ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ
ᠨᠡᠶᠢᠲᠡᠯᠡᠭᠰᠡᠨ ᠴᠠᠭ᠄
2020/10/29
    ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠨᠢ 1958 ᠣᠨ ᠤ 1 ᠳ᠋ᠦ᠋ᠭᠡᠷ ᠰᠠᠷ᠎ᠠ ᠳᠤ ᠪᠠᠶᠢᠭᠤᠯᠤᠭᠳᠠᠵᠤ᠂ ᠡᠬᠢᠨ ᠳᠡᠭᠡᠨ 9 ᠬᠦᠮᠦᠨ ᠲᠠᠢ᠂ ᠬᠤᠰᠢᠭᠤ ᠠᠷᠠᠳ ᠤᠨ ᠵᠦᠪᠯᠡᠯ ᠠᠴᠠ ᠵᠢᠭᠡᠯᠡᠭᠰᠡᠨ ᠨᠢᠭᠡ ᠮᠣᠷᠢᠨ ᠲᠡᠷᠭᠡ ᠲᠠᠢ  ᠪᠠᠶᠢᠭᠰᠠᠨ᠂ ᠰᠢᠯᠢ ᠶᠢᠨ ᠭᠤᠣᠯ ᠤᠨ ᠲᠠᠯ᠎ᠠ ᠨᠣᠳᠤᠭ ᠲᠠᠭᠠᠨ ᠨᠡᠯᠢᠶᠡᠳ ᠡᠷᠲᠡ ᠪᠠᠶᠢᠭᠤᠯᠤᠭᠳᠠᠭᠰᠠᠨ ᠤᠯᠠᠭᠠᠨᠮᠥ᠋ᠴᠢᠷ ᠤᠨ ᠨᠢᠭᠡ ᠪᠢᠯᠡ᠃ ᠠᠩᠬ᠎ᠠ ᠲᠣᠭᠯᠠᠯᠲᠠ ᠭᠠᠷᠭᠠᠬᠤ ᠳᠠᠭᠠᠨ ᠤᠯᠠᠭᠠᠨᠮᠥ᠋ᠴᠢᠷ ᠤᠨ ᠬᠡᠰᠢᠭᠦᠳ ᠥᠪᠡᠷᠰᠡᠳ ᠤᠨ ᠬᠤᠭᠤᠷ ᠱᠠᠨᠵᠠ ᠪᠠ ᠰᠥᠮ᠎ᠡ ᠬᠡᠶᠢᠳ ᠠᠴᠠ ᠣᠯᠵᠤ ᠠᠪᠴᠢᠷᠠᠭᠰᠠᠨ ᠬᠡᠩᠭᠡᠷᠭᠡ ᠴᠠᠩ ᠢᠶᠠᠨ ᠠᠪᠴᠤ᠂ ᠨᠠᠨᠳᠢᠩᠨᠠᠨ ᠬᠠᠳᠠᠭᠠᠯᠠᠵᠤ ᠪᠠᠶᠢᠭᠰᠠᠨ ᠥᠩᠭᠡ ᠲᠠᠢ ᠬᠤᠪᠴᠠᠰᠤ ᠬᠤᠨᠠᠷ ᠢᠶᠠᠨ ᠡᠮᠦᠰᠴᠦ᠂ ᠬᠦᠳᠡᠭᠡ ᠪᠠᠭᠤᠵᠤ ᠮᠠᠯᠴᠢᠨ ᠲᠦᠮᠡᠨ ᠳᠡᠭᠡᠨ ᠤᠷᠠᠨ ᠰᠠᠶᠢᠬᠠᠨ ᠤ ᠲᠣᠭᠯᠠᠯᠲᠠ ᠭᠠᠷᠭᠠᠳᠠᠭ ᠪᠠᠶᠢᠵᠠᠢ᠃ ᠣᠳᠣ  ᠪᠣᠯᠬᠤ ᠳᠤ  ᠤᠯᠠᠭᠠᠨᠮᠥ᠋ᠴᠢᠷ ᠨᠢ 32 ᠲᠣᠭᠯᠠᠭᠴᠢ   ᠲᠠᠢ ᠪᠣᠯᠵᠤ᠂ ᠡᠬᠦᠨ ᠳᠤ ᠣᠯᠣᠰ ᠤᠨ ᠨᠢᠭᠡᠳᠦᠭᠡᠷ ᠲᠡᠰ ᠤᠨ  ᠲᠣᠭᠯᠠᠭᠴᠢ ᠨᠢᠭᠡ ᠬᠦᠮᠦᠨ᠂ ᠭᠤᠷᠪᠠᠳᠤᠭᠠᠷ  ᠲᠡᠰ ᠤᠨ ᠲᠣᠭᠯᠠᠭᠴᠢ 2 ᠬᠦᠮᠦᠨ᠂ ᠲᠦᠷᠪᠡᠳᠦᠭᠡᠷ ᠲᠡᠰ ᠤᠨ  ᠲᠣᠭᠯᠠᠭᠴᠢ 23 ᠬᠦᠮᠦᠨ ᠲᠠᠢ ᠪᠠᠶᠢᠵᠤ᠂ ᠶᠡᠭᠡ ᠰᠤᠷᠭᠠᠭᠤᠯᠢ ᠶᠢᠨ ᠰᠣᠷᠣᠯᠭ᠎ᠠ ᠶᠢᠨ ᠨᠠᠮᠲᠠᠷ ᠲᠠᠢ 6 ᠬᠦᠮᠦᠨ᠂ ᠲᠡᠭᠡᠳᠦ ᠵᠡᠷᠭᠡ ᠶᠢᠨ ᠰᠣᠷᠣᠯᠭ᠎ᠠ ᠶᠢᠨ ᠨᠠᠮᠲᠠᠷ ᠲᠠᠢ 8 ᠬᠦᠮᠦᠨ᠂ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠣᠷᠣᠯᠭ᠎ᠠ ᠶᠢᠨ ᠨᠠᠮᠲᠠᠷ ᠲᠠᠢ 18 ᠬᠦᠮᠦᠨ ᠪᠣᠢ᠃ ᠤᠯᠠᠭᠠᠨᠮᠥ᠋ᠴᠢᠷ ᠤᠨ ᠠᠯᠪᠠᠨ ᠠᠰᠠᠷ ᠤᠨ ᠲᠠᠯᠠᠪᠠᠢ ᠨᠢ 983 ᠬᠠᠪᠳᠠᠭᠠᠢ ᠲᠦᠷᠪᠡᠯᠵᠢᠨ ᠮᠧᠲᠷ᠂ ᠡᠭᠦᠨ ᠳᠤ ᠪᠣᠯᠪᠠᠰᠤᠷᠠᠯ ᠤᠨ ᠲᠢᠩᠬᠢᠮ ᠨᠢ 384 ᠬᠠᠪᠳᠠᠭᠠᠢ ᠲᠦᠷᠪᠡᠯᠵᠢᠨ ᠮᠧᠲᠷ ᠢ ᠡᠵᠡᠯᠡᠵᠦ᠂ ᠠᠯᠪᠠᠨ ᠭᠡᠷ᠂ ᠬᠥᠭᠵᠢᠮ ᠤᠨ ᠭᠡᠷ᠂  ᠳᠠᠭᠤᠤ  ᠰᠢᠩᠭᠡᠭᠡᠬᠦ ᠭᠡᠷ᠂ ᠲᠣᠭᠯᠠᠯᠲᠠ   ᠶᠢᠨ ᠬᠤᠪᠴᠠᠰᠤ ᠶᠢᠨ ᠭᠡᠷ᠂ ᠬᠤᠷᠠᠯ ᠤᠨ ᠭᠡᠷ᠂ ᠳᠠᠩᠰᠠ ᠡᠪᠬᠡᠮᠡᠯ ᠤᠨ ᠭᠡᠷ᠂ ᠲᠡᠷᠭᠡ ᠤᠨᠤᠭ᠎ᠠ ᠵᠡᠷᠭᠡ ᠪᠥᠷᠢᠨ ᠲᠦᠭᠦᠷ ᠪᠣᠯᠣᠭᠰᠠᠨ ᠪᠠᠶᠢᠨ᠎ᠠ᠃     ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠪᠠᠶᠢᠭᠤᠯᠤᠭᠳᠠᠭᠰᠠᠨ ᠤ ᠳᠠᠷᠠᠭ᠎ᠠ᠂ ᠬᠠᠬᠢᠷ ᠬᠦᠢᠳᠡᠨ ᠰᠠᠯᠬᠢ ᠰᠢᠭᠤᠷᠭᠠᠨ ᠪᠠ ᠠᠭᠠᠬᠢᠮ᠎ᠠ ᠬᠠᠯᠠᠭᠤᠨ ᠡᠳᠣᠷ ᠬᠤᠨᠤᠭ ᠢ ᠥᠯᠤ ᠬᠠᠶᠢᠬᠤᠷᠤᠨ᠂ ᠲᠠᠯ᠎ᠠ ᠨᠣᠳᠤᠭ ᠭᠤᠪᠢ ᠬᠠᠩᠭᠠᠢ  ᠶᠢ ᠲᠣᠭᠤᠯᠣᠨ᠂ ᠬᠦᠬᠡ ᠲᠡᠭᠷᠢ  ᠪᠠᠷ ᠬᠦᠰᠢᠭᠡ  ᠪᠣᠯᠭᠠᠵᠦ᠂ ᠬᠦᠷᠦᠰᠦᠳᠦ  ᠭᠠᠵᠠᠷ  ᠢᠶᠠᠷ ᠲᠠᠶᠢᠰᠠ ᠪᠣᠯᠭᠠᠨ᠂ ᠦᠷᠭᠡᠨ ᠣᠯᠠᠨ ᠮᠠᠯᠴᠢᠨ ᠲᠦᠮᠡᠨ ᠳᠤ ᠵᠤᠭ᠎ᠠ ᠴᠡᠩᠭᠡᠯ ᠪᠠ ᠰᠣᠶᠣᠯ ᠪᠣᠯᠪᠠᠰᠣᠨ᠂ ᠨᠠᠮ  ᠤᠨ ᠬᠠᠶᠢᠷ᠎ᠠ ᠬᠠᠯᠠᠮᠵᠢ  ᠶᠢ ᠬᠦᠷᠭᠡᠵᠦ᠂ ᠤᠯᠠᠭᠠᠨᠮᠥ᠋ᠴᠢᠷ ᠤᠨ ᠲᠣᠭᠯᠠᠬᠤ᠂ ᠤᠬᠠᠭᠤᠯᠬᠤ᠂ ᠵᠢᠯᠣᠭᠤᠳᠬᠤ᠂ ᠦᠢᠯᠡᠴᠢᠯᠡᠬᠦ᠂ ᠵᠣᠬᠢᠶᠠᠨ  ᠪᠥᠳᠥᠭᠡᠬᠦ᠂ ᠰᠢᠨ᠎ᠡ ᠶᠢ  ᠡᠭᠦᠳᠬᠦ ᠵᠢᠷᠭᠤᠭᠠᠨ ᠴᠢᠳᠠᠪᠬᠢ ᠪᠠᠨ ᠭᠦᠢᠴᠡᠳ ᠪᠠᠳᠠᠷᠠᠭᠤᠯᠤᠨ᠂ ᠣᠳᠣ ᠪᠣᠯᠲᠠᠯ᠎ᠠ ᠨᠡᠶᠢᠲᠡ 1200 ᠭᠠᠷᠤᠢ ᠤᠷᠠᠨ ᠰᠠᠶᠢᠬᠠᠨ ᠤ ᠲᠣᠭᠯᠠᠯᠲᠠ ᠵᠣᠬᠢᠶᠠᠨ ᠪᠥᠳᠥᠭᠡᠵᠦ᠂ 4800 ᠭᠠᠷᠣᠢ ᠲᠠᠯᠠᠪᠣᠷ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠦᠵᠡᠭᠴᠢᠳ ᠤᠨ ᠲᠤᠭ᠎ᠠ 80 ᠲᠦᠮᠡ ᠶᠢ ᠳᠠᠪᠠᠭᠰᠠᠨ ᠪᠠᠶᠢᠨ᠎ᠠ᠃ ᠤᠯᠠᠭᠠᠨᠮᠥ᠋ᠴᠢᠷ ᠨᠢ ᠲᠠᠯ᠎ᠠ ᠨᠣᠳᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢᠶᠠᠨ ᠪᠠᠷᠢᠮᠲᠠᠯᠠᠵᠤ ᠪᠠᠳᠠᠷᠠᠭᠤᠯᠤᠭᠰᠠᠨ ᠲᠡᠳᠦᠢ ᠦᠬᠡᠢ᠂ ᠤᠳᠬ᠎ᠠ ᠤᠷᠠᠯᠢᠭ ᠤᠨ  ᠹᠷᠣᠨᠲ ᠲᠠᠬᠢ ᠨᠢᠭᠡᠨ ᠤᠯᠠᠭᠠᠨ ᠲᠤᠭ ᠤᠨ ᠨᠡᠷ᠎ᠡ ᠬᠦᠨᠳᠦ ᠪᠠᠨ ᠬᠠᠮᠠᠭᠠᠯᠠᠵᠤ᠂ ᠦᠷᠭᠡᠨ ᠣᠯᠠᠨ ᠮᠠᠯᠴᠢᠨ ᠲᠥᠮᠡᠨ᠂ ᠬᠢᠯᠢ ᠶᠢᠨ ᠴᠡᠷᠢᠭ ᠪᠣᠯᠣᠨ ᠡᠯ᠎ᠡ ᠱᠠᠲᠤᠨ ᠤ ᠨᠠᠮ ᠵᠠᠰᠠᠭ ᠤᠨ ᠨᠣᠲᠠᠯᠠᠯ᠂ ᠰᠠᠶᠢᠰᠢᠶᠠᠯ᠂ ᠬᠠᠯᠠᠮᠵᠢᠯᠠᠯ ᠪᠠ ᠢᠲᠡᠭᠡᠯ ᠢ ᠣᠯᠣᠭᠰᠠᠨ ᠶᠤᠮ᠃     1959 ᠣᠨ ᠤ ᠨᠠᠮᠤᠷ᠂ ᠰᠢᠯᠢ ᠶᠢᠨ ᠭᠤᠣᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠤᠯᠠᠭᠠᠨᠮᠥ᠋ᠴᠢᠷ  ᠤᠨ  ᠴᠤᠭᠯᠠᠭᠠᠨ ᠳᠤ  ᠣᠷᠣᠯᠴᠠᠨ᠂ ︽ᠲᠠᠷᠬᠠᠨ ᠠᠭᠤᠯᠠ︾ ᠲᠠᠭᠤᠤ ᠪᠠᠷ ᠢᠶᠠᠨ ᠨᠢᠭᠡᠳᠦᠭᠡᠷ ᠲᠡᠰ ᠤᠨ ᠱᠠᠩᠨᠠᠯ  ᠭᠠᠷᠳᠠᠭᠰᠠᠨ  ᠠᠴᠠ ᠠᠪᠣᠭᠠᠳ᠂ ᠬᠤᠷᠢᠳᠤᠭᠠᠷ  ᠵᠠᠭᠤᠨ ᠤ 60᠂ ᠲᠠᠯᠠᠭᠠᠳ  ᠣᠨ ᠤ ᠦᠶ᠎ᠡ ᠪᠠᠷ᠂ ᠰᠥᠨᠢᠳ ᠵᠡᠭᠦᠨ ᠬᠤᠰᠢᠭᠤᠨ  ᠤ ᠤᠯᠠᠭᠠᠨᠮᠥ᠋ᠴᠢᠷ ᠨᠢ  ᠭᠤᠣᠯᠳᠠᠭᠤ  ᠲᠤᠬᠠᠶᠢᠯᠠᠭᠰᠠᠨ ᠠᠵᠢᠯ ᠤᠨ ᠲᠠᠯ᠎ᠠ ᠶᠢᠨ ᠵᠢᠯᠣᠭᠤᠳᠣᠯᠭ᠎ᠠ ᠬᠦᠷᠳᠡᠵᠦ᠂ ᠲᠤᠭᠯᠠᠭᠴᠢᠳ ᠢᠶᠠᠨ ᠪᠣᠯᠪᠠᠰᠤᠷᠠᠭᠤᠯᠤᠨ᠂ ᠮᠠᠯᠵᠢᠬᠤ ᠣᠷᠣᠨ᠂ ᠬᠢᠯᠢ ᠶᠢᠨ ᠴᠡᠷᠢᠭ ᠠᠩᠭᠢ ᠳᠤ ᠲᠣᠭᠯᠠᠯᠲᠠ ᠭᠠᠷᠭᠠᠵᠤ ᠪᠠᠶᠢᠪᠠ᠃ ᠡᠭᠦᠨ ᠤ ᠬᠠᠮᠲᠤ ᠮᠠᠯᠴᠢᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠨ ᠂ ᠮᠠᠯᠴᠢᠳ ᠤᠨ ᠠᠮᠢᠳᠤᠷᠠᠯ ᠲᠣᠮᠳᠠ ᠭᠦᠨᠵᠡᠭᠡᠶᠢᠷᠡᠨ᠂ ᠮᠠᠯᠴᠢᠳ ᠲᠠᠢ ᠴᠤᠭ ᠢᠳᠡᠵᠦ᠂ ᠴᠤᠭ ᠬᠤᠨᠣᠵᠤ᠂ ᠴᠤᠭ ᠬᠥᠳᠡᠯᠮᠥᠷᠢᠯᠡᠨ᠂ ᠨᠡᠩ ᠰᠠᠶᠢᠨ ᠤᠷᠠᠨ ᠰᠠᠶᠢᠬᠠᠨ ᠤ ᠲᠣᠭᠯᠠᠯᠲᠠ ᠵᠣᠬᠢᠶᠠᠨ ᠪᠥᠳᠥᠭᠡᠬᠦ ᠳᠡᠭᠡᠨ ᠰᠠᠭᠤᠷᠢ ᠲᠠᠯᠪᠢᠵᠠᠢ᠃ 1964 ᠣᠨ ᠳᠤ ᠬᠡᠰᠡᠭ ᠲᠣᠭᠯᠠᠭᠴᠢᠳ ᠰᠢᠯᠢ ᠶᠢᠨ ᠭᠤᠣᠯ ᠠᠶᠢᠮᠠᠭ ᠤᠨ ᠤᠯᠠᠭᠠᠨᠮᠥ᠋ᠴᠢᠷ  ᠤᠨ ᠲᠥᠯᠥᠭᠡᠯᠡᠭᠴᠢᠳ ᠤᠨ ᠪᠦᠯᠬᠦᠮ ᠳᠤ ᠣᠷᠣᠯᠴᠠᠨ ᠪᠡᠭᠡᠵᠢᠩ ᠬᠦᠷᠴᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠭᠠᠷᠭᠠᠨ᠂ ᠵᠸᠤ ᠡᠸ᠋ᠨ ᠯᠠᠢ᠂ ᠴᠧᠨ ᠢ᠂ ᠤᠯᠠᠭᠠᠨᠬᠦᠦ ᠵᠡᠷᠭᠡ ᠨᠠᠮ ᠪᠠ ᠲᠥᠷᠥ ᠶᠢᠨ ᠤᠳᠤᠷᠢᠳᠬᠤ ᠬᠦᠮᠦᠰ ᠤᠨ ᠲᠣᠳᠣᠨᠣ ᠠᠭᠤᠯᠵᠠᠯᠲᠠ ᠶᠢ ᠬᠦᠯᠢᠶᠡᠨ᠂1965 ᠣᠨ ᠳᠤ ᠨᠠᠮ ᠤᠨ ᠲᠥᠪ ᠬᠤᠷᠢᠶᠠᠨ ᠤ ᠵᠢᠭᠠᠪᠣᠷᠢ ᠪᠠᠷ ᠪᠦᠬᠦ ᠤᠯᠤᠰ ᠤᠨ ᠡᠯ᠎ᠡ ᠮᠣᠵᠢ ᠬᠤᠲᠠ᠂ ᠳᠠᠯᠠᠢ ᠳᠠᠭᠠᠣ ᠭᠠᠵᠠᠷ ᠣᠷᠣᠨ ᠳᠤ ᠲᠣᠭᠤᠷᠢᠨ ᠲᠣᠭᠯᠠᠵᠤ᠂ ᠪᠦᠬᠦ ᠤᠯᠤᠰ ᠤᠨ ᠤᠳᠬ᠎ᠠ ᠤᠷᠠᠯᠢᠭ ᠤᠨ ᠹᠷᠣᠨᠲ  ᠲᠠᠬᠢ ᠦᠯᠢᠭᠡᠷ ᠲᠠᠭᠤᠷᠢᠶᠠᠯ ᠪᠣᠯᠣᠭᠰᠠᠨ ᠶᠤᠮ᠃ ᠳᠠᠯᠠᠭᠠᠳ ᠣᠨ ᠳᠤ ᠴᠢᠳᠠᠪᠣᠷᠢᠲᠠᠨ ᠢ ᠴᠢᠬᠤᠯᠠᠴᠢᠯᠠᠵᠤ᠂ ᠡᠩᠨᠡᠭᠡ ᠪᠠᠨ ᠥᠷᠭᠡᠳᠭᠡᠨ᠂ ᠨᠢᠭᠡ ᠪᠥᠯᠥᠭ ᠰᠢᠯᠢᠳᠡᠭ ᠤᠷᠠᠨ ᠰᠠᠶᠢᠬᠠᠨ ᠤ  ᠪᠥᠳᠥᠭᠡᠯ  ᠵᠣᠬᠢᠶᠠᠨ ᠪᠥᠳᠥᠭᠡᠵᠦ ᠭᠠᠷᠭᠠᠪᠠ᠃ ᠥᠭᠡᠷᠡᠴᠢᠯᠡᠯᠲᠡ ᠨᠡᠭᠡᠭᠡᠯᠲᠡ ᠶᠢᠨ ᠳᠠᠷᠠᠭ᠎ᠠ᠂ ᠤᠷᠠᠯᠢᠭ ᠤᠨ ᠵᠣᠬᠢᠶᠠᠯ ᠪᠥᠳᠥᠭᠡᠯ᠂ ᠤᠷᠠᠯᠢᠭ ᠤᠨ ᠴᠢᠳᠠᠪᠣᠷᠢᠲᠠᠨ ᠬᠤᠣᠰ ᠡᠯᠪᠡᠭ ᠬᠤᠷᠢᠶᠠᠯᠲᠠ ᠣᠯᠵᠤ᠂ ︽ᠬᠤᠷᠢᠮᠯᠠᠬᠤ ᠠᠴᠠ ᠡᠮᠦᠨ᠎ᠡ︾ ᠂ ︽ᠬᠠᠶᠢᠷ᠎ᠠ ᠶᠢᠨ ᠱᠠ ᠠᠯᠴᠢᠭᠤᠷ︾ ︽ᠬᠠᠳᠠᠨ ᠵᠢᠷᠤᠭ ᠤᠨ ᠠᠮᠢᠯᠠᠯ︾᠂ ︽ᠰᠢᠯᠢ ᠶᠢᠨ ᠭᠤᠣᠯ︾᠂ ︽ᠬᠠᠶᠢᠷᠠᠭᠤᠴᠠᠢ︾᠂ ︽ᠮᠠᠯᠴᠢᠳ ᠤᠨ ᠪᠠᠶᠠᠰᠤᠯ︾ ᠵᠡᠷᠭᠡ ᠪᠥᠵᠢᠭ᠂ ︽ᠪᠠᠶᠠᠨ ᠨᠠᠮᠤᠷ︾᠂ ︽ᠡᠩᠭᠡᠷ ᠭᠤᠣᠯ︾᠂ ︽ᠠᠵᠠ ᠶᠢᠨ ᠬᠤᠷᠸ᠎ᠠ ᠰᠢᠯᠢ ᠶᠢᠨ ᠬᠤᠲᠠ︾᠂ ︽ᠠᠭᠤᠳᠠᠮ  ᠲᠠᠮᠤᠴᠢ︾ ᠵᠡᠷᠭᠡ ᠲᠠᠭᠤᠤ᠂ ︽ᠮᠢᠩᠭᠠᠨ ᠲᠦᠮᠡ ᠶᠢᠨ ᠮᠠᠭᠲᠠᠭᠠᠯ︾᠂ ︽ᠬᠥᠭᠰᠢᠨ ᠬᠤᠤᠬᠠᠩ︾᠂ ︽ᠮᠥᠩᠭᠦᠨ ᠪᠣᠶᠢᠯᠠ ᠲᠠᠢ ᠮᠠᠩᠯᠠᠢ ᠲᠡᠮᠡᠭᠡ︾᠂ ︽ᠮᠣᠷᠢᠨ ᠤᠷᠤᠯᠳᠤᠭᠠᠨ︾᠂ ︽ᠠᠷᠪᠠᠨ ᠶᠢᠰᠦᠳᠦᠭᠡᠷ ᠶᠡᠭᠡ ᠬᠤᠷᠠᠯ ᠤᠨ ᠮᠠᠭᠳᠠᠭᠠᠯ︾ ᠵᠡᠷᠭᠡ ᠬᠤᠯᠪᠣᠭ᠎ᠠ᠂ ︽ᠠᠮ᠎ᠠ ᠡᠵᠢ︾᠂ ︽ᠵᠤᠯᠭᠠᠷᠠᠰᠢ ᠦᠭᠡᠢ ᠰᠠᠷᠠᠨ᠎ᠠ︾᠂ ︽ᠮᠣᠩᠭᠤᠯ ᠬᠤᠷᠢᠮ︾᠂ ︽ᠬᠠᠶᠢᠷ᠎ᠠ ᠶᠢᠨ ᠬᠤᠷᠸ᠎ᠠ︾᠂ ︽ᠭᠤᠪᠢ ᠶᠢᠨ ᠰᠢᠨᠳᠠᠰᠤ︾ ᠵᠡᠷᠭᠡ ᠵᠥᠴᠥᠭᠡ ᠨᠢ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠵᠣᠬᠢᠶᠠᠯ ᠪᠥᠳᠥᠭᠡᠯᠭᠡ ᠶᠢᠨ   ︿ᠰᠠᠷᠠᠨ᠎ᠠ﹀ ᠱᠠᠩᠨᠠᠯ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ︽ᠲᠠᠪᠤᠨ ᠨᠢᠭᠡ ᠶᠢᠨ ᠢᠨᠵᠧᠨᠧᠷᠢᠩ︾ ᠶᠢᠨ ᠱᠠᠩᠨᠠᠯ ᠵᠡᠷᠭᠡ ᠡᠯ᠎ᠡ ᠲᠥᠷᠥᠯ ᠤᠨ ᠱᠠᠩᠨᠠᠯ ᠬᠥᠬᠢᠭᠦᠯᠦᠯ ᠬᠦᠷᠳᠡᠵᠦ᠂ ᠱᠠᠩᠨᠠᠯ ᠣᠯᠣᠭᠰᠠᠨ ᠶᠡᠷᠦᠩᠬᠡᠢ ᠲᠤᠭ᠎ᠠ 500 ᠭᠠᠷᠤᠢ ᠳᠤ ᠬᠦᠷᠦᠭᠰᠡᠨ ᠪᠠᠶᠢᠨ᠎ᠠ᠃ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠨᠢ ᠳᠡᠭᠡᠷ᠎ᠡ ᠵᠠᠭᠤᠨ ᠤ ᠵᠢᠷᠠᠭᠠᠳ ᠣᠨ ᠳᠤ ︽ᠥᠪᠥᠷ ᠮᠣᠩᠭᠤᠯ ᠤᠨ ᠭᠤᠷᠪᠠᠨ ᠰᠠᠶᠢᠲᠠᠢ ᠤᠯᠠᠭᠠᠨᠮᠥ᠋ᠴᠢᠷ︾ ᠢᠶᠠᠷ ᠰᠣᠩᠭᠤᠭᠳᠠᠵᠤ᠂ 1989 ᠣᠨ ᠳᠤ ᠪᠦᠬᠦ ᠣᠷᠣᠨ ᠤ ᠲᠡᠷᠢᠭᠦᠨ ᠤ ᠤᠯᠠᠭᠠᠨᠮᠥ᠋ᠴᠢᠷ ᠢᠶᠠᠷ ᠰᠣᠩᠭᠤᠭᠳᠠᠨ᠂1997 ᠣᠨ ᠳᠤ ᠥᠪᠡᠷᠲᠡᠭᠡᠨ ᠵᠠᠰᠠᠬᠤ ᠣᠷᠣᠨ ᠤ ︽ᠠᠷᠪᠠᠨ ᠰᠣᠳᠣᠨ ᠤᠯᠠᠭᠠᠨᠮᠥ᠋ᠴᠢᠷ︾ ᠪᠣᠯᠵᠤ᠂ 1999 ᠣᠨ ᠠᠴᠠ 2017 ᠣᠨ ᠪᠣᠯᠲᠠᠯ᠎ᠠ 6 ᠤᠳᠠᠭ᠎ᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠡᠰ ᠤᠨ ᠤᠯᠠᠭᠠᠨᠮᠥ᠋ᠴᠢᠷ ᠢᠶᠠᠷ ᠦᠨᠡᠯᠡᠭᠳᠡᠨ᠂ 2005 ᠣᠨ ᠳᠤ ᠲᠣᠮᠳᠠᠳᠤ ᠤᠯᠤᠰ ᠤᠨ ᠦᠨᠳᠦᠰᠦᠳᠡᠨ  ᠤ ᠠᠷᠠᠳ  ᠤᠨ ᠰᠣᠶᠣᠯ ᠤᠷᠠᠯᠢᠭ  ᠢ ᠬᠠᠮᠠᠭᠠᠯᠠᠭᠰᠠᠨ ᠲᠡᠷᠢᠬᠦᠨ ᠤ ᠨᠢᠭᠡᠴᠡ ᠪᠠᠷ ᠨᠡᠷᠡᠶᠢᠳᠦᠭᠳᠡᠪᠡ᠃ 2007 ᠣᠨ ᠳᠤ ᠲᠦᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠬᠠᠮᠲᠤ ᠨᠢᠭᠡᠴᠡ ᠶᠢᠨ ᠮᠥᠩᠭᠦᠨ ᠮᠧᠲᠠᠯ ᠬᠦᠷᠳᠡᠵᠦ᠂ 2010 ᠣᠨ ᠳᠤ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠬᠠᠮᠳᠤ ᠨᠢᠭᠡᠴᠡ ᠶᠢᠨ ᠠᠯᠲᠠᠨ ᠮᠧᠲᠠᠯ ᠬᠦᠷᠲᠡᠵᠡᠢ᠃ 2015 ᠣᠨ ᠳᠤ ᠥᠪᠥᠷ ᠮᠣᠩᠭᠤᠯ ᠤᠨ ᠰᠢ ᠵᠥᠴᠥᠭᠡᠴᠢᠳ ᠤᠨ ᠨᠡᠶᠢᠭᠡᠮᠯᠢᠭ ᠠᠴᠠ ᠥᠪᠥᠷ ᠮᠣᠩᠭᠤᠯ ᠤᠨ ᠰᠢᠯᠢ ᠶᠢᠨ ᠭᠤᠣᠯ ᠳᠠᠬᠢ ᠮᠣᠩᠭᠤᠯ ᠵᠥᠴᠥᠭᠡ ᠵᠣᠬᠢᠶᠠᠨ ᠪᠥᠳᠥᠭᠡᠵᠦ ᠦᠢᠯᠡᠳᠦᠯᠭᠡᠵᠢᠭᠦᠯᠬᠦ ᠰᠠᠭᠤᠷᠢᠨ ᠭᠠᠵᠠᠷ ᠭᠡᠵᠦ ᠨᠡᠷᠡᠶᠢᠳᠦᠭᠰᠡᠨ ᠪᠠᠶᠢᠨ᠎ᠠ᠃     ᠬᠤᠷᠢᠨ ᠨᠢᠭᠡᠳᠦᠭᠡᠷ ᠵᠠᠭᠤᠨ᠂ ᠢᠯᠠᠩᠭᠤᠶ᠎ᠠ ᠰᠢᠨ᠎ᠡ ᠡᠷᠡᠨ ᠳᠤ ᠠᠯᠬᠤᠨ ᠣᠷᠣᠭᠰᠠᠨ ᠤ ᠳᠠᠷᠠᠭ᠎ᠠ᠂ ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠨᠢ ᠨᠠᠮ ᠤᠨ ᠠᠷᠪᠠᠨ ᠨᠠᠢᠮᠠᠳᠤᠭᠠᠷ᠂  ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ᠂ ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠥ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠲᠣᠳᠣᠷᠠᠬᠢ ᠨᠠᠨᠳᠢᠨ ᠰᠤᠷᠭᠠᠯ  ᠢ ᠵᠢᠷᠣᠮᠯᠠᠨ᠂ ᠤᠯᠠᠭᠠᠨᠮᠥ᠋ᠴᠢᠷ ᠤᠨ ᠣᠨᠴᠠᠯᠢᠭ ᠲᠠᠭᠠᠨ ᠲᠣᠬᠢᠷᠠᠭᠰᠠᠨ ᠰᠢᠨ᠎ᠡ ᠤᠷᠠᠨ ᠰᠠᠶᠢᠬᠠᠨ ᠤ ᠪᠥᠳᠥᠭᠡᠯ ᠵᠣᠬᠢᠶᠠᠨ ᠪᠥᠳᠥᠭᠡᠬᠦ ᠳᠡᠭᠡᠷ᠎ᠡ ᠬᠦᠴᠦ ᠲᠠᠯᠪᠢᠵᠦ᠂ ᠠᠮᠢᠳᠣᠷᠠᠯ  ᠠᠴᠠ ᠣᠶᠢᠷᠬᠠᠨ᠂ ᠲᠠᠷᠬᠠᠵᠦ ᠲᠡᠯᠭᠡᠷᠡᠵᠦ᠂ ᠣᠯᠠᠮᠵᠢᠯᠠᠭᠳᠠᠵᠦ ᠦᠪᠯᠡᠭᠳᠡᠵᠦ ᠴᠢᠳᠠᠬᠤ ᠰᠢᠯᠢᠳᠡᠭ ᠣᠷᠠᠨ ᠰᠠᠶᠢᠬᠠᠨ ᠤ ᠪᠦᠳᠦᠭᠡᠯ ᠵᠣᠬᠢᠶᠠᠨ ᠪᠥᠳᠥᠭᠡᠬᠦ ᠪᠠᠷ ᠴᠢᠷᠮᠠᠶᠢᠵᠤ᠂ ᠭᠢᠯᠠᠯᠵᠠᠮ᠎ᠠ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ 2015 ᠣᠨ ᠳᠤ ᠵᠣᠬᠢᠶᠠᠨ ᠪᠥᠳᠥᠭᠡᠵᠦ ᠲᠣᠭᠯᠠᠭᠰᠠᠨ ᠮᠣᠩᠭᠤᠯ ᠵᠥᠴᠥᠭᠡ ︽ᠲᠡᠮᠡᠭᠡᠲᠦ ᠨᠣᠳᠤᠭ ᠤᠨ ᠰᠢᠨ᠎ᠡ ᠲᠤᠤᠯᠢ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠳᠠᠭᠠᠨ ᠤ ᠮᠣᠩᠭᠤᠯ ᠬᠡᠯᠡᠨ ᠤ ᠰᠢ ᠵᠥᠴᠥᠭᠡ ᠶᠢᠨ ᠨᠠᠶᠢᠷ ᠵᠢᠴᠢ ᠮᠣᠩᠭᠤᠯ ᠵᠥᠴᠥᠭᠡ ᠶᠢᠨ ᠦᠵᠡᠭᠦᠯᠦᠯᠭᠡ᠂ ᠠᠷᠪᠠᠨ ᠭᠤᠷᠪᠠᠳᠤᠭᠠᠷ ᠬᠤᠭᠤᠴᠠᠭᠠᠨ ᠤ ᠲᠣᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠣᠳᠤᠭ ᠤᠨ ᠰᠣᠶᠣᠯ ᠤᠨ ᠨᠠᠶᠢᠷ᠂ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠣᠭᠠᠲᠤ ᠦᠨᠳᠦᠰᠦᠳᠡᠨ ᠤ ᠰᠢ ᠵᠥᠴᠥᠭᠡ ᠶᠢᠨ ᠴᠣᠭᠯᠠᠭᠠᠨ᠂  ᠣᠯᠠᠨ ᠤᠯᠤᠰ ᠤᠨ ᠲᠢᠶᠠᠲᠷ ᠤᠨ ᠨᠠᠭᠠᠳᠤᠮ ᠵᠡᠷᠭᠡ ᠤᠯᠤᠰ ᠤᠨ ᠲᠣᠳᠣᠭᠠᠲᠤ ᠭᠠᠳᠠᠭᠠᠳᠤ ᠶᠢᠨ ᠰᠢ ᠵᠥᠴᠥᠭᠡ ᠶᠢᠨ ᠤᠷᠤᠯᠳᠤᠭᠠᠨ ᠳᠤ ᠣᠷᠣᠯᠴᠠᠵᠤ᠂ 5 