ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠯᠠᠭᠠᠨᠮᠦᠴᠢᠷ 
ᠨᠡᠶᠢᠲᠡᠯᠡᠭᠰᠡᠨ ᠴᠠᠭ᠄
2020/10/22
    ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠯᠠᠭᠠᠨᠮᠦᠴᠢᠷ ᠨᠢ 1958 ᠤᠨ ᠳᠤ ᠪᠠᠶᠢᠭᠤᠯᠤᠭᠳᠠᠵᠤ᠂ ᠠᠩᠬ᠎ᠠ ᠪᠠᠶᠢᠭᠤᠯᠤᠭᠳᠠᠬᠤ ᠳᠠᠭᠠᠨ ︽ᠤᠳᠬ᠎ᠠ ᠤᠷᠠᠯᠢᠭ ᠤᠬᠠᠭᠤᠯᠬᠤ ᠪᠦᠯᠬᠦᠮ  ︾ ᠭᠡᠵᠦ ᠨᠡᠷᠡᠶᠢᠳᠴᠣ  ᠂1963 ᠤᠨ ᠳᠤ ᠵᠢᠩᠬᠢᠨᠢ ᠤᠯᠠᠭᠠᠨᠮᠦᠴᠢᠷ ᠭᠡᠵᠦ ᠨᠡᠷᠡᠯᠡᠭᠰᠡᠨ ᠪᠠᠶᠢᠨ᠎ᠠ᠃ ᠤᠳᠤ  ᠪᠦᠯᠬᠦᠮ ᠨᠢ ᠵᠢᠩᠬᠢᠨᠢ ᠠᠵᠢᠯ ᠤᠨ ᠪᠠᠶᠢᠷᠢ ᠳᠡᠭᠡᠷ᠎ᠡ 43 ᠠᠵᠢᠯᠳᠠᠨ ᠲᠠᠢ ᠪᠠᠶᠢᠵᠤ᠂ 2017 ᠤᠨ ᠳᠤ ᠰᠢᠨ᠎ᠡ ᠶᠡᠷᠣᠩᠭᠡᠶᠢᠯᠡᠭᠰᠡᠨ ᠪᠤᠯᠪᠠᠰᠤᠷᠠᠯ ᠤᠨ ᠭᠡᠷ ᠪᠠᠶᠢᠭᠤᠯᠵᠤ᠂  ᠶᠡᠷᠦᠩᠬᠡᠶᠢᠯᠡᠭᠰᠡᠨ ᠪᠤᠯᠪᠠᠰᠤᠷᠠᠯ ᠤᠨ  ᠦᠷᠦᠭᠡ ᠬᠤᠶᠠᠷ᠂ ᠪᠦᠵᠢᠭ ᠤᠨ ᠪᠤᠯᠪᠠᠰᠤᠷᠠᠯ ᠤᠨ ᠦᠷᠦᠭᠡ᠂ ᠳᠠᠭᠤᠨ ᠤ ᠪᠤᠯᠪᠠᠰᠤᠷᠠᠯ ᠤᠨ ᠦᠷᠦᠭᠡ᠂ ᠬᠦᠭᠵᠢᠮ ᠤᠨ ᠪᠤᠯᠪᠠᠰᠤᠷᠠᠯ ᠤᠨ ᠦᠷᠦᠭᠡ᠂ ᠠᠯᠪᠠᠨ ᠭᠡᠷ᠂ ᠬᠤᠪᠴᠠᠰᠤ ᠬᠤᠷᠢᠶᠠᠬᠤ ᠦᠷᠦᠭᠡ ᠵᠡᠷᠭᠡ ᠲᠠᠯᠠᠪᠠᠢ ᠨᠢ 2000 ᠲᠡᠭᠰᠢ ᠳᠦᠷᠪᠡᠯᠵᠢᠨ ᠮᠧᠲᠷ ᠂  ᠵᠦᠴᠦᠭᠡ ᠶᠢᠨ ᠲᠢᠶᠠᠲᠷ ᠤᠨ ᠲᠠᠯᠠᠪᠠᠢ 640 ᠲᠡᠭᠰᠢ ᠳᠦᠷᠪᠡᠯᠵᠢᠨ ᠮᠧᠲᠷ ᠪᠠᠶᠢᠵᠤ 258 ᠬᠦᠮᠦᠨ ᠤ ᠰᠠᠭᠤᠳᠠᠯ ᠲᠠᠢ ᠪᠠᠶᠢᠳᠠᠭ  ᠃     ᠡᠨᠡ ᠬᠦ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠤ ᠴᠡᠷᠢᠭ ᠬᠡᠮᠡᠬᠦ ᠤᠷᠠᠯᠢᠭ ᠤᠨ ᠪᠦᠯᠬᠦᠮ ᠨᠢ᠂  ᠲᠤᠭᠯᠠᠬᠤ᠂ ᠤᠳᠤᠷᠢᠳᠬᠤ᠂ ᠤᠬᠠᠭᠤᠯᠬᠤ᠂  ᠵᠤᠬᠢᠶᠠᠨ ᠪᠦᠲᠦᠭᠡᠬᠦ ᠵᠡᠷᠭᠡ ᠤᠯᠠᠨ ᠲᠠᠯ᠎ᠠ ᠶᠢ ᠨᠢᠭᠡᠳᠬᠡᠵᠦ᠂ ᠲᠠᠰᠤᠷᠠᠯᠲᠠ ᠦᠭᠡᠢ ᠰᠢᠨ᠎ᠡ ᠤᠷᠠᠨ ᠪᠦᠲᠦᠭᠡᠯ  ᠭᠠᠷᠭᠠᠵᠤ᠂ ᠨᠤᠲᠤᠭ ᠤᠷᠤᠨ ᠤ ᠤᠨᠴᠠᠯᠢᠭᠲᠤ ᠳᠠᠭᠤ ᠪᠦᠵᠢᠭ᠂ ᠵᠦᠴᠦᠭᠡ ᠵᠡᠷᠭᠡ ᠤᠯᠠᠨ ᠰᠠᠶᠢᠬᠠᠨ ᠰᠤᠳᠤᠨ ᠪᠦᠲᠦᠭᠡᠯ ᠢᠶᠠᠨ ᠠᠷᠠᠳ ᠲᠦᠮᠡᠨ ᠤ ᠎ ᠬᠢ ᠪᠠᠨ ᠳᠤᠮᠳᠠ ᠬᠦᠷᠭᠡᠵᠦ᠂ ᠠᠷᠠᠳ ᠲᠦᠮᠡᠨ ᠤ ᠬᠢ ᠪᠠᠨ ᠬᠠᠯᠠᠭᠤᠨ ᠬᠦᠷᠢᠶᠡᠯᠡᠯ ᠮᠠᠭᠲᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃     ᠤᠯᠠᠭᠠᠨᠮᠦᠴᠢᠷ ᠨᠢ ᠪᠠᠶᠢᠭᠤᠯᠣᠭᠳᠠᠭᠰᠠᠨ ᠴᠠᠭ ᠠᠴᠠ ᠪᠠᠨ ᠤᠳᠤ ᠬᠦᠷᠲᠡᠯ᠎ᠡ᠂ ᠠᠷᠠᠳ ᠲᠦᠮᠡᠨ ᠤ ᠪᠠᠨ ᠲᠣᠮᠳᠠ ᠬᠦᠨᠵᠡᠭᠡᠶᠢᠷᠡᠵᠣ᠂ ᠵᠤᠬᠢᠶᠠᠨ ᠪᠦᠲᠦᠭᠡᠬᠦ ᠲᠠᠯ᠎ᠠ ᠪᠠᠷ ᠠᠮᠵᠢᠯᠲᠠ ᠭᠠᠷᠭᠠᠵᠤ᠂ ᠤᠷᠤᠨ ᠠᠶᠢᠮᠠᠭ ᠤᠨ ᠤᠯᠠᠨ ᠤᠳᠠᠭᠠᠨ ᠤ ᠤᠯᠠᠭᠠᠨᠮᠦᠴᠢᠷ ᠤᠨ ᠤᠷᠠᠯᠢᠭ ᠤᠨ ᠨᠠᠶᠢᠷ ᠲᠤ 20 ᠭᠠᠷᠤᠢ ᠤᠳᠠᠭᠠᠨ ᠤ ᠠᠶᠢᠮᠠᠭ ᠤᠨ ᠳᠡᠰ ᠤᠨ ᠱᠠᠩᠨᠠᠯ  ᠬᠦᠬᠢᠬᠦᠯᠦᠯ᠂ 8 ᠤᠳᠠᠭᠠᠨ ᠤ ᠤᠷᠤᠨ ᠤ ᠳᠡᠰ ᠤᠨ ᠱᠠᠩᠨᠠᠯ ᠬᠦᠬᠢᠬᠦᠯᠦᠯ᠂ 1ᠤᠳᠠᠭᠠᠨ ᠤ ᠤᠯᠤᠰ ᠤᠨ ᠠᠷᠠᠳ ᠤᠨ ᠶᠠᠪᠤᠳᠠᠯ᠂ ᠰᠤᠶᠤᠯ ᠤᠨ ᠲᠤᠪᠴᠢᠶᠠᠨ ᠤ ᠬᠦᠬᠢᠬᠦᠯᠦᠯ ᠢ ᠬᠦᠷᠲᠡᠭᠰᠡᠨ ᠪᠠᠶᠢᠨ᠎ᠠ᠃ ᠳᠡᠭᠡᠷ᠎ᠡ ᠵᠠᠭᠤᠨ ᠤ ᠨᠠᠶᠠᠭᠠᠳ ᠤᠨ ᠤ ᠡᠬᠢᠨ ᠳᠤ ᠮᠠᠨ ᠤ ᠤᠯᠠᠭᠠᠨᠮᠦᠴᠢᠷ ᠤᠨ ᠦᠪᠡᠷ ᠢᠶᠠᠨ ᠨᠠᠶᠢᠷᠠᠭᠤᠯᠵᠤ ᠵᠤᠬᠢᠶᠠᠨ  ᠪᠦᠲᠦᠭᠡᠨ ᠲᠤᠭᠯᠠᠭᠰᠠᠨ ︽ᠭᠠᠩᠲᠤᠯᠭ᠎ᠠ︾ ᠭᠡᠮᠡᠬᠦ ᠵᠦᠴᠦᠭᠡ ᠨᠢ ᠤᠷᠤᠨ ᠤ ᠵᠤᠬᠢᠶᠠᠨ ᠪᠦᠲᠦᠭᠡᠬᠦ ᠬᠠᠮᠤᠭ ᠲᠤᠮᠤ ᠱᠠᠩᠨᠠᠯ ︽ᠰᠠᠷᠠᠨ᠎ᠠ︾ ᠱᠠᠩᠨᠠᠯ ᠢ ᠲᠣᠰᠴᠠᠢ᠃ 1981ᠤᠨ ᠳᠤ ᠪᠦᠬᠦ ᠤᠷᠤᠨ ᠤ ᠤᠯᠠᠭᠠᠨᠮᠦᠴᠢᠷ ᠢ ᠲᠦᠯᠦᠭᠡᠯᠡᠵᠦ ᠪᠡᠭᠡᠵᠢᠩ᠂ ᠬᠦᠬᠡᠬᠤᠲᠠ᠂ ᠵᠡᠭᠦᠨ ᠳᠦᠷᠪᠡᠨ ᠠᠶᠢᠮᠠᠭ ᠢᠶᠠᠷ 130 ᠭᠠᠷᠣᠢ ᠡᠳᠦᠷ ᠤᠨ ᠲᠤᠭᠤᠷᠢᠨ ᠲᠤᠭᠯᠠᠯᠲᠠ ᠬᠢᠵᠦ᠂ ᠤᠯᠤᠰ ᠤᠷᠤᠨ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠦᠨᠳᠦᠷ ᠦᠨᠡᠯᠡᠯᠲᠡ ᠶᠢ  ᠣᠯᠪᠠ᠃  ᠮᠦᠨ ᠴᠤ ᠪᠠᠶᠢᠭᠤᠯᠣᠭᠳᠠᠭᠰᠠᠨ ᠴᠠᠭ ᠠᠴᠠ ᠤᠳᠤ ᠬᠦᠷᠲᠡᠯ᠎ᠡ ᠨᠡᠶᠢᠲᠡ100 ᠭᠠᠷᠤᠢ ᠪᠦᠲᠦᠭᠡᠯ ᠨᠢ ᠱᠠᠩᠨᠠᠯ ᠲᠤᠰᠴᠤ᠂ ︽ᠭᠠᠩᠲᠤᠯᠭ᠎ᠠ︾᠂ ︽ᠲᠠᠯ᠎ᠠ ᠨᠤᠲᠤᠭ ᠤᠨ ᠡᠮᠡᠭᠲᠡᠢ ᠠᠷᠠᠳ ᠤᠨ ᠴᠡᠷᠢᠭ  ︾  ᠂ ᠲᠠᠪᠤᠨ ᠲᠠᠯᠠᠪᠠᠢ ᠳᠠᠭᠤᠯᠠᠯᠲᠤ ᠵᠦᠴᠦᠭᠡ ︽ᠴᠠᠬᠠᠷ ᠨᠠᠢᠮᠠᠨ ᠬᠤᠰᠢᠭᠤ︾᠂ ᠶᠠᠷᠢᠶᠠᠲᠤ ᠵᠦᠴᠦᠭᠡ ︽ᠵᠤᠰᠠᠭᠠᠯ ᠳᠡᠭᠡᠷ᠎ᠡ  ︾᠂ ᠳᠠᠭᠤᠤ ᠪᠦᠵᠢᠭᠲᠦ ᠵᠦᠴᠦᠭᠡ ︽ᠦᠷ ᠤᠨ ᠳᠤᠯᠤᠩ︾᠂ ︽ᠠᠰᠠᠷ︾᠂ ᠦᠪᠡᠷᠲᠡᠭᠡᠨ ᠵᠤᠬᠢᠶᠠᠨ ᠪᠦᠲᠦᠭᠡᠭᠰᠡᠨ ᠮᠤᠩᠭᠤᠯ ᠵᠦᠴᠦᠭᠡ ︽ᠠᠭᠠᠷᠴᠠᠨ ᠴᠢᠯᠠᠭᠤ︾ ᠵᠡᠷᠭᠡ ᠤᠯᠠᠨ ᠠᠷᠪᠢᠨ ᠰᠢᠯᠢᠳᠡᠭ ᠪᠦᠲᠦᠭᠡᠯ ᠨᠦᠭᠦᠳ ᠪᠤᠢ᠃      ᠵᠦᠴᠦᠭᠡ  ︽ᠮᠢᠩᠭᠠᠲᠤ  ︾᠎ ᠨᠢ ᠠᠷᠪᠠᠳᠤᠭᠠᠷ ᠤᠳᠠᠭᠠᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠲᠤ ᠰᠢᠯᠢᠳᠡᠭ ᠵᠤᠬᠢᠶᠠᠨ ᠪᠦᠲᠦᠭᠡᠭᠰᠡᠨ ᠱᠠᠩᠨᠠᠯ ᠪᠤᠯᠤᠨ ᠰᠢᠯᠢᠳᠡᠭ ᠵᠦᠴᠦᠭᠡ ᠶᠢᠨ ᠱᠠᠩᠨᠠᠯ ᠢ ᠲᠤᠰᠴᠤ᠂ 8 ᠰᠠᠷ᠎ᠠ ᠳᠤ ᠰᠢᠯᠢ ᠶᠢᠨ ᠭᠤᠤᠯ ᠤᠨ ᠤᠯᠠᠭᠠᠨᠮᠦᠴᠢᠷ ᠤᠨ ᠨᠠᠶᠢᠷ ᠤᠨ ᠠᠩᠬᠠᠨ ᠤ ᠬᠦᠰᠢᠭᠡ ᠶᠢ ᠰᠡᠬᠦᠵᠦ᠂ ᠮᠦᠨᠴᠣ ᠵᠡᠭᠦᠨ ᠳᠦᠷᠪᠡᠨ ᠠᠶᠢᠮᠠᠭ ᠢᠶᠠᠷ ᠲᠤᠭᠤᠷᠢᠨ ᠲᠤᠭᠯᠠᠯᠲᠠ ᠬᠢᠵᠦ ᠦᠵᠡᠭᠴᠢ ᠲᠦᠮᠡᠨ ᠤ ᠮᠠᠭᠲᠠᠭᠠᠯ ᠰᠠᠶᠢᠰᠢᠶᠠᠯ ᠢ ᠬᠦᠷᠳᠡᠵᠠᠢ᠃ 2014 ᠤᠨ ᠤ 7 ᠰᠠᠷ᠎ᠠ ᠳᠤ ᠪᠦᠵᠢᠭᠲᠦ ᠵᠦᠴᠦᠭᠡ ︽ᠮᠢᠩᠭᠠᠲᠤ︾᠎ ᠨᠢ ᠠᠷᠪᠠᠨ ᠬᠤᠶᠠᠳᠤᠭᠠᠷ ᠤᠳᠠᠭᠠᠨ ᠤ ᠪᠦᠬᠦ ᠤᠷᠤᠨ ᠤ     ︽ᠲᠠᠪᠦ‍ ᠨᠢᠭᠡ ᠢᠨᠵᠧᠨᠧᠷᠢᠩ︾᠎ ᠤᠨ ᠱᠠᠩᠨᠠᠯ ᠤᠨ ᠲᠣᠰᠣᠭᠰᠠᠨ ᠪᠠᠶᠢᠨ᠎ᠠ᠃ 2016 ᠤᠨ ᠳᠤ ᠵᠤᠬᠢᠶᠠᠨ ᠪᠦᠲᠦᠭᠡᠭᠰᠡᠨ ︽ᠠᠮᠢᠳᠤᠷᠠᠯ ᠤᠨ ᠵᠠᠮ︾ ᠭᠡᠬᠦ ᠬᠤᠱᠤᠩ ᠵᠦᠴᠦᠭᠡ ᠨᠢ ᠪᠦᠬᠦ ᠤᠷᠤᠨ ᠤ ᠠᠷᠪᠠᠨ ᠭᠤᠷᠪᠠᠳᠣᠭᠠᠷ ᠤᠳᠠᠭᠠᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠲᠤ ᠰᠢᠯᠢᠳᠡᠭ ᠵᠦᠴᠦᠭᠡ ᠪᠠᠷ ᠲᠤᠳᠤᠷᠠᠵᠤ᠂ ᠰᠢᠯᠢᠳᠡᠭ ᠲᠤᠭᠯᠠᠭᠴᠢ᠂ ᠰᠢᠯᠢᠳᠡᠭ ᠤᠳᠤᠷᠢᠳᠤᠭᠠᠴᠢ ᠶᠢᠨ ᠱᠠᠩᠨᠠᠯ ᠢ ᠲᠤᠰᠴᠠᠢ᠃ 2017 ᠤᠨ ᠳᠤ ᠵᠦᠴᠦᠭᠡ ︽ᠬᠤᠩᠬᠤᠨ ᠬᠡᠯᠬᠢᠶ᠎ᠡ︾᠎ ᠨᠢ ᠤᠷᠤᠨ ᠤ ᠳᠡᠰ ᠤᠨ ᠠᠩᠬᠠᠳᠤᠭᠠᠷ ᠤᠳᠠᠭᠠᠨ ᠤ ᠮᠤᠩᠭᠤᠯ ᠵᠦᠴᠦᠭᠡ᠂ ᠬᠤᠱᠤᠩ ᠱᠤᠭ ᠤᠨ ᠦᠵᠡᠬᠦᠯᠦᠯᠭᠡ ᠳᠤ ᠤᠷᠤᠯᠴᠠᠵᠤ᠂ ᠰᠢᠯᠢᠳᠡᠭ ᠵᠦᠴᠦᠭᠡ ᠶᠢᠨ ᠱᠠᠩᠨᠠᠯ ᠢ ᠲᠤᠰᠤᠭᠰᠠᠨ ᠪᠠᠶᠢᠨ᠎ᠠ᠃ 2017 ᠤᠨ ᠤ 11 ᠰᠠᠷ᠎ᠠ ᠶᠢᠨ 21᠎ ᠳᠤ ᠶᠡᠷᠦᠩᠬᠡᠢ ᠱᠦᠵᠢ ᠰᠢ ᠵᠢᠩ ᠫᠢᠩ ᠰᠦᠨᠢᠳ ᠪᠠᠷᠠᠭᠤᠨ ᠬᠤᠰᠢᠭᠤᠨ ᠤ ᠤᠯᠠᠭᠠᠨᠮᠦᠴᠢᠷ ᠲᠤ ᠬᠠᠷᠢᠭᠤ ᠵᠠᠬᠢᠳᠠᠯ ᠢᠯᠡᠭᠡᠵᠦ᠂ ᠤᠭ ᠰᠠᠨᠠᠭ᠎ᠠ ᠪᠠᠨ ᠦᠯᠦ ᠮᠠᠷᠲᠠᠨ᠂ ᠠᠷᠠᠳ ᠲᠦᠮᠡᠨ ᠳᠤ ᠦᠢᠯᠡᠴᠢᠯᠡᠵᠦ᠂ ᠦᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠤ ᠴᠡᠷᠢᠭ ᠬᠡᠮᠡᠬᠦ ᠢᠷᠠᠭᠤ ᠠᠯᠳᠠᠷ ᠢᠶᠠᠨ ᠡᠷᠭᠦᠨ ᠭᠠᠪᠰᠢᠭᠠᠶᠢᠯᠠᠬᠤ ᠶᠢ ᠨᠠᠶᠢᠳᠠᠭᠰᠠᠨ ᠪᠠᠶᠢᠨ᠎ᠠ᠂ ᠡᠶᠢᠮᠦ ᠠᠴᠠ ᠮᠠᠨ ᠤ ᠤᠯᠠᠭᠠᠨᠮᠦᠴᠢᠷ ᠨᠢ ᠴᠤ ᠭᠡᠰᠡᠨ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠣᠭᠤᠰᠢᠯᠠᠭᠤᠯᠬᠤ ᠡᠭᠦᠳᠡᠨ ᠠᠴᠠ ᠴᠢᠷᠮᠠᠶᠢᠨ ᠠᠵᠢᠯᠯᠠᠵᠤ᠂ ᠰᠢᠨ᠎ᠡ ᠤᠷᠠᠨ ᠪᠦᠲᠦᠭᠡᠯ ᠭᠠᠷᠭᠠᠵᠤ᠂ ᠠᠷᠠᠳ ᠲᠦᠮᠡᠨ ᠳᠡᠭᠡᠨ ᠬᠦᠷᠭᠡᠨ ᠭᠠᠪᠰᠢᠭᠠᠶᠢᠯᠠᠨ ᠠᠵᠢᠯᠯᠠᠵᠤ ᠪᠠᠶᠢᠨ᠎ᠠ᠃ 2018 ᠤᠨ ᠳᠤ ᠦᠪᠡᠷ ᠢᠶᠠᠨ ᠵᠤᠬᠢᠶᠠᠨ ᠪᠦᠲᠦᠭᠡᠭᠰᠡᠨ ᠵᠦᠴᠦᠭᠡ ︽ᠭᠡᠨᠡᠳᠲᠡ ᠶᠢᠨ ᠪᠡᠯᠡᠭ︾᠎ ᠨᠢ ᠠᠷᠪᠠᠨ ᠲᠠᠪᠤᠳᠤᠭᠠᠷ ᠤᠳᠠᠭᠠᠨ ᠤ ᠪᠦᠬᠦ ᠤᠷᠤᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠎ ᠤᠨ ᠮᠤᠩᠭᠤᠯ ᠬᠢᠲᠠᠳ ᠬᠡᠯᠡᠨ ᠤ ᠵᠦᠴᠦᠭᠡ ᠶᠢᠨ ᠦᠵᠡᠭᠦᠯᠦᠯᠭᠡ ᠳᠤ ᠰᠢᠯᠢᠳᠡᠭ ᠵᠦᠴᠦᠭᠡ ᠶᠢᠨ ᠱᠠᠩᠨᠠᠯ ᠢ ᠲᠤᠰᠤᠭᠰᠠᠨ ᠪᠠᠶᠢᠨ᠎ᠠ᠃ 2019 ᠤᠨ ᠳᠤ  ᠲᠡᠦᠬᠡ ᠶᠢᠨ  ᠪᠤᠳᠠᠲᠤ ᠤᠴᠢᠷ  ᠠᠴᠠ ᠰᠡᠳᠦᠪᠯᠡᠨ ᠦᠪᠡᠷ ᠢᠶᠠᠨ ᠵᠤᠬᠢᠶᠠᠨ ᠪᠦᠲᠦᠭᠡᠭᠰᠡᠨ ᠮᠤᠩᠭᠤᠯ ᠵᠦᠴᠦᠭᠡ ︽ᠠᠭᠠᠷᠴᠠᠨ ᠴᠢᠯᠠᠭᠤ︾᠎ ᠨᠢ᠂ ᠪᠦᠬᠦ ᠠᠶᠢᠮᠠᠭ ᠤᠨ ᠤᠯᠠᠭᠠᠨᠮᠦᠴᠢᠷ ᠤᠨ ᠤᠷᠠᠯᠢᠭ ᠤᠨ ᠨᠠᠶᠢᠷ ᠲᠤ ᠠᠯᠲᠠᠨ‌ᠮᠧᠳᠠᠯ ᠬᠦᠷᠲᠡᠵᠦ᠂ ᠵᠤᠬᠢᠶᠠᠭᠴᠢ ᠬᠠᠩᠭᠢᠨ ᠨᠠᠰᠤᠨ᠋ᠥ᠌ᠯᠵᠡᠢ ᠰᠢᠯᠢᠳᠡᠭ ᠵᠤᠬᠢᠶᠠᠨ ᠪᠦᠲᠦᠭᠡᠭᠰᠡᠨ ᠱᠠᠩᠨᠠᠯ᠂ ᠲᠡᠷᠭᠡᠯ᠂ ᠨᠠᠷᠠᠰᠤ ᠰᠢᠯᠢᠳᠡᠭ ᠤᠳᠤᠷᠢᠳᠤᠭᠠᠴᠢ ᠶᠢᠨ ᠱᠠᠩᠨᠠᠯ᠂ ᠲᠤᠭᠯᠠᠭᠴᠢ ᠪᠠᠶᠠᠰᠤᠯ᠂ ᠨᠠᠷᠠᠰᠤ ᠰᠢᠯᠢᠳᠡᠭ ᠲᠤᠭᠯᠠᠭᠴᠢ ᠶᠢᠨ ᠱᠠᠩᠨᠠᠯ ᠬᠦᠷᠲᠡᠵᠡᠢ᠃ ᠮᠦᠨ ᠴᠤ ᠬᠤᠶᠠᠳᠤᠭᠠᠷ ᠤᠳᠠᠭᠠᠨ ᠤ ᠮᠤᠩᠭᠤᠯ ᠵᠦᠴᠦᠭᠡ᠂ ᠬᠤᠱᠤᠩ ᠵᠦᠴᠦᠭᠡ ᠶᠢᠨ ᠦᠵᠡᠭᠦᠯᠦᠯᠭᠡ ᠎ ᠳᠤ ᠰᠢᠯᠢᠳᠡᠭ ᠵᠦᠴᠦᠭᠡ ᠶᠢᠨ ᠱᠠᠩᠨᠠᠯ ᠬᠦᠷᠲᠡᠵᠦ᠂ ᠨᠠᠷᠠᠰᠤ᠂ ᠪᠠᠶᠠᠰᠤᠯ ᠰᠢᠯᠢᠳᠡᠭ ᠲᠤᠭᠯᠠᠭᠴᠢ ᠶᠢᠨ ᠱᠠᠩᠨᠠᠯ ᠢ ᠬᠦᠷᠲᠡᠭᠰᠡᠨ ᠪᠠᠶᠢᠨ᠎ᠠ᠃ ᠮᠦᠨ 9 ᠰᠠᠷ᠎ᠠ ᠳᠤ ᠠᠷᠪᠠᠨ ᠵᠢᠷᠭᠤᠳᠤᠭᠠᠷ ᠤᠳᠠᠭᠠᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ᠰᠢᠯᠢᠳᠡᠭ ᠵᠦᠴᠦᠭᠡ ᠶᠢᠨ ᠦᠵᠡᠭᠦᠯᠦᠯᠭᠡ ᠳᠤ  ᠬᠤᠶᠠᠷ ᠲᠠᠯᠠᠪᠠᠢ ᠲᠤᠭᠯᠠᠨ᠂ 2019 ᠤᠨ ᠤ  ︽ᠦᠪᠦᠷ ᠮᠤᠩᠭᠤᠯ ᠤᠷᠤᠨ ᠤ ᠲᠠᠶᠢᠰᠠᠨ ᠤ ᠪᠦᠲᠦᠭᠡᠯ  ᠤᠨ ᠰᠤᠩᠭᠤᠳᠠᠭ ᠢᠨᠵᠧᠨᠧᠷᠢᠩ︾᠎ ᠳᠤ ᠰᠤᠩᠭᠤᠭᠳᠠᠭᠰᠠᠨ ᠪᠠᠶᠢᠨ᠎ᠠ᠃ 2020 ᠤᠨ ᠪᠤᠯ ᠨᠢᠭᠡᠨ ᠶᠡᠷᠦ ᠪᠤᠰᠤ ᠶᠢᠨ ᠵᠢᠯ ᠪᠤᠯᠤᠨ᠎ᠠ᠂  ᠰᠢᠨ᠎ᠡ ᠤᠨ ᠢᠶᠠᠨ ᠤᠭᠲᠤᠨ ᠠᠪᠬᠤ ᠶᠢᠨ ᠵᠡᠷᠭᠡ ᠎ ᠪᠠᠷ ᠠᠶᠤᠮᠰᠢᠭᠲᠤ ᠬᠢᠵᠢᠭ ᠡᠪᠡᠳᠴᠢᠨ ᠳᠡᠯᠭᠡᠷᠡᠵᠦ᠂ ᠬᠦᠮᠦᠨ ᠪᠣᠯᠭᠠᠨ ᠰᠡᠳᠬᠢᠯ ᠲᠤᠭᠲᠠᠪᠤᠷᠢ ᠦᠭᠡᠢ ᠠᠶᠤᠨ ᠬᠡᠯᠮᠡᠭᠳᠡᠵᠦ᠂ ᠡᠨᠡᠬᠦ ᠤᠲᠤᠭ᠎ᠠ ᠦᠭᠡᠢ ᠳᠠᠶᠢᠨ ᠤ ᠲᠠᠯᠠᠪᠤᠷ ᠲᠤ ᠦᠬᠦᠬᠦ ᠠᠴᠠ ᠠᠶᠤᠬᠤ ᠦᠭᠡᠢ ᠠᠮᠢ ᠨᠠᠰᠤ ᠎ ᠪᠠᠷ ᠢᠶᠠᠨ ᠡᠷᠡᠯᠬᠡᠭᠯᠡᠨ ᠲᠡᠮᠡᠴᠡᠭᠰᠡᠨ ᠲᠡᠳᠡᠭᠡᠷ ᠡᠮᠴᠢ ᠰᠤᠪᠢᠯᠠᠭᠴᠢ᠂ ᠴᠡᠷᠢᠭ ᠴᠠᠭᠳᠠᠭ᠎ᠠ᠂ ᠺᠠᠳ᠋ᠷ ᠠᠵᠢᠯᠲᠠᠳ ᠵᠢᠴᠢ ᠰᠠᠶᠢᠨ ᠳᠤᠷᠠᠴᠤᠳ ᠢᠶᠠᠨ ᠪᠢᠳᠡ ᠬᠡᠵᠢᠶᠡᠳᠡ ᠮᠠᠷᠲᠠᠬᠤ ᠦᠭᠡᠢ᠂ ᠡᠨᠡᠬᠦ ᠪᠠᠶᠢᠳᠠᠯ ᠠᠴᠠ ᠰᠡᠳᠦᠪᠯᠡᠨ ᠮᠠᠨ ᠤ ᠤᠯᠠᠭᠠᠨᠮᠦᠴᠢᠷ ᠨᠢ ︽ᠦᠨᠦᠴᠢᠨ ᠴᠠᠭᠠᠨ ᠪᠤᠲᠤᠭᠤ︾ ᠬᠡᠮᠡᠬᠦ ᠵᠦᠴᠦᠭᠡ ᠶᠢ ᠵᠤᠬᠢᠶᠠᠨ ᠪᠦᠲᠦᠭᠡᠵᠦ  ᠲᠤᠭᠯᠠᠬᠤ ᠪᠠᠷ ᠪᠡᠯᠡᠬᠡᠨ ᠪᠤᠯᠤᠯ᠎ᠠ᠃     ᠤᠶᠢᠷ᠎ᠠ ᠶᠢᠨ ᠵᠢᠯ ᠤᠳ ᠲᠤ ᠮᠠᠨ ᠤ ᠤᠯᠠᠭᠠᠨᠮᠦᠴᠢᠷ ᠨᠢ ᠵᠢᠯ  ᠪᠣᠯᠭᠠᠨ100  ᠭᠠᠷᠤᠢ ᠲᠠᠯᠠᠪᠠᠢ ᠬᠦᠳᠡᠭᠡ ᠪᠠᠭᠤᠬᠤ ᠲᠤᠭᠯᠠᠯᠲᠠ ᠶᠢ ᠶᠠᠪᠤᠭᠳᠠᠭᠤᠯᠵᠤ᠂ ᠮᠦᠨ ᠴᠦ ᠤᠷᠤᠨ ᠤ ᠲᠣᠳᠣᠨ᠎ᠠ ᠭᠠᠳᠠᠨᠠᠬᠢ ᠤᠯᠠᠨ ᠠᠷᠪᠢᠨ ᠨᠡᠷᠡᠲᠦ ᠪᠠᠭᠰᠢ ᠨᠠᠷ ᠢ ᠤᠷᠢᠨ ᠵᠠᠯᠠᠵᠤ ᠲᠤᠭᠯᠠᠭᠴᠢᠳ ᠲᠠᠭᠠᠨ ᠲᠣᠰᠬᠠᠢ ᠮᠡᠷᠭᠡᠵᠢᠯ ᠤᠨ ᠪᠤᠯᠪᠠᠰᠤᠷᠠᠯ ᠬᠦᠷᠲᠡᠭᠡᠵᠦ᠂ ᠲᠤᠭᠯᠠᠭᠴᠢ  ᠪᠣᠯᠭᠠᠨ ᠤ ᠲᠣᠰᠬᠠᠢ ᠮᠡᠷᠭᠡᠵᠢᠯ  ᠪᠠ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠵᠦ ᠪᠠᠶᠢᠨ᠎ᠠ᠃     ᠤᠯᠠᠭᠠᠨᠮᠦᠴᠢᠷ ᠪᠤᠯ ᠲᠠᠯ᠎ᠠ ᠨᠤᠲᠤᠭ ᠤᠨ ᠬᠦᠩᠭᠡᠨ ᠮᠤᠷᠢᠲᠤ ᠴᠡᠷᠢᠭ᠂  ᠠᠷᠠᠳ ᠲᠦᠮᠡᠨ ᠳᠡᠭᠡᠨ ᠦᠢᠯᠡᠴᠢᠯᠡᠵᠦ᠂ ᠠᠷᠠᠳ ᠲᠦᠮᠡᠨ ᠤ ᠪᠠᠨ ᠲᠣᠮᠳᠠ ᠭᠦᠨᠵᠡᠭᠡᠶᠢᠷᠡᠵᠦ᠂ ᠰᠤᠳᠤᠨ ᠰᠠᠶᠢᠬᠠᠨ ᠤᠷᠠᠨ ᠪᠦᠲᠦᠭᠡᠯ ᠢᠶᠠᠨ ᠠᠷᠠᠳ ᠲᠦᠮᠡᠨ ᠳᠡᠭᠡᠨ ᠬᠦᠷᠭᠡᠨ  ᠴᠢᠷᠮᠠᠶᠢᠨ ᠠᠵᠢᠯᠯᠠᠬᠤ ᠪᠤᠯ ᠮᠠᠨ ᠤ  ᠲᠣᠭᠯᠠᠭᠴᠢ ᠪᠣᠯᠭᠠᠨ ᠤ ᠡᠭᠦᠷᠭᠡ ᠬᠠᠷᠢᠭᠤᠴᠠᠯᠭ᠎ᠠ  ᠪᠣᠯᠬᠤ ᠶᠣᠮ  ᠃
 
ᠢᠷᠡᠯᠲᠡ᠄ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号