ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠪᠠᠲᠤ ᠡᠵᠡᠮᠳᠡᠰᠦᠬᠡᠢ
ᠨᠡᠶᠢᠲᠡᠯᠡᠭᠰᠡᠨ ᠴᠠᠭ᠄
2020/10/19
    ᠲᠡᠦᠬᠡ ᠨᠢ ᠨᠢᠭᠡ ᠦᠨᠳᠦᠰᠦᠲᠡᠨ ᠤ ᠡᠬᠦᠰᠦᠯ ᠬᠦᠭᠵᠢᠯ ᠢ ᠲᠡᠮᠳᠡᠭᠯᠡᠵᠥ᠂ ᠨᠢᠭᠡ ᠤᠯᠤᠰ ᠤᠨ ᠮᠠᠨᠳᠤᠯ ᠪᠠᠭᠤᠷᠠᠯ ᠢ ᠲᠡᠮᠳᠡᠭᠯᠡᠵᠦ᠂ ᠢᠷᠡᠭᠡᠳᠦᠶ ᠶᠢ ᠰᠡᠩᠬᠡᠷᠡᠭᠦᠯᠬᠦ ᠣᠶᠤᠨ ᠤᠬᠠᠭᠠᠨ ᠢ ᠬᠤᠷᠠᠮᠳᠤᠭᠤᠯᠵᠤ ᠦᠭᠴᠤ᠂ ᠢᠷᠡᠭᠡᠳᠦᠶ ᠶᠢ ᠬᠠᠷᠠᠬᠤ ᠨᠢᠭᠤᠴᠠ ᠲᠦᠯᠬᠢᠭᠦᠷ ᠢ ᠬᠠᠳᠠᠭᠠᠯᠠᠵᠥ ᠪᠠᠶᠢᠭ᠎ᠠ ᠶᠤᠮ᠃ ᠭᠠᠭᠴᠠ ᠬᠦ ᠲᠡᠤᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠪᠠᠲᠤ ᠡᠵᠡᠮᠳᠡᠵᠦ ᠴᠢᠳᠠᠪᠠᠯ ᠰᠠᠶ᠋ᠢ ᠢᠷᠡᠭᠡᠳᠦᠶ ᠶᠢᠨ ᠤᠷᠤᠭᠰᠢᠯᠠᠯᠲᠠ ᠶᠢᠨ ᠴᠢᠭᠯᠡᠯ ᠢᠶᠠᠨ ᠪᠠᠲᠤᠳᠬᠠᠵᠤ ᠴᠢᠳᠠᠨ᠎ᠠ᠃     ᠭᠠᠶᠢᠬᠠᠮᠰᠢᠭᠲᠤ ᠣᠨ ᠰᠠᠷ᠎ᠠ ᠶᠢ ᠠᠭᠤᠯᠠ ᠤᠰᠤ ᠭᠡᠷᠡᠴᠢᠯᠡᠨ᠎ᠡ᠃ 70 ᠭᠠᠷᠤᠢ ᠵᠢᠯ ᠤᠨ ᠡᠮᠦᠨ᠎ᠡ᠂ ᠮᠠᠤ ᠽᠧ ᠳ᠋ᠦᠩ ᠨᠥᠬᠦᠷ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠢ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠤᠬᠰᠤᠵᠥ᠂ ᠣᠶᠢᠷ᠎ᠠ ᠦᠶ᠎ᠡ ᠶᠢᠨ 100 ᠭᠠᠷᠤᠶ ᠵᠢᠯ ᠤᠨ ᠳᠤᠮᠳᠠᠳᠤ ᠤᠯᠤᠰ ᠤᠨ ᠶᠠᠳᠠᠭᠤ ᠪᠠᠭᠤᠷᠠᠶ᠂ ᠪᠤᠰᠤᠳ ᠲᠤ ᠳᠣᠷᠣᠮᠵᠢᠯᠠᠭᠳᠠᠬᠤ ᠬᠠᠷᠠᠰᠠᠯᠲᠤ ᠬᠤᠪᠢ ᠵᠠᠶᠠᠭ᠎ᠠ ᠶᠢ ᠲᠦᠢᠯᠪᠤᠷᠢᠲᠠᠶ ᠬᠤᠪᠢᠷᠠᠭᠤᠯᠵᠥ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠶ ᠵᠠᠮ ᠢᠶᠠᠷ ᠵᠠᠮᠨᠠᠵᠤ ᠡᠬᠢᠯᠡᠪᠡ ᠃ 70 ᠭᠠᠷᠤᠢ ᠵᠢᠯ ᠤᠨ ᠲᠤᠷᠰᠢ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠲᠡᠮᠡᠴᠡᠵᠦ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭ᠎ᠠ ᠲᠣᠭᠲᠠᠭᠤᠨ  ᠪᠠᠶᠢᠬᠤ  ᠭᠠᠶᠢᠬᠠᠮᠰᠢᠭ  ᠢ  ᠡᠭᠦᠳᠴᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠡᠦᠬᠡ ᠪᠣᠯ ᠳᠠᠷᠤᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠴᠢᠩ ᠦᠨᠡᠨᠴᠢ ᠪᠠᠷ ᠪᠦᠯᠬᠦᠮᠳᠡᠵᠦ᠂ ᠬᠠᠮᠲᠤ ᠪᠠᠷ ᠲᠡᠮᠡᠴᠡᠵᠦ᠂ ᠤᠯᠤᠰ ᠣᠷᠣᠨ ᠤ ᠴᠡᠴᠡᠭᠯᠡᠨ ᠬᠦᠴᠦᠷᠬᠡᠭᠵᠢᠭᠰᠡᠨ ᠲᠡᠤᠬᠡ ᠶᠢᠨ ᠲᠥᠯᠥᠭᠡ ᠴᠢᠷᠮᠠᠶᠢᠬᠰᠠᠨ ᠳᠡᠥᠬᠡ︔ ᠪᠠᠰᠠ ᠴᠦ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠬᠠᠮᠲᠤ ᠪᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠰᠡᠨ ᠲᠡᠦᠬᠡ ᠪᠣᠯᠤᠨ᠎ᠠ ᠬᠡᠭᠴᠢ ᠨᠢ ᠢᠯᠡ ᠳᠤᠳᠤ ᠪᠠᠶᠢᠳᠠᠭ᠃     ᠡᠷᠲᠡᠨ ᠤ ᠬᠢ ᠶᠢ ᠮᠡᠳᠡᠵᠥ ᠡᠳᠦᠭᠡᠬᠢ ᠶᠢ ᠴᠡᠬᠡᠷᠯᠡᠬᠦ ᠨᠢ ᠲᠦᠷᠦ ᠶᠢᠨ ᠶᠠᠪᠤᠳᠠᠯ ᠳᠤ ᠲᠤᠰᠠᠯᠠᠵᠤ ᠬᠥᠮᠦᠨ ᠢ ᠬᠥᠮᠦᠵᠢᠭᠦᠯᠵᠦ ᠴᠢᠳᠠᠨ᠎ᠠ᠂ ᠲᠡᠦᠬᠡ ᠶᠢ ᠡᠷᠭᠢᠴᠡᠭᠦᠯᠪᠡᠯ ᠢᠷᠡᠭᠡᠳᠦᠢ ᠪᠠᠨ ᠬᠦᠷᠢᠶᠡᠯᠡᠵᠦ ᠪᠣᠯᠤᠨ᠎ᠠ᠃ 1949 ᠣᠨ ᠤ 9 ᠰᠠᠷ᠎ᠠ ᠶᠢᠨ ᠰᠡᠭᠦᠯᠴᠢ ᠪᠠᠷ᠂ ᠤᠯᠤᠰ ᠤᠨ ᠳᠣᠲᠣᠭᠠᠳᠤ ᠶᠢᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢᠳ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠶᠡᠭᠡ ᠦᠢᠯᠡᠰ ᠢ ᠬᠠᠮᠲᠤ ᠪᠠᠷ ᠴᠣᠭᠴᠠᠯᠠᠪᠠ︔ 1951 ᠣᠨ ᠤ ᠰᠢᠨ᠎ᠡ ᠵᠢᠯ ᠤᠨ ᠰᠢᠨ᠎ᠡ ᠶᠢᠨ ᠨᠢᠭᠡᠨ ᠳᠤ᠂ ᠶᠦᠨᠨᠠᠨ ᠤ 26 ᠦᠨᠳᠦᠰᠦᠲᠡᠨ ᠤ ᠲᠥᠯᠥᠭᠡᠯᠡᠭᠴᠢᠳ ᠠᠨᠳᠠᠭᠠᠶᠢᠯᠠᠵᠤ᠄ ︽ᠡᠭᠦᠨ ᠠᠴᠠ ᠬᠤᠶᠢᠰᠢ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠡᠴᠦᠰ ᠲᠤᠨᠢ ᠲᠤᠯᠲᠠᠯ᠎ᠠ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷ᠎ᠠ᠂ ᠡᠷᠬᠡ ᠲᠡᠭᠰᠢ ᠡᠷᠬᠡ ᠴᠢᠯᠥᠭᠡᠲᠡᠶ ᠵᠣᠯ ᠵᠢᠷᠭᠠᠯ ᠲᠠᠢ ᠳᠤᠮᠤ ᠭᠡᠷ ᠪᠦᠯᠢ ᠶᠢ ᠪᠠᠶᠢᠭᠤᠯᠬᠤ ᠶᠢᠨ ᠲᠥᠯᠥᠭᠡ ᠲᠡᠮᠡᠴᠡᠵᠡᠭᠡᠶ᠎ᠡ︕︾ ᠬᠡᠰᠡᠨ ᠬᠦᠰᠢᠶ᠎ᠡ ᠪᠤᠰᠬᠠᠪᠠ᠃ ᠲᠡᠤᠬᠡ ᠪᠣᠯ ᠬᠠᠮᠤᠭ ᠤᠨ ᠰᠠᠶᠢᠨ ᠬᠢᠴᠢᠶᠡᠯ ᠤᠨ ᠪᠢᠴᠢᠭ ᠮᠥᠨ᠂ 70 ᠭᠠᠷᠤᠶ ᠵᠢᠯ ᠤᠨ ᠲᠤᠷᠰᠢ ᠡᠯ᠎ᠡ ᠦᠨᠳᠦᠰᠦᠲᠡᠨ ᠤ ᠠᠬ᠎ᠠ ᠳᠡᠭᠦᠤ ᠨᠠᠷ ᠭᠠᠷ ᠭᠠᠷ ᠢᠶᠠᠨ ᠬᠤᠯᠪᠣᠨ ᠮᠥᠷᠥ ᠵᠡᠷᠭᠡᠴᠡᠵᠤ᠂ ᠪᠦᠯᠬᠦᠮᠳᠡᠨ ᠨᠢᠭᠲᠠᠷᠠᠵᠤ ᠬᠠᠮᠲᠤ ᠪᠠᠷ ᠴᠢᠷᠮᠠᠶᠢᠨ ᠲᠡᠮᠡᠴᠡᠭᠰᠡᠨ  ᠦᠢᠯᠡᠳᠦᠯᠭᠡ ᠰᠦᠪᠡᠭᠴᠢᠯᠡᠯᠲᠡ ᠶᠢ ᠭᠦᠨᠵᠡᠭᠡᠶ ᠣᠶᠢᠯᠠᠭᠠᠪᠠᠯ ᠳᠠᠷᠤᠶ ᠥᠨᠥᠳᠦᠷ ᠤᠨ ᠵᠣᠯ ᠵᠢᠷᠭᠠᠯ ᠬᠠᠮᠢᠭ᠎ᠠ ᠠᠴᠠ ᠢᠷᠡᠭᠰᠡᠨ᠂ ᠰᠠᠶᠢᠨ ᠰᠠᠶᠢᠬᠠᠨ ᠮᠠᠷᠭᠠᠰᠢ ᠶᠢ ᠬᠡᠷᠬᠢᠨ ᠡᠭᠦᠳᠬᠦ ᠶᠢ ᠨᠠᠩ ᠲᠣᠳᠣᠷᠬᠠᠶ ᠮᠡᠳᠡᠬᠦ ᠪᠣᠯᠤᠨ᠎ᠠ᠃ ᠰᠢᠨ᠎ᠡ ᠠᠶᠠᠨ ᠵᠠᠮ ᠳᠡᠭᠡᠷ᠎ᠡ᠂ ᠦᠨᠳᠦᠰᠦᠲᠡᠨ ᠤ ᠪᠦᠯᠬᠦᠮᠳᠡᠯ ᠤᠨ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠪᠤᠰᠬᠠᠬᠤ ᠬᠦᠴᠦᠨ ᠢ ᠨᠢᠭᠲᠠᠷᠠᠭᠤᠯᠪᠠᠯ ᠪᠢᠳᠡᠨ ᠳᠤ ᠳᠠᠪᠠᠵᠤ ᠳᠡᠶᠢᠯᠬᠦ ᠦᠭᠡᠢ ᠬᠦᠴᠢᠷ ᠠᠰᠠᠭᠤᠳᠠᠯ᠂ ᠰᠢᠢᠳᠪᠦᠷᠢᠯᠡᠵᠤ ᠳᠡᠶᠢᠯᠬᠦ ᠦᠭᠡᠢ ᠬᠦᠴᠢᠷ ᠪᠡᠷᠬᠡᠰᠢᠶᠡᠯ᠂ ᠪᠡᠶᠡᠯᠡᠭᠦᠯᠵᠦ ᠳᠡᠶᠢᠯᠬᠦ ᠦᠭᠡᠢ ᠦᠢᠯᠡᠰ ᠭᠡᠵᠦ ᠪᠠᠶᠢᠬᠤ ᠦᠭᠡᠢ ᠶᠤᠮ᠃     70 ᠭᠠᠷᠤᠢ ᠵᠢᠯ ᠤᠨ ᠠᠮᠵᠢᠯᠲᠠ ᠣᠮᠣᠭᠰᠢᠭᠤᠰᠢᠲᠠᠢ ᠶᠤᠮ᠂ 70 ᠭᠠᠷᠤᠢ ᠵᠢᠯ ᠤᠨ ᠲᠤᠷᠰᠢᠯᠭ᠎ᠠ ᠶᠢ ᠨᠡᠩ ᠴᠤ ᠴᠡᠭᠡᠵᠢᠯᠡᠬᠦ ᠬᠡᠷᠡᠭᠲᠡᠢ᠃ ᠲᠡᠤᠬᠡ ᠶᠢᠨ ᠪᠠᠶᠢᠳᠠᠯ ᠢ ᠡᠷᠭᠢᠴᠡᠭᠦᠯᠪᠡᠯ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠤᠪᠢ ᠵᠠᠶᠠᠭ᠎ᠠ ᠶᠡᠷᠦ ᠠᠴᠠ ᠨᠢᠭᠲᠠ ᠬᠤᠯᠪᠣᠯᠳᠤᠵᠤ ᠪᠠᠶᠢᠳᠠᠭ ᠭᠡᠳᠡᠭ ᠢ ᠪᠢᠳᠡ ᠨᠠᠩ ᠭᠦᠨᠵᠡᠭᠡᠶ ᠣᠶᠢᠯᠠᠭᠠᠵᠤ ᠮᠡᠳᠡᠨ᠎ᠠ᠂ ᠤᠯᠤᠰ ᠣᠷᠣᠨ ᠬᠦᠴᠦᠷᠬᠡᠭᠵᠢᠵᠦ᠂ ᠦᠨᠳᠦᠰᠦᠲᠡᠨ ᠬᠦᠴᠦᠷᠬᠡᠭᠵᠢᠬᠦ ᠪᠣᠯ ᠬᠥᠮᠦᠨ ᠨᠢᠭᠡ ᠪᠦᠷᠢ ᠶᠢᠨ ᠣᠷᠣᠰᠢᠨ ᠲᠣᠭᠲᠠᠨᠢᠬᠤ᠂ ᠬᠥᠭᠵᠢᠬᠦ ᠪᠠ ᠨᠡᠷ᠎ᠡ ᠬᠦᠨᠳᠦ ᠪᠠᠨ ᠬᠠᠮᠠᠭᠠᠯᠠᠬᠤ ᠶᠢᠨ ᠦᠨᠳᠦᠰᠦᠨ ᠪᠠᠲᠤᠯᠠᠭ᠎ᠠ ᠮᠥᠨ᠃ ᠣᠳᠣᠬᠠᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠳᠤᠮᠳᠠᠳᠤ ᠶᠢᠨ ᠦᠨᠳᠦᠰᠦᠲᠡᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠥᠭᠵᠢᠯᠲᠡ ᠶᠢᠨ ᠴᠠᠭ ᠦᠶ᠎ᠡ ᠶᠢ ᠤᠭᠲᠤᠨ ᠠᠪᠴᠢᠷᠠᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠪᠢᠳᠡ ᠲᠡᠦᠬᠡ ᠶᠢᠨ ᠡᠷᠬᠢᠮ ᠨᠠᠨᠳᠢᠨ ᠲᠤᠷᠰᠢᠯᠭ᠎ᠠ ᠠᠴᠠ ᠬᠦᠴᠦᠨ ᠴᠢᠳᠠᠯ ᠣᠯᠵᠤ᠂ ᠤᠯᠤᠰ ᠤᠷᠤᠨ ᠢᠶᠠᠨ ᠨᠢᠭᠡ ᠴᠣᠭᠴᠠ ᠪᠤᠯᠭᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠰᠡᠳᠬᠢᠯᠭᠡ ᠶᠢ ᠪᠤᠢ ᠪᠤᠯᠭᠠᠬᠤ ᠬᠡᠷᠡᠭᠲᠡᠢ︔ ᠪᠦᠬᠦ ᠳᠤᠮᠳᠠᠳᠤ ᠶᠢᠨ ᠬᠥᠪᠡᠭᠦᠳ ᠥᠬᠢᠳ ᠨᠢᠭᠡ ᠰᠡᠳᠬᠢᠯ ᠨᠢᠭᠡ ᠵᠣᠷᠢᠭ ᠢᠶᠠᠷ᠂ ᠨᠢᠭᠡ ᠰᠡᠳᠬᠢᠯ ᠨᠢᠭᠡ ᠴᠢᠭᠯᠡᠯ ᠢᠶᠠᠷ ᠬᠦᠴᠦᠯᠡᠨ ᠴᠢᠷᠮᠠᠶᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠬᠠᠮᠲᠤ ᠪᠠᠷ ᠲᠡᠮᠡᠴᠡᠵᠦ᠂ ᠬᠠᠮᠳᠦ ᠪᠠᠷ ᠢᠷᠠᠭᠤ ᠠᠯᠳᠠᠷ ᠢ ᠡᠳ᠋ᠯᠡᠶ᠎ᠠ᠃     ᠲᠡᠦᠬᠡ ᠪᠣᠯ ᠨᠢᠭᠡᠨ ᠵᠤᠵᠠᠭᠠᠨ ᠨᠣᠮ ᠶᠤᠮ᠂ ᠤᠶᠤᠨ ᠤᠬᠠᠭᠠᠨ ᠢ ᠰᠢᠩᠭᠡᠭᠡᠭᠰᠡᠨ ᠢᠶᠠᠷ ᠪᠠᠷᠠᠬᠤ ᠦᠭᠡᠢ ᠪᠠᠰᠠ ᠬᠦᠴᠦᠨ ᠴᠢᠳᠠᠯ ᠢ ᠴᠤ ᠨᠢᠭᠲᠠᠷᠠᠭᠤᠯᠵᠤ ᠪᠠᠶᠢᠳᠠᠭ᠃ ᠰᠢᠨ᠎ᠡ ᠳᠤᠮᠳᠠᠳᠤ ᠤᠯᠤᠰ ᠤᠨ 70 ᠭᠠᠷᠤᠶ ᠵᠢᠯ ᠤᠨ ᠭᠡᠷᠡᠯ ᠰᠠᠴᠤᠷᠠᠩᠭᠤᠶ ᠲᠡᠤᠬᠡ ᠰᠢᠷᠭᠠᠭᠤ ᠬᠠᠲᠠᠭᠤᠵᠢᠯᠲᠠᠶ ᠲᠡᠮᠡᠴᠡᠯ ᠪᠣᠯᠤᠨ ᠠᠭᠤᠤ ᠶᠡᠭᠡ ᠠᠮᠵᠢᠯᠲᠠ ᠶᠢ ᠲᠡᠮᠳᠡᠭᠯᠡᠵᠦ᠂ ᠭᠡᠷᠡᠯ ᠰᠠᠴᠤᠷᠠᠩᠭᠤᠶ ᠣᠨᠣᠯ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠲᠡᠮᠳᠡᠭᠯᠡᠵᠦ ᠪᠠᠶᠢᠳᠠᠭ᠂ ᠡᠨᠡ ᠪᠤᠯ ᠪᠢᠳᠡᠨ ᠤ ᠤᠷᠤᠭᠰᠢᠯᠠᠨ ᠳᠠᠪᠰᠢᠬᠤ ᠶᠢᠨ ᠬᠠᠮᠤᠭ ᠤᠨ ᠰᠠᠶᠢᠨ ᠰᠢᠮ᠎ᠡ ᠲᠡᠵᠢᠭᠡᠯ ᠪᠣᠯᠤᠨ᠎ᠠ᠃ ᠲᠡᠤᠬᠡ ᠠᠴᠠ ᠰᠡᠩᠬᠡᠷᠡᠭᠦᠯᠦᠭᠰᠡᠨ ᠠᠭᠤᠤ ᠶᠡᠭᠡ ᠦᠨᠡᠨ ᠶᠣᠰᠣ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠪᠦᠯᠬᠦᠮᠳᠡᠨ ᠨᠢᠭᠡᠳᠴᠦ᠂ ᠵᠠᠮ ᠨᠡᠭᠡᠭᠡᠨ ᠤᠷᠤᠭᠰᠢᠯᠠᠪᠠᠯ ᠮᠠᠨ ᠤ ᠰᠢᠨ᠎ᠡ ᠴᠠᠭ ᠦᠶ᠎ᠡ ᠶᠢᠨ ᠡᠷᠡᠮᠡᠬᠡᠶᠢᠯᠡᠨ ᠤᠷᠤᠭᠰᠢᠯᠠᠬᠤ ᠠᠯᠬᠤᠭ᠎ᠠ ᠯᠠᠪᠳᠠᠶ᠎ᠠ ᠨᠡᠩ ᠯᠠᠪᠳᠠᠭᠤᠨ ᠪᠥᠭᠡᠳ ᠢᠳᠡᠷᠡᠭᠦᠨ ᠳᠣᠷᠪᠢᠲᠠᠢ ᠪᠣᠯᠬᠤ ᠶᠤᠮ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号