ᠡᠷᠢᠶᠡᠨ ᠬᠤᠲᠠ ᠶᠢᠨ ᠤᠯᠠᠭᠠᠨᠮᠥ᠋ᠴᠢᠷ 
ᠨᠡᠶᠢᠲᠡᠯᠡᠭᠰᠡᠨ ᠴᠠᠭ᠄
2020/10/28
    ᠡᠷᠢᠶᠡᠨ ᠬᠤᠲᠠ ᠨᠢ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠲᠤ ᠪᠠᠶᠢᠷᠢᠯᠠᠵᠤ᠂ ᠣᠯᠠᠨ ᠡᠰᠢᠳᠦ ᠰᠣᠶᠣᠯ ᠬᠠᠮᠳᠣᠪᠡᠷ ᠴᠡᠴᠡᠭᠯᠡᠨ ᠬᠦᠭᠵᠢᠭᠰᠡᠨ ᠪᠣᠭᠤᠮᠳᠠ ᠬᠤᠳᠠ ᠪᠣᠯᠣᠨ᠎ᠠ᠃ ᠡᠷᠢᠶᠡᠨ ᠬᠤᠲᠠ ᠶᠢᠨ ᠤᠯᠠᠭᠠᠨᠮᠥ᠋ᠴᠢᠷ ᠪᠣᠯ ᠳᠠᠷᠤᠶ ᠡᠶᠢᠮᠦ ᠨᠢᠭᠡᠨ ᠣᠯᠠᠨ ᠡᠰᠢᠲᠦ ᠰᠣᠶᠣᠯ ᠤᠨ ᠦᠩ  ᠰᠢᠮᠡᠯᠢᠭ ᠬᠦᠷᠦᠰᠣᠨ ᠳᠤ ᠪᠣᠶᠢᠵᠢᠭᠰᠠᠨ ᠶᠤᠮ᠃ 1961 ᠣᠨ ᠳᠤ ᠡᠷᠢᠶᠡᠨ ᠬᠤᠲᠠ ᠶᠢᠨ ᠤᠯᠠᠭᠠᠨᠮᠥ᠋ᠴᠢᠷ ᠨᠢ ᠰᠣᠶᠣᠯ ᠤᠨ ᠠᠩᠭᠢ ᠪᠠᠶᠢᠭᠤᠯᠵᠤ᠂ 1962 ᠣᠨ ᠳᠤ ᠡᠷᠢᠶᠡᠨ ᠬᠤᠳᠠ ᠶᠢᠨ ᠤᠯᠠᠭᠠᠨᠮᠥ᠋ᠴᠢᠷ ᠭᠡᠵᠦ ᠨᠡᠷ᠎ᠡ ᠪᠠᠨ ᠬᠠᠯᠠᠪᠠ᠃ ᠡᠷᠢᠶᠡᠨ ᠬᠤᠲᠠ ᠎ ᠶᠢᠨ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠰᠢ ᠭᠠᠳᠠᠭᠠᠳᠤ ᠲᠠᠢ ᠰᠣᠯᠢᠯᠴᠠᠭ᠎ᠠ ᠬᠢᠬᠦ ᠶᠢ ᠴᠢᠬᠤᠯᠠᠴᠢᠯᠠᠵᠤ᠂ ᠲᠥᠪ ᠤᠨ ᠲᠧᠯᠸᠢᠰ ᠬᠤᠷᠢᠶ᠎ᠠ᠂ ᠥᠪᠥᠷ ᠮᠣᠩᠭᠤᠯ ᠤᠨ ᠲᠧᠯᠸᠢᠰ ᠬᠤᠷᠢᠶ᠎ᠠ ᠵᠡᠷᠭᠡ ᠲᠣᠮᠣ ᠬᠡᠯᠪᠡᠷᠢ ᠶᠢᠨ ᠵᠠᠭᠤᠴᠢᠯᠠᠭᠤᠷ ᠲᠠᠢ ᠣᠯᠠᠨ ᠤᠳᠠᠭ᠎ᠠ ᠬᠠᠮᠲᠤᠷᠠᠨ ᠲᠣᠭᠯᠠᠯᠲᠠ ᠭᠠᠷᠭᠠᠵᠤ᠂ ᠴᠢᠬᠤᠯᠠ ᠶᠡᠭᠡ ᠭᠠᠳᠠᠭᠠᠳᠤ ᠶᠠᠪᠤᠳᠠᠯ ᠤᠨ ᠠᠵᠢᠯᠯᠠᠭ᠎ᠠ ᠳᠤ ᠣᠷᠣᠯᠴᠠᠵᠠᠶ᠃ ᠤᠷᠢᠳ ᠬᠤᠵᠢᠳ ᠵᠥᠪᠯᠡᠯᠲᠦ᠂  ᠮᠣᠩᠭᠤᠯ᠂ ᠶᠠᠫᠣᠨ᠂  ᠰᠣᠯᠣᠩᠭᠤᠰ᠂ ᠰᠢᠶᠠᠩᠭᠠᠩ᠂  ᠣᠣᠮᠧᠨ᠂ ᠸᠢᠶᠧᠲᠨᠠᠮ ᠵᠡᠷᠭᠡ ᠭᠠᠵᠠᠷ ᠲᠤ ᠠᠶᠢᠯᠴᠢᠯᠠᠯᠲᠠ ᠬᠢᠵᠦ ᠭᠠᠳᠠᠭᠠᠳᠤ ᠶᠢᠨ ᠵᠣᠴᠢᠳ ᠤᠨ ᠰᠠᠶᠢᠨ ᠦᠨᠡᠯᠡᠯᠲᠡ ᠶᠢ ᠣᠯᠵᠠᠢ᠃     ᠡᠷᠢᠶᠡᠨ ᠬᠤᠲᠠ ᠶᠢᠨ ᠤᠯᠠᠭᠠᠨᠮᠥ᠋ᠴᠢᠷ ᠨᠢ ᠳᠤᠮᠳᠠᠳᠤ ᠮᠣᠩᠭᠤᠯ ᠣᠷᠣᠰ ᠤᠨ ᠰᠣᠶᠣᠯ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠮᠣᠩᠭᠤᠯ ᠣᠷᠣᠰ ᠤᠨ ︽ᠭᠤᠷᠪᠠᠨ ᠡᠰᠢᠲᠦ ᠰᠣᠶᠣᠯ︾ ︽ᠡᠷᠲᠡᠨ ᠤ ᠤᠯᠠᠭ᠎ᠠ ᠥᠷᠲᠡᠭᠡᠨ ᠤ ᠰᠣᠶᠣᠯ︾᠎ ᠲᠠᠢ ᠣᠶᠠᠯᠳᠣᠭᠤᠯᠣᠨ ᠶᠡᠭᠡ ᠬᠡᠮᠵᠢᠶᠡᠨ ᠤ ᠪᠣᠭᠤᠮᠲᠠ ᠶᠢᠨ ᠰᠣᠶᠣᠯ ᠤᠨ ᠣᠨᠴᠠᠯᠢᠭ ᠪᠦᠬᠦᠢ ᠪᠦᠲᠦᠭᠡᠯ ᠢ ᠵᠣᠬᠢᠶᠠᠨ ᠪᠦᠲᠦᠭᠡᠵᠦ᠂ ᠲᠦᠮᠡ ᠰᠢᠬᠠᠮ ᠲᠠᠯᠠᠪᠤᠷ ᠳᠣᠭᠯᠠᠯᠳᠠ ᠭᠠᠷᠭᠠᠵᠦ᠂ ᠬᠦᠯᠢᠶᠡᠨ ᠰᠣᠨᠢᠷᠬᠠᠭᠰᠠᠨ ᠦᠵᠡᠭᠴᠢᠳ ᠨᠡᠶᠢᠲᠡ 30 ᠲᠦᠮᠡᠨ ᠬᠥᠮᠦᠨ ᠤᠳᠠᠭ᠎ᠠ ᠳᠤ ᠬᠦᠷᠴᠦ᠂ ᠳᠤᠮᠳᠠᠳᠤ ᠮᠣᠩᠭᠤᠯ ᠣᠷᠣᠰ ᠤᠨ ᠰᠣᠶᠣᠯ ᠤᠨ ᠬᠠᠷᠢᠯᠴᠠᠨ ᠨᠥᠯᠥᠭᠡᠯᠡᠵᠦ᠂ ᠬᠠᠷᠢᠯᠴᠠᠨ ᠠᠭᠤᠰᠤᠯᠴᠠᠬᠤ᠂ ᠰᠣᠶᠣᠯ ᠤᠷᠠᠯᠢᠭ ᠤᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠨᠡᠮᠡᠭᠳᠡᠬᠦᠯᠬᠦ᠂ ᠦᠨᠳᠦᠰᠦᠲᠡᠨ ᠤ ᠪᠦᠯᠬᠦᠮᠳᠠᠯ ᠳᠠᠪᠰᠢᠯᠲᠠ ᠪᠠ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃     ᠡᠷᠢᠶᠡᠨ ᠬᠤᠲᠠ ᠶᠢᠨ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠰᠢ ᠰᠢᠨ᠎ᠡ ᠡᠭᠦᠳᠦᠯᠲᠡ ᠎ ᠶᠢ ᠲᠦᠢᠯ  ᠎ ᠢᠶᠠᠷ ᠴᠢᠬᠤᠯᠠᠴᠢᠯᠠᠭᠰᠠᠨ ᠠᠴᠠ ᠦᠯᠡᠮᠵᠢ ᠣᠯᠠᠨ ᠪᠦᠳᠦᠬᠡᠯ ᠨᠢ ᠠᠩᠬᠠᠨ ᠤ ᠡᠭᠦᠳᠦᠯᠲᠡ ᠶᠢᠨ ᠱᠠᠩᠨᠠᠯ ᠭᠥᠷᠳᠡᠭᠰᠡᠨ ᠪᠢᠯᠡ᠃ ᠡᠮᠡᠭᠲᠡᠶ ᠶᠢᠨ ᠬᠠᠮᠳᠦ ᠶᠢᠨ ᠪᠥᠵᠢᠭ  ︽ᠬᠠᠶᠢᠷ᠎ᠠ ᠶᠢᠨ ᠥᠯᠥᠭᠡᠶ︾᠎ ᠨᠢ 1988 ᠣᠨ ᠳᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠲᠣᠭᠤᠷᠢᠨ ᠰᠢᠯᠭᠠᠷᠠᠭᠤᠯᠬᠤ ᠣᠷᠣᠯᠳᠣᠭᠠᠨ ᠤ ᠵᠣᠬᠢᠶᠠᠨ ᠪᠦᠳᠦᠬᠡᠯᠳᠠ ᠶᠢᠨ ᠨᠢᠭᠡᠳᠦᠭᠡᠷ ᠳᠡᠰ ᠤᠨ ᠱᠠᠩᠨᠠᠯ᠂ ᠭᠤᠷᠪᠠᠨ ᠬᠥᠮᠦᠨ ᠤ ᠪᠥᠵᠢᠭ ︽ᠨᠠᠶᠢᠷ ᠤᠨ ᠪᠥᠵᠢᠭ︾᠎ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠵᠢᠭ ᠤᠨ ᠤᠷᠤᠯᠳᠤᠭᠠᠨ ᠤ ᠵᠣᠬᠢᠶᠠᠨ ᠪᠦᠳᠦᠬᠡᠯᠳᠠ ᠶᠢᠨ ᠬᠤᠶᠠᠳᠤᠭᠠᠷ ᠳᠡᠰ ᠤᠨ ᠱᠠᠩᠨᠠᠯ᠂ ᠭᠤᠷᠪᠠᠨ ᠬᠥᠮᠦᠨ ᠤ ᠪᠥᠵᠢᠭ ︽ᠡᠩᠬᠡ ᠲᠠᠶᠢᠪᠤᠩ ᠤᠨ ᠲᠠᠭᠲᠠᠭ᠎ᠠ︾᠎ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠵᠢᠭ ᠤᠨ ᠤᠷᠤᠯᠳᠤᠭᠠᠨ ᠤ  ᠵᠣᠬᠢᠶᠠᠨ ᠪᠦᠳᠦᠬᠡᠯᠳᠠ ᠶᠢᠨ ᠭᠤᠷᠪᠠᠳᠤᠭᠠᠷ ᠳᠡᠰ ᠤᠨ ᠱᠠᠩᠨᠠᠯ᠂ 1984 ᠣᠨ ᠳᠤ ︽ᠬᠠᠷᠢ ᠳᠤ ᠮᠣᠷᠳᠠᠬᠤ ᠠᠴᠠ ᠡᠮᠦᠨ᠎ᠡ︾  ᠬᠡᠬᠦ ᠭᠤᠴᠣᠯᠠᠯ ᠪᠥᠵᠢᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠰᠠᠷᠠᠨ᠎ᠠ︾  ᠨᠡᠷᠡᠮᠵᠢᠳᠦ ᠱᠠᠩᠨᠠᠯ ᠂ ᠭᠤᠴᠣᠯᠠᠯ ᠪᠥᠵᠢᠭ ︽ᠠᠯᠲᠠᠨ ᠪᠠᠭᠤᠤ︾᠎ ᠨᠢ 1986 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠵᠢᠭ ᠤᠨ ᠤᠷᠤᠯᠳᠤᠭᠠᠨ ᠤ ᠵᠣᠬᠢᠶᠠᠨ ᠪᠦᠳᠦᠬᠡᠯᠳᠠ ᠶᠢᠨ ᠬᠤᠶᠠᠳᠤᠭᠠᠷ ᠳᠡᠰ ᠤᠨ ᠱᠠᠩᠨᠠᠯ᠂ ᠬᠠᠮᠳᠦ ᠶᠢᠨ ᠪᠦᠵᠢᠭ ︽ᠠᠯᠲᠠᠨ ᠳᠥᠷᠥᠭᠡ︾᠎ ᠎ ᠨᠢ 1987 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠣᠩᠭᠤᠨ ᠳᠣᠭᠯᠠᠯᠳᠠ ᠶᠢᠨ ᠵᠣᠬᠢᠶᠠᠨ ᠪᠦᠳᠦᠬᠡᠯᠳᠠ ᠶᠢᠨ ᠨᠢᠭᠡᠳᠦᠭᠡᠷ ᠳᠡᠰ ᠤᠨ ᠱᠠᠩᠨᠠᠯ᠂ ᠭᠤᠴᠣᠯᠠᠯ ᠪᠥᠵᠢᠭ ︽ᠮᠣᠷᠢᠨ ᠲᠤᠭᠤᠷᠠᠶ ᠶᠢᠨ ᠲᠠᠭᠤᠨ︾᠎ ᠨᠢ 1990 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠵᠢᠭ ᠤᠨ ᠤᠷᠤᠯᠳᠤᠭᠠᠨ ᠤ ᠵᠣᠬᠢᠶᠠᠨ ᠪᠦᠳᠦᠬᠡᠯᠳᠠ ᠶᠢᠨ ᠬᠤᠶᠠᠳᠤᠭᠠᠷ ᠳᠡᠰ ᠤᠨ ᠱᠠᠩᠨᠠᠯ᠂ 2016 ᠣᠨ ᠳᠤ ᠠᠷᠪᠠᠨ ᠬᠤᠶᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ︽ᠣᠷᠠᠨ ᠪᠦᠳᠦᠬᠡᠯ ᠤᠨ ᠱᠠᠩᠨᠠᠯ︾ ︽ᠰᠢ ᠵᠦᠴᠦᠭᠡ ᠶᠢᠨ ᠵᠦᠴᠦᠭᠡ ᠨᠠᠶᠢᠷᠠᠭᠤᠯᠤᠭᠴᠢ ᠶᠢᠨ ᠱᠠᠩᠨᠠᠯ︾᠎ ᠂ 2017 ᠣᠨ ᠳᠤ ᠦᠪᠡᠷᠳᠡᠬᠡᠨ ᠵᠣᠬᠢᠶᠠᠨ ᠪᠦᠳᠦᠬᠡᠭᠰᠡᠨ ᠦᠨᠳᠦᠰᠦᠲᠡᠨ ᠤ ᠪᠥᠵᠢᠭᠲᠦ ᠵᠦᠴᠦᠭᠡ ︽ᠴᠠᠢ ᠶᠢᠨ ᠵᠠᠮ︾᠎ ᠨᠢ  ᠦᠪᠡᠷᠳᠡᠬᠡᠨ ᠵᠠᠰᠠᠬᠤ ᠣᠷᠣᠨ ᠤ ︽ᠲᠠᠪᠤᠨ ᠨᠢᠭᠡ︾ ᠢᠨᠵᠧᠨᠧᠷᠢᠩ ᠤᠨ ᠱᠠᠩᠨᠠᠯ ᠂ 2018 ᠣᠨ ᠳᠤ ᠬᠠᠮᠳᠦ ᠶᠢᠨ ᠪᠥᠵᠢᠭ ︽ᠳᠡᠮᠡᠬᠡᠨ ᠵᠢᠩ ᠤᠨ ᠴᠣᠪᠣᠭ᠎ᠠ︾ ᠳᠤᠮᠳᠠᠳᠤ ᠤᠯᠤᠰ ᠤᠨ ᠮᠣᠩᠭᠤᠯ ᠪᠥᠵᠢᠭ ᠤᠨ ᠤᠷᠤᠯᠳᠤᠭᠠᠨ ᠤ ᠠᠯᠲᠠᠨ ᠮᠧᠳᠡᠯ ᠢ ᠬᠦᠷᠳᠡᠵᠦ᠂ ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠬᠤᠭᠤᠴᠠᠭᠠᠨ ᠤ ᠮᠣᠩᠭᠤᠯ ᠪᠥᠵᠢᠭ ᠤᠨ ᠤᠷᠤᠯᠳᠤᠭᠠᠨ ᠤ ᠳᠥᠷᠪᠡᠨ ᠲᠦᠷᠦᠯ ᠤᠨ ᠨᠢᠭᠡᠳᠦᠭᠡᠷ ᠳᠡᠰ ᠤᠨ ᠱᠠᠩᠨᠠᠯ᠂ 2019 ᠣᠨ ᠳᠤ ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠮᠣᠩᠭᠤᠯ ᠪᠥᠵᠢᠭ ᠤᠨ ᠤᠷᠤᠯᠳᠤᠭᠠᠨ ᠳᠤ ᠡᠮᠡᠭᠳᠠᠢ ᠶᠢᠨ ᠬᠠᠮᠳᠦ ᠶᠢᠨ ᠪᠥᠵᠢᠭ ︽ᠬᠠᠪᠤᠷ ᠤᠨ ᠪᠠᠶᠠᠰᠣᠯ︾᠎ ᠨᠢ ᠲᠣᠭᠯᠠᠯᠲᠠ ᠶᠢᠨ ᠭᠠᠤᠯᠢᠨ ᠮᠧᠳᠠᠯ᠂ ᠵᠣᠬᠢᠶᠠᠨ ᠪᠦᠳᠦᠬᠡᠯᠳᠠ ᠶᠢᠨ ᠰᠢᠯᠢᠳᠡᠭ ᠱᠠᠩᠨᠠᠯ ᠢ ᠲᠤᠰᠴᠤ᠂ ︽ᠲᠠᠯ᠎ᠠ ᠨᠤᠲᠤᠭ︾᠎ ᠨᠢ ᠲᠣᠭᠯᠠᠯᠲᠠ ᠶᠢᠨ ᠮᠦᠩᠬᠦᠨ ᠮᠧᠳᠡᠯ᠂ ᠵᠣᠬᠢᠶᠠᠨ ᠪᠦᠳᠦᠬᠡᠯᠳᠠ ᠶᠢᠨ ᠭᠠᠤᠯᠢᠨ ᠮᠧᠳᠡᠯ  ᠂ 2019 ᠣᠨ ᠳᠤ ᠭᠤᠴᠣᠯᠠᠯ ᠪᠥᠵᠢᠭ ︽ᠲᠠᠯ᠎ᠠ ᠨᠤᠲᠤᠭ︾᠎ ᠨᠢ ᠥᠪᠡᠷᠲᠡᠭᠡᠨ ᠵᠠᠰᠠᠬᠤ ᠣᠷᠣᠨ ᠤ  ︽ᠲᠠᠪᠤᠨ ᠨᠢᠭᠡ ︾  ᠢᠨᠵᠧᠨᠧᠷᠢᠩ ᠤᠨ ᠱᠠᠩᠨᠠᠯ ᠵᠡᠷᠭᠡ ᠱᠠᠩᠨᠠᠯ ᠬᠦᠬᠢᠭᠦᠯᠦᠯ ᠢ ᠣᠯᠠᠨᠳᠠ ᠲᠣᠰᠣᠭᠰᠠᠨ ᠮᠦᠷᠳᠡᠭᠡᠨ ᠤᠯᠠᠭᠠᠨᠮᠥ᠋ᠴᠢᠷ ᠨᠢ ᠬᠥᠭᠵᠢᠮ ᠤᠨ ᠵᠣᠬᠢᠶᠠᠯᠴᠢ ᠠᠯᠳᠠᠨᠳᠣᠭᠤᠯᠭ᠎ᠠ᠂ ᠤᠯᠤᠰ ᠤᠨ ᠨᠢᠭᠡᠳᠦᠭᠡᠷ ᠳᠡᠰ ᠤᠨ ᠨᠠᠶᠢᠷᠠᠭᠤᠯᠤᠨ ᠤᠳᠤᠷᠢᠳᠤᠭᠠᠴᠢ ᠵᠢᠮᠢᠰ᠂ ᠠᠯᠳᠠᠷᠲᠤ ᠳᠠᠭᠤᠴᠢᠨ ᠴᠠᠭᠠᠨᠬᠦᠣ᠂ ᠰᠣᠶᠣᠯᠳᠦ ᠪᠠᠷ ᠲᠥᠯᠥᠭᠡᠯᠡᠭᠦᠯᠦᠭᠰᠡᠨ ᠠᠷᠠᠳ ᠤᠨ ᠰᠢᠯᠢᠳᠡᠭ ᠤᠷᠠᠯᠢᠭᠴᠢᠨ ᠢ ᠴᠣ᠋ ᠬᠥᠮᠦᠵᠢᠭᠦᠯᠪᠡ᠃ ᠣᠳᠣᠬᠠᠨ ᠳᠤ ᠡᠷᠢᠶᠡᠨ ᠬᠤᠲᠠ ᠶᠢᠨ ᠤᠯᠠᠭᠠᠨᠮᠥ᠋ᠴᠢᠷ ᠤᠨ ᠠᠵᠢᠯᠳᠠᠨ 35 ᠬᠦᠮᠦᠨ᠂ ᠣᠷᠣᠨ ᠳᠤᠭ᠎ᠠ ᠳᠣᠲᠣᠷᠠᠬᠢ 17 ᠬᠥᠮᠦᠨ ᠲᠠᠢ᠂ ᠲᠤᠰᠬᠠᠶ ᠮᠡᠷᠭᠡᠵᠢᠯ ᠤᠨ ᠲᠣᠭᠯᠠᠯᠲᠠ ᠶᠢᠨ ᠲᠢᠶᠠᠲᠷ ᠲᠠᠢ᠂  ᠳᠡᠷᠢᠬᠦᠨ ᠤ ᠲᠠᠶᠢᠰᠠᠨ ᠤ ᠳ᠋ᠧᠩ  ᠪᠠ ᠳᠠᠭᠤ ᠴᠢᠮᠡᠭᠡᠨ ᠤ ᠲᠥᠬᠦᠭᠡᠷᠦᠮᠵᠢ ᠲᠠᠢ᠂ ᠡᠯ᠎ᠡ  ᠵᠦᠢᠯ ᠤᠨ ᠲᠣᠭᠯᠠᠯᠲᠠ ᠶᠢ ᠡᠷᠬᠢᠯᠡᠨ ᠶᠠᠪᠣᠭᠳᠠᠭᠤᠯᠬᠤ ᠴᠢᠳᠠᠪᠤᠷᠢ ᠲᠠᠢ  ᠪᠠᠶᠢᠳᠠᠭ᠃     ᠤᠯᠠᠭᠠᠨᠮᠥ᠋ᠴᠢᠷ ᠨᠢ ᠬᠡᠳᠦᠨ ᠦᠶ᠎ᠡ ᠶᠢᠨ ᠬᠥᠮᠦᠰ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠣᠣᠷ᠎ᠠ᠂ ᠨᠢᠭᠡᠨ ᠨᠢᠯᠬ᠎ᠠ ᠮᠣᠳᠦ ᠪᠠᠶᠢᠭᠰᠠᠨ ᠠᠴᠠ ᠪᠠᠨ ᠦᠨᠳᠦᠰᠦᠨ ᠱᠠᠲᠤᠨ ᠤ ᠬᠥᠭᠵᠢᠯᠲᠡ ᠳᠤ ᠦᠢᠯᠡᠴᠢᠯᠡᠵᠦ ᠦᠨᠳᠦᠰᠦᠲᠡᠨ ᠤ ᠰᠣᠶᠣᠯ ᠢ ᠳᠠᠮᠵᠢᠭᠤᠯᠬᠤ ᠲᠤᠮᠤ ᠮᠣᠳᠣ ᠪᠣᠯᠵᠦ ᠬᠦᠮᠦᠵᠢᠭᠰᠡᠨ ᠪᠠᠶᠢᠨ᠎ᠠ᠃ ᠰᠢᠨ᠎ᠡ ᠠᠶᠠᠨ ᠵᠠᠮ ᠳᠤ ᠤᠯᠠᠭᠠᠨᠮᠥ᠋ᠴᠢᠷ ᠨᠢ ᠠᠷᠠᠳ ᠲᠦᠮᠡᠨ ᠢᠶᠠᠷ ᠭᠤᠤᠯ ᠴᠣᠭᠴᠠ ᠪᠣᠯᠭᠠᠭᠰᠠᠨ ᠤᠷᠠᠯᠢᠭ ᠤᠨ ᠠᠵᠢᠯ ᠤᠨ ᠴᠢᠭᠯᠡᠯᠳᠠ ᠶᠢ ᠪᠠᠷᠢᠮᠲᠠᠯᠠᠵᠤ᠂ ᠲᠠᠯ᠎ᠠ  ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠵᠦ᠂  ᠦᠨᠳᠦᠰᠦᠲᠡᠨ ᠤ ᠰᠣᠶᠣᠯ  ᠢ  ᠣᠯᠠᠮᠵᠢᠯᠠᠨ ᠪᠠᠳᠠᠷᠠᠭᠤᠯᠵᠦ᠂ ᠦᠨᠳᠦᠰᠦᠲᠡᠨ ᠎ ᠤ ᠤᠷᠠᠯᠢᠭ  ᠢ ᠭᠦᠭᠵᠢᠬᠦᠯᠦᠨ ᠵᠠᠯᠭᠠᠮᠵᠢᠯᠠᠵᠤ᠂ ᠭᠡᠷᠡᠯ ᠰᠠᠴᠤᠷᠠᠩᠭᠤᠶ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号