ᠬᠤᠯᠠᠨ ᠰᠢᠷᠭ᠎ᠠ ᠳᠠᠭ᠎ᠠ ᠶᠢᠨ ᠡᠯᠡᠰᠦ ᠪᠤᠯ ᠳᠤᠮᠳᠠᠳᠤ ᠤᠯᠤᠰ ᠤᠨ ᠠᠷᠪᠠᠨ ᠶᠡᠭᠡ ᠡᠯᠡᠰᠦᠷᠭᠡᠭ ᠭᠠᠵᠠᠷ ᠤᠨ | ᠨᠢᠭᠡ ᠪᠤᠯᠤᠨ᠎ᠠ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠡᠮᠦᠨ᠎ᠠ ᠵᠠᠬ᠎ᠠ ᠳᠤ ᠪᠠᠶᠢᠷᠢᠯᠠᠵᠦ᠂ ᠪᠡᠭᠡᠵᠢᠩ ᠠᠴᠠ | ᠡᠭᠴᠡ ᠴᠢᠭᠯᠡᠯ ᠢᠶᠠᠷ 180 ᠺᠢᠯᠣᠮᠧᠲᠷ ᠵᠠᠢ ᠲᠠᠢ ᠪᠠᠶᠢᠳᠠᠭ᠂ ᠪᠡᠭᠡᠵᠢᠩ ᠠᠴᠠ ᠬᠠᠮᠤᠭ ᠤᠢᠢᠷᠠᠬᠠᠨ ᠡᠯᠡᠰᠦᠨ ᠤ | ᠡᠬᠢ ᠪᠣᠯᠤᠨ᠎ᠠ᠃ ᠬᠤᠯᠠᠨ ᠰᠢᠷᠭ᠎ᠠ ᠳᠠᠭ᠎ᠠ ᠶᠢᠨ ᠡᠯᠡᠰᠤ ᠨᠢ ᠵᠡᠬᠦᠨᠰᠢ ᠪᠠᠷᠠᠭᠤᠨᠰᠢ ᠪᠠᠨ 450 ᠺᠢᠯᠣᠮᠧᠲᠷ ᠂ 5.2 | ᠲᠦᠮᠡᠨ ᠲᠡᠭᠰᠢ ᠲᠦᠷᠪᠡᠯᠵᠢᠨ ᠺᠢᠯᠣᠮᠧᠲᠷ ᠲᠠᠯᠠᠪᠠᠢ ᠲᠠᠢ᠂ ᠳᠤᠮᠳᠠᠴᠢ ᠡᠷᠭᠦᠭᠳᠡᠴᠨ ᠨᠢ 1100 ᠢᠯᠡᠬᠦᠦ ᠮᠧᠲᠷ᠃ | ᠮᠠᠨ ᠤ ᠤᠷᠤᠨ ᠤ ᠳᠤᠮᠲᠠ ᠪᠡᠶ᠎ᠠ ᠪᠤᠯᠤᠨ ᠵᠡᠬᠦᠨ ᠪᠡᠶ᠎ᠠ ᠶᠢᠨ ᠲᠦᠷᠪᠡᠨ ᠶᠡᠭᠡ ᠡᠯᠡᠰᠦᠷᠬᠡᠭ ᠭᠠᠵᠠᠷ ᠤᠨ ᠨᠢᠭᠡ | ᠪᠤᠯᠤᠨ᠎ᠠ᠃ | ᠠᠳᠡ ᠤᠤᠯ ᠨᠢ ᠤᠯᠠᠭᠠᠨ ᠬᠠᠯᠴᠠᠭᠠᠢ᠂ ᠡᠯᠡᠰᠦᠨ ᠰᠢᠭᠤᠷᠭ᠎ᠠ ᠲᠡᠭᠷᠢ ᠭᠠᠵᠠᠷ ᠢ ᠵᠠᠯᠭᠠᠮᠠᠷ ᠦᠷᠭᠦᠯᠵᠢᠯᠡᠨ᠂ | ᠡᠯᠡᠰᠦᠨ ᠨᠡᠭᠦᠳᠡᠯ ᠡᠳᠦᠷ ᠰᠦᠨᠢ ᠦᠭᠡᠢ ᠦᠷᠬᠦᠯᠵᠢᠯᠡᠳᠡᠭ᠃ ᠲᠤᠭ᠎ᠠ ᠲᠠᠢ ᠬᠡᠳᠦᠨ ᠮᠤᠳᠦ ᠪᠠᠯᠡᠷ ᠡᠯᠡᠰᠦᠨ ᠳᠤ | ᠬᠠᠷᠠᠭᠲᠠᠳᠠᠭ ᠪᠠᠶᠢᠪᠠ᠃ 20 ᠵᠢᠯ ᠤᠨ ᠡᠮᠦᠨ᠎ᠠ᠂ ᠪᠡᠭᠡᠵᠢᠩ ᠲᠢᠶᠠᠨᠵᠢᠨ ᠠᠴᠠ ᠬᠠᠮᠤᠭ ᠤᠢᠢᠷᠬᠠᠨ ︽ᠡᠯᠡᠰᠦᠨ | ᠴᠠᠷ᠎ᠠ︾ ᠬᠡᠵᠦ ᠨᠡᠷᠡᠶᠢᠳᠦᠭᠳᠡᠭᠰᠡᠨ ᠬᠤᠯᠠᠨ ᠰᠢᠷᠭ᠎ᠠ ᠳᠠᠭ᠎ᠠ ᠶᠢᠨ ᠡᠯᠡᠰᠦ ᠨᠢ ᠤᠮᠠᠷᠠᠲᠤ ᠤᠷᠤᠨ ᠢ ᠴᠦ ᠳᠠᠭᠠᠷᠢᠨ | ᠪᠡᠭᠡᠵᠢᠩ ᠲᠢᠶᠠᠨᠵᠢᠨ ᠳᠤ ᠭᠠᠢ ᠭᠠᠮᠰᠢᠭ ᠲᠠᠷᠢᠵᠦ ᠪᠠᠶᠢᠪᠠ᠃ | ᠠᠮᠢ ᠠᠬᠤᠢ ᠡᠪᠳᠡᠭᠳᠡᠭᠰᠡᠨ ᠪᠠᠶᠢᠳᠠᠯ ᠢ ᠬᠤᠪᠢᠷᠠᠭᠤᠯᠬᠤ ᠶᠢᠨ ᠲᠥᠯᠦᠭᠡ᠂ 20 ᠵᠢᠯ ᠤᠨ ᠲᠤᠷᠰᠢ | ᠤᠯᠤᠰ ᠠᠴᠠ ᠠᠮᠢ ᠠᠬᠤᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠨᠢᠭᠡᠨ ᠰᠢᠷᠢᠰ ᠭᠤᠣᠯᠳᠠᠯᠭ᠎ᠠ ᠲᠠᠢ | ᠢᠨᠵᠧᠨᠧᠷᠢᠩ ᠢ ᠬᠡᠷᠡᠭᠵᠢᠭᠦᠯᠵᠡᠢ᠃ ᠭᠠᠵᠡᠷ ᠤᠷᠤᠨ ᠤ ᠤᠨᠴᠠᠯᠢᠭ ᠲᠤ ᠨᠢ ᠲᠤᠬᠢᠷᠠᠭᠤᠯᠵᠦ᠂ ᠪᠡᠯᠴᠢᠭᠡᠷᠯᠡᠬᠦᠯᠬᠦ ᠶᠢ | ᠵᠤᠭᠰᠤᠭᠠᠬᠤ᠂ ᠮᠡᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷ ᠢᠶᠠᠨ ᠰᠡᠷᠭᠦᠭᠡᠬᠦ᠂ ᠰᠡᠯᠬᠦᠨ ᠮᠠᠯᠵᠢᠬᠤ | ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠠᠪᠴᠦ᠂ ᠠᠭᠠᠵᠢᠮ ᠢᠶᠠᠷ ᠡᠯᠡᠰᠦ ᠶᠢ ᠲᠤᠭᠲᠠᠪᠤᠷᠢᠵᠢᠭᠤᠯᠤᠭᠰᠠᠨ | ᠠᠴᠠ ᠬᠤᠯᠠᠨ ᠰᠢᠷᠭ᠎ᠠ ᠡᠯᠡᠰᠦᠨ ᠤ ᠤᠷᠭᠤᠮᠠᠯ ᠤᠨ ᠪᠦᠷᠬᠦᠴᠡ ᠶᠢᠨ ᠨᠤᠷᠮ᠎ᠠ 41% ᠳᠤ ᠬᠦᠷᠴᠤ ᠶᠡᠭᠡ | ᠡᠷᠬᠢᠯᠲᠡ ᠲᠠᠢ ᠪᠣᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠨᠡᠩ ᠪᠠᠲᠤ ᠪᠠᠬᠢ ᠪᠣᠯᠭᠠᠵᠠᠢ᠃ | ᠡᠯᠡᠰᠦ ᠶᠢ ᠪᠢᠲᠡᠭᠦᠮᠵᠢᠯᠡᠨ ᠪᠡᠯᠴᠢᠭᠡᠷᠯᠡᠬᠦᠯᠬᠦ ᠶᠢ ᠵᠤᠭᠰᠤᠭᠠᠵᠤ ᠡᠭᠡ ᠪᠠᠶᠢᠭᠠᠯᠢ ᠪᠠᠨ ᠬᠠᠮᠠᠭᠠᠯᠠᠪᠡ | ᠬᠤᠯᠠᠨ ᠰᠢᠷᠭ᠎ᠠ ᠳᠠᠭ᠎ᠠ ᠶᠢᠨ ᠡᠯᠡᠰᠦᠨ ᠳᠤ ᠤᠢ ᠮᠤᠳᠤ ᠨᠤᠭᠤᠭᠠᠷᠠᠨ ᠨᠠᠭᠤᠷ ᠪᠤᠷᠢᠳᠤ ᠲᠠᠢ ᠠᠭᠤᠰᠤᠯᠴᠠᠨ | ᠵᠤᠬᠢᠴᠠᠯᠳᠤᠵᠦ ᠶᠤᠰᠤᠳᠡᠢ ᠯᠡ ᠲᠤᠰᠤᠨ ᠪᠤᠳᠤᠭ ᠤᠨ ᠵᠢᠷᠤᠭ ᠰᠢᠬ ᠬᠠᠷᠬᠠᠳᠠᠨ᠎ᠠ᠃ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠨᠡᠷᠡᠲᠤ ᠰᠤᠮᠤᠨ ᠤ ᠭᠤᠭᠤᠰᠤᠲᠠᠢ | ᠰᠤᠮᠤᠨ ᠤ ᠮᠠᠯᠴᠢᠨ ᠬᠠᠰᠪᠠᠭᠠᠲᠤᠷ ᠤᠨ ᠬᠡᠷᠡᠮ ᠬᠠᠰᠢᠶ᠎ᠠ ᠶᠢ ᠨᠢ ᠮᠠᠩᠬ᠎ᠠ ᠳᠠᠷᠤᠵᠤ᠂ ᠨᠤᠲᠤᠭ ᠪᠡᠯᠴᠢᠭᠡᠷ ᠨᠢ | ᠡᠯᠡᠰᠦᠷᠬᠡᠭᠵᠢᠨ ᠮᠠᠯ ᠤᠨᠤᠭ᠎ᠠ ᠨᠢ ᠡᠪᠡᠰᠦ ᠤᠯᠵᠦ ᠢᠳᠡᠬᠦ ᠦᠬᠡᠢ ᠪᠠᠶᠢᠬᠰᠠᠨ ᠢᠶᠠᠨ ᠤᠳᠤ ᠪᠡᠯᠴᠢᠬᠡᠷ ᠨᠢ | ᠤᠷᠭᠤᠯᠲᠠ ᠲᠠᠢ ᠰᠠᠶᠢᠲᠠᠢ ᠪᠤᠯᠵᠦ ᠡᠯᠡᠰᠦᠨ ᠰᠢᠭᠤᠷᠭ᠎ᠠ ᠲᠡᠭᠳᠡᠭᠦ ᠪᠠᠨ ᠪᠤᠯᠢᠭᠰᠠᠨ ᠳᠤ ᠲᠡᠷᠡ ᠮᠠᠰᠢ ᠪᠠᠶᠠᠷᠲᠠᠢ | ᠪᠠᠶᠢᠯ᠎ᠠ᠃ | ᠬᠤᠯᠠᠨ ᠰᠢᠷᠭ᠎ᠠ ᠳᠠᠭ᠎ᠠ ᠶᠢᠨ ᠡᠯᠡᠰᠦ ᠪᠤᠯ ᠮᠠᠨ ᠤ ᠤᠯᠤᠰ ᠤᠨ ᠲᠠᠪᠤᠨ ᠶᠡᠭᠡ ᠡᠯᠡᠰᠦᠷᠬᠡᠭ ᠭᠠᠵᠠᠷ ᠤᠨ ᠨᠢᠭᠡ | ᠪᠣᠯᠤᠨ᠎ᠠ᠂ ᠭᠤᠣᠯᠳᠠᠭᠤ ᠮᠠᠨ ᠤ ᠤᠷᠤᠨ ᠤ ᠰᠢᠯᠢ ᠶᠢᠨ ᠭᠤᠣᠯ ᠠᠶᠢᠮᠠᠭ ᠤᠨ 9 ᠬᠤᠰᠢᠭᠤ ᠰᠢᠶᠠᠨ ᠪᠣᠯᠤᠨ | ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠳᠤ ᠲᠠᠷᠬᠠᠵᠦ᠂ ᠶᠡᠷᠦᠩᠬᠡᠢ ᠲᠠᠯᠠᠪᠠᠢ ᠨᠢ 5766 ᠲᠦᠮᠡᠨ ᠮᠦ | ᠬᠦᠷᠳᠡᠭ᠃ | 2000 ᠤᠨ ᠠᠴᠠ ᠡᠮᠦᠨ᠎ᠠ᠂ ᠤᠷᠳᠤ ᠬᠤᠭᠤᠴᠠᠭᠠᠨ ᠤ ᠠᠭᠤᠷ ᠠᠮᠢᠰᠬᠤᠯ ᠤᠨ ᠬᠤᠪᠢᠷᠠᠯᠲᠠ ᠪᠣᠯᠣᠨ | ᠬᠦᠮᠦᠨ ᠤ ᠠᠵᠢᠯᠯᠠᠭ᠎ᠠ ᠶᠢᠨ ᠨᠥᠯᠦᠭᠡ ᠶᠢ ᠬᠦᠷᠲᠡᠭᠰᠡᠨ ᠢᠶᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ | ᠭᠠᠵᠠᠷ ᠤᠨ ᠠᠮᠢ ᠠᠬᠤᠢ ᠬᠦᠨᠳᠦ ᠨᠤᠴᠢᠲᠠᠢ ᠡᠪᠳᠡᠭᠳᠡᠵᠡᠢ᠂ ᠠᠳᠡ ᠠᠴᠠ ᠡᠭᠦᠰᠦᠯ ᠲᠠᠢ ᠡᠯᠡᠰᠦᠨ ᠰᠢᠭᠤᠷᠭ᠎ᠠ ᠵᠡᠷᠭᠡ | ᠪᠠᠶᠢᠭᠠᠯᠢ ᠶᠢᠨ ᠭᠠᠮᠰᠢᠭ ᠨᠢ ᠤᠮᠠᠷᠠᠲᠤ ᠤᠷᠤᠨ ᠳᠤ ᠴᠦ ᠰᠦᠷᠲᠡᠬᠦᠯᠤᠯ ᠪᠣᠯᠤᠬᠰᠡᠨ ᠪᠦᠭᠡᠤᠨ ᠤᠨᠴᠠᠭᠠᠢᠢᠯᠠᠨ | 2000 ᠤᠨ ᠤ ᠬᠠᠪᠤᠷ ᠪᠡᠬᠡᠵᠢᠩ ᠲᠢᠶᠠᠨᠵᠢᠨ ᠵᠡᠷᠭᠡ ᠭᠠᠵᠠᠷ 10 ᠭᠠᠷᠤᠢ ᠤᠳᠠᠭ᠎ᠠ ᠡᠯᠡᠰᠦᠨ ᠰᠢᠭᠤᠷᠭ᠎ᠠ | ᠲᠡᠭᠳᠡᠵᠡᠢ᠃ | ᠬᠦᠨᠳᠦ ᠨᠤᠴᠢᠲᠠᠢ ᠠᠮᠢ ᠠᠬᠤᠢ ᠶᠢᠨ ᠡᠪᠳᠡᠭᠳᠡᠯ ᠳᠤ ᠴᠢᠭᠯᠡᠭᠦᠯᠦᠨ᠂ 2000 ᠤᠨ ᠳᠤ᠂ ᠤᠯᠤᠰ ᠠᠴᠠ | ᠬᠤᠯᠠᠨ ᠰᠢᠷᠭ᠎ᠠ ᠶᠢᠨ ᠡᠯᠡᠰᠦᠨ ᠳᠤ ᠪᠡᠭᠡᠵᠢᠩ ᠲᠢᠶᠠᠨᠵᠢᠨ ᠤ ᠰᠠᠯᠬᠢ ᠰᠢᠭᠤᠷᠭᠠᠨ ᠤ ᠡᠬᠢ ᠰᠤᠷᠪᠤᠯᠵᠢ ᠶᠢ ᠵᠠᠰᠠᠬᠤ᠂ | ᠪᠡᠯᠴᠢᠭᠡᠷᠯᠡᠬᠦᠯᠬᠦ ᠶᠢ ᠵᠤᠭᠰᠤᠭᠠᠵᠦ ᠪᠡᠯᠴᠢᠭᠡᠷ ᠢ ᠰᠡᠷᠭᠦᠬᠡᠬᠦ᠂ ᠲᠠᠷᠢᠶᠠᠯᠠᠬᠤ ᠶᠢ ᠵᠤᠭᠰᠤᠭᠠᠨ ᠡᠪᠡᠰᠦ ᠮᠤᠲᠤ ᠲᠠᠷᠢᠵᠤ | ᠦᠢᠵᠢᠭᠤᠯᠬᠤ ᠵᠡᠷᠭᠡ ᠠᠮᠢ ᠠᠬᠤᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠨᠢᠭᠡᠨ ᠰᠢᠷᠢᠰ ᠭᠤᠣᠯᠳᠠᠯᠭ᠎ᠠ ᠲᠠᠢ | ᠢᠨᠵᠧᠨᠧᠷᠢᠩ ᠢ ᠡᠬᠢᠯᠡᠭᠦᠯᠵᠡᠢ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠨᠢ ᠪᠡᠬᠡᠵᠢᠩ ᠲᠢᠶᠡᠨᠵᠢᠨ ᠤ | ᠡᠯᠡᠰᠦᠨ ᠰᠢᠭᠤᠷᠭ᠎ᠠ ᠶᠢᠨ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠤᠨ ᠡᠬᠢᠯᠡᠯᠲᠠ ᠶᠢᠨ ᠴᠡᠭ ᠪᠣᠯᠤᠬᠰᠡᠨ | ᠪᠠᠶᠢᠨ᠎ᠠ᠃ | ᠮᠠᠨ ᠤ ᠤᠷᠤᠨ ᠡᠨᠡᠬᠦ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠠ᠂ ᠡᠬᠡ | ᠪᠠᠶᠢᠭᠠᠯᠢ ᠪᠠᠨ ᠳᠡᠭᠡᠳᠦᠯᠡᠨ᠂ ᠪᠠᠶᠢᠭᠠᠯᠢ ᠶᠢᠨ ᠵᠢᠮ᠎ᠠ ᠬᠠᠤᠯᠢ ᠶᠢ ᠵᠢᠷᠤᠮᠯᠠᠵᠤ᠂ ᠰᠢᠨᠵᠢᠯᠡᠬᠦ ᠤᠬᠠᠭᠠᠨᠴᠢ ᠠᠷᠭ᠎ᠠ ᠪᠠᠷ | ᠠᠮᠢ ᠠᠬᠤᠢ ᠪᠠᠨ ᠬᠠᠮᠠᠭᠠᠯᠠᠨ ᠰᠡᠷᠭᠦᠬᠡᠵᠠᠢ᠃ | ᠰᠢᠯᠢ ᠶᠢᠨ ᠭᠤᠣᠯ ᠠᠶᠢᠮᠠᠭ ᠤᠨ ᠬᠢᠨ ᠡᠯᠡᠰᠦ ᠶᠢ ᠪᠢᠲᠡᠭᠦᠮᠵᠢᠯᠡᠨ ᠮᠠᠯᠴᠢᠳ ᠪᠠ ᠮᠠᠯ ᠤᠨᠤᠭ᠎ᠠ ᠶᠢ | ᠰᠢᠯᠵᠢᠬᠦᠯᠤᠨ᠂ ᠡᠴᠦᠰ ᠲᠤ ᠪᠠᠨ ᠠᠮᠢ ᠠᠬᠤᠢ ᠶᠢᠨ ᠠᠶᠠᠨᠳᠠᠭᠠᠨ ᠤ ᠰᠡᠷᠭᠦᠯᠲᠠ ᠶᠢ ᠪᠤᠢ ᠪᠣᠯᠭᠠᠬᠤ ᠶᠢ ᠵᠤᠷᠢᠵᠠᠢ᠃ | ᠪᠡᠯᠴᠢᠭᠡᠷᠯᠡᠬᠦᠯᠬᠦ ᠶᠢ ᠵᠤᠭᠰᠤᠭᠠᠬᠤ ᠪᠤᠯ ᠨᠢᠭᠡᠨ ᠵᠦᠢᠯ ᠤᠨ ᠪᠡᠯᠴᠢᠭᠡᠷ ᠲᠤ ᠪᠠᠨ ᠨᠢᠭᠡ ᠵᠢᠯ ᠠᠴᠠ ᠳᠡᠭᠡᠭᠰᠢ | ᠬᠤᠭᠤᠴᠠᠭ᠎ᠠ ᠮᠠᠯ ᠤᠷᠤᠭᠤᠯᠬᠤ ᠦᠬᠡᠢ ᠪᠠᠷ ᠪᠡᠯᠴᠢᠭᠡᠷ ᠢᠶᠠᠨ ᠠᠰᠢᠬᠯᠠᠬᠤ ᠠᠷᠭ᠎ᠠ ᠬᠡᠮᠵᠢᠶ᠎ᠠ ᠪᠣᠯᠣᠨ᠎ᠠ᠃ ᠭᠡᠷ ᠤᠨ | ᠲᠡᠵᠢᠭᠡᠪᠦᠷᠢ ᠤᠷᠤᠬᠤ ᠶᠢ ᠬᠤᠷᠢᠭᠯᠠᠬᠤ ᠶᠢᠨ ᠲᠦᠯᠦᠭᠡ᠂ ᠪᠡᠯᠴᠢᠭᠡᠷᠯᠡᠬᠦᠯᠬᠦ ᠶᠢ ᠵᠤᠭᠰᠤᠭᠠᠬᠤ ᠭᠠᠵᠠᠷ ᠲᠤ ᠲᠤᠤᠷ | ᠬᠦᠷᠢᠶ᠎ᠠ ᠲᠠᠲᠠᠬᠤ ᠶᠢ ᠱᠠᠭᠠᠷᠳᠠᠳᠠᠭ᠃ | ᠡᠯᠡᠰᠦ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠵᠤᠭᠰᠤᠭᠠᠭᠰᠠᠨ 20 ᠵᠢᠯ ᠤᠨ ᠲᠤᠷᠰᠢ᠂ ᠦᠩᠭᠡᠷᠡᠭᠰᠡᠨ ᠳᠤ | ᠡᠯᠡᠰᠦᠨ ᠰᠢᠭᠤᠷᠭ᠎ᠠ ᠳᠡᠭᠳᠡᠳᠡᠭ ᠬᠤᠯᠠᠨ ᠰᠢᠷᠭ᠎ᠠ ᠲᠠᠭ᠎ᠠ ᠶᠢᠨ ᠡᠯᠡᠰᠦ ᠨᠤᠭᠤᠭᠠᠨ ᠬᠦᠷᠮ᠎ᠡ ᠬᠡᠲᠦᠷᠦᠭᠰᠡᠨ ᠪᠠᠶᠢᠯ᠎ᠠ᠃ | ᠰᠦᠨᠢᠳ ᠵᠡᠬᠦᠨ ᠬᠤᠰᠢᠭᠤ᠂ ᠠᠪᠠᠭ᠎ᠠ ᠬᠤᠰᠢᠭᠤ᠂ ᠰᠢᠯᠢ ᠶᠢᠨ ᠬᠤᠳᠠ᠂ ᠰᠢᠯᠤᠭᠤᠨ ᠬᠦᠬᠡ ᠬᠤᠰᠢᠭᠤ᠂ ᠳᠤᠯᠤᠨ | ᠨᠤᠤᠷ ᠰᠢᠶᠠᠨ᠂ ᠬᠡᠰᠢᠭᠲᠡᠨ ᠬᠤᠰᠢᠭᠤ ᠵᠡᠷᠭᠡ ᠬᠤᠰᠢᠭᠤ ᠰᠢᠶᠠᠨ ᠬᠤᠲᠠ ᠨᠢ ᠶᠡᠭᠡᠨᠭᠭᠢ ᠡᠯᠡᠰᠦᠷᠬᠡᠭ ᠭᠠᠵᠠᠷ ᠢᠶᠠᠨ | ᠪᠢᠲᠡᠭᠦᠮᠵᠢᠯᠡᠨ ᠬᠦᠷᠢᠶᠡᠯᠡᠭᠰᠡᠨ ᠢᠶᠠᠷ᠂ ᠲᠤᠤᠷ ᠤᠨ ᠳᠤᠲᠤᠷᠠᠬᠢ ᠡᠪᠡᠰᠦ ᠮᠤᠲᠤ ᠨᠤᠭᠤᠭᠠᠷᠠᠨ ᠬᠦᠮᠦᠰ ᠤᠨ ᠰᠡᠳᠬᠢᠯ ᠢ | ᠪᠠᠶᠠᠰᠬᠠᠬᠰᠠᠨ ᠪᠠᠶᠢᠯ᠎ᠠ᠃ | ᠬᠤᠯᠠᠨ ᠰᠢᠷᠭ᠎ᠠ ᠳᠠᠭ᠎ᠠ ᠶᠢᠨ ᠡᠯᠡᠰᠦ ᠶᠢᠨ ᠡᠮᠦᠨ᠎ᠠ ᠬᠦᠪᠡᠭᠡᠨ ᠳᠤ ᠪᠠᠶᠢᠭ᠎ᠠ ᠰᠢᠯᠦᠭᠤᠨ ᠬᠦᠬᠡ ᠬᠤᠰᠢᠭᠤ ᠨᠢ | ᠡᠯᠡᠰᠦ ᠶᠢ ᠪᠢᠲᠡᠭᠦᠮᠵᠢᠯᠡᠨ ᠬᠦᠷᠢᠶᠡᠯᠡᠵᠦ ᠪᠡᠯᠴᠢᠭᠡᠷᠯᠡᠬᠦᠯᠬᠦ ᠶᠢ ᠵᠤᠭᠰᠤᠭᠠᠬᠤ ᠵᠡᠷᠭᠡ ᠠᠮᠢ ᠠᠬᠤᠢ ᠶᠢ ᠵᠠᠰᠠᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠡᠪᠡᠰᠦ ᠤᠷᠭᠤᠮᠠᠯ ᠨᠤᠭᠤᠭᠠᠷᠠᠨ ᠵᠦᠢᠯ ᠤᠨ ᠴᠡᠴᠡᠭ ᠳᠡᠯᠭᠡᠷᠡᠨ᠂ | ᠡᠯᠡᠰᠦᠨ ᠨᠡᠭᠦᠳᠡᠯ ᠴᠦ ᠵᠢᠯ ᠳᠠᠷᠠᠭᠠᠯᠠᠨ ᠪᠠᠭᠠᠰᠴᠠᠢ᠃ 20 ᠵᠢᠯ ᠤᠨ ᠲᠤᠷᠰᠢ᠂ ᠰᠢᠯᠤᠭᠤᠨ ᠬᠦᠬᠡ ᠬᠤᠰᠢᠭᠤ | ᠡᠯᠡᠰᠦ ᠶᠢ ᠪᠢᠲᠡᠭᠦᠮᠵᠢᠯᠡᠨ ᠬᠦᠷᠢᠶᠡᠯᠡᠬᠦ ᠪᠠ ᠪᠡᠯᠴᠢᠭᠡᠷᠯᠡᠬᠦᠯᠬᠦ ᠶᠢ ᠵᠤᠭᠰᠤᠭᠠᠬᠤ ᠵᠡᠷᠭᠡ ᠶᠢ ᠬᠡᠷᠡᠭᠵᠢᠭᠦᠯᠤᠨ ᠡᠯᠡᠰᠦ ᠶᠢ | ᠵᠠᠰᠨᠨ ᠶᠡᠷᠦᠩᠬᠡᠶᠢᠯᠡᠨ ᠵᠠᠰᠠᠭᠰᠠᠨ ᠲᠠᠯᠠᠪᠠᠢ 500 ᠲᠦᠮᠡᠨ ᠮᠥ ᠳᠤ ᠬᠦᠷᠴᠦ᠂ ᠪᠦᠬᠦ ᠬᠤᠰᠢᠭᠤᠨ ᠤ | ᠡᠯᠡᠰᠦᠷᠭᠡᠭᠵᠢᠭᠰᠡᠨ ᠨᠤᠲᠤᠭ ᠪᠡᠯᠴᠢᠭᠡᠷ ᠤᠨ ᠲᠦᠷᠪᠡᠨ ᠬᠤᠪᠢ ᠤᠷᠴᠢᠮ ᠢ ᠡᠵᠡᠯᠡᠬᠦ ᠪᠣᠯᠵᠠᠢ᠃ | ᠰᠦᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤᠨ ᠤ ᠲᠦᠮᠡᠨ ᠭᠠᠴᠠᠭᠠᠨ ᠤ ᠮᠠᠯᠴᠢᠨ | ᠵᠠᠮᠰᠦ ᠶᠢᠨ ᠬᠢᠨ ᠤ ᠪᠡᠯᠴᠢᠭᠡᠷ ᠨᠢ ᠡᠯᠡᠰᠦᠷᠭᠡᠭᠵᠢᠨ ᠲᠠᠴᠢᠷᠰᠢᠵᠦ᠂ ᠮᠠᠯ ᠨᠢ ᠤᠯᠵᠦ ᠢᠳᠡᠬᠦ ᠡᠪᠡᠰᠦ ᠦᠭᠡᠢ ᠠᠴᠠ ᠵᠢᠯ | ᠪᠤᠯᠭᠠᠨ ᠶᠡᠭᠡ ᠬᠡᠮᠵᠢᠶᠠᠨ ᠤ ᠡᠪᠡᠰᠦ ᠪᠤᠷᠳᠤᠭ᠎ᠠ ᠬᠤᠳᠠᠯᠳᠤᠨ ᠠᠪᠴᠦ ᠮᠠᠯ ᠢᠶᠠᠨ ᠲᠡᠵᠢᠭᠡᠳᠡᠭ ᠪᠠᠶᠢᠵᠠᠢ᠃ 2010 | ᠤᠨ ᠳᠤ ᠳᠡᠳᠡᠨᠠᠶᠢᠬᠢᠨ 300 ᠭᠠᠷᠤᠢ ᠪᠤᠭ ᠮᠠᠯ ᠢᠶᠠᠨ ᠪᠦᠬᠦᠨ ᠢ ᠬᠤᠳᠠᠯᠳᠤᠵᠦ᠂ 4000 ᠭᠠᠷᠤᠢ ᠮᠦ | ᠪᠡᠯᠴᠢᠭᠡᠷ ᠢᠶᠠᠨ ᠪᠢᠳᠡᠭᠦᠮᠵᠢᠯᠡᠵᠠᠢ᠃ 10 ᠵᠢᠯ ᠤᠨ ᠳᠠᠷᠠᠭ᠎ᠠ᠂ ᠵᠠᠮᠰᠦ ᠶᠢᠨ ᠪᠡᠯᠴᠢᠭᠡᠷ ᠲᠠᠬᠢ ᠡᠪᠡᠰᠦ ᠤᠷᠭᠤᠮᠠᠯ | ᠵᠤᠵᠠᠭᠠᠷᠠᠵᠦ᠂ ᠡᠯᠡᠰᠦᠷᠭᠡᠭᠵᠢᠬᠦ ᠶᠢ ᠪᠦᠲᠦᠮᠵᠢᠲᠠᠢ ᠬᠤᠷᠢᠭᠯᠠᠵᠦ ᠴᠢᠳᠠᠵᠠᠢ᠃ ᠲᠡᠷᠡ ᠪᠡᠯᠴᠢᠭᠡᠷᠯᠡᠬᠦᠯᠬᠦ ᠶᠢ | ᠵᠤᠭᠰᠤᠭᠠᠨ ᠪᠡᠯᠴᠢᠭᠡᠷ ᠢᠶᠠᠨ ᠰᠡᠷᠭᠦᠭᠡᠬᠦ ᠬᠡᠷᠡᠭᠲᠡᠢ᠂ ᠡᠯᠡᠰᠦᠷᠭᠡᠭᠵᠢᠯ ᠬᠦᠨᠳᠤ ᠨᠤᠴᠢᠲᠠᠢ ᠣᠷᠤᠨ ᠠᠮᠢ ᠠᠬᠤᠢ ᠪᠠᠨ | ᠰᠡᠷᠭᠦᠭᠡᠭᠦ ᠳᠤ ᠪᠢᠳᠡᠭᠦᠮᠵᠢᠯᠡᠬᠦ ᠶᠢ ᠭᠡᠷᠡᠭᠵᠢᠬᠦᠯᠬᠦ ᠴᠢᠬᠤᠯᠠᠲᠠᠢ ᠭᠡᠳᠡᠭ ᠢ ᠬᠦᠨ ᠮᠡᠳᠡᠷᠡᠵᠠᠢ᠃ | ᠮᠠᠯ ᠪᠡᠯᠴᠢᠭᠡᠷ ᠤᠨ ᠲᠡᠩᠴᠠᠭᠦᠷᠢ ᠶᠢ ᠪᠠᠲᠤᠯᠠᠵᠦ ᠨᠤᠲᠤᠭ ᠪᠡᠯᠴᠢᠭᠡᠷ ᠢᠶᠠᠨ ᠰᠡᠷᠭᠦᠭᠡᠪᠡ | ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠪᠠᠷ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠪᠡᠯᠴᠢᠭᠡᠷ ᠢᠶᠠᠨ ᠰᠡᠷᠭᠦᠭᠡᠬᠦ ᠪᠠ ᠰᠡᠯᠬᠦᠨ ᠮᠠᠯᠵᠢᠬᠤ ᠲᠦᠷᠢᠮ ᠢ ᠲᠤᠭᠲᠠᠭᠠᠨ | ᠬᠡᠷᠡᠭᠵᠢᠬᠦᠯᠦᠭᠰᠡᠨ ᠨᠢ ᠲᠤᠬᠠᠢ ᠶᠢᠨ ᠭᠠᠵᠠᠷ ᠤᠨ ᠺᠡᠳ᠋ᠷ ᠤᠯᠠᠨ ᠲᠦᠮᠡᠨ ᠤ ᠠᠮᠢ ᠠᠬᠤᠢ ᠶᠢᠨ ᠵᠠᠰᠠᠯᠲᠠ ᠶᠢᠨ ᠪᠠᠰᠠ | ᠨᠢᠭᠡᠨ ᠲᠤᠷᠰᠢᠯᠭ᠎ᠠ ᠪᠤᠯᠤᠨ᠎ᠠ᠃ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠨᠢ ᠮᠠᠯᠴᠢᠳ ᠤᠨ ᠪᠡᠯᠴᠢᠭᠡᠷ ᠤᠨ ᠲᠠᠯᠠᠪᠠᠢ ᠶᠢ ᠨᠢᠬᠲᠠᠯᠠᠨ ᠪᠤᠳᠤᠵᠤ᠂ | ᠪᠡᠯᠴᠢᠭᠡᠷ ᠤᠨ ᠲᠠᠭᠠᠭᠠᠵᠤ ᠲᠡᠶᠢᠯᠬᠦ ᠮᠠᠯ ᠤᠨ ᠲᠤᠭ᠎ᠠ ᠶᠢ ᠪᠤᠳᠤᠨ ᠭᠠᠷᠭᠠᠵᠤ᠂ ᠪᠡᠯᠴᠢᠭᠡᠷ ᠤᠨ ᠬᠡᠮᠵᠢᠶ᠎ᠠ ᠪᠠᠷ ᠮᠠᠯ ᠤᠨ | ᠲᠤᠭ᠎ᠠ ᠶᠢ ᠲᠤᠭᠲᠠᠭᠠᠵᠤ᠂ ᠵᠦᠢ ᠵᠤᠬᠢᠰ ᠲᠠᠢ ᠪᠠᠷ ᠲᠡᠵᠢᠭᠡᠨ ᠦᠷᠡᠵᠢᠭᠦᠯᠵᠦ᠂ ᠲᠠᠯ᠎ᠠ ᠨᠤᠲᠤᠭ ᠤᠨ ᠠᠮᠢ | ᠠᠬᠤᠢ ᠶᠢᠨ ᠰᠠᠶᠢᠨ ᠤᠷᠴᠢᠯ ᠢ ᠪᠤᠢ ᠪᠤᠯᠭᠠᠬᠤ ᠶᠠᠪᠤᠳᠡᠯ ᠪᠤᠯᠤᠨ᠎ᠠ᠃ | ᠵᠦ ᠪᠤᠤ ᠵᠦᠩ ᠤᠨ ᠬᠢᠨ ᠤ 2000 ᠮᠦ ᠪᠡᠯᠴᠢᠭᠡᠷ ᠨᠢ ᠪᠦᠷ ᠬᠤᠯᠠᠨ ᠰᠢᠷᠭ᠎ᠠ ᠳᠠᠭ᠎ᠠ ᠶᠢᠨ ᠡᠯᠡᠰᠦᠨ ᠳᠤ | ᠪᠠᠶᠢᠳᠠᠭ᠃ 2010 ᠤᠨ ᠳᠤ ᠡᠨᠡᠬᠦ ᠪᠡᠯᠴᠢᠭᠡᠷ ᠨᠢ ᠪᠦᠷ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠲᠦᠷᠦ ᠶᠢᠨ | ᠪᠤᠳᠤᠯᠭ᠎ᠠ ᠶᠢ ᠬᠡᠷᠡᠭᠵᠢᠬᠦᠯᠬᠦ ᠬᠡᠪᠴᠢᠶᠠᠨ ᠳᠤ ᠤᠷᠤᠵᠠᠢ᠃ ᠲᠠᠭᠠᠭᠠᠴᠠ ᠶᠢ ᠨᠢ ᠪᠤᠳᠤᠪᠠᠯ᠂ ᠲᠤᠬᠠᠢ ᠶᠢᠨ ᠦᠶ᠎ᠠ ᠳᠤ | 35 ᠮᠦ ᠪᠡᠯᠴᠢᠭᠡᠷ ᠲᠤ ᠨᠢᠭᠡ ᠬᠤᠨᠢ ᠲᠡᠵᠢᠭᠡᠵᠦ ᠪᠤᠯᠤᠨ᠎ᠠ᠂ 2000 ᠮᠦ ᠪᠡᠯᠴᠢᠭᠡᠷ ᠲᠤ 57 ᠬᠤᠨᠢ ᠯᠡ | ᠲᠡᠵᠢᠭᠡᠵᠦ ᠲᠡᠶᠢᠯᠦᠨ᠎ᠠ᠃ ᠮᠠᠯᠴᠢᠳ ᠤᠨ ᠤᠷᠤᠯᠭ᠎ᠠ ᠶᠢ ᠴᠢᠳᠠᠬᠤ ᠶᠢᠨ ᠳᠤᠲᠤᠷ᠎ᠠ ᠨᠦᠯᠦᠭᠡᠯᠡᠬᠦ ᠦᠬᠡᠢ ᠶᠢᠨ | ᠲᠦᠯᠦᠭᠡ᠂ ᠤᠯᠤᠰ ᠠᠴᠠ ᠮᠦ ᠪᠦᠷᠢ ᠳᠤ 3.45 ᠲᠦᠭᠦᠷᠢᠭ ᠤᠨ ᠨᠦᠬᠦᠪᠦᠷᠢ ᠦᠭᠴᠦ ᠪᠠᠶᠢᠵᠠᠢ᠃ ᠬᠤᠨᠢ | ᠪᠦᠷᠢ ᠶᠢ 700 ᠲᠦᠭᠦᠷᠢᠭ ᠢᠶᠠᠷ ᠪᠤᠳᠤᠪᠠᠯ᠂ 57 ᠬᠤᠨᠢ ᠠᠴᠠ ᠵᠢᠯ ᠳᠤ 4 ᠲᠦᠮᠡᠨ ᠲᠦᠬᠦᠷᠢᠭ ᠤᠷᠴᠢᠮ ᠤᠨ | ᠤᠷᠤᠯᠭ᠎ᠠ ᠤᠯᠵᠤ᠂ ᠮᠠᠯ ᠪᠡᠯᠴᠢᠭᠡᠷ ᠢ ᠲᠡᠩᠴᠠᠬᠦᠷᠢᠰᠢᠬᠦᠯᠬᠦ ᠨᠦᠬᠦᠪᠦᠷᠢ ᠪᠠᠨ ᠨᠡᠮᠡᠪᠠᠯ 7000 ᠭᠠᠷᠤᠢ ᠲᠦᠭᠦᠷᠢᠭ | ᠪᠤᠯᠵᠦ᠂ ᠵᠢᠯ ᠤᠨ ᠤᠷᠤᠯᠭ᠎ᠠ 47000 ᠲᠦᠭᠦᠷᠢᠭ ᠬᠦᠷᠦᠨ᠎ᠠ ᠭᠡᠵᠦ ᠨᠠᠷᠢᠨ ᠳᠠᠩᠰᠠ ᠬᠢᠵᠦ ᠴᠢᠳᠠᠳᠠᠭ ᠵᠦ ᠪᠤᠤ | ᠵᠦᠩ ᠲᠦᠷᠦ ᠶᠢᠨ ᠪᠤᠳᠤᠯᠭ᠎ᠠ ᠪᠠᠷ ᠬᠤᠨᠢ ᠲᠡᠵᠢᠭᠡᠪᠡᠯ ᠤᠯᠤᠰ ᠠᠴᠠ ᠨᠦᠬᠦᠪᠦᠷᠢ ᠦᠭᠬᠦᠨ᠎ᠠ᠂ ᠪᠠᠰᠠ | ᠪᠡᠯᠴᠢᠭᠡᠷ ᠢᠶᠠᠨ ᠰᠡᠷᠭᠦᠭᠡᠨ᠂ ᠡᠪᠡᠰᠦ ᠪᠤᠷᠳᠤᠭᠠᠨ ᠤ ᠦᠪᠡᠷ ᠤᠨ ᠦᠷᠳᠡᠭ ᠢᠶᠠᠨ ᠲᠤᠷᠤᠭᠰᠢᠯᠠᠭᠤᠯᠵᠦ ᠲᠡᠶᠢᠯᠬᠦ | ᠮᠦᠷᠲᠡᠭᠡᠨ ᠠᠮᠢᠳᠤᠷᠠᠯ ᠤᠨ ᠤᠷᠴᠢᠨ ᠢᠶᠠᠨ ᠴᠦ ᠰᠠᠶᠢᠵᠢᠷᠠᠭᠤᠯᠵᠦ ᠴᠢᠳᠠᠨ᠎ᠠ ᠭᠡᠵᠦ ᠡᠨᠡᠬᠦ ᠲᠦᠷᠦ ᠶᠢᠨ ᠪᠤᠳᠤᠯᠭ᠎ᠠ ᠶᠢ | ᠲᠡᠮᠵᠢᠵᠤ ᠠᠰᠢᠬ ᠭᠦᠷᠳᠡᠵᠡᠢ᠃ | ᠤᠳᠤᠬᠠᠨ ᠳᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢᠨ ᠮᠠᠯ ᠪᠡᠯᠴᠢᠭᠡᠷ ᠤᠨ ᠲᠡᠩᠴᠡᠬᠦᠷᠢ ᠶᠢ | ᠪᠠᠳᠤᠯᠠᠬᠤ ᠳᠤ ᠬᠡᠷᠡᠭᠵᠢᠬᠦᠯᠦᠭᠰᠡᠨ ᠪᠡᠯᠴᠢᠭᠡᠷ ᠤᠨ ᠲᠠᠯᠠᠪᠠᠢ 3508 ᠲᠦᠮᠡᠨ ᠮᠦ ᠳᠤ ᠬᠦᠷᠴᠠᠢ᠃ ᠡᠨᠡᠬᠦ ᠰᠠᠭᠤᠷᠢᠨ | ᠳᠡᠭᠡᠷ᠎ᠠ᠂ ᠲᠤᠬᠠᠢ ᠶᠢᠨ ᠭᠠᠵᠠᠷ ᠤᠨ ᠬᠢᠨ ᠪᠠᠰᠠ ᠤᠯᠠᠮ ᠨᠢᠭᠡ ᠠᠯᠬᠤᠮ ᠪᠡᠯᠴᠢᠭᠡᠷ ᠢᠶᠠᠨ ᠰᠡᠷᠭᠦᠭᠡᠬᠦ ᠪᠠ ᠰᠡᠯᠬᠦᠨ | ᠮᠠᠯᠵᠢᠬᠤ ᠲᠦᠷᠢᠮ ᠢ ᠬᠡᠷᠡᠭᠵᠢᠬᠦᠯᠵᠤ ᠪᠤᠢ᠃ | ᠪᠡᠯᠴᠢᠭᠡᠷ ᠢᠶᠠᠨ ᠰᠡᠷᠭᠦᠭᠡᠬᠦ ᠪᠤᠯ ᠨᠢᠭᠡ ᠵᠦᠢᠯ ᠤᠨ ᠨᠢᠬᠡ ᠵᠢᠯ ᠤᠨ ᠵᠤᠬᠢᠬᠤ ᠬᠤᠭᠤᠴᠠᠭᠠᠨ ᠳᠤ | ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠨᠤᠲᠤᠭ ᠢᠶᠠᠨ ᠠᠰᠢᠭᠯᠠᠬᠤ ᠠᠷᠭ᠎ᠠ ᠬᠡᠮᠵᠢᠶ᠎ᠠ ᠪᠤᠯᠤᠨ᠎ᠠ᠂ ᠰᠡᠯᠬᠦᠨ | ᠮᠠᠯᠵᠢᠬᠤ ᠪᠤᠯ ᠤᠯᠠᠷᠢᠯ ᠢᠶᠠᠷ ᠪᠡᠯᠴᠢᠭᠡᠷ ᠪᠤᠯᠤᠨ ᠮᠠᠯᠵᠢᠯ ᠤᠨ ᠬᠤᠷᠢᠶᠠᠯᠠᠯ ᠳᠤ ᠪᠠᠨ ᠲᠠᠰ ᠳᠠᠷᠠᠭᠠᠯᠠᠯ ᠲᠠᠢ ᠪᠠᠷ | ᠡᠬᠡᠯᠵᠢᠯᠡᠨ ᠮᠠᠯᠵᠢᠬᠤ ᠪᠤᠶᠤ ᠤᠷᠴᠢᠯ ᠲᠠᠢ ᠪᠠᠷ ᠮᠠᠯᠵᠢᠬᠤ ᠮᠠᠯᠵᠢᠯ ᠤᠨ ᠠᠷᠭ᠎ᠠ ᠮᠦᠨ᠃ | ᠵᠢᠯ ᠪᠤᠯᠭᠠᠨ ᠤ 4 ᠰᠠᠷ᠎ᠠ ᠠᠴᠠ 5 ᠰᠠᠷ᠎ᠠ ᠳᠤ᠂ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠮᠠᠯ ᠪᠡᠯᠴᠢᠭᠡᠷ ᠤᠨ | ᠲᠡᠩᠴᠡᠭᠦᠷᠢ ᠶᠢ ᠪᠠᠲᠤᠯᠠᠬᠤ ᠤᠷᠤᠨ ᠨᠢ ᠪᠦᠬᠦᠨ ᠢᠶᠠᠷ ᠢᠶᠠᠨ ᠬᠠᠪᠤᠷ ᠤᠨ ᠨᠤᠭᠤᠭᠠᠷᠠᠭᠤᠯᠲᠠ ᠶᠢᠨ ᠬᠤᠭᠤᠴᠠᠭᠠᠨ ᠤ | ᠪᠡᠯᠴᠢᠭᠡᠷ ᠢᠶᠠᠨ ᠰᠡᠷᠭᠦᠭᠡᠬᠦ ᠶᠢ ᠬᠡᠷᠡᠭᠵᠢᠬᠦᠯᠵᠤ ᠪᠠᠶᠢᠨ᠎ᠠ᠃ ᠬᠠᠪᠤᠷ ᠤᠨ ᠤᠯᠠᠷᠢᠯ ᠤᠨ ᠪᠡᠯᠴᠢᠭᠡᠷ ᠢᠶᠠᠨ ᠰᠡᠷᠭᠦᠬᠡᠬᠦ ᠶᠢ | ᠪᠦᠲᠦᠮᠵᠢᠲᠠᠢ ᠶᠠᠪᠤᠬᠳᠠᠭᠤᠯᠬᠤ ᠶᠢᠨ ᠲᠦᠯᠦᠭᠡ᠂ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠨᠢ ᠪᠡᠯᠴᠢᠭᠡᠷ ᠢᠶᠠᠨ | ᠰᠡᠷᠭᠦᠭᠡᠵᠦ ᠪᠠᠶᠢᠭ᠎ᠠ ᠡᠷᠦᠭᠡ ᠳᠤ ᠪᠡᠯᠴᠢᠭᠡᠷ ᠤᠨ ᠬᠢᠨᠢ ᠲᠠᠯᠠᠪᠠᠢ ᠪᠠᠷ ᠮᠦ ᠪᠦᠷᠢ 0.75 ᠲᠦᠭᠦᠷᠢᠭ ᠤᠨ ᠨᠦᠬᠦᠪᠦᠷᠢ | ᠦᠭᠳᠡᠭ᠃ | ᠵᠢᠱᠢᠯᠲᠡ ᠪᠠᠷ᠂ ᠰᠢᠯᠢ ᠶᠢᠨ ᠭᠤᠣᠯ ᠠᠶᠢᠮᠠᠭ ᠤᠨ ᠡᠨᠡ ᠵᠢᠯ ᠤᠨ ᠨᠤᠭᠤᠭᠠᠷᠠᠭᠤᠯᠲᠠ ᠶᠢᠨ ᠬᠤᠭᠤᠴᠠᠭᠠᠨ ᠤ | ᠪᠡᠯᠴᠢᠭᠡᠷ ᠢᠶᠠᠨ ᠰᠡᠷᠭᠦᠭᠡᠬᠦ ᠭᠠᠵᠠᠷ ᠤᠨ ᠤᠷᠭᠤᠮᠠᠯ ᠤᠨ ᠳᠤᠮᠳᠠᠴᠢ ᠪᠦᠷᠬᠦᠴᠡ ᠶᠢᠨ ᠬᠡᠮᠵᠢᠶ᠎ᠠ ᠪᠤᠯᠤᠨ ᠤᠷᠭᠤᠴᠠ ᠶᠢᠨ | ᠬᠡᠮᠵᠢᠶ᠎ᠠ ᠨᠢ ᠨᠢᠳᠤᠨᠤᠨ ᠤ ᠬᠢ ᠠᠴᠠ ᠲᠤᠰ ᠲᠤᠰ ᠵᠠᠭᠤᠨ ᠤ 0.5 ᠬᠤᠪᠢ ᠪᠤᠯᠤᠨ ᠵᠠᠭᠤᠨ ᠤ 1.4 ᠬᠤᠪᠢ | ᠨᠡᠮᠡᠭᠳᠡᠵᠠᠢ᠃ | ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠰᠠᠶᠢᠬᠠᠨ ᠲᠦᠮᠡᠨ ᠭᠠᠴᠠᠭᠠᠨ ᠤ ᠮᠠᠯᠴᠢᠨ | ᠮᠠᠰᠢᠪᠠᠲᠤ ᠶᠢᠨ ᠬᠢᠨ 2 ᠲᠦᠮᠡᠨ ᠮᠦ ᠪᠡᠯᠴᠢᠭᠡᠷ ᠲᠠᠢ᠂ 70 ᠭᠠᠷᠤᠢ ᠦᠭᠡᠷ᠂ 300 ᠭᠠᠷᠤᠢ ᠬᠤᠨᠢ ᠮᠠᠯᠵᠢᠵᠦ ᠪᠤᠢ | ᠃ ᠨᠢᠳᠤᠨᠤᠨ ᠡᠪᠦᠯ ᠪᠤᠯᠬᠤ ᠳᠤ ᠲᠡᠷᠡ 140 ᠲᠤᠨ ᠡᠪᠡᠰᠦ ᠪᠤᠷᠳᠤᠭ᠎ᠠ ᠬᠤᠳᠠᠯᠳᠤᠨ ᠠᠪᠴᠦ᠂ ᠲᠦᠯ | ᠲᠤᠰᠬᠤ ᠠᠴᠠ ᠪᠠᠨ ᠨᠢᠭᠡ ᠰᠠᠷ᠎ᠠ ᠡᠮᠦᠨ᠎ᠠ ᠬᠠᠰᠢᠶᠠᠯᠠᠨ ᠲᠡᠵᠢᠭᠡᠵᠤ᠂ ᠬᠠᠪᠤᠷ ᠤᠨ ᠤᠯᠠᠷᠢᠯ ᠳᠤ ᠪᠡᠯᠴᠢᠭᠡᠷ ᠢᠶᠠᠨ | ᠰᠡᠷᠭᠦᠭᠡᠵᠡᠢ᠃ | ᠡᠨᠡᠬᠦ ᠰᠠᠭᠤᠷᠢᠨ ᠳᠡᠭᠡᠷ᠎ᠠ ᠮᠠᠰᠢᠪᠡᠳᠤ ᠪᠠᠰᠠ ᠰᠡᠯᠬᠦᠨ ᠮᠠᠯᠵᠢᠵᠤ᠂ ᠲᠡᠷᠡᠪᠡᠷ ᠪᠡᠯᠴᠢᠭᠡᠷ ᠢᠶᠠᠨ 4 ᠭᠡᠰᠡᠭ | ᠬᠤᠪᠢᠶᠠᠵᠤ᠂ ᠵᠤᠨ ᠤ ᠤᠯᠠᠷᠢᠯ ᠳᠤ 2 ᠬᠡᠰᠡᠭ ᠪᠡᠯᠴᠢᠭᠡᠷ ᠲᠤ ᠪᠠᠨ ᠮᠠᠯᠵᠢᠵᠤ᠂ ᠨᠠᠮᠤᠷ ᠡᠪᠦᠯ ᠤᠨ ᠤᠯᠠᠷᠢᠯ ᠳᠤ ᠪᠠᠨ | ᠨᠦᠬᠦᠭᠡ 2 ᠬᠤᠶᠠᠷ ᠭᠡᠰᠡᠭ ᠪᠡᠯᠴᠢᠭᠡᠷ ᠲᠤ ᠪᠠᠨ ᠮᠠᠯᠵᠢᠳᠠᠭ᠃ ᠢᠩᠬᠢᠵᠦ ᠮᠠᠯᠵᠢᠬᠤ ᠨᠢ ᠦᠭᠡᠷ ᠬᠤᠨᠢ ᠪᠠᠨ | ᠰᠠᠶᠢᠬᠠᠨ ᠦᠰᠭᠡᠵᠦ ᠴᠢᠳᠠᠬᠤ ᠮᠦᠷᠲᠡᠭᠡᠨ ᠪᠡᠯᠴᠢᠬᠡᠷ ᠢᠶᠠᠨ ᠴᠦ ᠰᠡᠷᠭᠦᠭᠡᠨ ᠬᠠᠮᠠᠭᠠᠯᠠᠵᠦ ᠴᠢᠳᠠᠨ᠎ᠠ ᠬᠡᠵᠦ ᠮᠠᠰᠢ | ᠪᠠᠶᠠᠷᠲᠠᠢ ᠪᠠᠶᠢᠯ᠎ᠠ᠃ | ᠦᠢᠯᠡᠳᠪᠦᠷᠢᠯᠠᠯ ᠠᠮᠢᠳᠤᠷᠠᠯ ᠠᠮᠢ ᠠᠬᠤᠢ ᠶᠢ ᠬᠠᠷᠠᠭᠠᠯᠵᠨᠬᠰᠡᠨ ᠪᠡᠶᠠᠵᠢᠯ ᠤᠨ ᠵᠠᠮ ᠢ ᠡᠯᠭᠦᠪᠠ | ᠬᠠᠶᠢᠯᠠᠷ ᠨᠠᠷᠠᠰᠦ᠂ ᠬᠦᠢᠯᠡᠰᠦᠨ ᠮᠣᠳᠣ᠂ ᠤᠳᠠ ᠮᠤᠲᠤ ᠰᠦᠯᠵᠢᠯᠳᠤᠨ᠂ ᠤᠤᠯ ᠤᠨ ᠡᠯᠡᠰᠦᠨ ᠲᠤᠪᠤᠷᠴᠠᠭ | ᠬᠠᠷᠠᠭᠳᠠᠬᠤ ᠪᠠᠨ ᠪᠤᠯᠢᠵᠦ᠂ ᠠᠯᠠᠬᠯᠠᠨ ᠤᠷᠭᠤᠭᠰᠠᠨ ᠲᠤᠮᠤ ᠲᠤᠮᠤ ᠮᠤᠳᠤᠳ ᠦᠩᠭᠡ ᠢᠯᠭᠠᠷᠠᠨ᠂ ᠬᠤᠯᠠᠨ ᠰᠢᠷᠭ᠎ᠠ | ᠳᠠᠭ᠎ᠠ ᠶᠢᠨ ᠡᠯᠡᠰᠦᠨ ᠤ ᠡᠮᠦᠨ᠎ᠠ ᠵᠠᠬ᠎ᠠ ᠳᠤ ᠪᠠᠶᠢᠭ᠎ᠠ ᠳᠤᠯᠤᠨ ᠨᠠᠭᠤᠷ ᠰᠢᠶᠠᠨ ᠢ ᠤᠯᠠᠮ ᠭᠤᠶᠢᠲᠠ ᠰᠠᠶᠢᠬᠠᠨ | ᠪᠤᠯᠭᠠᠨ ᠴᠢᠮᠡᠭᠯᠡᠵᠠᠢ᠃ | ᠲᠤᠯᠤᠨ ᠨᠠᠭᠤᠷ ᠰᠢᠶᠠᠨ ᠤ ᠲᠠᠷᠢᠶᠠᠴᠢᠨ ᠵᠢᠶᠠ ᠵᠢᠶᠠᠨ ᠹᠧᠩ 2000 ᠤᠨ ᠠᠴᠠ 5000 ᠮᠦ ᠬᠠᠯᠴᠠᠭᠠᠢ | ᠠᠭᠤᠯᠠᠨ ᠭᠠᠵᠠᠷ ᠢ ᠳᠠᠭᠠᠭᠠᠴᠠᠯᠠᠨ ᠠᠪᠴᠦ ᠬᠠᠶᠢᠯᠠᠷ ᠨᠠᠷᠠᠰᠤ ᠲᠠᠷᠢᠵᠦ᠂ ᠨᠢᠭᠡᠨᠲᠡ 100 ᠲᠦᠮᠡᠨ ᠰᠠᠭᠤᠷᠢ | ᠲᠠᠷᠢᠵᠠᠢ᠃ | 2000 ᠤᠨ ᠠᠴᠠ ᠡᠮᠦᠨ᠎ᠠ ᠠᠮᠢ ᠠᠬᠤᠢ ᠬᠦᠨᠳᠦ ᠨᠤᠴᠢᠲᠠᠢ ᠡᠪᠳᠡᠭᠳᠡᠵᠦ᠂ ᠡᠳᠦᠷ ᠪᠤᠯᠭᠠᠨ ᠡᠯᠡᠰᠦᠨ | ᠰᠢᠭᠤᠷᠭ᠎ᠠ ᠳᠡᠭᠳᠡᠬᠦ ᠳᠤ ᠵᠢᠶᠠ ᠵᠢᠶᠠᠨ ᠹᠧᠩ ᠡᠬᠢᠯᠡᠵᠤ ᠮᠤᠲᠤ ᠲᠠᠷᠢᠬᠰᠠᠨ ᠢᠶᠠᠷ᠂ ᠦᠨᠦ ᠨᠢᠭᠡᠨᠲᠠ ᠠᠮᠢ ᠠᠬᠤᠢ ᠶᠢᠨ | ᠤᠢᠢᠵᠢᠭᠤᠯᠤᠯᠲᠠ ᠶᠢᠨ ᠮᠡᠷᠭᠡᠵᠢᠯ ᠤᠨ ᠡᠷᠦᠭᠡ ᠪᠤᠯᠵᠦ᠂ ᠵᠢᠯ ᠪᠤᠯᠭᠠᠨ ᠤ ᠮᠤᠳᠤᠨ ᠴᠢᠬᠢ ᠬᠤᠳᠠᠯᠳᠤᠭᠰᠠᠨ | ᠤᠷᠤᠯᠭ᠎ᠠ ᠨᠢ ᠬᠡᠳᠦᠨ ᠵᠠᠭᠤᠨ ᠲᠦᠮᠡ ᠳᠤ ᠬᠦᠷᠴᠦ ᠪᠤᠢ᠃ | ᠬᠤᠯᠠᠨ ᠰᠢᠷᠭ᠎ᠠ ᠳᠠᠭ᠎ᠠ ᠶᠢᠨ ᠡᠯᠡᠰᠦ ᠨᠢ 11 ᠬᠤᠰᠢᠭᠤ ᠰᠢᠶᠠᠨ ᠬᠤᠲᠠ ᠶᠢᠨ ᠬᠡᠪᠴᠢᠶᠠᠨ ᠳᠤ ᠲᠠᠷᠬᠠᠵᠦ᠂ | 20 ᠲᠦᠮᠡ ᠢᠯᠡᠬᠦᠦ ᠬᠦᠮᠦᠨ ᠠᠮᠠ ᠤᠷᠤᠰᠢᠨ ᠠᠮᠢᠳᠤᠷᠠᠬᠤ ᠲᠠᠢ ᠬᠤᠯᠪᠤᠬᠳᠠᠳᠠᠬ᠃ ᠤᠯᠠᠩᠬᠢ ᠨᠢ ᠮᠠᠯᠵᠢᠯ ᠤᠨ | ᠦᠢᠯᠡᠳᠪᠦᠷᠢᠯᠡᠯ ᠡᠷᠬᠢᠯᠡᠵᠦ᠂ 240 ᠲᠦᠮᠡ ᠭᠠᠷᠤᠢ ᠲᠤᠯᠤᠭᠠᠢ ᠮᠠᠯ ᠮᠠᠯᠵᠢᠵᠦ᠂ ᠨᠢᠭᠡᠨ ᠦᠢᠯᠡᠳᠪᠦᠷᠢᠯᠠᠯ᠂ | ᠠᠮᠢᠳᠤᠷᠠᠯ᠂ ᠠᠮᠢ ᠠᠬᠤᠢ ᠰᠤᠯᠪᠢᠴᠠᠭᠰᠠᠨ ᠤᠷᠤᠨ ᠪᠦᠰᠡ ᠶᠤᠮ᠃ | ᠠᠮᠢ ᠠᠬᠤᠢ ᠶᠢᠨ ᠵᠠᠰᠠᠯᠲᠠ ᠶᠢᠨ ᠶᠠᠪᠤᠴᠠ ᠳᠤ᠂ ᠬᠠᠮᠤᠭ ᠠᠴᠠ ᠬᠦᠴᠢᠷᠲᠡᠢ ᠨᠢ ᠦᠢᠯᠡᠳᠪᠦᠷᠢᠯᠡᠯ᠂ ᠠᠮᠢᠳᠤᠷᠠᠯ | ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠭᠤᠷᠤᠨᠳᠤᠬᠢ ᠵᠦᠷᠢᠴᠡᠯ ᠢ ᠬᠡᠷᠬᠢᠨ ᠰᠢᠢᠳᠪᠦᠷᠢᠯᠡᠬᠦ ᠶᠠᠪᠤᠳᠡᠯ | ᠪᠤᠯᠤᠨ᠎ᠠ᠃ ᠡᠨᠡᠬᠦ ᠬᠦᠴᠢᠷᠲᠡᠯ ᠢ ᠰᠢᠢᠳᠪᠦᠷᠢᠯᠡᠬᠦ ᠶᠢᠨ ᠲᠦᠯᠦᠭᠡ᠂ ᠲᠤᠬᠠᠢ ᠶᠢᠨ ᠭᠠᠵᠠᠷ ᠤᠨ ᠬᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ ᠠᠵᠤ ᠦᠢᠯᠡᠰᠵᠢᠭᠦᠯᠤᠨ᠂ ᠠᠵᠤ ᠦᠢᠯᠡᠰ ᠢᠶᠠᠷ ᠠᠮᠢ ᠠᠬᠤᠢ ᠶᠢ ᠰᠡᠷᠭᠦᠭᠡᠬᠦ ᠪᠠᠷ | ᠳᠠᠮᠵᠢᠭᠤᠯᠤᠨ᠂ ᠠᠮᠢ ᠠᠬᠤᠢ ᠪᠤᠯᠤᠨ ᠠᠵᠤ ᠦᠢᠯᠡᠰ᠂ ᠡᠯᠡᠰᠦ ᠶᠢ ᠵᠠᠰᠠᠬᠤ ᠪᠤᠯᠤᠨ ᠪᠠᠶᠠᠵᠢᠭᠤᠯᠬᠤ ᠶᠢ ᠬᠦᠨᠵᠡᠭᠡᠢ | ᠠᠭᠤᠰᠤᠯᠴᠠᠭᠤᠯᠬᠤ ᠶᠢ ᠬᠦᠴᠦᠯᠡᠨ ᠠᠬᠢᠭᠤᠯᠵᠦ᠂ ᠡᠯᠡᠰᠦᠷᠬᠡᠭ ᠤᠷᠤᠨ ᠤ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠬᠦᠯᠬᠦ ᠶᠢ ᠲᠦᠷᠭᠡᠳᠭᠡᠨ᠂ ᠦᠢᠯᠡᠳᠪᠦᠷᠢᠯᠡᠯ ᠡᠵᠡᠩᠨᠡᠯᠲᠠ ᠶᠢᠨ ᠠᠷᠭ᠎ᠠ ᠬᠡᠯᠪᠡᠷᠢ ᠪᠠᠨ ᠢᠳᠡᠪᠬᠢᠲᠠᠢ | ᠬᠤᠪᠢᠷᠠᠭᠤᠯᠵᠦ᠂ ᠦᠢᠯᠡᠳᠪᠦᠷᠢᠯᠡᠯ᠂ ᠠᠮᠢᠳᠤᠷᠠᠯ ᠪᠣᠯᠤᠨ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢᠨ ᠤᠯᠠᠨ ᠲᠠᠯ᠎ᠠ ᠶᠢᠨ ᠦᠷ᠎ᠠ ᠪᠦᠲᠦᠮᠵᠢ ᠶᠢ ᠤᠯᠵᠠᠢ᠃ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ᠮᠠᠯᠴᠢᠨ | ᠠᠪᠤᠷᠭᠤ ᠶᠢᠨ ᠬᠢᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢᠨ ᠦᠷᠦᠴᠡᠨ ᠳᠤ ᠰᠠᠭᠤᠵᠦ ᠪᠠᠶᠢᠳᠠᠭ᠃ ᠭᠠᠩ ᠲᠠᠢ | ᠵᠢᠯ ᠬᠡᠲᠦᠷᠡᠲᠡᠯ᠎ᠠ ᠮᠠᠯᠵᠢᠭᠰᠠᠨ ᠠᠴᠠ ᠲᠠᠳᠡᠨ ᠤ 960 ᠮᠦ ᠪᠡᠯᠴᠢᠭᠡᠷ ᠨᠢ ᠬᠦᠨᠳᠦ ᠨᠤᠴᠢᠲᠠᠢ ᠡᠯᠡᠰᠦᠷᠭᠡᠭᠵᠢᠵᠠᠢ᠃ | 1996 ᠤᠨ ᠠᠴᠠ ᠠᠪᠤᠷᠭᠤ 400 ᠭᠠᠷᠤᠢ ᠬᠤᠨᠢ ᠪᠠᠨ ᠪᠦᠬᠦᠨ ᠢ ᠬᠤᠳᠠᠯᠳᠤᠵᠦ᠂ ᠤᠷᠤᠨ ᠳᠤ ᠨᠢ ᠠᠷᠪᠠᠨ | ᠬᠡᠳᠦᠨ ᠦᠭᠡᠷ ᠬᠤᠳᠠᠯᠳᠤᠨ ᠠᠪᠴᠦ᠂ ᠦᠭᠡᠷ ᠢᠶᠠᠨ ᠲᠡᠵᠢᠭᠡᠬᠦ ᠶᠢᠨ ᠳᠠᠭᠠᠤ ᠡᠪᠡᠰᠦ ᠲᠠᠷᠢᠵᠤ ᠡᠯᠡᠰᠦ ᠶᠢ ᠵᠠᠰᠠᠵᠠᠢ᠃ | ᠤᠳᠤᠬᠠᠨ ᠳᠤ ᠲᠠᠲᠠᠨᠠᠶᠢᠬᠢᠨ ᠰᠠᠶᠢᠨ ᠡᠭᠦᠯᠳᠡᠷ ᠤᠨ 36 ᠰᠢᠮᠨᠧᠲᠷ ᠦᠭᠡᠷ ᠲᠠᠢ ᠪᠤᠯᠵᠦ᠂ ᠵᠢᠯ ᠪᠦᠷᠢ ᠶᠢᠨ | ᠲᠤᠭᠤᠯ ᠢᠶᠠᠨ ᠬᠤᠳᠠᠯᠳᠤᠭᠰᠠᠨ ᠤᠷᠤᠯᠭ᠎ᠠ ᠨᠢ 30 ᠲᠦᠮᠡ ᠭᠠᠷᠤᠢ ᠲᠦᠭᠦᠷᠢᠭ ᠤᠯᠬᠤ ᠪᠤᠯᠤᠭᠰᠠᠨ ᠮᠥᠷᠲᠡᠭᠡᠨ | ᠮᠢᠩᠭ᠎ᠠ ᠭᠠᠷᠤᠢ ᠮᠦ ᠪᠡᠯᠴᠢᠭᠡᠷ ᠤᠨ ᠬᠢᠨᠢ ᠠᠮᠢ ᠠᠬᠤᠢ ᠨᠢ ᠴᠦ ᠰᠡᠷᠭᠦᠵᠡᠢ᠃ | ᠣᠶᠢᠯᠠᠭᠠᠭᠰᠠᠨ ᠢᠶᠠᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠨᠡᠭᠡᠭᠡᠨ | ᠬᠦᠭᠵᠢᠬᠦᠯᠦᠯᠲᠠ᠂ ᠡᠯᠡᠰᠦ ᠶᠢ ᠵᠠᠰᠠᠬᠤ ᠪᠠ ᠪᠠᠶᠠᠵᠢᠭᠤᠯᠬᠤ ᠶᠢ ᠬᠦᠨᠵᠡᠭᠡᠢ ᠤᠶᠠᠯᠳᠤᠭᠤᠯᠤᠬᠰᠠᠨ ᠨᠢ᠂ ᠬᠤᠯᠠᠨ | ᠰᠢᠷᠭ᠎ᠠ ᠶᠢᠨ ᠡᠯᠡᠰᠦᠨ ᠤ 2.5 ᠲᠦᠮᠡᠨ ᠶᠠᠳᠠᠭᠤ ᠬᠦᠴᠢᠷᠲᠡᠯᠲᠡᠢ ᠮᠠᠯᠴᠢᠨ ᠲᠠᠷᠢᠶᠠᠴᠢᠨ ᠢ ᠶᠠᠳᠠᠭᠤ ᠠᠴᠠ | ᠠᠩᠬᠢᠵᠢᠷᠠᠭᠤᠯᠤᠨ ᠪᠠᠶᠠᠵᠢᠯ ᠤᠨ ᠵᠠᠮ ᠢᠶᠠᠷ ᠬᠦᠳᠦᠯᠵᠠᠢ᠃ | 20 ᠵᠢᠯ ᠤᠨ ᠵᠠᠰᠠᠯᠲᠠ ᠪᠠᠷ ᠳᠠᠮᠵᠢᠭᠠᠳ᠂ ᠬᠤᠯᠠᠨ ᠰᠢᠷᠭ᠎ᠠ ᠶᠢᠨ ᠠᠮᠢ ᠠᠬᠤᠢ ᠶᠢᠨ ᠤᠷᠴᠢᠨ ᠲᠤᠭᠤᠷᠢᠨ | ᠢᠯᠡᠷᠬᠡᠢ ᠰᠠᠶᠢᠵᠢᠷᠠᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ᠂ ᠮᠢᠬᠠᠨ ᠤ ᠠᠵᠤ ᠦᠢᠯᠡᠰ | ᠪᠤᠯᠤᠨ ᠵᠢᠭᠤᠯᠴᠢᠯᠠᠯ ᠤᠨ ᠠᠵᠤ ᠦᠢᠯᠡᠰ ᠵᠡᠷᠬᠡ ᠨᠢ ᠮᠠᠰᠢ ᠬᠦᠭᠵᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠠᠯ | ᠠᠮᠢᠳᠤᠷᠠᠯ ᠪᠠᠲᠤᠯᠠᠭ᠎ᠠ ᠲᠠᠢ ᠪᠤᠯᠵᠦ᠂ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠨᠢ ᠴᠦ ᠦᠷ᠎ᠠ | ᠪᠦᠲᠤᠮᠵᠢᠲᠠᠢ ᠪᠤᠯᠵᠠᠢ᠃ | ᠬᠠᠮᠤᠭ ᠤᠨ ᠰᠢᠨ᠎ᠠ ᠪᠦᠷᠢᠳᠭᠡᠯ ᠢ ᠦᠨᠳᠦᠰᠦᠯᠡᠪᠡᠯ᠂ 2017 ᠤᠨ ᠪᠤᠯᠲᠠᠯ᠎ᠠ᠂ ᠬᠤᠯᠠᠨ ᠰᠢᠷᠭ᠎ᠠ ᠶᠢᠨ | ᠡᠯᠡᠰᠦ ᠶᠢᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ 2004 ᠤᠨ ᠤ 13.05% ᠠᠴᠠ ᠪᠠᠨ ᠲᠡᠭᠡᠭᠰᠢᠯᠡᠭᠡᠳ | 23.35% ᠪᠤᠯᠵᠠᠢ᠃ 2018 ᠤᠨ ᠳᠤ᠂ ᠬᠤᠯᠠᠨ ᠰᠢᠷᠭ᠎ᠠ ᠶᠢᠨ ᠡᠯᠡᠰᠦᠨ ᠤ ᠳᠤᠮᠳᠠᠴᠢ ᠤᠷᠭᠤᠮᠠᠯ ᠤᠨ | ᠪᠦᠷᠬᠦᠴᠡ 41% ᠪᠤᠯᠵᠦ᠂ 2011 ᠤᠨ ᠠᠴᠠ ᠵᠠᠭᠤᠨ ᠤ 8 ᠬᠤᠪᠢ ᠲᠡᠭᠡᠭᠰᠢᠯᠡᠭᠰᠡᠨ ᠪᠠᠶᠢᠨ᠎ᠠ᠃ |