ᠰᠤᠷᠭᠠᠨ ᠬᠦᠮᠤᠵᠢᠯ ᠢ ᠴᠢᠨᠠᠷᠯᠢᠭ ᠡᠷᠬᠢᠯᠡᠵᠤ ᠠᠷᠠᠳ ᠳᠦᠮᠡᠨ ᠢ ᠬᠠᠨᠤᠮᠵᠢᠳᠠᠢ ᠪᠠᠶᠢᠯᠭᠠᠨ᠎ᠡ
ᠨᠡᠶᠢᠲᠡᠯᠡᠭᠰᠡᠨ ᠴᠠᠭ᠄
2020/10/19
    ︽ᠰᠢᠨ᠎ᠡ ᠰᠤᠷᠭᠠᠭᠤᠯᠢ ᠶᠢᠨ ᠬᠦᠷᠢᠶᠡᠨ ᠤ ᠶᠡᠷᠦᠩᠬᠡᠢ ᠲᠠᠯᠠᠪᠠᠢ ᠨᠢ16 ᠲᠦᠮᠡᠨ ᠬᠠᠪᠳᠠᠭᠠᠢ ᠳᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 9.5 ᠲᠦᠮᠡᠨ ᠬᠠᠪᠳᠠᠭᠠᠢ ᠲᠦᠷᠪᠡᠯᠵᠢᠨ ᠮᠧᠲᠷ ᠪᠠᠶᠢᠵᠦ᠂ ᠡᠨᠡ ᠵᠢᠯ ᠤᠨ 3 ᠰᠠᠷ᠎ᠠ ᠳᠤ ᠪᠠᠷᠢᠯᠭ᠎ᠠ ᠡᠬᠢᠯᠡᠵᠦ᠂ 2021 ᠤᠨ ᠤ 9 ᠰᠠᠷ᠎ᠠ ᠶᠢᠨ 1 ᠤ ᠡᠳᠦᠷ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠦ ᠪᠠᠶᠢᠨ᠎ᠠ᠃ ᠰᠢᠨ᠎ᠡ ᠰᠤᠷᠭᠠᠭᠤᠯᠢ ᠶᠢᠨ ᠬᠦᠷᠢᠶᠡᠨ ᠤ ᠬᠠᠳᠠᠭᠤ ᠲᠤᠨᠤᠭ ᠤᠨ ᠪᠦᠲᠦᠭᠡᠨ ᠪᠠᠶᠢᠭᠤᠯᠤᠯᠲᠠ ᠨᠢ ᠪᠦᠬᠦ ᠠᠶᠢᠮᠠᠭ᠂ ᠪᠦᠬᠦ ᠤᠷᠤᠨ ᠴᠠᠭᠠᠰᠢᠯᠠᠭᠠᠳ ᠪᠦᠬᠦ ᠤᠯᠤᠰ ᠤᠨ ᠲᠡᠷᠢᠬᠦᠨ ᠤ ᠲᠦᠪᠰᠢᠨ ᠳᠤ ᠬᠦᠷᠴᠦ᠂ ᠠᠰᠢᠭᠯᠠᠯᠳᠠ ᠳᠤ ᠤᠷᠤᠭᠰᠠᠨ ᠤ ᠳᠠᠷᠠᠭ᠎ᠠ ᠰᠤᠷᠭᠠᠭᠤᠯᠢ ᠡᠷᠬᠢᠯᠡᠬᠦ ᠨᠦᠬᠦᠴᠡᠯ  ᠶᠡᠭᠡᠪᠡᠷ ᠰᠠᠶᠢᠵᠢᠷᠠᠨ᠂ ᠮᠠᠨ ᠤ ᠠᠶᠢᠮᠠᠭ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠰᠠᠭᠤᠷᠢ ᠲᠦᠭᠦᠭᠡᠷᠦᠮᠵᠢ ᠶᠢ ᠶᠡᠬᠡᠬᠡᠨ ᠰᠠᠶᠢᠵᠢᠷᠠᠭᠤᠯᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ᠂ ᠰᠤᠷᠭᠠᠭᠤᠯᠢ ᠶᠢᠨ ᠬᠠᠮᠢᠶᠠᠷᠤᠯᠳᠠ ᠵᠡᠷᠭᠡ ᠲᠠᠯ ᠎ᠠ ᠪᠠᠷ ᠰᠢᠨ᠎ᠡ ᠨᠢᠬᠡᠨ ᠲᠡᠭᠲᠡᠷ ᠲᠤ ᠭᠠᠷᠬᠤ ᠪᠤᠯᠤᠨ᠎ᠠ︾ ᠬᠡᠵᠦ ᠠᠶᠢᠮᠠᠭ ᠤᠨ ᠮᠤᠩᠭᠤᠯ ᠲᠤᠮᠳᠠᠳᠤ ᠰᠤᠷᠭᠠᠭᠤᠯᠢ ᠶᠢᠨ ᠵᠠᠬᠢᠷᠤᠯ ᠡᠩᠬᠡᠵᠢᠷᠭᠠᠯ ᠤᠢᠢᠷ᠎ᠠ ᠳᠤ ᠪᠠᠭᠰᠢ ᠰᠤᠷᠤᠭᠴᠢᠳ ᠲᠠᠢ ᠪᠠᠨ ᠬᠠᠮᠲᠤ ᠰᠢᠨ᠎ᠡ ᠰᠤᠷᠭᠠᠭᠤᠯᠢ ᠶᠢᠨ ᠬᠦᠷᠢᠶ᠎ᠡ ᠪᠠᠷ ᠲᠤᠭᠤᠷᠢᠨ ᠦᠵᠡᠬᠦ ᠳᠤ ᠪᠠᠨ ᠶᠠᠷᠢᠵᠦ ᠪᠠᠶᠢᠯ᠎ᠠ᠃     ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠮᠠᠨ ᠤ ᠠᠶᠢᠮᠠᠭ ᠰᠤᠷᠭᠠᠨ ᠬᠦᠮᠦᠵᠢᠯ ᠤᠨ ᠠᠵᠢᠯ ᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠬᠦ ᠪᠠᠷ ᠬᠠᠷᠠᠯᠳᠠ ᠪᠤᠯᠭᠠᠨ᠂ ᠦᠭᠡᠷᠡᠴᠢᠯᠡᠯᠲᠡ ᠰᠢᠨᠡᠴᠢᠯᠡᠯᠲᠡ ᠪᠠᠷ ᠬᠦᠳᠡᠯᠭᠡᠬᠦᠷ ᠪᠤᠯᠭᠠᠵᠤ᠂ ᠰᠤᠷᠭᠠᠨ ᠬᠦᠮᠦᠵᠢᠯ ᠤᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠬᠦᠯᠤᠨ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠤᠰᠤᠨ ᠡᠬᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ᠤᠳᠤᠬᠢᠴᠢᠯᠠᠭᠰᠠᠨ ᠴᠢᠳᠠᠪᠤᠷᠢ ᠶᠢ ᠲᠡᠭᠡᠭᠰᠢᠯᠡᠬᠦᠯᠵᠤ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠡᠩᠴᠡᠬᠦᠷᠢᠲᠡᠢ ᠬᠦᠭᠵᠢᠬᠦᠯᠵᠤ᠂ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠦᠢᠯᠡᠰ ᠢᠯᠡᠷᠭᠡᠢ ᠦᠷ᠎ᠠ ᠪᠦᠲᠦᠮᠵᠢ ᠤᠯᠪᠠ᠃     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠭᠡᠮᠡᠯᠵᠢᠬᠦᠯᠵᠤ᠂ ᠪᠦᠬᠦ ᠠᠶᠢᠮᠠᠭ ᠲᠤ ᠰᠢᠨ᠎ᠠ ᠪᠠᠷ ᠪᠠᠶᠢᠭᠤᠯᠤᠭᠰᠠᠨ᠂ ᠰᠢᠯᠵᠢᠬᠦᠯᠦᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠠᠯᠪᠠᠨ ᠤ ᠭᠡᠤᠭᠡᠳ ᠤᠨ ᠴᠡᠴᠡᠷᠯᠢᠭ 31 ᠪᠠᠶᠢᠵᠤ᠂ 21 ᠬᠢᠨᠠᠠ ᠵᠦᠪᠰᠢᠶᠡᠷᠡᠬᠦᠯᠦᠭᠰᠡᠨ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ᠂ 24 ᠲᠦᠭᠡᠮᠡᠯ ᠬᠠᠷᠠᠭᠠᠯᠵᠠᠯ ᠤᠨ ᠴᠢᠨᠠᠷᠳᠠᠢ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠪᠠᠶᠢᠵᠤ᠂ 12330 ᠰᠤᠷᠤᠭᠴᠢ ᠶᠢᠨ ᠤᠷᠤᠨ ᠪᠠᠶᠢᠷᠢ ᠲᠠᠢ ᠪᠤᠯᠵᠤ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠬᠤ ᠨᠤᠷᠮ᠎ᠠ 92.5% ᠬᠦᠷᠴᠤ᠂ 2015 ᠤᠨ ᠠᠴᠠ 2.48 ᠵᠠᠭᠤᠨ ᠤ ᠨᠢᠭᠡᠴᠢ ᠪᠠᠷ ᠨᠡᠮᠡᠭᠲᠡᠵᠡᠢ᠃ ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠲᠤ ᠰᠠᠭᠤᠭ᠎ᠠ ᠬᠡᠤᠭᠡᠳ ᠤᠨ ᠡᠵᠡᠯᠡᠬᠦ ᠬᠠᠷᠢᠴᠠᠯ 72.44% ᠬᠦᠷᠴᠤ᠂ ᠲᠦᠭᠡᠮᠡᠯ ᠬᠠᠷᠠᠭᠠᠯᠵᠠᠯ ᠤᠨ ᠴᠢᠨᠠᠷᠳᠠᠢ ᠭᠡᠤᠭᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ 89.1% ᠬᠦᠷᠴᠡᠢ᠃     ᠠᠯᠪᠠᠨ ᠵᠢᠷᠦᠮ ᠤᠨ ᠰᠤᠷᠭᠠᠨ ᠬᠦᠮᠦᠵᠢᠯ ᠢ ᠲᠡᠩᠴᠡᠬᠦᠷᠢᠲᠠᠢ ᠬᠦᠭᠵᠢᠬᠦᠯᠵᠤ᠂ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠵᠠᠷᠤᠳᠠᠯ ᠢ ᠪᠠᠳᠤᠯᠠᠬᠤ ᠲᠤᠭᠳᠠᠴᠠ ᠶᠢ ᠲᠡᠬᠦᠯᠲᠡᠷᠵᠢᠬᠦᠯᠵᠤ᠂ ᠰᠤᠷᠤᠭᠴᠢ ᠪᠤᠯᠭᠠᠨ ᠵᠢᠯ ᠪᠦᠷᠢ ᠪᠠᠭ᠎ᠠ ᠰᠤᠷᠭᠠᠭᠤᠯᠢ ᠶᠢᠨ 600 ᠲᠦᠬᠦᠷᠢᠭ᠂ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠶᠢᠨ 800 ᠲᠦᠬᠦᠷᠢᠭ ᠤᠨ ᠵᠠᠷᠤᠳᠠᠯ ᠤᠨ ᠰᠠᠭᠤᠷᠢ ᠲᠤᠭ᠎ᠠ ᠶᠢ ᠲᠤᠭᠳᠠᠭᠠᠬᠤ ᠶᠢᠨ ᠬᠠᠮᠳᠤ ᠬᠦᠳᠡᠯᠦᠩᠬᠦᠢ ᠲᠤᠬᠢᠷᠠᠭᠤᠯᠤᠯᠳᠠ ᠬᠢᠵᠤ ᠪᠠᠶᠢᠨ᠎ᠠ︔ ᠪᠠᠶᠢᠷᠢ ᠲᠠᠢ ᠰᠤᠷᠭᠠᠭᠤᠯᠢ ᠪᠠ ᠦᠨᠳᠤᠰᠤᠲᠡᠨ ᠤ ᠰᠤᠷᠭᠠᠭᠤᠯᠢ ᠶᠢᠨ ᠠᠯᠪᠠᠨ ᠤ ᠵᠠᠷᠤᠳᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠲᠤᠬᠢᠷᠠᠮᠵᠢᠳᠠᠢ ᠲᠡᠭᠡᠭᠰᠢᠯᠡᠬᠦᠯᠵᠤ ᠪᠠᠶᠢᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠪᠠᠭ᠎ᠠ ᠰᠤᠷᠭᠠᠭᠤᠯᠢ ᠳᠤ ᠤᠷᠤᠬᠤ ᠨᠤᠷᠮ᠎ᠠ 100% ᠬᠦᠷᠴᠤ᠂ ᠶᠢᠰᠦᠨ ᠵᠢᠯ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠪᠠᠬᠢᠵᠢᠯᠳᠠ ᠶᠢᠨ ᠨᠤᠷᠮ᠎ᠠ 93.7% ᠬᠦᠷᠴᠤ᠂ ᠦᠪᠡᠷᠲᠡᠭᠡᠨ ᠵᠠᠰᠠᠬᠤ ᠤᠷᠤᠨ ᠤ ᠲᠤᠮᠳᠠᠴᠢ ᠭᠡᠮᠵᠢᠭᠲᠡᠯ ᠠᠴᠠ 0.49 ᠵᠠᠭᠤᠨ ᠤ ᠨᠢᠭᠡᠴᠢ ᠦᠨᠳᠤᠷ ᠪᠤᠯᠪᠠ᠃     ᠡᠩ ᠤᠨ ᠦᠨᠳᠤᠷ ᠲᠤᠮᠳᠠᠳᠤ ᠶᠢᠨ ᠰᠤᠷᠭᠠᠨ ᠬᠦᠮᠦᠵᠢᠯ ᠢ ᠴᠢᠨᠠᠷ ᠰᠠᠶᠢᠳᠠᠢ ᠬᠦᠭᠵᠢᠬᠦᠯᠵᠤ᠂ ᠰᠢᠯᠢᠳᠡᠭ ᠡᠬᠢ ᠪᠠᠶᠠᠯᠢᠭ ᠢ ᠦᠷᠭᠡᠳᠭᠡᠨ᠂ ᠪᠦᠬᠦ ᠠᠶᠢᠮᠠᠭ ᠤᠨ ᠬᠤᠶᠠᠳᠤᠭᠠᠷ ᠤᠳᠠᠭᠠᠨ ᠤ ᠡᠩ ᠤᠨ ᠦᠨᠳᠤᠷ ᠲᠤᠮᠳᠠᠳᠤ ᠰᠤᠷᠭᠠᠭᠤᠯᠢ ᠶᠢᠨ ᠶᠠᠰᠤ ᠴᠢᠨᠠᠷ ᠢ ᠲᠡᠭᠡᠭᠰᠢᠯᠡᠬᠦᠯᠬᠦ ᠲᠦᠯᠦᠪᠯᠡᠭᠡ ᠶᠢ ᠠᠮᠵᠢᠯᠳᠠᠳᠠᠢ ᠪᠠᠶᠡᠯᠡᠬᠦᠯᠬᠦ ᠶᠢᠨ ᠬᠠᠮᠳᠤ ᠪᠦᠬᠦ ᠠᠶᠢᠮᠠᠭ ᠤᠨ ᠡᠩ ᠤᠨ ᠦᠨᠳᠤᠷ ᠲᠤᠮᠳᠠᠳᠤ ᠰᠤᠷᠭᠠᠭᠤᠯᠢ ᠳᠤ ᠤᠯᠤᠰ ᠪᠠ ᠦᠪᠡᠷᠲᠡᠭᠡᠨ ᠵᠠᠰᠠᠬᠤ ᠤᠷᠤᠨ ᠤ ᠱᠠᠭᠠᠷᠳᠠᠭᠰᠠᠨ ᠬᠢᠴᠢᠶᠠᠯ ᠢ ᠨᠡᠭᠡᠭᠡᠬᠦ ᠶᠢᠨ ᠬᠠᠮᠳᠤ ᠬᠦᠳᠡᠯᠮᠦᠷᠢ᠂ ᠰᠤᠳᠤᠯᠭᠠᠨ ᠦᠢᠯᠡᠳᠦᠯᠭᠡ ᠶᠢᠨ ᠬᠢᠴᠢᠶᠠᠯᠯᠡᠭᠡ ᠶᠢ ᠠᠬᠢᠭᠤᠯᠵᠠᠢ᠃ 2019 ᠤᠨ ᠬᠦᠷᠲᠡᠯ᠎ᠠ᠂ ᠮᠠᠨ ᠤ ᠠᠶᠢᠮᠠᠭ ᠤᠨ ᠡᠩ ᠤᠨ ᠦᠨᠳᠤᠷ ᠲᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ 94.38% ᠬᠦᠷᠴᠠᠢ᠃     ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠡᠮᠬᠢ ᠵᠢᠷᠦᠮ ᠲᠠᠢ ᠲᠦᠯᠬᠢᠨ ᠠᠬᠢᠭᠤᠯᠵᠤ᠂ ᠪᠡᠭᠡᠵᠢᠩ ᠤᠨ ᠴᠠᠩ ᠫᠢᠩ ᠤᠨ ᠠᠵᠢᠯ ᠮᠡᠷᠭᠡᠵᠢᠯ ᠤᠨ ᠰᠤᠷᠭᠠᠭᠤᠯᠢ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠤ᠂ ᠰᠢᠯᠢᠳᠡᠭ ᠰᠤᠷᠭᠠᠭᠤᠯᠢ ᠶᠢᠨ ᠵᠠᠬᠢᠷᠤᠯ᠂ ᠭᠤᠤᠯᠯᠠᠭᠴᠢ ᠺᠠᠳ᠋ᠷ᠂ ᠭᠤᠤᠯᠯᠠᠭᠴᠢ ᠪᠠᠭᠰᠢ ᠵᠡᠷᠭᠡ 6 ᠲᠠᠯ᠎ᠠ ᠶᠢᠨ ᠴᠢᠳᠠᠪᠤᠷᠢᠳᠠᠨ ᠬᠦᠮᠦᠵᠢᠬᠦᠯᠬᠦ ᠢᠨᠵᠧᠨᠧᠷᠢᠩ ᠢ ᠭᠡᠷᠡᠭᠵᠢᠬᠦᠯᠵᠡᠢ︔ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ︽ᠨᠢᠭᠡ ᠪᠠᠷ ᠬᠤᠶᠠᠷ ᠢ ᠲᠡᠭᠠᠭᠤᠯᠬᠤ︾ ᠬᠠᠪᠰᠤᠷᠤᠨ ᠲᠡᠳᠬᠦᠬᠦ ᠦᠢᠯᠡᠳᠦᠯ ᠢ ᠪᠠᠳᠠᠷᠠᠭᠤᠯᠵᠤ᠂ ᠰᠢᠯᠤᠭᠤᠨ ᠬᠦᠪᠡᠭᠡᠳᠤ ᠴᠠᠭᠠᠨ ᠬᠤᠰᠢᠭᠤ᠂ ᠬᠦᠪᠡᠭᠡᠲᠦ ᠰᠢᠷ᠎ᠠ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠪᠠ᠃     ᠦᠨᠳᠤᠰᠤᠲᠡᠨ ᠤ ᠰᠤᠷᠭᠠᠨ ᠬᠦᠮᠦᠵᠢᠯ ᠢ ᠤᠷᠢᠳ ᠢᠶᠠᠷ ᠬᠦᠭᠵᠢᠭᠦᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ 24 ᠦᠨᠳᠤᠰᠤᠲᠡᠨ ᠤ ᠰᠤᠷᠭᠠᠨ ᠬᠦᠮᠦᠵᠢᠯ ᠤᠨ ᠰᠤᠳᠤᠨ ᠰᠤᠷᠭᠠᠭᠤᠯᠢ ᠶᠢ ᠪᠠᠶᠢᠭᠤᠯᠵᠤ᠂ ᠮᠤᠩᠭᠤᠯ ᠢᠶᠠᠷ ᠬᠢᠴᠢᠶᠠᠯᠯᠡᠬᠦ ᠰᠤᠷᠭᠠᠭᠤᠯᠢ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠲᠠᠰᠤᠭ︾ ᠢ 30 ᠪᠠᠶᠢᠭᠤᠯᠵᠤ᠂ 32 ᠦᠨᠳᠤᠰᠤᠲᠡᠨ ᠤ ᠲᠤᠮᠳᠠᠳᠤ ᠪᠠᠭ᠎ᠠ ᠰᠤᠷᠭᠠᠭᠤᠯᠢ ᠳᠤ ᠰᠢᠨᠵᠢᠯᠡᠬᠦ ᠤᠬᠠᠭᠠᠨ ᠤ ᠰᠢᠨ᠎ᠡ ᠡᠭᠦᠳᠦᠯᠳᠡ ᠶᠢᠨ ᠠᠵᠢᠯᠯᠠᠭᠠᠨ ᠤ ᠲᠠᠰᠤᠭ ᠲᠤᠬᠢᠷᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠤ ᠰᠡᠬᠦᠯᠴᠢ ᠪᠤᠯᠬᠤ ᠳᠤ ᠰᠤᠳᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠠ ᠶᠢᠨ ᠨᠤᠷᠮ᠎ᠠ 100% ᠬᠦᠷᠴᠡᠢ᠃ ᠦᠨᠳᠤᠰᠤᠲᠡᠨ ᠤ ᠰᠤᠷᠭᠠᠨ ᠬᠦᠮᠦᠵᠢᠯ ᠤᠨ ᠮᠤᠩᠭᠤᠯ ᠢᠶᠠᠷ ᠬᠢᠴᠢᠶᠠᠯᠯᠡᠬᠦ ᠰᠤᠷᠭᠠᠭᠤᠯᠢ ᠶᠢᠨ ᠨᠠᠰᠤᠨ ᠠᠴᠠ ᠡᠮᠤᠨᠡᠬᠢ ᠭᠤᠷᠪᠠᠨ ᠵᠢᠯ ᠪᠠ ᠦᠨᠳᠤᠷ ᠲᠤᠮᠳᠠᠳᠤ ᠶᠢᠨ ᠱᠠᠳᠤᠨ ᠤ ᠰᠤᠷᠭᠠᠭᠤᠯᠢ ᠳᠤ ᠤᠷᠤᠬᠤ ᠨᠤᠷᠮ᠎ᠠ ᠲᠤᠰᠪᠤᠷᠢ 94% ᠪᠠ 97% ᠬᠦᠷᠴᠤ᠂ ᠪᠦᠬᠦ ᠤᠷᠤᠨ ᠤ ᠦᠨᠳᠤᠰᠤᠲᠡᠨ ᠤ ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠪᠰᠢᠨ ᠢ ᠲᠡᠭᠡᠭᠰᠢᠯᠡᠬᠦᠯᠬᠦ ᠢᠨᠵᠧᠨᠧᠷᠢᠩ ᠢ ᠰᠢᠯᠭᠠᠨ ᠦᠨᠡᠯᠡᠬᠦ ᠦᠷ᠎ᠠ ᠳ᠋ᠦᠩ ᠳᠤ ᠮᠠᠨ ᠤ ᠠᠶᠢᠮᠠᠭ ᠲᠦᠷᠦᠬᠦᠯᠡᠪᠡ᠃     ᠤᠨᠴᠠᠭᠠᠢ ᠰᠤᠷᠭᠠᠨ ᠬᠦᠮᠦᠵᠢᠯ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ 19 ᠤᠨᠴᠠᠭᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠠᠰᠤᠭ ᠢ ᠰᠢᠨ᠎ᠠ ᠪᠠᠷ ᠪᠠᠶᠢᠭᠤᠯᠵᠤ᠂ 4 ᠤᠨᠴᠠᠭᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠦᠪ ᠢ ᠪᠠᠶᠢᠭᠤᠯᠵᠤ᠂ ᠵᠡᠮᠳᠡᠭ ᠭᠡᠤᠭᠡᠳ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ 94.63% ᠬᠦᠷᠴᠤ᠂ 2015 ᠤᠨ ᠠᠴᠠ 11.53 ᠵᠠᠭᠤᠨ ᠤ ᠨᠢᠭᠡᠴᠢ ᠪᠠᠷ ᠨᠡᠮᠡᠭᠲᠡᠵᠡᠢ᠃     ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠮᠠᠨ ᠤ ᠠᠶᠢᠮᠠᠭ ᠰᠤᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠠᠢ᠃ ᠮᠠᠨ ᠤ ᠠᠶᠢᠮᠠᠭ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠬᠠᠷᠠᠯᠳᠠ ᠡᠬᠦᠷᠭᠡ ᠶᠢᠨ ᠲᠤᠭᠤᠷᠢᠨ ᠳᠤ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠮᠳᠠᠬᠢ ᠵᠢᠯᠤᠭᠤᠳᠬᠤ ᠴᠢᠨᠠᠷᠳᠠᠢ ᠦᠢᠯᠡᠳᠦᠯ᠂ ᠰᠠᠭᠤᠷᠢ ᠴᠢᠨᠠᠷᠳᠠᠢ ᠦᠢᠯᠡᠳᠦᠯ ᠢ ᠬᠦᠢᠴᠡᠳ ᠪᠠᠳᠠᠷᠠᠭᠤᠯᠵᠤ᠂ ᠶᠠᠳᠠᠭᠤ ᠬᠦᠴᠢᠷᠲᠡᠯᠲᠡᠢ ᠬᠤᠰᠢᠭᠤ ᠰᠢᠶᠠᠨ ᠤᠨᠴᠠᠭᠠᠢᠢᠯᠠᠨ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢ ᠲᠦᠷᠭᠡᠳᠭᠡᠬᠦ ᠶᠢ ᠴᠢᠬᠤᠯᠠ ᠡᠬᠦᠷᠭᠡ ᠪᠤᠯᠭᠠᠵᠤ᠂ ᠪᠦᠬᠦ ᠠᠶᠢᠮᠠᠭ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠮᠠᠯᠵᠢᠬᠤ ᠲᠠᠷᠢᠶᠠᠯᠠᠬᠤ ᠤᠷᠤᠨ ᠤ ᠪᠠᠶᠢᠷᠢ ᠲᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢᠯᠡᠳᠲᠡ ᠰᠠᠶᠢᠵᠢᠷᠠᠵᠤ᠂ ᠪᠦᠬᠦᠨ ᠢᠶᠠᠷ ᠢᠶᠠᠨ ᠰᠤᠷᠭᠠᠭᠤᠯᠢ ᠡᠷᠬᠢᠯᠡᠬᠦ ᠨᠦᠬᠦᠴᠡᠯ ᠪᠠᠷᠢᠮᠵᠢᠶ᠎ᠠ ᠳᠤ ᠬᠦᠷᠴᠡᠢ᠃ ᠡᠯ᠎ᠡ ᠲᠦᠷᠦᠯ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠷᠠᠯ ᠬᠦᠴᠢᠷᠲᠡᠯᠲᠡᠢ ᠰᠤᠷᠤᠭᠴᠢ ᠶᠢ ᠲᠡᠳᠬᠦᠬᠦ ᠶᠢ ᠪᠦᠷᠬᠦᠬᠦᠯᠵᠤ᠂ 2016 ᠤᠨ ᠠᠴᠠ ᠨᠠᠭᠠᠰᠢ᠂ ᠪᠦᠬᠦ ᠠᠶᠢᠮᠠᠭ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠠᠮᠢᠳᠤᠷᠠᠯ ᠬᠦᠴᠢᠷᠲᠡᠯᠲᠡᠢ ᠰᠤᠷᠤᠭᠴᠢ ᠶᠢᠨ ᠰᠤᠷᠤᠯᠭ᠎ᠠ ᠶᠢᠨ ᠲᠡᠳᠬᠦᠮᠵᠢ ᠶᠢᠨ ᠪᠡᠯᠡ ᠮᠦᠩᠬᠦ 1291 ᠲᠦᠮᠡᠨ ᠲᠦᠬᠦᠷᠢᠭ ᠬᠦᠷᠴᠤ᠂ 48635 ᠬᠦᠮᠦᠨ ᠤᠳᠠᠭ᠎ᠠ ᠳᠤ ᠠᠰᠢᠭ ᠬᠦᠷᠲᠡᠭᠡᠵᠤ᠂ ᠡᠬᠦᠨ ᠳᠤ ᠲᠠᠩᠰᠠᠯᠠᠭᠰᠠᠨ ᠠᠮᠢᠳᠤᠷᠠᠯ ᠬᠦᠴᠢᠷᠲᠡᠯᠲᠡᠢ ᠰᠤᠷᠤᠭᠴᠢ 9756 ᠬᠦᠮᠦᠨ ᠤᠳᠠᠭ᠎ᠠ ᠬᠦᠷᠴᠤ᠂ ᠰᠤᠷᠤᠯᠭ᠎ᠠ ᠶᠢᠨ ᠲᠡᠳᠬᠦᠮᠵᠢ ᠶᠢᠨ ᠪᠡᠯᠡ ᠮᠦᠩᠬᠦ 603 ᠲᠦᠮᠡᠨ ᠲᠦᠬᠦᠷᠢᠭ ᠬᠦᠷᠴᠡᠢ
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号