ᠰᠢᠯᠢᠳᠡᠭ ᠵᠥᠴᠥᠭᠡ ᠶᠢᠨ ᠱᠠᠩᠨᠠᠯ ᠪᠠ 25 ᠰᠢᠯᠢᠳᠡᠭ ᠵᠣᠬᠢᠶᠠᠭᠴᠢ᠂ ᠤᠳᠤᠷᠢᠳᠤᠭᠠᠴᠢ᠂ ᠲᠣᠭᠯᠠᠭᠴᠢ᠂ ᠠᠶ᠎ᠠ ᠲᠠᠭᠤᠤ᠂ ᠬᠤᠪᠴᠠᠰᠤ ᠵᠠᠰᠠᠯ ᠵᠡᠷᠭᠡ ᠲᠠᠩ ᠲᠥᠷᠥᠯ ᠤᠨ ᠱᠠᠩᠨᠠᠯ ᠭᠦᠷᠲᠡᠭᠰᠡᠨ ᠪᠠᠶᠢᠨ᠎ᠠ᠃     2018ᠤᠨ ᠳᠤ ᠲᠦᠷᠦ ᠶᠢᠨ ᠰᠠᠭᠤᠷᠢ ᠮᠦᠡᠭᠬᠦᠨ ᠤ ᠢᠪᠡᠬᠡᠨ ᠲᠡᠳᠬᠦᠬᠦ ᠲᠦᠷᠦᠯ ᠵᠦᠢᠯ ᠮᠤᠩᠭᠤᠯ ᠵᠦᠴᠦᠬᠡ ︽ᠪᠤᠲᠠᠷ ᠴᠢᠯᠠᠭᠤᠨ ᠤ ᠪᠤᠭᠤᠷᠤᠯ ᠲᠤᠮᠤᠭ︾ ᠨᠢ ᠤᠷᠤᠨ ᠠᠶᠢᠮᠠᠭ ᠲᠤ 45 ᠲᠠᠯᠠᠪᠠᠢ ᠲᠤᠭᠤᠷᠢᠨ ᠲᠤᠭᠯᠠᠯᠲᠠ ᠬᠢᠵᠦ᠂ 2019 ᠤᠨ ᠳᠤ ᠪᠦᠬᠦ ᠤᠷᠤᠨ ᠤ ᠬᠤᠶᠠᠲᠤᠭᠠᠷ ᠬᠤᠭᠤᠴᠠᠭᠠᠨ ᠤ ᠦᠪᠤᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠮᠤᠩᠭᠤᠯ ᠬᠡᠯᠡᠨ ᠤ ᠰᠢ ᠵᠦᠴᠦᠬᠡ ᠶᠢᠨ ᠦᠵᠡᠬᠦᠯᠦᠯᠬᠡ ᠶᠢᠨ ᠲᠤᠭᠯᠠᠯᠲᠠ ᠳᠤ ᠰᠢᠯᠢᠲᠡᠭ ᠵᠦᠴᠦᠬᠡ ᠶᠢᠨ ᠱᠠᠩᠨᠠᠯ ᠬᠦᠷᠲᠡᠵᠦ᠂ 7 ᠬᠤᠪᠢ ᠬᠦᠮᠦᠨ ᠤ ᠲᠠᠩ ᠲᠦᠷᠦᠯ ᠤᠨ ᠱᠠᠩᠨᠠᠯ ᠬᠦᠷᠲᠡᠭᠰᠡᠨ ᠢᠶᠠᠷ ᠪᠠᠷᠠᠬᠤ ᠦᠬᠡᠢ᠂ ᠦᠪᠤᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠲᠠᠶᠢᠰᠠᠨ ᠤ ᠤᠷᠠᠯᠢᠭ ᠤᠨ  ︽ᠰᠤᠲᠤᠨ ᠢᠨᠵᠧᠨᠧᠷᠢᠩ︾ ᠱᠠᠩᠨᠠᠯ ᠬᠦᠷᠲᠡᠵᠤ᠂ 2019 ᠤᠨ ᠳᠤ ᠰᠦᠨᠢᠳ ᠵᠡᠬᠦᠨ ᠬᠤᠰᠢᠭᠤᠨ ᠤ ᠤᠯᠠᠭᠠᠠᠮᠦ᠋ᠴᠢᠷ ᠨᠢ ᠨᠠᠢᠮᠠᠲᠤᠭᠠᠷ ᠬᠤᠭᠤᠴᠠᠭᠠᠨ ᠤ ᠪᠦᠬᠦ ᠤᠯᠤᠰ ᠤᠨ ᠦᠨᠲᠦᠰᠦᠨ ᠱᠠᠲᠤᠨ ᠳᠤ  ᠬᠦᠨᠵᠡᠭᠡᠶᠢᠷᠡᠵᠣ᠂ ᠠᠷᠠᠳ ᠲᠦᠮᠡᠨ ᠳᠤ ᠦᠢᠯᠡᠴᠢᠯᠡᠬᠦ ᠰᠤᠶᠤᠯ ᠢ ᠪᠦᠲᠦᠬᠡᠨ ᠪᠠᠶᠢᠭᠤᠯᠬᠤ   ︽ᠲᠡᠷᠢᠬᠦᠨ ᠤ ᠨᠢᠬᠡᠴᠡ︾ ᠪᠠᠷ ᠬᠦᠬᠢᠬᠦᠯᠦᠭᠳᠡᠭᠰᠡᠨ ᠪᠠᠶᠢᠨ᠎ᠠ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号