ᠡᠷᠢᠨ ᠰᠣᠨᠳᠠᠯᠠᠭᠰᠠᠨ ᠲᠡᠭᠷᠢᠯᠢᠭ ᠠᠶᠠᠯᠭᠤᠨ
ᠨᠡᠶᠢᠲᠡᠯᠡᠭᠰᠡᠨ ᠴᠠᠭ᠄
2020/10/15
     — ᠦᠪᠦᠷ ᠮᠤᠩᠭᠤᠯ ᠤᠨ ᠲᠠᠭᠤᠤ ᠬᠦᠭᠵᠢᠮ ᠤᠨ ᠤᠷᠠᠨ ᠵᠤᠬᠢᠶᠠᠯ ᠤᠨ ᠲᠤᠬᠠᠢ ᠡᠷᠬᠢᠴᠡᠬᠦᠯᠦᠯ ᠬᠢᠬᠡᠳ ᠪᠠᠷᠠᠯᠠᠯ    ᠳᠡᠭᠡᠷ᠎ᠡ ᠵᠠᠭᠤᠨ ᠤ ᠳᠥᠴᠢᠭᠡᠳ ᠣᠨ ᠠᠴᠠ ᠨᠠᠭᠠᠰᠢ ᠲᠠᠯ᠎ᠠ ᠨᠤᠲᠤᠭ ᠤᠨ ᠳᠠᠭᠤᠤ ᠬᠥᠭᠵᠢᠮ ᠨᠢ 70 ᠭᠠᠷᠤᠢ ᠵᠢᠯ ᠤᠨ ᠰᠠᠯᠬᠢ ᠪᠣᠷᠣᠭᠠᠨ ᠢ ᠥᠩᠭᠡᠷᠡᠭᠦᠯᠵᠦ ᠪᠢᠯᠠ᠃ ᠲᠠᠯ᠎ᠠ ᠨᠤᠲᠤᠭ ᠤᠨ ᠳᠠᠭᠤᠤ ᠬᠥᠭᠵᠢᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ᠂ ᠲᠠᠷᠤᠢ ᠳᠠᠭᠤᠤ ᠶᠢᠨ ᠦᠭᠡ ᠶᠢᠨ ᠵᠤᠬᠢᠶᠠᠨ ᠪᠦᠳᠦᠬᠡᠯᠬᠡ ᠨᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠬᠦᠭᠵᠢᠯᠳᠠ ᠯᠦᠭᠡ ᠵᠤᠤᠵᠠᠢ ᠬᠤᠯᠪᠤᠨ ᠤᠷᠤᠬᠰᠢᠯᠠᠵᠤ᠂ ᠰᠠᠯᠬᠢ ᠪᠣᠷᠣᠭᠠᠨ ᠢ ᠬᠠᠮᠲᠤ ᠪᠠᠷ ᠲᠤᠭᠤᠯᠵᠤ᠂ ᠢᠷᠠᠭᠤ ᠠᠯᠳᠠᠷ ᠢ ᠬᠠᠮᠲᠤ ᠪᠠᠷ ᠬᠦᠷᠳᠡᠵᠤ ᠢᠷᠡᠭᠰᠡᠨ ᠶᠤᠮ᠃ ᠡᠶᠢᠮᠦ ᠠᠴᠠ᠂ ᠪᠢ ᠠᠳᠡ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠲᠤᠬᠠᠶ ᠦᠬᠦᠯᠡᠬᠦ ᠨᠢ ᠮᠥᠨ ᠴᠦ ᠪᠦᠬᠦ᠋ᠢᠯᠡ ᠲᠠᠯ᠎ᠠ ᠨᠤᠲᠤᠭ ᠤᠨ ᠳᠠᠭᠤᠤ ᠬᠥᠭᠵᠢᠮ ᠤᠨ ᠬᠦᠭᠵᠢᠯᠳᠠ ᠶᠢᠨ ᠲᠦᠢᠮᠣ ᠪᠠᠶᠢᠳᠠᠯ ᠤᠨ ᠲᠤᠬᠠᠶ ᠨᠢᠭᠡᠨ ᠤᠳᠠᠭᠠᠨ ᠤ ᠡᠷᠭᠢᠴᠡᠭᠦᠯᠦᠯ ᠬᠡᠯᠳᠡᠢ᠃     ᠲᠠᠯ᠎ᠠ ᠨᠤᠲᠤᠭ ᠤᠨ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ ᠨᠢ ᠡᠬᠢᠯᠡᠭᠰᠡᠨ ᠲᠠᠷᠠ ᠴᠠᠭ ᠠᠴᠠ ᠪᠠᠨ ᠠᠪᠤᠭᠠᠳ ᠡᠬᠡ ᠤᠯᠤᠰ ᠤᠨ ᠬᠤᠪᠢ ᠵᠠᠶᠠᠭ᠎ᠠ ᠯᠤᠭ᠎ᠠ ᠮᠢᠬ᠎ᠠ ᠴᠢᠰᠤ ᠪᠠᠷ ᠬᠤᠯᠪᠤᠯᠳᠤᠵᠤ᠂ ᠴᠠᠭ ᠦᠶ᠎ᠡ ᠶᠢᠨ ᠰᠤᠳᠠᠰᠤ ᠯᠤᠭ᠎ᠠ ᠯᠤᠭᠰᠢᠯᠲᠠ ᠨᠢᠬᠡᠳᠡᠢ ᠬᠦᠭᠵᠢᠵᠤ ᠢᠷᠡᠭᠰᠡᠨ ᠨᠢ ᠮᠠᠷᠭᠤᠰᠢ ᠦᠬᠡᠢ᠃ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠦᠰᠦᠨ ᠪᠤᠶᠢᠵᠢᠯᠲᠠ ᠵᠢᠴᠢ ᠠᠮᠵᠢᠯᠳᠠ ᠪᠦᠳᠦᠮᠵᠢ ᠨᠢ ᠡᠬᠡ ᠤᠯᠤᠰ᠂ ᠠᠷᠠᠳ ᠲᠦᠮᠡᠨ᠂ ᠴᠠᠭ ᠦᠶ᠎ᠡ ᠶᠢᠨ ᠬᠠᠶᠢᠷ᠎ᠠ ᠪᠠ ᠪᠦᠪᠠᠶᠢᠯᠡᠯ ᠠᠴᠠ ᠰᠠᠯᠵᠤ ᠴᠢᠳᠠᠬᠤ ᠦᠬᠡᠢ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠨᠢ ᠨᠢᠬᠡᠨ ᠤᠷᠲᠤ ᠤᠳᠠᠭᠠᠨ ᠪᠥᠭᠡᠳ ᠭᠡᠷᠡᠯ ᠰᠠᠴᠤᠷᠠᠩᠭᠤᠶ ᠵᠠᠮ ᠢᠶᠠᠷ ᠵᠠᠮᠨᠠᠭᠰᠠᠨ ᠪᠦᠬᠡᠳ ᠡᠨᠡ ᠬᠦ ᠤᠷᠲᠤ ᠠᠶᠠᠨ ᠵᠢᠴᠢ ᠴᠠᠭ ᠬᠤᠭᠤᠴᠠᠭᠠᠨ ᠳᠤ ᠪᠦᠷᠢᠯᠳᠦᠭᠰᠡᠨ ᠤᠷᠠᠯᠢᠭ ᠤᠨ ᠲᠤᠷᠰᠢᠯᠭ᠎ᠠ ᠨᠢ ᠣᠳᠣᠬᠢ ᠴᠠᠬ ᠦᠶ᠎ᠡ ᠪᠠ ᠠᠯᠤᠰ ᠢᠷᠡᠭᠡᠳᠦᠶ ᠶᠢ ᠭᠡᠷᠡᠯᠳᠦᠬᠦᠯᠵᠦ ᠪᠠᠶᠢᠭ᠎ᠠ ᠶᠤᠮ᠃     ᠲᠠᠯᠠᠨ ᠵᠢᠯ ᠤᠨ ᠬᠦᠭᠵᠢᠯᠳᠠ ᠶᠢᠨ ᠠᠶᠠᠨ ᠳᠠᠬᠢ ᠠᠮᠵᠢᠯᠳᠠ ᠪᠠ ᠲᠤᠷᠰᠢᠯᠭ᠎ᠠ     ᠲᠠᠯ᠎ᠠ ᠨᠤᠲᠤᠭ ᠤᠨ ᠳᠠᠭᠤᠤ ᠬᠥᠭᠵᠢᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠠᠯ᠎ᠠ ᠨᠤᠲᠤᠬ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠵᠣᠬᠢᠶᠠᠨ ᠪᠦᠲᠦᠭᠡᠯᠭᠡ ᠶᠢ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠠᠴᠠ ᠡᠮᠦᠨ᠎ᠡ ᠬᠤᠶᠢᠨᠡᠬᠢ ᠬᠤᠷᠢᠨ ᠵᠢᠯ︔ ᠥᠭᠡᠷᠡᠴᠢᠯᠡᠯᠲᠡ ᠨᠡᠭᠡᠭᠡᠯᠳᠡ ᠬᠢᠭᠰᠡᠨ ᠬᠤᠷᠢᠨ ᠵᠢᠯ︔ ᠰᠢᠨ᠎ᠡ ᠵᠠᠭᠤᠨ ᠠᠴᠠ ᠨᠠᠭᠠᠰᠢᠬᠢ ᠠᠷᠪᠠ ᠭᠠᠷᠤᠶ ᠵᠢᠯ︔ ᠰᠢᠨ᠎ᠡ ᠴᠠᠭ ᠦᠶ᠎ᠡ ᠠᠴᠠ ᠨᠠᠭᠠᠰᠢᠬᠢ ᠠᠷᠪᠠᠨ ᠵᠢᠯ ᠬᠡᠬᠦ ᠮᠡᠳᠤ ᠪᠠᠷ ᠬᠡᠳᠦᠨ ᠱᠠᠳᠤ ᠬᠤᠪᠢᠶᠡᠵᠤ ᠪᠤᠯᠤᠨ᠎ᠠ᠃     ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠠᠴᠠ ᠡᠮᠦᠨ᠎ᠡ ᠬᠤᠶᠢᠨᠡᠬᠢ ᠬᠤᠷᠢᠨ ᠵᠢᠯ᠃ ᠡᠨᠡ ᠬᠦ ᠲᠡᠦᠬᠡᠨ ᠴᠠᠭ ᠦᠶ᠎ᠡ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠣᠨᠴᠠᠯᠢᠭ ᠢ ᠤᠷᠬᠢᠯᠤᠮ᠎ᠠ ᠬᠠᠯᠠᠭᠤᠨ ᠰᠡᠳᠬᠢᠯ ᠤᠨ ᠮᠠᠭᠲᠠᠭᠠᠯ ᠳᠠᠭᠤᠤ ᠬᠡᠮᠡᠨ ᠬᠤᠷᠢᠶᠠᠩᠭᠤᠶᠢᠯᠠᠵᠤ ᠪᠣᠯᠤᠨ᠎ᠠ᠃ ᠲᠥᠯᠥᠭᠡᠯᠡᠬᠦ ᠴᠢᠨᠠᠷᠲᠠᠶ ᠵᠣᠬᠢᠶᠠᠯᠴᠢ ᠬᠡᠪᠡᠯ ᠨᠠ᠊ · ᠰᠠᠶᠢᠨᠴᠣᠭᠲᠤ᠂ ᠮᠠᠯᠴᠢᠨᠬᠦᠦ᠂ ᠠ᠊ · ᠤᠳᠽᠠᠷ᠂ ᠪ᠊ · ᠪᠦᠷᠢᠨᠪᠠᠬᠢ ᠨᠡᠷ ᠪᠣᠯᠤᠨ᠎ᠠ᠃ ᠤᠳᠬ᠎ᠠ ᠵᠤᠬᠢᠶᠠᠯ ᠤᠨ ᠡᠨᠡ ᠳᠥᠷᠪᠡᠨ ᠠᠪᠤᠷᠭᠤ ᠪᠤᠯ ᠣᠳᠣ ᠦᠶ᠎ᠡ ᠶᠢᠨ ᠲᠠᠯ᠎ᠠ ᠨᠤᠲᠤᠭ ᠤᠨ ᠤᠷᠠᠨ ᠵᠣᠬᠢᠶᠠᠯ ᠤᠨ ᠰᠠᠭᠤᠷᠢᠯᠠᠭᠴᠢ ᠮᠦᠨ᠃ ᠲᠡᠳᠡ ᠪᠤᠯ ᠰᠢᠯᠦᠭᠴᠢ᠂ ᠵᠣᠬᠢᠶᠠᠯᠴᠢ᠃ ᠲᠤᠬᠠᠢ ᠶᠢᠨ ᠦᠶ᠎ᠠ ᠳᠤ᠂ ᠲᠠᠯ᠎ᠠ ᠨᠤᠲᠤᠭ ᠤᠨ ᠳᠠᠭᠤᠤ ᠶᠢᠨ ᠦᠭᠡ ᠶᠢᠨ ᠲᠤᠰᠬᠠᠶ ᠵᠣᠬᠢᠶᠠᠯᠴᠢ ᠬᠡᠵᠤ ᠪᠠᠶᠢᠬᠰᠠᠨ ᠦᠭᠡᠶ ᠦᠶ᠎ᠡ ᠳᠤ ᠡᠳᠡᠬᠡᠷ ᠳᠥᠷᠪᠡᠨ ᠬᠤᠰᠢᠭᠤᠴᠢ ᠵᠤᠬᠢᠶᠠᠯᠴᠢ ᠮᠠᠨᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠠᠩᠬᠠᠨ ᠤ ᠦᠶ᠎ᠡ ᠶᠢ ᠡᠬᠦᠳᠦᠭᠰᠡᠨ ᠪᠦᠭᠡᠳ ᠲᠡᠬᠦᠨ ᠠᠴᠠ ᠰᠡᠬᠦᠯᠴᠢ ᠶᠢᠨ ᠦᠶ᠎ᠠ ᠳᠤ ᠴᠤ ᠴᠢᠬᠤᠯᠠ ᠬᠦᠳᠦᠯᠦᠨ ᠲᠠᠭᠠᠭᠤᠯᠬᠤ ᠦᠢᠯᠡᠳᠦᠯ ᠦᠵᠡᠭᠦᠯᠵᠡᠶ᠃ ᠡᠶᠢᠨ ᠬᠦ᠂ ᠲᠡᠳᠡ ᠨᠡᠷ ᠪᠤᠯ ᠮᠦᠨ ᠴᠤ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠰᠠᠭᠤᠷᠢᠯᠠᠭᠴᠢ ᠮᠦᠨ᠃ ᠳᠡᠭᠡᠷᠡᠬᠢ ᠳᠥᠷᠪᠡᠨ ᠶᠡᠭᠡ ᠪᠠᠭᠰᠢᠳᠡᠡ ᠠᠴᠠ ᠭᠠᠳᠠᠨ᠎ᠠ ᠰᠢᠯᠦᠭᠴᠢ᠂ ᠵᠣᠬᠢᠶᠠᠯᠴᠢ᠂ ᠬᠥᠭᠵᠢᠮ ᠤᠨ ᠵᠣᠬᠢᠶᠠᠯᠴᠢ᠂ ᠵᠢᠱᠢᠶᠡᠯᠡᠪᠡᠯ ᠳᠤᠭᠠᠷᠰᠦ᠋ᠷᠦᠩ᠂ ᠪᠠ᠊ · ᠤᠰᠤᠷ᠂ ᠵᠠᠮᠰᠦ᠋ᠷᠦᠩᠵᠠᠪ᠂ ᠳ᠋᠊ · ᠰᠠᠩᠪᠤᠤ ᠨᠡᠷ ᠴᠤ ᠳᠠᠭᠤᠤ ᠶᠢᠨ ᠦᠭᠡ ᠵᠣᠬᠢᠶᠠᠨ ᠪᠦᠲᠦᠭᠡᠬᠦ ᠳᠤ ᠣᠷᠣᠯᠴᠠᠭᠰᠠᠨ ᠪᠥᠭᠡᠳ ᠡᠯᠪᠡᠭ ᠬᠤᠷᠢᠶᠠᠯᠲᠠ ᠣᠯᠤᠭᠰᠠᠨ ᠪᠠᠶᠢᠨ᠎ᠠ᠃     ︽ᠲᠠᠯ᠎ᠠ ᠨᠤᠲᠤᠭ ᠲᠤ ᠮᠥᠩᠬᠡ ᠶᠢᠨ ᠨᠡᠷᠡᠨ ᠮᠠᠨᠳᠤᠯ᠎ᠠ︾᠂ ︽ᠡᠯᠡᠰᠦᠨ ᠨᠤᠲᠤᠭ︾᠂ ︽ᠠᠵᠢᠨᠠᠶ ᠬᠦᠯᠦᠭ ᠮᠢᠨᠢ︾᠂ ︽ᠣᠪᠣᠭᠠᠨ ᠳᠠᠬᠢ ᠠᠭᠤᠯᠵᠠᠯᠲᠠ︾᠂ ︽ᠮᠠᠭᠲᠠᠭᠠᠯ ᠳᠠᠭᠤᠤ︾᠂ ︽ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ᠎ᠠ︾᠂ ︽ᠪᠠᠭᠠᠲᠤᠷᠯᠢᠭ ᠣᠷᠴᠣᠨ︾᠂ ︽ᠲᠠᠯ᠎ᠠ ᠨᠤᠲᠤᠭ ᠤᠨ ᠮᠠᠯᠴᠢᠳ ᠤᠨ ᠳᠠᠭᠤᠯᠠᠯ︾᠂ ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾᠂ ︽ᠭᠦᠩᠱᠧ ᠶᠢᠨ ᠮᠠᠯᠴᠢᠨ︾ ᠂ ︽ᠪᠠᠶᠠᠨ ᠵᠤᠰᠠᠯᠠᠩ︾᠂ ︽ᠱᠠᠩᠬᠠᠶ ᠬᠢᠴᠡ ᠲᠠᠢ ᠪᠠᠨᠳᠤᠤᠲ᠋ᠢ︾ ᠵᠡᠷᠬᠡ ᠰᠤᠩᠭᠤᠳᠠᠭ ᠲᠠᠭᠤᠤ ᠨᠤᠭᠤᠳ ᠨᠢ ᠬᠦᠮᠦᠨ ᠤᠯᠠᠨ ᠤ ᠪᠠᠨ ᠰᠡᠳᠬᠢᠯ ᠳᠤ ᠮᠠᠷᠲᠠᠭᠳᠠᠭ᠎ᠠ ᠦᠬᠡᠢ᠃ ᠡᠨᠡ ᠦᠶ᠎ᠡ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠨᠢ ᠳᠠᠷᠢ ᠶᠢᠨ ᠤᠲᠤᠭ᠎ᠠ ᠲᠠᠶᠢᠨ ᠤ ᠭᠠᠯ ᠳᠣᠲᠣᠷᠠᠬᠢ ᠬᠠᠰᠬᠢᠷᠤᠯᠲᠠ᠂ ᠡᠷᠬᠡ ᠴᠢᠯᠥᠭᠡ ᠪᠠᠨ ᠣᠯᠤᠭᠰᠠᠨ ᠣᠮᠤᠭ ᠪᠠᠭ᠋ᠠᠳᠤᠯᠳᠤ ᠲᠠᠭᠤᠯᠠᠯ᠂ ᠵᠠᠯᠠᠭᠤ ᠨᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ᠂ ᠭᠠᠯ ᠬᠠᠯᠠᠭᠤᠨ ᠠᠮᠢᠳᠤᠷᠠᠯ ᠤᠨ ᠴᠢᠩ ᠦᠨᠡᠨᠴᠢ ᠬᠠᠶᠢᠷ᠎ᠠ ᠶᠢ ᠢᠯᠡᠷᠡᠬᠦᠯᠦᠭᠰᠡᠨ ᠪᠠᠶᠢᠨ᠎ᠠ᠃     ᠥᠭᠡᠷᠡᠴᠢᠯᠡᠯᠲᠡ ᠨᠡᠭᠡᠭᠡᠯᠲᠡ ᠶᠢᠨ ᠠᠩᠬᠠᠨ ᠤ ᠦᠶ᠎ᠠ ᠶᠢᠨ ᠬᠤᠷᠢᠨ ᠵᠢᠯ᠃ ᠡᠨᠡ ᠬᠤᠭᠤᠴᠠᠭᠠᠨ ᠳᠤ᠂ ᠥᠭᠡᠷᠡᠴᠢᠯᠡᠯᠲᠡ ᠨᠡᠭᠡᠭᠡᠯᠲᠡ ᠶᠢᠨ ᠤᠷᠢᠬᠠᠨ ᠰᠠᠯᠬᠢ ᠥᠭᠭᠢᠶᠡᠮᠦᠷ ᠬᠤᠷ᠎ᠠ ᠨᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ ᠶᠢ ᠴᠣ᠋ ᠰᠢᠨ᠎ᠠ ᠱᠠᠲᠤᠨ ᠳᠤ ᠣᠷᠣᠭᠤᠯᠪᠠ᠃ ᠡᠨᠡ ᠦᠶ᠎ᠡ ᠶᠢᠨ ᠲᠥᠯᠥᠭᠡᠯᠡᠬᠦ ᠪᠦᠲᠦᠭᠡᠯ ᠤᠳ ᠬᠡᠪᠡᠯ᠂ ︽ᠦᠵᠡᠰᠬᠦᠯᠡᠩᠲᠦ ᠰᠠᠶᠢᠬᠠᠨ ᠮᠢᠨᠦ ᠨᠤᠲᠤᠭ︾᠂ ︽ᠲᠠᠯ᠎ᠠ ᠨᠤᠲᠤᠭ ᠤᠨ ᠬᠠᠶᠢᠷ᠎ᠠ︾᠂ ︽ᠬᠥᠯᠥᠨ ᠪᠤᠶᠢᠷ ᠰᠠᠶᠢᠬᠠᠨ︾᠂ ︽ᠰᠢᠯᠢ ᠶᠢᠨ ᠭᠤᠤᠯ︾᠂ ︽ᠰᠢᠨᠡᠬᠡᠨ ᠭᠤᠤᠯ︾᠂ ︽ᠮᠠᠯᠴᠢᠳ ᠤᠨ ᠪᠠᠶᠠᠰᠤᠯ ︾᠂ ︽ᠠᠷᠰᠯᠠᠨ ᠤ ᠨᠢᠳᠦ︾᠂ ︽ᠤᠭᠠᠯᠵᠠᠨ ᠭᠡ ᠲᠠᠢ ᠡᠮᠡᠭᠡᠯ︾᠂ ︽ᠲᠠᠯ᠎ᠠ ᠶᠢᠨ ᠰᠠᠶᠢᠬᠠᠨ ᠳᠣᠮᠤᠭ︾᠂ ︽ᠥᠩᠭᠡᠲᠦ ᠰᠣᠯᠣᠩᠭ᠎ᠠ︾᠂ ︽ᠲᠠᠯ᠎ᠠ ᠨᠤᠲᠤᠭ ᠤᠨ ᠵᠣᠴᠢᠨ ᠤᠭᠲᠤᠬᠤ ᠳᠠᠭᠤᠤ︾᠂ ︽ᠰᠡᠷᠮᠡᠬᠦᠨ ᠬᠠᠩᠭᠠᠶ︾᠂ ︽ᠮᠡᠯᠴᠢᠨ ᠬᠦᠮᠦᠨ︾ ᠵᠡᠷᠬᠡ ᠤᠯᠠᠨ ᠤᠯᠠᠨ ᠰᠢᠯᠢᠳᠡᠭ ᠲᠠᠭᠤᠤ ᠨᠤᠭᠤᠳ ᠤᠳᠤ ᠪᠤᠯᠳᠠᠯ᠎ᠠ ᠲᠠᠭᠤᠯᠠᠬᠳᠠᠭᠰᠠᠭᠠᠷ᠃ ᠡᠨᠡ ᠬᠤᠭᠤᠴᠠᠭᠠᠨ ᠤ ᠲᠠᠭᠤᠤ ᠶᠢᠨ ᠦᠬᠡ ᠵᠣᠬᠢᠶᠠᠬᠴᠢ ᠠᠴᠠ᠂ ᠡᠾᠦ᠋ᠸᠧ ᠬᠤᠸᠠ᠂ ᠶᠢᠨ ᠰᠢ ᠴᠧᠨ᠂ ᠵᠠᠩ ᡁᠢ ᠲᠤᠤ᠂ ᠨᠣᠮᠢᠨ᠂ ᠵᠠ᠊ · ᠲᠤᠭᠠᠷ᠂ ᠴᠧᠩ ᠵᠢᠶᠠᠨ ᠯᠢᠨ᠂ ᠺᠧ ᠪᠢᠩ᠂ ᠺᠠᠩ ᠶᠧ ᠸᠧᠶ ᠨᠡᠷ ᠢ ᠲᠤᠷᠠᠳᠬᠤ ᠦᠬᠡᠢ ᠪᠠᠶᠢᠵᠤ ᠪᠤᠯᠬᠤ ᠦᠬᠡᠢ᠃ ᠦᠨᠡᠨ ᠮᠦᠨ ᠤ ᠮᠦᠷᠳᠡᠯ ᠪᠤᠯ ᠡᠨᠡ ᠬᠦ ᠬᠤᠭᠤᠴᠠᠭᠠᠨ ᠤ ᠳᠠᠭᠤᠤ ᠶᠢᠨ ᠦᠭᠡ ᠶᠢᠨ ᠤᠷᠠᠯᠢᠭ ᠤᠨ ᠭᠤᠤᠯ ᠤᠨᠴᠠᠯᠢᠭ ᠬᠡᠯᠳᠡᠢ᠃ ᠬᠠᠮᠤᠭ ᠤᠨ ᠢᠯᠡ ᠲᠣᠳᠣ ᠰᠢᠨᠵᠢ ᠲᠡᠮᠳᠡᠭ ᠪᠣᠯ ︽ᠲᠤᠮᠤ ᠦᠪᠡᠷ ᠪᠢ ︾ ᠪᠠᠶᠢᠭᠰᠠᠨ ᠠᠴᠠ ᠪᠠᠨ ︽ᠵᠢᠵᠢᠭ ᠦᠪᠡᠷ ᠪᠢ︾ ᠪᠣᠯᠵᠤ ᠬᠤᠪᠢᠷᠠᠬᠰᠠᠨ ᠶᠠᠪᠤᠳᠠᠯ ᠪᠣᠯᠤᠨ᠎ᠠ᠂ ᠳᠠᠭᠤᠤ ᠶᠢᠨ ᠦᠬᠡ ᠶᠢᠨ ᠵᠣᠬᠢᠶᠠᠯᠴᠢ ᠬᠡᠰᠡᠨ ᠦᠬᠡᠢ᠂ ᠬᠦᠭᠵᠢᠮ ᠤᠨ ᠵᠤᠬᠢᠶᠠᠯᠴᠢ ᠬᠡᠰᠡᠨ ᠦᠬᠡᠢ ᠳᠣᠲᠣᠭᠠᠳᠤ ᠰᠡᠳᠬᠢᠯ ᠤᠨ ᠢᠯᠡᠷᠡᠬᠦᠯᠦᠯ ᠢ ᠴᠢᠬᠤᠯᠠᠴᠢᠯᠠᠵᠤ᠂ ᠮᠠᠭᠲᠠᠭᠠᠯ ᠮᠠᠶ᠋ᠢᠭ ᠤᠨ ᠲᠠᠩ ᠭᠠᠭᠴᠠ ᠵᠠᠭᠪᠤᠷ ᠠᠴᠠ ᠣᠯᠠᠨ ᠬᠠᠷᠠᠭᠠᠰᠤ ᠶᠢᠨ ᠰᠡᠳᠬᠢᠯᠭᠡ ᠶᠢᠨ ᠢᠯᠡᠷᠡᠬᠦᠯᠦᠯ ᠳᠤ ᠰᠢᠯᠵᠢᠪᠡ᠃ ᠬᠡᠢ ᠬᠤᠭᠤᠰᠣᠨ ᠠᠴᠠ ᠪᠠᠨ ᠦᠨᠡᠨ ᠪᠣᠳᠠᠲᠠᠢ᠂ ᠦᠩᠬᠡᠨ ᠲᠠᠯ᠎ᠠ ᠶᠢᠨ ᠬᠢ ᠠᠴᠠ ᠦᠨᠡᠨ ᠮᠦᠨ ᠤ ᠬᠦᠨᠵᠡᠬᠡᠢ ᠳᠤ ᠰᠢᠯᠵᠢᠵᠤ᠂ ᠬᠥᠮᠦᠨ ᠤ ᠰᠡᠳᠬᠢᠯ ᠢ ᠳᠣᠭᠳᠣᠯᠤᠭᠤᠯᠤᠭᠰᠠᠨ ᠨᠢᠬᠡ ᠪᠦᠯᠦᠭ ᠰᠤᠳᠤᠨ ᠰᠠᠶᠢᠬᠠᠨ ᠤᠷᠠᠯᠢᠭ ᠤᠨ ᠪᠦᠲᠦᠭᠡᠯ ᠮᠡᠨᠳᠦᠯᠡᠵᠡᠢ᠃     ᠰᠢᠨ᠎ᠡ ᠵᠠᠭᠤᠨ ᠠᠴᠠ ᠨᠠᠭᠠᠰᠢᠬᠢ ᠠᠷᠪᠠ ᠭᠠᠷᠤᠢ ᠵᠢᠯ᠃ ᠰᠢᠨ᠎ᠡ ᠵᠠᠭᠤᠨ ᠢᠶᠠᠷ ᠵᠠᠭᠠᠭ ᠪᠤᠯᠭᠠᠬᠰᠠᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠨᠢ ᠪᠡᠰᠡ ᠨᠢᠬᠡᠨ ᠴᠣ᠋ ᠰᠢᠨ᠎ᠡ ᠣᠷᠣᠨ ᠵᠠᠢ ᠳᠤ ᠲᠠᠪᠰᠢᠵᠠᠢ᠃ ᠡᠨᠡ ᠬᠦ ᠬᠤᠭᠤᠴᠠᠭᠠᠨ ᠤ ᠲᠥᠯᠥᠭᠡᠯᠡᠬᠦ ᠴᠢᠨᠠᠷᠲᠠᠢ ᠪᠦᠲᠦᠭᠡᠯ ᠠᠴᠠ ᠦᠬᠦᠯᠡᠪᠡᠯ᠂ ︽ᠬᠦᠬᠡ ᠮᠣᠩᠭᠤᠯ ᠤᠨ ᠥᠨᠳᠦᠷᠯᠢᠭ︾᠂ ︽ᠲᠠᠯ᠎ᠠ ᠨᠤᠲᠤᠭ ᠬᠠᠮᠢᠭ᠎ᠠ ᠪᠠᠶᠢᠬᠤ ᠪᠤᠢ︾᠂ ︽ᠬᠥᠯᠥᠨ ᠪᠤᠶᠢᠷ ᠤᠨ ᠲᠠᠯ᠎ᠠ ᠨᠤᠲᠤᠭ︾᠂ ︽ᠬᠠᠨ ᠲᠩᠷᠢ ᠠᠯᠠᠱᠠ︾᠂ ︽ᠠᠪᠤ ᠡᠵᠢ ᠶᠢᠨ ᠨᠤᠲᠤᠭ︾᠂ ︽ᠨᠠᠢᠮᠠᠨ ᠰᠢᠷᠭ᠎ᠠ ᠶᠢᠨ ᠮᠠᠭᠲᠠᠭᠠᠯ︾᠂ ︽ᠲᠩᠷᠢ ᠶᠢᠨ ᠬᠠᠶᠠᠭ᠎ᠠ︾᠂ ︽ᠰᠠᠷᠠᠨ ᠤ ᠲᠤᠤᠷ᠎ᠠ︾᠂ ︽ᠵᠢᠷᠦᠬᠡᠨ ᠤ ᠡᠷᠢᠯ︾᠂ ︽ᠴᠢᠮ᠎ᠠ ᠲᠠᠢ ᠬᠠᠮᠳᠤ ᠲᠠᠯ᠎ᠠ ᠨᠤᠳᠤᠭ ᠲᠤ ᠤᠴᠢᠶ᠎ᠠ︾᠂ ︽ᠲᠤᠮᠤᠭ︾᠂ ︽ᠡᠬᠦᠯᠡᠨ ᠨᠤᠳᠤᠭ︾᠂ ︽ᠴᠢᠨᠳᠠᠮᠤᠨᠢ ᠡᠷᠳᠡᠨᠢ︾᠂ ︽ᠲᠡᠭᠷᠢᠯᠢᠭ ᠵᠠᠶᠠᠭᠠᠨ ᠤ ᠬᠤᠷᠤᠢ︾᠂ ︽ᠰᠢᠯᠢ ᠶᠢᠨ ᠭᠤᠤᠯ ᠤᠨ ᠲᠠᠯ᠎ᠠ ᠨᠤᠳᠤᠭ ᠲᠤ︾ ᠵᠡᠷᠬᠡ ᠲᠣᠭᠠᠯᠠᠰᠢ ᠦᠭᠡᠢ ᠤᠯᠠᠨ ᠪᠤᠢ᠃ ᠡᠨᠡ ᠬᠤᠭᠤᠴᠠᠭᠠᠨ ᠤ ᠲᠥᠯᠥᠭᠡᠯᠡᠬᠦ ᠴᠢᠨᠠᠷᠲᠠᠶ ᠳᠠᠭᠤᠤ ᠶᠢᠨ ᠦᠬᠡ ᠶᠢᠨ ᠵᠣᠬᠢᠶᠠᠯᠴᠢ ᠪᠣᠯ᠂ ᠺᠧ ᠮᠢᠩ᠂ ᠦ᠊ · ᠨᠠᠴᠢᠨ᠂ ᠨᠠᠰᠤᠨ᠂ ᠼᠦᠢ ᠹᠦ᠋᠂ ᠰᠦᠨ ᠱᠧᠩ ᠾᠧ᠂ ᠯᠢᠶᠠᠨ ᠰᠢᠨ᠂ ᠶᠠᠩ ᠱᠦ ᠱᠠᠨ᠂ ᠯᠢᠨ ᠶᠠᠨ᠂ ᠶᠠᠩ ᠴᠦᠨ ᠱᠧᠩ᠂ ᠪᠠᠶ ᠯᠢ ᠫᠢᠩ ᠨᠡᠷ ᠪᠤᠶ᠃     ᠳᠠᠭᠤᠤ ᠬᠥᠭᠵᠢᠮ ᠤᠨ ᠲᠤᠬᠠᠢ ᠤᠨᠴᠠᠭᠠᠢ ᠤᠷ᠎ᠠ ᠠᠪᠢᠶᠠᠰ ᠪᠠ ᠪᠠᠶᠠᠯᠢᠭ ᠬᠤᠷᠠᠮᠳᠤᠭᠤᠯᠤᠯ ᠲᠠᠢ ᠺᠧ ᠮᠢᠩ ᠤᠨ ᠵᠤᠬᠢᠶᠠᠬᠰᠠᠨ ᠳᠠᠭᠤᠤ ᠶᠢᠨ ᠦᠭᠡ ᠶᠢᠨ ᠰᠣᠩᠭᠤᠯᠲᠠ ᠨᠢ ᠨᠠᠷᠢᠨ ᠣᠨᠣᠪᠴᠢᠲᠠᠶ᠂ ᠦᠭᠡ ᠬᠡᠯᠡ ᠤᠷᠠᠨ ᠰᠠᠶᠢᠬᠠᠨ᠂ ᠪᠦᠳᠦᠴᠡ ᠨᠢ ᠦᠪᠡᠷᠮᠢᠴᠡ ᠪᠠᠶᠢᠳᠠᠭ ᠢᠶᠠᠷ ᠢᠶᠠᠨ ᠤᠨᠴᠠᠯᠠᠬᠳᠠᠨ᠎ᠠ᠃ ᠦ᠊ · ᠨᠠᠴᠢᠨ ︽ᠬᠥᠬᠡ ᠮᠣᠩᠭᠤᠯ ᠤᠨ ᠥᠨᠳᠦᠷᠯᠢᠭ︾ ᠭᠡᠬᠦ ᠲᠠᠭᠤᠤ ᠶᠢᠨ ᠦᠬᠡ ᠪᠠᠷ ᠢᠶᠠᠨ ᠲᠠᠭᠤᠤ ᠬᠦᠭᠵᠢᠮ ᠤᠨ ᠲᠠᠪᠴᠠᠩ ᠳᠤ ᠦᠪᠡᠷ ᠤᠨ ᠬᠡᠬᠦ ᠣᠨᠴᠠᠭᠠᠶ ᠪᠠᠶᠢᠷᠢ ᠰᠠᠭᠤᠷᠢ ᠶᠢ ᠡᠵᠡᠯᠡᠵᠤ᠂ ᠡᠬᠡ ᠬᠡᠯᠡᠨ ᠤ ᠰᠡᠳᠬᠢᠬᠦᠶ ᠶᠢ ᠬᠢᠲᠠᠳ ᠦᠬᠡ ᠬᠡᠯᠡ ᠪᠠᠷ ᠢᠯᠡᠳᠬᠡᠵᠤ᠂ ᠪᠦᠲᠦᠭᠡᠯ ᠤᠳ ᠨᠢ ᠪᠠᠶᠢᠭᠠᠯᠢᠯᠢᠭ ᠥᠳᠬᠡᠨ ᠭᠠᠶᠢᠬᠠᠮᠰᠢᠭᠲᠤ ᠰᠢᠯᠦᠭᠯᠢᠭ ᠰᠢᠨᠵᠢ ᠲᠠᠢ᠃ ᠨᠠᠰᠤᠨ ᠤ ᠡᠬᠡ ᠬᠡᠯᠨ ᠪᠠᠷ ᠢᠶᠠᠨ ᠪᠢᠴᠢᠳᠡᠭ ᠳᠠᠭᠤᠤ ᠶᠢᠨ ᠦᠬᠡ ᠨᠢ ᠲᠤᠭ᠎ᠠ ᠬᠡᠮᠵᠢᠶ᠎ᠡ ᠵᠢᠴᠢ ᠴᠢᠨᠠᠷ ᠴᠢᠨᠰᠠᠭ᠎ᠠ ᠠᠯᠢ ᠨᠢ ᠴᠦ ᠴᠦᠮ ᠬᠥᠮᠦᠨ ᠢ ᠰᠣᠴᠢᠭᠠᠮ᠎ᠠ ᠠᠮᠵᠢᠯᠳᠠ ᠤᠯᠵᠤ᠂ ᠬᠠᠶᠢᠷ᠎ᠠ ᠰᠡᠳᠬᠢᠯᠬᠡ ᠶᠢᠨ ᠤᠷᠠᠨ ᠨᠠᠷᠢᠨ ᠢᠯᠡᠳᠬᠡᠯᠳᠡ ᠪᠠᠷ ᠲᠠᠪᠠᠮᠠᠭᠠᠢ ᠪᠦᠬᠡᠳ ᠠᠮᠢᠳᠤᠷᠠᠯ ᠤᠨ ᠥᠪᠡᠷᠮᠢᠴᠡ ᠬᠠᠷᠠᠭᠠᠰᠤ ᠶᠢ ᠢᠯᠡᠷᠡᠬᠦᠯᠵᠦ ᠪᠠᠶᠢᠳᠠᠭ᠃ ᠲᠠᠯ᠎ᠠ ᠨᠤᠳᠤᠭ ᠤᠨ ᠲᠠᠭᠤᠤ ᠶᠢᠨ ᠦᠬᠡ ᠶᠢᠨ ᠵᠤᠬᠢᠶᠠᠯᠴᠢ᠂ ᠲᠠᠯ᠎ᠠ ᠨᠤᠳᠤᠭ ᠤᠨ ᠬᠡᠰᠦᠬᠦᠯᠴᠢᠨ ᠬᠥᠪᠡᠭᠦᠨ ᠼᠦᠢ ᠹᠦ᠋ ᠢᠮᠠᠬᠳᠠ ᠴᠢᠩ ᠦᠨᠡᠨᠴᠢ ᠰᠡᠳᠬᠢᠯ ᠢᠶᠠᠷ ᠲᠠᠯ᠎ᠠ ᠨᠤᠳᠤᠭ ᠢᠶᠠᠨ ᠰᠠᠨᠠᠨ ᠮᠦᠷᠦᠬᠡᠳᠴᠤ᠂ ᠲᠠᠭᠤᠤ ᠬᠦᠭᠵᠢᠮ ᠤᠨ ᠲᠠᠪᠴᠠᠩ ᠳᠤ ᠨᠢᠬᠡᠨ ᠡᠳᠡᠭᠡᠳ ᠭᠤᠶᠢᠳᠠ ᠦᠵᠡᠮᠵᠢ ᠪᠣᠯᠤᠨ ᠰᠦᠨᠳᠡᠷᠯᠡᠵᠤ ᠪᠢᠯᠡ᠃     ᠰᠢᠨ᠎ᠡ ᠴᠠᠭ ᠦᠶ᠎ᠡ ᠠᠴᠠ ᠨᠠᠭᠠᠰᠢᠬᠢ ᠠᠷᠪᠠᠨ ᠵᠢᠯ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠴᠦ ᠨᠢᠭᠡᠨ ᠰᠢᠨ᠎ᠡ ᠴᠠᠭ ᠦᠶ᠎ᠡ ᠳᠤ ᠣᠷᠣᠪᠠ᠃ ︽ᠬᠠᠶᠢᠷ᠎ᠠ ᠶᠢᠨ ᠬᠠᠷᠡᠴᠡ︾᠂ ︽ᠨᠤᠲᠤᠭ ᠤᠨ ᠮᠢᠨᠢ ᠰᠦ ᠲᠠᠢ ᠴᠠᠢ︾᠂ ︽ᠮᠤᠨᠢ ᠠᠭᠤᠯᠠ︾᠂ ︽ᠪᠠᠭᠠᠲᠤᠷᠯᠢᠭ ᠪᠠᠷᠭᠤ︾᠂ ︽ᠴᠢᠮ᠎ᠠ ᠪᠠᠨ ᠦᠬᠡᠶᠢᠯᠡᠨ᠎ᠡ᠂ ᠬᠠᠶᠢᠷᠠᠲᠤ ᠮᠢᠨᠢ︾᠂ ︽ᠣᠨ ᠰᠠᠷ᠎ᠠ︾᠂ ︽ᠪᠠᠭᠠᠲᠤᠷ ᠡᠷ᠎ᠡ ᠮᠣᠷᠢᠨ ᠳᠤ ᠮᠣᠷᠳᠠᠭᠰᠠᠨ ᠭᠠᠵᠠᠷ︾ ᠵᠡᠷᠭᠡ ᠲᠠᠭᠤᠤ ᠦᠷᠬᠡᠨ ᠢᠶᠠᠷ ᠲᠠᠭᠤᠯᠠᠬᠳᠠᠨ ᠤᠯᠠᠮᠵᠢᠯᠠᠬᠳᠠᠵᠤ᠂ ᠬᠥᠮᠦᠰ ᠤᠨ ᠠᠩᠬᠠᠷᠤᠯ ᠢ ᠲᠠᠲᠠᠪᠠ᠃ ︽ᠤᠷᠭ᠎ᠠ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾᠂ ︽ᠲᠠᠯ᠎ᠠ ᠨᠤᠲᠤᠭ ᠠᠴᠠ ᠪᠡᠭᠡᠵᠢᠩ ᠢ ᠪᠠᠷᠠᠯᠠᠬᠤᠢ︾ ᠭᠡᠬᠦ ᠪᠦᠳᠦᠬᠡᠯ ᠤᠳ ᠨᠢ ᠤᠷᠠᠯᠢᠭ ᠤᠨ ᠲᠠᠶᠢᠰᠠᠨ ᠳᠡᠭᠡᠷ᠎ᠡ ᠬᠡᠰᠡᠨ ᠦᠬᠡᠢ᠂ ᠠᠭᠤᠳᠠᠮ ᠲᠠᠯᠠᠪᠠᠶ ᠳᠤ ᠬᠡᠰᠡᠨ ᠦᠬᠡᠢ ᠥᠷᠭᠡᠨ ᠢᠶᠠᠷ ᠲᠠᠭᠤᠯᠠᠬᠳᠠᠨ ᠳᠡᠯᠭᠡᠷᠡᠭᠰᠡᠨ ᠨᠢ ᠤᠷᠢᠳ ᠭᠠᠷᠤᠭ᠎ᠠ ᠦᠬᠡᠢ᠃ ᠡᠨᠡ ᠨᠢ ᠲᠠᠯ᠎ᠠ ᠨᠤᠲᠤᠭ ᠤᠨ ᠰᠣᠶᠣᠯ ᠤᠨ ᠭᠤᠤᠯᠯᠠᠬᠤ ᠣᠶᠢᠯᠠᠭᠠᠭᠳᠠᠬᠤᠨ ᠪᠣᠯᠤᠨ ᠦᠵᠡᠯ ᠰᠠᠨᠠᠭᠠᠨ ᠤ ᠬᠥᠭᠡᠭᠡᠴᠡᠯᠳᠦᠯ ᠤᠨ ᠠᠮᠵᠢᠯᠲᠠ ᠲᠠᠢ ᠲᠤᠷᠰᠢᠯᠭ᠎ᠠ ᠬᠡᠵᠤ ᠬᠡᠯᠡᠵᠤ ᠪᠤᠯᠤᠨ᠎ᠠ᠃ ᠡᠨᠡ ᠬᠦ ᠬᠤᠭᠤᠴᠠᠭᠠᠨ ᠤ ᠲᠥᠯᠥᠭᠡᠯᠡᠬᠦ ᠴᠢᠨᠠᠷᠲᠠᠶ ᠰᠢᠨ᠎ᠡ ᠨᠢᠭᠡ ᠦᠶ᠎ᠡ ᠶᠢᠨ ᠳᠠᠭᠤᠤ ᠶᠢᠨ ᠦᠬᠡ ᠶᠢᠨ ᠵᠣᠬᠢᠶᠠᠯᠴᠢ ᠳᠤ᠂ ᠴᠣᠭᠵᠢᠯᠲᠤ᠂ ᠴᠢᠶᠣᠤ ᠮᠢᠩ᠂ ᠰᠤᠷᠳᠠᠯᠲᠤ᠂ ᠨᠢ᠊ · ᠪᠠᠶᠠᠷ᠂ ᠭᠤᠤ ᠱᠠᠨ ᠨᠡᠷ ᠢ ᠲᠤᠷᠠᠳᠬᠤ ᠦᠬᠡᠢ ᠪᠠᠶᠢᠵᠤ ᠦᠯᠦ ᠪᠣᠯᠤᠨ᠎ᠠ᠃     ᠲᠡᠭᠡᠷ᠎ᠡ ᠵᠠᠭᠤᠨ ᠤ ᠳᠥᠴᠢ ᠲᠠᠪᠢᠭᠠᠳ ᠣᠨ ᠤ ᠦᠶ᠎ᠡ ᠶᠢᠨ ᠭᠠᠯ ᠬᠠᠯᠠᠭᠤᠨ ᠰᠡᠳᠬᠢᠯᠭᠡ᠂ ᠵᠢᠷᠠᠭᠠᠳ ᠣᠨ ᠤ ᠴᠠᠶᠢᠪᠠᠭᠠᠷ ᠴᠤᠯᠭᠤᠢ᠂ ᠨᠠᠶᠠ ᠶᠡᠷᠡᠭᠡᠳ ᠣᠨ ᠤ ᠦᠶ᠎ᠡ ᠶᠢᠨ ᠡᠴᠢᠨ᠎ᠠ ᠭᠦᠨ᠂ ᠬᠤᠷᠢᠨ ᠨᠢᠭᠡᠳᠦᠭᠡᠷ ᠵᠠᠭᠤᠨ ᠤ ᠭᠢᠯᠪᠠᠭᠠᠳᠤ ᠦᠩᠬᠡᠷᠡᠯᠳᠡ ᠯᠦᠭᠡ ᠬᠠᠷᠢᠴᠠᠭᠤᠯᠪᠠᠯ᠂ ᠰᠢᠨ᠎ᠡ ᠴᠠᠭ ᠦᠶ᠎ᠡ ᠠᠴᠠ ᠨᠠᠭᠠᠰᠢ ᠦᠪᠦᠷ ᠮᠤᠩᠭᠤᠯ ᠤᠨ ᠲᠠᠭᠤᠤ ᠬᠦᠭᠵᠢᠮ ᠤᠨ ᠬᠦᠭᠵᠢᠯᠳᠠ ᠳᠤ ᠢᠯᠡᠷᠡᠭᠰᠡᠨ ᠤᠨᠴᠠᠯᠢᠭ ᠬᠡᠪᠡᠯ᠂ ︽ᠪᠤᠴᠠᠯᠳᠠ︾ ᠪᠤᠯᠤᠨ᠎ᠠ᠃     ᠶᠡᠷᠦᠩᠬᠡᠶ ᠱᠦᠵᠢ ᠶᠢᠨ ᠴᠢᠬᠤᠯᠠᠴᠢᠯᠠᠭᠰᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠣᠯᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠨᠢ ᠤᠷᠠᠯᠢᠭᠴᠢᠳ ᠤᠨ ᠰᠡᠳᠬᠢᠯ ᠳᠤ ᠲᠠᠰᠤᠷᠠᠯᠲᠠ ᠥᠬᠡᠶ ᠰᠠᠭᠤᠭᠳᠠᠵᠤ᠂ ᠰᠢᠷᠭᠠᠭᠠᠬᠳᠠᠵᠤ᠂ ᠤᠷᠬᠢᠯᠤᠬᠰᠠᠨ ᠪᠠᠶᠢᠨ᠎ᠠ᠃ ᠲᠡᠰᠪᠦᠷᠢ ᠲᠠᠪᠴᠢᠶᠡᠷᠢ ᠲᠠᠢ᠂ ᠦᠨᠡᠨᠴᠢ ᠰᠢᠳᠤᠷᠭᠤ ᠮᠣᠩᠭᠤᠯ ᠮᠣᠷᠢᠨ ᠤ ᠵᠣᠷᠢᠭ ᠰᠠᠨᠠᠭ᠎ᠠ ᠰᠢᠨ᠎ᠡ ᠴᠠᠭ ᠦᠶ᠎ᠡ ᠳᠤ ᠳᠠᠬᠢᠨᠳᠡ ᠰᠡᠷᠬᠦᠨ ᠪᠠᠳᠠᠷᠠᠵᠤ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠳᠠᠬᠢᠨᠲᠠ ᠬᠡᠷᠡᠯ ᠬᠢᠯᠪᠠᠭ᠎ᠠ ᠪᠠᠨ ᠰᠠᠴᠤᠷᠠᠭᠤᠯᠤᠨ᠎ᠠ ᠁ ᠡᠳᠡᠭᠡᠷ ᠣᠶᠢᠯᠠᠭᠠᠭᠳᠠᠬᠤᠨ ᠨᠢ ᠴᠥᠮ ᠳᠠᠭᠤᠤ ᠶᠢᠨ ᠦᠭᠡ ᠶᠢᠨ ᠵᠣᠬᠢᠶᠠᠨ ᠪᠦᠳᠦᠬᠡᠯᠬᠡ ᠳᠤᠮᠳᠠ ᠢᠯᠡᠷᠡᠭᠰᠡᠨ ᠪᠠᠶᠢᠨ᠎ᠠ᠃     ᠴᠠᠭ ᠣᠷᠣᠨ ᠵᠠᠶ ᠠᠯᠤᠰᠯᠠᠭᠰᠠᠨ ᠤᠷᠠᠯᠢᠭ ᠤᠨ ᠲᠣᠯᠢ     ᠠᠳᠠᠯᠢ ᠪᠤᠰᠤ ᠲᠡᠤᠬᠡᠨ ᠱᠠᠲᠤ ᠦᠶ᠎ᠡ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠵᠣᠬᠢᠶᠠᠨ ᠪᠦᠲᠦᠭᠡᠯᠬᠡ ᠨᠢ ᠲᠤᠬᠠᠢ ᠶᠢᠨ ᠴᠠᠭ ᠦᠶ᠎ᠡ ᠳᠤ ᠪᠦᠲᠦᠮᠵᠢᠲᠡᠶ ᠤᠷᠠᠯᠢᠭ ᠤᠨ ᠲᠤᠷᠰᠢᠯᠭ᠎ᠠ ᠶᠢ ᠬᠠᠩᠭᠠᠬᠰᠠᠨ ᠶᠤᠮ᠂ ᠡᠨᠡ ᠪᠣᠯ ᠬᠡᠳᠦᠨ ᠦᠶ᠎ᠡ ᠶᠢᠨ ᠲᠠᠯ᠎ᠠ ᠨᠤᠲᠤᠭ ᠤᠨ ᠲᠠᠭᠤᠤ ᠶᠢᠨ ᠦᠬᠡ ᠶᠢᠨ ᠵᠣᠬᠢᠶᠠᠯᠴᠢ ᠠᠴᠠ ᠲᠠᠯ᠎ᠠ ᠨᠤᠳᠤᠭ ᠲᠤ ᠡᠷᠭᠦᠭᠰᠡᠨ ᠡᠷᠬᠢᠮ ᠨᠠᠨᠳᠢᠨ ᠥᠪ ᠬᠥᠷᠥᠩᠭᠡ ᠬᠡᠯᠳᠡᠢ᠃     ᠠᠷᠠᠳ ᠲᠦᠮᠡᠨ ᠯᠦᠭᠡ ᠠᠮᠢᠰᠬᠤᠭ᠎ᠠ ᠪᠠᠨ ᠨᠢᠭᠡᠳᠬᠡᠨ ᠡᠬᠡ ᠣᠷᠣᠨ ᠯᠤᠭ᠎ᠠ ᠪᠠᠨ ᠬᠤᠪᠢ ᠵᠠᠶᠠᠭ᠎ᠠ ᠪᠠᠨ ᠬᠠᠮᠲᠤᠳᠬᠠᠪᠠᠢ᠃ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠤ ᠦᠶ᠎ᠡ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠲᠡᠦᠬᠡᠲᠦ ᠴᠢᠨᠠᠷᠲᠠᠢ ᠬᠤᠪᠢ ᠨᠡᠮᠡᠷᠢ ᠬᠡᠪᠡᠯ᠂ ᠠᠷᠠᠳ ᠤᠯᠠᠨ ᠢ ᠳᠠᠭᠤᠳᠠᠨ ᠰᠡᠷᠢᠭᠡᠵᠦ᠂ ᠥᠷ ᠤᠨ ᠲᠤᠶᠠᠭ᠎ᠠ ᠶᠢ ᠤᠬᠳᠤᠨ᠂ ᠠᠮᠢᠳᠤᠷᠠᠯ ᠳᠤ ᠣᠷᠣᠯᠴᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠠᠭᠤᠯᠠᠨ ᠪᠠᠶᠠᠰᠪᠠ᠃ ᠨᠠ᠊ · ᠰᠠᠶᠢᠨᠴᠤᠬᠳᠤ ᠶᠢᠨ ᠴᠢᠩ ᠦᠨᠡᠨᠴᠢ ᠪᠠ ᠪᠣᠷᠣᠭᠵᠢᠭᠤᠨ᠂ ᠮᠠᠯᠴᠢᠨᠬᠦᠦ ᠶᠢᠨ ᠣᠮᠤᠭ ᠪᠠᠭ᠋ᠠᠳᠤᠯ᠂ ᠠ᠊ · ᠤᠳᠽᠠᠷ ᠤᠨ ᠠᠭᠤᠳᠠᠮᠴᠢ ᠬᠦᠨ᠂ ᠪ᠊ · ᠪᠦᠷᠢᠨᠪᠠᠬᠢ ᠶᠢᠨ ᠠᠮᠢᠳᠤᠯᠢᠭ ᠤᠷᠠᠨ ᠨᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠠᠭᠤᠯᠠ ᠶᠢ ᠴᠤᠬᠴᠠᠯᠠᠬᠰᠠᠨ ᠭᠤᠶᠢᠳᠠ ᠦᠵᠡᠮᠵᠢ ᠶᠢ ᠪᠦᠷᠢᠯᠳᠦᠭᠦᠯᠵᠡᠶ᠃     ︽ᠪᠠᠭᠠᠲᠤᠷᠯᠢᠭ ᠡᠬᠡ ᠤᠯᠤᠰ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ᠂ ᠶᠠᠭ ᠯᠠ ᠮᠠᠨᠳᠤᠬᠤ ᠨᠡᠷᠡᠨ ᠤ ᠭᠡᠷᠡᠯ ᠰᠠᠴᠤᠷᠠᠭᠰᠠᠨ ᠮᠡᠲᠦ︾ ᠁᠃ ︽ᠮᠠᠭᠲᠠᠭᠠᠯ ᠳᠠᠭᠤᠤ︾ ᠶᠢᠨ ᠤᠮᠤᠭ ᠪᠠᠭ᠋ᠠᠳᠤᠯᠳᠤ ᠰᠡᠳᠬᠢᠯᠭᠡ᠂ ᠠᠬᠤᠶ ᠲᠠᠯᠠᠪᠠᠢ ᠶᠢᠨ ᠲᠦᠷᠦᠭᠳᠡᠯ᠂ ᠵᠤᠷᠢᠬᠳᠡᠢ ᠵᠦᠢᠷᠯᠡᠯ ᠵᠢᠴᠢ ᠰᠦᠷ ᠵᠢᠪᠬᠤᠯᠠᠩᠳᠤ ᠪᠠᠶᠢᠳᠠᠯ ᠨᠢ ᠬᠥᠮᠦᠰ ᠢ ᠲᠤᠬᠳᠤᠯᠤᠭᠤᠯᠬᠤ ᠦᠬᠡᠢ ᠪᠠᠶᠢᠬᠤ ᠶᠢᠨ ᠠᠷᠭ᠎ᠠ ᠦᠬᠡᠢ᠃ ︽ᠪᠢᠳᠡ ᠵᠡᠷᠯᠢᠭ ᠴᠢᠨ᠋ᠸ᠎ᠠ ᠶᠢ ᠠᠯᠠᠭᠰᠠᠨ ᠨᠢ ᠦᠬᠡᠷ ᠬᠤᠨᠢ ᠪᠠᠨ ᠬᠠᠮᠠᠭᠠᠯᠠᠬᠤ ᠶᠢᠨ ᠲᠦᠯᠦᠬᠡ᠂ ᠪᠢᠳᠡ ᠳᠠᠶᠢᠰᠤᠨ ᠢ ᠬᠥᠭᠡᠭᠡᠵᠦ ᠶᠠᠪᠤᠭᠤᠯᠤᠭᠰᠠᠨ ᠨᠢ ᠡᠷᠬᠡ ᠴᠢᠯᠥᠭᠡ ᠪᠠᠨ ᠤᠯᠬᠤ ᠶᠢᠨ ᠲᠥᠯᠥᠭᠡ ᠶᠤᠮ︾ ᠁ ︽ᠲᠠᠯ᠎ᠠ ᠨᠤᠲᠤᠭ ᠤᠨ ᠮᠠᠯᠴᠢᠳ ᠤᠨ ᠳᠠᠭᠤᠯᠠᠯ︾ ᠬᠡᠬᠦ ᠲᠠᠭᠤᠤ ᠶᠢᠨ ᠦᠬᠡ ᠳᠤ ᠮᠣᠩᠭᠤᠯ ᠦᠨᠳᠦᠰᠦᠲᠡᠨ ᠤ ᠵᠦᠢᠷ ᠰᠡᠴᠡᠨ ᠦᠭᠡ ᠶᠢ ᠣᠷᠣᠭᠤᠯᠵᠤ᠂ ᠲᠠᠯ᠎ᠠ ᠨᠤᠲᠤᠭ ᠤᠨ ᠰᠠᠶᠢᠨ ᠰᠠᠶᠢᠬᠠᠨ ᠠᠮᠢᠳᠤᠷᠠᠯ ᠪᠣᠯᠤᠨ ᠵᠣᠯ ᠵᠢᠷᠭᠠᠯᠳᠤ ᠢᠷᠡᠭᠡᠳᠦᠶ ᠶᠢᠨ ᠲᠤᠬᠠᠢ ᠬᠦᠰᠡᠯ ᠬᠥᠭᠡᠭᠡᠴᠡᠯᠳᠦᠯ ᠢ ᠠᠮᠢᠳᠤᠯᠢᠭ ᠢᠶᠠᠷ ᠬᠠᠷᠠᠭᠤᠯᠤᠬᠰᠠᠨ ᠪᠠᠶᠢᠨ᠎ᠠ᠃ ᠨᠠ᠊ · ᠰᠠᠶᠢᠨᠴᠣᠭᠲᠤ ᠭᠤᠸᠠᠢ ︽ᠲᠠᠯ᠎ᠠ ᠨᠤᠲᠤᠭ ᠲᠤ ᠮᠥᠩᠬᠡ ᠶᠢᠨ ᠨᠠᠷᠠᠠ ᠮᠠᠨᠳᠤᠯ᠎ᠠ︾᠂ ︽ᠤᠯᠤᠰ ᠤᠨ ᠳᠠᠭᠤᠤ︾᠂ ︽ᠢᠨᠲ᠋ᠧᠷᠨᠠᠼᠢᠣᠨᠠᠯ ᠤᠨ ᠳᠠᠭᠤᠤ︾ ᠵᠡᠷᠭᠡ ᠶᠡᠭᠡ ᠬᠡᠮᠵᠢᠶᠡᠨ ᠤ ᠳᠠᠭᠤᠤ ᠶᠢ ᠣᠷᠴᠢᠭᠤᠯᠬᠤ ᠠᠵᠢᠯ ᠳᠤ ᠣᠷᠣᠯᠴᠠᠵᠤ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠬᠥᠭᠵᠢᠯᠲᠡ ᠳᠤ ᠬᠡᠮᠵᠢᠶᠡᠯᠡᠰᠢ ᠦᠭᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃     ᠰᠠᠭᠤᠷᠢ ᠶᠢ ᠴᠤᠬᠴᠠᠯᠠᠬᠴᠢᠳ ᠤᠨ ᠤᠷᠠᠯᠢᠭ ᠤᠨ ᠦᠢᠯᠡᠳᠦᠯᠭᠡ ᠶᠢᠨ ᠪᠢᠳᠡᠨ ᠳᠤ ᠥᠭᠭᠦᠭᠰᠡᠨ ᠰᠡᠩᠬᠡᠷᠡᠭᠦᠯᠦᠯ ᠬᠡᠪᠡᠯ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠨᠢ ᠡᠬᠡ ᠤᠯᠤᠰ ᠤᠨ ᠮᠠᠨᠳᠤᠯ ᠬᠦᠭᠵᠢᠯ ᠯᠦᠭᠡ ᠴᠢᠰᠤ ᠮᠢᠬᠠᠨ ᠤ ᠪᠠᠷᠢᠯᠳᠤᠯᠭ᠎ᠠ ᠲᠠᠢ ᠪᠠᠶᠢᠵᠤ᠂ ᠠᠷᠠᠳ ᠲᠦᠮᠡᠨ ᠯᠦᠭᠡ ᠰᠡᠳᠬᠢᠯ ᠰᠠᠨᠠᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠳᠠᠭ᠃     ᠴᠡᠪᠡᠷ ᠴᠠᠶᠢᠯᠭᠠᠨ ᠪᠠ ᠴᠢᠩ ᠦᠨᠡᠨᠴᠢ ᠬᠦᠰᠡᠯ ᠡᠷᠡᠮᠡᠯᠵᠡᠯ ᠤᠨ ᠳᠣᠲᠣᠭᠠᠳᠤ ᠰᠡᠳᠬᠢᠯ ᠤᠨ ᠢᠯᠡᠳᠬᠡᠯᠲᠡ᠃ ᠥᠭᠡᠷᠡᠴᠢᠯᠡᠯᠲᠡ ᠨᠡᠭᠡᠭᠡᠯᠲᠡ ᠨᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠢ ᠬᠡᠪᠰᠢᠮᠡᠯ ᠦᠬᠦᠮᠡᠯ ᠰᠡᠳᠬᠢᠬᠦᠶ ᠶᠢᠨ ᠵᠠᠭᠪᠤᠷ ᠠᠴᠠ ᠮᠤᠯᠳᠤᠷᠠᠭᠤᠯᠵᠤ᠂ ᠠᠮᠢᠳᠤᠯᠢᠭ ᠪᠤᠳᠠᠳᠠᠢ ᠥᠪᠡᠷ ᠪᠢ᠂ ᠥᠪᠡᠷᠮᠢᠴᠡ ᠪᠤᠳᠠᠭᠠᠯᠢᠴᠢᠯᠠᠬᠰᠠᠨ ᠬᠡᠯᠪᠡᠷᠢ ᠪᠠᠷ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢ ᠪᠡᠶᠡᠯᠡᠬᠦᠯᠵᠡᠢ᠃ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠨᠢ ᠴᠠᠭ ᠦᠶ᠎ᠡ ᠶᠢ ᠬᠥᠲᠥᠯᠥᠨ ᠳᠠᠭᠠᠭᠤᠯᠤᠬᠰᠠᠨ ᠲᠡᠳᠦᠢ ᠦᠬᠡᠢ ᠪᠠᠰᠠ ᠴᠠᠭ ᠦᠶ᠎ᠡ ᠶᠢ ᠨᠢᠬᠳᠠ ᠮᠦᠷᠳᠡᠨ ᠳᠠᠭᠠᠵᠤ᠂ ᠳᠡᠯᠪᠡᠷᠡᠯᠲᠡ ᠶᠢᠨ ᠮᠠᠶ᠋ᠢᠭ ᠢᠶᠠᠷ ᠬᠦᠭᠵᠢᠵᠤ᠂ ᠳᠣᠯᠭᠢᠶᠠᠯᠠᠨ ᠳᠠᠪᠠᠯᠭᠠᠯᠠᠬᠤ ᠲᠦᠯᠬᠢᠭᠡᠨ ᠤ ᠦᠢᠯᠡᠴᠢᠯᠡᠯ ᠢ ᠠᠪᠴᠢᠷᠠᠬᠰᠠᠨ ᠪᠠᠶᠢᠨ᠎ᠠ᠃ ᠡᠨᠡ ᠬᠦ ᠴᠠᠭ ᠦᠶ᠎ᠡ ᠶᠢᠨ ᠲᠠᠭᠤᠤ ᠬᠦᠭᠵᠢᠮ ᠤᠨ ᠤᠷᠠᠨ ᠵᠤᠬᠢᠶᠠᠯ ᠤᠨ ᠬᠦᠭᠵᠢᠯᠳᠠ ᠶᠢᠨ ᠪᠢᠳᠡᠨ ᠳᠤ ᠥᠭᠭᠦᠭᠰᠡᠨ ᠰᠡᠩᠬᠡᠷᠡᠭᠦᠯᠦᠯ ᠭᠡᠪᠡᠯ᠄ ᠤᠷᠠᠯᠢᠭ ᠪᠤᠯ ᠴᠠᠭ ᠦᠶ᠎ᠠ ᠶᠢᠨ ᠤᠷᠤᠰᠬᠠᠯ ᠳᠤ ᠤᠷᠤᠯᠴᠠᠬᠴᠢ ᠮᠦᠷᠳᠡᠬᠡᠨ ᠨᠡᠩ ᠢᠯᠠᠩᠭᠤᠶ᠎ᠠ ᠲᠡᠦᠬᠡ ᠶᠢᠨ ᠠᠬᠢᠭᠤᠯᠤᠭᠴᠢ ᠪᠠᠶᠢᠬᠤ ᠶᠣᠰᠣᠲᠠᠢ᠃ ᠤᠷᠠᠯᠢᠭᠴᠢᠳ ᠴᠠᠭ ᠦᠶ᠎ᠠ ᠶᠢᠨ ᠳᠣᠯᠭᠢᠶᠠᠨ ᠳᠠᠪᠠᠯᠭᠠᠨ ᠤ ᠳᠤᠮᠳᠠ ᠥᠪᠡᠷ ᠤᠨ ᠬᠡᠬᠦ ᠤᠷᠤᠨ ᠪᠠᠶᠢᠷᠢ ᠪᠠᠨ ᠣᠯᠵᠤ ᠠᠪᠤᠪᠠᠯ ᠵᠣᠬᠢᠨ᠎ᠠ᠂ ᠢᠩᠬᠢᠪᠠᠯ ᠰᠠᠶ᠋ᠢ ᠲᠡᠭᠦᠨ ᠤ ᠲᠠᠲᠠᠬᠤ ᠬᠦᠴᠦᠨ ᠪᠠ ᠦᠪᠡᠷ ᠤᠨ ᠥᠷᠲᠡᠭ ᠢᠶᠠᠨ ᠭᠦᠢᠴᠡᠳ ᠢᠯᠡᠷᠡᠭᠦᠯᠵᠦ ᠴᠢᠳᠠᠨ᠎ᠠ᠃     ᠰᠣᠶᠣᠯ ᠤᠨ ᠬᠦᠷᠦᠰᠦᠨ᠎ᠠ ᠬᠦᠨ ᠦᠨᠳᠦᠰᠦᠯᠡᠭᠰᠡᠨ ᠴᠢᠩ ᠦᠨᠡᠨ ᠰᠡᠳᠬᠢᠯ ᠤᠨ ᠢᠯᠡᠳᠬᠡᠯᠲᠡ᠃ ᠰᠢᠨ᠎ᠡ ᠵᠠᠭᠤᠨ ᠠᠴᠠ ᠨᠠᠭᠠᠰᠢ᠂ ᠳᠡᠯᠡᠬᠡᠶᠢᠵᠢᠯᠲᠡ ᠶᠢᠨ ᠤᠷᠤᠰᠬᠠᠯ ᠳᠣᠣᠷ᠎ᠠ᠂ ᠰᠣᠶᠣᠯ ᠤᠨ ᠤᠬᠠᠮᠰᠠᠷ ᠨᠢ ᠲᠠᠯ᠎ᠠ ᠨᠤᠲᠤᠭ ᠤᠨ ᠳᠠᠭᠤᠤ ᠶᠢᠨ ᠦᠭᠡ ᠶᠢᠨ ᠵᠣᠬᠢᠶᠠᠨ ᠪᠦᠲᠦᠭᠡᠯᠬᠡ ᠳᠤᠮᠳᠠ ᠠᠶᠠᠨᠳᠠᠭᠠᠨ ᠪᠡᠶᠡᠯᠡᠭᠳᠡᠪᠡ᠃ ᠡᠨᠡ ᠬᠦ ᠬᠤᠭᠤᠴᠠᠭᠠᠨ ᠤ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠬᠦᠭᠵᠢᠯᠳᠠ ᠨᠢ ᠥᠩᠭᠡ ᠪᠦᠷᠢ ᠶᠢᠨ ᠴᠡᠴᠡᠭ ᠮᠢᠷᠠᠯᠵᠠᠨ ᠲᠡᠯᠭᠡᠷᠡᠵᠦ᠂ ᠥᠪᠡᠷᠮᠢᠴᠡ ᠲᠠᠲᠠᠬᠤ ᠬᠦᠴᠦᠨ ᠲᠠᠢ ᠲᠠᠯ᠎ᠠ ᠨᠤᠲᠤᠭ ᠤᠨ ᠳᠠᠭᠤᠤ ᠬᠦᠭᠵᠢᠮ ᠨᠢ ᠡᠭᠡ ᠤᠯᠤᠰ ᠤᠨ ᠡᠮᠦᠨ᠎ᠡ ᠤᠮᠠᠷ᠎ᠠ ᠳᠤ ᠲᠠᠷᠬᠠᠨ ᠲᠡᠯᠬᠡᠷᠡᠵᠤ᠂ ᠳᠡᠯᠡᠬᠡᠢ ᠳ᠋ᠡᠬᠢᠨ᠎ᠠ ᠠᠯᠳᠠᠷ ᠮᠠᠨᠳᠤᠬᠰᠠᠨ ᠪᠠᠶᠢᠨ᠎ᠠ᠃ ᠡᠨᠡ ᠦᠶ᠎ᠡ ᠳᠤ᠂ ᠠᠳᠠᠯᠢ ᠪᠤᠰᠤ ᠴᠠᠭ ᠦᠶ᠎ᠡ ᠶᠢᠨ ᠢᠨᠠᠭ ᠬᠠᠶᠢᠷ᠎ᠠ ᠶᠢᠨ ᠲᠤᠬᠠᠢ ᠲᠠᠯ᠎ᠠ ᠨᠤᠲᠤᠭ ᠤᠨ ᠭᠤᠷᠪᠠᠨ ᠳᠠᠭᠤᠤ ᠦᠪᠡᠷ ᠤᠨ ᠡᠷᠬᠡ ᠦᠬᠡᠢ ᠪᠤᠳᠤᠬᠳᠠᠨ᠎ᠠ᠄ ︽ᠣᠪᠣᠭᠠᠨ ᠳᠠᠬᠢ ᠠᠭᠤᠯᠵᠠᠯᠲᠠ︾᠂ ︽ᠲᠩᠷᠢ ᠶᠢᠨ ᠬᠠᠶᠠᠭ᠎ᠠ︾ ᠪᠠ ︽ᠰᠠᠷᠠᠨ ᠤ ᠳᠣᠣᠷ᠎ᠠ︾᠃ ︽ᠣᠪᠣᠭᠠᠨ ᠳᠠᠬᠢ ᠠᠭᠤᠯᠵᠠᠯᠲᠠ︾ ᠨᠢ ᠪᠦᠬᠦᠯᠢ 70 ᠵᠢᠯ ᠲᠠᠭᠤᠯᠠᠬᠳᠠᠨ ᠤᠯᠠᠮᠵᠢᠯᠠᠭᠳᠠᠵᠤ᠂ 70 ᠬᠠᠪᠤᠷ ᠨᠠᠮᠤᠷ ᠢ ᠡᠯᠡᠬᠡᠬᠡᠳ ᠲᠤᠰ ᠲᠠᠭᠤᠤ ᠶᠢᠨ ᠲᠠᠲᠠᠬᠤ ᠬᠦᠴᠦᠨ ᠨᠢ ᠤᠬᠳᠤᠬᠠᠨ ᠴᠤ ᠪᠠᠭᠤᠷᠠᠭᠰᠠᠨ ᠦᠭᠡᠢ︕ ᠲᠠᠭᠤᠤ ︽ᠲᠩᠷᠢ ᠶᠢᠨ ᠬᠠᠶᠠᠭ᠎ᠠ︾ ᠵᠤᠬᠢᠶᠠᠬᠳᠠᠬᠰᠠᠨ ᠲᠠᠷᠦ᠋ᠢᠬᠠᠨ ᠬᠥᠮᠦᠰ ᠤᠨ ᠬᠠᠯᠠᠭᠤᠨ ᠬᠦᠷᠢᠶᠡᠯᠡᠯ ᠢ ᠤᠯᠵᠤ᠂ ᠦᠨᠦ ᠳᠡᠯᠡᠬᠡᠶ ᠳ᠋ᠠᠬᠢᠨ᠎ᠠ ᠲᠠᠭᠤᠯᠠᠬᠳᠠᠨ ᠳᠡᠯᠭᠡᠷᠡᠵᠦ᠂ ᠶᠡᠭᠡ ᠲᠡᠯᠡᠶ ᠶᠢᠨ ᠴᠢᠨᠠᠳᠤ ᠡᠷᠭᠢ ᠳᠤ ᠬᠦᠷᠲᠡᠯ᠎ᠡ ᠴᠥᠮ ᠲᠡᠭᠦᠨ ᠤ ᠠᠶᠠᠯᠭᠤ ᠪᠠᠷ ᠳᠣᠯᠭᠢᠶᠠᠯᠠᠨ ᠪᠠᠶᠢᠨ᠎ᠠ᠃ ︽ᠰᠠᠷᠠ ᠲᠠᠢ ᠰᠦᠨᠢ ᠶᠢᠨ ᠰᠡᠯᠡᠬᠦᠬᠡᠨ ᠳᠤ᠂ ᠰᠠᠶᠢᠬᠠᠨ ᠪᠠᠶᠢᠭᠠᠯᠢ ᠭᠠᠩᠭᠠᠩ ᠪᠠᠶᠢᠨ᠎ᠠ᠂ ᠰᠠᠯᠤᠭᠠᠳ ᠤᠳᠠᠬᠰᠨᠨ ᠠᠮᠠᠷᠠᠭ ᠴᠢᠮ᠎ᠠ ᠪᠠᠨ᠂ ᠰᠠᠨᠠᠨ ᠰᠠᠨᠠᠨ ᠲᠠᠭᠤᠯᠠᠭᠠᠳ ᠪᠠᠶᠢᠨ᠎ᠠ᠂ ᠠᠯᠤᠰ ᠤᠨ ᠠᠭᠤᠯᠠ ᠬᠠᠶᠢᠷᠠᠨ ᠨᠤᠭᠤᠳ ᠠᠯᠠᠭᠠᠨ ᠲᠡᠭᠡᠷ᠎ᠡ ᠮᠢᠨᠢ ᠪᠠᠶᠢᠭᠠᠰᠠᠢ᠂ ᠠᠯᠢᠶ᠎ᠠ ᠬᠤᠩᠭᠤᠷ ᠴᠢ ᠮᠢᠨᠢ ᠬᠠᠵᠠᠭᠤ ᠳᠤ ᠮᠢᠨᠢ ᠪᠠᠶᠢᠭᠠᠰᠠᠢ ᠁︾᠃ ᠭᠠᠩᠭᠠᠩ ᠪᠠᠶᠢᠭᠠᠯᠢ᠂ ᠴᠠᠶᠢᠯᠭᠠᠨ ᠬᠠᠶᠢᠷ᠎ᠠ ᠠᠴᠠ ᠤᠨᠳᠤᠷᠤᠬᠰᠠᠨ ᠡᠨᠡ ᠰᠠᠶᠢᠬᠠᠨ ᠲᠠᠭᠤᠤ ︽ᠰᠠᠷᠠᠨ ᠤ ᠳᠣᠣᠷ᠎ᠠ︾ ᠨᠢ ᠡᠮᠦᠨᠡᠬᠢ ᠬᠤᠶᠠᠷ ᠳᠠᠭᠤᠤ ᠲᠠᠢ ᠠᠳᠠᠯᠢ ᠪᠠᠷ ᠵᠤᠬᠢᠶᠠᠬᠳᠠᠬᠰᠠᠨ ᠴᠠᠭ ᠠᠴᠠ ᠪᠠᠨ ᠠᠪᠤᠭᠠᠳ ᠤᠳᠤ ᠪᠤᠯᠳᠠᠯ᠎ᠠ ᠳᠡᠯᠡᠬᠡᠢ ᠶᠢᠨ ᠰᠤᠨᠤᠷ ᠢ ᠪᠠᠶᠠᠰᠬᠠᠨᠠᠮ︕     ᠥᠨᠳᠥᠷ ᠲᠤ ᠵᠣᠭᠰᠣᠨ ᠠᠯᠤᠰ ᠢ ᠪᠠᠷᠠᠯᠠᠬᠤᠢ     ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠲᠡᠦᠬᠡ ᠪᠠ ᠣᠳᠣᠬᠢ ᠪᠠᠶᠢᠳᠠᠯ ᠨᠢ ᠲᠡᠭᠦᠨ ᠤ ᠬᠢᠵᠠᠭᠠᠯᠠᠰᠢ ᠦᠭᠡᠢ ᠰᠠᠷᠠᠭᠤᠯ ᠰᠠᠶᠢᠬᠠᠨ ᠢᠷᠡᠭᠡᠳᠦᠢ ᠶᠢ ᠲᠣᠭᠲᠠᠭᠠᠵᠤ ᠪᠠᠶᠢᠳᠠᠭ᠃ ᠡᠶᠢᠮᠦ ᠠᠴᠠ ᠪᠢᠳᠡ ᠦᠩᠬᠡᠷᠡᠭᠰᠡᠨ ᠢᠶᠠᠨ ᠡᠷᠬᠢᠴᠡᠬᠦᠯᠬᠦ ᠪᠠ ᠤᠳᠤᠬᠢ ᠪᠠᠨ ᠮᠠᠭᠠᠳᠯᠠᠨ ᠵᠠᠳᠠᠯᠬᠤ ᠬᠡᠷᠡᠭᠳᠡᠢ᠃     ᠵᠣᠬᠢᠶᠠᠨ ᠪᠦᠲᠦᠭᠡᠯᠭᠡ ᠶᠢᠨ ᠪᠣᠭᠤᠮᠢ ᠪᠠ ᠲᠥᠪᠡᠭᠳᠡᠯ᠃ ᠡᠮᠦᠨ᠎ᠡ ᠬᠡᠳᠦᠨ ᠱᠠᠲᠤ ᠦᠶ᠎ᠠ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠥᠨᠳᠥᠷ ᠲᠦᠢᠪᠰᠢᠨ ᠯᠦᠭᠡ ᠬᠠᠷᠢᠴᠠᠭᠤᠯᠪᠠᠯ᠂ ᠤᠢᠢᠷ᠎ᠠ ᠶᠢᠨ ᠠᠷᠪᠠᠨ ᠵᠢᠯ ᠤᠨ ᠲᠠᠯ᠎ᠠ ᠨᠤᠳᠤᠭ ᠤᠨ ᠳᠠᠭᠤᠤ ᠶᠢᠨ ᠦᠭᠡ ᠨᠢ ᠴᠠᠭ ᠦᠶ᠎ᠡ ᠲᠠᠢ ᠵᠣᠬᠢᠴᠠᠭᠰᠠᠨ ᠰᠤᠳᠤᠨ ᠪᠦᠲᠦᠭᠡᠯ ᠲᠤᠩ ᠴᠦᠬᠡᠨ᠃ ᠲᠠᠯ᠎ᠠ ᠨᠤᠲᠤᠭ ᠤᠨ ᠳᠠᠭᠤᠤ ᠶᠢᠨ ᠦᠭᠡ ᠶᠢᠨ ᠵᠣᠬᠢᠶᠠᠨ ᠪᠦᠳᠦᠬᠡᠯᠬᠡ ᠶᠢᠨ ᠣᠳᠣᠬᠠᠨ ᠤ ᠲᠥᠪᠡᠭᠳᠡᠯ ᠨᠢ ᠭᠤᠣᠯᠳᠠᠭᠤ ᠤᠬᠠᠭᠳᠠᠬᠤᠨᠴᠢᠯᠠᠬᠤ᠂ ᠪᠠᠭᠠᠵᠢᠴᠢᠯᠠᠬᠤ᠂ ᠦᠩᠬᠡᠪᠴᠢᠯᠡᠬᠦ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠨᠢ ᠶᠠᠭ ᠰᠠᠶᠢᠬᠠᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠲᠠᠳᠠᠬᠤ ᠬᠦᠴᠦᠨ ᠢ ᠪᠠᠭᠤᠷᠠᠭᠤᠯᠵᠤ ᠪᠤᠢ᠃ ᠤᠬᠠᠭᠳᠠᠬᠤᠨᠴᠢᠯᠠᠬᠤ᠂ ᠪᠠᠭᠠᠵᠢᠴᠢᠯᠠᠬᠤ ᠭᠡᠳᠡᠭ ᠨᠢ ᠲᠠᠯ᠎ᠠ ᠨᠤᠲᠤᠭ ᠤᠨ ᠳᠠᠭᠤᠤ ᠶᠢᠨ ᠬᠡᠶᠢᠰᠪᠦᠷᠢ ᠬᠤᠭᠤᠰᠤᠨ ᠪᠠ ᠬᠠᠶᠢᠷ᠎ᠠ ᠰᠡᠳᠬᠢᠯᠭᠡ ᠶᠢᠨ ᠠᠭᠤᠯᠬᠤᠨ ᠤ ᠬᠤᠮᠰᠠᠳᠠᠯ ᠢ ᠵᠢᠭᠠᠵᠤ ᠪᠣᠶ᠃ ᠬᠥᠬᠡ ᠲᠩᠷᠢ ᠬᠦᠪᠦᠩ ᠴᠠᠭᠠᠨ ᠡᠭᠦᠯᠡ᠂ ᠠᠬᠳᠠ ᠬᠦᠯᠦᠭ ᠬᠤᠨᠢᠨ ᠰᠦᠷᠦᠭ ᠨᠢ ᠲᠠᠯ᠎ᠠ ᠨᠤᠳᠤᠭ ᠤᠨ ᠲᠠᠭᠤᠤ ᠬᠦᠭᠵᠢᠮ ᠤᠨ ᠢᠮ ᠲᠡᠮᠳᠡᠭ ᠪᠤᠯᠵᠠᠢ᠃ ᠬᠡᠬᠦ ᠳᠡᠭᠡᠨ ᠵᠥᠪᠬᠡᠨ ᠵᠠᠷᠢᠮ ᠦᠩᠬᠡᠨ ᠦᠵᠡᠭᠳᠡᠯ ᠢ ᠵᠢᠭᠰᠠᠭᠠᠭᠰᠠᠨ ᠵᠦᠢᠯ ᠲᠡᠳᠦᠶ ᠪᠤᠯᠵᠤ᠂ ᠲᠠᠯ᠎ᠠ ᠨᠤᠲᠤᠭ ᠤᠨ ᠰᠣᠶᠣᠯ ᠤᠨ ᠳᠣᠲᠣᠭᠠᠳᠤ ᠰᠡᠳᠬᠢᠯᠭᠡ ᠨᠢ ᠢᠯᠡᠳᠬᠡᠬᠦ ᠳᠤᠮᠳᠠ ᠬᠡᠢ ᠬᠤᠭᠤᠰᠣᠨ ᠪᠤᠯᠵᠤ᠂ ᠪᠠᠶᠢᠪᠠᠰᠤ ᠵᠣᠬᠢᠬᠤ ᠰᠠᠨᠠᠭ᠎ᠠ ᠠᠬᠤᠶ ᠪᠠ ᠴᠤᠭ ᠰᠦᠯᠳᠡ ᠶᠢ ᠪᠦᠲᠦᠭᠡᠵᠦ ᠴᠢᠳᠠᠭᠰᠠᠨ ᠦᠭᠡᠢ ᠶᠢᠨ ᠤᠴᠢᠷ ᠰᠡᠳᠬᠢᠯᠬᠡ ᠶᠢᠨ ᠦᠨᠡᠨ ᠢᠶᠠᠷ ᠬᠦᠷᠦᠯᠴᠡᠬᠦ ᠦᠭᠡᠢ᠂ ᠬᠥᠮᠦᠨ ᠤ ᠰᠡᠳᠬᠢᠯ ᠢ ᠬᠥᠳᠡᠯᠭᠡᠬᠦ ᠳᠤ ᠪᠡᠷᠬᠡ᠃     ᠬᠡᠳᠦ ᠦᠩᠬᠡᠪᠴᠢᠯᠡᠬᠦ ᠨᠢ ᠬᠦᠭᠵᠢᠯᠳᠠ ᠶᠢᠨ ︽ᠬᠥᠭᠡᠰᠦᠷᠡᠯ︾ ᠢ ᠠᠪᠴᠢᠷᠠᠵᠤ᠂ ᠡᠨᠡ ᠨᠢ ᠲᠠᠯ᠎ᠠ ᠨᠤᠲᠤᠭ ᠤᠨ ᠳᠠᠭᠤᠤ ᠶᠢᠨ ᠦᠭᠡ ᠶᠢ ᠶᠠᠪᠤᠬᠤ ᠲᠤᠳᠤᠮ ᠲᠦᠰᠦᠬᠡᠪᠳᠦᠷ ᠪᠤᠯᠭᠠᠵᠤ᠂ ᠥᠪᠡᠷᠮᠢᠴᠡ ᠪᠤᠳᠠᠭᠠᠯᠢᠴᠢᠯᠠᠬᠰᠠᠨ ᠴᠢᠨᠠᠷ ᠢ ᠤᠯᠠᠮ ᠪᠠᠭᠤᠷᠠᠢ ᠪᠤᠯᠭᠠᠵᠠᠢ᠃ ᠨᠦᠬᠦᠬᠡ ᠲᠠᠯ᠎ᠠ ᠪᠠᠷ᠂ ᠣᠳᠣᠬᠢ ᠴᠠᠭ ᠦᠶ᠎ᠡ ᠶᠢᠨ ᠬᠤᠳᠠᠯᠳᠤᠭᠠᠨ ᠤ ᠦᠢᠯᠡᠰ ᠤᠨ ᠲᠤᠭ᠎ᠠ ᠶᠢ ᠯᠡ ᠬᠥᠭᠡᠭᠡᠴᠡᠯᠳᠦᠬᠦ᠂ ᠳᠥᠭᠦᠮ ᠢ ᠪᠤᠳᠤᠵᠤ ᠬᠠᠭᠤᠯᠪᠤᠷᠢᠯᠠᠬᠤ ᠶᠢ ᠡᠷᠬᠢᠮᠯᠡᠭᠰᠡᠨ ᠨᠥᠯᠥᠭᠡ ᠶᠢ ᠬᠦᠷᠲᠡᠭᠰᠡᠨ ᠨᠢ ᠢᠯᠡᠷᠬᠡᠢ᠃ ᠶᠡᠭᠡ ᠬᠡᠮᠵᠢᠶᠡᠨ ᠤ ᠳᠠᠭᠤᠤ ᠶᠢᠨ ᠦᠭᠡ ᠨᠢ ᠲᠤᠩ ᠠᠳᠠᠯᠢᠪᠲᠤᠷ ᠲᠦᠰᠦᠬᠡᠳᠡᠢ ᠪᠤᠯᠵᠤ ᠂ ᠬᠦᠯᠢᠶᠡᠨ ᠠᠪᠴᠤ ᠰᠣᠨᠢᠷᠬᠠᠬᠴᠢᠳ ᠢ ᠳᠤᠷ᠎ᠠ ᠦᠭᠡᠶᠢᠴᠡᠭᠦᠯᠵᠦ᠂ ᠴᠢᠨᠠᠭᠰᠢᠯᠠᠪᠠᠯ ᠲᠠᠯ᠎ᠠ ᠨᠤᠲᠤᠭ ᠤᠨ ᠳᠠᠭᠤᠤ ᠬᠥᠭᠵᠢᠮ ᠤᠨ ᠲᠤᠬᠠᠶ ᠰᠣᠨᠢᠷᠬᠠᠯ ᠪᠠ ᠢᠲᠡᠭᠡᠯ ᠢᠶᠠᠨ ᠠᠯᠳᠠᠭᠰᠠᠨ ᠪᠠᠶᠢᠨ᠎ᠠ᠃ ᠲᠠᠯ᠎ᠠ ᠨᠤᠳᠤᠭ ᠤᠨ ᠲᠠᠭᠤᠤ ᠬᠦᠭᠵᠢᠮ ᠨᠢ ᠢᠩᠬᠢᠵᠤ ᠴᠠᠭ ᠦᠶ᠎ᠡ ᠠᠴᠠ ᠰᠠᠯᠤᠩᠭᠢᠷᠠᠵᠤ᠂ ᠴᠠᠭ ᠦᠶ᠎ᠡ ᠶᠢᠨ ᠴᠢᠬᠤᠯᠠ ᠶᠡᠭᠡ ᠰᠡᠳᠦᠪ ᠲᠤ ᠴᠠᠭ ᠲᠤᠬᠠᠶ ᠳᠤᠨᠢ ᠬᠠᠷᠢᠭᠤ ᠲᠤᠰᠬᠠᠯ ᠭᠠᠷᠤᠬᠰᠠᠨ ᠦᠬᠡᠢ᠂ ᠬᠠᠷᠢᠨ ᠬᠤᠪᠢ ᠬᠥᠮᠦᠨ ᠳᠤ ᠪᠠᠷᠢᠭᠳᠠᠭᠰᠠᠨ ︽ᠥᠴᠦᠬᠡᠨ︾ ᠬᠠᠶᠢᠷ᠎ᠠ ᠰᠡᠳᠬᠢᠯᠭᠡ ᠳᠤ ᠪᠠᠷᠢᠬᠳᠠᠬᠰᠠᠨ ᠪᠠᠶᠢᠨ᠎ᠠ᠃ ᠬᠠᠶᠢᠷ᠎ᠠ ᠰᠡᠳᠬᠢᠯᠭᠡ ᠶᠢ ᠪᠢᠴᠢᠵᠦ ᠪᠣᠯᠬᠤ ᠦᠭᠡᠢ ᠪᠢᠰᠢ᠂ ᠬᠠᠷᠢᠨ ᠡᠷᠡᠭᠦᠯ ᠰᠠᠷᠠᠭᠤᠯ᠂ ᠴᠤᠪᠤᠭᠤᠯᠢᠭ᠂ ᠠᠭᠤᠤᠴᠢ ᠰᠡᠳᠬᠢᠯ ᠪᠠ ᠷᠣᠮᠠᠨᠲ᠋ᠢᠭ ᠪᠠᠶᠢᠪᠠᠰᠤ ᠵᠤᠬᠢᠨ᠎ᠠ᠃ ᠦᠭᠡ ᠬᠡᠯᠡᠯᠭᠡ ᠶᠢᠨ ᠬᠤᠪᠢ ᠳᠤ᠂ ᠬᠡᠪ ᠨᠠᠮᠪᠠ ᠲᠤᠳᠤᠷᠬᠠᠢ ᠪᠢᠰᠢ᠂ ᠬᠡᠬᠡᠨᠴᠢᠷ ᠡᠷᠬᠢᠮᠰᠦᠭ ᠢᠶᠠᠷ ᠬᠦᠷᠦᠯᠴᠡᠬᠦ ᠦᠬᠡᠢ ᠪᠤᠯᠵᠠᠢ᠃ ᠳᠠᠭᠤᠤ ᠤᠷᠠᠯᠢᠭ ᠨᠢ ᠬᠡᠳᠦ᠋ᠢᠪᠡᠷ ᠬᠢᠯᠪᠠᠷᠴᠢᠯᠠᠭᠰᠠᠨ ᠤᠷᠠᠯᠢᠭ ᠬᠡᠳᠡᠭ ᠪᠣᠯᠪᠠᠴᠤ ᠳᠥᠭᠦᠮ ᠪᠦᠳᠦᠭᠦᠯᠢᠭ ᠤᠷᠠᠯᠢᠭ ᠤᠭᠳᠤ ᠪᠢᠰᠢ᠃ ᠲᠠᠯ᠎ᠠ ᠨᠤᠲᠤᠭ ᠤᠨ ᠳᠠᠭᠤᠤ ᠬᠦ᠋ᠭᠵᠢᠮ ᠢ ᠬᠡᠷᠬᠢᠨ ᠤᠤᠯ ᠤᠨ ᠪᠠᠶᠢᠬᠰᠠᠨ ᠢᠳᠡᠷᠡᠭᠦᠨ ᠴᠤᠬᠯᠢᠭ᠂ ᠰᠢᠨ᠎ᠠ ᠰᠣᠷᠭᠤᠭ᠂ ᠢᠷᠠᠭᠤ ᠰᠤᠨᠤᠰᠬᠤᠯᠠᠩ ᠪᠡ ᠬᠡᠬᠡᠨᠴᠢᠷ ᠡᠷᠬᠢᠮᠰᠦᠭ ᠢ ᠨᠢ ᠰᠡᠷᠬᠦᠬᠡᠬᠦ ᠪᠤᠢ ᠬᠡᠳᠡᠭ ᠪᠤᠯ ᠤᠳᠤᠬᠠᠨ ᠤ ᠮᠠᠨ ᠤ ᠴᠢᠷᠮᠠᠶᠢᠬᠤ ᠴᠢᠭᠯᠡᠯ ᠮᠥᠨ᠃     ᠲᠠᠯ᠎ᠠ ᠨᠤᠲᠤᠭ ᠤᠨ ᠳᠠᠭᠤᠤ ᠶᠢᠨ ᠦᠭᠡ ᠨᠢ ᠴᠠᠭ ᠦᠶ᠎ᠡ ᠶᠢᠨ ᠤᠷᠤᠰᠬᠠᠯ ᠢ ᠳᠠᠭᠠᠬᠤ ᠮᠥᠷᠲᠡᠭᠡᠨ ᠪᠠᠰᠠ ᠴᠠᠭ ᠦᠶ᠎ᠠ ᠶᠢᠨ ᠤᠷᠤᠰᠬᠠᠯ ᠢ ᠬᠥᠲᠥᠯᠥᠨ ᠳᠠᠭᠠᠭᠤᠯᠪᠠᠰᠤ ᠵᠤᠬᠢᠨ᠎ᠠ᠃ ᠬᠠᠭᠤᠴᠢᠨ ᠵᠤᠷᠰᠢᠯ ᠬᠡᠪᠰᠢᠮᠡᠯ ᠪᠠᠶᠢᠳᠠᠯ ᠳᠠᠭᠠᠨ ᠵᠤᠬᠰᠤᠩᠭᠤᠢᠢᠷᠠᠵᠤ ᠪᠤᠯᠬᠤ ᠦᠬᠡᠢ ᠮᠦᠷᠳᠡᠬᠡᠨ ᠬᠠᠰᠢ ᠶᠠᠰᠢ ᠪᠠᠷ ᠰᠢᠨ᠎ᠠ ᠶᠢ ᠡᠬᠦᠳᠴᠤ ᠪᠤᠯᠬᠤ ᠦᠬᠡᠢ᠃ ᠪᠢᠳᠡ ᠵᠠᠭᠤᠨ ᠵᠢᠯ ᠤᠨ ᠡᠮᠦᠨᠡᠬᠢ ᠦᠭᠡ ᠬᠡᠯᠡᠯᠭᠡ ᠪᠠᠷ ᠥᠨᠥᠳᠦᠷ ᠤᠨ ᠬᠠᠶᠢᠷ᠎ᠠ ᠰᠡᠳᠬᠢᠯᠭᠡ ᠶᠢ ᠢᠯᠡᠳᠬᠡᠬᠦᠶ᠎ᠠ ᠪᠡᠷᠬᠡ᠃ ᠶᠠᠮᠠᠷ ᠴᠤ ᠰᠠᠨᠠᠭ᠎ᠠ ᠠᠬᠤᠢ ᠦᠬᠡᠢ᠂ ᠶᠠᠮᠠᠷ ᠴᠤ ᠯᠣᠭᠢᠭ ᠤᠨ ᠠᠪᠴᠠᠯᠳᠤᠯ ᠦᠭᠡᠢ ᠬᠠᠭᠤᠷᠮᠠᠭ ᠵᠣᠬᠢᠶᠠᠯ ᠢᠶᠠᠷ ᠰᠣᠨᠣᠰᠤᠭᠴᠢᠳ ᠢ ᠮᠡᠬᠡᠯᠡᠵᠦ ᠨᠡᠩ ᠪᠣᠯᠬᠤ ᠦᠭᠡᠢ᠃ ᠲᠠᠯ᠎ᠠ ᠨᠤᠲᠤᠭ ᠤᠨ ᠳᠠᠭᠤᠤ ᠶᠢᠨ ᠦᠭᠡ ᠨᠢ ᠵᠠᠪᠠᠯ ᠭᠦᠢᠴᠡᠳ ᠰᠣᠶᠣᠯ ᠤᠨ ᠢᠲᠡᠭᠡᠯ ᠲᠠᠢ ᠪᠠᠶᠢᠬᠤ ᠬᠡᠷᠡᠭᠲᠡᠶ᠂ ᠡᠨᠡ ᠢᠲᠡᠭᠡᠯ ᠨᠢ ᠭᠠᠯ ᠬᠠᠯᠠᠭᠤᠨ ᠠᠮᠢᠳᠤᠷᠠᠯ ᠪᠠ ᠭᠦᠨ ᠵᠤᠵᠠᠭᠠᠨ ᠰᠣᠶᠣᠯ ᠤᠨ ᠬᠤᠷᠠᠮᠳᠤᠭᠤᠯᠤᠯ ᠠᠴᠠ ᠢᠷᠡᠨ᠎ᠠ᠂ ᠬᠠᠷᠢᠨ ᠬᠡᠢ ᠬᠤᠭᠤᠰᠣᠨ ᠤᠷᠢᠶ᠎ᠠ ᠬᠠᠰᠬᠢᠷᠤᠯ ᠤᠬᠳᠤ ᠪᠠᠶᠢᠵᠤ ᠪᠤᠯᠬᠤ ᠦᠬᠡᠢ᠃ ᠪᠤᠳᠠᠳᠠᠢ ᠳᠤ ᠰᠠᠭᠤᠷᠢᠯᠠᠬᠰᠠᠨ ᠦᠬᠡᠢ ᠢᠲᠡᠭᠡᠯ ᠠᠮᠠᠷᠬᠠᠨ ᠢᠯᠡᠴᠢᠯᠡᠭᠳᠡᠨ᠎ᠡ᠂ ᠡᠶᠢᠮᠦᠷᠬᠦᠦ ᠬᠡᠯᠪᠠᠶᠢᠷᠢᠯ ᠢᠶᠠᠷ ᠲᠠᠯ᠎ᠠ ᠨᠤᠲᠤᠭ ᠤᠨ ᠰᠣᠶᠣᠯ ᠤᠨ ᠨᠡᠷ᠎ᠡ ᠬᠦᠨᠳᠦ ᠶᠢ ᠦᠬᠡᠶᠢᠬᠢᠵᠤ ᠪᠣᠯᠬᠤ ᠦᠭᠡᠢ᠃     ᠶᠡᠷᠦᠩᠬᠡᠶᠢᠯᠡᠪᠡᠯ᠂ ᠰᠢᠨ᠎ᠡ ᠴᠠᠭ ᠦᠶ᠎ᠠ ᠳᠤ ᠲᠠᠯ᠎ᠠ ᠨᠤᠳᠤᠭ ᠤᠨ ᠲᠠᠭᠤᠤ ᠬᠦᠭᠵᠢᠮ ᠨᠢ ᠬᠥᠮᠦᠰ ᠢ ᠪᠠᠭ᠋ᠠᠳᠤᠭᠤᠯᠤᠮ᠎ᠠ ᠰᠢᠨ᠎ᠡ ᠠᠮᠵᠢᠯᠳᠠ ᠤᠯᠤᠭ᠎ᠠ ᠦᠬᠡᠢ᠃ ᠪᠢᠳᠡ ᠨᠡᠩ ᠬᠦᠨᠳᠤ ᠲᠡᠤᠬᠡᠲᠦ ᠡᠭᠦᠷᠭᠡ ᠶᠢ ᠪᠡᠶᠡᠯᠡᠭᠦᠯᠬᠦ ᠶᠢᠨ ᠲᠦᠯᠦᠬᠡ ᠳᠣᠤᠷᠠᠬᠢ ᠪᠡᠯᠡᠳᠬᠡᠯ ᠢ ᠰᠠᠶᠢᠲᠤᠷ ᠬᠢᠬᠦ ᠬᠡᠷᠡᠭᠲᠠᠢ᠃     ᠠᠷᠠᠳ ᠲᠦᠮᠡᠨ ᠤ ᠲᠥᠯᠥᠭᠡ ᠵᠣᠬᠢᠶᠠᠨ ᠪᠦᠳᠦᠬᠡᠬᠦ ᠭᠡᠬᠦ ᠰᠡᠳᠦᠪ ᠢ ᠲᠠᠬᠢᠨ ᠳᠤᠷᠠᠳᠬᠤ ᠬᠡᠷᠡᠭᠲᠡᠶ᠃ ᠲᠠᠯ᠎ᠠ ᠨᠤᠲᠤᠭ ᠢᠶᠠᠨ ᠬᠠᠶᠢᠷᠠᠯᠠᠵᠤ᠂ ᠠᠷᠠᠳ ᠲᠦᠮᠡᠨ ᠢᠶᠠᠨ ᠬᠠᠶᠢᠷᠠᠯᠠᠬᠤ ᠳᠤ᠂ ᠴᠢᠩ ᠦᠨᠡᠨᠴᠢ ᠣᠪᠣᠷ ᠢᠶᠠᠷ ᠠᠮᠢᠳᠤᠷᠠᠯ ᠳᠤ ᠦᠨᠳᠦᠰᠦᠯᠡᠵᠦ᠂ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠲᠤ ᠭᠠᠷᠤᠭᠰᠠᠨ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠵᠢᠴᠢ ᠡᠳᠡᠬᠡᠷ ᠯᠤᠲᠤ ᠶᠡᠭᠡ ᠬᠤᠪᠢᠷᠠᠯᠲᠠ ᠶᠢᠨ ᠲᠤᠳᠤᠷ᠎ᠠ ᠨᠢᠭᠤᠬᠳᠠᠵᠤ ᠪᠠᠶᠢᠭ᠎ᠠ ᠡᠷᠬᠢᠮ ᠨᠠᠨᠳᠢᠨ ᠬᠠᠶᠢᠷ᠎ᠠ ᠰᠡᠳᠬᠢᠯᠭᠡ ᠶᠢᠨ ᠦᠨ᠎ᠡ ᠦᠷᠳᠡᠭ ᠢ ᠤᠯᠵᠤ ᠬᠠᠷᠠᠬᠤ ᠬᠡᠷᠡᠭᠳᠡᠢ᠃    ᠳᠠᠭᠤᠤ ᠬᠥᠭᠵᠢᠮ ᠪᠣᠯ ᠤᠶᠤᠨ ᠰᠠᠨᠠᠭᠠᠨ ᠤ ᠶᠢᠷᠲᠢᠨᠴᠦ ᠶᠢᠨ ᠢᠯᠡᠷᠡᠯ ᠮᠥᠨ᠂ ᠶᠠᠮᠠᠷ ᠶᠠᠩᠵᠤ ᠶᠢᠨ ᠦᠷᠳᠡᠭ ᠤᠨ ᠦᠵᠡᠯᠲᠡ ᠨᠢ ᠶᠠᠮᠠᠷ ᠶᠠᠩᠵᠤ ᠶᠢᠨ ᠳᠠᠭᠤᠤ ᠬᠥᠭᠵᠢᠮ ᠢ ᠬᠦᠳᠦᠯᠦᠨ ᠳᠠᠭᠠᠭᠤᠯᠤᠨ᠎ᠠ᠃ ᠲᠠᠯ᠎ᠠ ᠨᠤᠲᠤᠭ ᠤᠨ ᠳᠠᠭᠤᠤ ᠬᠥᠭᠵᠢᠮ ᠨᠢ ᠢᠷᠠᠭᠤ ᠡᠷᠬᠢᠮᠰᠦᠭ ᠵᠠᠮ ᠢᠶᠠᠷ ᠵᠠᠮᠨᠠᠭᠰᠠᠭᠠᠷ ᠢᠷᠡᠵᠡᠢ᠃ ᠵᠥᠪ ᠵᠠᠮ ᠢᠶᠠᠷ ᠶᠠᠪᠤᠪᠠᠯ ᠰᠠᠶ᠋ᠢ ᠪᠤᠳᠠᠭ᠎ᠠ ᠲᠡᠬᠡᠬᠡᠨ᠎ᠡ᠂ ᠡᠨᠡ ᠵᠠᠮ ᠢᠶᠠᠷ ᠪᠢᠳᠡ ᠡᠷᠡᠰ ᠭᠤᠶᠢᠪᠢᠰᠢ ᠦᠬᠡᠢ ᠵᠠᠮᠨᠠᠬᠤ ᠬᠡᠷᠡᠭᠲᠡᠢ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠦᠭᠰᠡᠨ ᠠᠬᠠᠮᠠᠳ ᠨᠢᠬᠡ ᠦᠶ᠎ᠠ ᠶᠢᠨ ᠤᠷᠠᠯᠢᠬᠴᠢᠳ ᠡ᠂ ᠣᠳᠣᠬᠠᠨ ᠳᠤ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠡᠭᠦᠷᠭᠡ ᠬᠦᠨᠳᠦ᠂ ᠲᠠᠭᠤᠤ ᠬᠦᠭᠵᠢᠮ ᠤᠨ ᠲᠠᠪᠴᠠᠩ ᠳᠤ ᠲᠠ ᠨᠠᠷ ᠮᠥᠨ ᠦᠷᠬᠦᠯᠵᠢᠯᠡᠨ ᠬᠦᠴᠦᠯᠡᠬᠦ ᠶᠢ ᠴᠠᠭ ᠦᠶ᠎ᠠ ᠱᠠᠭᠠᠷᠳᠠᠵᠤ ᠪᠠᠶᠢᠨ᠎ᠠ᠃ ᠲᠠ ᠨᠠᠷ ᠤᠨ ᠡᠭᠦᠳᠦᠨ ᠪᠦᠲᠦᠭᠡᠭᠰᠡᠨ ᠠᠮᠵᠢᠯᠲᠠ ᠴᠢᠨᠢ ᠥᠴᠥᠭᠡᠳᠦᠷ ᠤᠨ ᠬᠢ᠂ ᠬᠠᠷᠢᠨ ᠨᠠᠩ ᠰᠠᠶᠢᠨ ᠪᠦᠲᠦᠭᠡᠯ ᠴᠢᠨᠢ ᠲᠠᠷᠠᠭᠠᠴᠢ ᠶᠢᠨ ᠨᠢᠬᠡ ᠪᠤᠯᠤᠨ᠎ᠠ᠃     ᠰᠢᠨ᠎ᠡ ᠨᠢᠭᠡ ᠦᠶ᠎ᠡ ᠶᠢᠨ ᠲᠠᠯ᠎ᠠ ᠨᠤᠲᠤᠭ ᠤᠨ ᠲᠠᠭᠤᠤ ᠶᠢᠨ ᠦᠬᠡ ᠶᠢᠨ ᠵᠣᠬᠢᠶᠠᠯᠴᠢᠳ ᠮᠠᠨᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠬᠦ ᠠᠷᠠᠳ ᠲᠦᠮᠡᠨ ᠤ ᠲᠤᠮᠳᠠ ᠬᠦᠨᠵᠡᠬᠡᠶᠢᠷᠡᠵᠤ ᠠᠮᠢᠳᠦᠷᠠᠯ ᠳᠤ ᠦᠨᠳᠦᠰᠦᠯᠡᠨ ᠤᠷᠠᠯᠢᠭ ᠤᠨ ᠰᠢᠮ᠎ᠡ ᠲᠡᠵᠢᠭᠡᠯ ᠬᠦᠷᠳᠡᠵᠤ᠂ ᠣᠮᠣᠷᠬᠠᠭᠯᠠᠨ ᠪᠠᠷᠳᠠᠮᠨᠠᠬᠤ ᠦᠭᠡᠢ ᠪᠠᠴᠢᠮᠳᠠᠨ ᠰᠠᠨᠳᠤᠷᠬᠤ ᠦᠭᠡᠢ ᠪᠠᠶᠢᠪᠠᠯ ᠵᠤᠬᠢᠨ᠎ᠠ᠃ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ ᠨᠢ ᠠᠶᠠᠨᠳᠠᠭᠠᠨ ᠤ ᠬᠠᠮᠲᠤᠷᠠᠯᠴᠠᠬᠤ ᠵᠣᠷᠢᠭ ᠰᠠᠨᠠᠭ᠎ᠠ ᠶᠢ ᠱᠠᠭᠠᠷᠳᠠᠨ᠎ᠠ᠃ ᠲᠠᠭᠤᠤ ᠶᠢᠨ ᠦᠭᠡ ᠵᠣᠬᠢᠶᠠᠬᠤ᠂ ᠠᠶ᠎ᠠ ᠵᠣᠬᠢᠶᠠᠬᠤ ᠪᠠ ᠳᠠᠭᠤᠯᠠᠬᠤ ᠠᠴᠠ ᠭᠠᠳᠠᠨ᠎ᠠ᠂ ᠪᠠᠰᠠ ᠠᠶ᠎ᠠ ᠨᠠᠶᠢᠷᠠᠭᠤᠯᠬᠤ᠂ ᠬᠥᠭᠵᠢᠮᠳᠡᠬᠦ᠂ ᠳᠠᠭᠤ ᠰᠢᠩᠭᠡᠭᠡᠬᠦ ᠁ ᠵᠡᠷᠭᠡ ᠨᠢ ᠴᠦᠮ ᠰᠠᠶᠢᠳᠤᠷ ᠬᠠᠮᠲᠤᠷᠠᠯᠴᠠᠨ ᠵᠤᠬᠢᠴᠠᠯᠳᠤᠬᠤ ᠦᠬᠡᠢ ᠪᠤᠯ ᠰᠤᠳᠤᠨ ᠪᠦᠳᠦᠬᠡᠯ ᠢ ᠵᠤᠬᠢᠶᠠᠨ ᠪᠦᠳᠦᠬᠡᠵᠤ ᠴᠢᠳᠠᠬᠤ ᠦᠬᠡᠢ᠃ ᠪᠢᠳᠡ ᠭᠠᠷ ᠬᠤᠯᠪᠣᠯᠴᠠᠨ᠂ ᠨᠡᠶᠢᠯᠡᠯ ᠬᠦᠴᠦᠨ ᠢ ᠪᠦᠷᠢᠯᠳᠦᠭᠦᠯᠵᠤ᠂ ᠲᠤᠰᠤᠯ ᠤᠰᠤ ᠪᠠᠷ ᠲᠠᠯᠠᠢ ᠶᠢ ᠪᠦᠳᠦᠬᠡᠵᠤ᠂ ᠥᠨᠳᠦᠷᠯᠢᠭ ᠠᠴᠠ ᠣᠷᠭᠢᠯ ᠵᠦᠭ ᠲᠡᠮᠡᠦᠯᠦᠨ᠂ ᠲᠠᠯ᠎ᠠ ᠨᠤᠲᠤᠭ ᠤᠨ ᠳᠠᠭᠤᠤ ᠬᠥᠭᠵᠢᠮ ᠢ ᠳᠡᠯᠡᠬᠡᠢ ᠳ᠋ᠡᠬᠢᠨ᠎ᠠ ᠴᠤᠤᠷᠢᠶᠠᠳᠤᠭᠤᠯᠤᠶ᠎ᠠ᠃ ᠠᠮᠢ ᠨᠠᠰᠤᠨ ᠤ ᠮᠥᠨ ᠴᠢᠨᠠᠷ ᠪᠣᠯ ᠬᠠᠷᠢᠯᠴᠠᠨ ᠲᠦᠰᠢᠯᠴᠡᠨ ᠣᠷᠣᠰᠢᠨ᠎ᠠ᠂ ᠬᠠᠷᠢᠯᠴᠠᠨ ᠭᠡᠶᠢᠭᠦᠯᠬᠦ ᠪᠤᠯ ᠨᠢᠬᠡ ᠵᠦᠢᠯ ᠤᠨ ᠠᠮᠢᠳᠤᠷᠠᠯ ᠤᠨ ᠤᠬᠠᠭᠠᠨ᠂ ᠡᠨᠡ ᠠᠭᠤᠤ ᠶᠡᠭᠡ ᠴᠠᠭ ᠦᠶ᠎ᠡ ᠶᠢᠨ ᠵᠠᠩᠭᠢᠯᠠᠭ᠎ᠠ ᠶᠢᠨ ᠦᠭᠡ ᠪᠣᠯ᠂ ᠪᠦᠯᠬᠦᠮᠳᠡᠯ᠂ ᠡᠶ᠎ᠡ ᠵᠣᠬᠢᠴᠠᠯ︕     ᠣᠨ ᠰᠠᠷ᠎ᠠ ᠳᠤ ᠲᠠᠮᠠᠭᠠᠯᠠᠬᠳᠠᠬᠤ ᠬᠦᠨᠳᠦᠳᠬᠡᠯ ᠪᠠ ᠪᠢᠰᠢᠷᠠᠯ     ᠳᠡᠭᠡᠷ᠎ᠡ ᠦᠬᠦᠯᠡᠭᠰᠡᠨ ᠵᠦᠶ᠋ᠯ ᠪᠤᠯ᠂ ᠪᠢ ᠬᠥᠭᠵᠢᠯᠲᠡ ᠶᠢᠨ ᠵᠠᠮ᠂ ᠤᠷᠠᠯᠢᠭ ᠤᠨ ᠲᠤᠷᠰᠢᠯᠭ᠎ᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠢᠷᠡᠭᠡᠳᠦᠢ ᠶᠢᠨ ᠪᠠᠷᠠᠯᠠᠯ ᠵᠡᠷᠭᠡ ᠲᠠᠯ᠎ᠠ ᠠᠴᠠ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠳᠤ ᠳᠥᠭᠦᠮᠬᠡᠨ ᠬᠤᠷᠢᠶᠠᠩᠭᠤᠢᠢᠯᠠᠯ ᠬᠢᠵᠡᠢ᠃ ᠠᠳᠡ ᠬᠦᠨᠵᠡᠬᠡᠢ ᠪᠤᠰᠤ ᠪᠦᠬᠡᠳ ᠠᠯᠳᠠᠰᠢ ᠲᠠᠢ ᠵᠦᠢᠯ ᠪᠠᠶᠢᠬᠤ ᠨᠢ ᠵᠠᠶᠢᠯᠠᠰᠢ ᠦᠭᠡᠢ᠃     ᠪᠤᠢ ᠪᠦᠬᠦᠢ ᠡᠬᠢᠯᠡᠯᠲᠡ ᠪᠣᠯ ᠴᠥᠮ ᠨᠢᠭᠡ ᠤᠳᠠᠭᠠᠨ ᠤ ᠴᠣ᠋ ᠰᠢᠨ᠎ᠡ ᠨᠡᠭᠡᠭᠡᠯᠲᠡ ᠮᠥᠨ︔ ᠪᠤᠢ ᠪᠦᠬᠦᠢ ᠡᠬᠢᠯᠠᠯᠳᠠ ᠶᠢᠨ ᠠᠷᠤ ᠳᠤ ᠴᠥᠮ ᠰᠠᠶᠢᠨ ᠰᠠᠶᠢᠬᠠᠨ ᠬᠦᠰᠡᠨ ᠬᠦᠯᠢᠶᠡᠯᠳᠠ ᠲᠠᠭᠠᠯᠳᠤᠵᠤ ᠪᠠᠶᠢᠳᠠᠭ ᠶᠤᠮ᠃ ᠢᠷᠡᠬᠡᠳᠦᠢ ᠳᠤ ᠪᠢᠳᠡ ᠢᠲᠡᠭᠡᠯ ᠳᠦᠭᠦᠷᠡᠩ ᠪᠠᠶᠢᠨ᠎ᠠ᠂ ᠤᠴᠢᠷ ᠨᠢ ᠪᠢᠳᠡᠨ ᠤ ᠤᠷᠤᠭᠰᠢᠯᠠᠬᠤ ᠵᠠᠮ ᠳᠡᠭᠡᠷ᠎ᠡ ᠰᠠᠯᠬᠢ ᠪᠣᠷᠣᠭᠠᠨ ᠪᠠᠶᠢᠬᠤ ᠪᠠᠷ ᠪᠠᠷᠠᠬᠤ ᠦᠭᠡᠢ᠂ ᠪᠠᠰᠠ ᠵᠠᠮ ᠤᠨ ᠲᠡᠮᠳᠡᠭ᠂ ᠣᠪᠣᠭ᠎ᠠ ᠨᠢ ᠮᠠᠨᠤᠰ ᠲᠤ ᠵᠠᠮᠴᠢᠯᠠᠵᠤ ᠪᠠᠶᠢᠨ᠎ᠠ᠃ ᠦᠩᠬᠡᠷᠡᠭᠰᠡᠨ ᠢᠶᠠᠨ ᠡᠷᠭᠢᠴᠡᠭᠦᠯᠵᠤ ᠠᠮᠵᠢᠯᠳᠠ ᠪᠦᠳᠦᠮᠵᠢ ᠳᠡᠭᠡᠨ ᠰᠣᠭᠲᠣᠭᠤᠷᠠᠵᠤ ᠰᠠᠭᠤᠵᠤ ᠪᠤᠯᠬᠤ ᠦᠬᠡᠢ᠂ ᠬᠠᠷᠢᠨ ᠨᠡᠩ ᠠᠯᠤᠰ ᠬᠡᠳᠦ ᠶᠢᠨ ᠢᠷᠡᠭᠡᠳᠦᠢ ᠵᠦᠭ ᠲᠡᠮᠡᠦᠯᠬᠦ ᠬᠡᠷᠡᠭᠳᠡᠢ᠃ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠤᠬᠢᠶᠠᠯ ᠤᠨ ᠶᠡᠭᠡ ᠪᠠᠭᠰᠢᠳᠠᠳ ᠤᠨ ᠨᠡᠭᠡᠭᠡᠨ ᠬᠥᠭᠵᠢᠭᠦᠯᠬᠦ᠂ ᠪᠠᠲᠤ ᠰᠠᠬᠢᠬᠤ᠂ ᠡᠭᠦᠳᠦᠨ ᠪᠦᠲᠦᠭᠡᠬᠦ ᠪᠠ ᠴᠢᠩ ᠦᠨᠡᠨᠴᠢ ᠰᠢᠳᠤᠷᠭᠤ ᠵᠣᠷᠢᠭ ᠰᠠᠨᠠᠭ᠎ᠠ ᠶᠢ ᠮᠦᠷᠳᠡᠨ ᠲᠠᠭᠠᠬᠰᠠᠨ ᠬᠤᠶᠢᠨ᠎ᠠ ᠪᠢᠳᠡ ᠯᠠᠪᠳᠠᠢ ᠴᠢᠭᠯᠡᠯ ᠢᠶᠠᠨ ᠠᠯᠳᠠᠵᠤ ᠲᠥᠭᠡᠷᠢᠬᠦ ᠦᠭᠡᠢ᠃ ᠲᠠᠯ᠎ᠠ ᠨᠤᠲᠤᠭ ᠤᠨ ᠤᠷᠠᠨ ᠵᠣᠬᠢᠶᠠᠯ ᠤᠨ ᠠᠪᠤᠷᠭᠤᠴᠤᠤᠯ ᠪᠠ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠰᠠᠭᠤᠷᠢᠯᠠᠭᠴᠢ ᠨᠠ᠊ · ᠰᠠᠶᠢᠨᠴᠣᠭᠲᠤ᠂ ᠮᠠᠯᠴᠢᠨᠬᠦᠦ᠂ ᠠ · ᠤᠳᠽᠠᠷ᠂ ᠪ᠊ · ᠪᠦᠷᠢᠪᠠᠬᠢ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠲᠤᠰᠬᠠᠢ ᠳᠠᠭᠤᠤ ᠶᠢᠨ ᠦᠭᠡ ᠶᠢᠨ ᠵᠣᠬᠢᠶᠠᠨ ᠪᠦᠳᠦᠬᠡᠯᠬᠡ ᠶᠢᠨ ᠵᠠᠮ ᠢ ᠨᠡᠭᠡᠭᠡᠭᠰᠡᠨ ᠨᠢᠭᠡᠨ ᠦᠶ᠎ᠡ ᠶᠢᠨ ᠲᠠᠯ᠎ᠠ ᠨᠤᠲᠤᠭ ᠤᠨ ᠲᠠᠭᠤᠤ ᠬᠦᠭᠵᠢᠮ ᠤᠨ ᠤᠷᠠᠨ ᠵᠣᠬᠢᠶᠠᠯᠴᠢ ᠾᠦᠸᠧ ᠬᠤᠸᠠ᠂ ᠶᠢᠨ ᠰᠢ ᠴᠧᠨ᠂ ᠢ · ᠪᠠᠳᠠᠷᠠᠩᠭᠤᠢ ᠨᠡᠷ ᠲᠤ ᠴᠢᠩ ᠰᠡᠳᠬᠢᠯ ᠤᠨ ᠬᠦᠨᠳᠦᠳᠬᠡᠯ ᠲᠡᠪᠰᠢᠬᠦᠯᠦᠶ᠎ᠠ︕ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠦᠭᠰᠡᠨ ᠲᠠᠯ᠎ᠠ ᠨᠤᠲᠤᠭ ᠤᠨ ᠳᠠᠭᠤᠤ ᠶᠢᠨ ᠦᠬᠡ ᠶᠢᠨ ᠵᠤᠬᠢᠶᠠᠯᠴᠢ ᠺᠧ ᠮᠢᠩ᠂ ᠦ᠊ · ᠨᠠᠴᠢᠨ᠂ ᠨᠠᠰᠤᠨ᠂ ᠼᠦᠢ ᠹᠦ᠋ ᠳᠤ ᠬᠦᠨᠳᠦᠳᠬᠡᠯ ᠲᠠᠪᠰᠢᠬᠦᠯᠦᠶ᠎ᠠ᠃ ᠡᠭᠦᠨ ᠤ ᠬᠠᠮᠲᠤ᠂ ᠪᠢᠳᠡ ᠲᠡᠳᠡᠭᠡᠷ ᠲᠤᠰᠬᠠᠢ ᠮᠡᠷᠬᠡᠵᠢᠯ ᠤᠨ ᠪᠤᠰᠤ ᠪᠤᠯᠪᠠᠴᠤ ᠠᠵᠢᠯ ᠤᠨ ᠴᠢᠯᠦᠬᠡᠨ ᠤ ᠲᠠᠭᠤᠤ ᠶᠢᠨ ᠦᠬᠡ ᠶᠢᠨ ᠵᠤᠬᠢᠶᠠᠯᠴᠢ ᠨᠡᠷ᠂ ᠮᠡᠯᠴᠢᠭ᠂ ᠬᠤ᠋ ᠰᠥᠩ ᠬᠤᠸᠠ᠂ ᠬᠠᠶ ᠮᠦᠸᠧ᠂ ᠭᠤᠮᠪᠤᠳᠣᠷᠵᠢ᠂ ᠽᠦᠸᠧ ᠷᠦ᠋ ᠶᠦᠨ᠂ ᠰᠢ᠊ · ᠮᠦᠷᠠᠨ᠂ ᠲᠩᠷᠢ᠂ ᠪᠦᠷᠢᠨᠪᠠᠶᠠᠷ᠂ ᠯᠢᠦᠶ ᠶᠠᠨ ᠸᠧᠶ᠂ ᠵᠢᠷᠭᠠᠯᠠᠩ᠂ ᠯᠢᠦ ᠱᠣᠣ ᠬᠤᠸᠠ᠂ ᠶᠠᠩ ᠶᠠᠨ ᠯᠸᠢ᠂ ᠮᠦᠩᠭᠦᠨᠭᠤᠤᠯ᠂ ᠳ᠋ᠤᠸᠠᠨ ᠴᠢᠩ ᠮᠢᠨ᠂ ᠸᠠᠩ ᠰᠢᠶᠤᠤ ᠬᠤᠩ ᠁ ᠮᠡᠳᠤ ᠶᠢᠨ ᠦᠢ ᠤᠯᠠᠨ ᠤᠷᠠᠨ ᠵᠤᠬᠢᠶᠠᠯᠴᠢ ᠶᠢ ᠮᠠᠷᠳᠠᠵᠤ ᠪᠤᠯᠬᠤ ᠦᠬᠡᠢ᠃     ᠲᠡᠦᠬᠡ ᠪᠠ ᠴᠠᠭ ᠦᠶ᠎ᠠ ᠠᠴᠠ ᠴᠥᠮ ᠠᠪᠤᠷᠭᠤ ᠪᠠᠭᠰᠢᠳᠠᠡ ᠪᠠ ᠬᠠᠯᠠᠰᠢᠷᠠᠯ ᠦᠭᠡᠢ ᠵᠤᠬᠢᠶᠠᠨ ᠪᠦᠳᠦᠬᠡᠭᠴᠢᠳ ᠢ ᠤᠷᠢᠶᠠᠯᠠᠵᠤ ᠪᠠᠶᠢᠨ᠎ᠠ᠃ ᠡᠨᠡ ᠨᠢ ᠲᠠᠯ᠎ᠠ ᠨᠤᠲᠤᠭ ᠤᠨ ᠳᠠᠭᠤᠤ ᠬᠦᠭᠵᠢᠮ ᠤᠨ ᠤᠷᠠᠨ ᠵᠣᠬᠢᠶᠠᠯᠴᠢᠳ ᠤᠨ ᠡᠷᠴᠢ ᠵᠣᠷᠢᠭ ᠢᠶᠠᠨ ᠬᠥᠪᠴᠢᠯᠡᠵᠤ᠂ ᠲᠦᠯᠬᠢᠵᠦ ᠪᠣᠯᠤᠰᠢ ᠦᠭᠡᠢ ᠲᠡᠦᠬᠡᠨ ᠡᠬᠦᠷᠬᠡ ᠬᠠᠷᠢᠭᠤᠴᠠᠯᠭ᠎ᠠ ᠶᠢ ᠡᠭᠦᠷᠭᠡᠯᠡᠵᠦ᠂ ᠴᠠᠭ ᠦᠶ᠎ᠠ ᠠᠴᠠ ᠤᠯᠭᠤᠬᠰᠠᠨ ᠣᠯᠳᠠᠰᠢ ᠦᠭᠡᠢ ᠠᠵᠠ ᠲᠣᠬᠢᠶᠠᠯ ᠯᠤᠭ᠎ᠠ ᠥᠷᠢᠰᠥᠯᠳᠦᠭᠡᠨ ᠵᠠᠷᠯᠠᠵᠤ᠂ ᠨᠠᠰᠤᠨ ᠲᠤᠷᠰᠢᠳᠠ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠤᠨ ᠲᠥᠯᠥᠭᠡ ᠲᠡᠮᠡᠴᠡᠬᠦ ᠶᠢ ᠱᠠᠭᠠᠷᠳᠠᠵᠤ ᠪᠠᠶᠢᠨ᠎ᠠ᠃     ᠲᠠᠯ᠎ᠠ ᠨᠤᠲᠤᠭ ᠤᠨ ᠳᠠᠭᠤᠤ ᠬᠥᠭᠵᠢᠮ ᠤᠨ ᠤᠷᠠᠨ ᠵᠣᠬᠢᠶᠠᠯ ᠥᠴᠥᠭᠡᠳᠦᠷ ᠤᠨ ᠭᠡᠷᠡᠯ ᠰᠠᠴᠤᠷᠠᠩᠭᠤᠶ ᠶᠢ ᠪᠢᠴᠢᠭᠯᠡᠵᠤ᠂ ᠰᠢᠨ᠎ᠠ ᠴᠠᠭ ᠦᠶ᠎ᠠ ᠶᠢᠨ ᠬᠡᠷᠡᠯ ᠭᠢᠯᠪᠠᠭ᠎ᠠ ᠪᠠᠨ ᠰᠠᠴᠤᠷᠠᠭᠤᠯᠤᠬᠰᠠᠭᠠᠷ ᠪᠠᠶᠢᠨ᠎ᠠ᠂ ᠲᠡᠭᠦᠨ ᠤ ᠮᠠᠷᠭᠠᠰᠢ ᠯᠠᠪᠳᠡᠢ ᠨᠠᠩ ᠬᠡᠬᠡᠨ ᠰᠠᠷᠠᠭᠤᠯ ᠪᠤᠯᠬᠤ ᠶᠤᠮ ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号