠵᠤ᠂ ᠪᠤᠰᠤᠳ ᠭᠤᠤᠯ ᠳᠤᠭᠤᠶᠢᠯᠠᠩ ᠤᠨ ᠪᠦᠷᠢᠯᠳᠦᠬᠦᠨ ᠨᠡᠷ  ᠶᠠᠷᠢᠶ᠎ᠠ ᠲᠠᠯᠪᠢᠬᠤ ᠪᠢᠴᠢᠭ ᠮᠠᠲ᠋ᠧᠷᠢᠶᠠᠯ ᠢᠶᠠᠨ ᠲᠤᠰᠢᠶᠠᠵᠠᠶ᠃     ᠯᠦᠸᠧ ᠬᠤ᠋ ᠽᠠᠢ ᠵᠢᠭᠠᠬᠤ ᠳᠠᠭᠠᠨ᠂ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ  ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ ᠨᠢ᠂ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠦᠷᠢᠮ ᠤᠨ ᠲᠤᠬᠢᠷᠠᠭᠤᠯᠤᠯᠲᠠ ᠮᠥᠨ᠂ ᠦᠨᠳᠦᠰᠦᠲᠡᠨ ᠤ ᠭᠠᠵᠠᠷ ᠣᠷᠣᠨ ᠤ ᠠᠵᠢᠯ ᠤᠨ ᠤᠷᠲᠤ ᠤᠳᠠᠭᠠᠨ ᠤ ᠠᠷᠭ᠎ᠠ ᠪᠣᠳᠣᠯᠭ᠎ᠠ᠂ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠮᠥᠨ ᠪᠤᠯᠬᠤᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠬᠢᠵᠢᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠰᠤᠷᠭᠠᠨ ᠬᠥᠮᠦᠵᠢᠯ ᠤᠨ ᠬᠠᠷᠠᠯᠲᠠ ᠶᠢ ᠪᠡᠶᠡᠯᠡᠭᠦᠯᠵᠦ᠂ ᠦᠨᠳᠦᠰᠦᠲᠡᠨ ᠤ ᠭᠠᠵᠠᠷ ᠣᠷᠣᠨ ᠤ ᠴᠡᠴᠡᠭᠯᠡᠯᠲᠡ ᠬᠥᠭᠵᠢᠯᠲᠡ ᠪᠣᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠤᠯᠠ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ᠪᠦᠬᠦ ᠠᠶᠢᠮᠠᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ  ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠢ  ᠠᠬᠢᠭᠤᠯᠬᠤ ᠬᠡᠷᠡᠭᠲᠠᠢ ᠬᠡᠪᠠ᠃     ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠶᠡᠭᠡ ᠲᠠᠯ᠎ᠠ ᠶᠢᠨ ᠤᠬᠠᠮᠰᠠᠷ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠡᠭᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢᠨ ᠬᠥᠮᠦᠵᠢᠯ᠂  ᠦᠡᠳᠤᠰᠤᠲᠠᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠺᠠᠳ᠋ᠷ ᠤᠯᠠᠨ ᠲᠦᠮᠡᠨ ᠳᠤ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠬᠤ ᠶᠢ ᠬᠥᠮᠦᠵᠢᠭᠦᠯᠦᠨ ᠬᠥᠲᠥᠯᠥᠨ ᠵᠢᠯᠤᠭᠤᠳᠬᠤ ᠬᠡᠷᠡᠭᠲᠠᠢ᠃ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠶᠢ ᠪᠠᠷᠢᠮᠲᠠᠯᠠᠵᠤ᠂ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ  ᠶᠢ ᠪᠠᠲᠤ ᠡᠵᠡᠮᠰᠢᠬᠦ ᠬᠡᠷᠡᠭᠲᠡᠢ᠃ ᠺᠠᠳ᠋ᠷ ᠤᠨ ᠡᠩᠨᠡᠭᠡ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠦᠷᠦ ᠪᠠᠷᠢᠬᠤ ᠴᠢᠳᠠᠪᠤᠷᠢ ᠪᠠ ᠵᠠᠰᠠᠬᠤ ᠲᠦᠪᠰᠢᠨ ᠢᠶᠠᠨ ᠲᠠᠰᠤᠷᠡᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠢᠶ᠎ᠠ ᠪᠦᠬᠦᠢ ᠠᠵᠢᠯ ᠢ  ᠦᠷᠭᠦᠯᠵᠢᠯᠡᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠭ᠎ᠠ ᠬᠡᠮᠵᠢᠶ᠎ᠡ ᠶᠢᠨ ᠨᠠᠷᠢᠯᠢᠭ ᠣᠨᠣᠪᠴᠢᠲᠤ ᠴᠢᠨᠠᠷ ᠦᠷ᠎ᠡ ᠪᠦᠳᠦᠮᠵᠢᠳᠦ ᠴᠢᠨᠠᠷ ᠢ  ᠴᠢᠩᠭᠠᠷᠠᠭᠤᠯᠵᠤ᠂ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ  ᠦᠷᠭᠡᠳᠭᠡᠬᠦ ᠬᠡᠷᠡᠭᠲᠡᠢ᠃ ᠤᠷᠲᠤ ᠬᠤᠭᠤᠴᠠᠭᠠᠨ ᠤ ᠲᠤᠷᠰᠢ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠡᠶ᠎ᠡ ᠨᠠᠶᠢᠷᠲᠠᠶ ᠬᠠᠮᠲᠤ ᠤᠷᠤᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠯ ᠲᠠᠢ ᠬᠥᠭᠵᠢᠯᠲᠡ ᠶᠢᠨ ᠶᠡᠭᠡ ᠰᠡᠶᠢᠨ ᠪᠠᠶᠢᠳᠠᠯ ᠢ ᠨᠠᠨᠳᠢᠩᠨᠠᠵᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠡᠳᠤᠰᠤᠲᠠᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠬᠥᠭᠵᠢᠭᠦᠯᠵᠦ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠪᠠᠶᠢᠩᠭᠤ  ᠪᠠᠬᠢᠵᠢᠭᠦᠯᠬᠦ ᠭᠡᠷᠡᠭᠲᠠᠢ ᠬᠡᠪᠠ᠃     ᠲᠡᠭᠦᠰ ᠦᠨᠡᠯᠡᠯᠲᠡ ᠬᠢᠬᠦ ᠳᠡᠭᠡᠨ ᠵᠢᠭᠠᠭᠰᠠᠨ ᠨᠢ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠪᠡᠯᠡᠳᠬᠡᠯ ᠬᠦᠢᠴᠡᠳ᠂ ᠨᠠᠷᠢᠨ ᠬᠢᠨᠠᠮᠠᠭᠠᠶ ᠵᠢᠷᠤᠮᠵᠢᠯ ᠲᠠᠢ᠂ ᠭᠦᠨᠵᠡᠭᠡᠶ ᠰᠤᠳᠤᠯᠤᠨ ᠶᠠᠷᠢᠯᠴᠠᠵᠤ᠂ ᠵᠢᠱᠢᠭᠰᠡᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠣᠨᠣᠯ ᠰᠤᠷᠤᠯᠴᠠᠬᠤ ᠭᠤᠣᠯ  ᠲᠤᠭᠤᠶᠢᠯᠠᠩ ᠤᠨ ᠰᠤᠷᠤᠯᠴᠠᠬᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠰᠤᠷᠤᠯᠴᠠᠬᠤ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠠᠮᠲᠤ ᠶᠢᠨ ᠰᠤᠷᠤᠯᠴᠠᠯᠭ᠎ᠠ  ᠶᠢ ᠴᠢᠩᠭᠠᠷᠠᠭᠤᠯᠵᠤ᠂ ᠤᠨᠤᠯ ᠢᠶᠠᠷ ᠦᠢᠯᠡᠳᠦᠯᠭᠡ ᠶᠢ ᠵᠢᠯᠤᠭᠤᠳᠤᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠲᠠᠭᠡᠭᠰᠢᠯᠡᠭᠦᠯᠬᠦ ᠬᠡᠷᠡᠭᠲᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠴᠢᠩᠭ᠎ᠠ ᠠᠳᠬᠤᠵᠤ᠂ ᠰᠢᠰᠲ᠋ᠧᠮ ᠲᠠᠢ ᠲᠥᠯᠥᠪᠵᠢᠭᠦᠯᠬᠦ᠂ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ  ᠲᠦᠮᠠᠨ ᠤ ᠰᠡᠳᠬᠢᠯ ᠳᠤ  ᠬᠠᠳᠠᠩᠰᠢᠭᠤᠯᠬᠤ ᠬᠡᠷᠡᠭᠲᠠᠢ ᠬᠡᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号