ᠬᠦᠷᠬᠦ ᠮᠠᠷᠭᠠᠰᠢ ᠶᠢᠨ ᠦᠢᠯᠡᠰ ᠢ ᠬᠦ᠋ᠳᠡᠭᠡ ᠨᠤᠳᠤᠭ ᠠᠴᠠ ᠭᠠᠷᠳᠠᠨ ᠴᠣᠭᠴᠠᠯᠠᠨᠠᠮ
ᠨᠡᠶᠢᠲᠡᠯᠡᠭᠰᠡᠨ ᠴᠠᠭ᠄
2020/10/14
    ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠤᠨ ᠠᠵᠢᠯ ᠤᠨ ᠭᠤᠤᠯᠳᠠᠯᠭ᠎ᠠ ᠪᠤᠯ ᠬᠦᠴᠦᠨ ᠢᠶᠠᠨ ᠲᠦᠪᠯᠡᠷᠡᠭᠦᠯᠦᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠮᠳᠠᠬᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠬᠦᠷᠢᠶ᠎ᠠ ᠴᠠᠷᠠᠭ᠎ᠠ ᠳᠠᠬᠢ ᠲᠤᠪᠤᠶᠢᠮ᠎ᠠ ᠲᠤᠳᠠᠭᠤᠳᠠᠯ ᠢ ᠨᠦᠬᠦᠪᠦᠷᠢᠯᠡᠬᠦ ᠶᠠᠪᠣᠳᠠᠯ ᠪᠤᠯᠤᠨ᠎ᠠ᠃     ᠶᠠᠳᠠᠭᠤ ᠠᠴᠠ ᠠᠩᠬᠢᠵᠢᠷᠠᠭᠤᠯᠬᠤ ᠲᠠᠯ᠎ᠠ ᠪᠠᠷ᠂ ᠦᠯᠡᠳᠡᠵᠦ ᠪᠠᠶᠢᠭ᠎ᠠ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠰᠠᠶᠢᠳᠤᠷ ᠪᠠᠶᠠᠯᠠᠭᠦᠯᠬᠦ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠠ ᠪᠦᠳᠦᠭᠡᠯ ᠢᠶᠠᠨ ᠪᠠᠬᠢᠵᠢᠭᠦᠯᠵᠦ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ᠂ ᠰᠢᠯᠭᠠᠨ ᠬᠤᠷᠢᠶᠠᠬᠤ ᠠᠵᠢᠯ ᠪᠤᠯᠤᠨ ᠤᠬᠠᠭᠤᠯᠭ᠎ᠠ ᠶᠢᠨ ᠠᠵᠢᠯ ᠢ ᠰᠠᠶᠢᠳᠤᠷ ᠬᠢᠬᠦ᠂ ᠶᠠᠳᠠᠭᠤ ᠶᠢ ᠪᠠᠭᠠᠰᠬᠠᠬᠤ ᠠᠵᠢᠯ ᠢ ᠦᠷᠭᠦᠯᠵᠢᠯᠡᠨ ᠰᠤᠳᠤᠯᠬᠤ ᠵᠡᠷᠭᠡ ᠭᠤᠤᠯ ᠠᠵᠢᠯ ᠪᠠᠭᠳᠠᠵᠤ ᠪᠤᠢ᠃     ᠲᠤᠳᠠᠭᠤᠳᠠᠯ ᠢ ᠨᠦᠬᠦᠪᠦᠷᠢᠯᠡᠬᠦ ᠲᠠᠯ᠎ᠠ ᠪᠠᠷ᠂ ᠬᠦᠳᠡᠭᠡ ᠲᠤᠰᠬᠤᠨ ᠤ ᠤᠯᠠᠨ ᠨᠡᠶᠢᠳᠡ ᠶᠢᠨ ᠰᠠᠭᠤᠷᠢ ᠲᠦᠭᠦᠭᠡᠷᠦᠮᠵᠢ᠂ ᠤᠰᠤ ᠬᠠᠩᠭᠠᠬᠤ ᠪᠠᠳᠤᠯᠠᠭ᠎ᠠ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠨᠡᠶᠢᠭᠡᠮ ᠤᠨ ᠪᠠᠳᠤᠯᠠᠭ᠎ᠠ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠵᠢᠴᠢ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠵᠡᠷᠭᠡ 8 ᠲᠠᠯ᠎ᠠ ᠶᠢ ᠬᠠᠮᠤᠷᠴᠠᠢ᠃    ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠠ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠬᠦᠷᠢᠶᠡᠨ ᠳᠠᠬᠢ ᠲᠤᠪᠤᠶᠢᠮ᠎ᠠ ᠲᠤᠳᠠᠭᠤᠳᠠᠯ ᠢ ᠡᠷᠭᠡᠪᠰᠢ ᠨᠦᠬᠦᠪᠦᠷᠢᠯᠡᠨ᠎ᠠ︔ ᠠᠵᠤ ᠠᠬᠤᠢ ᠤᠷᠤᠭᠤᠳᠠᠬᠤ ᠲᠠᠷᠤᠯᠳᠠ ᠲᠤᠤᠷ᠎ᠠ᠂ ᠤᠯᠠᠨ ᠵᠠᠮ ᠰᠤᠪᠠᠭ ᠢᠶᠠᠷ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ᠎ᠠ︔ ᠠᠮᠤ ᠪᠤᠳᠠᠭ᠎ᠠ ᠪᠠᠷ ᠲᠡᠯᠡᠭᠡᠢ ᠳ᠋ᠠᠬᠢᠨ ᠢ ᠠᠮᠤᠷᠵᠢᠭᠤᠯᠵᠤ᠂ ᠤᠨᠠᠯᠳᠠ ᠶᠢ ᠲᠤᠭᠳᠠᠪᠤᠷᠢᠵᠢᠭᠤᠯᠤᠨ ᠬᠠᠩᠭᠠᠯᠭ᠎ᠠ ᠶᠢ ᠪᠠᠳᠤᠯᠠᠨ᠎ᠠ︔ ᠲᠤᠳᠠᠭᠤᠳᠠᠯ ᠢᠶᠠᠨ ᠦᠨᠡᠨ ᠭᠦ ᠨᠦᠬᠦᠪᠦᠷᠢᠯᠡᠵᠦ᠂ ︽ᠬᠦᠮᠦᠨ᠂ ᠭᠠᠵᠠᠷ ᠰᠢᠷᠤᠢ᠂ ᠵᠤᠭᠤᠰ︾ ᠤᠨ ᠬᠦᠴᠦᠨ ᠵᠦᠢᠯ ᠤᠨ ᠪᠠᠳᠤᠯᠠᠭ᠎ᠠ ᠶᠢ ᠦᠷᠭᠦᠯᠵᠢᠯᠡᠨ ᠴᠢᠩᠭᠠᠳᠬᠠᠨ᠎ᠠ᠃     — 2020 ᠤᠨ ᠤ ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠠᠴᠠ     ᠴᠢᠨᠡᠭᠡᠯᠢᠭ ᠨᠡᠶᠢᠭᠡᠮ ᠢ ᠪᠡᠶᠡᠯᠡᠭᠦᠯᠵᠦ ᠲᠠᠶᠢᠯᠦᠭᠰᠡᠨ ᠡᠰᠡᠬᠦ ᠶᠢᠨ ᠵᠠᠩᠭᠢᠯᠠᠭ᠎ᠠ ᠨᠢ ᠬᠦᠳᠡᠭᠡ ᠨᠤᠳᠤᠭ ᠤᠨ ᠤᠯᠠᠨ ᠲᠦᠮᠡᠨ ᠤ ᠠᠵᠢᠯ ᠢ ᠰᠠᠶᠢᠨ ᠬᠢᠭᠰᠡᠨ ᠡᠰᠡᠬᠦ ᠪᠤᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠶᠠᠰᠤ ᠴᠢᠨᠠᠷ ᠬᠢᠷᠢ ᠵᠡᠷᠭᠡ ᠪᠠᠶᠢᠬᠤ᠂ ᠴᠢᠨᠡᠭᠡᠯᠢᠭ ᠨᠡᠶᠢᠭᠡᠮ ᠤᠨ ᠴᠢᠨᠠᠷ ᠴᠢᠨᠰᠠᠭ᠎ᠠ ᠬᠢᠷᠢ ᠵᠡᠷᠭᠡ ᠪᠠᠶᠢᠬᠤ ᠶᠢ ᠶᠡᠬᠡᠬᠡᠨ ᠬᠡᠮᠵᠢᠶᠡᠨ ᠲᠡᠭᠡᠷ᠎ᠠ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠦᠷ᠎ᠠ ᠪᠦᠳᠦᠮᠵᠢ ᠶᠢ ᠦᠵᠡᠨ᠎ᠠ ᠭᠡᠵᠦ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠳᠤ ᠲᠤᠳᠤᠷᠬᠠᠢ ᠲᠤᠷᠠᠳᠤᠭᠰᠠᠨ ᠪᠠᠶᠢᠳᠠᠭ᠃ ᠮᠠᠨ ᠤ ᠤᠷᠤᠨ ᠤᠷᠢᠳ ᠬᠤᠵᠢᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ᠂ ᠪᠦᠬᠦ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠲᠠᠷᠤᠭ᠎ᠠ ᠨᠠᠷ ᠤᠨ ᠠᠵᠢᠯ ᠤᠨ ᠬᠤᠷᠠᠯ᠂ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠮᠡᠳᠡᠭᠳᠡᠬᠦ ᠬᠤᠷᠠᠯ ᠵᠡᠷᠭᠡ ᠶᠢ ᠬᠤᠷᠠᠯᠳᠤᠭᠤᠯᠵᠤ᠂ ᠦᠩᠭᠡᠷᠡᠭᠰᠡᠨ ᠵᠢᠯ ᠤᠨ ᠠᠵᠢᠯ ᠢᠶᠠᠨ ᠳ᠋ᠦᠩᠨᠡᠨ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠪᠠᠨ ᠲᠠᠬᠢᠨ ᠲᠠᠪᠳᠠᠨ ᠴᠢᠬᠤᠯᠠᠴᠢᠯᠠᠵᠤ᠂ ᠨᠠᠷᠢᠯᠢᠭ ᠭᠦᠨᠵᠡᠭᠡᠢ ᠪᠠᠶᠢᠷᠢᠯᠠᠭᠤᠯᠤᠭᠰᠠᠨ ᠠᠴᠠ 2020 ᠤᠨ ᠤ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠵᠢᠯ ᠢ ᠰᠠᠶᠢᠳᠤᠷ ᠬᠢᠬᠦ ᠶᠢᠨ ᠤᠨᠴᠠᠭᠠᠢ ᠴᠢᠬᠤᠯᠠ ᠴᠢᠨᠠᠷ ᠲᠤᠪᠤᠶᠢᠨ᠎ᠠ᠃     ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠶᠠᠳᠠᠭᠤ ᠶᠢ ᠲᠡᠳᠭᠦᠵᠦ ᠰᠠᠭᠤᠷᠢ ᠶᠢ ᠪᠠᠬᠢᠵᠢᠭᠦᠯᠦᠨ᠎ᠠ     ᠨᠢᠳᠤᠨᠤᠨ ᠵᠢᠯ ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ 6.5 ᠲᠦᠮᠡᠨ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠠᠢ᠃ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ 140 ᠳ᠋ᠦᠩᠰᠢᠭᠤᠷ ᠲᠦᠭᠦᠷᠢᠭ ᠪᠡᠯᠡ ᠮᠦᠩᠭᠦ ᠪᠠᠭᠤᠯᠭᠠᠵᠤ᠂ ᠭᠤᠤᠯᠯᠠᠬᠤ ᠠᠵᠤ ᠦᠢᠯᠡᠰ ᠢ ᠬᠦᠭᠵᠢᠭᠦᠯᠦᠨ ᠪᠤᠵᠠᠭᠠᠢᠢᠷᠠᠭᠤᠯᠵᠤ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠠᠵᠤ ᠦᠢᠯᠡᠰ ᠬᠦᠭᠵᠢᠭᠦᠯᠬᠦ ᠶᠢ ᠪᠦᠬᠦᠨ ᠢ ᠪᠦᠷᠬᠦᠬᠦᠯᠪᠠ᠃ ᠶᠠᠳᠠᠭᠤ ᠶᠢ ᠪᠠᠭᠠᠰᠬᠠᠵᠤ ᠶᠠᠳᠠᠭᠤ ᠶᠢ ᠲᠠᠶᠢᠴᠢᠯᠠᠬᠤ ᠲᠤᠭᠳᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ ᠵᠢᠯᠤᠭᠤᠳᠴᠤ᠂ ᠶᠠᠳᠠᠭᠤ ᠶᠢ ᠲᠡᠳᠬᠦᠬᠦ ᠠᠵᠤ ᠦᠢᠯᠡᠰᠵᠢᠯᠳᠠ ᠶᠢᠨ ᠬᠤᠯᠪᠤᠭᠠᠳᠤ ᠴᠤᠭᠴᠠ ᠶᠢ 189 ᠪᠠᠶᠢᠭᠤᠯᠵᠤ᠂ 656 ᠠᠵᠤ ᠦᠢᠯᠡᠰᠵᠢᠯᠳᠡ ᠶᠢᠨ ᠲᠠᠭᠠᠭᠤᠯᠤᠭᠴᠢ ᠠᠵᠤ ᠠᠬᠤᠢᠢᠯᠠᠯ ᠪᠤᠯᠤᠨ 2605 ᠬᠤᠷᠰᠢᠶ᠎ᠠ ᠶᠢᠨ ᠶᠠᠳᠠᠭᠤ ᠬᠦᠴᠢᠷᠳᠡᠯᠳᠡᠢ ᠡᠷᠦᠭᠡ ᠯᠦᠭᠡ ᠠᠰᠢᠭ ᠲᠤᠰᠠ ᠶᠢᠨ ᠬᠤᠯᠪᠤᠭ᠎ᠠ ᠪᠠᠶᠢᠭᠤᠯᠬᠤ ᠶᠢ ᠵᠢᠯᠤᠭᠤᠳᠴᠤ᠂  2.38 ᠲᠦᠮᠡᠨ ᠶᠠᠳᠠᠭᠤ ᠬᠦᠴᠢᠷᠳᠡᠯᠳᠡᠢ ᠡᠷᠦᠭᠡ ᠶᠢ ᠰᠢᠭᠤᠳ ᠲᠠᠶᠢᠴᠢᠯᠠᠵᠠᠢ᠃ 35.5 ᠲᠦᠮᠡᠨ ᠶᠠᠳᠠᠭᠤ ᠬᠦᠴᠢᠷᠳᠡᠯᠳᠡᠢ ᠡᠷᠦᠭᠡ ︵ᠤᠳᠠᠭ᠎ᠠ︶ ᠳᠤ ᠠᠵᠤ ᠦᠢᠯᠡᠰ ᠤᠨ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠠ ᠪᠦᠳᠦᠮᠵᠢ ᠶᠢ ᠲᠡᠭᠡᠭᠰᠢᠯᠡᠭᠦᠯᠵᠡᠢ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠴᠢᠩᠭᠠᠳᠬᠠᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠢ ᠬᠠᠪᠰᠤᠷᠴᠤ ᠰᠦᠯᠵᠢᠶᠡᠨ ᠪᠤᠷᠤᠯᠠᠭᠤᠯᠭ᠎ᠠ ᠪᠠ ᠪᠤᠰᠤᠳ ᠵᠠᠮ ᠰᠤᠪᠠᠭ ᠢᠶᠠᠷ 20 ᠳ᠋ᠦᠩᠰᠢᠭᠤᠷ ᠲᠦᠭᠦᠷᠢᠭ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠪᠤᠷᠤᠯᠠᠭᠤᠯᠤᠭᠰᠠᠨ ᠪᠠᠶᠢᠨ᠎ᠠ᠃     ᠡᠨᠡ ᠵᠢᠯ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠦᠴᠢᠷ ᠤᠨ ᠬᠢᠨ ᠪᠦᠬᠦ ᠰᠢᠰᠲ᠋ᠧᠮ ᠤᠨ ᠬᠦᠴᠦᠨ ᠳᠡᠭᠡᠨ ᠲᠦᠰᠢᠭᠯᠡᠨ᠂ ᠠᠵᠤ ᠦᠢᠯᠡᠰ ᠢᠶᠠᠷ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠶᠢ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠦᠷᠭᠦᠯᠵᠢᠯᠡᠬᠦ ᠬᠦᠭᠵᠢᠯᠳᠡ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠠ ᠪᠦᠳᠦᠭᠡᠯ ᠢ ᠪᠠᠬᠢᠵᠢᠭᠦᠯᠦᠨ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠤ ᠢᠯᠠᠯᠳᠠ ᠶᠢ ᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠯᠦᠪᠵᠢᠭᠦᠯᠭᠡ ᠶᠢ ᠦᠷᠭᠦᠯᠵᠢᠯᠡᠨ ᠰᠠᠶᠢᠳᠤᠷ ᠠᠳᠬᠤᠵᠤ᠂ ᠭᠠᠴᠠᠭ᠎ᠠ ᠲᠤᠰᠬᠤᠨ ᠡᠷᠦᠭᠡ ᠳᠤ ᠬᠦᠷᠳᠡᠯ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂  ᠶᠠᠳᠠᠭᠤ ᠬᠦᠴᠢᠷᠳᠡᠯᠳᠡᠢ ᠡᠷᠦᠭᠡ ᠳᠤ ᠠᠵᠤ ᠦᠢᠯᠡᠰ ᠤᠨ ᠲᠦᠷᠦᠯ ᠵᠦᠢᠯ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠂ ᠨᠢᠭᠡ ᠭᠡᠷ ᠡᠷᠦᠭᠡ ᠶᠢᠨ ᠠᠵᠤ ᠦᠢᠯᠡᠰ ᠢ ᠠᠵᠤ ᠦᠢᠯᠡᠰ ᠤᠨ ᠬᠡᠯᠬᠢᠶ᠎ᠠ ᠳᠤ ᠤᠷᠤᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠠ ᠪᠦᠳᠦᠭᠡᠯ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠠ᠃ ᠭᠤᠤᠯᠯᠠᠬᠤ ᠠᠵᠤ ᠦᠢᠯᠡᠰ ᠢ ᠪᠤᠶᠢᠵᠢᠭᠤᠯᠵᠤ᠂ ᠤᠨᠴᠠᠯᠢᠭᠳᠤ ᠬᠦᠭᠵᠢᠯᠳᠡ ᠪᠤᠯᠤᠨ ᠵᠦᠷᠢᠶᠡᠵᠢᠭᠰᠡᠨ ᠦᠷᠢᠰᠦᠯᠳᠦᠭᠡᠨ ᠢ ᠲᠤᠪᠤᠶᠢᠯᠭᠠᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠪᠤᠯᠭᠠᠨ ᠳᠤ 2 — 3 ᠬᠦᠭᠵᠢᠯᠳᠡ ᠶᠢᠨ ᠬᠠᠨᠳᠤᠰᠢ ᠳᠤ ᠵᠤᠬᠢᠴᠠᠭᠰᠠᠨ᠂ ᠶᠠᠳᠠᠭᠤ ᠶᠢ ᠲᠠᠶᠢᠴᠢᠯᠠᠬᠤ ᠬᠦᠳᠡᠯᠭᠡᠬᠦ ᠬᠦᠴᠦᠨ ᠢᠶᠠᠷ ᠴᠢᠩᠭ᠎ᠠ ᠭᠤᠤᠯᠯᠠᠬᠤ ᠠᠵᠤ ᠦᠢᠯᠡᠰ ᠢ ᠤᠨᠢᠨ ᠲᠡᠭᠡᠷ᠎ᠠ ᠨᠢ ᠬᠦᠭᠵᠢᠭᠦᠯᠦᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠪᠦᠳᠦᠮᠵᠢᠳᠤ ᠲᠤᠭᠳᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠶᠠᠳᠠᠭᠤ ᠶᠢ ᠲᠡᠳᠬᠦᠬᠦ ᠲᠠᠭᠠᠭᠤᠯᠤᠭᠴᠢ ᠠᠵᠤ ᠠᠬᠤᠢᠢᠯᠠᠯ ᠪᠤᠯᠤᠨ ᠠᠵᠤ ᠦᠢᠯᠡᠰ ᠤᠨ ᠬᠤᠷᠰᠢᠶ᠎ᠠ ᠪᠠᠶᠢᠭᠤᠯᠵᠤ᠂ ︽ᠲᠠᠭᠠᠭᠤᠯᠤᠭᠴᠢ ᠠᠵᠤ ᠠᠬᠤᠢᠢᠯᠠᠯ + ᠬᠤᠷᠰᠢᠶ᠎ᠠ + ᠶᠠᠳᠠᠭᠤ ᠬᠦᠴᠢᠷᠳᠡᠯᠳᠡᠢ ᠮᠠᠯᠵᠢᠬᠤ ᠲᠠᠷᠢᠶᠠᠯᠠᠬᠤ ᠡᠷᠦᠭᠡ︾ ᠶᠢᠨ ᠲᠠᠶᠢᠴᠢᠯᠠᠬᠤ ᠵᠠᠭᠪᠤᠷ ᠢ ᠬᠦᠴᠦᠯᠡᠨ ᠲᠡᠯᠭᠡᠷᠡᠭᠦᠯᠵᠦ᠂ ᠶᠠᠳᠠᠭᠤ ᠬᠦᠴᠢᠷᠳᠡᠯᠳᠡᠢ ᠡᠷᠦᠭᠡ ᠯᠦᠭᠡ ᠲᠤᠭᠳᠠᠭᠤᠨ ᠪᠦᠭᠡᠳ ᠨᠢᠭᠳᠠ ᠬᠡᠯᠪᠡᠷᠢ ᠶᠢᠨ ᠠᠰᠢᠭ ᠲᠤᠰᠠ ᠶᠢᠨ ᠬᠤᠯᠪᠤᠭ᠎ᠠ ᠪᠠᠶᠢᠭᠤᠯᠵᠤ᠂ ᠠᠵᠤ ᠦᠢᠯᠡᠰ ᠤᠨ ᠬᠦᠭᠵᠢᠯᠳᠡ ᠲᠤᠮᠳᠠ ᠠᠴᠠ ᠦᠷᠭᠦᠯᠵᠢᠯᠡᠨ ᠲᠤᠭᠳᠠᠭᠤᠨ ᠢᠶᠠᠷ ᠠᠰᠢᠭ ᠬᠦᠷᠳᠡᠬᠦ ᠶᠢ ᠪᠡᠶᠡᠯᠡᠭᠦᠯᠦᠨ᠎ᠠ᠃ ᠠᠵᠤ ᠦᠢᠯᠡᠰ ᠤᠨ ᠮᠡᠷᠭᠡᠵᠢᠯ ᠤᠨ ᠵᠢᠯᠤᠭᠤᠳᠤᠯᠭ᠎ᠠ ᠦᠢᠯᠡᠴᠢᠯᠡᠭᠡ ᠪᠠᠨ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠬᠦᠳᠡᠭᠡ ᠲᠤᠰᠬᠤᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠪᠦᠳᠦᠮᠵᠢᠳᠡᠢ ᠵᠤᠯᠭᠠᠭᠤᠯᠵᠤ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠳᠤ ᠠᠵᠤ ᠦᠢᠯᠡᠰ ᠢ ᠰᠡᠷᠭᠦᠭᠡᠨ ᠮᠠᠨᠳᠤᠭᠤᠯᠬᠤ ᠰᠠᠭᠤᠷᠢ ᠶᠢ ᠪᠠᠳᠤᠳᠬᠠᠨ᠎ᠠ᠃     ᠠᠷᠠᠳ ᠢ ᠪᠠᠶᠠᠵᠢᠭᠤᠯᠬᠤ ᠬᠦᠳᠡᠭᠡ ᠲᠤᠰᠬᠤᠨ ᠤ ᠠᠵᠤ ᠦᠢᠯᠡᠰ ᠢ ᠬᠦᠴᠦᠯᠡᠨ ᠬᠦᠭᠵᠢᠭᠦᠯᠬᠦ ᠪᠠᠷ ᠲᠠᠮᠵᠢᠭᠤᠯᠤᠨ ᠶᠠᠳᠠᠭᠤ ᠠᠴᠠ ᠠᠩᠬᠢᠵᠢᠷᠠᠭᠤᠯᠬᠤ ᠰᠠᠭᠤᠷᠢ ᠶᠢ ᠪᠠᠬᠢᠵᠢᠭᠦᠯᠦᠨ᠎ᠠ᠂ ᠲᠠᠪᠠᠭᠤᠯᠢᠭ ᠭᠤᠤᠯᠯᠠᠬᠤ ᠠᠵᠤ ᠦᠢᠯᠡᠰ ᠲᠤ ᠴᠢᠭᠯᠡᠭᠦᠯᠦᠨ᠂ ᠦᠨᠢᠶᠡᠨ ᠰᠦ᠂ ᠡᠷᠳᠡᠨᠢ ᠰᠢᠰᠢ ᠶᠢᠨ 2 ᠮᠢᠩᠭᠠᠨ ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠪᠦᠬᠦᠢ ᠠᠵᠤ ᠦᠢᠯᠡᠰ ᠪᠤᠯᠤᠨ ᠮᠢᠬᠠᠨ ᠤ ᠦᠭᠡᠷ᠂ ᠮᠢᠬᠠᠨ ᠤ ᠬᠤᠨᠢ᠂ ᠲᠡᠵᠢᠭᠡᠯ ᠪᠤᠷᠳᠤᠭ᠎ᠠ ᠵᠡᠷᠭᠡ 9 ᠵᠠᠭᠤᠨ ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠪᠦᠬᠦᠢ ᠠᠵᠤ ᠦᠢᠯᠡᠰ ᠤᠨ ᠪᠦᠯᠦᠭᠵᠢᠯ ᠢ ᠬᠦᠴᠦᠷᠭᠡᠭᠵᠢᠭᠦᠯᠦᠨ᠂ ᠨᠢᠭᠡ ᠪᠦᠯᠦᠭ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠲᠠᠭᠠᠭᠤᠯᠤᠭᠴᠢ ᠠᠵᠤ ᠠᠬᠤᠢᠢᠯᠠᠯ ᠢ ᠪᠤᠶᠢᠵᠢᠭᠤᠯᠵᠤ᠂ ᠡᠳ᠋ᠰᠢᠭᠦᠯᠦᠨ ᠪᠤᠯᠪᠠᠰᠤᠷᠠᠭᠤᠯᠵᠤ ᠤᠨᠳᠤᠤᠰᠢᠭᠤᠯᠬᠤ ᠨᠤᠷᠮ᠎ᠠ ᠶᠢ 65% ᠠᠴᠠ ᠲᠡᠭᠡᠭᠰᠢ ᠳᠤ ᠬᠦᠷᠭᠡᠨ᠎ᠠ᠃ ᠠᠵᠤ ᠦᠢᠯᠡᠰ ᠤᠨ ᠲᠦᠪᠯᠡᠷᠡᠯ ᠤᠨ ᠤᠷᠤᠨ᠂ ᠲᠠᠪᠠᠭᠤᠯᠢᠭ ᠤᠷᠤᠨ ᠳᠤ ᠴᠢᠭᠯᠡᠭᠦᠯᠦᠨ᠂ ᠨᠢᠭᠡ ᠪᠦᠯᠦᠭ ᠤᠯᠤᠰ ᠤᠨ ᠲᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠭᠡᠭ ᠪᠠᠯᠭᠠᠰᠤ ᠶᠢ ᠡᠭᠦᠳᠦᠨ ᠪᠠᠶᠢᠭᠤᠯᠵᠤ᠂ ᠤᠯᠤᠰ ᠤᠨ ᠲᠡᠰ ᠤᠨ ︽ᠨᠢᠭᠡ ᠲᠤᠰᠬᠤᠨ ᠨᠢᠭᠡ ᠭᠤᠤᠯᠯᠠᠬᠤ ᠠᠵᠤ ᠦᠢᠯᠡᠰ ᠲᠠᠢ ᠪᠠᠶᠢᠬᠤ︾ ᠨᠢᠭᠡ ᠪᠦᠯᠦᠭ ᠵᠢᠱᠢᠶ᠎ᠠ ᠦᠵᠡᠭᠦᠯᠬᠦ ᠲᠤᠰᠬᠤᠨ ᠪᠠᠯᠭᠠᠰᠤ ᠶᠢ ᠨᠤᠳᠠᠯᠠᠨ ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ︽ᠨᠢᠭᠡ ᠲᠤᠰᠬᠤᠨ ᠨᠢᠭᠡ ᠭᠤᠤᠯᠯᠠᠬᠤ ᠠᠵᠤ ᠦᠢᠯᠡᠰ ᠲᠠᠢ ᠪᠠᠶᠢᠬᠤ︾ ᠵᠢᠱᠢᠶ᠎ᠠ ᠦᠵᠡᠭᠦᠯᠬᠦ ᠲᠤᠰᠬᠤᠨ ᠪᠠᠯᠭᠠᠰᠤ ᠶᠢᠨ ᠪᠠᠶᠢᠭᠤᠯᠤᠯᠳᠠ ᠶᠢ ᠦᠷᠭᠡᠳᠭᠡᠨ᠎ᠠ᠃ ᠰᠢᠯᠢᠳᠡᠭ ᠠᠵᠤ ᠠᠬᠤᠢᠢᠯᠠᠯ ᠤᠨ ᠲᠦᠷᠦᠯ ᠲᠡᠮᠳᠡᠭᠳᠤ ᠪᠤᠯᠤᠨ ᠪᠦᠳᠦᠭᠡᠭᠳᠡᠭᠦᠨ ᠤ ᠲᠦᠷᠦᠯ ᠲᠡᠮᠳᠡᠭᠳᠤ ᠶᠢ ᠢᠳᠡᠪᠬᠢᠳᠡᠢ ᠴᠤᠭᠴᠠᠯᠠᠵᠤ᠂ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭᠳᠤ ᠶᠢ ᠪᠤᠶᠢᠵᠢᠭᠤᠯᠤᠨ ᠠᠯᠳᠠᠷᠰᠢᠭᠤᠯᠵᠤ᠂ ᠲᠦᠷᠦᠯ ᠲᠡᠮᠳᠡᠭᠳᠤ ᠴᠤᠭᠴᠠᠯᠠᠬᠤ ᠶᠢ ᠤᠨᠴᠠᠯᠢᠭᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠲᠠᠪᠠᠭᠤᠯᠢᠭ ᠤᠷᠤᠨ ᠤ ᠪᠠᠶᠢᠭᠤᠯᠤᠯᠳᠠ ᠵᠢᠴᠢ ᠪᠤᠬᠢᠷᠳᠤᠯ ᠦᠭᠡᠢ᠂ ᠤᠷᠭᠠᠨᠢᠭ᠂ ᠭᠠᠵᠠᠷ ᠵᠦᠢ ᠶᠢᠨ ᠢᠯᠡᠷᠭᠡᠶᠢᠯᠡᠯᠳᠦ ᠵᠡᠷᠭᠡ ᠪᠦᠳᠦᠭᠡᠭᠳᠡᠭᠦᠨ ᠤ ᠭᠡᠷᠡᠴᠢᠯᠡᠯ ᠲᠠᠢ ᠨᠢᠭᠳᠠ ᠤᠶᠠᠯᠳᠤᠭᠤᠯᠵᠤ᠂ ᠨᠡᠩ ᠤᠯᠠᠨ ︽ᠦᠪᠦᠷ ᠮᠤᠩᠭᠤᠯ ᠨᠡᠷᠡᠮᠵᠢᠳᠤ︾ ᠲᠦᠷᠦᠯ ᠲᠡᠮᠳᠡᠭᠳᠤ ᠶᠢᠨ ᠭᠠᠷᠴᠤ ᠶᠠᠪᠤᠬᠤ ᠶᠢ ᠪᠡᠶᠡᠯᠡᠭᠦᠯᠦᠨ᠂ ᠴᠢᠨᠠᠷ ᠰᠠᠶᠢᠳᠠᠢ ᠦᠨ᠎ᠠ ᠦᠨᠳᠦᠷ ᠪᠠᠶᠢᠬᠤ ᠶᠢ ᠪᠠᠶᠠᠯᠠᠭᠦᠯᠦᠨ᠎ᠠ᠃ ᠲᠠᠯ᠎ᠠ ᠨᠤᠳᠤᠭ ᠤᠨ ᠮᠠᠯᠵᠢᠬᠤ ᠲᠠᠷᠢᠶᠠᠯᠠᠬᠤ ᠰᠤᠶᠤᠯ᠂ ᠤᠷᠤᠨ ᠨᠤᠳᠤᠭ ᠤᠨ ᠪᠤᠯᠪᠠᠰᠤᠨ ᠵᠡᠷᠭᠡ ᠰᠢᠯᠢᠳᠡᠭ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠨᠢᠭᠡ ᠪᠦᠯᠦᠭ ᠬᠦᠳᠡᠭᠡ ᠲᠤᠰᠬᠤᠨ ᠤ ᠰᠡᠯᠡᠭᠦᠴᠡᠯ ᠵᠢᠭᠤᠯᠴᠢᠯᠠᠯ ᠤᠨ ᠵᠢᠱᠢᠶ᠎ᠠ ᠦᠵᠡᠭᠦᠯᠬᠦ ᠬᠤᠰᠢᠭᠤ ᠰᠢᠶᠠᠨ ᠢ ᠲᠠᠨᠢᠯᠴᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠠ ᠶᠢ ᠡᠭᠦᠳᠬᠦ ᠲᠠᠭᠠᠭᠤᠯᠤᠭᠴᠢ ᠶᠢ ᠬᠦᠮᠦᠵᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠦᠳᠡᠭᠡ ᠲᠤᠰᠬᠤᠨ ᠳᠤ ᠬᠦᠭᠵᠢᠯᠳᠡ ᠶᠢᠨ ᠰᠢᠨ᠎ᠠ ᠬᠦᠳᠡᠯᠭᠡᠬᠦ ᠬᠦᠴᠦᠨ ᠤᠯᠭᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠭᠤᠤᠯᠳᠠᠯᠭ᠎ᠠ ᠲᠠᠢ ᠪᠤᠶᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠬᠢᠶᠠᠯᠠᠭ᠎ᠠ ᠶᠢᠨ ᠲᠠᠷᠢᠶᠠᠯᠠᠩ᠂ ᠬᠤᠪᠢ ᠤᠷᠤᠵᠤ ᠠᠰᠢᠭ ᠬᠤᠪᠢᠶᠠᠬᠤ᠂ ᠨᠠᠶᠢᠳᠠᠵᠤ ᠬᠠᠮᠢᠶᠠᠷᠤᠭᠤᠯᠬᠤ ᠦᠢᠯᠡᠴᠢᠯᠡᠭᠡ ᠵᠡᠷᠭᠡ ᠬᠡᠯᠪᠡᠷᠢ ᠪᠠᠷ ᠨᠡᠩ ᠤᠯᠠᠨ ᠪᠠᠭ᠎ᠠ ᠵᠢᠵᠢᠭ ᠮᠠᠯᠵᠢᠬᠤ ᠲᠠᠷᠢᠶᠠᠯᠠᠬᠤ ᠡᠷᠦᠭᠡ ᠶᠢ ᠤᠳᠤ ᠦᠶ᠎ᠠ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠠ ᠳᠤ ᠤᠷᠤᠭᠤᠯᠵᠤ᠂ ᠤᠷᠤᠯᠭ᠎ᠠ ᠶᠢ ᠨᠢ ᠨᠡᠮᠡᠭᠳᠡᠭᠦᠯᠦᠨ᠎ᠠ᠃     ᠬᠦᠳᠡᠭᠡ ᠲᠤᠰᠬᠤᠨ ᠤ ᠲᠤᠳᠠᠭᠤᠳᠠᠯ ᠢ ᠨᠦᠬᠦᠪᠦᠷᠢᠯᠡᠵᠦ ᠬᠦᠷᠳᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠠ     ᠨᠢᠳᠤᠨᠤᠨ ᠵᠢᠯ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠲᠠᠬᠢᠨᠳᠠ ᠡᠯᠪᠡᠭ ᠬᠤᠷᠢᠶᠠᠯᠳᠠ ᠤᠯᠵᠤ᠂ ᠠᠮᠤ ᠪᠤᠳᠠᠭᠠᠨ ᠤ ᠭᠠᠷᠤᠯᠳᠠ 730.6 ᠳ᠋ᠦᠩᠰᠢᠭᠤᠷ ᠵᠢᠩ᠂ ᠮᠢᠬᠠᠨ ᠤ ᠲᠦᠷᠦᠯ ᠤᠨ ᠶᠡᠷᠦᠩᠬᠡᠢ ᠭᠠᠷᠤᠯᠳᠠ 260 ᠲᠦᠮᠡᠨ ᠲᠤᠨ ᠳᠤ ᠬᠦᠷᠴᠦ᠂ ᠰᠠᠭᠠᠯᠢ ᠶᠢᠨ ᠦᠨᠢᠶᠡᠨ ᠤ ᠲᠤᠭ᠎ᠠ᠂ ᠦᠨᠢᠶᠡᠨ ᠰᠦ ᠶᠢᠨ ᠭᠠᠷᠤᠯᠳᠠ ᠠᠩᠬ᠎ᠠ ᠤᠳᠠᠭ᠎ᠠ ᠰᠡᠷᠭᠦᠭᠡᠯᠳᠡ ᠶᠢᠨ ᠴᠢᠨᠠᠷᠳᠠᠢ ᠨᠡᠮᠡᠭᠳᠡᠵᠦ᠂ ᠪᠤᠬᠢᠷᠳᠤᠯ ᠦᠭᠡᠢ᠂ ᠤᠷᠭᠠᠨᠢᠭ᠂ ᠭᠠᠵᠠᠷ ᠵᠦᠢ ᠶᠢᠨ ᠢᠯᠡᠷᠭᠡᠶᠢᠯᠡᠯᠳᠤ ᠲᠠᠸᠠᠷ ᠤᠨ ᠲᠡᠮᠳᠡᠭᠳᠤ ᠪᠠᠷ ᠲᠠᠩᠰᠠᠯᠠᠭᠤᠯᠤᠭᠰᠠᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠡᠷᠦᠩᠬᠡᠢ ᠬᠡᠮᠵᠢᠶ᠎ᠠ 1600 ᠭᠠᠷᠤᠢ ᠲᠦᠮᠡᠨ ᠲᠤᠨ ᠳᠤ ᠬᠦᠷᠴᠦ᠂ ᠪᠦᠬᠦ ᠤᠯᠤᠰ ᠲᠤ ᠡᠮᠦᠨᠡᠭᠦᠷ ᠲᠤ ᠵᠢᠭᠰᠠᠵᠠᠢ᠃ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ ᠯᠠᠪᠳᠠᠭᠤᠨ ᠪᠠᠳᠤᠳᠠᠢ ᠠᠬᠢᠵᠤ᠂ ᠮᠠᠯᠵᠢᠬᠤ ᠲᠠᠷᠢᠶᠠᠯᠠᠬᠤ ᠤᠷᠤᠨ ᠤ ᠲᠦᠷᠬᠦ ᠢᠯᠡᠷᠭᠡᠢ ᠰᠠᠶᠢᠵᠢᠷᠠᠵᠤ᠂ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠭᠦᠨᠵᠡᠭᠡᠢ ᠠᠬᠢᠵᠤ᠂ ᠬᠦᠳᠡᠭᠡ ᠲᠤᠰᠬᠤᠨ ᠤ ᠵᠠᠰᠠᠯᠳᠠ ᠰᠠᠶᠢᠵᠢᠷᠠᠨ᠂ ᠮᠠᠯᠴᠢᠨ ᠲᠠᠷᠢᠶᠠᠴᠢᠳ ᠤᠨ ᠬᠦᠷᠳᠡᠮᠵᠢ ᠶᠢᠨ ᠲᠦᠷᠦᠭᠳᠡᠯ ᠦᠷᠭᠦᠯᠵᠢᠯᠡᠨ ᠲᠡᠭᠡᠭᠰᠢᠯᠡᠭᠰᠡᠨ ᠪᠠᠶᠢᠨ᠎ᠠ᠃     21.37 ᠲᠦᠮᠡᠨ ᠡᠷᠦᠭᠡ ᠳᠤ ᠠᠷᠢᠭᠤᠨ ᠴᠡᠪᠡᠷ ᠵᠤᠷᠯᠤᠩ ᠪᠠᠶᠢᠭᠤᠯᠤᠨ ᠦᠭᠭᠦᠭᠰᠡᠨ ᠪᠤᠶᠤ ᠦᠭᠡᠷᠡᠴᠢᠯᠡᠨ ᠰᠠᠶᠢᠵᠢᠷᠠᠭᠤᠯᠤᠭᠰᠠᠨ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠶᠢ ᠪᠦᠳᠦᠮᠵᠢᠳᠡᠢ ᠰᠢᠢᠳᠪᠦᠷᠢᠯᠡᠵᠦ᠂ ᠭᠠᠴᠠᠭ᠎ᠠ ᠲᠤᠰᠬᠤᠨ ᠢᠶᠠᠨ ᠨᠤᠭᠤᠭᠠᠷᠠᠭᠤᠯᠤᠭᠰᠠᠨ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ 5070 ᠺᠢᠯᠣᠮᠧᠲᠷ ᠰᠢᠨ᠎ᠠ ᠪᠠᠷ ᠪᠠᠶᠢᠭᠤᠯᠤᠭᠰᠠᠨ ᠪᠤᠶᠤ ᠦᠭᠡᠷᠡᠴᠢᠯᠡᠨ ᠪᠠᠶᠢᠭᠤᠯᠵᠤ᠂ ᠪᠤᠢ ᠪᠦᠬᠦᠢ ᠰᠤᠮᠤ ᠰᠢᠶᠠᠩ ᠪᠠᠯᠭᠠᠰᠤ ᠪᠤᠯᠤᠨ ᠨᠦᠬᠦᠴᠡᠯ ᠲᠠᠢ ᠪᠠᠶᠢᠭᠤᠯᠤᠮᠵᠢᠳᠤ ᠭᠠᠴᠠᠭ᠎ᠠ ᠲᠤᠰᠬᠤᠨ ᠪᠦᠬᠦᠨ ᠳᠤ ᠬᠠᠳᠠᠭᠤ ᠵᠠᠮ ᠨᠡᠪᠳᠡᠷᠡᠭᠦᠯᠦᠭᠰᠡᠨ᠂ 1.6 ᠲᠦᠮᠡᠨ ᠡᠷᠦᠭᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠵᠠᠰᠠᠭᠰᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠬᠦ ᠢᠨᠵᠧᠨᠧᠷᠢᠩ ᠠᠴᠠ 69.7 ᠲᠦᠮᠡᠨ ᠬᠦᠮᠦᠨ ᠳᠤ ᠠᠰᠢᠭ ᠬᠦᠷᠳᠡᠭᠡᠭᠰᠡᠨ᠂ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠵᠢᠱᠢᠯᠳᠠ ᠪᠠᠷ 15100 ᠲᠦᠭᠦᠷᠢᠭ ᠲᠤ ᠬᠦᠷᠦᠭᠰᠡᠨ ᠁ ᠡᠨᠡ ᠪᠦᠬᠦᠨ ᠪᠤᠯ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠷᠠᠳ ᠤᠨ ᠠᠮᠢᠳᠤᠷᠠᠯ᠃     ᠡᠯ᠎ᠠ ᠲᠠᠯ᠎ᠠ ᠶᠢᠨ ᠠᠮᠵᠢᠯᠳᠠ ᠪᠦᠳᠦᠮᠵᠢ ᠪᠠᠨ ᠬᠤᠷᠢᠶᠠᠩᠭᠤᠢᠢᠯᠠᠨ ᠳ᠋ᠦᠩᠨᠡᠬᠦ ᠶᠢᠨ ᠵᠡᠷᠭᠡ ᠪᠠᠷ ᠮᠠᠨ ᠤ ᠤᠷᠤᠨ ᠤᠷᠤᠰᠢᠵᠤ ᠪᠠᠶᠢᠭ᠎ᠠ ᠲᠤᠳᠠᠭᠤᠳᠠᠯ ᠢᠶᠠᠨ ᠴᠦ ᠰᠡᠷᠭᠡᠭ ᠢᠶᠠᠷ ᠲᠠᠨᠢᠵᠤ ᠴᠠᠭ ᠲᠤᠬᠠᠢ ᠳᠤᠨᠢ ᠨᠦᠬᠦᠪᠦᠷᠢᠯᠡᠬᠦ ᠪᠠᠷ ᠦᠷᠭᠦᠯᠵᠢᠯᠡᠬᠦ ᠬᠦᠭᠵᠢᠯᠳᠡ ᠶᠢᠨ ᠴᠢᠬᠤᠯᠠ ᠠᠨᠢᠰᠤ ᠪᠤᠯᠭᠠᠭᠰᠠᠨ ᠶᠤᠮ᠃ ᠤᠷᠤᠨ ᠤ ᠲᠠᠯ᠎ᠠ ᠠᠴᠠ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠬᠠᠷᠢᠭᠤᠴᠠᠯᠭᠠᠳᠤ ᠰᠡᠳᠭᠢᠯᠭᠡ᠂ ᠡᠭᠦᠷᠭᠡ ᠲᠤᠰᠢᠶᠠᠯᠳᠤ ᠰᠡᠳᠭᠢᠯᠭᠡ ᠪᠠᠨ ᠴᠢᠩᠭᠠᠳᠬᠠᠵᠤ᠂ ᠨᠢᠭᠡᠯᠡ ᠭᠦᠭ ᠢᠶᠠᠷ ᠴᠢᠷᠮᠠᠶᠢᠵᠤ᠂ ᠡᠷᠡᠯᠭᠡᠭᠯᠡᠨ ᠪᠠᠶᠢᠯᠳᠤᠬᠤ ᠵᠤᠷᠢᠭ ᠰᠠᠨᠠᠭᠠᠨ ᠤ ᠪᠠᠶᠢᠳᠠᠯ ᠢ ᠦᠷᠭᠦᠯᠵᠢᠯᠡᠨ ᠪᠠᠳᠤᠯᠠᠵᠤ᠂ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠤ ᠢᠯᠠᠯᠳᠠ ᠶᠢ ᠤᠯᠬᠤ ᠲᠤᠬᠠᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷᠢᠮᠵᠢᠶ᠎ᠠ ᠲᠠᠢ ᠬᠠᠷᠭᠤᠭᠤᠯᠵᠤ ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠬᠦᠷᠢᠶ᠎ᠠ ᠴᠠᠷᠠᠭ᠎ᠠ ᠳᠠᠬᠢ ᠲᠤᠪᠤᠶᠢᠮ᠎ᠠ ᠲᠤᠳᠠᠭᠤᠳᠠᠯ ᠢ ᠲᠦᠷᠭᠡᠨ ᠨᠦᠬᠦᠪᠦᠷᠢᠯᠡᠬᠦ ᠲᠤᠬᠠᠢ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ ᠶᠢ ᠲᠦᠷᠭᠡᠨ ᠠᠬᠢᠭᠤᠯᠬᠤ ᠲᠤᠬᠠᠢ᠂ ᠬᠦᠳᠡᠭᠡ ᠲᠤᠰᠬᠤᠨ ᠤ ᠵᠠᠰᠠᠯᠳᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠡᠶ᠎ᠡ ᠵᠤᠬᠢᠴᠠᠩᠭᠤᠢ ᠲᠤᠭᠳᠠᠭᠤᠨ ᠢ ᠦᠨᠡᠨ ᠭᠦ ᠬᠠᠮᠠᠭᠠᠯᠠᠬᠤ ᠲᠤᠬᠠᠢ᠂ ᠮᠠᠯᠵᠢᠬᠤ ᠲᠠᠷᠢᠶᠠᠯᠠᠬᠤ ᠤᠷᠤᠨ ᠢ ᠤᠷᠢᠳ ᠢᠶᠠᠷ ᠬᠦᠭᠵᠢᠭᠦᠯᠬᠦ ᠶᠢ ᠪᠠᠷᠢᠮᠳᠠᠯᠠᠵᠤ᠂ ᠡᠯ᠎ᠠ ᠵᠦᠢᠯ ᠤᠨ ᠡᠭᠦᠷᠭᠡ ᠶᠢᠨ ᠪᠤᠳᠠᠳᠠᠢ ᠳᠤ ᠨᠠᠶᠢᠳᠠᠪᠤᠷᠢᠵᠢᠭᠤᠯᠤᠭᠳᠠᠬᠤ ᠶᠢ ᠪᠠᠳᠤᠯᠠᠬᠤ ᠲᠤᠬᠠᠢ ᠵᠢᠷᠭᠤᠭᠠᠨ ᠶᠡᠭᠡ ᠲᠠᠯ᠎ᠠ ᠠᠴᠠ ᠪᠤᠳᠠᠳᠠᠢ ᠪᠠᠶᠢᠷᠢᠯᠠᠭᠤᠯᠤᠯᠳᠠ ᠬᠢᠵᠦ᠂ ᠨᠠᠷᠢᠯᠢᠭ ᠱᠠᠭᠠᠷᠳᠠᠵᠠᠢ᠃     ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠨᠢ ᠡᠨᠡ ᠵᠢᠯ ᠴᠢᠨᠠᠷ ᠰᠠᠶᠢᠳᠠᠢ ᠬᠦᠭᠵᠢᠯᠳᠡ ᠶᠢᠨ 10 ᠲᠤᠮᠤ ᠠᠵᠢᠯᠯᠠᠭᠠᠨ ᠤ ᠲᠦᠯᠦᠪᠯᠡᠭᠡ ᠶᠢ ᠦᠷᠭᠦᠯᠵᠢᠯᠡᠨ ᠰᠠᠶᠢᠳᠤᠷ ᠬᠡᠷᠡᠭᠵᠢᠭᠦᠯᠬᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠪᠤᠯᠤᠨ ᠤᠨᠠᠯᠳᠠ ᠶᠢ ᠲᠤᠭᠳᠠᠭᠤᠨ ᠪᠠᠶᠢᠯᠭᠠᠬᠤ᠂ ᠮᠢᠬᠠᠨ ᠤ ᠲᠦᠷᠦᠯ ᠵᠡᠷᠭᠡ ᠮᠠᠯ ᠤᠨ ᠠᠰᠢᠭ ᠰᠢᠮ᠎ᠠ ᠶᠢᠨ ᠬᠠᠩᠭᠠᠯᠭ᠎ᠠ ᠶᠢ ᠪᠠᠳᠤᠯᠠᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠨᠡᠨ ᠭᠦ ᠰᠠᠶᠢᠳᠤᠷ ᠠᠳᠬᠤᠬᠤ᠂ ᠮᠠᠯ ᠠᠵᠤ ᠠᠬᠤᠢ ᠲᠠᠷᠢᠶᠠᠯᠠᠩ ᠤᠨ ᠪᠤᠬᠢᠷᠳᠤᠯ ᠦᠭᠡᠢ ᠬᠦᠭᠵᠢᠯᠳᠡ ᠶᠢ ᠬᠦᠴᠦᠯᠡᠨ ᠠᠬᠢᠭᠤᠯᠬᠤ᠂ ᠠᠷᠠᠳ ᠢ ᠪᠠᠶᠠᠵᠢᠭᠤᠯᠬᠤ ᠬᠦᠳᠡᠭᠡ ᠲᠤᠰᠬᠤᠨ ᠤ ᠠᠵᠤ ᠦᠢᠯᠡᠰ ᠢ ᠬᠦᠴᠦᠯᠡᠨ ᠬᠦᠭᠵᠢᠭᠦᠯᠬᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠳᠤᠳᠠᠢ ᠠᠬᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠰᠠᠶᠢᠵᠢᠷᠠᠯᠳᠠ ᠶᠢ ᠬᠦᠴᠦᠯᠡᠨ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠨᠤᠭᠯᠠᠯ ᠤᠨ ᠴᠢᠳᠠᠪᠤᠷᠢᠳᠠᠨ ᠤ ᠲᠤᠯᠭᠠᠭᠤᠷᠢᠯᠠᠯ ᠢ ᠴᠢᠩᠭᠠᠳᠬᠠᠬᠤ᠂ ᠮᠠᠯᠵᠢᠬᠤ ᠲᠠᠷᠢᠶᠠᠯᠬᠠᠤ ᠤᠷᠤᠨ ᠤ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠳᠤᠳᠠᠢ ᠠᠬᠢᠭᠤᠯᠬᠤ᠂ ᠬᠦᠳᠡᠭᠡ ᠲᠤᠰᠬᠤᠨ ᠤ ᠵᠠᠰᠠᠯᠳᠠ ᠶᠢ ᠴᠢᠩᠭᠠᠳᠬᠠᠬᠤ ᠪᠠ ᠰᠠᠶᠢᠵᠢᠷᠠᠭᠤᠯᠬᠤ ᠵᠡᠷᠭᠡ ᠤᠯᠠᠨ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠤᠷ ᠠᠬᠢᠭᠤᠯᠬᠤ ᠲᠤᠬᠠᠢ ᠨᠠᠷᠢᠯᠢᠭ ᠪᠠᠶᠢᠷᠢᠯᠠᠭᠤᠯᠵᠠᠢ᠃ ᠤᠯᠤᠰ᠂ ᠤᠷᠤᠨ ᠠᠴᠠ ᠲᠤᠳᠤᠷᠬᠠᠢ ᠪᠠᠶᠢᠷᠢᠯᠠᠭᠤᠯᠤᠯᠳᠠ ᠲᠠᠢ ᠪᠣᠯᠬᠤᠷ ᠡᠯ᠎ᠠ ᠭᠠᠵᠠᠷ ᠤᠷᠤᠨ ᠤ ᠬᠢᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠢᠨᠠᠨ ᠬᠡᠮᠵᠢᠬᠦ ᠭᠦᠢᠴᠡᠳᠭᠡᠬᠦ ᠲᠤᠭ᠎ᠠ ᠲᠠᠢ ᠬᠠᠷᠭᠤᠭᠤᠯᠵᠤ᠂ ᠤᠷᠤᠨ ᠨᠤᠳᠤᠭ ᠤᠨ ᠢᠶᠠᠨ ᠪᠤᠳᠠᠳᠠᠢ ᠪᠠᠶᠢᠳᠠᠯ ᠠᠴᠠ ᠡᠭᠦᠰᠴᠦ᠂ ᠤᠨᠢᠨ ᠲᠡᠭᠡᠷ᠎ᠠ ᠨᠢ ᠬᠦᠴᠦᠯᠡᠬᠦ ᠪᠤᠯ ᠵᠠᠩᠭᠢᠯᠠᠭ᠎ᠠ ᠪᠤᠯᠤᠨ᠎ᠠ᠃ ᠬᠠᠷᠠᠯᠳᠠ ᠡᠭᠦᠷᠭᠡ ᠲᠤᠳᠤᠷᠬᠠᠢ ᠪᠤᠯᠤᠯ᠎ᠠ᠂ ᠬᠠᠨᠴᠤᠢ ᠰᠢᠮᠠᠯᠠᠨ ᠤᠷᠤᠯᠴᠠᠬᠤ ᠨᠢ ᠲᠠ ᠪᠢᠳᠡᠨ ᠤ ᠬᠠᠮᠳᠤ ᠶᠢᠨ ᠡᠭᠦᠷᠭᠡ ᠶᠤᠮᠰᠠᠨ︕
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号