ᠲᠣᠯᠣᠨ ᠨᠣᠣᠷ ᠰᠢᠶᠠᠨ ᠤ ᠤᠯᠠᠭᠠᠨᠮᠥ᠋ᠴᠢᠷ
ᠨᠡᠶᠢᠲᠡᠯᠡᠭᠰᠡᠨ ᠴᠠᠭ᠄
2020/10/27
    ᠨᠢᠭᠡ᠄    ᠦᠨᠳᠦᠰᠦᠨ ᠪᠠᠶᠢᠳᠠᠯ     ᠲᠣᠯᠣᠨ ᠨᠣᠣᠷ ᠰᠢᠶᠠᠨ ᠤ ᠤᠯᠠᠭᠠᠨᠮᠥ᠋ᠴᠢᠷ 1965 ᠣᠨ ᠳᠤ ᠪᠠᠶᠢᠭᠤᠯᠤᠭᠳᠠᠵᠤ᠂  ᠣᠳᠣ ᠪᠣᠯᠲᠠᠯ᠎ᠠ ᠨᠢᠭᠡᠨᠲᠡ ᠲᠠᠪᠢ ᠭᠠᠷᠤᠢ ᠵᠢᠯ ᠤᠨ ᠲᠡᠦᠬᠡ ᠲᠠᠢ ᠪᠣᠯᠵᠣ  ᠂ ᠳᠣᠯᠣᠨ‌ᠨᠣᠣᠷ ᠰᠢᠶᠠᠨ ᠤ ᠰᠣᠶᠣᠯ ᠤᠨ ᠠᠭᠤᠳᠠᠮ ᠲᠠᠯᠠᠪᠠᠢ ᠶᠢᠨ ᠵᠡᠭᠦᠨ ᠬᠡᠰᠡᠭ ᠲᠤ ᠪᠠᠶᠢᠷᠢᠯᠠᠵᠤ ᠪᠠᠶᠢᠨ᠎ᠠ  ᠃     ᠤᠯᠠᠭᠠᠨᠮᠥ᠋ᠴᠢᠷ ᠨᠢ ᠳᠠᠭᠤᠤ  ᠬᠥᠭᠵᠢᠮ  ᠤᠨ ᠠᠩᠭᠢ  ᠂ ᠪᠥᠵᠢᠭ ᠤᠨ ᠠᠩᠭᠢ᠂  ᠲᠠᠭᠤᠣ ᠣᠷᠠᠯᠢᠭ ᠤᠨ ᠠᠩᠭᠢ᠂ ᠭᠡᠷᠡᠯᠲᠦᠭᠦᠯᠭᠡ  ᠳᠠᠭᠤ  ᠴᠢᠮᠡᠭᠡ ᠶᠢᠨ ᠳᠤᠭᠤᠶᠢᠯᠠᠩ  ᠂ ᠪᠥᠵᠢᠭ  ᠤᠨ ᠲᠠᠶᠢᠰᠠᠨ   ᠤ ᠤᠷᠠᠯᠢᠭ ᠤᠨ ᠳᠤᠭᠤᠶᠢᠯᠠᠩ ᠢᠶᠠᠷ ᠪᠦᠷᠢᠯᠳᠣᠵᠣ᠂ ᠣᠳᠣ 40 ᠲᠣᠭᠯᠠᠭᠴᠢ ᠲᠠᠢ᠂  ᠡᠬᠦᠨ ᠳᠤ ᠡᠷᠡᠭᠲᠡᠢ ᠲᠣᠭᠯᠠᠭᠴᠢ 20 ᠬᠥᠮᠥᠨ᠂ ᠡᠮᠡᠭᠲᠡᠢ ᠲᠣᠭᠯᠠᠭᠴᠢ 20 ᠬᠥᠮᠥᠨ᠂ ᠳᠠᠭᠤᠤ ᠬᠥᠭᠵᠢᠮ ᠤᠨ ᠲᠤᠰᠬᠠᠢ ᠮᠡᠷᠭᠡᠵᠢᠯ ᠤᠨ10 ᠬᠥᠮᠥᠨ᠂ ᠬᠠᠮᠢᠶᠠᠷᠤᠯᠲᠠ ᠶᠢᠨ ᠠᠵᠢᠯᠲᠠᠨ 3 ᠬᠥᠮᠥᠨ᠂ ᠪᠥᠵᠢᠭ ᠤᠨ ᠲᠤᠰᠬᠠᠢ ᠮᠡᠷᠭᠡᠵᠢᠯ ᠤᠨ 21 ᠬᠥᠮᠥᠨ᠂ ᠬᠥᠭᠵᠢᠮ ᠤᠨ ᠲᠤᠰᠬᠠᠢ ᠮᠡᠷᠭᠡᠵᠢᠯ ᠤᠨ 7 ᠬᠥᠮᠥᠨ᠂ ᠭᠡᠷᠡᠯᠲᠦᠭᠦᠯᠭᠡ ᠳᠠᠭᠤ ᠴᠢᠮᠡᠭᠡ ᠶᠢᠨ 2 ᠬᠥᠮᠥᠨ ᠲᠠᠢ᠃ ᠲᠣᠭᠯᠠᠭᠴᠢᠳ ᠤᠨ ᠳᠤᠮᠳᠠᠴᠢ ᠨᠠᠰᠤ   ᠨᠢ  31 ᠪᠠᠶᠢᠵᠣ᠂ ᠨᠢᠭᠡ  ᠳᠤ ᠮᠡᠷᠭᠡᠰᠢᠵᠦ  ᠣᠯᠠᠨ  ᠳᠤ  ᠴᠠᠭᠠᠷᠠᠭᠰᠠᠨ ᠲᠣᠭᠯᠠᠭᠴᠢ  60 % ᠠᠴᠠ ᠳᠡᠭᠡᠭᠰᠢ ᠶᠢ ᠡᠵᠡᠯᠡᠵᠦ᠂ ᠡᠭᠦᠨ ᠳᠤ ᠮᠣᠩᠭᠤᠯ ᠦᠨᠳᠦᠰᠦᠲᠡᠨ 19 ᠬᠥᠮᠥᠨ᠂ ᠬᠤᠲᠤᠩ ᠦᠨᠳᠦᠰᠦᠲᠡᠨ 5 ᠬᠥᠮᠥᠨ ᠲᠠᠢ  ᠃ ᠲᠠᠪᠢᠨ ᠵᠢᠯ ᠤᠨ ᠲᠤᠷᠰᠢ ᠤᠯᠠᠭᠠᠨᠮᠥ᠋ᠴᠢᠷ ᠨᠢ ᠪᠥᠵᠢᠭ᠂ ᠳᠠᠭᠤᠤ ᠬᠥᠭᠵᠢᠮ᠂ ᠰᠢ ᠵᠦᠴᠦᠭᠡ᠂ ᠲᠠᠭᠤᠣ ᠣᠷᠠᠯᠢᠭ ᠵᠡᠷᠭᠡ ᠣᠯᠠᠨ ᠣᠯᠠᠨ ᠲᠣᠭᠯᠠᠯᠲᠠ ᠶᠢ ᠵᠣᠬᠢᠶᠠᠨ ᠪᠦᠲᠦᠭᠡᠵᠦ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠨᠡᠶᠢᠭᠡᠮᠯᠢᠭ ᠤᠨ ᠲᠣᠭᠯᠠᠯᠲᠠ᠂ ᠰᠢᠯᠢᠳᠡᠭ ᠵᠦᠴᠦᠭᠡ ᠶᠢᠨ ᠲᠥᠷᠥᠯ ᠵᠦᠢᠯ᠂ ᠨᠢᠭᠡ  ᠳᠤ ᠮᠡᠷᠭᠡᠰᠢᠵᠦ ᠣᠯᠠᠨ ᠳᠤ ᠴᠠᠭᠠᠷᠠᠭᠰᠠᠨ ᠪᠦᠯᠬᠦᠮ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠣᠭᠰᠠᠨ ᠱᠠᠩᠨᠠᠯ ᠵᠡᠷᠭᠡ ᠱᠠᠩᠨᠠᠯ ᠬᠦᠬᠢᠭᠦᠯᠦᠯ ᠢ ᠣᠯᠠᠨᠳᠠ ᠬᠦᠷᠳᠡᠵᠠᠢ᠃     ᠤᠯᠠᠭᠠᠨᠮᠥ᠋ᠴᠢᠷ ᠨᠢ ︽ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ︾ ᠵᠣᠷᠢᠯᠲᠠ ᠶᠢ ᠪᠠᠲᠤ ᠴᠡᠭᠡᠵᠢᠯᠡᠵᠦ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ  ᠤᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠠᠷᠭ᠎ᠠ ᠪᠥᠬᠦᠨ ᠢ ᠰᠦᠪᠡᠭᠴᠢᠯᠡᠵᠦ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠣᠶᠣᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ  ᠳᠤ ᠬᠤᠪᠢ  ᠨᠡᠮᠡᠷᠢ ᠪᠠᠨ ᠦᠵᠡᠭᠦᠯᠦᠭᠰᠡᠭᠡᠷ ᠢᠷᠡᠵᠠᠢ᠃     ᠬᠤᠶᠠᠷ᠄ ᠡᠯ᠎ᠡ ᠵᠦᠢᠯ ᠤᠨ ᠡᠭᠦᠷᠭᠡ ᠴᠢᠳᠠᠪᠬᠢ ᠶᠢ ᠪᠠᠳᠠᠷᠠᠭᠤᠯᠬᠤ    1.ᠲᠣᠭᠯᠠᠯᠲᠠ ᠭᠠᠷᠭᠠᠬᠤ᠂ ᠤᠬᠠᠭᠤᠯᠬᠤ    ᠤᠯᠠᠨ ᠵᠢᠯ ᠢ ᠲᠤᠷᠰᠢ᠂ ᠳᠣᠯᠣᠨ ᠨᠣᠣᠷ ᠰᠢᠶᠠᠨ ᠤ ᠤᠯᠠᠭᠠᠨᠮᠥ᠋ᠴᠢᠷ ᠬᠥᠳᠡᠭᠡ ᠲᠣᠰᠬᠤᠨ ᠳᠤ ᠭᠦᠨᠵᠡᠭᠡᠶᠢᠷᠡᠵᠣ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠬᠦ ᠶᠢ ᠨᠡᠶᠢᠳᠡᠮ ᠪᠠᠷᠢᠮᠲᠠᠯᠠᠵᠤ᠂ ᠲᠣᠭᠯᠠᠯᠲᠠ  ᠭᠠᠷᠭᠠᠬᠤ ᠬᠢᠭᠡᠳ ᠤᠬᠠᠭᠤᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠢ  ᠦᠨᠳᠦᠰᠦᠨ ᠱᠠᠲᠤᠨ ᠳᠤ ᠲᠦᠭᠡᠮᠡᠯᠵᠢᠭᠦᠯᠬᠦ᠂ ᠬᠠᠤᠯᠢ ᠴᠠᠭᠠᠵᠠ ᠶᠢ ᠦᠨᠳᠦᠰᠦᠨ ᠱᠠᠲᠤᠨ ᠳᠤ ᠲᠦᠭᠡᠮᠡᠯᠵᠢᠭᠦᠯᠬᠦ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ  ᠶᠢ  ᠤᠷᠭᠠᠨᠢᠭ ᠢᠶᠠᠷ ᠤᠶᠠᠯᠳᠤᠭᠤᠯᠵᠠᠢ  ᠃    ︽ᠠᠭᠤᠤ ᠶᠡᠭᠡ ᠳᠤᠮᠳᠠᠳᠤ ᠶᠢᠨ ᠬᠦᠰᠡᠯ ᠢᠶᠠᠨ ᠬᠠᠮᠲᠤᠪᠠᠷ  ᠲᠡᠷᠭᠡᠯᠰᠢᠬᠦᠯᠬᠦ︾  ᠂ ︽ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ︾  ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾᠂   ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ︾  ᠵᠡᠷᠭᠡ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠰᠣᠷᠣᠯᠴᠠᠬᠤ᠂ ᠠᠷᠠᠳ ᠤᠨ ᠳᠤᠮᠳᠠ ᠬᠦᠨᠵᠡᠭᠡᠶᠢᠷᠡᠬᠦ︾᠂ ︽ᠵᠢᠷᠭᠤᠭ᠎ᠠ ᠶᠢ ᠲᠣᠰᠬᠤᠨ ᠳᠤ ᠣᠷᠣᠭᠤᠯᠬᠤ︾᠂ ︽ᠬᠠᠤᠯᠢ ᠴᠠᠭᠠᠵᠠ ᠶᠢ ᠦᠨᠳᠦᠰᠦᠨ ᠱᠠᠲᠤᠨ ᠲᠦᠭᠡᠮᠡᠯᠵᠢᠭᠦᠯᠬᠦ︾᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ︾ ᠵᠡᠷᠭᠡ ᠲᠣᠭᠯᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠳᠤᠮᠳᠠᠴᠢ ᠪᠠᠷ ᠵᠢᠯ ᠪᠦᠷᠢ ᠬᠥᠳᠡᠭᠡ ᠲᠣᠰᠬᠤᠨ  ᠂ ᠴᠡᠷᠢᠭ ᠠᠩᠭᠢ᠂ ᠦᠢᠯᠡᠳᠪᠦᠷᠢ ᠠᠭᠤᠷᠬᠠᠢ᠂ ᠰᠤᠷᠭᠠᠭᠤᠯᠢ᠂ ᠨᠡᠶᠢᠭᠡᠮ ᠲᠣᠭᠤᠷᠢᠭ ᠲᠤ 100 ᠭᠠᠷᠤᠢ ᠤᠳᠠᠭ᠎ᠠ ᠶᠢᠨ ᠲᠣᠬᠤᠨᠢᠭᠤᠯᠬᠤ ᠲᠣᠭᠯᠠᠯᠲᠠ ᠭᠠᠷᠭᠠᠵᠤ᠂ ᠰᠣᠶᠣᠯ ᠤᠷᠠᠯᠢᠭ ᠢ ᠬᠥᠳᠡᠭᠡ ᠪᠠᠭᠤᠯᠭᠠᠬᠤ ᠠᠵᠢᠯ ᠢ  ᠰᠠᠶᠢᠳᠣᠷ ᠦᠷᠨᠢᠬᠦᠯᠵᠠᠢ᠃     2.  ᠬᠠᠪᠰᠤᠷᠤᠨ ᠵᠢᠯᠣᠭᠤᠳᠬᠤ᠂ ᠦᠢᠯᠡᠴᠢᠯᠡᠬᠦ     ᠤᠯᠠᠭᠠᠨᠮᠥ᠋ᠴᠢᠷ ᠨᠢ ᠥᠪᠡᠷ ᠤᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠤᠯᠠᠭᠠᠨᠮᠥ᠋ᠴᠢᠷ   ᠤᠨ ᠵᠣᠷᠢᠭ ᠰᠠᠨᠠᠭ᠎ᠠ  ᠶᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ ᠵᠢᠯ  ᠪᠣᠯᠭᠠᠨ ᠳᠠᠭᠤᠤ ᠪᠥᠵᠢᠭ᠂  ᠬᠥᠭᠵᠢᠮᠴᠢᠨ ᠢ ᠨᠡᠶᠢᠭᠡᠮ ᠲᠣᠭᠤᠷᠢᠭ᠂ ᠰᠣᠶᠣᠯ ᠤᠨ ᠥᠷᠲᠡᠭᠡ᠂ ᠰᠤᠷᠭᠠᠭᠤᠯᠢ ᠳᠤ ᠭᠦᠨᠵᠡᠭᠡᠶᠢᠷᠡᠭᠦᠯᠦᠨ᠂ ᠨᠡᠶᠢᠭᠡᠮ ᠲᠣᠭᠤᠷᠢᠭ᠂ ᠰᠤᠷᠭᠠᠭᠤᠯᠢ ᠪᠠ ᠰᠣᠶᠣᠯ  ᠤᠨ ᠥᠷᠲᠡᠭᠡᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠵᠠᠢ᠃     3.  ᠵᠣᠬᠢᠶᠠᠨ ᠪᠦᠲᠦᠭᠡᠵᠦ ᠰᠢᠨ᠎ᠡ ᠶᠢ ᠡᠭᠦᠳᠬᠦ     ᠤᠯᠠᠭᠠᠨᠮᠥ᠋ᠴᠢᠷ ᠨᠢ ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠲᠣᠭᠤᠰᠢᠯᠠᠭᠤᠯᠣᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠣᠶᠢᠯᠠᠭᠠᠭᠳᠠᠬᠤᠨ᠂ ᠰᠢᠨ᠎ᠡ ᠰᠡᠳᠬᠢᠴᠡ᠂ ᠰᠢᠨ᠎ᠡ ᠨᠤᠲᠠᠯᠠᠯᠲᠠ ᠶᠢ ᠬᠢᠨᠠᠮᠠᠭᠠᠢ ᠰᠣᠷᠣᠯᠴᠠᠨ ᠲᠣᠭᠤᠰᠢᠯᠠᠭᠤᠯᠵᠣ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠴᠠᠭ ᠦᠶ᠎ᠡ ᠶᠢᠨ ᠠᠴᠢ ᠬᠤᠯᠪᠣᠭᠳᠠᠯ ᠲᠠᠢ᠂ ᠣᠷᠣᠨ ᠨᠤᠲᠤᠭ ᠤᠨ ᠣᠨᠴᠠᠯᠢᠭ ᠲᠠᠢ ᠨᠢᠭᠡ ᠪᠦᠯᠦᠭ ᠤᠳᠬ᠎ᠠ ᠤᠷᠠᠯᠢᠭ ᠤᠨ ᠵᠣᠬᠢᠶᠠᠯ ᠪᠦᠲᠦᠭᠡᠯ ᠢ ᠨᠠᠷᠢᠨ ᠨᠢᠮᠪᠠᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠭᠡᠬᠦ ᠡᠨᠡᠬᠦ ᠲᠠᠯ᠎ᠠ ᠨᠤᠲᠤᠭ ᠤᠨ ︽ᠤᠳᠬ᠎ᠠ ᠤᠷᠠᠯᠢᠭ  ᠤᠨ  ᠬᠥᠩᠭᠡᠨ  ᠮᠣᠷᠢᠲᠤ ᠴᠡᠷᠢᠭ︾  ᠤᠨ ᠦᠢᠯᠡᠳᠦᠯ ᠢ ᠦᠨᠡᠨᠬᠦ  ᠪᠠᠳᠠᠷᠠᠭᠤᠯᠵᠣ ᠪᠠᠶᠢᠨ᠎ᠠ᠃
 
ᠢᠷᠡᠯᠲᠡ᠄ ᠲᠣᠯᠣᠨ ᠨᠣᠣᠷ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号