ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠡᠭᠦᠷᠡᠰᠦᠨ  ᠤ  ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠰᠢᠯᠢ  ᠶᠢᠨ  ᠭᠤᠤᠯ  ᠠᠶᠢᠮᠠᠭ  ᠲᠤ  ᠭᠦᠨᠵᠡᠭᠡᠶᠢᠷᠡᠨ  ᠱᠠᠯᠠᠪᠳᠠᠭᠤᠯᠤᠨ  ᠵᠢᠯᠣᠭᠤᠳᠪᠠ
ᠨᠡᠶᠢᠲᠡᠯᠡᠭᠰᠡᠨ ᠴᠠᠭ᠄
2020/10/15
    10 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠰᠢᠯᠢ ᠶᠢᠨ ᠭᠤᠣᠯ ᠠᠶᠢᠮᠠᠭ ᠲᠤ ᠭᠦᠨᠵᠡᠭᠡᠶᠢᠷᠡᠨ ᠱᠠᠯᠠᠪᠳᠠᠭᠤᠯᠤᠨ ᠵᠢᠯᠤᠭᠤᠳᠴᠦ᠂ ᠠᠶᠢᠮᠠᠭ ᠤᠨ ᠨᠠᠮ ᠤᠨ ᠬᠤᠷᠢᠶᠠᠨ ᠴᠡᠭᠴᠡᠯᠡᠨ‌‍ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠢ ᠡᠷᠬᠢᠯᠡᠭᠰᠡᠨ ᠪᠥᠭᠡᠳ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠠᠶᠢᠮᠠᠭ ᠤᠨ ᠤᠳᠤᠷᠢᠳᠤᠯᠭ᠎ᠠ ᠾᠥᠸᠧ ᠵᠣᠣ ᠯᠢᠶᠠᠩ᠂ ᠸᠠᠩ ᠶᠦᠩ ᠮᠢᠩ᠂ ᠰᠢᠤᠢ ᠵᠦᠸᠧ᠂ ᠸᠠᠩ ᠷᠦᠢ᠂ ᠡᠩᠬᠡᠳᠦᠪᠰᠢᠨ᠂ ᠬᠤᠸᠠᠩ ᠴᠢᠩ ᠰᠢᠨ᠂ ᠯᠢ ᠶᠢᠩ ᠪᠢᠨ᠂ ᠵᠧᠤ ᠰᠢᠶᠠᠩ ᠸᠧᠶ᠂ ᠡᠤ ᠴᠤᠭ᠂ ᠰᠠᠷᠠᠨᠴᠢᠮᠡᠭ ᠬᠤᠷᠠᠯ ᠳᠤ ᠣᠷᠣᠯᠴᠠᠵᠠᠶ᠃     ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠹᠧᠩ ᠰᠢᠶᠠᠨ ᠵᠢᠭᠠᠵᠤ ᠭᠠᠷᠭᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠬᠤ ᠪᠠ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠡᠨᠡ ᠤᠳᠠᠭ᠎ᠠ ᠶᠢᠨ ᠱᠠᠯᠠᠪᠳᠠᠭᠤᠯᠤᠨ ᠵᠢᠯᠣᠭᠤᠳᠬᠤ ᠳᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠠᠩᠬᠠᠷᠴᠦ᠂ ᠳᠠᠩᠰᠠ ᠬᠠᠷᠭᠤᠭᠤᠯᠵᠦ ᠳᠠᠩᠰᠠ ᠪᠠᠶᠢᠴᠠᠭᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠵᠤ ᠣᠶᠢᠯᠠᠭᠠᠬᠤ᠂ ᠤᠷᠲᠤᠳᠬᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠣᠯᠳᠠᠯᠭ᠎ᠠ ᠲᠠᠢ ᠠᠰᠠᠭᠤᠳᠠᠯ ᠪᠠ ᠰᠤᠷᠲᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠬᠠᠷᠢᠴᠠᠭᠤᠯᠤᠨ ᠵᠤᠷᠪᠤᠰ ᠳᠠᠷᠠᠭᠠᠯᠠᠨ ᠬᠠᠷᠭᠤᠭᠤᠯᠵᠤ᠂ ᠲᠣᠭᠤᠷᠢᠨ ᠪᠠᠶᠢᠴᠠᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠠᠢ᠃ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ ᠬᠢᠨᠠᠨ ᠵᠢᠯᠣᠭᠤᠳᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠢᠨᠠᠨ ᠵᠢᠯᠤᠭᠤᠳᠤᠭᠰᠠᠨ ᠭᠠᠵᠠᠷ ᠣᠷᠣᠨ ᠢ ᠱᠠᠯᠠᠪᠳᠠᠭᠤᠯᠵᠦ ᠪᠠᠶᠢᠭᠠᠳ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠯᠭᠡᠬᠦ ᠬᠡᠷᠡᠭᠲᠡᠶ᠃ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠱᠠᠭᠠᠷᠳᠠᠯᠭ᠎ᠠ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠱᠠᠭᠠᠷᠳᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠠᠵᠢᠯ ᠲᠠᠢ ᠦᠨᠡᠨᠬᠦ ᠬᠠᠮᠵᠢᠯᠴᠠᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠵᠢᠯᠣᠭᠤᠳᠬᠤ ᠠᠵᠢᠯ ᠤᠨ ᠥᠨᠳᠥᠷ  ᠪᠦᠲᠦᠮᠵᠢᠲᠠᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠬᠦᠰᠡᠪᠡ᠃     ᠯᠦᠸᠧ ᠬᠤ᠋ ᠽᠠᠢ ᠠᠶᠢᠮᠠᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳᠤ ᠠᠵᠢᠯ ᠢᠶᠠᠨ ᠬᠠᠷᠢᠭᠤ ᠮᠡᠳᠡᠭᠦᠯᠦᠭᠰᠡᠨ ᠤ ᠳᠠᠷᠠᠭ᠎ᠠ᠂ ᠰᠢᠯᠢ ᠶᠢᠨ ᠭᠤᠤᠯ ᠠᠶᠢᠮᠠᠭ ᠶᠡᠷᠦᠩᠬᠡᠶ ᠱᠦᠵᠢ ᠰᠢ ᠶᠢᠨ ᠫᠢᠩ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠷᠠᠭᠤᠯᠵᠦ᠂ ᠨᠢᠭᠡᠳᠦᠯᠲᠡᠶ ᠲᠣᠬᠢᠷᠠᠭᠤᠯᠬᠤ ᠶᠢ ᠴᠢᠩᠭᠠᠳᠬᠠᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠪᠠ ︽ᠭᠤᠷᠪᠠᠨ ᠨᠠᠷᠢᠨ ᠳᠠᠩᠰᠠ︾ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠶᠣᠰᠣᠭᠠᠷ᠂ ᠨᠢᠭᠡ ᠪᠦᠯᠦᠭ ᠴᠢᠬᠤᠯᠠ ᠶᠡᠭᠡ ᠠᠰᠠᠭᠤᠳᠠᠯ ᠢ ᠦᠨᠡᠨᠬᠦ ᠰᠢᠢᠳᠪᠦᠷᠢᠯᠡᠨ᠂ ᠨᠢᠭᠡ ᠪᠦᠯᠦᠭ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠨᠢᠭᠡ ᠪᠦᠯᠦᠭ ᠳᠦᠷᠢᠮ ᠤᠨ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠨᠦᠬᠦᠪᠦᠷᠢᠯᠡᠵᠦ᠂ ᠭᠤᠤᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠦᠨᠡᠨᠬᠦ  ᠪᠠᠲᠤᠯᠠᠨ᠎ᠠ᠃ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠡᠭᠦᠷᠭᠡ ᠶᠢᠨ ᠨᠠᠶᠢᠳᠠᠪᠦᠷᠢᠵᠢᠭᠤᠯᠬᠤ ᠶᠢ ᠴᠢᠩᠭ᠎ᠠ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠬᠢᠭᠡᠳ ᠲᠣᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠵᠡᠷᠭᠡᠪᠡᠷ ᠠᠬᠢᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠶᠢ ᠦᠨᠡᠨᠬᠦ  ᠪᠠᠲᠤᠯᠠᠨ᠎ᠠ ᠭᠡᠪᠡ  ᠃     ᠠᠶᠢᠮᠠᠭ ᠤᠨ ᠰᠢᠭᠤᠳ ᠬᠠᠷᠢᠶ᠎ᠠ ᠨᠡᠭᠦᠷᠡᠰᠦᠨ ᠳᠤ ᠬᠤᠯᠪᠣᠭᠳᠠᠬᠤ ᠡᠭᠦᠷᠭᠡ ᠴᠢᠳᠠᠪᠬᠢᠲᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号