ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠨᠢ 1963 ᠤᠨ ᠤ 7 ᠰᠠᠷ᠎ᠠ ᠳᠤ 9 ᠭᠡᠰᠢᠬᠦᠨ ᠲᠠᠢ | ᠪᠠᠶᠢᠭᠤᠯᠤᠭᠳᠠᠵᠤ᠂ 1970 ᠤᠨ ᠳᠤ ︽ᠮᠠᠤ ᠽᠧ ᠳ᠋ᠦᠩ ᠤᠨ ᠦᠵᠡᠯ ᠰᠠᠨᠠᠭᠠᠨ ᠤ ᠤᠬᠠᠭᠤᠯᠬᠤ ᠠᠩᠬᠢ︾ ᠂ | 1972 — 1977 ᠤᠨ ᠳᠤ ︽ᠲᠠᠶᠢᠹᠤᠰᠧ ᠬᠤᠰᠢᠭᠤᠨ ᠤ ᠤᠬᠠᠭᠤᠯᠭ᠎ᠠ ᠶᠢᠨ ᠠᠩᠬᠢ︾ ᠂ 1978 — | 1979 ᠤᠨ ᠳᠤ ︽ᠲᠠᠶᠢᠹᠤᠰᠧ ᠬᠤᠰᠢᠭᠤᠨ ᠤ ᠱᠠᠨ ᠰᠢ ᠵᠦᠴᠦᠭᠡ ᠶᠢᠨ ᠪᠦᠯᠬᠦᠮ︾ ᠬᠡᠮᠡᠨ ᠬᠡᠳᠦ ᠤᠳᠠᠭ᠎ᠠ | ᠨᠡᠷ᠎ᠡ ᠪᠠᠨ ᠬᠠᠯᠠᠵᠤ᠂ 1980 ᠤᠨ ᠳᠤ ᠵᠢᠩᠬᠢᠨᠢ ᠪᠠᠷ ︽ᠲᠠᠶᠢᠹᠤᠰᠧ ᠬᠤᠰᠢᠭᠤᠨ ᠤ ᠤᠯᠠᠭᠠᠨᠮᠦ᠋ᠴᠢᠷ︾ ᠬᠡᠵᠦ | ᠨᠡᠷᠡᠶᠢᠳᠪᠡ᠃ | ᠲᠤᠰ ᠤᠯᠠᠭᠠᠨᠮᠦ᠋ᠴᠢᠷ ᠨᠢ ᠤᠳᠤᠬᠠᠨ 40 ᠲᠤᠭᠯᠠᠭᠴᠢ ᠲᠠᠢ᠂ ᠲᠤᠭᠯᠠᠭᠴᠢᠳ ᠤᠨ ᠲᠡᠭᠰᠢᠳᠭᠡᠭᠰᠡᠨ ᠨᠠᠰᠤ | 31᠃ ᠲᠠᠭᠤᠣ᠂ ᠬᠦᠭᠵᠢᠮ᠂ ᠪᠦᠵᠢᠭ ᠂ ᠵᠤᠬᠢᠶᠠᠨ ᠪᠦᠳᠦᠭᠡᠬᠦ ᠲᠤᠭᠤᠶᠢᠯᠠᠩ ᠬᠡᠵᠦ ᠭᠡᠵᠦ ᠲᠦᠷᠪᠡᠨ | ᠲᠤᠭᠤᠶᠢᠯᠠᠩ ᠬᠤᠪᠢᠶᠠᠵᠣ᠂ 700 ᠬᠠᠪᠳᠠᠭᠠᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠪᠡᠯᠡᠳᠬᠡᠯ | ᠪᠤᠯᠪᠠᠰᠤᠷᠠᠯ ᠬᠢᠬᠦ ᠪᠠ ᠠᠵᠢᠯᠯᠠᠵᠤ ᠰᠤᠷᠤᠯᠴᠠᠬᠤ ᠶᠡᠷᠦᠩᠬᠡᠶᠢᠯᠡᠭᠰᠡᠨ ᠠᠯᠪᠠᠨ ᠠᠰᠠᠷ ᠲᠠᠢ ᠪᠠᠶᠢᠵᠤ᠂ ᠲᠤᠭᠳᠠᠮᠠᠯ | ᠬᠦᠷᠦᠩᠭᠡ 200 ᠭᠠᠷᠤᠢ ᠲᠦᠮᠡᠨ ᠲᠦᠬᠦᠷᠢᠭ ᠲᠤ ᠬᠦᠷᠴᠦ ᠪᠤᠢ᠃ | ᠦᠬᠡᠷᠡᠴᠢᠯᠡᠯᠳᠡ ᠨᠡᠭᠡᠭᠡᠯᠳᠡ ᠠᠴᠠ ᠨᠠᠰᠢ᠂ ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠨᠢ ︽ᠬᠤᠶᠠᠷ ᠤᠨ | ᠲᠦᠯᠦᠬᠡ ︾ ᠠᠵᠢᠯᠯᠠᠬᠤ ᠴᠢᠭᠯᠡᠯ ᠢ ᠴᠠᠭ ᠢᠮᠠᠭᠳᠠ ᠪᠠᠷᠢᠮᠳᠠᠯᠠᠨ᠂ ᠤᠯᠠᠮᠵᠢᠯᠠᠯᠳᠤ ᠤᠨᠴᠠᠯᠢᠭ ᠢᠶᠠᠨ ᠬᠠᠳᠠᠭᠠᠯᠠᠬᠤ | ᠶᠢᠨ ᠵᠡᠷᠭᠡᠪᠡᠷ ᠦᠵᠡᠯ ᠰᠠᠨᠠᠭ᠎ᠠ ᠪᠠᠨ ᠴᠢᠯᠦᠭᠡᠯᠡᠭᠰᠡᠨ᠂ ᠭᠡᠪ ᠰᠤᠷᠳᠠᠯ ᠢᠶᠠᠷ ᠰᠠᠶᠢᠨ᠂ ᠲᠤᠬᠠᠶᠢᠯᠠᠭᠰᠠᠨ ᠠᠵᠢᠯ | ᠳᠠᠭᠠᠨ ᠭᠠᠷᠮᠠᠭᠠᠢ ᠤᠷᠠᠨ ᠰᠠᠶᠢᠬᠠᠨ ᠤ ᠪᠦᠯᠬᠦᠮ ᠢ ᠠᠯᠬᠤᠮ ᠠᠯᠬᠤᠮ ᠢᠶᠠᠷ ᠴᠤᠭᠴᠠᠯᠠᠨ ᠪᠠᠶᠢᠭᠤᠯᠵᠤ᠂ ᠨᠢᠬᠡ | ᠪᠦᠯᠦᠭ ᠦᠨᠳᠦᠰᠦᠳᠡᠨ ᠤ ᠬᠡᠪ ᠨᠠᠮᠪᠠ ᠪᠠ ᠴᠠᠭ ᠦᠶ᠎ᠡ ᠶᠢᠨ ᠤᠨᠴᠠᠯᠢᠭ ᠰᠢᠨᠵᠢ ᠲᠠᠢ ᠤᠷᠠᠯᠢᠭ ᠤᠨ ᠰᠤᠳᠤᠨ | ᠪᠦᠳᠦᠭᠡᠯ ᠢ ᠵᠤᠬᠢᠶᠠᠨ ᠪᠦᠳᠦᠭᠡᠭᠰᠡᠨ ᠶᠤᠮ᠃ | 1983 ᠤᠨ ᠤ 8 ᠰᠠᠷ᠎ᠠ ᠳᠤ ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ | ᠪᠠᠶᠢᠭᠰᠠᠨ ᠪᠦᠬᠡ ᠨᠦᠬᠦᠷ ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠤᠨ ᠲᠤᠭᠯᠠᠯᠳᠠ ᠶᠢ ᠰᠤᠨᠢᠷᠬᠠᠭᠰᠠᠨ ᠤ | ᠲᠠᠷᠠᠭ᠎ᠠ᠂ ᠪᠠᠳᠠᠭ ᠰᠢᠯᠦᠭ ᠪᠢᠴᠢᠵᠦ ᠵᠤᠷᠢᠬᠵᠢᠭᠤᠯᠤᠭᠰᠠᠨ ᠪᠠᠶᠢᠳᠠᠭ᠃ | 1987 ᠤᠨ ᠳᠤ ᠲᠦᠷᠦ ᠶᠢᠨ ᠰᠤᠶᠤᠯ ᠤᠨ ᠶᠠᠮᠤᠨ ᠠᠴᠠ ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠲᠤ | ︽ᠲᠠᠯ᠎ᠠ ᠶᠢᠨ ᠰᠤᠷᠭᠤᠭ ᠴᠡᠴᠡᠭ ᠪᠤᠯᠤᠭᠰᠠᠨ ᠲᠠᠶᠢᠹᠤᠰᠧ ᠤᠨ ᠤᠯᠠᠭᠠᠨᠮᠦ᠋ᠴᠢᠷ ᠮᠦᠩᠬᠡ ᠲᠡᠯᠭᠡᠷᠡᠳᠦᠬᠡᠢ︾ ᠭᠡᠮᠡᠬᠦ | ᠪᠢᠴᠢᠭᠡᠰᠦ ᠤᠯᠭᠤᠨ ᠵᠤᠷᠢᠭᠵᠢᠭᠤᠯᠤᠭᠰᠠᠨ ᠪᠦᠭᠡᠳ 1992 ᠤᠨ ᠳᠤ ᠪᠠᠰᠠ ︽ᠲᠠᠯ᠎ᠠ ᠨᠤᠳᠤᠭ ᠤᠨ ᠭᠡᠷᠡᠯᠳᠦ | ᠰᠤᠪᠤᠳ᠂ ᠤᠷᠠᠯᠢᠭ ᠤᠨ ᠬᠦᠷᠢᠶᠡᠨ ᠤ ᠬᠦᠩᠬᠡᠨ ᠮᠤᠷᠢᠳᠤ ᠴᠡᠷᠢᠭ︾ ᠭᠡᠵᠦ ᠦᠨᠳᠦᠷ ᠦᠨᠡᠯᠡᠭᠰᠡᠨ ᠪᠠᠶᠢᠯ᠎ᠠ᠃ | 2001 ᠤᠨ ᠤ 5 ᠰᠠᠷ᠎ᠠ ᠳᠤ ᠨᠠᠶᠢᠷᠠᠭᠤᠯᠤᠨ ᠲᠤᠭᠯᠠᠭᠰᠠᠨ ᠪᠦᠵᠢᠭ ︽ᠨᠤᠮᠢᠨ ᠲᠠᠪᠠᠯᠭᠠᠨ︾ ᠨᠢ ᠤᠷᠠᠨ | ᠪᠦᠳᠦᠭᠡᠯ ᠤᠨ ᠠᠯᠳᠠᠨ ᠱᠠᠩᠨᠠᠯ ᠪᠠ ᠲᠤᠭᠯᠠᠭᠴᠢ ᠶᠢᠨ ᠲᠡᠷᠢᠬᠦᠨ ᠱᠠᠩᠨᠠᠯ ᠵᠢᠴᠢ ᠪᠦᠬᠦ ᠤᠷᠤᠨ ᠤ ︽ᠲᠠᠪᠤᠨ ᠨᠢᠭᠡ | ᠢᠨᠵᠧᠨᠧᠷᠢᠩ︾ ᠤᠨ ᠱᠠᠩ ᠢ ᠵᠡᠷᠭᠡᠳᠡ ᠲᠣᠰᠴᠠᠢ᠃ 2010 ᠤᠨ ᠳᠤ ᠪᠦᠬᠦ ᠤᠷᠤᠨ ᠤ ᠲᠠᠪᠤᠳᠤᠭᠠᠷ | ᠤᠳᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠡᠭᠡᠷ᠎ᠡ ᠬᠢᠯᠪᠢᠬᠡᠨ ᠵᠦᠴᠦᠭᠡ ︽ᠲᠠᠰᠬᠠᠯ ︾ ᠨᠢ | ᠨᠢᠭᠡᠴᠡ ᠶᠢᠨ ᠭᠤᠷᠪᠠᠳᠤᠭᠠᠷ᠂ ᠬᠤᠪᠢ ᠬᠦᠮᠦᠨ ᠤ ᠨᠢᠭᠡᠳᠦᠬᠡᠷ᠂ ᠤᠷᠠᠨ ᠪᠦᠳᠦᠭᠡᠯ ᠤᠨ ᠬᠤᠶᠠᠳᠤᠭᠠᠷ ᠪᠠᠶᠢᠷᠢᠨ | ᠳᠤ ᠲᠤᠳᠤᠷᠠᠭᠰᠠᠨ ᠪᠦᠭᠡᠳ ᠤᠯᠠᠮ ᠴᠢᠨᠠᠭᠰᠢᠳᠠ ᠵᠠᠰᠠᠨ ᠲᠡᠬᠦᠯᠳᠡᠷᠵᠢᠬᠦᠯᠦᠭᠰᠡᠨ ᠤ ᠲᠠᠷᠠᠭ᠎ᠠ ᠪᠦᠬᠦ ᠤᠷᠤᠨ ᠤ | ᠠᠩᠬᠠᠳᠤᠭᠴᠢ ᠤᠳᠠᠭᠠᠨ ᠤ ︽ᠪᠠᠯᠭᠠᠨᠰᠠᠩ ︾ ᠬᠤᠨᠳᠠᠭᠠᠳᠤ ᠬᠤᠱᠤᠩ ᠱᠤᠭ ᠤᠨ ᠲᠧᠯᠸᠢᠰ ᠱᠠᠩᠨᠠᠯᠳᠤ | ᠤᠷᠤᠯᠳᠤᠭᠠᠨ ᠳᠤ ᠤᠨᠴᠠ ᠱᠠᠩ ᠬᠦᠷᠳᠡᠭᠰᠡᠨ ᠪᠠᠶᠢᠨ᠎ᠠ᠃ 2008 ᠤᠨ ᠤ 9 ᠰᠠᠷ᠎ᠠ ᠳᠤ᠂ ᠤᠯᠠᠭᠠᠨᠮᠦ᠋ᠴᠢᠷ ᠤᠨ | ᠬᠢᠨ ᠲᠦᠪ ᠲᠧᠯᠸᠢᠰ ᠤᠨ ᠰᠡᠬᠦᠳᠡᠷᠯᠡᠨ ᠦᠢᠯᠡᠳᠦᠭᠰᠡᠨ ︽ᠪᠠᠷᠠᠭᠤᠨᠰᠢ ᠨᠡᠬᠦᠳᠡᠯᠯᠡᠭᠰᠡᠨ ᠨᠢ︾ ᠭᠡᠮᠡᠬᠦ 40 | ᠪᠦᠯᠦᠭᠳᠦ ᠲᠤᠮᠤ ᠵᠦᠴᠦᠭᠡ ᠶᠢᠨ ᠲᠤᠭᠯᠠᠯᠳᠠ ᠳᠤ ᠤᠷᠤᠯᠴᠠᠵᠠᠢ᠃ 2009 ᠤᠨ ᠳᠤ᠂ ︽ᠲᠡᠭᠷᠢ ᠶᠢᠨ ᠬᠠᠶᠠᠭ᠎ᠠ︾ | ᠬᠢᠭᠡᠳ ︽ᠡᠮᠨᠢᠭᠴᠢᠨ ᠬᠦᠦ︾ ᠭᠡᠮᠡᠬᠦ ᠬᠤᠶᠠᠷ ᠺᠢᠨᠤ᠋ ᠶᠢᠨ ᠰᠡᠬᠦᠳᠡᠷᠯᠡᠭᠡ ᠳᠤ ᠤᠷᠤᠯᠴᠠᠨ᠂ ᠪᠠᠭᠠᠳᠤᠷ ᠵᠡᠷᠭᠡ | ᠲᠤᠭᠯᠠᠭᠴᠢᠳ ᠭᠤᠤᠯ ᠲᠦᠷᠢ ᠶᠢ ᠪᠦᠳᠦᠭᠡᠭᠰᠡᠨ ᠪᠦᠭᠡᠳ ᠲᠡᠳ᠋ ᠠᠩᠬᠢ ᠶᠢᠨ ᠲᠠᠷᠤᠭ᠎ᠠ ᠲᠠᠯᠠᠢ ︽ᠡᠮᠨᠢᠭᠴᠢᠨ | ᠬᠦᠦ︾ ᠶᠢᠨ ᠲᠡᠳ᠋ ᠤᠳᠤᠷᠢᠳᠤᠭᠠᠴᠢ ᠪᠠᠷ ᠤᠷᠢᠭᠳᠠᠨ ᠠᠵᠢᠯᠯᠠᠭᠰᠠᠨ ᠪᠠᠶᠢᠯ᠎ᠠ᠃ ᠲᠤᠰ ᠺᠢᠨᠤ᠋ ᠨᠢ ᠲᠠᠪᠬᠤᠷ | ᠲᠠᠪᠬᠤᠷ ᠰᠢᠯᠭᠠᠯᠳᠠ ᠪᠤᠭᠤᠮᠳᠠ ᠶᠢ ᠲᠤᠭᠤᠯᠤᠭᠠᠳ ᠂ ᠨᠠᠢᠮᠠᠨ ᠰᠠᠷ᠎ᠠ ᠳᠤ ᠠᠮᠧᠷᠢᠺᠠ ᠳᠤ ᠪᠤᠯᠬᠤ ᠨᠠᠢᠮᠠᠳᠤᠭᠠᠷ | ᠬᠤᠭᠤᠴᠠᠭᠠᠨ ᠤ ᠤᠯᠠᠨ ᠤᠯᠤᠰ ᠤᠨ ᠭᠡᠦᠭᠡᠳ ᠤᠨ ᠺᠢᠨᠤ᠋ ᠶᠢᠨ ᠪᠠᠶᠠᠷ ᠲᠡᠭᠡᠷ᠎ᠡ ᠬᠦᠷᠭᠡᠭᠳᠡᠨ᠂ 60 ᠭᠠᠷᠤᠢ ᠤᠯᠤᠰ | ᠤᠨ 200 ᠢᠯᠡᠬᠦᠦ ᠺᠢᠨᠤ᠋ ᠲᠠᠢ ᠮᠦᠷᠦᠶᠢᠴᠡᠬᠦ ᠪᠠᠷ ᠪᠤᠯᠵᠠᠢ᠃ ᠦᠪᠦᠷ ᠮᠤᠩᠭᠤᠯ ᠤᠨ ᠲᠧᠯᠸᠢᠰ ᠬᠤᠷᠢᠶᠠᠨ ᠳᠤ | ᠰᠢᠩᠬᠡᠭᠡᠨ ᠦᠢᠯᠡᠳᠦᠭᠰᠡᠨ 2011 ᠤᠨ ᠤ ᠴᠠᠭᠠᠨ ᠰᠠᠷ᠎ᠠ ᠶᠢᠨ ᠦᠳᠡᠰᠢᠯᠡᠭᠡ ︽ᠦᠨᠢ ᠮᠦᠡᠭᠬᠡ ᠶᠢᠨ | ᠬᠦᠨᠪᠤᠯᠠᠬ︾ ᠨᠢ ᠪᠦᠬᠦ ᠤᠷᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠶᠡᠷᠦᠩᠬᠡᠶᠢᠯᠡᠭᠰᠡᠨ ᠰᠢᠯᠭᠠᠷᠠᠭᠤᠯᠤᠯᠳᠠ | ᠳᠤ ᠬᠤᠶᠠᠳᠤᠭᠠᠷ ᠲᠤ ᠲᠤᠳᠤᠷᠠᠵᠤ᠂ ᠰᠢᠯᠭᠠᠷᠠᠭᠤᠯᠬᠤ ᠺᠤᠮᠢᠰ ᠠᠴᠠ ᠰᠡᠳᠬᠢᠴᠡ ᠨᠢ ᠰᠢᠨ᠎ᠡ᠂ ᠰᠡᠳᠦᠪ ᠨᠢ | ᠢᠯᠭᠠᠬᠳᠠᠮᠠ᠂ ᠦᠨᠳᠦᠰᠦᠳᠡᠨ ᠤ ᠰᠤᠶᠤᠯ ᠢ ᠲᠡᠯᠭᠡᠵᠦ᠂ ᠨᠤᠳᠤᠭ ᠤᠨ ᠤᠨᠴᠠᠯᠢᠭ ᠢ ᠬᠠᠷᠠᠭᠤᠯᠬᠤ ᠲᠠᠯ᠎ᠠ ᠪᠠᠷ | ᠠᠮᠵᠢᠯᠳᠠ ᠳᠤ ᠬᠦᠷᠦᠭᠰᠡᠨ ᠦᠳᠡᠰᠢᠯᠡᠭᠡ ᠬᠡᠮᠡᠨ ᠦᠨᠳᠦᠷ ᠦᠨᠡᠯᠡᠭᠰᠡᠨ ᠪᠠᠶᠢᠨ᠎ᠠ᠃ ᠲᠠᠶᠢᠹᠤᠰᠧ ᠬᠤᠰᠢᠭᠤᠨ ᠤ | ᠤᠯᠠᠭᠠᠨᠮᠦ᠋ᠴᠢᠷ ᠨᠢ ᠤᠷᠢᠳ ᠬᠤᠵᠢᠳ ᠵᠤ᠋ ᠷᠦᠩ ᠵᠢᠢ᠂ ᠡᠤ ᠪᠠᠩ ᠬᠦᠸᠧ᠂ ᠤᠶᠤᠨᠴᠢᠮᠡᠭ᠂ ᠱᠧᠩ ᠬᠤᠸᠠ ᠷᠧᠨ | ᠵᠡᠷᠭᠡ ᠨᠠᠮ ᠲᠦᠷᠦ ᠶᠢᠨ ᠤᠳᠤᠷᠢᠳᠬᠤ ᠬᠦᠮᠦᠰ ᠵᠢᠴᠢ ᠤᠯᠤᠰ ᠤᠨ ᠲᠤᠳᠤᠭᠠᠳᠤ ᠭᠠᠳᠠᠭᠠᠳᠤ ᠶᠢᠨ ᠨᠠᠶᠢᠵᠠ | ᠨᠦᠬᠦᠳ ᠲᠤ ᠤᠯᠠᠨ ᠤᠳᠠᠭ᠎ᠠ ᠲᠤᠭᠯᠠᠯᠳᠠ ᠪᠠᠨ ᠡᠷᠬᠦᠵᠦ᠂ ᠡᠯ᠎ᠡ ᠡᠳᠡᠭᠡᠳ ᠤᠨ ᠬᠢᠨ ᠤ ᠦᠨᠳᠦᠷ ᠦᠨᠡᠯᠡᠯᠳᠡ | ᠶᠢ ᠤᠯᠵᠤ ᠢᠷᠡᠵᠡᠢ᠃ ᠤᠳᠤ ᠴᠠᠭ ᠦᠶ᠎ᠡ ᠶᠢᠨ ᠴᠤᠭ ᠵᠢᠪᠬᠤᠭ᠎ᠠ ᠲᠠᠢ ᠲᠠᠶᠢᠹᠤᠰᠧ ᠬᠤᠰᠢᠭᠤᠨ ᠤ | ᠤᠯᠠᠭᠠᠨᠮᠦ᠋ᠴᠢᠷ ᠨᠢ ᠶᠠᠭ ᠨᠡᠩ ᠰᠢᠨ᠎ᠡ ᠂ ᠨᠡᠩ ᠦᠨᠳᠦᠷ ᠲᠡᠮᠡᠴᠡᠬᠦ ᠬᠠᠷᠠᠯᠳᠠ ᠶᠢ ᠵᠤᠷᠢᠵᠤ᠂ ᠦᠢᠯᠡᠰ ᠤᠨ ᠵᠠᠮ | ᠳᠠᠭᠠᠨ ᠤᠯᠠᠮ ᠴᠢᠮᠪᠠᠢ ᠠᠯᠬᠤᠵᠤ ᠶᠠᠪᠤᠨ᠎ᠠ᠃ |